ᠲᠡᠷᠢᠭᠦᠨ ᠨᠢᠭᠤᠷ - ᠲᠡᠷᠢᠭᠦᠨ ᠮᠡᠳᠡᠭᠡ

2026-11-11 10:31:42

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠨᠠᠢᠷᠠᠭᠤᠯᠤᠭᠰᠠᠨ ᠰᠢ᠎ᠶᠢᠨ ᠫᠢᠩ ᠨᠥᠬᠥᠷ᠎ᠦᠨ 《ᠶᠠᠳᠠᠭᠤ ᠬᠦᠴᠢᠷᠳᠡᠯᠲᠡᠢ ᠬᠦᠮᠦᠨ ᠠᠮᠠ ᠵᠢ ᠴᠦᠬᠡᠳᠭᠡᠵᠤ ᠶᠠᠳᠠᠭᠤ᠎ᠡᠴᠡ ᠠᠩᠭᠢᠵᠢᠷᠠᠭᠤᠯᠬᠤ ᠲᠤᠬᠠᠢ ᠥᠭᠦᠯᠡᠬᠦ ᠨᠢ》 ᠭᠡᠬᠦ ᠨᠣᠮ᠎ᠢ ᠣᠢᠷ᠎ᠠ᠎ᠳᠤ ᠲᠥᠪ᠎ᠦᠨ ᠲᠤᠯᠭᠤᠷ ᠪᠢᠴᠢᠭ᠎ᠦᠨ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠵᠦ᠂ ᠪᠦᠬᠦ ᠤᠯᠤᠰ᠎ᠲᠤ ᠲᠠᠷᠬᠠᠭᠠᠪᠠ᠃

ᠲᠤᠰ ᠲᠤᠰᠬᠠᠢ ᠰᠡᠳᠦᠪᠲᠦ ᠵᠣᠬᠢᠶᠠᠯ᠎ᠤᠨ ᠲᠡᠭᠦᠪᠦᠷᠢ᠎ᠳᠦ ᠰᠢ᠎ᠶᠢᠨ ᠫᠢᠩ ᠨᠥᠬᠥᠷ᠎ᠦᠨ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠴᠥᠭᠡᠳᠬᠡᠵᠦ ᠶᠠᠳᠠᠭᠤ᠎ᠡᠴᠡ ᠠᠩᠭᠢᠵᠢᠷᠠᠭᠤᠯᠬᠤ ᠲᠤᠬᠠᠢ 55 ᠴᠢᠬᠤᠯᠠ ᠡᠬᠡ ᠪᠢᠴᠢᠭ᠎ᠢ ᠡᠮᠬᠢᠳᠬᠡᠨ ᠣᠷᠣᠭᠤᠯᠵᠤ᠂ ᠡᠭᠦᠨ᠎ᠦ ᠳᠣᠲᠣᠷᠠᠬᠢ ᠬᠡᠰᠡᠭ ᠡᠬᠡ ᠪᠢᠴᠢᠭ᠎ᠢ ᠠᠩᠬ᠎ᠠ ᠤᠳᠠᠭ᠎ᠠ ᠢᠯᠡ᠎ᠪᠡᠷ ᠨᠡᠢᠲᠡᠯᠡᠵᠦ ᠪᠤᠢ᠃

ᠶᠠᠳᠠᠭᠤ ᠬᠦᠴᠢᠷᠳᠡᠯ᠎ᠢ ᠠᠷᠢᠯᠭᠠᠬᠤ ᠪᠣᠯ ᠬᠥᠮᠥᠨ ᠲᠥᠷᠥᠯᠬᠢᠲᠡᠨ᠎ᠦ ᠬᠠᠮᠲᠤ᠎ᠶᠢᠨ ᠬᠦᠰᠡᠯᠡᠩ ᠮᠥᠨ᠃ ᠶᠠᠳᠠᠭᠤ ᠬᠦᠴᠢᠷᠳᠡᠯ᠎ᠢ ᠠᠷᠢᠯᠭᠠᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠤᠨ᠂ ᠬᠠᠮᠲᠤ᠎ᠪᠠᠷ ᠪᠠᠶᠠᠵᠢᠬᠤ᠎ᠶᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠪᠠᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠬᠤᠯᠠ ᠡᠭᠦᠷᠭᠡ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠶᠢ ᠲᠦᠷᠦ᠎ᠶᠢ ᠵᠠᠰᠠᠬᠤ ᠲᠣᠪᠣᠢᠮ᠎ᠠ ᠪᠠᠢᠷᠢᠨ᠎ᠳᠤ ᠲᠠᠯᠪᠢᠵᠤ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠠᠢᠭᠤᠯᠤᠨ ᠪᠦᠲᠦᠭᠡᠬᠦ᠎ᠶᠢᠨ ᠬᠣᠷᠢᠭ᠎ᠠ ᠱᠤᠭᠤᠮ᠎ᠤᠨ ᠡᠭᠦᠷᠭᠡ ᠪᠣᠯᠤᠭᠰᠠᠨ᠎ᠤ ᠬᠤᠪᠢ᠎ᠳᠤ ᠰᠦᠷ ᠳᠠᠯᠠᠢᠴᠠᠲᠠᠢ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠵᠣᠬᠢᠶᠠᠨ ᠪᠠᠢᠭᠤᠯᠤᠨ ᠥᠷᠨᠢᠭᠦᠯᠦᠭᠰᠡᠨ ᠪᠦᠭᠡᠳ ᠪᠦᠬᠦ ᠲᠠᠯ᠎ᠠ᠎ᠶᠢᠨ ᠢᠯᠠᠯᠲᠠ᠎ᠶᠢ ᠣᠯᠵᠤ᠂ ᠬᠠᠷᠢᠴᠠᠯᠠᠰᠢᠭᠦᠢ ᠶᠠᠳᠠᠭᠤ ᠬᠦᠴᠢᠷᠳᠡᠯ᠎ᠢ ᠠᠷᠢᠯᠭᠠᠬᠤ ᠬᠦᠨᠳᠦ ᠪᠡᠷᠬᠡ ᠡᠭᠦᠷᠭᠡ᠎ᠶᠢ ᠪᠡᠶᠡᠯᠡᠭᠦᠯᠵᠦ᠂ ᠬᠥᠮᠥᠨ ᠲᠥᠷᠥᠯᠬᠢᠲᠡᠨ᠎ᠦ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠴᠥᠭᠡᠳᠬᠡᠭᠰᠡᠨ ᠲᠡᠦᠬᠡᠨ ᠳᠡᠭᠡᠷᠡᠬᠢ ᠭᠠᠢᠬᠠᠮᠰᠢᠭ᠋᠎ᠢ ᠡᠭᠦᠳᠴᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠴᠥᠭᠡᠳᠬᠡᠬᠦ ᠵᠠᠮ᠎ᠢ ᠨᠡᠭᠡᠭᠡᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠶᠠᠳᠠᠭᠤ ᠬᠦᠴᠢᠷᠳᠡᠯ᠎ᠢ ᠠᠷᠢᠯᠭᠠᠬᠤ ᠤᠨᠤᠯ᠎ᠢ ᠪᠦᠷᠢᠯᠳᠦᠭᠦᠯᠪᠡ᠃ ᠰᠢ᠎ᠶᠢᠨ ᠫᠢᠩ ᠨᠥᠬᠥᠷ ᠎ᠤᠨ ᠶᠠᠳᠠᠭᠤ ᠬᠦᠴᠢᠷᠳᠡᠯᠲᠡᠢ ᠬᠦᠮᠦᠨ ᠠᠮᠠ ᠵᠢ ᠴᠦᠬᠡᠳᠭᠡᠵᠤ ᠶᠠᠳᠠᠭᠤ᠎ᠡᠴᠡ ᠠᠩᠭᠢᠵᠢᠷᠠᠭᠤᠯᠬᠤ᠎ᠶᠢᠨ ᠲᠣᠭᠣᠷᠢᠨ᠎ᠳᠤ ᠨᠡᠢᠳᠡᠯᠡᠭᠰᠡᠨ ᠠᠯᠢ ᠣᠯᠠᠨ ᠴᠢᠬᠤᠯᠠ ᠥᠭᠦᠯᠡᠯᠲᠡ  ᠨᠢ ᠮᠠᠨ᠎ᠤ ᠤᠯᠤᠰ᠎ᠤᠨ ᠤᠯᠤᠰ᠎ᠤᠨ ᠪᠠᠢᠳᠠᠯ᠎ᠳᠠᠭᠠᠨ ᠰᠠᠭᠤᠷᠢᠯᠠᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠵᠢ ᠴᠦᠬᠡᠳᠭᠡᠬᠦ ᠵᠢᠮ᠎ᠡ ᠶᠣᠰᠣ᠌᠎ᠶᠢ ᠡᠵᠡᠮᠰᠢᠵᠦ᠂ ᠮᠠᠨ᠎ᠤ ᠤᠯᠤᠰ᠎ᠤᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠤᠨᠤᠯ᠎ᠤᠨ ᠤᠬᠢ ᠲᠠᠯᠠᠰᠲᠦ ᠪᠠᠢᠵᠦ᠂ ᠮᠠᠷᠺᠰ᠎ᠤᠨ ᠦᠵᠡᠯ᠎ᠦᠨ ᠶᠠᠳᠠᠭᠤ ᠬᠦᠴᠢᠷᠳᠡᠯ᠎ᠢ ᠠᠷᠢᠯᠭᠠᠬᠤ ᠤᠨᠤᠯ᠎ᠤᠨ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ ᠪᠠᠢᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠠᠬᠢᠭᠤᠯᠬᠤ᠂ ᠪᠦᠬᠦ ᠠᠷᠠᠳ ᠲᠦᠮᠡᠨ ᠬᠠᠮᠲᠤ᠎ᠪᠠᠷ ᠪᠠᠶᠠᠵᠢᠬᠰᠠᠨ ᠣᠳᠣᠬᠢᠴᠢᠯᠠᠯᠲᠠ᠎ᠶᠢ ᠪᠡᠶᠡᠯᠡᠭᠦᠯᠬᠦ᠎ᠶᠢ ᠠᠬᠢᠭᠤᠯᠬᠤ᠂ ᠶᠠᠳᠠᠭᠤ ᠬᠦᠴᠢᠷᠳᠡᠯ᠎ᠡᠴᠡ ᠵᠠᠢᠳᠠᠭᠰᠠᠨ᠂ ᠬᠠᠮᠲᠤ᠎ᠪᠠᠷ ᠴᠡᠴᠡᠭᠯᠡᠨ ᠬᠥᠭᠵᠢᠭᠰᠡᠨ ᠰᠠᠢᠨ ᠰᠠᠢᠬᠠᠨ ᠳᠡᠯᠡᠬᠡᠢ ᠶᠢᠷᠲᠢᠨᠴᠦ᠎ᠶᠢ ᠭᠠᠷ ᠬᠣᠯᠪᠣᠨ ᠪᠦᠲᠦᠭᠡᠨ ᠪᠠᠶ᠋ᠢᠭᠤᠯᠬᠤ᠎ᠳᠤ ᠲᠤᠢᠯ᠎ᠤᠨ ᠴᠢᠬᠤᠯᠠ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 11 ᠰᠠᠷ᠎ᠠ᠎ᠶᠢᠨ 10 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面