ᠲᠡᠷᠢᠭᠦᠨ ᠨᠢᠭᠤᠷ - ᠲᠡᠷᠢᠭᠦᠨ ᠮᠡᠳᠡᠭᠡ

2026-11-17 10:10:31

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠼᠠᠢ ᠴᠢ ᠪᠠᠷ᠎ᠠ ᠪᠣᠯᠵᠤ ᠰᠢᠨᠵᠢᠯᠡᠨ ᠪᠠᠢᠴᠠᠭᠠᠪᠠ


ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ 16 ᠤ᠋ ᠡᠳᠦᠷ ᠭᠤᠸᠠᠩᠳᠦ᠋ᠩ ᠮᠤᠵᠢ᠎ᠶᠢᠨ ᠵᠦᠩᠱᠠᠨ ᠬᠣᠲᠠ᠎ᠳᠤ ᠰᠢᠨᠵᠢᠯᠡᠨ ᠪᠠᠢᠴᠠᠭᠠᠬᠤ᠎ᠳᠠᠭᠠᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠥᠬᠥᠳᠡ ᠬᠤᠷᠠᠯ ᠡᠴᠡ ᠲᠣᠭᠲᠠᠭᠠᠭᠰᠠᠨ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠵᠤ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠵᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠰᠢᠨ᠎ᠡ ᠦᠷ᠎ᠡ ᠪᠦᠲᠦᠮᠵᠢ ᠪᠡᠷ ᠵᠦᠵᠢᠶᠠᠩ ᠮᠥᠷᠡᠨ᠎ᠦ ᠵᠡᠭᠦᠨ ᠪᠠᠷᠠᠭᠤᠨ ᠬᠣᠶᠠᠷ ᠬᠦᠪᠡᠭᠡ ᠵᠢᠨ ᠠᠭᠤᠰᠤᠯᠴᠠᠨ ᠬᠥᠭᠵᠢᠬᠦ᠎ᠶᠢ ᠨᠠᠩ ᠰᠠᠢᠲᠤᠷ ᠠᠬᠢᠭᠤᠯᠵᠤ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠪᠠᠢᠳᠠᠯ᠎ᠢ ᠴᠢᠷᠮᠠᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃



11 ᠰᠠᠷ᠎ᠠ ᠵᠢᠨ16 ᠤ᠋ ᠡᠳᠤᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠭᠤᠸᠠᠨᠭᠳᠦ᠋ᠩ ᠮᠤᠵᠢ ᠵᠢᠨ ᠵᠦᠨᠭᠱᠠᠨ ᠬᠤᠳᠠ ᠳ᠋ᠤ ᠰᠢᠨᠵᠢᠯᠡᠨ ᠪᠠᠢᠴᠠᠭᠠᠪᠠ᠃ ᠵᠢᠷᠤᠭ ᠪᠤᠯ ᠰᠢ ᠵᠢᠨ ᠫᠢᠩ ᠪᠤᠯᠤᠩ᠎ᠤᠨ ᠣᠷᠣᠨ᠎ᠤ ᠢᠷᠡᠭᠡᠳᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠳᠠ᠎ᠳᠤ ᠰᠢᠨᠵᠢᠯᠡᠨ ᠪᠠᠢᠴᠠᠭᠠᠬᠤ ᠳ᠋ᠠᠭᠠᠨ᠂ ᠲᠤᠬᠠᠢ ᠵᠢᠨ ᠲᠠᠯᠠᠪᠠᠢ ᠳ᠋ᠡᠬᠢ ᠳᠤᠮᠳᠠ ᠪᠠᠭ᠎ᠠ ᠠᠵᠤ ᠠᠬᠤᠢᠯᠠᠯ᠎ᠤᠨ ᠬᠠᠷᠢᠭᠤᠴᠠᠯᠭᠠᠲᠠᠨ ᠪᠣᠯᠣᠨ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ᠎ᠦᠨ ᠠᠵᠢᠯᠲᠠᠨ᠎ᠤ ᠲᠥᠯᠥᠭᠡᠯᠡᠭᠴᠢᠳ ᠲᠠᠢ ᠳᠤᠳᠤᠨᠤ ᠪᠡᠷ ᠰᠠᠨᠠᠯ ᠵᠢᠡᠨ ᠰᠤᠯᠢᠯᠴᠠᠵᠤ ᠪᠠᠢᠭ᠎ᠠ ᠨᠢ᠃

       ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠶᠠᠨ ᠶᠠᠨ ᠰᠡᠬᠦᠳᠡᠷᠯᠡᠪᠡ



11 ᠰᠠᠷ᠎ᠠ ᠵᠢᠨ16 ᠤ᠋ ᠡᠳᠤᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠭᠤᠸᠠᠨᠭᠳᠦ᠋ᠩ ᠮᠤᠵᠢ ᠵᠢᠨ ᠵᠦᠨᠭᠱᠠᠨ ᠬᠤᠳᠠ ᠳ᠋ᠤ ᠰᠢᠨᠵᠢᠯᠡᠨ ᠪᠠᠢᠴᠠᠭᠠᠪᠠ᠃ ᠵᠢᠷᠤᠭ ᠪᠤᠯ  ᠰᠢ ᠵᠢᠨ ᠫᠢᠩ ᠰᠦᠨ ᠵᠦᠩ ᠱᠠᠨ᠎ᠤ ᠬᠠᠭᠤᠴᠢᠨ ᠰᠠᠭᠤᠴᠠ᠎ᠶᠢᠨ ᠳᠤᠷᠠᠰᠬᠠᠯ᠎ᠤᠨ ᠣᠷᠳᠣᠨ᠎ᠳᠤ 《ᠳᠤᠮᠳᠠᠳᠤ ᠤᠯᠤᠰ᠎ᠤᠨ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠬᠣᠰᠢᠭᠤᠴᠢ — ᠰᠦᠨ ᠵᠦᠩ ᠱᠠᠨ》 ᠤ᠋ ᠦᠵᠡᠭᠦᠯᠭᠡ᠎ᠶᠢ ᠲᠣᠭᠣᠷᠢᠨ ᠦᠵᠡᠵᠤ ᠪᠠᠢᠭ᠎ᠠ ᠨᠢ ᠃ 

     ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠶᠠᠨ ᠶᠠᠨ ᠰᠡᠬᠦᠳᠡᠷᠯᠡᠪᠡ


16 ᠤ᠋ ᠦᠳᠡ᠎ᠶᠢᠨ ᠡᠮᠦᠨ᠎ᠡ᠂ ᠰᠢ ᠵᠢᠨ ᠫᠢᠩ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠭᠤᠸᠠᠩᠳᠦ᠋ᠩ ᠮᠤᠵᠢ᠎ᠶᠢᠨ ᠨᠠᠮ᠎ᠤᠨ ᠬᠣᠷᠢᠶ᠎ᠠ ᠵᠢᠨ ᠱᠦᠵᠢ ᠬᠤᠸᠠᠩ ᠺᠦᠨ ᠮᠢᠩ ᠪᠣᠯᠣᠨ ᠮᠤᠵᠢ᠎ᠶᠢᠨ ᠳᠠᠷᠤᠭ᠎ᠠ ᠮᠧᠩ ᠹᠠᠨ ᠯᠢ᠎ᠶᠢᠨ ᠪᠠᠷ᠎ᠠ ᠪᠤᠯᠤᠯᠭ᠎ᠠ᠎ᠲᠠᠢ᠎ᠪᠠᠷ ᠵᠦᠩᠱᠠᠨ ᠬᠤᠳᠠ᠎ᠳᠤ ᠬᠦᠷᠴᠤ ᠰᠢᠨᠵᠢᠯᠡᠨ ᠪᠠᠢᠴᠠᠭᠠᠪᠠ᠃

ᠱᠧᠨᠵᠧᠨ᠎ᠡᠴᠡ ᠵᠦᠩᠱᠠᠨ ᠬᠦᠷᠬᠦ ᠵᠠᠮ ᠨᠢ ᠵᠡᠭᠦᠨ ᠡᠴᠡ ᠱᠧᠨᠵᠧᠨ᠎ᠡᠴᠡ ᠡᠬᠢᠯᠡᠵᠦ᠂ ᠪᠠᠷᠠᠭᠤᠨᠰᠢ ᠵᠦᠩᠱᠠᠨ ᠪᠣᠯᠣᠨ ᠭᠤᠸᠠᠩᠵᠧᠦ᠎ᠶᠢᠨ ᠨᠠᠨᠱᠠ᠎ᠲᠠᠢ ᠬᠤᠯᠪᠤᠯᠳᠤᠵᠤ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠴᠢᠬᠤᠯᠠ ᠵᠠᠮ ᠬᠠᠷᠢᠯᠴᠠᠭᠠᠨ᠎ᠤ ᠬᠦᠢᠰᠦ ᠪᠣᠯᠣᠨ᠎ᠠ᠃ ᠰᠢ ᠵᠢᠨ ᠫᠢᠩ ᠱᠧᠨᠵᠧᠨ᠎ᠡᠴᠡ ᠵᠦᠩᠱᠠᠨ ᠬᠦᠷᠬᠦ ᠵᠠᠮ᠎ᠤᠨ ᠪᠠᠷᠠᠭᠤᠨᠳᠡᠬᠢ ᠵᠣᠬᠢᠶᠠᠮᠠᠯ ᠠᠷᠠᠯ᠎ᠳᠤ ᠬᠦᠷᠴᠦ᠂ ᠲᠠᠪᠴᠠᠩ᠎ᠳᠤ ᠭᠠᠷᠴᠤ ᠪᠠᠷᠠᠯᠠᠨ᠂ ᠵᠠᠮ᠎ᠤᠨ ᠪᠦᠲᠦᠭᠡᠨ ᠪᠠᠢᠭᠤᠯᠤᠯᠲᠠ ᠡᠵᠡᠩᠨᠡᠯᠲᠡ᠎ᠶᠢᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠣᠢᠯᠠᠭᠠᠪᠠ᠃ ᠲᠡᠷᠡ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠢ ᠪᠦᠲᠦᠭᠡᠨ ᠪᠠᠶ᠋ᠢᠭᠤᠯᠬᠤ᠎ᠳᠤ ᠡᠩ ᠲᠡᠷᠢᠭᠦᠨ᠎ᠳᠦ ᠵᠠᠮ ᠬᠠᠷᠢᠯᠴᠠᠭ᠎ᠠ᠎ᠶᠢᠨ ᠨᠢᠭᠡ ᠴᠣᠭᠴᠠᠵᠢᠭᠤᠯᠤᠯᠳᠠ᠎ᠶᠢ ᠠᠬᠢᠭᠤᠯᠬᠤ ᠬᠡᠷᠡᠭᠲᠡᠢ᠃ ᠱᠧᠨᠵᠧᠨ᠎ᠡᠴᠡ ᠵᠦᠩᠱᠠᠨ ᠬᠦᠷᠬᠦ ᠵᠠᠮ ᠨᠢ ᠵᠦᠵᠢᠶᠠᠩ ᠮᠥᠷᠡᠨ᠎ᠦ ᠵᠡᠭᠦᠨ ᠪᠠᠷᠠᠭᠤᠨ ᠬᠣᠶᠠᠷ ᠬᠥᠪᠡᠭᠡ ᠵᠢᠨ ᠠᠭᠤᠰᠤᠯᠴᠠᠨ ᠬᠥᠭᠵᠢᠬᠦ᠎ᠶᠢ ᠠᠬᠢᠭᠤᠯᠬᠤ᠎ᠳᠤ ᠵᠠᠮ ᠨᠡᠭᠡᠭᠡᠬᠦ ᠬᠣᠰᠢᠭᠤᠴᠢ ᠵᠢᠨ ᠦᠢᠯᠡᠳᠦᠯ ᠢ᠋ ᠪᠠᠳᠠᠷᠠᠭᠤᠯᠵᠤ᠂ ᠡᠨᠡ ᠬᠦ᠌ ᠬᠡᠳᠦ ᠲᠣᠮᠣ᠌ ᠬᠡᠯᠪᠡᠷᠢ ᠵᠢᠨ ᠵᠠᠮ ᠬᠠᠷᠢᠯᠴᠠᠭᠠᠨ᠎ᠤ ᠢᠨᠵᠧᠨᠧᠷᠢᠩ᠎ᠢ ᠤᠯᠠᠮ ᠨᠢᠭᠡ ᠠᠯᠬᠤᠮ ᠰᠠᠢᠲᠤᠷ ᠬᠠᠮᠢᠶᠠᠷᠴᠤ᠂ ᠰᠠᠢᠲᠤᠷ ᠡᠵᠡᠩᠨᠡᠵᠦ᠂ ᠲᠡᠭᠦᠨ᠎ᠢ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠎ᠳᠤ ᠨᠡᠩ ᠰᠠᠢᠲᠤᠷ ᠦᠢᠯᠡᠴᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃

ᠲᠠᠷᠠᠭ᠎ᠠ ᠨᠢ᠂ ᠰᠢ ᠵᠢᠨ ᠫᠢᠩ ᠵᠦᠩᠱᠠᠨ ᠬᠤᠳᠠ᠎ᠶᠢᠨ ᠼᠦᠢ ᠾᠧᠩ ᠰᠢᠨ᠎ᠡ ᠲᠣᠭᠣᠷᠢᠭ᠋᠎ᠲᠤ ᠪᠠᠢᠷᠢᠯᠠᠭ᠎ᠠ ᠪᠤᠯᠤᠩ᠎ᠤᠨ ᠣᠷᠣᠨ᠎ᠤ ᠢᠷᠡᠭᠡᠳᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠳᠠ᠎ᠳᠤ ᠬᠦᠷᠴᠦ᠂ ᠦᠵᠡᠭᠦᠯᠭᠡ ᠵᠢᠨ ᠲᠢᠩᠬᠢᠮ ᠳ᠋ᠤ ᠵᠦᠩᠱᠠᠨ ᠬᠤᠳᠠ᠎ᠶᠢᠨ ᠠᠮᠢᠳᠤ ᠪᠣᠳᠠᠰ᠎ᠤᠨ ᠡᠮ ᠡᠮᠨᠡᠯᠭᠡ᠂ ᠡᠯᠧᠺᠲᠷᠣᠨ ᠮᠡᠳᠡᠭᠡ ᠵᠠᠩᠭᠢ᠂ ᠳᠡᠭᠡᠳᠦ ᠲᠡᠰ᠎ᠤᠨ ᠲᠣᠨᠣᠭᠯᠠᠯ ᠵᠡᠷᠭᠡ ᠤᠳᠤ ᠦᠶ᠎ᠡ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠦᠷ᠎ᠡ ᠪᠦᠲᠦᠭᠡᠯ ᠵᠢᠴᠢ ᠭᠡᠷ᠎ᠦᠨ ᠬᠡᠷᠡᠭᠰᠡᠯ ᠵᠡᠷᠭᠡ ᠤᠯᠠᠮᠵᠢᠯᠠᠯᠲᠤ ᠠᠵᠤ ᠦᠢᠯᠡᠰ᠎ᠦᠨ ᠦᠢᠯᠡᠳᠬᠦᠨ᠎ᠦ ᠦᠵᠡᠭᠦᠯᠭᠡ᠎ᠶᠢ ᠪᠠᠢᠴᠠᠭᠠᠨ ᠦᠵᠡᠵᠦ᠂ ᠲᠤᠬᠠᠢ᠎ᠶᠢᠨ ᠭᠠᠵᠠᠷ᠎ᠤᠨ ᠠᠵᠤ ᠦᠢᠯᠡᠰ᠎ᠦᠨ ᠰᠢᠯᠵᠢᠯᠲᠡ᠎ᠶᠢ ᠬᠦᠯᠢᠶᠡᠨ ᠠᠪᠬᠤ᠂ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ᠎ᠶᠢ ᠠᠬᠢᠭᠤᠯᠬᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠬᠥᠭᠵᠢᠭᠦᠯᠬᠦ ᠵᠡᠷᠭᠡ ᠪᠠᠢᠳᠠᠯ᠎ᠢ ᠣᠢᠯᠠᠭᠠᠵᠤ᠂ ᠬᠣᠯᠪᠣᠭᠳᠠᠯ ᠪᠦᠬᠦᠢ ᠰᠢᠨ᠎ᠡ᠎ᠶᠢ ᠡᠭᠦᠳᠦᠭᠰᠡᠨ ᠦᠢᠯᠡᠳᠬᠦᠨ᠎ᠦ ᠴᠢᠳᠠᠪᠬᠢ᠎ᠶᠢᠨ ᠣᠨᠴᠠᠯᠢᠭ᠋ ᠪᠣᠯᠣᠨ ᠵᠠᠬ᠎ᠠ ᠳᠡᠯᠭᠡᠭᠦᠷ᠎ᠦᠨ ᠢᠷᠡᠭᠡᠳᠦᠢ᠎ᠶᠢ ᠯᠠᠪᠯᠠᠨ ᠠᠰᠠᠭᠤᠪᠠ᠃ ᠲᠡᠷᠡ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠢ ᠪᠦᠲᠦᠭᠡᠨ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ ᠡᠴᠡ ᠭᠠᠷᠭᠠᠭᠰᠠᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠪᠣᠯᠣᠨ᠎ᠠ᠂ ᠭᠤᠸᠠᠩᠳᠦ᠋ᠩ ᠴᠢᠬᠤᠯᠠ ᠡᠭᠦᠷᠭᠡ᠎ᠶᠢ ᠡᠭᠦᠷᠭᠡᠯᠡᠵᠦ ᠪᠠᠢᠨ᠎ᠠ᠂ ᠵᠦᠵᠢᠶᠠᠩ ᠮᠥᠷᠡᠨ᠎ᠦ ᠬᠣᠶᠠᠷ ᠬᠥᠪᠡᠭᠡ ᠵᠢᠨ ᠭᠤᠸᠠᠩᠵᠧᠦ᠂ ᠱᠧᠨᠵᠧᠨ᠂ ᠵᠦᠬᠠᠢ᠂ ᠳ᠋ᠦᠩᠭᠤᠸᠠᠨ᠂ ᠵᠥᠩᠱᠠᠨ ᠵᠡᠷᠭᠡ ᠭᠠᠵᠠᠷ᠎ᠤᠨ ᠬᠢᠨ ᠬᠣᠰᠢᠭᠤᠴᠢ ᠵᠢᠨ ᠦᠢᠯᠡᠳᠦᠯ᠎ᠢᠶᠡᠨ ᠪᠠᠳᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ ᠲᠡᠷᠡ ᠵᠦᠩᠱᠠᠨ ᠬᠤᠲᠠ ᠵᠢᠨ ᠬᠢᠨ ᠠᠵᠠ ᠲᠣᠬᠢᠶᠠᠯ᠎ᠢ ᠴᠢᠩᠭ᠎ᠠ ᠠᠳᠬᠤᠵᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠪᠡᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ᠎ᠶᠢ ᠪᠠᠷᠢᠮᠲᠠᠯᠠᠵᠤ᠂ ᠣᠷᠣᠨ ᠪᠦᠰᠡ᠎ᠶᠢᠨ ᠬᠠᠮᠲᠤᠷᠠᠯᠴᠠᠭᠠᠨ᠎ᠤ ᠲᠣᠭᠲᠠᠴᠠ᠎ᠶᠢ ᠪᠦᠷᠢᠨᠰᠢᠭᠦᠯᠵᠦ᠂ ᠬᠤᠳᠠᠯᠳᠤᠭ᠎ᠠ ᠡᠷᠬᠢᠯᠡᠬᠦ ᠰᠢᠯᠢᠳᠡᠭ ᠣᠷᠴᠢᠨ ᠨᠥᠬᠥᠴᠡᠯ᠎ᠢ ᠪᠤᠢ ᠪᠣᠯᠭᠠᠵᠤ᠂ ᠶᠡᠬᠡ ᠬᠦᠴᠦ ᠣᠷᠣᠭᠤᠯᠵᠤ ᠪᠠᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠰᠢᠨ᠎ᠡ ᠠᠯᠬᠤᠮ ᠢ᠋ ᠲᠠᠰᠤᠷᠠᠯᠲᠠ ᠦᠭᠡᠢ ᠠᠯᠬᠤᠬᠤ᠎ᠶᠢ ᠬᠦᠰᠡᠪᠡ᠃

ᠰᠢ ᠵᠢᠨ ᠫᠢᠩ ᠲᠤᠬᠠᠢ᠎ᠶᠢᠨ ᠲᠠᠯᠠᠪᠠᠢ᠎ᠳᠡᠬᠢ ᠳᠤᠮᠳᠠ ᠪᠠᠭ᠎ᠠ ᠠᠵᠤ ᠠᠬᠤᠢᠯᠠᠯ᠎ᠤᠨ ᠬᠠᠷᠢᠭᠤᠴᠠᠯᠭᠠᠲᠠᠨ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ᠎ᠤ ᠲᠥᠯᠥᠭᠡᠯᠡᠭᠴᠢ᠎ᠳᠦ᠂ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ ᠳ᠋ᠤ ᠦᠷᠨᠢᠭᠦᠨ ᠬᠦᠭᠵᠢᠯᠳᠡ ᠵᠢᠨ ᠪᠠᠢᠳᠠᠯ ᠢᠯᠡᠷᠡᠭᠰᠡᠭᠡᠷ ᠪᠠᠢᠨ᠎ᠠ᠃ ᠤᠯᠠᠨ᠎ᠢᠶᠠᠷ᠎ᠢᠶᠠᠨ ᠡᠨᠡ ᠬᠦ᠌ ᠰᠠᠢᠨ ᠰᠠᠢᠬᠠᠨ ᠴᠠᠭ ᠦᠶ᠎ᠡ᠎ᠳᠦ᠂ ᠡᠨᠡ ᠬᠦ᠌ ᠰᠢᠨ᠎ᠡ᠎ᠶᠢ ᠡᠭᠦᠳᠴᠤ ᠦᠢᠯᠡᠰ ᠪᠣᠰᠬᠠᠬᠤ ᠰᠢᠮᠡᠯᠢᠭ ᠬᠥᠷᠥᠰᠥᠨ ᠳᠡᠭᠡᠷ᠎ᠡ ᠠᠵᠢᠯᠯᠠᠵᠤ ᠠᠮᠢᠳᠤᠷᠠᠵᠤ᠎ᠪᠠᠢᠭ᠎ᠠ ᠪᠠᠨ ᠬᠤᠪᠢ ᠲᠠᠬᠢᠨ ᠨᠠᠨᠳᠢᠩᠨᠠᠵᠤ᠂ ᠵᠣᠷᠢᠭ᠍ᠲᠠᠢ᠎ᠪᠠᠷ ᠤᠷᠤᠭᠰᠢᠯᠠᠵᠤ᠂ ᠭᠤᠸᠠᠩᠳᠦ᠋ᠩ᠎ᠦᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠦᠪᠡᠷ ᠢ᠋ ᠪᠠᠨ ᠬᠦᠴᠦᠷᠬᠡᠭᠵᠢᠭᠦᠯᠬᠦ᠎ᠶᠢ ᠪᠡᠶᠡᠯᠡᠭᠦᠯᠬᠦ᠎ᠳᠦ ᠢᠯᠡᠭᠦᠬᠡᠨ ᠬᠤᠪᠢ ᠨᠡᠮᠡᠷᠢ ᠦᠵᠡᠭᠦᠯᠬᠦ᠎ᠪᠡᠷ ᠴᠢᠷᠮᠠᠢᠬᠤ ᠬᠡᠷᠡᠭᠲᠡᠢ ᠬᠡᠵᠦ ᠬᠡᠯᠡᠪᠡ᠃

ᠡᠨᠡ ᠵᠢᠯ ᠪᠣᠯ ᠰᠦᠨ ᠵᠦᠩ ᠱᠠᠨ ᠠᠪᠤᠭᠠᠢ᠎ᠶᠢᠨ ᠮᠡᠨᠳᠦᠯᠡᠭᠰᠡᠨ 160 ᠵᠢᠯ᠎ᠦᠨ ᠤᠢ ᠪᠣᠯᠣᠨ᠎ᠠ᠃ ᠰᠢ ᠵᠢᠨ ᠫᠢᠩ ᠵᠦᠩᠱᠠᠨ ᠬᠤᠳᠠ᠎ᠶᠢᠨ ᠨᠠᠨᠯᠠᠩ ᠵᠡᠭᠡᠯᠢ ᠭᠤᠳᠤᠮᠵᠢ᠎ᠳ᠋ᠤ ᠪᠠᠢᠷᠢᠯᠠᠭ᠎ᠠ ᠰᠦᠨ ᠵᠦᠩ ᠱᠠᠨ᠎ᠤ ᠬᠠᠭᠤᠴᠢᠨ ᠰᠠᠭᠤᠴᠠ᠎ᠶᠢᠨ ᠳᠤᠷᠠᠰᠬᠠᠯ᠎ᠤᠨ ᠣᠷᠳᠣᠨ᠎ᠳᠤ ᠬᠦᠷᠴᠦ᠂ ᠰᠦᠨ ᠵᠦᠩ ᠱᠠᠨ ᠠᠪᠤᠭᠠᠢ᠎ᠶᠢᠨ ᠬᠦᠷᠡᠯ ᠬᠦᠷᠦᠭ᠎ᠲᠦ ᠰᠠᠭᠰᠤᠳᠤ ᠴᠡᠴᠡᠭ ᠬᠦᠷᠭᠡᠵᠦ᠂ 《ᠳᠤᠮᠳᠠᠳᠤ ᠤᠯᠤᠰ᠎ᠤᠨ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠬᠣᠰᠢᠭᠤᠴᠢ — ᠰᠦᠨ ᠵᠦᠩ ᠱᠠᠨ》 ᠤ᠋ ᠦᠵᠡᠭᠦᠯᠭᠡ᠎ᠶᠢ ᠲᠣᠭᠣᠷᠢᠨ ᠦᠵᠡᠵᠦ᠂ ᠬᠠᠭᠤᠴᠢᠨ ᠰᠠᠭᠤᠴᠠ᠎ᠶᠢᠨ ᠬᠠᠮᠠᠭᠠᠯᠠᠯᠲᠠ᠎ᠶᠢᠨ ᠪᠠᠢᠳᠠᠯ᠎ᠢ ᠪᠠᠢᠴᠠᠭᠠᠨ ᠦᠵᠡᠭᠰᠡᠨ ᠪᠥᠭᠡᠳ ᠳᠤᠷᠠᠰᠬᠠᠯ᠎ᠤᠨ ᠣᠷᠳᠣᠨ᠎ᠤ ᠠᠵᠢᠯᠲᠠᠨ᠂ ᠰᠦᠨ ᠵᠦᠩ ᠱᠠᠨ᠎ᠤ ᠨᠢᠭᠡ ᠨᠠᠰᠤ ᠪᠣᠯᠣᠨ ᠦᠵᠡᠯ ᠰᠠᠨᠠᠭᠠᠨ᠎ᠤ ᠰᠤᠳᠤᠯᠭᠠᠨ᠎ᠤ ᠠᠵᠢᠯᠲᠠᠨ᠎ᠤ ᠲᠥᠯᠥᠭᠡᠯᠡᠭᠴᠢ ᠨᠠᠷ᠎ᠲᠠᠢ ᠳᠣᠲᠣᠨᠣ᠌᠎ᠪᠠᠷ ᠶᠠᠷᠢᠯᠴᠠᠪᠠ᠃ ᠰᠢ ᠵᠢᠨ ᠫᠢᠩ᠂ ᠰᠦᠨ ᠵᠦᠩ ᠱᠠᠨ ᠠᠪᠤᠭᠠᠢ ᠦᠨᠳᠦᠰᠦᠲᠡᠨ᠎ᠦ ᠲᠤᠰᠠᠭᠠᠷ ᠲᠣᠭᠲᠠᠨᠢᠯ᠂ ᠨᠡᠢᠭᠡᠮ᠎ᠦᠨ ᠲᠠᠪᠰᠢᠯᠳᠠ᠂ ᠠᠷᠠᠳ ᠲᠦᠮᠡᠨ᠎ᠦ ᠵᠣᠯ ᠵᠢᠷᠭᠠᠯ᠎ᠤᠨ ᠲᠥᠯᠥᠭᠡ ᠪᠠᠯᠠᠷᠠᠰᠢ ᠦᠭᠡᠢ ᠭᠠᠪᠢᠶ᠎ᠠ ᠪᠠᠢᠭᠤᠯᠪᠠ᠂ ᠲᠡᠷᠡ ᠪᠣᠯ ᠨᠢᠭᠡᠨ ᠦᠶ᠎ᠡ᠎ᠶᠢᠨ ᠠᠭᠤᠤ ᠬᠥᠮᠥᠨ ᠮᠥᠨ᠃ ᠰᠢᠨ᠎ᠡ ᠠᠶᠠᠨ᠎ᠳᠤ᠂ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ  ᠵᠠᠯᠭᠠᠮᠵᠢᠯᠠᠨ ᠪᠠᠳᠠᠷᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠦᠬᠦ ᠳᠤᠮᠳᠠᠳᠤ᠎ᠶᠢᠨ ᠬᠥᠪᠡᠭᠦᠳ ᠥᠬᠢᠳ᠎ᠦᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠪᠦᠯᠬᠦᠮᠳᠡᠨ ᠲᠡᠮᠡᠴᠡᠬᠦ᠎ᠶᠢ ᠵᠣᠷᠢᠭ᠍ᠵᠢᠭᠤᠯᠬᠤ ᠬᠡᠷᠡᠭᠲᠡᠢ᠃ ᠰᠦᠨ ᠵᠦᠩ ᠱᠠᠨ ᠠᠪᠤᠭᠠᠢ᠎ᠶᠢᠨ ᠨᠢᠬᠡ ᠨᠠᠰᠤ ᠪᠤᠯᠤᠨ ᠦᠵᠡᠯ ᠰᠠᠨᠠᠭ᠎ᠠ᠎ᠶᠢ ᠭᠦᠨᠵᠡᠭᠡᠢ ᠰᠤᠳᠤᠯᠵᠤ᠂ ᠰᠦᠨ ᠵᠦᠩ ᠱᠠᠨ ᠠᠪᠤᠭᠠᠢ᠎ᠶᠢᠨ ᠬᠤᠪᠢᠰᠬᠠᠯᠲᠤ ᠦᠯᠢᠭᠡᠷ᠎ᠢ ᠰᠠᠢᠲᠤᠷ ᠶᠠᠷᠢᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠠᠭᠤᠤ ᠶᠡᠬᠡ ᠬᠥᠮᠥᠨ᠎ᠦ ᠬᠡᠪ ᠰᠤᠷᠲᠠᠯ᠎ᠢ ᠰᠤᠷᠤᠯᠴᠠᠵᠤ᠂ ᠡᠬᠡ ᠤᠯᠤᠰ᠎ᠢᠶᠠᠨ ᠬᠠᠢᠷᠠᠯᠠᠵᠤ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦ᠎ᠪᠡᠷ ᠵᠣᠷᠢᠭ᠋ ᠰᠢᠭᠤᠳᠬᠤ᠎ᠶᠢ ᠬᠥᠮᠥᠵᠢᠭᠦᠯᠦᠨ ᠵᠢᠯᠤᠭᠣᠳᠬᠤ ᠬᠡᠷᠡᠭᠲᠡᠢ ᠭᠡᠵᠦ ᠵᠢᠭᠠᠵᠦ ᠭᠠᠷᠭᠠᠪᠠ᠃

ᠰᠢᠨᠵᠢᠯᠡᠨ ᠪᠠᠢᠴᠠᠭᠠᠬᠤ ᠵᠠᠮ ᠵᠠᠭᠤᠷ᠎ᠠ᠂ ᠰᠢ ᠵᠢᠨ ᠫᠢᠩ ᠰᠢᠨ᠎ᠡ ᠬᠠᠭᠤᠴᠢᠨ ᠬᠤᠶᠠᠷ ᠵᠢᠯ᠎ᠤᠨ ᠠᠭᠤᠯᠵᠠᠷ ᠲᠡᠬᠢ ᠡᠯ᠎ᠡ ᠲᠠᠯ᠎ᠠ ᠵᠢᠨ ᠠᠵᠢᠯ᠎ᠢ ᠦᠨᠡᠨ ᠬᠦ᠌ ᠰᠠᠢᠲᠤᠷ ᠬᠢᠵᠦ᠂ ᠵᠠᠰᠠᠭ ᠤ᠋ᠨ ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠵᠢ ᠦᠷᠭᠦᠯᠵᠢᠯᠡᠨ ᠰᠢᠨ᠎ᠡ ᠰᠢᠯᠢᠳᠡᠭ ᠰᠠᠢᠨ ᠲᠡᠢᠰᠢ ᠠᠬᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠪᠦᠬᠦ ᠵᠢᠯ᠎ᠦᠨ ᠭᠣᠣᠯ ᠬᠠᠷᠠᠯᠲᠠ ᠡᠭᠦᠷᠭᠡ᠎ᠪᠡᠨ ᠪᠡᠶᠡᠯᠡᠭᠦᠯᠬᠦ᠎ᠶᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ᠨᠠᠮ᠎ᠤᠨ  ᠲᠥᠪ ᠬᠤᠷᠢᠶ᠎ᠠ᠎ᠶᠢᠨ ᠠᠯᠪᠠᠨ ᠲᠢᠩᠬᠢᠮ᠎ᠦᠨ ᠡᠷᠬᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠢᠴᠠᠭᠠᠪᠠ᠃

ᠾᠧ ᠯᠢ ᠹᠸᠩ ᠵᠢᠴᠢ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠪᠠᠷ᠎ᠠ ᠪᠣᠯᠵᠤ ᠰᠢᠨᠵᠢᠯᠡᠨ ᠪᠠᠢᠴᠠᠭᠠᠪᠠ᠃

(ᠰᠢᠨᠬᠤᠸᠠ ᠬᠣᠷᠢᠶ᠎ᠠ ᠵᠢᠨ ᠭᠤᠸᠠᠩᠳᠦ᠋ᠩ᠎ᠦᠨ ᠵᠦᠩᠱᠠᠨ᠎ᠤ 11 ᠰᠠᠷ᠎ᠠ᠎ᠶᠢᠨ 16 ᠤ᠋ ᠴᠠᠬᠢᠯᠭᠠᠨ ᠮᠡᠳᠡᠭᠡ)  

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面