2026-11-25 11:28:15
11 ᠰᠠᠷ᠎ᠠ᠎ᠶᠢᠨ 23 ᠤ᠋ ᠡᠳᠦᠷ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠡᠴᠡ《ᠫᠠᠯᠸᠰᠲ᠋ᠠᠢ᠍ᠢᠨᠤ ᠠᠷᠠᠳ ᠲᠦᠮᠡᠨ᠎ᠢ ᠳᠤᠰᠠᠯᠠᠬᠤ ᠳᠡᠯᠡᠬᠡᠢ ᠵᠢᠨ ᠡᠳᠦᠷ》 ᠢ᠋ ᠳᠤᠷᠠᠰᠬᠠᠬᠤ ᠶᠡᠬᠡ ᠬᠤᠷᠠᠯ᠎ᠢ ᠬᠤᠷᠠᠯᠳᠤᠭᠤᠯᠵᠤ᠂ ᠤᠯᠤᠰ ᠤᠨ ᠲᠡᠷᠢᠭᠦᠯᠡᠭᠴᠢ ᠰᠢ ᠵᠢᠨ ᠫᠢᠩ ᠶᠡᠬᠡ ᠬᠤᠷᠠᠯ᠎ᠳᠤ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ᠃
ᠰᠢ ᠵᠢᠨ ᠫᠢᠩ᠂ ᠫᠠᠯᠸᠰᠲ᠋ᠠᠢ᠍ᠢᠨ ᠤ ᠠᠰᠠᠭᠤᠳᠠᠯ ᠪᠣᠯ ᠳᠤᠮᠳᠠᠳᠤ ᠳᠣᠷᠣᠨᠠᠲᠤ᠎ᠶᠢᠨ ᠠᠰᠠᠭᠤᠳᠠᠯ᠎ᠤᠨ ᠭᠣᠣᠯ ᠠᠰᠠᠭᠤᠳᠠᠯ ᠪᠣᠯᠣᠨ᠎ᠠ᠃ ᠣᠳᠣᠬᠠᠨ ᠳᠤ ᠳᠤᠮᠳᠠᠳᠤ ᠳᠣᠷᠣᠨᠠᠲᠤ᠎ᠶᠢᠨ ᠭᠠᠵᠠᠷ ᠣᠷᠣᠨ᠎ᠤ ᠪᠠᠴᠢᠮ ᠪᠠᠢᠳᠠᠯ᠎ᠢ ᠳᠡᠯᠡᠬᠡᠢ ᠨᠡᠢᠬᠡᠮ ᠤᠨ ᠬᠢᠨ ᠦ ᠫᠠᠯᠧᠰᠲ᠋ᠠᠢᠨ ᠤ ᠠᠰᠠᠭᠤᠳᠠᠯ ᠤᠨ ᠲᠤᠬᠠᠢ ᠠᠩᠬᠠᠷᠤᠯᠪᠤᠯᠭᠠᠨ ᠰᠢᠯᠵᠢᠭᠦᠯᠵᠦ ᠪᠣᠯᠬᠤ ᠦᠭᠡᠢ᠃ ᠫᠠᠯᠸᠰᠲ᠋ᠠᠢ᠍ᠢᠨᠤ ᠠᠰᠠᠭᠤᠳᠠᠯ ᠢ ᠰᠢᠢᠳᠪᠦᠷᠢᠯᠡᠬᠦ᠎ᠶᠢᠨ ᠵᠠᠩᠭᠢᠯᠠᠭ᠎ᠠ ᠨᠢ 《ᠬᠣᠶᠠᠷ ᠤᠯᠤᠰ᠎ᠤᠨ ᠲᠥᠰᠥᠯ》 ᠤ᠋ᠨ ᠵᠥᠪ ᠴᠢᠭᠯᠡᠯ ᠢ ᠪᠠᠳᠤ ᠡᠵᠡᠮᠳᠡᠵᠤ᠂ ᠫᠠᠯᠸᠰᠲ᠋ᠠᠢ᠍ᠢᠨ ᠢᠰᠷᠧᠯ᠎ᠦᠨ ᠨᠠᠢᠷᠠᠮᠳᠠᠯ᠎ᠤᠨ ᠬᠡᠯᠡᠯᠴᠡᠭᠡ᠎ᠶᠢ ᠲᠠᠬᠢᠨ ᠡᠬᠢᠯᠡᠭᠦᠯᠬᠦ ᠵᠢ ᠠᠬᠢᠭᠤᠯᠬᠤ ᠳᠦ ᠪᠤᠢ᠃ 《ᠫᠠᠯᠸᠰᠲ᠋ᠠᠢᠨᠴᠤᠳ ᠫᠠᠯᠸᠰᠲ᠋ᠠᠢ᠍ᠢᠨᠵᠢᠡᠨ ᠵᠠᠰᠠᠬᠤ》 ᠵᠠᠷᠴᠢᠮ ᠢ ᠪᠠᠷᠢᠮᠲᠠᠯᠠᠵᠤ ᠶᠤᠷᠲᠠᠨ ᠭᠣᠣᠯ᠎ᠤᠨ ᠪᠠᠷᠠᠭᠤᠨ ᠡᠷᠭᠢ᠎ᠶᠢ ᠵᠠᠰᠠᠬᠤ ᠪᠠ ᠭᠠᠽᠠ᠎ᠶᠢᠨ ᠲᠠᠢ᠍ᠢᠨ᠎ᠦ ᠳᠠᠷᠠᠭᠠᠬᠢ ᠲᠠᠬᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠫᠠᠯᠸᠰᠲ᠋ᠠᠢ᠍ᠢᠠ ᠳ᠋ᠤ᠌ ᠴᠢᠭᠯᠡᠭᠦᠯᠦᠭᠰᠡᠨ ᠭᠠᠵᠠᠷ ᠡᠵᠡᠯᠡᠵᠦ ᠡᠷᠬᠡ᠎ᠳᠦ ᠬᠠᠯᠳᠠᠬᠤ ᠶᠠᠮᠠᠷᠪᠠ ᠠᠵᠢᠯᠯᠠᠭ᠎ᠠ᠎ᠶᠢ ᠡᠰᠡᠷᠭᠦᠴᠡᠬᠦ ᠬᠡᠷᠡᠭᠳᠡᠢ᠃ ᠳᠡᠯᠡᠬᠡᠢ ᠨᠡᠶ᠋ᠢᠲᠡ᠎ᠪᠡᠷ᠎ᠢᠶᠡᠨ ᠫᠠᠯᠧᠰᠲ᠋ᠠᠢᠨ ᠢ ᠲᠤᠰᠠᠯᠠᠬᠤ ᠵᠢ ᠬᠠᠮᠲᠤ᠎ᠶᠢᠨ ᠲᠠᠨᠢᠯᠲᠠ ᠪᠣᠯᠣᠨ ᠠᠮᠠᠯᠳᠠᠵᠤ ᠪᠡᠶᠡᠯᠡᠬᠦᠯᠬᠦ ᠠᠵᠢᠯᠯᠠᠭ᠎ᠠ ᠪᠣᠯᠭᠠᠵᠤ᠂ ᠭᠠᠽᠠ᠎ᠶᠢᠨ ᠳᠠᠶ᠋ᠢᠨ ᠢ ᠡᠬᠦᠷᠢᠳᠡ ᠵᠣᠭᠰᠣᠭᠠᠵᠤ᠂ ᠡᠭᠡᠯ ᠠᠷᠠᠳ᠎ᠤᠨ ᠠᠮᠤᠷ ᠲᠦᠪᠰᠢᠨ᠎ᠢ ᠬᠠᠮᠠᠭᠠᠯᠠᠬᠤ᠎ᠶᠢ ᠠᠬᠢᠭᠤᠯᠬᠤ ᠬᠡᠷᠡᠭᠳᠡᠢ ᠭᠡᠵᠤ ᠵᠢᠭᠠᠵᠦ ᠭᠠᠷᠭᠠᠵᠠᠢ᠃
ᠰᠢ ᠵᠢᠨ ᠫᠢᠩ᠂ ᠲᠥᠪ ᠶᠤᠰᠤ ᠠᠶᠠᠨ᠎ᠳᠠᠭᠠᠨ ᠬᠥᠮᠥᠨ᠎ᠦ ᠰᠡᠳᠬᠢᠯ᠎ᠳᠦ ᠪᠤᠢ᠂ ᠰᠢᠳᠤᠷᠭᠤ ᠶᠣᠰᠣ᠌ ᠦᠬᠡᠢ ᠪᠤᠯᠵᠤ ᠪᠤᠯᠬᠤ ᠦᠬᠡᠢ᠃ ᠳᠤᠮᠳᠠᠳᠤ ᠤᠯᠤᠰ ᠫᠠᠯᠸᠰᠲ᠋ᠠᠢ᠍ᠢᠨᠤ ᠠᠷᠠᠳ ᠲᠦᠮᠡᠨ᠎ᠦ ᠦᠨᠳᠦᠰᠦᠲᠡᠨ᠎ᠦ ᠬᠠᠤᠯᠢ ᠶᠣᠰᠣᠨ᠎ᠤ ᠡᠷᠬᠡ ᠠᠰᠢᠭ᠋᠎ᠢᠶᠠᠨ ᠰᠡᠷᠭᠦᠭᠡᠬᠦ ᠰᠢᠳᠤᠷᠭᠤ ᠶᠣᠰᠣᠨ᠎ᠤ ᠦᠢᠯᠡᠰ ᠢ ᠢᠮᠠᠭᠲᠠ ᠡᠷᠡᠰ ᠲᠡᠮᠵᠢᠵᠥ᠂ ᠳᠡᠯᠡᠬᠡᠢ ᠨᠡᠢᠭᠡᠮ᠎ᠦᠨ ᠡᠩᠬᠡ ᠲᠠᠢᠪᠤᠩ᠎ᠳᠤ ᠬᠠᠢᠷᠠᠲᠠᠢ᠂ ᠰᠢᠳᠤᠷᠭᠤ ᠶᠣᠰᠣ᠌᠎ᠶᠢ ᠪᠠᠲᠤ ᠰᠠᠬᠢᠳᠠᠭ ᠪᠤᠢ ᠪᠦᠬᠦᠢ ᠤᠯᠤᠰ᠎ᠲᠠᠢ ᠬᠠᠮᠲᠤ ᠪᠠᠷ ᠤᠯᠠᠨ ᠤᠯᠤᠰ᠎ᠤᠨ ᠬᠠᠤᠯᠢ ᠪᠡᠷ ᠵᠠᠰᠠᠬᠤ ᠪᠡᠷ ᠰᠠᠭᠤᠷᠢ ᠪᠣᠯᠭᠠᠵᠤ᠂ ᠦᠩᠬᠡᠨ ᠲᠠᠯ᠎ᠠ ᠪᠠ ᠦᠨᠳᠦᠰᠦᠨ ᠡᠴᠡ ᠨᠢ ᠵᠡᠷᠭᠡ᠎ᠪᠡᠷ ᠵᠠᠰᠠᠬᠤ ᠪᠠᠷ ᠬᠠᠷᠠᠯᠲᠠ ᠪᠣᠯᠭᠠᠵᠤ᠂ ᠫᠠᠯᠸᠰᠲ᠋ᠠᠢ᠍ᠢᠨᠤ ᠠᠰᠠᠭᠤᠳᠠᠯ ᠢ ᠡᠷᠲᠡᠬᠡᠨ ᠪᠦᠬᠦ ᠲᠠᠯ᠎ᠠ᠎ᠪᠠᠷ᠂ ᠲᠥᠪ ᠭᠣᠣᠯᠴᠢ᠂ ᠤᠷᠳᠤ ᠬᠤᠭᠤᠴᠠᠭᠠᠨ᠎ᠤ ᠪᠤᠯᠭᠠᠨ ᠰᠢᠢᠳᠪᠦᠷᠢᠯᠡᠬᠦ᠎ᠶᠢ ᠪᠣᠳᠠᠲᠠᠢ᠎ᠶᠢ ᠡᠷᠬᠢᠮᠯᠡᠨ ᠠᠬᠢᠭᠤᠯᠵᠤ᠂ ᠳᠤᠮᠳᠠᠳᠤ ᠳᠣᠷᠣᠨᠠᠲᠤ ᠣᠷᠣᠨ ᠤ ᠥᠨᠢ ᠤᠳᠠᠭᠠᠨ ᠠᠮᠤᠷ ᠲᠦᠪᠰᠢᠨ ᠪᠠᠢᠬᠤ᠎ᠶᠢ ᠠᠬᠢᠭᠤᠯᠵᠤ᠂ ᠳᠡᠯᠡᠬᠡᠢ᠎ᠶᠢᠨ ᠡᠩᠬᠡ ᠲᠠᠢᠪᠤᠩ ᠲᠣᠭᠲᠠᠭᠤᠨ ᠪᠠ ᠬᠥᠭᠵᠢᠯ ᠴᠡᠴᠡᠭᠯᠡᠯ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠡᠪᠡ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 24 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃