ᠲᠡᠷᠢᠭᠦᠨ ᠨᠢᠭᠤᠷ - ᠲᠡᠷᠢᠭᠦᠨ ᠮᠡᠳᠡᠭᠡ

2026-11-07 16:42:32

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


10 ᠰᠠᠷ᠎ᠠ᠎ᠶᠢᠨ 28 ᠎ᠤ᠋ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠦ᠋ᠰᠲᠷᠠᠯᠢᠶ᠎ᠠ ᠵᠢᠨ 110 ᠵᠠᠯᠠᠭᠤ ᠰᠤᠷᠤᠭ᠍ᠴᠢ ᠳ᠋ᠤ ᠬᠠᠷᠢᠭᠤ ᠵᠠᠬᠢᠳᠠᠯ ᠢᠯᠡᠭᠡᠵᠦ᠂ ᠳᠡᠳᠡᠨ᠎ᠢ ᠳᠤᠮᠳᠠᠳᠤ ᠠᠦ᠋ᠰᠲᠷᠠᠯᠢᠶ᠎ᠠ ᠵᠢᠨ ᠨᠥᠬᠥᠷᠯᠡᠯ᠎ᠦᠨ ᠦᠢᠯᠡᠰ᠎ᠲᠦ ᠦᠷᠭᠦᠯᠵᠢᠯᠡᠨ ᠢᠳᠡᠪᠬᠢᠲᠡᠢ ᠣᠷᠣᠯᠴᠠᠬᠤ᠎ᠶᠢ ᠵᠣᠷᠢᠭ᠍ᠵᠢᠭᠤᠯᠪᠠ᠃

ᠰᠢ ᠵᠢᠨ ᠫᠢᠩ᠂ ᠲᠠ ᠨᠠᠷ᠎ᠤᠨ ᠲᠦᠷᠦᠭᠦᠬᠡᠨ ᠳᠤᠮᠳᠠᠳᠤ ᠤᠯᠤᠰ ᠲᠸ᠋ ᠢᠷᠡᠵᠦ《ᠳᠤᠮᠳᠠᠳᠤ ᠠᠦ᠋ᠰᠲᠷᠠᠯᠢᠶ᠎ᠠ᠎ᠶᠢᠨ ᠵᠠᠯᠠᠭᠤᠴᠤᠳ (ᠣᠶᠤᠲᠠᠳ) ᠎ᠤ᠋ᠨ ᠣᠩᠭᠣᠴᠠ ᠵᠢᠴᠢ ᠯᠤᠤᠲᠤ ᠣᠩᠭᠣᠴᠠᠨ᠎ᠤ ᠨᠥᠬᠥᠷᠰᠡᠭ ᠤᠷᠤᠯᠳᠤᠭᠠᠨ》᠎ᠳ᠋ᠤ ᠣᠷᠣᠯᠴᠠᠵᠤ᠂ ᠳᠤᠮᠳᠠᠳᠤ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢᠳ᠎ᠲᠠᠢ ᠨᠢᠭᠡ ᠲᠠᠯᠠᠪᠤᠷ᠎ᠲᠤ ᠤᠷᠤᠯᠳᠤᠨ᠂ ᠭᠦᠨᠵᠡᠭᠡᠢ ᠰᠣᠯᠢᠯᠴᠠᠵᠤ᠂ ᠤᠯᠤᠰ᠎ᠤᠨ ᠬᠢᠯᠢ ᠠᠯᠤᠰᠯᠠᠭᠰᠠᠨ ᠨᠥᠬᠥᠷᠯᠡᠯ᠎ᠢ ᠪᠠᠢᠭᠤᠯᠵᠤ᠂ ᠰᠠᠢᠨ ᠰᠠᠢᠬᠠᠨ ᠡᠷᠭᠢᠴᠡᠭᠦᠯᠦᠯ ᠦᠯᠡᠳᠡᠭᠡᠭᠰᠡᠨ᠎ᠢ ᠰᠣᠨᠣᠰᠤᠭᠠᠳ ᠪᠢ ᠮᠠᠰᠢ ᠪᠠᠶᠡᠷᠯᠠᠵᠦ ᠪᠠᠢᠨ᠎ᠠ ᠭᠡᠵᠦ ᠢᠯᠡᠳᠬᠡᠪᠡ᠃

ᠰᠢ ᠵᠢᠨ ᠫᠢᠩ᠂ ᠳᠤᠮᠳᠠᠳᠤ ᠤᠯᠤᠰ ᠪᠣᠯᠣᠨ ᠠᠦ᠋ᠰᠲᠷᠠᠯᠢᠶ᠎ᠠ᠎ᠶᠢᠨ ᠨᠥᠬᠥᠷᠰᠡᠭ ᠶᠠᠪᠤᠯᠴᠠᠭ᠎ᠠ ᠥᠨᠢ ᠤᠳᠠᠭᠠᠨ ᠲᠡᠦᠬᠡ᠎ᠲᠠᠢ ᠶᠤᠮ᠂ ᠬᠣᠶᠠᠷ ᠤᠯᠤᠰ᠎ᠤᠨ ᠬᠠᠷᠢᠯᠴᠠᠭᠠᠨ᠎ᠤ ᠢᠷᠡᠭᠡᠳᠦᠢ ᠵᠠᠯᠠᠭᠤᠴᠤᠳ᠎ᠲᠤ ᠪᠤᠢ᠃ ᠲᠠ ᠨᠠᠷ᠎ᠤᠨ ᠳᠤᠮᠳᠠᠳᠤ ᠠᠦ᠋ᠰᠲᠷᠡᠯᠢᠶ᠎ᠠ᠎ᠶᠢᠨ ᠨᠥᠬᠥᠷᠯᠡᠯ᠎ᠦᠨ ᠦᠢᠯᠡᠰ᠎ᠲᠦ ᠦᠷᠭᠦᠯᠵᠢᠯᠡᠨ ᠢᠳᠡᠪᠬᠢᠲᠡᠢ ᠣᠷᠣᠯᠴᠠᠵᠤ᠂ ᠳᠤᠮᠳᠠᠳᠤ ᠠᠦ᠋ᠰᠲᠷᠡᠯᠢᠶ᠎ᠠ᠎ᠶᠢᠨ ᠨᠥᠬᠥᠷᠯᠡᠯ ᠪᠣᠯᠣᠨ ᠬᠠᠮᠳᠤᠷᠠᠯᠴᠠᠭᠠᠨ᠎ᠤ ᠵᠠᠯᠭᠠᠮᠵᠢᠯᠠᠭ᠍ᠴᠢ ᠪᠣᠯᠵᠤ᠂ ᠳᠤᠮᠳᠠᠳᠤ ᠠᠦ᠋ᠰᠲᠷᠡᠯᠢᠶ᠎ᠠ᠎ᠶᠢᠨ ᠨᠥᠬᠥᠷᠯᠡᠯ᠎ᠢ ᠦᠶ᠎ᠡ᠎ᠶᠢᠨ ᠦᠶ᠎ᠡ᠎ᠳᠦ ᠤᠯᠠᠮᠵᠢᠯᠠᠬᠤ ᠵᠢ ᠬᠦᠰᠡᠵᠦ ᠪᠠᠢᠨ᠎ᠠ ᠭᠡᠵᠤ ᠵᠢᠭᠠᠵᠦ ᠭᠠᠷᠭᠠᠪᠠ᠃

ᠣᠢᠷ᠎ᠠ᠎ᠳᠤ᠂ ᠰᠢᠳ᠋ᠨᠢ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠵᠢᠨ 110 ᠠᠦ᠋ᠰᠲᠷᠠᠯᠢᠶ᠎ᠠ᠎ᠶᠢᠨ ᠵᠠᠯᠠᠭᠤ ᠰᠤᠷᠤᠭ᠍ᠴᠢ ᠲᠡᠷᠢᠭᠦᠯᠡᠭᠴᠢ ᠰᠢ ᠵᠢᠨ ᠫᠢᠩ ᠪᠣᠯᠣᠨ ᠠᠦ᠋ᠰᠲᠷᠠᠯᠢᠶ᠎ᠠ᠎ᠶᠢᠨ ᠶᠡᠷᠦᠩᠬᠡᠢ ᠰᠠᠢᠳ ᠠᠯᠪᠠᠨᠢᠰ᠎ᠲᠤ ᠨᠡᠷ᠎ᠡ ᠬᠣᠯᠪᠤᠭᠠᠯᠠᠨ ᠵᠠᠬᠢᠳᠠᠯ ᠢᠯᠡᠭᠡᠵᠦ᠂ ᠳᠤᠮᠳᠠᠳᠤ ᠤᠯᠤᠰ᠎ᠲᠤ ᠠᠢᠯᠴᠢᠯᠠᠵᠤ ᠰᠣᠯᠢᠯᠴᠠᠭᠰᠠᠨ ᠥᠩᠭᠡᠷᠡᠯᠲᠡ᠎ᠪᠡᠨ ᠲᠠᠨᠢᠯᠴᠠᠭᠤᠯᠵᠤ᠂ ᠳᠤᠮᠳᠠᠳᠤ ᠤᠯᠤᠰ᠎ᠤᠨ ᠥᠨᠢ ᠤᠳᠠᠭᠠᠨ ᠲᠡᠦᠬᠡ ᠰᠣᠶᠣᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠪᠢᠰᠢᠷᠡᠵᠦ ᠪᠠᠢᠬᠤ ᠪᠠ ᠳᠤᠮᠳᠠᠳᠤ ᠠᠦ᠋ᠰᠲᠷᠠᠯᠢᠶ᠎ᠠ᠎ᠶᠢᠨ ᠨᠥᠬᠥᠷᠯᠡᠯ᠎ᠢ ᠳᠠᠮᠵᠢᠭᠤᠯᠵᠤ᠂ ᠣᠢᠯᠠᠭᠠᠯᠴᠠᠭ᠎ᠠ᠎ᠪᠠᠨ ᠨᠡᠮᠡᠭᠳᠡᠭᠦᠯᠬᠦ ᠢᠳᠡᠪᠬᠢᠲᠡᠢ ᠬᠦᠰᠡᠯ᠎ᠢᠶᠡᠨ ᠢᠯᠡᠳᠬᠡᠪᠡ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 6 ᠎ᠤ᠋ ᠴᠠᠬᠢᠯᠭᠠᠨ ᠮᠡᠳᠡᠭᠡ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面