2026-11-25 10:34:17
(2026 ᠣᠨ᠎ᠤ 11 ᠰᠠᠷ᠎ᠠ᠎ᠶᠢᠨ 18 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠷᠪᠠᠨ ᠭᠤᠷᠪᠠᠳᠤᠭᠠᠷ ᠤᠳᠠᠭ᠎ᠠ ᠵᠢᠨ ᠪᠦᠭᠦᠳᠡ ᠬᠤᠷᠠᠯ᠎ᠡᠴᠡ ᠪᠠᠲᠤᠯᠠᠪᠠ)
ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠷᠪᠠᠨ ᠭᠤᠷᠪᠠᠳᠤᠭᠠᠷ ᠤᠳᠠᠭ᠎ᠠ ᠵᠢᠨ ᠪᠦᠬᠦᠳᠠ ᠬᠤᠷᠠᠯ᠎ᠡᠴᠡ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠪᠠᠶ᠋ᠢᠯᠳᠤᠬᠤ ᠪᠤᠳᠤᠯᠭ᠎ᠠ᠎ᠶᠢᠨ ᠴᠢᠭᠯᠡᠯᠲᠡ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠳᠣᠣᠷᠠᠬᠢ ᠮᠡᠲᠦ᠍ ᠲᠣᠭᠲᠠᠭᠠᠯ ᠭᠠᠷᠭᠠᠪᠠ᠃
ᠨᠢᠭᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ ᠪᠠ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠢ ᠣᠶ᠋ᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠬᠦ᠌ ᠬᠡᠷᠡᠭᠲᠡᠢ
(ᠨᠢᠭᠡ) ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠬᠤ ᠬᠡᠷᠡᠭᠲᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠡ ᠬᠤᠷᠠᠯ ᠪᠣᠯ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌ ᠵᠠᠩᠭᠢᠯᠠᠭ᠎ᠠ ᠶᠢᠨ ᠴᠠᠭ ᠦᠶ᠎ᠡ᠎ᠳᠦ ᠬᠤᠷᠠᠯᠳᠤᠭᠤᠯᠤᠭᠰᠠᠨ ᠨᠢᠭᠡ ᠤᠳᠠᠭ᠎ᠠ ᠵᠢᠨ ᠲᠤᠶ᠋ᠢᠯ᠎ᠤᠨ ᠴᠢᠬᠤᠯᠠ ᠬᠤᠷᠠᠯ ᠪᠣᠯᠤᠨ᠎ᠠ᠃ ᠪᠦᠬᠦᠳᠡ ᠬᠤᠷᠠᠯ᠎ᠡᠴᠡ ᠶᠡᠷᠦᠩᠬᠡᠢ ᠱᠦᠵᠢ ᠰᠢ ᠵᠢᠨ ᠫᠢᠩ᠎ᠦᠨ ᠨᠠᠮ ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠨᠠᠶ᠋ᠢᠳᠠᠯᠭ᠎ᠠ᠎ᠪᠠᠷ ᠬᠢᠭᠰᠡᠨ ᠠᠵᠢᠯ᠎ᠤᠨ ᠢᠯᠡᠳᠭᠡᠯ ᠢ ᠰᠣᠨᠣᠰᠤᠨ ᠶᠠᠷᠢᠯᠴᠠᠵᠤ᠂ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ ᠨᠠᠭᠠᠰᠢᠬᠢ ᠨᠠᠮ ᠪᠠ ᠤᠯᠤᠰ᠎ᠤᠨ ᠠᠵᠢᠯ ᠦᠢᠯᠡᠰ᠎ᠦᠨ ᠣᠯᠤᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ᠎ᠶᠢ ᠭᠦᠢᠴᠡᠳ ᠨᠤᠲᠠᠯᠠᠪᠠ᠃ ᠪᠦᠬᠦᠳᠡ ᠬᠤᠷᠠᠯ᠎ᠡᠴᠡ ᠰᠢᠨ᠎ᠡ ᠴᠠᠭ ᠦᠶ᠎ᠡ᠎ᠶᠢᠨ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠰᠠᠨ ᠠᠭᠤᠤ ᠶᠡᠬᠡ ᠠᠮᠵᠢᠯᠲᠠ ᠪᠦᠲᠦᠮᠵᠢ ᠪᠣᠯᠤᠨ ᠡᠷᠬᠢᠮ ᠨᠠᠨᠳᠢᠨ ᠲᠤᠷᠰᠢᠯᠭ᠎ᠠ᠎ᠶᠢ ᠭᠦᠨᠵᠡᠭᠡᠢ ᠳ᠋ᠦᠩᠨᠡᠵᠦ᠍᠂ 《ᠨᠠᠮ ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠤᠷᠢᠶ᠎ᠠ ᠵᠢᠨ ᠲᠣᠭᠲᠠᠭᠠᠯ》 (ᠳᠣᠷᠣᠭᠰᠢ 《ᠲᠣᠭᠲᠠᠭᠠᠯ》 ᠭᠡᠵᠦ᠍ ᠳᠥᠭᠥᠮᠴᠢᠯᠡᠨ᠎ᠡ) ᠢ᠋ ᠬᠢᠨᠠᠨ ᠵᠥᠪᠯᠡᠵᠦ᠍ ᠪᠠᠲᠤᠯᠠᠪᠠ᠂ ᠡᠨᠡ ᠨᠢ ᠰᠢᠨ᠎ᠡ ᠴᠠᠭ ᠦᠶ᠎ᠡ᠎ᠶᠢᠨ ᠨᠠᠮ ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ ᠢ ᠬᠦᠴᠦᠷᠬᠡᠭᠵᠢᠭᠦᠯᠬᠦ᠌ ᠰᠢᠨ᠎ᠡ ᠪᠠᠶ᠋ᠢᠳᠠᠯ᠎ᠢ ᠴᠢᠨᠠᠭᠰᠢᠳᠠ ᠡᠭᠦᠳᠴᠦ᠍᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠴᠢᠬᠤᠯᠠ ᠶᠡᠬᠡ ᠪᠣᠳᠠᠲᠤ᠌ ᠠᠴᠢ ᠬᠣᠯᠪᠣᠭᠳᠠᠯ ᠪᠠ ᠠᠯᠤᠰ ᠬᠡᠳᠤ᠎ᠶᠢᠨ ᠲᠡᠦᠬᠡᠲᠦ᠍ ᠠᠴᠢ ᠬᠣᠯᠪᠣᠭᠳᠠᠯ᠎ᠲᠠᠶ ᠶᠤᠮ᠃ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠢ᠎ᠠ᠎ᠶᠢ ᠲᠥᠯᠥᠭᠡᠯᠡᠨ ᠬᠢᠭᠰᠡᠨ ᠠᠵᠢᠯ᠎ᠤᠨ ᠢᠯᠡᠳᠬᠡᠯ ᠨᠢ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ ᠨᠠᠭᠠᠰᠢᠬᠢ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠭᠣᠣᠯ ᠠᠵᠢᠯ᠎ᠢ ᠪᠦᠬᠦ᠌ ᠲᠠᠯ᠎ᠠ᠎ᠪᠠᠷ ᠡᠷᠭᠢᠴᠡᠭᠦᠯᠵᠦ᠍᠂ ᠨᠠᠮ ᠪᠠ ᠤᠯᠤᠰ᠎ᠤᠨ ᠠᠵᠢᠯ ᠦᠢᠯᠡᠰ᠎ᠦᠨ ᠣᠯᠤᠭᠰᠠᠨ ᠴᠢᠬᠤᠯᠠ ᠶᠡᠬᠡ ᠰᠢᠨ᠎ᠡ ᠠᠬᠢᠴᠠ᠎ᠶᠢ ᠰᠢᠰᠲ᠋ᠧᠮ᠎ᠲᠡᠶ᠎ᠪᠡᠷ ᠳ᠋ᠦᠩᠨᠡᠵᠦ᠍᠂ ᠬᠥᠮᠦᠰ᠎ᠦᠨ ᠰᠡᠳᠬᠢᠯ᠎ᠢ ᠬᠥᠭᠵᠢᠭᠡᠨ᠂ ᠬᠥᠮᠦᠰ᠎ᠢ ᠤᠷᠮᠠᠰᠢᠭᠤᠯᠤᠨ ᠵᠤᠷᠢᠭᠵᠢᠭᠤᠯᠵᠠᠢ᠃ ᠶᠡᠷᠦᠩᠬᠡᠢ ᠱᠦᠵᠢ ᠰᠢ ᠵᠢᠨ ᠫᠢᠩ᠎ᠦᠨ 《ᠲᠣᠭᠲᠠᠭᠠᠯ》 ᠤ᠋ᠨ ᠨᠤᠤᠷᠠᠭ᠎ᠤᠨ ᠲᠤᠬᠠᠢ ᠬᠢᠭᠰᠡᠨ ᠲᠣᠳᠣᠷᠬᠠᠶ᠋ᠢᠯᠠᠯᠲᠠ ᠨᠢ ᠪᠢᠳᠡᠨ᠎ᠦ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠩᠭᠠᠪᠠ᠃ ᠶᠡᠷᠦᠩᠬᠡᠢ ᠱᠦᠵᠢ ᠰᠢ ᠵᠢᠨ ᠫᠢᠩ ᠦᠨ ᠬᠣᠶᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠵᠢᠨ ᠴᠢᠬᠤᠯᠠ ᠴᠢᠨᠠᠷ ᠲᠤᠯᠭᠠᠮ ᠴᠢᠨᠠᠷ᠎ᠤᠨ ᠲᠤᠬᠠᠢ ᠲᠠᠨᠢᠯᠲᠠ᠎ᠪᠠᠨ ᠴᠢᠨᠠᠭᠰᠢᠳᠠ ᠳᠡᠭᠡᠭᠰᠢᠯᠡᠭᠦᠯᠵᠦ᠍᠂ ᠪᠦᠬᠦᠳᠠ ᠬᠤᠷᠠᠯ᠎ᠤᠨ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠲᠤᠬᠠᠢ ᠭᠣᠣᠯᠳᠠᠯᠭ᠎ᠠ᠎ᠲᠠᠶ ᠪᠠᠶ᠋ᠢᠷᠢᠯᠠᠭᠤᠯᠤᠯᠲᠠ᠎ᠶᠢ ᠣᠨᠣᠪᠴᠢᠲᠠᠢ ᠡᠵᠡᠮᠳᠡᠵᠦ᠍᠂《ᠲᠣᠭᠲᠠᠭᠠᠯ》 ᠤ᠋ᠨ ᠪᠠᠶ᠋ᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠦᠨᠡᠨ ᠬᠦ᠌ ᠰᠠᠶ᠋ᠢᠲᠤᠷ ᠠᠳᠬᠤᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠥᠬᠥᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭᠰᠠᠨ 《ᠲᠣᠭᠲᠠᠭᠠᠯ》 ᠨᠢ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠴᠢᠩᠭ᠎ᠠ ᠬᠥᠭ ᠠᠶᠠᠰ᠎ᠢ ᠪᠠᠷᠢᠮᠲᠠᠯᠠᠨ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠳᠣᠪᠣᠶ᠋ᠢᠯᠭᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ ᠬᠥᠲᠥᠯᠪᠦᠷᠢ᠎ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠵᠠᠶ᠃ ᠪᠦᠬᠦᠳᠡ ᠬᠤᠷᠠᠯ᠎ᠡᠴᠡ ᠪᠠᠲᠤᠯᠠᠭᠰᠠᠨ ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠢ ᠬᠤᠷᠠᠯᠳᠤᠭᠤᠯᠬᠤ ᠲᠤᠬᠠᠢ ᠰᠢ᠌ᠳᠪᠦᠷᠢ ᠨᠢ ᠪᠦᠬᠦ᠌ ᠨᠠᠮ᠎ᠳᠤ ᠪᠣᠳᠠᠲᠤ᠌ ᠠᠵᠢᠯᠯᠠᠭ᠎ᠠ᠎ᠪᠠᠷ᠎ᠢᠶᠠᠨ ᠬᠣᠷᠢᠨ ᠨᠢᠭᠡᠳᠦᠭᠡᠷ ᠶᠡᠬᠡ ᠬᠤᠷᠠᠯ᠎ᠤᠨ ᠢᠯᠠᠯᠲᠠ᠎ᠲᠠᠶ ᠬᠤᠷᠠᠯᠳᠤᠬᠤ᠎ᠶᠢ ᠤᠭᠲᠤᠬᠤ ᠤᠷᠢᠶᠠᠯᠠᠭ᠎ᠠ ᠭᠠᠷᠭᠠᠪᠠ᠃ ᠪᠥᠬᠥᠳᠡ ᠬᠤᠷᠠᠯ᠎ᠡᠴᠡ ᠪᠠᠲᠤᠯᠠᠭᠰᠠᠨ ᠰᠠᠬᠢᠯᠭ᠎ᠠ ᠪᠠᠲᠤ᠎ᠶᠢᠨ ᠰᠢᠢᠳᠬᠡᠯ ᠥᠭᠬᠦ᠌ ᠵᠦᠢᠯᠡᠰ ᠨᠢ ᠢᠯᠵᠢᠷᠠᠯ᠎ᠢ ᠡᠰᠡᠷᠭᠦᠴᠡᠬᠦ᠌᠎ᠳᠦ ᠬᠣᠷᠢᠭᠠᠲᠤ᠌ ᠣᠷᠣᠨ ᠭᠡᠵᠦ ᠥᠬᠡᠶ᠂ ᠪᠦᠬᠦᠨ᠎ᠢ ᠬᠠᠮᠤᠷᠬᠤ᠂ ᠣᠭᠲᠣ ᠠᠭᠤᠴᠢᠯᠠᠬᠤ ᠥᠬᠡᠶ ᠪᠠᠶ᠋ᠢᠬᠤ ᠴᠢᠩᠭ᠎ᠠ ᠳᠣᠬᠢᠶ᠎ᠠ᠎ᠶᠢ ᠳᠠᠬᠢᠨᠲᠠ ᠲᠣᠳᠣᠷᠬᠠᠶ ᠳᠠᠮᠵᠢᠭᠤᠯᠪᠠ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠶ᠋ᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠭᠠᠵᠤ᠂ ᠪᠠᠲᠤ᠌ ᠴᠢᠩᠭ᠎ᠠ ᠤᠯᠤᠰ ᠲᠦᠷᠦ᠎ᠶᠢᠨ ᠬᠠᠷᠢᠭᠤᠴᠠᠯᠭᠠᠲᠤ᠌ ᠰᠡᠳᠬᠢᠯᠭᠡ ᠪᠣᠯᠤᠨ ᠲᠡᠦᠬᠡᠨ ᠡᠭᠦᠷᠭᠡᠲᠦ᠍ ᠪᠤᠳᠤᠯ᠎ᠢᠶᠠᠷ ᠰᠤᠷᠤᠯᠴᠠᠨ ᠲᠤᠭᠤᠰᠢᠯᠠᠭᠤᠯᠬᠤ ᠠᠵᠢᠯ᠎ᠢ ᠰᠠᠶ᠋ᠢᠲᠤᠷ ᠠᠳᠬᠤᠵᠤ᠂ ᠨᠠᠮ᠎ᠤᠨ ᠤᠳᠤᠷᠢᠳᠤᠯᠭ᠎ᠠ᠎ᠶᠢ ᠡᠷᠡᠰ ᠭᠤᠶ᠋ᠢᠪᠢᠰᠢ ᠦᠭᠡᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ᠎ᠶᠢ ᠦᠴᠦᠬᠡᠨ ᠴᠤ᠌ ᠦᠯᠦ ᠰᠤᠯᠠᠷᠠᠭᠤᠯᠤᠨ ᠴᠢᠩᠭᠠᠳᠬᠠᠵᠤ᠂ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠪᠣᠳᠠᠲᠤ᠌ ᠦᠷ᠎ᠡ ᠪᠦᠲᠦᠮᠵᠢ ᠤᠯᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃
(ᠬᠣᠶᠠᠷ) ᠰᠢᠨ᠎ᠡ ᠴᠠᠭ ᠦᠶ᠎ᠡ᠎ᠳᠦ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠭᠰᠠᠨ ᠠᠭᠤᠤ ᠶᠡᠬᠡ ᠠᠮᠵᠢᠯᠲᠠ᠎ᠶᠢ ᠰᠢᠨᠵᠢᠯᠡᠬᠦ᠌ ᠤᠬᠠᠭᠠᠨᠴᠢ᠎ᠪᠠᠷ ᠲᠠᠨᠢᠬᠤ ᠬᠡᠷᠡᠭᠲᠡᠢ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠳᠣᠲᠣᠭᠠᠳᠤ᠎ᠳᠤ ᠨᠢᠭᠡ ᠦᠶ᠎ᠡ ᠢᠯᠡᠷᠡᠭᠰᠡᠨ ᠨᠠᠮ᠎ᠤᠨ ᠤᠳᠤᠷᠢᠳᠤᠯᠭ᠎ᠠ ᠰᠤᠯᠠᠷᠠᠵᠤ ᠪᠠᠢᠭ᠎ᠠ ᠲᠤᠷᠤᠢ ᠪᠠᠭᠤᠷᠠᠢ ᠪᠤᠯᠵᠤ ᠪᠠᠢᠭ᠎ᠠ ᠬᠦᠴᠦᠨ ᠦᠭᠡᠢ ᠪᠤᠯᠵᠤ ᠪᠠᠢᠭ᠎ᠠ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠳᠠᠭᠠᠨ ᠴᠢᠩᠭ᠎ᠠ ᠪᠢᠰᠢ ᠪᠣᠳᠠᠲᠠᠢ ᠪᠢᠰᠢ ᠬᠦᠴᠦᠨ ᠦᠭᠡᠢ᠂ ᠨᠠᠮ ᠤᠨ ᠳᠣᠲᠣᠭᠠᠳᠤ ᠶᠢᠨ ᠵᠠᠷᠢᠮ ᠠᠰᠠᠭᠤᠳᠠᠯ ᠬᠥᠮᠦᠨ ᠢ ᠰᠣᠴᠢᠭᠠᠮ᠎ᠠ ᠪᠠᠢᠭ᠎ᠠ ᠬᠦᠨᠳᠦ ᠨᠣᠴᠢᠲᠠᠶ ᠪᠣᠳᠠᠲᠤ᠌ ᠪᠠᠢᠳᠠᠯ ᠤᠨ ᠡᠮᠦᠨ᠎ᠡ ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠢ᠎ᠠ ᠯᠤᠲᠤ᠌ ᠶᠡᠬᠡ ᠤᠯᠤᠰ ᠲᠦᠷᠦ᠎ᠶᠢᠨ ᠰᠥᠰᠥ᠍ ᠵᠣᠷᠢᠭ ᠪᠣᠯᠤᠨ ᠪᠠᠲᠤ᠌ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ᠂ ᠬᠢᠲᠤᠭᠠᠨ ᠢᠷ᠎ᠢ ᠳᠣᠲᠣᠭᠰᠢ ᠬᠠᠨᠳᠤᠭᠤᠯᠵᠤ᠂ ᠬᠦᠨᠳᠤ ᠡᠷᠡᠭᠦᠦ ᠰᠢᠢᠳᠭᠡᠯ᠎ᠢᠶᠡᠷ ᠰᠠᠮᠠᠭᠤᠨ ᠪᠠᠢᠳᠠᠯ᠎ᠢ ᠵᠠᠰᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ᠎ᠪᠠᠷ ᠠᠭᠤᠵᠢᠭᠤ ᠰᠤᠯᠠ ᠵᠥᠭᠡᠯᠡᠨ ᠪᠠᠶ᠋ᠢᠬᠤ ᠪᠠᠶ᠋ᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠤᠷᠳᠤ ᠬᠤᠭᠤᠴᠠᠭ᠎ᠠ᠎ᠪᠠᠷ ᠬᠣᠷᠢᠭᠯᠠᠵᠤ ᠳᠡᠶ᠋ᠢᠯᠦᠭᠰᠡᠨ ᠦᠭᠡᠢ ᠵᠠᠷᠢᠮ ᠭᠠᠵᠢᠭᠤ ᠰᠤᠷᠲᠠᠯ᠎ᠢ ᠵᠣᠭᠰᠣᠭᠠᠵᠤ᠂ ᠣᠯᠠᠨ ᠵᠢᠯ ᠠᠷᠢᠯᠭᠠᠭᠠᠳᠤᠶ ᠵᠠᠷᠢᠮ ᠠᠷᠬᠠᠭ ᠭᠡᠮ᠎ᠢ ᠵᠠᠯᠠᠷᠠᠭᠤᠯᠵᠤ᠂ ᠨᠠᠮ᠂ ᠤᠯᠤᠰ᠂ ᠴᠡᠷᠢᠭ ᠠᠩᠭᠢ᠎ᠶᠢᠨ ᠳᠣᠲᠣᠭᠠᠳᠤ᠎ᠳᠤ ᠣᠷᠣᠰᠢᠵᠤ ᠪᠠᠢᠭᠰᠠᠨ ᠬᠦᠨᠳᠦ ᠨᠣᠴᠢᠲᠠᠶ ᠳᠠᠯᠳᠠ ᠭᠡᠮ ᠢ ᠠᠷᠢᠯᠭᠠᠵᠤ᠂ ᠨᠠᠮ ᠬᠤᠪᠢᠰᠬᠠᠯᠲᠤ᠌ ᠴᠢᠨᠠᠷᠲᠠᠢ ᠳᠠᠪᠲᠠᠯᠲᠠ ᠳᠤᠮᠳᠠ ᠨᠡᠩ ᠡᠷᠡᠰ ᠴᠢᠩᠭ᠎ᠠ ᠬᠦᠴᠦᠨ᠎ᠲᠡᠶ ᠪᠣᠯᠪᠠ᠃ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠢᠯᠡᠳᠲᠡ ᠴᠢᠩᠭᠠᠷᠠᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌ ᠠᠵᠢᠯ ᠰᠢᠨ᠎ᠡ ᠦᠰᠦᠷᠦᠯᠲᠡ᠎ᠶᠢ ᠪᠡᠶᠡᠯᠡᠭᠦᠯᠵᠦ᠍᠂ ᠰᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠱᠤᠭᠤᠮ᠎ᠢ ᠬᠦᠴᠦᠲᠡᠢ ᠲᠤᠭᠤᠰᠢᠯᠠᠭᠤᠯᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠴᠢᠩᠭ᠎ᠠ ᠬᠦᠴᠦᠲᠡᠢ ᠰᠠᠬᠢᠯᠭ᠎ᠠ ᠪᠠᠲᠤ ᠨᠢ ᠰᠦᠷ ᠬᠦᠴᠦᠨ ᠲᠠᠢ ᠪᠤᠯᠵᠤ᠂ ᠨᠠᠮ᠎ᠤᠨ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ ᠯᠠᠪᠳᠠᠭᠤᠨ ᠪᠠᠲᠤᠲᠠᠢ ᠠᠬᠢᠵᠤ᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠡᠷᠴᠢᠮ ᠤᠷᠢᠳ ᠡᠮᠦᠨ᠎ᠡ ᠪᠠᠶ᠋ᠢᠭ᠎ᠠ ᠦᠭᠡᠢ ᠴᠢᠩᠭᠠᠷᠠᠵᠤ᠂ ᠦᠷ᠎ᠡ ᠪᠦᠲᠦᠮᠵᠢ ᠨᠢ ᠨᠢᠳᠤᠨ᠎ᠳᠦ ᠦᠵᠡᠭᠳᠡᠮ᠎ᠡ ᠭᠠᠷ᠎ᠲᠤ᠌ ᠪᠠᠷᠢᠭᠳᠠᠮ᠎ᠠ ᠪᠤᠯᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠲᠦᠷᠢᠮ᠎ᠦᠨ ᠰᠢᠰᠲ᠋ᠧᠮ ᠨᠡᠩ ᠲᠡᠭᠦᠯᠳᠡᠷᠵᠢᠵᠦ᠍᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ᠎ᠶᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠬᠠᠮᠰᠠᠷ ᠲᠠᠰᠤᠷᠠᠯᠳᠠ ᠦᠭᠡᠢ ᠴᠢᠩᠭᠠᠷᠠᠪᠠ᠃ ᠡᠳᠡᠭᠡᠷ ᠠᠭᠤᠤ ᠶᠡᠬᠡ ᠠᠮᠵᠢᠯᠲᠠ ᠪᠦᠲᠦᠮᠵᠢ᠎ᠶᠢ ᠣᠯᠤᠭᠰᠠᠨ᠎ᠤ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠢ᠎ᠠ ᠠᠶᠠᠯᠠᠯ᠎ᠢ ᠵᠢᠯᠤᠭᠤᠳᠴᠤ ᠵᠠᠯᠠᠭᠤᠷ᠎ᠢ ᠡᠵᠡᠮᠳᠡᠭᠰᠡᠨ ᠪᠤᠢ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠡᠳᠡᠭᠡᠷ ᠠᠭᠤᠤ ᠶᠡᠬᠡ ᠠᠮᠵᠢᠯᠲᠠ ᠪᠦᠲᠦᠮᠵᠢ᠎ᠶᠢᠨ ᠨᠠᠮ᠎ᠤᠨ ᠲᠡᠷᠢᠭᠦᠨ᠎ᠦ ᠴᠢᠨᠠᠷ ᠪᠣᠯᠤᠨ ᠴᠡᠪᠡᠷ ᠴᠢᠨᠠᠷ᠎ᠢ ᠡᠭᠦᠷᠢᠳᠡ ᠪᠠᠲᠤᠯᠠᠬᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠌᠎ᠳᠦ ᠦᠵᠡᠭᠦᠯᠬᠦ᠌ ᠦᠨᠳᠦᠰᠦᠨ ᠪᠠᠲᠤᠯᠠᠭ᠎ᠠ᠎ᠶᠢᠨ ᠦᠢᠯᠡᠳᠦᠯ᠎ᠢ ᠭᠦᠨᠵᠡᠭᠡᠢ ᠣᠶ᠋ᠢᠯᠠᠭᠠᠵᠤ᠂《ᠳᠤᠮᠳᠠᠳᠤ ᠤᠯᠤᠰ᠎ᠤᠨ ᠶᠠᠪᠤᠳᠠᠯ᠎ᠢ ᠰᠠᠶ᠋ᠢᠲᠤᠷ ᠬᠢᠬᠦ᠌᠎ᠳᠦ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠳᠤ ᠪᠤᠢ》 ᠭᠡᠬᠦ᠌ ᠲᠤᠬᠠᠢ ᠣᠶ᠋ᠢᠯᠠᠭᠠᠯᠲᠠ ᠡᠵᠡᠮᠰᠢᠯ᠎ᠢᠶᠡᠨ ᠲᠠᠰᠤᠷᠠᠯᠳᠡ ᠦᠭᠡᠢ ᠭᠦᠨᠵᠡᠭᠡᠶ᠋ᠢᠷᠡᠭᠦᠯᠵᠦ᠍᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭᠠᠨ᠎ᠤ ᠤᠨᠤᠯ᠎ᠤᠨ ᠠᠴᠢ ᠬᠣᠯᠪᠣᠭᠳᠠᠯ᠂ ᠦᠢᠯᠡᠳᠦᠯᠭᠡ᠎ᠶᠢᠨ ᠠᠴᠢ ᠬᠣᠯᠪᠣᠭᠳᠠᠯ᠂ ᠲᠡᠦᠬᠡᠲᠦ᠍ ᠠᠴᠢ ᠬᠣᠯᠪᠣᠭᠳᠠᠯ᠎ᠤᠨ ᠲᠤᠬᠠᠢ ᠣᠶ᠋ᠢᠯᠠᠭᠠᠯᠲᠠ ᠡᠵᠡᠮᠰᠢᠯ᠎ᠢᠶᠡᠨ ᠲᠠᠰᠤᠷᠠᠯᠳᠡ ᠦᠭᠡᠢ ᠭᠦᠨᠵᠡᠭᠡᠶ᠋ᠢᠷᠡᠭᠦᠯᠵᠦ᠍᠂ ᠨᠡᠩ ᠴᠢᠷᠮᠠᠶ᠋ᠢᠨ ᠲᠡᠮᠡᠴᠡᠵᠦ ᠪᠠᠢᠭᠠᠳ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠭᠦᠨᠵᠡᠭᠡᠢᠷᠡᠭᠦᠯᠦᠨ ᠠᠬᠢᠭᠤᠯᠬᠤ ᠬᠡᠷᠡᠭᠲᠡᠢ᠃
(ᠭᠤᠷᠪᠠ)ᠨᠠᠮ ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠳᠤ ᠲᠤᠯᠭᠠᠷᠠᠵᠤ ᠪᠠᠶ᠋ᠢᠭ᠎ᠠ ᠪᠠᠶ᠋ᠢᠳᠠᠯ ᠡᠭᠦᠷᠭᠡ᠎ᠶᠢᠨ ᠲᠤᠬᠠᠢ ᠨᠠᠮ᠎ᠤᠨ ᠲᠥᠪ ᠬᠤᠷᠢᠶ᠎ᠠ ᠵᠢᠨ ᠰᠢᠨᠵᠢᠯᠡᠬᠦ᠌ ᠤᠬᠠᠭᠠᠨᠴᠢ ᠮᠠᠭᠠᠳᠯᠠᠯᠲᠠ ᠶᠢ ᠣᠨᠣᠪᠴᠢᠲᠠᠢ ᠣᠶ᠋ᠢᠯᠠᠭᠠᠬᠤ ᠬᠡᠷᠡᠭᠲᠡᠢ᠃ ᠳᠡᠯᠡᠬᠡᠢ᠎ᠶᠢᠨ ᠪᠠᠶ᠋ᠢᠳᠠᠯ ᠤᠯᠤᠰ᠎ᠤᠨ ᠪᠠᠶ᠋ᠢᠳᠠᠯ ᠨᠠᠮ᠎ᠤᠨ ᠪᠠᠶ᠋ᠢᠳᠠᠯ᠎ᠳᠤ ᠭᠦᠨᠵᠡᠭᠡᠢ ᠬᠤᠪᠢᠷᠠᠯᠲᠠ ᠭᠠᠷᠬᠤ᠎ᠶᠢ ᠳᠠᠭᠠᠯᠳᠤᠨ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠳᠤ ᠪᠠᠰᠠ ᠮᠠᠰᠢ ᠤᠯᠠᠨ ᠰᠢᠨ᠎ᠡ ᠪᠠᠶ᠋ᠢᠳᠠᠯ ᠰᠢᠨ᠎ᠡ ᠠᠰᠠᠭᠤᠳᠠᠯ ᠲᠤᠯᠭᠠᠷᠠᠵᠤ ᠪᠠᠶ᠋ᠢᠨ᠎ᠠ᠃ ᠨᠠᠮ᠎ᠡᠴᠡ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠶᠢᠨ ᠠᠰᠢᠭ ᠲᠤᠰᠠ᠎ᠶᠢ ᠬᠠᠮᠠᠭᠠᠯᠠᠬᠤ ᠡᠭᠦᠷᠭᠡ ᠨᠡᠩ ᠪᠡᠷᠬᠡ ᠬᠠᠲᠠᠭᠤᠵᠢᠯᠲᠠᠢ ᠪᠤᠯᠵᠥ᠍᠂ ᠨᠠᠮ᠎ᠡᠴᠡ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠥᠭᠡᠷᠡᠴᠢᠯᠡᠯᠲᠡ ᠬᠥᠭᠵᠢᠯᠲᠡ᠎ᠶᠢ ᠠᠬᠢᠭᠤᠯᠬᠤ᠂ ᠨᠡᠶ᠋ᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ᠎ᠢ ᠬᠠᠮᠠᠭᠠᠯᠠᠬᠤ ᠡᠭᠦᠷᠭᠡ ᠨᠡᠩ ᠪᠡᠷᠬᠡ ᠬᠠᠲᠠᠭᠤᠵᠢᠯᠲᠠᠢ ᠪᠤᠯᠵᠥ᠍᠂ ᠨᠠᠮ᠎ᠤᠨ ᠲᠡᠷᠢᠭᠦᠨ᠎ᠦ ᠴᠢᠨᠠᠷ ᠪᠣᠯᠤᠨ ᠴᠡᠪᠡᠷ ᠴᠢᠨᠠᠷ᠎ᠢᠶᠠᠨ ᠪᠠᠲᠤᠯᠠᠬᠤ ᠡᠭᠦᠷᠭᠡ ᠨᠡᠩ ᠪᠡᠷᠬᠡ ᠬᠠᠲᠠᠭᠤᠵᠢᠯᠲᠠᠢ ᠪᠣᠯᠪᠠ᠃ ᠡᠳᠡᠭᠡᠷ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ ᠨᠢ ᠨᠠᠮ᠎ᠤᠨ ᠰᠢᠨ᠎ᠡ ᠪᠠᠶ᠋ᠢᠳᠠᠯ᠎ᠤᠨ ᠳᠣᠣᠷᠠᠬᠢ ᠲᠦᠷᠦ᠍ ᠪᠠᠷᠢᠬᠤ ᠴᠢᠳᠠᠪᠤᠷᠢ᠂ ᠤᠳᠤᠷᠢᠳᠬᠤ ᠲᠦᠪᠰᠢᠨ᠂ ᠡᠩᠨᠡᠭᠡᠨ᠎ᠦ ᠬᠡᠪ ᠴᠢᠨᠠᠷ᠂ ᠢᠯᠵᠢᠷᠠᠯ᠎ᠢ ᠡᠰᠡᠷᠭᠦᠴᠡᠵᠦ᠍ ᠬᠤᠪᠢᠷᠠᠬᠤ᠎ᠶᠢ ᠰᠡᠷᠭᠡᠶ᠋ᠢᠯᠡᠬᠦ᠌᠎ᠳᠦ ᠬᠦᠨᠳᠦ ᠶᠡᠬᠡ ᠦᠷᠢᠰᠦᠯᠳᠦᠭᠡᠨ᠎ᠢ ᠠᠪᠴᠢᠷᠠᠨ᠂ ᠨᠠᠮ᠎ᠳᠤ ᠲᠤᠯᠭᠠᠷᠠᠵᠤ ᠪᠠᠶ᠋ᠢᠭ᠎ᠠ 《ᠲᠦᠷᠪᠡᠨ ᠶᠡᠬᠡ ᠰᠢᠯᠭᠠᠯᠲᠠ》 ᠪᠠ 《ᠲᠦᠷᠪᠡᠨ ᠵᠦᠢᠯ᠎ᠦᠨ ᠠᠶᠤᠯ ᠲᠦᠭᠰᠢᠭᠦᠷᠢ》 ᠪᠣᠯ ᠤᠷᠳᠤ ᠬᠤᠭᠤᠴᠠᠭᠠᠨ᠎ᠤ᠂ ᠲᠦᠪᠡᠭ ᠪᠤᠳᠤᠯᠢᠶᠠᠨᠲᠠᠢ᠂ ᠬᠦᠨᠳᠦ ᠬᠡᠴᠡᠭᠦᠦ ᠶᠤᠮ᠂ ᠲᠤᠮᠤ ᠨᠠᠮ᠎ᠳᠤ ᠯᠠ ᠪᠠᠶ᠋ᠢᠳᠠᠭ ᠬᠦᠴᠢᠷ ᠠᠰᠠᠭᠤᠳᠠᠯ᠎ᠢ ᠰᠢ᠌ᠳᠪᠦᠷᠢᠯᠡᠬᠦ᠌᠎ᠳᠦ ᠨᠡᠩ ᠬᠠᠲᠠᠭᠤᠵᠢᠯᠲᠠᠢ ᠴᠢᠷᠮᠠᠶ᠋ᠢᠯᠭ᠎ᠠ ᠭᠠᠷᠭᠠᠬᠤ ᠴᠢᠬᠤᠯᠠᠲᠠᠢ ᠶᠤᠮ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠨᠠᠮ᠎ᠤᠨ ᠲᠦᠷᠦ᠍ ᠪᠠᠷᠢᠬᠤ ᠪᠠᠶ᠋ᠢᠷᠢ ᠰᠠᠭᠤᠷᠢ᠎ᠶᠢ ᠪᠡᠬᠢᠵᠢᠭᠦᠯᠬᠦ᠌᠂ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠌ ᠪᠠᠶ᠋ᠢᠯᠳᠤᠬᠤ ᠪᠤᠳᠤᠯᠭ᠎ᠠ᠎ᠶᠢᠨ ᠦᠨᠳᠦᠷᠴᠡ ᠡᠴᠡ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠢᠲᠡᠭᠡᠯ ᠵᠣᠷᠢᠭ᠎ᠢᠶᠠᠨ ᠪᠠᠲᠤᠳᠬᠠᠵᠤ᠂ ᠲᠣᠭᠲᠠᠯ ᠬᠦᠴᠦᠨ᠎ᠢᠶᠡᠨ ᠪᠠᠲᠤᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠰᠢᠨ᠎ᠡ ᠴᠠᠭ ᠦᠶ᠎ᠡ᠎ᠶᠢᠨ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠰᠠᠨ ᠡᠷᠬᠢᠮ ᠨᠠᠨᠳᠢᠨ ᠲᠤᠷᠰᠢᠯᠭ᠎ᠠ᠎ᠶᠢ ᠰᠠᠶ᠋ᠢᠲᠤᠷ ᠪᠠᠷᠢᠮᠲᠠᠯᠠᠵᠤ᠂ ᠰᠠᠶ᠋ᠢᠲᠤᠷ ᠬᠡᠷᠡᠭᠯᠡᠵᠦ᠍᠂ ᠨᠠᠮ᠎ᠤᠨ ᠪᠠᠶ᠋ᠢᠭᠤᠯᠤᠯᠲᠠ᠎ᠳᠤ ᠲᠤᠯᠭᠠᠷᠠᠵᠤ ᠪᠠᠶ᠋ᠢᠭ᠎ᠠ ᠲᠤᠪᠤᠢ᠌ᠮ᠎ᠠ ᠠᠰᠠᠭᠤᠳᠠᠯ᠎ᠢ ᠰᠠᠶ᠋ᠢᠲᠤᠷ ᠴᠡᠭᠴᠡᠯᠡᠨ ᠵᠠᠰᠠᠵᠤ᠂ ᠰᠠᠶ᠋ᠢᠲᠤᠷ ᠰᠢ᠌ᠳᠪᠦᠷᠢᠯᠡᠵᠦ᠍᠂ ᠨᠠᠮ᠎ᠢ ᠬᠠᠮᠢᠶᠠᠷᠴᠤ᠌ ᠨᠠᠮ᠎ᠢ ᠵᠠᠰᠠᠵᠤ ᠪᠦᠷᠢᠯᠳᠦᠭᠦᠯᠦᠭᠰᠡᠨ ᠰᠠᠢ᠌ᠨ ᠰᠠᠶ᠋ᠢᠬᠠᠨ ᠤᠯᠤᠰ ᠲᠦᠷᠦ᠎ᠶᠢᠨ ᠪᠠᠶ᠋ᠢᠳᠠᠯ᠎ᠢ ᠰᠠᠶ᠋ᠢᠲᠤᠷ ᠪᠡᠬᠢᠵᠢᠭᠦᠯᠵᠦ᠍᠂ ᠰᠠᠶ᠋ᠢᠲᠤᠷ ᠬᠥᠭᠵᠢᠭᠦᠯᠬᠦ᠌ ᠬᠡᠷᠡᠭᠲᠡᠢ᠃
(ᠲᠦᠷᠪᠡ) ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠲᠤᠬᠠᠢ ᠨᠠᠮ᠎ᠤᠨ ᠲᠥᠪ ᠬᠤᠷᠢᠶ᠎ᠠ ᠵᠢᠨ ᠵᠢᠯᠣᠭᠣᠳᠬᠤ ᠦᠵᠡᠯ ᠰᠠᠨᠠᠭ᠎ᠠ ᠪᠣᠯᠤᠨ ᠦᠨᠳᠦᠰᠦᠨ ᠵᠠᠷᠴᠢᠮ᠎ᠢ ᠪᠦᠬᠦ᠌ ᠲᠠᠯ᠎ᠠ᠎ᠪᠠᠷ ᠲᠤᠭᠤᠰᠢᠯᠠᠭᠤᠯᠬᠤ ᠬᠡᠷᠡᠭᠲᠡᠢ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ᠎ᠳᠤ᠂ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ ᠂ ᠳ᠋ᠧᠩ ᠰᠢᠶᠣᠤ ᠫᠢᠩ᠎ᠦᠨ ᠣᠨᠣᠯ ᠂ 《ᠭᠤᠷᠪᠠ᠎ᠶᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ ᠂ ᠰᠢᠨᠵᠢᠯᠡᠬᠦ᠌ ᠤᠬᠠᠭᠠᠨᠴᠢ ᠬᠥᠭᠵᠢᠯᠲᠡ ᠶᠢᠨ ᠦᠵᠡᠯᠲᠡ ᠵᠢ ᠪᠠᠷᠢᠮᠳᠠᠯᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠌᠎ᠶᠢᠨ ᠲᠣᠭᠣᠷᠢᠨ᠎ᠳᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠶᠡᠷᠦᠩᠬᠡᠶ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠤᠨ᠂ ᠨᠠᠮ᠎ᠤᠨ ᠳᠦᠷᠢᠮ᠎ᠢᠶᠡᠷ ᠦᠨᠳᠦᠰᠦ ᠪᠣᠯᠭᠠᠵᠤ᠂ ᠨᠠᠮ᠎ᠤᠨ ᠬᠣᠰᠢᠭᠤᠴᠢ ᠠᠩᠭᠢ᠎ᠶᠢᠨ ᠰᠢᠨᠵᠢ ᠴᠢᠨᠠᠷ᠎ᠢ ᠪᠠᠷᠢᠮᠲᠠᠯᠠᠵᠤ᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠤᠷᠲᠤ᠌ ᠬᠤᠭᠤᠴᠠᠭᠠᠨ᠎ᠤ ᠲᠥᠷᠥ᠍ ᠪᠠᠷᠢᠬᠤ ᠴᠢᠳᠠᠪᠤᠷᠢ᠎ᠶᠢ ᠳᠡᠭᠡᠭᠰᠢᠯᠡᠭᠦᠯᠬᠦ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠪᠠᠲᠤᠯᠠᠬᠤ᠂ ᠨᠠᠮ ᠪᠣᠯᠤᠨ ᠠᠷᠠᠳ ᠣᠯᠠᠨ᠎ᠤ ᠴᠢᠰᠤ ᠮᠢᠬᠠᠨ᠎ᠤ ᠬᠠᠷᠢᠴᠠᠭ᠎ᠠ᠎ᠶᠢ ᠪᠠᠲᠤᠯᠠᠬᠤ᠎ᠳᠤ ᠠᠩᠬᠠᠷᠤᠯ᠎ᠢᠶᠡᠨ ᠲᠦᠪᠯᠡᠷᠡᠭᠦᠯᠵᠦ᠂ ᠴᠢᠩᠭ᠎ᠠ ᠬᠥᠭ ᠠᠶᠠᠰ᠎ᠢ ᠭᠤᠶ᠋ᠢᠪᠢᠰᠢ ᠦᠭᠡᠢ ᠪᠠᠷᠢᠮᠲᠠᠯᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠦᠨ᠂ ᠨᠠᠮ᠎ᠤᠨ ᠤᠯᠤᠰ ᠲᠥᠷᠥ᠎ᠶᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠵᠤ᠂ ᠨᠠᠮ᠎ᠤᠨ ᠡᠯ᠎ᠡ ᠲᠠᠯ᠎ᠠ᠎ᠶᠢᠨ ᠪᠠᠶ᠋ᠢᠭᠤᠯᠤᠯᠲᠠ᠎ᠶᠢ ᠪᠦᠬᠦ᠌ ᠲᠠᠯ᠎ᠠ᠎ᠪᠠᠷ ᠠᠬᠢᠭᠤᠯᠤᠨ᠂ ᠪᠦᠬᠦ᠌ ᠨᠠᠮ ᠤᠨ ᠢᠳᠡᠪᠬᠢᠵᠢᠯ ᠰᠠᠨᠠᠭᠠᠴᠢᠯᠠᠭᠠᠲᠤ᠌ ᠴᠢᠨᠠᠷ ᠪᠦᠲᠦᠭᠡᠯᠴᠢ ᠴᠢᠨᠠᠷ᠎ᠢ ᠭᠦᠢᠴᠡᠳ ᠬᠥᠭᠵᠢᠭᠡᠵᠦ᠂ ᠨᠠᠮ᠎ᠤᠨ ᠥᠪᠡᠷ ᠢ᠎ᠪᠡᠨ ᠴᠡᠪᠡᠷᠰᠢᠭᠦᠯᠬᠦ᠌᠂ ᠥᠪᠡᠷ᠎ᠢ᠎ᠪᠡᠨ ᠲᠡᠭᠦᠯᠳᠡᠷᠵᠢᠭᠦᠯᠬᠦ᠂ ᠥᠪᠡᠷ᠎ᠢ᠎ᠪᠡᠨ ᠰᠢᠨᠡᠴᠢᠯᠡᠬᠦ᠂ ᠥᠪᠡᠷ᠎ᠢ᠎ᠪᠡᠨ ᠳᠡᠭᠡᠭᠰᠢᠯᠡᠭᠦᠯᠬᠦ ᠵᠢ ᠲᠠᠰᠤᠷᠠᠯᠲᠠ ᠦᠭᠡᠢ ᠪᠡᠶᠡᠯᠡᠭᠦᠯᠵᠦ᠂ ᠨᠠᠮ᠎ᠤᠨ ᠤᠯᠤᠰ ᠲᠥᠷᠥ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠶ᠋ᠢᠭᠡᠮ᠎ᠦᠨ ᠤᠷᠢᠶᠠᠯᠠᠬᠤ ᠬᠦᠴᠦᠨ᠎ᠢ ᠦᠷᠭᠦᠯᠵᠢᠯᠡᠨ ᠴᠢᠩᠭᠠᠳᠬᠠᠨ᠂ ᠨᠠᠮ᠎ᠤᠨ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠬᠤ᠂ ᠠᠷᠠᠳ ᠲᠦᠮᠡᠨ ᠴᠢᠩ ᠰᠡᠳᠬᠢᠯ᠎ᠡᠴᠡ᠎ᠪᠡᠨ ᠬᠦᠷᠢᠶᠡᠯᠡᠬᠦ᠂ ᠡᠯ᠎ᠡ ᠵᠦᠢᠯ᠎ᠦᠨ ᠰᠠᠯᠬᠢ ᠳᠠᠪᠠᠯᠭᠠᠨ᠎ᠤ ᠰᠢᠯᠭᠠᠯᠲᠠ᠎ᠶᠢ ᠳᠠᠭᠠᠭᠠᠵᠤ ᠳᠡᠢᠯᠬᠦ᠂ ᠴᠤᠭ ᠪᠠᠳᠠᠷᠠᠩᠭᠤᠶ ᠮᠠᠷᠺᠰ᠎ᠤᠨ ᠦᠵᠡᠯ᠎ᠦᠨ ᠲᠥᠷᠥ᠍ ᠪᠠᠷᠢᠭᠴᠢ ᠨᠠᠮ ᠪᠤᠯᠬᠤ ᠵᠢ ᠦᠨᠡᠨ ᠬᠦ᠌ ᠪᠠᠲᠤᠯᠠᠵᠤ᠂ ᠢᠮᠠᠭᠲᠠ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠢᠯᠡᠰ᠎ᠦᠨ ᠪᠠᠲᠤ᠌ ᠴᠢᠩᠭ᠎ᠠ ᠤᠳᠤᠷᠢᠳᠬᠤ ᠭᠣᠣᠯᠯᠠᠭᠴᠢ ᠪᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠭᠦᠷᠭᠡ ᠬᠠᠷᠢᠭᠤᠴᠠᠯᠭᠠᠳᠤ ᠦᠢᠯᠡᠴᠢᠯᠡᠬᠦ᠌᠎ᠶᠢ ᠪᠠᠷᠢᠮᠲᠠᠯᠠᠵᠤ᠂ ᠨᠠᠮ᠎ᠤᠨ ᠤᠯᠤᠰ ᠲᠥᠷᠥ᠎ᠶᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠬᠤ᠎ᠶᠢ ᠪᠠᠷᠢᠮᠲᠠᠯᠠᠵᠤ᠂ ᠪᠥᠬᠥ᠌ ᠲᠠᠯ᠎ᠠ᠎ᠪᠠᠷ ᠴᠢᠩᠭ᠎ᠠ ᠪᠠᠢᠬᠤ᠎ᠶᠢ ᠪᠠᠷᠢᠮᠲᠠᠯᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠬᠦ᠌᠎ᠶᠢ ᠪᠠᠷᠢᠮᠲᠠᠯᠠᠵᠤ᠂ ᠳᠡᠭᠡᠳᠦ ᠱᠠᠲᠤ᠎ᠨᠢ ᠳᠤᠤᠷᠠᠳᠤ ᠱᠠᠲᠤ᠎ᠪᠠᠨ ᠳᠠᠭᠠᠭᠤᠯᠬᠤ᠎ᠶᠢ ᠪᠠᠷᠢᠮᠲᠠᠯᠠᠵᠤ᠂ ᠲᠣᠭᠲᠠᠭᠠᠯ ᠶᠣᠰᠣᠭᠠᠷ ᠨᠠᠮ᠎ᠢ ᠵᠠᠰᠠᠬᠤ ᠵᠢ ᠪᠠᠷᠢᠮᠲᠠᠯᠠᠬᠤ ᠵᠠᠷᠴᠢᠮ᠎ᠢ ᠵᠢᠷᠤᠮᠯᠡᠬᠤ ᠬᠡᠷᠡᠭᠲᠡᠶ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠵᠢᠨ ᠤᠨᠤᠯ᠎ᠤᠨ ᠵᠢᠯᠤᠭᠤᠳᠤᠯᠭ᠎ᠠ᠂ ᠤᠯᠤᠰ ᠲᠦᠷᠦ᠎ᠶᠢᠨ ᠴᠢᠭᠯᠡᠯ᠂ ᠦᠷᠳᠡᠭ᠎ᠦᠨ ᠵᠣᠭᠰᠣᠯᠲᠠ᠂ ᠦᠢᠯᠡᠳᠦᠯᠭᠡ᠎ᠶᠢᠨ ᠠᠷᠭ᠎ᠠ ᠵᠠᠮ᠂ ᠲᠡᠮᠡᠴᠡᠯ᠎ᠤᠨ ᠬᠠᠷᠠᠯᠲᠠ᠂ ᠦᠨᠳᠦᠰᠦᠨ ᠵᠠᠷᠴᠢᠮ᠎ᠢ ᠣᠨᠣᠪᠴᠢᠲᠠᠢ ᠡᠵᠡᠮᠳᠡᠵᠦ᠍᠂ ᠡᠭᠦᠨ᠎ᠢ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠵᠢ ᠠᠬᠢᠭᠤᠯᠬᠤ ᠡᠯ᠎ᠡ ᠵᠦᠢᠯ᠎ᠦᠨ ᠠᠵᠢᠯ᠎ᠤᠨ ᠲᠤᠮᠳᠠ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠡᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃
ᠬᠣᠶᠠᠷ᠂ ᠡᠪ ᠬᠠᠮᠲᠤᠴᠤᠳ᠎ᠤᠨ ᠨᠠᠮᠴᠢ ᠴᠢᠨᠠᠷ᠎ᠢ ᠴᠢᠩᠭᠠᠳᠬᠠᠬᠤ ᠲᠤᠬᠠᠢ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠡᠪ ᠬᠠᠮᠲᠤᠴᠤᠳ᠎ᠤᠨ ᠤᠯᠤᠰ ᠲᠦᠷᠦ᠎ᠶᠢᠨ ᠤᠤᠷ ᠴᠢᠨᠠᠷ᠎ᠢᠶᠠᠨ ᠢᠮᠠᠭᠲᠠ ᠪᠠᠷᠢᠮᠲᠠᠯᠠᠬᠤ᠎ᠶᠢ ᠠᠬᠢᠭᠤᠯᠬᠤ ᠬᠡᠷᠡᠭᠳᠡᠢ
(ᠲᠠᠪᠤ) ᠨᠠᠮ᠎ᠳᠤ ᠦᠨᠡᠨᠴᠢ ᠰᠢᠳᠤᠷᠭᠤ ᠪᠠᠢᠬᠤ ᠬᠥᠮᠦᠵᠢᠯ᠎ᠢ ᠭᠦᠨᠵᠡᠭᠡᠢ ᠥᠷᠨᠢᠭᠦᠯᠬᠦ ᠬᠡᠷᠡᠭᠳᠡᠢ᠃ ᠨᠠᠮᠴᠢ ᠴᠢᠨᠠᠷ᠎ᠢ ᠴᠢᠩᠭᠠᠳᠬᠠᠬᠤ᠎ᠶᠢ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠢ ᠡᠭᠦᠷᠭᠡ ᠪᠤᠯᠭᠠᠬᠤ᠎ᠶᠢ ᠪᠠᠷᠢᠮᠲᠠᠯᠠᠵᠤ᠂ ᠨᠠᠮ ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ 《ᠬᠣᠶᠠᠷ᠎ᠢ ᠲᠣᠭᠲᠠᠭᠠᠬᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠭᠤᠯᠵᠤ᠂ 《ᠲᠦᠷᠪᠡᠨ ᠤᠬᠠᠮᠰᠠᠷ》 ᠢ᠋ ᠴᠢᠩᠭᠠᠳᠬᠠᠵᠤ᠂ 《ᠲᠦᠷᠪᠡᠨ ᠢᠲᠡᠭᠡᠯ》 ᠢ᠋ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ ᠬᠡᠷᠡᠭᠲᠡᠢ᠃ ᠨᠠᠮ᠎ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠬᠦᠳᠦᠯᠦᠨ ᠵᠢᠯᠤᠭᠣᠳᠴᠤ ᠪᠠᠢᠭᠠᠳ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠢᠬᠤ᠎ᠶᠢ ᠦᠢᠯᠡᠳᠦᠯᠭᠡᠵᠢᠭᠦᠯᠵᠦ᠂ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠢᠬᠤ᠎ᠶᠢ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠂ ᠲᠤᠬᠠᠢᠯᠠᠭᠰᠠᠨ ᠠᠵᠢᠯ᠎ᠢᠶᠠᠨ ᠰᠠᠢᠲᠤᠷ ᠬᠢᠬᠦ᠎ᠶᠢᠨ ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠭᠦᠯᠵᠦ᠂ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠳᠡᠭᠡᠷ᠎ᠡ ᠢᠯᠡᠷᠡᠭᠦᠯᠬᠦ ᠬᠡᠷᠡᠭᠲᠡᠢ᠃ ᠨᠠᠮ᠎ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ ᠮᠠᠷᠺᠰ᠎ᠤᠨ ᠦᠵᠡᠯ ᠦᠨ ᠲᠤᠬᠠᠢ ᠢᠲᠡᠭᠡᠯ ᠪᠢᠰᠢᠷᠡᠯ᠂ ᠡᠪ ᠬᠠᠮᠲᠤ ᠶᠣᠰᠣᠨ᠎ᠤ ᠲᠤᠬᠠᠢ ᠢᠲᠡᠭᠡᠯ ᠵᠣᠷᠢᠭ᠋᠂ ᠳᠤᠮᠳᠠᠳᠤ ᠤᠯᠤᠰ ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠲᠤᠬᠠᠢ ᠢᠲᠡᠭᠡᠯ᠎ᠢ ᠨᠢ ᠪᠠᠲᠤᠳᠬᠠᠵᠤ᠂ ᠦᠨᠡᠨᠴᠢ ᠰᠢᠳᠤᠷᠭᠤ ᠪᠥᠭᠡᠳ ᠡᠷᠡᠰ ᠪᠠᠲᠤ᠂ ᠪᠠᠲᠤ ᠢᠲᠡᠭᠡᠯ᠎ᠲᠠᠢ ᠪᠥᠭᠡᠳ ᠭᠦᠨ ᠵᠤᠵᠠᠭᠠᠨ ᠪᠤᠯᠭᠠᠬᠤ ᠬᠡᠷᠡᠭᠲᠡᠢ᠃ ᠡᠯ᠎ᠡ ᠲᠦᠷᠦᠯ᠎ᠦᠨ ᠡᠬᠡ ᠣᠷᠣᠨᠴᠢ ᠦᠵᠡᠯ᠎ᠦᠨ ᠬᠥᠮᠦᠵᠢᠯ᠎ᠦᠨ ᠰᠠᠭᠤᠷᠢᠨ ᠪᠠ ᠨᠠᠮᠴᠢ ᠴᠢᠨᠠᠷ᠎ᠤᠨ ᠬᠥᠮᠦᠵᠢᠯ᠎ᠦᠨ ᠰᠠᠭᠤᠷᠢᠨ᠎ᠢ ᠰᠠᠢᠲᠤᠷ ᠠᠰᠢᠭ᠍ᠯᠠᠵᠤ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ ᠬᠤᠪᠢᠰᠬᠠᠯᠲᠤ ᠰᠣᠶᠣᠯ᠎ᠢ ᠪᠠᠳᠠᠷᠠᠭᠤᠯᠤᠨ᠂ ᠬᠤᠪᠢᠰᠬᠠᠯᠲᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠤᠯᠤᠰ ᠲᠦᠷᠦ᠎ᠶᠢᠨ ᠴᠢᠬᠡᠴᠢ ᠵᠣᠷᠢᠭ᠋᠂ ᠤᠯᠤᠰ ᠲᠦᠷᠦ᠎ᠶᠢᠨ ᠮᠦᠰᠦ ᠠᠷᠠᠨᠰᠢᠨ ᠢ᠋ ᠪᠤᠢ ᠪᠣᠯᠭᠠᠬᠤ ᠬᠡᠷᠡᠭᠳᠡᠢ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠵᠣᠬᠢᠶᠠᠨ ᠪᠠᠢᠭᠤᠯᠤᠯᠲᠠ᠎ᠶᠢᠨ ᠦᠵᠡᠯᠲᠡ᠎ᠶᠢ ᠨᠢ ᠴᠢᠩᠭᠠᠷᠠᠭᠤᠯᠵᠤ᠂ ᠦᠵᠡᠯ ᠰᠠᠨᠠᠭᠠᠨ ᠤ ᠲᠠᠯ᠎ᠠ ᠪᠡᠷ ᠵᠣᠬᠢᠶᠠᠨ ᠪᠠᠢᠭᠤᠯᠤᠯᠲᠠ᠎ᠶᠢ ᠮᠡᠳᠡᠷᠡᠬᠦ᠂ ᠤᠯᠤᠰ ᠲᠦᠷᠦ᠎ᠶᠢᠨ ᠲᠠᠯ᠎ᠠ᠎ᠪᠠᠷ ᠵᠣᠬᠢᠶᠠᠨ ᠪᠠᠢᠭᠤᠯᠤᠯᠲᠠ᠎ᠳᠤ ᠲᠦᠰᠢᠭᠯᠡᠬᠦ᠂ ᠠᠵᠢᠯ᠎ᠤᠨ ᠲᠠᠯ᠎ᠠ᠎ᠪᠠᠷ ᠵᠣᠬᠢᠶᠠᠨ ᠪᠠᠢᠭᠤᠯᠤᠯᠲᠠ᠎ᠶᠢ ᠲᠠᠭᠠᠬᠤ᠂ ᠰᠡᠳᠬᠢᠯᠭᠡ᠎ᠶᠢᠨ ᠲᠠᠯ᠎ᠠ᠎ᠪᠠᠷ ᠵᠣᠬᠢᠶᠠᠨ ᠪᠠᠢᠭᠤᠯᠤᠯᠲᠠ᠎ᠶᠢ ᠢᠲᠡᠭᠡᠬᠦ᠎ᠶᠢ ᠤᠬᠠᠮᠰᠠᠷ ᠡᠴᠡ ᠪᠡᠨ ᠪᠡᠶᠡᠯᠡᠬᠦᠯᠬᠦ ᠬᠡᠷᠡᠭᠳᠡᠢ᠃ ᠲᠥᠪᠯᠡᠷᠡᠭᠦᠯᠦᠨ ᠰᠤᠷᠭᠠᠨ ᠬᠥᠮᠥᠵᠢᠭᠦᠯᠬᠦ ᠪᠠ ᠪᠠᠢᠩᠭᠤ᠎ᠶᠢᠨ ᠴᠢᠨᠠᠷᠲᠠᠢ ᠰᠤᠷᠭᠠᠨ ᠬᠦᠮᠦᠵᠢᠬᠦᠯᠬᠦ ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠨᠠᠮᠴᠢ ᠴᠢᠨᠠᠷ᠎ᠤᠨ ᠲᠠᠯ᠎ᠠ᠎ᠪᠠᠷ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠬᠦ ᠬᠡᠷᠡᠭᠳᠡᠢ᠃ ᠵᠠᠯᠠᠭᠤ ᠺᠠᠳ᠋ᠷ᠂ ᠰᠢᠨ᠎ᠡ᠎ᠪᠡᠷ ᠠᠵᠢᠯ᠎ᠳᠤ ᠣᠷᠣᠭᠰᠠᠨ ᠺᠠᠳ᠋ᠷᠴᠤᠳ᠎ᠤᠨ ᠨᠠᠮᠴᠢ ᠴᠢᠨᠠᠷ᠎ᠤᠨ ᠬᠥᠮᠦᠵᠢᠯ᠎ᠢ ᠲᠣᠪᠤᠢᠯᠭᠠᠨ ᠰᠠᠢᠲᠤᠷ ᠠᠳᠬᠤᠬᠤ ᠬᠡᠷᠡᠭᠳᠡᠢ᠃ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠨᠠᠮ᠎ᠳᠠᠭᠠᠨ ᠦᠨᠡᠨᠴᠢ ᠰᠢᠳᠤᠷᠭᠤ ᠪᠠᠢᠬᠤ᠎ᠶᠢ ᠭᠡᠷ ᠪᠦᠯᠢ ᠭᠡᠷ᠎ᠦᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠳᠤ ᠣᠷᠣᠭᠤᠯᠵᠤ᠂ ᠲᠦᠷᠦᠯ ᠰᠠᠳᠤᠨ ᠦᠷ᠎ᠡ ᠬᠡᠦᠬᠡᠳ᠎ᠢᠶᠡᠨ ᠬᠥᠲᠥᠯᠥᠨ ᠵᠢᠯᠤᠭᠣᠳᠴᠤ ᠪᠠᠢᠭᠠᠳ ᠨᠠᠮ᠎ᠤᠨ ᠦᠭᠡ᠎ᠶᠢ ᠡᠷᠡᠰ ᠰᠣᠨᠣᠰᠴᠤ᠂ ᠨᠠᠮ᠎ᠢᠶᠠᠨ ᠲᠠᠭᠠᠨ ᠤᠷᠤᠬᠰᠢᠯᠠᠬᠤ ᠬᠡᠷᠡᠭᠲᠡᠢ᠃ ᠥᠷᠭᠡᠨ ᠤᠯᠠᠨ ᠨᠠᠮ᠎ᠤᠨ ᠭᠡᠰᠢᠭᠦᠨ ᠨᠠᠮ᠎ᠤᠨ ᠵᠢᠨᠨ ᠳᠤᠬᠠᠢ ᠶᠠᠷᠢᠵᠤ᠂ ᠨᠠᠮ᠎ᠤᠨ ᠵᠢᠨᠨ ᠲᠦᠯᠦᠭᠡ ᠪᠤᠳᠤᠯᠬᠢᠯᠠᠵᠤ᠂ ᠢᠮᠠᠭᠲᠠ ᠨᠠᠮ᠎ᠤᠨ ᠲᠤᠭ᠎ᠢᠶᠠᠷ ᠲᠤᠭ ᠪᠤᠯᠭᠠᠵᠤ᠂ ᠨᠠᠮ᠎ᠤᠨ ᠴᠢᠭᠯᠡᠯ᠎ᠢᠶᠡᠷ ᠴᠢᠭᠯᠡᠯ ᠪᠤᠯᠭᠠᠵᠤ᠂ ᠨᠠᠮ᠎ᠤᠨ ᠵᠣᠷᠢᠭ᠋ ᠰᠠᠨᠠᠭ᠎ᠠ᠎ᠪᠠᠷ ᠵᠣᠷᠢᠭ᠋ ᠰᠠᠨᠠᠭ᠎ᠠ᠎ᠪᠠᠨ ᠪᠤᠯᠭᠠᠵᠤ᠂ ᠶᠠᠮᠠᠷᠪᠠ ᠴᠠᠭ ᠦᠶ᠎ᠡ ᠶᠠᠮᠠᠷᠪᠠ ᠪᠠᠢᠳᠠᠯ ᠳᠣᠣᠷ᠎ᠠ ᠴᠥᠮ ᠨᠠᠮ᠎ᠲᠠᠢ ᠰᠡᠳᠬᠢᠯ ᠰᠠᠨᠠᠭ᠎ᠠ᠎ᠪᠠᠨ ᠨᠢᠭᠡᠳᠬᠡᠵᠦ᠂ ᠨᠠᠮ ᠡᠴᠡ ᠲᠤᠰᠢᠶᠠᠭᠰᠠᠨ ᠠᠵᠢᠯ ᠪᠠ ᠡᠭᠦᠷᠭᠡ᠎ᠶᠢ ᠪᠦᠭᠦ ᠬᠦᠴᠦ᠎ᠪᠡᠷ᠎ᠢᠶᠡᠨ ᠪᠡᠶᠡᠯᠡᠭᠦᠯᠬᠦ ᠬᠡᠷᠡᠭᠲᠡᠢ᠃
(ᠵᠢᠷᠭᠤᠭ᠎ᠠ) ᠨᠠᠮ᠎ᠤᠨ ᠰᠢᠨ᠎ᠡ ᠡᠭᠦᠳᠦᠯᠲᠡ᠎ᠶᠢᠨ ᠤᠨᠤᠯ᠎ᠢᠶᠠᠷ ᠰᠡᠳᠬᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠬᠤ ᠬᠡᠷᠡᠭᠳᠡᠢ᠃ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠤᠷᠤᠯᠴᠠᠯᠭ᠎ᠠ ᠬᠥᠮᠦᠵᠢᠯ᠎ᠢ ᠴᠥᠬᠥᠷᠡᠰᠢ ᠦᠭᠡᠢ ᠴᠢᠩᠭᠠᠳᠬᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠤᠨ ᠤᠬᠠᠮᠰᠠᠷ ᠡᠴᠡ᠎ᠪᠠᠨ ᠨᠠᠮ᠎ᠤᠨ ᠰᠢᠨ᠎ᠡ ᠡᠭᠦᠳᠦᠯᠲᠡ ᠶᠢᠨ ᠤᠨᠤᠯ᠎ᠢᠶᠠᠷ ᠦᠵᠡᠯ ᠰᠠᠨᠠᠭ᠎ᠠ᠎ᠪᠠᠨ ᠨᠢᠭᠡᠳᠬᠡᠬᠦ᠂ ᠵᠣᠷᠢᠭ᠋ ᠰᠠᠨᠠᠭ᠎ᠠ᠎ᠪᠠᠨ ᠨᠢᠭᠡᠳᠬᠡᠬᠦ᠂ ᠦᠢᠯᠡ ᠠᠵᠢᠯᠯᠠᠭ᠎ᠠ᠎ᠪᠠᠨ ᠨᠢᠭᠡᠳᠬᠡᠬᠦ᠎ᠶᠢ ᠠᠬᠢᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ᠎ᠶᠢ ᠤᠶᠠᠯᠳᠤᠭᠤᠯᠵᠤ᠂ ᠮᠡᠳᠡᠬᠦ ᠢᠳᠡᠬᠡᠬᠦ ᠬᠢᠬᠦ᠎ᠶᠢ ᠨᠢᠭᠡᠳᠬᠡᠬᠦ᠎ᠶᠢ ᠪᠡᠶᠡᠯᠡᠭᠦᠯᠬᠦ ᠬᠡᠷᠡᠭᠲᠡᠢ᠃ ᠨᠠᠮ᠎ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ ᠶᠡᠷᠦᠩᠬᠡᠢ ᠱᠦᠵᠢ ᠰᠢ᠎ᠶᠢᠨ ᠫᠢᠩ ᠤ᠋ᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠡᠴᠡ᠎ᠪᠠᠨ ᠲᠠᠷᠢᠬᠢ ᠲᠣᠯᠣᠭᠠᠢ᠎ᠪᠠᠨ ᠵᠡᠪᠰᠡᠭᠯᠡᠵᠦ᠂ ᠦᠢᠯᠡᠳᠦᠯᠭᠡ᠎ᠪᠡᠨ ᠵᠢᠯᠣᠭᠣᠳᠤᠭᠤᠯᠵᠤ᠂ ᠠᠵᠢᠯ ᠢᠶᠠᠨ ᠲᠦᠯᠬᠢᠨ ᠠᠬᠢᠭᠤᠯᠬᠤ ᠬᠡᠷᠡᠭᠲᠡᠢ᠃ ᠤᠨᠤᠯ᠎ᠢ ᠪᠣᠳᠠᠲᠠᠢ᠎ᠲᠠᠢ ᠤᠶᠠᠯᠳᠤᠭᠤᠯᠬᠤ ᠰᠤᠷᠤᠯᠴᠠᠬᠤ ᠰᠤᠷᠲᠠᠯ ᠢ ᠶᠡᠬᠡ ᠪᠡᠷ ᠪᠠᠳᠠᠷᠠᠭᠤᠯᠵᠤ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠨᠠᠮ᠎ᠤᠨ ᠰᠢᠨ᠎ᠡ᠎ᠡᠬᠦᠳᠦᠯᠳᠡ ᠵᠢᠨ ᠤᠨᠤᠯ ᠢ ᠰᠠᠢᠳᠤᠷ ᠠᠰᠢᠬᠯᠠᠨ ᠠᠰᠠᠭᠤᠳᠠᠯ᠎ᠢ ᠳᠠᠨᠢᠵᠤ᠂ ᠠᠰᠠᠭᠤᠳᠠᠯ᠎ᠢ ᠵᠠᠳᠠᠯᠵᠤ᠂ ᠠᠰᠠᠭᠤᠳᠠᠯ᠎ᠢ ᠰᠢᠢᠳᠪᠦᠷᠢᠯᠡᠬᠦ ᠪᠣᠯᠭᠠᠬᠤ ᠬᠡᠷᠡᠭᠳᠡᠢ᠃ ᠵᠠᠯᠠᠭᠤ ᠨᠠᠮ᠎ᠤᠨ ᠭᠡᠰᠢᠭᠦᠨ᠎ᠦ ᠤᠨᠤᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠭᠦ᠎ᠶᠢ ᠲᠣᠪᠣᠢᠮ᠎ᠠ ᠰᠠᠢᠲᠤᠷ ᠠᠳᠬᠤᠬᠤ ᠬᠡᠷᠡᠭᠳᠡᠢ᠃ ᠤᠨᠤᠯ᠎ᠤᠨ ᠰᠤᠷᠤᠯᠴᠠᠯᠭ᠎ᠠ ᠬᠥᠮᠦᠵᠢᠯ᠎ᠦᠨ ᠠᠷᠭ᠎ᠠ ᠭᠡᠯᠪᠡᠷᠢ᠎ᠶᠢ ᠪᠠᠶᠠᠯᠢᠭ᠍ᠵᠢᠭᠤᠯᠵᠤ᠂ ᠨᠠᠮ᠎ᠤᠨ ᠰᠢᠨ᠎ᠡ ᠡᠭᠦᠳᠦᠯᠳᠡ ᠵᠢᠨ ᠤᠨᠤᠯ᠎ᠤᠨ ᠨᠠᠮ᠎ᠤᠨ ᠭᠡᠰᠢᠭᠦᠨ᠂ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠎ᠳᠠᠬᠢ ᠠᠩᠬᠠᠨ᠎ᠤ ᠬᠢᠴᠢᠶᠡᠯ᠂ ᠭᠣᠣᠯ ᠬᠢᠴᠢᠶᠡᠯ᠎ᠦᠨ ᠪᠠᠢᠷᠢ ᠰᠠᠭᠤᠷᠢ᠎ᠶᠢ ᠲᠤᠪᠤᠢ᠍ᠢᠯᠭᠠᠵᠦ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠤᠭ ᠪᠦᠲᠦᠭᠡᠯ᠎ᠢ ᠤᠩᠰᠢᠭᠤᠯᠵᠤ᠂ ᠤᠭ ᠵᠤᠬᠢᠶᠠᠯ ᠢ ᠰᠤᠷᠤᠯᠴᠠᠭᠤᠯᠵᠤ᠂ ᠤᠭ ᠶᠣᠰᠣ᠌᠎ᠶᠢ ᠣᠢᠯᠠᠭᠠᠭᠤᠯᠵᠤ᠂ ᠲᠡᠭᠦᠨ᠎ᠳᠦ ᠲᠤᠭᠤᠰᠢᠯᠠᠭᠳᠠᠵᠤ ᠪᠠᠢᠭ᠎ᠠ ᠵᠣᠭᠰᠣᠯᠲᠠ ᠦᠵᠡᠯᠲᠡ ᠠᠷᠭ᠎ᠠ᠎ᠶᠢ ᠡᠵᠡᠮᠰᠢᠭᠦᠯᠵᠦ᠂ ᠲᠡᠭᠦᠨ᠎ᠳᠦ ᠠᠭᠤᠯᠤᠭᠳᠠᠵᠤ ᠪᠠᠢᠭ᠎ᠠ ᠰᠠᠨᠠᠭ᠎ᠠ ᠠᠬᠤᠢ ᠬᠠᠢᠷ᠎ᠠ ᠰᠡᠳᠬᠢᠯᠭᠡ᠎ᠶᠢ ᠨᠢ ᠣᠢᠯᠠᠭᠠᠨ᠂ ᠦᠵᠡᠯ ᠰᠠᠨᠠᠭᠠᠨ᠎ᠤ ᠰᠠᠭᠤᠷᠢ᠎ᠶᠢ ᠨᠢ ᠪᠡᠬᠢᠵᠢᠭᠦᠯᠵᠦ᠂ ᠤᠯᠤᠰ ᠲᠦᠷᠦ᠎ᠶᠢᠨ ᠬᠡᠪ ᠰᠤᠷᠲᠠᠯ ᠢ ᠨᠢ ᠳᠠᠪᠲᠠᠨ ᠪᠣᠯᠪᠠᠰᠤᠷᠠᠭᠤᠯᠬᠤ ᠬᠡᠷᠡᠭᠳᠡᠢ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠢᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ ᠦᠨᠳᠦᠰᠦᠨ ᠱᠠᠲᠤᠨ᠎ᠤ ᠨᠠᠮ ᠤᠨ ᠵᠣᠬᠢᠶᠠᠨ ᠪᠠᠢᠭᠤᠯᠤᠯᠲᠠ᠎ᠶᠢᠨ ᠤᠨᠤᠯ ᠰᠤᠷᠤᠯᠴᠠᠬᠤ ᠵᠡᠷᠭᠡ ᠳᠦᠷᠢᠮ᠎ᠢ ᠨᠠᠢᠳᠠᠪᠤᠷᠢᠵᠢᠭᠤᠯᠵᠤ᠂ ᠭᠣᠣᠯ ᠰᠡᠳᠦᠪᠲᠦ ᠨᠠᠮ ᠤᠨ ᠡᠳᠦᠷᠯᠢᠭ ᠵᠡᠷᠭᠡ ᠠᠴᠢᠶᠠᠯᠠᠪᠤᠷᠢ᠎ᠶᠢ ᠰᠠᠢᠲᠤᠷ ᠬᠡᠷᠡᠭᠯᠡᠵᠦ᠂ ᠤᠨᠤᠯ ᠰᠤᠷᠤᠯᠴᠠᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠤᠨᠤᠯ ᠰᠤᠷᠤᠯᠴᠠᠬᠤ ᠭᠦᠨᠴᠡ᠎ᠶᠢ ᠨᠡᠮᠡᠭᠳᠡᠭᠦᠯᠬᠦ ᠬᠡᠷᠡᠭᠳᠡᠢ᠃ ᠮᠠᠷᠺᠰ᠎ᠤᠨ ᠦᠵᠡᠯ᠎ᠦᠨ ᠤᠨᠤᠯ᠎ᠤᠨ ᠰᠤᠳᠤᠯᠭᠠᠨ ᠪᠠ ᠪᠠᠢᠭᠤᠯᠤᠯᠲᠠ᠎ᠶᠢᠨ ᠢᠨᠵᠧᠨᠧᠷᠢᠩ᠎ᠢ ᠰᠢᠨ᠎ᠡ᠎ᠶᠢ ᠡᠭᠦᠳᠦᠨ ᠬᠡᠷᠡᠭᠵᠢᠭᠦᠯᠵᠦ᠂ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠳᠠ᠎ᠶᠢ ᠴᠢᠩᠭᠠᠳᠬᠠᠬᠤ ᠬᠡᠷᠡᠭᠳᠡᠢ᠃
(ᠲᠤᠯᠤᠭ᠎ᠠ) ᠨᠠᠮ᠎ᠤᠨ ᠰᠢᠯᠢᠳᠡᠭ ᠤᠯᠠᠮᠵᠢᠯᠠᠯ ᠪᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢᠶᠠᠷ ᠨᠠᠮᠴᠢ ᠴᠢᠨᠠᠷ᠎ᠢ ᠬᠦᠮᠦᠵᠢᠭᠦᠯᠬᠦ ᠬᠡᠷᠡᠭᠳᠡᠢ᠃ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶᠢᠨ ᠲᠡᠦᠬᠡ᠂ ᠨᠡᠢᠭᠡᠮ ᠵᠢᠷᠤᠮ᠎ᠤᠨ ᠬᠥᠭᠵᠢᠯᠲᠡ᠎ᠶᠢᠨ ᠲᠡᠦᠬᠡ᠎ᠶᠢᠨ ᠬᠥᠮᠦᠵᠢᠯ᠎ᠢ ᠭᠦᠨᠵᠡᠭᠡᠢᠷᠡᠭᠦᠯᠵᠦ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠶᠠᠪᠤᠴᠠ ᠡᠴᠡ᠂ ᠨᠠᠮ ᠤᠨ ᠡᠭᠦᠳᠦᠨ ᠨᠡᠭᠡᠭᠡᠭᠰᠡᠨ ᠪᠠ ᠲᠠᠰᠤᠷᠠᠯᠳᠠ ᠦᠭᠡᠢ ᠲᠦᠯᠬᠢᠨ ᠠᠬᠢᠭᠤᠯᠤᠭᠰᠠᠨ ᠠᠭᠤᠤ ᠶᠡᠬᠡ ᠦᠢᠯᠡᠰ᠎ᠦᠨ ᠳᠤᠮᠳᠠ ᠡᠴᠡ ᠤᠶᠤᠨ ᠰᠠᠨᠠᠭᠠᠨ᠎ᠤ ᠰᠢᠮ᠎ᠡ ᠲᠡᠵᠢᠭᠡᠯ ᠬᠦᠷᠲᠡᠵᠦ᠂ ᠡᠪ ᠬᠠᠮᠲᠤᠴᠤᠳ᠎ᠤᠨ ᠤᠶᠤᠨ ᠰᠠᠨᠠᠭᠠᠨ ᠤ ᠲᠤᠯᠭᠠᠭᠤᠷᠢ᠎ᠶᠢ ᠲᠤᠯᠭᠠᠭᠤᠷᠢᠯᠠᠭᠤᠯᠬᠤ ᠬᠡᠷᠡᠭᠳᠡᠢ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ᠎ᠢ ᠴᠢᠩᠭᠠᠳᠬᠠᠵᠤ᠂ ᠲᠡᠭᠦᠨ᠎ᠦ ᠳᠣᠲᠣᠷ᠎ᠠ ᠠᠭᠤᠯᠤᠭᠳᠠᠵᠤ ᠪᠠᠢᠭ᠎ᠠ ᠦᠨᠡᠨᠴᠢ ᠢᠲᠡᠭᠡᠮᠵᠢ᠎ᠶᠢ ᠡᠷᠭᠢᠮᠯᠡᠭᠦ᠂ ᠴᠢᠬᠡᠴᠢ ᠵᠣᠷᠢᠭ᠋᠎ᠢ ᠡᠷᠭᠢᠮᠯᠡᠭᠦ᠂ ᠢᠴᠢᠭᠦᠷᠢ ᠭᠤᠲᠤᠮᠰᠢᠭ᠋ᠢ ᠮᠡᠳᠡᠬᠦ᠂ ᠰᠡᠷᠡᠮᠵᠢᠯᠡᠨ ᠬᠢᠴᠢᠶᠡᠬᠦ᠂ ᠪᠡᠶ᠎ᠡ᠎ᠪᠡᠨ ᠰᠡᠩᠬᠡᠷᠡᠬᠦᠯᠬᠦ᠎ᠶᠢ ᠴᠢᠬᠤᠯᠠᠴᠢᠯᠠᠬᠤ ᠵᠡᠷᠭᠡ ᠶᠣᠰᠣ᠌ ᠮᠣᠷᠠᠯ᠎ᠤᠨ ᠦᠵᠡᠯᠲᠡ᠎ᠶᠢ ᠠᠭᠤᠳᠠᠯᠤᠨ ᠰᠠᠢᠲᠤᠷ ᠬᠡᠷᠡᠭᠯᠡᠵᠦ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠲᠥᠯᠥᠨ ᠵᠢᠯᠤᠭᠣᠳᠴᠤ ᠶᠡᠬᠡ ᠶᠤᠰᠤ᠎ᠶᠢ ᠮᠡᠳᠡᠬᠦ᠂ ᠨᠡᠶ᠋ᠢᠲᠡ᠎ᠶᠢᠨ ᠶᠤᠰᠤ᠎ᠶᠢ ᠰᠠᠬᠢᠬᠤ᠂ ᠬᠤᠪᠢ᠎ᠶᠢᠨ ᠶᠤᠰᠤ᠎ᠶᠢ ᠴᠢᠩᠳᠠᠯᠠᠭᠤᠯᠬᠤ ᠬᠡᠷᠡᠭᠳᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠵᠦ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ 《ᠲᠠᠪᠤᠨ ᠬᠠᠮᠳᠤ ᠵᠢᠨ ᠲᠠᠨᠢᠯᠳᠠ》 ᠶ᠋ᠢ ᠴᠢᠩᠭᠠᠳᠬᠠᠵᠤ᠂ 《ᠳᠥᠷᠪᠡ ᠶᠢ ᠬᠠᠮᠲᠤᠳᠬᠠᠬᠤ》 ᠣᠢᠯᠠᠭᠠᠭᠳᠠᠬᠤᠨ᠎ᠢ ᠪᠠᠲᠤ ᠪᠡᠬᠢ ᠪᠤᠢ ᠪᠣᠯᠭᠠᠬᠤ ᠬᠡᠷᠡᠭᠳᠡᠢ᠃ ᠨᠠᠮᠴᠢ ᠴᠢᠨᠠᠷ᠎ᠤᠨ ᠬᠥᠮᠦᠵᠢᠯ᠎ᠳᠠᠬᠢ ᠨᠠᠮ᠎ᠤᠨ ᠰᠤᠷᠭᠠᠭᠤᠯᠢ(ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠺᠠᠳ᠋ᠷ᠎ᠤᠨ ᠳᠡᠭᠡᠳᠦ ᠰᠤᠷᠭᠠᠭᠤᠯᠢ᠎ᠶᠢᠨ ᠴᠢᠬᠤᠯᠠ ᠦᠢᠯᠡᠳᠦᠯ᠎ᠢ ᠪᠠᠳᠠᠷᠠᠭᠤᠯᠵᠤ᠂ ᠬᠢᠴᠢᠶᠡᠯ᠎ᠦᠨ ᠰᠢᠰᠲᠧᠮ᠎ᠢ ᠲᠡᠭᠦᠯᠳᠡᠷᠵᠢᠭᠦᠯᠬᠦ ᠬᠡᠷᠡᠭᠳᠡᠢ᠃
(ᠨᠠᠢ᠍ᠮᠠ) ᠨᠠᠮ ᠤᠨ ᠳᠣᠲᠣᠭᠠᠳᠤ᠎ᠶᠢᠨ ᠲᠥᠪ ᠴᠢᠩᠭ᠎ᠠ ᠤᠯᠤᠰ ᠲᠦᠷᠦ᠎ᠶᠢᠨ ᠠᠮᠢᠳᠤᠷᠠᠯ᠎ᠤᠨ ᠳᠤᠮᠳᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠬᠡᠷᠡᠭᠳᠡᠢ᠃ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠬᠦᠴᠦᠯᠡᠨ ᠳᠡᠭᠡᠭᠰᠢᠯᠡᠭᠦᠯᠵᠦ᠂ ᠨᠠᠮ᠎ᠤᠨ ᠳᠣᠲᠣᠭᠠᠳᠤ ᠶᠢᠨ ᠤᠯᠤᠰ ᠲᠦᠷᠦ᠎ᠶᠢᠨ ᠠᠮᠢᠳᠤᠷᠠᠯ᠎ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠍ᠢᠴᠢᠨ ᠴᠢᠨᠠᠷ᠎ᠢ ᠲᠣᠪᠤᠢᠯᠭᠠᠨ᠂ ᠨᠠᠮ᠎ᠤᠨ ᠭᠡᠰᠢᠭᠦᠨ᠎ᠳᠦ ᠦᠷᠭᠦᠯᠵᠢ ᠤᠯᠤᠰ ᠲᠦᠷᠦ᠎ᠶᠢᠨ ᠪᠡᠶ᠎ᠡ᠎ᠶᠢᠨ ᠪᠠᠢᠴᠠᠭᠠᠯᠲᠠ ᠭᠢᠯᠭᠡᠵᠦ᠂ ᠤᠯᠤᠰ ᠲᠦᠷᠦ᠎ᠶᠢᠨ ᠰᠦᠭ ᠰᠦᠨᠡᠰᠦ᠎ᠶᠢ ᠨᠢ ᠴᠡᠪᠡᠷᠰᠢᠭᠦᠯᠬᠦ ᠬᠡᠷᠡᠭᠳᠡᠢ᠃ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠎ᠢ ᠨᠠᠷᠢᠨ ᠬᠢᠨᠠᠮᠠᠭᠠᠢ ᠬᠤᠷᠠᠯᠳᠤᠭᠤᠯᠵᠤ᠂ 《ᠭᠤᠷᠪᠠᠨ ᠬᠤᠷᠠᠯ ᠨᠢᠭᠡ ᠬᠢᠴᠢᠶᠡᠯ》 ᠤ᠋ᠨ ᠶᠠᠰᠤ ᠴᠢᠨᠠᠷ᠎ᠢ ᠳᠡᠭᠡᠭᠰᠢᠯᠡᠭᠦᠯᠭᠦ᠎ᠶᠢ ᠴᠢᠬᠤᠯᠠᠴᠢᠯᠠᠵᠤ᠂ ᠰᠡᠳᠬᠢᠯ᠎ᠦᠨ ᠦᠭᠡ᠎ᠪᠡᠨ ᠬᠡᠯᠡᠯᠴᠡᠨ ᠶᠠᠷᠢᠯᠴᠠᠬᠤ᠂ ᠨᠠᠮ᠎ᠤᠨ ᠭᠡᠰᠢᠭᠦᠨ ᠢ ᠠᠷᠠᠳᠴᠢᠯᠠᠯ᠎ᠢᠶᠠᠷ ᠦᠨᠡᠯᠡᠬᠦ ᠵᠡᠷᠭᠡ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠨᠠᠮ ᠳᠤ ᠣᠷᠣᠬᠤ ᠲᠠᠩᠭᠠᠷᠢᠭ᠋᠎ᠤᠨ ᠦᠭᠡᠰ᠎ᠢ ᠲᠠᠭᠢᠨ ᠡᠷᠭᠢᠴᠡᠭᠦᠯᠬᠦ᠂ ᠨᠠᠮ᠎ᠤᠨ ᠭᠡᠰᠢᠭᠦᠨ᠎ᠦ 《ᠤᠯᠤᠰ ᠲᠦᠷᠤ᠎ᠶᠢᠨ ᠲᠦᠷᠦᠭᠰᠡᠨ ᠡᠳᠦᠷ》 ᠢ᠋ ᠪᠡᠯᠭᠡᠯᠡᠬᠦ ᠵᠡᠷᠭᠡ ᠤᠯᠤᠰ ᠲᠦᠷᠤ᠎ᠶᠢᠨ ᠶᠣᠰᠣᠯᠠᠯ᠎ᠢ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠳᠡᠢ᠃ ᠠᠷᠠᠳᠴᠢᠯᠠᠯ᠎ᠤᠨ ᠠᠮᠢᠳᠤᠷᠠᠯ ᠤᠨ ᠬᠤᠷᠠᠯ᠎ᠳᠤ ᠰᠤᠯᠠ ᠣᠷᠣᠯᠴᠠᠵᠤ ᠵᠢᠭᠠᠨ ᠵᠢᠯᠤᠭᠣᠳᠬᠤ᠂ ᠴᠠᠭ ᠲᠤᠬᠠᠢ ᠳ᠋ᠤᠨᠢ ᠳᠠᠭᠤᠳᠠᠨ ᠵᠣᠭᠰᠤᠭᠠᠬᠤ᠂ ᠵᠠᠷᠯᠢᠭ᠍ᠳᠠᠵᠤ ᠪᠠᠢᠭᠠᠳ ᠲᠠᠭᠢᠨ ᠬᠤᠷᠠᠯᠳᠤᠭᠤᠯᠬᠤ᠂ ᠴᠡᠭᠴᠡᠯᠡᠨ ᠥᠭᠡᠷᠡᠴᠢᠯᠡᠵᠦ ᠵᠠᠷᠯᠠᠨ ᠮᠡᠳᠡᠭᠳᠡᠬᠦ ᠵᠡᠷᠭᠡ ᠳᠦᠷᠢᠮ᠎ᠢ ᠪᠦᠷᠢᠨᠰᠢᠭᠦᠯᠵᠦ᠂ ᠲᠥᠪ ᠴᠢᠩᠭ᠎ᠠ ᠨᠠᠷᠢᠨ ᠬᠢᠨᠠᠮᠠᠭᠠᠢ ᠣᠪᠣᠷ᠎ᠢᠶᠠᠷ ᠰᠢᠭᠦᠮᠵᠢᠯᠡᠯ ᠪᠠ ᠥᠪᠡᠷ᠎ᠦᠨ ᠰᠢᠭᠦᠮᠵᠢᠯᠡᠯ᠎ᠢ ᠰᠠᠢᠲᠤᠷ ᠥᠷᠨᠢᠭᠦᠯᠵᠦ᠂ ᠵᠠᠷᠴᠢᠮ ᠢ ᠪᠠᠷᠢᠮᠲᠠᠯᠠᠬᠤ ᠦᠭᠡᠢ ᠡᠶ᠎ᠡ ᠡᠪᠲᠠᠢ ᠪᠠᠢᠬᠤ᠎ᠶᠢ ᠰᠡᠷᠭᠡᠢᠯᠡᠬᠦ ᠬᠡᠷᠡᠭᠳᠡᠢ᠃ ᠨᠠᠮᠴᠢ ᠴᠢᠨᠠᠷ ᠤᠨ ᠵᠠᠳᠠᠯᠤᠯᠲᠠ ᠪᠠ ᠨᠠᠮᠴᠢ ᠴᠢᠨᠠᠷ ᠢ ᠢᠯᠭᠠᠨ ᠲᠣᠳᠣᠯᠠᠬᠤ᠎ᠶᠢ ᠴᠢᠩᠭᠠᠳᠬᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠵᠢᠴᠢ ᠨᠡᠶ᠋ᠢᠲᠡ᠎ᠶᠢᠨ ᠪᠠ ᠬᠤᠪᠢ᠎ᠶᠢᠨ᠂ ᠵᠥᠪ ᠪᠠ ᠪᠤᠷᠤᠭᠤ᠂ ᠵᠢᠷᠤᠮ ᠪᠠ ᠠᠰᠢᠭ᠋᠂ ᠤᠷᠤᠭᠰᠢᠲᠠᠢ ᠪᠠᠢᠳᠠᠯ ᠪᠠ ᠰᠥᠷᠭᠡᠦ ᠪᠠᠢᠳᠠᠯ ᠵᠡᠷᠭᠡ ᠴᠢᠬᠤᠯᠠ ᠶᠡᠬᠡ ᠰᠢᠯᠭᠠᠯᠲᠠ᠎ᠪᠠᠷ ᠳᠠᠮᠵᠢᠭᠤᠯᠤᠨ ᠨᠠᠮᠴᠢ ᠴᠢᠨᠠᠷ᠎ᠢ ᠰᠢᠯᠭᠠᠨ ᠪᠠᠢᠴᠠᠭᠠᠬᠤ᠎ᠶᠢ ᠴᠢᠬᠤᠯᠠᠴᠢᠯᠠᠵᠤ᠂ ᠡᠳᠦᠷ ᠳᠤᠳᠤᠮ᠎ᠤᠨ ᠠᠵᠢᠯ᠂ ᠬᠤᠪᠢ ᠬᠥᠮᠥᠨ᠎ᠦ ᠦᠭᠡ ᠶᠠᠷᠢᠶ᠎ᠠ ᠦᠢᠯᠡ ᠠᠵᠢᠯᠯᠠᠭ᠎ᠠ᠂ ᠨᠡᠢᠭᠡᠮ᠎ᠦᠨ ᠬᠠᠷᠢᠯᠴᠠᠭ᠎ᠠ᠂ ᠭᠡᠷ᠎ᠦᠨ ᠰᠤᠷᠭᠠᠯ ᠭᠡᠷ᠎ᠦᠨ ᠰᠤᠷᠲᠠᠯ ᠡᠴᠡ ᠨᠠᠮᠴᠢ ᠴᠢᠨᠠᠷ᠎ᠢ ᠰᠤᠳᠤᠯᠤᠨ ᠮᠠᠭᠠᠳᠯᠠᠵᠤ᠂ ᠳᠡᠭᠡᠳᠦ ᠱᠠᠲᠤᠨ᠎ᠤ ᠦᠨᠡᠯᠡᠯᠲᠡ᠎ᠶᠢ ᠰᠣᠨᠣᠰᠬᠤ᠂ ᠠᠳᠠᠯᠢ ᠱᠠᠲᠤᠨ᠎ᠤ ᠬᠠᠷᠢᠯᠴᠠᠨ ᠦᠨᠡᠯᠡᠬᠦ᠂ ᠳᠣᠣᠷᠠᠳᠤ ᠱᠠᠲᠤᠨ᠎ᠤ ᠲᠤᠰᠬᠠᠯ᠂ ᠤᠯᠠᠨ ᠲᠦᠮᠡᠨ᠎ᠦ ᠮᠠᠭᠲᠠᠭᠠᠯ ᠵᠡᠷᠭᠡ᠎ᠪᠡᠷ ᠳᠠᠮᠵᠢᠭᠤᠯᠤᠨ ᠨᠠᠮᠴᠢ ᠴᠢᠨᠠᠷ᠎ᠢ ᠣᠢᠯᠠᠭᠠᠬᠤ ᠬᠡᠷᠡᠭᠳᠡᠢ᠃ ᠨᠠᠮᠴᠢ ᠴᠢᠨᠠᠷ ᠢ ᠺᠠᠳ᠋ᠷ᠎ᠢ ᠰᠢᠯᠭᠠᠨ ᠪᠠᠢᠴᠠᠭᠠᠬᠤ ᠪᠠ ᠨᠠᠮ᠎ᠤᠨ ᠭᠡᠰᠢᠭᠦᠨ᠎ᠢ ᠠᠷᠠᠳᠴᠢᠯᠠᠯ᠎ᠢᠶᠠᠷ ᠦᠨᠡᠯᠡᠬᠦ᠎ᠶᠢᠨ ᠴᠢᠬᠤᠯᠠ ᠠᠭᠤᠯᠭ᠎ᠠ ᠪᠤᠯᠭᠠᠵᠤ᠂ ᠤᠳᠤᠷᠢᠳᠬᠤ ᠪᠠᠭ᠎ᠤᠨ ᠪᠦᠷᠢᠯᠳᠦᠭᠦᠨ᠂ ᠳᠡᠪᠰᠢᠭᠦᠯᠬᠦ᠎ᠪᠡᠷ ᠪᠠᠢᠭ᠎ᠠ ᠺᠠᠳ᠋ᠷ᠂ ᠵᠠᠯᠠᠭᠤ ᠺᠠᠳ᠋ᠷ ᠵᠡᠷᠭᠡ᠎ᠳᠦ ᠨᠠᠮᠴᠢ ᠴᠢᠨᠠᠷ᠎ᠢ ᠶᠡᠷᠦᠩᠬᠡᠢᠯᠡᠨ ᠵᠠᠳᠠᠯᠵᠤ ᠰᠤᠳᠤᠯᠤᠨ ᠮᠠᠭᠠᠳᠯᠠᠵᠤ᠂ ᠦᠷ᠎ᠡ ᠳ᠋ᠦᠩ᠎ᠦᠨ ᠬᠡᠷᠡᠭᠯᠡᠯᠲᠡ᠎ᠶᠢ ᠴᠢᠩᠭᠠᠳᠬᠠᠬᠤ ᠬᠡᠷᠡᠭᠳᠡᠢ᠃ ᠨᠠᠮ ᠤᠨ ᠭᠡᠰᠢᠭᠦᠨ᠎ᠦ ᠨᠠᠮᠴᠢ ᠴᠢᠨᠠᠷ᠎ᠤᠨ ᠵᠠᠳᠠᠯᠤᠯᠲᠠ᠎ᠪᠠᠨ ᠴᠢᠩᠭᠠᠳᠬᠠᠬᠤ᠎ᠶᠢ ᠠᠬᠢᠭᠤᠯᠵᠤ᠂ ᠦᠷᠭᠦᠯᠵᠢ ᠵᠠᠳᠠᠯᠤᠨ ᠲᠤᠩᠭᠠᠨ ᠪᠣᠳᠣᠯᠬᠢᠯᠠᠵᠤ᠂ ᠴᠠᠭ ᠢᠮᠠᠭᠲᠠ ᠪᠡᠶ᠎ᠡ ᠪᠡᠨ ᠰᠡᠷᠡᠮᠵᠢᠯᠡᠭᠦᠯᠵᠦ ᠪᠡᠶ᠎ᠡ ᠪᠡᠨ ᠲᠤᠩᠭᠠᠵᠤ ᠪᠡᠶ᠎ᠡ ᠪᠡᠨ ᠵᠣᠷᠢᠭ᠍ᠵᠢᠭᠤᠯᠬᠤ᠎ᠶᠢ ᠠᠬᠢᠭᠤᠯᠬᠤ ᠬᠡᠷᠡᠭᠳᠡᠢ᠃
ᠭᠤᠷᠪᠠ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ ᠲᠤᠬᠠᠢ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠠᠷᠠᠳᠴᠢᠯᠠᠯ ᠲᠥᠪᠯᠡᠷᠡᠯ᠎ᠦᠨ ᠶᠣᠰᠣᠨ᠎ᠤ ᠤᠯᠤᠰ ᠲᠦᠷᠦ᠎ᠶᠢᠨ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠂ ᠳᠦᠷᠢᠮ᠎ᠦᠨ ᠳᠠᠪᠠᠭᠤᠯᠢᠭ᠋᠂ ᠠᠵᠢᠯ᠎ᠤᠨ ᠳᠠᠪᠠᠭᠤᠯᠢᠭ᠋᠎ᠢ ᠨᠡᠩ ᠰᠠᠢᠲᠤᠷ ᠪᠠᠳᠠᠷᠠᠭᠤᠯᠬᠤ ᠬᠡᠷᠡᠭᠳᠡᠢ
(ᠶᠢᠰᠦ) ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠬᠤ ᠬᠡᠷᠡᠭᠳᠡᠢ᠃ ᠨᠠᠮ᠎ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ ᠲᠡᠦᠬᠡ ᠪᠠ ᠪᠣᠳᠠᠲᠤ ᠠᠬᠤᠢ᠂ ᠣᠨᠣᠯ ᠪᠠ ᠦᠢᠯᠡᠳᠦᠯᠭᠡ᠂ ᠤᠯᠤᠰ᠎ᠤᠨ ᠳᠣᠲᠣᠭᠠᠳᠤ ᠪᠠ ᠣᠯᠠᠨ ᠤᠯᠤᠰ᠎ᠤᠨ ᠤᠶᠠᠯᠳᠤᠯ᠎ᠤᠨ ᠲᠠᠯ᠎ᠠ ᠡᠴᠡ 《ᠬᠣᠶᠠᠷ᠎ᠢ ᠲᠣᠭᠲᠠᠭᠠᠬᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ ᠰᠢ᠎ᠶᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠢᠮᠠᠭᠲᠠ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠨᠠᠮ᠎ᠤᠨ ᠲᠥᠪ ᠬᠣᠷᠢᠶ᠎ᠠ ᠪᠠ ᠶᠡᠷᠦᠩᠬᠡᠢ ᠱᠦᠵᠢ ᠰᠢ᠎ᠶᠢᠨ ᠫᠢᠩ᠎ᠤᠨ ᠵᠠᠷᠯᠢᠭ᠋᠎ᠢ ᠡᠷᠡᠰ ᠳᠠᠭᠠᠵᠤ᠂ ᠨᠠᠮ᠎ᠤᠨ ᠲᠥᠪ ᠬᠣᠷᠢᠶ᠎ᠠ ᠪᠠ ᠶᠡᠷᠦᠩᠬᠡᠢ ᠱᠦᠵᠢ ᠰᠢ᠎ᠶᠢᠨ ᠫᠢᠩ ᠤ᠋ᠨ ᠵᠢᠯᠣᠭᠣᠳᠤᠯᠭ᠎ᠠ᠎ᠶᠢ ᠳᠠᠭᠠᠬᠤ ᠬᠡᠷᠡᠭᠲᠡᠢ᠃ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠴᠢᠬᠤᠯᠠ ᠪᠢᠴᠢᠭ ᠮᠠᠲᠸᠷᠢᠶᠠᠯ᠎ᠦᠨ ᠤᠬᠠᠮᠰᠠᠷ ᠢ ᠪᠠᠲᠤ ᠪᠤᠢ ᠪᠤᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ᠎ᠶᠢ ᠨᠠᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠪᠠᠢᠳᠠᠯ᠎ᠢ ᠱᠠᠯᠠᠪᠳᠠᠭᠤᠯᠤᠨ ᠪᠠᠢᠴᠠᠭᠠᠵᠤ᠂ ᠮᠥᠷᠳᠡᠨ ᠬᠠᠷᠢᠭᠤ ᠲᠤᠰᠬᠠᠬᠤ᠎ᠶᠢ ᠴᠢᠩᠭᠠᠳᠬᠠᠵᠤ᠂ ᠭᠣᠭᠴᠣᠭ᠎ᠠ ᠨᠢᠭᠡᠪᠦᠷᠢ᠎ᠶᠢ ᠴᠥᠮ ᠠᠩᠬᠠᠷᠬᠤ ᠬᠥᠮᠥᠨ᠎ᠲᠠᠢ᠂ ᠡᠭᠦᠷᠭᠡ ᠨᠢᠭᠡᠪᠦᠷᠢ᠎ᠶᠢ ᠴᠥᠮ ᠬᠠᠮᠢᠶᠠᠷᠬᠤ ᠬᠥᠮᠥᠨ᠎ᠲᠠᠢ᠂ ᠵᠠᠩᠭᠢᠯᠠᠭ᠎ᠠ᠎ᠶᠢᠨ ᠴᠡᠭ ᠨᠢᠭᠡᠪᠦᠷᠢ᠎ᠶᠢ ᠴᠥᠮ ᠲᠤᠯᠭᠠᠨ ᠬᠠᠷᠭᠤᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠳᠡᠢ᠃ 《ᠨᠢᠭᠡᠳᠦᠭᠡᠷ ᠵᠥᠪᠯᠡᠬᠦ ᠰᠡᠳᠦᠪ》 ᠤ᠋ᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠠᠮᠵᠢᠯᠠᠨ ᠰᠤᠷᠤᠯᠴᠠᠬᠤ ᠲᠣᠭᠲᠠᠴᠠ᠎ᠶᠢ ᠰᠢᠯᠢᠳᠡᠭᠵᠢᠭᠦᠯᠵᠦ᠂ ᠤᠯᠠᠮᠵᠢᠯᠠᠨ ᠰᠤᠷᠤᠯᠴᠠᠬᠤ ᠪᠣᠳᠠᠲᠤ ᠦᠷ᠎ᠡ ᠪᠦᠲᠦᠮᠵᠢ᠎ᠶᠢ ᠨᠡᠮᠡᠭᠳᠡᠭᠦᠯᠬᠦ ᠬᠡᠷᠡᠭᠳᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ ᠤᠨ ᠤᠳᠤᠷᠢᠳᠬᠤ ᠳᠤᠭᠤᠢᠯᠠᠩ) ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠤᠬᠠᠭᠠᠪᠦᠷᠢᠯᠠᠬᠤ ᠴᠢᠳᠠᠪᠤᠷᠢ᠂ ᠤᠯᠤᠰ ᠲᠦᠷᠦ᠎ᠶᠢᠨ ᠭᠦᠢᠴᠡᠳᠬᠡᠬᠦ ᠴᠢᠳᠠᠪᠤᠷᠢ᠎ᠪᠠᠨ ᠬᠦᠴᠦᠯᠡᠨ ᠳᠡᠭᠡᠭᠰᠢᠯᠡᠭᠦᠯᠵᠦ᠂ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ᠎ᠶᠢᠨ ᠵᠣᠷᠢᠯᠲᠠ᠎ᠶᠢ ᠭᠦᠨᠵᠡᠭᠡᠢ ᠣᠢᠯᠠᠭᠠᠵᠤ᠂ ᠤᠯᠠᠷᠢᠭᠤᠯᠤᠨ ᠨᠠᠢᠳᠠᠪᠤᠷᠢᠵᠢᠭᠤᠯᠬᠤ ᠠᠵᠢᠯ᠎ᠢ ᠦᠨᠡᠨᠬᠦ ᠰᠠᠢᠲᠤᠷ ᠬᠢᠬᠦ ᠬᠡᠷᠡᠭᠲᠡᠢ᠃ ᠤᠬᠠᠮᠰᠠᠷ ᠡᠴᠡ᠎ᠪᠠᠨ ᠶᠡᠬᠡ ᠲᠠᠯ᠎ᠠ ᠶᠡᠬᠡ ᠬᠠᠨᠳᠤᠰᠢ᠎ᠶᠢᠨ ᠳᠣᠣᠷ᠎ᠠ ᠠᠰᠠᠭᠤᠳᠠᠯ᠎ᠢ ᠪᠣᠳᠣᠯᠬᠢᠯᠠᠵᠤ᠂ ᠠᠵᠢᠯ ᠢᠶᠠᠨ ᠥᠷᠨᠢᠭᠦᠯᠵᠦ᠂ ᠳᠤᠷ᠎ᠠ ᠵᠣᠷᠢᠭ᠋᠎ᠤᠨ ᠦᠵᠡᠯ᠂ ᠥᠪᠡᠷᠠᠮᠡᠲᠡᠭᠡᠢ ᠦᠵᠡᠯ᠂ ᠬᠠᠮᠠᠭᠠᠯᠠᠬᠤ ᠦᠵᠡᠯ ᠢ ᠡᠷᠡᠰ ᠡᠰᠡᠷᠭᠦᠴᠡᠨ ᠵᠠᠯᠠᠷᠠᠭᠤᠯᠵᠤ᠂ ᠵᠥᠪᠭᠡᠨ ᠣᠷᠣᠨ ᠨᠤᠲᠤᠭ᠎ᠤᠨ ᠲᠠᠨᠭᠰᠠ᠂ ᠰᠠᠯᠠᠭ᠎ᠠ ᠮᠥᠴᠢᠷ ᠦᠨ ᠲᠠᠨᠭᠰᠠ᠂ ᠨᠢᠳᠦᠨ ᠡᠮᠦᠨᠡᠬᠢ ᠲᠠᠨᠭᠰᠠ᠎ᠶᠢ ᠪᠤᠳᠤᠬᠤ ᠠᠷᠭ᠎ᠠ ᠬᠢᠳᠡᠯ᠎ᠢ ᠡᠷᠡᠰ ᠰᠡᠷᠭᠡᠢᠯᠡᠬᠦ ᠬᠡᠷᠡᠭᠲᠡᠢ᠃ ᠵᠥᠪ ᠲᠠᠨᠢᠯᠲᠠ ᠪᠠ ᠦᠢᠯᠡ ᠠᠵᠢᠯᠯᠠᠭ᠎ᠠ ᠪᠠᠷ᠎ᠢᠶᠠᠨ 《ᠬᠣᠶᠠᠷ᠎ᠢ ᠬᠠᠮᠠᠭᠠᠯᠠᠬᠤ》᠎ᠶ᠋ᠢ ᠦᠢᠯᠡᠳᠦᠯᠭᠡᠵᠢᠭᠦᠯᠬᠦ᠎ᠶᠢ ᠪᠠᠷᠢᠮᠲᠠᠯᠠᠵᠤ᠂ ᠶᠠᠮᠠᠷᠪᠠ ᠭᠡᠯᠪᠡᠷᠢ᠎ᠶᠢᠨ 《ᠨᠠᠮ ᠤᠨ ᠤᠯᠤᠰ ᠲᠦᠷᠦ᠎ᠵᠢᠨ ᠢᠲᠡᠭᠡᠯ ᠪᠢᠰᠢᠷᠡᠯ ᠪᠤᠯᠤᠨ ᠤᠯᠤᠰ ᠲᠦᠷᠦ᠎ᠵᠢᠨ ᠵᠤᠷᠢᠯᠲᠠ ᠵᠢ ᠰᠠᠨᠠᠭᠠᠴᠢᠯᠠᠭ᠎ᠠ ᠲᠠᠢ ᠪᠤᠶᠤ ᠰᠠᠨᠠᠭᠠᠴᠢᠯᠠᠭᠠᠲᠤ ᠪᠤᠰᠤ ᠪᠡᠷ ᠳᠦᠭᠦᠮᠴᠢᠯᠡᠬᠦ᠂ ᠪᠤᠯᠬᠢᠴᠢᠯᠠᠬᠤ》᠂ 《ᠨᠠᠮ᠎ᠤᠨ ᠢᠲᠡᠭᠡᠯ ᠪᠢᠰᠢᠷᠡᠯ ᠪᠤᠯᠤᠨ ᠤᠯᠤᠰ ᠲᠦᠷᠦ᠎ᠵᠢᠨ ᠵᠤᠷᠢᠯᠲᠠ ᠵᠢ ᠬᠡᠯᠡᠨ᠎ᠤ ᠤᠷ᠎ᠠ᠎ᠨᠢ ᠠᠰᠢᠭᠯᠠᠵᠤ ᠭᠦᠳᠭᠡᠬᠦ᠂ ᠳᠠᠭᠠᠷᠢᠬᠤ》᠎ᠶ᠋ᠢ ᠶᠠᠭᠠᠬᠢᠭ᠍ᠰᠠᠨ ᠴᠤ᠌ ᠵᠥᠪᠰᠢᠶᠡᠷᠡᠬᠦ ᠦᠭᠡᠢ᠃ ᠤᠯᠤᠰ ᠲᠦᠷᠦ᠎ᠶᠢᠨ ᠬᠢᠨᠠᠯᠲᠠ᠎ᠶᠢ ᠪᠣᠳᠠᠲᠠᠢᠵᠢᠭᠤᠯᠬᠤ᠂ ᠣᠨᠣᠪᠴᠢᠲᠠᠢ ᠪᠤᠯᠭᠠᠬᠤ᠂ ᠪᠠᠢᠩᠭᠤᠵᠢᠭᠤᠯᠬᠤ ᠶᠢ ᠠᠬᠢᠭᠤᠯᠵᠤ᠂ ᠨᠠᠮ ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠨᠢ ᠬᠦᠴᠦᠨ ᠦᠭᠡᠢ᠂ ᠭᠡᠯᠪᠡᠷᠢ᠎ᠶᠢ ᠨᠢ ᠬᠤᠪᠢᠷᠠᠭᠤᠯᠤᠭᠰᠠᠨ ᠵᠡᠷᠭᠡ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠦᠨ ᠵᠠᠯᠠᠷᠠᠭᠤᠯᠬᠤ ᠬᠡᠷᠡᠭᠳᠡᠢ᠃
(ᠠᠷᠪᠠ) ᠨᠠᠮ᠎ᠤᠨ ᠤᠯᠤᠰ ᠲᠥᠷᠥ᠎ᠶᠢᠨ ᠰᠠᠬᠢᠯᠭ᠎ᠠ ᠪᠠᠲᠤ ᠪᠠ ᠤᠯᠤᠰ ᠲᠥᠷᠥ᠎ᠶᠢᠨ ᠶᠣᠰᠣ᠌ ᠳᠦᠷᠢᠮ᠎ᠢ ᠴᠢᠩᠳᠠᠯᠠᠬᠤ ᠬᠡᠷᠡᠭᠳᠡᠢ᠃ ᠨᠠᠮ ᠤᠨ ᠭᠡᠰᠢᠭᠦᠨ᠂ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ ᠢᠮᠠᠭᠲᠠ ᠨᠠᠮ᠎ᠳᠠᠭᠠᠨ ᠦᠨᠡᠨᠴᠢ ᠰᠢᠳᠤᠷᠭᠤ ᠪᠠᠢᠵᠤ᠂ ᠴᠢᠬᠤᠯᠠ ᠶᠡᠬᠡ ᠤᠯᠤᠰ ᠲᠦᠷᠦ᠎ᠶᠢᠨ ᠵᠠᠷᠴᠢᠮ᠎ᠤᠨ ᠠᠰᠠᠭᠤᠳᠠᠯ ᠳᠡᠭᠡᠷ᠎ᠡ᠂ ᠵᠦᠪ ᠪᠤᠷᠤᠭᠤ᠎ᠶᠢ ᠢᠯᠭᠠᠬᠤ ᠵᠤᠭᠰᠤᠯᠳᠠ ᠵᠢᠨ ᠠᠰᠠᠭᠤᠳᠠᠯ ᠲᠡᠭᠡᠷ᠎ᠠ ᠨᠠᠮ᠎ᠤᠨ ᠲᠥᠪ ᠬᠣᠷᠢᠶ᠎ᠠ᠎ᠲᠠᠢ ᠡᠰᠡᠷᠭᠦᠴᠡᠯᠳᠦᠬᠦ᠂ ᠳᠤᠷ᠎ᠠ ᠵᠣᠷᠢᠭ᠋᠎ᠤᠨ ᠦᠵᠡᠯ ᠭᠠᠷᠭᠠᠬᠤ ᠶᠢ ᠶᠠᠭᠠᠬᠢᠭ᠍ᠰᠠᠨ ᠴᠤ᠌ ᠵᠥᠪᠰᠢᠶᠡᠷᠡᠬᠦ ᠦᠭᠡᠢ᠂ ᠨᠠᠮ ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠰᠣᠩᠭᠣᠯᠳᠠ ᠬᠢᠬᠦ᠂ ᠳᠤᠲᠠᠭᠤ ᠲᠤᠷᠭᠤᠨ ᠬᠡᠷᠡᠭᠵᠢᠭᠦᠯᠬᠦ᠂ ᠬᠤᠪᠢᠷᠠᠭᠤᠯᠬᠤ᠎ᠶᠢ ᠶᠠᠭᠠᠬᠢᠭ᠍ᠰᠠᠨ ᠴᠤ᠌ ᠵᠥᠪᠰᠢᠶᠡᠷᠡᠬᠦ ᠦᠭᠡᠢ᠃ ᠡᠯ᠎ᠡ ᠱᠠᠲᠤᠨ᠎ᠤ ᠨᠠᠮ ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠠᠵᠢᠯ᠎ᠤᠨ ᠰᠡᠳᠬᠢᠴᠡ᠎ᠪᠡᠨ ᠲᠣᠭᠲᠠᠭᠠᠵᠤ᠂ ᠠᠵᠢᠯ ᠤᠨ ᠪᠠᠢᠷᠢᠯᠠᠭᠤᠯᠤᠯᠲᠠ ᠬᠢᠵᠦ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠳᠤᠷᠠᠳᠴᠤ᠂ ᠤᠬᠠᠮᠰᠠᠷ ᠡᠴᠡ᠎ᠪᠠᠨ ᠨᠠᠮ᠎ᠤᠨ ᠲᠥᠪ ᠬᠣᠷᠢᠶ᠎ᠠ ᠵᠢᠨ ᠦᠨᠳᠦᠰᠦᠨ ᠪᠣᠳᠣᠯᠭ᠎ᠠ ᠴᠢᠭᠯᠡᠯᠲᠡ ᠪᠣᠯᠣᠨ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠵᠢᠭᠠᠪᠤᠷᠢ᠎ᠲᠠᠢ ᠪᠠᠷᠢᠮᠵᠢᠶᠠᠯᠠᠨ ᠬᠠᠷᠭᠤᠭᠤᠯᠵᠤ᠂ ᠵᠥᠷᠢᠶ᠎ᠡ᠎ᠪᠡᠨ ᠴᠠᠭ ᠲᠤᠬᠠᠢ ᠳ᠋ᠤᠨᠢ ᠬᠠᠷᠭᠤᠭᠤᠯᠬᠤ ᠬᠡᠷᠡᠭᠲᠡᠢ᠃ ᠴᠢᠬᠤᠯᠠ ᠶᠡᠬᠡ ᠬᠡᠷᠡᠭ ᠶᠠᠪᠤᠳᠠᠯ᠎ᠤᠨ ᠲᠤᠬᠠᠢ ᠵᠢᠭᠠᠪᠤᠷᠢ ᠠᠪᠴᠤ ᠮᠡᠳᠡᠬᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠳᠤᠷ᠎ᠠ᠎ᠪᠠᠷ᠎ᠢᠶᠠᠨ ᠰᠠᠨᠠᠭᠠᠴᠢᠯᠠᠬᠤ᠂ ᠤᠷᠢᠳ᠎ᠢᠶᠠᠷ ᠬᠢᠵᠦ ᠰᠡᠭᠦᠯᠡᠷ ᠨᠢ ᠮᠡᠳᠡᠭᠦᠯᠬᠦ᠂ ᠲᠤᠬᠢᠶᠠᠯ ᠡᠴᠡ ᠤᠷᠢᠳᠠᠨ ᠬᠦᠶᠦᠵᠦ ᠭᠦᠶᠦᠵᠦ ᠱᠤᠭᠤᠮ ᠡᠴᠡ ᠳᠠᠪᠠᠬᠤ᠎ᠶᠢ ᠴᠢᠩᠭ᠎ᠠ ᠴᠠᠭᠠᠵᠠᠯᠠᠬᠤ ᠬᠡᠷᠡᠭᠳᠡᠢ᠃ ᠤᠯᠤᠰ ᠲᠦᠷᠦ᠎ᠶᠢᠨ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ ᠪᠠ 《ᠲᠤᠯᠤᠭᠠᠨ ᠲᠤᠪᠤᠢᠮ᠎ᠠ ᠠᠰᠠᠭᠤᠳᠠᠯ》᠂ 《ᠲᠠᠪᠤᠨ ᠦᠵᠡᠯ》᠎ᠤ᠋ᠨ ᠠᠰᠠᠭᠤᠳᠠᠯ᠎ᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠬᠣᠶᠠᠷ ᠪᠤᠳᠤᠯ ᠡᠪᠦᠷᠯᠡᠬᠦ᠂ ᠬᠡᠯᠡᠬᠦ ᠬᠢᠬᠦ ᠨᠢ ᠨᠢᠭᠡᠳᠦᠯ ᠦᠭᠡᠢ ᠬᠣᠶᠠᠷ ᠨᠢᠭᠤᠷᠳᠠᠨᠢ ᠡᠷᠡᠰ ᠴᠡᠪᠡᠷᠯᠡᠨ ᠭᠠᠷᠭᠠᠬᠤ ᠬᠡᠷᠡᠭᠲᠡᠢ᠃
(ᠠᠷᠪᠠᠨ ᠨᠢᠭᠡ) ᠤᠳᠤᠷᠢᠳᠬᠤ ᠪᠠᠭ᠎ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭ ᠵᠥᠪᠯᠡᠬᠦ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ ᠤᠨ ᠤᠳᠤᠷᠢᠳᠬᠤ ᠳᠤᠭᠤᠢᠯᠠᠩ) ᠠᠷᠠᠳᠴᠢᠯᠠᠯ ᠤᠨ ᠠᠷᠭ᠎ᠠ᠎ᠶᠢ ᠴᠢᠳᠠᠮᠠᠭᠠᠢ ᠬᠡᠷᠡᠭᠯᠡᠨ ᠰᠠᠨᠠᠯ ᠬᠤᠷᠢᠶᠠᠵᠤ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠵᠥᠪᠯᠡᠬᠦ ᠠᠷᠭ᠎ᠠ ᠬᠡᠯᠪᠡᠷᠢ᠎ᠪᠡᠷ ᠬᠠᠮᠲᠤ ᠶᠢᠨ ᠲᠠᠨᠢᠯᠲᠠ᠎ᠶᠢ ᠲᠡᠭᠡᠭᠰᠢᠯᠡᠭᠦᠯᠵᠦ᠂ ᠬᠦᠴᠦᠨ ᠴᠢᠳᠠᠯ ᠢ ᠨᠢᠭ᠍ᠲᠠᠷᠠᠭᠤᠯᠬᠤ ᠵᠢᠨ ᠬᠠᠮᠲᠤ ᠴᠢᠳᠠᠮᠠᠭᠠᠢ ᠪᠠᠷ ᠲᠥᠪᠯᠡᠷᠡᠭᠦᠯᠵᠦ᠂ ᠵᠣᠷᠢᠭ᠍ᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠭᠠᠭᠴᠠᠭᠠᠷ ᠡᠵᠡᠨ ᠮᠡᠳᠡᠵᠦ ᠡᠵᠡᠷᠬᠡᠬᠦ ᠪᠤᠶᠤ ᠲᠤᠰ᠎ᠲᠠᠭᠠᠨ ᠲᠤᠭ ᠪᠣᠰᠬᠠᠬᠤ᠎ᠶᠢ ᠡᠷᠡᠰ ᠡᠰᠡᠷᠭᠦᠴᠡᠨ ᠰᠡᠷᠭᠡᠢᠯᠡᠵᠦ᠂ ᠶᠠᠷᠢᠯᠴᠠᠭᠠᠳ ᠰᠢᠢᠳᠪᠦᠷᠢ ᠭᠠᠷᠭᠠᠬᠤ ᠦᠭᠡᠢ᠂ ᠰᠢᠢᠳᠪᠦᠷᠢ ᠭᠠᠷᠭᠠᠭᠰᠠᠨ ᠴᠤ᠌ ᠬᠡᠷᠡᠭᠵᠢᠭᠦᠯᠬᠦ ᠦᠭᠡᠢ᠂ ᠬᠡᠷᠡᠭᠵᠢᠭᠦᠯᠪᠡᠴᠦ ᠪᠣᠳᠠᠲᠠᠢ ᠪᠢᠰᠢ ᠪᠠᠢᠬᠤ᠎ᠶᠢ ᠡᠷᠡᠰ ᠡᠰᠡᠷᠭᠦᠴᠡᠨ ᠰᠡᠷᠭᠡᠢᠯᠡᠵᠦ᠂ ᠬᠠᠮᠲᠤ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠡᠷ᠎ᠡ ᠪᠡᠷ ᠬᠠᠮᠲᠤ᠎ᠪᠠᠷ᠎ᠢᠶᠠᠨ ᠲᠣᠭᠲᠠᠭᠠᠯ᠎ᠡᠴᠡ ᠵᠥᠷᠢᠴᠡᠬᠦ ᠪᠤᠶᠤ ᠬᠠᠷᠢᠭᠤᠴᠠᠯᠭ᠎ᠠ᠎ᠡᠴᠡ ᠵᠠᠢᠯᠠᠬᠤ᠎ᠶᠢ ᠡᠷᠡᠰ ᠡᠰᠡᠷᠭᠦᠴᠡᠨ ᠰᠡᠷᠭᠡᠢᠯᠡᠬᠦ ᠬᠡᠷᠡᠭᠲᠡᠢ᠃ ᠳᠡᠭᠡᠳᠦ ᠱᠠᠲᠤᠨ᠎ᠤ ᠨᠠᠮ᠎ᠤᠨ ᠬᠣᠷᠢᠶ᠎ᠠ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠭᠠᠷᠭᠠᠬᠤ᠎ᠡᠴᠡ ᠡᠮᠦᠨ᠎ᠡ ᠳᠣᠣᠷᠠᠳᠤ ᠱᠠᠲᠤᠨ᠎ᠤ ᠨᠠᠮ᠎ᠤᠨ ᠬᠣᠷᠢᠶ᠎ᠠ ᠪᠠ ᠬᠣᠯᠪᠣᠭᠳᠠᠯ ᠪᠦᠬᠦᠢ ᠲᠠᠯ᠎ᠠ᠎ᠶᠢᠨ ᠬᠢᠨ᠎ᠦ ᠰᠠᠨᠠᠯ ᠰᠠᠨᠠᠭᠤᠯᠭ᠎ᠠ᠎ᠶᠢ ᠬᠤᠷᠢᠶᠠᠬᠤ ᠳᠦᠷᠢᠮ᠎ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠬᠤ ᠬᠡᠷᠡᠭᠲᠡᠢ᠃ ᠨᠠᠮ ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠶ᠋ᠢᠨ ᠬᠡᠷᠡᠭ ᠵᠥᠪᠯᠡᠬᠦ ᠳᠦᠷᠢᠮ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ᠎ᠢ ᠲᠡᠭᠦᠯᠳᠡᠷᠵᠢᠭᠦᠯᠦᠨ ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠶᠢ ᠪᠠᠷᠢᠮᠲᠠᠯᠠᠨ᠂ ᠴᠢᠬᠤᠯᠠ ᠶᠡᠬᠡ ᠰᠢᠢᠳᠪᠦᠷᠢᠲᠦ ᠪᠣᠳᠣᠯᠭ᠎ᠠ᠎ᠶᠢ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠂ ᠥᠷᠭᠡᠨ᠎ᠢᠶᠡᠷ ᠰᠠᠨᠠᠯ ᠰᠣᠨᠣᠰᠬᠤ᠂ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ᠂ ᠲᠣᠭᠲᠠᠭᠠᠯ᠎ᠳᠤ ᠨᠡᠢᠴᠡᠬᠦ ᠬᠠᠤᠯᠢ ᠶᠣᠰᠣᠴᠢ ᠴᠢᠨᠠᠷ᠎ᠢ ᠬᠢᠨᠠᠨ ᠪᠠᠢᠴᠠᠭᠠᠬᠤ ᠪᠠ ᠠᠶᠤᠯ ᠲᠦᠭᠰᠢᠭᠦᠷᠢ᠎ᠶᠢ ᠦᠨᠡᠯᠡᠨ ᠵᠢᠱ᠌ᠢᠬᠦ᠎ᠶᠢ ᠥᠷᠨᠢᠭᠦᠯᠦᠭᠰᠡᠨ ᠰᠠᠭᠤᠷᠢᠨ ᠳᠡᠭᠡᠷ᠎ᠡ ᠪᠠᠢᠭᠤᠯᠬᠤ ᠬᠡᠷᠡᠭᠳᠡᠢ᠃ ᠨᠠᠮ᠎ᠤᠨ ᠬᠣᠷᠢᠶ᠎ᠠ (ᠨᠠᠮ ᠤᠨ ᠤᠳᠤᠷᠢᠳᠬᠤ ᠳᠤᠭᠤᠢᠯᠠᠩ) ᠵᠢᠨ ᠭᠣᠣᠯ ᠬᠠᠷᠢᠭᠤᠴᠠᠯᠭᠠᠲᠠᠨ ᠨᠥᠬᠥᠳ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠵᠥᠪ ᠰᠠᠨᠠᠯ ᠢ ᠲᠥᠪᠯᠡᠷᠡᠭᠦᠯᠬᠦ ᠳ᠋ᠦ ᠴᠢᠳᠠᠮᠠᠭᠠᠢ ᠪᠠᠢᠵᠤ᠂ ᠬᠠᠮᠲᠤ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠴᠦᠰ ᠦᠨ ᠪᠠᠢᠷᠢᠨ᠎ᠳᠤ ᠣᠪᠣᠷ᠎ᠢᠶᠠᠨ ᠢᠯᠡᠳᠬᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠠᠳᠠᠯᠢ ᠪᠤᠰᠤ ᠰᠠᠨᠠᠯ ᠢ ᠠᠩᠬᠠᠷᠤᠨ ᠰᠣᠨᠣᠰᠴᠤ᠂ ᠵᠠᠷᠴᠢᠮ ᠢ ᠴᠢᠩᠭ᠎ᠠ ᠵᠢᠷᠤᠮᠯᠠᠨ ᠠᠵᠢᠯ᠎ᠢᠶᠠᠨ ᠥᠷᠨᠢᠭᠦᠯᠵᠦ᠂ ᠵᠠᠷᠴᠢᠮ ᠶᠣᠰᠣᠭᠠᠷ ᠬᠠᠷᠢᠴᠠᠭ᠎ᠠ᠎ᠶᠢ ᠰᠢᠢᠳᠪᠦᠷᠢᠯᠡᠵᠦ᠂ ᠵᠠᠷᠴᠢᠮ ᠶᠣᠰᠣᠭᠠᠷ ᠠᠵᠢᠯ᠎ᠤᠨ ᠳᠤᠮᠳᠠᠬᠢ ᠵᠥᠷᠢᠴᠡᠯ ᠪᠠ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠢ; ᠤᠳᠤᠷᠢᠳᠬᠤ ᠪᠠᠭ᠎ᠤᠨ ᠪᠦᠷᠢᠯᠳᠦᠭᠦᠨ ᠠᠵᠢᠯ ᠰᠤᠳᠤᠯᠬᠤ᠎ᠳᠠᠭᠠᠨ ᠰᠠᠨᠠᠯ᠎ᠢᠶᠠᠨ ᠭᠦᠢᠴᠡᠳ ᠢᠯᠡᠳᠬᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠲᠠᠷᠠᠭ᠎ᠠ ᠡᠴᠦᠰ ᠲᠦ᠍ᠨᠢ ᠲᠤᠯᠲᠠᠯ᠎ᠠ ᠠᠳᠬᠤᠵᠤ᠂ ᠬᠤᠷᠠᠯ ᠳᠡᠭᠡᠷ᠎ᠡ ᠬᠡᠯᠡᠬᠦ ᠦᠭᠡᠢ᠂ ᠬᠤᠷᠠᠯ᠎ᠤᠨ ᠲᠠᠷᠠᠭ᠎ᠠ ᠳᠤᠷ᠎ᠠ᠎ᠪᠠᠷ ᠬᠡᠯᠡᠬᠦ᠂ ᠨᠢᠭᠤᠷ ᠳᠡᠭᠡᠷ᠎ᠡ ᠨᠢ ᠨᠢᠭᠡ ᠶᠠᠩᠵᠤ᠂ ᠠᠷᠤ ᠬᠣᠢᠨ᠎ᠠ ᠨᠢ ᠨᠢᠭᠡ ᠶᠠᠩᠵᠤ ᠪᠠᠢᠬᠤ᠎ᠶᠢ ᠡᠷᠡᠰ ᠡᠰᠡᠷᠭᠦᠴᠡᠨ ᠰᠡᠷᠭᠡᠢᠯᠡᠬᠦ ᠬᠡᠷᠡᠭᠲᠡᠢ᠃ ᠤᠳᠤᠷᠢᠳᠬᠤ ᠺᠠᠳ᠋ᠷ᠎ᠤᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠨᠠᠰᠤᠨ ᠲᠤᠷᠰᠢᠲᠠ ᠬᠠᠷᠢᠭᠤᠴᠠᠬᠤ ᠳᠦᠷᠢᠮ᠎ᠢ ᠨᠠᠢᠳᠠᠪᠤᠷᠢᠵᠢᠭᠤᠯᠬᠤ ᠬᠡᠷᠡᠭᠳᠡᠢ᠃
(ᠠᠷᠪᠠᠨ ᠬᠣᠶᠠᠷ)ᠨᠠᠮ᠎ᠤᠨ ᠳᠣᠲᠣᠭᠠᠳᠤ᠎ᠶᠢᠨ ᠠᠷᠠᠳᠴᠢᠯᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠬᠡᠷᠡᠭᠳᠡᠢ᠃ ᠨᠠᠮ᠎ᠤᠨ ᠳᠣᠲᠣᠭᠠᠳᠤ᠎ᠶᠢᠨ ᠠᠷᠠᠳᠴᠢᠯᠠᠯ᠎ᠤᠨ ᠡᠯ᠎ᠡ ᠵᠦᠢᠯ᠎ᠦᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ᠎ᠤᠨ ᠭᠡᠰᠢᠭᠦᠨ᠎ᠦ ᠪᠡᠶᠡᠴᠢ ᠴᠣᠭᠴᠠ᠎ᠶᠢᠨ ᠪᠠᠢᠷᠢ ᠰᠠᠭᠤᠷᠢ᠎ᠶᠢ ᠬᠦᠨᠳᠦᠳᠬᠡᠨ᠂ ᠨᠠᠮ᠎ᠤᠨ ᠭᠡᠰᠢᠭᠦᠨ᠎ᠦ ᠠᠷᠠᠳᠴᠢᠯᠠᠯ᠎ᠤᠨ ᠡᠷᠬᠡ᠎ᠶᠢ ᠪᠠᠲᠤᠯᠠᠬᠤ ᠬᠡᠷᠡᠭᠳᠡᠢ᠃ ᠨᠠᠮ᠎ᠤᠨ ᠡᠯ᠎ᠡ ᠱᠠᠲᠤᠨ ᠤ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠦᠢᠯᠡᠳᠦᠯ᠎ᠢ ᠪᠠᠳᠠᠷᠠᠭᠤᠯᠬᠤ ᠳᠦᠷᠢᠮ ᠢ ᠨᠠᠢᠳᠠᠪᠤᠷᠢᠵᠢᠭᠤᠯᠬᠤ ᠬᠡᠷᠡᠭᠳᠡᠢ᠃ ᠨᠠᠮ ᠤᠨ ᠭᠡᠰᠢᠭᠦᠨ ᠦ ᠨᠠᠮ᠎ᠤᠨ ᠳᠣᠲᠣᠭᠠᠳᠤ᠎ᠶᠢᠨ ᠬᠡᠷᠡᠭ ᠶᠠᠪᠤᠳᠠᠯ᠎ᠢ ᠶᠠᠷᠢᠯᠴᠠᠬᠤ᠎ᠳᠤ ᠣᠷᠣᠯᠴᠠᠬᠤ ᠠᠷᠭ᠎ᠠ ᠵᠠᠮ ᠢ ᠰᠢᠯᠤᠭᠤᠳᠬᠠᠵᠤ᠂ ᠨᠠᠮ᠎ᠤᠨ ᠭᠡᠰᠢᠭᠦᠨ ᠦ ᠰᠠᠨᠠᠯ᠎ᠢᠶᠠᠨ ᠢᠯᠡᠳᠬᠡᠬᠦ ᠠᠷᠭ᠎ᠠ ᠵᠠᠮ᠎ᠢ ᠥᠷᠭᠡᠳᠬᠡᠵᠦ᠂ ᠨᠠᠮ᠎ᠤᠨ ᠳᠣᠲᠣᠭᠠᠳᠤ᠎ᠶᠢᠨ ᠠᠷᠠᠳᠴᠢᠯᠠᠯ᠎ᠢᠶᠠᠷ ᠶᠠᠷᠢᠯᠴᠠᠬᠤ ᠤᠯᠤᠰ ᠲᠦᠷᠦ᠎ᠶᠢᠨ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠳᠡᠢ᠃ ᠨᠠᠮ᠎ᠤᠨ ᠳᠣᠲᠣᠭᠠᠳᠤ᠎ᠶᠢᠨ ᠪᠠᠢᠳᠠᠯ᠎ᠢ ᠮᠡᠳᠡᠭᠳᠡᠬᠦ᠂ ᠪᠠᠢᠳᠠᠯ᠎ᠢ ᠲᠤᠰᠬᠠᠬᠤ ᠳᠦᠷᠢᠮ᠎ᠢ ᠪᠦᠷᠢᠨᠰᠢᠭᠦᠯᠵᠦ᠂ ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ ᠢ ᠰᠠᠢᠲᠤᠷ ᠬᠢᠬᠦ ᠬᠡᠷᠡᠭᠳᠡᠢ᠃ ᠨᠠᠮ᠎ᠤᠨ ᠳᠣᠲᠣᠭᠠᠳᠤ᠎ᠶᠢᠨ ᠰᠣᠩᠭᠣᠭᠤᠯᠢ᠎ᠶᠢᠨ ᠳᠦᠷᠢᠮ ᠢ ᠴᠢᠩᠭ᠎ᠠ ᠨᠠᠢᠳᠠᠪᠤᠷᠢᠵᠢᠭᠤᠯᠬᠤ ᠬᠡᠷᠡᠭᠳᠡᠢ᠃ ᠲᠥᠪ ᠴᠢᠬᠡᠴᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠰᠣᠶᠣᠯ ᠢ ᠶᠡᠬᠡᠪᠡᠷ ᠪᠣᠢᠵᠢᠭᠤᠯᠵᠤ᠂ ᠴᠢᠬᠡᠴᠢ ᠰᠢᠳᠤᠷᠭᠤᠨᠥᠬᠥᠳ ᠦᠨ ᠬᠠᠷᠢᠴᠠᠭ᠎ᠠ᠂ ᠶᠣᠰᠣ᠌ ᠳᠦᠷᠢᠮ᠎ᠲᠠᠢ ᠳᠡᠭᠡᠳᠦ ᠳᠣᠣᠷᠠᠳᠤ ᠱᠠᠲᠤᠨ᠎ᠤ ᠬᠠᠷᠢᠴᠠᠭ᠎ᠠ᠎ᠶᠢ ᠶᠡᠬᠡᠪᠡᠷ ᠰᠠᠨᠠᠭᠠᠴᠢᠯᠠᠵᠤ᠂ ᠲᠠᠸᠠᠷ᠎ᠤᠨ ᠰᠣᠯᠢᠯᠴᠠᠭᠠᠨ᠎ᠤ ᠵᠠᠷᠴᠢᠮ᠎ᠤᠨ ᠨᠠᠮ᠎ᠤᠨ ᠳᠣᠲᠣᠭᠠᠳᠤ᠎ᠶᠢᠨ ᠠᠮᠢᠳᠤᠷᠠᠯ᠎ᠳᠤ ᠦᠵᠡᠭᠦᠯᠬᠦ ᠨᠡᠪᠴᠢᠯᠳᠡ᠎ᠶᠢ ᠡᠷᠡᠰ ᠡᠰᠡᠷᠭᠦᠴᠡᠨ ᠬᠣᠷᠢᠭ᠍ᠯᠠᠬᠤ ᠬᠡᠷᠡᠭᠳᠡᠢ᠃ ᠨᠠᠮ᠎ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠪᠠᠢᠭᠠᠳ ᠠᠷᠠᠳ ᠲᠦᠮᠡᠨ᠎ᠢ ᠳᠡᠭᠡᠳᠦᠯᠡᠬᠦ᠂ ᠠᠵᠢᠯ ᠦᠢᠯᠡᠰ ᠢ ᠲᠡᠷᠢᠭᠦᠨ᠎ᠳᠦ ᠲᠠᠯᠪᠢᠬᠤ᠂ ᠠᠭᠤᠳᠠᠮ ᠪᠠᠭᠲᠠᠭᠠᠮᠵᠢᠲᠠᠢ᠂ ᠲᠥᠪ ᠴᠢᠬᠡᠴᠢ ᠪᠠᠢᠵᠤ᠂ ᠨᠠᠮ ᠪᠠ ᠠᠷᠠᠳ ᠲᠦᠮᠡᠨ ᠦ ᠲᠥᠯᠥᠭᠡ ᠢᠳᠡᠪᠬᠢᠲᠡᠢ ᠠᠵᠢᠯᠯᠠᠬᠤ ᠬᠡᠷᠡᠭᠳᠡᠢ᠃
(ᠠᠷᠪᠠᠨ ᠭᠤᠷᠪᠠ) 《ᠨᠢᠭᠡᠳᠦᠭᠡᠷ ᠭᠠᠷ》᠎ᠤ᠋ᠨ ᠡᠭᠦᠷᠭᠡ ᠲᠤᠰᠢᠶᠠᠯ᠎ᠢᠶᠠᠨ ᠭᠦᠢᠴᠡᠳᠬᠡᠵᠦ ᠡᠷᠬᠡ᠎ᠪᠡᠨ ᠬᠡᠷᠡᠭᠯᠡᠬᠦ᠎ᠶᠢ ᠵᠢᠷᠤᠮᠵᠢᠭᠤᠯᠬᠤ ᠬᠡᠷᠡᠭᠳᠡᠢ᠃ 《ᠨᠢᠭᠡᠳᠦᠭᠡᠷ ᠭᠠᠷ》ᠪᠣᠯᠣᠨ ᠤᠳᠤᠷᠢᠳᠬᠤ ᠪᠠᠭ᠎ᠲᠤ ᠬᠢᠨᠠᠯᠲᠠ ᠲᠠᠯᠪᠢᠬᠤ᠎ᠶᠢ ᠴᠢᠩᠭᠠᠳᠬᠠᠬᠤ ᠡᠯ᠎ᠡ ᠵᠦᠢᠯ᠎ᠦᠨ ᠳᠦᠷᠢᠮ ᠲᠣᠭᠲᠠᠭᠠᠯ᠎ᠢ ᠨᠠᠢᠳᠠᠪᠤᠷᠢᠵᠢᠭᠤᠯᠬᠤ ᠬᠡᠷᠡᠭᠳᠡᠢ᠃ ᠵᠥᠪ ᠡᠷᠬᠡ ᠶᠢᠨ ᠦᠵᠡᠯᠲᠡ᠎ᠶᠢᠨ ᠬᠥᠮᠦᠵᠢᠯ᠎ᠢ ᠴᠢᠩᠭᠠᠳᠬᠠᠵᠤ᠂《ᠨᠢᠭᠡᠳᠦᠭᠡᠷ ᠭᠠᠷ》᠎ᠤ᠋ᠨ ᠲᠥᠪ ᠭᠣᠣᠯᠴᠢ᠎ᠪᠠᠷ ᠡᠷᠬᠡ᠎ᠪᠡᠨ ᠬᠡᠷᠡᠭᠯᠡᠬᠦ᠂ ᠬᠠᠤᠯᠢ ᠶᠣᠰᠣᠭᠠᠷ ᠡᠷᠬᠡ᠎ᠪᠡᠨ ᠬᠡᠷᠡᠭᠯᠡᠬᠦ᠂ ᠠᠷᠠᠳ᠎ᠤᠨ ᠲᠥᠯᠥᠭᠡ ᠡᠷᠬᠡ᠎ᠪᠡᠨ ᠬᠡᠷᠡᠭᠯᠡᠬᠦ᠂ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭᠯᠡᠬᠦ᠎ᠶᠢ ᠬᠥᠲᠥᠯᠥᠨ ᠵᠢᠯᠣᠭᠣᠳᠬᠤ ᠬᠡᠷᠡᠭᠳᠡᠢ᠃ 《ᠭᠤᠷᠪᠠᠨ ᠴᠢᠬᠤᠯᠠ ᠨᠢᠭᠡ ᠶᠡᠬᠡ》ᠵᠦᠢᠯᠡᠰ᠎ᠦᠨ ᠬᠠᠮᠲᠤ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠬᠤᠪᠢ ᠬᠥᠮᠥᠨ᠎ᠦ ᠰᠠᠨᠠᠭ᠎ᠠ᠎ᠪᠠᠷ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠣᠷᠢᠯᠲᠠ᠎ᠶᠢ ᠣᠷᠣᠯᠠᠭᠤᠯᠵᠤ᠂ ᠬᠤᠪᠢ ᠬᠥᠮᠥᠨ᠎ᠦ ᠲᠣᠭᠲᠠᠭᠠᠯ᠎ᠢᠶᠠᠷ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠣᠭᠲᠠᠭᠠᠯ᠎ᠢ ᠣᠷᠣᠯᠠᠭᠤᠯᠵᠤ ᠪᠣᠯᠬᠤ ᠦᠭᠡᠢ᠂ ᠲᠤᠰᠬᠠᠢ ᠰᠡᠳᠦᠪᠲᠦ ᠬᠤᠷᠠᠯ᠂ ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ᠎ᠶᠢᠨ ᠬᠤᠷᠠᠯ᠂ ᠬᠠᠮᠲᠤᠷᠠᠭᠰᠠᠨ ᠬᠤᠷᠠᠯ᠂ ᠲᠤᠰᠬᠠᠢ ᠠᠩᠭᠢ᠎ᠶᠢᠨ ᠬᠤᠷᠠᠯ ᠵᠡᠷᠭᠡ᠎ᠪᠡᠷ ᠨᠠᠮ᠎ᠤᠨ ᠬᠤᠷᠢᠶ᠎ᠠ ᠵᠢᠨ ᠪᠠᠢᠩᠭᠤ᠎ᠶᠢᠨ ᠬᠣᠷᠢᠶ᠎ᠠ(ᠨᠠᠮ᠎ᠤᠨ ᠤᠳᠤᠷᠢᠳᠬᠤ ᠳᠤᠭᠤᠢᠯᠠᠩ) ᠵᠢᠨ ᠬᠤᠷᠠᠯ᠎ᠤᠨ ᠰᠢᠢᠳᠪᠦᠷᠢᠲᠦ ᠪᠣᠳᠣᠯᠭ᠎ᠠ᠎ᠶᠢ ᠣᠷᠣᠯᠠᠭᠤᠯᠵᠤ ᠪᠣᠯᠬᠤ ᠦᠭᠡᠢ᠃ 《ᠨᠢᠭᠡᠳᠦᠭᠡᠷ ᠭᠠᠷ》᠎ᠤ᠋ᠨ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠬᠠᠵᠤ᠂ 《ᠭᠤᠷᠪᠠᠨ ᠴᠢᠬᠤᠯᠠ ᠨᠢᠭᠡ ᠶᠡᠬᠡ》 ᠵᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ᠎ᠢ ᠨᠠᠢᠳᠠᠪᠤᠷᠢᠵᠢᠭᠤᠯᠤᠭᠰᠠᠨ ᠪᠠᠢᠳᠠᠯ᠎ᠢ ᠲᠣᠭᠣᠷᠢᠨ ᠪᠠᠢᠴᠠᠭᠠᠬᠤ᠂ ᠲᠤᠰᠬᠠᠢ ᠱᠠᠯᠠᠪᠳᠠᠭᠤᠯᠤᠨ ᠪᠠᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ᠎ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠳᠡᠢ᠃ 《ᠨᠢᠭᠡᠳᠦᠭᠡᠷ ᠭᠠᠷ》᠎ᠤ᠋ᠨ ᠲᠤᠰᠢᠶᠠᠯ᠎ᠤᠨ ᠮᠡᠳᠡᠭᠦᠯᠦᠯᠲᠡ ᠬᠢᠬᠦ ᠲᠤᠰᠬᠠᠢ ᠰᠡᠳᠦᠪᠲᠦ ᠮᠡᠳᠡᠭᠦᠯᠦᠯᠲᠡ ᠬᠢᠵᠦ ᠳᠣᠣᠷᠠᠳᠤ ᠱᠠᠲᠤᠨ᠎ᠤ 《ᠨᠢᠭᠡᠳᠦᠭᠡᠷ ᠭᠠᠷ》 ᠢ᠋ ᠬᠠᠮᠢᠶᠠᠷᠴᠤ ᠬᠢᠨᠠᠯᠲᠠ ᠲᠠᠯᠪᠢᠭ᠍ᠰᠠᠨ ᠪᠠᠢᠳᠠᠯ᠎ᠤᠨ ᠳᠦᠷᠢᠮ᠎ᠢ ᠨᠠᠢᠳᠠᠪᠤᠷᠢᠵᠢᠭᠤᠯᠬᠤ ᠬᠡᠷᠡᠭᠳᠡᠢ᠃ ᠨᠠᠮ᠎ᠤᠨ ᠬᠣᠷᠢᠶ᠎ᠠ(ᠨᠠᠮ᠎ᠤᠨ ᠤᠳᠤᠷᠢᠳᠬᠤ ᠳᠤᠭᠤᠢᠯᠠᠩ)᠎ᠡᠴᠡ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ《ᠨᠢᠭᠡᠳᠦᠭᠡᠷ ᠭᠠᠷ》 ᠲᠤ᠌ ᠬᠢᠨᠠᠯᠲᠠ ᠲᠠᠯᠪᠢᠵᠤ ᠶᠠᠷᠢᠯᠴᠠᠬᠤ ᠳᠦᠷᠢᠮ᠎ᠢ ᠨᠠᠢᠳᠠᠪᠤᠷᠢᠵᠢᠭᠤᠯᠬᠤ ᠬᠡᠷᠡᠭᠳᠡᠢ᠃ 《ᠨᠢᠭᠡᠳᠦᠭᠡᠷ ᠭᠠᠷ》ᠪᠣᠯᠤᠭᠰᠠᠨ ᠵᠠᠯᠠᠭᠤ ᠺᠠᠳ᠋ᠷ ᠲᠤ ᠲᠠᠯᠪᠢᠬᠤ ᠬᠢᠨᠠᠯᠲᠠ᠎ᠶᠢ ᠴᠢᠩᠭᠠᠳᠬᠠᠵᠤ᠂ ᠦᠵᠡᠯ ᠰᠠᠨᠠᠭ᠎ᠠ᠎ᠶᠢ ᠬᠠᠮᠢᠶᠠᠷᠬᠤ᠂ ᠠᠵᠢᠯ᠎ᠢ ᠬᠠᠮᠢᠶᠠᠷᠬᠤ᠂ ᠰᠤᠷᠲᠠᠯ ᠢ ᠬᠠᠮᠢᠶᠠᠷᠬᠤ᠂ ᠰᠠᠬᠢᠯᠭ᠎ᠠ ᠪᠠᠲᠤ᠎ᠶᠢ ᠬᠠᠮᠢᠶᠠᠷᠬᠤ ᠴᠢᠩᠭ᠎ᠠ ᠬᠠᠮᠢᠶᠠᠷᠤᠯᠲᠠ᠎ᠶᠢᠨ ᠰᠢᠰᠲᠧᠮ᠎ᠢ ᠪᠠᠢᠭᠤᠯᠤᠨ ᠲᠡᠭᠦᠯᠳᠡᠷᠵᠢᠭᠦᠯᠬᠦ ᠬᠡᠷᠡᠭᠳᠡᠢ᠃ 《ᠨᠢᠭᠡᠳᠦᠭᠡᠷ ᠭᠠᠷ》 ᠲᠤ᠌ ᠬᠣᠯᠪᠣᠭᠳᠠᠭᠰᠠᠨ ᠠᠰᠠᠭᠤᠳᠠᠯ᠎ᠤᠨ ᠰᠦᠪᠡᠭᠴᠢ᠎ᠶᠢ ᠰᠢᠢᠳᠪᠦᠷᠢᠯᠡᠬᠦ ᠡᠷᠴᠢᠮ᠎ᠢᠶᠡᠨ ᠴᠢᠩᠭᠠᠷᠠᠭᠤᠯᠵᠤ᠂ ᠴᠢᠩᠭ᠎ᠠ ᠠᠳᠬᠤᠨ᠂ ᠴᠢᠩᠭ᠎ᠠ ᠪᠠᠢᠴᠠᠭᠠᠵᠤ ᠲᠦᠷᠭᠡᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ)᠎ᠶ᠋ᠢᠨ ᠱᠦᠵᠢ ᠡᠷᠬᠡᠪᠰᠢ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠲᠦᠷᠦᠭᠦᠯᠡᠨ ᠬᠡᠷᠡᠭᠵᠢᠭᠦᠯᠵᠦ᠂ ᠵᠣᠬᠢᠶᠠᠨ ᠪᠠᠢᠭᠤᠯᠤᠯᠲᠠ᠎ᠡᠴᠡ ᠳᠡᠭᠡᠭᠦᠷ᠂ ᠤᠳᠤᠷᠢᠳᠬᠤ ᠪᠠᠭ᠎ᠡᠴᠡ ᠳᠡᠭᠡᠭᠦᠷ ᠪᠠᠢᠵᠤ ᠪᠣᠯᠬᠤ ᠦᠭᠡᠢ᠂ ᠬᠠᠮᠲᠤ᠎ᠶᠢᠨ ᠲᠣᠭᠲᠠᠭᠠᠯ᠎ᠢ ᠳᠤᠷ᠎ᠠ᠎ᠪᠠᠷ᠎ᠢᠶᠠᠨ ᠬᠤᠪᠢᠷᠠᠭᠤᠯᠵᠤ ᠪᠣᠯᠬᠤ ᠦᠭᠡᠢ᠂《ᠨᠢᠭᠡᠳᠦᠭᠡᠷ ᠭᠠᠷ》᠎ᠤ᠋ᠨ ᠬᠤᠪᠢ ᠬᠥᠮᠥᠨ᠎ᠦ ᠡᠷᠬᠡ ᠰᠦᠷ᠎ᠢ ᠬᠠᠮᠠᠭᠠᠯᠠᠬᠤ᠎ᠪᠠᠷ ᠱᠠᠳᠤ ᠱᠠᠳᠤ ᠪᠡᠷ ᠱᠠᠭᠠᠷᠳᠠᠵᠦ ᠪᠤᠯᠬᠤ ᠦᠭᠡᠢ᠂ ᠤᠳᠤᠷᠢᠳᠬᠤ ᠪᠠᠭ᠎ᠤᠨ ᠪᠤᠰᠤᠳ ᠪᠦᠷᠢᠯᠳᠦᠭᠦᠨ᠎ᠦ ᠬᠢᠨᠠᠯᠲᠠ᠎ᠶᠢ ᠤᠬᠠᠮᠰᠠᠷ᠎ᠡᠴᠡ᠎ᠪᠠᠨ ᠬᠦᠯᠢᠶᠡᠬᠦ ᠬᠡᠷᠡᠭᠳᠡᠢ; ᠪᠠᠭ᠎ᠤᠨ ᠪᠤᠰᠤᠳ ᠪᠦᠷᠢᠯᠳᠦᠭᠦᠨ ᠨᠢ ᠱᠦᠵᠢ᠎ᠶᠢᠨ ᠠᠵᠢᠯ᠎ᠢᠶᠠᠨ ᠥᠷᠨᠢᠭᠦᠯᠬᠦ᠎ᠶᠢ ᠳᠡᠮᠵᠢᠵᠦ᠂ ᠱᠦᠵᠢ᠎ᠳᠦ ᠣᠷᠣᠰᠢᠵᠤ ᠪᠠᠢᠭ᠎ᠠ ᠠᠰᠠᠭᠤᠳᠠᠯ᠎ᠢ ᠣᠯᠵᠤ ᠮᠡᠳᠡᠪᠡᠯ ᠦᠨᠡᠨᠴᠢ᠎ᠪᠡᠷ ᠳᠤᠷᠠᠳᠬᠤ ᠬᠡᠷᠡᠭᠲᠡᠢ᠃
ᠳᠥᠷᠪᠡ᠂ ᠨᠠᠮ᠎ᠤᠨ ᠲᠥᠪ ᠬᠤᠷᠢᠶ᠎ᠠ ᠵᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ᠎ᠶᠢ ᠪᠠᠶ᠋ᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠵᠥᠪ ᠣᠨᠣᠪᠴᠢᠲᠠᠢ ᠬᠥᠮᠥᠨ ᠰᠣᠩᠭᠣᠵᠤ ᠬᠥᠮᠥᠨ ᠬᠡᠷᠡᠭᠯᠡᠬᠦ ᠤᠳᠤᠷᠢᠳᠤᠮᠵᠢ᠎ᠪᠠᠷ ᠨᠠᠮ᠎ᠤᠨ ᠭᠡᠰᠢᠭᠦᠨ᠂ ᠺᠠᠳ᠋ᠷ᠎ᠤᠨ ᠠᠵᠢᠯ ᠬᠢᠵᠦ ᠦᠢᠯᠡᠰ ᠪᠣᠰᠬᠠᠬᠤ᠎ᠶᠢ ᠤᠷᠮᠠᠰᠢᠭᠤᠯᠤᠨ ᠵᠣᠷᠢᠭ᠍ᠵᠢᠭᠤᠯᠬᠤ ᠬᠡᠷᠡᠭᠳᠡᠢ
(ᠠᠷᠪᠠᠨ ᠳᠥᠷᠪᠡ) ᠣᠨᠣᠪᠴᠢᠲᠠᠶ᠎ᠪᠠᠷ ᠰᠢᠨᠵᠢᠯᠡᠬᠦ ᠤᠬᠠᠭᠠᠨᠴᠢ᠎ᠪᠠᠷ ᠬᠥᠮᠥᠨ ᠰᠣᠩᠭᠣᠵᠦ ᠬᠦᠮᠦᠨ ᠬᠡᠷᠡᠭᠯᠡᠬᠦ ᠬᠡᠷᠡᠭᠲᠡᠢ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠺᠠᠳ᠋ᠷ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ᠎ᠳᠠᠬᠢ ᠤᠳᠤᠷᠢᠳᠬᠤ ᠪᠠ ᠬᠠᠷᠢᠭᠤᠴᠠᠬᠤ ᠦᠢᠯᠡᠳᠦᠯ᠎ᠢ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠰᠠᠢᠨ ᠺᠠᠳ᠋ᠷ᠎ᠤᠨ ᠪᠠᠷᠢᠮᠵᠢᠶ᠎ᠠ ᠪᠣᠯᠣᠨ 《ᠲᠦᠷᠪᠡᠨ ᠣᠨᠴᠠᠭᠠᠢ》ᠴᠢᠬᠤᠯᠠ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠺᠠᠳ᠋ᠷ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠵᠠᠷᠴᠢᠮ ᠪᠣᠯᠣᠨ ᠳᠡᠰ ᠳᠠᠷᠠᠭᠠᠯᠠᠯ᠎ᠢ ᠴᠢᠩᠭ᠎ᠠ ᠬᠡᠷᠡᠭᠵᠢᠭᠦᠯᠵᠦ᠂ ᠺᠠᠳ᠋ᠷ᠎ᠲᠤ ᠲᠥᠪ ᠭᠣᠣᠯᠴᠢ᠎ᠪᠠᠷ ᠬᠠᠨᠳᠤᠵᠤ᠂ ᠺᠠᠳ᠋ᠷ᠎ᠢ ᠲᠥᠪ ᠭᠣᠣᠯᠴᠢ᠎ᠪᠠᠷ ᠦᠨᠡᠯᠡᠵᠦ᠂ ᠲᠥᠪ ᠭᠣᠣᠯᠴᠢ᠎ᠪᠠᠷ ᠬᠡᠷᠡᠭᠯᠡᠵᠦ᠂ ᠨᠠᠮ᠎ᠳᠠᠭᠠᠨ ᠦᠨᠡᠨᠴᠢ ᠰᠢᠳᠤᠷᠭᠤ᠂ ᠬᠡᠯᠡᠬᠦ ᠬᠢᠬᠦ ᠪᠡᠨ ᠠᠳᠠᠯᠢ ᠪᠠᠢᠯᠭᠠᠬᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠂ ᠪᠣᠳᠠᠲᠤ ᠠᠮᠵᠢᠯᠲᠠ ᠨᠢ ᠲᠣᠪᠣᠢᠮ᠎ᠠ᠂ ᠲᠥᠪ ᠭᠣᠣᠯᠴᠢ ᠠᠷᠢᠭᠤᠨ ᠴᠢᠬᠡᠴᠢ ᠺᠠᠳ᠋ᠷ᠎ᠢ ᠦᠨᠡᠨ ᠬᠦ᠌ ᠰᠣᠩᠭᠣᠨ ᠬᠡᠷᠡᠭᠯᠡᠵᠦ᠂ ᠬᠥᠮᠥᠨ ᠬᠡᠷᠡᠭᠯᠡᠬᠦ ᠣᠷᠴᠢᠨ ᠨᠦᠭᠦᠴᠡᠯ᠎ᠤᠨ ᠰᠤᠷᠲᠠᠯ ᠴᠢᠬᠡᠴᠢ ᠣᠪᠣᠷ ᠲᠦᠪ᠎ᠢᠶᠡᠷ ᠤᠯᠤᠰ ᠲᠦᠷᠦ᠎ᠶᠢᠨ ᠠᠮᠢ ᠠᠬᠤᠢ᠎ᠶᠢᠨ ᠴᠡᠪᠡᠷ ᠴᠢᠬᠡᠴᠢ ᠵᠢ ᠠᠬᠢᠭᠤᠯᠬᠤ ᠬᠡᠷᠡᠭᠳᠡᠢ᠃ ᠤᠯᠤᠰ ᠲᠦᠷᠦ᠎ᠶᠢᠨ ᠪᠠᠷᠢᠮᠵᠢᠶ᠎ᠠ᠎ᠶᠢ ᠲᠡᠷᠢᠭᠦᠨ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠵᠤ᠂ ᠺᠠᠳ᠋ᠷ᠎ᠤᠨ ᠤᠯᠤᠰ ᠲᠦᠷᠦ᠎ᠶᠢᠨ ᠬᠡᠪ ᠴᠢᠨᠠᠷ᠎ᠢ ᠰᠢᠯᠭᠠᠨ ᠪᠠᠢᠴᠠᠭᠠᠬᠤ ᠠᠵᠢᠯ᠎ᠢ ᠭᠦᠨᠵᠡᠭᠡᠢ ᠪᠣᠳᠠᠲᠠᠢ ᠨᠠᠷᠢᠯᠢᠭ᠋ ᠬᠢᠵᠦ᠂ ᠺᠠᠳ᠋ᠷ᠎ᠤᠨ ᠤᠯᠤᠰ ᠲᠦᠷᠦ᠎ᠶᠢᠨ ᠦᠨᠡᠨᠴᠢ ᠰᠢᠳᠤᠷᠭᠤ᠂ ᠤᠯᠤᠰ ᠲᠦᠷᠦ᠎ᠶᠢᠨ ᠲᠣᠭᠲᠠᠯ ᠬᠦᠴᠦᠨ᠂ ᠤᠯᠤᠰ ᠲᠦᠷᠦ᠎ᠶᠢᠨ ᠡᠭᠦᠷᠭᠡᠯᠡᠯ᠂ ᠤᠯᠤᠰ ᠲᠦᠷᠦ᠎ᠶᠢᠨ ᠴᠢᠳᠠᠪᠤᠷᠢ᠂ ᠤᠯᠤᠰ ᠲᠦᠷᠦ᠎ᠶᠢᠨ ᠥᠪᠡᠷ᠎ᠤᠨ ᠱᠠᠭᠠᠷᠳᠠᠯᠭ᠎ᠠ ᠵᠡᠷᠭᠡ ᠲᠠᠯ᠎ᠠ᠎ᠶᠢᠨ ᠪᠠᠢᠳᠠᠯ᠎ᠢ ᠪᠦᠬᠦ ᠲᠠᠯ᠎ᠠ᠎ᠪᠠᠷ ᠣᠨᠣᠪᠴᠢᠲᠠᠢ ᠢᠯᠭᠠᠨ ᠲᠠᠨᠢᠵᠤ᠂ ᠤᠯᠤᠰ ᠲᠦᠷᠦ᠎ᠶᠢᠨ ᠲᠠᠯ᠎ᠠ᠎ᠪᠠᠷ ᠬᠢᠷᠢ ᠲᠡᠩᠴᠡᠬᠦ ᠦᠭᠡᠢ ᠪᠤᠯ《ᠨᠢᠭᠡ ᠪᠢᠯᠧᠲ᠎ᠢᠶᠡᠷ ᠦᠭᠡᠢᠰᠬᠡᠬᠦ ᠬᠡᠷᠡᠭᠳᠡᠢ》᠃ ᠠᠵᠢᠯ᠎ᠤᠨ ᠬᠡᠷᠡᠭᠴᠡᠭᠡ ᠪᠡᠷ ᠬᠥᠮᠥᠨ ᠰᠣᠩᠭᠣᠬᠤ᠂ ᠤᠴᠢᠷ ᠶᠠᠪᠤᠳᠠᠯ ᠳ᠋ᠤᠨᠢ ᠲᠣᠬᠢᠷᠠᠭᠤᠯᠤᠨ ᠬᠥᠮᠥᠨ ᠰᠣᠩᠭᠣᠬᠤ᠎ᠶᠢ ᠪᠠᠷᠢᠮᠲᠠᠯᠠᠵᠤ᠂ ᠥᠩᠭᠡᠷᠡᠭᠰᠡᠨ᠎ᠦ ᠥᠩᠭᠡᠷᠡᠯᠲᠡ᠎ᠶᠢ ᠨᠢ ᠦᠵᠡᠬᠦ᠎ᠪᠡᠷ ᠪᠠᠷᠠᠬᠤ ᠦᠭᠡᠢ ᠪᠠᠰᠠ ᠦᠰᠦᠨ ᠪᠣᠢᠵᠢᠬᠤ ᠳᠠᠯᠳᠠ ᠬᠦᠴᠦᠨ᠎ᠢ ᠨᠢ ᠦᠵᠡᠵᠦ᠂ ᠵᠥᠪᠬᠡᠨ ᠨᠠᠰᠤ ᠵᠢᠯ᠂ ᠰᠤᠷᠤᠯᠭ᠎ᠠ᠎ᠶᠢᠨ ᠨᠠᠮᠲᠠᠷ᠂ ᠬᠢᠷᠢ ᠬᠡᠮ᠎ᠢ ᠯᠡ ᠦᠵᠡᠬᠦ ᠦᠬᠡᠢ ᠪᠠᠢᠬᠤ ᠵᠢ ᠪᠠᠷᠢᠮᠳᠠᠯᠠᠬᠤ ᠬᠡᠷᠡᠭᠳᠡᠢ᠃ ᠺᠠᠳ᠋ᠷ᠎ᠢ ᠤᠷᠳᠤᠳᠭᠠᠨ ᠬᠢᠨᠠᠨ ᠪᠠᠢᠴᠠᠭᠠᠬᠤ ᠠᠵᠢᠯ᠎ᠢ ᠰᠠᠢᠲᠤᠷ ᠬᠢᠵᠦ᠂ ᠲᠣᠭᠣᠷᠢᠨ ᠪᠠᠢᠴᠠᠭᠠᠬᠤ᠂ ᠬᠢᠨᠠᠨ ᠪᠤᠳᠤᠬᠤ᠂ ᠱᠠᠯᠠᠪᠳᠠᠭᠤᠯᠤᠨ ᠪᠠᠢᠴᠠᠭᠠᠬᠤ ᠵᠡᠷᠭᠡ ᠦᠷ᠎ᠡ ᠪᠦᠲᠦᠭᠡᠯ᠎ᠢ ᠰᠠᠢᠲᠤᠷ ᠬᠡᠷᠡᠭᠯᠡᠬᠦ ᠬᠡᠷᠡᠭᠳᠡᠢ᠃ ᠡᠯ᠎ᠡ ᠱᠠᠲᠤᠨ᠎ᠤ ᠤᠳᠤᠷᠢᠳᠬᠤ ᠪᠠᠭ ᠢᠯᠠᠩᠭᠤᠶ᠎ᠠ《ᠨᠢᠭᠡᠳᠦᠭᠡᠷ ᠭᠠᠷ》᠎ᠢ᠋ ᠰᠢᠯᠢᠳᠡᠭ᠎ᠢ ᠰᠣᠩᠭᠣᠨ ᠲᠣᠬᠢᠷᠠᠭᠤᠯᠵᠤ᠂ ᠬᠥᠮᠥᠨ ᠪᠠ ᠠᠵᠢᠯ᠎ᠤᠨ ᠪᠠᠢᠷᠢ᠎ᠶᠢᠨ ᠲᠣᠬᠢᠷᠠᠯᠴᠠᠬᠤ ᠬᠡᠮᠵᠢᠶ᠎ᠡ᠎ᠶᠢ ᠨᠡᠮᠡᠭᠳᠡᠭᠦᠯᠬᠦ ᠬᠡᠷᠡᠭᠳᠡᠢ᠃ ᠠᠬᠠᠮᠠᠳ ᠢᠳᠡᠷ ᠵᠠᠯᠠᠭᠤ᠎ᠶᠢ ᠱᠠᠲᠤ ᠳᠠᠷᠠᠭᠠᠯᠠᠨ ᠲᠣᠬᠢᠷᠠᠭᠤᠯᠬᠤ᠎ᠶᠢ ᠪᠠᠷᠢᠮᠲᠠᠯᠠᠵᠤ᠂ ᠡᠯ᠎ᠡ ᠨᠠᠰᠤᠨ᠎ᠤ ᠺᠠᠳ᠋ᠷ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠡᠷᠡᠭᠯᠡᠬᠦ ᠬᠡᠷᠡᠭᠳᠡᠢ᠃ ᠡᠮᠡᠭᠲᠡᠢ ᠺᠠᠳ᠋ᠷ᠂ ᠴᠥᠭᠡᠨ ᠲᠣᠭᠠᠲᠤ ᠦᠨᠳᠦᠰᠦᠲᠡᠨ᠎ᠦ ᠺᠠᠳ᠋ᠷ ᠪᠠ ᠨᠠᠮ᠎ᠤᠨ ᠭᠠᠳᠠᠨᠠᠬᠢ ᠺᠠᠳ᠋ᠷ᠎ᠢ ᠰᠠᠢᠲᠤᠷ ᠬᠥᠮᠥᠵᠢᠭᠦᠯᠦᠨ ᠬᠡᠷᠡᠭᠯᠡᠵᠦ᠂ ᠲᠠᠯᠳᠠ ᠬᠦᠴᠦᠨ᠎ᠲᠠᠢ ᠰᠢᠯᠢᠳᠡᠭ ᠵᠢᠱ᠌ᠢᠭᠳᠡᠭᠴᠢ᠎ᠶᠢ ᠴᠠᠭ ᠲᠤᠬᠠᠢ ᠳ᠋ᠤᠨᠢ ᠵᠠᠩᠭᠢᠯᠠᠭ᠎ᠠ᠎ᠶᠢᠨ ᠬᠦᠨᠳᠤ ᠬᠡᠴᠡᠬᠦᠦ ᠠᠵᠢᠯ᠎ᠤᠨ ᠪᠠᠢᠷᠢᠨ᠎ᠳᠤ ᠲᠠᠯᠪᠢᠵᠤ ᠯᠠᠪᠳᠠᠭᠤᠨ ᠪᠠᠲᠤᠲᠠᠢ ᠳᠠᠪᠲᠠᠨ ᠪᠣᠯᠪᠠᠰᠤᠷᠠᠭᠤᠯᠬᠤ᠎ᠶᠢ ᠴᠢᠬᠤᠯᠠᠴᠢᠯᠠᠬᠤ ᠬᠡᠷᠡᠭᠳᠡᠢ᠃ ᠦᠨᠳᠦᠰᠦᠨ ᠱᠠᠲᠤᠨ᠎ᠡᠴᠡ ᠰᠢᠯᠢᠳᠡᠭ ᠺᠠᠳ᠋ᠷ᠎ᠢ ᠢᠯᠡᠷᠡᠭᠦᠯᠬᠦ ᠪᠠ ᠰᠢᠯᠢᠨ ᠳᠡᠪᠰᠢᠭᠦᠯᠬᠦ᠎ᠶᠢ ᠴᠢᠬᠤᠯᠠᠴᠢᠯᠠᠬᠤ ᠬᠡᠷᠡᠭᠳᠡᠢ᠃ ᠺᠠᠳ᠋ᠷ᠎ᠢ ᠲᠤᠰᠢᠶᠠᠯ᠎ᠳᠤ ᠲᠣᠮᠢᠯᠠᠬᠤ᠎ᠳᠤ ᠵᠠᠢᠯᠠᠭᠤᠯᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯ᠎ᠤᠨ ᠪᠠᠢᠷᠢ ᠡᠭᠡᠯᠵᠢᠯᠡᠬᠦ ᠪᠠ ᠰᠣᠯᠢᠯᠴᠠᠬᠤ ᠳᠦᠷᠢᠮ᠎ᠢ ᠲᠡᠭᠦᠯᠳᠡᠷᠵᠢᠭᠦᠯᠬᠦ ᠬᠡᠷᠡᠭᠳᠡᠢ᠃ ᠤᠳᠤᠷᠢᠳᠬᠤ ᠺᠠᠳ᠋ᠷ᠎ᠤᠨ ᠲᠤᠰᠢᠶᠠᠯ ᠡᠭᠦᠷᠭᠡᠯᠡᠬᠦ ᠬᠤᠭᠤᠴᠠᠭᠠᠨ᠎ᠤ ᠳᠦᠷᠢᠮ᠎ᠢ ᠨᠠᠢᠳᠠᠪᠤᠷᠢᠵᠢᠭᠤᠯᠵᠤ᠂ ᠲᠤᠰᠢᠶᠠᠯ᠎ᠤᠨ ᠬᠤᠭᠤᠴᠠᠭ᠎ᠠ᠎ᠶᠢ ᠲᠣᠭᠲᠠᠭᠤᠨ ᠪᠠᠢᠯᠭᠠᠬᠤ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢ ᠴᠢᠩᠭ᠎ᠠ ᠬᠡᠷᠡᠭᠵᠢᠭᠦᠯᠬᠦ ᠬᠡᠷᠡᠭᠳᠡᠢ᠃ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ᠎ᠲᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ᠎ᠶᠢ ᠴᠢᠩᠭᠠᠳᠬᠠᠵᠤ᠂ ᠺᠠᠳ᠋ᠷ᠎ᠤᠨ ᠳᠠᠪᠰᠢᠵᠤ ᠪᠣᠯᠬᠤ ᠮᠥᠷᠲᠡᠭᠡᠨ ᠪᠠᠭᠤᠵᠤ ᠪᠣᠯᠬᠤ᠎ᠶᠢ ᠪᠠᠢ᠍ᠢᠩᠭᠤᠵᠢᠭᠤᠯᠬᠤ ᠶ᠋ᠢ ᠠᠬᠢᠭᠤᠯᠵᠤ᠂ ᠤᠳᠤ᠎ᠶᠢᠨ ᠲᠤᠰᠢᠶᠠᠯ᠎ᠳᠤ ᠪᠠᠢᠭ᠎ᠠ ᠺᠠᠳ᠋ᠷ᠎ᠲᠤ ᠲᠣᠬᠢᠷᠠᠭᠤᠯᠤᠯᠲᠠ ᠬᠢᠬᠦ ᠡᠷᠴᠢᠮ᠎ᠢᠶᠡᠨ ᠴᠢᠩᠭᠠᠷᠠᠭᠤᠯᠬᠤ ᠬᠡᠷᠡᠭᠳᠡᠢ᠃
(ᠠᠷᠪᠠᠨ ᠲᠠᠪᠤ) ᠬᠥᠮᠥᠨ ᠰᠣᠩᠭᠣᠵᠤ ᠬᠥᠮᠥᠨ ᠬᠡᠷᠡᠭᠯᠡᠬᠦ ᠬᠡᠪ ᠰᠤᠷᠲᠠᠯ᠎ᠢ ᠵᠠᠰᠠᠨ ᠵᠠᠯᠠᠷᠠᠭᠤᠯᠬᠤ ᠬᠡᠷᠡᠭᠳᠡᠢ᠃ ᠺᠠᠳ᠋ᠷ ᠤᠨ 《ᠳᠡᠪᠰᠢᠬᠦᠯᠬᠦ ᠲᠦᠷᠪᠡᠨ ᠡᠷᠬᠡᠪᠰᠢ》᠎ᠶ᠋ᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠬᠤ᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠰᠠᠨᠠᠯ᠎ᠢ ᠨᠠᠢᠳᠠᠪᠤᠷᠢᠵᠢᠭᠤᠯᠬᠤ᠎ᠳᠤ ᠨᠠᠮ᠎ᠤᠨ ᠬᠣᠷᠢᠶ᠎ᠠ(ᠨᠠᠮ᠎ᠤᠨ ᠤᠳᠤᠷᠢᠳᠬᠤ ᠳᠤᠭᠤᠢᠯᠠᠩ)᠎ᠶ᠋ᠢᠨ ᠱᠦᠵᠢ ᠪᠠ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠱᠦᠵᠢ(ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ)ᠬᠠᠮᠲᠤ ᠪᠠᠷ ᠭᠠᠷᠤᠨ ᠦᠰᠦᠭ ᠵᠢᠷᠤᠵᠤ ᠨᠤᠲᠠᠯᠠᠬᠤ ᠲᠣᠭᠲᠠᠭᠠᠯ᠎ᠢ ᠨᠠᠢᠳᠠᠪᠤᠷᠢᠵᠢᠭᠤᠯᠬᠤ ᠬᠡᠷᠡᠭᠳᠡᠢ᠃ ᠺᠠᠳ᠋ᠷ᠎ᠢ ᠲᠤᠰᠢᠶᠠᠯ᠎ᠳᠤ ᠲᠣᠮᠢᠯᠠᠬᠤ᠎ᠡᠴᠡ ᠡᠮᠦᠨᠡᠬᠢ ᠤᠴᠢᠷ ᠶᠠᠪᠤᠳᠠᠯ᠎ᠤᠨ ᠮᠡᠳᠡᠬᠦᠯᠦᠯᠳᠡ᠂ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠪᠦᠬᠦ ᠶᠠᠪᠤᠴᠠ᠎ᠶᠢᠨ ᠪᠣᠳᠠᠲᠤ ᠲᠡᠮᠳᠡᠭᠯᠡᠯ᠂ 《ᠨᠢᠭᠡ ᠮᠡᠳᠡᠭᠦᠯᠦᠯᠲᠡ ᠬᠣᠶᠠᠷ ᠦᠨᠡᠯᠡᠯᠲᠡ》᠎ᠶ᠋ᠢᠨ ᠳᠦᠷᠢᠮ᠎ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠬᠤ ᠬᠡᠷᠡᠭᠳᠡᠢ᠃ ᠬᠥᠮᠥᠨ ᠰᠣᠩᠭᠣᠵᠤ ᠬᠥᠮᠥᠨ ᠬᠡᠷᠡᠭᠯᠡᠬᠦ ᠲᠤᠰᠬᠠᠢ ᠪᠠᠢᠴᠠᠭᠠᠯᠲᠠ᠎ᠶᠢ ᠭᠦᠨᠵᠡᠭᠡᠢᠷᠡᠭᠦᠯᠵᠦ᠂ ᠺᠠᠳ᠋ᠷ᠎ᠢ《ᠠᠰᠠᠭᠤᠳᠠᠯ᠎ᠲᠠᠢ᠎ᠪᠠᠷ ᠰᠢᠯᠢᠨ ᠳᠡᠪᠰᠢᠭᠦᠯᠬᠦ》 ᠬᠠᠷᠢᠭᠤᠴᠠᠯᠭ᠎ᠠ ᠨᠡᠬᠡᠮᠵᠢᠯᠡᠬᠦ ᠲᠣᠭᠲᠡᠴᠡ᠎ᠶᠢ ᠲᠡᠭᠦᠯᠳᠡᠷᠵᠢᠭᠦᠯᠬᠦ ᠬᠡᠷᠡᠭᠳᠡᠢ᠃ ᠬᠥᠮᠥᠨ ᠰᠣᠩᠭᠣᠵᠤ ᠬᠥᠮᠥᠨ ᠬᠡᠷᠡᠭᠯᠡᠬᠦ ᠲᠠᠯ᠎ᠠ᠎ᠪᠠᠷ ᠬᠢ ᠲᠥᠪ ᠪᠤᠰᠤ ᠰᠤᠷᠲᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠠᠢᠮᠠᠭᠯᠠᠨ ᠪᠦᠯᠦᠭᠯᠡᠬᠦ᠂ ᠰᠣᠩᠭᠣᠭᠤᠯᠢ ᠳ᠋ᠦ ᠲᠡᠮᠵᠢᠯᠭᠡ ᠤᠯᠬᠤ ᠪᠡᠷ ᠭᠡᠭᠡᠯᠢ ᠲᠦᠯᠬᠢᠬᠦ᠂ ᠨᠣᠶᠠᠨ ᠵᠡᠷᠭᠡ ᠬᠥᠭᠡᠭᠡᠴᠡᠯᠳᠦᠬᠦ᠂ ᠨᠠᠢᠷ ᠲᠠᠯ᠎ᠠ ᠬᠡᠯᠡᠵᠦ ᠤᠷᠢᠳᠴᠢᠯᠠᠨ ᠮᠡᠳᠡᠭᠳᠡᠬᠦ ᠵᠡᠷᠭᠡ ᠲᠥᠪ ᠪᠤᠰᠤ ᠰᠤᠷᠲᠠᠯ ᠢ ᠱᠠᠯᠠᠪᠳᠠᠨ ᠴᠡᠭᠴᠡᠯᠡᠨ ᠵᠠᠰᠠᠵᠤ᠂ ᠺᠠᠳ᠋ᠷ᠎ᠢ ᠱᠠᠯᠠᠪᠳᠠᠨ ᠳᠡᠪᠰᠢᠭᠦᠯᠵᠦ ᠲᠣᠬᠢᠷᠠᠭᠤᠯᠬᠤ᠂ ᠬᠤᠪᠢ ᠬᠥᠮᠥᠨ ᠦ ᠬᠡᠯᠡᠭᠰᠡᠨ᠎ᠢᠶᠡᠷ ᠪᠣᠯᠭᠠᠬᠤ᠂ ᠨᠢᠭᠤᠴᠠ᠎ᠶᠢ ᠵᠠᠳᠠᠷᠠᠭᠤᠯᠬᠤ ᠵᠡᠷᠭᠡ ᠳᠦᠷᠢᠮ ᠲᠣᠭᠲᠠᠭᠠᠯ ᠰᠠᠬᠢᠯᠭ᠎ᠠ ᠪᠠᠳᠤ᠎ᠡᠴᠡ ᠵᠥᠷᠢᠴᠡᠭᠰᠡᠨ ᠦᠢᠯᠡ ᠠᠵᠢᠯᠯᠠᠭ᠎ᠠ ᠶᠢ ᠨᠢᠬᠡ ᠵᠢ ᠢᠯᠡᠷᠡᠭᠦᠯᠪᠡᠯ ᠨᠢᠭᠡ᠎ᠶᠢ ᠪᠠᠢᠴᠠᠭᠠᠨ ᠰᠢᠢᠳᠪᠦᠷᠢᠯᠡᠨᠬᠦ ᠬᠡᠷᠡᠭᠳᠡᠢ; ᠤᠯᠤᠰ ᠲᠦᠷᠦ᠎ᠶᠢᠨ ᠵᠠᠪᠰᠢᠭᠴᠢᠳ᠂ ᠤᠯᠤᠰ ᠲᠦᠷᠦ᠎ᠶᠢᠨ ᠮᠡᠬᠡᠯᠡᠭᠴᠢᠳᠢ ᠴᠢᠩᠭ᠎ᠠ ᠰᠡᠷᠭᠡᠢᠯᠡᠵᠦ᠂ ᠴᠤᠬᠤᠢᠮᠠᠭᠴᠠ ᠴᠣᠬᠢᠯᠲᠠ ᠥᠭᠬᠦ ᠬᠡᠷᠡᠭᠲᠡᠢ; ᠵᠠᠷᠴᠢᠮ᠎ᠢ ᠪᠠᠷᠢᠮᠲᠠᠯᠠᠬᠤ ᠦᠭᠡᠢ ᠬᠠᠷᠢᠴᠠᠭ᠎ᠠ᠎ᠶᠢ ᠡᠷᠬᠢᠮᠯᠡᠬᠦ᠂ ᠵᠣᠬᠢᠶᠠᠨ ᠪᠠᠢᠭᠤᠯᠤᠯᠲᠠ᠎ᠶᠢ ᠢᠲᠡᠭᠡᠬᠦ ᠦᠭᠡᠢ ᠮᠡᠬᠡᠯᠡᠭᠴᠢ᠎ᠶᠢ ᠢᠲᠡᠭᠡᠬᠦ᠂ ᠵᠠᠪᠰᠢᠨ ᠳᠠᠯᠢᠮᠳᠠᠭᠤᠯᠬᠤ᠂ ᠪᠤᠷᠤᠭᠤ ᠵᠠᠮ᠎ᠢᠶᠠᠷ ᠶᠠᠪᠤᠬᠤ ᠺᠠᠳ᠋ᠷ᠎ᠢ ᠳᠡᠪᠰᠢᠭᠦᠯᠦᠨ ᠬᠡᠷᠡᠭᠯᠡᠵᠦ ᠪᠣᠯᠬᠤ ᠦᠭᠡᠢ ᠮᠥᠷᠲᠡᠭᠡᠨ ᠠᠵᠢᠯ᠎ᠤᠨ ᠪᠠᠢᠷᠢ ᠳᠡᠭᠡᠷ᠎ᠡ᠎ᠪᠡᠨ ᠪᠠᠢᠭᠰᠠᠨ ᠴᠤ᠌ ᠴᠢᠩᠭ᠎ᠠ ᠰᠢᠢᠳᠪᠦᠷᠢᠯᠡᠬᠦ ᠬᠡᠷᠡᠭᠲᠡᠢ᠃ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠎ᠪᠠᠷ ᠵᠣᠬᠢᠶᠠᠨ ᠪᠠᠶ᠋ᠢᠭᠤᠯᠬᠤ ᠠᠵᠢᠯ᠎ᠤᠨ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠬᠤ ᠬᠡᠷᠡᠭᠳᠡᠢ᠃
(ᠠᠷᠪᠠᠨ ᠵᠢᠷᠭᠤᠭ᠎ᠠ) ᠺᠠᠳ᠋ᠷᠴᠤᠳ᠎ᠤᠨ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠶᠢ ᠠᠬᠢᠭᠤᠯᠬᠤ ᠬᠡᠷᠡᠭᠳᠠᠢ᠃ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠦᠵᠡᠯ ᠰᠠᠨᠠᠭᠠᠨ᠎ᠤ ᠲᠠᠯ᠎ᠠ᠎ᠪᠠᠷ ᠵᠠᠰᠠᠭ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠵᠤ᠂ ᠦᠢᠯᠡ ᠠᠵᠢᠯᠯᠠᠭ᠎ᠠ ᠵᠢᠨ ᠲᠠᠯ᠎ᠠ᠎ᠪᠠᠷ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠦᠢᠯᠡᠳᠦᠯᠭᠡᠵᠢᠭᠦᠯᠬᠦ ᠬᠡᠷᠡᠭᠳᠠᠢ᠃ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠬᠥᠮᠦᠵᠢᠯ ᠪᠣᠯᠪᠠᠰᠤᠷᠠᠯ᠎ᠢ ᠪᠠᠢᠩᠭᠤᠵᠢᠭᠤᠯᠤᠨ ᠥᠷᠨᠢᠭᠦᠯᠵᠦ᠂ ᠬᠤᠭᠤᠴᠠᠭ᠎ᠠ ᠰᠣᠯᠢᠭ᠍ᠰᠠᠨᠤ ᠳᠠᠷᠠᠭ᠎ᠠ ᠰᠢᠨ᠎ᠡ᠎ᠪᠡᠷ ᠤᠳᠤᠷᠢᠳᠬᠤ ᠪᠠᠭ᠎ᠲᠤ ᠣᠷᠣᠭᠰᠠᠨ ᠺᠠᠳ᠋ᠷ ᠪᠠ ᠰᠢᠨ᠎ᠡ᠎ᠪᠡᠷ ᠳᠡᠪᠰᠢᠭᠦᠯᠦᠭᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ᠎ᠶᠢᠨ ᠠᠵᠢᠯ᠎ᠤᠨ ᠪᠠᠢᠷᠢ᠎ᠶᠢᠨ ᠺᠠᠳ᠋ᠷ ᠵᠡᠷᠭᠡ ᠭᠣᠣᠯᠳᠠᠯᠭ᠎ᠠ᠎ᠲᠠᠢ ᠡᠲᠡᠭᠡᠳ᠎ᠲᠦ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠲᠤᠰᠬᠠᠢ ᠰᠡᠳᠦᠪᠲᠦ ᠪᠣᠯᠪᠠᠰᠤᠷᠠᠯ᠎ᠢ ᠱᠠᠲᠤ ᠬᠤᠪᠢᠶᠠᠨ ᠲᠥᠷᠥᠯ ᠬᠤᠪᠢᠶᠠᠨ ᠵᠣᠬᠢᠶᠠᠨ ᠪᠠᠢᠭᠤᠯᠤᠨ ᠥᠷᠨᠢᠭᠦᠯᠬᠦ ᠬᠡᠷᠡᠭᠳᠠᠢ᠃ ᠪᠣᠳᠠᠲᠠᠢ ᠠᠵᠢᠯᠯᠠᠵᠤ ᠪᠣᠳᠠᠲᠠᠢ ᠠᠮᠵᠢᠯᠳᠠ ᠪᠦᠲᠦᠮᠵᠢ ᠭᠠᠷᠭᠠᠬᠤᠤᠳᠤᠷᠢᠳᠤᠮᠵᠢᠶᠢ ᠳᠣᠪᠣᠶ᠋ᠢᠯᠭᠠᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠠᠰᠠᠬ ᠤ᠋ᠨ ᠠᠵᠢᠯ᠎ᠤᠨ ᠪᠦᠲᠦᠮᠵᠢ᠎ᠶᠢᠨ ᠬᠢᠨᠠᠨ ᠰᠢᠯᠭᠠᠯᠲᠠ᠎ᠶᠢ ᠰᠠᠢᠵᠢᠷᠠᠭᠤᠯᠤᠨ ᠲᠡᠭᠦᠯᠳᠡᠷᠵᠢᠭᠦᠯᠵᠦ᠂ ᠥᠭᠡᠷᠡᠴᠢᠯᠡᠯᠲᠡ᠎ᠶᠢ ᠠᠳᠬᠤᠨ ᠬᠥᠭᠵᠢᠯᠲᠡ᠎ᠶᠢ ᠠᠬᠢᠭᠤᠯᠬᠤ ᠪᠠ ᠠᠷᠠᠳ ᠤ᠋ᠨ ᠠᠮᠢᠳᠤᠷᠠᠯ ᠳ᠋ᠤ ᠠᠰᠢᠭ᠋ ᠬᠦᠷᠲᠡᠭᠡᠨ ᠠᠮᠤᠷ ᠲᠦᠪᠰᠢᠨ᠎ᠢ ᠪᠠᠲᠤᠯᠠᠬᠤ᠂ ᠣᠳᠣᠬᠠᠨ᠎ᠤ ᠠᠵᠢᠯ᠎ᠢ ᠠᠬᠢᠭᠤᠯᠬᠤ ᠪᠠ ᠲᠡᠦᠬᠡᠨ ᠦᠯᠡᠳᠡᠭᠳᠡᠯ ᠠᠰᠠᠭᠤᠳᠠᠯ᠎ᠢ ᠰᠢᠢᠳᠪᠦᠷᠢᠯᠡᠬᠦ᠂ ᠢᠯᠡᠳᠲᠡ ᠠᠮᠵᠢᠯᠲᠠ ᠪᠦᠲᠦᠮᠵᠢ ᠭᠠᠷᠭᠠᠬᠤ ᠪᠠ ᠳᠠᠯᠳᠠ ᠠᠮᠵᠢᠯᠲᠠ ᠪᠦᠲᠦᠮᠵᠢ᠎ᠶᠢ ᠴᠢᠬᠤᠯᠠᠴᠢᠯᠠᠬᠤ ᠵᠡᠷᠭᠡ ᠪᠠᠢᠳᠠᠯ᠎ᠢ ᠭᠦᠨᠵᠡᠭᠡᠢ ᠵᠠᠳᠠᠯᠤᠨ ᠣᠢᠯᠠᠭᠠᠬᠤ ᠬᠡᠷᠡᠭᠲᠡᠢ᠃ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠦᠭᠰᠡᠨ ᠵᠥᠪ ᠪᠤᠷᠤᠭᠤ ᠲᠠᠯ᠎ᠠ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠰᠠᠢᠲᠤᠷ ᠬᠡᠷᠡᠭᠯᠡᠨ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ᠰᠡᠷᠡᠮᠵᠢᠯᠡᠭᠦᠯᠦᠨ ᠬᠥᠮᠥᠵᠢᠭᠦᠯᠬᠦ ᠦᠢᠯᠡᠳᠦᠯ᠎ᠢ ᠪᠠᠳᠠᠷᠠᠭᠤᠯᠬᠤ ᠬᠡᠷᠡᠭᠳᠠᠢ᠃ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠦᠵᠡᠯᠲᠠ ᠭᠡᠯᠪᠡᠢᠭᠰᠡᠨ ᠭᠣᠣᠯ ᠠᠰᠠᠭᠤᠳᠠᠯ᠎ᠤᠨ ᠨᠠᠷᠢᠨ ᠲᠠᠩᠰᠠ᠎ᠲᠠᠢ ᠬᠠᠷᠭᠤᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠣᠷᠢᠨ ᠪᠠᠢᠴᠠᠭᠠᠬᠤ ᠴᠠᠭᠳᠠᠨ ᠪᠠᠢᠴᠠᠭᠠᠬᠤ᠂ ᠬᠢᠨᠠᠨ ᠪᠤᠳᠤᠯᠳᠠ ᠵᠢᠨ ᠬᠢᠨᠠᠯᠲᠠ ᠲᠠᠯᠪᠢᠬᠤ᠂ ᠡᠳ᠋ ᠦᠨ ᠶᠠᠪᠤᠳᠠᠯ᠎ᠤᠨ ᠬᠢᠨᠠᠯᠲᠠ ᠲᠠᠯᠪᠢᠬᠤ᠂ ᠲᠣᠭ᠎ᠠ ᠪᠦᠷᠢᠳᠬᠡᠯ᠎ᠦᠨ ᠬᠢᠨᠠᠯᠲᠠ ᠲᠠᠯᠪᠢᠬᠤ ᠵᠡᠷᠭᠡ ᠡᠴᠡ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠭᠤᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠦᠵᠡᠯᠲᠡ ᠭᠡᠯᠪᠡᠢᠭᠰᠡᠨ ᠠᠰᠠᠭᠤᠳᠠᠯ ᠢ ᠭᠦᠨᠵᠡᠭᠡᠢ ᠪᠠᠢᠴᠠᠭᠠᠨ ᠡᠷᠢᠵᠦ᠂ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠎ᠶᠢ ᠦᠨᠡᠨ ᠬᠦ᠌ ᠰᠠᠢᠲᠤᠷ ᠠᠳᠬᠤᠬᠤ ᠬᠡᠷᠡᠭᠲᠡᠢ᠃ ᠰᠢᠨ᠎ᠡ ᠳᠠᠷᠤᠭ᠎ᠠ ᠬᠠᠭᠤᠴᠢᠨ ᠳᠠᠩᠰᠠ ᠵᠢ ᠬᠠᠮᠢᠶᠠᠷᠬᠤ ᠦᠭᠡᠢ᠂ ᠠᠪᠤᠨ ᠳᠣᠣᠷ᠎ᠠ᠎ᠪᠠᠨ ᠠᠮᠵᠢᠯᠳᠠ ᠭᠠᠷᠭᠠᠬᠤ᠎ᠪᠠᠷ ᠶᠠᠭᠠᠷᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠰᠣᠬᠣᠷ ᠪᠠᠯᠠᠢ᠎ᠪᠠᠷ ᠬᠢᠬᠦ᠂ ᠣᠯᠠᠨ ᠲᠦᠮᠡᠨ᠎ᠦ ᠬᠦᠰᠡᠯ ᠰᠠᠨᠠᠭ᠎ᠠ ᠡᠴᠡ ᠵᠥᠷᠢᠴᠡᠵᠦ ᠪᠣᠳᠠᠲᠠᠢ᠎ᠳᠤ ᠨᠡᠢᠴᠡᠬᠦ ᠦᠭᠡᠢ ᠰᠢᠢᠳᠪᠦᠷᠢᠲᠦ ᠪᠣᠳᠣᠯᠭ᠎ᠠ ᠲᠣᠭᠲᠠᠭᠠᠬᠤ᠂ 《ᠳᠦᠷᠢ ᠲᠥᠷᠬᠦ᠎ᠶᠢᠨ ᠢᠨᠵᠧᠨᠧᠷᠢᠩ》ᠪᠠ《ᠵᠠᠰᠠᠭ᠎ᠤᠨ ᠠᠵᠢᠯ᠎ᠤᠨ ᠪᠦᠲᠦᠮᠵᠢ᠎ᠶᠢᠨ ᠢᠨᠵᠧᠨᠧᠷᠢᠩ》ᠬᠢᠬᠦ᠂ ᠲᠥᠷᠥ᠎ᠶᠢᠨ ᠪᠣᠳᠣᠯᠭ᠎ᠠ᠎ᠶᠢᠨ ᠲᠥᠯᠦᠪᠵᠢᠭᠦᠯᠭᠡ ᠵᠢ《ᠳᠠᠬᠢᠨ ᠳᠠᠪᠳᠠᠨ ᠬᠤᠪᠢᠷᠠᠭᠤᠯᠬᠤ》᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠷᠢ ᠦᠭᠴᠡᠭᠡ᠎ᠶᠢ ᠲᠣᠭᠲᠠᠭᠠᠯ ᠡᠴᠡ ᠵᠥᠷᠢᠴᠡᠨ ᠰᠢᠨ᠎ᠡ᠎ᠪᠡᠷ ᠨᠡᠮᠡᠭᠳᠡᠭᠦᠯᠬᠦ᠂ ᠬᠥᠭᠵᠢᠯᠲᠡ᠎ᠶᠢ ᠯᠡ ᠴᠢᠬᠤᠯᠠᠴᠢᠯᠠᠭᠠᠳ ᠠᠮᠤᠷ ᠲᠦᠪᠰᠢᠨ᠎ᠢ ᠴᠢᠬᠤᠯᠠᠴᠢᠯᠠᠬᠤ ᠦᠭᠡᠢ ᠵᠡᠷᠭᠡ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠬᠤ ᠬᠡᠷᠡᠭᠲᠡᠢ᠃ ᠤᠳᠤᠷᠢᠳᠬᠤ ᠪᠠᠭ᠎ᠤᠨ ᠭᠣᠣᠯ ᠬᠠᠷᠢᠭᠤᠴᠠᠯᠭᠠᠲᠠᠨ᠎ᠢ ᠰᠤᠯᠢᠬᠤ ᠦᠶ᠎ᠡ ᠵᠢᠨ ᠠᠵᠢᠯ ᠲᠤᠰᠢᠶᠠᠬᠤ ᠪᠠ ᠬᠦᠯᠢᠶᠡᠨ ᠠᠪᠬᠤ ᠳᠦᠷᠢᠮ᠎ᠢ ᠲᠡᠭᠦᠯᠳᠡᠷᠵᠢᠭᠦᠯᠬᠦ ᠬᠡᠷᠡᠭᠳᠠᠢ᠃ ᠨᠠᠮ᠎ᠤᠨ ᠭᠡᠰᠢᠭᠦᠨ ᠺᠠᠳ᠋ᠷ ᠵᠢᠯ ᠪᠦᠷᠢ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ ᠳᠡᠭᠡᠷ᠎ᠡ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠲᠠᠯ᠎ᠠ᠎ᠪᠠᠷ ᠬᠢ ᠠᠰᠠᠭᠤᠳᠠᠯ᠎ᠢ ᠪᠠᠢᠴᠠᠭᠠᠨ ᠵᠠᠳᠠᠯᠵᠤ᠂ ᠦᠵᠡᠯ ᠰᠠᠨᠠᠭᠠᠨ᠎ᠤ ᠦᠨᠳᠦᠰᠦ ᠰᠤᠷᠪᠤᠯᠵᠢ᠎ᠶᠢ ᠭᠦᠨ ᠠᠭᠤᠳᠠᠯᠵᠤ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶᠢ ᠲᠣᠳᠣᠷᠬᠠᠢᠯᠠᠨ ᠨᠠᠢᠳᠠᠪᠤᠷᠢᠵᠢᠭᠤᠯᠬᠤ ᠬᠡᠷᠡᠭᠲᠡᠢ᠃
(ᠠᠷᠪᠠᠨ ᠳᠣᠯᠣᠭ᠎ᠠ) ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠴᠢᠳᠠᠪᠤᠷᠢ᠎ᠶᠢ ᠴᠢᠩᠭᠠᠷᠠᠭᠤᠯᠬᠤ ᠬᠡᠷᠡᠭᠳᠠᠢ᠃ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ᠎ᠤᠨ ᠤᠯᠤᠰ ᠲᠦᠷᠦ᠎ᠶᠢᠨ ᠴᠢᠳᠠᠪᠤᠷᠢ᠎ᠶᠢᠨ ᠪᠣᠯᠪᠠᠰᠤᠷᠠᠯ ᠪᠠ ᠤᠯᠤᠰ ᠲᠦᠷᠦ᠎ᠶᠢᠨ ᠦᠢᠯᠡᠳᠦᠯᠭᠡ᠎ᠶᠢᠨ ᠳᠠᠪᠲᠠᠯᠲᠠ᠎ᠶᠢ ᠴᠢᠩᠭᠠᠳᠬᠠᠵᠤ᠂ ᠴᠢᠭᠯᠡᠯ᠎ᠢ ᠡᠵᠡᠮᠳᠡᠬᠦ᠂ ᠶᠡᠬᠡ ᠬᠠᠨᠳᠤᠰᠢ᠎ᠶᠢ ᠡᠵᠡᠮᠳᠡᠬᠦ᠂ ᠪᠦᠬᠦ ᠲᠠᠯ᠎ᠠ᠎ᠶᠢ ᠡᠵᠡᠮᠳᠡᠬᠦ ᠴᠢᠳᠠᠪᠤᠷᠢ ᠪᠠ ᠤᠯᠤᠰ ᠲᠦᠷᠦ᠎ᠶᠢᠨ ᠵᠥᠪ ᠪᠤᠷᠤᠭᠤ᠎ᠶᠢ ᠢᠯᠭᠠᠬᠤ᠂ ᠤᠯᠤᠰ ᠲᠦᠷᠦ᠎ᠶᠢᠨ ᠲᠤᠭᠳᠠᠯ ᠬᠦᠴᠦᠨ᠎ᠢᠶᠡᠨ ᠪᠠᠲᠤᠯᠠᠬᠤ᠂ ᠤᠯᠤᠰ ᠲᠦᠷᠦ᠎ᠶᠢᠨ ᠪᠠᠢᠳᠠᠯ᠎ᠢ ᠡᠵᠡᠮᠳᠡᠬᠦ᠂ ᠤᠯᠤᠰ ᠲᠦᠷᠦ᠎ᠶᠢᠨ ᠠᠶᠤᠯ ᠲᠦᠭᠰᠢᠭᠦᠷᠢ᠎ᠶᠢ ᠰᠡᠷᠭᠡᠢᠯᠡᠬᠦ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠳᠠᠢ᠃ ᠬᠦᠷᠢᠶ᠎ᠡ ᠴᠠᠷᠠᠭ᠎ᠠ ᠬᠤᠪᠢᠶᠠᠨ ᠲᠤᠰᠬᠠᠢ ᠰᠡᠳᠦᠪ ᠬᠤᠪᠢᠶᠠᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠶᠢᠨ ᠪᠣᠯᠪᠠᠰᠤᠷᠠᠯ ᠥᠷᠨᠢᠭᠦᠯᠵᠦ᠂ ᠺᠠᠳ᠋ᠷ᠎ᠢ ᠲᠥᠯᠥᠪᠯᠡᠭᠡ᠎ᠲᠠᠢ ᠪᠡᠷ ᠰᠣᠩᠭᠣᠨ ᠴᠢᠬᠤᠯᠠ ᠶᠡᠬᠡ ᠠᠵᠢᠯ᠂ ᠴᠢᠬᠤᠯᠠ ᠶᠡᠬᠡ ᠥᠭᠡᠷᠡᠴᠢᠯᠡᠯᠲᠡ᠂ ᠴᠢᠬᠤᠯᠠ ᠶᠡᠬᠡ ᠡᠭᠦᠷᠭᠡ᠂ ᠴᠢᠬᠤᠯᠠ ᠶᠡᠬᠡ ᠲᠡᠮᠡᠴᠡᠯ ᠦᠨ ᠡᠮᠦᠨ᠎ᠡ ᠹᠷᠣᠨᠲ᠎ᠲᠤ ᠣᠴᠢᠭᠤᠯᠤᠨ ᠦᠢᠯᠡᠳᠦᠯᠭᠡ ᠳ᠋ᠦ ᠳᠠᠪᠲᠠᠨ ᠪᠣᠯᠪᠠᠰᠤᠷᠠᠭᠤᠯᠬᠤ ᠬᠡᠷᠡᠭᠳᠠᠢ᠃ ᠪᠠᠢᠴᠠᠭᠠᠨ ᠰᠤᠳᠤᠯᠤᠯᠲᠠ᠎ᠶᠢ ᠶᠡᠬᠡ ᠪᠡᠷ ᠥᠷᠨᠢᠭᠦᠯᠵᠦ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠳᠠᠯ ᠢ ᠣᠢᠯᠠᠭᠠᠵᠤ᠂ ᠪᠣᠳᠠᠲᠤ ᠪᠠᠢᠳᠠᠯ᠎ᠲᠠᠢ ᠤᠶᠠᠯᠳᠤᠭᠤᠯᠤᠨ ᠰᠡᠳᠬᠢᠮᠵᠢ ᠰᠦᠪᠡᠭᠴᠢᠯᠡᠬᠦ᠂ ᠠᠰᠠᠭᠤᠳᠠᠯ ᠢ ᠰᠢᠢᠳᠪᠦᠷᠢᠯᠡᠬᠦ᠂ ᠠᠵᠢᠯ ᠢ᠋ ᠰᠠᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠺᠠᠳ᠋ᠷᠴᠤᠳ ᠤᠨ ᠮᠡᠳᠡᠯᠭᠡ ᠶᠢᠨ ᠰᠢᠨᠡᠴᠢᠯᠡᠯᠲᠡ᠎ᠪᠡᠨ ᠲᠦᠷᠭᠡᠳᠬᠡᠬᠦ ᠶᠢ ᠠᠬᠢᠭᠤᠯᠵᠤ᠂ ᠲᠤᠰᠬᠠᠢ ᠮᠡᠷᠭᠡᠵᠢᠯ ᠦᠨ ᠬᠡᠪ ᠪᠣᠯᠪᠠᠰᠤᠷᠠᠯ ᠢ᠋ ᠳᠡᠭᠡᠭᠰᠢᠯᠡᠭᠦᠯᠵᠦ᠂ ᠴᠢᠳᠠᠪᠤᠷᠢ᠎ᠶᠢᠨ ᠳᠤᠲᠠᠭᠤᠳᠠᠯ ᠢ᠋ ᠨᠥᠬᠥᠪᠦᠷᠢᠯᠡᠵᠦ᠂ ᠦᠢᠯᠡᠳᠦᠯᠭᠡ᠎ᠶᠢᠨ ᠳᠤᠮᠳᠠ ᠲᠤᠷᠰᠢᠯᠭ᠎ᠠ᠎ᠪᠠᠨ ᠳ᠋ᠦᠩᠨᠡᠵᠦ᠂ ᠵᠢᠮ᠎ᠡ ᠶᠣᠰᠣ᠌ ᠶᠢ ᠡᠵᠡᠮᠳᠡᠵᠦ᠂ ᠠᠵᠢᠯ ᠤᠨ ᠵᠠᠷᠴᠢᠮᠲᠤ ᠴᠢᠨᠠᠷ᠂ ᠰᠢᠰᠲᠧᠮᠲᠦ ᠴᠢᠨᠠᠷ᠂ ᠤᠷᠢᠳᠴᠢᠯᠡᠨ ᠮᠡᠳᠡᠬᠦ ᠴᠢᠨᠠᠷ᠂ ᠪᠦᠲᠦᠭᠡᠯᠴᠢ ᠴᠢᠨᠠᠷ ᠢ᠋ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃
(ᠠᠷᠪᠠᠨ ᠨᠠᠢ᠍ᠮᠠ) ᠰᠢᠯᠢᠳᠡᠭ ᠵᠠᠯᠠᠭᠤ ᠺᠠᠳ᠋ᠷ᠎ᠢ ᠬᠥᠮᠥᠵᠢᠭᠦᠯᠵᠦ ᠰᠤᠩᠭᠤᠨ ᠳᠡᠪᠰᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠳᠠᠢ᠃ ᠰᠢᠯᠢᠳᠡᠭ ᠵᠠᠯᠠᠭᠤ ᠺᠠᠳ᠋ᠷ᠎ᠢ ᠬᠥᠮᠥᠵᠢᠭᠦᠯᠵᠦ ᠰᠣᠩᠭᠣᠨ ᠳᠡᠪᠰᠢᠭᠦᠯᠬᠦ ᠪᠠᠢᠩᠭᠤᠵᠢᠭ᠍ᠰᠠᠨ ᠠᠵᠢᠯ᠎ᠤᠨ ᠲᠣᠭᠲᠠᠴᠠ᠎ᠶᠢ ᠨᠠᠢᠳᠠᠪᠤᠷᠢᠵᠢᠭᠤᠯᠵᠤ᠂ ᠬᠥᠮᠥᠨ ᠲᠠᠨᠢᠵᠤ ᠬᠥᠮᠥᠨ ᠰᠣᠩᠭᠣᠬᠤ ᠬᠠᠷᠠᠭ᠎ᠠ᠎ᠶᠢ ᠥᠷᠭᠡᠳᠬᠡᠵᠦ᠂ ᠰᠠᠯᠠᠭ᠎ᠠ ᠮᠥᠴᠢᠷ᠎ᠦᠨ ᠵᠠᠭᠠᠭ ᠬᠢᠵᠠᠭᠠᠷ᠂ ᠭᠠᠵᠠᠷ ᠣᠷᠣᠨ᠎ᠤ ᠬᠠᠷᠢᠶᠠᠯᠠᠯ᠂ ᠰᠠᠯᠠᠭ᠎ᠠ ᠮᠦᠴᠢᠷ ᠪᠠ ᠤᠷᠤᠨ ᠨᠤᠲᠤᠭ ᠤ᠋ᠨ ᠰᠠᠯᠤᠩᠭᠢᠷᠠᠯᠢ ᠡᠪᠳᠡᠵᠦ᠂ ᠡᠯ᠎ᠡ ᠹᠷᠣᠨᠲ᠂ ᠡᠯ᠎ᠡ ᠬᠦᠷᠢᠶ᠎ᠡ᠂ ᠡᠯ᠎ᠡ ᠠᠵᠢᠯ ᠲᠦᠷᠦᠯ᠎ᠡᠴᠡ ᠰᠢᠯᠢᠳᠡᠭ ᠵᠠᠯᠠᠭᠤ ᠺᠠᠳ᠋ᠷ᠎ᠢ ᠢᠯᠡᠷᠡᠭᠦᠯᠬᠦ ᠬᠡᠷᠡᠭᠳᠠᠢ᠃ ᠰᠣᠩᠭᠣᠨ ᠰᠢᠯᠭᠠᠷᠠᠭᠤᠯᠤᠭᠰᠠᠨ ᠰᠤᠷᠤᠭ᠍ᠴᠢ᠎ᠶᠢᠨ ᠠᠵᠢᠯ ᠢ ᠴᠢᠩᠭᠠᠳᠬᠠᠨ ᠰᠠᠢᠵᠢᠷᠠᠭᠤᠯᠬᠤ ᠬᠡᠷᠡᠭᠳᠠᠢ᠃ ᠵᠠᠯᠠᠭᠤ ᠺᠠᠳ᠋ᠷᠴᠤᠳ᠎ᠤᠨ ᠦᠢᠯᠡᠳᠦᠯᠭᠡ᠎ᠶᠢᠨ ᠳᠠᠪᠲᠠᠯᠲᠠ᠎ᠶᠢ ᠴᠢᠩᠭᠠᠳᠬᠠᠵᠤ᠂ ᠰᠢᠯᠢᠳᠡᠭ ᠵᠠᠯᠠᠭᠤ ᠺᠠᠳ᠋ᠷᠴᠤᠳ᠎ᠢ ᠰᠣᠩᠭᠣᠨ ᠲᠥᠪ᠎ᠦᠨ ᠪᠠ ᠲᠦᠷᠦ᠎ᠶᠢᠨ ᠪᠠᠢᠭᠤᠯᠭ᠎ᠠ᠂ ᠬᠥᠭᠵᠢᠭᠰᠡᠨ ᠭᠠᠵᠠᠷ ᠣᠷᠣᠨ᠂ ᠦᠨᠳᠦᠰᠦᠨ ᠱᠠᠲᠤᠨ᠎ᠤ ᠡᠮᠦᠨ᠎ᠠ ᠹᠷᠣᠨᠲ᠎ᠲᠤ ᠣᠴᠢᠭᠤᠯᠤᠨ ᠲᠦᠷ ᠴᠠᠭ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠠᠵᠢᠯ᠎ᠢ ᠰᠠᠢᠲᠤᠷ ᠬᠢᠵᠦ᠂ ᠵᠢᠯ ᠪᠦᠷᠢ ᠨᠢᠭᠡ ᠪᠦᠯᠦᠭ ᠰᠢᠯᠢᠳᠡᠭ ᠵᠠᠯᠠᠭᠤ ᠺᠠᠳ᠋ᠷᠴᠤᠳ᠎ᠢ ᠭᠠᠵᠠᠷ ᠣᠷᠣᠨ ᠠᠯᠤᠰᠯᠠᠨ ᠰᠠᠯᠠᠭ᠎ᠠ ᠮᠥᠴᠢᠷ ᠠᠯᠤᠰᠯᠠᠨ ᠰᠣᠯᠢᠯᠴᠠᠵᠤ ᠲᠤᠰᠢᠶᠠᠯ ᠡᠭᠦᠷᠭᠡᠯᠡᠭᠦᠯᠬᠦ ᠵᠢ ᠲᠥᠯᠥᠪᠯᠡᠭᠡ᠎ᠲᠠᠢ᠎ᠪᠡᠷ ᠵᠣᠬᠢᠶᠠᠨ ᠪᠠᠢᠭᠤᠯᠬᠤ ᠬᠡᠷᠡᠭᠳᠠᠢ᠃ ᠵᠠᠯᠠᠭᠤ ᠺᠠᠳ᠋ᠷᠴᠤᠳ᠎ᠤᠨ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠲᠥᠯᠥᠪᠯᠡᠭᠡ᠎ᠶᠢ ᠬᠡᠷᠡᠭᠵᠢᠭᠦᠯᠵᠦ᠂ ᠵᠠᠯᠠᠭᠤ ᠺᠠᠳ᠋ᠷᠴᠤᠳ᠎ᠢ ᠱᠠᠲᠤ ᠬᠤᠪᠢᠶᠠᠨ ᠲᠥᠷᠥᠯ ᠬᠤᠪᠢᠶᠠᠨ ᠲᠤᠰᠬᠠᠢ ᠮᠡᠷᠭᠡᠵᠢᠯ ᠦᠨ ᠪᠣᠯᠪᠠᠰᠤᠷᠠᠯ᠎ᠳᠤ ᠣᠷᠣᠯᠴᠠᠭᠤᠯᠬᠤ ᠵᠢ ᠵᠣᠬᠢᠶᠠᠨ ᠪᠠᠢᠭᠤᠯᠵᠤ᠂ ᠰᠡᠳᠦᠪ ᠳᠠᠭᠠᠭᠠᠴᠢᠯᠠᠨ ᠪᠣᠭᠣᠮᠲᠠ ᠰᠢᠪᠲᠤᠯᠬᠤ᠂ ᠤᠷᠤᠯᠳᠤᠭᠠᠨ ᠦᠷᠨᠢᠭᠦᠯᠵᠤ ᠰᠣᠷᠢᠯᠲᠠ ᠬᠢᠬᠦ ᠵᠡᠷᠭᠡ ᠦᠢᠯᠡᠳᠦᠯᠭᠡ ᠪᠣᠳᠠᠲᠤ ᠪᠠᠢᠯᠳᠤᠭᠠᠨ᠎ᠤ ᠲᠠᠪᠴᠠᠩ᠎ᠢ ᠢᠳᠡᠪᠬᠢᠲᠡᠢ ᠪᠠᠢᠭᠤᠯᠵᠤ᠂ ᠲᠤᠰᠬᠠᠢ ᠮᠡᠷᠭᠡᠵᠢᠯ᠎ᠦᠨ ᠵᠣᠷᠢᠭ᠋ ᠰᠠᠨᠠᠭ᠎ᠠ᠂ ᠲᠤᠰᠬᠠᠢ ᠮᠡᠷᠭᠡᠵᠢᠯ᠎ᠦᠨ ᠰᠤᠷᠲᠠᠯ᠎ᠢ ᠬᠦᠴᠦᠯᠡᠨ ᠬᠥᠮᠥᠵᠢᠭᠦᠯᠬᠦ ᠬᠡᠷᠡᠭᠳᠠᠢ᠃ ᠵᠠᠯᠠᠭᠤ ᠺᠠᠳ᠋ᠷᠴᠤᠳ ᠢ᠋ ᠡᠳᠦᠷ ᠲᠤᠳᠤᠮ ᠮᠥᠷᠳᠡᠨ ᠣᠢᠯᠠᠭᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠲᠥᠪᠯᠡᠷᠡᠩᠭᠦᠢ ᠰᠤᠷᠤᠯᠴᠠᠯᠭ᠎ᠠ ᠬᠥᠮᠦᠵᠢᠯ᠂ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠂ ᠠᠷᠠᠳᠴᠢᠯᠠᠯ᠎ᠢᠶᠠᠷ ᠦᠨᠡᠯᠡᠬᠦ᠂ ᠲᠣᠭᠣᠷᠢᠨ ᠪᠠᠢᠴᠠᠭᠠᠬᠤ ᠴᠠᠭᠳᠠᠨ ᠪᠠᠢᠴᠠᠭᠠᠬᠤ ᠵᠡᠷᠭᠡ᠎ᠲᠠᠢ ᠤᠶᠠᠯᠳᠤᠭᠤᠯᠤᠨ᠂ ᠵᠠᠯᠠᠭᠤ ᠺᠠᠳ᠋ᠷᠴᠤᠳ᠎ᠤᠨ ᠦᠵᠡᠯ ᠰᠠᠨᠠᠭᠠᠨ᠎ᠤ ᠪᠠᠢᠳᠠᠯ᠂ ᠪᠣᠳᠠᠲᠤ ᠢᠯᠡᠷᠡᠯ ᠵᠡᠷᠭᠡ᠎ᠶᠢ ᠪᠦᠬᠦ ᠲᠠᠯ᠎ᠠ᠎ᠪᠠᠷ ᠣᠢᠯᠠᠭᠠᠵᠤ᠂ ᠬᠠᠨᠳᠤᠯᠭᠠᠲᠤ ᠴᠢᠨᠠᠷᠲᠠᠢ᠎ᠪᠠᠷ ᠦᠰᠦᠨ ᠪᠣᠶ᠋ᠢᠵᠢᠯᠲᠠ᠎ᠶᠢᠨ ᠵᠢᠯᠣᠭᠣᠳᠤᠯᠭ᠎ᠠ ᠵᠢ ᠴᠢᠩᠭᠠᠳᠬᠠᠨ᠂ ᠥᠪᠡᠷ ᠤ᠋ᠨ ᠲᠦᠯᠦᠪᠯᠡᠭᠡ ᠵᠡᠷᠭᠡ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠦᠨ ᠵᠠᠯᠠᠷᠠᠭᠤᠯᠬᠤ ᠬᠡᠷᠡᠭᠳᠠᠢ᠃ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ᠎ᠶᠢ ᠴᠢᠨᠠᠷ ᠰᠠᠢᠲᠠᠢ ᠰᠠᠢᠲᠤᠷ ᠡᠷᠬᠢᠯᠡᠬᠦ ᠬᠡᠷᠡᠭᠲᠡᠢ᠃
(ᠠᠷᠪᠠ ᠶᠢᠰᠦ) ᠺᠠᠳ᠋ᠷᠴᠤᠳ ᠤᠨ ᠬᠠᠮᠢᠶᠠᠷᠤᠯᠲᠠ ᠬᠢᠨᠠᠯᠲᠠ ᠪᠠ ᠬᠠᠢᠷ᠎ᠠ ᠬᠠᠯᠠᠮᠵᠢᠯᠠᠯ᠎ᠢ ᠴᠢᠩᠭᠠᠳᠬᠠᠬᠤ ᠬᠡᠷᠡᠭᠳᠠᠢ᠃ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠺᠠᠳ᠋ᠷᠴᠤᠳ᠎ᠤᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠨᠡᠩ ᠰᠠᠢᠲᠤᠷ ᠳᠠᠢᠴᠢᠯᠠᠬᠤ ᠬᠡᠷᠡᠭᠲᠡᠢ᠃ ᠺᠠᠳ᠋ᠷᠴᠤᠳ᠎ᠤᠨ ᠪᠦᠬᠦ ᠲᠠᠯ᠎ᠠ᠎ᠶᠢᠨ ᠬᠠᠮᠢᠶᠠᠷᠤᠯᠲᠠ ᠪᠠ ᠪᠠᠢᠩᠭᠤ᠎ᠶᠢᠨ ᠴᠢᠨᠠᠷᠲᠠᠢ ᠬᠢᠨᠠᠯᠲᠠ᠎ᠶᠢ ᠴᠢᠩᠭᠠᠳᠬᠠᠵᠤ᠂ ᠴᠢᠩᠭ᠎ᠠ ᠱᠠᠭᠠᠷᠳᠠᠯᠭ᠎ᠠ᠎ᠶᠢ ᠺᠠᠳ᠋ᠷᠴᠤᠳ ᠤᠨ ᠦᠰᠦᠨ ᠪᠣᠢᠵᠢᠬᠤ ᠪᠦᠬᠦ ᠦᠶᠡᠯᠡᠯ᠎ᠦᠨ ᠬᠤᠭᠤᠴᠠᠭ᠎ᠠ᠂ ᠬᠥᠮᠦᠵᠢᠯ ᠬᠠᠮᠢᠶᠠᠷᠤᠯᠲᠠ ᠬᠢᠨᠠᠯᠲᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠰᠣᠩᠭᠣᠬᠤ᠎ᠶᠢ ᠴᠢᠬᠤᠯᠠᠴᠢᠯᠠᠭᠠᠳ ᠬᠠᠮᠢᠶᠠᠷᠬᠤ᠎ᠶᠢ ᠬᠥᠩᠭᠡᠪᠴᠢᠯᠡᠬᠦ᠎ᠶᠢ ᠰᠡᠷᠭᠡᠢᠯᠡᠬᠦ ᠬᠡᠷᠡᠭᠳᠠᠢ᠃ ᠤᠳᠤᠷᠢᠳᠬᠤ ᠺᠠᠳ᠋ᠷᠴᠤᠳ᠎ᠤᠨ ᠬᠤᠪᠢ ᠬᠥᠮᠥᠨ᠎ᠦ ᠬᠣᠯᠪᠣᠭᠳᠠᠯ ᠪᠦᠬᠦᠢ ᠵᠦᠢᠯ᠎ᠢᠶᠠᠨ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠳᠠᠢ᠃ ᠤᠳᠤᠷᠢᠳᠬᠤ ᠺᠠᠳ᠋ᠷ᠎ᠤᠨ ᠠᠵᠤ ᠠᠬᠤᠢ᠎ᠶᠢᠨ ᠬᠠᠷᠢᠭᠤᠴᠠᠯᠭ᠎ᠠ᠎ᠶᠢᠨ ᠬᠢᠨᠠᠨ ᠪᠣᠳᠣᠯᠲᠠ ᠬᠢᠬᠦ᠂ ᠲᠤᠰᠢᠶᠠᠯ ᠡᠴᠡ᠎ᠪᠠᠨ ᠰᠠᠯᠬᠤ ᠦᠶ᠎ᠠ ᠳ᠋ᠤ ᠪᠠᠢᠭᠠᠯᠢ᠎ᠶᠢᠨ ᠡᠬᠢ ᠪᠠᠶᠠᠯᠢᠭ᠋ ᠡᠳ᠋ ᠬᠥᠷᠥᠩᠭᠡ᠎ᠶᠢᠨ ᠬᠢᠨᠠᠨ ᠪᠣᠳᠣᠯᠲᠠ ᠬᠢᠬᠦ᠂ ᠲᠤᠰᠢᠶᠠᠯ ᠡᠴᠡ᠎ᠪᠠᠨ ᠰᠠᠯᠬᠤ ᠦᠶ᠎ᠠ ᠳ᠋ᠤ ᠬᠥᠮᠥᠨ ᠰᠣᠩᠭᠣᠵᠤ ᠬᠥᠮᠥᠨ ᠬᠡᠷᠡᠭᠯᠡᠭᠰᠡᠨ ᠢ᠋ ᠪᠠᠢᠴᠠᠭᠠᠬᠤ ᠠᠵᠢᠯ᠎ᠢ ᠰᠠᠢᠲᠤᠷ ᠬᠢᠬᠦ ᠬᠡᠷᠡᠭᠳᠠᠢ᠃ ᠤᠳᠤᠷᠢᠳᠬᠤ ᠺᠠᠳ᠋ᠷᠴᠤᠳ᠎ᠤᠨ ᠬᠠᠨᠢ ᠨᠦᠬᠦᠷ᠂ ᠦᠷ᠎ᠡ ᠬᠡᠦᠬᠡᠳ ᠵᠢᠴᠢ ᠲᠡᠳᠡᠨ᠎ᠦ ᠬᠠᠨᠢ ᠨᠦᠬᠦᠷ ᠤ᠋ᠨ ᠬᠤᠳᠠᠯᠳᠤᠭ᠎ᠠ ᠡᠷᠬᠢᠯᠡᠵᠦ ᠠᠵᠤ ᠠᠬᠤᠢᠯᠠᠯ ᠡᠷᠬᠢᠯᠡᠬᠦ ᠵᠢ ᠪᠠᠢᠩᠭᠤᠵᠢᠭᠤᠯᠤᠨ ᠬᠠᠮᠢᠶᠠᠷᠬᠤ᠎ᠶᠢ ᠴᠢᠩᠭᠠᠳᠬᠠᠬᠤ ᠬᠡᠷᠡᠭᠳᠠᠢ᠃ ᠠᠵᠢᠯᠲᠠᠨ ᠡᠯᠰᠡᠬᠦ ᠠᠵᠢᠯ᠎ᠤᠨ ᠬᠠᠮᠢᠶᠠᠷᠤᠯᠲᠠ ᠬᠢᠨᠠᠯᠲᠠ᠎ᠶᠢ ᠴᠢᠩᠭᠠᠳᠬᠠᠬᠤ ᠬᠡᠷᠡᠭᠳᠠᠢ᠃ 《ᠤᠢᠷ᠎ᠠ ᠳᠤᠳᠤᠨᠤ ᠬᠦᠮᠦᠨ ᠵᠢᠡᠨ ᠬᠡᠷᠡᠭᠯᠡᠬᠦ》ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ᠎ᠶᠢ ᠭᠦᠨᠵᠡᠭᠡᠢᠷᠡᠭᠦᠯᠬᠦ ᠬᠡᠷᠡᠭᠳᠠᠢ᠃ ᠺᠠᠳ᠋ᠷᠴᠤᠳ᠎ᠤᠨ ᠲᠤᠰᠢᠶᠠᠯ ᠬᠠᠪᠰᠤᠷᠭᠠᠬᠤ᠂ ᠲᠦᠷ ᠴᠠᠭ ᠲᠤᠰᠢᠶᠠᠯ ᠡᠭᠦᠷᠭᠡᠯᠡᠬᠦ᠂ ᠲᠤᠰᠢᠶᠠᠯ ᠡᠴᠡ᠎ᠪᠠᠨ ᠰᠠᠯᠵᠤ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠬᠤ ᠬᠡᠷᠡᠭᠳᠠᠢ᠃ ᠡᠳᠦᠷ ᠲᠤᠲᠤᠮ ᠤᠨ ᠬᠠᠮᠢᠶᠠᠷᠤᠯᠲᠠ ᠬᠢᠨᠠᠯᠲᠠ᠎ᠶᠢ ᠨᠠᠷᠢᠯᠢᠭ᠋ ᠪᠣᠳᠠᠲᠠᠢ ᠬᠢᠵᠦ᠂ 《ᠠᠵᠢᠯ ᠤ᠋ᠨ ᠨᠠᠢ᠍ᠮᠠᠨ ᠴᠠᠭ ᠡᠴᠡ ᠭᠠᠳᠠᠨᠠᠬᠢ》 ᠬᠢᠨᠠᠯᠲᠠ᠎ᠶᠢ ᠭᠦᠨᠵᠡᠭᠡᠢ ᠠᠬᠢᠭᠤᠯᠵᠤ᠂ ᠰᠡᠳᠬᠢᠯ᠎ᠦᠨ ᠦᠭᠡ ᠶᠠᠷᠢᠯᠴᠠᠬᠤ᠂ ᠰᠠᠨᠠᠭᠤᠯᠬᠤ᠂ ᠵᠠᠬᠢᠳᠠᠯ᠎ᠢᠶᠠᠷ ᠠᠰᠠᠭᠤᠬᠤ᠂ ᠰᠡᠷᠡᠮᠵᠢᠯᠡᠭᠦᠯᠦᠨ ᠢᠳᠬᠠᠬᠤ ᠵᠡᠷᠭᠡ ᠠᠷᠭ᠎ᠠ ᠬᠡᠮᠵᠢᠶ᠎ᠡ᠎ᠶᠢ ᠰᠠᠢᠲᠤᠷ ᠬᠡᠷᠡᠭᠯᠡᠵᠦ᠂ ᠴᠤᠬᠤᠶ᠋ᠢᠯᠲᠠ᠎ᠶᠢᠨ ᠴᠢᠨᠠᠷᠲᠠᠢ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠢᠯᠡᠷᠡᠭᠦᠯᠪᠡᠯ ᠴᠠᠭ ᠲᠤᠬᠠᠢ ᠳ᠋ᠤᠨᠢ ᠰᠠᠨᠠᠭᠤᠯᠤᠨ ᠵᠠᠯᠠᠷᠠᠭᠤᠯᠵᠤ᠂ ᠪᠠᠭ᠎ᠠ ᠬᠡᠮ ᠨᠢ ᠶᠡᠬᠡ ᠠᠰᠠᠭᠤᠳᠠᠯ ᠪᠣᠯᠵᠤ ᠬᠤᠪᠢᠷᠠᠬᠤ᠎ᠶᠢ ᠰᠡᠷᠭᠡᠢᠯᠡᠬᠦ ᠬᠡᠷᠡᠭᠲᠡᠢ᠃ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶᠢ ᠵᠣᠷᠢᠭ᠍ᠵᠢᠭᠤᠯᠬᠤ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠺᠠᠳ᠋ᠷ ᠢᠯᠠᠩᠭᠤᠶ᠎ᠠ ᠨᠥᠬᠥᠴᠡᠯ ᠬᠠᠲᠠᠭᠤᠵᠢᠯᠲᠠᠢ ᠭᠠᠵᠠᠷ ᠣᠷᠣᠨ᠎ᠤ ᠺᠠᠳ᠋ᠷ᠎ᠢ ᠬᠠᠯᠠᠮᠵᠢᠯᠠᠨ ᠬᠠᠢᠷᠠᠯᠠᠬᠤ᠎ᠶᠢ ᠴᠢᠩᠭᠠᠳᠬᠠᠬᠤ ᠬᠡᠷᠡᠭᠳᠠᠢ᠃ ᠠᠯᠪᠠᠲᠠᠨ᠎ᠤ ᠠᠵᠢᠯ᠎ᠢ ᠴᠢᠩᠭᠠᠳᠬᠠᠨ ᠰᠠᠢᠵᠢᠷᠠᠭᠤᠯᠵᠤ᠂ ᠲᠤᠰᠢᠶᠠᠯ ᠬᠢᠭᠡᠳ ᠲᠤᠰᠢᠶᠠᠯ᠎ᠤᠨ ᠳᠡᠰ ᠢ ᠵᠡᠷᠭᠡ᠎ᠪᠡᠷ ᠶᠠᠪᠤᠭᠳᠠᠭᠤᠯᠬᠤ ᠵᠡᠷᠭᠡ ᠳᠦᠷᠢᠮ᠎ᠦᠨ ᠤᠷᠮᠠᠰᠢᠭᠤᠯᠬᠤ ᠦᠢᠯᠡᠳᠦᠯ᠎ᠢ ᠪᠠᠳᠠᠷᠠᠭᠤᠯᠵᠤ᠂ ᠬᠥᠬᠢᠭᠦᠯᠦᠨ ᠰᠠᠢᠰᠢᠶᠠᠵᠤ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠳᠠᠢ᠃ ᠠᠬᠠᠮᠠᠳ ᠺᠠᠳ᠋ᠷᠴᠤᠳ᠎ᠤᠨ ᠠᠵᠢᠯ᠎ᠢ ᠰᠡᠳᠬᠢᠯ ᠲᠠᠯᠪᠢᠨ ᠬᠠᠢᠷ᠎ᠠ ᠰᠡᠳᠭᠢᠯᠭᠡ ᠲᠠᠢ ᠪᠡᠷ ᠰᠠᠢᠲᠤᠷ ᠬᠢᠵᠦ᠂ ᠠᠬᠠᠮᠠᠳ ᠺᠠᠳ᠋ᠷᠴᠤᠳ᠎ᠤᠨ ᠦᠢᠯᠡᠳᠦᠯ᠎ᠢ ᠪᠦᠲᠦᠮᠵᠢᠲᠡᠢ ᠪᠠᠳᠠᠷᠠᠭᠤᠯᠬᠤ ᠬᠡᠷᠡᠭᠳᠠᠢ᠃
(ᠬᠣᠷᠢ) ᠴᠢᠳᠠᠪᠤᠷᠢᠲᠠᠨ᠎ᠤ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠬᠤ ᠬᠡᠷᠡᠭᠲᠡᠢ᠃ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ 》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠡᠯ᠎ᠡ ᠬᠦᠷᠢᠶ᠎ᠡ ᠴᠠᠷᠠᠭ᠎ᠠ ᠡᠯ᠎ᠡ ᠳᠡᠰ ᠳᠠᠪᠬᠤᠷᠭ᠎ᠠ᠎ᠳᠤ ᠪᠠᠴᠢᠮ ᠱᠠᠭᠠᠷᠳᠠᠭᠳᠠᠵᠤ ᠪᠠᠢᠭ᠎ᠠ ᠬᠣᠪᠣᠷ ᠴᠤᠬᠠᠭ ᠴᠢᠳᠠᠪᠤᠷᠢᠲᠠᠨ᠎ᠢ ᠬᠥᠮᠥᠵᠢᠭᠦᠯᠦᠨ ᠴᠤᠭᠯᠠᠷᠠᠭᠤᠯᠬᠤ᠎ᠶᠢ ᠲᠦᠷᠭᠡᠳᠬᠡᠬᠦ ᠬᠡᠷᠡᠭᠳᠠᠢ᠃ ᠴᠢᠳᠠᠪᠤᠷᠢᠲᠠᠨ᠎ᠤ ᠬᠥᠭᠵᠢᠯᠲᠡ᠎ᠶᠢᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠴᠢᠳᠠᠪᠤᠷᠢᠲᠠᠨ᠎ᠢ ᠦᠨᠡᠯᠡᠬᠦ ᠰᠢᠰᠲᠧᠮ᠎ᠢ ᠲᠡᠭᠦᠯᠳᠡᠷᠵᠢᠭᠦᠯᠦᠨ᠂ ᠡᠯ᠎ᠡ ᠲᠦᠷᠦᠯ᠎ᠦᠨ ᠴᠢᠳᠠᠪᠤᠷᠢᠲᠠᠨ᠎ᠤ ᠥᠷᠢᠰᠦᠯᠳᠦᠨ ᠦᠰᠦᠨ ᠪᠣᠢᠵᠢᠬᠤ᠂ ᠥᠪᠡᠷ ᠥᠪᠡᠷ᠎ᠦᠨ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ᠎ᠶᠢ ᠠᠬᠢᠭᠤᠯᠬᠤ ᠬᠡᠷᠡᠭᠳᠠᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠵᠤ᠂ ᠴᠢᠳᠠᠪᠤᠷᠢᠲᠠᠨ ᠤ ᠲᠥᠯᠦᠪᠵᠢᠭᠦᠯᠭᠡ᠂ ᠴᠢᠳᠠᠪᠤᠷᠢᠲᠠᠨ᠎ᠤ ᠲᠥᠷᠥ᠎ᠶᠢᠨ ᠪᠣᠳᠣᠯᠭ᠎ᠠ᠂ ᠴᠢᠳᠠᠪᠤᠷᠢᠲᠠᠨ᠎ᠤ ᠢᠨᠵᠧᠨᠧᠷᠢᠩ᠂ ᠴᠢᠳᠠᠪᠤᠷᠢᠲᠠᠨ᠎ᠤ ᠲᠥᠷᠥᠯ ᠵᠦᠢᠯ᠎ᠢ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠯᠦ᠍ᠭᠡ ᠵᠣᠯᠭᠠᠭᠤᠯᠤᠨ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠵᠤ᠂ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢᠨ ᠬᠠᠮᠵᠢᠯᠴᠠᠬᠤ ᠴᠢᠨᠠᠷ ᠪᠠ ᠣᠨᠣᠪᠴᠢᠲᠤ ᠴᠢᠨᠠᠷ᠎ᠢ ᠴᠢᠩᠭᠠᠷᠠᠭᠤᠯᠬᠤ ᠬᠡᠷᠡᠭᠳᠠᠢ᠃ ᠴᠢᠳᠠᠪᠤᠷᠢᠲᠠᠨ᠎ᠢ ᠬᠠᠮᠲᠤᠷᠠᠨ ᠬᠥᠮᠥᠵᠢᠭᠦᠯᠬᠦ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠠᠵᠤ ᠦᠢᠯᠡᠰ ᠰᠤᠷᠭᠠᠨ ᠬᠥᠮᠦᠵᠢᠯ᠎ᠢ ᠬᠠᠮᠵᠢᠯᠴᠠᠭᠤᠯᠤᠨ ᠬᠥᠮᠥᠨ ᠬᠥᠮᠥᠵᠢᠭᠦᠯᠬᠦ ᠲᠣᠭᠲᠠᠴᠠ᠎ᠶᠢ ᠲᠡᠭᠦᠯᠳᠡᠷᠵᠢᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠪᠠ ᠦᠢᠯᠡᠳᠪᠦᠷᠢᠯᠡᠯ᠎ᠦᠨ ᠦᠢᠯᠡᠳᠦᠯᠭᠡ ᠰᠠᠯᠤᠩᠭᠢᠷᠠᠬᠤ ᠠᠰᠠᠭᠤᠳᠠᠯ᠎ᠢ ᠬᠦᠴᠦᠯᠡᠨ ᠰᠢᠢᠳᠪᠦᠷᠢᠯᠡᠬᠦ ᠬᠡᠷᠡᠭᠳᠠᠢ᠃ ᠪᠡᠭᠡᠵᠢᠩ ᠥᠪᠥᠷ ᠮᠣᠩᠭᠣᠯ᠎ᠤᠨ ᠴᠢᠳᠠᠪᠤᠷᠢᠲᠠᠨ᠎ᠤ ᠬᠠᠮᠵᠢᠯᠴᠠᠭ᠎ᠠ᠎ᠶᠢ ᠭᠦᠨᠵᠡᠭᠡᠢᠷᠡᠭᠦᠯᠵᠦ᠂ ᠴᠢᠳᠠᠪᠤᠷᠢᠲᠠᠨ᠎ᠢ ᠤᠶᠠᠨ ᠬᠠᠳᠠᠨ ᠴᠢᠨᠠᠷᠳᠠᠢ ᠣᠷᠣᠭᠤᠯᠤᠨ ᠠᠪᠴᠢᠷᠠᠬᠤ ᠡᠷᠴᠢᠮ᠎ᠢ ᠴᠢᠩᠭᠠᠷᠠᠭᠤᠯᠬᠤ ᠬᠡᠷᠡᠭᠳᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠠᠯᠠᠭᠤ ᠴᠢᠳᠠᠪᠤᠷᠢᠲᠠᠨ᠎ᠤ ᠰᠢᠨ᠎ᠡ᠎ᠶᠢ ᠡᠭᠦᠳᠦᠨ ᠦᠢᠯᠡᠰ ᠪᠣᠰᠬᠠᠬᠤ᠎ᠶᠢ ᠶᠡᠬᠡᠪᠡᠷ ᠳᠡᠮᠵᠢᠬᠦ ᠬᠡᠷᠡᠭᠳᠠᠢ᠃ ᠴᠢᠳᠠᠪᠤᠷᠢᠲᠠᠨ᠎ᠤ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠥᠷᠥᠯ ᠵᠦᠢᠯ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠴᠢᠳᠠᠪᠤᠷᠢᠲᠠᠨ᠎ᠢ ᠳᠡᠮᠵᠢᠬᠦ ᠪᠠᠲᠤᠯᠠᠭ᠎ᠠ᠎ᠶᠢ ᠴᠢᠩᠭᠠᠳᠬᠠᠬᠤ ᠬᠡᠷᠡᠭᠳᠠᠢ᠃ ᠴᠢᠳᠠᠪᠤᠷᠢᠲᠠᠨ᠎ᠢ ᠤᠯᠤᠰ ᠲᠥᠷᠥ᠎ᠶᠢᠨ ᠲᠠᠯ᠎ᠠ᠎ᠪᠠᠷ ᠬᠥᠲᠥᠯᠥᠨ ᠳᠠᠭᠠᠭᠤᠯᠬᠤ ᠪᠠ ᠤᠯᠤᠰ ᠲᠥᠷᠥ᠎ᠶᠢᠨ ᠲᠠᠯ᠎ᠠ᠎ᠪᠠᠷ ᠰᠢᠩᠭᠡᠬᠡᠨ ᠠᠪᠬᠤ᠎ᠶᠢ ᠴᠢᠩᠭᠠᠳᠬᠠᠵᠤ᠂ ᠨᠠᠮ᠎ᠤᠨ ᠬᠣᠷᠢᠶ᠎ᠠ ᠡᠴᠡ ᠲᠤᠰᠬᠠᠢ ᠮᠡᠷᠭᠡᠵᠢᠯᠲᠡᠨ᠎ᠲᠠᠢ ᠬᠠᠷᠢᠯᠴᠠᠵᠤ ᠳᠡᠳᠡᠨ ᠳ᠋ᠤ ᠦᠢᠯᠡᠴᠢᠯᠡᠬᠦ ᠳᠦᠷᠢᠮ᠎ᠢ ᠨᠠᠢᠳᠠᠪᠤᠷᠢᠵᠢᠭᠤᠯᠵᠤ᠂ ᠤᠳᠤᠷᠢᠳᠬᠤ ᠺᠠᠳ᠋ᠷᠴᠤᠳ ᠲᠤᠰᠬᠠᠢ ᠮᠡᠷᠭᠡᠵᠢᠯᠲᠡᠨ᠎ᠲᠠᠢ ᠰᠢᠭᠤᠳ ᠬᠠᠷᠢᠯᠴᠠᠵᠤ ᠳᠡᠳᠡᠨ ᠳ᠋ᠤ ᠦᠢᠯᠡᠴᠢᠯᠡᠬᠦ ᠠᠵᠢᠯ᠎ᠤᠨ ᠲᠣᠭᠲᠠᠴᠠ᠎ᠶᠢ ᠪᠦᠷᠢᠨᠰᠢᠭᠦᠯᠬᠦ ᠬᠡᠷᠡᠭᠳᠠᠢ᠃ ᠴᠢᠳᠠᠪᠤᠷᠢᠲᠠᠨ ᠢ᠋ ᠬᠦᠨᠳᠦᠳᠭᠡᠨ ᠬᠠᠷᠠᠭᠠᠯᠵᠠᠬᠤ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠴᠢᠳᠠᠪᠤᠷᠢᠲᠠᠨ᠎ᠤ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠳᠠᠢ᠃ ᠴᠢᠳᠠᠪᠤᠷᠢᠲᠠᠨ᠎ᠤ ᠡᠩᠨᠡᠭᠡᠨ᠎ᠳᠡᠬᠢ ᠨᠠᠮ᠎ᠤᠨ ᠭᠡᠰᠢᠭᠦᠳ ᠢ ᠬᠥᠲᠥᠯᠥᠨ ᠵᠢᠯᠤᠭᠣᠳᠴᠤ ᠰᠢᠨᠵᠢᠯᠡᠬᠦ ᠤᠬᠠᠭᠠᠨᠲᠠᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠤᠭᠤᠮᠳᠠ ᠰᠢᠪᠳᠤᠯᠬᠤ᠂ ᠵᠠᠯᠠᠭᠤ ᠨᠢᠭᠡ ᠦᠶ᠎ᠠ ᠵᠢᠨ ᠬᠢᠨ ᠢ᠋ ᠬᠦᠮᠦᠵᠢᠭᠦᠯᠬᠦ᠂ ᠪᠦᠯᠬᠦᠮᠳᠡᠨ ᠬᠠᠮᠵᠢᠯᠴᠠᠬᠤ᠂ ᠡᠷᠳᠡᠮ ᠰᠢᠨᠵᠢᠯᠡᠭᠡᠨ᠎ᠦ ᠦᠨᠡᠨᠴᠢ ᠢᠲᠡᠭᠡᠮᠵᠢ᠎ᠲᠠᠢ ᠪᠠᠢᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠣᠰᠣ᠌ ᠰᠤᠷᠲᠠᠬᠤᠨ ᠵᠡᠷᠭᠡ ᠲᠠᠯ᠎ᠠ᠎ᠪᠠᠷ ᠵᠢᠱ᠌ᠢᠶᠡᠴᠢ ᠦᠢᠯᠡᠳᠦᠯ ᠪᠠᠳᠠᠷᠠᠭᠤᠯᠵᠤ᠂ ᠡᠷᠳᠡᠮ ᠰᠢᠨᠵᠢᠯᠡᠭᠡᠨ᠎ᠦ ᠲᠠᠯ᠎ᠠ᠎ᠪᠠᠷ ᠬᠠᠭᠤᠷᠮᠠᠭᠯᠠᠨ ᠵᠣᠬᠢᠶᠠᠬᠤ᠂ ᠬᠠᠭᠤᠯᠵᠤ ᠬᠤᠯᠠᠭᠠᠢᠯᠠᠬᠤ ᠵᠡᠷᠭᠡ ᠡᠷᠳᠡᠮ ᠰᠢᠨᠵᠢᠯᠡᠭᠡᠨ᠎ᠦ ᠲᠥᠪ ᠪᠤᠰᠤ ᠦᠢᠯᠡ ᠠᠵᠢᠯᠯᠠᠭ᠎ᠠ᠎ᠶᠢ ᠡᠰᠡᠷᠭᠦᠴᠡᠵᠦ᠂ ᠠᠪᠤᠨ ᠳᠣᠣᠷ᠎ᠠ᠎ᠪᠠᠨ ᠠᠮᠵᠢᠯᠳᠠ ᠣᠯᠬᠤ᠎ᠶᠢ ᠬᠥᠭᠡᠭᠡᠴᠡᠯᠳᠦᠬᠦ᠂ ᠬᠥᠭᠡᠷᠴᠦ ᠪᠠᠷᠳᠠᠮᠨᠠᠬᠤ ᠵᠡᠷᠭᠡ ᠮᠠᠭᠤ ᠰᠤᠷᠲᠠᠯ᠎ᠢ ᠡᠰᠡᠷᠭᠦᠴᠡᠨ ᠬᠣᠷᠢᠭ᠍ᠯᠠᠬᠤ ᠬᠡᠷᠡᠭᠳᠠᠢ᠃ ᠴᠢᠳᠠᠪᠤᠷᠢᠲᠠᠨ ᠤ 《ᠮᠠᠯᠠᠭᠠᠢ》 ᠵᠢᠨ ᠠᠰᠠᠭᠤᠳᠠᠯ᠎ᠢ ᠴᠡᠭᠴᠡᠯᠡᠨ ᠵᠠᠰᠠᠵᠤ᠂ ᠨᠠᠰᠤ ᠵᠢᠯ ᠦᠶ᠎ᠠ ᠵᠡᠷᠭᠡ ᠵᠢ ᠦᠵᠡᠬᠦ᠂ ᠠᠩᠭᠢ ᠪᠦᠯᠬᠦᠮ ᠬᠤᠪᠢᠶᠠᠬᠤ ᠰᠣᠶᠣᠯ᠂ ᠡᠷᠳᠡᠮ ᠰᠢᠨᠵᠢᠯᠡᠭᠡᠨ᠎ᠦ ᠡᠷᠬᠡᠳᠡᠨ᠎ᠦᠨ ᠰᠤᠷᠲᠠᠯ ᠢ ᠠᠷᠢᠯᠭᠠᠬᠤ ᠬᠡᠷᠡᠭᠳᠠᠢ᠃
ᠲᠠᠪᠤ᠂ ᠳᠡᠭᠡᠷ᠎ᠡ ᠳᠣᠣᠷ᠎ᠠ ᠱᠠᠲᠤ ᠪᠡᠷ ᠵᠢᠡᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠳᠠᠢ ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ ᠢ᠋ ᠪᠠᠶ᠋ᠢᠭᠤᠯᠬᠤ ᠲᠤᠬᠠᠢ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭᠠᠪᠠᠢᠷᠢᠯᠠᠭᠤᠯᠤᠯᠲᠠᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠥᠷᠥ᠎ᠶᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶᠢᠨ ᠴᠢᠳᠠᠮᠵᠢ᠎ᠶᠢ ᠲᠠᠰᠤᠷᠠᠯᠲᠠ ᠤᠢᠭᠡᠢ ᠴᠢᠩᠭᠠᠷᠠᠭᠤᠯᠬᠤ ᠬᠡᠷᠡᠭᠲᠡᠢ
(ᠬᠣᠷᠢᠨ ᠨᠢᠭᠡ)ᠣᠷᠣᠨ ᠨᠤᠲᠤᠭ᠎ᠤᠨ ᠨᠠᠮ᠎ᠤᠨ ᠬᠣᠷᠢᠶ᠎ᠠ ᠵᠢᠨ ᠠᠵᠢᠯ᠎ᠢ ᠴᠢᠩᠭᠠᠳᠬᠠᠬᠤ ᠬᠡᠷᠡᠭᠳᠠᠢ᠃ ᠡᠯ᠎ᠡ ᠱᠠᠲᠤᠨ᠎ᠤ ᠣᠷᠣᠨ ᠨᠤᠲᠤᠭ᠎ᠤᠨ ᠨᠠᠮ᠎ᠤᠨ ᠬᠣᠷᠢᠶ᠎ᠠ ᠵᠢᠨ ᠪᠦᠬᠦ ᠲᠠᠯ᠎ᠠ᠎ᠶᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶᠢ ᠵᠣᠬᠢᠴᠠᠭᠤᠯᠬᠤ ᠤᠳᠤᠷᠢᠳᠬᠤ ᠦᠢᠯᠡᠳᠦᠯ᠎ᠢ ᠦᠨᠡᠨ ᠬᠦ᠌ ᠪᠦᠲᠦᠮᠵᠢᠲᠡᠢ ᠪᠠᠳᠠᠷᠠᠭᠤᠯᠵᠤ᠂ ᠴᠢᠭᠯᠡᠯ᠎ᠢ ᠡᠵᠡᠮᠳᠡᠬᠦ᠂ ᠶᠡᠬᠡ ᠲᠠᠯ᠎ᠠ᠎ᠶᠢ ᠬᠠᠮᠢᠶᠠᠷᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠠᠢᠳᠠᠪᠤᠷᠢᠵᠢᠭᠤᠯᠤᠯᠲᠠ᠎ᠶᠢ ᠪᠠᠲᠤᠯᠠᠬᠤ ᠵᠢᠨ ᠤᠳᠤᠷᠢᠳᠬᠤ ᠲᠤᠰᠢᠶᠠᠯ ᠬᠠᠷᠢᠭᠤᠴᠠᠯᠭ᠎ᠠ ᠪᠠᠨ ᠨᠡᠩ ᠰᠠᠢᠳᠤᠷ ᠭᠦᠢᠴᠡᠳᠬᠡᠬᠦ ᠬᠡᠷᠡᠭᠳᠠᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠤᠯᠤᠰ ᠲᠦᠷᠦ᠎ᠶᠢᠨ ᠴᠢᠳᠠᠪᠤᠷᠢ᠎ᠪᠠᠨ ᠴᠢᠩᠭᠠᠳᠬᠠᠵᠤ᠂ ᠲᠤᠰ ᠭᠠᠵᠠᠷ ᠣᠷᠣᠨ᠎ᠤ᠎ᠪᠠᠨ ᠠᠵᠤ ᠠᠬᠤᠢ ᠨᠡᠢᠭᠡᠮ᠎ᠦᠨ ᠡᠯ᠎ᠡ ᠲᠠᠯ᠎ᠠ᠎ᠶᠢᠨ ᠠᠵᠢᠯ᠎ᠢ ᠪᠦᠬᠦ ᠲᠠᠯ᠎ᠠ᠎ᠪᠠᠷ ᠤᠳᠤᠷᠢᠳᠤᠨ᠂ ᠲᠤᠰ ᠭᠠᠵᠠᠷ ᠣᠷᠣᠨ᠎ᠤ᠎ᠪᠠᠨ ᠨᠠᠮ᠎ᠤᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠬᠠᠷᠢᠭᠤᠴᠠᠵᠤ᠂ ᠨᠠᠮ᠎ᠤᠨ ᠤᠳᠤᠷᠢᠳᠤᠯᠭ᠎ᠠ ᠰᠤᠯᠠᠷᠠᠬᠤ᠂ ᠨᠠᠮ᠎ᠤᠨ ᠪᠠᠢᠭᠤᠯᠤᠯᠲᠠ ᠳᠤᠲᠠᠭᠳᠠᠬᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠡᠷᠴᠢᠮ ᠰᠤᠯᠠ ᠪᠠᠢᠬᠤ ᠠᠰᠠᠭᠤᠳᠠᠯ᠎ᠢ ᠡᠷᠡᠰ ᠵᠠᠯᠠᠷᠠᠭᠤᠯᠬᠤ ᠬᠡᠷᠡᠭᠲᠡᠢ᠃ ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ᠎ᠪᠠᠷ ᠵᠠᠰᠠᠬᠤ ᠠᠷᠭ᠎ᠠ ᠬᠡᠯᠪᠡᠷᠢ ᠵᠢ ᠬᠡᠷᠡᠭᠯᠡᠬᠦ᠎ᠶᠢ ᠴᠢᠬᠤᠯᠠᠴᠢᠯᠠᠵᠤ᠂ ᠬᠠᠤᠯᠢ ᠶᠤᠰᠤᠭᠠᠷ ᠲᠦᠷᠦ ᠪᠠᠷᠢᠬᠤ᠂ ᠬᠠᠤᠯᠢ ᠶᠤᠰᠤᠭᠠᠷ ᠵᠠᠰᠠᠬᠤ ᠲᠦᠪᠰᠢᠨ ᠢ᠋ ᠳᠡᠭᠡᠭᠰᠢᠯᠡᠭᠦᠯᠬᠦ ᠬᠡᠷᠡᠭᠳᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ ᠤᠨ ᠳᠦᠷᠢᠮ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠵᠢᠨ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ᠎ᠳᠦ ᠵᠠᠰᠠᠪᠤᠷᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠳᠤᠷᠢᠳᠬᠤ ᠪᠠᠭ᠎ᠤᠨ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠬᠠᠬᠤ ᠲᠣᠭᠲᠠᠭᠠᠯ᠎ᠢ ᠲᠣᠭᠲᠠᠭᠠᠬᠤ ᠬᠡᠷᠡᠭᠳᠠᠢ᠃ ᠨᠠᠮ ᠤᠨ ᠬᠣᠷᠢᠶ᠎ᠠ ᠵᠢᠨ ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ᠎ᠶᠢ ᠪᠠᠶ᠋ᠢᠭᠤᠯᠬᠤ᠂ ᠲᠤᠰᠢᠶᠠᠯ ᠬᠠᠷᠢᠭᠤᠴᠠᠯᠭ᠎ᠠ ᠪᠠ ᠠᠵᠢᠯᠯᠠᠭ᠎ᠠ᠎ᠨᠢ ᠵᠢᠷᠤᠮᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠱᠠᠯᠠᠪᠳᠠᠭᠤᠯᠤᠨ ᠨᠠᠢᠳᠠᠪᠤᠷᠢᠵᠢᠭᠤᠯᠬᠤ ᠵᠡᠷᠭᠡ ᠡᠭᠦᠷᠭᠡ ᠴᠢᠳᠠᠪᠬᠢ᠎ᠶᠢᠨ ᠦᠢᠯᠡᠳᠦᠯ ᠢ ᠨᠡᠩ ᠰᠠᠢᠳᠤᠷ ᠪᠠᠳᠠᠷᠠᠭᠤᠯᠬᠤ ᠬᠡᠷᠡᠭᠳᠠᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠭᠦᠨ ᠰᠤᠷᠤᠯᠴᠠᠯᠭ᠎ᠠ᠎ᠶᠢ ᠶᠡᠬᠡᠪᠡᠷ ᠡᠷᠬᠢᠮᠯᠡᠵᠦ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠲᠥᠪ ᠭᠣᠣᠯᠴᠢ ᠠᠷᠢᠭᠤᠨ ᠴᠢᠬᠡᠴᠢ ᠪᠠᠢᠵᠤ᠂ ᠨᠠᠮ᠎ᠤᠨ ᠭᠡᠰᠢᠭᠦᠨ᠂ ᠺᠠᠳ᠋ᠷᠴᠤᠳ᠎ᠲᠤ ᠰᠠᠢᠨ ᠵᠢᠱ᠌ᠢᠶ᠎ᠡ ᠦᠵᠡᠭᠦᠯᠵᠦ᠂ ᠰᠠᠢᠨ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃
(ᠬᠣᠷᠢᠨ ᠬᠣᠶᠠᠷ ) ᠡᠯ᠎ᠡ ᠬᠦᠷᠢᠶᠡᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠳᠡᠢ᠃ ᠦᠨᠳᠦᠰᠦᠨ ᠱᠠᠲᠤ ᠶᠢ ᠶᠡᠭᠡ ᠪᠡᠷ ᠠᠳᠬᠤᠬᠤ ᠢᠯᠡ ᠲᠣᠳᠣ᠌ ᠤᠳᠤᠷᠢᠳᠤᠮᠵᠢ᠎ᠶᠢ ᠴᠢᠩᠭᠠᠳᠬᠠᠵᠤ᠂ ᠡᠯ᠎ᠡ ᠲᠦᠷᠦᠯ᠎ᠦᠨ ᠦᠨᠳᠦᠰᠦᠨ ᠱᠠᠲᠤᠨ ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠦᠢᠯᠡᠳᠦᠯ᠎ᠢᠶᠡᠨ ᠪᠠᠳᠠᠷᠠᠭᠤᠯᠬᠤ ᠳᠦᠷᠢᠮ ᠲᠣᠭᠲᠠᠭᠠᠯ ᠢ ᠨᠠᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠨᠠᠮ᠎ᠤᠨ ᠤᠳᠤᠷᠢᠳᠤᠯᠭ᠎ᠠ᠎ᠶᠢ ᠪᠦᠲᠦᠮᠵᠢᠲᠡᠢ ᠪᠡᠶᠡᠯᠡᠭᠦᠯᠬᠦ ᠪᠠᠲᠤ ᠴᠢᠩᠭ᠎ᠠ ᠲᠠᠢ᠍ᠢᠴᠢᠨ ᠪᠡᠬᠢᠯᠡᠯᠲᠡ ᠪᠣᠯᠭᠠᠨ ᠪᠠᠢᠭᠤᠯᠬᠤ ᠬᠡᠷᠡᠭᠳᠡᠢ᠃ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠬᠠᠵᠤ᠂ ᠤᠯᠤᠰ ᠲᠥᠷᠥ᠎ᠶᠢᠨ ᠪᠠᠢᠭᠤᠯᠭ᠎ᠠ᠎ᠶᠢᠨ ᠬᠥᠮᠦᠵᠢᠯ᠎ᠢ ᠰᠠᠢᠲᠤᠷ ᠠᠳᠬᠤᠵᠤ᠂ ᠵᠢᠱ᠌ᠢᠶᠡᠴᠢ ᠪᠠᠢᠭᠤᠯᠭ᠎ᠠ᠎ᠶᠢᠨ ᠪᠠᠢᠭᠤᠯᠤᠯᠲᠠ᠎ᠶᠢ ᠭᠦᠨᠵᠡᠭᠡᠢᠷᠡᠭᠦᠯᠵᠦ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠶᠠᠰᠤ ᠴᠢᠨᠠᠷ᠎ᠤᠨ ᠪᠥᠬᠥ ᠲᠠᠯ᠎ᠠ᠎ᠪᠠᠷ ᠳᠡᠭᠡᠭᠰᠢᠯᠡᠬᠦ᠎ᠶᠢ ᠠᠬᠢᠭᠤᠯᠬᠤ ᠬᠡᠷᠡᠭᠳᠡᠢ᠃ ᠠᠵᠢᠯ ᠦᠢᠯᠡᠰ᠎ᠦᠨ ᠨᠢᠭᠡᠴᠢ᠎ᠶᠢᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠲᠠᠢ ᠤᠶᠠᠯᠳᠤᠭᠤᠯᠤᠨ᠂ ᠠᠵᠢᠯ ᠦᠢᠯᠡᠰ᠎ᠦᠨ ᠨᠢᠭᠡᠴᠢ᠎ᠶᠢᠨ ᠨᠠᠮ᠎ᠤᠨ ᠤᠳᠤᠷᠢᠳᠬᠤ ᠪᠠᠢᠭᠤᠯᠤᠯ ᠲᠣᠭᠲᠡᠴᠡ᠎ᠶᠢ ᠲᠡᠭᠦᠯᠳᠡᠷᠵᠢᠭᠦᠯᠵᠦ᠂ ᠠᠵᠢᠯ ᠦᠢᠯᠡᠰ᠎ᠦᠨ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠤᠬᠢᠷᠠᠭᠤᠯᠤᠯᠲᠠ᠎ᠶᠢ ᠵᠢᠷᠤᠮᠵᠢᠭᠤᠯᠬᠤ ᠬᠡᠷᠡᠭᠳᠡᠢ᠃ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠤᠯᠤᠰ᠎ᠤᠨ ᠥᠮᠴᠢᠯᠡᠯ᠎ᠦᠨ ᠮᠥᠩᠭᠥᠨ ᠭᠦᠢᠯᠭᠡᠭᠡᠨ᠎ᠦ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠺᠣᠮᠫᠠᠨᠢ᠎ᠶᠢᠨ ᠵᠠᠰᠠᠯᠲᠠ᠎ᠶᠢ ᠲᠡᠭᠦᠯᠳᠡᠷᠵᠢᠭᠦᠯᠬᠦ ᠳᠤᠮᠳᠠ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠵᠤ᠂ ᠤᠯᠤᠰ ᠤᠨ ᠥᠮᠴᠢᠯᠡᠯ ᠦᠨ ᠠᠵᠤ ᠠᠬᠤᠢᠯᠠᠯ᠎ᠤᠨ ᠨᠠᠮ᠎ᠤᠨ ᠬᠣᠷᠢᠶ᠎ᠠ᠎ᠡᠴᠡ ᠴᠢᠬᠤᠯᠠ ᠶᠡᠬᠡ ᠡᠵᠡᠩᠨᠡᠯᠲᠡ ᠬᠠᠮᠢᠶᠠᠷᠤᠯᠲᠠ᠎ᠶᠢᠨ ᠵᠦᠢᠯ᠎ᠢ ᠤᠷᠢᠳ᠎ᠢᠶᠠᠷ ᠰᠤᠳᠤᠯᠤᠨ ᠶᠠᠷᠢᠯᠴᠠᠵᠤ ᠦᠨᠡᠨ ᠪᠤᠳᠠᠳᠠᠢ ᠬᠠᠷᠢᠭᠤᠴᠠᠬᠤ ᠵᠢ ᠴᠢᠩᠭᠠᠳᠬᠠᠤ ᠬᠡᠷᠡᠭᠳᠡᠢ᠃ ᠨᠠᠮ᠎ᠤᠨ ᠪᠠᠢᠭᠤᠯᠤᠯᠲᠠ᠎ᠶᠢ ᠠᠳᠬᠤᠵᠤ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠶᠢ ᠭᠦᠨᠵᠡᠭᠡᠢ ᠠᠬᠢᠭᠤᠯᠵᠤ᠂ ᠰᠤᠮᠤ ᠰᠢᠶᠠᠩ ᠪᠠᠯᠭᠠᠰᠤ᠎ᠶᠢᠨ ᠨᠠᠮ᠎ᠤᠨ ᠬᠣᠷᠢᠶ᠎ᠠ ᠪᠣᠯᠣᠨ ᠭᠠᠴᠡᠭ᠎ᠠ ᠲᠣᠰᠬᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠬᠠᠮᠢᠶᠠᠷᠤᠯᠲᠠ ᠬᠢᠨᠠᠯᠲᠠ᠎ᠶᠢ ᠴᠢᠩᠭᠠᠳᠬᠠᠵᠤ᠂ ᠭᠠᠴᠡᠭ᠎ᠠ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ ᠠᠩᠭᠢ᠎ᠶᠢᠨ ᠰᠣᠩᠭᠣᠨ ᠲᠣᠮᠢᠯᠠᠬᠤ ᠬᠠᠮᠢᠶᠠᠷᠤᠯᠲᠠ᠎ᠶᠢ ᠰᠢᠯᠢᠳᠡᠭᠵᠢᠭᠦᠯᠬᠦ ᠬᠡᠷᠡᠭᠳᠡᠢ᠃ ᠬᠣᠲᠠ᠎ᠶᠢᠨ ᠵᠡᠭᠡᠯᠢ ᠭᠤᠳᠤᠮᠵᠢ᠂ ᠨᠡᠢᠭᠡᠮ ᠲᠣᠭᠣᠷᠢᠭ᠋᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠬᠠᠵᠤ᠂ ᠰᠠᠭᠤᠭᠠᠯᠢ ᠠᠷᠠᠳ᠎ᠤᠨ ᠲᠣᠭᠣᠷᠢᠭ᠋᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢ ᠰᠠᠢᠲᠤᠷ ᠪᠠᠢᠭᠤᠯᠵᠤ ᠬᠦᠴᠦᠷᠬᠡᠭᠵᠢᠭᠦᠯᠬᠦ ᠬᠡᠷᠡᠭᠳᠡᠢ᠃ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠢᠭᠤᠯᠤᠯᠲᠠ᠎ᠶᠢ ᠬᠥᠲᠥᠯᠥᠨ ᠳᠠᠭᠠᠭᠤᠯᠵᠤ᠂ ᠦᠨᠳᠦᠰᠦᠨ ᠱᠠᠲᠤᠨ᠎ᠤ《ᠪᠢᠴᠢᠯ ᠵᠠᠰᠠᠯᠲᠠ》 ᠶ᠋ᠢᠨ ᠲᠣᠭᠲᠡᠴᠡ᠎ᠶᠢ ᠲᠡᠭᠦᠯᠳᠡᠷᠵᠢᠭᠦᠯᠬᠦ ᠬᠡᠷᠡᠭᠳᠡᠢ᠃ ᠬᠥᠳᠡᠭᠡ ᠲᠣᠰᠬᠣᠨ᠎ᠤ 《ᠬᠦᠨᠳᠡᠢᠷᠡᠭᠰᠡᠨ ᠲᠣᠰᠬᠣᠨ》 ᠪᠣᠯᠣᠨ ᠬᠤᠳᠠ᠎ᠶᠢᠨ ᠭᠡᠳᠤ ᠶᠡᠬᠡ ᠨᠡᠢᠭᠡᠮ ᠲᠣᠭᠣᠷᠢᠭ᠋᠎ᠤᠨ ᠵᠠᠰᠠᠯᠲᠠ᠎ᠶᠢ ᠴᠢᠩᠭᠠᠳᠬᠠᠵᠤ᠂ ᠬᠢᠯᠢ ᠬᠢᠵᠠᠭᠠᠷ᠎ᠤᠨ ᠡᠮᠦᠨ᠎ᠡ ᠹᠷᠣᠨᠲ᠎ᠤᠨ ᠭᠠᠵᠠᠷ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠢ ᠰᠠᠢᠲᠤᠷ ᠬᠢᠬᠦ ᠬᠡᠷᠡᠭᠳᠡᠢ᠃ ᠨᠡᠭᠡᠭᠡᠯᠳᠡ᠎ᠶᠢᠨ ᠣᠷᠣᠨ (ᠬᠦᠷᠢᠶᠡᠯᠡᠩ ᠲᠣᠭᠣᠷᠢᠭ᠋) ᠤ᠋ ᠨᠠᠮ᠎ᠤᠨ ᠪᠠᠢᠭᠤᠯᠤᠯᠲᠠ᠎ᠶᠢ ᠠᠬᠢᠭᠤᠯᠬᠤ ᠬᠡᠷᠡᠭᠳᠡᠢ᠃ ᠲᠥᠪᠯᠡᠷᠡᠯ ᠪᠠ ᠪᠠᠢᠨᠭᠭᠤᠵᠢᠯᠢ ᠤᠶᠠᠯᠳᠤᠭᠤᠯᠬᠤ᠎ᠶᠢ ᠪᠠᠷᠢᠮᠲᠠᠯᠠᠵᠤ᠂ ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠶᠢ ᠦᠷᠭᠦᠯᠵᠢᠯᠡᠨ ᠴᠡᠭᠴᠡᠯᠡᠬᠦ ᠬᠡᠷᠡᠭᠳᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ ᠢ ᠬᠥᠮᠥᠵᠢᠭᠦᠯᠵᠦ ᠰᠢᠯᠢᠨ ᠳᠡᠪᠰᠢᠭᠦᠯᠬᠦ ᠪᠠ ᠬᠥᠮᠥᠵᠢᠭᠦᠯᠵᠦ ᠪᠣᠯᠪᠠᠰᠤᠷᠠᠭᠤᠯᠬᠤ᠎ᠶᠢ ᠴᠢᠩᠭᠠᠳᠬᠠᠬᠤ ᠬᠡᠷᠡᠭᠳᠡᠢ᠃ ᠦᠨᠳᠦᠰᠦᠨ ᠱᠠᠲᠤᠨ᠎ᠤ ᠺᠠᠳ᠋ᠷ᠎ᠢ ᠤᠷᠮᠠᠰᠢᠭᠤᠯᠬᠤ ᠪᠠᠲᠤᠯᠠᠭ᠎ᠠ᠎ᠶᠢᠨ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠵᠠᠷᠤᠳᠠᠯ᠎ᠢ ᠪᠠᠲᠤᠯᠠᠬᠤ ᠲᠣᠭᠲᠠᠪᠤᠷᠢᠲᠠᠢ ᠲᠣᠭᠲᠡᠴᠡ᠎ᠶᠢ ᠪᠠᠢᠭᠤᠯᠬᠤ ᠬᠡᠷᠡᠭᠳᠡᠢ᠃
(ᠬᠣᠷᠢᠨ ᠭᠤᠷᠪᠠ ) ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶᠢ ᠲᠣᠪᠣᠢᠮ᠎ᠠ ᠰᠠᠢᠲᠤᠷ ᠠᠳᠬᠤᠬᠤ ᠬᠡᠷᠡᠭᠳᠡᠢ᠃ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶᠢᠨ ᠭᠤᠷᠪᠠᠨ ᠵᠢᠯ᠎ᠦᠨ ᠪᠣᠭᠣᠮᠲᠠ ᠰᠢᠪᠲᠤᠯᠬᠤ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠤᠷᠢᠶᠠᠯᠠᠬᠤ ᠬᠦᠴᠦᠨ ᠨᠢᠭ᠍ᠲᠠᠷᠠᠭᠤᠯᠬᠤ ᠬᠦᠴᠦᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶᠢᠨ ᠬᠠᠮᠢᠶᠠᠷᠤᠯᠲᠠ᠎ᠶᠢᠨ ᠰᠢᠰᠲᠧᠮ ᠪᠠ ᠬᠠᠷᠢᠭᠤᠴᠠᠯᠭ᠎ᠠ᠎ᠶᠢᠨ ᠰᠢᠰᠲᠧᠮ᠎ᠢ ᠲᠥᠷᠥᠯ ᠬᠤᠪᠢᠶᠠᠨ ᠲᠡᠭᠦᠯᠳᠡᠷᠵᠢᠭᠦᠯᠵᠦ᠂ ᠠᠵᠢᠯ ᠲᠥᠷᠥᠯ᠎ᠦᠨ ᠬᠠᠮᠢᠶᠠᠷᠤᠯᠲᠠ ᠪᠠ ᠲᠤᠬᠠᠢᠯᠠᠭᠰᠠᠨ ᠠᠵᠢᠯ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠲᠤᠬᠠᠢᠯᠠᠭᠰᠠᠨ ᠠᠵᠢᠯ᠎ᠤᠨ ᠡᠷᠭᠢᠯᠡᠨ ᠬᠠᠮᠢᠶᠠᠷᠬᠤ ᠨᠢᠭᠡᠴᠢ ᠵᠢᠴᠢ ᠬᠠᠷᠢᠶᠠᠳᠤ ᠤᠷᠤᠨ ᠵᠡᠷᠭᠡ ᠬᠠᠷᠢᠭᠤᠴᠠᠯᠭ᠎ᠠ᠎ᠶᠢ ᠪᠤᠳᠠᠳᠠᠢᠵᠢᠭᠤᠯᠬᠤ ᠬᠡᠷᠡᠭᠳᠡᠢ᠃《ᠬᠣᠶᠠᠷ ᠢ ᠬᠠᠮᠤᠷᠬᠤ》᠎ᠶ᠋ᠢ ᠭᠦᠨᠵᠡᠭᠡᠢᠷᠡᠭᠦᠯᠦᠨ ᠥᠷᠭᠡᠳᠬᠡᠵᠦ᠂《ᠬᠣᠶᠠᠷ ᠴᠢᠳᠠᠮᠵᠢ》᠎ᠶ᠋ᠢ ᠪᠡᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠤᠰᠢᠶᠠᠯ ᠬᠠᠷᠢᠭᠤᠴᠠᠯᠭ᠎ᠠ ᠪᠠᠨ ᠪᠦᠲᠦᠮᠵᠢᠲᠡᠶ ᠭᠦᠢᠴᠡᠳᠬᠡᠬᠦ᠎ᠶᠢ ᠠᠬᠢᠭᠤᠯᠵᠤ᠂ ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠪᠠ ᠰᠢᠨ᠎ᠡ ᠨᠡᠢᠭᠡᠮ ᠦᠨ ᠵᠣᠬᠢᠶᠠᠨ ᠪᠠᠢᠭᠤᠯᠤᠯᠲᠠ᠎ᠶᠢᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠬᠤ᠂ ᠰᠢᠨ᠎ᠡ᠎ᠪᠡᠷ ᠠᠵᠢᠯ ᠣᠯᠣᠭᠰᠠᠨ ᠬᠦᠮᠦᠰ᠎ᠢ ᠬᠠᠯᠠᠮᠵᠢᠯᠠᠨ ᠨᠢᠭ᠍ᠲᠠᠷᠠᠭᠤᠯᠬᠤ ᠲᠠᠢ ᠨᠢᠭ᠍ᠲᠠ ᠤᠶᠠᠯᠳᠤᠭᠤᠯᠤᠨ ᠠᠵᠢᠯ᠎ᠢᠶᠠᠨ ᠥᠷᠨᠢᠭᠦᠯᠵᠦ᠂ ᠨᠠᠮ᠎ᠤᠨ ᠠᠵᠢᠯ᠎ᠢ ᠦᠢᠯᠡᠳᠪᠦᠷᠢᠯᠡᠯ ᠡᠵᠡᠩᠨᠡᠯᠲᠡ᠂ ᠰᠢᠨ᠎ᠡ᠎ᠶᠢ ᠡᠭᠦᠳᠴᠦ ᠦᠢᠯᠡᠰ ᠪᠤᠰᠬᠠᠬᠤ᠂ ᠨᠡᠢᠭᠡᠮ᠎ᠦᠨ ᠦᠢᠯᠡᠴᠢᠯᠡᠭᠡ ᠵᠡᠷᠭᠡ᠎ᠲᠠᠢ ᠦᠨᠡᠨ ᠬᠦ᠌ ᠣᠷᠭᠠᠨᠢᠭ᠋᠎ᠢᠶᠠᠷ ᠠᠭᠤᠰᠤᠯᠴᠠᠭᠤᠯᠬᠤ ᠬᠡᠷᠡᠭᠳᠡᠢ᠃ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ ᠪᠣᠯᠣᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠵᠢᠭᠠᠨ ᠵᠢᠯᠣᠭᠣᠳᠤᠭ᠍ᠴᠢ᠎ᠶᠢ ᠰᠢᠯᠢᠳᠡᠭ᠎ᠢ ᠨᠢ ᠰᠣᠩᠭᠣᠵᠤ ᠬᠦᠴᠦᠷᠬᠡᠭ᠎ᠢ ᠨᠢ ᠲᠣᠬᠢᠷᠠᠭᠤᠯᠬᠤ ᠬᠡᠷᠡᠭᠳᠡᠢ᠃ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶᠢᠨ ᠰᠦᠯᠵᠢᠶᠡᠨ ᠳᠡᠭᠡᠷᠡᠬᠢ ᠵᠢᠭ᠍ᠰᠠᠭᠠᠯ᠎ᠤᠨ ᠭᠠᠵᠠᠷ ᠪᠣᠯᠣᠨ ᠲᠤᠬᠠᠢ᠎ᠶᠢᠨ ᠲᠠᠯᠠᠪᠤᠷ᠎ᠤᠨ ᠵᠢᠭ᠍ᠰᠠᠭᠠᠯ᠎ᠤᠨ ᠭᠠᠵᠠᠷ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠪᠣᠳᠠᠲᠤ ᠦᠷ᠎ᠡ ᠪᠦᠲᠦᠮᠵᠢ᠎ᠶᠢ ᠴᠢᠩᠭᠠᠳᠬᠠᠬᠤ ᠬᠡᠷᠡᠭᠲᠡᠢ᠃ ᠲᠠᠪᠴᠠᠩ᠎ᠤᠨ ᠠᠵᠤ ᠠᠬᠤᠢᠯᠠᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠡᠯᠪᠡᠷᠢ᠎ᠶᠢᠨ ᠠᠵᠤ ᠠᠬᠤᠢᠯᠠᠯ ᠵᠡᠷᠭᠡ ᠵᠢᠨ ᠨᠠᠮ ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠬᠠᠵᠤ᠂ ᠠᠷᠠᠳ᠎ᠡᠴᠡ ᠡᠷᠭᠢᠯᠡᠭᠰᠡᠨ ᠰᠤᠷᠭᠠᠭᠤᠯᠢ᠂ ᠠᠷᠠᠳ ᠤᠨ ᠡᠵᠡᠨᠭᠨᠡᠯᠳᠡ᠎ᠶᠢᠨ ᠡᠮᠨᠡᠯᠭᠡ᠎ᠶᠢᠨ ᠬᠣᠷᠢᠶ᠎ᠠ ᠵᠡᠷᠭᠡ ᠨᠠᠮ᠎ᠤᠨ ᠪᠠᠢᠭᠤᠯᠤᠯᠲᠠ᠎ᠶᠢᠨ ᠠᠵᠢᠯ᠎ᠢ ᠰᠠᠢᠲᠤᠷ ᠬᠢᠬᠦ ᠬᠡᠷᠡᠭᠳᠡᠢ᠃ ᠰᠢᠨ᠎ᠡ ᠨᠡᠢᠭᠡᠮ ᠦᠨ ᠵᠣᠬᠢᠶᠠᠨ ᠪᠠᠢᠭᠤᠯᠤᠯᠲᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠲᠥᠷᠥᠯ ᠬᠤᠪᠢᠶᠠᠨ ᠵᠢᠯᠤᠭᠣᠳᠴᠤ᠂ ᠠᠵᠢᠯ ᠲᠥᠷᠥᠯ᠎ᠦᠨ ᠨᠡᠢᠭᠡᠮᠯᠢᠭ᠂ ᠰᠢᠨᠵᠢᠯᠡᠭᠡᠨ᠎ᠦ ᠨᠡᠢᠭᠡᠮᠯᠢᠭ᠂ ᠬᠤᠳᠠᠯᠳᠤᠭᠠᠴᠢᠳ᠎ᠤᠨ ᠡᠪᠯᠡᠯ᠎ᠦᠨ ᠬᠠᠮᠢᠶᠠᠷᠤᠯᠲᠠ᠎ᠶᠢᠨ ᠳᠦᠷᠢᠮ ᠪᠠ ᠠᠵᠢᠯᠯᠠᠭᠠᠨ᠎ᠤ ᠲᠣᠭᠲᠡᠴᠡ᠎ᠶᠢ ᠲᠡᠭᠦᠯᠳᠡᠷᠵᠢᠭᠦᠯᠵᠦ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠱᠠᠭᠠᠷᠳᠠᠯᠭ᠎ᠠ᠎ᠶᠢ ᠳᠦᠷᠢᠮ᠎ᠳᠦ ᠪᠢᠴᠢᠵᠦ ᠣᠷᠣᠭᠤᠯᠬᠤ ᠲᠣᠭᠲᠠᠭᠠᠯ᠎ᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ ᠬᠡᠷᠡᠭᠳᠡᠢ᠃
(ᠬᠣᠷᠢᠨ ᠳᠥᠷᠪᠡ ) ᠨᠠᠮ᠎ᠤᠨ ᠭᠡᠰᠢᠭᠦᠨ᠎ᠦ ᠡᠩᠨᠡᠭᠡ᠎ᠶᠢᠨ ᠪᠠᠢᠭᠤᠯᠤᠯᠲᠠ᠎ᠶᠢ ᠴᠢᠩᠭ᠎ᠠ ᠪᠣᠳᠠᠲᠠᠢ ᠰᠠᠢᠲᠤᠷ ᠠᠳᠬᠤᠬᠤ ᠬᠡᠷᠡᠭᠳᠡᠢ᠃ ᠨᠠᠮ ᠤᠨ ᠭᠡᠰᠢᠭᠦᠨ ᠡᠯᠰᠡᠬᠦ ᠶᠠᠰᠤ ᠴᠢᠨᠠᠷ᠎ᠢ ᠳᠡᠭᠡᠭᠰᠢᠯᠡᠭᠦᠯᠵᠦ᠂ ᠤᠯᠤᠰ ᠲᠦᠷᠦ᠎ᠶᠢᠨ ᠬᠢᠨᠠᠨ ᠪᠠᠢᠴᠠᠭᠠᠯᠲᠠ᠎ᠶᠢ ᠴᠢᠩᠳᠠᠯᠠᠵᠤ᠂ ᠡᠯᠰᠡᠬᠦ ᠡᠲᠡᠭᠡᠳ᠎ᠦᠨ ᠨᠠᠮ᠎ᠳᠤ ᠣᠷᠣᠬᠤ ᠤᠭ ᠰᠠᠨᠠᠭ᠎ᠠ᠂ ᠤᠯᠤᠰ ᠲᠦᠷᠦ᠎ᠶᠢᠨ ᠵᠣᠭᠰᠣᠯᠲᠠ᠂ ᠦᠵᠡᠯ ᠰᠠᠨᠠᠭᠠᠨ᠎ᠤ ᠤᠬᠠᠮᠰᠠᠷ᠂ ᠦᠷᠳᠡᠭ᠎ᠦᠨ ᠬᠠᠨᠳᠤᠰᠢ᠎ᠶᠢ ᠬᠢᠨᠠᠨ ᠪᠠᠢᠴᠠᠭᠠᠬᠤ᠎ᠶᠢ ᠴᠢᠬᠤᠯᠠᠴᠢᠯᠠᠬᠤ ᠬᠡᠷᠡᠭᠳᠡᠢ᠃ ᠵᠠᠯᠠᠭᠤᠴᠤᠳ ᠪᠠ ᠠᠵᠤ ᠦᠢᠯᠡᠰ᠎ᠦᠨ ᠠᠵᠢᠯᠴᠢᠨ᠂ ᠮᠠᠯᠴᠢᠨ ᠲᠠᠷᠢᠶᠠᠴᠢᠨ᠂ ᠰᠡᠬᠡᠭᠡᠲᠡᠨ᠎ᠦ ᠳᠤᠮᠳᠠ᠎ᠡᠴᠡ ᠨᠠᠮ᠎ᠤᠨ ᠭᠡᠰᠢᠭᠦᠨ ᠡᠯᠰᠡᠬᠦ᠎ᠶᠢ ᠴᠢᠬᠤᠯᠠᠴᠢᠯᠠᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠭᠡᠰᠢᠭᠦᠨ ᠡᠯᠰᠡᠬᠦ ᠠᠵᠢᠯ᠎ᠢ ᠰᠠᠢᠲᠤᠷ ᠬᠢᠵᠦ᠂ ᠨᠠᠮ᠎ᠤᠨ ᠭᠡᠰᠢᠭᠦᠨ᠎ᠦ ᠡᠩᠨᠡᠭᠡ᠎ᠶᠢᠨ ᠪᠦᠲᠦᠴᠡ᠎ᠶᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠳᠡᠢ᠃ ᠨᠠᠮ᠎ᠤᠨ ᠭᠡᠰᠢᠭᠦᠨ᠎ᠦ ᠬᠥᠮᠦᠵᠢᠯ ᠬᠠᠮᠢᠶᠠᠷᠤᠯᠲᠠ᠎ᠶᠢ ᠴᠢᠩᠭᠠᠳᠬᠠᠵᠤ᠂ ᠪᠠᠢᠩᠭᠤᠵᠢᠭᠰᠠᠨ ᠪᠣᠯᠪᠠᠰᠤᠷᠠᠯ ᠢᠯᠠᠩᠭᠤᠶ᠎ᠠ ᠦᠨᠳᠦᠰᠦᠨ ᠪᠣᠯᠪᠠᠰᠤᠷᠠᠯ᠎ᠢ ᠥᠷᠨᠢᠭᠦᠯᠬᠦ ᠬᠡᠷᠡᠭᠳᠡᠢ᠃ ᠨᠠᠮ᠎ᠤᠨ ᠭᠡᠰᠢᠭᠦᠨ᠎ᠦ ᠠᠵᠢᠯ᠎ᠤᠨ ᠪᠠᠢᠷᠢ ᠳᠡᠭᠡᠷ᠎ᠡ᠎ᠪᠡᠨ ᠠᠵᠢᠯ᠎ᠤᠨ ᠪᠠᠢᠷᠢ᠎ᠡᠴᠡ᠎ᠪᠠᠨ ᠰᠠᠯᠬᠤ᠂ ᠰᠦᠯᠵᠢᠶᠡᠨ ᠳᠡᠭᠡᠷ᠎ᠠ ᠪᠠ ᠰᠦᠯᠵᠢᠶᠡᠨ᠎ᠡᠴᠡ ᠭᠠᠳᠠᠭᠤᠷ᠂ ᠡᠩ᠎ᠦᠨ ᠦᠶ᠎ᠡ᠎ᠳᠦ ᠪᠠᠴᠢᠮ ᠪᠠᠢᠳᠠᠯ ᠳ᠋ᠦ ᠦᠢᠯᠡᠳᠦᠯ ᠵᠢᠡᠨ ᠪᠠᠳᠠᠷᠠᠭᠤᠯᠬᠤ ᠲᠣᠭᠲᠡᠴᠡ᠎ᠶᠢ ᠪᠦᠷᠢᠨᠰᠢᠭᠦᠯᠦᠨ ᠨᠠᠢᠳᠠᠪᠤᠷᠢᠵᠢᠭᠤᠯᠵᠤ᠂ ᠨᠠᠮ᠎ᠤᠨ ᠭᠡᠰᠢᠭᠦᠨ᠎ᠦ ᠵᠢᠱ᠌ᠢᠶ᠎ᠡ ᠦᠵᠡᠭᠦᠯᠬᠦ ᠠᠵᠢᠯ᠎ᠤᠨ ᠪᠠᠢᠷᠢ᠂ ᠨᠠᠮ᠎ᠤᠨ ᠭᠡᠰᠢᠭᠦᠨ᠎ᠦ ᠬᠠᠷᠢᠭᠤᠴᠠᠯᠭ᠎ᠠ᠎ᠶᠢᠨ ᠣᠷᠣᠨ᠂ ᠨᠠᠮ᠎ᠤᠨ ᠭᠡᠰᠢᠭᠦᠨ᠎ᠦ ᠭᠠᠪᠰᠢᠭᠠᠢ ᠠᠩᠭᠢ᠎ᠶᠢ ᠪᠠᠶ᠋ᠢᠭᠤᠯᠬᠤ᠂ ᠠᠮᠠᠯᠠᠯᠲᠠ ᠬᠢᠵᠦ ᠠᠮᠠᠯᠠᠯᠲᠠ᠎ᠪᠠᠨ ᠦᠢᠯᠡᠳᠦᠯᠭᠡᠵᠢᠭᠦᠯᠬᠦ᠂ ᠠᠵᠢᠯ᠎ᠳᠤ ᠪᠠᠢᠭ᠎ᠠ ᠨᠠᠮ᠎ᠤᠨ ᠭᠡᠰᠢᠭᠦᠨ᠎ᠦ ᠨᠡᠢᠭᠡᠮ ᠲᠣᠭᠣᠷᠢᠭ᠋᠎ᠲᠤ ᠬᠦᠷᠴᠦ ᠨᠡᠷ᠎ᠡ ᠮᠡᠳᠡᠭᠦᠯᠬᠦ᠎ᠶᠢ ᠢᠳᠡᠪᠬᠢᠲᠡᠢ ᠬᠡᠷᠡᠭᠵᠢᠭᠦᠯᠬᠦ᠂《ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ ᠦᠭᠬᠦ》 ᠠᠵᠢᠯᠯᠠᠭ᠎ᠠ᠎ᠶᠢ ᠭᠦᠨᠵᠡᠭᠡᠢᠷᠡᠭᠦᠯᠬᠦ ᠵᠡᠷᠭᠡ᠎ᠪᠡᠷ ᠳᠠᠮᠵᠢᠭᠤᠯᠤᠨ᠂ ᠥᠷᠭᠡᠨ ᠤᠯᠠᠨ ᠨᠠᠮ᠎ᠤᠨ ᠭᠡᠰᠢᠭᠦᠨ᠎ᠢ ᠬᠥᠲᠥᠯᠥᠨ ᠵᠢᠯᠤᠭᠣᠳᠴᠤ ᠤᠯᠠᠨ ᠲᠦᠮᠡᠨ᠎ᠦ ᠰᠠᠢᠨ ᠳᠣᠲᠣᠨᠣ᠌ ᠬᠥᠮᠥᠨ ᠪᠣᠯᠭᠠᠨᠬᠤ ᠬᠡᠷᠡᠭᠳᠡᠢ᠃ ᠨᠡᠭᠦᠳᠡᠯ ᠨᠠᠮ᠎ᠤᠨ ᠭᠡᠰᠢᠭᠦᠨ᠎ᠦ ᠬᠠᠮᠢᠶᠠᠷᠤᠯᠲᠠ᠎ᠶᠢ ᠴᠢᠩᠭᠠᠳᠬᠠᠨ ᠰᠠᠢᠵᠢᠷᠠᠭᠤᠯᠵᠤ᠂ ᠨᠡᠬᠦᠨ ᠭᠠᠷᠬᠤ ᠭᠠᠵᠠᠷ ᠪᠠ ᠨᠡᠬᠦᠨ ᠤᠴᠢᠬᠤ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠮᠵᠢᠯᠴᠠᠨ ᠬᠠᠮᠲᠤ᠎ᠪᠠᠷ ᠬᠠᠮᠢᠶᠠᠷᠬᠤ᠂ ᠰᠦᠯᠵᠢᠶᠡᠨ ᠳᠡᠭᠡᠷᠡᠬᠢ ᠪᠠ ᠲᠤᠬᠠᠢ᠎ᠶᠢᠨ ᠲᠠᠯᠠᠪᠤᠷ᠎ᠢ ᠤᠶᠠᠯᠳᠤᠭᠤᠯᠬᠤ ᠳᠦᠷᠢᠮ᠎ᠢ ᠪᠦᠷᠢᠨᠰᠢᠭᠦᠯᠬᠦ ᠬᠡᠷᠡᠭᠳᠡᠢ᠃ 《ᠬᠣᠶᠠᠷ ᠰᠢᠯᠢᠳᠡᠭ ᠨᠢᠭᠡ ᠲᠡᠷᠢᠭᠦᠨ》 ᠵᠡᠷᠭᠡ ᠰᠢᠯᠭᠠᠷᠠᠭᠤᠯᠤᠨ ᠬᠥᠬᠢᠭᠦᠯᠬᠦ ᠠᠵᠢᠯ᠎ᠢ ᠰᠠᠢᠲᠤᠷ ᠬᠢᠵᠦ᠂《ᠳᠡᠷᠭᠡᠳᠡᠬᠢ ᠳᠠᠭᠤᠷᠢᠶᠠᠯ᠎ᠡᠴᠡ ᠰᠤᠷᠤᠯᠴᠠᠬᠤ》ᠠᠵᠢᠯᠯᠠᠭ᠎ᠠ ᠶᠢ ᠭᠦᠨᠵᠡᠭᠡᠢᠷᠡᠭᠦᠯᠵᠦ᠂ ᠲᠡᠷᠢᠭᠦᠨ᠎ᠦ ᠬᠢ᠎ᠡᠴᠡ ᠰᠤᠷᠤᠯᠴᠠᠵᠤ᠂ ᠲᠡᠷᠢᠭᠦᠨ᠎ᠦ ᠪᠣᠯᠬᠤ᠎ᠪᠠᠷ ᠴᠢᠷᠮᠠᠢᠬᠤ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠬᠤ ᠬᠡᠷᠡᠭᠲᠡᠢ᠃ ᠨᠠᠮ᠎ᠤᠨ ᠳᠣᠲᠣᠭᠠᠳᠤ᠎ᠶᠢᠨ ᠤᠷᠮᠠᠰᠢᠭᠤᠯᠤᠨ ᠬᠠᠯᠠᠮᠵᠢᠯᠠᠵᠤ ᠬᠠᠪᠰᠤᠷᠤᠨ ᠲᠡᠳᠬᠦᠬᠦ ᠲᠣᠭᠲᠡᠴᠡ ᠶᠢ ᠪᠦᠷᠢᠨᠰᠢᠭᠦᠯᠦᠨ ᠨᠠᠢᠳᠠᠪᠤᠷᠢᠵᠢᠭᠤᠯᠵᠤ᠂ ᠰᠡᠳᠬᠢᠯ ᠦᠨ ᠦᠭᠡ᠎ᠪᠡᠨ ᠬᠡᠯᠡᠯᠴᠡᠬᠦ᠂ ᠭᠡᠷ ᠲᠦ᠍ᠨᠢ ᠬᠦᠷᠴᠦ ᠰᠤᠷᠪᠤᠯᠵᠢᠯᠠᠬᠤ᠂ ᠬᠠᠪᠰᠤᠷᠤᠯᠴᠠᠭ᠎ᠠ ᠪᠠᠢᠭᠤᠯᠬᠤ᠂ ᠬᠦᠴᠢᠷᠳᠡᠯ᠎ᠢ ᠨᠢ ᠠᠪᠤᠷᠠᠨ ᠲᠤᠰᠠᠯᠠᠬᠤ ᠵᠡᠷᠭᠡ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠨᠠᠮ᠎ᠤᠨ ᠭᠡᠰᠢᠭᠦᠨ᠎ᠦ ᠢᠷᠠᠭᠤ ᠠᠯᠳᠠᠷᠲᠤ ᠲᠦᠷᠦᠭᠳᠡᠯ᠂ ᠬᠠᠷᠢᠶᠠᠯᠠᠭᠳᠠᠬᠤ ᠲᠦᠷᠦᠭᠳᠡᠯ᠎ᠢ ᠨᠡᠮᠡᠭᠳᠡᠭᠦᠯᠬᠦ ᠬᠡᠷᠡᠭᠳᠡᠢ᠃ ᠬᠢᠷᠢ ᠲᠡᠩᠴᠡᠬᠦ ᠦᠭᠡᠢ ᠨᠠᠮ᠎ᠤᠨ ᠭᠡᠰᠢᠭᠦᠨ᠎ᠢ ᠲᠥᠪ ᠴᠢᠩᠭ᠎ᠠ ᠲᠤᠬᠢᠳᠠᠢ ᠰᠢᠢᠳᠪᠦᠷᠢᠯᠡᠵᠦ᠂ ᠨᠠᠮ᠎ᠤᠨ ᠭᠡᠰᠢᠭᠦᠨ᠎ᠦ ᠡᠩᠨᠡᠭᠡ᠎ᠶᠢ ᠴᠡᠪᠡᠷᠵᠢᠭᠦᠯᠬᠦ ᠬᠡᠷᠡᠭᠲᠡᠢ᠃
(ᠬᠣᠷᠢᠨ ᠲᠠᠪᠤ )ᠨᠠᠮ ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠨᠡᠪᠲᠡᠷᠡᠯᠴᠡᠬᠦ ᠲᠣᠭᠲᠡᠴᠡ ᠶᠢ ᠲᠡᠭᠦᠯᠳᠡᠷᠵᠢᠭᠦᠯᠬᠦ ᠬᠡᠷᠡᠭᠳᠡᠢ᠃ ᠳᠡᠭᠡᠳᠦ ᠱᠠᠲᠤᠨ᠎ᠤ ᠪᠠᠢᠷᠢᠯᠠᠭᠤᠯᠤᠯᠲᠠ᠎ᠶᠢ ᠤᠯᠠᠮᠵᠢᠯᠠᠨ ᠨᠠᠢᠳᠠᠪᠤᠷᠢᠵᠢᠭᠤᠯᠬᠤ᠂ ᠦᠨᠳᠦᠰᠦᠨ ᠱᠠᠲᠤᠨ᠎ᠤ ᠪᠠᠢᠳᠠᠯ᠎ᠢ ᠳᠡᠭᠡᠭᠰᠢ ᠲᠤᠰᠬᠠᠬᠤ᠂ ᠵᠥᠷᠢᠴᠡᠯ᠎ᠤᠨ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠬᠦ ᠠᠵᠢᠯ᠎ᠤᠨ ᠲᠣᠭᠲᠡᠴᠡ᠎ᠶᠢ ᠪᠦᠷᠢᠨᠰᠢᠭᠦᠯᠬᠦ ᠬᠡᠷᠡᠭᠳᠡᠢ᠃ ᠬᠠᠷᠢᠶᠠᠳᠤ ᠣᠷᠣᠨ᠎ᠤ ᠬᠠᠮᠢᠶᠠᠷᠤᠯᠲᠠ ᠪᠠ ᠡᠭᠴᠡ ᠬᠠᠮᠢᠶᠠᠷᠤᠯᠲᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠰᠢᠰᠲᠧᠮ᠎ᠢ ᠲᠡᠭᠦᠯᠳᠡᠷᠵᠢᠭᠦᠯᠬᠦ ᠬᠡᠷᠡᠭᠳᠡᠢ᠃ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠂ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ᠂ ᠮᠥᠩᠭᠥᠨ ᠭᠦᠢᠯᠭᠡᠭᠡᠨ᠎ᠦ ᠠᠵᠢᠯ᠎ᠤᠨ ᠬᠣᠷᠢᠶ᠎ᠠ᠂《ᠬᠣᠶᠠᠷ ᠰᠢᠨ᠎ᠡ》ᠠᠵᠢᠯ᠎ᠤᠨ ᠬᠣᠷᠢᠶ᠎ᠠ᠂ ᠤᠯᠤᠰ᠎ᠤᠨ ᠥᠮᠴᠢᠯᠡᠯ ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠦᠨ ᠨᠠᠮ᠎ᠤᠨ ᠬᠤᠷᠢᠶ᠎ᠡ ᠲᠣᠰ ᠬᠦᠷᠢᠶ᠎ᠡ ᠲᠣᠰ ᠠᠵᠢᠯ ᠲᠥᠷᠥᠯ ᠲᠣᠰ ᠰᠢᠰᠲᠧᠮ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠤᠯᠭ᠎ᠠ᠎ᠪᠠᠨ ᠴᠢᠩᠭᠠᠳᠬᠠᠵᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠰᠤ ᠴᠢᠨᠠᠷ ᠢ ᠳᠡᠭᠡᠭᠰᠢᠯᠡᠭᠦᠯᠵᠦ᠂ ᠨᠠᠮ᠎ᠤᠨ ᠪᠠᠢᠭᠤᠯᠤᠯᠲᠠ᠎ᠶᠢᠨ ᠠᠵᠢᠯ ᠬᠢᠭᠡᠳ ᠲᠤᠬᠠᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠡᠴᠡ ᠳᠣᠣᠷᠠᠳᠤ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠨᠠᠮ ᠤᠨ ᠪᠠᠢᠭᠤᠯᠤᠯᠲᠠ᠎ᠶᠢᠨ ᠠᠵᠢᠯ ᠢ ᠵᠢᠯᠤᠭᠣᠳᠬᠤ ᠡᠷᠴᠢᠮ᠎ᠢᠶᠡᠨ ᠴᠢᠩᠭᠠᠷᠠᠭᠤᠯᠵᠤ᠂ ᠪᠦᠲᠦᠮᠵᠢᠲᠡᠢ ᠲᠤᠷᠰᠢᠯᠭ᠎ᠠ᠎ᠶᠢ ᠳ᠋ᠦᠩᠨᠡᠨ ᠳᠡᠯᠭᠡᠷᠡᠭᠦᠯᠬᠦ ᠬᠡᠷᠡᠭᠳᠡᠢ᠃ ᠨᠠᠮ᠎ᠤᠨ ᠬᠣᠷᠢᠶ᠎ᠠ (ᠨᠠᠮ ᠤᠨ ᠤᠳᠤᠷᠢᠳᠬᠤ ᠳᠤᠭᠤᠢᠯᠠᠩ) ᠶ᠋ᠢᠨ ᠱᠦᠵᠢ᠎ᠶᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠠᠵᠢᠯ ᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ᠎ᠶᠢ ᠦᠨᠡᠯᠡᠨ ᠰᠢᠯᠭᠠᠬᠤ ᠠᠵᠢᠯ᠎ᠢ ᠪᠣᠳᠠᠲᠠᠢ ᠬᠢᠬᠦ ᠬᠡᠷᠡᠭᠲᠡᠢ᠃ ᠨᠠᠮ ᠤᠨ ᠠᠵᠢᠯ᠎ᠤᠨ ᠠᠵᠢᠯᠲᠠᠳ᠎ᠤᠨ ᠡᠩᠨᠡᠭᠡᠨ ᠪ ᠪᠠᠢᠭᠤᠯᠤᠯᠲᠠ᠎ᠶᠢ ᠴᠢᠩᠭᠠᠳᠬᠠᠨ᠂ ᠬᠦᠴᠦᠨ ᠴᠢᠳᠠᠯ ᠢ ᠪᠦᠷᠢᠨ ᠭᠦᠢᠴᠡᠳ ᠴᠢᠩᠭ᠎ᠠ ᠲᠣᠬᠢᠷᠠᠭᠤᠯᠵᠤ᠂ ᠲᠣᠭ᠎ᠠ ᠬᠡᠮᠵᠢᠶ᠎ᠡ ᠨᠢ ᠬᠦᠷᠦᠯᠴᠡᠬᠦ ᠦᠭᠡᠢ᠂ ᠬᠦᠴᠦᠨ ᠨᠢ ᠰᠤᠯᠠ ᠪᠠᠢᠭ᠎ᠠ ᠠᠰᠠᠭᠤᠳᠠᠯ ᠢ᠋ ᠦᠨᠡᠨᠬᠦ ᠰᠢᠢᠳᠪᠦᠷᠢᠯᠡᠬᠦ ᠬᠡᠷᠡᠭᠲᠡᠢ᠃ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠪᠠᠢᠭᠤᠯᠤᠮᠵᠢ ᠪᠠ ᠵᠣᠬᠢᠶᠠᠨ ᠪᠠᠢᠭᠤᠯᠵᠤ ᠬᠠᠮᠢᠶᠠᠷᠬᠤ ᠰᠢᠰᠲᠧᠮ᠎ᠢ ᠲᠡᠭᠦᠯᠳᠡᠷᠵᠢᠭᠦᠯᠵᠦ᠂ ᠨᠢᠭᠡ ᠱᠠᠲᠤ ᠨᠢ ᠨᠢᠭᠡ ᠱᠠᠲᠤ᠎ᠪᠠᠨ ᠠᠳᠬᠤᠬᠤ᠂ ᠲᠤᠰ ᠱᠠᠲᠤ᠎ᠪᠠᠨ ᠰᠠᠢᠲᠤᠷ ᠠᠳᠬᠤᠵᠦ ᠳᠤᠤᠷᠠᠳᠦ ᠱᠠᠳᠤ ᠪᠡᠨ ᠲᠠᠭᠠᠭᠤᠯᠬᠤ᠂ ᠦᠨᠳᠦᠰᠦᠨ ᠱᠠᠲᠤ᠎ᠶᠢ ᠶᠡᠬᠡᠪᠡᠷ ᠠᠳᠬᠤᠵᠤ ᠰᠠᠭᠤᠷᠢ᠎ᠶᠢ ᠴᠢᠩᠭᠠᠳᠬᠠᠬᠤ ᠠᠵᠢᠯ᠎ᠤᠨ ᠪᠠᠢᠷᠢᠰᠢᠯ᠎ᠢ ᠪᠤᠢ ᠪᠣᠯᠭᠠᠵᠤ᠂ ᠡᠯ᠎ᠡ ᠬᠦᠷᠢᠶ᠎ᠡ ᠡᠯ᠎ᠡ ᠱᠠᠲᠤ ᠳᠠᠪᠬᠤᠷᠭ᠎ᠠ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠦᠬᠦ ᠲᠠᠯ᠎ᠠ᠎ᠪᠠᠷ ᠲᠠᠪᠰᠢᠬᠤ᠂ ᠪᠦᠬᠦ ᠲᠠᠯ᠎ᠠ᠎ᠪᠠᠷ ᠬᠠᠲᠠᠭᠤᠵᠢᠬᠤ᠎ᠶᠢ ᠠᠬᠢᠭᠤᠯᠬᠤ ᠬᠡᠷᠡᠭᠳᠡᠢ᠃
ᠵᠢᠷᠭᠤᠭ᠎ᠠ᠂ ᠨᠠᠮ᠎ᠤᠨ ᠲᠥᠪ ᠬᠤᠷᠢᠶ᠎ᠠ᠎ᠶᠢᠨ ᠴᠦᠬᠦᠷᠡᠰᠢ ᠦᠭᠡᠢ ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠵᠦ᠂ ᠬᠤᠷᠴᠠ ᠴᠢᠩᠭ᠎ᠠ ᠢᠯᠠ ᠳᠤᠳᠤ ᠰᠠᠬᠢᠯᠭ᠎ᠠ ᠪᠠᠲᠤ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠵᠤ᠂ ᠰᠠᠢᠨ ᠰᠠᠢᠬᠠᠨ ᠳᠦᠷᠢ ᠲᠥᠷᠬᠦ᠎ᠪᠡᠷ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠬᠤ ᠬᠡᠷᠡᠭᠲᠡᠢ
(ᠬᠣᠷᠢᠨ ᠵᠢᠷᠭᠤᠭ᠎ᠠ ) ᠰᠢᠨ᠎ᠡ ᠴᠠᠭ ᠦᠶ᠎ᠡ᠎ᠶᠢᠨ ᠨᠠᠮ᠎ᠤᠨ ᠣᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠬᠤ ᠬᠡᠷᠡᠭᠳᠡᠢ᠃ ᠵᠣᠷᠢᠯᠲᠠ᠎ᠶᠢᠨ ᠬᠥᠮᠦᠵᠢᠯ᠎ᠢ ᠴᠥᠬᠥᠷᠡᠰᠢ ᠦᠭᠡᠢ ᠴᠢᠩᠭᠠᠳᠬᠠᠵᠤ᠂ ᠨᠠᠮ᠎ᠤᠨ ᠭᠡᠰᠢᠭᠦᠨ᠂ ᠺᠠᠳ᠋ᠷ᠎ᠢ ᠬᠥᠲᠥᠯᠥᠨ ᠵᠢᠯᠤᠭᠣᠳᠴᠤ ᠪᠠᠢᠭᠠᠳ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠦᠢᠯᠡᠳᠦᠯᠭᠡᠵᠢᠭᠦᠯᠵᠦ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢᠶᠡᠷ ᠲᠡᠮᠡᠴᠡᠬᠦ ᠬᠠᠷᠠᠯᠲᠠ᠎ᠪᠠᠨ ᠪᠣᠯᠭᠠᠬᠤ ᠬᠡᠷᠡᠭᠲᠡᠢ᠃ ᠨᠠᠮ᠎ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠪᠠᠢᠭᠠᠳ ᠨᠠᠮ ᠳᠠᠭᠠᠨ ᠬᠠᠷᠢᠭᠤᠴᠠᠬᠤ ᠪᠠ ᠠᠷᠠᠳ ᠲᠦᠮᠡᠨ᠎ᠳᠦ ᠬᠠᠷᠢᠭᠤᠴᠠᠬᠤ᠎ᠶᠢ ᠳᠡᠭᠡᠳᠦ ᠬᠡᠮᠵᠢᠶ᠎ᠡ᠎ᠪᠡᠷ ᠨᠢᠭᠡᠳᠬᠡᠵᠦ᠂ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠤᠴᠢᠷ ᠶᠠᠪᠤᠳᠠᠯ ᠰᠢᠢᠳᠪᠦᠷᠢᠯᠡᠬᠦ᠎ᠳᠡᠭᠡᠨ ᠴᠥᠮ ᠠᠷᠠᠳ ᠲᠦᠮᠡᠨ ᠦ ᠠᠰᠢᠭ᠋ ᠲᠤᠰᠠ᠎ᠡᠴᠡ ᠡᠭᠦᠰᠴᠦ᠂ ᠠᠷᠠᠳ ᠤᠯᠠᠨ ᠤ ᠬᠠᠮᠤᠭ᠎ᠡᠴᠡ ᠠᠩᠬᠠᠷᠴᠤ ᠪᠠᠢᠭ᠎ᠠ ᠬᠠᠮᠤᠭ ᠤᠨ ᠰᠢᠭᠤᠳ ᠬᠠᠮᠤᠭ᠎ᠤᠨ ᠪᠣᠳᠠᠲᠠᠢ ᠠᠰᠢᠭ᠋ ᠲᠤᠰᠠ᠎ᠶᠢᠨ ᠠᠰᠠᠭᠤᠳᠠᠯ᠎ᠢ ᠬᠦᠴᠦᠯᠡᠨ ᠰᠢᠢᠳᠪᠦᠷᠢᠯᠡᠬᠦ ᠬᠡᠷᠡᠭᠲᠡᠢ᠂ ᠥᠪᠡᠷ᠎ᠦᠨ ᠬᠢ᠎ᠪᠡᠨ ᠯᠡ ᠵᠥᠪ ᠭᠡᠬᠦ᠂ ᠣᠮᠣᠭ ᠰᠦᠷᠢᠶᠡᠷᠢᠶᠡᠨ ᠪᠤᠰᠤᠳ᠎ᠢ ᠰᠦᠷᠳᠡᠭᠦᠯᠬᠦ᠎ᠶᠢ ᠶᠠᠭᠠᠬᠢᠭ᠍ᠰᠠᠨ ᠴᠤ᠌ ᠵᠥᠪᠰᠢᠶᠡᠷᠡᠬᠦ ᠦᠭᠡᠢ᠂ ᠤᠯᠠᠨ ᠲᠦᠮᠡᠨ᠎ᠦ ᠵᠣᠪᠠᠭᠤᠷᠢ ᠵᠦᠳᠡᠭᠦᠷᠢ᠎ᠶᠢ ᠬᠠᠢᠬᠤᠷᠬᠤ ᠦᠭᠡᠢ᠂ ᠤᠯᠠᠨ ᠲᠦᠮᠡᠨ᠎ᠦ ᠠᠰᠢᠭ᠋ ᠲᠤᠰᠠ᠎ᠶᠢ ᠬᠣᠬᠢᠷᠠᠭᠤᠯᠬᠤ᠎ᠶᠢ ᠶᠠᠭᠠᠬᠢᠭ᠍ᠰᠠᠨ ᠴᠤ᠌ ᠵᠥᠪᠰᠢᠶᠡᠷᠡᠬᠦ ᠦᠭᠡᠢ᠃ ᠡᠯ᠎ᠡ ᠱᠠᠲᠤᠨ᠎ᠤ ᠤᠳᠤᠷᠢᠳᠬᠤ ᠪᠠᠢᠭᠤᠯᠭ᠎ᠠ ᠪᠠ ᠤᠳᠤᠷᠢᠳᠬᠤ ᠺᠠᠳ᠋ᠷᠴᠤᠳ ᠵᠠᠰᠠᠭ᠎ᠤᠨ ᠶᠠᠪᠤᠳᠠᠯ᠎ᠢ ᠠᠷᠠᠳ᠎ᠡᠴᠡ ᠠᠰᠠᠭᠤᠬᠤ᠂ ᠬᠡᠷᠡᠭᠴᠡᠭᠡ᠎ᠶᠢ ᠠᠷᠠᠳ᠎ᠡᠴᠡ ᠠᠰᠠᠭᠤᠬᠤ᠂ ᠠᠷᠭ᠎ᠠ ᠪᠣᠳᠣᠯᠭ᠎ᠠ᠎ᠶᠢ ᠠᠷᠠᠳ᠎ᠡᠴᠡ ᠠᠰᠠᠭᠤᠬᠤ᠂ ᠠᠷᠠᠳ ᠲᠦᠮᠡᠨ᠎ᠦ ᠰᠠᠢᠨ ᠠᠯᠪᠠᠨ ᠵᠠᠷᠤᠴᠠ ᠪᠣᠯᠬᠤ ᠬᠡᠷᠡᠭᠲᠡᠢ᠃ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠦᠷᠭᠦᠯᠵᠢᠯᠡᠨ ᠬᠡᠷᠡᠭᠵᠢᠭᠦᠯᠵᠦ᠂ ᠣᠯᠠᠨ ᠲᠦᠮᠡᠨ᠎ᠦ ᠶᠠᠪᠤᠳᠠᠯ᠎ᠢ ᠰᠡᠳᠬᠢᠯ ᠲᠠᠯᠪᠢᠨ ᠰᠠᠢᠲᠤᠷ ᠬᠢᠬᠦ ᠬᠡᠷᠡᠭᠳᠡᠢ᠃ ᠤᠯᠠᠨ ᠲᠦᠮᠡᠨ᠎ᠲᠠᠢ ᠬᠠᠷᠢᠯᠴᠠᠬᠤ ᠠᠷᠭ᠎ᠠ᠎ᠶᠢ ᠰᠠᠢᠵᠢᠷᠠᠭᠤᠯᠤᠨ ᠰᠢᠨ᠎ᠡ᠎ᠵᠢ ᠡᠭᠦᠳᠴᠦ᠂ ᠠᠷᠠᠳ᠎ᠤᠨ ᠰᠠᠨᠠᠭ᠎ᠠ᠎ᠶᠢ ᠪᠠᠢᠴᠠᠭᠠᠬᠤ ᠵᠡᠷᠭᠡ ᠳᠦᠷᠢᠮ᠎ᠢ ᠲᠡᠭᠦᠯᠳᠡᠷᠵᠢᠭᠦᠯᠦᠨ᠂ ᠡᠯ᠎ᠡ ᠵᠦᠢᠯ ᠦᠨ ᠠᠷᠭ᠎ᠠ ᠵᠠᠮ᠎ᠢ ᠠᠰᠢᠭ᠍ᠯᠠᠨ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢ ᠣᠢᠯᠠᠭᠠᠵᠤ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠠᠩᠬᠠᠷᠤᠨ ᠰᠣᠨᠣᠰᠬᠤ ᠬᠡᠷᠡᠭᠳᠡᠢ᠃ ᠠᠷᠠᠳ᠎ᠤᠨ ᠠᠮᠢᠳᠤᠷᠠᠯ᠎ᠳᠤ ᠬᠣᠯᠪᠣᠭᠳᠠᠭᠰᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠤᠯᠠᠨ ᠲᠦᠮᠡᠨ᠎ᠡᠴᠡ ᠰᠠᠨᠠᠯ ᠬᠤᠷᠢᠶᠠᠬᠤ ᠳᠦᠷᠢᠮ᠎ᠢ ᠨᠠᠢᠳᠠᠪᠤᠷᠢᠵᠢᠭᠤᠯᠬᠤ ᠬᠡᠷᠡᠭᠳᠡᠢ᠃《ᠳᠥᠷᠪᠡ᠎ᠶᠢ ᠦᠨᠳᠦᠰᠦᠨ ᠱᠠᠲᠤᠨ᠎ᠳᠤ ᠪᠠᠭᠤᠯᠭᠠᠬᠤ》 ᠶ᠋ᠢ ᠪᠠᠷᠢᠮᠲᠠᠯᠠᠨ᠂ ᠣᠯᠠᠨ ᠲᠦᠮᠡᠨ᠎ᠦ ᠪᠠᠴᠢᠮᠳᠡᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠦᠷᠭᠦᠯᠵᠢᠯᠡᠨ ᠰᠢᠢᠳᠪᠦᠷᠢᠯᠡᠵᠦ᠂ ᠣᠯᠠᠨ ᠲᠦᠮᠡᠨ᠎ᠳᠦ ᠮᠡᠳᠡᠷᠡᠬᠦᠯᠬᠦ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠵᠠᠬᠢᠳᠠᠯ ᠰᠤᠷᠪᠤᠯᠵᠢᠯᠠᠯ᠎ᠢ ᠦᠷᠭᠦᠯᠵᠢ ᠬᠦᠯᠢᠶᠡᠨ ᠠᠪᠴᠤ ᠳᠣᠷᠣᠭ᠍ᠰᠢ ᠪᠠᠭᠤᠵᠤ᠂ ᠤᠯᠠᠨ ᠲᠦᠮᠡᠨ᠎ᠦ ᠢᠷᠡᠭᠦᠯᠦᠭᠰᠡᠨ ᠵᠠᠬᠢᠳᠠᠯ᠎ᠢ ᠬᠢᠨᠠᠮᠠᠭᠠᠢ ᠤᠩᠰᠢᠨ ᠴᠣᠬᠣᠯᠠᠪᠤᠷᠢᠯᠠᠵᠤ᠂ ᠴᠢᠬᠤᠯᠠ ᠶᠡᠬᠡ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠳᠠᠭᠠᠭᠠᠨ ᠠᠪᠴᠤ ᠰᠢᠢᠳᠪᠦᠷᠢᠯᠡᠬᠦ ᠠᠵᠢᠯ᠎ᠢ ᠰᠠᠢᠲᠤᠷ ᠬᠢᠬᠦ ᠬᠡᠷᠡᠭᠲᠡᠢ᠃ ᠵᠠᠬᠢᠳᠠᠯ ᠰᠤᠷᠪᠤᠯᠵᠢᠯᠠᠯ᠎ᠤᠨ ᠠᠵᠢᠯ᠎ᠢ ᠬᠠᠤᠯᠢ᠎ᠪᠠᠷ ᠵᠠᠰᠠᠬᠤ᠎ᠶᠢ ᠠᠬᠢᠭᠤᠯᠵᠤ᠂ ᠠᠷᠠᠳ ᠤᠨ ᠠᠮᠢᠳᠤᠷᠠᠯ᠎ᠤᠨ ᠬᠦᠷᠢᠶᠡᠨ᠎ᠳᠡᠬᠢ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠢᠲᠤᠷ ᠠᠳᠬᠤᠬᠤ ᠬᠡᠷᠡᠭᠳᠡᠢ᠃ ᠰᠦᠯᠵᠢᠶᠡᠨ ᠳᠡᠭᠡᠷᠡᠬᠢ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠨᠠᠮ᠎ᠤᠨ ᠰᠢᠯᠢᠳᠡᠭ ᠤᠯᠠᠮᠵᠢᠯᠠᠯ ᠪᠠ ᠰᠢᠨ᠎ᠡ ᠮᠡᠷᠭᠡᠵᠢᠯ ᠰᠢᠨ᠎ᠡ ᠠᠷᠭ᠎ᠠ ᠪᠠᠷᠢᠯ᠎ᠢ ᠤᠶᠠᠯᠳᠤᠭᠤᠯᠬᠤ᠎ᠳᠠᠭᠠᠨ ᠴᠢᠳᠠᠮᠠᠭᠠᠢ ᠪᠠᠢᠵᠤ᠂ ᠰᠦᠯᠵᠢᠶᠡᠨ ᠳᠡᠭᠡᠷᠡᠬᠢ ᠤᠯᠠᠨ ᠲᠦᠮᠡᠨ᠎ᠦ ᠠᠵᠢᠯ᠎ᠢ ᠬᠢᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶᠢᠨ ᠠᠷᠠᠳ ᠤᠯᠠᠨ᠎ᠲᠠᠢ ᠬᠠᠷᠢᠯᠴᠠᠬᠤ ᠬᠣᠯᠪᠣᠭᠠᠰᠤ᠎ᠶᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠤᠯᠤᠰ ᠲᠦᠷᠦ᠎ᠶᠢᠨ ᠳᠠᠢᠴᠢᠯᠠᠯᠲᠠ᠂ ᠤᠯᠤᠰ ᠲᠦᠷᠦ᠎ᠶᠢᠨ ᠬᠥᠲᠥᠯᠥᠨ ᠳᠠᠭᠠᠭᠤᠯᠭ᠎ᠠ᠂ ᠤᠯᠤᠰ ᠲᠦᠷᠦ᠎ᠶᠢᠨ ᠬᠥᠮᠦᠵᠢᠯ᠎ᠦᠨ ᠠᠵᠢᠯ᠎ᠤᠨ ᠡᠷᠴᠢᠮ᠎ᠢ ᠴᠢᠩᠭᠠᠷᠠᠭᠤᠯᠵᠤ᠂ ᠤᠯᠠᠨ ᠲᠦᠮᠡᠨ᠎ᠦ ᠨᠠᠮ᠎ᠤᠨ ᠦᠭᠡ᠎ᠶᠢ ᠰᠣᠨᠣᠰᠬᠤ᠂ ᠨᠠᠮ᠎ᠤᠨ ᠠᠴᠢ᠎ᠳᠤ ᠲᠠᠯᠠᠷᠬᠠᠬᠤ᠂ ᠨᠠᠮ᠎ᠢᠶᠠᠨ ᠲᠠᠭᠠᠬᠤ᠎ᠶᠢ ᠨᠡᠩ ᠰᠠᠢᠲᠤᠷ ᠬᠥᠲᠥᠯᠥᠨ ᠵᠢᠯᠣᠭᠤᠳᠬᠤ ᠬᠡᠷᠡᠭᠳᠡᠢ᠃
(ᠬᠣᠷᠢᠨ ᠳᠣᠯᠣᠭ᠎ᠠ)ᠲᠥᠪ᠎ᠤᠨ ᠨᠠᠢ᠍ᠮᠠᠨ ᠲᠣᠭᠲᠠᠭᠠᠯ ᠤᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠨᠠᠢᠳᠠᠪᠤᠷᠢᠵᠢᠭᠤᠯᠬᠤ ᠬᠡᠷᠡᠭᠳᠡᠢ᠃ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠭᠰᠠᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠪᠠᠢᠩᠭᠤ᠎ᠶᠢᠨ ᠴᠢᠨᠠᠷᠲᠠᠢ ᠰᠤᠷᠤᠯᠴᠠᠯᠭ᠎ᠠ ᠬᠥᠮᠦᠵᠢᠯ᠎ᠢᠶᠡᠷ ᠰᠠᠭᠤᠷᠢ ᠪᠣᠯᠭᠠᠵᠤ᠂ ᠰᠤᠷᠲᠠᠯ ᠢᠯᠵᠢᠷᠠᠯ᠎ᠢ ᠵᠡᠷᠭᠡ᠎ᠳᠤ᠎ᠨᠢ ᠪᠠᠢᠴᠠᠭᠠᠵᠤ ᠵᠡᠷᠭᠡ ᠳ᠋ᠤᠨᠢ ᠵᠠᠰᠠᠬᠤ᠎ᠪᠠᠷ ᠭᠠᠷᠳᠡᠴᠡ ᠪᠣᠯᠭᠠᠵᠤ᠂ ᠵᠥᠪ ᠪᠤᠷᠤᠭᠤ ᠬᠣᠶᠠᠷ ᠲᠠᠯ᠎ᠠ᠎ᠶᠢᠨ ᠨᠡᠢᠲᠡᠯᠢᠭ ᠵᠢᠱ᠌ᠢᠶ᠎ᠡ᠎ᠶᠢᠨ ᠬᠥᠮᠦᠵᠢᠯ᠎ᠢ ᠴᠢᠩᠭᠠᠳᠬᠠᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠤᠨ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠦᠨᠡᠨ ᠬᠦ᠌ ᠰᠡᠳᠬᠢᠯ᠎ᠳᠡᠭᠡᠨ ᠰᠢᠩᠭᠡᠭᠡᠵᠦ᠂ ᠦᠢᠯᠡ ᠠᠵᠢᠯᠯᠠᠭ᠎ᠠ᠎ᠳᠠᠭᠠᠨ ᠠᠭᠤᠰᠬᠠᠬᠤ᠎ᠶᠢ ᠠᠬᠢᠭᠤᠯᠬᠤ ᠬᠡᠷᠡᠭᠳᠡᠢ᠃ ᠬᠤᠷᠠᠯ᠂ ᠪᠢᠴᠢᠭ ᠪᠠᠷᠢᠮᠳᠠ᠂ ᠮᠡᠳᠡᠭᠦᠯᠦᠨ ᠬᠦᠷᠭᠡᠬᠦ ᠮᠠᠲᠧᠷᠢᠶᠠᠯ ᠢ ᠴᠣᠮᠬᠠᠳᠬᠠᠵᠤ᠂ 《ᠣᠬᠣᠷ ᠪᠣᠳᠠᠲᠠᠢ ᠰᠢᠨ᠎ᠡ》 ᠪᠠᠢᠬᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠬᠤᠷᠠᠯ᠎ᠤᠨ ᠰᠤᠷᠲᠠᠯ ᠪᠠ ᠵᠣᠬᠢᠶᠠᠯ᠎ᠤᠨ ᠰᠤᠷᠲᠠᠯ᠎ᠢ ᠦᠷᠭᠦᠯᠵᠢᠯᠡᠨ ᠰᠠᠢᠵᠢᠷᠠᠭᠤᠯᠬᠤ ᠬᠡᠷᠡᠭᠳᠡᠢ᠃ ᠨᠠᠮ ᠵᠠᠰᠠᠭ ᠤᠨ ᠤᠳᠤᠷᠢᠳᠬᠤ ᠺᠠᠳ᠋ᠷ᠎ᠤᠨ ᠵᠣᠬᠢᠶᠠᠨ ᠪᠠᠢᠭᠤᠯᠤᠯᠲᠠ᠎ᠶᠢᠨ ᠵᠥᠪᠰᠢᠶᠡᠷᠡᠯ ᠦᠭᠡᠢ᠎ᠪᠡᠷ ᠬᠤᠪᠢ ᠬᠥᠮᠥᠨ ᠦ ᠵᠣᠬᠢᠶᠠᠯ ᠪᠦᠲᠦᠭᠡᠯ᠎ᠢᠶᠡᠨ ᠢᠯᠡ᠎ᠪᠡᠷ ᠬᠡᠪᠯᠡᠭᠦᠯᠵᠦ ᠪᠣᠯᠬᠤ ᠦᠭᠡᠢ ᠭᠡᠬᠦ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠬᠤ ᠬᠡᠷᠡᠭᠳᠡᠢ᠃ ᠤᠳᠤᠷᠢᠳᠬᠤ ᠺᠠᠳ᠋ᠷ᠎ᠤᠨ ᠭᠠᠳᠠᠭᠰᠢ ᠠᠢᠯᠴᠢᠯᠠᠬᠤ ᠲᠣᠭᠲᠠᠭᠠᠯ᠎ᠢ ᠴᠢᠩᠭ᠎ᠠ ᠬᠡᠷᠡᠭᠵᠢᠭᠦᠯᠬᠦ ᠬᠡᠷᠡᠭᠳᠡᠢ᠃ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠦ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠬᠢᠨᠠᠨ ᠪᠠᠢᠴᠠᠭᠠᠵᠤ ᠰᠢᠯᠭᠠᠨ ᠪᠠᠢᠴᠠᠭᠠᠬᠤ᠎ᠶᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠵᠤ᠂ ᠡᠭᠦᠳᠦᠨ ᠪᠠᠢᠭᠤᠯᠵᠤ ᠵᠢᠱ᠌ᠢᠶ᠎ᠡ ᠦᠵᠡᠭᠦᠯᠬᠦ᠂ ᠪᠠᠷᠢᠮᠵᠢᠶ᠎ᠠ᠎ᠳᠤ ᠬᠦᠷᠭᠡᠬᠦ ᠪᠠ ᠠᠳᠠᠯᠢᠳᠬᠠᠨ ᠬᠥᠬᠢᠭᠦᠯᠬᠦ ᠠᠵᠢᠯᠯᠠᠭ᠎ᠠ᠎ᠶᠢ ᠵᠢᠷᠤᠮᠵᠢᠭᠤᠯᠵᠦ᠂ ᠪᠠᠶᠠᠷ ᠳᠤᠷᠠᠰᠬᠠᠯ ᠦᠵᠡᠭᠦᠯᠭᠡ ᠬᠤᠷᠠᠯ ᠶᠠᠷᠢᠶᠠᠨ᠎ᠤ ᠲᠠᠪᠴᠠᠩ᠎ᠤᠨ ᠠᠵᠢᠯᠯᠠᠭ᠎ᠠ᠎ᠶᠢ ᠴᠡᠭᠴᠡᠯᠡᠨ ᠵᠢᠷᠤᠮᠵᠢᠭᠤᠯᠵᠤ᠂《ᠬᠤᠷᠤᠭᠤᠨ ᠦᠵᠦᠭᠦᠷᠲᠡᠬᠢ ᠬᠡᠯᠪᠡᠷᠢᠴᠢ ᠦᠵᠡᠯ》 ᠢ᠋ ᠴᠡᠭᠴᠡᠯᠡᠨ ᠵᠠᠰᠠᠵᠤ᠂ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ)᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠵᠦᠢᠯᠡᠰ᠎ᠦᠨ ᠨᠠᠷᠢᠨ ᠳᠠᠨᠭᠰᠠ᠎ᠶᠢ ᠨᠠᠢᠳᠠᠪᠤᠷᠢᠵᠢᠭᠤᠯᠵᠤ᠂ ᠭᠠᠴᠡᠭ᠎ᠠ ᠲᠣᠰᠬᠣᠨ(ᠨᠡᠢᠭᠡᠮ ᠲᠣᠭᠣᠷᠢᠭ᠋) ᠤ᠋ ᠠᠵᠢᠯ᠎ᠤᠨ ᠵᠦᠢᠯᠡᠰ᠎ᠤᠨ ᠵᠥᠪᠰᠢᠶᠡᠷᠡᠨ ᠣᠷᠣᠭᠤᠯᠬᠤ ᠳᠦᠷᠢᠮ᠎ᠢ ᠪᠦᠷᠢᠨᠰᠢᠭᠦᠯᠬᠦ ᠬᠡᠷᠡᠭᠳᠡᠢ᠃ ᠨᠠᠮ ᠵᠠᠰᠠᠭ᠎ᠤᠨ ᠪᠠᠢᠭᠤᠯᠭ᠎ᠠ᠎ᠶᠢᠨ ᠠᠷᠪᠢᠴᠢ ᠭᠠᠮᠲᠠᠢ ᠪᠠᠢᠬᠤ ᠵᠢ ᠪᠠᠷᠢᠮᠲᠠᠯᠠᠵᠤ᠂《ᠠᠯᠪᠠᠨ᠎ᠤ ᠭᠤᠷᠪᠠᠨ ᠵᠠᠷᠤᠳᠠᠯ》 ᠢ᠋ ᠴᠢᠩᠭ᠎ᠠ ᠡᠵᠡᠮᠳᠡᠵᠤ᠂ ᠠᠰᠠᠷ ᠲᠠᠩᠬᠢᠮ ᠪᠠᠭᠤᠳᠠᠯ ᠵᠤᠴᠢᠯᠠᠬᠤ ᠭᠠᠵᠠᠷ᠎ᠢ ᠰᠢᠨ᠎ᠡ᠎ᠪᠡᠷ ᠪᠠᠶ᠋ᠢᠭᠤᠯᠬᠤ᠎ᠶᠢ ᠴᠢᠩᠭ᠎ᠠ ᠬᠢᠵᠠᠭᠠᠷᠯᠠᠬᠤ ᠬᠡᠷᠡᠭᠳᠡᠢ᠃ ᠡᠯ᠎ᠡ ᠱᠠᠲᠤᠨ᠎ᠤ ᠨᠠᠮ ᠤᠨ ᠵᠣᠬᠢᠶᠠᠨ ᠪᠠᠢᠭᠤᠯᠤᠯᠲᠠ᠎ᠶᠢᠨ ᠰᠤᠷᠲᠠᠯ᠎ᠤᠨ ᠪᠠᠢᠭᠤᠯᠤᠯᠲᠠ᠎ᠶᠢ ᠲᠣᠭᠲᠠᠮᠠᠯ ᠬᠤᠭᠤᠴᠠᠭ᠎ᠠ᠎ᠲᠠᠢ ᠪᠠᠷ ᠰᠤᠳᠤᠯᠬᠤ ᠲᠣᠭᠲᠡᠴᠡ᠎ᠶᠢ ᠲᠡᠭᠦᠯᠳᠡᠷᠵᠢᠭᠦᠯᠵᠦ᠂ ᠨᠠᠷᠢᠯᠢᠭ᠋ ᠣᠨᠣᠴᠠᠲᠠᠢ ᠪᠠᠷ ᠢᠯᠭᠠᠨ ᠲᠠᠨᠢᠵᠤ᠂ ᠪᠦᠲᠦᠮᠵᠢᠲᠡᠶ᠎ᠪᠡᠷ ᠰᠡᠷᠭᠡᠢᠯᠡᠵᠦ᠂ 《ᠲᠦᠷᠪᠡᠨ ᠰᠤᠷᠲᠠᠯ》 ᠤ᠋ᠨ ᠠᠰᠠᠭᠤᠳᠠᠯ ᠤᠨ ᠰᠢᠨ᠎ᠡ ᠬᠠᠨᠳᠤᠰᠢ᠎ᠶᠢ ᠴᠢᠩᠭ᠎ᠠ ᠵᠠᠯᠠᠷᠠᠭᠤᠯᠤᠨ ᠵᠠᠰᠠᠬᠤ ᠬᠡᠷᠡᠭᠳᠡᠢ᠃
(ᠬᠣᠷᠢᠨ ᠨᠠᠢ᠍ᠮᠠ) ᠰᠤᠷᠲᠠᠯ ᠤᠨ ᠪᠠᠢᠭᠤᠯᠤᠯᠲᠠ᠎ᠶᠢ ᠪᠠᠢᠩᠭᠤᠵᠢᠭᠤᠯᠤᠨ ᠣᠷᠳᠣ᠌ ᠬᠤᠭᠤᠴᠠᠭ᠎ᠠ᠎ᠪᠠᠷ ᠪᠦᠲᠦᠮᠵᠢᠲᠡᠶ ᠪᠠᠢᠯᠭᠠᠬᠤ᠎ᠶᠢ ᠠᠬᠢᠭᠤᠯᠬᠤ ᠬᠡᠷᠡᠭᠳᠡᠢ᠃ ᠰᠤᠷᠲᠠᠯ᠎ᠤᠨ ᠪᠠᠢᠭᠤᠯᠤᠯᠲᠠ᠎ᠶᠢ ᠡᠳᠦᠷ ᠲᠤᠳᠤᠮ᠎ᠤᠨ ᠠᠵᠢᠯ᠎ᠳᠤ ᠠᠭᠤᠰᠬᠠᠨ᠂ ᠪᠠᠢᠩᠭᠤ ᠠᠳᠬᠤᠵᠤ᠂ ᠰᠤᠷᠲᠠᠯ᠎ᠤᠨ ᠪᠠᠢᠭᠤᠯᠤᠯᠲᠠ᠎ᠶᠢ ᠠᠳᠬᠤᠬᠤ᠎ᠳᠤ 《ᠪᠠᠭ᠎ᠠ ᠶᠠᠪᠤᠳᠠᠯ᠎ᠢ ᠶᠠᠪᠤᠳᠠᠯ᠎ᠳᠦ ᠪᠤᠳᠤᠬᠤ ᠦᠭᠡᠢ ᠤᠨᠤᠯ》᠂ 《ᠭᠠᠵᠠᠷ ᠣᠷᠣᠨ᠎ᠤ ᠣᠨᠴᠠᠭᠠᠢ ᠪᠠᠢᠳᠠᠯ᠎ᠤᠨ ᠤᠨᠤᠯ》᠂ ᠬᠥᠭᠵᠢᠯᠲᠡ᠎ᠶᠢ ᠬᠠᠷᠰᠢᠯᠠᠬᠤ 《ᠬᠣᠣᠷᠲᠠᠢ ᠤᠨᠤᠯ》 ᠵᠡᠷᠭᠡ ᠪᠤᠷᠤᠭᠤ ᠤᠨᠤᠯ ᠶᠠᠷᠢᠶ᠎ᠠ᠎ᠶᠢ ᠡᠷᠡᠰ ᠡᠰᠡᠷᠭᠦᠴᠡᠬᠦ ᠬᠡᠷᠡᠭᠲᠡᠢ᠃ ᠡᠭᠦᠰᠴᠦ ᠪᠠᠢᠭ᠎ᠠ ᠠᠰᠠᠭᠤᠳᠠᠯ᠎ᠢ ᠢᠯᠡᠷᠡᠭᠦᠯᠬᠦ ᠨᠡᠢᠲᠡᠯᠢᠭ ᠵᠢᠱ᠌ᠢᠶ᠎ᠡ᠎ᠶᠢ ᠢᠯᠡᠷᠡᠭᠦᠯᠬᠦ ᠨᠡᠶ᠋ᠢᠲᠡ᠎ᠳᠦ ᠵᠠᠷᠯᠠᠬᠤ᠎ᠶᠢ ᠠᠳᠬᠤᠬᠤ᠎ᠶᠢ ᠪᠠᠷᠢᠮᠲᠠᠯᠠᠵᠤ᠂ ᠴᠢᠬᠤᠯᠠ ᠵᠠᠩᠭᠢᠯᠠᠭ᠎ᠠ᠎ᠶᠢᠨ ᠴᠡᠭ᠎ᠢ ᠴᠢᠩᠭ᠎ᠠ ᠠᠩᠬᠠᠷᠴᠤ᠂ ᠲᠥᠪ ᠪᠤᠰᠤ ᠰᠤᠷᠲᠠᠯ ᠢᠯᠠᠩᠭᠤᠶ᠎ᠠ ᠰᠠᠬᠢᠯᠭ᠎ᠠ ᠪᠠᠲᠤ᠎ᠶᠢ ᠥᠰᠢᠯᠳᠦᠨ ᠵᠥᠷᠢᠴᠡᠭᠰᠡᠨ ᠦᠢᠯᠡ ᠠᠵᠢᠯᠯᠠᠭ᠎ᠠ᠎ᠶᠢ ᠲᠦᠷᠭᠡᠨ ᠪᠠᠢᠴᠠᠭᠠᠨ ᠴᠢᠩᠭ᠎ᠠ ᠰᠢᠢᠳᠭᠡᠵᠦ᠂ ᠥᠴᠥᠬᠡᠨ ᠴᠦ᠍ ᠢᠯᠳᠠᠷ ᠬᠠᠶᠠᠬᠤ ᠦᠭᠡᠢ ᠪᠠᠢᠵᠤ᠂ ᠪᠦᠲᠦᠮᠵᠢᠲᠡᠶ ᠵᠢᠷᠦᠬᠡᠰᠢᠶᠡᠨ ᠰᠦᠷᠳᠡᠬᠦ ᠪᠠᠢᠳᠠᠯ᠎ᠢ ᠪᠤᠢ ᠪᠣᠯᠭᠠᠬᠤ ᠬᠡᠷᠡᠭᠲᠡᠢ᠃《ᠳᠥᠷᠪᠡᠨ ᠰᠤᠷᠲᠠᠯ》 ᠤ᠋ᠨ ᠲᠣᠪᠣᠢᠮ᠎ᠠ ᠠᠰᠠᠭᠤᠳᠠᠯ᠎ᠢ ᠵᠠᠳᠠᠯᠤᠨ ᠰᠤᠳᠤᠯᠵᠤ ᠮᠠᠭᠠᠳᠯᠠᠬᠤ᠎ᠶᠢ ᠴᠢᠩᠭᠠᠳᠬᠠᠵᠤ᠂ ᠴᠤᠬᠤᠶ᠋ᠢᠯᠲᠠ᠎ᠶᠢᠨ ᠴᠢᠨᠠᠷᠲᠠᠢ᠂ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠴᠠᠭ ᠲᠤᠬᠠᠢ ᠳ᠋ᠤᠨᠢ ᠵᠠᠯᠠᠷᠠᠭᠤᠯᠵᠤ᠂ ᠲᠣᠪᠣᠢᠮ᠎ᠠ ᠠᠰᠠᠭᠤᠳᠠᠯ᠎ᠳᠤ ᠲᠤᠰᠬᠠᠢ ᠴᠡᠭᠴᠡᠯᠡᠨ ᠵᠠᠰᠠᠬᠤ ᠵᠢ ᠥᠷᠨᠢᠭᠦᠯᠬᠦ ᠬᠡᠷᠡᠭᠳᠡᠢ᠃ ᠤᠯᠠᠨ ᠲᠦᠮᠡᠨ᠎ᠦ ᠠᠰᠢᠭ᠋ ᠲᠤᠰᠠ᠎ᠶᠢ ᠬᠣᠬᠢᠷᠠᠭᠤᠯᠬᠤ᠂ ᠬᠠᠷᠢᠭᠤᠴᠠᠯᠭ᠎ᠠ ᠡᠭᠦᠷᠭᠡᠯᠡᠬᠦ ᠦᠭᠡᠢ ᠵᠢᠳᠬᠦᠨ ᠴᠢᠷᠮᠠᠢᠬᠤ ᠦᠭᠡᠢ ᠳᠤᠷ᠎ᠠ᠎ᠪᠠᠷ᠎ᠢᠶᠠᠨ ᠠᠵᠢᠯ ᠬᠢᠬᠦ᠂ 《ᠵᠠᠰᠠᠭ ᠤᠨ ᠠᠵᠢᠯ᠎ᠤᠨ ᠪᠦᠲᠦᠮᠵᠢ᠎ᠶᠢᠨ ᠢᠨᠵᠧᠨᠧᠷᠢᠩ》 ᠬᠢᠬᠦ᠂ ᠦᠨᠳᠦᠰᠦᠨ ᠱᠠᠲᠤᠨ᠎ᠤ ᠳᠠᠷᠤᠭᠠᠰᠤ᠎ᠶᠢ ᠬᠦᠨᠳᠦᠷᠡᠭᠦᠯᠬᠦ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ᠂ ᠲᠣᠭᠲᠠᠭᠠᠯ᠎ᠢ ᠵᠥᠷᠢᠴᠡᠨ ᠢᠳᠡᠵᠦ ᠤᠤᠭᠤᠬᠤ᠂ ᠲᠣᠭᠲᠠᠭᠠᠯ᠎ᠢ ᠵᠥᠷᠢᠴᠡᠨ ᠪᠡᠯᠡᠭ ᠰᠡᠯᠲᠡ ᠪᠡᠯᠡᠭ᠎ᠦᠨ ᠵᠣᠭᠣᠰ ᠬᠤᠷᠢᠶᠠᠵᠤ ᠬᠦᠷᠭᠡᠬᠦ ᠵᠡᠷᠭᠡ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ᠎ᠤᠨ ᠠᠰᠠᠭᠤᠳᠠᠯ᠎ᠢ ᠭᠦᠨᠵᠡᠭᠡᠢ ᠵᠠᠯᠠᠷᠠᠭᠤᠯᠤᠨ ᠵᠠᠰᠠᠵᠤ᠂ ᠲᠠᠯᠳᠠ ᠬᠡᠯᠪᠡᠷᠢ᠎ᠪᠡᠷ ᠣᠨᠳᠣᠣᠰᠢᠬᠤ᠂ ᠲᠠᠬᠢᠨ ᠲᠠᠪᠳᠠᠨ ᠢᠯᠡᠷᠡᠬᠦ᠎ᠶᠢ ᠰᠡᠷᠭᠡᠢᠯᠡᠬᠦ ᠬᠡᠷᠡᠭᠳᠡᠢ᠃ ᠡᠭᠦᠳᠡ᠎ᠪᠡᠨ ᠨᠡᠭᠡᠭᠡᠵᠦ ᠴᠡᠭᠴᠡᠯᠡᠨ ᠰᠠᠢᠵᠢᠷᠠᠭᠤᠯᠵᠦ ᠴᠡᠭᠴᠡᠯᠡᠨ ᠵᠠᠰᠠᠬᠤ᠎ᠶᠢ ᠴᠢᠬᠤᠯᠠᠴᠢᠯᠠᠵᠤ᠂《ᠳᠥᠷᠪᠡ ᠦᠭᠡᠢ ᠬᠣᠶᠠᠷ ᠰᠢᠭᠤᠳ》᠂ ᠲᠤᠬᠢᠶᠠᠯᠳᠤᠯ᠎ᠢᠶᠠᠷ ᠪᠠᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠬᠡᠯᠪᠡᠷᠢ᠎ᠪᠡᠷ ᠤᠯᠠᠨ ᠲᠦᠮᠡᠨ᠎ᠦ ᠰᠠᠨᠠᠯ᠎ᠢ ᠰᠣᠨᠣᠰᠬᠤ ᠬᠡᠷᠡᠭᠳᠡᠢ᠃ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠠᠵᠢᠯ ᠲᠥᠷᠥᠯ᠎ᠦᠨ ᠰᠤᠷᠲᠠᠯ᠎ᠢ ᠬᠠᠮᠢᠶᠠᠷᠬᠤ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠠᠵᠢᠯ ᠲᠥᠷᠥᠯ᠎ᠦᠨ ᠰᠤᠷᠲᠠᠯ᠎ᠤᠨ ᠬᠥᠳᠡᠯᠦᠩᠭᠦᠢ ᠵᠠᠳᠠᠯᠤᠯᠲᠠ ᠪᠠ ᠪᠦᠲᠦᠮᠵᠢᠲᠡᠶ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠪᠠᠭ᠍ᠰᠢ᠎ᠶᠢᠨ ᠮᠣᠷᠠᠯ ᠪᠠᠭ᠍ᠰᠢ᠎ᠶᠢᠨ ᠰᠤᠷᠲᠠᠯ᠂ ᠡᠮᠴᠢ᠎ᠶᠢᠨ ᠮᠣᠷᠠᠯ ᠡᠮᠴᠢ᠎ᠶᠢᠨ ᠰᠤᠷᠲᠠᠯ᠂ ᠤᠷᠠᠯᠢᠭ᠋᠎ᠤᠨ ᠮᠣᠷᠠᠯ ᠤᠷᠠᠯᠢᠭ᠋᠎ᠤᠨ ᠰᠤᠷᠲᠠᠯ᠎ᠤᠨ ᠪᠠᠢᠭᠤᠯᠤᠯᠲᠠ᠎ᠶᠢ ᠰᠠᠢᠲᠤᠷ ᠠᠳᠬᠤᠵᠤ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠂ ᠤᠯᠤᠰ᠎ᠤᠨ ᠥᠮᠴᠢᠯᠡᠯ᠎ᠤᠨ ᠮᠥᠩᠭᠥᠨ ᠭᠦᠢᠯᠭᠡᠭᠡᠨ᠎ᠦ ᠠᠵᠤ ᠠᠬᠤᠢᠯᠠᠯ ᠪᠠ ᠡᠭᠴᠡ ᠬᠠᠮᠢᠶᠠᠷᠬᠤ ᠨᠢᠭᠡᠴᠢ᠎ᠶᠢᠨ ᠰᠠᠯᠪᠤᠷᠢ ᠪᠠᠢᠭᠤᠯᠤᠮᠵᠢ ᠵᠡᠷᠭᠡ᠎ᠶᠢᠨ《ᠳᠥᠷᠪᠡᠨ ᠰᠤᠷᠲᠠᠯ》᠎ᠤ᠋ᠨ ᠠᠰᠠᠭᠤᠳᠠᠯ᠎ᠢ ᠵᠠᠰᠠᠬᠤ ᠡᠷᠴᠢᠮ᠎ᠢ ᠴᠢᠩᠭᠠᠷᠠᠭᠤᠯᠬᠤ ᠬᠡᠷᠡᠭᠳᠡᠢ᠃《ᠺᠣᠳ᠋ ᠰᠢᠷᠪᠢᠵᠦ ᠠᠵᠤ ᠠᠬᠤᠢᠯᠠᠯ᠎ᠳᠤ ᠣᠷᠣᠬᠤ》᠎ᠶ᠋ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠵᠤ ᠠᠬᠤᠢᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ᠎ᠶᠢ ᠵᠢᠷᠤᠮᠵᠢᠭᠤᠯᠬᠤ ᠬᠡᠷᠡᠭᠳᠡᠢ᠃
(ᠬᠣᠷᠢ ᠶᠢᠰᠦ) ᠰᠠᠬᠢᠯᠭ᠎ᠠ ᠪᠠᠲᠤ᠎ᠶᠢ ᠴᠢᠩᠭ᠎ᠠ ᠬᠡᠷᠡᠭᠵᠢᠭᠦᠯᠬᠦ᠎ᠶᠢ ᠴᠢᠩᠭᠠᠳᠬᠠᠬᠤ ᠬᠡᠷᠡᠭᠳᠡᠢ᠃ ᠰᠠᠬᠢᠯᠭ᠎ᠠ ᠪᠠᠲᠤ ᠵᠢ ᠵᠠᠪᠠᠯ ᠵᠢᠷᠤᠮᠯᠠᠬᠤ᠂ ᠰᠠᠬᠢᠯᠭ᠎ᠠ ᠪᠠᠲᠤ᠎ᠶᠢ ᠵᠠᠪᠠᠯ ᠴᠢᠩᠭ᠎ᠠ ᠬᠡᠷᠡᠭᠵᠢᠭᠦᠯᠬᠦ᠂ ᠰᠠᠬᠢᠯᠭ᠎ᠠ ᠪᠠᠲᠤ᠎ᠶᠢ ᠵᠥᠷᠢᠴᠡᠪᠡᠯ ᠵᠠᠪᠠᠯ ᠨᠡᠬᠡᠮᠵᠢᠯᠡᠬᠦ᠎ᠶᠢ ᠪᠠᠷᠢᠮᠲᠠᠯᠠᠵᠤ᠂ ᠰᠠᠬᠢᠯᠭ᠎ᠠ ᠪᠠᠲᠤ᠎ᠶᠢ ᠬᠠᠤᠯᠢ ᠴᠠᠭᠠᠵᠠ᠎ᠡᠴᠡ ᠴᠢᠩᠭ᠎ᠠ ᠪᠠᠢᠯᠭᠠᠬᠤ᠂ ᠰᠠᠬᠢᠯᠭ᠎ᠠ ᠪᠠᠲᠤ᠎ᠶᠢ ᠬᠠᠤᠯᠢ ᠴᠠᠭᠠᠵᠠ᠎ᠶᠢᠨ ᠡᠮᠦᠨ᠎ᠡ ᠲᠠᠯᠪᠢᠬᠤ᠎ᠶᠢ ᠪᠠᠷᠢᠮᠲᠠᠯᠠᠵᠤ᠂ ᠰᠠᠬᠢᠯᠭ᠎ᠠ ᠪᠠᠲᠤ᠎ᠶᠢ ᠵᠥᠷᠢᠴᠡᠭᠰᠡᠨ ᠠᠰᠠᠭᠤᠳᠠᠯ᠎ᠢ ᠨᠢᠭᠡ ᠶᠢ ᠢᠯᠡᠷᠡᠭᠦᠯᠪᠡᠯ ᠨᠢᠭᠡ᠎ᠶᠢ ᠪᠠᠢᠴᠠᠭᠠᠨ ᠰᠢᠢᠳᠪᠦᠷᠢᠯᠡᠵᠦ᠂《ᠡᠪᠳᠡᠷᠬᠡᠢ ᠴᠣᠩᠬᠣ᠌ᠶᠢᠨ ᠦᠢᠯᠡᠳᠦᠯ》 ᠢ᠋ ᠡᠷᠡᠰ ᠰᠡᠷᠭᠡᠢᠯᠡᠬᠦ ᠬᠡᠷᠡᠭᠳᠡᠢ᠃ ᠠᠳᠠᠯᠢ ᠲᠦᠷᠦᠯ᠎ᠤᠨ ᠬᠡᠷᠡᠭ᠎ᠦᠨ ᠵᠠᠳᠠᠯᠤᠯᠲᠠ᠎ᠶᠢ ᠴᠢᠩᠭᠠᠳᠬᠠᠵᠤ᠂ ᠬᠡᠷᠡᠭ ᠦᠨ ᠠᠷᠤ᠎ᠳᠠᠬᠢ ᠨᠡᠢᠲᠡᠯᠢᠭ ᠴᠢᠨᠠᠷᠲᠠᠢ ᠠᠰᠠᠭᠤᠳᠠᠯ᠂ ᠭᠦᠨ ᠳᠠᠪᠬᠤᠷᠭ᠎ᠠ᠎ᠶᠢᠨ ᠠᠰᠠᠭᠤᠳᠠᠯ᠎ᠢ ᠭᠦᠨᠵᠡᠭᠡᠢ ᠰᠤᠳᠤᠯᠤᠨ ᠮᠠᠭᠠᠳᠯᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠰᠠᠨᠠᠭᠤᠯᠭ᠎ᠠ᠎ᠶᠢ ᠰᠠᠢᠲᠤᠷ ᠬᠡᠷᠡᠭᠯᠡᠵᠦ᠂ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠠᠯᠳᠠᠰᠢ ᠭᠠᠷᠬᠤ᠎ᠶᠢ ᠬᠣᠷᠢᠭ᠍ᠯᠠᠬᠤ᠂ ᠡᠷᠬᠡ᠎ᠶᠢᠨ ᠠᠵᠢᠯᠯᠠᠭ᠎ᠠ᠎ᠨᠢ ᠵᠢᠷᠤᠮᠵᠢᠭᠤᠯᠬᠤ᠎ᠶᠢ ᠠᠬᠢᠭᠤᠯᠬᠤ ᠬᠡᠷᠡᠭᠳᠡᠢ᠃ ᠠᠭᠤᠴᠢᠯᠠᠬᠤ ᠪᠠ ᠴᠢᠩᠭ᠎ᠠ ᠰᠢᠳᠬᠡᠬᠦ᠎ᠶᠢ ᠬᠣᠣᠰᠯᠠᠭᠤᠯᠬᠤ᠂ ᠤᠨᠤᠪᠴᠢᠳᠠᠢ ᠵᠣᠬᠢᠰᠲᠠᠢ ᠪᠠᠢᠯᠭᠠᠬᠤ᠎ᠶᠢ ᠪᠠᠷᠢᠮᠲᠠᠯᠠᠵᠤ᠂ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠠᠰᠠᠭᠤᠳᠠᠯ᠎ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭ᠎ᠢ ᠲᠡᠰ ᠳᠡᠪᠰᠢᠭᠦᠯᠦᠨ ᠬᠢᠨᠠᠨ ᠬᠠᠷᠭᠤᠭᠤᠯᠬᠤ᠂ ᠶᠠᠰᠤ ᠴᠢᠨᠠᠷ᠎ᠢ ᠦᠨᠡᠯᠡᠨ ᠪᠠᠢᠴᠠᠭᠠᠬᠤ᠎ᠶᠢ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠲᠤᠯᠭᠠᠬᠤ᠎ᠳᠦ ᠴᠢᠩᠭ᠎ᠠ ᠪᠢᠰᠢ ᠪᠤᠶᠤ ᠬᠡᠲᠦ ᠳᠡᠯᠭᠡᠷᠡᠬᠦᠯᠬᠦ ᠪᠠ ᠳᠥᠭᠥᠮᠴᠢᠯᠡᠬᠦ ᠶᠢ ᠰᠡᠷᠭᠡᠢᠯᠡᠬᠦ ᠬᠡᠷᠡᠭᠳᠡᠢ᠃ ᠰᠠᠬᠢᠯᠭ᠎ᠠ ᠪᠠᠲᠤ᠎ᠶᠢ ᠬᠡᠷᠡᠭᠵᠢᠭᠦᠯᠦᠭᠰᠡᠨ ᠪᠠᠢᠳᠠᠯ᠎ᠳᠤ ᠲᠠᠯᠪᠢᠬᠤ ᠬᠢᠨᠠᠯᠲᠠ ᠪᠠᠢᠴᠠᠭᠠᠯᠲᠠ᠎ᠪᠠᠨ ᠴᠢᠩᠭᠠᠳᠬᠠᠵᠤ᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠰᠠᠬᠢᠯᠭ᠎ᠠ ᠪᠠᠲᠤ᠎ᠶᠢ ᠴᠢᠩᠭ᠎ᠠ ᠬᠡᠷᠡᠭᠵᠢᠭᠦᠯᠬᠦ ᠪᠠ ᠬᠠᠮᠠᠭᠠᠯᠠᠬᠤ᠎ᠶᠢ ᠠᠬᠢᠭᠤᠯᠵᠤ᠂ ᠰᠠᠬᠢᠯᠭ᠎ᠠ ᠪᠠᠲᠤ᠎ᠶᠢ ᠴᠢᠩᠭ᠎ᠠ ᠬᠡᠷᠡᠭᠵᠢᠭᠦᠯᠬᠦ ᠦᠭᠡᠢ᠂ ᠬᠠᠮᠢᠶᠠᠷᠬᠤ ᠦᠭᠡᠢ ᠳᠤᠷ᠎ᠠ᠎ᠪᠠᠷ ᠨᠢ ᠲᠠᠯᠪᠢᠭ᠍ᠰᠠᠳᠡᠴᠡ ᠬᠠᠷᠢᠭᠤᠴᠠᠯᠭ᠎ᠠ᠎ᠶᠢ ᠴᠢᠩᠭ᠎ᠠ ᠨᠡᠬᠡᠮᠵᠢᠯᠡᠬᠦ ᠬᠡᠷᠡᠭᠳᠡᠢ᠃
(ᠭᠤᠴᠢ)ᠰᠠᠬᠢᠯᠭ᠎ᠠ ᠪᠠᠲᠤ ᠵᠢᠨ ᠬᠥᠮᠦᠵᠢᠯ ᠬᠢᠵᠠᠭᠠᠷᠯᠠᠯ᠂ ᠪᠠᠲᠤᠯᠠᠭᠠᠤᠷᠮᠠᠰᠢᠭᠤᠯᠤᠯ ᠤᠨ ᠦᠢᠯᠡᠳᠦᠯ ᠢ ᠶᠡᠷᠦᠩᠬᠡᠢᠯᠡᠨ ᠪᠠᠳᠠᠷᠠᠭᠤᠯᠬᠤ ᠭᠡᠷᠡᠭᠳᠡᠢ᠃ ᠪᠠᠢᠩᠭᠤᠵᠢᠭ᠍ᠰᠠᠨ ᠤᠷᠳᠤ ᠬᠤᠭᠤᠴᠠᠭᠠᠨ᠎ᠤ ᠪᠦᠲᠦᠮᠵᠢᠲᠡᠢ ᠰᠠᠬᠢᠯᠭ᠎ᠠ ᠪᠠᠲᠤ᠎ᠶᠢᠨ ᠬᠥᠮᠦᠵᠢᠯ᠎ᠦᠨ ᠲᠣᠭᠲᠡᠴᠡ᠎ᠶᠢ ᠪᠠᠢᠭᠤᠯᠤᠨ ᠲᠡᠭᠦᠯᠳᠡᠷᠵᠢᠭᠦᠯᠵᠦ᠂ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ᠎ᠶᠢ ᠬᠥᠮᠦᠵᠢᠯ ᠪᠣᠯᠪᠠᠰᠤᠷᠠᠯ᠎ᠤᠨ ᠵᠠᠪᠠᠯ ᠰᠤᠷᠬᠤ ᠬᠢᠴᠢᠶᠡᠯ ᠪᠣᠯᠭᠠᠵᠤ᠂ ᠨᠠᠮ᠎ᠤᠨ ᠭᠡᠰᠢᠭᠦᠨ᠂ ᠺᠠᠳ᠋ᠷ᠎ᠤᠨ ᠰᠠᠬᠢᠯᠭ᠎ᠠ ᠪᠠᠲᠤ᠎ᠶᠢ ᠰᠤᠷᠤᠯᠴᠠᠵᠤ ᠰᠠᠬᠢᠯᠭ᠎ᠠ ᠪᠠᠲᠤ᠎ᠶᠢ ᠰᠠᠬᠢᠬᠤ᠎ᠶᠢ ᠬᠥᠲᠥᠯᠥᠨ ᠵᠢᠯᠣᠭᠣᠳᠬᠤ ᠬᠡᠷᠡᠭᠳᠡᠢ᠃ ᠪᠥᠬᠥ ᠦᠶᠡᠯᠡᠯ᠎ᠦᠨ ᠬᠤᠭᠤᠴᠠᠭ᠎ᠠ ᠪᠥᠬᠥ ᠶᠠᠪᠤᠴᠠ᠎ᠶᠢᠨ ᠰᠠᠬᠢᠯᠭ᠎ᠠ ᠪᠠᠲᠤ᠎ᠶᠢᠨ ᠬᠥᠮᠦᠵᠢᠯ᠎ᠢ ᠴᠢᠩᠭᠠᠳᠬᠠᠵᠤ᠂ ᠰᠢᠨ᠎ᠡ᠎ᠪᠡᠷ ᠳᠡᠪᠰᠢᠭᠦᠯᠦᠭᠰᠡᠨ ᠺᠠᠳ᠋ᠷ᠂ ᠵᠠᠩᠭᠢᠯᠠᠭ᠎ᠠ᠎ᠶᠢᠨ ᠠᠵᠢᠯ᠎ᠤᠨ ᠪᠠᠢᠷᠢ᠎ᠶᠢᠨ ᠺᠠᠳ᠋ᠷ᠂ ᠵᠠᠯᠠᠭᠤ ᠺᠠᠳ᠋ᠷ ᠵᠡᠷᠭᠡ ᠭᠣᠣᠯᠳᠠᠯᠭ᠎ᠠ᠎ᠲᠠᠢ ᠡᠲᠡᠭᠡᠳ᠎ᠦᠨ ᠰᠠᠬᠢᠯᠭ᠎ᠠ ᠪᠠᠲᠤ᠎ᠶᠢᠨ ᠪᠣᠯᠪᠠᠰᠤᠷᠠᠯ᠎ᠢ ᠰᠠᠢᠲᠤᠷ ᠠᠳᠬᠤᠬᠤ ᠬᠡᠷᠡᠭᠳᠡᠢ᠃ ᠤᠷᠢᠳᠤᠬᠢ ᠵᠢ ᠵᠠᠯᠬᠠᠭᠠᠵᠤ ᠬᠣᠢᠳᠤᠬᠢᠳᠦ ᠴᠡᠭᠡᠷᠯᠡᠯ ᠪᠣᠯᠭᠠᠬᠤ᠂ ᠡᠪᠡᠳᠴᠢᠨ᠎ᠢ ᠨᠢ ᠵᠠᠰᠠᠵᠤ ᠡᠳᠡᠭᠡᠷᠡᠭᠦᠯᠦᠨ ᠠᠪᠬᠤ ᠴᠢᠭᠯᠡᠯᠲᠡ᠎ᠶᠢ ᠲᠤᠭᠤᠰᠢᠯᠠᠭᠤᠯᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ᠎ᠶᠢ ᠬᠡᠷᠡᠭᠵᠢᠭᠦᠯᠬᠦ 《ᠲᠦᠷᠪᠡᠨ ᠵᠦᠢᠯ᠎ᠦᠨ ᠬᠡᠯᠪᠡᠷᠢ ᠪᠠᠢᠳᠠᠯ》 ᠢ᠋ ᠬᠡᠷᠡᠭᠯᠡᠬᠦ᠎ᠶᠢ ᠭᠦᠨᠵᠡᠭᠡᠢᠷᠡᠭᠦᠯᠵᠦ᠂《ᠨᠢᠭᠡᠳᠦᠭᠡᠷ ᠵᠦᠢᠯ᠎ᠦᠨ ᠬᠡᠯᠪᠡᠷᠢ ᠪᠠᠢᠳᠠᠯ》 ᠢ᠋ ᠰᠠᠢᠲᠤᠷ ᠬᠡᠷᠡᠭᠯᠡᠬᠦ᠎ᠶᠢ ᠴᠢᠬᠤᠯᠠᠴᠢᠯᠠᠵᠤ᠂ ᠱᠠᠲᠤ ᠱᠠᠲᠤ᠎ᠪᠠᠷ ᠰᠡᠷᠭᠡᠢᠯᠡᠯᠲᠡ ᠪᠠᠢᠷᠢᠯᠠᠭᠤᠯᠵᠤ᠂ ᠨᠠᠮ ᠤᠨ ᠭᠡᠰᠢᠭᠦᠨ᠂ ᠺᠠᠳ᠋ᠷ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠬᠥᠮᠥᠵᠢᠭᠦᠯᠦᠨ ᠤᠬᠠᠭᠠᠷᠠᠭᠤᠯᠬᠤ ᠬᠡᠷᠡᠭᠳᠡᠢ᠃ ᠦᠨᠡᠨ᠎ᠡᠴᠡ ᠵᠥᠪ᠎ᠢ ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠢᠷᠤᠮᠯᠠᠬᠤ᠎ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠢ ᠢᠮᠠᠭᠲᠠ ᠲᠤᠭᠤᠰᠢᠯᠠᠭᠤᠯᠵᠤ᠂ ᠰᠠᠬᠢᠯᠭ᠎ᠠ ᠪᠠᠲᠤ᠎ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢᠨ ᠵᠢᠷᠤᠮᠵᠢᠯᠳᠤ ᠴᠢᠨᠠᠷ᠂ ᠣᠨᠣᠪᠴᠢᠲᠤ ᠴᠢᠨᠠᠷ᠎ᠢ ᠴᠢᠩᠭᠠᠳᠬᠠᠵᠤ᠂ ᠤᠯᠤᠰ ᠲᠦᠷᠦ᠎ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭᠠᠵᠠ᠎ᠶᠢᠨ ᠦᠷ᠎ᠡ ᠪᠦᠲᠦᠮᠵᠢ᠂ ᠨᠡᠢᠭᠡᠮ᠎ᠦᠨ ᠦᠷ᠎ᠡ ᠪᠦᠲᠦᠮᠵᠢ᠎ᠶᠢ ᠣᠷᠭᠠᠨᠢᠭ᠋᠎ᠢᠶᠠᠷ ᠨᠢᠭᠡᠳᠬᠡᠬᠦ᠎ᠶᠢ ᠪᠡᠶᠡᠯᠡᠭᠦᠯᠬᠦ ᠬᠡᠷᠡᠭᠳᠡᠢ᠃ ᠭᠦᠳᠬᠡᠨ ᠵᠠᠭᠠᠯᠳᠤᠬᠤ ᠦᠢᠯᠡ ᠠᠵᠢᠯᠯᠠᠭ᠎ᠠ᠎ᠶᠢ ᠵᠠᠰᠠᠬᠤ ᠠᠵᠢᠯ᠎ᠢ ᠴᠢᠩᠭᠠᠳᠬᠠᠵᠤ᠂ ᠪᠣᠳᠠᠲᠤ ᠪᠠᠢᠳᠠᠯ ᠡᠴᠡ ᠭᠠᠵᠢᠭᠤᠳᠠᠭᠰᠠᠨ ᠢᠯᠡᠴᠢᠯᠡᠨ ᠵᠠᠭᠠᠯᠳᠤᠯᠭ᠎ᠠ᠎ᠶᠢ ᠴᠠᠭ ᠲᠤᠬᠠᠢ ᠳ᠋ᠤᠨᠢ ᠢᠯᠭᠠᠷᠠᠭᠤᠯᠤᠨ ᠵᠠᠰᠠᠬᠤ ᠬᠡᠷᠡᠭᠳᠡᠢ᠃ ᠰᠢᠢᠳᠬᠡᠯ ᠬᠦᠯᠢᠶᠡᠭᠰᠡᠨ ᠨᠠᠮ᠎ᠤᠨ ᠭᠡᠰᠢᠭᠦᠨ᠂ ᠺᠠᠳ᠋ᠷ᠎ᠢ ᠮᠥᠷᠳᠡᠵᠤ ᠡᠷᠭᠢᠨ ᠰᠤᠷᠪᠤᠯᠵᠢᠯᠠᠬᠤ ᠪᠠ ᠰᠤᠷᠭᠠᠨ ᠬᠥᠮᠥᠵᠢᠭᠦᠯᠵᠦ ᠬᠠᠮᠢᠶᠠᠷᠬᠤ ᠠᠵᠢᠯ᠎ᠢ ᠰᠠᠢᠲᠤᠷ ᠬᠢᠬᠦ ᠬᠡᠷᠡᠭᠳᠡᠢ᠃
ᠲᠤᠯᠤᠭ᠎ᠠ᠂ ᠢᠯᠵᠢᠷᠡᠬᠦ ᠡᠴᠡ ᠵᠢᠷᠦᠬᠡᠰᠢᠶᠡᠬᠦ ᠢᠯᠵᠢᠷᠠᠵᠤ ᠪᠤᠯᠬᠤ ᠦᠭᠡᠢ ᠢᠯᠵᠢᠷᠡᠬᠦ᠎ᠶᠢ ᠪᠤᠳᠤᠬᠤ ᠦᠭᠡᠢ ᠪᠠᠢᠬᠤ᠎ᠶᠢ ᠡᠷᠡᠰ ᠭᠤᠢᠪᠢᠰᠢ ᠦᠭᠡᠢ᠎ᠪᠡᠷ ᠨᠢᠭᠡ ᠴᠣᠭᠴᠠᠵᠢᠭᠤᠯᠤᠨ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠢᠯᠵᠢᠷᠠᠯ᠎ᠢ ᠡᠰᠡᠷᠭᠦᠴᠡᠬᠦ ᠲᠡᠮᠡᠴᠡᠯ᠎ᠢ ᠡᠴᠦᠰ ᠲᠦ᠍ᠨᠢ ᠲᠤᠯᠲᠠᠯ᠎ᠠ ᠬᠢᠬᠦ ᠬᠡᠷᠡᠭᠲᠡᠢ
(ᠭᠤᠴᠢᠨ ᠨᠢᠭᠡ)ᠨᠡᠩ ᠶᠡᠬᠡ ᠡᠷᠡᠰ ᠵᠣᠷᠢᠭ᠋ ᠪᠠ ᠡᠷᠴᠢᠮ᠎ᠢᠶᠡᠷ ᠢᠯᠵᠢᠷᠠᠯ᠎ᠢ ᠵᠠᠯᠬᠠᠭᠠᠨ ᠰᠢᠢᠳᠬᠡᠬᠦ ᠬᠡᠷᠡᠭᠳᠡᠢ᠃ ᠬᠦᠴᠦᠲᠡᠢ ᠡᠮ᠎ᠢᠶᠡᠷ ᠡᠪᠡᠳᠴᠢᠨ᠎ᠢ ᠠᠷᠢᠯᠭᠠᠬᠤ᠂ ᠬᠦᠨᠳᠦ ᠡᠷᠡᠭᠦᠦ᠎ᠪᠡᠷ ᠰᠠᠮᠠᠭᠤᠷᠠᠯ᠎ᠢ ᠵᠠᠰᠠᠬᠤ᠎ᠶᠢ ᠪᠠᠷᠢᠮᠲᠠᠯᠠᠵᠤ᠂ ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠦᠷᠭᠦᠯᠵᠢᠯᠡᠨ ᠦᠨᠳᠦᠰᠦ᠎ᠡᠴᠡ ᠨᠢ ᠴᠡᠪᠡᠷᠯᠡᠵᠦ᠂ ᠢᠯᠵᠢᠷᠡᠯ ᠪᠠᠢᠪᠠᠯ ᠵᠠᠪᠠᠯ ᠡᠰᠡᠷᠭᠦᠴᠡᠬᠦ᠂ ᠱᠠᠮᠰᠢᠯ ᠪᠠᠢᠪᠠᠯ ᠵᠠᠪᠠᠯ ᠠᠷᠢᠯᠭᠠᠬᠤ᠂ ᠮᠠᠭᠤ ᠮᠠᠭᠤᠬᠠᠢ᠎ᠶᠢ ᠪᠦᠬᠦᠨ᠎ᠢ ᠠᠷᠢᠯᠭᠠᠬᠤ᠎ᠶᠢ ᠪᠡᠶᠡᠯᠡᠭᠦᠯᠬᠦ ᠬᠡᠷᠡᠭᠳᠡᠢ᠃ ᠡᠷᠬᠡ ᠲᠥᠪᠯᠡᠷᠡᠭᠰᠡᠨ᠂ ᠪᠡᠯᠡ ᠮᠥᠩᠭᠥ ᠬᠤᠷᠠᠮᠳᠤᠭᠰᠠᠨ᠂ ᠡᠬᠢ ᠪᠠᠶᠠᠯᠢᠭ᠋ ᠡᠯᠪᠡᠭ ᠬᠤᠷᠠᠭᠰᠠᠨ ᠬᠦᠷᠢᠶ᠎ᠡ᠎ᠶᠢ ᠲᠣᠪᠤᠢᠯᠭᠠᠵᠤ᠂ ᠮᠥᠩᠭᠥᠨ ᠭᠦᠢᠯᠭᠡᠭᠡ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠡᠨᠧᠷᠭᠢ᠂ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ᠂ ᠨᠡᠭᠡᠭᠡᠨ ᠬᠥᠭᠵᠢᠭᠦᠯᠤᠯᠳᠡ ᠵᠢᠨ ᠣᠷᠣᠨ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠡᠬᠢ ᠢᠯᠵᠢᠷᠠᠯ᠎ᠢ ᠴᠡᠭᠴᠡᠯᠡᠨ ᠵᠠᠰᠠᠬᠤ ᠠᠵᠢᠯ᠎ᠢ ᠭᠦᠨᠵᠡᠭᠡᠢᠷᠡᠭᠦᠯᠵᠦ᠂ ᠵᠠᠰᠠᠭ ᠤᠨ ᠣᠷᠳᠣᠨ ᠪᠠ ᠠᠷᠠᠯᠵᠢᠶᠠᠴᠢᠨ ᠰᠥᠯᠪᠡᠭᠡᠯᠳᠦᠭᠰᠡᠨ ᠠᠰᠠᠭᠤᠳᠠᠯ᠎ᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠵᠢᠱ᠌ᠢᠭᠰᠡᠨ ᠠᠰᠢᠭ᠋ ᠣᠯᠵᠠᠪᠤᠷᠢ᠎ᠶᠢ ᠭᠦᠨᠵᠡᠭᠡᠢ ᠠᠭᠤᠳᠠᠯᠤᠨ ᠨᠠᠷᠢᠨ ᠪᠠᠢᠴᠠᠭᠠᠵᠤ᠂ ᠪᠣᠯᠵᠣᠨ ᠲᠣᠭᠲᠠᠵᠤ ᠣᠷᠣᠯᠠᠨ ᠡᠵᠡᠮᠰᠢᠬᠦ ᠵᠡᠷᠭᠡ ᠰᠢᠨ᠎ᠡ ᠬᠡᠯᠪᠡᠷᠢ᠎ᠶᠢᠨ ᠢᠯᠵᠢᠷᠠᠯ ᠪᠠ ᠲᠠᠯᠳᠠ ᠢᠯᠵᠢᠷᠠᠯ᠎ᠢ ᠭᠣᠣᠯᠳᠠᠯᠭ᠎ᠠ᠎ᠲᠠᠢ᠎ᠪᠠᠷ ᠪᠠᠢᠴᠠᠭᠠᠨ ᠰᠢᠢᠳᠪᠦᠷᠢᠯᠡᠵᠦ᠂ 《ᠵᠠᠩᠭᠢᠯᠠᠭ᠎ᠠ᠎ᠶᠢᠨ ᠴᠥᠭᠡᠨ ᠲᠣᠭᠠᠲᠠᠨ》᠂ ᠵᠠᠯᠠᠭᠤ ᠺᠠᠳ᠋ᠷ᠎ᠤᠨ ᠢᠯᠵᠢᠷᠠᠯ᠎ᠢ ᠭᠣᠣᠯᠳᠠᠯᠭ᠎ᠠ᠎ᠲᠠᠢ᠎ᠪᠠᠷ ᠪᠠᠢᠴᠠᠭᠠᠨ ᠰᠢᠢᠳᠪᠦᠷᠢᠯᠡᠬᠦ ᠬᠡᠷᠡᠭᠳᠡᠢ᠃ ᠺᠠᠳ᠋ᠷ ᠪᠣᠯᠣᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠮᠥᠰ᠎ᠦᠨ ᠬᠠᠷᠢᠯᠴᠠᠭ᠎ᠠ ᠶᠠᠪᠤᠯᠴᠠᠭ᠎ᠠ᠎ᠶᠢ ᠵᠢᠷᠤᠮᠵᠢᠭᠤᠯᠵᠤ᠂ ᠺᠠᠳ᠋ᠷ᠎ᠤᠨ ᠲᠦᠷᠦᠯ ᠵᠦᠢᠯ᠎ᠢ ᠬᠢᠨᠠᠨ ᠵᠥᠪᠰᠢᠶᠡᠷᠡᠬᠦ᠂ ᠪᠡᠯᠡ ᠮᠥᠩᠭᠥ᠎ᠶᠢ ᠬᠤᠪᠢᠶᠠᠷᠢᠯᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠵᠦᠢᠯᠡᠰ᠎ᠲᠦ ᠭᠠᠷ ᠲᠦᠷᠦᠭᠦ᠎ᠶᠢ ᠴᠢᠩᠭ᠎ᠠ ᠰᠡᠷᠭᠡᠢᠯᠡᠵᠦ᠂ ᠬᠤᠮᠠᠬᠢ ᠠᠵᠤ ᠠᠬᠤᠢ᠎ᠶᠢᠨ ᠠᠵᠢᠯᠯᠠᠭ᠎ᠠ᠎ᠳᠤ ᠡᠷᠬᠡ᠎ᠶᠢᠨ ᠵᠣᠬᠢᠰ ᠦᠭᠡᠢ ᠭᠠᠷ ᠲᠦᠷᠦᠭᠦ᠎ᠶᠢ ᠡᠷᠡᠰ ᠬᠣᠷᠢᠭ᠍ᠯᠠᠬᠤ ᠬᠡᠷᠡᠭᠳᠡᠢ᠃ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠪᠠᠢᠩᠭᠤᠵᠢᠭᠤᠯᠤᠨ ᠴᠡᠭᠴᠡᠯᠡᠨ ᠵᠠᠰᠠᠵᠤ᠂ ᠱᠠᠮᠰᠢᠨ ᠡᠵᠡᠯᠡᠬᠦ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ᠂ ᠬᠤᠳᠠᠯ᠎ᠢᠶᠠᠷ ᠮᠡᠳᠡᠭᠦᠯᠵᠦ ᠬᠠᠭᠤᠷᠮᠠᠭᠯᠠᠨ ᠠᠪᠬᠤ᠂ ᠢᠳᠡᠬᠦ ᠲᠦᠪᠡᠭᠳᠡᠭᠦᠯᠬᠦ ᠭᠠᠴᠢᠬᠤ ᠠᠪᠬᠤ ᠵᠡᠷᠭᠡ ᠦᠢᠯᠡ ᠠᠵᠢᠯᠯᠠᠭ᠎ᠠ᠎ᠶᠢ ᠴᠢᠩᠭ᠎ᠠ ᠵᠠᠯᠬᠠᠭᠠᠨ ᠰᠢᠢᠳᠭᠡᠵᠦ᠂ ᠪᠠᠭᠤᠷᠠᠢᠴᠤᠤᠯ᠎ᠤᠨ ᠠᠰᠢᠭ᠋ ᠲᠤᠰᠠ᠎ᠳᠤ ᠬᠠᠯᠳᠠᠭᠰᠠᠨ ᠵᠡᠷᠭᠡ ᠬᠤᠷᠢᠭ᠎ᠠ ᠱᠤᠭᠤᠮ ᠳ᠋ᠦ ᠬᠠᠯᠳᠠᠭᠰᠠᠨ ᠦᠢᠯᠡ ᠠᠵᠢᠯᠯᠠᠭ᠎ᠠ᠎ᠶᠢ ᠡᠷᠡᠰ ᠵᠠᠯᠠᠷᠠᠭᠤᠯᠤᠨ ᠵᠠᠰᠠᠬᠤ ᠬᠡᠷᠡᠭᠳᠡᠢ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭᠠᠬᠤ《ᠰᠢᠬᠦᠷ᠎ᠢᠶᠡᠷ ᠴᠤᠬᠢᠵᠤ ᠲᠣᠣᠷ᠎ᠢ ᠡᠪᠳᠡᠬᠦ》 ᠶ᠋ᠢ ᠦᠷᠭᠦᠯᠵᠢᠯᠡᠨ ᠠᠬᠢᠭᠤᠯᠬᠤ ᠬᠡᠷᠡᠭᠳᠡᠢ᠃ ᠬᠡᠭᠡᠯᠢ ᠢᠳᠡᠵᠦ ᠬᠠᠬᠤᠤᠯᠢ ᠲᠦᠯᠬᠢᠬᠦ᠎ᠶᠢ ᠵᠡᠷᠭᠡ ᠳ᠋ᠤᠨᠢ ᠪᠠᠢᠴᠠᠭᠠᠬᠤ᠎ᠶᠢ ᠭᠦᠨᠵᠡᠭᠡᠢᠷᠡᠭᠦᠯᠵᠦ᠂ ᠮᠡᠳᠡᠵᠦ ᠪᠠᠢᠭᠠᠳ ᠵᠣᠷᠢᠭᠤᠳᠠ ᠵᠥᠷᠢᠴᠡᠭᠰᠡᠨ᠂ ᠳᠠᠬᠢᠨ ᠶᠠᠯ᠎ᠠ ᠬᠢᠭᠰᠡᠨ ᠬᠠᠬᠤᠤᠯᠢ ᠲᠦᠯᠬᠢᠭᠴᠢ᠎ᠶᠢ ᠡᠷᠡᠰ ᠪᠠᠢᠴᠠᠭᠠᠨ ᠰᠢᠢᠳᠪᠦᠷᠢᠯᠡᠵᠦ᠂ 《ᠬᠤᠮᠤᠷᠭᠠᠯᠠᠨ ᠠᠪᠠᠯᠠᠬᠤ》 ᠪᠣᠬᠢᠷᠲᠤᠯ᠎ᠤᠨ ᠡᠬᠢ ᠰᠤᠷᠪᠤᠯᠵᠢ᠎ᠶᠢ ᠡᠷᠡᠰ ᠴᠡᠪᠡᠷᠯᠡᠨ ᠠᠷᠢᠯᠭᠠᠬᠤ ᠬᠡᠷᠡᠭᠳᠡᠢ᠃ ᠠᠷᠢᠭᠤᠨ ᠴᠢᠬᠡᠴᠢ᠎ᠶᠢᠨ ᠠᠶᠤᠯ ᠲᠦᠭᠰᠢᠭᠦᠷᠢ᠎ᠶᠢᠨ ᠭᠡᠮ ᠰᠤᠭᠤᠭ᠎ᠢ ᠬᠥᠳᠡᠯᠦᠩᠭᠦᠢ᠎ᠪᠡᠷ ᠬᠢᠨᠠᠨ ᠬᠡᠮᠵᠢᠬᠦ᠎ᠶᠢ ᠴᠢᠩᠭᠠᠳᠬᠠᠵᠤ᠂ ᠢᠯᠵᠢᠷᠠᠯ᠎ᠢ ᠤᠷᠢᠳᠴᠢᠯᠠᠨ ᠰᠡᠷᠡᠮᠵᠢᠯᠡᠭᠦᠯᠵᠦ ᠵᠠᠯᠬᠠᠭᠠᠨ ᠰᠢᠢᠳᠬᠡᠬᠦ ᠬᠣᠯᠪᠣᠯᠳᠤᠭᠰᠠᠨ ᠲᠣᠭᠲᠡᠴᠡ᠎ᠶᠢ ᠪᠠᠢᠭᠤᠯᠬᠤ ᠬᠡᠷᠡᠭᠳᠡᠢ᠃ ᠰᠦᠨ ᠱᠤᠤ ᠴᠸᠩ᠎ᠦᠨ ᠬᠡᠷᠡᠭ᠂ ᠸᠠᠩ ᠯᠢ ᠰᠢᠶᠠ᠎ᠶᠢᠨ ᠬᠡᠷᠡᠭ ᠵᠡᠷᠭᠡ ᠬᠡᠷᠡᠭ᠎ᠢᠶᠡᠷ ᠰᠠᠵᠢᠷᠠᠭᠤᠯᠬᠤ ᠪᠠ ᠴᠡᠭᠴᠡᠯᠡᠨ ᠵᠠᠰᠠᠬᠤ᠎ᠶᠢ ᠠᠬᠢᠭᠤᠯᠬᠤ ᠠᠵᠢᠯ᠎ᠢ ᠲᠥᠪ ᠴᠢᠩᠭ᠎ᠠ ᠥᠷᠨᠢᠭᠦᠯᠵᠦ᠂ ᠬᠣᠣᠷᠲᠤ ᠬᠠᠪᠤᠳᠠᠷ᠎ᠢ ᠪᠦᠬᠦ ᠲᠠᠯ᠎ᠠ ᠪᠠᠷ ᠲᠤᠢᠯᠪᠤᠷᠢᠲᠠᠢ ᠤᠭᠲᠤᠯᠵᠤ᠂ ᠬᠣᠣᠷ᠎ᠤᠨ ᠢᠷᠡᠯᠲᠡ᠎ᠶᠢ ᠲᠠᠰᠤᠯᠵᠤ᠂ ᠲᠠᠷᠬᠠᠭᠰᠠᠨ ᠬᠣᠣᠷ᠎ᠢ ᠠᠷᠢᠯᠭᠠᠵᠤ᠂ ᠤᠯᠤᠰ ᠲᠦᠷᠦ᠎ᠶᠢᠨ ᠠᠮᠢ ᠠᠬᠤᠢ᠎ᠶᠢ ᠬᠦᠴᠦᠯᠡᠨ ᠴᠡᠪᠡᠷᠰᠢᠭᠦᠯᠵᠦ ᠰᠡᠷᠭᠦᠭᠡᠬᠦ ᠬᠡᠷᠡᠭᠳᠡᠢ᠃
(ᠭᠤᠴᠢᠨ ᠬᠣᠶᠠᠷ) ᠡᠷᠬᠡ᠎ᠶᠢᠨ ᠠᠵᠢᠯᠯᠠᠭ᠎ᠠ᠎ᠨᠢ ᠬᠢᠵᠠᠭᠠᠷᠯᠠᠬᠤ ᠪᠠ ᠬᠢᠨᠠᠯᠲᠠ ᠲᠠᠯᠪᠢᠬᠤ᠎ᠶᠢ ᠴᠢᠩᠭᠠᠳᠬᠠᠬᠤ ᠭᠡᠷᠡᠭᠳᠠᠢ᠃ ᠡᠷᠬᠡ᠎ᠶᠢᠨ ᠲᠤᠬᠢᠷᠠᠭᠤᠯᠤᠯᠲᠠ᠂ ᠠᠵᠢᠯᠯᠠᠭᠠᠨ᠎ᠤ ᠵᠢᠷᠤᠮᠵᠢᠯ ᠪᠠ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠲᠦᠷᠦ᠎ᠶᠢᠨ ᠪᠤᠳᠤᠯᠭ᠎ᠠ ᠲᠣᠭᠲᠠᠭᠠᠬᠤ᠂ ᠬᠡᠷᠡᠭ ᠵᠥᠪᠯᠡᠵᠦ᠍ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠂ ᠬᠢᠨᠠᠨ ᠵᠥᠪᠰᠢᠶᠡᠷᠡᠵᠦ᠍ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ᠌ ᠬᠠᠤᠯᠢ ᠪᠠᠷᠢᠬᠤ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢ ᠠᠳᠬᠤᠵᠤ᠂ ᠡᠷᠬᠡ᠎ᠶᠢᠨ ᠵᠠᠭᠠᠭ ᠬᠢᠵᠠᠭᠠᠷ᠎ᠢ ᠲᠣᠳᠣᠷᠬᠠᠶ᠋ᠢᠯᠠᠨ᠂ ᠲᠤᠰᠢᠶᠠᠯ ᠬᠠᠷᠢᠭᠤᠴᠠᠯᠭ᠎ᠠ ᠡᠷᠬᠡ᠎ᠶᠢᠨ ᠬᠢᠵᠠᠭᠠᠷ᠎ᠢ ᠴᠢᠩᠳᠠᠯᠠᠵᠤ᠂ ᠠᠵᠢᠯ᠎ᠤᠨ ᠲᠡᠰ ᠲᠡᠷᠠᠭᠠᠯᠠᠯ ᠢ᠋ ᠲᠡᠭᠦᠯᠳᠡᠷᠵᠢᠭᠦᠯᠦᠨ᠂ ᠴᠢᠯᠥᠭᠡᠳᠠᠢ ᠮᠠᠭᠠᠳᠯᠠᠨ ᠲᠠᠰᠤᠯᠤᠯᠲᠠ ᠬᠢᠬᠦ ᠡᠷᠬᠡ ᠶᠢᠨ ᠬᠡᠷᠡᠭᠵᠢᠭᠦᠯᠦᠯᠲᠡ᠎ᠶᠢ ᠵᠢᠷᠤᠮᠵᠢᠭᠤᠯᠵᠤ᠂ ᠡᠷᠬᠡ᠎ᠪᠡᠨ ᠠᠰᠢᠭᠯᠠᠨ ᠲᠤᠬᠢᠶᠠᠯ ᠡᠬᠦᠳᠴᠤ ᠠᠰᠢᠭ ᠬᠦᠭᠡᠭᠡᠴᠡᠯᠳᠤᠬᠦ ᠵᠢ ᠰᠡᠷᠭᠡᠶ᠋ᠢᠯᠡᠬᠦ ᠭᠡᠷᠡᠭᠳᠠᠢ᠃ ᠨᠠᠮ ᠤᠨ ᠳᠣᠲᠣᠭᠠᠳᠤ᠎ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ ᠪᠣᠯᠭᠠᠭᠰᠠᠨ᠂ ᠡᠯ᠎ᠡ ᠲᠦᠷᠦᠯ ᠦᠨ ᠬᠢᠨᠠᠯᠲᠠ ᠲᠠᠯᠪᠢᠬᠤ᠎ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ᠎ᠤᠨ ᠲᠣᠭᠲᠠᠴᠠ᠎ᠶᠢ ᠨᠠᠶ᠋ᠢᠳᠠᠪᠤᠷᠢᠵᠢᠭᠤᠯᠤᠨ ᠲᠡᠭᠦᠯᠳᠡᠷᠵᠢᠭᠦᠯᠵᠦ᠍᠂ ᠡᠷᠬᠡ ᠬᠠᠷᠢᠭᠤᠴᠠᠯᠭ᠎ᠠ ᠶᠢ ᠠᠳᠠᠯᠢ ᠪᠠᠶ᠋ᠢᠯᠭᠠᠬᠤ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ᠌ ᠶᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ᠎ᠪᠠᠨ ᠵᠥᠪ ᠭᠦᠢᠴᠡᠳᠬᠡᠬᠦ᠌᠂ ᠡᠷᠬᠡ᠎ᠪᠡᠨ ᠵᠥᠪ ᠬᠡᠷᠡᠭᠵᠢᠭᠦᠯᠬᠦ᠌ ᠶᠢ ᠠᠬᠢᠭᠤᠯᠬᠤ ᠭᠡᠷᠡᠭᠳᠠᠢ᠃《ᠴᠢᠬᠤᠯᠠ ᠶᠡᠬᠡ ᠰᠢᠢᠳᠪᠦᠷᠢᠳᠤ ᠪᠤᠳᠤᠯᠭ᠎ᠠ ᠲᠤᠬᠳᠠᠭᠠᠬᠤ᠂ ᠴᠢᠬᠤᠯᠠ ᠺᠠᠳ᠋ᠷ ᠢ ᠲᠤᠰᠢᠶᠠᠯ ᠳ᠋ᠤ ᠲᠤᠮᠢᠯᠠᠵᠤ ᠪᠠᠭᠤᠯᠭᠠᠬᠤ᠂ ᠴᠢᠬᠤᠯᠡ ᠶᠡᠬᠡ ᠲᠦᠷᠦᠯ ᠵᠦᠢᠯ᠎ᠢ ᠲᠤᠬᠢᠷᠠᠭᠤᠯᠬᠤ᠂ ᠶᠡᠬᠡ ᠲᠤᠭ᠎ᠠ ᠬᠡᠮᠵᠢᠶᠠᠨ᠎ᠤ ᠪᠡᠯᠡ ᠮᠦᠩᠬᠦ ᠵᠢ ᠬᠡᠷᠡᠭᠯᠡᠬᠦ》 ᠰᠢ᠌ᠳᠪᠦᠷᠢᠲᠦ᠍ ᠪᠤᠳᠤᠯᠭ᠎ᠠ ᠵᠢ ᠲᠣᠭᠲᠠᠭᠠᠬᠤ᠎ᠳᠤ ᠬᠢᠨᠠᠯᠲᠠ ᠲᠠᠯᠪᠢᠬᠤ᠂ ᠬᠠᠷᠢᠭᠤᠴᠠᠯᠭ᠎ᠠ᠎ᠶᠢᠨ ᠮᠡᠳᠡᠭᠦᠯᠦᠯᠲᠡ ᠪᠠ ᠠᠷᠢᠭᠤᠨ ᠴᠢᠬᠡᠴᠢ᠎ᠶᠢᠨ ᠮᠡᠳᠡᠭᠦᠯᠦᠯᠲᠡ ᠬᠢᠬᠦ᠌᠂ ᠬᠢᠨᠠᠯᠲᠠ ᠲᠠᠯᠪᠢᠵᠤ ᠶᠠᠷᠢᠯᠴᠠᠬᠤ ᠵᠡᠷᠭᠡ ᠲᠦᠷᠢᠮ᠎ᠢ ᠴᠢᠩᠭ᠎ᠠ ᠬᠡᠷᠡᠭᠵᠢᠭᠦᠯᠵᠦ᠍᠂ ᠪᠦᠲᠦᠮᠵᠢᠲᠡᠢ᠎ᠪᠡᠷ ᠡᠷᠬᠡ ᠵᠢ ᠬᠢᠵᠠᠭᠠᠷᠯᠠᠬᠤ᠎ᠶᠢ ᠠᠬᠢᠭᠤᠯᠬᠤ ᠭᠡᠷᠡᠭᠳᠠᠢ᠃ ᠤᠯᠠᠨ ᠲᠦᠮᠡᠨ᠎ᠦ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠬᠦ᠌ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠤᠯᠠᠨ ᠲᠦᠮᠡᠨ ᠰᠠᠨᠠᠭᠠᠴᠢᠯᠠᠭ᠎ᠠ᠎ᠡᠴᠡ᠎ᠪᠠᠨ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠰᠠᠢ᠌ᠨ ᠰᠠᠶ᠋ᠢᠬᠠᠨ ᠣᠷᠴᠢᠨ ᠨᠥᠬᠥᠴᠡᠯ ᠢ ᠪᠤᠢ ᠪᠣᠯᠭᠠᠬᠤ ᠭᠡᠷᠡᠭᠳᠠᠢ᠃ ᠭᠣᠣᠯᠳᠠᠯᠭ᠎ᠠ᠎ᠲᠠᠶ ᠠᠵᠢᠯ ᠲᠦᠷᠦᠯ᠎ᠦᠨ ᠡᠷᠬᠡ᠎ᠶᠢᠨ ᠨᠠᠷᠢᠨ ᠲᠠᠨᠭᠰᠡ᠂ ᠦᠨᠳᠦᠰᠦᠨ ᠱᠠᠲᠤᠨ ᠤ ᠪᠠᠭ᠎ᠠ ᠵᠢᠵᠢᠭ ᠡᠷᠬᠡ᠎ᠶᠢᠨ ᠨᠠᠷᠢᠨ ᠲᠠᠨᠭᠰᠡ ᠵᠢ ᠪᠠᠶ᠋ᠢᠭᠤᠯᠵᠤ᠂ ᠤᠳᠤᠷᠢᠳᠬᠤ ᠺᠠᠳ᠋ᠷᠴᠤᠳ ᠤᠨ ᠬᠠᠤᠯᠢ ᠪᠠᠷᠢᠬᠤ ᠠᠵᠢᠯᠯᠠᠭ᠎ᠠ᠎ᠳᠤ ᠭᠠᠷ ᠲᠦᠷᠦᠭᠰᠡᠨ᠂ ᠪᠣᠳᠠᠲᠠᠢ ᠬᠡᠷᠡᠭ᠎ᠢ ᠰᠢ᠌ᠳᠪᠦᠷᠢᠯᠡᠬᠦ᠌᠎ᠳᠦ ᠭᠠᠷ ᠲᠦᠷᠦᠭᠰᠡᠨᠢ ᠲᠡᠮᠳᠡᠭᠯᠡᠨ ᠵᠠᠷᠯᠠᠨ ᠨᠠᠢᠳᠡᠯᠡᠬᠦ ᠲᠦᠷᠢᠮ᠎ᠢ ᠨᠠᠶ᠋ᠢᠳᠠᠪᠤᠷᠢᠵᠢᠭᠤᠯᠬᠤ ᠭᠡᠷᠡᠭᠳᠠᠢ᠃
(ᠭᠤᠴᠢᠨ ᠭᠤᠷᠪᠠ) ᠠᠷᠢᠭᠤᠨ ᠴᠢᠬᠡᠴᠢ᠎ᠶᠢ ᠡᠷᠬᠢᠮᠯᠡᠵᠦ᠍ ᠢᠯᠵᠢᠷᠠᠯ᠎ᠢ ᠡᠰᠡᠷᠭᠦᠴᠡᠬᠦ᠌ ᠦᠵᠡᠯ ᠰᠠᠨᠠᠭᠠᠨ ᠤ ᠰᠠᠭᠤᠷᠢ᠎ᠶᠢ ᠪᠡᠬᠢᠵᠢᠭᠦᠯᠬᠦ ᠭᠡᠷᠡᠭᠳᠠᠢ᠃ ᠰᠢᠨ᠎ᠡ ᠴᠠᠭ ᠦᠶ᠎ᠡ᠎ᠶᠢᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ᠎ᠶᠢᠨ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ᠎ᠶᠢ ᠭᠦᠨᠵᠡᠭᠡᠢ ᠬᠡᠷᠡᠭᠵᠢᠭᠦᠯᠵᠦ᠍᠂ ᠲᠥᠪ ᠭᠣᠣᠯᠴᠢ ᠠᠷᠢᠭᠤᠨ ᠴᠢᠬᠡᠴᠢ ᠦᠵᠡᠯ ᠰᠠᠨᠠᠭ᠎ᠠ ᠵᠠᠩ ᠴᠢᠨᠠᠷ᠂ ᠠᠷᠢᠭᠤᠨ ᠴᠢᠬᠡᠴᠢ᠎ᠪᠡᠷ ᠠᠯᠪᠠᠨ᠎ᠳᠤ ᠦᠢᠯᠡᠴᠢᠯᠡᠬᠦ᠌ ᠵᠠᠰᠠᠭ᠎ᠤᠨ ᠶᠤᠰᠤ ᠰᠤᠷᠳᠠᠬᠤᠨ᠎ᠤ ᠪᠣᠯᠪᠠᠰᠤᠷᠠᠯ᠂ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠬᠤ ᠶᠣᠰᠣ ᠮᠣᠷᠠᠯ ᠬᠡᠪ ᠪᠣᠯᠪᠠᠰᠤᠷᠠᠯ᠂ ᠠᠷᠢᠭᠤᠨ ᠠᠷᠢᠭᠤᠨ ᠴᠢᠬᠡᠴᠢ᠎ᠶᠢ ᠡᠷᠬᠢᠮᠯᠡᠵᠦ᠍ ᠢᠯᠵᠢᠷᠠᠯ᠎ᠢ ᠡᠰᠡᠷᠭᠦᠴᠡᠬᠦ ᠨᠡᠶ᠋ᠢᠭᠡᠮ᠎ᠦᠨ ᠬᠡᠪ ᠰᠤᠷᠲᠠᠯ᠎ᠢ ᠲᠠᠰᠤᠷᠠᠯᠲᠠ ᠦᠭᠡᠢ ᠪᠤᠢ ᠪᠣᠯᠭᠠᠬᠤ ᠭᠡᠷᠡᠭᠳᠠᠢ᠃ ᠠᠷᠢᠭᠤᠨ ᠴᠢᠬᠡᠴᠢ ᠵᠢᠨ ᠤᠬᠠᠭᠤᠯᠭ᠎ᠠ ᠬᠥᠮᠦᠵᠢᠯ᠎ᠦᠨ ᠲᠣᠭᠲᠠᠴᠠ᠎ᠶᠢᠨ ᠰᠢᠨ᠎ᠡ᠎ᠶᠢ ᠡᠭᠦᠳᠴᠦ᠍᠂ ᠤᠯᠠᠮᠵᠢᠯᠠᠯᠲᠤ᠌ ᠵᠢᠭᠰᠠᠭᠠᠯ᠎ᠤᠨ ᠭᠠᠵᠠᠷ ᠪᠠ ᠰᠢᠨ᠎ᠡ ᠵᠠᠭᠤᠴᠢᠯᠠᠭᠤᠷ᠎ᠤᠨ ᠰᠢᠨ᠎ᠡ ᠠᠷᠭ᠎ᠠ ᠪᠠᠷᠢᠯ᠎ᠢ ᠨᠢᠭᠡᠳᠦᠯᠲᠡᠢ ᠲᠥᠯᠥᠪᠵᠢᠬᠦᠯᠤᠨ᠂ ᠰᠦᠯᠵᠢᠶᠡᠨ ᠳᠡᠭᠡᠷ᠎ᠡ ᠪᠠ ᠪᠤᠳᠠᠳᠤ ᠴᠤᠬᠴᠠ ᠬᠣᠯᠪᠣᠭᠠᠯᠠᠨ ᠬᠥᠳᠡᠯᠦᠯᠴᠡᠵᠦ᠍᠂ ᠠᠭᠤᠯᠭ᠎ᠠ ᠪᠠ ᠠᠷᠭ᠎ᠠ ᠮᠠᠶᠢᠭ᠎ᠢ ᠲᠡᠰ ᠲᠦᠷᠦᠯ ᠬᠤᠪᠢᠶᠠᠨ ᠲᠣᠭᠲᠠᠭᠠᠵᠤ᠂ ᠤᠬᠠᠭᠤᠯᠭ᠎ᠠ ᠬᠥᠮᠦᠵᠢᠯ᠎ᠦᠨ ᠬᠠᠨᠳᠤᠯᠭᠠᠲᠤ᠌ ᠴᠢᠨᠠᠷ᠎ᠢ ᠴᠢᠩᠭᠠᠳᠬᠠᠬᠤ ᠭᠡᠷᠡᠭᠳᠠᠢ᠃ ᠤᠳᠤᠷᠢᠳᠬᠤ ᠺᠠᠳ᠋ᠷᠴᠤᠳ ᠤᠨ ᠵᠠᠰᠠᠭ᠎ᠤᠨ ᠣᠷᠳᠣᠨ ᠪᠠ ᠬᠤᠳᠠᠯᠳᠤᠭᠠᠨ᠎ᠤ ᠬᠣᠭᠣᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠲᠦᠷᠦᠭᠦᠯᠡᠨ ᠪᠠᠶ᠋ᠢᠭᠤᠯᠬᠤ᠎ᠶᠢ ᠱᠠᠯᠠᠪᠳᠠᠭᠤᠯᠵᠤ᠂ ᠲᠦᠷᠦᠯ ᠰᠠᠳᠤᠨ ᠦᠷ᠎ᠡ ᠬᠡᠦᠬᠡᠳ ᠪᠠ ᠳᠡᠷᠭᠡᠳᠡᠬᠢ ᠠᠵᠢᠯᠳᠠᠨ᠎ᠢᠶᠠᠨ ᠴᠢᠩᠭ᠎ᠠ ᠰᠤᠷᠭᠠᠨ ᠬᠥᠮᠦᠵᠢᠭᠦᠯᠵᠦ᠍ ᠬᠠᠮᠢᠶᠠᠷᠬᠤ ᠭᠡᠷᠡᠭᠳᠠᠢ᠃ ᠠᠷᠢᠭᠤᠨ ᠴᠢᠬᠡᠴᠢ᠎ᠪᠡᠷ ᠵᠠᠰᠠᠭ ᠪᠠᠷᠢᠭᠰᠠᠨ ᠨᠡᠶ᠋ᠢᠲᠡᠯᠢᠭ ᠵᠢᠱ᠌ᠢᠶ᠎ᠡ᠎ᠶᠢᠨ ᠬᠥᠲᠥᠯᠥᠨ ᠳᠠᠭᠠᠭᠤᠯᠬᠤ ᠪᠠ ᠰᠠᠬᠢᠯᠭ᠎ᠠ ᠪᠠᠲᠤ᠌ ᠬᠠᠤᠯᠢ ᠴᠠᠭᠠᠵᠠ᠎ᠶᠢ ᠵᠥᠷᠢᠴᠡᠭᠰᠡᠨ ᠬᠡᠷᠡᠭ᠎ᠦᠨ ᠰᠡᠷᠡᠮᠵᠢᠯᠡᠭᠦᠯᠦᠨ ᠵᠢᠷᠦᠬᠡᠰᠢᠶᠡᠨ ᠰᠦᠷᠳᠡᠭᠦᠯᠬᠦ᠌ ᠦᠢᠯᠡᠳᠤᠯ᠎ᠢ ᠪᠠᠳᠠᠷᠠᠭᠤᠯᠬᠤ ᠭᠡᠷᠡᠭᠳᠠᠢ᠃ ᠤᠳᠤᠷᠢᠳᠬᠤ ᠺᠠᠳ᠋ᠷ ᠡᠷᠬᠡ ᠲᠤᠰᠢᠶᠠᠯ ᠪᠤᠶᠤ ᠨᠥᠯᠥᠭᠡᠯᠡᠬᠦ᠌ ᠬᠦᠴᠦᠨ᠎ᠢᠶᠡᠨ ᠠᠰᠢᠭᠯᠠᠨ ᠬᠡᠷ ᠪᠦᠯᠢ᠂ ᠲᠥᠷᠥᠯ ᠰᠠᠳᠤᠨ ᠨᠠᠶ᠋ᠢᠵᠠ ᠨᠥᠬᠥᠳ᠎ᠲᠡᠬᠡᠨ ᠣᠨᠴᠠᠭᠠᠶ ᠬᠠᠷᠠᠭᠠᠯᠵᠠᠯ ᠦᠵᠡᠭᠦᠯᠵᠦ᠍ ᠪᠣᠯᠬᠤ ᠥᠬᠡᠶ᠂ ᠤᠳᠤᠷᠢᠳᠬᠤ ᠺᠠᠳ᠋ᠷ᠎ᠤᠨ ᠬᠡᠷ ᠪᠦᠯᠢ᠂ ᠲᠥᠷᠥᠯ ᠰᠠᠳᠤᠨ ᠨᠠᠶ᠋ᠢᠵᠠ ᠨᠥᠬᠥᠳ ᠤᠳᠤᠷᠢᠳᠬᠤ ᠺᠠᠳ᠋ᠷ᠎ᠤᠨ ᠡᠷᠬᠡ ᠲᠤᠰᠢᠶᠠᠯ᠎ᠤᠨ ᠬᠡᠪᠴᠢᠶᠡᠨ᠎ᠳᠡᠬᠢ ᠠᠵᠢᠯ᠂ ᠠᠵᠢᠯᠲᠠᠨ᠎ᠤ ᠶᠠᠪᠤᠳᠠᠯ᠎ᠤᠨ ᠲᠣᠬᠢᠷᠠᠭᠤᠯᠤᠯᠲᠠ᠎ᠳᠤ ᠭᠠᠷ ᠳᠦᠷᠦᠵᠦ᠍ ᠪᠣᠯᠬᠤ ᠥᠬᠡᠶ᠃
(ᠭᠤᠴᠢᠨ ᠳᠥᠷᠪᠡ) 《ᠢᠯᠵᠢᠷᠠᠬᠦ ᠡᠴᠡ ᠵᠢᠷᠤᠭᠡᠰᠢᠶᠡᠬᠦ ᠢᠯᠵᠢᠷᠠᠵᠤ ᠪᠤᠯᠬᠤ ᠦᠭᠡᠢ ᠢᠯᠵᠢᠷᠡᠬᠦ ᠵᠢ ᠪᠤᠳᠤᠬᠤ ᠦᠭᠡᠢ》 ᠪᠠᠢᠬᠤ ᠵᠢ ᠨᠢᠬᠡ ᠴᠣᠭᠴᠠᠵᠢᠭᠤᠯᠤᠨ ᠠᠬᠢᠭᠤᠯᠬᠤ ᠶᠡᠷᠦᠩᠬᠡᠶ᠋ᠢᠯᠡᠭᠰᠡᠨ ᠦᠷ᠎ᠠ ᠪᠦᠳᠤᠮᠵᠢ ᠦᠢᠯᠡᠳᠤᠯ ᠢ᠋ ᠴᠢᠩᠭᠠᠳᠬᠠᠬᠤ ᠭᠡᠷᠡᠭᠳᠠᠢ᠃ ᠢᠯᠵᠢᠷᠠᠯ᠎ᠢ ᠡᠰᠡᠷᠭᠦᠴᠡᠬᠦ᠌ ᠠᠵᠢᠯ᠎ᠤᠨ ᠲᠣᠭᠲᠠᠴᠠ᠎ᠶᠢ ᠲᠡᠭᠦᠯᠳᠡᠷᠵᠢᠭᠦᠯᠵᠦ᠍᠂ ᠨᠠᠮ᠎ᠤᠨ ᠬᠣᠷᠢᠶ᠎ᠠ ᠵᠢᠨ ᠨᠢᠭᠡᠳᠦᠯᠲᠡᠢ ᠤᠳᠤᠷᠢᠳᠤᠯᠭ᠎ᠠ ᠳᠣᠣᠷᠠᠬᠢ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠪᠠᠶ᠋ᠢᠭᠤᠯᠭ᠎ᠠ ᠪᠣᠯᠤᠨ ᠲᠣᠭᠣᠷᠢᠨ ᠦᠵᠡᠬᠦ ᠲᠤᠭᠤᠷᠢᠨ ᠪᠠᠶ᠋ᠢᠴᠠᠭᠠᠬᠤ᠂ ᠵᠣᠬᠢᠶᠠᠨ ᠪᠠᠶ᠋ᠢᠭᠤᠯᠬᠤ᠂ ᠤᠬᠠᠭᠤᠯᠬᠤ᠂ ᠤᠯᠤᠰ ᠲᠦᠷᠦ᠍ ᠬᠠᠤᠯᠢ ᠴᠠᠭᠠᠵᠠ᠂ ᠬᠢᠨᠠᠨ ᠪᠤᠳᠤᠬᠤ᠂ ᠵᠠᠬᠢᠳᠠᠯ ᠰᠤᠷᠪᠤᠯᠵᠢᠯᠠᠯ᠂ ᠡᠳ᠋ ᠦᠨ ᠶᠠᠪᠤᠳᠠᠯ ᠨᠢᠭᠲᠠᠯᠠᠨ ᠪᠤᠳᠤᠬᠤ᠂ ᠲᠣᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ᠎ᠦᠨ ᠪᠠᠶ᠋ᠢᠩᠭᠤᠵᠢᠭᠰᠠᠨ ᠬᠠᠮᠵᠢᠯᠴᠠᠨ ᠠᠵᠢᠯᠯᠠᠬᠤ ᠲᠣᠭᠲᠠᠴᠠ᠎ᠶᠢ ᠪᠦᠷᠢᠨᠰᠢᠭᠦᠯᠵᠦ᠍᠂ ᠪᠦᠬᠦ᠌ ᠬᠡᠯᠬᠢᠶᠡᠨ᠎ᠦ ᠬᠠᠮᠵᠢᠯᠴᠠᠭ᠎ᠠ᠎ᠪᠠᠷ ᠨᠢᠭᠡ ᠴᠤᠭᠴᠠᠵᠢᠭᠰᠠᠨ ᠵᠠᠰᠠᠯᠲᠠ᠎ᠶᠢ ᠠᠬᠢᠭᠤᠯᠬᠤ ᠭᠡᠷᠡᠭᠳᠠᠢ᠃ ᠲᠣᠭᠠᠴᠢᠯᠠᠭᠰᠠᠨ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠰᠢᠰᠲ᠋ᠧᠮ᠎ᠦᠨ ᠪᠠᠶ᠋ᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠢᠯᠵᠢᠷᠡᠯ᠎ᠢ ᠡᠰᠡᠷᠭᠦᠴᠡᠬᠦ᠌ ᠮᠦᠨ ᠴᠢᠨᠠᠷ ᠢ᠋ ᠢᠯᠡᠷᠡᠬᠦᠯᠬᠦ ᠬᠦᠴᠦᠨ᠎ᠢ ᠳᠡᠭᠡᠭᠰᠢᠯᠡᠭᠦᠯᠬᠦ᠌ ᠬᠡᠷᠡᠭᠲᠡᠢ᠃ ᠬᠡᠷᠡᠭ᠎ᠢᠶᠡᠷ ᠴᠡᠭᠴᠡᠯᠡᠨ ᠰᠠᠢᠵᠢᠷᠠᠭᠤᠯᠤᠯᠳᠠ ᠵᠢ ᠠᠬᠢᠭᠤᠯᠬᠤ ᠵᠠᠰᠠᠯᠲᠠ᠎ᠶᠢ ᠠᠬᠢᠭᠤᠯᠬᠤ᠎ᠶᠢ ᠪᠣᠳᠠᠲᠠᠢ ᠠᠳᠬᠤᠵᠤ᠂ ᠴᠢᠬᠤᠯᠠ ᠶᠡᠬᠡ ᠬᠡᠷᠡᠭ᠎ᠦᠨ ᠳᠤᠮᠳᠠ ᠢᠯᠡᠷᠡᠭᠦᠯᠦᠭᠰᠡᠨ ᠠᠵᠢᠯ ᠲᠦᠷᠦᠯ᠎ᠦᠨ ᠴᠢᠨᠠᠷᠲᠠᠢ᠂ ᠰᠢᠰᠲ᠋ᠧᠮ᠎ᠦᠨ ᠴᠢᠨᠠᠷᠲᠠᠢ ᠢᠯᠵᠢᠷᠠᠯ᠎ᠤᠨ ᠠᠰᠠᠭᠤᠳᠠᠯ᠎ᠳᠤ ᠲᠤᠰᠬᠠᠢ ᠵᠠᠰᠠᠯᠲᠠ ᠥᠷᠨᠢᠭᠦᠯᠵᠦ᠍᠂ ᠬᠡᠷᠡᠭ᠎ᠢ ᠪᠠᠶ᠋ᠢᠴᠠᠭᠠᠨ ᠰᠢ᠌ᠳᠪᠦᠷᠢᠯᠡᠬᠦ᠌᠎ᠪᠡᠷ ᠳᠠᠮᠵᠢᠨ ᠲᠦᠷᠢᠮ᠎ᠦᠨ ᠲᠣᠭᠲᠠᠴᠠ᠎ᠶᠢ ᠪᠦᠷᠢᠨᠰᠢᠬᠦᠯᠵᠤ᠂ ᠡᠷᠬᠡ᠎ᠶᠢᠨ ᠠᠵᠢᠯᠯᠠᠭᠠᠨ᠎ᠤ ᠠᠯᠳᠠᠬᠳᠠᠯ ᠳᠤᠲᠠᠭᠳᠠᠯ᠂ ᠬᠢᠨᠠᠯᠲᠠ ᠬᠠᠮᠢᠶᠠᠷᠤᠯᠲᠠ᠎ᠶᠢᠨ ᠬᠤᠭᠤᠰᠤᠨ ᠬᠡᠰᠡᠭ᠂ ᠲᠦᠷᠢᠮ᠎ᠦᠨ ᠬᠣᠭᠣᠰᠣᠨ᠎ᠢ ᠠᠷᠢᠯᠭᠠᠵᠤ᠂ ᠬᠢᠨᠠᠯᠲᠠ ᠲᠠᠯᠪᠢᠬᠤ᠂ ᠬᠡᠷᠡᠭ᠎ᠢ ᠰᠢ᠌ᠳᠪᠦᠷᠢᠯᠡᠬᠦ᠌᠂ ᠴᠡᠭᠴᠡᠯᠡᠨ ᠰᠠᠢᠵᠢᠷᠠᠭᠤᠯᠬᠤ᠂ ᠵᠠᠰᠠᠬᠤ ᠪᠢᠲᠡᠭᠦᠦ ᠭᠣᠭᠴᠣᠭ᠎ᠠ᠎ᠶᠢ ᠪᠦᠷᠢᠯᠳᠦᠬᠦᠯᠬᠦ ᠭᠡᠷᠡᠭᠳᠠᠢ᠃ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠪᠠᠶ᠋ᠢᠭᠤᠯᠤᠯ᠎ᠤᠨ ᠥᠭᠡᠷᠡᠴᠢᠯᠡᠯᠲᠡ ᠶᠢ ᠠᠬᠢᠭᠤᠯᠵᠤ᠂ ᠡᠭᠦᠷᠭᠡ ᠲᠤᠰᠢᠶᠠᠯ ᠤᠨ ᠲᠤᠬᠢᠷᠠᠭᠤᠯᠤᠯᠳᠠ᠂ ᠪᠠᠶ᠋ᠢᠭᠤᠯᠤᠮᠵᠢ᠎ᠶᠢᠨ ᠲᠤᠬᠢᠷᠠᠭᠤᠯᠤᠯᠳᠠ᠂ ᠬᠦᠴᠦᠨ᠎ᠦ ᠲᠤᠬᠢᠷᠠᠭᠤᠯᠤᠯᠳᠠ᠎ᠶᠢ ᠲᠡᠭᠦᠯᠳᠡᠷᠵᠢᠭᠦᠯᠵᠦ᠍᠂ ᠪᠠᠶ᠋ᠢᠭᠤᠯᠭ᠎ᠠ ᠪᠣᠯᠤᠨ ᠲᠣᠮᠢᠯᠠᠨ ᠰᠠᠭᠤᠯᠭᠠᠭᠰᠠᠨ ᠪᠠᠶ᠋ᠢᠭᠤᠯᠤᠮᠵᠢ᠎ᠶᠢᠨ ᠬᠦᠴᠦᠨ᠎ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ᠌᠎ᠶᠢ ᠴᠢᠩᠭᠠᠳᠬᠠᠬᠤ ᠭᠡᠷᠡᠭᠳᠠᠢ᠃
ᠨᠠᠢ᠍ᠮᠠ᠂ ᠲᠦᠷᠢᠮ᠎ᠢᠶᠡᠷ ᠨᠠᠮ᠎ᠢ ᠵᠠᠰᠠᠬᠤ᠂ ᠲᠤᠬᠳᠠᠭᠠᠯ ᠶᠤᠰᠤᠭᠠᠷ ᠨᠠᠮ᠎ᠢ ᠵᠠᠰᠠᠬᠤ᠎ᠶᠢ ᠪᠠᠷᠢᠮᠲᠠᠯᠠᠬᠤ ᠲᠤᠬᠠᠶ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠶᠢ ᠭᠦᠨᠵᠡᠭᠡᠶ ᠲᠤᠭᠤᠰᠢᠯᠠᠭᠤᠯᠵᠤ᠂ ᠨᠠᠮ᠎ᠢ ᠪᠥᠬᠥ᠌ ᠲᠠᠯ᠎ᠠ᠎ᠪᠠᠷ ᠬᠠᠮᠢᠶᠠᠷᠴᠤ᠌ ᠨᠠᠮ᠎ᠢ ᠵᠠᠰᠠᠬᠤ᠎ᠶᠢ ᠰᠢᠨᠵᠢᠯᠡᠬᠦ᠌ ᠤᠬᠠᠭᠠᠨᠴᠢᠯᠠᠬᠤ ᠳᠦᠷᠢᠮᠵᠢᠭᠦᠯᠬᠦ᠌ ᠵᠢᠷᠤᠮᠵᠢᠭᠤᠯᠬᠤ ᠲᠦᠪᠰᠢᠨ ᠢ᠋ ᠲᠠᠰᠤᠷᠠᠯᠲᠠ ᠥᠬᠡᠶ ᠳᠡᠭᠡᠭᠰᠢᠯᠡᠭᠦᠯᠬᠦ ᠭᠡᠷᠡᠭᠳᠠᠢ
(ᠭᠤᠴᠢᠨ ᠲᠠᠪᠤ) ᠨᠠᠮ ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠲᠣᠭᠲᠠᠭᠠᠬᠤ ᠠᠵᠢᠯ᠎ᠢ ᠴᠢᠩᠭᠠᠳᠬᠠᠬᠤ ᠭᠡᠷᠡᠭᠳᠠᠢ᠃ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠢ ᠲᠤᠬᠳᠠᠭᠠᠬᠤ ᠲᠥᠯᠥᠪᠵᠢᠭᠦᠯᠭᠡ ᠲᠥᠯᠥᠪᠯᠡᠭᠡ ᠵᠢ ᠰᠢᠨᠵᠢᠯᠡᠬᠦ᠌ ᠤᠬᠠᠭᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠳᠤᠮᠳᠠ ᠣᠷᠣᠰᠢᠵᠤ ᠪᠠᠶ᠋ᠢᠭ᠎ᠠ ᠲᠤᠪᠤᠢ᠌ᠮ᠎ᠠ ᠠᠰᠠᠭᠤᠳᠠᠯ᠎ᠳᠤ ᠴᠢᠭᠯᠡᠭᠦᠯᠦᠨ᠂ ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ ᠪᠠ ᠵᠠᠩᠭᠢᠯᠠᠭ᠎ᠠ᠎ᠶᠢᠨ ᠭᠣᠭᠴᠣᠭ᠎ᠠ᠎ᠶᠢ ᠠᠳᠬᠤᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠢ ᠲᠣᠭᠲᠠᠭᠠᠬᠤ ᠲᠦᠷᠦᠯ ᠵᠦᠢᠯ ᠢ ᠰᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠤᠨ᠂ ᠲᠣᠭᠲᠠᠭᠠᠬᠤ ᠶᠠᠰᠤ ᠴᠢᠨᠠᠷ᠎ᠢ ᠳᠡᠭᠡᠭᠰᠢᠯᠡᠭᠦᠯᠵᠦ᠍᠂ ᠪᠣᠳᠠᠲᠠᠢ ᠵᠢ ᠡᠷᠬᠢᠮᠯᠡᠭᠰᠡᠨ ᠪᠥᠭᠡᠳ ᠲᠤᠰᠠᠲᠠᠢ᠂ ᠬᠡᠷᠡᠭᠵᠢᠭᠦᠯᠬᠦ᠌᠎ᠳᠦ ᠲᠦᠬᠦᠮ ᠪᠣᠯᠭᠠᠬᠤ ᠭᠡᠷᠡᠭᠳᠠᠢ᠃ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠣᠭᠲᠠᠭᠠᠬᠤ ᠠᠵᠢᠯ᠎ᠤᠨ ᠲᠣᠭᠲᠠᠴᠠ᠎ᠶᠢ ᠲᠡᠭᠦᠯᠳᠡᠷᠵᠢᠭᠦᠯᠵᠦ᠍᠂ ᠲᠠᠨᠭᠰᠠᠯᠠᠵᠤ ᠬᠢᠨᠠᠨ ᠪᠠᠶ᠋ᠢᠴᠠᠭᠠᠬᠤ᠂ ᠴᠡᠪᠡᠷᠯᠡᠨ ᠲᠢᠭᠯᠡᠬᠦ᠌᠂ ᠲᠠᠶ᠋ᠢᠯᠪᠤᠷᠢᠯᠠᠬᠤ ᠡᠷᠴᠢᠮ᠎ᠢᠶᠡᠨ ᠴᠢᠩᠭᠠᠷᠠᠭᠤᠯᠵᠤ᠂ ᠨᠠᠮ ᠤᠨ ᠳᠣᠲᠣᠭᠠᠳᠤ᠎ᠶᠢᠨ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ᠎ᠶᠢ ᠦᠨᠡᠯᠡᠬᠦ᠌ ᠠᠵᠢᠯ᠎ᠢ ᠰᠠᠶ᠋ᠢᠲᠤᠷ ᠬᠢᠬᠦ ᠭᠡᠷᠡᠭᠳᠠᠢ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠰᠡᠨ ᠦᠢᠯᠡᠳᠦᠯᠭᠡ᠎ᠶᠢᠨ ᠲᠤᠷᠰᠢᠯᠭ᠎ᠠ᠎ᠶᠢ ᠨᠠᠷᠢᠨ ᠬᠢᠨᠠᠮᠠᠭᠠᠢ ᠳ᠋ᠦᠩᠨᠡᠵᠦ᠍᠂ ᠨᠡᠯᠢᠶᠡᠳ ᠪᠣᠯᠪᠠᠰᠤᠷᠠᠩᠭᠤᠢ᠂ ᠨᠡᠶ᠋ᠢᠳᠡᠮ ᠬᠡᠷᠡᠭᠯᠡᠬᠦ᠌ ᠳ᠋ᠤ ᠲᠤᠬᠢᠷᠠᠬᠤ ᠲᠤᠷᠰᠢᠯᠭ᠎ᠠ᠎ᠶᠢ ᠴᠠᠭ ᠲᠤᠬᠠᠢᠳᠤᠨᠢ ᠰᠢᠷᠭᠠᠭᠠᠨ ᠪᠣᠯᠪᠠᠰᠤᠷᠠᠭᠤᠯᠵᠤ ᠳᠡᠭᠡᠭᠰᠢᠯᠡᠭᠦᠯᠦᠨ ᠳᠦᠷᠢᠮ ᠪᠣᠯᠭᠠᠬᠤ ᠭᠡᠷᠡᠭᠳᠠᠢ᠃
(ᠭᠤᠴᠢᠨ ᠵᠢᠷᠭᠤᠭ᠎ᠠ) ᠨᠠᠮ ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠬᠡᠷᠡᠭᠵᠢᠭᠦᠯᠬᠦ᠌ ᠦᠷ᠎ᠡ ᠪᠦᠲᠦᠮᠵᠢᠦᠢᠯᠡᠳᠤᠯ ᠢ᠋ ᠳᠡᠭᠡᠭᠰᠢᠯᠡᠭᠦᠯᠬᠦ ᠭᠡᠷᠡᠭᠳᠠᠢ᠃ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠤᠬᠠᠭᠤᠯᠤᠨ ᠲᠦᠭᠡᠮᠡᠯᠵᠢᠭᠦᠯᠬᠦ᠌᠎ᠶᠢ ᠴᠢᠩᠭᠠᠳᠬᠠᠵᠤ᠂ ᠨᠠᠮ ᠤᠨ ᠳᠣᠲᠣᠭᠠᠳᠤ᠎ᠶᠢᠨ ᠬᠠᠤᠯᠢ ᠲᠣᠭᠲᠠᠭᠠᠯ ᠢ ᠢᠯᠡ ᠪᠣᠯᠭᠠᠬᠤ ᠡᠷᠴᠢᠮ᠎ᠢ ᠴᠢᠩᠭᠠᠷᠠᠭᠤᠯᠬᠤ ᠭᠡᠷᠡᠭᠳᠠᠢ᠃ ᠨᠠᠮ ᠤᠨ ᠳᠣᠲᠣᠭᠠᠳᠤ᠎ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ᠌ ᠬᠠᠷᠢᠭᠤᠴᠠᠯᠭ᠎ᠠ᠎ᠶᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠬᠡᠷᠡᠭᠵᠢᠭᠦᠯᠵᠦ᠍ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭᠠᠬᠤ᠎ᠪᠠᠨ ᠴᠢᠩᠭᠠᠳᠬᠠᠵᠤ᠂ ᠬᠠᠤᠯᠢ ᠲᠣᠭᠲᠠᠭᠠᠯ ᠢ ᠬᠡᠷᠡᠭᠵᠢᠭᠦᠯᠬᠦ᠌ ᠰᠠᠯᠠᠭ᠎ᠠ ᠮᠥᠴᠢᠷ᠎ᠦᠨ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠨᠠᠮ ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠲᠦᠷᠢᠮ᠎ᠦᠨ ᠳᠠᠪᠠᠭᠤᠯᠢᠭ᠎ᠢ ᠵᠠᠰᠠᠯᠲᠠ᠎ᠶᠢᠨ ᠦᠷ᠎ᠠ ᠪᠦᠳᠤᠮᠵᠢ ᠦᠢᠯᠡᠳᠦᠯ ᠪᠣᠯᠭᠠᠨ ᠤᠯᠠᠷᠢᠭᠤᠯᠬᠤ ᠵᠢ ᠠᠬᠢᠭᠤᠯᠬᠤ ᠭᠡᠷᠡᠭᠳᠠᠢ᠃ ᠲᠦᠷᠢᠮ᠎ᠦᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶ᠋ᠢᠬᠤ᠂ ᠲᠦᠷᠢᠮ᠎ᠢ ᠬᠡᠷᠡᠭᠵᠢᠭᠦᠯᠬᠦ᠌᠎ᠳᠦ ᠣᠨᠴᠠᠭᠠᠢ ᠪᠠᠶ᠋ᠢᠳᠠᠯ ᠦᠭᠡᠢ ᠪᠠᠶ᠋ᠢᠬᠤ᠎ᠶᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠵᠥᠷᠢᠴᠡᠭᠰᠡᠨ ᠠᠵᠢᠯᠯᠠᠭ᠎ᠠ᠎ᠵᠢ ᠵᠠᠯᠬᠠᠭᠠᠨ ᠰᠢ᠌ᠳᠬᠡᠬᠦ᠌ ᠬᠠᠷᠢᠭᠤᠴᠠᠯᠭ᠎ᠠ ᠨᠡᠬᠡᠮᠵᠢᠯᠡᠬᠦ᠌ ᠲᠣᠭᠲᠠᠴᠠ᠎ᠶᠢ ᠪᠦᠷᠢᠨᠰᠢᠬᠦᠯᠵᠤ᠂ ᠵᠠᠷᠯᠢᠭ ᠪᠠᠶ᠋ᠢᠪᠠᠴᠤ᠌ ᠬᠡᠷᠡᠭᠵᠢᠭᠦᠯᠬᠦ᠌ ᠦᠭᠡᠢ᠂ ᠴᠠᠭᠠᠵᠠᠯᠠᠨ ᠬᠤᠷᠢᠬᠯᠠᠵᠤ ᠪᠠᠢᠪᠠᠴᠤ ᠵᠣᠭᠰᠣᠬᠤ ᠦᠭᠡᠢ ᠪᠠᠶ᠋ᠢᠬᠤ᠎ᠶᠢ ᠡᠷᠡᠰ ᠵᠠᠯᠠᠷᠠᠭᠤᠯᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠲᠥᠪ ᠴᠢᠩᠭ᠎ᠠ ᠴᠢᠨᠠᠷ ᠡᠷᠬᠡ ᠰᠦᠷᠲᠦ᠍ ᠴᠢᠨᠠᠷ᠎ᠢ ᠡᠷᠡᠰ ᠬᠠᠮᠠᠭᠠᠯᠠᠬᠤ ᠭᠡᠷᠡᠭᠳᠠᠢ᠃
(ᠭᠤᠴᠢᠨ ᠳᠣᠯᠣᠭ᠎ᠠ) ᠨᠠᠮ ᠤᠨ ᠭᠡᠰᠢᠭᠦᠨ ᠺᠠᠳ᠋ᠷ᠎ᠤᠨ ᠳᠦᠷᠢᠮ᠎ᠦᠨ ᠦᠵᠡᠯ ᠤᠬᠠᠮᠰᠠᠷ᠎ᠢ ᠨᠡᠮᠡᠭᠳᠡᠭᠦᠯᠬᠦ ᠭᠡᠷᠡᠭᠳᠠᠢ᠃ ᠨᠠᠮ᠎ᠤᠨ ᠳᠦᠷᠢᠮ ᠪᠠ ᠨᠠᠮ᠎ᠤᠨ ᠳᠣᠲᠣᠭᠠᠳᠤ᠎ᠶᠢᠨ ᠪᠤᠰᠤᠳ ᠬᠠᠤᠯᠢ ᠲᠣᠭᠲᠠᠭᠠᠯ᠂ ᠦᠨᠳᠦᠰᠦᠨ ᠬᠠᠤᠯᠢ ᠪᠠ ᠬᠠᠤᠯᠢ ᠴᠠᠭᠠᠵᠠ ᠬᠠᠤᠯᠢ ᠲᠣᠭᠲᠠᠭᠠᠯ᠎ᠤᠨ ᠰᠤᠷᠤᠯᠴᠠᠯᠭ᠎ᠠ ᠬᠥᠮᠦᠵᠢᠯ᠎ᠢ ᠴᠢᠩᠭᠠᠳᠬᠠᠵᠤ᠂ ᠤᠳᠤᠷᠢᠳᠬᠤ ᠺᠠᠳ᠋ᠷᠴᠤᠳ᠎ᠤᠨ ᠮᠡᠳᠡᠪᠡᠯ ᠤᠢᠯᠠᠭᠠᠪᠠᠯ ᠵᠣᠬᠢᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠢ ᠨᠠᠶ᠋ᠢᠳᠠᠪᠤᠷᠢᠵᠢᠭᠤᠯᠬᠤ ᠭᠡᠷᠡᠭᠳᠠᠢ᠃ ᠲᠦᠷᠦ ᠶᠢᠨ ᠠᠵᠢᠯᠳᠠᠨ ᠤ ᠬᠠᠤᠯᠢ᠎ᠶᠢ ᠰᠤᠷᠴᠤ᠌ ᠬᠠᠤᠯᠢ᠎ᠶᠢ ᠬᠡᠷᠡᠭᠯᠡᠬᠦ᠌ ᠲᠦᠷᠢᠮ᠎ᠢ ᠲᠡᠭᠦᠯᠳᠡᠷᠵᠢᠭᠦᠯᠵᠦ᠍᠂ ᠬᠠᠤᠯᠢ ᠪᠠᠷ ᠲᠣᠭᠲᠠᠭᠠᠭᠰᠠᠨ ᠬᠡᠪᠴᠢᠶᠡᠨ᠎ᠳᠦ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌᠂ ᠬᠠᠤᠯᠢ᠎ᠪᠠᠷ ᠲᠣᠭᠲᠠᠭᠠᠭᠰᠠᠨ ᠲᠡᠰ ᠲᠠᠷᠠᠭᠠᠯᠠᠯ ᠲᠤᠮᠳᠠ ᠡᠷᠬᠡ᠎ᠪᠡᠨ ᠬᠡᠷᠡᠭᠵᠢᠭᠦᠯᠬᠦ᠌᠂ ᠬᠠᠤᠯᠢ᠎ᠪᠠᠷ ᠵᠠᠰᠠᠬᠤ ᠵᠠᠮ᠎ᠢᠶᠠᠷ ᠠᠵᠢᠯ᠎ᠢᠶᠠᠨ ᠥᠷᠨᠢᠭᠦᠯᠬᠦ᠌᠎ᠶᠢ ᠦᠨᠡᠨ ᠬᠦ᠌ ᠪᠠᠲᠤᠯᠠᠬᠤ ᠭᠡᠷᠡᠭᠳᠠᠢ᠃ ᠬᠠᠤᠯᠢ ᠴᠠᠭᠠᠵᠠ᠎ᠶᠢ ᠵᠢᠷᠤᠮᠯᠠᠵᠤ᠂ ᠬᠠᠤᠯᠢ ᠶᠣᠰᠣᠭᠠᠷ ᠠᠵᠢᠯᠯᠠᠬᠤ ᠡᠰᠡᠬᠦ᠌᠎ᠪᠡᠷ ᠺᠠᠳ᠋ᠷ᠎ᠢ ᠰᠢᠯᠭᠠᠨ ᠪᠠᠶ᠋ᠢᠴᠠᠭᠠᠬᠤ ᠴᠢᠬᠤᠯᠠ ᠠᠭᠤᠯᠭ᠎ᠠ ᠪᠣᠯᠭᠠᠵᠤ᠂ ᠺᠠᠳ᠋ᠷ᠎ᠢ ᠬᠡᠷᠡᠭᠯᠡᠬᠦ᠌ ᠴᠢᠬᠤᠯᠠ ᠦᠨᠳᠦᠰᠦ ᠪᠠᠷᠢᠮᠲᠠ ᠪᠣᠯᠭᠠᠬᠤ ᠬᠡᠷᠡᠭᠲᠡᠢ᠃ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ ᠵᠠᠷᠴᠢᠮ᠎ᠢ ᠡᠷᠬᠢᠮᠯᠡᠬᠦ᠌᠂ ᠬᠠᠤᠯᠢ ᠰᠠᠬᠢᠯᠭ᠎ᠠ᠎ᠶᠢ ᠵᠢᠷᠤᠮᠯᠠᠬᠤ᠂ ᠲᠥᠪ ᠶᠣᠰᠣ᠎ᠶᠢ ᠰᠠᠬᠢᠬᠤ᠎ᠶᠢ ᠪᠠᠷᠢᠮᠲᠠᠯᠠᠵᠤ᠂ ᠡᠷᠬᠡ᠎ᠶᠢ ᠬᠡᠷᠡᠭᠵᠢᠭᠦᠯᠬᠦ᠌᠂ ᠲᠦᠷᠦ᠎ᠶᠢᠨ ᠪᠤᠳᠤᠯᠭ᠎ᠠ᠎ᠶᠢ ᠬᠡᠷᠡᠭᠵᠢᠭᠦᠯᠬᠦ᠌᠂ ᠺᠠᠳ᠋ᠷ᠎ᠢ ᠰᠣᠩᠭᠣᠨ ᠬᠡᠷᠡᠭᠯᠡᠬᠦ᠌᠂ ᠰᠢᠯᠢᠳᠡᠭ᠎ᠢ ᠰᠢᠯᠭᠠᠷᠠᠭᠤᠯᠵᠤ ᠲᠡᠷᠢᠭᠦᠨ᠎ᠦ ᠬᠢ᠎ᠶᠢ ᠰᠢᠯᠭᠠᠷᠠᠭᠤᠯᠬᠤ ᠵᠡᠷᠭᠡ ᠲᠠᠯ᠎ᠠ᠎ᠪᠠᠷ ᠲᠠᠯᠳᠠ ᠲᠦᠷᠢᠮ ᠭᠤᠷᠢᠮ᠎ᠢ ᠤᠬᠠᠮᠰᠠᠷ᠎ᠡᠴᠡ᠎ᠪᠠᠨ ᠡᠰᠡᠷᠭᠦᠴᠡᠨ ᠬᠣᠷᠢᠭᠯᠠᠵᠤ᠂ ᠶᠠᠭᠠᠬᠢᠭᠰᠠᠨ ᠴᠤ᠌ ᠡᠷᠬᠡ ᠰᠦᠷᠳᠠᠨ ᠢ᠋ ᠪᠢᠯᠳᠠᠤᠴᠢᠯᠠᠬᠤ᠂ ᠨᠠᠢᠯᠡᠨ ᠰᠦᠯᠪᠡᠬᠡᠯᠡᠵᠤ ᠮᠠᠭᠤ ᠭᠡᠷᠡᠭ ᠦᠢᠯᠡᠳᠬᠦ ᠦᠭᠡᠢ ᠪᠠᠶ᠋ᠢᠬᠤ ᠬᠡᠷᠡᠭᠲᠡᠢ᠃
ᠶᠢᠰᠦ᠂ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ᠎ᠶᠢ ᠴᠢᠩᠭᠠᠳᠬᠠᠵᠤ᠂ ᠴᠢᠩᠭ᠎ᠠ ᠪᠠᠢᠬᠤ ᠦᠨᠳᠦᠰᠦᠨ ᠬᠥᠭ ᠠᠶᠠᠰ᠎ᠢ ᠢᠮᠠᠭᠲᠠ ᠪᠠᠷᠢᠮᠳᠠᠯᠠᠬᠤ ᠵᠢ ᠠᠬᠢᠭᠤᠯᠬᠤ ᠭᠡᠷᠡᠭᠳᠠᠢ
(ᠭᠤᠴᠢᠨ ᠨᠠᠢ᠍ᠮᠠ) ᠬᠠᠷᠢᠭᠤᠴᠠᠯᠭ᠎ᠠ᠎ᠶᠢ ᠴᠢᠩᠳᠠᠯᠠᠨ ᠪᠣᠳᠠᠲᠠᠢᠵᠢᠭᠤᠯᠬᠤ ᠭᠡᠷᠡᠭᠳᠠᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠍᠂ ᠤᠳᠤᠷᠢᠳᠬᠤ ᠪᠠᠭ᠎ᠤᠨ ᠪᠦᠷᠢᠯᠳᠦᠬᠦᠨ᠎ᠦ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠎ᠶᠢ ᠵᠢᠯ ᠪᠦᠷᠢ ᠨᠠᠭᠠᠳᠤ ᠵᠠᠬ᠎ᠠ ᠳ᠋ᠡᠭᠠᠨ ᠨᠢᠭᠡ ᠤᠳᠠᠭ᠎ᠠ ᠰᠣᠨᠣᠰᠴᠤ᠌᠂ ᠬᠢᠨᠡᠨ ᠵᠢᠯᠣᠭᠣᠳᠬᠤ᠎ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ(ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠳᠤᠭᠤᠶ᠋ᠢᠯᠠᠩ) ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠰᠠᠶ᠋ᠢᠲᠤᠷ ᠭᠦᠢᠴᠡᠳᠬᠡᠵᠦ᠍᠂ ᠲᠤᠤᠷ᠎ᠠ ᠱᠠᠲᠤᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ(ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠳᠤᠭᠤᠶ᠋ᠢᠯᠠᠩ)ᠨᠠᠭᠠᠳᠤ ᠵᠠᠬ᠎ᠠ ᠨᠢ ᠬᠠᠭᠠᠰ ᠵᠢᠯ᠎ᠳᠦ ᠨᠢᠭᠡ ᠤᠳᠠᠭ᠎ᠠ ᠳᠡᠭᠡᠷ᠎ᠠ ᠱᠠᠲᠤᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ(ᠲᠣᠮᠢᠯᠠᠭᠰᠠᠨ ᠪᠠᠶ᠋ᠢᠭᠤᠯᠭ᠎ᠠ )᠎ᠳ᠋ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)ᠵᠢᠨ ᠤᠳᠤᠷᠢᠳᠬᠤ ᠪᠠᠭ᠎ᠤᠨ ᠪᠦᠷᠢᠯᠳᠦᠬᠦᠨ ᠢᠯᠠᠩᠭᠤᠶ᠎ᠠ 《ᠨᠢᠭᠡᠳᠦᠭᠡᠷ ᠬᠠᠷᠢᠭᠤᠴᠠᠯᠭᠠᠳᠠᠨ》 ᠤ᠋ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ᠂ ᠡᠷᠬᠡ᠎ᠪᠡᠨ ᠬᠡᠷᠡᠭᠵᠢᠭᠦᠯᠦᠭᠰᠡᠨ ᠪᠠᠶ᠋ᠢᠳᠠᠯ ᠪᠠ ᠲᠤᠰ ᠪᠡᠶ᠎ᠡ᠎ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠶ᠋ᠢᠳᠠᠯ᠎ᠢᠶᠠᠨ ᠮᠡᠳᠡᠭᠦᠯᠬᠦ᠌ ᠬᠡᠷᠡᠭᠲᠡᠢ᠃ ᠨᠠᠮ᠎ᠤᠨ ᠬᠣᠷᠢᠶ᠎ᠠ ᠵᠢᠨ ᠡᠯ᠎ᠡ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠍᠂ ᠬᠢᠨᠠᠯᠲᠠ ᠬᠠᠮᠢᠶᠠᠷᠤᠯᠲᠠ ᠳᠤᠲᠠᠭᠳᠠᠵᠤ ᠪᠠᠶ᠋ᠢᠬᠤ᠂ ᠨᠠᠮ᠎ᠢ ᠬᠠᠮᠢᠶᠠᠷᠴᠤ᠌ ᠨᠠᠮ ᠢ ᠵᠠᠰᠠᠬᠤ ᠡᠷᠴᠢᠮ ᠳᠤᠲᠠᠭᠳᠠᠵᠤ ᠪᠠᠶ᠋ᠢᠬᠤ ᠠᠰᠠᠭᠤᠳᠠᠯ ᠢ ᠡᠷᠡᠰ ᠰᠡᠷᠭᠡᠶ᠋ᠢᠯᠡᠨ ᠵᠠᠰᠠᠬᠤ ᠬᠡᠷᠡᠭᠲᠡᠢ᠃ ᠨᠠᠮ ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ᠎ᠪᠠᠷ ᠰᠤᠯᠠ᠂ ᠬᠦᠨᠳᠦ ᠨᠣᠴᠢᠲᠠᠶ ᠠᠰᠠᠭᠤᠳᠠᠯ ᠭᠠᠷᠤᠭᠰᠠᠨ ᠪᠠᠶ᠋ᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠍ ᠬᠠᠷᠢᠭᠤᠴᠠᠯᠭ᠎ᠠ ᠲᠤᠯᠭᠠᠬᠤ ᠭᠡᠷᠡᠭᠳᠠᠢ᠃
(ᠭᠤᠴᠢ ᠶᠢᠰᠦ) ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ᠎ᠶᠢ ᠴᠢᠩᠭᠠᠳᠬᠠᠬᠤ ᠭᠡᠷᠡᠭᠳᠠᠢ᠃ ᠬᠢᠨᠠᠯᠲᠠ ᠲᠠᠯᠪᠢᠬᠤ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠨᠠᠮ᠎ᠤᠨ ᠬᠣᠷᠢᠶ᠎ᠠ (ᠨᠠᠮ ᠤᠨ ᠤᠳᠤᠷᠢᠳᠬᠤ ᠳᠤᠭᠤᠶ᠋ᠢᠯᠠᠩ) ᠵᠢᠨ ᠪᠦᠬᠦ᠌ ᠲᠠᠯ᠎ᠠ᠎ᠶᠢᠨ ᠬᠢᠨᠠᠯᠲᠠ ᠲᠠᠯᠪᠢᠬᠤ᠎ᠶᠢ ᠪᠣᠳᠠᠲᠠᠶ᠋ᠢᠵᠢᠭᠤᠯᠵᠤ᠂ ᠡᠯ᠎ᠡ ᠲᠦᠷᠦᠯ᠎ᠦᠨ ᠬᠢᠨᠠᠯᠲᠠ ᠲᠠᠯᠪᠢᠬᠤ ᠭᠤᠤᠯ ᠴᠣᠭᠴᠠ᠎ᠶᠢᠨ ᠤᠳᠤᠷᠢᠳᠤᠯᠭ᠎ᠠ᠎ᠶᠢ ᠴᠢᠩᠭᠠᠳᠬᠠᠬᠤ ᠭᠡᠷᠡᠭᠳᠠᠢ᠃ ᠰᠠᠬᠢᠯᠭ᠎ᠠ ᠪᠠᠲᠤ᠎ᠶᠢᠨ ᠬᠢᠨᠠᠯᠲᠠ ᠲᠠᠯᠪᠢᠬᠤ᠂ ᠬᠢᠨᠠᠨ ᠪᠠᠶ᠋ᠢᠴᠠᠭᠠᠵᠤ ᠬᠢᠨᠠᠯᠲᠠ ᠲᠠᠯᠪᠢᠬᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ᠂ ᠲᠣᠭᠣᠷᠢᠨ ᠪᠠᠶ᠋ᠢᠴᠠᠭᠠᠵᠤ ᠬᠢᠨᠠᠯᠲᠠ ᠲᠠᠯᠪᠢᠬᠤ᠎ᠶᠢ ᠨᠢᠭᠡᠳᠦᠯᠲᠡᠶ ᠲᠥᠯᠥᠪᠵᠢᠭᠦᠯᠦᠨ ᠵᠣᠯᠭᠠᠭᠤᠯᠬᠤ᠎ᠶᠢ ᠴᠢᠩᠭᠠᠳᠬᠠᠵᠤ᠂ ᠨᠠᠮ᠎ᠤᠨ ᠳᠣᠲᠣᠭᠠᠳᠤ᠎ᠶᠢᠨ ᠬᠢᠨᠠᠯᠲᠠ ᠲᠠᠯᠪᠢᠬᠤ᠎ᠶᠢ ᠠᠷᠠᠳ ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠵᠠᠰᠠᠭ ᠵᠠᠬᠢᠷᠭᠠᠨ᠎ᠤ ᠬᠢᠨᠠᠯᠲᠠ ᠲᠠᠯᠪᠢᠬᠤ᠂ ᠬᠠᠤᠯᠢ ᠴᠠᠭᠠᠵᠠ᠎ᠶᠢᠨ ᠬᠢᠨᠠᠯᠲᠠ ᠲᠠᠯᠪᠢᠬᠤ᠂ ᠬᠢᠨᠠᠨ ᠪᠤᠳᠤᠯᠳᠠ ᠵᠢᠨ ᠬᠢᠨᠠᠯᠲᠠ ᠲᠠᠯᠪᠢᠬᠤ᠂ ᠡᠳ᠋᠎ᠦᠨ ᠶᠠᠪᠤᠳᠠᠯ ᠤᠨ ᠬᠢᠨᠠᠯᠲᠠ ᠲᠠᠯᠪᠢᠬᠤ᠂ ᠲᠣᠭ᠎ᠠ ᠪᠦᠷᠢᠳᠬᠡᠯ᠎ᠦᠨ ᠬᠢᠨᠠᠯᠲᠠ ᠲᠠᠯᠪᠢᠬᠤ᠂ ᠣᠯᠠᠨ ᠲᠦᠮᠡᠨ᠎ᠦ ᠬᠢᠨᠠᠯᠲᠠ ᠲᠠᠯᠪᠢᠬᠤ᠂ ᠶᠠᠷᠢᠶ᠎ᠠ ᠬᠡᠯᠡᠯᠴᠡᠭᠡᠨ᠎ᠦ ᠬᠢᠨᠠᠯᠲᠠ ᠲᠠᠯᠪᠢᠬᠤᠯᠤᠭᠠ ᠭᠦᠨᠵᠡᠭᠡᠶ ᠠᠭᠤᠰᠤᠯᠴᠠᠭᠤᠯᠬᠤ᠂ ᠥᠨᠳᠥᠷ ᠪᠦᠲᠦᠮᠵᠢᠲᠡᠶ ᠬᠣᠯᠪᠣᠭᠠᠯᠠᠨ ᠬᠥᠳᠡᠯᠦᠯᠴᠡᠬᠦ᠌᠎ᠶᠢ ᠠᠬᠢᠭᠤᠯᠬᠤ ᠭᠡᠷᠡᠭᠳᠠᠢ᠃ ᠨᠠᠮ᠎ᠤᠨ ᠲᠣᠭᠣᠷᠢᠨ ᠪᠠᠶ᠋ᠢᠴᠠᠭᠠᠬᠤ ᠠᠵᠢᠯ ᠤᠨ ᠴᠢᠭᠯᠡᠯᠲᠡ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠪᠠᠢᠩᠭᠤ ᠵᠢᠨ ᠲᠣᠭᠣᠷᠢᠨ ᠪᠠᠶ᠋ᠢᠴᠠᠭᠠᠬᠤ᠂ ᠲᠤᠰᠬᠠᠢ ᠲᠣᠭᠣᠷᠢᠨ ᠪᠠᠶ᠋ᠢᠴᠠᠭᠠᠬᠤ᠂ ᠬᠥᠳᠡᠯᠦᠩᠭᠦᠢ ᠲᠣᠭᠣᠷᠢᠨ ᠪᠠᠶ᠋ᠢᠴᠠᠭᠠᠬᠤ᠂ ᠲᠡᠭᠡᠷ᠎ᠡ ᠱᠠᠳᠤᠨ᠎ᠤ ᠪᠤᠯᠭᠠᠨ ᠲᠡᠰ ᠲᠡᠪᠰᠢᠬᠦᠯᠦᠨ ᠲᠣᠭᠣᠷᠢᠨ ᠪᠠᠶ᠋ᠢᠴᠠᠭᠠᠬᠤ ᠵᠡᠷᠭᠡ ᠠᠷᠭ᠎ᠠ ᠬᠡᠯᠪᠡᠷᠢ᠎ᠶᠢ ᠰᠠᠶ᠋ᠢᠲᠤᠷ ᠬᠡᠷᠡᠭᠯᠡᠵᠦ᠍᠂ ᠲᠣᠭᠣᠷᠢᠨ ᠪᠠᠶ᠋ᠢᠴᠠᠭᠠᠬᠤ ᠠᠷᠭ᠎ᠠ᠎ᠶᠢᠨ ᠰᠢᠨ᠎ᠡ᠎ᠶᠢ ᠡᠭᠦᠳᠴᠦ᠍᠂ ᠲᠣᠭᠣᠷᠢᠨ ᠪᠠᠶ᠋ᠢᠴᠠᠭᠠᠬᠰᠠᠨᠢᠶᠡᠨ 《ᠡᠷᠬᠢᠨ ᠬᠠᠷᠠᠬᠤ》ᠡᠷᠴᠢᠮ᠎ᠢᠶᠡᠨ ᠴᠢᠩᠭᠠᠷᠠᠭᠤᠯᠵᠤ᠂ ᠲᠣᠭᠣᠷᠢᠨ ᠪᠠᠶ᠋ᠢᠴᠠᠭᠠᠵᠤ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠦᠨ ᠬᠡᠷᠡᠭᠯᠡᠯᠲᠡ᠎ᠶᠢ ᠴᠢᠩᠭᠠᠳᠬᠠᠬᠤ ᠬᠡᠷᠡᠭᠲᠡᠢ᠃ ᠲᠣᠭᠣᠷᠢᠨ ᠦᠵᠡᠵᠤ ᠲᠤᠭᠤᠷᠢᠨ ᠪᠠᠶ᠋ᠢᠴᠠᠭᠠᠬᠤ ᠵᠢᠨ ᠳᠡᠭᠡᠳᠦ ᠲᠤᠤᠷᠠᠳᠤ ᠱᠠᠳᠤ ᠬᠣᠯᠪᠣᠭᠠᠯᠠᠨ ᠬᠥᠳᠡᠯᠦᠯᠴᠡᠬᠦ᠌᠎ᠶᠢ ᠭᠦᠨᠵᠡᠭᠡᠶ᠋ᠢᠷᠡᠭᠦᠯᠵᠦ᠍᠂ ᠲᠣᠰᠬᠣᠨ ᠳ᠋ᠤ ᠲᠤᠭᠤᠷᠢᠨ ᠪᠠᠶ᠋ᠢᠴᠠᠭᠠᠬᠤ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠭᠡᠷᠡᠭᠳᠠᠢ᠃
(ᠳᠥᠴᠢ) ᠳᠡᠭᠡᠷ᠎ᠡ ᠱᠠᠲᠤ᠌ ᠨᠢ ᠳᠤᠤᠷ᠎ᠠ ᠱᠠᠲᠤ᠎ᠪᠠᠨ ᠳᠠᠭᠠᠭᠤᠯᠬᠤ᠎ᠶᠢ ᠪᠠᠷᠢᠮᠲᠠᠯᠠᠬᠤ ᠭᠡᠷᠡᠭᠳᠠᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠢᠯᠠᠩᠭᠤᠶ᠎ᠠ 《ᠨᠢᠭᠡᠳᠦᠭᠡᠷ ᠬᠠᠷᠢᠭᠤᠴᠠᠯᠭᠠᠳᠠᠨ》 ᠨᠢ ᠳᠡᠭᠡᠷ᠎ᠠ ᠱᠠᠳᠤ ᠨᠢ ᠲᠤᠤᠷ᠎ᠠ ᠱᠠᠳᠤ᠎ᠪᠠᠨ ᠳᠠᠭᠠᠭᠤᠯᠤᠨ ᠬᠢᠬᠦ᠂ ᠳᠡᠭᠡᠷ᠎ᠡ ᠱᠠᠳᠤ ᠨᠢ ᠲᠤᠤᠷ᠎ᠠ ᠱᠠᠳᠤ᠎ᠪᠠᠨ ᠠᠬᠢᠭᠤᠯᠤᠨ ᠠᠳᠬᠤᠬᠤ ᠵᠢ ᠪᠠᠷᠢᠮᠲᠠᠯᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠭᠦᠢᠴᠡᠳᠬᠡᠬᠦ᠌ ᠲᠠᠯ᠎ᠠ᠎ᠪᠠᠷ ᠵᠢᠱ᠌ᠢᠢ᠎ᠡ ᠦᠵᠡᠭᠦᠯᠬᠦ᠌ ᠬᠡᠷᠡᠭᠲᠡᠢ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠱᠦᠵᠢ ᠤᠳᠤᠷᠢᠳᠬᠤ ᠪᠠᠭ᠎ᠢᠶᠠᠨ ᠰᠠᠶ᠋ᠢᠲᠤᠷ ᠠᠳᠬᠤᠵᠤ᠂ ᠡᠩᠨᠡᠭᠡ᠎ᠪᠡᠨ ᠰᠠᠶ᠋ᠢᠲᠤᠷ ᠳᠠᠭᠠᠭᠤᠯᠵᠤ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠪᠠᠨ ᠰᠠᠶ᠋ᠢᠲᠤᠷ ᠭᠦᠢᠴᠡᠳᠬᠡᠬᠦ᠌ ᠬᠡᠷᠡᠭᠲᠡᠢ; ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ ᠬᠤᠪᠢᠳᠠᠨ ᠬᠠᠮᠢᠶᠠᠷᠴᠤ᠌ ᠪᠠᠶ᠋ᠢᠭ᠎ᠠ ᠬᠦᠷᠢᠶ᠎ᠡ ᠴᠠᠷᠠᠭ᠎ᠠ᠂ ᠰᠠᠯᠠᠭ᠎ᠠ ᠮᠥᠴᠢᠷ᠂ ᠨᠢᠭᠡᠴᠢ᠎ᠶᠢᠨ ᠨᠠᠮ ᠢ᠋ ᠪᠦᠬᠦ᠌ ᠲᠠᠯ᠎ᠠ ᠪᠠᠷ ᠴᠢᠩᠭ᠎ᠠ ᠵᠠᠰᠠᠬᠤ ᠴᠢᠬᠤᠯᠠ ᠤᠳᠤᠷᠢᠳᠬᠤ ᠬᠠᠷᠢᠭᠤᠴᠠᠯᠭ᠎ᠠ᠎ᠶᠢ ᠡᠭᠦᠷᠭᠡᠯᠡᠵᠦ᠍᠂ 《ᠨᠢᠭᠡ ᠠᠵᠢᠯ᠎ᠤᠨ ᠪᠠᠶ᠋ᠢᠷᠢᠳ᠋ᠤ ᠬᠣᠣᠰ ᠬᠠᠷᠢᠭᠤᠴᠠᠯᠭ᠎ᠠ ᠡᠬᠦᠷᠭᠡᠯᠡᠬᠦ》 ᠵᠢ ᠨᠠᠷᠢᠨ ᠬᠢᠨᠠᠮᠠᠭᠠᠢ ᠭᠦᠢᠴᠡᠳᠬᠡᠵᠦ᠍᠂ ᠬᠤᠪᠢᠳᠠᠨ ᠬᠠᠮᠢᠶᠠᠷᠴᠤ᠌ ᠪᠠᠶ᠋ᠢᠭ᠎ᠠ ᠬᠡᠪᠴᠢᠶᠡᠨ᠎ᠳᠡᠬᠢ ᠨᠠᠮ᠎ᠤᠨ ᠪᠠᠶ᠋ᠢᠭᠤᠯᠤᠯᠲᠠ᠎ᠶᠢ ᠰᠠᠶ᠋ᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠴᠥᠮ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶᠢ ᠮᠥᠷᠥᠨ᠎ᠳᠡᠭᠡᠨ ᠡᠭᠦᠷᠭᠡᠯᠡᠵᠦ᠍᠂ ᠴᠢᠩᠭ᠎ᠠ ᠠᠳᠬᠤᠵᠤ᠂ ᠪᠡᠶ᠎ᠡ ᠪᠡᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠍᠂ ᠬᠠᠮᠢᠶᠠᠷᠴᠤ ᠪᠠᠢᠭ᠎ᠠ ᠬᠠᠷᠢᠶᠠᠯᠠᠯ᠎ᠢᠶᠠᠨ ᠴᠢᠩᠭ᠎ᠠ ᠬᠠᠮᠢᠶᠠᠷᠬᠤ ᠬᠡᠷᠡᠭᠲᠡᠢ᠃
ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠍᠂ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠬᠡᠵᠦ᠍᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠵᠤ᠂ ᠴᠥᠬᠥᠷᠡᠰᠢ ᠦᠭᠡᠢ ᠴᠢᠷᠮᠠᠶ᠋ᠢᠬᠤ ᠤᠶᠤᠨ ᠰᠠᠨᠠᠭᠠᠨ᠎ᠤ ᠳᠦᠷᠰᠦ ᠪᠠᠶ᠋ᠢᠳᠠᠯ᠎ᠢᠶᠠᠷ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠠᠯᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠡᠭᠦᠳᠤᠨ ᠨᠡᠭᠡᠭᠡᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌ ᠬᠡᠷᠡᠭᠲᠡᠢ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃