ᠲᠡᠷᠢᠭᠦᠨ ᠨᠢᠭᠤᠷ - ᠲᠡᠷᠢᠭᠦᠨ ᠮᠡᠳᠡᠭᠡ

2026-11-07 16:43:54

ᠵᠣᠬᠢᠶᠠᠭ᠍ᠴᠢ᠄ ᠸᠸᠨ ᠰᠢᠨ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 6 ᠤ᠋ ᠦᠳᠡ᠎ᠶᠢᠨ ᠬᠣᠢᠨ᠎ᠠ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠥᠷᠥ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠡᠷ ᠳᠤᠮᠳᠠᠳᠤ ᠤᠯᠤᠰ᠎ᠲᠤ ᠢᠷᠡᠭᠰᠡᠨ ᠭᠠᠪᠤᠨ᠎ᠤ ᠶᠡᠷᠦᠩᠬᠡᠢᠯᠡᠭᠴᠢ ᠡᠩᠭᠦᠢ᠍ᠢᠮᠠ ᠲᠠᠢ ᠬᠡᠯᠡᠯᠴᠡᠭᠡ ᠬᠢᠪᠡ᠃ ᠬᠣᠶᠠᠷ ᠤᠯᠤᠰ᠎ᠤᠨ ᠤᠳᠤᠷᠢᠳᠬᠤ ᠬᠥᠮᠥᠨ ᠬᠠᠮᠲᠤ ᠪᠠᠷ ᠬᠣᠶᠠᠷ ᠲᠠᠯ᠎ᠠ᠎ᠶᠢᠨ ᠬᠠᠷᠢᠯᠴᠠᠭᠠᠨ᠎ᠤ ᠪᠠᠢᠷᠢ ᠲᠣᠭᠲᠠᠭᠠᠯᠲᠠ᠎ᠶᠢ ᠰᠢᠨ᠎ᠡ ᠴᠠᠭ ᠦᠶ᠎ᠡ᠎ᠶᠢᠨ ᠳᠤᠮᠳᠠᠳᠤ ᠭᠠᠪᠤᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠢᠲᠡᠯᠡᠪᠡ᠃



11 ᠰᠠᠷ᠎ᠠ᠎ᠶᠢᠨ 6 ᠤ᠋ ᠦᠳᠡ᠎ᠶᠢᠨ ᠬᠣᠢᠨ᠎ᠠ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠥᠷᠥ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠡᠷ ᠳᠤᠮᠳᠠᠳᠤ ᠤᠯᠤᠰ᠎ᠲᠤ ᠢᠷᠡᠭᠰᠡᠨ ᠭᠠᠪᠤᠨ᠎ᠤ ᠶᠡᠷᠦᠩᠬᠡᠢᠯᠡᠭᠴᠢ ᠡᠩᠭᠦᠢ᠍ᠢᠮᠠ ᠲᠠᠢ ᠬᠡᠯᠡᠯᠴᠡᠭᠡ ᠬᠢᠪᠡ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠯᠢ ᠰᠢᠶᠠᠩ  ᠰᠡᠬᠦᠳᠡᠷᠯᠡᠪᠡ


ᠰᠢ᠎ᠶᠢᠨ ᠫᠢᠩ᠂ ᠳᠤᠮᠳᠠᠳᠤ ᠤᠯᠤᠰ ᠪᠣᠯᠣᠨ ᠭᠠᠪᠤᠨ᠎ᠤ ᠤᠯᠠᠮᠵᠢᠯᠠᠯᠲᠤ ᠨᠥᠬᠥᠷᠯᠡᠯ ᠥᠨᠢ ᠤᠳᠠᠭᠠᠨ ᠲᠡᠦᠬᠡ᠎ᠲᠠᠢ᠂ ᠡᠭᠦᠨ ᠢ᠋ ᠬᠣᠶᠠᠷ ᠤᠯᠤᠰ᠎ᠤᠨ ᠠᠬᠠᠮᠠᠳ ᠨᠢᠭᠡ ᠦᠶ᠎ᠡ ᠶ᠋ᠢᠨ ᠤᠳᠤᠷᠢᠳᠬᠤ ᠬᠥᠮᠥᠰ ᠪᠡᠶ᠎ᠡ᠎ᠪᠡᠷ ᠢ᠋ᠶ᠋ᠡᠨ ᠴᠣᠭᠴᠠᠯᠠᠨ ᠪᠠᠢᠭᠤᠯᠵᠤ᠂ ᠨᠠᠷᠢᠨ ᠨᠢᠮᠪᠠᠢ ᠪᠣᠢᠵᠢᠭᠤᠯᠤᠬᠰᠠᠨ ᠶᠤᠮ᠃ ᠬᠣᠶᠠᠷ ᠤᠯᠤᠰ᠎ᠢᠶᠠᠷ᠎ᠢᠶᠠᠨ ᠡᠷᠬᠡ ᠲᠡᠭᠰᠢ᠎ᠪᠡᠷ ᠬᠠᠨᠳᠤᠯᠴᠠᠬᠤ᠂ ᠬᠠᠷᠢᠯᠴᠠᠨ ᠳᠡᠮᠵᠢᠬᠦ᠂ ᠬᠥᠭᠵᠢᠯᠲᠡ᠎ᠶᠢ ᠬᠠᠮᠲᠤ ᠪᠠᠷ ᠡᠷᠢᠯᠬᠢᠯᠡᠬᠦ᠎ᠶᠢ ᠪᠠᠷᠢᠮᠲᠠᠯᠠᠵᠤ᠂ ᠬᠣᠶᠠᠷ ᠲᠠᠯ᠎ᠠ᠎ᠶᠢᠨ ᠬᠠᠷᠢᠯᠴᠠᠭ᠎ᠠ ᠳᠡᠯᠡᠬᠡᠢ᠎ᠶᠢᠨ ᠪᠠᠢᠳᠠᠯ᠎ᠤᠨ ᠰᠢᠯᠭᠠᠯᠲᠠ᠎ᠶᠢ ᠳᠠᠭᠠᠭᠠᠵᠤ᠂ ᠢᠮᠠᠭᠲᠠ ᠡᠪᠳᠡᠷᠡᠰᠢ ᠦᠭᠡᠢ ᠪᠠᠲᠤ ᠪᠡᠬᠢ ᠪᠠᠢᠵᠤ ᠴᠢᠳᠠᠵᠠᠢ᠃ ᠣᠳᠣᠬᠠᠨ᠎ᠳᠤ᠂ ᠳᠡᠯᠡᠬᠡᠢ ᠶᠢᠷᠳᠢᠨᠴᠦ ᠵᠢᠨ ᠵᠠᠭᠤᠨ ᠵᠢᠯ᠎ᠳᠦ ᠳᠤᠬᠢᠶᠠᠯᠳᠤᠭ᠎ᠠ ᠦᠭᠡᠢ ᠬᠤᠪᠢᠰᠤᠯᠲᠠ ᠲᠦᠷᠭᠡᠨ ᠤᠯᠠᠷᠢᠵᠤ ᠪᠠᠢᠨ᠎ᠠ᠃ ᠳᠤᠮᠳᠠᠳᠤ ᠤᠯᠤᠰ ᠣᠳᠣ᠌ ᠶᠠᠭ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ ᠶ᠋ᠢᠨ ᠠᠭᠤᠤ ᠦᠢᠯᠡᠰ ᠢ᠋ ᠪᠦᠭᠦ ᠲᠠᠯ᠎ᠠ᠎ᠪᠠᠷ ᠠᠬᠢᠭᠤᠯᠵᠤ ᠪᠠᠢᠨ᠎ᠠ᠂ ᠭᠠᠪᠤᠨ ᠴᠤ᠌ ᠤᠯᠤᠰ ᠣᠷᠣᠨ᠎ᠢᠶᠠᠨ ᠬᠥᠭᠵᠢᠭᠦᠯᠦᠨ ᠮᠠᠨᠳᠤᠭᠤᠯᠬᠤ ᠰᠢᠨ᠎ᠡ ᠱᠠᠲᠤᠨ᠎ᠳᠤ ᠣᠷᠣᠵᠤ ᠪᠠᠢᠨ᠎ᠠ᠃ ᠳᠤᠮᠳᠠᠳᠤ ᠭᠠᠪᠤᠨ᠎ᠤ ᠬᠠᠷᠢᠯᠴᠠᠭ᠎ᠠ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠬᠦ ᠨᠢ ᠬᠣᠶᠠᠷ ᠤᠯᠤᠰ᠎ᠤᠨ ᠠᠷᠠᠳ ᠲᠦᠮᠡᠨ᠎ᠦ ᠬᠠᠮᠲᠤ᠎ᠶᠢᠨ ᠬᠦᠰᠡᠯ ᠡᠷᠡᠮᠡᠯᠵᠡᠯ᠎ᠲᠠᠢ ᠨᠡᠢᠴᠡᠵᠦ᠂ ᠪᠦᠭᠦ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠨ ᠬᠣᠯᠪᠤᠭᠠᠯᠠᠨ ᠬᠦᠴᠦᠷᠬᠡᠭᠵᠢᠬᠦ ᠶᠡᠬᠡ ᠬᠠᠨᠳᠤᠰᠢ᠎ᠲᠠᠢ ᠨᠡᠢᠴᠡᠵᠦ ᠪᠠᠢᠨ᠎ᠠ᠃ ᠳᠤᠮᠳᠠᠳᠤ᠎ᠤᠯᠤᠰ ᠳᠤᠷᠠᠲᠠᠶ᠎ᠠ ᠭᠠᠪᠤᠨ᠎ᠤ ᠲᠠᠯ᠎ᠠ᠎ᠶᠢᠨ ᠪᠡᠶ᠎ᠡ᠎ᠪᠡᠨ ᠳᠠᠭᠠᠭᠠᠵᠤ ᠡᠵᠡᠨ ᠮᠡᠳᠡᠵᠦ ᠬᠥᠭᠵᠢᠬᠦ ᠨᠠᠢᠳᠠᠪᠤᠷᠢᠲᠠᠢ ᠨᠠᠢᠵᠠ ᠪᠠ ᠬᠠᠨᠢᠲᠠᠨ ᠪᠣᠯᠵᠤ᠂ ᠭᠠᠪᠤᠨ᠎ᠤ ᠤᠯᠤᠰ ᠲᠦᠷᠦ᠂ ᠠᠵᠤ ᠠᠬᠤᠢ ᠪᠠ ᠭᠠᠳᠠᠭᠠᠳᠤ ᠬᠠᠷᠢᠯᠴᠠᠭᠠᠨ᠎ᠤ ᠲᠠᠯ᠎ᠠ᠎ᠪᠠᠷ ᠡᠵᠡᠨ ᠮᠡᠳᠡᠬᠦ᠎ᠶᠢ ᠳᠡᠮᠵᠢᠵᠦ᠂ ᠭᠠᠪᠤᠨ᠎ᠤ ᠭᠢᠨ᠎ᠲᠠᠢ ᠭᠠᠷ ᠬᠣᠯᠪᠣᠨ ᠰᠢᠨ᠎ᠡ ᠴᠠᠭ ᠦᠶ᠎ᠡ᠎ᠶᠢᠨ ᠳᠤᠮᠳᠠᠳᠤ ᠭᠠᠪᠤᠨ᠎ᠤ ᠬᠤᠪᠢ ᠵᠠᠶᠠᠭᠠᠨ᠎ᠤ ᠬᠠᠮᠲᠤ᠎ᠶᠢᠨ ᠴᠤᠬᠴᠠ᠎ᠶᠢ ᠪᠠᠢᠭᠤᠯᠤᠨ᠎ᠠ ᠭᠡᠵᠦ ᠵᠢᠭᠠᠵᠤ ᠭᠠᠷᠭᠠᠪᠠ᠃

ᠰᠢ᠎ᠶᠢᠨ ᠫᠢᠩ᠂ ᠬᠠᠷᠢᠯᠴᠠᠨ ᠳᠡᠮᠵᠢᠬᠦ ᠪᠣᠯ ᠳᠤᠮᠳᠠᠳᠤ ᠭᠠᠪᠤᠨ᠎ᠤ ᠬᠠᠷᠢᠯᠴᠠᠭᠠᠨ᠎ᠤ ᠢᠯᠡ ᠲᠣᠳᠣ᠌ ᠣᠨᠴᠠᠯᠢᠭ᠋ ᠪᠠ ᠤᠯᠤᠰ ᠲᠥᠷᠥ᠎ᠶᠢᠨ ᠳᠠᠪᠠᠭᠤᠯᠢᠭ᠋ ᠮᠥᠨ᠃ ᠳᠤᠮᠳᠠᠳᠤ᠎ᠤᠯᠤᠰ ᠡᠴᠡ ᠭᠠᠪᠤᠨ᠎ᠤ ᠲᠤᠰ ᠤᠯᠤᠰ᠎ᠤᠨ᠎ᠢᠶᠠᠨ ᠪᠠᠢᠳᠠᠯ᠎ᠳᠤ ᠲᠣᠬᠢᠷᠠᠭᠰᠠᠨ ᠬᠥᠭᠵᠢᠯᠲᠡ᠎ᠶᠢᠨ ᠵᠠᠮ᠎ᠢ ᠰᠦᠪᠡᠭᠴᠢᠯᠡᠬᠦ᠎ᠶᠢ ᠢᠮᠠᠬᠳᠠ ᠳᠡᠮᠵᠢᠭᠰᠡᠭᠡᠷ ᠢᠷᠡᠭᠰᠡᠨ ᠶᠤᠮ᠃ ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ ᠪᠣᠯᠣᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠨᠤᠭᠤᠷᠠᠯ ᠪᠦᠳᠦᠷᠢᠯ᠎ᠢ ᠲᠤᠭᠤᠯᠵᠤ᠂ ᠲᠠᠰᠤᠷᠠᠯᠲᠠ ᠦᠭᠡᠢ ᠬᠥᠭᠵᠢᠨ ᠪᠤᠵᠠᠭᠠᠢᠷᠠᠵᠤ᠂ ᠳᠡᠯᠡᠬᠡᠢ᠎ᠶᠢᠨ ᠬᠠᠮᠤᠭ᠎ᠤᠨ ᠶᠡᠬᠡ ᠲᠦᠷᠦ ᠪᠠᠷᠢᠭ᠍ᠴᠢ ᠨᠠᠮ ᠪᠣᠯᠪᠠ᠂ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ᠎ᠶᠢ ᠪᠠᠷᠢᠮᠲᠠᠯᠠᠬᠤ ᠪᠣᠯ ᠠᠮᠵᠢᠯᠲᠠ ᠣᠯᠬᠤ᠎ᠶᠢᠨ ᠵᠠᠩᠭᠢᠯᠠᠭ᠎ᠠ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠭᠠᠪᠤᠨ᠎ᠤ ᠭᠢᠨ᠎ᠲᠠᠢ ᠡᠯ᠎ᠡ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠨᠠᠮ᠎ᠢ ᠵᠠᠰᠠᠬᠤ ᠲᠦᠷᠦ᠎ᠶᠢ ᠵᠠᠰᠠᠬᠤ ᠲᠤᠷᠰᠢᠯᠭ᠎ᠠ᠎ᠪᠠᠨ ᠰᠣᠯᠢᠯᠴᠠᠵᠤ᠂ ᠭᠠᠪᠤᠨ ᠎ᠤ ᠲᠦᠷᠦ ᠪᠠᠷᠢᠬᠤ ᠴᠢᠳᠠᠪᠤᠷᠢ᠎ᠶᠢᠨ ᠪᠠᠢᠭᠤᠯᠤᠯᠲᠠ᠎ᠪᠠᠨ ᠴᠢᠩᠭᠠᠳᠬᠠᠬᠤ᠎ᠶᠢ ᠲᠡᠮᠵᠢᠨ᠎ᠠ᠃ ᠳᠤᠮᠳᠠᠳᠤ ᠤᠯᠤᠰ ᠪᠣᠯᠣᠨ ᠭᠠᠪᠤᠨ᠎ᠤ ᠠᠵᠤ ᠠᠬᠤᠢ᠎ᠶᠢᠨ ᠬᠠᠷᠢᠯᠴᠠᠨ ᠨᠥᠬᠥᠪᠦᠷᠢᠯᠡᠬᠦ ᠳᠠᠪᠠᠭᠤᠯᠢᠭ᠋ ᠮᠡᠳᠡᠭᠳᠡᠮ᠎ᠡ ᠪᠠᠢᠵᠤ᠂ ᠬᠠᠮᠲᠤᠷᠠᠯᠴᠠᠭᠠᠨ ᠎ᠤ ᠳᠠᠯᠳᠠ ᠬᠦᠴᠦᠨ ᠶᠡᠬᠡ ᠪᠠᠢᠨ᠎ᠠ᠂ ᠬᠣᠶᠠᠷ ᠲᠠᠯ᠎ᠠ᠎ᠪᠠᠷ᠎ᠢᠶᠠᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠪᠠᠨ ᠴᠢᠩᠭᠠᠳᠬᠠᠵᠤ᠂ ᠬᠠᠮᠲᠤᠷᠠᠯᠴᠠᠭᠠᠨ᠎ᠤ ᠨᠡᠮᠡᠭᠳᠡᠯ᠎ᠦᠨ ᠴᠡᠭ᠎ᠢ ᠪᠣᠢᠵᠢᠭᠤᠯᠵᠤ᠂ 《ᠪᠣᠭᠣᠮᠲᠠ᠎ᠶᠢᠨ ᠭᠠᠢᠯᠢ ᠦᠯᠦ ᠳᠠᠳᠠᠪᠤᠷᠢᠯᠠᠬᠤ》ᠪᠣᠯᠣᠨ ᠠᠹᠷᠢᠺᠠ ᠲᠢᠪ᠎ᠦᠨ ᠲᠠᠷᠢᠶᠠᠯᠠᠩ ᠢᠳᠡᠭᠡᠨ᠎ᠦ ᠪᠦᠲᠦᠭᠡᠭᠳᠡᠬᠦᠨ᠎ᠢ ᠳᠤᠮᠳᠠᠳᠤ ᠤᠯᠤᠰ᠎ᠲᠤ ᠣᠷᠣᠭᠤᠯᠬᠤ《ᠰᠠᠭᠠᠳ ᠦᠭᠡᠢ ᠨᠡᠪᠲᠡᠷᠡᠬᠦ ᠵᠠᠮ》 ᠤ᠋ᠨ ᠰᠢᠨ᠎ᠡ ᠠᠵᠠ ᠲᠣᠭᠢᠶᠠᠯ ᠎ᠢ ᠰᠠᠢᠲᠤᠷ ᠠᠰᠢᠭ᠍ᠯᠠᠵᠤ᠂ ᠬᠣᠶᠠᠷ ᠤᠯᠤᠰ᠎ᠤᠨ ᠠᠷᠠᠯᠵᠢᠶ᠎ᠠ ᠪᠡᠯᠡ ᠣᠷᠣᠭᠤᠯᠤᠯᠲᠠ᠎ᠶᠢᠨ ᠬᠠᠮᠲᠤᠷᠠᠯᠴᠠᠭ᠎ᠠ ᠎ᠶᠢ ᠥᠷᠭᠡᠳᠬᠡᠨ ᠲᠡᠰ ᠳᠡᠪᠰᠢᠭᠦᠯᠬᠦ ᠎ᠶᠢ ᠠᠬᠢᠭᠤᠯᠵᠤ᠂ ᠭᠠᠪᠤᠨ᠎ᠤ ᠠᠵᠤ ᠦᠢᠯᠡᠰ᠎ᠦᠨ ᠬᠥᠭᠵᠢᠯᠲᠡ᠂ ᠠᠵᠢᠯ ᠣᠯᠭᠣᠯᠲᠠ᠎ᠶᠢᠨ ᠨᠡᠮᠡᠭᠳᠡᠯ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶᠢ ᠲᠠᠢ᠍ᠢᠴᠢᠯᠠᠵᠦ᠂ ᠠᠵᠤ ᠠᠬᠤᠢ᠎ᠶᠢᠨ ᠪᠡᠶ᠎ᠡ᠎ᠪᠡᠨ ᠳᠠᠭᠠᠭᠠᠵᠤ ᠬᠥᠭᠵᠢᠬᠦ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠮᠢᠨᠤ ᠳᠤᠷᠠᠳᠤᠭᠰᠠᠨ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ ᠪᠣᠯᠣᠨ ᠪᠦᠭᠦ ᠪᠥᠮᠪᠥᠷᠴᠡᠭ᠎ᠦᠨ ᠳᠦᠷᠪᠡᠨ ᠶᠡᠬᠡ ᠰᠠᠨᠠᠭᠠᠴᠢᠯᠠᠭ᠎ᠠ ᠨᠢ ᠡᠩ ᠲᠡᠷᠢᠭᠦᠨ᠎ᠳᠦ ᠪᠦᠭᠦ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ ᠵᠢᠴᠢ ᠠᠹᠷᠢᠺᠠ ᠲᠢᠪ᠎ᠦᠨ ᠡᠯ᠎ᠡ ᠤᠯᠤᠰ᠎ᠤᠨ ᠬᠠᠮᠲᠤ᠎ᠶᠢᠨ ᠠᠰᠢᠭ᠋ ᠲᠤᠰᠠ᠎ᠳᠤ ᠠᠰᠢᠭ᠍ᠲᠠᠢ ᠶᠤᠮ᠃ ᠳᠤᠮᠳᠠᠳᠤ ᠤᠯᠤᠰ ᠡᠴᠡ ᠭᠠᠪᠤᠨ᠎ᠤ ᠳᠡᠯᠡᠬᠡᠢ᠎ᠶᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠤ ᠨᠡᠩ ᠶᠡᠬᠡ ᠦᠢᠯᠡᠳᠦᠯ ᠦᠵᠡᠭᠦᠯᠭᠦ᠎ᠶᠢ ᠳᠡᠮᠵᠢᠵᠦ᠂ ᠳᠤᠷᠠᠲᠠᠶ᠎ᠠ ᠭᠠᠪᠤᠨ᠎ᠤ ᠭᠢᠨ᠎ᠲᠠᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠨᠡᠩ ᠰᠠᠢᠨ ᠰᠠᠢᠬᠠᠨ ᠳᠡᠯᠡᠬᠡᠢ ᠶᠢᠷᠲᠢᠨᠴᠦ᠎ᠶᠢ ᠬᠠᠮᠲᠤ ᠪᠠᠷ ᠪᠠᠢᠭᠤᠯᠤᠨ᠎ᠠ ᠭᠡᠵᠦ ᠴᠢᠬᠤᠯᠠᠴᠢᠯᠠᠪᠠ᠃

ᠡᠩᠭᠦᠢᠮᠠ᠂ ᠭᠠᠪᠤᠨ᠎ᠤ ᠳᠤᠮᠳᠠᠳᠤ ᠤᠯᠤᠰ ᠯᠤᠭ᠎ᠠ᠎ᠶᠢᠨ ᠨᠥᠬᠥᠷᠯᠡᠯ ᠬᠠᠭᠠᠰ ᠵᠠᠭᠤᠨ᠎ᠤ ᠲᠤᠷᠰᠢ ᠦᠷᠭᠦᠯᠵᠢᠯᠡᠵᠦ᠂ ᠪᠠᠢᠯᠳᠤᠬᠤ ᠪᠣᠳᠣᠯᠭ᠎ᠠ᠎ᠶᠢᠨ ᠢᠲᠡᠭᠡᠯᠴᠡᠭᠡ ᠨᠢ ᠢᠮᠠᠭᠲᠠ ᠬᠣᠶᠠᠷ ᠲᠠᠯ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠰᠠᠭᠤᠷᠢ ᠪᠣᠯᠣᠭᠰᠠᠭᠠᠷ ᠢᠷᠡᠵᠠᠢ᠃ ᠬᠣᠶᠠᠷ ᠤᠯᠤᠰ᠎ᠤᠨ ᠬᠠᠮᠲᠤᠷᠠᠯᠴᠠᠭ᠎ᠠ   ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠰᠠᠭᠤᠷᠢ  ᠲᠥᠬᠦᠭᠡᠷᠦᠮᠵᠢ᠂ ᠡᠨᠧᠷᠭᠢ᠂ ᠡᠮ ᠡᠮᠨᠡᠯᠭᠡ᠂ ᠰᠤᠷᠭᠠᠨ ᠬᠥᠮᠦᠵᠢᠯ᠂ ᠠᠵᠢᠯ ᠮᠡᠷᠭᠡᠵᠢᠯ᠎ᠦᠨ ᠪᠣᠯᠪᠠᠰᠤᠷᠠᠯ ᠵᠡᠷᠭᠡ ᠬᠦᠷᠢᠶᠡᠨ᠎ᠳᠦ ᠭᠠᠪᠤᠨ᠎ᠤ ᠠᠵᠤ ᠠᠬᠤᠢ᠎ᠶᠢᠨ ᠤᠯᠠᠨ ᠡᠰᠢᠵᠢᠯᠲᠡ ᠶ᠋ᠢ ᠬᠦᠴᠦᠲᠡᠢ ᠠᠬᠢᠭᠤᠯᠵᠤ᠂ ᠭᠠᠪᠤᠨ᠎ᠤ ᠠᠷᠠᠳ᠎ᠤᠨ ᠠᠮᠢᠳᠤᠷᠠᠯ᠎ᠢ ᠰᠠᠢᠵᠢᠷᠠᠭᠤᠯᠪᠠ᠃ ᠭᠠᠪᠤᠨ᠎ᠤ ᠭᠢᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠡᠷᠡᠰ ᠪᠠᠷᠢᠮᠲᠠᠯᠠᠨ᠎ᠠ᠃ ᠭᠠᠪᠤᠨ ᠤ᠋ ᠭᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠲᠠᠪᠤᠳᠤᠭᠠᠷ ᠪᠦᠭᠦᠳᠡ ᠬᠤᠷᠠᠯ᠎ᠢ ᠠᠮᠵᠢᠯᠲᠠ᠎ᠲᠠᠢ ᠬᠤᠷᠠᠯᠳᠤᠭᠤᠯᠤᠭᠰᠠᠨ᠎ᠳᠤ ᠪᠠᠶᠠᠷ ᠬᠦᠷᠭᠡᠵᠦ᠂ ᠨᠠᠮ᠎ᠤᠨ ᠬᠣᠭᠣᠷᠣᠨᠳᠣᠭᠢ ᠶᠠᠪᠤᠯᠴᠠᠭ᠎ᠠ ᠥᠷᠨᠢᠭᠦᠯᠵᠦ᠂ ᠳᠤᠮᠳᠠᠳᠤ ᠤᠯᠤᠰ᠎ᠤᠨ ᠨᠠᠮ᠎ᠢ ᠵᠠᠰᠠᠵᠤ ᠲᠦᠷᠦ᠎ᠶᠢ ᠵᠠᠰᠠᠭᠰᠠᠨ ᠠᠮᠵᠢᠯᠲᠠ᠎ᠲᠠᠢ ᠲᠤᠷᠰᠢᠯᠭ᠎ᠠ᠎ᠪᠠᠷ ᠲᠣᠯᠢ ᠪᠤᠯᠭᠠᠬᠤ ᠵᠢ ᠬᠦᠰᠡᠵᠦ ᠪᠠᠢᠨ᠎ᠠ᠃ ᠭᠠᠪᠤᠨ᠎ᠤ ᠭᠢᠨ ᠳᠤᠷᠠᠲᠠᠶ᠎ᠠ ᠳᠤᠮᠳᠠᠳᠤ ᠤᠯᠤᠰ᠎ᠲᠠᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠢᠷᠡᠭᠦᠯᠵᠦ᠂ ᠨᠡᠩ ᠤᠯᠠᠨ ᠳᠤᠮᠳᠠᠳᠤ᠎ᠤᠯᠤᠰ᠎ᠤᠨ ᠠᠵᠤ ᠠᠬᠤᠢᠯᠠᠯ᠎ᠤᠨ ᠭᠠᠪᠤᠨ᠎ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ᠎ᠶᠢ ᠪᠠᠶᠠᠷᠯᠠᠨ ᠤᠭᠲᠤᠵᠤ᠂ ᠭᠠᠪᠤᠨ᠎ᠤ ᠠᠵᠤ ᠦᠢᠯᠡᠳᠪᠦᠷᠢᠵᠢᠯᠲᠡ ᠪᠣᠯᠣᠨ ᠦᠷᠭᠦᠯᠵᠢᠯᠡᠬᠦ ᠬᠥᠭᠵᠢᠯᠲᠡ᠎ᠳ᠋ᠦ ᠬᠦᠴᠦᠨ ᠨᠡᠮᠡᠷᠢᠯᠡᠬᠦ᠎ᠶᠢ ᠬᠦᠰᠡᠵᠤ ᠪᠤᠢ᠃ ᠳᠤᠮᠳᠠᠳᠤ ᠤᠯᠤᠰ ᠠᠹᠷᠢᠺᠠ ᠲᠢᠪ᠎ᠲᠠᠢ ᠬᠠᠷᠢᠯᠴᠠᠨ ᠠᠰᠢᠭ᠍ᠲᠠᠢ ᠬᠠᠮᠲᠤ ᠪᠠᠷ ᠠᠰᠢᠭ᠋ ᠭᠦᠷᠳᠡᠭᠦ ᠬᠠᠨᠢᠲᠠᠨ᠎ᠤ ᠬᠠᠷᠢᠯᠴᠠᠭ᠎ᠠ ᠪᠠᠢᠭᠤᠯᠵᠤ᠂ 《ᠪᠣᠭᠣᠮᠲᠠ᠎ᠶᠢᠨ ᠭᠠᠢᠯᠢ ᠦᠯᠦ ᠳᠠᠳᠠᠪᠤᠷᠢᠯᠠᠬᠤ》 ᠲᠦᠷᠦ᠎ᠶᠢᠨ ᠪᠣᠳᠣᠯᠭ᠎ᠠ ᠨᠢ ᠠᠹᠷᠢᠺᠠ ᠲᠢᠪ᠎ᠦᠨ ᠤᠯᠤᠰ᠎ᠤᠳ᠎ᠤᠨ ᠬᠡᠷᠡᠭᠴᠡᠭᠡ᠎ᠳᠦ ᠨᠡᠢᠴᠡᠵᠦ᠂ ᠠᠹᠷᠢᠺᠠ ᠲᠢᠪ᠎ᠦᠨ ᠦᠢᠯᠡᠳᠬᠦᠨ᠎ᠢ ᠳᠤᠮᠳᠠᠳᠤ ᠤᠯᠤᠰ᠎ᠤᠨ ᠲᠣᠮᠣ᠌ ᠵᠠᠬ᠎ᠠ ᠳᠡᠯᠭᠡᠭᠦᠷ᠎ᠲᠦ ᠣᠷᠣᠭᠤᠯᠵᠤ᠂ ᠡᠨᠡ ᠨᠢ ᠠᠹᠷᠢᠺᠠ ᠲᠢᠪ᠎ᠦᠨ ᠤᠯᠤᠰ᠎ᠤᠳ᠎ᠤᠨ ᠬᠥᠭᠵᠢᠯᠲᠡ᠎ᠳᠦ ᠲᠡᠦᠬᠡᠲᠦ ᠴᠢᠨᠠᠷᠲᠠᠢ ᠠᠴᠢ ᠬᠣᠯᠪᠣᠭᠳᠠᠯ᠎ᠲᠠᠢ ᠶᠤᠮ᠃ ᠭᠠᠪᠤᠨ ᠤ᠋ ᠭᠢᠨ ᠳᠤᠮᠳᠠᠳᠤ ᠤᠯᠤᠰ᠎ᠤᠨ ᠤᠯᠠᠨ ᠲᠠᠯᠠᠲᠤ ᠦᠵᠡᠯ᠎ᠢ ᠰᠠᠨᠠᠭᠠᠴᠢᠯᠠᠵᠤ᠂ ᠳᠡᠯᠡᠬᠡᠢ᠎ᠶᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠤ ᠡᠷᠬᠡ ᠲᠡᠭᠰᠢ ᠲᠥᠪ ᠭᠣᠣᠯᠴᠢ ᠵᠣᠭᠰᠣᠯᠲᠠ᠎ᠶᠢ ᠪᠠᠷᠢᠮᠲᠠᠯᠠᠵᠤ᠂ ᠳᠤᠷᠠᠲᠠᠶ᠎ᠠ ᠳᠤᠮᠳᠠᠳᠤ ᠤᠯᠤᠰ᠎ᠲᠠᠢ ᠨᠢᠭ᠍ᠲᠠ ᠵᠣᠬᠢᠴᠠᠭᠤᠯᠵᠤ᠂ ᠠᠹᠷᠢᠺᠠ ᠳᠤᠮᠳᠠᠳᠤ᠎ᠶᠢᠨ ᠪᠦᠯᠬᠦᠮᠳᠡᠯ ᠬᠠᠮᠲᠤᠷᠠᠯᠴᠠᠭ᠎ᠠ᠎ᠶᠢ ᠴᠢᠩᠭᠠᠳᠬᠠᠵᠤ᠂ ᠪᠦᠭᠦ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠨ ᠠᠰᠢᠭ᠋ ᠲᠤᠰᠠ᠎ᠶᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃

ᠬᠡᠯᠡᠯᠴᠡᠭᠡ ᠲᠡᠭᠦᠰᠦᠭᠰᠡᠨ᠎ᠦ ᠲᠠᠷᠠᠭ᠎ᠠ᠂ ᠬᠣᠶᠠᠷ ᠤᠯᠤᠰ᠎ᠤᠨ ᠲᠡᠷᠢᠭᠦᠨ ᠪᠦᠭᠦ ᠪᠥᠮᠪᠥᠷᠴᠡᠭ᠎ᠦᠨ ᠠᠮᠤᠷ ᠲᠦᠪᠰᠢᠨ ᠎ᠦ ᠰᠠᠨᠠᠭᠠᠴᠢᠯᠠᠭ᠎ᠠ᠎ᠶᠢ ᠨᠠᠢᠳᠠᠪᠤᠷᠢᠵᠢᠭᠤᠯᠬᠤ᠂《ᠪᠣᠭᠣᠮᠲᠠ᠎ᠶᠢᠨ ᠭᠠᠢᠯᠢ ᠦᠯᠦ ᠳᠠᠳᠠᠪᠤᠷᠢᠯᠠᠬᠤ》᠂ ᠦᠢᠯᠡᠳᠪᠦᠷᠢᠯᠡᠯ ᠬᠠᠩᠭᠠᠯᠭ᠎ᠠ᠎ᠶᠢᠨ ᠬᠡᠯᠬᠢᠶ᠎ᠡ᠂ ᠬᠢᠲᠠᠳ ᠬᠡᠯᠡᠨ᠎ᠦ ᠰᠤᠷᠭᠠᠨ ᠬᠥᠮᠦᠵᠢᠯ ᠵᠡᠷᠭᠡ ᠬᠦᠷᠢᠶᠡᠨ᠎ᠦ ᠤᠯᠠᠨ ᠵᠦᠢᠯ᠎ᠦᠨ ᠬᠠᠮᠲᠤᠷᠠᠯᠴᠠᠭᠠᠨ᠎ᠤ ᠪᠢᠴᠢᠭ ᠮᠠᠲᠧᠷᠢᠶᠠᠯ᠎ᠳᠤ ᠭᠠᠷ᠎ᠤᠨ ᠦᠰᠦᠭ ᠵᠢᠷᠤᠬᠤ᠎ᠶᠢ ᠬᠠᠮᠲᠤ ᠪᠡᠷ ᠭᠡᠷᠡᠴᠢᠯᠡᠪᠡ᠃

ᠠᠶ᠋ᠢᠯᠴᠢᠯᠠᠯᠲᠠ ᠬᠢᠬᠦ ᠬᠤᠭᠤᠴᠠᠭᠠᠨ᠎ᠳᠤ᠂ ᠬᠣᠶᠠᠷ ᠲᠠᠯ᠎ᠠ᠎ᠪᠠᠷ᠎ᠢᠶᠠᠨ《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠢᠷᠠᠮᠳᠠᠬᠤ ᠭᠠᠪᠤᠨ ᠤᠯᠤᠰ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠭᠠᠪᠤᠨ᠎ᠤ ᠬᠤᠪᠢ ᠵᠠᠶᠠᠭᠠᠨ ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠲᠤᠬᠠᠢ ᠬᠠᠮᠲᠤᠷᠠᠭᠰᠠᠨ ᠢᠯᠡᠷᠬᠡᠢᠯᠡᠯᠲᠡ》 ᠶ᠋ᠢ ᠨᠡᠢᠲᠡᠯᠡᠪᠡ᠃

ᠬᠡᠯᠡᠯᠴᠡᠭᠡ ᠬᠢᠬᠦ ᠡᠴᠡ ᠡᠮᠦᠨ᠎ᠡ᠂ ᠰᠢ᠎ᠶᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢᠲᠤ ᠶᠡᠬᠡ ᠲᠢᠩᠬᠢᠮ᠎ᠳᠦ ᠡᠩᠬᠦᠢᠮᠠ ᠶ᠋ᠢ ᠤᠭᠲᠤᠬᠤ ᠶᠣᠰᠣᠯᠠᠯ ᠶᠠᠪᠤᠭᠤᠯᠪᠠ᠃

ᠡᠩᠬᠦᠢᠮᠠ ᠬᠦᠷᠴᠦ ᠢᠷᠡᠬᠦ ᠦᠶ᠎ᠡ᠎ᠳᠦ᠂ ᠶᠣᠰᠣᠯᠠᠯ᠎ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠣᠶᠠᠷ ᠤᠯᠤᠰ᠎ᠤᠨ ᠲᠡᠷᠢᠭᠦᠨ ᠰᠢᠯᠭᠠᠨ ᠦᠵᠡᠬᠦ ᠲᠠᠢᠰᠠᠨ᠎ᠳᠤ ᠭᠠᠷᠴᠤ᠂ ᠴᠡᠷᠢᠭ᠎ᠦᠨ ᠬᠥᠭᠵᠢᠮ᠎ᠦᠨ ᠪᠦᠯᠬᠦᠮ ᠳᠤᠮᠳᠠᠳᠤ ᠭᠠᠪᠤᠨ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶᠢ ᠬᠥᠭᠵᠢᠮᠳᠡᠵᠦ᠂ ᠲᠢᠶᠠᠨ ᠠᠨ ᠮᠧᠨ ᠠᠭᠤᠳᠠᠮ ᠲᠠᠯᠠᠪᠠᠢ᠎ᠳᠤ ᠶᠣᠰᠣᠯᠠᠯ᠎ᠤᠨ ᠫᠤᠤ ᠶ᠋ᠢ 21 ᠳᠤᠤᠭᠠᠷᠭᠠᠪᠠ᠃ ᠡᠩᠬᠦᠢᠮᠠ ᠰᠢ᠎ᠶᠢᠨ ᠫᠢᠩ᠎ᠤᠨ ᠪᠠᠷ᠎ᠠ ᠪᠤᠯᠤᠯᠭ᠎ᠠ᠎ᠲᠠᠢ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠶᠣᠰᠣᠯᠠᠯ᠎ᠤᠨ ᠠᠩᠭᠢ᠎ᠶᠢ ᠰᠢᠯᠭᠠᠨ ᠦᠵᠡᠭᠰᠡᠨ ᠪᠥᠭᠡᠳ ᠵᠢᠭ᠍ᠰᠠᠭᠠᠯ ᠎ᠢ ᠰᠣᠨᠢᠷᠬᠠᠵᠠᠢ᠃

ᠲᠤᠰ ᠣᠷᠣᠢ᠂ ᠰᠢ᠎ᠶᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠰᠢᠵᠢᠷ ᠠᠯᠳᠠᠨ ᠶᠡᠬᠡ ᠲᠢᠩᠬᠢᠮ᠎ᠳᠦ ᠡᠩᠬᠦᠢᠮᠠ ᠶ᠋ᠢ ᠤᠭᠲᠤᠬᠤ ᠳᠠᠶ᠋ᠢᠯᠠᠯᠭ᠎ᠠ ᠬᠢᠪᠡ᠃

ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃


(ᠰᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 6 ᠤ᠋ ᠴᠠᠬᠢᠯᠭᠠᠨ ᠮᠡᠳᠡᠭᠡ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面