2026-11-19 10:37:26
11 ᠰᠠᠷ᠎ᠠ᠎ᠶᠢᠨ 18 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ ᠲᠤ᠌ ᠢᠷᠡᠭᠰᠡᠨ ᠺᠣᠷᠢᠶᠠ᠎ᠶᠢᠨ ᠶᠡᠷᠦᠩᠬᠡᠢᠯᠡᠭᠴᠢ ᠯᠢ ᠽᠠᠢ ᠮᠢᠩ᠎ᠲᠠᠢ ᠠᠭᠤᠯᠵᠠᠪᠠ᠃
ᠰᠢ ᠵᠢᠨ ᠫᠢᠩ᠂ ᠳᠤᠮᠳᠠᠳᠤ ᠺᠣᠷᠢᠶᠠ ᠪᠣᠯ ᠨᠥᠬᠥᠷᠰᠡᠭ ᠬᠥᠷᠰᠢ ᠪᠠ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ ᠮᠥᠨ᠃ ᠬᠣᠶᠠᠷ ᠤᠯᠤᠰ᠎ᠤᠨ ᠤᠯᠤᠰ᠎ᠤᠨ ᠪᠠᠢᠳᠠᠯ ᠠᠳᠠᠯᠢ ᠦᠭᠡᠢ᠂ ᠭᠡᠪᠡᠴᠦ ᠠᠷᠠᠳ ᠲᠦᠮᠡᠨ᠎ᠳᠦ ᠠᠵᠠ ᠵᠢᠷᠭᠠᠯ ᠡᠳ᠋ᠯᠡᠭᠦᠯᠬᠦ ᠬᠠᠷᠠᠯᠲᠠ ᠪᠣᠯ ᠠᠳᠠᠯᠢᠬᠠᠨ ᠶᠤᠮ᠃ ᠢᠷᠡᠬᠦ ᠵᠢᠯ ᠪᠣᠯ ᠳᠤᠮᠳᠠᠳᠤ ᠺᠣᠷᠢᠶᠠ᠎ᠶᠢᠨ ᠬᠠᠷᠢᠯᠴᠠᠭ᠎ᠠ ᠪᠠᠢᠭᠤᠯᠤᠭᠰᠠᠨ 35 ᠵᠢᠯ᠎ᠦᠨ ᠤᠢ ᠪᠣᠯᠣᠨ᠎ᠠ᠂ ᠬᠣᠶᠠᠷ ᠲᠠᠯ᠎ᠠ᠎ᠪᠠᠷ᠎ᠢᠶᠠᠨ ᠡᠭᠦᠨ᠎ᠢᠶᠡᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ᠎ᠪᠠᠨ ᠳ᠋ᠦᠩᠨᠡᠵᠦ᠂ ᠢᠷᠡᠭᠡᠳᠦᠢ᠎ᠪᠡᠨ ᠲᠥᠯᠥᠪᠵᠢᠭᠦᠯᠵᠦ᠂ ᠳᠤᠮᠳᠠᠳᠤ ᠺᠣᠷᠢᠶᠠ᠎ᠶᠢᠨ ᠬᠠᠷᠢᠯᠴᠠᠭ᠎ᠠ᠎ᠶᠢᠨ ᠲᠣᠭᠲᠠᠭᠤᠨ ᠬᠥᠭᠵᠢᠯᠲᠡ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠳᠤᠷ ᠪᠤᠶᠠᠨ ᠦᠢᠯᠡᠳᠦᠶᠠ᠃ ᠬᠣᠶᠠᠷ ᠲᠠᠯ᠎ᠠ᠎ᠪᠠᠷ᠎ᠢᠶᠠᠨ ᠪᠠᠢᠯᠳᠤᠬᠤ ᠪᠣᠳᠣᠯᠭ᠎ᠠ᠎ᠶᠢᠨ ᠪᠡᠶ᠎ᠡ᠎ᠪᠡᠨ ᠳᠠᠭᠠᠭᠠᠬᠤ᠎ᠶᠢ ᠪᠠᠷᠢᠮᠲᠠᠯᠠᠵᠤ᠂ ᠬᠣᠶᠠᠷ ᠤᠯᠤᠰ᠎ᠤᠨ ᠬᠠᠷᠢᠯᠴᠠᠭᠠᠨ᠎ᠤ ᠤᠯᠤᠰ ᠲᠦᠷᠦ᠎ᠶᠢᠨ ᠰᠠᠭᠤᠷᠢ᠎ᠶᠢ ᠰᠠᠢᠲᠤᠷ ᠬᠠᠮᠠᠭᠠᠯᠠᠵᠤ᠂ ᠳᠤᠮᠳᠠᠳᠤ ᠺᠣᠷᠢᠶᠠ᠎ᠶᠢᠨ ᠬᠠᠷᠢᠯᠴᠠᠭ᠎ᠠ᠎ᠶᠢ ᠰᠠᠢᠲᠤᠷ ᠪᠡᠬᠢᠵᠢᠭᠦᠯᠵᠦ᠂ ᠰᠠᠢᠲᠤᠷ ᠬᠥᠭᠵᠢᠭᠦᠯᠦᠶ᠎ᠡ᠃ ᠬᠣᠶᠠᠷ ᠤᠯᠤᠰ᠎ᠤᠨ ᠲᠦᠷᠦ᠎ᠶᠢᠨ ᠨᠠᠮ᠂ ᠵᠠᠰᠠᠭ᠎ᠤᠨ ᠣᠷᠳᠣᠨ᠂ ᠬᠠᠤᠯᠢ ᠲᠣᠭᠲᠠᠭᠠᠬᠤ ᠪᠠᠢᠭᠤᠯᠤᠮᠵᠢ ᠲᠦᠷᠦ᠎ᠶᠢ ᠵᠠᠰᠠᠬᠤ ᠲᠤᠷᠰᠢᠯᠭ᠎ᠠ᠎ᠪᠠᠨ ᠰᠣᠯᠢᠯᠴᠠᠬᠤ᠎ᠶᠢ ᠴᠢᠩᠭᠠᠳᠬᠠᠵᠤ᠂ ᠣᠢᠯᠠᠭᠠᠯᠴᠠᠭ᠎ᠠ᠎ᠪᠠᠨ ᠨᠡᠮᠡᠭᠳᠡᠭᠦᠯᠵᠦ᠂ ᠬᠠᠮᠲᠤ᠎ᠶᠢᠨ ᠬᠥᠭᠵᠢᠯᠲᠡ᠎ᠶᠢ ᠠᠬᠢᠭᠤᠯᠤᠶ᠎ᠠ᠃ ᠳᠤᠮᠳᠠᠳᠤ ᠺᠣᠷᠢᠶᠠ ᠴᠢᠯᠦᠭᠡᠲᠦ ᠠᠷᠠᠯᠵᠢᠶᠠᠨ᠎ᠤ ᠵᠦᠪᠳᠡᠯᠴᠡᠭᠡᠷ᠎ᠦᠨ ᠬᠣᠶᠠᠳᠤᠭᠠᠷ ᠱᠠᠲᠤᠨ᠎ᠤ ᠬᠡᠯᠡᠯᠴᠡᠭᠡ᠎ᠶᠢ ᠦᠨᠡᠨ ᠪᠣᠳᠠᠲᠠᠢ ᠪᠡᠶᠡᠯᠡᠭᠦᠯᠦᠭᠰᠡᠨ ᠨᠢ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠳᠡᠬᠦ ᠰᠠᠢᠨ ᠰᠠᠢᠬᠠᠨ ᠪᠠᠢᠳᠠᠯ᠎ᠢ ᠪᠡᠬᠢᠵᠢᠭᠦᠯᠬᠦ᠎ᠳᠦ ᠠᠰᠢᠭ᠍ᠲᠠᠢ ᠶᠤᠮ᠃ ᠬᠣᠶᠠᠷ ᠲᠠᠯ᠎ᠠ᠎ᠪᠠᠷ᠎ᠢᠶᠠᠨ ᠡᠨᠡ ᠬᠦ᠌ ᠳᠦᠷᠢᠮ᠎ᠦᠨ ᠴᠢᠨᠠᠷᠲᠠᠢ ᠲᠣᠬᠢᠷᠠᠭᠤᠯᠤᠯᠲᠠ᠎ᠶᠢ ᠰᠠᠢᠲᠤᠷ ᠬᠡᠷᠡᠭᠯᠡᠵᠦ ᠭᠦᠢᠴᠡᠳ ᠬᠡᠷᠡᠭᠯᠡᠵᠦ᠂ ᠬᠣᠷᠸ᠎ᠠ ᠲᠦᠷᠦ᠎ᠶᠢᠨ ᠪᠣᠳᠣᠯᠭ᠎ᠠ᠎ᠶᠢᠨ ᠵᠣᠬᠢᠴᠠᠭᠤᠯᠭ᠎ᠠ᠎ᠪᠠᠨ ᠴᠢᠩᠭᠠᠳᠬᠠᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ᠎ᠪᠡᠷ ᠮᠠᠨᠳᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠤ ᠦᠢᠯᠡᠰ᠎ᠦᠨ ᠬᠠᠮᠲᠤᠷᠠᠯᠴᠠᠭᠠᠨ᠎ᠤ ᠠᠮᠢ ᠠᠬᠤᠢ᠎ᠶᠢ ᠪᠣᠢᠵᠢᠭᠤᠯᠵᠤ᠂ ᠬᠥᠭᠵᠢᠯᠲᠡ᠎ᠶᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠶ᠎ᠡ᠃ ᠳᠤᠮᠳᠠᠳᠤ ᠤᠯᠤᠰ ᠳᠤᠷᠠᠲᠠᠶ᠎ᠠ ᠺᠣᠷᠢᠶᠠ᠎ᠶᠢᠨ ᠬᠢᠨ᠎ᠲᠠᠢ ᠬᠠᠮᠲᠤ᠎ᠪᠠᠷ ᠬᠣᠶᠠᠷ ᠤᠯᠤᠰ᠎ᠤᠨ ᠬᠥᠮᠥᠰ᠎ᠦᠨ ᠶᠠᠪᠤᠯᠴᠠᠭ᠎ᠠ᠎ᠶᠢ ᠦᠷᠭᠦᠯᠵᠢᠯᠡᠨ ᠠᠬᠢᠭᠤᠯᠵᠤ᠂ ᠡᠷᠡᠭᠦᠯ ᠰᠠᠢᠬᠠᠨ ᠪᠥᠭᠡᠳ ᠠᠰᠢᠭ ᠲᠤᠰᠠᠳᠠᠢ ᠰᠣᠶᠣᠯ᠎ᠤᠨ ᠰᠣᠯᠢᠯᠴᠠᠭ᠎ᠠ᠎ᠶᠢ ᠠᠯᠬᠤᠮ ᠲᠠᠷᠠᠭ᠎ᠠ᠎ᠲᠠᠢ᠎ᠪᠠᠷ ᠥᠷᠨᠢᠭᠦᠯᠦᠶᠠ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠣᠳᠣᠬᠠᠨ᠎ᠤ ᠳᠡᠯᠡᠬᠡᠢ᠎ᠶᠢᠨ ᠪᠠᠢᠳᠠᠯ ᠡᠭᠡᠳᠡᠷᠡᠭᠡᠨ ᠪᠤᠳᠤᠯᠢᠶᠠᠨᠲᠠᠢ ᠪᠠᠢᠵᠤ᠂ ᠳᠤᠮᠳᠠᠳᠤ ᠺᠣᠷᠢᠶᠠ ᠪᠦᠷ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶᠠᠨ᠎ᠤ ᠠᠰᠢᠭ᠋ ᠬᠦᠷᠳᠡᠭᠴᠢ ᠪᠣᠯᠣᠨ᠎ᠠ᠃ ᠬᠣᠶᠠᠷ ᠲᠠᠯ᠎ᠠ᠎ᠪᠠᠷ᠎ᠢᠶᠠᠨ ᠤᠯᠠᠨ ᠲᠠᠯ᠎ᠠ᠎ᠶᠢᠨ ᠬᠠᠮᠵᠢᠯᠴᠠᠭ᠎ᠠ᠎ᠵᠢ ᠤᠯᠠᠮ ᠨᠢᠭᠡ ᠠᠯᠬᠤᠮ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠬᠠᠮᠲᠤ᠎ᠪᠠᠷ ᠦᠢᠯᠡᠳᠦᠯᠭᠡᠵᠢᠭᠦᠯᠵᠦ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ ᠪᠣᠯᠣᠨ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠴᠢᠯᠦᠭᠡᠲᠦ ᠠᠷᠠᠯᠵᠢᠶᠠᠨ᠎ᠤ ᠣᠷᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠭᠠᠵᠠᠷ ᠣᠷᠣᠨ᠎ᠤ ᠡᠩᠬᠡ ᠲᠠᠢᠪᠤᠩ ᠪᠣᠯᠣᠨ ᠬᠥᠭᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠵᠦ᠂ ᠪᠦᠬᠦ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ᠎ᠶᠢ ᠬᠠᠮᠠᠭᠠᠯᠠᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠢ ᠪᠠᠶ᠋ᠢᠭᠤᠯᠬᠤ᠎ᠶᠢ ᠠᠬᠢᠭᠤᠯᠤᠶ᠎ᠠ ᠬᠡᠵᠦ ᠴᠢᠬᠤᠯᠠᠴᠢᠯᠠᠪᠠ᠃
ᠯᠢ ᠽᠠᠢ ᠮᠢᠩ᠂ ᠪᠢ ᠪᠣᠯᠣᠨ ᠲᠡᠷᠢᠭᠦᠯᠡᠭᠴᠢ ᠰᠢ ᠵᠢᠨ ᠫᠢᠩ᠎ᠦᠨ ᠪᠠᠢᠯᠳᠤᠬᠤ ᠪᠣᠳᠣᠯᠭ᠎ᠠ᠎ᠶᠢᠨ ᠵᠢᠯᠣᠭᠣᠳᠤᠯᠭ᠎ᠠ ᠳᠣᠣᠷ᠎ᠠ᠂ ᠺᠣᠷᠢᠶᠠ ᠳᠤᠮᠳᠠᠳᠤ᠎ᠶᠢᠨ ᠬᠠᠷᠢᠯᠴᠠᠭ᠎ᠠ ᠵᠢᠨ ᠪᠦᠬᠦ ᠲᠠᠯ᠎ᠠ᠎ᠪᠠᠷ ᠰᠡᠷᠭᠦᠬᠦ ᠬᠠᠨᠳᠤᠰᠢ ᠲᠠᠰᠤᠷᠠᠯᠳᠡ ᠦᠭᠡᠢ ᠪᠡᠬᠢᠵᠢᠵᠦ᠂ ᠬᠣᠶᠠᠷ ᠲᠠᠯ᠎ᠠ᠎ᠶᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠲᠦᠷᠭᠡᠨ ᠨᠡᠮᠡᠭᠳᠡᠵᠦ᠂ ᠬᠥᠮᠥᠰ᠎ᠦᠨ ᠶᠠᠪᠤᠯᠴᠠᠭ᠎ᠠ ᠨᠢᠭ᠍ᠲᠠᠷᠠᠵᠤ᠂ ᠬᠠᠷᠢᠯᠴᠠᠨ ᠲᠠᠨᠢᠨ ᠮᠡᠳᠡᠬᠦ ᠪᠠᠢᠳᠠᠯ ᠲᠠᠰᠤᠷᠠᠯᠳᠡ ᠦᠭᠡᠢ ᠰᠠᠢᠵᠢᠷᠠᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠠᠵᠠ ᠵᠢᠷᠭᠠᠯ ᠠᠪᠴᠢᠷᠠᠪᠠ᠃ ᠺᠣᠷᠢᠶᠠ᠎ᠶᠢᠨ ᠬᠢᠨ ᠤ᠋ ᠨᠢᠭᠡ ᠳᠤᠮᠳᠠᠳᠤ ᠤᠯᠤᠰ ᠪᠠᠢᠬᠤ ᠲᠦᠷᠦ᠎ᠶᠢᠨ ᠪᠣᠳᠣᠯᠭ᠎ᠠ᠎ᠶᠢ ᠪᠠᠷᠢᠮᠲᠠᠯᠠᠬᠤ ᠨᠢ ᠬᠤᠪᠢᠷᠠᠭᠰᠠᠨ ᠦᠭᠡᠢ ᠪᠦᠭᠡᠳ ᠬᠤᠪᠢᠷᠠᠬᠤ ᠴᠦ᠍ ᠦᠭᠡᠢ ᠶᠤᠮ᠂ ᠳᠤᠷᠠᠲᠠᠶ᠎ᠠ ᠢᠷᠡᠬᠦ ᠵᠢᠯ᠎ᠦᠨ ᠬᠣᠶᠠᠷ ᠤᠯᠤᠰ᠎ᠤᠨ ᠬᠠᠷᠢᠯᠴᠠᠭ᠎ᠠ ᠪᠠᠢᠭᠤᠯᠤᠭᠰᠠᠨ 35 ᠵᠢᠯ᠎ᠦᠨ ᠤᠢ᠎ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠦᠢᠯᠡᠳᠪᠦᠷᠢᠯᠡᠯ ᠬᠠᠩᠭᠠᠯᠭ᠎ᠠ᠎ᠶᠢᠨ ᠬᠡᠯᠬᠢᠶ᠎ᠡ ᠵᠡᠷᠭᠡ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠠᠷᠠᠳ᠎ᠤᠨ ᠰᠡᠳᠬᠢᠯ᠎ᠦᠨ ᠤᠢᠯᠠᠭᠠᠯᠴᠠᠭ᠎ᠠ ᠨᠡᠪᠲᠡᠷᠡᠯᠴᠡᠭᠡ᠎ᠶᠢ ᠠᠬᠢᠭᠤᠯᠵᠤ᠂ ᠨᠡᠩ ᠪᠣᠯᠪᠠᠰᠤᠷᠠᠩᠭᠤᠢ ᠺᠣᠷᠢᠶᠠ ᠳᠤᠮᠳᠠᠳᠤ ᠶᠢᠨ ᠪᠠᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠪᠠᠢᠭᠤᠯᠤᠯᠲᠠ᠎ᠶᠢ ᠠᠬᠢᠭᠤᠯᠤᠨ᠎ᠠ᠃ ᠺᠣᠷᠢᠶᠠ ᠶᠢᠨ ᠬᠢᠨ ᠳᠤᠮᠳᠠᠳᠤ᠎ᠤᠯᠤᠰ ᠤ᠋ᠨ ᠬᠢᠨ᠎ᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠡᠷᠬᠢᠯᠡᠭᠴᠢ ᠤᠯᠤᠰ ᠤ᠋ᠨ ᠲᠤᠰᠢᠶᠠᠯ ᠢ᠋ ᠠᠮᠵᠢᠯᠳᠠ ᠲᠠᠢ ᠡᠭᠦᠷᠭᠡᠯᠡᠬᠦ ᠳ᠋ᠤ ᠪᠠᠶᠠᠷ ᠬᠦᠷᠭᠡᠬᠦ᠎ᠶᠢᠨ ᠬᠠᠮᠲᠤ ᠳᠡᠮᠵᠢᠵᠦ᠂ ᠳᠤᠷᠠᠲᠠᠶ᠎ᠠ ᠳᠤᠮᠳᠠᠳᠤ᠎ᠤᠯᠤᠰ᠎ᠲᠠᠢ ᠭᠠᠷ ᠬᠣᠯᠪᠣᠨ ᠬᠠᠮᠲᠤᠷᠠᠯᠴᠠᠵᠤ᠂ ᠬᠠᠮᠲᠤ᠎ᠪᠠᠷ ᠴᠡᠴᠡᠭᠯᠡᠨ ᠬᠥᠭᠵᠢᠬᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠢᠭᠤᠯᠤᠨ᠎ᠠ ᠭᠡᠵᠦ ᠢᠯᠡᠳᠬᠡᠪᠡ᠃
ᠼᠠᠢ ᠴᠢ᠂ ᠸᠠᠩ ᠢ᠂ ᠬᠤᠸᠠᠩ ᠺᠦᠨ ᠮᠢᠩ ᠨᠠᠷ ᠠᠭᠤᠯᠵᠠᠯᠲᠠ᠎ᠳᠤ ᠣᠷᠣᠯᠴᠠᠵᠠᠢ᠃
(ᠰᠢᠨᠬᠤᠸᠠ ᠬᠤᠷᠢᠶ᠎ᠠ᠎ᠶᠢᠨ ᠱᠧᠨᠵᠧᠨ᠎ᠦ 11 ᠰᠠᠷ᠎ᠠ᠎ᠶᠢᠨ 18 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃