2026-05-20 16:00:51
ᠣᠢᠷ᠎ᠠ᠎ᠳᠤ᠂ ᠤᠷᠲᠤᠰ ᠬᠤᠲᠠ ᠵᠢᠨ ᠬᠢᠶ᠎ᠠ ᠪᠠᠭ᠍ᠰᠢ ᠲᠣᠭᠣᠷᠢᠭ᠎ᠤᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠣᠯᠠᠨ ᠨᠡᠢᠲᠡ᠎ᠶᠢᠨ ᠦᠶ᠋ᠯᠡᠴᠢᠯᠡᠭᠡᠨ᠎ᠦ ᠲᠥᠪ《ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ ᠠᠵᠢᠯ ᠣᠯᠭᠣᠯᠲᠠ᠎ᠶᠢ ᠠᠬᠢᠭᠤᠯᠵᠤ ᠲᠥᠷᠥ᠎ᠶᠢᠨ ᠪᠣᠳᠣᠯᠭ᠎ᠠ᠎ᠪᠠᠷ ᠳᠡᠮᠵᠢᠵᠦ ᠠᠵᠤ ᠠᠬᠤᠢᠯᠠᠯ᠎ᠢ ᠬᠥᠭ᠌ᠵᠢᠭᠦᠯᠦᠨ ᠮᠠᠨᠳᠤᠭᠤᠯᠬᠤ》ᠤᠬᠠᠭᠤᠯᠤᠨ ᠲᠠᠢᠯᠪᠤᠷᠢᠯᠠᠬᠤ ᠬᠤᠷᠠᠯ ᠬᠢᠵᠤ᠂ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠬᠡᠯᠬᠢᠶ᠎ᠡ᠎ᠶᠢ ᠱᠢᠯᠤᠭᠤᠳᠭᠠᠵᠤ᠂ ᠠᠵᠤ ᠠᠬᠤᠢᠯᠠᠯ᠎ᠤᠨ ᠬᠥᠭ᠌ᠵᠢᠯᠲᠡ᠎ᠳᠦ ᠬᠦᠴᠦᠨ ᠨᠡᠮᠡᠷᠢᠯᠡᠠ᠂ ᠠᠵᠢᠯ ᠣᠯᠭᠣᠯᠲᠠ᠎ᠶᠢᠨ ᠶᠡᠬᠡ ᠲᠠᠯ᠎ᠠ᠎ᠶᠢ ᠲᠣᠭ᠍ᠲᠠᠪᠤᠷᠢᠵᠢᠭᠤᠯᠤᠨ᠎ᠠ᠃
ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠬᠤ ᠬᠤᠷᠠᠯ᠎ᠨᠢ ᠬᠠᠷᠢᠶᠠᠲᠤ ᠣᠷᠣᠨ᠎ᠤ 15 ᠭᠤᠤᠯᠳᠠᠯᠭ᠎ᠠ᠎ᠲᠠᠶ ᠠᠵᠤ ᠠᠬᠤᠢᠯᠠᠯ ᠵᠢᠴᠢ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠪᠠᠢᠭᠤᠯᠤᠮᠵᠢ᠎ᠶᠢ ᠤᠷᠢᠵᠤ ᠬᠤᠷᠠᠯ᠎ᠳᠤ ᠣᠷᠣᠯᠴᠠᠭᠤᠯᠤᠨ᠂ ᠤᠷ᠎ᠠ ᠮᠡᠷᠭᠡᠵᠢᠯ ᠪᠣᠯᠪᠠᠰᠤᠷᠠᠯ᠂ ᠴᠢᠳᠠᠪᠤᠷᠢᠲᠠᠨ᠎ᠤ ᠨᠥᠬᠥᠪᠥᠷᠢ᠂ ᠦᠶ᠋ᠯᠡᠰ ᠪᠤᠰᠬᠠᠬᠤ ᠪᠠᠲᠤᠯᠭᠠᠲᠤ ᠵᠢᠭᠡᠯᠡᠯᠭᠡ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠢ ᠤᠷᠢᠵᠤ ᠡᠯᠰᠡᠬᠦ ᠵᠡᠷᠭᠡ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶᠢᠨ ᠪᠣᠳᠣᠯᠭ᠎ᠠ᠎ᠶᠢᠨ ᠲᠣᠭᠣᠷᠢᠨ᠎ᠳᠤ᠂ ᠲᠣᠰ ᠭᠠᠵᠠᠷ᠎ᠤᠨ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ᠂ ᠭᠤᠶᠤᠴᠢᠯᠠᠨ ᠮᠡᠳᠡᠭᠦᠯᠬᠦ᠌ ᠨᠥᠬᠥᠴᠡᠯ᠂ ᠶᠠᠪᠤᠴᠠ ᠪᠠ ᠪᠠᠷᠢᠮᠵᠢᠶ᠎ᠠ᠎ᠶᠢ ᠲᠣᠳᠣᠷᠬᠠᠢᠯᠠᠨ᠂ ᠲᠥᠷᠥ᠎ᠶᠢᠨ ᠪᠣᠳᠣᠯᠭ᠎ᠠ᠎ᠶᠢ ᠨᠠᠷᠢᠯᠢᠭ ᠤᠨᠤᠴᠠᠲᠠᠢ ᠪᠠᠷ ᠠᠵᠤ ᠠᠬᠤᠢᠯᠠᠯ᠎ᠳᠤ ᠱᠢᠭᠤᠳ ᠬᠦᠷᠭᠡᠬᠦ᠌᠎ᠶᠢ ᠠᠬᠢᠭᠤᠯᠪᠠ᠃
ᠡᠨᠡ ᠵᠢᠯ᠎ᠡᠴᠡ ᠨᠠᠭᠠᠰᠢ᠂ ᠲᠣᠰ ᠲᠣᠭᠣᠷᠢᠭ᠎ᠤᠨ ᠬᠢᠨ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ ᠠᠵᠢᠯ ᠣᠯᠭᠣᠯᠲᠠ᠎ᠶᠢ ᠠᠬᠢᠭᠤᠯᠵᠦ᠂ ᠦᠶ᠋ᠯᠡᠴᠢᠯᠡᠭᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠍᠂ 237 ᠠᠵᠤ ᠠᠬᠤᠢᠯᠠᠯ᠎ᠢᠶᠠᠷ ᠬᠦᠷᠴᠦ᠍᠂ ᠠᠵᠢᠯᠲᠠᠨ ᠡᠯᠰᠡᠬᠦ᠌ ᠴᠤᠭ᠍ᠯᠠᠭᠠᠨ᠎ᠢ 7 ᠤᠳᠠᠭ᠎ᠠ ᠡᠷᠭᠢᠯᠡᠵᠦ᠍᠂ 746 ᠭᠠᠷᠤᠶ ᠠᠵᠢᠯ᠎ᠤᠨ ᠪᠠᠢᠷᠢ ᠬᠠᠩᠭᠠᠪᠠ︔ ᠰᠤᠷᠭᠠᠭᠤᠯᠢ ᠶᠢᠨ ᠬᠦᠷᠢᠶᠡᠨ᠎ᠳᠦ 7 ᠲᠠᠯᠠᠪᠤᠷ ᠠᠵᠢᠯ ᠣᠯᠭᠣᠯᠲᠠ᠎ᠶᠢᠨ ᠵᠢᠯᠣᠭᠣᠳᠣᠯᠭ᠎ᠠ ᠥᠷᠨᠢᠭᠦᠯᠵᠦ᠍᠂ ᠮᠢᠩᠭ᠎ᠠ ᠱᠢᠬᠠᠮ ᠪᠠᠭ᠍ᠰᠢ ᠰᠣᠷᠣᠭ᠍ᠴᠢ᠎ᠶᠢ ᠬᠠᠮᠤᠷᠤᠭ᠍ᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃