ᠲᠡᠷᠢᠭᠦᠨ ᠨᠢᠭᠤᠷ - ᠲᠡᠷᠢᠭᠦᠨ ᠮᠡᠳᠡᠭᠡ

2026-11-15 10:37:12

ᠵᠣᠬᠢᠶᠠᠭ᠍ᠴᠢ᠄ ᠯᠢ ᠶᠦᠩ ᠲᠤᠤ ᠣᠩᠱᠢᠭ᠍ᠰᠠᠨ ᠣᠳᠠᠭ᠎ᠠ᠄ 3

ᠪᠦᠳᠦᠴᠡ ᠵᠢᠨ ᠰᠢᠯᠢᠳᠡᠭᠵᠢᠯᠳᠠ ᠡᠴᠡ ᠥᠪᠥᠷ ᠮᠣᠩᠭᠣᠯ᠎ᠢ ᠬᠠᠷᠠᠬᠤᠢ


10 ᠰᠠᠷ᠎ᠠ᠎ᠶᠢᠨ 28 ᠎ᠤ᠋ ᠡᠳᠦᠷ᠂ ᠤᠯᠠᠭᠠᠨᠴᠠᠪ ᠬᠣᠲᠠ᠎ᠶᠢᠨ ᠵᠢᠩ ᠳᠠ ᠺᠤᠮᠫᠠᠨᠢ ᠵᠢᠨ150 ᠲᠦᠮᠡᠨ ᠺᠢᠯᠦᠸᠠᠲ᠎ᠤᠨ 《ᠰᠠᠯᠬᠢᠨ ᠬᠦᠴᠦᠨ ᠬᠡᠷᠡᠯᠴᠢ ᠴᠡᠨᠡᠭ ᠢᠯᠴᠢ᠎ᠪᠡᠷ ᠴᠠᠬᠢᠯᠭᠠᠨ ᠭᠠᠷᠭᠠᠬᠤ ᠪᠠ ᠡᠨ᠋ᠸᠷᠬᠢ ᠨᠦᠬᠡᠴᠡᠯᠡᠬᠦ᠎ᠶᠢ ᠨᠢᠭᠡ ᠴᠣᠭᠴᠠᠵᠢᠭᠤᠯᠤᠬᠰᠠᠨ》 ᠲᠣᠮᠣ᠌ ᠬᠡᠯᠪᠡᠷᠢ᠎ᠶᠢᠨ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠦᠨ ᠰᠠᠭᠤᠷᠢᠨ᠎ᠤ ᠲᠥᠷᠥᠯ ᠵᠦᠢᠯ ᠹᠸᠩᠵᠸᠨ ᠬᠣᠲᠠ᠎ᠳᠤ ᠪᠠᠷᠢᠯᠭ᠎ᠠ ᠡᠬᠢᠯᠡᠪᠡ; ᠲᠦᠷᠦᠭᠦᠬᠡᠨ᠂ ᠬᠣᠷᠢᠨᠭᠡᠷ ᠰᠢᠨ᠎ᠡ ᠲᠣᠭᠣᠷᠢᠭ᠋᠎ᠤᠨ ᠵᠥᠩ ᠵᠢᠨ ᠺᠤᠮᠫᠠᠨᠢ ᠵᠢᠨ ᠬᠣᠷᠢᠨᠭᠡᠷ ᠲᠡᠬᠢ ᠨᠡᠭᠦᠷᠡᠰᠦᠲᠥ᠋ᠷᠥᠭᠴᠢ ᠦᠭᠡᠢ ᠪᠤᠳᠤᠯᠲᠠ᠎ᠶᠢᠨ ᠬᠦᠴᠦᠨ᠎ᠤ ᠰᠠᠭᠤᠷᠢᠨ ᠵᠡᠷᠭᠡ 4 ᠪᠤᠳᠤᠯᠲᠠ᠎ᠶᠢᠨ ᠬᠦᠴᠦᠨ᠎ᠤ ᠲᠥᠷᠥᠯ ᠵᠦᠢᠯ᠎ᠢ ᠲᠥᠪᠯᠡᠷᠡᠭᠦᠯᠦᠨ ᠪᠠᠷᠢᠯᠭ᠎ᠠ ᠡᠬᠢᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 152.35 ᠳ᠋ᠦᠩᠰᠢᠭᠤᠷ ᠲᠥᠭᠥᠷᠢᠭ᠎ᠲᠦ ᠬᠦᠷᠴᠡᠢ  ᠁

ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠨᠡᠢᠲᠡᠯᠡᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ᠄ ᠲᠦᠷᠦᠭᠦᠦ ᠭᠤᠷᠪᠠᠨ ᠤᠯᠠᠷᠢᠯ᠎ᠳᠤ᠂ ᠪᠦᠬᠦᠯᠢ ᠴᠣᠭᠴᠠ᠎ᠶᠢᠨ ᠪᠡᠯᠡ ᠣᠷᠣᠭᠤᠯᠤᠯᠲᠠ ᠪᠠᠭᠤᠷᠠᠭᠰᠠᠨ ᠠᠬᠤᠢ ᠪᠠᠢᠳᠠᠯ ᠳᠣᠣᠷ᠎ᠠ᠂ ᠥᠪᠥᠷ ᠮᠣᠩᠭᠣᠯ᠎ᠤᠨ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠡᠯᠡ ᠣᠷᠣᠭᠤᠯᠤᠯᠲᠠ ᠡᠷᠴᠢᠮᠲᠡᠢ ᠨᠡᠮᠡᠭᠳᠡᠵᠦ᠂ ᠳᠡᠭᠡᠳᠦ ᠮᠡᠷᠭᠡᠵᠢᠯ᠎ᠦᠨ ᠠᠵᠤ ᠦᠢᠯᠡᠰ᠎ᠦᠨ ᠪᠡᠯᠡ ᠣᠷᠣᠭᠤᠯᠤᠯᠲᠠ ᠲᠡᠬᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 18.9% ᠎ᠪᠠᠷ ᠨᠡᠮᠡᠭᠳᠡᠵᠦ᠂ ᠪᠡᠯᠡ ᠣᠷᠣᠭᠤᠯᠤᠯᠲᠠ ᠳᠡᠭᠡᠳᠦ ᠲᠠᠰ᠎ᠤᠨ ᠠᠵᠤ ᠦᠢᠯᠡᠰ ᠳᠠᠢᠰᠢ ᠦᠷᠭᠦᠯᠵᠢᠯᠡᠨ ᠲᠥᠪᠯᠡᠷᠡᠵᠦ᠂ ᠪᠡᠯᠡ ᠣᠷᠣᠭᠤᠯᠤᠯᠲᠠ᠎ᠶᠢᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠡᠭᠦᠨ᠎ᠳᠦ᠂ ᠳᠡᠭᠡᠳᠦ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠦᠨ ᠪᠡᠯᠡ ᠣᠷᠣᠭᠤᠯᠤᠯᠲᠠ ᠲᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 27.8% ᠎ᠪᠠᠷ ᠨᠡᠮᠡᠭᠳᠡᠵᠦ᠂ ᠪᠤᠳᠤᠯᠲᠠ᠎ᠶᠢᠨ ᠬᠦᠴᠦᠨ ᠪᠠ ᠨᠦᠬᠡᠴᠡᠯᠡᠬᠦ ᠬᠡᠷᠡᠭᠴᠡᠭᠡ ᠯᠤᠭᠡ ᠬᠤᠯᠪᠤᠭᠳᠠᠯ ᠪᠦᠬᠦᠢ ᠮᠡᠳᠡᠭᠡ ᠵᠠᠩᠭᠢ᠎ᠶᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ᠎ᠶᠢᠨ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠦᠨ ᠪᠡᠯᠡ ᠣᠷᠣᠭᠤᠯᠤᠯᠲᠠ ᠲᠡᠬᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 43.7% ᠪᠠᠷ ᠨᠡᠮᠡᠭᠳᠡᠪᠡ᠃

ᠥᠨᠥᠳᠥᠷ᠎ᠤᠨ ᠪᠡᠯᠡ ᠣᠷᠣᠭᠤᠯᠤᠯᠲᠠ ᠪᠣᠯ ᠮᠠᠷᠭᠠᠰᠢ᠎ᠶᠢᠨ ᠦᠢᠯᠡᠳᠪᠦᠷᠢᠯᠡᠯ᠎ᠤᠨ ᠬᠡᠮᠵᠢᠶ᠎ᠡ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠸ᠎ᠠ ᠠᠵᠤ ᠠᠬᠤᠢ᠎ᠶᠢᠨ ᠰᠤᠳᠤᠯᠭᠠᠨ᠎ᠤ ᠲᠥᠪ᠎ᠦᠨ ᠶᠡᠷᠦᠩᠬᠡᠢ ᠠᠵᠤ ᠠᠬᠤᠢᠴᠢ ᠰᠧ ᠶᠦᠩ ᠮᠧᠶ᠄ 《ᠲᠦᠷᠦᠭᠦᠦ ᠭᠤᠷᠪᠠᠨ ᠤᠯᠠᠷᠢᠯ᠎ᠳᠤ᠂ ᠥᠪᠥᠷ ᠮᠣᠩᠭᠣᠯ ᠴᠢᠨᠠᠷ ᠰᠠᠢᠲᠠᠢ ᠬᠥᠭᠵᠢᠯᠲᠡ᠎ᠬᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ᠎ᠵᠢᠨ ᠲᠤᠭᠤᠷᠢᠨ ᠳ᠋ᠤ᠂ 〈ᠬᠣᠶᠠᠷ ᠬᠠᠯᠬᠠᠪᠴᠢ〉᠂ 〈ᠬᠣᠶᠠᠷ ᠰᠠᠭᠤᠷᠢᠨ〉᠂ 〈ᠨᠢᠭᠡ ᠪᠡᠬᠢᠯᠡᠯᠲᠡ〉 ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠪᠦᠲᠦᠮᠵᠢᠲᠡᠶ ᠪᠡᠯᠡ ᠣᠷᠣᠭᠤᠯᠤᠯᠲᠠ᠎ᠶᠢ ᠥᠷᠭᠡᠳᠬᠡᠬᠦ᠎ᠶᠢ ᠪᠦᠲᠦᠴᠡ᠎ᠳ᠋ᠤ ᠲᠣᠬᠢᠷᠠᠭᠤᠯᠤᠯᠳᠠ ᠬᠢᠬᠦ᠂ ᠬᠥᠳᠡᠯᠭᠡᠬᠦ ᠡᠨᠧᠷᠭᠢ᠎ᠶᠢ ᠬᠤᠪᠢᠷᠠᠭᠤᠯᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠲᠠᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ ᠪᠡᠯᠡ ᠣᠷᠣᠭᠤᠯᠤᠯᠲᠠ᠎ᠶᠢᠨ ᠪᠦᠲᠦᠴᠡ ᠦᠷᠭᠦᠯᠵᠢᠯᠡᠨ ᠰᠠᠢᠵᠢᠷᠠᠵᠤ᠂ 〈ᠰᠢᠨ᠎ᠡ᠎ᠪᠡᠷ ᠮᠠᠨᠳᠤᠭᠰᠠᠨ ᠠᠵᠤ ᠦᠢᠯᠡᠰ ᠲᠡᠬᠢ ᠪᠡᠯᠡ ᠣᠷᠣᠭᠤᠯᠤᠯᠲᠠ᠎ᠶᠢᠨ ᠬᠤᠷᠳᠤᠴᠠ᠎ᠶᠢ ᠲᠦᠷᠭᠡᠳᠬᠡᠬᠦ᠂ ᠤᠯᠠᠮᠵᠢᠯᠠᠯᠲᠤ ᠠᠵᠤ ᠦᠢᠯᠡᠰ ᠲᠡᠬᠢ ᠪᠡᠯᠡ ᠣᠷᠣᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠠᠷᠠᠳ᠎ᠤᠨ ᠠᠮᠢᠳᠤᠷᠠᠯ᠎ᠤᠨ ᠪᠡᠯᠡ ᠣᠷᠣᠭᠤᠯᠤᠯᠲᠠ᠎ᠶᠢᠨ ᠪᠠᠷᠢᠮᠵᠢᠶ᠎ᠠ᠎ᠶᠢ ᠳᠡᠭᠡᠭᠰᠢᠯᠡᠭᠦᠯᠬᠦ᠂ ᠴᠢᠬᠤᠯᠠ ᠡᠯᠧᠮᠧᠨ᠋ᠲ᠎ᠦᠨ ᠪᠠᠲᠤᠯᠠᠭ᠎ᠠ ᠵᠢᠨ ᠦᠷ᠎ᠡ ᠠᠰᠢᠭ᠋᠎ᠢ ᠳᠡᠭᠡᠭᠰᠢᠯᠡᠭᠦᠯᠬᠦ〉 ᠢᠯᠡ ᠲᠣᠳᠣ᠌ ᠣᠨᠴᠠᠯᠢᠭ᠋ ᠢᠯᠡᠷᠡᠪᠡ᠃ ᠪᠥᠬᠥ ᠣᠷᠣᠨ᠎ᠢᠶᠡᠷ᠎ᠢᠶᠡᠨ ᠬᠡᠯᠬᠢᠶ᠎ᠠ ᠮᠠᠶᠢᠭ᠋᠎ᠢᠶᠠᠷ ᠠᠷᠠᠯᠵᠢᠶᠠᠴᠢᠨ ᠤᠷᠢᠬᠤ᠂ ᠪᠦᠯᠦᠭᠵᠢᠯ᠎ᠢᠶᠡᠷ ᠠᠬᠢᠭᠤᠯᠬᠤ᠂ ᠪᠡᠯᠡ ᠮᠥᠩᠭᠥ᠎ᠶᠢᠨ ᠣᠷᠣᠭᠤᠯᠤᠯᠲᠠ᠎ᠶᠢ ᠦᠷᠭᠦᠯᠵᠢᠯᠡᠨ ᠰᠢᠨ᠎ᠡ ᠡᠨᠧᠷᠭᠢ᠂ ᠪᠤᠳᠤᠯᠲᠠ᠎ᠶᠢᠨ ᠬᠦᠴᠦᠨ ᠲᠤᠭᠠᠴᠢᠯᠠᠯᠲᠠ᠂ ᠲᠡᠷᠢᠭᠦᠨ᠎ᠦ ᠰᠢᠨ᠎ᠡ ᠮᠠᠲᠧᠷᠢᠶᠠᠯ ᠂ ᠲᠣᠨᠣᠭᠯᠠᠯ ᠦᠢᠯᠡᠳᠬᠦ᠂ ᠣᠲᠣ᠌ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ᠂ ᠰᠠᠭᠤᠷᠢ ᠲᠦᠬᠦᠭᠡᠷᠦᠮᠵᠢ᠎ᠶᠢᠨ ᠳᠤᠲᠠᠭᠤᠳᠠᠯ᠎ᠢ ᠨᠥᠬᠥᠪᠦᠷᠢᠯᠡᠬᠦ ᠳᠠᠢᠰᠢ ᠬᠡᠯᠪᠡᠢᠯᠭᠡᠵᠦ᠂ ᠪᠡᠯᠡ ᠣᠷᠣᠭᠤᠯᠤᠯᠲᠠ᠎ᠶᠢ 〈ᠲᠣᠭ᠎ᠠ ᠬᠡᠮᠵᠢᠶ᠎ᠡ᠎ᠶᠢ ᠥᠷᠭᠡᠳᠬᠡᠬᠦ〉 ᠡᠴᠡ 〈ᠶᠠᠰᠤ ᠴᠢᠨᠠᠷ᠎ᠢ ᠳᠡᠭᠡᠭᠰᠢᠯᠡᠭᠦᠯᠬᠦ〉 ᠳᠠᠢᠰᠢ ᠬᠤᠪᠢᠷᠠᠭᠤᠯᠬᠤ᠎ᠶᠢ ᠠᠬᠢᠭᠤᠯᠵᠠᠢ》 ᠭᠡᠪᠡ᠃

ᠤᠯᠠᠭᠠᠨᠴᠠᠪ᠎ᠡᠴᠡ ᠬᠣᠷᠢᠨᠭᠡᠷ ᠬᠦᠷᠲᠡᠯ᠎ᠡ᠂ ᠳ᠋ᠠᠢᠲ᠋ᠠ᠎ᠶᠢᠨ ᠲᠥᠪ᠎ᠦᠨ ᠠᠯᠢ ᠤᠯᠠᠨ ᠮᠠᠰᠢᠨ ᠲᠤᠨᠤᠬᠯᠠᠯ ᠡᠳᠦᠷ ᠰᠥᠨᠢ ᠵᠤᠬᠰᠤᠯ ᠦᠬᠡᠢ ᠠᠵᠢᠯᠯᠠᠵᠤ᠂ ᠲᠤᠭᠠᠴᠢᠯᠠᠬᠰᠠᠨ ᠮᠡᠷᠬᠡᠵᠢᠯ ᠬᠢᠬᠡᠳ ᠴᠠᠬᠢᠯᠭᠠᠨ ᠬᠦᠴᠦᠨ᠎ᠤ ᠡᠨ᠋ᠸᠷᠬᠢ ᠲᠠᠯ᠎ᠠ ᠨᠤᠲᠤᠭ᠎ᠤᠨ ᠥᠩ ᠰᠢᠮᠡᠯᠢᠭ ᠬᠥᠷᠥᠰᠥᠨ᠎ᠳᠦ ᠬᠦᠭᠵᠢᠯᠳᠠ ᠵᠢᠨ ᠡᠬᠡᠰᠢᠭ ᠴᠤᠤᠷᠢᠶᠠᠳᠤᠭᠤᠯᠤᠨ᠎ᠠ ᠃

ᠤᠯᠤᠰ᠎ᠤᠨ《ᠵᠡᠭᠦᠨᠳᠡᠬᠢ ᠳ᠋ᠠᠢᠲ᠋ᠠ᠎ᠵᠢ ᠪᠠᠷᠠᠭᠤᠨᠳᠡᠬᠢ ᠪᠤᠳᠤᠯᠲᠠ᠎ᠶᠢᠨ ᠬᠦᠴᠦᠨ᠎ᠢᠶᠡᠷ ᠲᠤᠯᠭᠠᠭᠤᠷᠢᠯᠠᠬᠤ》 ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ ᠪᠠ ᠤᠯᠤᠰ᠎ᠤᠨ 《ᠵᠢᠷᠭᠤᠭᠠᠨ ᠲᠣᠣᠷ》 ᠲᠠᠬᠢ ᠪᠤᠳᠤᠯᠲᠠ᠎ᠶᠢᠨ ᠬᠦᠴᠦᠨ᠎ᠦ ᠲᠣᠣᠷ᠎ᠤᠨ ᠪᠦᠲᠦᠭᠡᠨ ᠪᠠᠢᠭᠤᠯᠤᠯᠲᠠ᠎ᠶᠢᠨ ᠪᠠᠢᠷᠢᠯᠠᠭᠤᠯᠤᠯᠲᠠ᠎ᠳᠤ ᠲᠦᠰᠢᠭᠯᠡᠨ᠂ ᠥᠪᠥᠷ ᠮᠣᠩᠭᠣᠯ ᠪᠤᠳᠤᠯᠲᠠ᠎ᠶᠢᠨ ᠬᠦᠴᠦᠨ᠎ᠦ ᠲᠣᠭᠠᠴᠢᠯᠠᠭᠰᠠᠨ ᠬᠦᠷᠢᠶᠡᠨ᠎ᠦ ᠪᠡᠯᠡ ᠣᠷᠣᠭᠤᠯᠤᠯᠲᠠ᠎ᠶᠢᠨ ᠦᠷᠡᠵᠢᠭᠦᠯᠬᠦ ᠦᠢᠯᠡᠳᠦᠯ᠎ᠢ ᠶᠡᠬᠡᠰᠬᠡᠪᠡ᠃ ᠨᠢᠭᠡ ᠪᠦᠯᠦᠭ ᠳᠠᠩ ᠴᠣᠭᠴᠠᠲᠤ ᠣᠶᠤᠨᠴᠢ ᠪᠣᠳᠣᠯᠲᠠ᠎ᠶᠢᠨ ᠬᠦᠴᠦᠨ᠎ᠤ ᠲᠥᠪ᠂ ᠲᠣᠭ᠎ᠠ ᠪᠠᠷᠢᠮᠲᠠ᠎ᠶᠢ ᠲᠥᠬᠥᠷᠵᠢᠭᠦᠯᠬᠦ᠂ AI ᠬᠡᠷᠡᠭᠯᠡᠭᠡᠨ᠎ᠦ ᠲᠥᠷᠥᠯ ᠵᠦᠢᠯ᠎ᠢ ᠲᠦᠷᠭᠡᠳᠬᠡᠨ ᠪᠠᠢᠭᠤᠯᠵᠤ᠂ ᠪᠣᠬᠢᠷᠲᠤᠯ ᠦᠭᠡᠢ ᠴᠠᠬᠢᠯᠭᠠᠨ ᠡᠯᠪᠡᠭ ᠲᠥᠪᠯᠡᠷᠡᠭᠰᠡᠨ᠂ ᠣᠬᠣᠷ ᠴᠠᠭ᠎ᠤᠨ ᠤᠷᠲᠤᠳᠬᠠᠯ᠎ᠤᠨ ᠣᠷᠣᠨ ᠪᠠᠢᠷᠢ᠎ᠶᠢᠨ ᠳᠠᠪᠠᠭᠤᠯᠢᠭ᠋᠎ᠲᠤ ᠲᠦᠰᠢᠭᠯᠡᠨ᠂ ᠪᠡᠭᠡᠵᠢᠩ ᠲᠢᠶᠠᠨᠵᠢᠨ ᠾᠧᠪᠧᠢ᠎ᠶᠢᠨ ᠪᠤᠳᠤᠯᠲᠠ᠎ᠶᠢᠨ ᠬᠦᠴᠦᠨ᠎ᠦ ᠭᠠᠳᠠᠭ᠍ᠰᠢ ᠲᠡᠯᠡᠬᠦ ᠬᠡᠷᠡᠭᠴᠡᠭᠡ᠎ᠶᠢ ᠭᠦᠨᠵᠡᠭᠡᠢ ᠵᠠᠯᠭᠠᠨ ᠠᠪᠴᠤ᠂ 《ᠪᠣᠬᠢᠷᠲᠤᠯ ᠦᠭᠡᠢ ᠴᠠᠬᠢᠯᠭᠠᠨ + ᠪᠤᠳᠤᠯᠲᠠ᠎ᠶᠢᠨ ᠬᠦᠴᠦᠨ》 ᠤ᠋ ᠣᠨᠴᠠᠯᠢᠭ᠍ᠲᠤ ᠠᠵᠤ ᠦᠢᠯᠡᠰ᠎ᠦᠨ ᠵᠠᠭᠪᠤᠷ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠵᠤ᠂ ᠲᠣᠭᠠᠴᠢᠯᠠᠭᠰᠠᠨ ᠠᠵᠤ ᠠᠬᠤᠢ ᠨᠢ ᠪᠦᠲᠦᠮᠵᠢᠲᠡᠶ ᠪᠡᠯᠡ ᠣᠷᠣᠭᠤᠯᠤᠯᠲᠠ᠎ᠶᠢ ᠳᠠᠢᠴᠢᠯᠠᠬᠤ ᠴᠣ ᠰᠢᠨ᠎ᠡ ᠨᠡᠮᠡᠭᠳᠡᠯ᠎ᠦᠨ ᠲᠤᠢᠯ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠪᠴᠢᠶᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠡᠨᠡ ᠵᠢᠯ᠎ᠦᠨ 9 ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠪᠤᠳᠤᠯᠲᠠ᠎ᠶᠢᠨ ᠬᠦᠴᠦᠨ᠎ᠤ ᠶᠡᠷᠦᠩᠬᠡᠢ ᠬᠡᠪᠴᠢᠶ᠎ᠡ 36.4 ᠲᠦᠮᠡᠨ P ᠎ᠳ᠋ᠤ ᠬᠦᠷᠴᠦ᠂ ᠣᠶᠤᠨᠴᠢ ᠪᠤᠳᠤᠯᠲᠠ᠎ᠶᠢᠨ ᠬᠦᠴᠦᠨ 34.3 ᠲᠦᠮᠡᠨ P ᠎ᠳ᠋ᠤ ᠬᠦᠷᠴᠦ᠂ ᠴᠥᠮ ᠪᠥᠬᠥ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃

ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠵᠦ᠂ ᠤᠢᠷ᠎ᠠ ᠤᠭᠲᠠᠷᠭᠤᠢ᠎ᠵᠢᠨ ᠠᠵᠤ ᠠᠬᠤᠢ᠎ᠶᠢᠨ ᠬᠦᠷᠢᠶᠡᠨ᠎ᠳᠡᠬᠢ ᠪᠡᠯᠡ ᠣᠷᠣᠭᠤᠯᠤᠯᠲᠠ ᠲᠦᠷᠭᠡᠳᠪᠡ᠃

10 ᠰᠠᠷ᠎ᠠ᠎ᠶᠢᠨ 23 ᠎ᠤ᠋ ᠡᠳᠦᠷ᠂ ᠥᠪᠥᠷ ᠮᠣᠩᠭᠣᠯ ᠬᠢᠭᠡᠳ ᠪᠡᠭᠡᠵᠢᠩ ᠲᠢᠶᠠᠨᠵᠢᠨ ᠾᠧᠪᠧᠢ ᠣᠷᠣᠨ᠎ᠤ ᠤᠢᠷ᠎ᠠ ᠤᠭᠲᠠᠷᠭᠤᠢ᠎ᠵᠢᠨ ᠠᠵᠤ ᠠᠬᠤᠢ᠂ ᠨᠡᠢᠳᠡᠮ᠎ᠤᠨ ᠬᠡᠷᠡᠭᠯᠡᠭᠡᠨ᠎ᠤ ᠠᠭᠠᠷ᠎ᠤᠨ ᠠᠶᠠᠯᠠᠯ᠎ᠤᠨ ᠠᠵᠤ ᠠᠬᠤᠢᠯᠠᠯ᠎ᠤᠨ ᠵᠠᠰᠠᠭ ᠠᠵᠤ ᠠᠬᠤᠢᠯᠠᠯ᠎ᠢ ᠵᠣᠯᠭᠠᠭᠤᠯᠬᠤ ᠠᠵᠢᠯᠯᠠᠭ᠎ᠠ ᠪᠡᠭᠡᠵᠢᠩ᠎ᠳᠦ ᠶᠠᠪᠤᠭᠳᠠᠪᠠ᠃ ᠲᠤᠬᠠᠢ᠎ᠶᠢᠨ ᠲᠠᠯᠠᠪᠠᠶ᠎ᠳᠤ ᠣᠷᠣᠨ᠎ᠤ ᠭᠠᠳᠠᠨᠠᠬᠢ 7 ᠠᠵᠤ ᠠᠬᠤᠢᠯᠠᠯ ᠣᠷᠣᠨ᠎ᠤ ᠳᠣᠲᠣᠷᠠᠬᠢ ᠠᠵᠤ ᠠᠬᠤᠢᠯᠠᠯ᠎ᠲᠠᠢ ᠬᠠᠮᠲᠤᠷᠠᠯᠴᠠᠭᠠᠨ᠎ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠬᠠᠮᠲᠤᠷᠠᠯᠴᠠᠭᠠᠨ᠎ᠤ ᠠᠭᠤᠯᠭ᠎ᠠ ᠨᠢ ᠤᠢᠷ᠎ᠠ ᠤᠭᠲᠠᠷᠭᠤᠢ᠎ᠵᠢᠨ ᠠᠵᠤ ᠠᠬᠤᠢ ᠵᠢᠨ ᠲᠣᠨᠣᠭᠯᠠᠯ ᠦᠢᠯᠡᠳᠬᠦ᠂ ᠤᠢᠷ᠎ᠠ ᠤᠭᠲᠠᠷᠭᠤᠢ᠎ᠵᠢᠨ ᠦᠵᠡᠭᠳᠡᠯ ᠪᠠᠢᠳᠠᠯ᠎ᠤᠨ ᠬᠡᠷᠡᠭᠯᠡᠯᠲᠡ᠂ ᠠᠭᠠᠷ᠎ᠤᠨ ᠠᠶᠠᠯᠠᠯ᠎ᠤᠨ ᠡᠵᠡᠩᠨᠡᠯᠲᠡ᠎ᠶᠢᠨ ᠦᠢᠯᠡᠴᠢᠯᠡᠭᠡ ᠵᠡᠷᠭᠡ ᠣᠯᠠᠨ ᠬᠦᠷᠢᠶ᠎ᠡ ᠴᠠᠷᠠᠭ᠎ᠠ᠎ᠶᠢ ᠬᠠᠮᠤᠷᠴᠠᠢ; 10 ᠰᠠᠷ᠎ᠠ᠎ᠶᠢᠨ 29 ᠎ᠤ᠋ ᠡᠳᠦᠷ᠂ ᠬᠥᠬᠡᠬᠣᠲᠠ᠎ᠶᠢᠨ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠠᠵᠤ ᠦᠢᠯᠡᠰ᠎ᠦᠨ ᠪᠦᠯᠦᠭᠵᠢᠯ᠎ᠦᠨ ᠠᠵᠤ ᠦᠢᠯᠡᠰ ᠬᠡᠷᠡᠭᠴᠡᠭᠡ᠎ᠶᠢ ᠵᠣᠯᠭᠠᠭᠤᠯᠬᠤ ᠬᠤᠷᠠᠯ ᠬᠤᠷᠠᠯᠳᠤᠵᠤ᠂ 32 ᠵᠦᠢᠯ᠎ᠦᠨ ᠠᠵᠤ ᠦᠢᠯᠡᠰ᠎ᠦᠨ ᠪᠡᠯᠡ ᠣᠷᠣᠭᠤᠯᠤᠯᠲᠠ᠎ᠶᠢᠨ ᠲᠥᠷᠥᠯ ᠵᠦᠢᠯ ᠪᠣᠯᠣᠨ 10 ᠵᠦᠢᠯ᠎ᠦᠨ ᠪᠣᠳᠠᠲᠤ ᠦᠵᠡᠭᠳᠡᠯ ᠪᠠᠢᠳᠠᠯ᠎ᠤᠨ ᠬᠡᠷᠡᠭᠯᠡᠭᠡᠨ᠎ᠦ ᠲᠥᠷᠥᠯ ᠵᠦᠢᠯ᠎ᠢ ᠨᠡᠢᠲᠡᠯᠡᠪᠡ᠃

ᠥᠪᠥᠷ ᠮᠣᠩᠭᠣᠯ ᠤᠳᠤ ᠶᠠᠭ ᠤᠢᠷ᠎ᠠ ᠤᠭᠲᠠᠷᠭᠤᠢ᠎ᠵᠢᠨ ᠠᠵᠤ ᠠᠬᠤᠢ᠎ᠶᠢᠨ ᠠᠵᠤ ᠦᠢᠯᠡᠰ᠎ᠦᠨ ᠵᠢᠭ᠍ᠰᠠᠭᠠᠯ᠎ᠢ ᠢᠳᠡᠪᠬᠢᠲᠡᠢ ᠪᠠᠢᠭᠤᠯᠵᠤ ᠪᠠᠢᠨ᠎ᠠ᠃ ᠬᠥᠬᠡᠬᠣᠲᠠ ᠤᠷᠢᠳ᠎ᠢᠶᠠᠷ ᠬᠡᠷᠡᠭᠵᠢᠭᠦᠯᠦᠨ ᠤᠷᠢᠳ᠎ᠢᠶᠠᠷ ᠲᠤᠷᠰᠢᠵᠤ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠪᠤᠳᠤᠯᠲᠠ᠎ᠵᠢᠨ ᠬᠦᠴᠦᠨ ᠵᠡᠷᠭᠡ ᠠᠵᠤ ᠦᠢᠯᠡᠰ ᠬᠢᠭᠡᠳ ᠤᠢᠷ᠎ᠠ ᠤᠭᠲᠠᠷᠭᠤᠢ᠎ᠵᠢᠨ ᠠᠵᠤ ᠠᠬᠤᠢ᠎ᠶᠢᠨ ᠬᠠᠮᠵᠢᠯᠴᠠᠨ ᠬᠥᠭᠵᠢᠬᠦ᠎ᠶᠢ ᠠᠬᠢᠭᠤᠯᠵᠤ᠂ ᠤᠢᠷ᠎ᠠ ᠤᠭᠲᠠᠷᠭᠤᠢ᠎ᠵᠢᠨ ᠠᠵᠤ ᠠᠬᠤᠢ᠎ᠶᠢᠨ ᠠᠵᠤ ᠦᠢᠯᠡᠰ᠎ᠦᠨ ᠬᠦᠷᠢᠶᠡᠯᠡᠩ᠎ᠢ ᠫᠠᠢᠰᠠ ᠡᠯᠭᠦᠨ ᠪᠠᠢᠭᠤᠯᠵᠤ᠂ ᠲᠥᠷᠥᠯ ᠵᠦᠢᠯ᠎ᠢ ᠬᠡᠷᠡᠭᠵᠢᠬᠦᠯᠵᠤ ᠪᠠᠢᠨ᠎ᠠ᠃ ᠪᠤᠭᠤᠲᠤ ᠬᠤᠲᠠ᠂ ᠣᠷᠳᠣᠰ ᠬᠤᠲᠠ ᠡᠨᠧᠷᠭᠢ᠂ ᠰᠢᠨ᠎ᠡ ᠮᠠᠲᠧᠷᠢᠶᠠᠯ᠂ ᠲᠣᠨᠣᠭ ᠲᠥᠬᠦᠭᠡᠷᠦᠮᠵᠢ ᠦᠢᠯᠡᠳᠬᠦ ᠵᠡᠷᠭᠡ ᠳᠠᠪᠠᠭᠤᠯᠢᠭ᠋᠎ᠲᠠᠭᠠᠨ ᠲᠦᠰᠢᠭᠯᠡᠨ᠂ ᠵᠢᠯᠣᠭᠣᠴᠢ ᠦᠭᠡᠢ ᠮᠠᠰᠢᠨ᠎ᠤ ᠪᠦᠬᠦᠯᠢ ᠮᠠᠰᠢᠨ ᠵᠢᠴᠢ ᠵᠠᠩᠭᠢᠯᠠᠭ᠎ᠠ᠎ᠶᠢᠨ ᠰᠡᠯᠪᠢᠭ ᠲᠣᠨᠣᠭ ᠦᠢᠯᠡᠳᠪᠦᠷᠢᠯᠡᠬᠦ᠎ᠶᠢ ᠭᠣᠣᠯᠳᠠᠯᠭ᠎ᠠ᠎ᠲᠠᠢ ᠬᠥᠭᠵᠢᠭᠦᠯᠵᠤ ᠪᠤᠢ᠃ ᠬᠥᠯᠥᠨ ᠪᠣᠶ᠋ᠢᠷ᠂ ᠰᠢᠯᠢ᠎ᠶᠢᠨ ᠭᠣᠣᠯ᠂ ᠠᠯᠠᠱᠠ ᠪᠠᠢᠭᠠᠯᠢ᠎ᠶᠢᠨ ᠨᠥᠬᠥᠴᠡᠯ᠎ᠦᠨ ᠳᠠᠪᠠᠭᠤᠯᠢᠭ᠋᠎ᠲᠠᠭᠠᠨ ᠲᠦᠰᠢᠭᠯᠡᠨ᠂ ᠠᠭᠠᠷ᠎ᠤᠨ ᠨᠢᠰᠦᠭᠦᠷ᠎ᠦᠨ ᠲᠤᠷᠰᠢᠨ ᠨᠢᠰᠬᠦ ᠪᠠᠢᠭᠠᠯᠢ᠎ᠶᠢᠨ ᠲᠤᠷᠰᠢᠯᠲᠠ᠎ᠶᠢᠨ ᠲᠠᠯᠠᠪᠠᠶ ᠪᠣᠯᠵᠤ᠂ ᠣᠯᠠᠨ ᠠᠵᠤ ᠠᠬᠤᠢᠯᠠᠯ᠎ᠢ ᠤᠷᠤᠭᠤᠯᠤᠨ ᠠᠪᠴᠢᠷᠠᠵᠤ ᠨᠢᠰᠦᠯᠲᠡ᠎ᠶᠢᠨ ᠬᠢᠨᠠᠨ ᠰᠢᠯᠭᠠᠯᠲᠠ ᠪᠠ ᠰᠢᠯᠭᠠᠨ ᠪᠠᠲᠤᠯᠠᠬᠤ ᠠᠵᠢᠯ᠎ᠢ᠎ᠦᠷᠨᠢᠭᠦᠯᠪᠡ᠃ ᠥᠪᠥᠷ ᠮᠣᠩᠭᠣᠯ ᠪᠠᠰᠠ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠵᠤ ᠤᠢᠷ᠎ᠠ ᠤᠭᠲᠠᠷᠭᠤᠢ᠎ᠵᠢᠨ ᠠᠵᠤ ᠠᠬᠤᠢ᠎ᠶᠢᠨ ᠭᠣᠣᠯᠯᠠᠬᠤ ᠥᠷᠢᠰᠦᠯᠳᠦᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠡᠨᠡ ᠵᠢᠯ᠂ ᠪᠦᠬᠦ ᠣᠷᠣᠨ᠎ᠤ ᠠᠩᠬᠠᠳᠠᠭ᠍ᠴᠢ ᠤᠢᠷ᠎ᠠ ᠤᠭᠲᠠᠷᠭᠤᠢ᠎ᠵᠢᠨ ᠠᠵᠤ ᠠᠬᠤᠢ᠎ᠶᠢᠨ ᠠᠺᠠᠳᠧᠮᠢᠴᠢ᠎ᠶᠢᠨ ᠠᠵᠢᠯᠯᠠᠬᠤ ᠦᠷᠳᠡᠭᠡ ᠬᠥᠬᠡᠬᠣᠲᠠ᠎ᠳᠤ ᠨᠤᠲᠤᠭᠰᠢᠵᠤ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ᠎ᠤ ᠬᠠᠮᠵᠢᠯᠴᠠᠨ ᠰᠢᠨ᠎ᠡ᠎ᠶᠢ ᠡᠭᠦᠳᠬᠦ ᠰᠢᠰᠲ᠋ᠸᠮ ᠲᠦᠷᠭᠡᠨ ᠪᠦᠷᠢᠯᠳᠦᠪᠡ᠃

ᠰᠢᠨ᠎ᠡ᠎ᠪᠡᠷ ᠮᠠᠨᠳᠤᠭᠰᠠᠨ ᠠᠵᠤ ᠦᠢᠯᠡᠰ ᠲᠦᠷᠭᠡᠨ ᠬᠥᠭᠵᠢᠵᠦ᠂ ᠤᠯᠠᠮᠵᠢᠯᠠᠯᠲᠤ ᠠᠵᠤ ᠦᠢᠯᠡᠰ ᠲᠦᠷᠭᠡᠨ ᠵᠢᠡᠷ ᠬᠡᠯᠪᠡᠷᠢ᠎ᠪᠡᠨ ᠬᠤᠪᠢᠷᠠᠭᠤᠯᠪᠠ᠃ ᠡᠯ᠎ᠡ ᠭᠠᠵᠠᠷ᠎ᠤᠨ ᠬᠢᠨ ᠬᠡᠯᠬᠢᠶ᠎ᠡ᠎ᠶᠢ ᠤᠷᠲᠤᠳᠬᠠᠬᠤ ᠬᠡᠯᠬᠢᠶ᠎ᠡ᠎ᠶᠢ ᠨᠥᠬᠥᠪᠦᠷᠢᠯᠡᠬᠦ ᠬᠡᠯᠬᠢᠶ᠎ᠡ᠎ᠶᠢ ᠬᠦᠴᠦᠷᠬᠡᠭᠵᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠡᠬᠢ ᠪᠠᠶᠠᠯᠢᠭ᠋᠎ᠤᠨ ᠳᠠᠪᠠᠭᠤᠯᠢᠭ᠋᠎ᠢ ᠠᠵᠤ ᠦᠢᠯᠡᠰ᠎ᠦᠨ ᠳᠠᠪᠠᠭᠤᠯᠢᠭ᠋ ᠪᠣᠯᠭᠠᠨ ᠬᠤᠪᠢᠷᠠᠭᠤᠯᠬᠤ᠎ᠶᠢ ᠠᠬᠢᠭᠤᠯᠪᠠ᠃

ᠰᠢᠨ᠎ᠡ ᠤᠷᠤᠯᠳᠤᠭᠠᠨ᠎ᠤ ᠵᠠᠮ ᠲᠦᠷᠭᠡᠨ ᠵᠢᠡᠷ ᠬᠥᠭᠵᠢᠵᠦ᠂ ᠰᠢᠨ᠎ᠡ ᠬᠥᠳᠡᠯᠭᠡᠬᠦ ᠡᠨᠧᠷᠭᠢ ᠦᠷᠭᠦᠯᠵᠢᠯᠡᠨ ᠬᠤᠷᠠᠮᠳᠤᠪᠠ᠃ ᠡᠨᠡ ᠨᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠦᠭᠰᠡᠨ ᠡᠴᠡ ᠰᠠᠯᠵᠤ ᠴᠢᠳᠠᠬᠤ ᠦᠭᠡᠢ᠃ 2026 ᠣᠨ ᠪᠣᠯ ᠥᠪᠥᠷ ᠮᠣᠩᠭᠣᠯ᠎ᠤᠨ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭᠰᠢᠯᠡᠭᠦᠯᠬᠦ ᠣᠨ》 ᠪᠣᠯᠣᠨ᠎ᠠ᠂ ᠥᠪᠥᠷ ᠮᠣᠩᠭᠣᠯ ᠴᠢᠬᠤᠯᠠ ᠶᠡᠬᠡ ᠲᠥᠷᠥᠯ ᠵᠦᠢᠯ᠎ᠦᠨ ᠨᠠᠷᠢᠨ ᠲᠠᠩᠰᠠᠴᠢᠯᠠᠭᠰᠠᠨ ᠬᠠᠮᠢᠶᠠᠷᠤᠯᠲᠠ᠂ ᠲᠤᠰᠬᠠᠢ ᠠᠩᠭᠢ ᠬᠣᠯᠪᠤᠭᠠᠯᠠᠨ ᠳᠠᠭᠠᠭᠠᠴᠢᠯᠠᠵᠤ ᠠᠬᠢᠭᠤᠯᠬᠤ ᠲᠣᠭᠲᠠᠴᠠ᠎ᠶᠢ ᠪᠦᠷᠢᠨᠰᠢᠭᠦᠯᠵᠦ᠂ ᠴᠢᠬᠤᠯᠠ ᠡᠯᠧᠮᠧᠨ᠋ᠲ᠎ᠢ ᠪᠠᠲᠤᠯᠠᠬᠤ ᠪᠠ ᠲᠣᠬᠢᠷᠠᠭᠤᠯᠤᠯᠲᠠ ᠬᠢᠬᠦ᠎ᠶᠢ ᠰᠢᠯᠢᠳᠡᠭᠵᠢᠭᠦᠯᠦᠨ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠥᠷᠥᠯ ᠵᠦᠢᠯ᠎ᠳᠦ ᠭᠠᠵᠠᠷ ᠰᠢᠷᠣᠢ᠂ ᠡᠨᠧᠷᠭᠢ᠎ᠶᠢᠨ ᠬᠣᠷᠣᠭᠳᠠᠯ᠂ ᠴᠠᠬᠢᠯᠭᠠᠨ ᠬᠦᠴᠦᠨ᠎ᠦ ᠭᠦᠢᠴᠡᠳᠬᠡᠯ ᠲᠣᠭ᠎ᠠ᠎ᠶᠢ ᠤᠷᠢᠳ᠎ᠢᠶᠠᠷ ᠬᠠᠩᠭᠠᠪᠠ᠃ ᠡᠭᠦᠨ᠎ᠦ ᠬᠠᠮᠲᠤ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠠᠷᠭ᠎ᠠ ᠵᠠᠮ᠎ᠢ ᠦᠷᠭᠦᠯᠵᠢᠯᠡᠨ ᠥᠷᠭᠡᠳᠬᠡᠵᠦ᠂ ᠠᠷᠠᠳ᠎ᠤᠨ ᠪᠡᠯᠡ ᠣᠷᠣᠭᠤᠯᠤᠯᠲᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠂ ᠪᠡᠭᠡᠵᠢᠩ ᠥᠪᠥᠷ ᠮᠣᠩᠭᠣᠯ᠎ᠤᠨ ᠠᠵᠤ ᠦᠢᠯᠡᠰ᠎ᠦᠨ ᠬᠠᠮᠵᠢᠯᠴᠠᠭ᠎ᠠ᠎ᠶᠢ ᠭᠦᠨᠵᠡᠭᠡᠢᠷᠡᠭᠦᠯᠵᠦ᠂ 《ᠨᠥᠭᠡᠴᠡᠯᠡᠬᠦ᠂ ᠠᠵᠢᠯ ᠡᠬᠢᠯᠡᠭᠦᠯᠬᠦ᠂ ᠪᠦᠲᠦᠭᠡᠨ ᠪᠠᠶ᠋ᠢᠭᠤᠯᠬᠤ᠂ ᠠᠰᠢᠭ᠍ᠯᠠᠯᠲᠠ᠎ᠳᠤ ᠣᠷᠣᠭᠤᠯᠬᠤ》 ᠲᠠᠯ᠎ᠠ ᠪᠡᠷ ᠦᠷᠭᠦᠯᠵᠢᠯᠡᠨ ᠬᠥᠭᠵᠢᠭᠰᠡᠨ ᠰᠠᠢᠨ ᠰᠠᠢᠬᠠᠨ ᠪᠠᠢᠳᠠᠯ᠎ᠢ ᠪᠣᠶ ᠪᠣᠯᠭᠠᠪᠠ᠃

ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠄ 《ᠡᠨᠡ ᠵᠢᠯ ᠥᠪᠥᠷ ᠮᠣᠩᠭᠣᠯ 3522 ᠴᠢᠬᠤᠯᠠ ᠶᠡᠬᠡ ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠢ ᠬᠡᠷᠡᠭᠵᠢᠭᠦᠯᠬᠦ᠎ᠪᠡᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 3.1 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠵᠢᠯ᠎ᠤᠨ ᠪᠦᠲᠦᠭᠡᠨ ᠪᠠᠢᠭᠤᠯᠤᠯᠲᠠ᠎ᠶᠢᠨ ᠪᠡᠯᠡ ᠣᠷᠣᠭᠤᠯᠤᠯᠲᠠ ᠵᠢ 9613 ᠳ᠋ᠦᠩᠰᠢᠭᠤᠷ ᠲᠥᠭᠥᠷᠢᠭ᠎ᠲᠦ ᠬᠦᠷᠭᠡᠬᠦ᠎ᠪᠡᠷ ᠲᠥᠯᠥᠪᠯᠡᠵᠦ ᠪᠣᠶ᠃ 10 ᠰᠠᠷ᠎ᠠ᠎ᠶᠢᠨ ᠳᠤᠮᠳᠠᠴᠢ ᠪᠣᠯᠲᠠᠯ᠎ᠠ᠂ ᠥᠪᠥᠷ ᠮᠣᠩᠭᠣᠯ᠎ᠤᠨ ᠴᠢᠬᠤᠯᠠ ᠶᠡᠬᠡ ᠲᠥᠷᠥᠯ ᠵᠦᠢᠯ᠎ᠦᠨ ᠪᠠᠷᠢᠯᠭ᠎ᠠ ᠡᠬᠢᠯᠡᠭᠦᠯᠵᠦ ᠰᠡᠷᠭᠦᠭᠡᠭᠰᠡᠨ ᠨᠣᠷᠮ᠎ᠠ 99% ᠎ᠳ᠋ᠤ᠌ ᠬᠦᠷᠴᠦ᠂ ᠡᠨᠡ ᠵᠢᠯ ᠨᠢᠭᠡᠨᠲᠡ 8108 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠪᠡ》 ᠭᠡᠵᠦ ᠲᠠᠨᠢᠯᠴᠠᠭᠤᠯᠪᠠ᠃

ᠪᠡᠯᠡ ᠣᠷᠣᠭᠤᠯᠤᠯᠲᠠ᠎ᠶᠢᠨ ᠬᠤᠪᠢᠷᠠᠯᠲᠠ᠎ᠪᠠᠷ ᠠᠵᠤ ᠦᠢᠯᠡᠰ᠎ᠦᠨ ᠰᠢᠨ᠎ᠡ ᠪᠠᠢᠳᠠᠯ᠎ᠢ ᠪᠣᠶ ᠪᠣᠯᠭᠠᠵᠤ᠂ ᠲᠥᠷᠥᠯ ᠵᠦᠢᠯ᠎ᠢ ᠠᠬᠢᠭᠤᠯᠬᠤ᠎ᠪᠠᠷ ᠬᠥᠭᠵᠢᠯᠲᠡ᠎ᠶᠢᠨ ᠬᠠᠨᠳᠤᠰᠢ ᠪᠠᠢᠳᠠᠯ᠎ᠢ ᠬᠥᠭᠵᠢᠭᠡᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠥᠪᠥᠷ ᠮᠣᠩᠭᠣᠯ ᠶᠠᠭ ᠦᠷᠭᠦᠯᠵᠢᠯᠡᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠂ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ ᠣᠨᠢᠨ ᠲᠡᠬᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠦᠨ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠵᠤ᠂ ᠴᠢᠨᠠᠷ ᠰᠠᠢᠲᠠᠢ ᠪᠦᠲᠦᠮᠵᠢᠲᠡᠶ ᠪᠡᠯᠡ ᠣᠷᠣᠭᠤᠯᠤᠯᠲᠠ᠎ᠪᠠᠷ ᠪᠥᠬᠥ ᠣᠷᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ ᠪᠣᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面