ᠲᠡᠷᠢᠭᠦᠨ ᠨᠢᠭᠤᠷ - ᠲᠡᠷᠢᠭᠦᠨ ᠮᠡᠳᠡᠭᠡ

2026-11-29 00:10:35

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 28᠎ᠤ᠋ ᠦᠳᠡ᠎ᠶᠢᠨ ᠡᠮᠦᠨ᠎ᠡ᠂ ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠥᠬᠡᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠶᠠᠷᠢᠯᠴᠠᠬᠤ᠎ᠳᠤ ᠣᠷᠣᠯᠴᠠᠪᠠ᠃ ᠲᠡᠷᠡ᠂ ᠬᠥᠬᠡᠬᠣᠲᠠ ᠥᠪᠡᠷᠲᠡᠭᠡᠨ ᠵᠠᠰᠠᠬᠤ ᠣᠷᠣᠨ᠎ᠤ ᠲᠥᠪ ᠬᠤᠳᠠ ᠪᠣᠯᠤᠭᠰᠠᠨ᠎ᠤ ᠬᠤᠪᠢ᠎ᠳᠤ᠂ ᠲᠡᠷᠢᠭᠦᠨ ᠪᠠᠢᠷᠢ᠎ᠶᠢᠨ ᠤᠬᠠᠮᠰᠠᠷ ᠎ᠢᠶᠠᠨ ᠴᠢᠩᠭᠠᠳᠬᠠᠵᠤ᠂ ᠣᠷᠣᠨ ᠎ᠤ ᠲᠥᠪ ᠬᠤᠳᠠ ᠎ᠶᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ ᠳᠤᠮᠳᠠ ᠬᠣᠰᠢᠭᠤᠴᠢ ᠪᠤᠯᠵᠤ᠂ ᠥᠯᠢᠭᠡᠷ ᠳᠠᠭᠤᠷᠢᠶᠠᠯ ᠪᠣᠯᠬᠤ ᠬᠡᠷᠡᠭᠲᠡᠢ ᠬᠡᠵᠦ ᠴᠢᠬᠤᠯᠠᠴᠢᠯᠠᠪᠠ᠃



11 ᠰᠠᠷ᠎ᠠ᠎ᠶᠢᠨ 28 ᠎ᠤ᠋ ᠦᠳᠡ ᠎ᠶᠢᠨ ᠡᠮᠦᠨ᠎ᠡ᠂ ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠥᠬᠡᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ ᠎ᠦᠨ ᠶᠠᠷᠢᠯᠴᠠᠬᠤ ᠎ᠳᠤ ᠣᠷᠣᠯᠴᠠᠪᠠ᠃

               ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ


ᠬᠥᠬᠡᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠤᠨ ᠢᠦᠢ ᠬᠤᠢ ᠸᠸᠨ᠂ ᠯᠢᠶᠠᠨ ᠳ᠋ᠦᠩ᠂ ᠵᠤᠤ ᠯᠢ ᠰᠢᠶᠠ᠂ ᠶᠢᠨ ᠱᠤ᠌ ᠭᠠᠩ᠂ ᠯᠢᠦ ᠳᠡ ᠫᠸᠩ᠂ ᠾᠧ ᠶᠠᠨ᠂ ᠯᠢ ᠰᠢᠶᠣᠣ ᠸᠠᠩ᠂ ᠶᠦᠨ ᠶᠠᠨ ᠵᠡᠷᠭᠡ ᠲᠥᠯᠥᠭᠡᠯᠡᠭᠴᠢ ᠤᠷᠢᠳ ᠬᠣᠵᠢᠳ ᠦᠭᠡ ᠬᠡᠯᠡᠪᠡ᠃ ᠸᠠᠩ ᠸᠧᠢ ᠵᠦᠩ ᠰᠣᠨᠣᠰᠬᠤ᠎ᠶᠢᠨ ᠳᠠᠭᠠᠤ ᠲᠡᠮᠳᠡᠭᠯᠡᠵᠦ᠂ ᠲᠥᠯᠥᠭᠡᠯᠡᠭᠴᠢᠳ᠎ᠲᠠᠢ ᠭᠦᠨᠵᠡᠭᠡᠢ ᠶᠠᠷᠢᠯᠴᠠᠵᠦ᠂ ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ ᠬᠦᠷ ᠬᠦᠭᠵᠢᠶᠡᠨ᠎ᠲᠠᠢ ᠪᠠᠢᠪᠠ᠃

ᠸᠠᠩ ᠸᠧᠢ ᠵᠦᠩ᠂ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠢᠯᠡᠳᠬᠡᠯ ᠪᠣᠯ ᠬᠣᠢᠰᠢᠳᠠ᠎ᠶᠢᠨ ᠬᠡᠰᠡᠭ ᠬᠤᠭᠤᠴᠠᠭᠠᠨ᠎ᠤ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ ᠎ᠦᠨ ᠬᠥᠭᠵᠢᠯᠲᠡ ᠎ᠶᠢ ᠬᠥᠲᠥᠯᠥᠨ ᠳᠠᠭᠠᠭᠤᠯᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠪᠣᠯᠣᠨ᠎ᠠ᠂ ᠠᠵᠢᠯ᠎ᠢᠶᠠᠨ ᠳ᠋ᠦᠩᠨᠡᠬᠦ ᠪᠤᠶᠤ ᠡᠭᠦᠷᠭᠡ ᠲᠣᠬᠢᠷᠠᠭᠤᠯᠬᠤ᠎ᠳᠠᠭᠠᠨ ᠴᠥᠮ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ ᠲᠠᠢ ᠨᠢᠭᠳᠠ ᠤᠶᠠᠯᠳᠤᠭᠤᠯᠤᠨ᠎ᠦᠷᠨᠢᠭᠦᠯᠬᠦ ᠬᠡᠷᠡᠭᠳᠡᠢ᠃ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠠᠵᠢᠯ᠎ᠤᠨ ᠮᠡᠳᠡᠭᠦᠯᠦᠯᠳᠡ ᠨᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ ᠲᠠᠢ ᠪᠦᠬᠦ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠠᠮᠵᠢᠯᠲᠠ ᠪᠦᠲᠦᠮᠵᠢ᠎ᠪᠡᠨ ᠳ᠋ᠦᠩᠨᠡᠭᠰᠡᠨ ᠨᠢ ᠪᠤᠰᠤᠳᠴᠢ ᠪᠥᠭᠡᠳ ᠪᠣᠳᠠᠲᠠᠢ᠂ ᠡᠭᠦᠷᠭᠡ ᠪᠠᠢᠷᠢᠯᠠᠭᠤᠯᠤᠭᠰᠠᠨ ᠨᠢ ᠰᠢᠰᠲ᠋ᠸᠮ ᠲᠠᠢ ᠪᠥᠭᠡᠳ ᠲᠣᠳᠣᠷᠬᠠᠢ ᠪᠠᠢᠵᠤ᠂  ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠡᠷᠡᠰ ᠪᠠᠲᠤ ᠵᠣᠷᠢᠭ᠋ ᠪᠣᠯᠣᠨ ᠴᠢᠩᠭ᠎ᠠ ᠬᠦᠭ ᠠᠶᠠᠰ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠢᠯᠡ ᠲᠣᠳᠣ᠌ ᠤᠳᠤᠷᠢᠳᠤᠮᠵᠢ᠎ᠶᠢ ᠢᠯᠡᠷᠡᠭᠦᠯᠵᠠᠢ ᠭᠡᠵᠦ ᠵᠢᠭᠠᠵᠦ ᠭᠠᠷᠭᠠᠪᠠ᠃

ᠸᠠᠩ ᠸᠧᠢ ᠵᠦᠩ᠂ ᠥᠩᠭᠡᠷᠡᠭᠰᠡᠨ ᠲᠠᠪᠤᠨ ᠵᠢᠯ᠎ᠳᠦ᠂ ᠬᠥᠬᠡᠬᠣᠲᠠ᠎ᠶᠢᠨ ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠭᠠᠳᠠᠭᠠᠳᠤ ᠨᠡᠭᠡᠭᠡᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠠᠵᠢᠯ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠪᠠ᠃ ᠰᠢᠨ᠎ᠡ ᠠᠶᠠᠨ᠎ᠳᠤ᠂ ᠬᠥᠬᠡᠬᠣᠲᠠ ᠪᠣᠳᠠᠲᠤ ᠪᠠᠢᠳᠠᠯ ᠎ᠳᠠᠭᠠᠨ ᠰᠠᠭᠤᠷᠢᠯᠠᠵᠤ᠂ ᠳᠠᠪᠠᠭᠤᠯᠢᠭ᠋᠎ᠢᠶᠠᠨ ᠪᠠᠳᠠᠷᠠᠭᠤᠯᠵᠤ᠂ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠣᠳᠣᠬᠢᠴᠢᠯᠠᠭᠰᠠᠨ ᠠᠷᠠᠳ᠎ᠤᠨ ᠬᠤᠳᠠ᠎ᠶᠢ ᠪᠦᠲᠦᠭᠡᠨ ᠪᠠᠶ᠋ᠢᠭᠤᠯᠬᠤ᠎ᠪᠠᠷ ᠵᠢᠯᠣᠭᠣᠳᠤᠮᠵᠢ ᠪᠣᠯᠭᠠᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠳᠦ ᠨᠡᠩ ᠶᠡᠬᠡ ᠰᠢᠨ᠎ᠡ ᠠᠮᠵᠢᠯᠲᠠ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ᠃ ᠠᠵᠤ ᠦᠢᠯᠡᠰ ᠪᠠ ᠬᠣᠲᠠ᠎ᠶᠢᠨ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠠᠵᠤ ᠦᠢᠯᠡᠰ᠎ᠦᠨ ᠪᠦᠲᠦᠴᠡ᠎ᠶᠢ ᠬᠦᠴᠦ ᠲᠠᠯᠪᠢᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠬᠤ᠎ᠶᠢ ᠠᠬᠢᠭᠤᠯᠵᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠭᠦᠭᠡᠬᠣᠲᠠ᠎ᠶᠢᠨ ᠬᠡᠰᠡᠭ᠎ᠤᠨ ᠪᠦᠲᠦᠭᠡᠨ ᠪᠠᠢᠭᠤᠯᠤᠯᠲᠠ᠎ᠪᠠᠷ ᠬᠥᠲᠥᠯᠥᠮᠵᠢ ᠪᠤᠯᠭᠠᠵᠤ 《ᠴᠥᠷᠬᠡᠯᠡᠭᠡ ᠮᠠᠶᠢᠭ᠋᠎ᠢᠶᠠᠷ ᠠᠷᠠᠯᠵᠢᠶᠠᠴᠢᠨ ᠤᠷᠢᠬᠤ》᠂ 《ᠦᠵᠡᠭᠳᠡᠯ ᠪᠠᠢᠳᠠᠯ ᠵᠢᠨᠷ ᠠᠷᠠᠯᠵᠢᠶᠠᠴᠢᠨ ᠤᠷᠢᠬᠤ》᠂ 《ᠠᠷᠠᠯᠵᠢᠶᠠᠴᠢᠨ᠎ᠢᠶᠠᠷ ᠠᠷᠠᠯᠵᠢᠶᠠᠴᠢᠨ ᠤᠷᠢᠬᠤ》᠎ᠶ᠋ᠢ ᠶᠡᠬᠡ ᠪᠡᠷ ᠥᠷᠨᠢᠭᠦᠯᠵᠦ᠂ ᠢᠯᠠᠯᠲᠠ᠎ᠶᠢᠨ ᠡᠷᠴᠢᠨ ᠳᠡᠭᠡᠷ᠎ᠡ᠎ᠪᠡᠨ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠶᠢ ᠪᠦᠭᠦ ᠬᠡᠯᠬᠢᠶ᠎ᠡ᠎ᠪᠡᠷ ᠠᠬᠢᠭᠤᠯᠵᠤ᠂ ᠲᠣᠰ ᠪᠡᠶ᠎ᠡ᠎ᠶᠢᠨ ᠦᠪᠡᠷᠮᠢᠴᠠ ᠳᠠᠪᠠᠭᠤᠯᠢᠭ᠋ ᠢ᠋ ᠢᠯᠡᠷᠡᠭᠦᠯᠦᠭᠰᠡᠨ᠂ ᠭᠣᠣᠯᠯᠠᠬᠤ ᠥᠷᠢᠰᠦᠯᠳᠦᠬᠦ ᠬᠦᠴᠦᠨ᠎ᠲᠠᠢ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠤᠶ ᠪᠣᠯᠭᠠᠬᠤ ᠬᠡᠷᠡᠭᠳᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠢᠩᠭᠠᠳᠬᠠᠵᠤ᠂ ᠬᠠᠳᠤᠨ ᠭᠣᠣᠯ᠎ᠤᠨ ᠭᠦᠭᠡᠬᠣᠲᠠ᠎ᠶᠢᠨ ᠬᠡᠰᠡᠭ᠂ ᠳᠠᠯᠠᠨ ᠬᠠᠷ᠎ᠠ ᠠᠭᠤᠯᠠ᠂ ᠬᠠᠷᠠᠠᠤᠰᠤ ᠨᠠᠭᠤᠷ ᠵᠡᠷᠭᠡ ᠭᠣᠣᠯᠳᠠᠯᠭ᠎ᠠ᠎ᠲᠠᠢ ᠣᠷᠣᠨ ᠪᠠᠢᠷᠢ᠎ᠶᠢᠨ ᠠᠮᠢ ᠠᠬᠤᠢ᠎ᠶᠢ ᠬᠠᠮᠠᠭᠠᠯᠠᠵᠤ ᠰᠡᠷᠭᠦᠭᠡᠬᠦ᠎ᠶᠢ ᠠᠬᠢᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ᠎ᠶᠢᠨ ᠪᠣᠬᠢᠷᠳᠤᠯ᠎ᠢ ᠰᠡᠷᠭᠡᠢᠯᠡᠨ ᠵᠠᠰᠠᠬᠤ ᠠᠵᠢᠯ᠎ᠢ ᠰᠠᠢᠲᠤᠷ ᠠᠳᠬᠤᠵᠤ᠂ ᠬᠣᠭ ᠨᠣᠪᠰᠢ᠎ᠶᠢ ᠶᠡᠷᠦᠩᠬᠡᠢᠯᠡᠨ ᠵᠠᠰᠠᠬᠤ᠎ᠶᠢ ᠭᠦᠨᠵᠡᠭᠡᠢᠷᠡᠭᠦᠯᠵᠦ᠂ ᠬᠤᠳᠠ᠎ᠶᠢᠨ ᠪᠣᠬᠢᠷᠳᠤᠯ ᠦᠭᠡᠢ ᠳᠡᠪᠢᠰᠬᠡᠷ ᠥᠩᠭᠡ᠎ᠶᠢ ᠵᠤᠵᠠᠭᠠᠳᠬᠠᠬᠤ ᠬᠡᠷᠡᠭᠲᠡᠢ᠃ ᠰᠠᠭᠤᠷᠢ ᠲᠥᠬᠦᠭᠡᠷᠦᠮᠵᠢ᠎ᠶᠢ ᠲᠦᠷᠭᠡᠳᠬᠡᠨ ᠲᠡᠭᠦᠯᠳᠡᠷᠵᠢᠭᠦᠯᠵᠦ᠂ ᠪᠠᠶ᠋ᠢᠭᠤᠯᠬᠤ ᠪᠠ ᠬᠠᠮᠢᠶᠠᠷᠬᠤ᠎ᠶᠢ ᠵᠡᠷᠭᠡ ᠳ᠋ᠦ᠍ᠨᠢ ᠴᠢᠬᠤᠯᠠᠴᠢᠯᠠᠬᠤ᠎ᠶᠢ ᠪᠠᠷᠢᠮᠲᠠᠯᠠᠨ᠂ ᠰᠢᠨ᠎ᠡ ᠨᠢᠭᠡ ᠦᠶ᠎ᠡ᠎ᠶᠢᠨ ᠴᠢᠮᠡᠭᠡ ᠬᠣᠯᠪᠤᠭ᠎ᠠ᠂ ᠣᠲᠣ᠌ ᠦᠶ᠎ᠡ᠎ᠶᠢᠨ ᠪᠠᠷᠠᠭᠠᠨ᠎ᠤ ᠭᠦᠢᠯᠭᠡᠭᠡ ᠵᠡᠷᠭᠡ ᠲᠥᠷᠥᠯ ᠵᠦᠢᠯ᠎ᠢ ᠤᠷᠢᠳᠴᠢᠯᠡᠨ ᠪᠠᠢᠷᠢᠰᠢᠭᠤᠯᠵᠤ᠂ ᠭᠦᠭᠡᠬᠣᠲᠠ ᠪᠤᠭᠤᠲᠤ᠂ ᠭᠦᠭᠡᠬᠣᠲᠠ ᠣᠷᠳᠣᠰ᠎ᠤᠨ ᠲᠦᠷᠭᠡᠨ᠎ᠤ ᠲᠡᠮᠦᠷ ᠵᠠᠮ ᠪᠠ ᠬᠠᠲᠤᠨ ᠭᠣᠣᠯ᠎ᠤᠨ ᠤᠰᠤ᠎ᠶᠢ ᠭᠦᠭᠡᠬᠣᠲᠠ᠎ᠳᠤ ᠲᠡᠳᠡᠨ ᠣᠷᠣᠭᠤᠯᠬᠤ ᠵᠡᠷᠭᠡ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠵᠦ᠂ ᠬᠣᠲᠠ᠎ᠶᠢᠨ ᠦᠶᠡᠷ᠎ᠢ ᠰᠡᠷᠭᠡᠢᠯᠡᠬᠦ ᠰᠢᠰᠲᠧᠮ ᠤ᠋ᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠤᠨ᠂ 《ᠬᠣᠲᠠ᠎ᠶᠢᠨ ᠳᠤᠮᠳᠠᠬᠢ ᠲᠣᠰᠬᠣᠨ》 ᠢ᠋ ᠥᠭᠡᠷᠡᠴᠢᠯᠡᠨ ᠰᠢᠨᠡᠳᠭᠡᠬᠦ᠎ᠶᠢ ᠡᠮᠬᠢ ᠵᠢᠷᠤᠮ᠎ᠲᠠᠢ ᠠᠬᠢᠭᠤᠯᠵᠤ᠂ ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠠᠶᠠᠯᠠᠯ ᠨᠡᠪᠲᠡᠷᠡᠨ ᠡᠵᠡᠩᠨᠡᠬᠦ ᠪᠠ ᠵᠠᠮ ᠨᠡᠪᠳᠡᠷᠡᠯᠭᠡ᠎ᠶᠢ ᠢᠵᠢ ᠪᠦᠷᠢᠳᠦᠭᠦᠯᠬᠦ᠎ᠶᠢ ᠥᠨᠳᠥᠷ ᠪᠠᠷᠢᠮᠵᠢᠶ᠎ᠠ᠎ᠪᠠᠷ ᠰᠠᠢᠲᠤᠷ ᠠᠳᠬᠤᠵᠤ᠂ ᠬᠣᠲᠠ᠎ᠶᠢᠨ ᠠᠮᠤᠷ ᠲᠦᠪᠰᠢᠨ᠎ᠦ ᠤᠶᠠᠨ ᠬᠠᠳᠠᠨ ᠴᠢᠨᠠᠷ ᠪᠠ ᠰᠠᠭᠤᠭᠠᠯᠢ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠬᠡᠷᠡᠭᠳᠡᠢ᠃ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠵᠦ᠂ ᠠᠷᠠᠳ ᠤᠯᠠᠨ᠎ᠤ ᠠᠩᠬᠠᠷᠴᠤ ᠪᠠᠢᠭ᠎ᠠ ᠪᠣᠳᠠᠲᠠᠢ ᠶᠠᠪᠤᠳᠠᠯ᠎ᠤᠳ ᠡᠴᠡ ᠡᠬᠢᠯᠡᠨ ᠠᠳᠬᠤᠵᠤ᠂ ᠠᠵᠢᠯ ᠣᠯᠭᠣᠯᠲᠠ᠂ ᠣᠷᠣᠯᠭ᠎ᠠ᠎ᠶᠢᠨ ᠨᠡᠮᠡᠭᠳᠡᠯ᠂ ᠨᠡᠢᠭᠡᠮ᠎ᠦᠨ ᠪᠠᠲᠤᠯᠠᠭ᠎ᠠ᠂ ᠬᠡᠦᠬᠡᠳ ᠰᠠᠭᠠᠲᠠᠭᠤᠯᠬᠤ᠂ ᠣᠷᠣᠨ ᠰᠠᠭᠤᠴᠠ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠴᠢᠨᠠᠷ ᠰᠠᠢᠲᠠᠢ ᠡᠮᠴᠢᠯᠡᠭᠡᠨ ᠤ᠋ ᠬᠠᠩᠭᠠᠯᠭ᠎ᠠ᠎ᠶᠢ ᠨᠡᠮᠡᠭᠳᠡᠭᠦᠯᠵᠦ᠂ ᠨᠠᠰᠤᠲᠠᠢᠴᠤᠳ ᠎ᠲᠦ ᠨᠥᠭᠦᠷᠰᠡᠭ ᠮᠠᠶᠢᠬ᠎ᠤᠨ ᠬᠤᠳᠠ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠠᠳᠠᠯ ᠠᠬᠤᠢ᠎ᠶᠢᠨ ᠬᠦᠷᠢᠶᠡᠨ᠎ᠳᠠᠬᠢ ᠲᠣᠪᠣᠢᠮ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ᠎ᠦ ᠲᠥᠷᠥᠭᠳᠡᠯ᠎ᠢ ᠨᠡᠮᠡᠭᠳᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃

ᠸᠠᠩ ᠸᠧᠢ ᠵᠦᠩ᠂ ᠣᠳᠣᠬᠢᠴᠢᠯᠠᠭᠰᠠᠨ ᠠᠷᠠᠳ᠎ᠤᠨ ᠬᠤᠳᠠ᠎ᠶᠢ ᠪᠦᠲᠦᠭᠡᠨ ᠪᠠᠶ᠋ᠢᠭᠤᠯᠬᠤ᠎ᠳᠤ ᠰᠢᠯᠭᠠᠷᠠᠭᠰᠠᠨ ᠺᠠᠳ᠋ᠷ᠎ᠤᠨ ᠡᠩᠨᠡᠭᠡ ᠱᠠᠭᠠᠷᠳᠠᠬᠳᠠᠨ᠎ᠠ᠃ ᠰᠢᠨ᠎ᠡ ᠴᠠᠭ ᠦᠶ᠎ᠡ᠎ᠶᠢᠨ ᠰᠠᠢᠨ ᠺᠠᠳ᠋ᠷ᠎ᠤᠨ ᠪᠠᠷᠢᠮᠵᠢᠶ᠎ᠠ ᠪᠣᠯᠣᠨ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ 《ᠳᠥᠷᠪᠡᠨ ᠣᠨᠴᠠᠭᠠᠶ》 ᠵᠢᠨ ᠱᠠᠭᠠᠷᠳᠠᠯᠭ᠎ᠠ ᠎ᠶᠢ ᠭᠦᠨᠵᠡᠭᠡᠢ ᠨᠠᠢᠳᠠᠪᠤᠷᠢᠵᠢᠭᠤᠯᠵᠤ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠳᠡᠭ ᠺᠠᠳ᠋ᠷ᠎ᠢ ᠶᠡᠬᠡ ᠬᠦᠴᠦᠨ ᠵᠢᠨᠷ ᠰᠢᠯᠢᠨ ᠰᠣᠩᠭᠣᠵᠤ᠂ ᠰᠤᠷᠲᠠᠯ᠎ᠤᠨ ᠪᠠᠢᠭᠤᠯᠤᠯᠲᠠ᠎ᠶᠢ ᠡᠳᠦᠷ ᠲᠤᠳᠤᠮ᠎ᠤᠨ ᠠᠵᠢᠯ᠎ᠳᠤ ᠠᠭᠤᠰᠤᠯᠴᠠᠭᠤᠯᠵᠤ᠂ ᠪᠠᠢᠩᠭᠤ ᠠᠳᠬᠤᠬᠤ᠎ᠶᠢ ᠪᠠᠷᠢᠮᠲᠠᠯᠠᠵᠤ᠂ ᠢᠯᠵᠢᠷᠡᠯ ᠪᠠᠢᠪᠠᠯ ᠡᠷᠬᠡᠪᠰᠢ ᠡᠰᠡᠷᠭᠦᠴᠡᠬᠦ᠂ ᠱᠠᠮᠰᠢᠯ ᠪᠠᠢᠪᠠᠯ ᠡᠷᠬᠡᠪᠰᠢ ᠰᠢᠢᠳᠬᠡᠬᠦ᠂ ᠮᠠᠭᠤ ᠮᠠᠭᠤᠬᠠᠢ᠎ᠶᠢ ᠲᠤᠢᠯᠪᠤᠷᠢᠳᠠᠢ ᠠᠷᠢᠯᠭᠠᠬᠤ᠎ᠶᠢ ᠪᠠᠷᠢᠮᠲᠠᠯᠠᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠎ᠶᠢ ᠭᠦᠨᠵᠡᠭᠡᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ ᠪᠣᠯᠣᠨ ᠰᠠᠢᠨ ᠰᠠᠢᠬᠠᠨ ᠠᠵᠢᠯ ᠬᠢᠵᠦ ᠦᠢᠯᠡᠰ ᠪᠣᠰᠬᠠᠬᠤ ᠣᠷᠴᠢᠨ᠎ᠢ ᠶᠡᠬᠡ ᠪᠡᠷ ᠪᠤᠢ ᠪᠤᠯᠭᠠᠬᠤ ᠬᠡᠷᠡᠭᠲᠡᠢ᠃ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠪᠠᠢᠭᠠᠳ ᠰᠤᠷᠤᠯᠴᠠᠯᠭ᠎ᠠ᠎ᠶᠢ ᠶᠡᠬᠡ ᠪᠡᠷ ᠡᠷᠬᠢᠮᠯᠡᠵᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠦᠨᠡᠨ᠎ᠬᠦ ᠠᠳᠬᠤᠨ ᠪᠣᠳᠠᠲᠠᠢ ᠠᠵᠢᠯᠯᠠᠵᠤ᠂ ᠠᠷᠢᠭᠤᠨ ᠴᠢᠬᠡᠴᠢ ᠪᠠᠢᠵᠤ᠂ ᠰᠢᠯᠭᠠᠷᠠᠭᠰᠠᠨ ᠺᠠᠳ᠋ᠷᠴᠤᠳ᠎ᠤᠨ ᠪᠠᠳᠤ ᠴᠢᠩᠭ᠎ᠠ ᠰᠤᠷᠲᠠᠯ᠎ᠢᠶᠠᠷ ᠪᠡᠷᠬᠡ ᠬᠠᠳᠠᠭᠤ ᠡᠭᠦᠷᠭᠡ᠎ᠶᠢ ᠰᠠᠢᠲᠤᠷ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄ ᠯᠢᠦ ᠯᠠᠨ ᠯᠠᠨ ᠪᠠᠶᠠᠷᠴᠡᠩᠭᠡᠯ

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面