2026-11-26 10:29:50
ᠼᠠᠢ ᠴᠢ ᠪᠥᠬᠥ ᠤᠯᠤᠰ᠎ᠤᠨ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠠᠵᠢᠯ᠎ᠤᠨ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠲᠡᠷᠢᠭᠦᠯᠡᠭᠴᠢ ᠰᠢ᠎ᠶᠢᠨ ᠫᠢᠩ ᠣᠢᠷ᠎ᠠ᠎ᠳᠤ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠠᠵᠢᠯ᠎ᠳᠤ ᠴᠢᠬᠤᠯᠠ ᠵᠢᠭᠠᠪᠤᠷᠢ ᠥᠭᠴᠦ᠂ ᠲᠠᠪᠤᠨ ᠵᠢᠯ᠎ᠦᠨ ᠲᠤᠷᠰᠢ᠂ ᠨᠠᠮ᠎ᠤᠨ ᠲᠥᠪ ᠬᠣᠷᠢᠶ᠎ᠠ ᠪᠥᠬᠥ ᠲᠠᠯ᠎ᠠ ᠪᠠ ᠪᠠᠢᠯᠳᠤᠬᠤ ᠪᠣᠳᠣᠯᠭ᠎ᠠ᠎ᠶᠢᠨ ᠦᠨᠳᠦᠷᠴᠡ ᠡᠴᠡ ᠲᠣᠭᠲᠠᠭᠠᠯ ᠶᠣᠰᠣᠭᠠᠷ ᠨᠠᠮ᠎ᠢ ᠵᠠᠰᠠᠬᠤ᠎ᠶᠢ ᠤᠬᠠᠭᠠᠯᠠᠨ ᠲᠦᠯᠦᠪᠯᠡᠬᠦ ᠪᠠ ᠠᠬᠢᠭᠤᠯᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ ᠦᠨ ᠪᠠᠢᠭᠤᠯᠤᠯᠲᠠ ᠯᠠᠪᠳᠠᠭᠤᠨ ᠪᠠᠲᠤᠲᠠᠢ ᠪᠥᠭᠡᠳ ᠬᠦᠴᠦᠲᠡᠢ ᠪᠤᠯᠵᠤ᠂ ᠢᠯᠡᠷᠬᠡᠢ ᠦᠷ᠎ᠡ ᠪᠦᠲᠦᠮᠵᠢ ᠣᠯᠪᠡ᠃ ᠰᠢᠨ᠎ᠡ ᠠᠶᠠᠨ᠎ᠳᠦ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠣᠭᠲᠠᠭᠠᠯ ᠶᠣᠰᠣᠭᠠᠷ ᠨᠠᠮ᠎ᠢ ᠵᠠᠰᠠᠬᠤ᠎ᠶᠢ ᠨᠠᠮ᠎ᠢ ᠬᠠᠮᠢᠶᠠᠷᠴᠤ ᠨᠠᠮ᠎ᠢ ᠵᠠᠰᠠᠬᠤ ᠦᠨᠳᠦᠰᠦᠨ ᠠᠷᠭ᠎ᠠ ᠬᠡᠯᠪᠡᠷᠢ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ ᠶᠢ ᠴᠢᠩᠭᠠᠳᠬᠠᠬᠤ᠎ᠲᠠᠢ ᠨᠢᠭ᠍ᠲᠠ ᠤᠶᠠᠯᠳᠤᠭᠤᠯᠵᠤ᠂ ᠳᠤᠲᠠᠭᠤᠳᠠᠯ ᠵᠢᠡᠨ ᠨᠥᠬᠥᠪᠦᠷᠢᠯᠡᠨ᠂ ᠪᠠᠭᠤᠷᠠᠢ ᠲᠠᠯ᠎ᠠ ᠪᠡᠨ ᠬᠦᠴᠦᠷᠬᠡᠭᠵᠢᠭᠦᠯᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠢᠭᠤᠯᠤᠯᠲᠠ᠎ᠶᠢ ᠦᠷᠭᠦᠯᠵᠢᠯᠡᠨ ᠴᠢᠨᠠᠷ ᠰᠠᠢᠲᠠᠢ ᠠᠬᠢᠭᠤᠯᠬᠤ ᠬᠡᠷᠡᠭᠲᠡᠢ᠃ ᠳᠦᠷᠢᠮ᠎ᠢ ᠰᠢᠰᠲᠧᠮᠵᠢᠬᠦᠯᠦᠨ ᠬᠤᠷᠠᠭᠤᠯᠬᠤ᠎ᠵᠢ ᠨᠡᠩ ᠴᠢᠬᠤᠯᠠᠴᠢᠯᠠᠵᠤ᠂ ᠳᠦᠷᠢᠮ ᠦᠨ ᠰᠤᠷᠤᠯᠴᠠᠯᠭ᠎ᠠ ᠬᠥᠮᠦᠵᠢᠯ᠎ᠢ ᠨᠡᠩ ᠴᠢᠬᠤᠯᠠᠴᠢᠯᠠᠵᠤ᠂ ᠳᠦᠷᠢᠮ᠎ᠦᠨ ᠬᠡᠷᠡᠭᠵᠢᠭᠦᠯᠦᠯᠲᠡ᠎ᠶᠢ ᠨᠡᠩ ᠴᠢᠬᠤᠯᠠᠴᠢᠯᠠᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠢ ᠤᠯᠤᠰ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠲᠠᠢ ᠵᠣᠯᠭᠠᠭᠤᠯᠤᠨ ᠵᠣᠬᠢᠴᠠᠭᠤᠯᠬᠤ᠎ᠶᠢ ᠨᠡᠩ ᠴᠢᠬᠤᠯᠠᠴᠢᠯᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠵᠢᠯ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠬᠤ᠎ᠳᠤ ᠨᠡᠩ ᠬᠦᠴᠦᠲᠡᠢ ᠳᠦᠷᠢᠮ᠎ᠦᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠪᠠ᠃
ᠪᠦᠬᠦ ᠤᠯᠤᠰ ᠤᠨ ᠨᠠᠮ ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠠᠵᠢᠯ᠎ᠤᠨ ᠬᠤᠷᠠᠯ 24 ᠡᠴᠡ 25᠎ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠬᠤᠷᠠᠯ ᠳᠡᠭᠡᠷ᠎ᠡ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢ ᠤᠯᠠᠮᠵᠢᠯᠠᠪᠠ᠃ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠪᠠᠢᠩᠭᠤ᠎ᠶᠢᠨ ᠭᠡᠰᠢᠭᠦᠨ᠂ ᠲᠥᠪ᠎ᠦᠨ ᠱᠦᠵᠢ ᠨᠠᠷ᠎ᠦᠨ ᠭᠠᠵᠠᠷ᠎ᠤᠨ ᠱᠦᠵᠢ ᠼᠠᠢ ᠴᠢ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃
ᠼᠠᠢ ᠴᠢ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠨᠢ ᠥᠨᠳᠥᠷ᠎ᠲᠦ ᠵᠣᠭᠰᠣᠨ ᠠᠯᠤᠰ᠎ᠢ ᠪᠠᠷᠠᠯᠠᠵᠦ᠂ ᠪᠠᠶᠠᠯᠢᠭ᠋ ᠠᠭᠤᠯᠤᠭᠳᠠᠬᠤᠨ᠎ᠲᠠᠢ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠵᠢᠯᠤᠭᠣᠳᠬᠤ ᠴᠢᠨᠠᠷ᠂ ᠬᠠᠨᠳᠤᠯᠭᠠᠲᠤ ᠴᠢᠨᠠᠷᠲᠠᠢ ᠪᠠᠢᠵᠤ᠂ ᠰᠢᠨ᠎ᠡ ᠠᠶᠠᠨ᠎ᠳᠤ ᠨᠠᠮ᠎ᠤᠨ ᠳᠣᠲᠣᠭᠠᠳᠤ᠎ᠶᠢᠨ ᠬᠠᠤᠯᠢ ᠲᠤᠭᠳᠠᠭᠠᠯ᠎ᠦᠨ ᠠᠵᠢᠯ᠎ᠢ ᠴᠢᠨᠠᠭᠰᠢᠳᠠ ᠰᠠᠢᠲᠤᠷ ᠬᠢᠬᠦ᠎ᠳᠦ ᠴᠢᠭᠯᠡᠯ᠎ᠢ ᠲᠣᠳᠣᠷᠬᠠᠢ ᠵᠢᠭᠠᠵᠤ ᠥᠭᠪᠡ᠃ ᠪᠢᠳᠡ ᠭᠦᠨᠵᠡᠭᠡᠢ ᠰᠤᠷᠤᠯᠴᠠᠨ ᠣᠢᠯᠠᠭᠠᠵᠤ᠂ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠼᠠᠢ ᠴᠢ᠂ ᠳᠦᠷᠢᠮ᠎ᠢᠶᠡᠷ ᠨᠠᠮ᠎ᠢ ᠵᠠᠰᠠᠬᠤ᠂ ᠲᠤᠭᠲᠠᠭᠠᠯ ᠶᠣᠰᠣᠭᠠᠷ ᠨᠠᠮ᠎ᠢ ᠵᠠᠰᠠᠬᠤ᠎ᠶᠢ ᠪᠠᠷᠢᠮᠲᠠᠯᠠᠬᠤ ᠪᠣᠯ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠭᠣᠣᠯ ᠠᠭᠤᠯᠭ᠎ᠠ᠎ᠶᠢᠨ ᠨᠢᠭᠡ ᠪᠣᠯᠣᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠳᠦᠷᠢᠮ᠎ᠢᠶᠡᠷ ᠨᠠᠮ᠎ᠢ ᠵᠠᠰᠠᠬᠤ᠂ ᠲᠤᠭᠲᠠᠭᠠᠯ ᠶᠣᠰᠣᠭᠠᠷ ᠨᠠᠮ ᠢ ᠵᠠᠰᠠᠬᠤ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠶᠠᠭᠤᠨ᠎ᠳᠤ ᠲᠤᠭᠲᠠᠭᠠᠯ ᠶᠣᠰᠣᠭᠠᠷ ᠨᠠᠮ ᠢ ᠵᠠᠰᠠᠬᠤ᠎ᠶᠢ ᠪᠠᠷᠢᠮᠲᠠᠯᠠᠬᠤ᠂ ᠲᠤᠭᠲᠠᠭᠠᠯ ᠶᠣᠰᠣᠭᠠᠷ ᠨᠠᠮ᠎ᠢ ᠵᠠᠰᠠᠬᠤ᠎ᠶᠢ ᠬᠡᠷᠬᠢᠨ ᠪᠠᠷᠢᠮᠲᠠᠯᠠᠬᠤ ᠵᠡᠷᠭᠡ ᠴᠢᠬᠤᠯᠠ ᠶᠡᠬᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠠᠵᠢᠯ᠎ᠢ ᠰᠠᠢᠲᠤᠷ ᠬᠢᠬᠦ᠎ᠳᠦ ᠴᠢᠬᠤᠯᠠ ᠵᠢᠷᠤᠮᠯᠠᠯ ᠬᠠᠩᠭᠠᠪᠠ ᠬᠡᠵᠦ ᠵᠢᠭᠠᠵᠦ ᠭᠠᠷᠭᠠᠪᠠ᠃
ᠼᠠᠢ ᠴᠢ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠳᠦᠷᠢᠮ᠎ᠢᠶᠡᠷ ᠨᠠᠮ᠎ᠢ ᠵᠠᠰᠠᠬᠤ᠂ ᠲᠤᠭᠲᠠᠭᠠᠯ ᠶᠤᠰᠤᠭᠠᠷ ᠨᠠᠮ᠎ᠢ ᠵᠠᠰᠠᠬᠤ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠢᠭᠤᠯᠤᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠲᠤᠭᠲᠠᠭᠠᠯ ᠶᠣᠰᠣᠭᠠᠷ ᠨᠠᠮ ᠢ ᠵᠠᠰᠠᠬᠤ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠶᠢ ᠠᠬᠢᠭᠤᠯᠬᠤ ᠬᠡᠷᠡᠭᠲᠡᠢ᠃ ᠭᠣᠣᠯᠳᠠᠯᠭ᠎ᠠ ᠶᠢ ᠲᠣᠪᠤᠢᠯᠭᠠᠨ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠠᠵᠢᠯ᠎ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠵᠤ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠰᠢᠰᠲᠧᠮ᠎ᠢ ᠪᠦᠷᠢᠨᠰᠢᠭᠦᠯᠬᠦ ᠶ᠋ᠢ ᠠᠬᠢᠭᠤᠯᠵᠤ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠲᠤᠭᠤᠰᠢᠯᠠᠭᠤᠯᠤᠨ ᠬᠡᠷᠡᠭᠵᠢᠭᠦᠯᠬᠦ᠎ᠶᠢ ᠪᠠᠲᠤᠯᠠᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠳᠦᠮᠵᠢ ᠵᠢᠨ ᠳᠤᠬᠠᠢ ᠵᠦᠪ ᠦᠵᠡᠯᠳᠡ᠎ᠪᠡᠷ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠠᠵᠢᠯ᠎ᠢ ᠰᠠᠢᠲᠤᠷ ᠬᠢᠵᠦ᠂ ᠳᠦᠷᠢᠮ ᠲᠣᠭᠲᠠᠭᠠᠯ ᠲᠣᠭᠲᠠᠭᠠᠬᠤ᠎ᠶᠢ ᠣᠨᠣᠴᠠᠲᠠᠢ ᠪᠥᠭᠡᠳ ᠪᠣᠳᠠᠲᠠᠢ᠎ᠶᠢ ᠡᠷᠬᠢᠮᠯᠡᠨ ᠠᠬᠢᠭᠤᠯᠵᠤ᠂ ᠰᠢᠰᠲᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠩᠭᠤᠢ᠂ ᠠᠵᠢᠯᠯᠠᠭᠠᠨ ᠨᠢ ᠪᠦᠲᠦᠮᠵᠢᠲᠡᠢ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠰᠢᠰᠲᠧᠮ᠎ᠢᠶᠡᠷ ᠠᠵᠢᠯ᠎ᠤᠨ ᠦᠷ᠎ᠡ ᠪᠦᠲᠦᠮᠵᠢ ᠦᠢᠯᠡᠳᠦᠯ᠎ᠢ ᠴᠢᠩᠭᠠᠳᠬᠠᠬᠤ ᠬᠡᠷᠡᠭᠲᠡᠢ᠃ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠬᠠᠲᠠᠭᠤ ᠬᠢᠵᠠᠭᠠᠷᠯᠠᠯ᠎ᠢ ᠦᠨᠡᠨ ᠬᠦ᠌ ᠴᠢᠩᠭᠠᠳᠬᠠᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠰᠤᠷᠤᠯᠴᠠᠯᠭ᠎ᠠ ᠬᠥᠮᠦᠵᠢᠯ᠎ᠢ ᠴᠢᠩᠭᠠᠳᠬᠠᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠬᠡᠷᠡᠭᠵᠢᠭᠦᠯᠬᠦ ᠬᠠᠷᠢᠭᠤᠴᠠᠯᠭ᠎ᠠ᠎ᠶᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠲᠤᠭᠤᠰᠢᠯᠠᠭᠤᠯᠤᠨ ᠬᠡᠷᠡᠭᠵᠢᠭᠦᠯᠬᠦ ᠪᠣᠳᠠᠲᠤ ᠦᠷ᠎ᠡ ᠪᠦᠲᠦᠮᠵᠢ᠎ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃
ᠱᠢ᠎ᠲᠠᠢ ᠹᠸᠩ ᠬᠤᠷᠠᠯ᠎ᠢ ᠡᠷᠬᠢᠯᠡᠵᠦ᠂ ᠯᠢ ᠭᠠᠨ ᠵᠢᠶᠸ᠂ ᠯᠢ ᠱᠤ᠌ ᠯᠧᠢ ᠬᠤᠷᠠᠯ᠎ᠳᠤ ᠣᠷᠣᠯᠴᠠᠵᠠᠢ᠃ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠣᠷᠣᠨ ᠨᠤᠲᠤᠭ᠎ᠤᠨ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃
ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠣᠲᠠ ᠪᠣᠯᠣᠨ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ ᠨᠠᠮ᠎ᠤᠨ ᠬᠣᠷᠢᠶ᠎ᠠ᠂ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠠᠷᠠᠳ᠎ᠤᠨ ᠪᠦᠯᠬᠦᠮ᠂ ᠲᠥᠪ᠎ᠡᠴᠡ ᠬᠠᠮᠢᠶᠠᠷᠴᠤ ᠪᠠᠢᠭ᠎ᠠ ᠮᠥᠩᠭᠥᠨ ᠭᠦᠢᠯᠭᠡᠭᠡᠨ᠎ᠦ ᠠᠵᠤ ᠠᠬᠤᠢᠯᠡᠯ ᠪᠣᠯᠣᠨ ᠬᠡᠰᠡᠭ ᠲᠥᠪ᠎ᠦᠨ ᠠᠵᠤ ᠠᠬᠤᠢᠯᠠᠯ᠂ ᠬᠣᠯᠪᠣᠭᠳᠠᠯ ᠪᠦᠬᠦᠢ ᠶᠡᠬᠡ ᠳᠡᠭᠡᠳᠦ ᠰᠤᠷᠭᠠᠭᠤᠯᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 11 ᠰᠠᠷ᠎ᠠ᠎ᠶᠢᠨ 25ᠤ᠋ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃