2026-07-27 11:05:52
《ᠨᠡᠢᠭᠡᠮ ᠲᠣᠭᠣᠷᠢᠭ᠋᠎ᠤᠨ ᠬᠠᠮᠢᠶᠠᠷᠤᠭ᠍ᠴᠢ》 ᠰᠠᠭᠤᠭᠠᠯᠢ ᠠᠷᠠᠳ᠎ᠤᠨ ᠬᠦᠴᠢᠷᠲᠡᠯ ᠢ᠋ ᠰᠢᠢᠳᠪᠦᠷᠢᠯᠡᠨ᠎ᠡ
ᠣᠢᠷ᠎ᠠ᠎ᠶᠢᠨ ᠵᠢᠯ ᠡᠴᠡ᠂ ᠪᠤᠭᠤᠲᠤ ᠬᠤᠳᠠ᠎ᠶᠢᠨ ᠳ᠋ᠦᠩ ᠾᠧ ᠲᠣᠭᠣᠷᠢᠭ᠋᠎ᠤᠨ ᠶᠠᠩ ᠭᠧ ᠯᠸᠩ ᠵᠡᠭᠡᠯᠢ ᠭᠤᠳᠤᠮᠵᠢ᠎ᠶᠢᠨ ᠠᠨ ᠵᠢᠦᠢ ᠨᠡᠢᠭᠡᠮ ᠲᠣᠭᠣᠷᠢᠭ᠋᠎ᠤᠨ ᠬᠢᠨ ᠨᠠᠮ᠎ᠤᠨ ᠪᠠᠢᠭᠤᠯᠤᠯᠲᠠ ᠪᠡᠷ ᠬᠥᠲᠥᠯᠥᠨ ᠳᠠᠭᠠᠭᠤᠯᠵᠤ ᠦᠨᠳᠦᠰᠦᠨ ᠱᠠᠲᠤᠨ᠎ᠤ ᠵᠠᠰᠠᠯᠲᠠ᠎ᠶᠢ ᠠᠬᠢᠭᠤᠯᠤᠨ᠂ 《365 ᠬᠠᠨᠤᠮᠵᠢᠲᠠᠢ ᠦᠢᠯᠡᠴᠢᠯᠡᠭᠡ》ᠵᠢᠨ ᠨᠠᠮ᠎ᠤᠨ ᠪᠠᠢᠭᠤᠯᠤᠯᠲᠠ᠎ᠶᠢᠨ ᠲᠦᠷᠦᠯ ᠲᠡᠮᠳᠡᠭ᠎ᠲᠠᠢ ᠨᠢᠭ᠍ᠲᠠ ᠤᠶᠠᠯᠳᠤᠭᠤᠯᠵᠤ᠂ 《ᠨᠡᠢᠭᠡᠮ ᠲᠣᠭᠣᠷᠢᠭ᠋᠎ᠤᠨ ᠬᠠᠮᠢᠶᠠᠷᠤᠭ᠍ᠴᠢ》ᠵᠢᠨ ᠵᠠᠰᠠᠯᠲᠠ᠎ᠶᠢᠨ ᠵᠠᠭᠪᠤᠷ᠎ᠢ ᠡᠭᠦᠳᠴᠦ᠂ ᠵᠣᠬᠢᠶᠠᠨ ᠪᠠᠢᠭᠤᠯᠤᠯᠲᠠ᠎ᠶᠢᠨ ᠰᠢᠰᠲ᠋ᠸᠮ᠎ᠢ ᠪᠠᠢᠭᠤᠯᠤᠨ ᠬᠦᠴᠦᠷᠬᠡᠭᠵᠢᠭᠦᠯᠬᠦ᠂ ᠰᠠᠢᠨ ᠳᠤᠷ᠎ᠠ᠎ᠶᠢᠨ ᠬᠦᠴᠦᠨ᠎ᠢ ᠬᠥᠭᠵᠢᠭᠡᠬᠦ᠂ ᠣᠶᠤᠨᠴᠢ ᠲᠠᠪᠴᠠᠩ᠎ᠢ ᠪᠠᠢᠭᠤᠯᠬᠤ ᠪᠡᠷ ᠲᠠᠮᠵᠢᠨ᠂ ᠦᠨᠳᠦᠰᠦᠨ ᠱᠠᠲᠤᠨ᠎ᠤ ᠵᠠᠰᠠᠯᠲᠠ᠎ᠶᠢᠨ ᠬᠥᠳᠡᠯᠭᠡᠬᠦ ᠬᠦᠴᠦᠨ᠎ᠢ ᠪᠦᠬᠦ ᠲᠠᠯ᠎ᠠ᠎ᠪᠠᠷ ᠬᠥᠭᠵᠢᠭᠡᠵᠡᠢ᠃
ᠳᠤᠰ ᠨᠡᠢᠭᠡᠮ ᠲᠣᠭᠣᠷᠢᠭ᠋᠎ᠤᠨ ᠬᠢᠨ ᠵᠠᠰᠠᠯᠲᠠ᠎ᠶᠢᠨ ᠪᠡᠬᠢᠯᠡᠯᠲᠡ᠎ᠶᠢ ᠡᠪᠳᠡᠵᠦ᠂ ᠬᠠᠷᠢᠶ᠎ᠠ ᠣᠷᠣᠨ᠎ᠤ ᠡᠯ᠎ᠡ ᠲᠦᠷᠦᠯ᠎ᠦᠨ ᠡᠬᠢ ᠪᠠᠶᠠᠯᠢᠭ᠋᠎ᠤᠨ ᠬᠦᠴᠦᠨ᠎ᠢ ᠨᠡᠢᠳᠬᠡᠵᠦ᠂ ᠪᠦᠬᠦ ᠣᠷᠣᠨ ᠪᠦᠰᠡ ᠪᠡᠷ ᠪᠦᠷᠬᠦᠭᠰᠡᠨ᠂ ᠠᠵᠢᠯ᠎ᠤᠨ ᠬᠤᠪᠢᠶᠠᠷᠢᠯᠠᠯ ᠲᠣᠳᠣᠷᠬᠠᠢ᠂ ᠬᠠᠮᠵᠢᠯᠴᠠᠭᠰᠠᠨ ᠥᠨᠳᠥᠷ ᠪᠦᠲᠦᠮᠵᠢᠲᠡᠢ ᠵᠠᠰᠠᠯᠲᠠ᠎ᠶᠢᠨ ᠰᠢᠰᠲ᠋ᠸᠮ᠎ᠢ ᠪᠠᠢᠭᠤᠯᠪᠠ᠃ 《ᠳᠤᠷ᠎ᠠ ᠰᠣᠨᠢᠷᠬᠠᠯ ᠨᠢ ᠣᠶ᠋ᠢᠷᠠᠯᠴᠠᠭ᠎ᠠ᠂ ᠤᠷ᠎ᠠ ᠴᠢᠳᠠᠪᠤᠷᠢ ᠨᠢ ᠬᠠᠷᠢᠯᠴᠠᠨ ᠨᠥᠬᠥᠪᠦᠷᠢᠯᠡᠬᠦ᠂ ᠬᠡᠷᠡᠭᠴᠡᠭᠡ᠎ᠪᠡᠷ ᠨᠢ ᠳᠤᠭᠤᠢᠯᠠᠩ ᠬᠤᠪᠢᠶᠠᠬᠤ》ᠵᠠᠷᠴᠢᠮ ᠶᠣᠰᠣᠭᠠᠷ᠂ ᠨᠡᠢᠭᠡᠮ ᠲᠣᠭᠣᠷᠢᠭ᠋᠎ᠤᠨ ᠨᠠᠮ᠎ᠤᠨ ᠭᠡᠰᠢᠭᠦᠨ᠂ ᠠᠵᠢᠯ ᠠ᠋ᠴᠠ᠎ᠪᠠᠨ ᠠᠮᠠᠷᠠᠭᠰᠠᠨ ᠰᠠᠭᠤᠭᠠᠯᠢ ᠠᠷᠠᠳ᠂ ᠮᠡᠷᠭᠡᠵᠢᠯ᠎ᠦᠨ ᠴᠢᠳᠠᠪᠤᠷᠢᠲᠠᠨ᠂ ᠠᠳᠠᠯ ᠠᠬᠤᠢ᠎ᠶᠢᠨ ᠠᠵᠢᠯᠲᠠᠨ᠂ ᠬᠠᠷᠢᠶ᠎ᠠ ᠣᠷᠣᠨ᠎ᠤ ᠬᠤᠳᠠᠯᠳᠤᠭᠠᠴᠢᠨ ᠡᠷᠦᠬᠡ ᠵᠡᠷᠭᠡ ᠣᠯᠠᠨ ᠡᠰᠢᠲᠦ ᠭᠣᠣᠯ ᠴᠣᠭᠴᠠ᠎ᠶᠢ ᠥᠷᠭᠡᠨ᠎ᠢᠶᠡᠷ ᠡᠯᠰᠡᠨ ᠠᠪᠴᠤ᠂《ᠨᠠᠮ᠎ᠤᠨ ᠭᠡᠰᠢᠭᠦᠨ ᠬᠠᠮᠢᠶᠠᠷᠤᠭ᠍ᠴᠢ》᠂《ᠪᠤᠭᠤᠷᠤᠯ ᠬᠠᠮᠢᠶᠠᠷᠤᠭ᠍ᠴᠢ》᠂《ᠴᠢᠲᠠᠪᠤᠷᠢᠲᠡᠨ ᠬᠠᠮᠢᠶᠠᠷᠤᠭ᠍ᠴᠢ》ᠵᠡᠷᠭᠡ 14 ᠥᠪᠡᠷᠮᠢᠴᠡ ᠣᠨᠴᠠᠯᠢᠭ᠋᠎ᠲᠠᠢ ᠰᠠᠢᠨ ᠳᠤᠷ᠎ᠠ᠎ᠶᠢᠨ ᠦᠢᠯᠡᠴᠢᠯᠡᠭᠡᠨ᠎ᠦ ᠡᠩᠨᠡᠭᠡ᠎ᠶᠢ ᠵᠣᠬᠢᠶᠠᠨ ᠪᠠᠢᠭᠤᠯᠪᠠ᠃
ᠴᠢᠩᠭ᠎ᠠ ᠰᠢᠭ᠌ᠰᠢᠨ ᠰᠣᠩᠭᠣᠬᠤ ᠂ ᠰᠢᠰᠲᠧᠮ᠎ᠲᠠᠢ ᠪᠣᠯᠪᠠᠰᠤᠷᠠᠭᠤᠯᠬᠤ ᠂ ᠠᠵᠢᠯ᠎ᠤᠨ ᠪᠠᠢᠷᠢ ᠪᠠ ᠬᠠᠷᠢᠭᠤᠴᠠᠯᠭ᠎ᠠ᠎ᠶᠢ ᠲᠣᠭᠲᠠᠭᠠᠬᠤ᠎ᠪᠠᠷ ᠳᠠᠮᠵᠢᠨ᠂ 158 ᠰᠢᠯᠢᠳᠡᠭ 《 ᠨᠡᠢᠭᠡᠮ ᠲᠣᠭᠣᠷᠢᠭ᠋᠎ᠤᠨ ᠬᠠᠮᠢᠶᠠᠷᠤᠭ᠍ᠴᠢ 》 ᠵᠢ 13 ᠲᠤᠤᠷᠵᠢᠯ᠎ᠳᠤ ᠬᠦᠨᠵᠡᠭᠡᠢᠷᠡᠭᠦᠯᠵᠦ᠂ ᠬᠡᠰᠡᠭ ᠬᠤᠪᠢᠶᠠᠨ ᠬᠣᠯᠪᠣᠭᠠᠯᠠᠭᠤᠯᠵᠤ᠂ ᠲᠤᠤᠷᠵᠢᠯ᠎ᠤᠨ ᠦᠢᠯᠡᠴᠢᠯᠡᠭᠡ᠂ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ᠎ᠶᠢ ᠨᠡᠢᠳᠡᠮ ᠪᠦᠷᠬᠦᠭᠦᠯᠵᠦ᠂ ᠰᠠᠭᠤᠭᠠᠯᠢ ᠠᠷᠠᠳ᠎ᠲᠤ ᠦᠢᠯᠡᠴᠢᠯᠡᠬᠦ 《ᠡᠴᠦᠰ᠎ᠦᠨ ᠨᠢᠭᠡ ᠮᠧᠲᠷ》 ᠢ᠋ ᠨᠡᠪᠲᠡᠷᠡᠭᠦᠯᠪᠡ᠃ ᠡᠭᠦᠨ᠎ᠳᠦ᠂ 《ᠨᠠᠮ᠎ᠤᠨ ᠭᠡᠰᠢᠭᠦᠨ ᠬᠠᠮᠢᠶᠠᠷᠤᠭ᠍ᠴᠢ》 ᠺᠠᠩ ᠵᠢᠨ ᠫᠢᠩ ᠲᠦᠷᠦᠭᠦᠯᠡᠨ ᠰᠠᠢᠨ ᠳᠤᠷ᠎ᠠ᠎ᠶᠢᠨ ᠦᠢᠯᠡᠴᠢᠯᠡᠭᠡ᠎ᠳᠦ ᠣᠷᠣᠯᠴᠠᠵᠤ᠂ ᠥᠨᠥᠴᠢᠨ ᠪᠡᠯᠪᠡᠰᠦᠨ ᠨᠠᠰᠤᠲᠠᠨ ᠢ᠋ ᠲᠣᠬᠣᠨᠢᠭᠤᠯᠵᠤ᠂ ᠡᠳ᠋ ᠪᠣᠳᠠᠰ ᠣᠷᠣᠯᠠᠨ ᠬᠤᠳᠠᠯᠳᠤᠨ ᠠᠪᠬᠤ᠂ ᠣᠷᠣᠨ ᠰᠠᠭᠤᠴᠠ᠎ᠵᠢ ᠴᠡᠪᠡᠷᠯᠡᠬᠦ᠂ ᠬᠠᠨᠢ ᠪᠣᠯᠵᠤ ᠰᠡᠳᠬᠢᠯ᠎ᠦᠨ ᠦᠭᠡ᠎ᠪᠡᠨ ᠶᠠᠷᠢᠯᠴᠠᠬᠤ ᠵᠡᠷᠭᠡ ᠰᠡᠳᠬᠢᠯ ᠢ᠋ ᠳᠤᠯᠠᠭᠠᠴᠠᠭᠤᠯᠬᠤ ᠦᠢᠯᠡᠴᠢᠯᠡᠭᠡ᠎ᠶᠢ ᠪᠠᠢᠩᠭᠤ ᠬᠠᠩᠭᠠᠵᠠᠢ; 《ᠪᠤᠭᠤᠷᠤᠯ ᠬᠠᠮᠢᠶᠠᠷᠤᠭ᠍ᠴᠢ》 ᠭᠤᠸᠠᠨ ᠱᠧᠩ ᠠᠵᠢᠯ᠎ᠠᠴᠠ᠎ᠪᠠᠨ ᠠᠮᠠᠷᠠᠭᠰᠠᠨ 15 ᠠᠬᠠᠮᠠᠳ ᠺᠠᠳ᠋ᠷ᠂ ᠠᠬᠠᠮᠠᠳ ᠨᠠᠮ᠎ᠤᠨ ᠭᠡᠰᠢᠭᠦᠨ᠎ᠢ ᠳᠠᠭᠠᠭᠤᠯᠤᠨ ᠠᠰᠠᠷ ᠲᠠᠭᠲᠤ᠎ᠶᠢᠨ ᠠᠮᠤᠷ ᠲᠦᠪᠰᠢᠨ᠎ᠢ ᠲᠣᠭᠣᠷᠢᠨ ᠪᠠᠢᠴᠠᠭᠠᠬᠤ᠂ ᠬᠥᠷᠰᠢ ᠵᠡᠷᠭᠡᠯᠡᠳᠡᠭᠡ᠎ᠶᠢᠨ ᠵᠥᠷᠢᠴᠡᠯ᠎ᠢ ᠡᠶᠡᠳᠡᠭᠦᠯᠬᠦ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ᠂ ᠬᠠᠷᠢᠶ᠎ᠠ ᠣᠷᠣᠨ᠎ᠤ ᠡᠶ᠎ᠡ ᠵᠣᠬᠢᠴᠠᠩᠭᠤᠢ ᠠᠭᠤᠷ ᠠᠮᠢᠰᠬᠤᠯ᠎ᠢ ᠪᠦᠲᠦᠮᠵᠢᠲᠡᠢ ᠬᠠᠮᠠᠭᠠᠯᠠᠪᠠ;ᠤᠰᠤ ᠴᠠᠬᠢᠯᠭᠠᠨ᠎ᠤ ᠰᠡᠯᠪᠢᠨ ᠵᠠᠰᠠᠯᠲᠠ᠂ ᠲᠣᠨᠣᠭ ᠲᠥᠬᠦᠭᠡᠷᠦᠮᠵᠢ᠎ᠶᠢᠨ ᠰᠡᠯᠪᠢᠨ ᠵᠠᠰᠠᠯᠲᠠ ᠵᠡᠷᠭᠡ ᠮᠡᠷᠭᠡᠵᠢᠯ᠎ᠦᠨ ᠬᠡᠯᠪᠡᠷᠢ᠎ᠶᠢᠨ ᠰᠠᠭᠤᠭᠠᠯᠢ ᠠᠷᠠᠳ᠎ᠢᠶᠠᠷ ᠪᠦᠷᠢᠯᠳᠦᠭᠰᠡᠨ 18 ᠨᠡᠷᠡᠰ 《ᠴᠢᠲᠠᠪᠤᠷᠢᠲᠡᠨ ᠬᠠᠮᠢᠶᠠᠷᠤᠭ᠍ᠴᠢ》 ᠨᠢ ᠠᠷᠠᠳ᠎ᠲᠤ ᠲᠥᠬᠥᠮ ᠦᠵᠡᠭᠦᠯᠬᠦ ᠪᠠᠭᠠᠵᠢ ᠬᠡᠷᠡᠭᠰᠡᠯ᠎ᠢ ᠪᠡᠶ᠎ᠡ᠎ᠳᠡᠭᠡᠨ ᠠᠪᠴᠤ ᠶᠠᠪᠤᠵᠤ᠂ ᠰᠠᠭᠤᠭᠠᠯᠢ ᠠᠷᠠᠳ᠎ᠤᠨ ᠰᠡᠯᠪᠢᠨ ᠵᠠᠰᠠᠯᠲᠠ᠎ᠶᠢᠨ ᠲᠤᠰᠠᠯᠠᠮᠵᠢ ᠭᠤᠶᠤᠴᠢᠯᠠᠬᠤ᠎ᠶᠢ ᠴᠠᠭ ᠲᠤᠬᠠᠢ ᠳ᠋ᠤᠨᠢ ᠳᠠᠭᠠᠵᠤ᠂ ᠭᠡᠷ ᠪᠦᠯᠢ᠎ᠶᠢᠨ ᠰᠡᠯᠪᠢᠨ ᠵᠠᠰᠠᠬᠤ ᠦᠢᠯᠡᠴᠢᠯᠡᠭᠡ᠎ᠶᠢ ᠦᠨ᠎ᠡ ᠲᠥᠯᠥᠪᠦᠷᠢ ᠦᠭᠡᠢ᠎ᠪᠡᠷ ᠬᠠᠩᠭᠠᠵᠤ᠂ ᠲᠤᠰᠬᠠᠢ ᠮᠡᠷᠭᠡᠵᠢᠯ᠎ᠦᠨ ᠤᠷ᠎ᠠ ᠴᠢᠳᠠᠪᠤᠷᠢ᠎ᠪᠠᠷ ᠬᠥᠷᠰᠢ ᠵᠡᠷᠭᠡᠯᠡᠳᠡᠭᠡ᠎ᠳᠡᠭᠡᠨ ᠠᠰᠢᠭ᠋ ᠬᠦᠷᠲᠡᠭᠡᠲᠡᠭ᠃
ᠨᠡᠢᠭᠡᠮ ᠲᠣᠭᠣᠷᠢᠭ᠋᠎ᠤᠨ ᠬᠢᠨ ᠨᠠᠮ᠎ᠤᠨ ᠬᠣᠷᠢᠶᠠᠨ᠎ᠤ ᠱᠦᠵᠢ᠎ᠪᠡᠷ《ᠶᠡᠷᠦᠩᠬᠡᠢ ᠬᠠᠮᠢᠶᠠᠷᠤᠭ᠍ᠴᠢ》 ᠪᠣᠯᠭᠠᠵᠤ᠂ ᠬᠠᠷᠢᠶ᠎ᠠ ᠣᠷᠣᠨ᠎ᠤ ᠠᠳᠠᠯ ᠠᠬᠤᠢ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠵᠡᠷᠭᠡ ᠬᠠᠮᠲᠤ᠎ᠪᠠᠷ ᠪᠠᠶ᠋ᠢᠭᠤᠯᠬᠤ 12 ᠨᠢᠭᠡᠴᠢ᠎ᠲᠠᠢ ᠬᠣᠯᠪᠤᠭᠠᠯᠠᠨ ᠬᠥᠳᠡᠯᠦᠯᠴᠡᠵᠦ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠬᠤ ᠬᠡᠯᠡᠯᠴᠡᠭᠡᠷ ᠲᠣᠭᠲᠠᠵᠤ᠂ ᠰᠠᠭᠤᠭᠠᠯᠢ ᠠᠷᠠᠳ᠎ᠤᠨ ᠬᠡᠷᠡᠭᠴᠡᠭᠡ ᠱᠠᠭᠠᠷᠳᠠᠯᠭ᠎ᠠ᠎ᠶᠢᠨ ᠨᠠᠷᠢᠨ ᠲᠠᠩᠰᠠ᠎ᠶᠢ ᠣᠨᠣᠴᠠᠲᠠᠢ᠎ᠪᠠᠷ ᠵᠣᠯᠭᠠᠭᠤᠯᠵᠤ᠂ ᠬᠠᠷᠢᠶ᠎ᠠ ᠣᠷᠣᠨ᠎ᠤ ᠡᠬᠢ ᠪᠠᠶᠠᠯᠢᠭ᠋᠎ᠤᠨ ᠨᠠᠷᠢᠨ ᠲᠠᠩᠰᠠ᠎ᠶᠢ ᠡᠮᠬᠢᠯᠡᠨ ᠳᠢᠭᠯᠡᠵᠦ᠂ ᠠᠷᠠᠳ᠎ᠤᠨ ᠠᠮᠢᠳᠤᠷᠠᠯ᠎ᠤᠨ ᠲᠥᠷᠥᠯ ᠵᠦᠢᠯ᠎ᠦᠨ ᠨᠠᠷᠢᠨ ᠲᠠᠩᠰᠠ᠎ᠶᠢ ᠨᠠᠢᠳᠠᠪᠤᠷᠢᠵᠢᠭᠤᠯᠤᠨ᠂ ᠠᠵᠢᠯ᠎ᠤᠨ ᠪᠠᠢᠷᠢ᠎ᠶᠢᠨ ᠬᠠᠷᠢᠭᠤᠴᠠᠯᠭ᠎ᠠ᠎ᠶᠢᠨ ᠨᠠᠷᠢᠨ ᠲᠠᠩᠰᠠ᠎ᠶᠢ ᠪᠣᠳᠠᠲᠠᠢᠵᠢᠭᠤᠯᠵᠤ᠂ 《ᠳᠥᠷᠪᠡᠨ ᠨᠠᠷᠢᠨ ᠲᠠᠩᠰᠠ》 ᠵᠢ ᠨᠠᠢᠳᠠᠪᠤᠷᠢᠵᠢᠭᠤᠯᠵᠤ᠂ ᠬᠠᠮᠤᠭ᠎ᠤᠨ ᠡᠴᠦᠰ᠎ᠲᠦ ᠣᠯᠠᠨ ᠲᠦᠮᠡᠨ᠎ᠳᠦ ᠮᠡᠳᠡᠷᠡᠭᠳᠡᠬᠦ 《ᠵᠣᠯ ᠵᠢᠷᠭᠠᠯ᠎ᠤᠨ ᠨᠠᠷᠢᠨ ᠲᠠᠩᠰᠠ》 ᠪᠣᠯᠭᠠᠨ ᠬᠤᠪᠢᠷᠠᠭᠤᠯᠪᠠ᠃
ᠡᠭᠦᠨ᠎ᠦ ᠵᠡᠷᠭᠡ ᠪᠡᠷ᠂ ᠠᠨ ᠵᠢᠦᠢ ᠨᠡᠢᠭᠡᠮ ᠲᠣᠭᠣᠷᠢᠭ᠋᠎ᠤᠨ ᠬᠢᠨ ᠪᠠᠰᠠ ᠰᠦᠯᠵᠢᠶᠡᠨ ᠳᠡᠭᠡᠷᠡᠬᠢ ᠪᠠ ᠲᠤᠬᠠᠢ ᠢ᠋ᠢᠨ ᠲᠠᠯᠠᠪᠠᠢ᠎ᠶᠢ ᠨᠢᠭᠡ ᠴᠣᠭᠴᠠᠵᠢᠭᠤᠯᠤᠭᠰᠠᠨ᠂ ᠪᠦᠬᠦ ᠲᠠᠯ᠎ᠠ᠎ᠶᠢᠨ ᠠᠷᠠᠳ᠎ᠤᠨ ᠰᠠᠨᠠᠭ᠎ᠠ᠎ᠶᠢ ᠣᠯᠣᠯᠴᠠᠬᠤ ᠪᠠ ᠦᠢᠯᠡᠴᠢᠯᠡᠭᠡ᠎ᠶᠢ ᠰᠢᠢᠳᠪᠦᠷᠢᠯᠡᠬᠦ ᠲᠠᠪᠴᠠᠩ᠎ᠢ ᠪᠠᠢᠭᠤᠯᠵᠠᠢ᠃ ᠰᠦᠯᠵᠢᠶᠡᠨ ᠳᠡᠭᠡᠷ᠎ᠡ 36 ᠰᠠᠭᠤᠭᠠᠯᠢ ᠠᠷᠠᠳ᠎ᠤᠨ ᠵᠢᠷᠭᠢᠶ᠎ᠡ ᠵᠢᠨ ᠴᠤᠬᠯᠠᠷᠠᠯ᠂ ᠠᠷᠠᠳ᠎ᠤᠨ ᠰᠠᠨᠠᠭ᠎ᠠ᠎ᠶᠢ ᠬᠣᠷᠢᠶᠠᠨ ᠴᠤᠭᠯᠠᠭᠤᠯᠬᠤ ᠲᠠᠪᠴᠠᠩ ᠵᠡᠷᠭᠡ ᠣᠯᠠᠨ ᠡᠰᠢᠲᠦ ᠠᠷᠭ᠎ᠠ ᠵᠠᠮ᠎ᠢᠶᠠᠷ ᠰᠠᠭᠤᠭᠠᠯᠢ ᠠᠷᠠᠳ᠎ᠤᠨ ᠬᠦᠰᠡᠯ ᠱᠠᠭᠠᠷᠳᠠᠯᠭ᠎ᠠ᠎ᠶᠢ ᠴᠠᠭ ᠲᠤᠬᠠᠢ ᠳ᠋ᠤᠨᠢ ᠬᠣᠷᠢᠶᠠᠨ ᠴᠤᠭᠯᠠᠭᠤᠯᠵᠤ᠂ ᠣᠯᠠᠨ ᠲᠦᠮᠡᠨ᠎ᠦ ᠰᠡᠳᠬᠢᠯ᠎ᠦᠨ ᠳᠠᠭᠤᠨ᠎ᠢ ᠤᠢᠯᠠᠭᠠᠲᠠᠭ᠃ 《ᠬᠤᠪᠢᠰᠬᠠᠯ᠎ᠤᠨ ᠲᠤᠷᠠᠨ》 ᠣᠨᠴᠠᠯᠢᠭ᠍ᠲᠤ ᠡᠶᠡᠳᠡᠭᠦᠯᠬᠦ ᠲᠠᠰᠤᠭ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ᠎ᠤᠨ ᠲᠥᠯᠥᠭᠡᠯᠡᠭᠴᠢ᠂ ᠠᠳᠠᠯ ᠠᠬᠤᠢ᠂ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠲᠠᠢ ᠬᠣᠯᠪᠤᠭᠠᠯᠠᠨ ᠬᠠᠮᠲᠤᠷᠠᠨ ᠰᠢᠢᠳᠪᠦᠷᠢᠯᠡᠵᠦ᠂ 《ᠬᠦᠰᠡᠯ ᠱᠠᠭᠠᠷᠳᠠᠯᠭ᠎ᠠ᠎ᠶᠢ ᠴᠤᠭᠯᠠᠭᠤᠯᠬᠤ ︱ ᠵᠥᠪᠳᠡᠯᠴᠡᠨ ᠰᠤᠳᠤᠯᠤᠨ ᠮᠠᠭᠠᠳᠯᠠᠬᠤ ︱ ᠨᠠᠷᠢᠯᠢᠭ᠋ ᠣᠨᠣᠴᠠᠲᠠᠢ᠎ᠪᠠᠷ ᠰᠢᠢᠳᠪᠦᠷᠢᠯᠡᠬᠦ ︱ ᠦᠷ᠎ᠡ ᠳ᠋ᠦᠩ᠎ᠢ ᠬᠠᠷᠢᠭᠤ ᠲᠤᠰᠬᠠᠬᠤ》 ᠪᠢᠲᠡᠭᠦᠦ ᠴᠠᠭᠠᠷᠢᠭ᠎ᠳᠦ ᠲᠣᠭᠲᠠᠴᠠ᠎ᠶᠢ ᠪᠣᠶ ᠪᠣᠯᠭᠠᠪᠠ᠃ ᠨᠡᠢᠭᠡᠮ ᠲᠣᠭᠣᠷᠢᠭ᠋᠎ᠤᠨ ᠬᠠᠮᠲᠤ᠎ᠪᠠᠷ ᠡᠳ᠋ᠯᠡᠬᠦ ᠰᠢᠭᠤᠳ ᠨᠡᠪᠲᠡᠷᠡᠭᠦᠯᠭᠡ᠎ᠶᠢᠨ ᠦᠷᠦᠬᠡ ᠵᠢ ᠡᠭᠦᠳᠦᠨ ᠪᠠᠢᠭᠤᠯᠵᠤ᠂ 《ᠬᠤᠪᠢᠰᠬᠠᠯ᠎ᠤᠨ ᠬᠥᠳᠡᠯᠭᠡᠭᠦᠷ》᠂ 《ᠠᠷᠠᠳ᠎ᠤᠨ ᠲᠠᠭᠤᠨ》 ᠤ᠋ ᠬᠣᠣᠰ ᠰᠢᠭᠤᠳ ᠨᠡᠪᠲᠡᠷᠡᠭᠦᠯᠭᠡ᠎ᠶᠢᠨ ᠲᠠᠪᠴᠠᠩ᠎ᠢ ᠨᠠᠪᠲᠠᠷᠡᠭᠦᠯᠵᠦ᠂ ᠲᠦᠷᠦ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠰᠦᠯᠵᠢᠶᠡᠨ ᠳᠡᠭᠡᠷ᠎ᠡ ᠮᠠᠳᠠᠭ᠎ᠲᠠᠢ ᠠᠰᠠᠭᠤᠳᠠᠯ᠎ᠢ ᠬᠠᠷᠢᠭᠤᠯᠬᠤ᠂ ᠠᠷᠠᠳ᠎ᠤᠨ ᠰᠠᠨᠠᠭ᠎ᠠ᠎ᠶᠢ ᠬᠠᠷᠢᠯᠴᠠᠨ ᠠᠬᠢᠭᠤᠯᠬᠤ᠎ᠶᠢ ᠪᠠᠢᠩᠭᠤᠵᠢᠭᠤᠯᠤᠨ ᠥᠷᠨᠢᠭᠦᠯᠪᠡ᠃ 《ᠨᠡᠢᠭᠡᠮ ᠲᠣᠭᠣᠷᠢᠭ᠋᠎ᠤᠨ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠥᠷᠲᠡᠭᠡ》 ᠵᠢ ᠪᠠᠢᠭᠤᠯᠵᠤ ᠂ 《15 ᠮᠢᠨᠦ᠋ᠲ᠎ᠲᠦ ᠬᠠᠷᠢᠭᠤ ᠦᠭᠴᠦ᠂ 24 ᠴᠠᠭ᠎ᠲᠤ ᠰᠢᠢᠳᠪᠦᠷᠢᠯᠡᠵᠦ ᠳᠠᠭᠤᠰᠬᠠᠬᠤ》 ᠥᠨᠳᠥᠷ ᠪᠦᠲᠦᠮᠵᠢᠲᠡᠶ ᠰᠢᠢᠳᠪᠦᠷᠢᠯᠡᠬᠦ ᠲᠣᠭᠲᠠᠴᠠ᠎ᠶᠢ ᠬᠡᠷᠡᠭᠵᠢᠭᠦᠯᠪᠡ᠃ 《ᠼᠦᠢ ᠴᠢᠶᠠᠩ ᠵᠤᠭᠤᠭ᠎ᠤᠨ ᠦᠷᠦᠭᠡ》ᠲᠦᠷᠦᠯ ᠲᠡᠮᠳᠡᠭ᠎ᠦᠨ ᠡᠶᠡᠳᠡᠭᠦᠯᠬᠦ ᠲᠠᠰᠤᠭ᠎ᠲᠤ ᠲᠦᠰᠢᠭᠯᠡᠨ᠂ ᠰᠠᠨᠠᠭᠠᠴᠢᠯᠠᠭ᠎ᠠ ᠡᠴᠡ ᠪᠠᠨ ᠡᠮᠦᠨ᠎ᠡ ᠲᠠᠯ᠎ᠠ᠎ᠶᠢᠨ ᠭᠡᠮ ᠰᠣᠭᠣᠭ᠎ᠢ ᠪᠠᠢᠴᠠᠭᠠᠵᠤ᠂ ᠵᠠᠭᠤᠷᠠᠯᠳᠤᠭᠠᠨ᠎ᠢ ᠡᠶᠡᠳᠡᠭᠦᠯᠵᠦ᠂ ᠬᠥᠷᠰᠢ ᠵᠡᠷᠭᠡᠯᠡᠳᠡᠭᠡ᠎ᠶᠢᠨ ᠵᠥᠷᠢᠴᠡᠯ᠎ᠢ ᠲᠤᠬᠠᠢ᠎ᠶᠢᠨ ᠭᠠᠵᠠᠷ ᠲᠤᠨᠢ ᠰᠢᠢᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠣᠢᠷ᠎ᠠ ᠬᠠᠪᠢ᠎ᠳᠤᠨᠢ ᠰᠢᠢᠳᠪᠦᠷᠢᠯᠡᠪᠡ᠃
ᠰᠠᠭᠤᠭᠠᠯᠢ ᠠᠷᠠᠳ᠎ᠤᠨ ᠤᠯᠠᠨ ᠡᠰᠢᠲᠦ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠡᠢᠭᠡᠮ ᠲᠣᠭᠣᠷᠢᠭ᠋᠎ᠤᠨ ᠬᠢᠨ ᠪᠠᠰᠠ ᠠᠷᠠᠳ᠎ᠲᠤ ᠲᠦᠬᠦᠮ ᠦᠵᠡᠭᠦᠯᠬᠦ ᠦᠢᠯᠡᠴᠢᠯᠡᠭᠡ᠂ ᠰᠣᠶᠣᠯ᠎ᠤᠨ ᠦᠢᠯᠡᠴᠢᠯᠡᠭᠡ᠂ ᠡᠷᠡᠭᠦᠯ ᠮᠡᠨᠳᠤ᠎ᠶᠢᠨ ᠦᠢᠯᠡᠴᠢᠯᠡᠭᠡ᠎ᠶᠢ ᠪᠦᠬᠦ ᠲᠠᠯ᠎ᠠ᠎ᠪᠠᠷ ᠲᠡᠰ ᠳᠡᠪᠰᠢᠭᠦᠯᠵᠦ᠂ ᠠᠷᠠᠳ᠎ᠲᠤ ᠲᠦᠬᠦᠮ ᠦᠵᠡᠭᠦᠯᠵᠦ ᠠᠷᠠᠳ᠎ᠲᠤ ᠠᠰᠢᠭ᠋ ᠬᠦᠷᠲᠡᠭᠡᠬᠦ ᠰᠡᠳᠬᠢᠯ᠎ᠢ ᠳᠤᠯᠠᠭᠠᠴᠠᠭᠤᠯᠬᠤ ᠰᠦᠯᠵᠢᠶ᠎ᠡ᠎ᠶᠢ ᠨᠢᠭ᠍ᠲᠠ ᠰᠦᠯᠵᠢᠪᠠ᠃ 《ᠰᠠᠢᠨ ᠳᠤᠷᠠᠴᠤᠳ᠎ᠤᠨ ᠲᠣᠰᠣ᠌ ᠨᠡᠮᠡᠬᠦ ᠥᠷᠲᠡᠭᠡ》 ᠵᠢ ᠡᠭᠦᠳᠦᠨ ᠪᠠᠢᠭᠤᠯᠵᠤ᠂ 《ᠬᠤᠪᠢ ᠬᠤᠷᠠᠮᠳᠤᠭᠤᠯᠬᠤ ᠬᠣᠷᠰᠢᠭ᠍ᠴᠢ》 ᠢ᠋ᠢᠨ ᠤᠷᠮᠠᠰᠢᠭᠤᠯᠬᠤ ᠲᠣᠭᠲᠠᠴᠠ᠎ᠶᠢ ᠬᠡᠷᠡᠭᠵᠢᠭᠦᠯᠦᠨ᠂ ᠰᠠᠭᠤᠭᠠᠯᠢ ᠠᠷᠠᠳ᠎ᠤᠨ ᠨᠡᠢᠭᠡᠮ ᠲᠣᠭᠣᠷᠢᠭ᠋᠎ᠤᠨ ᠵᠠᠰᠠᠯᠲᠠ᠎ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠎ᠢ ᠢᠯᠡᠳᠲᠡ ᠳᠡᠭᠡᠭᠰᠢᠯᠡᠭᠦᠯᠵᠦ᠂ ᠪᠥᠬᠥ ᠠᠷᠠᠳ᠎ᠢᠶᠠᠷ᠎ᠢᠶᠠᠨ ᠣᠷᠣᠯᠴᠠᠬᠤ᠂ ᠬᠠᠮᠲᠤ ᠪᠠᠷ ᠪᠠᠢᠭᠤᠯᠵᠤ ᠬᠠᠮᠲᠤ ᠪᠠᠷ ᠵᠠᠰᠠᠬᠤ ᠭᠦᠨ ᠵᠤᠵᠠᠭᠠᠨ ᠠᠭᠤᠷ ᠠᠮᠢᠰᠬᠤᠯ᠎ᠢ ᠪᠣᠶ ᠪᠣᠯᠭᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃