2026-11-18 11:55:32
ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ ᠣᠢᠷ᠎ᠠ᠎ᠳᠤ ᠠᠷᠠᠳ᠎ᠤᠨ ᠰᠢᠭᠦᠬᠦ ᠬᠤᠷᠢᠶ᠎ᠠ᠎ᠶᠢᠨ ᠠᠵᠢᠯ᠎ᠳᠤ ᠴᠢᠬᠤᠯᠠ ᠵᠢᠭᠠᠪᠤᠷᠢ ᠥᠭᠴᠦ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠡᠯ᠎ᠡ ᠱᠠᠲᠤᠨ᠎ᠤ ᠠᠷᠠᠳ᠎ᠤᠨ ᠰᠢᠭᠦᠬᠦ ᠬᠣᠷᠢᠶ᠎ᠠ ᠶᠠᠯᠠᠲᠤ ᠠᠵᠢᠯᠯᠠᠭ᠎ᠠ᠎ᠶᠢ ᠵᠠᠯᠬᠠᠭᠠᠨ ᠰᠢᠢᠳᠬᠡᠬᠦ᠂ ᠠᠷᠠᠳ ᠲᠦᠮᠡᠨ᠎ᠢ ᠬᠠᠮᠠᠭᠠᠯᠠᠬᠤ᠂ ᠡᠷᠬᠡ ᠠᠰᠢᠭ ᠢ᠋ ᠲᠠᠰᠤᠯᠤᠨ ᠲᠤᠭᠳᠠᠭᠠᠵᠤ ᠮᠠᠷᠭᠤᠭᠠᠨ᠎ᠢ ᠵᠣᠭᠰᠤᠭᠠᠬᠤ᠂ ᠲᠥᠪ ᠭᠤᠤᠯᠴᠢ ᠵᠢ ᠬᠠᠮᠠᠭᠠᠯᠠᠬᠤ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠭᠡᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠳᠤ ᠬᠦᠴᠦᠲᠡᠢ ᠬᠠᠤᠯᠢ ᠴᠠᠭᠠᠵᠠ᠎ᠶᠢᠨ ᠪᠠᠲᠤᠯᠠᠭ᠎ᠠ ᠬᠠᠩᠭᠠᠪᠠ ᠭᠡᠵᠦ ᠵᠢᠭᠠᠵᠦ ᠭᠠᠷᠭᠠᠵᠠᠢ᠃
ᠰᠢ ᠵᠢᠨ ᠫᠢᠩ᠂ ᠰᠢᠨ᠎ᠡ ᠠᠶᠠᠨ᠎ᠳᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ᠎ᠢᠶᠠᠷ ᠵᠠᠮᠨᠠᠬᠤ᠎ᠶᠢ ᠪᠠᠷᠢᠮᠲᠠᠯᠠᠨ᠂ ᠰᠢᠭᠦᠨ ᠲᠠᠰᠤᠯᠬᠤ ᠡᠷᠬᠡ᠎ᠪᠡᠨ ᠬᠠᠤᠯᠢ ᠶᠣᠰᠣᠭᠠᠷ ᠪᠡᠶ᠎ᠡ᠎ᠪᠡᠨ ᠳᠠᠭᠠᠭᠠᠵᠤ ᠲᠥᠪ ᠭᠣᠣᠯᠴᠢ᠎ᠪᠠᠷ ᠬᠡᠷᠡᠭᠵᠢᠭᠦᠯᠬᠦ᠎ᠶᠢ ᠪᠠᠷᠢᠮᠲᠠᠯᠠᠨ᠂ ᠬᠠᠤᠯᠢ ᠴᠠᠭᠠᠵᠠ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠬᠠᠤᠯᠢ ᠴᠠᠭᠠᠵᠠ᠎ᠶᠢᠨ ᠡᠷᠬᠡ᠎ᠶᠢᠨ ᠠᠵᠢᠯᠯᠠᠭ᠎ᠠ᠎ᠨᠢ ᠵᠢᠷᠤᠮᠵᠢᠭᠤᠯᠤᠨ᠂ ᠲᠥᠪ ᠭᠣᠣᠯᠴᠢ ᠥᠨᠳᠥᠷ ᠪᠦᠲᠦᠮᠵᠢᠲᠡᠢ ᠡᠷᠬᠡ ᠰᠦᠷᠳᠤ ᠨᠡᠢᠭᠡᠮ ᠵᠢᠷᠤᠮ᠎ᠤᠨ ᠬᠠᠤᠯᠢ ᠴᠠᠭᠠᠵᠠ᠎ᠶᠢᠨ ᠪᠠᠢᠭᠤᠯᠤᠯ᠎ᠢ ᠲᠦᠷᠭᠡᠳᠭᠡᠨ ᠪᠠᠢᠭᠤᠯᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠪᠠᠳᠤ ᠴᠢᠩᠭ᠎ᠠ ᠡᠩᠨᠡᠭᠡ᠎ᠶᠢ ᠳᠠᠪᠲᠠᠨ ᠪᠣᠯᠪᠠᠰᠤᠷᠠᠭᠤᠯᠵᠦ᠂ ᠴᠢᠨᠠᠷ ᠰᠠᠢᠲᠠᠢ ᠬᠠᠤᠯᠢ ᠴᠠᠭᠠᠵᠠ᠎ᠪᠠᠷ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠡᠩ ᠰᠠᠢᠲᠤᠷ ᠪᠠᠲᠤᠯᠠᠵᠦ᠂ ᠲᠥᠪ ᠭᠤᠤᠯᠴᠢ᠎ᠪᠠᠷ ᠬᠠᠤᠯᠢ ᠪᠠᠷᠢᠬᠤ ᠲᠤᠬᠠᠢ ᠠᠷᠠᠳ ᠣᠯᠠᠨ᠎ᠤ ᠬᠦᠷᠲᠡᠮᠵᠢ᠎ᠶᠢᠨ ᠲᠥᠷᠥᠭᠳᠡᠯ᠎ᠢ ᠦᠷᠭᠦᠯᠵᠢᠯᠡᠨ ᠨᠡᠮᠡᠭᠳᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠤ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠢ ᠪᠦᠳᠦᠬᠡᠨ ᠪᠠᠢᠭᠤᠯᠵᠦ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠣᠷᠢᠨ ᠭᠤᠷᠪᠠᠳᠤᠭᠠᠷ ᠤᠳᠠᠭᠠᠨ᠎ᠤ ᠪᠦᠬᠦ ᠤᠯᠤᠰ᠎ᠤᠨ ᠰᠢᠭᠦᠬᠦ ᠬᠤᠷᠢᠶ᠎ᠠ᠎ᠶᠢᠨ ᠠᠵᠢᠯ᠎ᠤᠨ ᠬᠤᠷᠠᠯ 16 ᠡᠴᠡ 17 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢ ᠤᠯᠠᠮᠵᠢᠯᠠᠪᠠ᠃ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠥᠪ᠎ᠦᠨ ᠤᠯᠤᠰ ᠲᠦᠷᠦ ᠬᠠᠤᠯᠢ ᠴᠠᠭᠠᠵᠠ᠎ᠶᠢᠨ ᠬᠤᠷᠢᠶ᠎ᠠ᠎ᠶᠢᠨ ᠱᠦᠵᠢ ᠴᠧᠨ ᠸᠸᠨ ᠴᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠣᠳᠬᠤ ᠴᠢᠨᠠᠷᠲᠠᠢ ᠪᠠᠢᠵᠤ᠂ ᠰᠢᠨ᠎ᠡ ᠠᠶᠠᠨ᠎ᠳᠤ ᠠᠷᠠᠳ᠎ᠤᠨ ᠰᠢᠭᠦᠬᠦ ᠬᠤᠷᠢᠶ᠎ᠠ᠎ᠶᠢᠨ ᠠᠵᠢᠯ᠎ᠢ ᠰᠠᠢᠲᠤᠷ ᠬᠢᠬᠦ᠎ᠳᠦ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠵᠠᠢ᠃ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠷᠠᠳ᠎ᠤᠨ ᠰᠢᠭᠦᠬᠦ ᠬᠤᠷᠢᠶ᠎ᠠ᠎ᠶᠢᠨ ᠠᠵᠢᠯ᠎ᠤᠨ ᠤᠯᠤᠰ ᠲᠦᠷᠦ᠎ᠶᠢᠨ ᠵᠥᠪ ᠴᠢᠭᠯᠡᠯ᠎ᠢ ᠪᠠᠲᠤᠯᠠᠬᠤ ᠬᠡᠷᠡᠭᠲᠡᠢ᠃ ᠶᠡᠬᠡ ᠲᠠᠯ᠎ᠠ᠎ᠳᠤ ᠦᠢᠯᠡᠴᠢᠯᠡᠬᠦ᠂ ᠠᠷᠠᠳ ᠲᠦᠮᠡᠨ᠎ᠦ ᠲᠥᠯᠥᠭᠡ ᠬᠠᠤᠯᠢ ᠪᠠᠷᠢᠬᠤ᠎ᠶᠢ ᠪᠠᠷᠢᠮᠲᠠᠯᠠᠵᠤ᠂ ᠠᠷᠠᠳ ᠲᠦᠮᠡᠨ᠎ᠤ ᠲᠥᠯᠥᠭᠡ ᠬᠠᠤᠯᠢ ᠪᠠᠷᠢᠬᠤ᠎ᠶᠢ ᠬᠡᠷᠡᠭ ᠪᠣᠯᠭᠠᠨ ᠳᠠᠩᠰᠠᠯᠠᠬᠤ᠂ ᠰᠢᠭᠦᠨ ᠲᠠᠰᠤᠯᠬᠤ᠂ ᠭᠦᠢᠴᠡᠳᠬᠡᠬᠦ᠂ ᠵᠠᠷᠭᠤ᠎ᠳᠤ ᠬᠣᠯᠪᠣᠭᠳᠠᠭᠰᠠᠨ ᠵᠠᠬᠢᠳᠠᠯ ᠰᠣᠷᠪᠤᠯᠵᠢᠯᠠᠯ ᠢ᠋ ᠰᠢᠢᠳᠪᠦᠷᠢᠯᠡᠬᠦ ᠵᠡᠷᠭᠡ ᠡᠯ᠎ᠡ ᠭᠣᠭᠴᠣᠭ᠎ᠠ᠎ᠳᠤ ᠢᠯᠡᠷᠡᠭᠦᠯᠵᠦ᠂ ᠲᠥᠪ ᠭᠣᠣᠯᠴᠢ ᠰᠢᠳᠤᠷᠭᠤ ᠶᠣᠰᠣ᠌᠎ᠶᠢ ᠦᠨᠡᠨ ᠬᠦ᠌ ᠬᠠᠮᠠᠭᠠᠯᠠᠵᠤ᠂ ᠲᠥᠪ ᠭᠣᠣᠯᠴᠢ᠎ᠪᠠᠷ ᠬᠠᠤᠯᠢ ᠪᠠᠷᠢᠬᠤ ᠲᠤᠬᠠᠢ ᠠᠷᠠᠳ ᠤᠯᠠᠨ᠎ᠤ ᠬᠦᠷᠳᠡᠮᠵᠢ ᠵᠢᠨ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃
ᠠᠷᠠᠳ᠎ᠤᠨ ᠳᠡᠭᠡᠳᠦ ᠰᠢᠭᠦᠬᠦ ᠬᠤᠷᠢᠶ᠎ᠠ᠎ᠶᠢᠨ ᠳᠠᠷᠤᠭ᠎ᠠ ᠵᠠᠩ ᠵᠢᠶᠦ᠋ᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 11 ᠰᠠᠷ᠎ᠠ᠎ᠶᠢᠨ 17 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃