ᠲᠡᠷᠢᠭᠦᠨ ᠨᠢᠭᠤᠷ>ᠣᠨᠣᠯ ᠱᠢᠭᠦᠮᠵᠢ> ᠨᠠᠮ᠎ᠤᠨ ᠪᠠᠢᠭᠤᠯᠤᠯᠲᠠ

2026-08-10 10:27:54

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

《ᠨᠠᠮ᠎ᠤᠨ ᠬᠡᠰᠢᠬᠦᠨ ᠺᠠᠳ᠋ᠷᠴᠤᠳ᠎ᠤᠨ ᠤᠬ ᠰᠠᠨᠠᠭ᠎ᠠ ᠪᠠ ᠡᠬᠦᠷᠭᠡ ᠬᠠᠷᠢᠭᠤᠴᠠᠯᠭ᠎ᠠ》 ᠰᠢᠷᠢᠰ ᠮᠡᠳᠡᠭᠡᠯᠡᠯ ③


ᠠᠷᠠᠳ ᠲᠦᠮᠡᠨ᠎ᠳᠤ ᠪᠤᠶᠠᠨ ᠦᠢᠯᠡᠳᠬᠦ ᠪᠤᠯ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠪᠤᠯᠤᠨ᠎ᠠ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠪᠥᠬᠥ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ 《ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶᠢ ᠪᠠᠲᠤ ᠡᠵᠡᠮᠳᠡᠵᠦ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠤᠳᠤᠷᠢᠳᠤᠮᠵᠢ᠎ᠶᠢ ᠲᠣᠭ᠎ᠠ ᠪᠠᠷᠢᠮᠲᠠ᠎ᠶᠢ ᠴᠢᠬᠤᠯᠠᠴᠢᠯᠠᠵᠤ ᠪᠠᠢᠭᠰᠠᠨ᠎ᠠᠴᠠ᠎ᠪᠠᠨ ᠠᠯᠤᠰ ᠬᠡᠲᠦ᠎ᠶᠢ ᠴᠢᠬᠤᠯᠠᠴᠢᠯᠠᠬᠤ᠂ ᠪᠣᠳᠠᠲᠤ ᠦᠷ᠎ᠡ ᠪᠦᠲᠦᠮᠵᠢ᠎ᠶᠢ ᠴᠢᠬᠤᠯᠠᠴᠢᠯᠠᠬᠤ᠂ ᠠᠷᠠᠳ᠎ᠤᠨ ᠰᠡᠳᠬᠢᠯ᠎ᠢ ᠲᠤᠯᠠᠭᠠᠴᠠᠭᠤᠯᠬᠤ ᠳᠠᠢᠰᠢ ᠰᠢᠯᠵᠢᠬᠦᠯᠬᠦ᠎ᠶᠢ ᠠᠬᠢᠭᠤᠯᠵᠤ᠂ 《ᠰᠤᠷᠤᠯᠴᠠᠬᠤ᠂ ᠪᠠᠢᠴᠠᠭᠠᠬᠤ᠂ ᠥᠭᠡᠷᠡᠴᠢᠯᠡᠬᠦ》᠎ᠵᠢ ᠨᠡᠪᠲᠡᠷᠡᠯᠴᠡᠭᠦᠯᠦᠨ ᠠᠭᠤᠰᠤᠯᠴᠠᠭᠤᠯᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠡᠳᠬᠢᠯ ᠲᠠᠯᠪᠢᠨ ᠬᠠᠢᠷ᠎ᠠ ᠰᠡᠳᠬᠢᠯᠭᠡ᠎ᠲᠠᠢ᠎ᠪᠡᠷ ᠰᠠᠢᠲᠤᠷ ᠬᠢᠬᠦ᠎ᠵᠢ ᠬᠦᠴᠦᠳᠡᠢ ᠠᠬᠢᠭᠤᠯᠪᠠ᠃

ᠰᠤᠷᠤᠯᠴᠠᠯᠭ᠎ᠠ᠎ᠪᠠᠷ ᠰᠦᠭ ᠰᠦᠨᠡᠰᠦ ᠎ᠶᠢ ᠱᠤᠭᠤᠵᠤ ᠠᠷᠠᠳ᠎ᠤᠨ ᠲᠥᠯᠥᠭᠡ ᠭᠡᠬᠦ ᠪᠠᠷᠢᠮᠵᠢᠶ᠎ᠠ ᠵᠢ ᠲᠦᠪ ᠪᠤᠯᠭᠠᠪᠠ

ᠮᠡᠳᠡᠬᠦᠢ ᠬᠢᠬᠦᠢ᠎ᠶᠢ ᠨᠢᠭᠡᠳᠬᠡᠵᠦ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠠᠷᠠᠳ᠎ᠤᠨ ᠵᠣᠪᠠᠨᠢᠯ᠎ᠢ ᠠᠷᠢᠯᠭᠠᠪᠠ᠃ ᠪᠦᠬᠦ ᠤᠷᠤᠨ᠎ᠤ ᠡᠯ᠎ᠡ ᠭᠠᠵᠠᠷ᠎ᠤᠨ ᠬᠢᠨ ᠤᠨᠤᠯ᠎ᠤᠨ ᠰᠤᠷᠤᠯᠴᠠᠯᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠂ ᠨᠠᠮ᠎ᠤᠨ ᠭᠡᠰᠢᠭᠦᠨ ᠺᠠᠳ᠋ᠷ᠎ᠤᠨ ᠠᠵᠢᠯ ᠬᠢᠵᠦ ᠦᠢᠯᠡᠰ ᠪᠣᠰᠬᠠᠬᠤ ᠦᠷᠳᠡᠭ᠎ᠦᠨ ᠬᠠᠨᠳᠤᠰᠢ᠎ᠵᠢ ᠲᠦᠪ ᠪᠤᠯᠭᠠᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ ᠣᠨᠣᠯ᠎ᠤᠨ ᠰᠤᠷᠤᠯᠴᠠᠯᠭ᠎ᠠ᠂ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠂ ᠪᠣᠳᠠᠲᠠᠢ ᠠᠵᠢᠯᠯᠠᠨ ᠪᠠᠲᠤᠲᠠᠢ ᠦᠢᠯᠡᠳᠦᠯᠭᠡᠵᠢᠭᠦᠯᠬᠦ᠎ᠶᠢ ᠨᠢᠭᠡ ᠴᠣᠭᠴᠠᠵᠢᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠵᠤ᠂ ᠲᠤᠰᠬᠠᠢ ᠰᠡᠳᠦᠪᠲᠦ ᠨᠠᠮ᠎ᠤᠨ ᠬᠢᠴᠢᠶᠡᠯ᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠪᠡᠷ ᠳᠠᠮᠵᠢᠨ᠂ ᠺᠠᠳ᠋ᠷ ᠠᠵᠢᠯᠲᠠᠨ ᠠᠵᠢᠯᠴᠢᠨ᠎ᠳ᠋ᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢᠨ ᠲᠤᠲᠤᠭᠠᠳᠦ ᠠᠭᠤᠯᠤᠭᠳᠠᠬᠤᠨ᠎ᠢ ᠭᠦᠨᠵᠡᠭᠡᠢ ᠡᠵᠡᠮᠰᠢᠭᠦᠯᠵᠦ᠂ ᠳᠡᠳᠡᠨᠡᠷ᠎ᠤᠨ 《ᠨᠠᠮ᠎ᠤᠨ ᠲᠥᠯᠥᠭᠡ ᠬᠥᠮᠥᠨ᠎ᠢ ᠬᠥᠮᠥᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ᠎ᠢ ᠬᠥᠮᠥᠵᠢᠭᠦᠯᠬᠦ》 ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠬᠤ᠎ᠵᠢ ᠬᠦᠲᠦᠯᠦᠨ ᠵᠢᠯᠤᠭᠤᠳᠪᠠ᠃ ᠡᠬᠦᠨ᠎ᠳᠤ ᠲᠤᠰ ᠬᠦᠷᠢᠶᠡᠯᠡᠩ ᠡᠴᠡ ᠮᠠᠯᠵᠢᠬᠤ ᠲᠠᠷᠢᠶᠠᠯᠠᠬᠤ ᠣᠷᠣᠨ᠎ᠤ ᠰᠢᠯᠭᠠᠭᠤᠯᠤᠭᠰᠠᠳ᠎ᠤᠨ ᠪᠣᠳᠠᠲᠤ ᠬᠡᠷᠡᠭᠴᠡᠭᠡ ᠱᠠᠭᠠᠷᠳᠠᠯᠭ᠎ᠠ᠎ᠳᠤ ᠰᠠᠭᠤᠷᠢᠯᠠᠨ᠂ 2026 ᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ《ᠨᠡᠷᠡᠨ ᠬᠡᠷᠡᠯᠳᠦ ᠡᠷᠡᠮᠡᠯᠵᠡᠯ ᠲᠠᠬᠯᠠᠬᠤ》 ᠬᠠᠪᠰᠤᠷᠤᠨ ᠲᠡᠳᠬᠦᠬᠦ ᠪᠠ ᠠᠰᠠᠭᠤᠨ ᠯᠠᠪᠯᠠᠬᠤ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠦᠨᠳᠦᠰᠦᠨ ᠱᠠᠲᠤᠨ᠎ᠳᠤ ᠪᠠᠭᠤᠵᠤ ᠡᠷᠡᠮᠡᠯᠵᠡᠯ ᠲᠠᠭᠯᠠᠬᠤ ᠵᠢᠯᠣᠭᠣᠳᠤᠯᠭ᠎ᠠ ᠬᠠᠩᠭᠠᠨ᠂ ᠪᠣᠶ᠋ᠢᠳᠠ ᠪᠥᠭᠯᠡᠭᠦᠦ ᠭᠠᠵᠠᠷ ᠣᠷᠣᠨ᠎ᠤ ᠰᠤᠷᠭᠠᠭᠤᠯᠢ ᠳᠡᠪᠰᠢᠬᠦ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠦᠷᠢᠯᠡᠨ᠂ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠠᠷᠠᠳ᠎ᠤᠨ ᠠᠮᠢᠳᠤᠷᠠᠯ᠎ᠤᠨ ᠪᠣᠳᠠᠲᠠᠢ ᠠᠵᠢᠯ᠎ᠳᠤ ᠨᠠᠢᠳᠠᠪᠤᠷᠢᠵᠢᠭᠤᠯᠪᠡ᠃

ᠰᠢᠯᠢ᠎ᠶᠢᠨ ᠭᠣᠣᠯ ᠠᠢᠮᠠᠭ 《ᠪᠣᠳᠠᠲᠠᠢᠵᠢᠭᠤᠯᠬᠤ》 ᠵᠢ ᠲᠡᠷᠢᠭᠦᠨ ᠪᠠᠢᠷᠢᠨ᠎ᠳᠦ ᠲᠠᠯᠪᠢᠵᠤ᠂ 《ᠠᠵᠢᠯᠯᠠᠬᠤ》 ᠪᠠᠷ ᠭᠣᠣᠯᠳᠠᠯᠭ᠎ᠠ ᠪᠣᠯᠭᠠᠬᠤ᠎ᠶᠢ ᠪᠠᠷᠢᠮᠲᠠᠯᠠᠵᠤ᠂ 《ᠠᠢᠮᠠᠭ᠎ᠤᠨ ᠨᠠᠮ᠎ᠤᠨ ᠬᠣᠷᠢᠶ᠎ᠠ ᠨᠢᠭᠡᠳᠦᠯᠲᠡᠢ ᠲᠥᠯᠥᠪᠵᠢᠭᠦᠯᠬᠦ᠂ ᠲᠤᠰᠬᠠᠢ ᠠᠩᠭᠢ ᠠᠬᠢᠭᠤᠯᠬᠤ᠂ ᠬᠠᠮᠵᠢᠯᠴᠠᠨ ᠨᠠᠢᠳᠠᠪᠤᠷᠢᠵᠢᠭᠤᠯᠬᠤ》 ᠠᠵᠢᠯ᠎ᠤᠨ ᠰᠢᠰᠲᠧᠮ᠎ᠢ ᠪᠠᠢᠭᠤᠯᠵᠤ᠂ ᠱᠠᠯᠠᠪᠳᠠᠭᠤᠯᠤᠨ ᠵᠢᠯᠤᠭᠣᠳᠬᠤ ᠳᠤᠭᠤᠢᠯᠠᠩ ᠪᠠᠢᠭᠤᠯᠤᠨ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠵᠢᠭᠠᠨ ᠵᠢᠯᠣᠭᠣᠳᠪᠠ᠃ ᠠᠢᠮᠠᠭ᠎ᠤᠨ ᠨᠠᠮ᠎ᠤᠨ ᠬᠣᠷᠢᠶ᠎ᠠ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ᠎ᠢᠶᠡᠨ ᠪᠠᠳᠠᠷᠠᠭᠤᠯᠵᠤ᠂ ᠣᠨᠣᠯ ᠰᠤᠷᠤᠯᠴᠠᠬᠤ ᠭᠣᠣᠯ ᠳᠤᠭᠤᠢᠯᠠᠩ᠂ ᠲᠤᠰᠬᠠᠢ ᠰᠡᠳᠦᠪᠲᠦ ᠨᠣᠮ ᠤᠩᠰᠢᠬᠤ ᠠᠩᠭᠢ᠎ᠳᠤ ᠲᠦᠰᠢᠭᠯᠡᠨ ᠰᠤᠷᠤᠯᠴᠠᠯᠭ᠎ᠠ᠎ᠪᠠᠨ ᠭᠦᠨᠵᠡᠭᠡᠢᠷᠡᠭᠦᠯᠵᠦ᠂ ᠴᠢᠯᠦᠭᠡᠲᠦ ᠠᠷᠠᠯᠵᠢᠶᠠᠨ᠎ᠤ ᠣᠷᠣᠨ᠎ᠤ ᠪᠦᠲᠦᠭᠡᠨ ᠪᠠᠢᠭᠤᠯᠤᠯᠲᠠ᠂ ᠰᠤᠷᠲᠠᠯ᠎ᠢ ᠴᠡᠭᠴᠡᠯᠡᠨ ᠵᠠᠰᠠᠬᠤ᠂ ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠠᠢᠮᠠᠭ ᠬᠣᠰᠢᠭᠤᠨ᠎ᠤ ᠨᠠᠮ᠎ᠤᠨ ᠰᠤᠷᠭᠠᠭᠤᠯᠢ ᠰᠢᠶᠠᠩ ᠪᠠᠯᠭᠠᠰᠤᠨ ᠳ᠋ᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠵᠦ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠨᠠᠮ᠎ᠤᠨ ᠬᠡᠰᠢᠬᠦᠨ ᠺᠠᠳ᠋ᠷᠴᠤᠳ᠎ᠤᠨ ᠲᠠᠷᠢᠬᠢᠨ᠎ᠳᠤ ᠬᠠᠳᠠᠩᠰᠢᠭᠤᠯᠬᠤ᠎ᠶᠢ ᠠᠬᠢᠭᠤᠯᠪᠠ᠃ ᠡᠭᠦᠳᠡ᠎ᠪᠡᠨ ᠨᠡᠭᠡᠭᠡᠵᠦ ᠰᠤᠷᠭᠠᠨ ᠬᠥᠮᠦᠵᠢᠯ᠎ᠢ ᠠᠳᠬᠤᠬᠤ᠎ᠶᠢ ᠪᠠᠷᠢᠮᠲᠠᠯᠠᠨ᠂ 《ᠳᠥᠷᠪᠡ᠎ᠶᠢ ᠡᠯᠰᠡᠨ ᠴᠤᠬᠯᠠᠭᠤᠯᠬᠤ》 ᠠᠵᠢᠯ᠎ᠤᠨ ᠠᠷᠭ᠎ᠠ᠎ᠶᠢ ᠬᠡᠷᠡᠭᠯᠡᠨ ᠣᠯᠠᠨ ᠲᠦᠮᠡᠨ᠎ᠦ 1119 ᠬᠤᠪᠢ ᠰᠠᠨᠠᠯ᠎ᠢ ᠥᠷᠭᠡᠨ᠎ᠢᠶᠡᠷ ᠬᠤᠷᠢᠶᠠᠵᠤ᠂ 994 ᠬᠤᠪᠢ ᠬᠦᠰᠡᠯ ᠱᠠᠭᠠᠷᠳᠠᠯᠭ᠎ᠠ᠎ᠶᠢ ᠪᠡᠶᠡᠯᠡᠬᠦᠯᠪᠡ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠲᠦᠷᠦᠭᠦᠯᠡᠨ ᠦᠨᠳᠦᠰᠦᠨ ᠱᠠᠲᠤᠨ᠎ᠳᠤ ᠭᠦᠨᠵᠡᠭᠡᠢᠷᠡᠨ ᠤᠯᠠᠨᠲᠠ ᠪᠠᠢᠴᠠᠭᠠᠨ ᠰᠤᠳᠤᠯᠤᠯᠲᠠ ᠬᠢᠵᠦ᠂ ᠤᠯᠠᠨ ᠲᠦᠮᠡᠨ᠎ᠦ 1017 ᠬᠤᠪᠢ ᠬᠦᠴᠢᠷᠳᠡᠯ᠎ᠢ ᠪᠦᠲᠦᠮᠵᠢᠲᠡᠢ ᠰᠢᠢᠳᠪᠦᠷᠢᠯᠡᠵᠦ᠂ ᠦᠨᠳᠦᠰᠦᠨ ᠱᠠᠲᠤᠨ᠎ᠳᠤ ᠭᠦᠨᠵᠡᠭᠡᠢᠷᠡᠨ ᠤᠯᠠᠨ ᠲᠦᠮᠡᠨ᠎ᠲᠠᠢ ᠬᠠᠷᠢᠯᠴᠠᠬᠤ ᠳᠤᠮᠳᠠ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠦᠢᠯᠡᠳᠦᠯᠭᠡᠵᠢᠭᠦᠯᠪᠡ᠃

ᠤᠨᠢᠨ ᠳᠡᠭᠡᠷ᠎ᠡ ᠨᠢ ᠬᠦᠴᠦᠯᠡᠵᠦ ᠤᠯᠠᠨ ᠲᠦᠮᠡᠨ᠎ᠦ ᠪᠤᠲᠠᠲᠠᠢ ᠬᠦᠴᠢᠷᠳᠡᠯ᠎ᠢ ᠰᠢᠢᠳᠪᠦᠷᠢᠯᠡᠪᠡ

ᠭᠦᠨᠵᠡᠭᠡᠢ ᠰᠤᠷᠤᠯᠴᠠᠵᠦ ᠨᠠᠷᠢᠯᠢᠭ᠋ ᠤᠬᠠᠪᠤᠷᠢᠯᠠᠨ ᠰᠠᠭᠤᠷᠢ᠎ᠵᠢ ᠪᠡᠬᠢᠵᠢᠭᠦᠯᠵᠦ᠂ ᠠᠷᠠᠳ ᠲᠦᠮᠡᠨ᠎ᠢᠶᠡᠷ ᠦᠨᠳᠦᠰᠦ ᠪᠣᠯᠭᠠᠨ ᠪᠣᠳᠠᠲᠠᠢ ᠠᠮᠵᠢᠯᠲᠠ ᠭᠠᠷᠭᠠᠪᠠ᠃ ᠡᠯ᠎ᠡ ᠭᠠᠵᠠᠷ᠎ᠤᠨ ᠬᠢᠨ ᠰᠤᠷᠤᠯᠴᠠᠬᠤ ᠪᠡ ᠬᠡᠷᠡᠭᠯᠡᠬᠦ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠣᠯᠠᠨ ᠲᠦᠮᠡᠨ᠎ᠦ ᠲᠤᠰᠬᠠᠯ ᠴᠢᠩᠭ᠎ᠠ ᠪᠠᠢᠭ᠎ᠠ ᠬᠡᠷᠡᠭᠯᠡᠭᠡᠨ᠎ᠤ ᠪᠠᠲᠤᠯᠠᠭ᠎ᠠ᠂ ᠤᠯᠠᠨ ᠨᠡᠢᠲᠡ᠎ᠵᠢᠨ ᠦᠢᠯᠡᠴᠢᠯᠡᠭᠡ᠂ ᠦᠨᠳᠦᠰᠦᠨ ᠱᠠᠲᠦᠨ᠎ᠤ ᠵᠠᠰᠠᠯᠲᠠ ᠵᠡᠷᠭᠡ ᠲᠠᠯ᠎ᠠ᠎ᠵᠢᠨ ᠡᠪᠡᠷᠰᠢᠶᠡᠯ ᠠᠰᠠᠭᠤᠳᠠᠯ ᠪᠠ ᠬᠦᠴᠢᠷ ᠠᠰᠠᠭᠤᠳᠠᠯ᠎ᠳᠤ ᠬᠠᠨᠳᠤᠭᠤᠯᠤᠨ᠂ ᠣᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠎ᠢ ᠦᠷᠭᠦᠯᠵᠢᠯᠡᠨ ᠳᠡᠭᠡᠭᠰᠢᠯᠡᠭᠦᠯᠪᠡ᠃

ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠲᠥᠪ ᠨᠢ ᠬᠡᠷᠡᠭᠯᠡᠭᠡᠨ᠎ᠦ ᠬᠦᠷᠢᠶ᠎ᠠ ᠴᠠᠷᠠᠭᠠᠨ᠎ᠳᠡᠬᠢ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠪᠥᠬᠥ ᠣᠷᠣᠨ᠎ᠤ ᠬᠡᠷᠡᠭᠯᠡᠭᠴᠢᠳ᠎ᠦᠨ ᠨᠡᠢᠭᠡᠮᠯᠢᠭ᠎ᠦᠨ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ 12 ᠠᠢᠮᠠᠭ ᠬᠣᠲᠠ᠎ᠵᠢᠨ ᠬᠡᠷᠡᠭᠯᠡᠭᠴᠢᠳ᠎ᠤᠨ ᠨᠡᠢᠭᠡᠮᠯᠢᠭ᠎ᠲᠤ ᠪᠦᠬᠦᠨ᠎ᠢ ᠪᠦᠷᠬᠦᠬᠦᠯᠬᠦ᠎ᠶᠢ ᠪᠡᠶᠡᠯᠡᠭᠦᠯᠪᠡ᠃ ᠬᠡᠷᠡᠭᠯᠡᠬᠡᠨ᠎ᠤ ᠵᠠᠭᠤᠷᠠᠯᠳᠤᠭᠠᠨ᠎ᠢ ᠡᠶᠡᠳᠡᠭᠦᠯᠦᠨ ᠰᠢᠢᠳᠪᠦᠷᠢᠯᠡᠬᠦ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠳᠡᠭᠡᠷ᠎ᠡ ᠬᠠᠭᠠᠰ ᠵᠢᠯ᠎ᠳᠦ ᠡᠯ᠎ᠡ ᠱᠠᠲᠤᠨ᠎ᠤ ᠬᠡᠷᠡᠭᠯᠡᠭᠴᠢᠳ᠎ᠦᠨ ᠨᠡᠢᠭᠡᠮᠯᠢᠭ ᠬᠡᠷᠡᠭᠯᠡᠭᠡᠨ᠎ᠦ ᠵᠠᠭᠤᠷᠠᠯᠳᠤᠭᠠᠨ᠎ᠢ 1567 ᠬᠤᠪᠢ ᠬᠦᠯᠢᠶᠡᠨ ᠠᠪᠴᠤ ᠰᠢᠢᠳᠪᠦᠷᠢᠯᠡᠨ᠂ ᠣᠯᠠᠨ ᠲᠦᠮᠡᠨ᠎ᠳᠦ 32.47 ᠲᠦᠮᠡᠨ ᠲᠥᠭᠥᠷᠢᠭ᠎ᠦᠨ ᠠᠵᠤ ᠠᠬᠤᠢ᠎ᠶᠢᠨ ᠬᠣᠬᠢᠷᠠᠯ᠎ᠢ ᠡᠭᠡᠭᠦᠯᠦᠨ ᠠᠪᠴᠢᠷᠠᠵᠤ ᠥᠭᠪᠡ᠃ 12315 ᠲᠠᠪᠴᠠᠩ᠎ᠳᠤ ᠲᠦᠰᠢᠭᠯᠡᠨ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠥᠨᠳᠥᠷ ᠪᠦᠲᠦᠮᠵᠢᠲᠡᠶ ᠰᠢᠢᠳᠪᠦᠷᠢᠯᠡᠵᠦ᠂ ᠳᠡᠭᠡᠷ᠎ᠡ ᠬᠠᠭᠠᠰ ᠵᠢᠯ᠎ᠳᠦ 135754 ᠬᠤᠪᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ᠎ᠶᠢᠨ ᠯᠠᠪᠯᠠᠭ᠎ᠠ᠎ᠶᠢ ᠰᠢᠢᠳᠪᠦᠷᠢᠯᠡᠨ ᠳᠠᠭᠤᠰᠬᠠᠵᠤ᠂ ᠶᠡᠷᠦᠩᠬᠡᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 80.72 % ᠲᠦ᠍ ᠬᠦᠷᠴᠦ᠂ ᠣᠯᠠᠨ ᠲᠦᠮᠡᠨ᠎ᠦ ᠬᠡᠷᠡᠭᠯᠡᠭᠡᠨ᠎ᠦ ᠡᠷᠬᠡ ᠠᠰᠢᠭ᠋᠎ᠢ ᠦᠨᠡᠨ ᠬᠦ᠌ ᠬᠠᠮᠠᠭᠠᠯᠠᠪᠠ᠃

ᠬᠦᠬᠡᠬᠤᠲᠠ᠎ᠵᠢᠨ ᠰᠠᠢᠬᠠᠨ ᠲᠤᠭᠤᠷᠢᠭ ᠬᠠᠭᠤᠴᠢᠨ ᠰᠠᠭᠤᠭᠠᠯᠢ ᠠᠷᠠᠳ᠎ᠤᠨ ᠲᠤᠭᠤᠷᠢᠭ᠎ᠤᠨ ᠰᠠᠭᠤᠷᠢ ᠲᠦᠬᠦᠭᠡᠷᠦᠮᠵᠢ ᠠᠨᠠᠢ᠂ ᠠᠳᠠᠯ ᠠᠬᠤᠢ᠎ᠵᠢᠨ ᠦᠢᠯᠡᠴᠢᠯᠡᠬᠡ ᠲᠠᠩᠴᠡᠬᠦᠷᠢ ᠦᠬᠡᠢ ᠵᠡᠷᠭᠡ ᠵᠠᠰᠠᠯᠲᠠ᠎ᠵᠢᠨ ᠬᠦᠴᠢᠷ ᠠᠰᠠᠭᠤᠳᠠᠯ᠎ᠳᠤ ᠴᠢᠭᠯᠡᠬᠦᠯᠦᠨ᠂ ᠨᠠᠷᠢᠯᠢᠬᠵᠢᠭᠤᠯᠤᠬᠰᠠᠨ ᠦᠨᠳᠦᠰᠦᠨ ᠱᠠᠲᠦᠨ᠎ᠤ ᠵᠠᠰᠠᠯᠲᠠ᠎ᠵᠢ ᠦᠷᠬᠦᠯᠵᠢᠯᠡᠨ ᠠᠬᠢᠭᠤᠯᠪᠠ; ᠰᠤᠷᠭᠠᠨ ᠬᠦᠮᠦᠵᠢᠯ᠂ ᠶᠠᠪᠤᠵᠦ ᠰᠠᠭᠤᠬᠤ᠂ ᠤᠷᠤᠨ ᠰᠠᠭᠤᠴᠠ ᠵᠡᠷᠭᠡ ᠤᠯᠠᠨ ᠨᠡᠢᠲᠡ᠎ᠵᠢᠨ ᠦᠢᠯᠡᠴᠢᠯᠡᠬᠡᠨ᠎ᠤ ᠪᠠᠢᠷᠢᠰᠢᠭᠤᠯᠤᠯᠲᠠ᠎ᠵᠢ ᠲᠠᠰᠤᠷᠠᠯᠲᠠ ᠦᠬᠡᠢ ᠰᠢᠯᠢᠳᠡᠭᠵᠢᠬᠦᠯᠵᠦ᠂ ᠬᠤᠲᠠ᠎ᠵᠢᠨ ᠠᠷᠠᠳ᠎ᠤᠨ ᠠᠮᠢᠳᠤᠷᠠᠯ᠎ᠤᠨ ᠲᠤᠲᠠᠭᠤᠳᠠᠯ᠎ᠢ ᠨᠦᠬᠦᠪᠦᠷᠢᠯᠡᠨ᠂ ᠤᠯᠠᠨ ᠨᠡᠢᠲᠡ᠎ᠵᠢᠨ ᠦᠢᠯᠡᠴᠢᠯᠡᠬᠡ᠎ᠵᠢ 《ᠦᠷᠭᠡᠨ ᠵᠢᠡᠷ ᠬᠠᠮᠤᠷᠬᠤ》 ᠡᠴᠡ 《ᠴᠢᠨᠠᠷ ᠰᠠᠢᠲᠠᠢ᠂ ᠨᠠᠷᠢᠯᠢᠬᠵᠢᠭᠤᠯᠬᠤ》 ᠲᠡᠢᠰᠢ ᠬᠤᠪᠢᠷᠠᠭᠤᠯᠬᠤ᠎ᠵᠢ ᠠᠬᠢᠭᠤᠯᠵᠦ᠂ ᠬᠤᠲᠠ᠎ᠵᠢᠨ ᠬᠦᠭᠵᠢᠯᠲᠡ᠎ᠵᠢᠨ ᠠᠰᠢᠭ ᠲᠤᠰᠠ᠎ᠵᠢ ᠲᠦᠭ ᠲᠦᠮᠡᠨ ᠠᠵᠢᠯ ᠡᠷᠦᠭᠡ᠎ᠳᠤ ᠬᠦᠷᠭᠡᠪᠡ᠃

ᠦᠨᠳᠦᠰᠦᠨ ᠱᠠᠲᠦᠨ᠎ᠤ ᠵᠠᠰᠠᠯᠲᠠ᠎ᠵᠢᠨ ᠲᠠᠯ᠎ᠠ ᠪᠡᠷ᠂ ᠠᠯᠠᠱᠠ ᠠᠢᠮᠠᠭ᠎ᠤᠨ ᠲᠠᠯᠠᠢᠭᠦ᠋ᠪ ᠪᠠᠯᠭᠠᠰᠤᠨ᠎ᠤ ᠰᠤᠪᠨᠠᠭᠤᠷ ᠵᠠᠮ᠎ᠤᠨ ᠨᠡᠢᠭᠡᠮ ᠲᠤᠭᠤᠷᠢᠭ᠎ᠤᠨ ᠬᠢᠨ ᠠᠰᠠᠭᠤᠳᠠᠯ ᠵᠢᠡᠷ ᠤᠳᠤᠷᠢᠳᠤᠮᠵᠢ ᠪᠤᠯᠭᠠᠬᠤ᠎ᠵᠢ ᠪᠠᠷᠢᠮᠳᠠᠯᠠᠵᠦ᠂ ᠤᠯᠠᠨ ᠲᠦᠮᠡᠨ᠎ᠤ ᠬᠦᠰᠡᠯ ᠱᠠᠭᠠᠷᠳᠠᠯᠭ᠎ᠠ᠎ᠵᠢ ᠪᠠᠢᠩᠭᠤ ᠤᠢᠯᠠᠭᠠᠵᠦ᠂ ᠨᠠᠷᠢᠨ ᠲᠠᠩᠰᠠᠴᠢᠯᠠᠨ ᠬᠠᠮᠢᠶᠠᠷᠬᠤ᠂ ᠲᠦᠷᠦᠯ ᠵᠦᠢᠯᠵᠢᠬᠦᠯᠦᠨ ᠠᠬᠢᠭᠤᠯᠬᠤ᠂ ᠪᠢᠳᠡᠬᠦᠦ ᠴᠠᠭᠠᠷᠢᠭᠲᠦ ᠬᠠᠮᠢᠶᠠᠷᠤᠯᠲᠠ᠎ᠵᠢ ᠨᠠᠢᠳᠠᠪᠤᠷᠢᠵᠢᠭᠤᠯᠪᠠ᠃ ᠡᠬᠦᠨ᠎ᠳᠤ᠂ ᠮᠸᠢ ᠶᠤᠸᠠᠨ ᠰᠠᠭᠤᠭᠠᠯᠢ ᠠᠷᠠᠳ᠎ᠤᠨ ᠲᠤᠭᠤᠷᠢᠭ᠎ᠤᠨ ᠵᠠᠮ᠎ᠢ ᠦᠷᠭᠡᠳᠭᠡᠨ ᠪᠠᠢᠭᠤᠯᠬᠤ ᠢᠨᠵᠸᠨ᠋ᠸᠷᠢᠩ᠎ᠢ ᠤᠷᠤᠬᠰᠢᠲᠠᠢ ᠬᠡᠷᠡᠭᠵᠢᠬᠦᠯᠵᠦ᠂ ᠰᠠᠭᠤᠭᠠᠯᠢ ᠠᠷᠠᠳ᠎ᠤᠨ ᠶᠠᠪᠤᠵᠦ ᠰᠠᠭᠤᠬᠤ ᠲᠦᠭᠵᠢᠷᠡᠯ᠎ᠤᠨ ᠠᠰᠠᠭᠤᠳᠠᠯ᠎ᠢ ᠰᠢᠢᠳᠪᠦᠷᠢᠯᠡᠵᠦ᠂ ᠤᠷᠤᠨ ᠰᠠᠭᠤᠴᠠ᠎ᠵᠢᠨ ᠤᠷᠴᠢᠨ ᠲᠤᠭᠤᠷᠢᠨ᠎ᠢ ᠰᠠᠢᠵᠢᠷᠠᠭᠤᠯᠵᠦ᠂ ᠠᠷᠠᠳ᠎ᠤᠨ ᠠᠮᠢᠳᠤᠷᠠᠯ᠎ᠤᠨ ᠪᠠᠭ᠎ᠠ ᠶᠠᠪᠤᠳᠠᠯ ᠪᠦᠬᠦᠨ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠦ᠂ ᠤᠯᠠᠨ ᠲᠦᠮᠡᠨ᠎ᠤ ᠦᠷᠭᠡᠨ ᠳᠡᠯᠭᠡᠷ ᠰᠠᠢᠨ ᠦᠨᠡᠯᠡᠯᠲᠡ᠎ᠵᠢ ᠤᠯᠪᠠ᠃

ᠦᠨᠳᠦᠰᠦᠨ ᠱᠠᠲᠤᠨ᠎ᠳᠤ ᠬᠦᠨᠵᠡᠬᠡᠢᠷᠡᠨ ᠠᠷᠠᠳ ᠲᠸ᠋ ᠠᠰᠢᠭ᠋ ᠬᠦᠷᠲᠡᠭᠡᠬᠦ ᠪᠦᠲᠦᠮᠵᠢᠲᠡᠶ ᠲᠤᠬᠲᠠᠴᠠ᠎ᠵᠢ ᠪᠠᠢᠭᠤᠯᠪᠠ

ᠪᠦᠬᠦ ᠤᠷᠤᠨ᠎ᠤ ᠡᠯ᠎ᠡ ᠭᠠᠵᠠᠷ᠎ᠤᠨ ᠬᠢᠨ ᠦᠨᠳᠦᠰᠦᠨ ᠱᠠᠲᠤᠨ᠎ᠤ ᠵᠠᠰᠠᠯᠲᠠ᠎ᠶᠢᠨ ᠡᠮᠦᠨ᠎ᠡ ᠹᠷᠣᠨᠲ᠎ᠲᠤ ᠰᠠᠭᠤᠷᠢᠯᠠᠨ᠂ ᠣᠬᠣᠷ ᠬᠤᠭᠤᠴᠠᠭᠠᠨ᠎ᠤ᠂ ᠥᠩᠭᠡᠨ ᠲᠠᠯ᠎ᠠ᠎ᠶᠢᠨ ᠠᠵᠢᠯ᠎ᠤᠨ ᠰᠡᠳᠬᠢᠴᠡ᠎ᠶᠢ ᠲᠠᠶᠠᠭᠳᠠᠵᠤ᠂ ᠠᠯᠤᠰ ᠬᠡᠲᠦ᠎ᠶᠢᠨ ᠦᠷᠭᠦᠯᠵᠢᠯᠡᠬᠦᠢᠴᠡ ᠬᠥᠭᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠷᠠᠳ᠎ᠲᠤ ᠠᠰᠢᠭ᠋ ᠬᠦᠷᠲᠡᠭᠡᠬᠦ ᠠᠷᠭ᠎ᠠ ᠬᠡᠮᠵᠢᠶ᠎ᠡ᠎ᠶᠢ ᠪᠠᠢᠩᠭᠤ ᠪᠥᠭᠡᠳ ᠪᠦᠲᠦᠮᠵᠢᠲᠡᠶ ᠨᠠᠢᠳᠠᠪᠤᠷᠢᠵᠢᠭᠤᠯᠬᠤ᠎ᠶᠢ ᠠᠬᠢᠭᠤᠯᠪᠠ᠃

ᠠᠯᠠᠱᠠ ᠠᠢᠮᠠᠭ ᠰᠤᠷᠤᠯᠴᠠᠯᠭ᠎ᠠ ᠬᠥᠮᠦᠵᠢᠯ᠎ᠢᠶᠡᠷ ᠭᠠᠷᠳᠠᠴᠠ ᠪᠣᠯᠭᠠᠵᠤ᠂ ᠦᠨᠳᠦᠰᠦᠨ ᠱᠠᠲᠤᠨ᠎ᠤ ᠺᠠᠳ᠋ᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠲᠤᠰᠬᠠᠢ ᠰᠡᠳᠦᠪᠲᠦ ᠪᠣᠯᠪᠠᠰᠤᠷᠠᠯ᠎ᠳᠤ ᠲᠦᠰᠢᠭᠯᠡᠨ᠂ ᠺᠠᠳ᠋ᠷ᠎ᠤᠨ ᠡᠩᠨᠡᠭᠡ᠎ᠶᠢ ᠳᠠᠪᠲᠠᠨ ᠪᠣᠯᠪᠠᠰᠤᠷᠠᠭᠤᠯᠪᠠ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ 《ᠬᠣᠣᠰ ᠨᠡᠷ᠎ᠡ ᠮᠡᠳᠡᠭᠦᠯᠬᠦ᠂ ᠬᠣᠣᠰ ᠦᠢᠯᠡᠴᠢᠯᠡᠭᠡ ᠦᠷᠨᠢᠬᠦᠯᠬᠦ᠂ ᠬᠣᠣᠰ ᠮᠡᠳᠡᠭᠦᠯᠦᠯᠲᠡ ᠬᠢᠬᠦ》 ᠲᠣᠭᠲᠠᠴᠠ᠎ᠶᠢ ᠭᠦᠨᠵᠡᠭᠡᠢᠷᠡᠭᠦᠯᠵᠦ᠂ ᠬᠡᠷᠡᠭᠴᠡᠭᠡ ᠱᠠᠭᠠᠷᠳᠠᠯᠭ᠎ᠠ᠂ ᠡᠬᠢ ᠪᠠᠶᠠᠯᠢᠭ᠋᠂ ᠲᠥᠷᠥᠯ ᠵᠦᠢᠯ᠎ᠦᠨ 《ᠭᠤᠷᠪᠠᠨ ᠨᠠᠷᠢᠨ ᠲᠠᠩᠰᠠ》ᠵᠢ ᠬᠡᠷᠡᠭᠵᠢᠭᠦᠯᠵᠦ᠂ ᠲᠣᠭᠠᠴᠢᠯᠠᠭᠰᠠᠨ ᠲᠠᠪᠴᠠᠩ᠎ᠢ ᠠᠰᠢᠭ᠍ᠯᠠᠨ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠰᠢᠢᠳᠪᠦᠷᠢᠯᠡᠬᠦ ᠪᠢᠲᠡᠭᠦᠦ ᠴᠠᠭᠠᠷᠢᠬᠲᠦ ᠰᠢᠰᠲᠸᠮ᠎ᠢ ᠪᠠᠢᠭᠤᠯᠪᠠ᠃ ᠪᠥᠬᠥ ᠠᠢᠮᠠᠭ᠎ᠤᠨ 543 ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠠᠵᠢᠯ᠎ᠤᠨ ᠪᠠᠢᠷᠢ᠎ᠳᠤ ᠪᠠᠢᠭ᠎ᠠ 6000 ᠭᠠᠷᠤᠢ ᠨᠠᠮ᠎ᠤᠨ ᠭᠡᠰᠢᠭᠦᠨ ᠦᠢᠯᠡᠴᠢᠯᠡᠭᠡ᠎ᠪᠡᠨ ᠪᠠᠢᠩᠭᠤᠵᠢᠭᠤᠯᠤᠨ ᠥᠷᠨᠢᠭᠦᠯᠵᠦ᠂ ᠰᠠᠢᠨ ᠳᠤᠷ᠎ᠠ᠎ᠶᠢᠨ ᠦᠢᠯᠡᠴᠢᠯᠡᠭᠡ᠎ᠶᠢ ᠨᠡᠶ᠋ᠢᠲᠡ 631 ᠲᠠᠯᠠᠪᠤᠷ ᠤᠳᠠᠭ᠎ᠠ ᠵᠣᠬᠢᠶᠠᠨ ᠪᠠᠢᠭᠤᠯᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ 515 ᠬᠤᠪᠢ ᠤᠴᠢᠷ ᠶᠠᠪᠤᠳᠠᠯ᠎ᠢ ᠰᠢᠢᠳᠪᠦᠷᠢᠯᠡᠵᠦ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠦᠨᠳᠦᠰᠦᠨ ᠱᠠᠲᠤᠨ᠎ᠤ ᠵᠠᠰᠠᠯᠲᠠ᠎ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶᠢ ᠠᠬᠢᠭᠤᠯᠪᠠ᠃

ᠬᠥᠯᠥᠨ ᠪᠤᠢ᠍ᠢᠷ ᠬᠤᠳᠠ᠎ᠶᠢᠨ ᠬᠠᠢᠯᠠᠷ ᠲᠣᠭᠣᠷᠢᠭ᠋ ᠤᠯᠠᠨ ᠲᠦᠮᠡᠨ᠎ᠦ ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠴᠢᠩᠭ᠎ᠠ ᠠᠩᠬᠠᠷᠴᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠢᠢᠳᠪᠦᠷᠢᠯᠡᠨ ᠨᠠᠢᠳᠠᠪᠤᠷᠢᠵᠢᠭᠤᠯᠬᠤ᠎ᠶᠢ ᠨᠢᠭᠡᠳ ᠨᠢᠭᠡ᠎ᠪᠡᠷ ᠠᠬᠢᠭᠤᠯᠪᠠ᠃ ᠡᠬᠦᠨ᠎ᠳᠤ ᠡᠮᠴᠢᠯᠡᠭᠡᠨ᠎ᠦ ᠪᠠᠢᠭᠤᠯᠤᠮᠵᠢ ᠲᠠᠷᠢᠶᠠᠯᠠᠩ ᠮᠠᠯᠵᠢᠯ᠎ᠤᠨ ᠲᠠᠯᠠᠪᠠᠢ᠂ ᠨᠠᠰᠤᠲᠠᠨ᠎ᠢ ᠠᠰᠠᠷᠠᠬᠤ ᠬᠦᠷᠢᠶᠡᠯᠡᠩ᠎ᠳᠦ ᠭᠦᠨᠵᠡᠭᠡᠢᠷᠡᠨ ᠠᠯᠪᠠᠨ ᠵᠢᠷᠤᠮ᠎ᠤᠨ ᠡᠮᠴᠢᠯᠡᠭᠡᠨ᠎ᠦ ᠦᠢᠯᠡᠴᠢᠯᠡᠭᠡ ᠥᠷᠨᠢᠭᠦᠯᠪᠡ; ᠨᠡᠢᠭᠡᠮ ᠲᠣᠭᠣᠷᠢᠭ᠋ ᠣᠯᠠᠨ ᠲᠠᠯ᠎ᠠ᠎ᠵᠢᠨ ᠬᠢᠨ ᠲᠠᠢ ᠬᠣᠯᠪᠤᠭᠠᠯᠠᠨ ᠬᠥᠳᠡᠯᠦᠯᠴᠡᠵᠦ ᠣᠷᠳᠣ᠌ ᠬᠤᠭᠤᠴᠠᠭ᠎ᠠ᠎ᠪᠠᠷ ᠰᠢᠢᠳᠪᠦᠷᠢᠯᠡᠭᠳᠡᠭᠡ ᠦᠬᠡᠢ ᠡᠷᠦᠬᠡ ᠠᠮᠠ᠎ᠶᠢᠨ ᠦᠯᠡᠳᠡᠭᠳᠡᠯ ᠠᠰᠠᠭᠤᠳᠠᠯ᠎ᠢ ᠰᠢᠢᠳᠪᠦᠷᠢᠯᠡᠪᠡ; ᠬᠥᠳᠡᠭᠡ ᠲᠣᠰᠬᠣᠨ᠎ᠤ ᠰᠤᠯᠠ ᠳᠠᠯᠪᠢᠬᠳᠠᠵᠦ ᠪᠠᠢᠭ᠎ᠠ ᠭᠠᠵᠠᠷ ᠰᠢᠷᠣᠢ᠎ᠶᠢᠨ ᠡᠬᠢ ᠪᠠᠶᠠᠯᠢᠭ᠋᠎ᠢ ᠠᠮᠢᠳᠤᠯᠢᠭ᠍ᠵᠢᠭᠤᠯᠵᠤ᠂ ᠲᠣᠰᠬᠣᠨ᠎ᠤ ᠠᠷᠠᠳ᠎ᠤᠨ ᠭᠠᠵᠠᠷ ᠰᠢᠷᠣᠢ᠎ᠶᠢᠨ ᠡᠵᠡᠩᠨᠡᠯᠲᠡ᠎ᠵᠢᠨ ᠡᠷᠬᠡ᠎ᠵᠢ ᠬᠦᠢᠯᠭᠡᠭᠡᠵᠦ ᠣᠷᠣᠯᠭ᠎ᠠ᠎ᠶᠢ ᠨᠢ ᠨᠡᠮᠡᠭᠳᠡᠭᠦᠯᠬᠦ᠎ᠶᠢ ᠠᠬᠢᠭᠤᠯᠪᠡ;ᠬᠣᠲᠠ᠎ᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ ᠰᠤᠯᠠ ᠳᠠᠯᠪᠢᠬᠳᠠᠵᠦ ᠪᠠᠢᠭ᠎ᠠ ᠭᠠᠵᠠᠷ᠎ᠢ ᠠᠰᠢᠬᠯᠠᠨ ᠵᠢᠵᠢᠭ ᠴᠡᠴᠡᠷᠯᠢᠭ ᠪᠠᠢᠭᠤᠯᠵᠤ᠂ ᠬᠡᠳᠦᠨ ᠮᠢᠩᠭᠠᠨ ᠰᠠᠭᠤᠭᠠᠯᠢ ᠠᠷᠠᠳ᠎ᠲᠤ ᠠᠰᠢᠭ᠋ ᠬᠦᠷᠲᠡᠭᠡᠪᠡ᠃ ᠡᠢᠨ᠎ᠬᠦ ᠬᠠᠢᠯᠠᠷ ᠲᠣᠭᠣᠷᠢᠭ᠋ ᠨᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠣᠯᠠᠨ ᠲᠦᠮᠡᠨ᠎ᠦ ᠦᠨᠡᠨ ᠪᠣᠳᠠᠲᠠᠢ ᠲᠥᠷᠥᠭᠳᠡᠯ᠎ᠢᠶᠡᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶᠢ ᠰᠢᠯᠭᠠᠪᠠ᠃

ᠬᠢᠯᠠᠰ ᠴᠡᠭ ᠪᠤᠯᠬᠤ ᠭᠦᠢᠴᠡᠳᠬᠡᠯ ᠲᠣᠭ᠎ᠠ᠂ ᠥᠩᠭᠡᠨ ᠲᠠᠯ᠎ᠠ᠎ᠶᠢᠨ ᠳᠦᠷᠢ ᠲᠥᠷᠬᠦ᠎ᠶᠢᠨ ᠢᠨᠵᠧᠨᠧᠷᠢᠩ᠎ᠢ ᠬᠥᠭᠡᠭᠡᠴᠡᠯᠳᠦᠬᠦ ᠦᠭᠡᠢ ᠪᠠᠢᠵᠤ᠂ ᠣᠯᠠᠨ ᠲᠦᠮᠡᠨ᠎ᠦ ᠰᠡᠳᠬᠢᠯ ᠬᠠᠨᠤᠮᠵᠢᠲᠠᠶ ᠪᠠᠢᠬᠤ ᠡᠰᠡᠬᠦ᠎ᠶᠢ ᠢᠮᠠᠭᠲᠠ ᠵᠠᠰᠠᠭ᠎ᠤᠨ ᠠᠵᠢᠯ᠎ᠤᠨ ᠪᠦᠲᠦᠮᠵᠢ᠎ᠶᠢ ᠰᠢᠯᠭᠠᠨ ᠦᠨᠡᠯᠡᠬᠦ ᠦᠨᠳᠦᠰᠦᠨ ᠪᠠᠷᠢᠮᠵᠢᠶ᠎ᠠ ᠪᠣᠯᠭᠠᠨ᠎ᠠ᠃ ᠪᠥᠬᠥ ᠣᠷᠣᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠦᠷᠭᠦᠯᠵᠢᠯᠡᠨ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ ᠨᠠᠮ᠎ᠢᠶᠠᠨ ᠳᠠᠭᠠᠨ ᠡᠷᠡᠰ ᠤᠷᠤᠬᠰᠢᠯᠠᠵᠦ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠴᠥᠬᠥᠷᠡᠰᠢ ᠦᠭᠡᠢ ᠰᠠᠢᠲᠤᠷ ᠬᠢᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠵᠠ ᠵᠢᠷᠭᠠᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面