ᠲᠡᠷᠢᠭᠦᠨ ᠨᠢᠭᠤᠷ - ᠲᠡᠷᠢᠭᠦᠨ ᠮᠡᠳᠡᠭᠡ

2026-11-23 10:28:08

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

 11 ᠰᠠᠷ᠎ᠠ᠎ᠶᠢᠨ 22 ᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠦ ᠬᠦᠶ ᠫᠢᠩ᠎ᠲᠡᠶ ᠠᠭᠤᠯᠵᠠᠪᠠ᠃



11 ᠰᠠᠷ᠎ᠠ᠎ᠶᠢᠨ 22 ᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠤᠯᠤᠰ᠎ᠤᠨ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠦ ᠬᠦᠶ ᠫᠢᠩ᠎ᠲᠡᠶ ᠠᠭᠤᠯᠵᠠᠪᠠ᠃

ᠲᠤᠰ ᠰᠤᠨᠢᠨ᠎ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ


ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠯᠢᠦ ᠬᠦᠶ ᠫᠢᠩ᠎ᠨᠡᠷ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶ᠎ᠠ᠎ᠶᠢᠨ ᠣᠷᠳᠣ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠠᠵᠢᠯ᠎ᠢ ᠳᠡᠮᠵᠢᠭᠰᠡᠨ᠎ᠳᠦ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠣᠳᠣᠬᠠᠨ᠎ᠳᠤ᠂ ᠪᠦᠬᠦ ᠣᠷᠣᠨ ᠳᠠᠶᠠᠭᠠᠷ᠎ᠢᠶᠡᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠪᠦᠬᠦ᠌ ᠲᠠᠯ᠎ᠠ ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠ ᠨᠠᠮ᠎ᠤᠨ ᠪᠠᠶ᠋ᠢᠭᠤᠯᠤᠯᠲᠠ᠎ᠶᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ ᠪᠤᠢ᠃ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶ᠎ᠠ᠎ᠶᠢᠨ ᠳᠡᠮᠵᠢᠯᠭᠡ ᠪᠠ ᠵᠢᠯᠣᠭᠣᠳᠣᠯᠭ᠎ᠠ ᠳᠤᠤᠷ᠎ᠠ᠂ ᠪᠢᠳᠡ ᠶᠠᠰᠤ ᠴᠢᠨᠠᠷ᠂ ᠪᠠᠷᠢᠮᠵᠢᠶ᠎ᠠ᠂ ᠬᠡᠮᠵᠢᠯᠲᠡ᠂ ᠢᠲᠡᠭᠡᠮᠵᠢ᠎ᠶᠢᠨ ᠪᠠᠶ᠋ᠢᠭᠤᠯᠤᠯᠲᠠ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠲᠦ᠍ ᠢᠳᠡᠪᠬᠢᠲᠡᠶ ᠠᠭᠤᠰᠤᠯᠴᠠᠵᠤ᠂ ᠡᠯ᠎ᠡ ᠲᠥᠷᠥᠯ᠎ᠦᠨ ᠡᠵᠡᠩᠨᠡᠯᠲᠡ᠎ᠶᠢᠨ ᠭᠤᠤᠯ ᠴᠣᠭᠴᠠ᠎ᠶᠢᠨ ᠬᠥᠭᠵᠢᠯᠲᠡ᠎ᠶᠢᠨ ᠣᠷᠴᠢᠨ ᠨᠦᠭᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠍᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠦᠷᠢᠮ᠎ᠦᠨ ᠰᠢᠰᠲ᠋ᠧᠮ᠎ᠢ ᠨᠠᠩ ᠪᠦᠷᠢᠨᠰᠢᠬᠦᠯᠵᠥ᠍᠂ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ᠋ᠢᠯᠡᠭᠰᠡᠨ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠪᠡ᠃ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶ᠎ᠠ ᠵᠢᠨ ᠬᠢᠨ ᠥᠪᠥᠷ ᠮᠣᠩᠭᠣᠯ᠎ᠤᠨ ᠬᠥᠭᠵᠢᠯᠲᠡ᠎ᠶᠢ ᠥᠩᠭᠡᠷᠡᠭᠰᠡᠨ᠎ᠲᠡᠶ᠎ᠪᠡᠨ ᠠᠳᠠᠯᠢ᠎ᠪᠠᠷ ᠬᠠᠯᠠᠮᠵᠢᠯᠠᠨ ᠳᠡᠮᠵᠢᠵᠦ᠍᠂ ᠲᠥᠪ ᠭᠤᠤᠯᠴᠢ ᠡᠮᠬᠢ ᠵᠢᠷᠤᠮ᠎ᠲᠠᠶ ᠵᠠᠬ᠎ᠠ ᠳᠡᠯᠭᠡᠭᠦᠷ᠎ᠦᠨ ᠣᠷᠴᠢᠨ ᠨᠦᠭᠦᠴᠡᠯ᠎ᠢ ᠪᠣᠶ ᠪᠣᠯᠭᠠᠬᠤ᠂ ᠡᠵᠡᠩᠨᠡᠯᠲᠡ᠎ᠶᠢᠨ ᠭᠤᠤᠯ ᠴᠣᠭᠴᠠ᠎ᠶᠢᠨ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠌᠂ ᠢᠳᠡᠭᠡᠨ᠎ᠦ ᠠᠮᠤᠷ ᠲᠦᠪᠰᠢᠨ᠎ᠢ ᠰᠢᠯᠭᠠᠨ ᠪᠠᠶ᠋ᠢᠴᠠᠭᠠᠵᠤ ᠪᠠᠶ᠋ᠢᠴᠠᠭᠠᠨ ᠬᠡᠮᠵᠢᠬᠦ᠌ ᠴᠢᠳᠠᠪᠤᠷᠢ᠎ᠶᠢ ᠴᠢᠩᠭᠠᠳᠬᠠᠬᠤ᠂ ᠳᠠᠪᠠᠭᠤᠯᠢᠭᠲᠤ ᠠᠵᠤ ᠦᠢᠯᠡᠰ᠎ᠦᠨ ᠥᠨᠳᠥᠷ ᠥᠷᠲᠡᠭ᠎ᠦᠨ ᠪᠠᠷᠢᠮᠵᠢᠶ᠎ᠠ᠎ᠶᠢᠨ ᠰᠢᠰᠲ᠋ᠧᠮ᠎ᠢ ᠪᠠᠶ᠋ᠢᠭᠤᠯᠬᠤ᠂ ᠪᠤᠳᠤᠯᠲᠠ ᠵᠢᠨ ᠬᠦᠴᠦᠨ᠎ᠤ ᠠᠵᠤ ᠦᠢᠯᠡᠰ᠎ᠦᠨ ᠬᠡᠮᠵᠢᠯᠲᠡ ᠪᠠ ᠰᠢᠯᠭᠠᠨ ᠪᠠᠶ᠋ᠢᠴᠠᠭᠠᠵᠤ ᠪᠠᠶ᠋ᠢᠴᠠᠭᠠᠨ ᠬᠡᠮᠵᠢᠬᠦ᠌ ᠲᠦᠪᠰᠢᠨ᠎ᠢ ᠳᠡᠭᠡᠭᠰᠢᠯᠡᠭᠦᠯᠬᠦ᠌ ᠵᠡᠷᠭᠡ ᠲᠠᠯ᠎ᠠ᠎ᠪᠠᠷ ᠨᠠᠩ ᠣᠯᠠᠨ ᠳᠡᠮᠵᠢᠯᠭᠡ ᠦᠵᠡᠭᠦᠯᠵᠦ᠍᠂ ᠥᠪᠥᠷ ᠮᠣᠩᠭᠣᠯ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠠᠵᠢᠯ᠎ᠤᠨ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠬᠦ᠌᠎ᠳᠦ ᠬᠦᠴᠦᠨ ᠨᠡᠮᠡᠷᠢᠯᠡᠬᠦ᠌᠎ᠶᠢ ᠬᠦᠰᠡᠵᠦ᠍ ᠪᠠᠶ᠋ᠢᠨ᠎ᠠ ᠭᠡᠪᠡ᠃

ᠯᠢᠦ ᠬᠦᠶ ᠫᠢᠩ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠣᠷᠳᠣ ᠬᠤᠭᠤᠴᠠᠭᠠᠨ᠎ᠤ ᠲᠤᠷᠰᠢ ᠤᠯᠤᠰ᠎ᠤᠨ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶ᠎ᠠ᠎ᠶᠢᠨ ᠠᠵᠢᠯ᠎ᠢ ᠬᠦᠴᠦᠲᠡᠶ ᠳᠡᠮᠵᠢᠭᠰᠡᠨ᠎ᠳᠦ ᠲᠠᠯᠠᠷᠬᠠᠵᠤ᠂ ᠥᠪᠥᠷ ᠮᠣᠩᠭᠣᠯ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠠᠵᠢᠯ᠎ᠤᠨ ᠣᠯᠤᠭᠰᠠᠨ ᠦᠷ᠎ᠡ ᠪᠦᠲᠦᠮᠵᠢ᠎ᠶᠢ ᠨᠤᠲᠠᠯᠠᠪᠠ᠃ ᠲᠡᠷᠡ᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶ᠎ᠠ ᠵᠢᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠥᠷ ᠮᠣᠩᠭᠣᠯ᠎ᠯᠤᠭ᠎ᠠ᠎ᠶᠢᠨ ᠬᠠᠮᠵᠢᠯᠴᠠᠭ᠎ᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠴᠢᠨᠠᠷ ᠰᠠᠶ᠋ᠢᠲᠠᠶ ᠬᠥᠭᠵᠢᠯᠲᠡ᠎ᠶᠢᠨ ᠬᠡᠷᠡᠭᠴᠡᠭᠡ᠎ᠲᠡᠶ ᠨᠢᠭᠲᠠ ᠤᠶᠠᠯᠳᠤᠭᠤᠯᠤᠨ᠂ ᠶᠠᠰᠤ ᠴᠢᠨᠠᠷ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ᠌ ᠪᠥᠲᠥᠭᠡᠨ ᠪᠠᠶ᠋ᠢᠭᠤᠯᠤᠯᠲᠠ᠎ᠶᠢ ᠳᠡᠮᠵᠢᠵᠦ᠍᠂ ᠪᠠᠷᠢᠮᠵᠢᠶ᠎ᠠ᠎ᠪᠡᠷ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠤᠨ᠂ ᠶᠠᠰᠤ ᠴᠢᠨᠠᠷ᠎ᠤᠨ ᠰᠠᠭᠤᠷᠢ ᠲᠥᠬᠥᠭᠡᠷᠦᠮᠵᠢ᠎ᠶᠢ ᠪᠡᠬᠢᠵᠢᠭᠦᠯᠵᠦ᠍᠂ ᠢᠳᠡᠭᠡᠨ᠂ ᠡᠮ᠎ᠦᠨ ᠵᠦᠢᠯᠡᠰ᠂ ᠠᠵᠤ ᠦᠢᠯᠡᠳᠪᠦᠷᠢ᠎ᠶᠢᠨ ᠦᠢᠯᠡᠳᠬᠦᠨ᠂ ᠣᠨᠴᠠ ᠲᠥᠷᠥᠯ ᠎ᠦᠨ ᠲᠤᠨᠤᠭ ᠲᠥᠬᠥᠭᠡᠷᠦᠮᠵᠢ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ᠌ ᠰᠠᠬᠢᠵᠤ᠂ ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠨ ᠨᠡᠮᠡᠷᠢᠯᠡᠵᠦ᠍᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠶᠡᠬᠡ ᠲᠠᠯ᠎ᠠ᠎ᠳᠤ ᠬᠠᠮᠲᠤ᠎ᠪᠠᠷ ᠦᠢᠯᠡᠴᠢᠯᠡᠨ᠎ᠡ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠴᠢ᠊ ᠪᠠᠲᠤ᠌᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠵᠢᠨ ᠤᠳᠤᠷᠢᠳᠤᠯᠭ᠎ᠠ ᠳ᠋ᠧᠩ ᡁᠢ ᠶᠦᠩ᠂ ᠫᠠᠨ ᠰᠢᠶᠤᠤ ᠳ᠋ᠦᠩ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面