ᠲᠡᠷᠢᠭᠦᠨ ᠨᠢᠭᠤᠷ - ᠲᠡᠷᠢᠭᠦᠨ ᠮᠡᠳᠡᠭᠡ

2026-11-26 10:48:51

ᠵᠣᠬᠢᠶᠠᠭ᠍ᠴᠢ᠄ ᠠᠨ ᠬᠤᠸᠠ ᠢ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠬᠤᠷᠠᠯᠳᠤᠬᠤ ᠲᠠᠰᠢᠷᠠᠮ᠎ᠳᠤ


(ᠨᠢᠭᠡ)

ᠴᠠᠭ᠎ᠤᠨ ᠬᠦᠷᠳᠤ ᠡᠷᠭᠢᠯᠳᠦᠨ ᠤᠷᠤᠬᠰᠢᠯᠠᠭᠰᠠᠭᠠᠷ ᠲᠠᠬᠢᠨᠳᠠ ᠴᠢᠬᠤᠯᠠ ᠨᠢᠬᠡᠨ  ᠲᠡᠦᠬᠡᠲᠦ᠍ ᠴᠢᠨᠠᠷᠲᠠᠢ ᠵᠠᠩᠬᠢᠯᠠᠭ᠎ᠠ ᠵᠢᠨ ᠮᠦᠴᠡ ᠵᠢ ᠤᠬᠳᠤᠵᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ ᠬᠤᠷᠠᠯᠳᠤᠬᠤ ᠪᠤᠯᠤᠯ᠎ᠠ᠃

ᠪᠠᠳᠠᠷᠠᠯᠳᠤ ᠡᠷᠢᠨ ᠎ᠤ ᠪᠠᠬᠠᠳᠤᠯᠳᠤ ᠤᠯᠠᠷᠢᠯ ᠲᠤᠬᠢᠶᠠᠵᠤ᠂ ᠡᠪᠦᠯ᠎ᠤᠨ ᠦᠵᠡᠮᠵᠢ ᠡᠳᠡᠭᠡᠳ ᠭᠤᠶᠤᠬᠠᠨ᠃ ᠣᠯᠠᠨ ᠤᠳᠠᠭ᠎ᠠ ᠵᠢᠨ ᠬᠦᠨᠳᠦ ᠴᠢᠬᠤᠯᠠ ᠤᠴᠢᠷ ᠶᠠᠪᠤᠳᠠᠯ᠎ᠢ ᠭᠡᠷᠡᠴᠢᠯᠡᠭᠰᠡᠨ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ ᠎ᠳᠤ᠂ ᠥᠩᠭᠡ ᠵᠢᠨ ᠴᠡᠴᠡᠭ᠎ᠢᠶᠡᠷ ᠴᠢᠮᠡᠭᠳᠡᠵᠤ᠂ ᠤᠯᠠᠭᠠᠨ ᠲᠣᠭ ᠤᠯᠠᠯᠵᠠᠨ ᠬᠠᠷᠠᠬᠳᠠᠨ᠎ᠠ ; ᠮᠢᠩᠭᠠᠨ ᠭᠠᠵᠠᠷ᠎ᠤᠨ ᠲᠠᠯ᠎ᠠ ᠨᠤᠲᠤᠭ ᠮᠥᠩᠭᠥᠨ ᠬᠦᠷᠮ᠎ᠡ ᠬᠡᠳᠦᠷᠴᠤ᠂ ᠠᠭᠤᠯᠠ ᠤᠰᠤ ᠨᠢ ᠦᠵᠡᠰᠬᠦᠯᠡᠩᠲᠦ᠍ ᠰᠠᠶ᠋ᠢᠬᠠᠨ᠂ ᠭᠠᠵᠠᠷ ᠪᠤᠯᠭᠠᠨ ᠳ᠋ᠤ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ; ᠥᠷᠭᠡᠨ ᠠᠭᠤᠳᠠᠮ ᠡᠬᠡ ᠭᠠᠵᠠᠷ᠎ᠲᠤ᠌ ᠰᠠᠯᠬᠢᠨ ᠬᠦᠴᠦᠨ᠎ᠦ ᠴᠠᠬᠢᠯᠭᠠᠨ ᠬᠡᠷᠡᠯ ᠴᠡᠨᠡᠭ᠎ᠦᠨ ᠰᠠᠭᠤᠷᠢᠨ ᠬᠤᠢᠨ᠎ᠠ ᠬᠤᠢᠨ᠎ᠠ ᠡᠴᠡ ᠪᠡᠨ ᠰᠦᠨᠳᠡᠷᠯᠡᠨ ᠪᠤᠰᠴᠤ᠂ ᠪᠣᠬᠢᠷᠲᠤᠯ ᠥᠬᠡᠶ ᠬᠥᠳᠡᠯᠭᠡᠬᠦ᠌ ᠡᠨᠧᠷᠭᠢ᠎ᠶᠢᠨ ᠬᠦᠴᠦᠨ ᠣᠷᠭᠢᠯᠣᠨ ᠪᠠᠳᠠᠷᠠᠨ᠎ᠠ; ᠤᠯᠠᠨ ᠬᠦᠮᠦᠨ᠎ᠤ ᠴᠤᠬᠯᠠᠭᠠᠨ ᠪᠤᠯᠤᠬᠰᠠᠨ ᠮᠠᠨᠵᠤᠤᠷ᠂ ᠡᠷᠢᠶᠡᠨ ᠬᠣᠲᠠ᠎ᠶᠢᠨ ᠬᠢᠯᠢ᠎ᠶᠢᠨ ᠪᠣᠭᠣᠮᠲᠠ᠎ᠳᠤ᠂ ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ᠌ ᠲᠡᠷᠭᠡ ᠠᠯᠤᠰ᠎ᠢ ᠵᠤᠷᠢᠨ ᠮᠤᠷᠳᠠᠨ᠎ᠠ ᠁ ᠰᠢᠷᠭᠠᠭᠤ ᠬᠠᠲᠠᠭᠤᠵᠢᠯᠲᠠᠢ ᠴᠢᠷᠮᠠᠢᠯᠭ᠎ᠠ ᠪᠡᠷ ᠲᠠᠮᠵᠢᠨ᠂ ᠥᠪᠥᠷ ᠮᠣᠩᠭᠣᠯ᠎ᠤᠨ ᠥᠷᠭᠡᠨ ᠠᠭᠤᠳᠠᠮ ᠬᠠᠯᠠᠭᠤᠨ ᠬᠥᠷᠥᠰᠥ᠍ᠨ᠎ᠳᠤ ᠦᠭᠡᠳᠡᠯᠠᠨ ᠲᠠᠪᠰᠢᠬᠤ ᠲᠦᠷᠰᠦ ᠪᠠᠢᠳᠠᠯ ᠢᠯᠠᠷᠠᠵᠤ᠂  ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠮ᠎ᠤᠨ ᠤᠳᠤᠷᠢᠳᠤᠯᠭ᠎ᠠ ᠳᠣᠣᠷ᠎ᠠ ᠡᠷᠡᠯᠬᠡᠭᠯᠡᠨ ᠲᠡᠮᠡᠴᠡᠵᠤ ᠣᠮᠣᠭ ᠵᠣᠷᠢᠭ ᠲᠡᠭᠦᠯᠳᠡᠷ ᠤᠷᠤᠬᠰᠢᠯᠠᠨ᠎ᠠ᠃

ᠤᠨ ᠵᠢᠯ ᠤᠷᠴᠢᠵᠤ ᠡᠭᠡᠯᠵᠢᠯᠡᠬᠦ ᠤᠯᠠᠷᠢᠯ ᠰᠤᠯᠢᠬᠳᠠᠬᠰᠠᠭᠠᠷ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠢᠮᠠᠭᠲᠠ ᠰᠡᠳᠬᠢᠯ ᠳ᠋ᠡᠬᠡᠨ ᠪᠤᠳᠤᠵᠤ ᠬᠠᠯᠠᠮᠵᠢᠯᠠᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ ᠵᠢᠨ ᠲᠦᠯᠦᠬᠡ ᠬᠡᠵᠢᠶᠡᠳᠡ ᠮᠠᠷᠳᠠᠯ ᠦᠬᠡᠢ ᠰᠠᠨᠠᠭᠠᠰᠢᠷᠠᠵᠤ᠂᠎ᠥᠪᠥᠷ ᠮᠣᠩᠭᠣᠯ᠎ᠤᠨ ᠬᠤᠯᠪᠤᠭᠳᠠᠯ ᠪᠦᠬᠦᠢ ᠠᠵᠢᠯ᠎ᠤᠨ ᠲᠤᠬᠠᠢ ᠣᠯᠠᠨ ᠤᠳᠠᠭ᠎ᠠ ᠴᠢᠬᠤᠯᠠ ᠵᠢᠭᠠᠪᠤᠷᠢ ᠴᠣᠬᠣᠯᠠᠪᠤᠷᠢ ᠥᠭᠴᠦ᠍᠂ ᠥᠪᠥᠷ ᠮᠣᠩᠭᠣᠯ᠎ᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠡᠯ᠎ᠡ ᠵᠦᠢᠯ᠎ᠦᠨ ᠠᠵᠢᠯ᠎ᠤᠨ ᠭᠤᠤᠯ ᠰᠢᠵᠢᠮ ᠪᠣᠯᠭᠠᠬᠤ ᠬᠡᠷᠡᠭᠲᠡᠢ ᠭᠡᠵᠦ ᠱᠠᠭᠠᠷᠳᠠᠵᠤ᠂ ᠥᠪᠥᠷ ᠮᠣᠩᠭᠣᠯ᠎ᠳᠤ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《 ᠨᠢᠭᠡ ᠪᠡᠬᠢᠯᠡᠯᠲᠡ》 ᠵᠢ ᠪᠥᠲᠥᠭᠡᠨ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠣᠯᠭᠣᠵᠤ᠂ ᠥᠪᠥᠷ ᠮᠣᠩᠭᠣᠯ᠎ᠤᠨ ᠬᠢᠨ᠎ᠳ᠋ᠤ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠌ ᠵᠠᠮ᠎ᠢᠶᠠᠷ ᠡᠷᠡᠰ ᠭᠤᠶ᠋ᠢᠪᠢᠰᠢ ᠥᠬᠡᠶ ᠵᠠᠮᠨᠠᠬᠤ ᠬᠡᠷᠡᠭᠲᠡᠶ ᠭᠡᠵᠦ᠍ ᠵᠠᠬᠢᠪᠠ᠃

ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍ ᠂ ᠡᠭᠦᠷᠭᠡ ᠬᠠᠷᠢᠭᠤᠴᠠᠯᠭ᠎ᠠ᠎ᠡᠭᠦᠷᠭᠡᠯᠡᠵᠦ᠍᠂ ᠪᠦᠬᠦ ᠣᠷᠣᠨ ᠳᠠᠶᠠᠭᠠᠷ᠎ᠢᠶᠡᠨ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠬᠦᠴᠦ ᠨᠡᠮᠡᠨ ᠡᠷᠡᠮᠡᠬᠡᠶ᠋ᠢᠯᠡᠨ ᠤᠷᠤᠭᠰᠢᠯᠠᠵᠤ᠂ ᠰᠢᠨᠳᠡᠷᠡᠰᠢ ᠦᠭᠡᠢ ᠵᠢᠳᠭᠦᠨ ᠴᠢᠷᠮᠠᠢᠵᠤ᠂ ᠠᠵᠤ ᠠᠬᠤᠢ ᠲᠣᠭᠲᠠᠭᠤᠨ᠎ᠤ ᠳᠤᠮᠳᠠ ᠰᠠᠢᠵᠢᠷᠠᠵᠤ᠂ ᠶᠡᠷᠦᠩᠬᠡᠶ᠋ᠢᠯᠡᠭᠰᠡᠨ ᠪᠣᠳᠠᠲᠤ᠌ ᠬᠦᠴᠦᠨ᠂ ᠰᠢᠨ᠎ᠡ᠎ᠶᠢ ᠡᠭᠦᠳᠬᠦ᠌ ᠬᠥᠳᠡᠯᠭᠡᠬᠦ᠌ ᠬᠦᠴᠦᠨ᠂ ᠠᠵᠤ ᠦᠢᠯᠡᠰ᠎ᠦᠨ ᠪᠦᠲᠦᠴᠡ ᠦᠷᠭᠦᠯᠵᠢᠯᠡᠨ ᠶᠠᠰᠤ ᠴᠢᠨᠠᠷ᠎ᠢᠶᠡᠨ ᠳᠡᠭᠡᠭᠰᠢᠯᠡᠭᠦᠯᠦᠨ ᠳᠡᠰ ᠳᠡᠪᠰᠢᠵᠦ᠍᠂ ᠡᠯ᠎ᠡ ᠵᠦᠢᠯ᠎ᠦᠨ ᠠᠵᠢᠯ ᠦᠢᠯᠡᠰ ᠲᠠᠰᠤᠷᠠᠯᠲᠠ ᠦᠭᠡᠢ ᠰᠢᠨ᠎ᠡ ᠪᠠᠶ᠋ᠢᠳᠠᠯ᠎ᠢ ᠡᠭᠦᠳᠴᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌ ᠠᠶᠠᠨ᠎ᠳᠤ ᠰᠢᠨ᠎ᠡ ᠢᠳᠡᠷᠡᠭᠦᠨ ᠠᠯᠬᠤᠭ᠎ᠠ᠎ᠶᠢ ᠠᠯᠬᠤᠪᠠ᠃

(ᠬᠣᠶᠠᠷ) 

ᠨᠡᠷᠡᠨ ᠰᠠᠷᠠᠨ᠎ᠤ ᠤᠷᠴᠢᠯᠳᠠ ᠳ᠋ᠤ ᠢᠷᠠᠭᠤ ᠬᠠᠭᠤᠳᠠᠰᠤ᠎ᠶᠢ ᠪᠢᠴᠢᠭᠯᠡᠵᠦ᠍᠂ ᠪᠢᠷ ᠪᠡᠬᠡᠰ᠎ᠤᠨ ᠰᠢᠳᠢ ᠪᠡᠷ ᠭᠦᠨ ᠰᠠᠨᠠᠭ᠎ᠠ ᠠᠬᠤᠢ ᠵᠢ ᠢᠯᠡᠳᠬᠡᠨ᠎ᠡ᠃ ᠴᠠᠭ ᠮᠦᠴᠡ ᠵᠢᠨ ᠦᠷᠬᠡᠨ ᠤᠷᠤᠰᠬᠠᠯ ᠳᠤᠮᠳᠠ ᠵᠠᠷᠢᠮ ᠵᠢᠷᠤᠭ ᠳᠦᠷᠰᠦ ᠨᠢ ᠡᠬᠡᠨᠡᠭᠳᠡ ᠬᠥᠮᠦᠰ ᠲᠤ᠌ ᠮᠠᠷᠲᠠᠭᠳᠠᠰᠢ ᠦᠭᠡᠢ ᠲᠤᠷᠠᠳᠬᠠᠯ ᠦᠯᠡᠳᠡᠭᠡᠳᠡᠭ ᠤᠴᠢᠷᠳᠠᠢ᠃

2023 ᠣᠨ᠎ᠤ ᠵᠤᠨ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠢᠷᠡᠵᠦ ᠰᠢᠨᠵᠢᠯᠡᠨ ᠪᠠᠶ᠋ᠢᠴᠠᠭᠠᠵᠤ᠂ ᠥᠪᠥᠷ ᠮᠣᠩᠭᠣᠯ᠎ᠤᠨ ᠬᠥᠭᠵᠢᠯᠲᠡ᠎ᠳᠦ ᠲᠣᠳᠣᠷᠬᠠᠶ ᠪᠠᠶ᠋ᠢᠯᠳᠤᠬᠤ ᠪᠣᠳᠣᠯᠭ᠎ᠠ᠎ᠶᠢᠨ ᠵᠢᠯᠣᠭᠣᠳᠣᠯᠭ᠎ᠠ ᠬᠢᠵᠦ᠂ ᠡᠩ ᠲᠡᠷᠢᠭᠦᠨ᠎ᠳᠦ 《ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠣᠯ᠎ᠤᠨ ᠲᠤᠬᠠᠢ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ᠎ᠶᠢ ᠪᠠᠲᠤ᠌ ᠡᠵᠡᠮᠳᠡᠵᠦ᠍》᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》ᠵᠢ ᠪᠥᠲᠥᠭᠡᠨ ᠪᠠᠶ᠋ᠢᠭᠤᠯᠬᠤ ᠲᠠᠯ᠎ᠠ ᠪᠡᠷ ᠰᠢᠨ᠎ᠡ ᠵᠢᠳᠬᠦᠯ ᠴᠢᠷᠮᠠᠶ᠋ᠢᠯᠭ᠎ᠠ ᠭᠠᠷᠭᠠᠬᠤ ᠬᠡᠷᠡᠭᠲᠡᠢ᠎ᠬᠡᠵᠤ ᠱᠠᠭᠠᠷᠳᠠᠬᠰᠠᠨ᠎ᠢ ᠪᠢᠳᠡ ᠭᠦᠨᠵᠡᠭᠡᠶ ᠴᠡᠭᠡᠵᠢᠯᠡᠵᠦ᠍ ᠪᠠᠶ᠋ᠢᠨ᠎ᠠ᠃

2026 ᠣᠨ᠎ᠤ ᠠᠯᠳᠠᠨ ᠨᠠᠮᠤᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠤᠯᠠᠭᠠᠨᠴᠠᠪ ᠬᠤᠳᠠ᠎ᠳᠤ ᠢᠷᠡᠵᠦ ᠰᠢᠨᠵᠢᠯᠡᠨ ᠪᠠᠶ᠋ᠢᠴᠠᠭᠠᠵᠤ᠂ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠎ᠤ ᠬᠦᠭᠵᠢᠯᠲᠡ ᠵᠡᠷᠭᠡ ᠠᠵᠢᠯ᠎ᠢ ᠭᠦᠢᠴᠡᠳ ᠨᠤᠲᠠᠯᠠᠭᠰᠠᠨ ᠪᠥᠭᠡᠳ ᠬᠣᠯᠪᠣᠭᠳᠠᠯ ᠪᠦᠬᠦᠢ ᠠᠵᠢᠯ᠎ᠢ ᠰᠠᠶ᠋ᠢᠲᠤᠷ ᠬᠢᠬᠦ᠌᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠬᠦ᠌᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ᠎ᠢ ᠪᠢᠳᠡ ᠭᠦᠨᠵᠡᠭᠡᠶ ᠴᠡᠭᠡᠵᠢᠯᠡᠵᠦ᠍ ᠪᠠᠶ᠋ᠢᠨ᠎ᠠ᠃

ᠲᠦᠮᠡᠨ ᠭᠠᠵᠠᠷ ᠬᠤᠯᠠ ᠠᠶᠠᠯᠠᠬᠤ ᠳ᠋ᠤ ᠵᠠᠩᠭᠢᠯᠠᠭ᠎ᠠ ᠨᠢ ᠵᠠᠯᠠᠭᠤᠷ᠎ᠢ ᠰᠠᠢᠳᠤᠷ ᠡᠵᠡᠮᠳᠡᠬᠦ᠎ᠳᠤ ᠪᠤᠢ᠃ ᠠᠯᠢ ᠤᠯᠠᠨ ᠴᠢᠬᠤᠯᠠ ᠴᠠᠭ᠎ᠤᠨ ᠵᠠᠩᠬᠢᠯᠠᠭ᠎ᠠ ᠵᠢᠨ ᠴᠡᠭ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠬᠥᠭᠵᠢᠯᠲᠡ᠎ᠶᠢᠨ ᠵᠠᠯᠠᠭᠤᠷ᠎ᠢ ᠡᠵᠡᠮᠳᠡᠵᠦ ᠠᠶᠠᠯᠠᠯ᠎ᠢ ᠵᠢᠯᠣᠭᠣᠳᠤᠭᠰᠠᠨ ᠪᠠ ᠴᠢᠭᠯᠡᠯ᠎ᠢ ᠲᠣᠭᠲᠠᠭᠠᠵᠤ ᠦᠭᠭᠦᠭᠰᠡᠨ᠎ᠢ ᠭᠡᠷᠡᠴᠢᠯᠡᠪᠡ; ᠴᠢᠩ ᠰᠡᠳᠬᠢᠯ᠎ᠦᠨ ᠨᠠᠶ᠋ᠢᠳᠠᠯᠭ᠎ᠠ ᠪᠦᠬᠦᠨ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠬᠥᠭᠵᠢᠯᠲᠡ᠎ᠶᠢ ᠳᠡᠭᠡᠳᠦ ᠬᠡᠮᠵᠢᠢ᠎ᠡ᠎ᠪᠡᠷ ᠠᠩᠬᠠᠷᠴᠤ᠌ ᠪᠠᠶ᠋ᠢᠬᠤ ᠪᠠ ᠭᠦᠨ ᠬᠠᠯᠠᠮᠵᠢᠯᠠᠵᠤ ᠪᠠᠶ᠋ᠢᠬᠤ᠎ᠶᠢ ᠬᠠᠷᠠᠭᠤᠯᠵᠤ ᠪᠠᠶ᠋ᠢᠨ᠎ᠠ᠃

ᠬᠦᠰᠡᠯ ᠨᠠᠶ᠋ᠢᠳᠠᠯᠭ᠎ᠠ ᠠᠭᠤᠯᠠ ᠮᠡᠲᠦ ᠬᠦᠨᠳᠦ ᠪᠠᠢᠵᠤ ᠬᠥᠮᠥᠰ᠎ᠢ ᠡᠷᠡᠯᠬᠡᠭᠯᠡᠨ ᠤᠷᠤᠭᠰᠢᠯᠠᠭᠤᠯᠪᠠ᠃ ᠡᠨᠡ ᠲᠠᠪᠤᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠷᠭᠡᠨ ᠣᠯᠠᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠡ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠷᠡᠰ ᠭᠤᠢᠪᠢᠰᠢ ᠦᠭᠡᠢ᠎ᠪᠡᠷ ᠶᠡᠷᠦᠩᠬᠡᠢ ᠱᠦᠵᠢ᠎ᠶᠢᠨ ᠬᠠᠢᠷ᠎ᠠ ᠬᠠᠯᠠᠮᠵᠢ᠎ᠶᠢ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ ᠎ᠢ ᠭᠦᠨᠵᠡᠭᠡᠢ ᠣᠢᠯᠠᠭᠠᠬᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ ᠤᠯᠤᠰ ᠲᠥᠷᠥ᠎ᠶᠢᠨ ᠤᠬᠠᠮᠰᠠᠷ ᠪᠤᠯᠭᠠᠨ ᠬᠤᠪᠢᠷᠠᠭᠤᠯᠵᠤ᠂ ᠠᠵᠤ ᠠᠬᠤᠢ᠎ᠶᠢᠨ ᠦᠷᠭᠦᠯᠵᠢᠯᠡᠨ ᠰᠢᠨ᠎ᠡ ᠰᠢᠯᠢᠳᠡᠭ ᠰᠠᠢᠨ ᠲᠡᠢᠰᠢ ᠬᠥᠭᠵᠢᠬᠦ᠎ᠶᠢ ᠠᠬᠢᠭᠤᠯᠤᠨ᠂ ᠡᠯ᠎ᠡ ᠵᠦᠢᠯ᠎ᠦᠨ ᠠᠵᠢᠯ ᠦᠢᠯᠡᠰ ᠨᠠᠩ ᠶᠡᠬᠡ ᠰᠢᠨ᠎ᠡ ᠦᠷ᠎ᠡ ᠪᠦᠲᠦᠮᠵᠢ ᠣᠯᠪᠠ᠃

  ᠥᠨᠥᠳᠥᠷ᠎ᠦᠨ ᠶᠠᠪᠤᠳᠠᠯ᠎ᠡᠴᠡ ᠥᠩᠭᠡᠷᠡᠭᠰᠡᠨ ᠵᠢᠡᠨ ᠡᠷᠭᠢᠴᠡᠭᠦᠯᠦᠨ᠎ᠡ᠂ ᠤᠰᠤ᠎ᠶᠢ ᠨᠢ ᠤᠤᠭᠤᠪᠠᠯ ᠡᠬᠢ᠎ᠶᠢ ᠨᠢ ᠮᠠᠷᠲᠠᠵᠤ ᠪᠤᠯᠬᠤ ᠦᠭᠡᠢ᠃ ᠥᠪᠥᠷ ᠮᠣᠩᠭᠣᠯ᠎ᠤᠨ ᠬᠦᠭᠵᠢᠯ ᠪᠠᠳᠠᠷᠠᠯ᠎ᠤᠨ ᠲᠠᠪᠤᠨ ᠵᠢᠯ᠎ᠦᠨ ᠦᠵᠡᠮᠵᠢᠳᠤ ᠵᠢᠷᠤᠭ ᠨᠢᠬᠡ ᠪᠦᠷᠢ ᠳ᠋ᠤ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠦᠨᠡᠨ ᠶᠣᠰᠣᠨ᠎ᠤ ᠠᠤᠭ᠎ᠠ ᠬᠦᠴᠦᠨ ᠪᠣᠯᠣᠨ ᠦᠢᠯᠡᠳᠦᠯᠭᠡ᠎ᠶᠢᠨ ᠠᠤᠭ᠎ᠠ ᠬᠦᠴᠦᠨ᠎ᠢ ᠢᠯᠡᠷᠡᠭᠦᠯᠵᠦ᠂ ᠶᠡᠷᠦᠩᠬᠡᠢ ᠱᠦᠵᠢ ᠰᠢ᠎ᠶᠢᠨ ᠫᠢᠩ ᠎ᠤᠨ ᠥᠪᠥᠷ ᠮᠣᠩᠭᠣᠯ᠎ᠤᠨ ᠬᠥᠭᠵᠢᠯᠲᠡ᠎ᠶᠢᠨ ᠲᠤᠬᠠᠢ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ ᠪᠣᠯᠣᠨ ᠳᠣᠲᠣᠨᠣ᠌ ᠬᠠᠯᠠᠮᠵᠢᠯᠠᠯ ᠎ᠢ ᠰᠢᠩᠭᠡᠭᠡᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠮᠤᠷ ᠠᠮᠤᠭᠤᠯᠠᠩ ᠵᠣᠯ ᠵᠢᠷᠭᠠᠯᠳᠤ᠎ᠢᠨᠢᠶᠠᠳᠦ ᠪᠠᠶᠠᠷ ᠪᠠᠶᠠᠰᠤᠯ ᠪᠢᠯᠬᠠᠨ᠎ᠠ᠃

 (ᠭᠤᠷᠪᠠ) 

ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠠᠰᠢᠭᠯᠠᠯᠳᠠ᠎ᠳᠦ ᠤᠷᠤᠬᠤ ᠪᠡᠷ ᠪᠡᠯᠡᠬᠡᠨ ᠪᠣᠯᠵᠤ᠂ ᠣᠷᠣᠨ᠎ᠤ ᠲᠥᠪ᠎ᠦᠨ ᠠᠭᠠᠷ᠎ᠤᠨ ᠠᠶᠠᠯᠠᠯ 4F ᠬᠦᠢᠰᠦ᠎ᠶᠢᠨ ᠰᠢᠨ᠎ᠡ ᠴᠠᠭ ᠦᠶ᠎ᠡ᠎ᠳᠦ ᠣᠷᠣᠪᠠ ; ᠬᠦᠢᠲᠡᠨ᠎ᠤ ᠲᠤᠢᠯ ᠭᠡᠭᠡᠨ ᠭᠣᠣᠯ᠎ᠤᠨ ᠮᠥᠰᠥ ᠴᠠᠰᠤᠨ᠎ᠤ ᠦᠪᠡᠳᠡᠭᠰᠢ ᠨᠠᠢᠷ ᠡᠬᠢᠯᠡᠵᠦ᠂ ᠬᠠᠬᠢᠷ ᠬᠦᠢᠲᠡᠨ᠎ᠤ《ᠬᠦᠢᠲᠡᠨ ᠡᠬᠢ ᠪᠠᠶᠠᠯᠢᠭ᠋》 ᠨᠢ ᠠᠵᠤ ᠦᠢᠯᠡᠰ᠎ᠦᠨ 《ᠬᠠᠯᠠᠮᠰᠢᠯ ᠠᠵᠤ ᠠᠬᠤᠢ》 ᠪᠣᠯᠪᠠ; ᠨᠢᠭᠡᠨ ᠦᠶ᠎ᠡ ᠬᠠᠳᠠᠵᠤ ᠰᠢᠷᠭᠢᠭᠰᠡᠨ ᠬᠢᠬᠢᠷᠢ ᠨᠠᠭᠤᠷ ᠳᠠᠬᠢᠨ ᠠᠮᠢᠯᠠᠵᠤ᠂ ᠨᠠᠭᠤᠷ᠎ᠤᠨ ᠲᠡᠬᠡᠬᠦᠷ ᠨᠡᠭᠦᠳᠡᠯ᠎ᠦᠨ ᠰᠢᠪᠠᠭᠤᠳ ᠬᠠᠯᠢᠨ ᠳᠡᠭᠦᠯᠢᠵᠤ᠂ ᠤᠰᠤᠨ ᠳ᠋ᠤᠨᠢ ᠵᠢᠭᠠᠰᠤ ᠵᠢᠷᠠᠭᠠᠬᠠᠢ ᠦᠷᠡᠵᠢᠨ ᠨᠡᠮᠡᠭᠳᠡᠪᠡ ᠁ ᠥᠨᠥᠳᠥᠷ᠎ᠦᠨ ᠥᠪᠥᠷ ᠮᠣᠩᠭᠣᠯ᠎ᠤᠨ ᠭᠠᠵᠠᠷ ᠪᠤᠯᠭᠠᠨ ᠳ᠋ᠤ ᠬᠥᠭᠵᠢᠯ ᠪᠠᠳᠠᠷᠠᠯ᠎ᠤᠨ ᠲᠠᠭᠤᠤ ᠬᠠᠩᠬᠢᠨᠠᠵᠤ᠂ ᠡᠨᠡ ᠬᠦ᠌ ᠠᠮᠢᠵᠢᠷᠠᠯ ᠪᠢᠯᠬᠠᠮ᠎ᠠ ᠨᠤᠲᠤᠭ ᠳᠡᠪᠢᠰᠬᠡᠷ ᠳᠡᠭᠡᠷ᠎ᠡ ᠥᠭᠡᠳᠡᠯᠡᠨ ᠲᠠᠪᠰᠢᠬᠤ ᠬᠦᠴᠦᠨ ᠤᠷᠬᠢᠯᠤᠨ ᠪᠠᠳᠠᠷᠠᠪᠠ᠃

ᠲᠠᠪᠤᠨ ᠵᠢᠯ᠎ᠳᠦ ᠶᠠᠭᠤ᠎ᠶᠢ ᠬᠤᠪᠢᠷᠠᠭᠤᠯᠤᠭᠰᠠᠨ ᠪᠤᠢ? ᠡᠬᠢᠨ ᠡᠴᠡ ᠨᠢ ᠳᠠᠭᠤᠰᠲᠠᠯ᠎ᠠ ᠥᠩᠭᠡᠷᠡᠭᠰᠡᠨ᠎ᠢ ᠡᠷᠭᠢᠴᠡᠭᠦᠯᠬᠦᠶ᠎ᠡ᠂ ᠥᠪᠥᠷ ᠮᠣᠩᠭᠣᠯ᠎ᠤᠨ ᠡᠬᠡ ᠭᠠᠵᠠᠷ ᠲᠦ᠍ ᠲᠦᠮᠡᠨ ᠪᠣᠳᠠᠰ ᠰᠢᠨᠡᠳᠤᠨ ᠬᠤᠪᠢᠷᠠᠵᠠᠢ᠃

  ᠰᠢᠨ᠎ᠠ ᠨᠢ ᠬᠥᠮᠥᠨ᠎ᠦ ᠰᠡᠳᠬᠢᠯ᠎ᠦᠨ ᠨᠢᠬᠳᠠᠷᠠᠬᠰᠠᠨ ᠳ᠋ᠤ ᠪᠤᠢ᠃ ᠡᠨᠡ ᠲᠠᠪᠤᠨ ᠵᠢᠯ᠎ᠳᠦ᠂ ᠥᠪᠥᠷ ᠮᠣᠩᠭᠣᠯ ᠢᠮᠠᠭᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠶ᠋ᠢ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠪᠣᠯᠭᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠲᠦᠭᠡᠨ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠴᠡᠴᠡᠭᠡᠰ ᠭᠠᠵᠠᠷ ᠪᠤᠯᠭᠠᠨ ᠳ᠋ᠤ ᠮᠢᠷᠠᠯᠵᠠᠨ ᠳᠡᠯᠭᠡᠷᠡᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠵᠣᠯ ᠵᠢᠷᠭᠠᠯ᠎ᠤᠨ ᠵᠢᠭᠠᠯᠲᠠ ᠲᠣᠭ᠎ᠠ ᠲᠠᠰᠤᠷᠠᠯᠳᠡ ᠦᠭᠡᠢ ᠳᠡᠭᠡᠭᠰᠢᠯᠡᠪᠡ᠃ ᠲᠠᠯ᠎ᠠ ᠨᠤᠲᠤᠭ᠎ᠤᠨ ᠭᠦᠨ᠎ᠳᠦ ᠤᠯᠠᠭᠠᠨᠮᠥ᠋ᠴᠢᠷ᠎ᠤᠨ ᠬᠢᠨ ᠡᠯ᠎ᠡ ᠭᠠᠴᠡᠭ᠎ᠠ ᠪᠠ ᠮᠠᠯᠵᠢᠬᠤ ᠴᠡᠭ᠎ᠢᠶᠡᠷ ᠬᠦᠷᠴᠦ᠂ ᠲᠥᠷᠥ᠎ᠶᠢᠨ ᠪᠣᠳᠣᠯᠭ᠎ᠠ᠎ᠶᠢ ᠳᠠᠭᠤᠤ ᠪᠤᠯᠭᠠᠨ ᠲᠠᠭᠤᠯᠠᠵᠤ᠂  ᠤᠴᠢᠷ᠎ᠶᠣᠰᠤ ᠵᠢ ᠰᠢ ᠵᠦᠴᠦᠭᠡ ᠪᠣᠯᠭᠠᠨ ᠲᠣᠭᠯᠠᠪᠠ;  ᠬᠢᠯᠢ᠎ᠶᠢᠨ ᠡᠮᠦᠨ᠎ᠡ ᠹᠷᠣᠨᠲ᠎ᠲᠤ᠂ 《ᠠᠨᠠᠷ᠎ᠤᠨ ᠦᠷ᠎ᠡ ᠬᠢᠯᠢ ᠬᠢᠵᠠᠭᠠᠷ᠎ᠢᠶᠠᠨ ᠬᠠᠮᠠᠭᠠᠯᠠᠬᠤ ᠢᠳᠡᠰᠢᠨ ᠨᠤᠭᠤᠭ᠎ᠠ ᠵᠢᠨ ᠬᠦᠯᠡᠮᠵᠢ》 ᠨᠢ ᠬᠢᠯᠢ᠎ᠶᠢᠨ ᠪᠣᠭᠣᠮᠲᠠ᠎ᠳᠤ ᠦᠨᠳᠦᠰᠦᠯᠡᠵᠦ᠂ ᠬᠢᠯᠢ ᠬᠢᠵᠠᠭᠠᠷ᠎ᠢᠶᠠᠨ ᠬᠠᠮᠠᠭᠠᠯᠠᠬᠤ ᠮᠠᠯᠴᠢᠳ᠎ᠤᠨ ᠠᠮᠢᠳᠤᠷᠠᠯ᠎ᠤᠨ ᠵᠤᠯ ᠵᠢᠷᠭᠠᠯ᠎ᠢ ᠨᠡᠮᠡᠭᠳᠡᠬᠦᠯᠪᠡ; ᠬᠠᠷᠢᠯᠴᠠᠨ ᠰᠢᠬᠢᠳᠬᠡᠬᠦ ᠮᠠᠶᠢᠭ᠋᠎ᠤᠨ ᠨᠡᠢᠭᠡᠮ ᠲᠣᠭᠣᠷᠢᠭ᠋᠎ᠲᠤ᠂ ᠦᠨᠳᠦᠰᠦᠲᠡᠨ᠎ᠨᠦᠭᠦᠳ ᠬᠠᠮᠲᠦ ᠠᠮᠢᠳᠤᠷᠠᠵᠤ ᠬᠠᠮᠲᠤ ᠰᠤᠷᠤᠯᠴᠠᠵᠦ᠂ ᠬᠠᠮᠲᠤ ᠠᠵᠢᠯᠯᠠᠨ ᠬᠠᠮᠲᠤ᠎ᠪᠠᠶᠠᠷᠯᠠᠯᠳᠤᠵᠤ᠂ ᠬᠡᠦᠬᠡᠳ᠎ᠦᠳ ᠨᠢᠭᠡ ᠰᠤᠷᠭᠠᠭᠤᠯᠢ᠎ᠳᠤ ᠪᠢᠴᠢᠭ ᠦᠵᠡᠵᠦ᠂ ᠨᠠᠰᠤᠲᠠᠢᠴᠤᠳ ᠨᠢᠭᠡ ᠲᠠᠯᠠᠪᠠᠢ᠎ᠳᠤ ᠪᠥᠵᠢᠭᠯᠡᠨ ᠪᠠᠶᠠᠰᠤᠨ᠎ᠠ ᠁ ᠦᠨᠳᠦᠰᠦᠲᠡᠨ᠎ᠨᠦᠭᠦᠳ᠎ᠦᠨ ᠤᠯᠠᠨ ᠲᠦᠮᠡᠨ ᠠᠨᠠᠷ᠎ᠤᠨ ᠦᠷ᠎ᠡ ᠰᠢᠭ ᠨᠢᠭᠲᠠᠷᠠᠵᠦ᠂ ᠥᠪᠥᠷ ᠮᠣᠩᠭᠣᠯ᠎ᠤᠨ ᠬᠠᠮᠤᠭ᠎ᠤᠨ ᠭᠦᠨ ᠵᠤᠵᠠᠭᠠᠨ ᠢᠲᠡᠭᠡᠯ ᠵᠣᠷᠢᠭ᠋᠂ ᠬᠠᠮᠤᠭ᠎ᠤᠨ ᠡᠷᠬᠢᠮ ᠨᠠᠨᠳᠢᠨ ᠥᠪ ᠬᠥᠷᠥᠩᠭᠡ ᠪᠣᠯᠵᠠᠢ᠃

 ᠰᠢᠨ᠎ᠠ ᠨᠢ ᠪᠣᠳᠠᠲᠤ ᠬᠦᠴᠦᠨ᠎ᠦ ᠬᠤᠪᠢᠷᠠᠯᠲᠠ᠎ᠳᠤ ᠪᠤᠢ᠃ ᠲᠠᠪᠤᠨ ᠵᠢᠯ᠎ᠦᠨ ᠡᠮᠦᠨ᠎ᠡ ᠥᠪᠥᠷ ᠮᠣᠩᠭᠣᠯ᠎ᠤᠨ ᠲᠤᠬᠠᠢ ᠶᠠᠷᠢᠪᠠᠯ᠂ ᠴᠥᠭᠡᠨ ᠪᠤᠰᠤ ᠬᠥᠮᠥᠰ᠎ᠦᠨ ᠠᠩᠬᠠᠨ᠎ᠤ ᠰᠠᠭᠤᠭᠳᠠᠯ ᠨᠢ ᠠᠶᠠᠰ᠎ᠤᠨ ᠰᠠᠯᠬᠢ ᠦᠯᠢᠶᠡᠬᠦᠶ᠎ᠠ ᠠᠳᠤᠭᠤ ᠮᠠᠯ᠎ᠤᠨ ᠵᠤ᠋ ᠢᠷᠠᠯᠵᠠᠬᠤ ᠲᠠᠯ᠎ᠠ ᠨᠤᠲᠤᠭ᠎ᠤᠨ ᠥᠩᠭᠡ ᠦᠵᠡᠮᠵᠢ ᠪᠠᠢᠵᠤ ᠮᠡᠳᠡᠨ᠎ᠡ᠃ ᠲᠠᠪᠤᠨ ᠵᠢᠯ᠎ᠦᠨ ᠳᠠᠷᠠᠭᠠᠬᠢ ᠥᠨᠥᠳᠥᠷ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠳᠤ ᠰᠦᠷ ᠳᠠᠯᠠᠢᠴᠠᠲᠠᠢ ᠬᠥᠭᠵᠢᠯᠲᠡ᠎ᠶᠢᠨ ᠦᠵᠡᠮᠵᠢ ᠪᠠᠢᠳᠠᠯ ᠢᠯᠡᠷᠡᠵᠡᠢ᠃ ᠠᠵᠤ ᠠᠬᠤᠢ᠎ᠶᠢᠨ ᠶᠡᠷᠦᠩᠬᠡᠢ ᠬᠡᠮᠵᠢᠶ᠎ᠡ 2.67 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠬᠥᠮᠥᠨ ᠳᠤᠮᠳᠠᠴᠢ ᠳ᠋ᠤ ᠨᠤᠬᠳᠠᠬᠤ GDP ᠪᠥᠬᠥ ᠤᠯᠤᠰ᠎ᠤᠨ ᠡᠮᠦᠨ᠎ᠡ 8 ᠳ᠋ᠤ ᠤᠷᠤᠪᠠ; ᠪᠤᠬᠢᠷᠳᠤᠯ ᠦᠭᠡᠢ ᠴᠠᠬᠢᠯᠭᠠᠨ᠂ ᠪᠣᠳᠣᠯᠳᠠ᠎ᠶᠢᠨ ᠬᠦᠴᠦᠨ᠂ ᠬᠣᠪᠣᠷ ᠰᠢᠷᠣᠢ᠎ᠶᠢᠨ ᠨᠢᠭᠡᠳᠪᠦᠷᠢ᠂ ᠴᠢᠳᠠᠮᠵᠢᠲᠤ ᠮᠠᠲᠧᠷᠢᠶᠠᠯ᠂ ᠨᠡᠭᠦᠷᠡᠰᠦ᠎ᠪᠡᠷ ᠠᠯᠺᠸᠨ ᠦᠢᠯᠡᠳᠬᠦ ᠵᠡᠷᠭᠡ 80 ᠭᠠᠷᠤᠢ ᠲᠦᠷᠦᠯ᠎ᠦᠨ ᠦᠢᠯᠡᠳᠬᠦᠨ᠎ᠦ ᠦᠢᠯᠡᠳᠪᠦᠷᠢᠯᠡᠯ᠎ᠦᠨ ᠴᠢᠳᠠᠪᠤᠷᠢ ᠪᠦᠬᠦ ᠤᠯᠤᠰ᠎ᠲᠤ ᠲᠦᠷᠦᠭᠦᠯᠡᠪᠡ; ᠤᠯᠤᠰ᠎ᠤᠨ ᠴᠢᠬᠤᠯᠠ ᠮᠠᠯ ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠂ ᠦᠨᠢᠶᠡᠨ ᠰᠦ᠂ ᠦᠬᠡᠷ᠎ᠦᠨ ᠮᠢᠬ᠎ᠠ᠂ ᠬᠤᠨᠢᠨ ᠮᠢᠬ᠎ᠠ᠂ ᠲᠡᠵᠢᠭᠡᠯ ᠡᠪᠡᠰᠦ᠂ ᠢᠮᠠᠭᠠᠨ ᠨᠣᠤᠯᠤᠭᠤᠷ ᠵᠡᠷᠭᠡ᠎ᠶᠢᠨ ᠭᠠᠷᠤᠯᠲᠠ ᠪᠦᠬᠦ ᠤᠯᠤᠰ ᠲᠤ᠌ ᠲᠦᠷᠦᠬᠦᠯᠡᠪᠡ; ᠣᠷᠣᠨ ᠪᠦᠰᠡ᠎ᠶᠢᠨ ᠰᠢᠨ᠎ᠡ᠎ᠶᠢ ᠡᠭᠦᠳᠬᠦ ᠴᠢᠳᠠᠪᠤᠷᠢ᠎ᠶᠢᠨ ᠨᠡᠷᠡᠰ᠎ᠦᠨ ᠵᠢᠭ᠍ᠰᠠᠭᠠᠯᠲᠠ ᠪᠥᠬᠥ ᠤᠯᠤᠰ᠎ᠲᠤ 19 ᠳ᠋ᠤᠭᠡᠷ ᠪᠠᠢᠷᠢᠨ᠎ᠳᠤ ᠵᠢᠭᠰᠠᠵᠤ᠂ ᠴᠠᠭᠠᠨ ᠢᠳᠡᠭᠡ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠂ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠤᠯᠤᠰ᠎ᠤᠨ ᠲᠡᠷᠢᠭᠦᠨ᠎ᠦ ᠦᠢᠯᠡᠳᠬᠦ ᠦᠢᠯᠡᠰ᠎ᠦᠨ ᠪᠦᠯᠦᠭᠵᠢᠯ᠎ᠳᠦ ᠰᠣᠩᠭᠣᠭᠳᠠᠪᠠ ; ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠡᠭᠦᠳᠦᠨ ᠪᠠᠶ᠋ᠢᠭᠤᠯᠬᠤ᠎ᠶᠢ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠠᠶᠠᠨ ᠳ᠋ᠤ ᠲᠦᠷᠭᠡᠨ ᠪᠥᠭᠡᠳ ᠯᠠᠪᠳᠠᠭᠤᠨ᠎ᠢᠶᠠᠷ ᠤᠷᠤᠭᠰᠢᠯᠠᠵᠤ᠂ ᠨᠡᠪᠲᠡᠷᠡᠬᠦ ᠵᠠᠮ᠎ᠤᠨ ᠳᠠᠪᠠᠭᠤᠯᠢᠭ᠋᠎ᠢ ᠲᠦᠷᠭᠡᠳᠬᠡᠨ ᠪᠠᠳᠠᠷᠠᠭᠤᠯᠪᠠ ᠁ ᠡᠳᠦᠷ᠎ᠡᠴᠡ ᠡᠳᠦᠷ ᠰᠢᠨᠡᠳᠦᠨ ᠬᠤᠪᠢᠷᠠᠵᠤ ᠪᠠᠢᠭ᠎ᠠ ᠬᠤᠪᠢᠷᠠᠯᠲᠠ ᠨᠢ ᠥᠪᠥᠷ ᠮᠣᠩᠭᠣᠯ᠎ᠤᠨ ᠡᠨᠡ ᠬᠦ᠌ ᠬᠠᠯᠠᠭᠤᠨ ᠬᠥᠷᠥᠰᠥᠨ᠎ᠳᠦ ᠰᠢᠨ᠎ᠡ ᠠᠮᠢᠵᠢᠷᠠᠯ᠎ᠤᠨ ᠬᠦᠴᠦᠨ ᠪᠠᠳᠠᠷᠠᠵᠤ᠂ ᠰᠢᠨ᠎ᠡ ᠵᠢᠷᠤᠭ ᠲᠥᠰᠥᠪ ᠳᠡᠯᠭᠡᠭᠳᠡᠪᠡ᠃

 ᠰᠢᠨ᠎ᠠ ᠨᠢ ᠠᠮᠢ ᠠᠬᠤᠢ᠎ᠶᠢᠨ ᠦᠵᠡᠰᠬᠦᠯᠡᠩ ᠰᠠᠢᠬᠠᠨ᠎ᠳᠤ ᠪᠤᠢ᠃ ᠲᠠᠪᠤᠨ ᠵᠢᠯ᠎ᠦᠨ ᠲᠤᠷᠰᠢ ᠥᠪᠥᠷ ᠮᠣᠩᠭᠣᠯ ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠦᠷᠢᠲᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠵᠦ᠂《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠴᠦᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ᠎ᠶᠢᠨ ᠲᠠᠯᠠᠪᠠᠶ ᠦᠷᠭᠦᠯᠵᠢᠯᠡᠨ ᠪᠠᠭᠠᠰᠴᠤ᠂ ᠣᠶ ᠰᠢᠭᠤᠢ᠎ᠶᠢᠨ ᠪᠦᠷᠬᠦᠴᠡ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ ᠦᠷᠭᠦᠯᠵᠢᠯᠡᠨ ᠨᠡᠮᠡᠭᠳᠡᠵᠤ᠂ ᠬᠥᠬᠡ ᠤᠭᠲᠠᠷᠭᠤᠢ᠂ ᠬᠦᠬᠡᠮᠳᠦᠭ ᠤᠰᠤ᠂ ᠠᠷᠢᠭᠤᠨ ᠬᠥᠷᠥᠰᠥ᠎ᠶᠢ ᠬᠠᠮᠠᠭᠠᠯᠠᠬᠤ ᠳᠠᠶ᠋ᠢᠯᠠᠯᠳᠤᠭᠠᠨ ᠴᠢᠬᠤᠯᠠ ᠶᠡᠬᠡ ᠦᠷ᠎ᠡ ᠪᠦᠲᠦᠭᠡᠯ ᠣᠯᠵᠤ᠂ 《ᠬᠦᠯᠦᠨ ᠨᠠᠭᠤᠷ ᠤᠯᠠᠭᠠᠨᠰᠤᠬᠠᠢ ᠳᠠᠭ᠎ᠠ ᠵᠢᠨ ᠨᠠᠭᠤᠷ》 ᠵᠢᠴᠢ ᠴᠠᠭᠠᠨᠨᠠᠭᠤᠷ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠶᠡᠷᠦᠩᠬᠡᠢ ᠵᠢᠭᠠᠯᠲᠠ ᠲᠣᠭ᠎ᠠ ᠲᠣᠭᠲᠠᠭᠤᠨ᠎ᠢᠶᠠᠷ ᠳᠡᠭᠡᠭᠰᠢᠯᠡᠵᠦ᠂ ᠬᠠᠳᠤᠨ ᠭᠣᠣᠯ᠎ᠤᠨ ᠭᠣᠣᠯ ᠤᠷᠤᠰᠬᠠᠯ᠎ᠤᠨ ᠥᠪᠥᠷ ᠮᠣᠩᠭᠣᠯ᠎ᠳᠠᠬᠢ ᠬᠡᠰᠡᠭ᠎ᠤᠨ ᠤᠰᠤᠨ᠎ᠤ ᠴᠢᠨᠠᠷ 6 ᠵᠢᠯ ᠳᠠᠷᠠᠭᠠᠯᠠᠨⅡᠲᠦᠷᠦᠯ᠎ᠡᠴᠡ ᠳᠡᠭᠡᠭᠰᠢ ᠪᠠᠢᠬᠤ᠎ᠶᠢ ᠪᠠᠲᠤᠯᠠᠪᠠ ᠁ ᠡᠯᠡᠰᠦ ᠮᠠᠩᠬ᠎ᠠ ᠨᠣᠭᠣᠭᠠᠨ ᠥᠩᠭᠡ᠎ᠪᠡᠷ ᠬᠤᠴᠢᠬᠳᠠᠵᠤ᠂ ᠭᠣᠣᠯ ᠮᠦᠷᠠᠨ ᠨᠠᠭᠤᠷ ᠨᠢ ᠲᠤᠩᠭᠠᠯᠠᠭᠰᠢᠵᠤ᠂ ᠥᠪᠥᠷ ᠮᠣᠩᠭᠣᠯ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠶᠢ ᠰᠢᠷᠬᠡᠭ ᠡᠪᠡᠰᠦ ᠰᠠᠭᠤᠷᠢ ᠮᠤᠳᠤ᠂ ᠡᠯᠡᠰᠦ ᠮᠠᠨᠭᠬ᠎ᠠ ᠨᠠᠭᠤᠷ ᠪᠦᠷᠢᠳᠦ ᠪᠤᠯᠭᠠᠨ᠎ᠳᠦ ᠨᠠᠢᠳᠠᠪᠤᠷᠢᠵᠢᠭᠤᠯᠵᠤ᠂ ᠨᠤᠮᠢᠨ ᠤᠰᠤ ᠬᠥᠬᠡᠮᠳᠦᠭ ᠠᠭᠤᠯᠠ᠎ᠶᠢ ᠬᠠᠷᠠᠭ᠎ᠠ ᠵᠢ ᠪᠠᠶᠠᠰᠬᠠᠬᠤ ᠦᠵᠡᠰᠬᠦᠯᠡᠩᠳᠤ ᠦᠨᠭᠭᠡ ᠦᠵᠡᠮᠵᠢ ᠲᠡᠢ ᠪᠣᠯᠭᠠᠵᠤ᠂ ᠨᠡᠩ ᠴᠤ᠌ ᠦᠷᠭᠦᠯᠵᠢᠯᠡᠬᠦ ᠦᠪ ᠬᠦᠷᠦᠩᠬᠡ  ᠪᠤᠯᠭᠠᠵᠠᠢ᠃

 ᠰᠢᠨ᠎ᠠ ᠨᠢ ᠠᠮᠢᠳᠤᠷᠠᠯ᠎ᠤᠨ ᠬᠠᠯᠠᠭᠤᠨ ᠳᠤᠯᠠᠭᠠᠨ᠎ᠳᠤ ᠪᠤᠢ᠃ ᠡᠨᠡ ᠲᠠᠪᠤᠨ ᠵᠢᠯ᠎ᠳᠦ᠂ ᠥᠪᠥᠷ ᠮᠣᠩᠭᠣᠯ ᠠᠷᠠᠳ᠎ᠤᠨ ᠠᠮᠢᠳᠤᠷᠠᠯ ᠵᠢᠨᠷ ᠭᠤᠤᠯ ᠪᠤᠯᠭᠠᠬᠤ᠎ᠶᠢ ᠪᠠᠷᠢᠮᠲᠠᠯᠠᠵᠤ᠂ ᠬᠤᠲᠠ ᠪᠠᠯᠭᠠᠰᠤᠨ᠎ᠤ ᠨᠡᠢ᠍ᠢᠳᠡ 106 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠪᠠᠢᠩᠭᠤ ᠰᠠᠭᠤᠭ᠎ᠠ ᠬᠥᠮᠥᠨ ᠠᠮᠠ᠎ᠶᠢᠨ ᠬᠤᠲᠠ ᠪᠠᠯᠭᠠᠰᠤᠵᠢᠯᠲᠠ᠎ᠶᠢᠨ ᠨᠤᠷᠮ᠎ᠠ 71.5%᠎ᠳᠤ ᠭᠦᠷᠴᠡᠢ; ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠤᠯᠬᠤ ᠣᠷᠣᠯᠭ᠎ᠠ 4 ᠲᠦᠮᠡᠨ ᠲᠥᠭᠥᠷᠢᠭ᠎ᠢ ᠳᠠᠪᠠᠵᠤ᠂ ᠪᠦᠭᠦ ᠤᠯᠤᠰ᠎ᠤᠨ ᠶᠢᠰᠦᠳᠦᠭᠡᠷ᠎ᠲᠦ ᠣᠷᠣᠪᠠ; ᠬᠣᠲᠠ ᠬᠥᠳᠡᠭᠡ᠎ᠶᠢᠨ ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠲᠤᠯᠠᠭ᠎ᠠ᠎ᠶᠢᠨ ᠪᠠᠷᠢᠮᠵᠢᠶ᠎ᠠ᠎ᠶᠢ ᠳᠡᠭᠡᠭᠰᠢᠯᠡᠭᠦᠯᠦᠭᠡᠳ ᠰᠠᠷ᠎ᠠ ᠪᠦᠷᠢ 815 ᠲᠥᠭᠥᠷᠢᠭ ᠪᠠ 615 ᠲᠥᠭᠥᠷᠢᠭ ᠪᠤᠯᠭᠠᠵᠤ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠎ᠶᠢ ᠪᠦᠭᠦᠨ᠎ᠢ ᠪᠦᠭᠦ ᠤᠯᠤᠰ᠎ᠤᠨ ᠳᠤᠮᠳᠠᠴᠢ ᠲᠦᠪᠰᠢᠨ᠎ᠳᠦ ᠬᠦᠷᠭᠡᠭᠰᠡᠨ ᠪᠤᠶᠤ ᠲᠡᠭᠦᠨ ᠡᠴᠡ ᠳᠠᠪᠠᠭᠤᠯᠪᠠ; ᠢᠳᠡᠭᠡᠨ ᠤᠮᠳᠠᠭᠠᠨ᠎ᠤ ᠠᠮᠤᠷ ᠲᠦᠪᠰᠢᠨ᠂ ᠵᠣᠭᠣᠰᠤᠨ ᠴᠦᠩᠬᠦ᠎ᠶᠢᠨ ᠲᠣᠭᠲᠠᠭᠤᠨ᠂ ᠶᠠᠪᠤᠵᠤ ᠰᠠᠭᠤᠬᠤ᠎ᠶᠢᠨ ᠠᠮᠤᠷ ᠲᠣᠭᠲᠠᠭᠤᠨ᠂ ᠠᠷᠠᠳ ᠲᠦᠮᠡᠨ ᠶᠠᠮᠠᠷ ᠠᠮᠤᠭᠤᠯᠠᠩᠳᠤ ᠪᠦᠲᠦᠭᠡᠨ ᠪᠠᠢᠭᠤᠯᠤᠯᠲᠠ᠎ᠳᠤ ᠰᠡᠳᠬᠢᠯ ᠲᠠᠯᠪᠢᠵᠤ ᠪᠠᠢᠪᠠᠯ ᠲᠡᠭᠦᠨ᠎ᠳᠦ ᠠᠩᠬᠠᠷᠤᠯ᠎ᠢᠶᠠᠨ ᠲᠥᠪᠯᠡᠷᠡᠭᠦᠯᠪᠡ ᠁ ᠥᠪᠥᠷ ᠮᠣᠩᠭᠣᠯ᠎ᠤᠨ 《ᠰᠢᠨ᠎ᠡ》 ᠨᠢ ᠨᠢᠳᠦᠨ᠎ᠳᠦ ᠦᠵᠡᠭᠳᠡᠵᠦ᠂ ᠭᠠᠷ᠎ᠲᠤ ᠪᠠᠷᠢᠭ᠍ᠳᠠᠮ᠎ᠠ ᠵᠣᠯ ᠵᠢᠷᠭᠠᠯᠲᠤ ᠡᠳᠦᠷ ᠲᠤᠳᠤᠮ᠎ᠤᠨ ᠠᠮᠢᠳᠤᠷᠠᠯ ᠲᠤᠮᠳᠠ ᠪᠠᠢᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠶᠠᠪᠤᠳᠠᠯ ᠨᠢ ᠦᠨᠡᠨ ᠪᠣᠳᠠᠲᠠᠢ ᠬᠦᠷᠲᠡᠮᠵᠢ᠎ᠶᠢᠨ ᠲᠥᠷᠥᠭᠳᠡᠯ ᠪᠣᠯᠵᠤ ᠬᠤᠪᠢᠷᠠᠪᠠ᠃

  ᠰᠢᠨ᠎ᠠ ᠨᠢ ᠣᠢᠯᠠᠭᠠᠭᠳᠠᠬᠤᠨ᠎ᠤ ᠳᠠᠪᠰᠢᠯᠲᠠ᠎ᠳᠤ ᠪᠤᠢ᠃ ᠲᠠᠪᠤᠨ ᠵᠢᠯ᠎ᠦᠨ ᠬᠤᠭᠤᠴᠠᠭᠠᠨ᠎ᠳᠤ᠂ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠵᠦ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠪᠠ; ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ ᠪᠣᠳᠠᠲᠠᠢ᠎ᠳᠤ ᠨᠠᠶ᠋ᠢᠳᠠᠪᠤᠷᠢᠵᠢᠭᠤᠯᠤᠬ᠍ᠳᠠᠵᠤ᠂ ᠡᠯ᠎ᠡ ᠭᠠᠵᠠᠷ᠎ᠤᠨ ᠭᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠰᠠᠢᠨ᠎ᠵᠢᠨᠨ ᠪᠠᠳᠠᠷᠠᠭᠤᠯᠵᠤ ᠰᠢᠭᠠᠷᠤ᠎ᠪᠠᠨ ᠲᠠᠶᠠᠬᠳᠠᠵᠤ᠂ ᠦᠨᠳᠦᠰᠦᠨ ᠵᠦᠢᠯ᠎ᠤᠨ ᠬᠣᠷᠢᠭ᠎ᠠ ᠱᠤᠭᠤᠮ᠎ᠢ ᠭᠤᠢᠪᠢᠰᠢ ᠦᠭᠡᠢ ᠪᠠᠲᠤ ᠰᠠᠬᠢᠵᠤ᠂ ᠠᠮᠢ ᠨᠠᠰᠤᠨ᠎ᠤ ᠠᠮᠤᠷ ᠲᠦᠪᠰᠢᠨ ᠵᠢᠨᠷ ᠦᠷᠡᠭᠳᠡᠯ ᠪᠤᠯᠭᠠᠬᠰᠠᠨ GDP᠂ ᠠᠮᠢ ᠠᠬᠤᠢ ᠤᠷᠴᠢᠨ ᠲᠤᠭᠤᠷᠢᠨ ᠵᠢᠨᠷ ᠦᠷᠡᠭᠳᠡᠯ ᠪᠤᠯᠭᠠᠬᠰᠠᠨ GDP᠂ ᠳᠤᠭ᠎ᠠ ᠪᠠᠷᠢᠮᠳᠠ ᠦᠢᠯᠡᠳᠪᠦᠷᠢᠯᠡᠯ᠎ᠤᠨ ᠦᠷᠳᠡᠭ᠎ᠢ ᠬᠠᠭᠤᠷᠮᠠᠬᠯᠠᠨ ᠵᠤᠬᠢᠶᠠᠬᠰᠠᠨ GDP᠎ᠶ᠋ᠢ ᠡᠷᠡᠰ ᠲᠡᠪᠴᠢᠪᠠ; ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ᠎ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ᠎ᠶᠢ ᠤᠷᠢᠳ ᠵᠢᠨᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠬᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠪᠠ ᠁ ᠥᠪᠥᠷ ᠮᠣᠩᠭᠣᠯ᠎ᠤᠨ 《ᠰᠢᠨ᠎ᠡ》 ᠪᠣᠯ ᠦᠵᠡᠯ ᠰᠠᠨᠠᠭ᠎ᠠ ᠣᠢᠯᠠᠭᠠᠭᠳᠠᠬᠤᠨ᠎ᠤ ᠦᠶ᠎ᠡ ᠰᠤᠯᠢᠬᠳᠠᠬᠰᠠᠨ ᠰᠢᠨᠡᠴᠢᠯᠡᠯᠲᠡ᠂ ᠬᠥᠭᠵᠢᠯᠲᠡ᠎ᠶᠢᠨ ᠯᠣᠭᠢᠭ᠋᠎ᠤᠨ ᠭᠦᠨᠵᠡᠭᠡᠢ ᠬᠤᠪᠢᠷᠠᠯᠲᠠ᠂ ᠨᠡᠩ ᠴᠤ᠌ ᠲᠠᠪᠤᠨ ᠵᠢᠯ᠎ᠦᠨ ᠦᠷᠭᠦᠯᠵᠢᠯᠡᠨ ᠤᠷᠤᠭᠰᠢᠯᠠᠬᠰᠠᠨ ᠬᠦᠴᠦᠨ ᠴᠢᠳᠠᠯ᠎ᠤᠨ ᠡᠬᠢ ᠰᠤᠷᠪᠤᠯᠵᠢ ᠪᠣᠯᠣᠨ᠎ᠠ᠃

 ᠲᠠᠪᠤᠨ ᠵᠢᠯ᠎ᠦᠨ ᠲᠡᠮᠡᠴᠡᠯ᠎ᠤᠨ ᠠᠶᠠᠨ ᠳ᠋ᠤ᠂ ᠡᠳᠦᠷ ᠪᠣᠯᠭᠠᠨ ᠦᠨᠳᠦᠷ ᠲᠤ᠌ ᠠᠪᠠᠷᠢᠪᠠ᠃ ᠠᠯᠢ ᠤᠯᠠᠨ 《ᠰᠢᠨ᠎ᠡ》 ᠨᠢ ᠬᠢᠯᠠᠯᠵᠠᠬᠰᠠᠨ ᠬᠥᠭᠵᠢᠯᠲᠡ᠎ᠶᠢᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠵᠦ᠂ ᠤᠷᠤᠭᠰᠢᠯᠠᠯᠲᠠ᠎ᠶᠢᠨ ᠭᠦᠨ ᠵᠤᠵᠠᠭᠠᠨ ᠢᠳᠡᠬᠡᠯ ᠬᠦᠴᠦᠨ᠎ᠢ ᠬᠤᠷᠠᠮᠳᠤᠭᠤᠯᠵᠠᠢ᠃ ᠡᠨᠡ᠎ᠬᠦ ᠪᠣᠳᠠᠲᠤ ᠠᠮᠵᠢᠯᠲᠠ ᠪᠣᠯᠣᠨ ᠢᠳᠡᠬᠡᠯ ᠬᠦᠴᠦᠨ ᠨᠢ ᠴᠥᠮ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠳᠤ ᠦᠨᠳᠦᠰᠦᠯᠡᠭᠰᠡᠨ ᠶᠤᠮ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠶᠢᠨ ᠠᠴᠢ ᠳ᠋ᠤ ᠪᠤᠢ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠤᠨ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠴᠥᠬᠥᠷᠡᠰᠢ ᠦᠭᠡᠢ ᠵᠢᠳᠬᠦᠨ ᠲᠡᠮᠡᠴᠡᠭᠰᠡᠨ ᠬᠦᠴᠦ ᠬᠦᠯᠦᠰᠦ ᠰᠢᠩᠬᠡᠵᠤ ᠪᠤᠢ᠃ ᠤᠷᠤᠬᠰᠢ ᠢᠷᠡᠬᠡᠳᠦᠢ ᠵᠢ ᠪᠠᠷᠠᠯᠠᠬᠤᠶ᠎ᠠ᠂ ᠶᠡᠬᠡ ᠲᠠᠯ᠎ᠠ᠎ᠶᠢᠨ ᠳᠣᠣᠷ᠎ᠠ ᠲᠥᠯᠥᠪᠵᠢᠭᠦᠯᠵᠦ᠂ ᠶᠡᠬᠡ ᠬᠠᠨᠳᠤᠰᠢ᠎ᠶᠢᠨ ᠳᠤᠮᠳᠠ ᠠᠬᠢᠭᠤᠯᠵᠤ᠂ ᠶᠡᠬᠡ ᠶᠠᠪᠤᠳᠠᠯ ᠳᠡᠭᠡᠷ᠎ᠡ ᠵᠢᠳᠬᠦᠯ ᠴᠢᠷᠮᠠᠢᠯᠭ᠎ᠠ ᠭᠠᠷᠭᠠᠨ᠎ᠠ᠂ ᠲᠡᠮᠡᠴᠡᠯ᠎ᠦᠨ ᠰᠢᠨ᠎ᠠ ᠪᠦᠷᠢᠶ᠎ᠡ᠎ᠶᠢ ᠨᠢᠭᠡᠨᠳᠡ ᠬᠠᠩᠭᠢᠨᠠᠭᠤᠯᠪᠠ᠃

 (ᠳᠥᠷᠪᠡ)

ᠰᠢᠨ᠎ᠡ ᠴᠠᠭ ᠦᠶ᠎ᠡ᠎ᠶᠢᠨ ᠰᠢᠯᠭᠠᠯᠲᠠ᠎ᠶᠢᠨ ᠬᠠᠭᠤᠳᠠᠰᠤ ᠠᠯᠭᠤᠷᠬᠠᠨ ᠳᠡᠯᠭᠡᠭᠳᠡᠵᠦ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠤᠳᠠᠯ ᠦᠭᠡᠢ ᠰᠢᠨ᠎ᠡ ᠲᠠᠪᠤᠨ ᠵᠢᠯ᠎ᠦᠨ ᠠᠯᠤᠰ᠎ᠤᠨ ᠲᠥᠰᠥᠪ᠎ᠢ ᠵᠢᠷᠤᠭᠯᠠᠬᠤ᠎ᠪᠤᠯᠤᠨ᠎ᠠ᠃

 《ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠢ᠋ ᠬᠦᠰᠡᠨ ᠬᠦᠯᠢᠶᠡᠨ᠎ᠠ᠂ ᠳᠠᠷᠠᠭᠠᠴᠢ ᠶ᠋ᠢᠨ ᠲᠠᠪᠤᠨ ᠵᠢᠯ ᠢ᠋ ᠬᠦᠰᠡᠨ ᠬᠦᠯᠢᠶᠡᠨ᠎ᠠ》᠂ 《ᠰᠤᠨᠤᠰᠬᠤᠯᠠᠷ ᠬᠣᠢᠰᠢᠳᠠ ᠶ᠋ᠢᠨ ᠲᠠᠪᠤᠨ ᠵᠢᠯ᠎ᠳᠦ ᠪᠦᠬᠦ ᠠᠢᠮᠠᠭ ᠬᠣᠲᠠ᠎ᠳᠤ ᠴᠥᠮ ᠬᠦᠳᠡᠯᠬᠡᠬᠦ ᠬᠦᠴᠦᠨᠳᠦ ᠭᠠᠯᠳᠤ ᠲᠡᠷᠭᠡ ᠨᠡᠪᠲᠡᠷᠡᠬᠦ ᠪᠤᠯᠤᠨ᠎ᠠ》᠂ 《ᠨᠠᠰᠤᠵᠢᠯ᠎ᠤᠨ ᠠᠰᠠᠷᠠᠮᠵᠢ ᠶ᠋ᠢᠨ ᠶᠠᠪᠤᠳᠠᠯ ᠢ᠋ ᠴᠤ᠌ ᠲᠣᠳᠣᠷᠬᠠᠢ ᠲᠣᠬᠢᠷᠠᠭᠤᠯᠤᠨ᠎ᠠ》᠃ ᠣᠢᠷ᠎ᠠ ᠶ᠋ᠢᠨ ᠡᠳᠦᠷ᠎ᠦᠳ᠎ᠲᠦ ᠡᠢᠮᠦᠷᠬᠦᠦ ᠠᠩᠬᠠᠷᠤᠯ ᠪᠣᠯᠣᠨ ᠬᠦᠰᠡᠯ ᠪᠠᠷᠠᠯᠠᠯ ᠨᠢ ᠤᠯᠠᠨ᠎ᠤ ᠲᠤᠮᠳᠠ ᠶᠠᠷᠢᠬᠳᠠᠬᠤ ᠬᠠᠯᠠᠮᠰᠢᠯ ᠠᠰᠠᠭᠤᠳᠠᠯ ᠪᠤᠯᠪᠠ᠃

ᠬᠡᠷᠬᠢᠨ ᠠᠩᠬᠠᠷᠬᠤ ᠦᠭᠡᠢ ᠪᠠᠢᠵᠤ ᠪᠤᠯᠬᠤ ᠪᠤᠢ? ᠲᠣᠰ ᠤᠳᠠᠭᠠᠨ᠎ᠤ ᠨᠠᠮ᠎ᠤᠨ ᠲᠥᠯᠥᠭᠡᠯᠡᠭᠴᠢᠳ ᠎ᠦᠨ ᠶᠡᠬᠡ ᠬᠤᠷᠠᠯ ᠪᠣᠯ ᠪᠦᠭᠦ ᠣᠷᠣᠨ ᠲᠠᠶᠠᠭᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠦᠭᠦ ᠲᠠᠯ᠎ᠠ᠎ᠪᠠᠷ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠎ᠳ᠋ᠦ ᠡᠷᠡᠮᠡᠬᠡᠢᠯᠡᠨ ᠤᠷᠤᠭᠰᠢᠯᠠᠬᠤ ᠵᠠᠩᠭᠢᠯᠠᠭ᠎ᠠ᠎ᠶᠢᠨ ᠴᠠᠭ ᠮᠥᠴᠡ᠎ᠳᠦ ᠬᠤᠷᠠᠯᠳᠤᠭᠤᠯᠬᠤ ᠨᠢᠭᠡ ᠤᠳᠠᠭᠠᠨ᠎ᠤ ᠲᠤᠢᠯ ᠎ᠤᠨ ᠴᠢᠬᠤᠯᠠ ᠶᠡᠬᠡ ᠬᠤᠷᠠᠯ ᠪᠣᠯᠣᠨ᠎ᠠ᠃

ᠬᠡᠷᠬᠢᠨ ᠬᠦᠰᠡᠨ ᠪᠠᠷᠠᠯᠠᠬᠤ ᠦᠭᠡᠢ  ᠪᠠᠢᠵᠤ ᠴᠢᠳᠠᠬᠤ ᠪᠤᠢ? ᠲᠤᠰ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯ ᠪᠦᠭᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠯᠤᠰ ᠲᠦᠷᠦ᠎ᠶᠢᠨ ᠠᠮᠢᠳᠤᠷᠠᠯ᠎ᠳᠠᠬᠢ ᠨᠢᠭᠡᠨ ᠲᠣᠮᠣ᠌ ᠶᠠᠪᠤᠳᠠᠯ ᠪᠣᠯᠣᠨ᠎ᠠ᠂ ᠤᠷᠢᠳᠤᠬᠢ᠎ᠶᠢ ᠵᠠᠯᠭᠠᠮᠵᠢᠯᠠᠨ ᠬᠣᠢᠰᠢᠬᠢ᠎ᠳᠤ ᠵᠠᠮ ᠨᠡᠭᠡᠭᠡᠬᠦ ᠰᠢᠨ᠎ᠡ ᠭᠠᠷᠤᠭ᠎ᠠ᠎ᠶᠢ ᠲᠣᠳᠣᠷᠬᠠᠢᠯᠠᠵᠤ᠂ ᠬᠦᠰᠡᠯ ᠵᠡᠭᠦᠳᠦ᠎ᠪᠡᠨ ᠲᠡᠷᠭᠡᠯᠰᠢᠭᠦᠯᠦᠨ ᠤᠷᠤᠭᠰᠢᠯᠠᠬᠤ ᠰᠢᠨ᠎ᠡ ᠠᠶᠠᠨ᠎ᠢ ᠡᠬᠢᠯᠡᠭᠦᠯᠵᠦ᠂ ᠲᠡᠷᠢᠭᠦᠨ᠎ᠳᠦ ᠣᠷᠣᠬᠤ᠎ᠪᠠᠷ ᠡᠷᠡᠯᠭᠡᠭᠯᠡᠨ ᠲᠡᠮᠡᠴᠡᠬᠦ ᠰᠢᠨ᠎ᠡ ᠪᠦᠷᠢᠶ᠎ᠡ᠎ᠶᠢ ᠬᠠᠩᠭᠢᠨᠠᠭᠤᠯᠵᠤ᠂ ᠪᠦᠭᠦ ᠣᠷᠣᠨ ᠳᠠᠶᠠᠭᠠᠷ ᠴᠠᠭ ᠦᠶ᠎ᠡ᠎ᠶᠢᠨ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠰᠢᠨ᠎ᠡ ᠬᠠᠷᠠᠯᠲᠠ ᠵᠦᠭ ᠤᠷᠤᠬᠰᠢᠯᠠᠬᠤ᠎ᠶᠢ ᠤᠷᠢᠶᠠᠯᠠᠪᠠ᠃ 

ᠰᠢᠯᠭᠠᠯᠲᠠ᠎ᠳᠤ ᠣᠷᠤᠯᠴᠠᠬᠤ ᠵᠠᠮ ᠦᠵᠦᠬᠦᠷ ᠦᠭᠡᠢ᠂ ᠡᠷᠡᠯᠬᠡᠭᠯᠡᠨ ᠤᠷᠤᠭᠰᠢᠯᠠᠬᠤ ᠠᠯᠬᠤᠭ᠎ᠠ ᠡᠭᠦᠷᠢᠳᠡ ᠵᠣᠭᠰᠣᠰᠢ ᠦᠭᠡᠢ᠃

ᠰᠢᠨ᠎ᠡ ᠬᠠᠷᠠᠯᠲᠠ᠎ᠶᠢ ᠵᠤᠷᠢᠨ ᠪᠢᠳᠡ ᠠᠴᠢ ᠡᠨᠡᠷᠢᠯ ᠳ᠋ᠤ ᠲᠠᠯᠠᠷᠬᠠᠨ ᠡᠷᠡᠯᠬᠡᠭᠯᠡᠨ ᠤᠷᠤᠭᠰᠢᠯᠠᠨ᠎ᠠ᠃ ᠰᠢᠨ᠎ᠡ ᠠᠯᠤᠰ᠎ᠤᠨ ᠲᠥᠰᠥᠪ ᠠᠯᠭᠤᠷᠬᠠᠨ ᠳᠡᠯᠭᠡᠭᠳᠡᠵᠦ᠂ ᠰᠢᠨ᠎ᠡ ᠠᠶᠠᠨ ᠳ᠋ᠤ ᠳᠠᠷᠪᠠᠭᠤᠯ ᠬᠡᠢᠰᠬᠡᠨ ᠠᠶᠠᠯᠠᠯ᠎ᠢᠶᠠᠨ ᠡᠬᠢᠯᠡᠭᠦᠯᠬᠦ᠎ᠳᠦ᠂ ᠥᠪᠥᠷ ᠮᠣᠩᠭᠣᠯ ᠬᠡᠷᠬᠢᠨ ᠢᠷᠠᠭᠤ ᠬᠠᠭᠤᠳᠠᠰᠤ᠎ᠶᠢ ᠦᠷᠭᠦᠯᠵᠢᠯᠡᠨ ᠪᠢᠴᠢᠭᠯᠡᠬᠦ ᠪᠤᠢ? ᠬᠠᠷᠢᠭᠤᠯᠲᠠ ᠨᠢ ᠲᠣᠳᠣᠷᠬᠠᠢ ᠪᠥᠭᠡᠳ ᠡᠷᠡᠰ ᠪᠠᠲᠤ᠄ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠴᠤᠴᠠᠯᠲᠠ ᠦᠭᠡᠢ ᠤᠷᠤᠭᠰᠢᠯᠠᠵᠤ᠂ ᠶᠡᠷᠦᠩᠬᠡᠢ ᠱᠦᠵᠢ᠎ᠶᠢᠨ ᠵᠢᠭᠠᠭᠰᠠᠨ ᠴᠢᠭᠯᠡᠯ᠎ᠢᠶᠡᠷ ᠡᠷᠡᠰ ᠭᠤᠢᠪᠢᠰᠢ ᠦᠭᠡᠢ ᠤᠷᠤᠬᠰᠢᠯᠠᠵᠤ᠂ ᠨᠠᠢᠳᠠᠪᠤᠷᠢᠵᠢᠭᠤᠯᠤᠯᠲᠠ᠎ᠶᠢ ᠢᠮᠠᠬᠳᠠ ᠲᠤᠭᠤᠰᠢᠳᠠᠢ ᠠᠳᠬᠤᠵᠤ᠂ ᠤᠳᠠᠭᠠᠨ ᠳᠠᠭᠠᠭᠠᠮᠠᠭᠠᠢ ᠪᠡᠷ ᠵᠢᠳᠬᠦᠯ ᠴᠢᠷᠮᠠᠢᠯᠭ᠎ᠠ ᠭᠠᠷᠭᠠᠨ ᠬᠥᠭᠵᠢᠯᠲᠡ᠎ᠶᠢ ᠡᠷᠢᠯᠬᠢᠯᠡᠵᠦ᠂ ᠣᠳᠣᠬᠢᠴᠢᠯᠠᠭᠰᠠᠨ ᠥᠪᠥᠷ ᠮᠣᠩᠭᠣᠯ᠎ᠤᠨ ᠰᠠᠢᠨ ᠰᠠᠢᠬᠠᠨ ᠵᠢᠷᠤᠭ ᠲᠥᠰᠥᠪ᠎ᠢ ᠨᠢᠳᠦᠨ ᠳ᠋ᠤ ᠦᠵᠡᠭᠳᠡᠵᠤ ᠭᠠᠷ ᠲᠤ᠌ ᠪᠠᠷᠢᠬᠳᠠᠬᠤ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠪᠠᠷ ᠬᠦᠴᠦᠯᠡᠨ ᠴᠢᠷᠮᠠᠢᠨ᠎ᠠ᠃

ᠰᠢᠨ᠎ᠡ ᠬᠠᠷᠠᠯᠲᠠ᠎ᠶᠢ ᠵᠤᠷᠢᠨ ᠪᠢᠳᠡ 《ᠪᠤᠬᠢᠷᠳᠤᠯ ᠦᠬᠡᠢ》 ᠲᠡᠢᠰᠢ ᠬᠦᠭᠵᠢᠨ᠎ᠠ᠃ ᠠᠮᠢ ᠠᠬᠤᠢ ᠪᠣᠯ ᠥᠪᠥᠷ ᠮᠣᠩᠭᠣᠯ᠎ᠤᠨ ᠲᠣᠪᠣᠢᠮ᠎ᠠ ᠳᠠᠪᠠᠭᠤᠯᠢᠭ᠋ ᠮᠥᠨ᠂  ᠨᠤᠮᠢᠨ ᠨᠤᠭᠤᠭᠠᠨ ᠪᠣᠯ ᠥᠪᠥᠷ ᠮᠣᠩᠭᠣᠯ᠎ᠤᠨ ᠭᠡᠷᠡᠯ ᠰᠠᠴᠤᠷᠠᠩᠭᠤᠢ ᠳᠡᠪᠢᠰᠬᠡᠷ ᠥᠩᠭᠡ ᠮᠥᠨ᠃ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ᠎ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠸᠮ ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠠᠬᠢᠭᠤᠯᠬᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭᠠᠨ᠂ ᠡᠨᠡ ᠬᠦ᠌ ᠬᠦᠬᠡ ᠴᠡᠩᠬᠡᠷ᠂ ᠡᠨᠡ ᠬᠦ᠌ ᠠᠷᠢᠭᠤᠨ ᠳᠠᠭᠰᠢᠨ᠎ᠢ ᠦᠨᠡᠨ ᠬᠦ᠌ ᠰᠠᠢᠲᠤᠷ ᠰᠠᠬᠢᠨ ᠬᠠᠮᠠᠭᠠᠯᠠᠨ᠎ᠠ᠃

ᠰᠢᠨ᠎ᠡ ᠬᠠᠷᠠᠯᠲᠠ᠎ᠶᠢ ᠵᠤᠷᠢᠨ ᠪᠢᠳᠡ 《ᠰᠢᠨ᠎ᠡ》 ᠲᠡᠢᠰᠢ ᠤᠷᠤᠭᠰᠢᠯᠠᠨ᠎ᠠ᠃ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠡᠴᠡ ᠣᠯᠭᠣᠭᠰᠠᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ᠎ᠶᠢ ᠡᠭᠦᠳᠬᠦ ᠡᠨᠡ ᠬᠦ᠌ 《ᠵᠢᠯᠣᠭᠣ᠌》᠎ᠶ᠋ᠢ ᠡᠵᠡᠮᠳᠡᠨ᠂ ᠲᠣᠰ ᠪᠡᠶ᠎ᠡ᠎ᠶᠢᠨ ᠳᠠᠪᠠᠭᠤᠯᠢᠭ᠋᠎ᠲᠠᠭᠠᠨ ᠰᠠᠭᠤᠷᠢᠯᠠᠨ ᠠᠵᠠ ᠲᠤᠬᠢᠶᠠᠯ᠎ᠢ ᠵᠠᠪᠳᠤᠨ ᠠᠳᠬᠤᠵᠤ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠤ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠦᠷᠭᠦᠯᠵᠢᠯᠡᠨ ᠲᠠᠰ ᠳᠡᠪᠰᠢᠭᠦᠯᠵᠦ᠂ ᠲᠠᠷᠢᠶᠠᠯᠠᠩ ᠮᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠲᠠᠰᠤᠷᠠᠯᠲᠠ ᠦᠭᠡᠢ ᠠᠬᠢᠭᠤᠯᠵᠤ᠂ 《ᠨᠠᠢ᠍ᠮᠠᠨ ᠰᠢᠨ᠎ᠡ》᠂ 《ᠬᠣᠶᠠᠷ ᠳᠠᠯ᠎ᠠ ᠪᠡᠷ ᠪᠦᠬᠦ ᠤᠯᠤᠰ᠎ᠤᠨ ᠳᠡᠬᠡᠳᠦ ᠳᠦᠪᠰᠢᠨ᠎ᠳᠤ ᠲᠣᠭᠲᠠᠭᠤᠨ ᠪᠠᠢᠬᠤ》 ᠬᠠᠷᠠᠯᠲᠠ ᠳᠠᠢᠰᠢ ᠪᠥᠬᠥ ᠬᠦᠴᠦᠨ᠎ᠢᠶᠡᠷ᠎ᠢᠶᠡᠨ ᠰᠢᠪᠲᠤᠯᠤᠯᠲᠠ ᠬᠢᠨ᠎ᠡ᠃

ᠰᠢᠨ᠎ᠡ ᠬᠠᠷᠠᠯᠲᠠ᠎ᠶᠢ ᠵᠤᠷᠢᠨ ᠪᠢᠳᠡ 《ᠪᠣᠳᠠᠲᠠᠢ》 ᠲᠡᠢᠰᠢ ᠦᠨᠳᠦᠰᠦᠯᠡᠨ᠎ᠠ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠂ ᠣᠯᠠᠨ ᠲᠦᠮᠡᠨ᠎ᠦ ᠠᠮᠢᠳᠤᠷᠡᠯ᠎ᠢ ᠢᠮᠠᠭᠲᠠ ᠰᠡᠳᠬᠢᠯ᠎ᠳᠡᠭᠡᠨ ᠪᠤᠳᠤᠵᠤ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠵᠢᠡᠷ ᠭᠠᠷᠳᠡᠴᠡ ᠪᠣᠯᠭᠠᠨ᠂ ᠠᠷᠠᠳ ᠲᠦᠮᠡᠨ᠎ᠦ ᠪᠠᠴᠢᠮᠳᠠᠵᠤ ᠵᠤᠪᠠᠨᠢᠵᠤ ᠲᠦᠪᠡᠭᠳᠡᠵᠤ ᠬᠦᠰᠡᠵᠤ ᠪᠠᠢᠭ᠎ᠠ ᠠᠰᠠᠭᠤᠳᠠᠯ᠎ᠢ ᠨᠢᠭ᠍ᠲᠠ ᠠᠩᠬᠠᠷᠴᠤ᠂ ᠨᠢᠬᠡᠳ ᠨᠢᠬᠡ ᠪᠡᠷ᠂ ᠵᠢᠯ ᠳᠠᠷᠠᠭᠠᠯᠠᠨ ᠬᠢᠵᠦ᠂ ᠬᠥᠭᠵᠢᠭᠦᠯᠬᠦ ᠨᠢ ᠠᠷᠠᠳ ᠲᠦᠮᠡᠨ᠎ᠦ ᠲᠥᠯᠥᠭᠡ ᠪᠠᠢᠬᠤ᠂ ᠠᠷᠠᠳ ᠲᠦᠮᠡᠨ᠎ᠳᠦ ᠲᠦᠰᠢᠭᠯᠡᠬᠦ᠂ ᠦᠷ᠎ᠡ ᠪᠦᠲᠦᠭᠡᠯ᠎ᠢ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ᠎ᠶᠢ ᠪᠠᠷᠢᠮᠲᠠᠯᠠᠵᠤ᠂ ᠬᠠᠮᠲᠤ᠎ᠪᠠᠷ ᠪᠠᠶᠠᠵᠢᠬᠤ ᠳᠠᠢᠰᠢ ᠯᠠᠪᠳᠠᠭᠤᠨ᠎ᠢᠶᠠᠷ ᠤᠷᠤᠭᠰᠢᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠨᠠᠩ ᠲᠡᠭᠦᠯᠳᠡᠷ᠂ ᠨᠠᠩ ᠪᠠᠲᠤᠯᠠᠭ᠎ᠠ᠎ᠲᠠᠢ᠂ ᠨᠠᠩ ᠦᠷᠭᠦᠯᠵᠢᠯᠡᠬᠦ ᠪᠣᠯᠭᠠᠨ᠎ᠠ᠃

  ᠥᠪᠥᠷ ᠮᠣᠩᠭᠣᠯ᠎ᠤᠨ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠬᠥᠮᠥᠨ᠎ᠳᠦ ᠪᠤᠢ᠃ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠭᠡᠬᠦ ᠡᠨᠡ ᠬᠦ᠌ ᠦᠨᠳᠦᠰᠦᠨ ᠵᠦᠢᠯ᠎ᠢ ᠴᠢᠩᠭ᠎ᠠ ᠠᠳᠬᠤᠵᠤ᠂ ᠨᠢᠭᠡ ᠠᠯᠬᠤᠮ ᠴᠤ᠌ ᠵᠣᠭᠰᠣᠯ ᠦᠭᠡᠢ᠂ ᠦᠴᠦᠬᠡᠨ ᠲᠡᠳᠦᠢ ᠴᠤ᠌ ᠨᠠᠢᠷ ᠲᠠᠯᠪᠢᠬᠤ ᠦᠭᠡᠢ᠎ᠪᠡᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠭᠦᠨᠵᠡᠭᠡᠢᠷᠡᠭᠦᠯᠦᠨ ᠠᠬᠢᠭᠤᠯᠵᠤ᠂ ᠬᠥᠭᠵᠢᠯᠲᠡ᠎ᠶᠢᠨ ᠰᠠᠭᠤᠷᠢ᠎ᠶᠢ ᠨᠡᠩ ᠯᠠᠪᠳᠠᠭᠤᠨ᠂ ᠢᠲᠡᠭᠡᠯ ᠵᠣᠷᠢᠭ᠋᠎ᠢ ᠨᠡᠩ ᠬᠦᠢᠴᠡᠳ ᠪᠤᠯᠭᠠᠬᠤ ᠬᠡᠷᠡᠭᠲᠡᠢ; ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠺᠠᠳ᠋ᠷ᠎ᠤᠨ ᠡᠩᠨᠡᠭᠡ᠎ᠶᠢᠨ ᠲᠥᠪ ᠭᠣᠣᠯᠴᠢ ᠠᠷᠢᠭᠤᠨ ᠴᠢᠬᠡᠴᠢ ᠪᠠᠢᠬᠤ ᠰᠠᠭᠤᠷᠢ᠎ᠶᠢ ᠦᠷᠭᠦᠯᠵᠢᠯᠡᠨ ᠪᠠᠲᠤᠳᠬᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶᠢ ᠠᠷᠠᠳ ᠤᠯᠠᠨ᠎ᠤ ᠨᠢᠳᠦᠨ᠎ᠳᠦ ᠦᠵᠡᠭᠳᠡᠵᠤ ᠭᠠᠷ᠎ᠲᠤ ᠪᠠᠷᠢᠭ᠍ᠳᠠᠬᠤ ᠭᠠᠵᠠᠷ᠎ᠲᠤ ᠨᠠᠢᠳᠠᠪᠤᠷᠢᠵᠢᠭᠤᠯᠬᠤ ᠬᠡᠷᠡᠭᠲᠡᠢ; ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ᠎ᠪᠠᠷ ᠲᠡᠷᠢᠭᠦᠨ᠎ᠦ ᠰᠣᠶᠣᠯ ᠢᠷᠭᠡᠨᠰᠢᠯ᠎ᠦᠨ ᠣᠷᠴᠢᠨ ᠨᠦᠬᠦᠴᠡᠯ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠂ ᠵᠠᠰᠠᠭ᠎ᠤᠨ ᠶᠠᠪᠤᠳᠠᠯ᠎ᠤᠨ ᠣᠷᠴᠢᠨ ᠨᠦᠬᠦᠴᠡᠯ᠂ ᠰᠢᠨ᠎ᠡ᠎ᠶᠢ ᠡᠭᠦᠳᠬᠦ ᠣᠷᠴᠢᠨ ᠨᠦᠬᠦᠴᠡᠯ᠂ ᠶᠠᠷᠢᠶ᠎ᠠ ᠬᠡᠯᠡᠯᠴᠡᠭᠡᠨ᠎ᠦ ᠣᠷᠴᠢᠨ ᠨᠦᠬᠦᠴᠡᠯ᠎ᠢ ᠪᠤᠢ ᠪᠣᠯᠭᠠᠬᠤ ᠵᠢ ᠬᠦᠳᠦᠯᠦᠨ ᠲᠠᠭᠠᠭᠤᠯᠵᠤ᠂ ᠪᠠᠲᠤ ᠴᠢᠩᠭ᠎ᠠ ᠰᠤᠷᠲᠠᠯ᠎ᠢᠶᠠᠷ ᠡᠯ᠎ᠡ ᠵᠦᠢᠯ᠎ᠦᠨ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ ᠵᠢ ᠬᠠᠮᠠᠭᠠᠯᠠᠬᠤ ᠬᠡᠷᠡᠭᠲᠡᠢ᠃

 ᠲᠦᠮᠡᠨ ᠠᠭᠲᠠ ᠲᠦᠪᠡᠷᠬᠡᠯᠡᠨ ᠲᠠᠪᠬᠢᠵᠤ ᠤᠮᠤᠬᠯᠠᠩ ᠰᠦᠷ ᠪᠠᠳᠠᠷᠠᠩᠭᠤᠢ᠃ ᠰᠢᠯᠭᠠᠯᠲᠠ᠎ᠳᠤ ᠣᠷᠣᠯᠴᠠᠬᠤ ᠰᠢᠨ᠎ᠡ ᠵᠠᠮ᠎ᠲᠡᠬᠡᠷ᠎ᠡ ᠡᠷᠡᠯᠭᠡᠭᠯᠡᠨ ᠤᠷᠤᠭᠰᠢᠯᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠦᠨᠳᠦᠰᠦᠲᠡᠨ᠎ᠨᠦᠭᠦᠳ᠎ᠦᠨ 2300 ᠭᠠᠷᠤᠢ ᠲᠦᠮᠡᠨ ᠬᠥᠪᠡᠭᠦᠳ ᠥᠬᠢᠳ᠎ᠦᠨ ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠥᠪᠥᠷ ᠮᠣᠩᠭᠣᠯ ᠨᠢ ᠡᠬᠡ ᠤᠯᠤᠰ᠎ᠤᠨ ᠤᠮᠠᠷᠠᠲᠤ ᠬᠢᠯᠢ ᠵᠢ ᠨᠡᠩ ᠦᠵᠡᠰᠬᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠵᠤ᠂ ᠶᠡᠷᠦᠩᠬᠡᠢ ᠱᠦᠵᠢ᠂ ᠨᠠᠮ᠎ᠤᠨ ᠲᠥᠪ ᠬᠣᠷᠢᠶ᠎ᠠ᠂ ᠪᠦᠬᠦ ᠣᠷᠣᠨ᠎ᠤ ᠠᠷᠠᠳ ᠲᠦᠮᠡᠨ᠎ᠳᠦ ᠬᠠᠨᠤᠮᠵᠢᠲᠠᠢ ᠬᠠᠷᠢᠭᠤᠯᠲᠠ᠎ᠶᠢᠨ ᠬᠠᠭᠤᠳᠠᠰᠤ ᠵᠢ ᠲᠤᠰᠢᠶᠠᠬᠤ ᠢᠳᠡᠬᠡᠯ ᠵᠤᠷᠢᠭ᠂ ᠢᠳᠡ ᠬᠦᠴᠦᠨ ᠪᠠ ᠴᠢᠳᠡᠪᠦᠷᠢ ᠪᠦᠷᠢᠨ ᠪᠤᠢ᠃

(ᠲᠠᠪᠤ)

ᠴᠠᠭ ᠦᠶ᠎ᠡ᠎ᠶᠢᠨ ᠦᠵᠡᠮᠵᠢᠲᠦ ᠵᠢᠷᠤᠭ ᠡᠷᠡᠮᠡᠬᠡᠢᠯᠡᠨ ᠤᠷᠤᠭᠰᠢᠯᠠᠬᠤ ᠳᠤᠮᠳᠠ ᠳᠡᠯᠭᠡᠭᠳᠡᠯ᠎ᠠ; ᠰᠦᠷ ᠲᠠᠯᠠᠢᠴᠠᠳᠠᠢ ᠠᠶᠠᠨ ᠦᠷᠭᠦᠯᠵᠢᠯᠡᠨ ᠲᠡᠮᠡᠴᠡᠬᠦ ᠳᠤᠮᠳᠠ ᠡᠬᠢᠯᠡᠯ᠎ᠡ᠃

《ᠠᠯᠤᠰ ᠬᠡᠳᠦ᠎ᠶᠢᠨ ᠬᠠᠷᠠᠯᠲᠠ᠎ᠲᠠᠢ᠂ ᠨᠡᠩ ᠬᠦᠯᠢᠴᠡᠩᠭᠦᠢ ᠪᠥᠭᠡᠳ ᠲᠣᠭᠲᠠᠯ ᠬᠦᠴᠦᠨ᠎ᠲᠠᠢ᠂ ᠶᠠᠭ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠲᠠᠢ ᠠᠳᠠᠯᠢ᠎ᠪᠠᠷ ᠪᠢᠳᠡ ᠶᠠᠭ ᠰᠢᠨ᠎ᠡ ᠤᠷᠳᠤ ᠵᠠᠮ᠎ᠤᠨ ᠠᠶᠠᠨ ᠲᠠᠢ᠍ᠢᠨ ᠬᠢᠵᠦ ᠪᠠᠢᠨ᠎ᠠ》᠃ ᠶᠡᠷᠦᠩᠬᠡᠢ ᠱᠦᠵᠢ ᠰᠢ ᠵᠢᠨ ᠫᠢᠩ᠎ᠦᠨ ᠬᠡᠯᠡᠭᠰᠡᠨ ᠦᠬᠡ ᠢᠳᠡᠯᠢᠭ ᠬᠦᠴᠦᠳᠡᠢ᠃

ᠥᠨᠥᠳᠥᠷ᠎ᠦᠨ ᠤᠷᠳᠤ ᠵᠠᠮ᠎ᠤᠨ ᠠᠶᠠᠨ ᠲᠠᠢ᠍ᠢᠨ᠎ᠤ ᠵᠠᠮ᠎ᠢᠶᠡᠷ ᠰᠠᠢᠳᠤᠷ ᠵᠠᠮᠨᠠᠵᠤ᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠰᠡᠳᠬᠢᠯ᠎ᠳᠡᠭᠡᠨ ᠪᠤᠳᠤᠵᠦ᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠮᠥᠷᠥᠨ᠎ᠳᠡᠭᠡᠨ ᠡᠭᠦᠷᠭᠡᠯᠡᠨ᠂ ᠲᠡᠦᠬᠡ᠎ᠶᠢᠨ ᠪᠤᠤᠬᠢᠶ᠎ᠠ᠎ᠶᠢ ᠵᠠᠯᠭᠠᠨ ᠠᠪᠴᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ᠂ ᠥᠪᠥᠷ ᠮᠣᠩᠭᠣᠯ ᠠᠴᠢ ᠡᠨᠡᠷᠢᠯ᠎ᠳᠤ ᠲᠠᠯᠠᠷᠬᠠᠨ ᠡᠷᠡᠮᠡᠬᠡᠢᠯᠡᠨ ᠤᠷᠤᠭᠰᠢᠯᠠᠵᠤ᠂ ᠵᠤᠷᠢᠭᠳᠠᠢ ᠲᠡᠮᠡᠴᠡᠨ ᠪᠠᠲᠤ ᠦᠢᠯᠡᠳᠦᠯᠭᠡᠵᠢᠭᠦᠯᠵᠦ᠂ ᠨᠡᠩ ᠥᠨᠳᠥᠷ ᠤᠷᠬᠢᠯ ᠲᠡᠢᠰᠢ ᠠᠪᠠᠷᠢᠨ᠎ᠠ᠃

  ᠥᠨᠥᠳᠥᠷ᠎ᠦᠨ ᠤᠷᠳᠤ ᠵᠠᠮ᠎ᠤᠨ ᠠᠶᠠᠨ ᠲᠠᠢ᠍ᠢᠨ᠎ᠤ ᠵᠠᠮ᠎ᠢᠶᠡᠷ ᠰᠠᠢᠳᠤᠷ ᠵᠠᠮᠨᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠢᠶᠠᠷ ᠰᠢᠨ᠎ᠡ ᠭᠠᠷᠤᠭ᠎ᠠ ᠪᠣᠯᠭᠠᠵᠤ᠂ ᠬᠤᠷᠳᠦᠨ ᠮᠤᠷᠢᠨ᠎ᠳᠠᠭᠠᠨ ᠳᠠᠰᠢᠭᠤᠷ ᠨᠡᠮᠡᠵᠤ ᠲᠡᠪᠬᠢᠬᠤ ᠤᠮᠤᠭ ᠵᠤᠷᠢᠭ ᠵᠢᠡᠷ᠂ ᠳᠦᠮᠡᠨ ᠠᠭᠳᠠ ᠵᠢᠨ ᠳᠦᠪᠡᠷᠬᠡᠯᠡᠨ ᠲᠠᠪᠬᠢᠬᠤ ᠰᠦᠷ ᠵᠢᠪᠬᠤᠭ᠎ᠠ ᠵᠢ ᠬᠦᠭᠵᠢᠬᠡᠵᠦ᠂ ᠤᠳᠠᠭᠠᠨ ᠲᠠᠭᠠᠭᠠᠮᠠᠭᠠᠢ ᠪᠡᠷ ᠵᠢᠳᠭᠦᠯ ᠴᠢᠷᠮᠠᠢᠯᠭ᠎ᠠ ᠭᠠᠷᠭᠠᠬᠤ ᠡᠷᠴᠢ ᠵᠤᠷᠢᠭ᠎ᠢ ᠪᠠᠷᠢᠮᠳᠠᠯᠠᠨ᠂ ᠥᠪᠥᠷ ᠮᠣᠩᠭᠣᠯ ᠢᠲᠡᠭᠡᠯ ᠲᠡᠭᠦᠯᠳᠡᠷ᠎ᠢᠶᠡᠷ ᠲᠠᠷᠪᠠᠭᠤᠯ ᠬᠡᠢᠰᠬᠡᠨ ᠰᠢᠨ᠎ᠠ ᠠᠶᠠᠨ᠎ᠳᠠᠭᠠᠨ ᠮᠣᠷᠳᠠᠵᠤ᠂ ᠨᠡᠩ ᠠᠯᠤᠰ᠎ᠢ ᠵᠣᠷᠢᠨ ᠤᠷᠤᠭᠰᠢᠯᠠᠨᠠᠮ!


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面