ᠲᠡᠷᠢᠭᠦᠨ ᠨᠢᠭᠤᠷ - ᠲᠡᠷᠢᠭᠦᠨ ᠮᠡᠳᠡᠭᠡ

2026-11-17 10:20:58

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠ᠋ᠠᠽᠢᠶ᠎ᠡ ᠲᠢᠪ ᠨᠣᠮᠣᠬᠠᠨ ᠳᠠᠯᠠᠶ᠎ᠶᠢᠨ ᠤᠷᠣᠠ ᠤ᠋ ᠠᠵᠤ ᠠ᠋ᠠᠬᠣᠢ ᠵᠢᠠ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠭᠤᠴᠢᠨ ᠭᠤᠷᠪᠠᠳᠤᠭᠠᠷ ᠤᠳᠠᠭ᠎ᠠ ᠵᠢᠨ ᠤᠳᠣᠷᠢᠣᠠᠬᠤ ᠬᠥᠮᠦᠰ᠎ᠦᠨ ᠠᠯᠪᠠᠨ ᠶᠤᠰᠤᠨ᠎ᠤ ᠪᠤᠰᠤ ᠬᠤᠷᠠᠯ ᠤᠳᠠᠯ ᠦᠭᠡᠶ ᠬᠤᠷᠠᠯᠳᠤᠬᠤ ᠭᠡᠵᠦ᠍ ᠪᠠᠶ᠋ᠢᠭ᠎ᠠ ᠲᠠᠰᠢᠷᠠᠮ᠎ᠢᠶᠡᠷ᠂ ᠲᠥᠪ᠎ᠦᠨ ᠷᠠᠳᠢᠤ᠋ ᠲᠧᠯᠸᠢᠰ᠎ᠦᠨ ᠶᠡᠷᠦᠩᠬᠡᠶ ᠬᠤᠷᠢᠶ᠎ᠠ ᠡᠴᠡ ᠦᠢᠯᠡᠳᠦᠭᠰᠡᠨ ᠲᠤᠰᠬᠠᠶ ᠰᠡᠳᠦᠪᠲᠦ᠍ ᠹᠢᠯᠢᠮ 《ᠰᠢ ᠵᠢᠨ ᠫᠢᠩ᠎ᠦᠨ ᠰᠣᠶᠣᠯ ᠯᠤᠭ᠎ᠠ᠎ᠶᠢᠨ ᠬᠤᠪᠢ ᠪᠠᠷᠢᠯᠳᠤᠯᠭ᠎ᠠ》 (ᠣᠯᠠᠨ ᠤᠯᠤᠰ᠎ᠤᠨ ᠬᠡᠪᠯᠡᠯ) ᠪᠣᠯᠤᠨ 《ᠲᠡᠷᠢᠭᠦᠯᠡᠭᠴᠢ ᠰᠢ ᠵᠢᠨ ᠫᠢᠩ᠎ᠡᠴᠡ ᠢᠷᠡᠭᠦᠯᠦᠭᠰᠡᠨ ᠵᠠᠬᠢᠳᠠᠯ》 (ᠣᠯᠠᠨ ᠤᠯᠤᠰ᠎ᠤᠨ ᠬᠡᠪᠯᠡᠯ) ᠢ᠋ 11 ᠰᠠᠷ᠎ᠠ᠎ᠶᠢᠨ 15 ᠎ᠤ᠋ ᠡᠳᠦᠷ᠎ᠡᠴᠡ ᠡᠬᠢᠯᠡᠨ APEC ᠵᠢᠨ ᠪᠦᠷᠢᠯᠳᠦᠬᠦᠨ᠎ᠠᠵᠤ ᠠᠬᠤᠶ᠎ᠶᠢᠨ ᠴᠣᠭᠴᠠ ᠵᠢᠨ ᠭᠣᠣᠯ ᠵᠠᠭᠤᠴᠢᠯᠠᠭᠤᠷ᠎ᠲᠤ᠌ ᠨᠡᠪᠲᠡᠷᠡᠭᠦᠯᠪᠡ᠃

《ᠰᠢ ᠵᠢᠨ ᠫᠢᠩ᠎ᠦᠨ ᠰᠣᠶᠣᠯ ᠯᠤᠭ᠎ᠠ᠎ᠶᠢᠨ ᠬᠤᠪᠢ ᠪᠠᠷᠢᠯᠳᠤᠯᠭ᠎ᠠ》 (ᠣᠯᠠᠨ ᠤᠯᠤᠰ᠎ᠤᠨ ᠬᠡᠪᠯᠡᠯ)ᠨᠢ ᠲᠡᠷᠢᠭᠦᠯᠡᠭᠴᠢ ᠰᠢ ᠵᠢᠨ ᠫᠢᠩ᠎ᠦᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠢ ᠤᠯᠠᠮᠵᠢᠯᠠᠨ ᠬᠥᠭᠵᠢᠭᠦᠯᠬᠦ ᠵᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠡᠶ᠎ᠡ᠎ᠪᠡᠷ᠎ᠢᠶᠡᠨ ᠵᠢᠷᠤᠭᠯᠠᠨ ᠲᠥᠯᠥᠪᠯᠡᠵᠦ᠍ ᠠᠬᠢᠭᠤᠯᠤᠭᠰᠠᠨ ᠥᠯᠢᠭᠡᠷ᠎ᠢ ᠬᠦᠤᠷᠨᠢᠵᠦ᠂ ᠲᠡᠷᠢᠭᠦᠯᠡᠭᠴᠢ ᠰᠢ ᠵᠢᠨ ᠫᠢᠩ᠎ᠦᠨ ᠭᠦᠨ ᠵᠤᠵᠠᠭᠠᠨ ᠰᠣᠶᠣᠯ᠎ᠤᠨ ᠬᠠᠶ᠋ᠢᠷ᠎ᠠ ᠰᠡᠳᠬᠢᠯᠭᠡ ᠪᠣᠯᠤᠨ ᠳᠤᠮᠳᠠᠳᠤ᠎ᠶᠢᠨ ᠰᠣᠶᠣᠯ᠎ᠤᠨ ᠦᠨᠳᠦᠰᠦ ᠰᠤᠳᠠᠰᠤ ᠵᠢ ᠤᠯᠠᠮᠵᠢᠯᠠᠨ ᠵᠠᠯᠭᠠᠮᠵᠢᠯᠠᠵᠤ᠂ ᠰᠣᠶᠣᠯ᠎ᠤᠨ ᠢᠲᠡᠭᠡᠯ᠎ᠢᠶᠡᠨ ᠪᠠᠲᠤᠳᠬᠠᠬᠤ ᠲᠤᠬᠠᠶ ᠭᠦᠨᠵᠡᠭᠡᠶ ᠪᠣᠳᠣᠯᠬᠢᠯᠠᠯ᠎ᠢ ᠢᠯᠡᠷᠡᠭᠦᠯᠪᠡ᠃

《ᠲᠡᠷᠢᠭᠦᠯᠡᠭᠴᠢ ᠰᠢ ᠵᠢᠨ ᠫᠢᠩ᠎ᠡᠴᠡ ᠢᠷᠡᠭᠦᠯᠦᠭᠰᠡᠨ ᠵᠠᠬᠢᠳᠠᠯ》 (ᠤᠯᠠᠨ ᠤᠯᠤᠰ᠎ᠤᠨ ᠬᠡᠪᠯᠡᠯ) ᠨᠢ ᠲᠡᠷᠢᠭᠦᠯᠡᠭᠴᠢ ᠰᠢ ᠵᠢᠨ ᠫᠢᠩ᠎ᠦᠨ ᠤᠯᠠᠨ ᠤᠯᠤᠰ᠎ᠤᠨ ᠨᠥᠬᠥᠷᠰᠡᠭ ᠬᠥᠮᠦᠰ᠂ ᠤᠷᠠᠯᠢᠭᠴᠢᠨ᠂ ᠵᠠᠯᠠᠭᠤᠴᠤᠳ ᠪᠠᠭᠠᠴᠤᠳ ᠵᠡᠷᠭᠡ ᠬᠦᠮᠦᠰ᠎ᠲᠤ ᠢᠯᠡᠭᠡᠭᠰᠡᠨ ᠬᠠᠷᠢᠭᠤ ᠵᠠᠬᠢᠳᠠᠯ᠎ᠡᠴᠡ ᠰᠢᠯᠢᠨ ᠰᠣᠩᠭᠣᠵᠤ᠂ ᠠᠯᠢ ᠤᠯᠠᠨ ᠵᠠᠬᠢᠳᠠᠯ ᠤ᠋ᠨ ᠠᠷᠤ᠎ᠳᠠᠬᠢ ᠬᠠᠯᠠᠭᠤᠨ ᠳᠤᠯᠠᠭᠠᠨ ᠦᠯᠢᠭᠡᠷ᠎ᠢ ᠶᠠᠷᠢᠵᠠᠢ᠃

ᠲᠣᠰ ᠡᠳᠦᠷ᠎ᠡᠴᠡ ᠡᠬᠢᠯᠡᠨ᠂ 《ᠰᠢ ᠵᠢᠨ ᠫᠢᠩ᠎ᠦᠨ ᠰᠣᠶᠣᠯ ᠯᠤᠭ᠎ᠠ᠎ᠶᠢᠨ ᠬᠤᠪᠢ ᠪᠠᠷᠢᠯᠳᠤᠯᠭ᠎ᠠ》 (ᠣᠯᠠᠨ ᠤᠯᠤᠰ᠎ᠤᠨ ᠬᠡᠪᠯᠡᠯ) ᠪᠣᠯᠤᠨ 《ᠲᠡᠷᠢᠭᠦᠯᠡᠭᠴᠢ ᠰᠢ ᠵᠢᠨ ᠫᠢᠩ᠎ᠡᠴᠡ ᠢᠷᠡᠭᠦᠯᠦᠭᠰᠡᠨ ᠵᠠᠬᠢᠳᠠᠯ》 (ᠣᠯᠠᠨ ᠤᠯᠤᠰ᠎ᠤᠨ ᠬᠡᠪᠯᠡᠯ) ᠢ᠋ ᠣᠷᠣᠰ᠎ᠤᠨ ᠶᠡᠬᠡ ᠠᠽᠢᠶ᠎ᠠ ᠲᠧᠯᠸᠢᠰ ᠬᠣᠷᠢᠶ᠎ᠠ᠂ ᠺᠣᠷᠢᠶᠠ᠎ᠶᠢᠨ OBS ᠵᠢᠩ ᠷᠧᠨ ᠲᠧᠯᠸᠢᠰ ᠬᠣᠷᠢᠶ᠎ᠠ᠂ ᠢᠨᠳᠣᠨᠧᠰᠢᠶ᠎ᠠ᠎ᠶᠢᠨ ᠤᠯᠤᠰ᠎ᠤᠨ ᠷᠠᠳᠢᠣ᠋ ᠨᠡᠪᠲᠡᠷᠡᠭᠦᠯᠭᠡ᠎ᠶᠢᠨ ᠬᠣᠷᠢᠶ᠎ᠠ ᠵᠡᠷᠭᠡ APEC ᠵᠢᠨ ᠪᠦᠷᠢᠯᠳᠦᠬᠦᠨ᠎ᠠᠵᠤ ᠠᠬᠤᠶ᠎ᠶᠢᠨ ᠴᠣᠭᠴᠠ᠎ᠶᠢᠨ ᠭᠤᠤᠯ ᠵᠠᠭᠤᠴᠢᠯᠠᠭᠤᠷ᠎ᠤᠨ ᠲᠠᠪᠴᠠᠩ᠎ᠳᠤ ᠵᠠᠯᠭᠠᠭ᠎ᠠ᠎ᠪᠠᠷ ᠨᠡᠪᠲᠡᠷᠡᠭᠦᠯᠦᠨ᠎ᠡ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 15 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面