2026-08-10 10:38:07
ᠰᠢᠨ᠎ᠡ ᠰᠣᠷᠭᠣᠭ ᠵᠢᠮᠢᠰ ᠢᠳᠡᠰᠢᠨ ᠨᠣᠭᠣᠭ᠎ᠠ᠎ᠵᠢ ᠡᠩ᠎ᠦᠨ ᠦᠨ᠎ᠡ ᠪᠡᠷ ᠨᠡᠢᠭᠡᠮ ᠲᠣᠭᠣᠷᠢᠭ᠋᠎ᠲᠤ ᠰᠢᠭᠤᠳ ᠬᠦᠷᠭᠡᠨ᠂ ᠲᠥᠬᠥᠮ ᠲᠦᠳᠡ ᠦᠢᠯᠡᠴᠢᠯᠡᠭᠡ᠎ᠪᠡᠷ ᠲᠦᠭ ᠲᠦᠮᠡᠨ ᠠᠢᠯ ᠡᠷᠦᠬᠡ᠎ᠳᠦ ᠠᠰᠢᠭ ᠬᠦᠷᠳᠡᠭᠡᠨ᠎ᠡ ᠁ ᠲᠦᠷᠦᠭᠦᠬᠡᠨ᠂ ᠪᠤᠭᠤᠲᠤ ᠬᠣᠲᠠ᠎ᠶᠢᠨ ᠴᠢᠩᠱᠠᠨ ᠲᠣᠭᠣᠷᠢᠭ᠋᠎ᠤᠨ ᠬᠠᠩᠭᠠᠨ ᠪᠣᠷᠣᠯᠠᠭᠤᠯᠬᠤ ᠬᠣᠷᠰᠢᠶ᠎ᠠ᠎ᠶᠢᠨ ᠡᠬᠦᠰᠭᠡᠨ ᠪᠠᠢᠭᠤᠯᠤᠭᠰᠠᠨ 《ᠴᠢᠩᠱᠠᠨᠤ ᠰᠠᠢᠨ ᠪᠠᠷᠠᠭ᠎ᠠ·ᠬᠠᠩᠭᠠᠨ ᠪᠣᠷᠣᠯᠠᠭᠤᠯᠭ᠎ᠠ᠎ᠵᠢᠨ ᠰᠢᠯᠢᠳᠡᠭ ᠰᠣᠩᠭᠣᠯᠲᠠ》 ᠨᠡᠢᠭᠡᠮ ᠲᠣᠭᠣᠷᠢᠭ᠋᠎ᠤᠨ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠳᠡᠯᠭᠡᠭᠦᠷ ᠨᠢ ᠤᠰᠤᠲᠤ ᠵᠡᠭᠡᠯᠢ ᠭᠤᠳᠤᠮᠵᠢ᠎ᠶᠢᠨ ᠢᠦᠢ ᠰᠢᠨ ᠨᠡᠢᠭᠡᠮ ᠲᠣᠭᠣᠷᠢᠭ᠋᠎ᠲᠤ ᠲᠤᠷᠰᠢᠨ ᠡᠵᠡᠩᠨᠡᠯᠲᠠ ᠬᠢᠵᠦ᠂ ᠲᠠᠷᠢᠶᠠᠨ ᠭᠠᠵᠠᠷ᠎ᠤᠨ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭᠳᠡᠬᠦᠨ᠎ᠢ ᠬᠥᠳᠡᠭᠡ ᠲᠣᠰᠬᠣᠨ᠎ᠠᠴᠠ ᠭᠠᠷᠭᠠᠵᠤ᠂ ᠰᠠᠭᠤᠭᠠᠯᠢ ᠠᠷᠠᠳ᠎ᠤᠨ ᠡᠭᠦᠳᠡᠨ᠎ᠳᠦ ᠬᠦᠷᠭᠡᠪᠡ᠃
ᠬᠥᠳᠡᠭᠡ ᠠᠵᠤ ᠠᠬᠤᠢ᠎ᠳᠤ ᠦᠢᠯᠡᠴᠢᠯᠡᠬᠦ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢᠨ ᠲᠥᠯᠥᠭᠡ᠂ ᠴᠢᠩᠱᠠᠨ ᠲᠣᠭᠣᠷᠢᠭ᠋᠎ᠤᠨ ᠬᠠᠩᠭᠠᠨ ᠪᠣᠷᠣᠯᠠᠭᠤᠯᠬᠤ ᠬᠤᠷᠰᠢᠶ᠎ᠠ 《ᠬᠤᠪᠢᠰᠬᠠᠯᠲᠤ ᠬᠠᠩᠭᠠᠨ ᠪᠣᠷᠣᠯᠠᠭᠤᠯᠭ᠎ᠠ·ᠠᠷᠠᠳ᠎ᠲᠤ ᠠᠰᠢᠭ᠋ ᠬᠦᠷᠲᠡᠭᠡᠬᠦ》 ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠬᠠᠩᠭᠠᠨ ᠪᠣᠷᠣᠯᠠᠭᠤᠯᠬᠤ ᠦᠢᠯᠡᠴᠢᠯᠡᠭᠡ᠎ᠶᠢᠨ ᠲᠣᠣᠷᠵᠢᠯ᠎ᠳᠤ ᠭᠦᠨᠵᠡᠭᠡᠢᠷᠡᠬᠦ᠂ ᠨᠡᠢᠭᠡᠮ ᠲᠣᠭᠣᠷᠢᠭ᠋᠎ᠲᠤ ᠦᠨᠳᠦᠰᠦᠯᠡᠬᠦ᠎ᠶᠢ ᠠᠬᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠳᠤ ᠭᠦᠨᠵᠡᠭᠡᠢ ᠠᠭᠤᠰᠤᠯᠴᠠᠵᠤ᠂ ᠣᠷᠣᠨ ᠨᠤᠲᠤᠭ᠎ᠤᠨ ᠠᠵᠤ ᠦᠢᠯᠡᠰ᠎ᠦᠨ ᠬᠥᠭᠵᠢᠯᠲᠡ᠎ᠳᠦ ᠬᠦᠴᠦᠨ ᠤᠯᠭᠤᠪᠠ᠃ 《ᠴᠢᠩᠱᠠᠨ ᠲᠤᠭᠤᠷᠢᠭ᠎ᠤᠨ ᠬᠠᠩᠭᠠᠨ ᠪᠤᠷᠤᠯᠠᠭᠤᠯᠬᠤ ᠬᠤᠷᠰᠢᠶ᠎ᠠ᠎ᠵᠢᠨ ᠬᠤᠯᠪᠤᠭ᠎ᠠ》 ᠵᠢᠨ ᠡᠬᠢ ᠪᠠᠶᠠᠯᠢᠭ᠋᠎ᠤᠨ ᠳᠠᠪᠠᠭᠤᠯᠢᠭ᠋᠎ᠲᠤ ᠲᠦᠰᠢᠭᠯᠡᠨ᠂ ᠦᠨᠳᠦᠰᠦᠨ ᠱᠠᠲᠤᠨ᠎ᠤ ᠬᠠᠩᠭᠠᠨ ᠪᠤᠷᠤᠯᠠᠭᠤᠯᠬᠤ ᠬᠣᠷᠰᠢᠶ᠎ᠠ᠂ ᠲᠠᠷᠢᠶᠠᠴᠢᠳ᠎ᠤᠨ ᠲᠤᠰᠬᠠᠢ ᠬᠣᠷᠰᠢᠶ᠎ᠠ᠂ ᠲᠣᠰ ᠭᠠᠵᠠᠷ ᠣᠷᠣᠨ᠎ᠤ ᠲᠠᠷᠢᠶᠠᠯᠠᠩ᠎ᠳᠤ ᠬᠣᠯᠪᠣᠭᠳᠠᠬᠤ ᠠᠵᠤ ᠠᠬᠤᠢᠯᠠᠯ ᠵᠡᠷᠭᠡ ᠣᠯᠠᠨ ᠲᠠᠯ᠎ᠠ᠎ᠶᠢᠨ ᠬᠦᠴᠦᠨ ᠵᠦᠢᠯ᠎ᠢ ᠡᠮᠬᠢᠯᠡᠨ ᠨᠡᠢᠯᠡᠭᠦᠯᠵᠦ᠂ ᠬᠠᠷᠢᠶ᠎ᠠ ᠣᠷᠣᠨ᠎ᠤ ᠲᠠᠷᠢᠮᠠᠯ᠂ ᠲᠡᠵᠢᠭᠡᠨ ᠦᠷᠡᠵᠢᠭᠦᠯᠬᠦ᠂ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶᠢᠨ ᠪᠦᠲᠦᠭᠡᠭᠳᠡᠬᠦᠨ᠎ᠢ ᠡᠳ᠋ᠰᠢᠭᠦᠯᠬᠦ ᠴᠢᠨᠠᠷ ᠰᠠᠢᠲᠠᠢ ᠡᠬᠢ ᠪᠠᠶᠠᠯᠢᠭ᠋᠎ᠢ ᠬᠤᠷᠠᠮᠳᠤᠭᠤᠯᠤᠨ᠂ ᠡᠬᠢ ᠡᠭᠦᠰᠦᠯ᠎ᠡᠴᠡ ᠨᠢ ᠡᠵᠡᠮᠳᠡᠬᠦ᠂ ᠶᠠᠰᠤ ᠴᠢᠨᠠᠷ᠎ᠢ ᠨᠢᠭᠡᠳᠦᠯᠲᠡᠢ ᠪᠠᠢᠴᠠᠭᠠᠬᠤ᠂ ᠪᠥᠬᠥ ᠶᠠᠪᠤᠴᠠ᠎ᠳᠤ ᠢᠷᠡᠯᠲᠡ᠎ᠶᠢ ᠨᠢ ᠮᠥᠷᠳᠡᠬᠦ ᠪᠣᠬᠢᠷᠲᠤᠯ ᠦᠭᠡᠢ ᠲᠠᠷᠢᠶᠠᠯᠠᠩᠤᠨᠲᠤᠰᠠᠯᠠᠬᠤ ᠠᠵᠤ ᠠᠬᠤᠢ᠎ᠶᠢᠨ ᠪᠦᠲᠦᠭᠡᠭᠳᠡᠬᠦᠨ᠎ᠦ ᠬᠠᠩᠭᠠᠯᠭ᠎ᠠ᠎ᠶᠢᠨ ᠬᠡᠯᠬᠢᠶ᠎ᠡ᠎ᠶᠢ ᠪᠠᠢᠭᠤᠯᠪᠡ᠃
ᠣᠷᠳᠣ᠌ ᠬᠤᠭᠤᠴᠠᠭᠠᠨ᠎ᠤ ᠲᠤᠷᠰᠢ᠂ ᠲᠤᠬᠠᠢ᠎ᠶᠢᠨ ᠭᠠᠵᠠᠷ᠎ᠤᠨ ᠲᠠᠷᠢᠶᠠᠴᠢᠨ ᠡᠷᠦᠬᠡ᠎ᠶᠢᠨ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭᠳᠡᠬᠦᠨ ᠨᠢ ᠪᠣᠷᠤᠯᠠᠭᠤᠯᠭ᠎ᠠ᠎ᠶᠢᠨ ᠵᠠᠮ ᠢᠪᠴᠤᠤ᠂ ᠭᠦᠢᠯᠭᠡᠭᠡᠨ᠎ᠦ ᠭᠣᠭᠴᠣᠭ᠎ᠠ ᠣᠯᠠᠨ᠂ ᠲᠡᠭᠡᠭᠡᠪᠦᠷᠢ᠎ᠶᠢᠨ ᠥᠪᠡᠷ᠎ᠦᠨ ᠥᠷᠲᠡᠭ ᠥᠨᠳᠥᠷ ᠪᠠᠢᠬᠤ ᠬᠦᠴᠢᠷᠳᠡᠯ᠎ᠳᠦ ᠲᠤᠯᠭᠠᠷᠠᠵᠤ᠂ ᠰᠠᠢᠨ ᠪᠠᠷᠠᠭ᠎ᠠ᠎ᠶᠢ ᠰᠠᠢᠨ ᠦᠨ᠎ᠡ᠎ᠪᠡᠷ ᠬᠤᠳᠠᠯᠳᠤᠬᠤ᠎ᠳᠤ ᠬᠦᠴᠢᠷᠲᠡᠢ ᠪᠠᠢᠵᠠᠢ᠃ ᠡᠨᠡ ᠦᠶ᠎ᠡ᠎ᠳᠤ᠂ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ ᠬᠠᠷᠢᠨ ᠦᠷᠭᠦᠯᠵᠢ ᠰᠢᠨ᠎ᠡ ᠰᠣᠷᠭᠣᠭ᠂ ᠡᠩ᠎ᠤᠨ ᠦᠨ᠎ᠡ᠎ᠶᠢᠨ ᠤᠷᠤᠨ ᠨᠤᠲᠤᠭ᠎ᠤᠨ ᠣᠨᠴᠠ ᠭᠠᠷᠤᠯᠲᠠ ᠪᠠᠨ ᠬᠤᠳᠠᠯᠳᠤᠨ ᠠᠪᠴᠤ ᠳᠡᠢᠯᠬᠦ ᠦᠭᠡᠢ ᠲᠦᠪᠡᠭᠳᠡᠵᠦ ᠪᠠᠢᠪᠠ᠃ ᠠᠷᠠᠳ᠎ᠤᠨ ᠠᠮᠢᠳᠤᠷᠠᠯ᠎ᠤᠨ ᠬᠠᠩᠭᠠᠯᠭ᠎ᠠ ᠬᠡᠷᠡᠭᠴᠡᠭᠡ᠎ᠶᠢᠨ ᠬᠦᠴᠢᠷ ᠠᠰᠠᠭᠤᠳᠠᠯ᠎ᠳᠤ ᠴᠢᠭᠯᠡᠭᠦᠯᠦᠨ᠂ ᠴᠢᠩᠱᠠᠨ ᠲᠣᠭᠣᠷᠢᠭ᠋᠎ᠤᠨ ᠬᠠᠩᠭᠠᠨ ᠪᠣᠷᠣᠯᠠᠭᠤᠯᠬᠤ ᠬᠤᠷᠰᠢᠶ᠎ᠠ ᠤᠨᠢᠨ ᠳᠡᠭᠡᠷ᠎ᠡ ᠨᠢ ᠠᠰᠠᠭᠤᠳᠠᠯ᠎ᠢ ᠰᠢᠢᠳᠪᠦᠷᠢᠯᠡᠵᠦ᠂ ᠲᠠᠷᠢᠶᠠᠨ ᠭᠠᠵᠠᠷ ᠪᠠ ᠨᠡᠢᠭᠡᠮ ᠲᠣᠭᠣᠷᠢᠭ᠋᠎ᠤᠨ 《ᠰᠢᠭᠤᠳ ᠨᠡᠪᠲᠡᠷᠡᠬᠦ ᠬᠥᠭᠥᠷᠭᠡ》 ᠶ᠋ᠢ ᠪᠠᠢᠭᠤᠯᠵᠤ᠂ ᠬᠠᠩᠭᠠᠯᠭ᠎ᠠ ᠪᠣᠷᠤᠯᠠᠭᠤᠯᠭ᠎ᠠ᠎ᠶᠢ ᠬᠣᠯᠪᠣᠬᠤ᠎ᠵᠢ ᠦᠨᠡᠨ ᠬᠦ᠌ ᠪᠡᠶᠡᠯᠡᠭᠦᠯᠪᠡ᠃ ᠠᠷᠠᠳ᠎ᠲᠤ ᠲᠥᠬᠥᠮ ᠦᠵᠡᠭᠦᠯᠬᠦ ᠳᠡᠯᠭᠡᠭᠦᠷ ᠨᠢ ᠲᠤᠬᠠᠢ᠎ᠶᠢᠨ ᠭᠠᠵᠠᠷ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠲᠦᠭᠵᠢᠷᠡᠯ᠎ᠢ ᠲᠤᠢᠯᠪᠤᠷᠢᠲᠠᠢ ᠨᠠᠪᠲᠠᠷᠡᠭᠦᠯᠵᠦ᠂ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶᠢᠨ ᠪᠦᠲᠦᠭᠡᠭᠳᠡᠬᠦᠨ᠎ᠦ ᠪᠣᠷᠤᠯᠠᠭᠤᠯᠭ᠎ᠠ᠎ᠶᠢᠨ ᠠᠷᠭ᠎ᠠ ᠵᠠᠮ᠎ᠢ ᠲᠣᠭᠲᠠᠪᠤᠷᠢᠵᠢᠭᠤᠯᠵᠤ᠂ ᠲᠠᠷᠢᠶᠠᠴᠢᠨ ᠡᠷᠦᠬᠡ᠎ᠶᠢ ᠦᠨᠡᠨ ᠬᠦ᠌ ᠬᠠᠪᠰᠤᠷᠤᠨ ᠣᠷᠣᠯᠭ᠎ᠠ᠎ᠶᠢ ᠨᠢ ᠲᠣᠭᠲᠠᠭᠤᠨ᠎ᠢᠶᠠᠷ ᠨᠡᠮᠡᠭᠳᠡᠭᠦᠯᠵᠦ᠂ ᠬᠥᠳᠡᠭᠡ ᠲᠣᠰᠬᠣᠨ᠎ᠤ ᠠᠵᠤ ᠦᠢᠯᠡᠰ᠎ᠦᠨ ᠬᠥᠭᠵᠢᠯᠲᠡ᠎ᠳᠦ ᠲᠠᠰᠤᠷᠠᠯᠲᠠ ᠦᠭᠡᠢ ᠠᠮᠢᠵᠢᠷᠠᠯ᠎ᠤᠨ ᠬᠦᠴᠦᠨ ᠨᠡᠮᠡᠷᠢᠯᠡᠪᠡ᠃ ᠡᠨᠡ ᠦᠶ᠎ᠡ᠎ᠳᠤ᠂ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ ᠡᠭᠦᠳᠡᠨ ᠡᠮᠦᠨ᠎ᠡ ᠡᠴᠡ ᠪᠠᠨ ᠰᠢᠨ᠎ᠡ ᠰᠣᠷᠭᠣᠭ ᠵᠢᠮᠢᠰ ᠢᠳᠡᠰᠢᠨ ᠨᠣᠭᠣᠭ᠎ᠠ᠎ᠶᠢ ᠰᠣᠩᠭᠣᠨ ᠬᠤᠳᠠᠯᠳᠤᠨ ᠠᠪᠬᠤ᠎ᠵᠢ ᠪᠡᠶᠡᠯᠡᠬᠦᠯᠵᠦ᠂ ᠠᠷᠠᠳ᠎ᠤᠨ ᠠᠮᠢᠳᠤᠷᠠᠯ᠎ᠳ᠋ᠤ ᠦᠨᠡᠨᠬᠦ ᠲᠦᠬᠦᠮ ᠦᠵᠡᠬᠦᠯᠪᠡ᠃
ᠠᠷᠠᠳ᠎ᠲᠤ ᠳᠥᠭᠥᠮ ᠦᠵᠡᠭᠦᠯᠬᠦ ᠨᠢ ᠡᠩ᠎ᠦᠨ ᠦᠨ᠎ᠡ ᠪᠡᠷ ᠰᠠᠢᠨ ᠪᠠᠷᠠᠭᠠᠬᠤᠳᠠᠯᠳᠤᠨ ᠠᠪᠬᠤ ᠲᠡᠲᠦᠢ ᠪᠢᠰᠢ᠂ ᠬᠠᠷᠢᠨ᠌ ᠨᠡᠩ ᠤᠯᠠᠨ ᠰᠡᠳᠬᠢᠯ᠎ᠢ ᠳᠤᠯᠠᠭᠠᠴᠠᠭᠤᠯᠬᠤ ᠨᠢᠮᠪᠠᠢ ᠦᠢᠯᠡᠴᠢᠯᠡᠬᠡ᠎ᠳᠤ ᠪᠤᠢ᠃ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠴᠡᠭ ᠨᠢ ᠨᠡᠢᠭᠡᠮ ᠲᠣᠭᠣᠷᠢᠭ᠋᠎ᠤᠨ ᠰᠤᠯᠠ ᠳᠠᠯᠪᠢᠬᠳᠠᠵᠦ ᠪᠠᠢᠭ᠎ᠠ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠢ ᠠᠮᠢᠳᠤᠯᠢᠬᠵᠢᠭᠤᠯᠵᠦ᠂ ᠠᠷᠠᠳ᠎ᠲᠤ ᠲᠥᠬᠥᠮ ᠦᠵᠡᠭᠦᠯᠬᠦ ᠪᠠᠷᠢᠮᠵᠢᠶᠠᠵᠢᠭ᠍ᠰᠠᠨ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ 《ᠰᠦᠯᠵᠢᠶᠡᠨ ᠳᠡᠭᠡᠷ᠎ᠡ ᠬᠠᠮᠲᠤ᠎ᠪᠠᠷ ᠬᠤᠳᠠᠯᠳᠤᠨ ᠠᠪᠬᠤ᠂ ᠪᠤᠳᠠᠲᠦ ᠴᠤᠬᠴᠠᠳᠤ ᠥᠪᠡᠰᠦᠪᠡᠨ ᠬᠤᠳᠠᠯᠳᠤᠨ ᠠᠪᠬᠤ》 ᠳᠥᠭᠥᠮ ᠳᠥᠲᠡ ᠵᠠᠭᠪᠤᠷ᠎ᠤᠨ ᠰᠢᠨ᠎ᠡ᠎ᠶᠢ ᠡᠭᠦᠳᠪᠡ᠃ ᠡᠭᠦᠨ᠎ᠦ ᠬᠠᠮᠲᠤ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠳᠡᠯᠭᠡᠭᠦᠷ ᠨᠢ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠣᠯᠪᠤᠭᠠᠯᠠᠨ ᠠᠵᠢᠯᠯᠠᠬᠤ ᠠᠰᠠᠷ᠎ᠤᠨ ᠳᠠᠷᠤᠭ᠎ᠠ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠪᠠᠭ᠎ᠠ ᠠᠩᠭᠢ᠎ᠶᠢ ᠵᠣᠬᠢᠶᠠᠨ ᠪᠠᠢᠭᠤᠯᠵᠤ᠂ ᠬᠠᠩᠭᠠᠯᠭ᠎ᠠ᠎ᠶᠢ ᠪᠠᠲᠤᠯᠠᠬᠤ᠂ ᠠᠷᠠᠳ᠎ᠲᠤ ᠲᠥᠬᠥᠮ ᠦᠵᠡᠭᠦᠯᠬᠦ ᠵᠥᠪᠯᠡᠯᠭᠡ ᠥᠭᠬᠦ ᠵᠡᠷᠭᠡ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡ᠎ᠶᠢ ᠪᠠᠢᠩᠭᠤ ᠥᠷᠨᠢᠭᠦᠯᠪᠡ᠃ ᠭᠠᠭᠴᠠᠭᠠᠷ ᠰᠠᠭᠤᠭ᠎ᠠ ᠨᠠᠰᠤᠲᠠᠢᠴᠤᠳ᠂ ᠵᠡᠮᠳᠡᠭᠴᠦᠳ᠂ ᠬᠥᠳᠡᠯᠵᠦ ᠪᠠᠷᠢᠬᠤ᠎ᠳᠤ ᠳᠥᠭᠥᠮ ᠦᠭᠡᠢ ᠣᠨᠴᠠᠭᠠᠢ ᠬᠥᠮᠥᠰ᠎ᠲᠦ ᠴᠢᠭᠯᠡᠭᠦᠯᠦᠨ᠂ ᠡᠭᠦᠳᠡᠨ ᠳᠡᠯᠭᠡᠭᠦᠷ ᠲᠤᠰᠬᠠᠢᠯᠠᠨ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠤᠷᠢᠳ ᠢ᠋ᠢᠡᠷ ᠬᠤᠳᠠᠯᠳᠤᠨ ᠠᠪᠬᠤ᠂ ᠭᠡᠷ ᠲᠦ᠍ᠨᠢ ᠬᠦᠷᠴᠦ ᠲᠣᠬᠢᠷᠠᠭᠤᠯᠤᠨ ᠬᠦᠷᠭᠡᠬᠦ ᠲᠤᠰᠬᠠᠢ ᠦᠢᠯᠡᠴᠢᠯᠡᠭᠡ ᠬᠠᠩᠭᠠᠪᠠ᠃ ᠨᠡᠢᠭᠡᠮ ᠲᠣᠭᠣᠷᠢᠭ᠋᠎ᠤᠨ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠳᠡᠯᠭᠡᠭᠦᠷ ᠨᠢ 《ᠬᠠᠮᠲᠤ ᠪᠠᠷ ᠪᠠᠶ᠋ᠢᠭᠤᠯᠬᠤ᠂ ᠬᠠᠮᠲᠤ ᠪᠠᠷ ᠭᠥᠷᠳᠡᠬᠦ᠂ ᠬᠠᠮᠲᠤ ᠪᠠᠷ ᠵᠠᠰᠠᠬᠤ》 ᠡᠵᠡᠩᠨᠡᠯᠲᠡ᠎ᠶᠢᠨ ᠵᠠᠭᠪᠤᠷ᠎ᠤᠨ ᠰᠢᠨ᠎ᠡ᠎ᠶᠢ ᠡᠭᠦᠳᠴᠦ᠂ ᠨᠡᠢᠭᠡᠮ ᠲᠣᠭᠣᠷᠢᠭ᠋᠎ᠤᠨ ᠰᠤᠯᠠ ᠳᠠᠯᠪᠢᠬᠳᠠᠵᠦ ᠪᠠᠢᠭ᠎ᠠ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠭᠦᠨᠵᠡᠭᠡᠢ ᠠᠭᠤᠳᠠᠯᠤᠨ᠂ ᠬᠠᠷᠢᠶ᠎ᠠ ᠲᠣᠭᠣᠷᠢᠭ᠋᠎ᠤᠨ ᠰᠠᠭᠤᠭᠠᠯᠢ ᠠᠷᠠᠳ᠎ᠢ ᠰᠢᠩᠭᠡᠬᠡᠨ ᠠᠪᠴᠤ ᠡᠭᠦᠳᠡᠨ ᠳᠡᠯᠭᠡᠭᠦᠷ᠎ᠦᠨ ᠬᠠᠮᠢᠶᠠᠷᠤᠯᠲᠠ᠂ ᠪᠠᠷᠠᠭ᠎ᠠ᠎ᠶᠢ ᠢᠯᠭᠠᠨ ᠰᠠᠯᠭᠠᠬᠤ᠂ ᠲᠣᠬᠢᠷᠠᠭᠤᠯᠤᠨ ᠬᠦᠷᠭᠡᠬᠦ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ ᠵᠡᠷᠭᠡ ᠠᠵᠢᠯ᠎ᠳᠤ ᠣᠷᠣᠯᠴᠠᠭᠤᠯᠵᠤ᠂ ᠠᠮᠢᠳᠤᠯᠢᠭ᠋ ᠠᠵᠢᠯ᠎ᠤᠨ ᠪᠠᠢᠷᠢ᠎ᠶᠢ ᠪᠠᠢᠩᠭᠤᠵᠢᠭᠤᠯᠤᠨ ᠬᠠᠩᠭᠠᠵᠤ᠂ ᠰᠤᠯᠠ ᠳᠠᠯᠪᠢᠬᠳᠠᠵᠦ ᠪᠠᠢᠭ᠎ᠠ ᠡᠬᠢ ᠪᠠᠶᠠᠯᠢᠭ᠋᠎ᠢ ᠠᠮᠢᠯᠠᠭᠤᠯᠤᠨ᠂ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠭᠰᠡᠨ ᠮᠥᠷᠲᠡᠭᠡᠨ ᠪᠠᠰᠠ ᠨᠡᠢᠭᠡᠮ ᠲᠣᠭᠣᠷᠢᠭ᠋᠎ᠤᠨ ᠥᠪᠡᠷᠲᠡᠭᠡᠨ ᠵᠠᠰᠠᠬᠤ ᠬᠦᠴᠦᠨ᠎ᠢ ᠨᠢᠭ᠍ᠲᠠᠷᠠᠭᠤᠯᠵᠤ᠂ ᠠᠷᠠᠳ᠎ᠲᠤ ᠲᠥᠬᠥᠮ ᠦᠵᠡᠭᠦᠯᠦᠨ ᠶᠠᠰᠤ ᠴᠢᠨᠠᠷ᠎ᠢ ᠳᠡᠭᠡᠭᠰᠢᠯᠡᠭᠦᠯᠬᠦ᠂ ᠣᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠬᠦ᠂ ᠨᠡᠢᠭᠡᠮ ᠲᠣᠭᠣᠷᠢᠭ᠋᠎ᠤᠨ ᠦᠷ᠎ᠡ ᠠᠰᠢᠭ᠋᠎ᠢ ᠨᠡᠮᠡᠭᠳᠡᠭᠦᠯᠬᠦ ᠵᠡᠷᠭᠡ ᠣᠯᠠᠨ ᠲᠠᠯ᠎ᠠ᠎ᠪᠠᠷ ᠬᠠᠮᠲᠤ ᠪᠠᠷ ᠠᠰᠢᠭ᠋ ᠭᠥᠷᠳᠡᠬᠦ᠎ᠶᠢ ᠪᠡᠶᠡᠯᠡᠭᠦᠯᠪᠡ᠃
ᠠᠷᠠᠳ᠎ᠲᠤ ᠳᠥᠭᠥᠮ ᠦᠵᠡᠭᠦᠯᠬᠦ ᠵᠢᠵᠢᠭ ᠳᠡᠯᠭᠡᠭᠦᠷ ᠨᠢ ᠠᠷᠠᠳ᠎ᠤᠨ ᠠᠮᠢᠳᠤᠷᠠᠯ᠎ᠤᠨ ᠶᠡᠬᠡ ᠶᠠᠪᠤᠳᠠᠯ᠎ᠢ ᠠᠴᠢᠶᠠᠯᠠᠨ᠎ᠠ᠃ ᠪᠤᠭᠤᠲᠤ ᠬᠣᠲᠠ᠎ᠶᠢᠨ ᠴᠢᠩᠱᠠᠨ ᠲᠣᠭᠣᠷᠢᠭ᠋᠎ᠤᠨ ᠬᠠᠩᠭᠠᠨ ᠪᠣᠷᠣᠯᠠᠭᠤᠯᠬᠤ ᠬᠣᠷᠰᠢᠶ᠎ᠠ ᠨᠢ ᠲᠤᠷᠰᠢᠯᠲᠠ᠎ᠶᠢᠨ ᠴᠡᠭ ᠪᠤᠯᠬᠤ ᠡᠭᠦᠳᠡᠨ ᠳᠡᠯᠭᠡᠭᠦᠷ᠎ᠢᠶᠡᠷ ᠵᠢᠱ᠌ᠢᠶ᠎ᠡ ᠦᠵᠡᠭᠦᠯᠬᠦ ᠥᠯᠢᠭᠡᠷ ᠳᠠᠭᠤᠷᠢᠶᠠᠯ ᠪᠣᠯᠭᠠᠵᠤ᠂ ᠰᠦᠯᠵᠢᠶᠡᠨ ᠳᠡᠭᠡᠷᠡᠬᠢ ᠪᠠ ᠪᠤᠳᠠᠲᠦ ᠴᠤᠬᠴᠠ᠎ᠶᠢ ᠨᠢᠭᠡ ᠴᠣᠭᠴᠠᠵᠢᠭᠤᠯᠤᠭᠰᠠᠨ ᠡᠵᠡᠩᠨᠡᠯᠲᠡ᠎ᠶᠢᠨ ᠰᠢᠰᠲᠧᠮᠢᠦᠷᠭᠦᠯᠵᠢᠯᠡᠨ ᠰᠢᠯᠢᠳᠡᠭᠵᠢᠭᠦᠯᠵᠦ᠂ ᠪᠦᠲᠦᠭᠡᠭᠳᠡᠬᠦᠨ᠎ᠦ ᠲᠥᠷᠥᠯ ᠵᠦᠢᠯ᠎ᠢ ᠪᠠᠶᠠᠯᠢᠭ᠍ᠵᠢᠭᠤᠯᠤᠨ᠂ ᠦᠢᠯᠡᠴᠢᠯᠡᠭᠡᠨ᠎ᠦ ᠶᠠᠰᠤ ᠴᠢᠨᠠᠷ᠎ᠢ ᠲᠠᠰ ᠳᠡᠪᠰᠢᠭᠦᠯᠵᠦ᠂ ᠡᠵᠡᠩᠨᠡᠯᠲᠡ᠎ᠶᠢᠨ ᠵᠠᠭᠪᠤᠷ᠎ᠢ ᠵᠢᠷᠤᠮᠵᠢᠭᠤᠯᠤᠨ᠂ ᠲᠤᠰ ᠵᠠᠬᠪᠤᠷ᠎ᠢ ᠴᠢᠩᠱᠠᠨ ᠲᠣᠭᠣᠷᠢᠭ᠋᠎ᠤᠨ ᠡᠯ᠎ᠡ ᠵᠡᠭᠡᠯᠢ ᠭᠤᠳᠤᠮᠵᠢ ᠨᠡᠢᠭᠡᠮ ᠲᠣᠭᠣᠷᠢᠭ᠋᠎ᠲᠤ ᠠᠯᠬᠤᠮ ᠠᠯᠬᠤᠮ᠎ᠢᠶᠠᠷ ᠳᠡᠯᠭᠡᠷᠡᠭᠦᠯᠦᠨ ᠪᠦᠷᠬᠦᠭᠦᠯᠬᠦ᠎ᠶᠢ ᠠᠬᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃