ᠲᠡᠷᠢᠭᠦᠨ ᠨᠢᠭᠤᠷ>ᠣᠨᠣᠯ ᠱᠢᠭᠦᠮᠵᠢ> ᠨᠠᠮ᠎ᠤᠨ ᠪᠠᠢᠭᠤᠯᠤᠯᠲᠠ

2026-08-24 17:08:14

ᠵᠣᠬᠢᠶᠠᠭ᠍ᠴᠢ᠄ ​ ᠰᠠᠴᠤᠷᠠᠯ ᠣᠩᠱᠢᠭ᠍ᠰᠠᠨ ᠣᠳᠠᠭ᠎ᠠ᠄ 3

ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ ᠨᠢ ᠨᠠᠮ᠎ᠤᠨ ᠤᠯᠠᠨ ᠲᠦᠮᠡᠨ᠎ᠦ ᠰᠠᠭᠤᠷᠢ᠎ᠶᠢ ᠥᠷᠭᠡᠳᠬᠡᠬᠦ᠂ ᠨᠠᠮ᠎ᠤᠨ ᠲᠦᠷᠦ ᠪᠠᠷᠢᠬᠤ ᠪᠠᠢᠷᠢ ᠰᠠᠭᠤᠷᠢ᠎ᠶᠢ ᠪᠡᠬᠢᠵᠢᠭᠦᠯᠬᠦ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠵᠣᠬᠢᠶᠠᠨ ᠪᠠᠢᠭᠤᠯᠤᠯᠲᠠ᠎ᠶᠢᠨ ᠬᠡᠯᠪᠡᠷᠢ᠂ ᠠᠵᠢᠯᠯᠠᠭᠠᠨ᠎ᠤ ᠯᠣᠭᠢᠭ᠋᠂ ᠠᠵᠢᠯᠲᠠᠨ᠎ᠤ ᠪᠦᠲᠦᠴᠡ ᠵᠡᠷᠭᠡ ᠲᠠᠯ᠎ᠠ᠎ᠶᠢᠨ ᠣᠨᠴᠠᠯᠢᠭ᠋᠎ᠲᠤ ᠰᠠᠭᠤᠷᠢᠯᠠᠵᠤ᠂ ᠨᠠᠮ᠎ᠤᠨ ᠪᠠᠢᠭᠤᠯᠤᠯᠲᠠ᠎ᠶᠢ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠬᠥᠭᠵᠢᠯᠲᠡ᠎ᠶᠢᠨ ᠪᠦᠬᠦ ᠶᠠᠪᠤᠴᠠ᠎ᠳᠤ ᠰᠢᠭᠢᠳᠬᠡᠵᠦ᠂ ᠡᠯ᠎ᠡ ᠱᠠᠲᠤᠨ᠎ᠤ 《ᠬᠣᠶᠠᠷ ᠰᠢᠨ᠎ᠡ》 ᠢ᠋ᠢᠨ ᠠᠵᠢᠯ᠎ᠤᠨ ᠬᠣᠷᠢᠶ᠎ᠠ᠎ᠶᠢᠨ ᠱᠦᠵᠢ᠎ᠶᠢᠨ ᠬᠠᠷᠢᠭᠤᠴᠠᠯᠭᠠᠲᠤ ᠤᠬᠠᠮᠰᠠᠷ᠎ᠢ ᠪᠠᠲᠤᠳᠬᠠᠵᠤ᠂ ᠨᠢᠭᠡ ᠪᠦᠯᠦᠭ 《ᠱᠦᠵᠢ᠎ᠶᠢᠨ ᠲᠦᠷᠦᠯ ᠵᠦᠢᠯ》 ᠢ᠋ ᠬᠡᠷᠡᠭᠵᠢᠭᠦᠯᠤᠨ᠂ 《ᠨᠠᠮ᠎ᠤᠨ ᠪᠠᠢᠭᠤᠯᠤᠯᠲᠠ ᠬᠦᠴᠦᠷᠬᠡᠭ᠂ ᠬᠥᠭᠵᠢᠯᠲᠡ ᠰᠠᠢᠳᠠᠢ》 ᠪᠠᠢᠲᠠᠯ ᠢ᠋ ᠪᠦᠷᠢᠯᠳᠦᠭᠦᠯᠪᠡ᠃

ᠥᠪᠥᠷ ᠮᠣᠩᠭᠣᠯ᠎ᠤᠨ ᠬᠢᠩᠭᠠᠨ ᠠᠢᠮᠠᠭ᠎ᠤᠨ ᠢᠯᠢ ᠰᠦ᠎ᠶᠢᠨ ᠦᠢᠯᠡᠰ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠠᠮ᠎ᠤᠨ ᠪᠠᠢᠭᠤᠯᠤᠯᠲᠠ᠎ᠶᠢᠨ ᠳᠦᠷᠢᠮ᠎ᠢ ᠦᠢᠯᠡᠳᠪᠦᠷᠢᠯᠡᠯ᠎ᠦᠨ ᠬᠠᠮᠢᠶᠠᠷᠤᠯᠲᠠ᠂ ᠶᠠᠰᠤ ᠴᠢᠨᠠᠷ᠎ᠤᠨ ᠬᠠᠮᠢᠶᠠᠷᠤᠯᠲᠠ ᠡᠵᠡᠮᠳᠡᠯ᠂ ᠠᠶᠤᠯᠭᠦᠢ ᠦᠢᠯᠡᠳᠪᠦᠷᠢᠯᠡᠯ᠎ᠦᠨ ᠵᠢᠷᠤᠮᠵᠢᠯ᠎ᠲᠠᠢ ᠣᠷᠭᠠᠨᠢᠭ᠋᠎ᠢᠶᠠᠷ ᠵᠣᠯᠭᠠᠭᠤᠯᠵᠤ᠂ ᠨᠠᠮ᠎ᠤᠨ ᠭᠡᠰᠢᠭᠦᠨ᠎ᠦ ᠬᠠᠷᠢᠭᠤᠴᠠᠯᠭ᠎ᠠ᠎ᠶᠢᠨ ᠣᠷᠣᠨ ᠪᠠ ᠨᠠᠮ᠎ᠤᠨ ᠭᠡᠰᠢᠭᠦᠨ᠎ᠦ ᠵᠢᠱ᠌ᠢᠶ᠎ᠡ ᠦᠵᠡᠭᠦᠯᠬᠦ ᠠᠵᠢᠯ᠎ᠤᠨ ᠪᠠᠢᠷᠢ᠎ᠶᠢ ᠪᠠᠢᠩᠭᠤᠵᠢᠭᠤᠯᠤᠨ ᠲᠣᠬᠢᠷᠠᠭᠤᠯᠵᠤ᠂ ᠨᠠᠮ᠎ᠤᠨ ᠭᠡᠰᠢᠭᠦᠨ ᠠᠵᠢᠯᠲᠠᠨ ᠠᠵᠢᠯᠴᠢᠨ᠎ᠢ ᠬᠥᠲᠥᠯᠥᠨ ᠵᠢᠯᠤᠭᠣᠳᠴᠤ ᠲᠣᠭᠲᠠᠭᠠᠯ ᠶᠣᠰᠣᠭᠠᠷ ᠦᠢᠯᠡᠳᠪᠦᠷᠢᠯᠡᠬᠦ᠂ ᠬᠠᠤᠯᠢ ᠶᠣᠰᠣᠭᠠᠷ ᠡᠵᠡᠩᠨᠡᠬᠦ ᠬᠣᠷᠢᠭ᠎ᠠ ᠱᠤᠭᠤᠮ᠎ᠢ ᠴᠢᠩᠭ᠎ᠠ ᠰᠠᠬᠢᠪᠠ᠃ ᠡᠨᠡ ᠪᠤᠯ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ᠎ᠶᠢᠨ 《ᠬᠣᠶᠠᠷ ᠰᠢᠨ᠎ᠡ》 ᠢ᠋ᠢᠨ ᠠᠵᠢᠯ᠎ᠤᠨ ᠬᠣᠷᠢᠶ᠎ᠠ᠎ᠶᠢᠨ ᠤᠯᠤᠰ ᠲᠦᠷᠦ ᠪᠡᠷ ᠬᠦᠲᠦᠯᠦᠨ ᠲᠠᠭᠠᠭᠤᠯᠬᠤ ᠵᠢ ᠲᠤᠪᠤᠢᠯᠭᠠᠨ᠂ ᠬᠦᠭᠵᠢᠯᠲᠡ ᠢ᠋ᠢᠨ ᠵᠦᠭᠯᠡᠭᠦᠷ ᠢ᠋ ᠯᠠᠪᠲᠠᠭᠤᠨ ᠢ᠋ᠢᠡᠷ ᠡᠵᠡᠮᠲᠡᠭᠰᠡᠨ᠎ᠤ ᠨᠢᠭᠡᠨ ᠵᠢᠱ᠌ᠢᠶ᠎ᠡ ᠪᠤᠯᠤᠨ᠎ᠠ᠃

ᠬᠢᠩᠭᠠᠨ ᠠᠢᠮᠠᠭ᠎ᠤᠨ ᠨᠠᠮ᠎ᠤᠨ ᠬᠣᠷᠢᠶ᠎ᠠ᠎ᠶᠢᠨ 《ᠬᠣᠶᠠᠷ ᠰᠢᠨ᠎ᠡ》 ᠢ᠋ᠢᠨ ᠠᠵᠢᠯ᠎ᠤᠨ ᠬᠣᠷᠢᠶ᠎ᠠ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠦᠨ ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠨᠠᠮ᠎ᠤᠨ ᠭᠡᠰᠢᠭᠦᠨ᠎ᠦ ᠰᠠᠭᠤᠷᠢ ᠲᠣᠭ᠎ᠠ᠎ᠶᠢ ᠣᠢᠯᠠᠭᠠᠨ᠂ ᠲᠥᠷᠥᠯ ᠬᠤᠪᠢᠶᠠᠨ ᠵᠣᠬᠢᠶᠠᠨ ᠪᠠᠶ᠋ᠢᠭᠤᠯᠵᠦ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ 《ᠬᠣᠶᠠᠷ᠎ᠢ ᠪᠦᠷᠭᠦᠭᠦᠯᠬᠦ》 ᠵᠢ ᠭᠦᠨᠵᠡᠭᠡᠢᠷᠡᠭᠦᠯᠦᠨ ᠥᠷᠭᠡᠳᠬᠡᠪᠡ᠃ 《ᠭᠤᠷᠪᠠᠨ ᠬᠤᠷᠠᠯ ᠨᠢᠭᠡ ᠬᠢᠴᠢᠶᠡᠯ》᠂ ᠨᠠᠮ᠎ᠤᠨ ᠡᠭᠦᠷ᠎ᠦᠨ ᠰᠤᠷᠤᠯᠴᠠᠯᠭ᠎ᠠ᠂ ᠭᠣᠣᠯ ᠰᠡᠳᠦᠪᠲᠦ ᠨᠠᠮ᠎ᠤᠨ ᠡᠳᠦᠷ ᠵᠡᠷᠭᠡ ᠢ᠋ᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠦ᠂ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢᠯᠠᠯ᠎ᠤᠨ ᠨᠠᠮ᠎ᠤᠨ ᠭᠡᠰᠢᠭᠦᠨ᠎ᠦ ᠬᠠᠮᠢᠶᠠᠷᠤᠯᠲᠠ᠎ᠶᠢᠨ ᠳᠠᠪᠬᠤᠷᠭ᠎ᠠ᠎ᠶᠢᠨ ᠬᠥᠮᠥᠰ ᠪᠣᠯᠣᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠪᠠᠭ᠎ᠤᠨ ᠪᠦᠷᠢᠯᠳᠦᠭᠦᠨ᠎ᠦ《ᠬᠣᠣᠰ ᠴᠢᠭᠯᠡᠯ᠎ᠢᠶᠡᠷ ᠣᠷᠣᠬᠤ᠂ ᠰᠣᠯᠪᠢᠴᠠᠨ ᠲᠤᠰᠢᠶᠠᠯ ᠬᠠᠷᠢᠭᠤᠴᠠᠬᠤ》 ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠣᠳᠣᠯᠭ᠎ᠠ᠂ ᠤᠯᠤᠰ᠎ᠤᠨ ᠠᠵᠤ ᠦᠢᠯᠡᠰ᠎ᠦᠨ ᠴᠢᠭᠯᠡᠯ᠂ ᠣᠷᠣᠨ ᠨᠤᠲᠤᠭ᠎ᠤᠨ ᠬᠥᠭᠵᠢᠯᠲᠡ᠎ᠶᠢᠨ ᠪᠠᠢᠷᠢᠯᠠᠭᠤᠯᠤᠯᠲᠠ᠎ᠲᠠᠢ ᠤᠶᠠᠯᠳᠤᠭᠤᠯᠤᠨ ᠠᠵᠤ ᠠᠬᠤᠢᠯᠠᠯ᠎ᠤᠨ ᠬᠥᠭᠵᠢᠯᠲᠡ᠎ᠶᠢᠨ ᠲᠥᠯᠦᠪᠵᠢᠭᠦᠯᠭᠡ᠂ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠵᠢ ᠲᠣᠭᠲᠠᠭᠠᠵᠤ᠂ ᠨᠠᠮ᠎ᠤᠨ ᠤᠳᠤᠷᠢᠳᠤᠯᠭ᠎ᠠ᠎ᠶᠢ ᠰᠢᠨ᠎ᠡ᠎ᠪᠡᠷ ᠮᠠᠨᠳᠤᠬᠰᠠᠨ ᠬᠦᠷᠢᠶᠡᠨ᠎ᠦ ᠬᠥᠭᠵᠢᠯᠲᠡ᠎ᠶᠢᠨ ᠡᠬᠢᠨ᠎ᠡᠴᠡ ᠳᠠᠭᠤᠰᠲᠠᠯ᠎ᠠ ᠦᠨᠡᠨ ᠬᠦ᠌ ᠲᠤᠭᠤᠰᠢᠯᠠᠭᠤᠯᠪᠠ᠃

ᠱᠦᠵᠢ᠎ᠶᠢᠨ ᠲᠥᠷᠥᠯ ᠵᠦᠢᠯ ᠨᠢ ᠰᠠᠭᠤᠷᠢ᠎ᠵᠢ ᠪᠡᠬᠢᠵᠢᠭᠦᠯᠦᠨ ᠦᠢᠯᠡᠰ᠎ᠢ᠋ ᠬᠥᠭᠵᠢᠭᠦᠯᠬᠦ ᠪᠠ ᠮᠡᠷᠭᠡᠵᠢᠯ᠎ᠦᠨ ᠳᠠᠪᠠᠭᠤᠯᠢᠭ᠋᠎ᠢ ᠣᠷᠣᠯᠠᠭᠤᠯᠬᠤ᠎ᠲᠠᠢ ᠨᠢᠭ᠍ᠲᠠ ᠤᠶᠠᠯᠳᠤᠭᠤᠯᠤᠨ᠂ ᠨᠠᠮ᠎ᠤᠨ ᠤᠯᠤᠰ ᠲᠥᠷᠥ᠎ᠶᠢᠨ ᠳᠠᠪᠠᠭᠤᠯᠢᠭ᠋ ᠪᠠ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠎ᠢ ᠰᠢᠨ᠎ᠡ᠎ᠪᠡᠷ ᠮᠠᠨᠳᠤᠬᠰᠠᠨ ᠬᠦᠷᠢᠶᠡᠨ᠎ᠦ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠵᠦ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠂ ᠡᠨᠧᠷᠭᠢ ᠣᠯᠭᠣᠬᠤ ᠠᠵᠤ ᠦᠢᠯᠡᠰ᠎ᠦᠨ ᠲᠠᠰ ᠳᠡᠪᠰᠢᠬᠦ ᠵᠢ ᠠᠬᠢᠭᠤᠯᠤᠨ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠤᠵᠠᠭᠠᠢᠷᠠᠭᠤᠯᠪᠠ᠃ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢᠯᠠᠯ᠎ᠤᠨ ᠨᠠᠮ᠎ᠤᠨ ᠵᠣᠬᠢᠶᠠᠨ ᠪᠠᠢᠭᠤᠯᠤᠯᠲᠠ ᠢ᠋ᠢᠨ ᠬᠢᠨ᠎ᠤ ᠲᠦᠷᠦᠭᠦᠯᠡᠨ ᠨᠠᠮ᠎ᠤᠨ ᠭᠡᠰᠢᠭᠦᠨ᠎ᠦ ᠪᠤᠭᠤᠮᠲᠠ ᠰᠢᠪᠲᠤᠯᠬᠤ ᠪᠦᠯᠬᠦᠮ᠂ ᠮᠡᠷᠭᠡᠵᠢᠯ᠎ᠦᠨ ᠪᠤᠭᠤᠮᠲᠠ ᠰᠢᠪᠲᠤᠯᠬᠤ ᠳᠤᠭᠤᠢᠯᠠᠩ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠦᠢᠯᠡᠳᠪᠦᠷᠢᠯᠡᠯ᠎ᠦᠨ ᠪᠣᠭᠣᠮᠢ᠂ ᠮᠡᠷᠭᠡᠵᠢᠯ᠎ᠦᠨ ᠲᠦᠭᠵᠢᠷᠡᠯ᠂ ᠡᠵᠡᠩᠨᠡᠯᠲᠡ᠎ᠶᠢᠨ ᠪᠤᠭᠤᠮᠲᠠ ᠵᠢ ᠲᠥᠪᠯᠡᠷᠡᠭᠦᠯᠦᠨ ᠰᠢᠢᠳᠪᠦᠷᠢᠯᠡᠪᠡ᠃ ᠥᠪᠥᠷ ᠮᠣᠩᠭᠣᠯ᠎ᠤᠨ ᠤᠲᠠᠴᠢ ᠮᠣᠩᠭᠣᠯ ᠡᠮ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠠᠮᠢᠶ᠎ᠠ ᠪᠦᠬᠦᠢ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠎ᠲᠠᠢ ᠬᠠᠮᠲᠤᠷᠠᠨ ᠮᠡᠷᠭᠡᠵᠢᠯ᠎ᠦᠨ ᠪᠣᠭᠣᠮᠲᠠ ᠰᠢᠪᠲᠤᠯᠤᠨ᠂ ᠨᠠᠮ᠎ᠤᠨ ᠭᠡᠰᠢᠭᠦᠨ ᠭᠣᠣᠯᠯᠠᠭ᠍ᠴᠢ ᠬᠦᠴᠦᠨ ᠲᠦᠷᠦᠭᠦᠯᠡᠨ ᠮᠣᠩᠭᠣᠯ ᠡᠮ᠎ᠦᠨ ᠦᠢᠯᠡᠳᠪᠦᠷᠢᠯᠡᠯ᠎ᠦᠨ ᠤᠷ᠎ᠠ ᠮᠡᠷᠭᠡᠰᠢᠯ᠎ᠦᠨ ᠳᠤᠲᠠᠭᠤᠳᠠᠯ᠎ᠢ ᠨᠦᠬᠦᠪᠦᠷᠢᠯᠡᠵᠡᠢ᠃

ᠨᠠᠮ ᠡᠴᠡ ᠴᠢᠳᠠᠪᠤᠷᠢᠲᠠᠨ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠬᠢᠩᠭᠠᠨ ᠠᠢᠮᠠᠭ᠎ᠤᠨ ᠨᠠᠮ᠎ᠤᠨ ᠬᠤᠷᠢᠶ᠎ᠠ ᠢ᠋ᠢᠨ 《ᠬᠤᠶᠠᠷ ᠰᠢᠨ᠎ᠡ》 ᠢ᠋ᠢᠨ ᠠᠵᠢᠯ᠎ᠤᠨ ᠬᠤᠷᠢᠶ᠎ᠠ 《ᠬᠣᠶᠠᠷ᠎ᠢ ᠬᠦᠮᠦᠵᠢᠬᠦᠯᠵᠦ ᠬᠣᠶᠠᠷ᠎ᠢ ᠠᠬᠢᠭᠤᠯᠬᠤ》ᠢᠨᠵᠧᠨᠧᠷᠢᠩ᠎ᠢ ᠶᠡᠬᠡ᠎ᠪᠡᠷ ᠬᠡᠷᠡᠭᠵᠢᠭᠦᠯᠤᠨ᠂ ᠤᠯᠤᠰ ᠲᠦᠷᠦ᠎ᠶᠢᠨ ᠬᠡᠪ ᠴᠢᠨᠠᠷ᠎ᠢᠶᠠᠷ ᠥᠨᠳᠥᠷ᠂ ᠲᠤᠬᠠᠢᠯᠠᠭᠰᠠᠨ ᠠᠵᠢᠯ᠎ᠤᠨ ᠴᠢᠳᠠᠪᠤᠷᠢ᠎ᠪᠠᠷ ᠴᠢᠩᠭ᠎ᠠ ᠭᠣᠣᠯᠯᠠᠭ᠍ᠴᠢ ᠬᠦᠴᠦᠨ᠎ᠢ ᠨᠠᠮ᠎ᠤᠨ ᠭᠡᠰᠢᠭᠦᠨ ᠪᠣᠯᠭᠠᠨ ᠬᠥᠭᠵᠢᠭᠦᠯᠬᠦ᠎ᠪᠡᠷ ᠬᠦᠴᠦᠯᠡᠨ ᠴᠢᠷᠮᠠᠢᠵᠤ᠂ ᠨᠠᠮ᠎ᠤᠨ ᠭᠡᠰᠢᠭᠦᠨ᠎ᠢ ᠬᠠᠮᠢᠶᠠᠷᠤᠯᠲᠠ ᠪᠠ ᠮᠡᠷᠭᠡᠵᠢᠯ᠎ᠦᠨ ᠭᠣᠣᠯᠯᠠᠭ᠍ᠴᠢ ᠬᠦᠴᠦᠨ ᠪᠣᠯᠭᠠᠨ ᠬᠥᠮᠥᠵᠢᠭᠦᠯᠵᠦ᠂ ᠨᠠᠮ᠎ᠤᠨ ᠭᠡᠰᠢᠭᠦᠨ᠎ᠦ ᠪᠡᠯᠡᠳᠬᠡᠯ ᠬᠦᠴᠦᠨ᠎ᠢ ᠭᠦᠢᠴᠡᠳ ᠬᠤᠷᠠᠮᠳᠤᠭᠤᠯᠪᠠ᠃ ᠬᠢᠩᠭᠠᠨ ᠠᠢᠮᠠᠭ᠎ᠤᠨ ᠰᠣᠶᠣᠯ ᠵᠢᠭᠤᠯᠴᠢᠯᠠᠯ᠎ᠤᠨ ᠨᠡᠢᠭᠡᠮᠯᠢᠭ᠎ᠦᠨ ᠨᠠᠮ᠎ᠤᠨ ᠡᠭᠦᠷ ᠬᠠᠮᠢᠶ᠎ᠠ ᠪᠦᠬᠦᠢ ᠶᠡᠬᠡ ᠳᠡᠭᠡᠳᠦ ᠰᠤᠷᠭᠠᠭᠤᠯᠢ᠎ᠲᠠᠢ ᠬᠠᠮᠲᠤᠷᠠᠨ ᠰᠣᠶᠣᠯ ᠵᠢᠭᠤᠯᠴᠢᠯᠠᠯ᠎ᠤᠨ ᠴᠢᠳᠠᠪᠤᠷᠢᠲᠠᠨ᠎ᠤ 《ᠵᠠᠬᠢᠶᠠᠯᠠᠭ᠎ᠠ᠎ᠶᠢᠨ ᠮᠠᠶᠢᠭ᠋》 ᠤ᠋ᠨ ᠬᠥᠮᠦᠵᠢᠯ᠎ᠢ ᠥᠷᠨᠢᠭᠦᠯᠵᠦ᠂《ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠨᠢ ᠰᠤᠶᠤᠯ ᠵᠢᠭᠤᠯᠴᠢᠯᠠᠯ᠎ᠳᠤ ᠬᠦᠴᠦᠨ ᠤᠯᠭᠤᠵᠦ᠂ ᠰᠤᠶᠤᠯ ᠵᠢᠭᠤᠯᠴᠢᠯᠠᠯ ᠨᠢ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠢ ᠲᠡᠳᠬᠦᠬᠦ》 ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠵᠠᠭᠪᠤᠷ᠎ᠢ ᠪᠣᠶ ᠪᠣᠯᠭᠠᠪᠠ᠃

ᠬᠢᠩᠭᠠᠨ ᠠᠢᠮᠠᠭ᠎ᠤᠨ ᠬᠤᠪᠢᠰᠬᠠᠯ᠎ᠤᠨ ᠡᠬᠢ ᠪᠠᠶᠠᠯᠢᠭ᠋ ᠂ ᠭᠠᠵᠠᠷ ᠣᠷᠣᠨ᠎ᠤ ᠰᠣᠶᠣᠯ ᠪᠣᠯᠣᠨ ᠠᠵᠢᠯ ᠲᠦᠷᠦᠯ᠎ᠦᠨ ᠣᠨᠴᠠᠯᠢᠭ᠋᠎ᠢ ᠭᠦᠨ ᠠᠭᠤᠳᠠᠯᠵᠤ᠂ ᠬᠢᠩᠭᠠᠨ ᠠᠢᠮᠠᠭ᠎ᠤᠨ ᠨᠠᠮ᠎ᠤᠨ ᠬᠤᠷᠢᠶ᠎ᠠ ᠢ᠋ᠢᠨ《ᠬᠤᠶᠠᠷ ᠰᠢᠨ᠎ᠡ》ᠢ᠋ᠢᠨ ᠠᠵᠢᠯ᠎ᠤᠨ ᠬᠤᠷᠢᠶ᠎ᠠ ᠠᠵᠢᠯ ᠲᠦᠷᠦᠯ᠎ᠦᠨ ᠪᠠᠢᠳᠠᠯ᠎ᠳᠠᠭᠠᠨ ᠲᠣᠬᠢᠷᠠᠭᠤᠯᠤᠨ ᠬᠤᠪᠢᠰᠬᠠᠯ᠎ᠤᠨ ᠪᠢᠴᠢᠯ ᠬᠢᠴᠢᠶᠡᠯ᠎ᠦᠨ ᠲᠠᠩᠬᠢᠮ᠂ ᠦᠢᠯᠡᠳᠪᠦᠷᠢ᠎ᠶᠢᠨ ᠲᠠᠰᠤᠭ᠎ᠤᠨ ᠰᠣᠶᠣᠯ᠎ᠤᠨ ᠪᠤᠯᠤᠩ ᠵᠡᠷᠭᠡ ᠨᠠᠮ᠎ᠤᠨ ᠪᠠᠢᠭᠤᠯᠤᠯᠲᠠ᠎ᠶᠢᠨ ᠰᠣᠶᠣᠯ᠎ᠤᠨ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠪᠡᠷ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠎ᠶᠢ ᠬᠥᠲᠥᠯᠥᠨ ᠳᠠᠭᠠᠭᠤᠯᠵᠤ᠂ ᠥᠭᠡᠳᠡᠯᠡᠨ ᠲᠠᠪᠰᠢᠬᠤ᠂ ᠬᠥᠮᠥᠰ᠎ᠦᠨ ᠰᠡᠳᠬᠢᠯ᠎ᠢ ᠤᠮᠳᠠᠯᠠᠬᠤ ᠬᠠᠢᠷ᠎ᠠ ᠰᠡᠳᠬᠢᠯᠭᠡ᠎ᠶᠢᠨ ᠬᠣᠯᠪᠣᠭᠠᠰᠤ ᠪᠣᠯᠣᠨ ᠦᠵᠡᠯ ᠰᠠᠨᠠᠭᠠᠨ᠎ᠤ ᠵᠢᠭ᠍ᠰᠠᠭᠠᠯ᠎ᠤᠨ ᠭᠠᠵᠠᠷ᠎ᠢ ᠪᠠᠢᠭᠤᠯᠪᠠ᠃ ᠡᠭᠦᠨ ᠡᠴᠡ ᠭᠠᠲᠠᠨ᠎ᠠ᠂ ᠪᠥᠬᠥ ᠠᠢᠮᠠᠭ᠎ᠤᠨ ᠬᠡᠪᠴᠢᠶᠡᠵᠢᠯ᠎ᠡᠴᠡ ᠳᠡᠭᠡᠭᠰᠢᠬᠢ ᠠᠵᠤ ᠠᠬᠤᠢᠯᠠᠯ ᠪᠠ ᠲᠣᠮᠣ᠌ ᠬᠡᠯᠪᠡᠷᠢ᠎ᠶᠢᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢ ᠬᠥᠲᠥᠯᠥᠨ ᠵᠢᠯᠤᠭᠣᠳᠴᠤ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠶᠢ ᠢᠳᠡᠪᠬᠢᠲᠡᠢ ᠵᠣᠬᠢᠶᠠᠨ ᠪᠠᠢᠭᠤᠯᠵᠤ᠂ ᠠᠵᠢᠯ ᠲᠥᠷᠥᠯ᠎ᠦᠨ ᠳᠠᠪᠠᠭᠤᠯᠢᠭ᠋᠎ᠲᠠᠭᠠᠨ ᠰᠠᠭᠤᠷᠢᠯᠠᠨ᠂ ᠶᠡᠬᠡ ᠲᠠᠯ᠎ᠠ᠎ᠳᠤ ᠦᠢᠯᠡᠴᠢᠯᠡᠵᠦ᠂ ᠣᠷᠣᠨ ᠨᠤᠲᠤᠭ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠰᠠᠨᠠᠭᠠᠴᠢᠯᠠᠭ᠎ᠠ ᠡᠴᠡ᠎ᠪᠠᠨ ᠠᠭᠤᠰᠤᠯᠴᠠᠨ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠂ ᠦᠨᠳᠦᠰᠦᠨ ᠱᠠᠲᠤ᠎ᠶᠢ ᠵᠠᠰᠠᠬᠤ ᠵᠡᠷᠭᠡ ᠬᠦᠷᠢᠶᠡᠨ᠎ᠳᠡᠬᠢ ᠨᠡᠢᠭᠡᠮ᠎ᠦᠨ ᠦᠢᠯᠡᠳᠦᠯᠭᠡ᠎ᠳᠦ ᠢᠳᠡᠪᠬᠢᠲᠡᠢ ᠣᠷᠣᠯᠴᠠᠭᠤᠯᠵᠦ᠂ ᠬᠠᠷᠢᠭᠤᠴᠠᠯᠭ᠎ᠠ ᠡᠭᠦᠷᠭᠡᠯᠡᠨ ᠲᠠᠭᠤᠷᠢᠶᠠᠯ᠎ᠤᠨ ᠦᠢᠯᠡᠲᠦᠯ ᠢ᠋ᠢᠡᠨ ᠬᠦᠢᠴᠡᠳ ᠪᠠᠲᠠᠷᠠᠭᠤᠯᠤᠬᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面