2026-11-17 10:10:00
11 ᠰᠠᠷ᠎ᠠ᠎ᠶᠢᠨ 16 ᠤ᠋ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠷᠧᠯᠢᠺᠠ· ᠼᠸᠢᠶᠠᠨᠤᠸᠢᠴᠢ᠂ ᠳ᠋ᠸᠢᠢᠨᠢᠰ· ᠪᠸᠢᠢᠴᠢᠯᠦ᠋ᠸᠸᠸᠢᠴᠢ᠂ ᠳ᠋ᠠᠯᠢᠶᠠᠨᠠ· ᠹᠸᠢᠢᠯᠢᠪᠸᠸᠢᠴᠢ ᠳ᠋ᠤ ᠴᠠᠬᠢᠯᠭᠠᠨ ᠴᠢᠮᠡᠭᠡ ᠶᠠᠪᠤᠭᠤᠯᠵᠤ᠂ ᠲᠡᠳᠡᠨ᠎ᠦ ᠫᠤᠰᠨᠢᠶ᠎ᠠ ᠪᠠ ᠾᠸᠷᠽᠸᠭᠤᠸᠢᠨᠠ ᠵᠢᠨ ᠲᠡᠷᠢᠭᠦᠯᠡᠭᠴᠢᠳ᠎ᠦᠨ ᠪᠦᠯᠬᠦᠮ᠎ᠦᠨ ᠪᠦᠷᠢᠯᠳᠦᠭᠦᠨ᠎ᠦ ᠲᠤᠰᠢᠶᠠᠯ᠎ᠳᠤ ᠭᠠᠷᠤᠭᠰᠠᠨ᠎ᠳᠤ ᠪᠠᠶᠠᠷ ᠬᠦᠷᠭᠡᠪᠡ᠃
ᠰᠢ ᠵᠢᠨ ᠫᠢᠩ᠂ ᠫᠤᠰᠨᠢᠶ᠎ᠠ ᠪᠠ ᠾᠸᠷᠽᠸᠭᠤᠸᠢᠨᠠ ᠪᠣᠯ ᠳᠤᠮᠳᠠᠳᠤ ᠤᠯᠤᠰ᠎ᠤᠨ ᠵᠡᠭᠦᠨ ᠡᠮᠦᠨᠡᠲᠦ ᠡᠸᠦ᠋ᠷᠦᠫᠡ ᠣᠷᠣᠨ ᠤ᠋ ᠴᠢᠬᠤᠯᠠ ᠬᠠᠮᠲᠤᠷᠠᠯᠴᠠᠭᠠᠨ᠎ᠤ ᠬᠠᠨᠢᠲᠠᠨ ᠮᠥᠨ᠃ ᠣᠢᠷ᠎ᠠ᠎ᠶᠢᠨ ᠵᠢᠯ᠎ᠡᠴᠡ ᠬᠣᠶᠠᠷ ᠤᠯᠤᠰ᠎ᠤᠨ ᠬᠠᠷᠢᠯᠴᠠᠭ᠎ᠠ ᠲᠣᠭᠲᠠᠭᠤᠨ ᠪᠥᠭᠡᠳ ᠡᠷᠡᠭᠦᠯ᠎ᠢᠶᠡᠷ ᠬᠥᠭᠵᠢᠵᠦ᠂ ᠤᠯᠤᠰ ᠲᠦᠷᠦ᠎ᠶᠢᠨ ᠢᠲᠡᠭᠡᠯᠴᠡᠭᠡ ᠡᠳᠦᠷ ᠢᠷᠡᠬᠦᠶ᠎ᠡ ᠪᠡᠬᠢᠵᠢᠵᠦ᠂ ᠡᠯ᠎ᠡ ᠬᠦᠷᠢᠶᠡᠨ᠎ᠦ ᠬᠠᠮᠲᠤᠷᠠᠯᠴᠠᠭ᠎ᠠ ᠳᠤ ᠡᠯᠪᠡᠭ ᠦᠷ᠎ᠡ ᠪᠦᠲᠦᠭᠡᠯ ᠣᠯᠪᠠ᠃ ᠪᠢ ᠳᠤᠮᠳᠠᠳᠤ ᠤᠯᠤᠰ ᠪᠤᠯᠤᠨ ᠫᠤᠰᠨᠢᠶ᠎ᠠ ᠪᠠ ᠾᠸᠷᠽᠸᠭᠤᠸᠢᠨᠠ ᠵᠢᠨ ᠬᠠᠷᠢᠯᠴᠠᠭᠠᠨ᠎ᠤ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠲᠡᠷᠢᠭᠦᠯᠡᠭᠴᠢᠳ᠎ᠦᠨ ᠪᠦᠯᠬᠦᠮ᠎ᠦᠨ ᠪᠦᠷᠢᠯᠳᠦᠭᠦᠨ ᠨᠠᠷ᠎ᠲᠠᠢ ᠬᠠᠮᠲᠤ᠎ᠪᠠᠷ ᠴᠢᠷᠮᠠᠢᠵᠤ᠂ ᠬᠣᠶᠠᠷ ᠤᠯᠤᠰ᠎ᠤᠨ ᠤᠯᠠᠮᠵᠢᠯᠠᠯᠲᠤ ᠨᠥᠬᠥᠷᠯᠡᠯ ᠪᠣᠯᠣᠨ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠬᠣᠶᠠᠷ ᠲᠠᠯ᠎ᠠ᠎ᠶᠢᠨ ᠬᠠᠷᠢᠯᠴᠠᠭ᠎ᠠ ᠵᠢ ᠬᠦᠳᠦᠯᠦᠨ ᠳᠠᠭᠠᠭᠤᠯᠵᠤ ᠨᠡᠩ ᠥᠨᠳᠥᠷ ᠲᠦᠪᠰᠢᠨ᠎ᠳᠦ ᠬᠦᠷᠭᠡᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 16 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃