ᠲᠡᠷᠢᠭᠦᠨ ᠨᠢᠭᠤᠷ>ᠣᠨᠣᠯ ᠱᠢᠭᠦᠮᠵᠢ> ᠨᠠᠮ᠎ᠤᠨ ᠪᠠᠢᠭᠤᠯᠤᠯᠲᠠ

2026-08-24 17:06:21

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠭᠦ ᠬᠤᠷᠢᠶ᠎ᠠ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠣᠯᠣᠨ ᠰᠢ᠎ᠶᠢᠨ ᠫᠢᠩ᠎ᠤᠨ ᠬᠠᠤᠯᠢ ᠪᠡᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠠᠨ ᠲᠠᠯ᠎ᠠ ᠢ᠋ᠢᠨ ᠬᠦᠴᠦᠨ ᠢ᠋ ᠲᠦᠪᠯᠡᠷᠡᠭᠦᠯᠦᠨ ᠲᠤᠮᠲᠠᠲᠤ ᠢ᠋ᠢᠨ ᠦᠨᠳᠦᠰᠦᠲᠡᠨ᠎ᠤ ᠬᠠᠮᠲᠦ ᠢ᠋ᠢᠨ ᠴᠤᠬᠴᠠ ᠢ᠋ᠢᠨ ᠤᠬᠠᠮᠰᠠᠷ ᠢ᠋ ᠪᠠᠲᠦ ᠴᠤᠬᠴᠠᠯᠠᠬᠤ ᠤᠬᠠᠭᠤᠯᠭ᠎ᠠ ᠬᠦᠮᠦᠵᠢᠯ᠎ᠤᠨ ᠵᠢᠬᠰᠠᠭᠠᠯ᠎ᠤᠨ ᠭᠠᠵᠠᠷ ᠢ᠋ ᠴᠤᠬᠴᠠᠯᠠᠵᠦ᠂ ᠲᠤᠰᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ ᠠᠷᠠᠳ᠎ᠤᠨ ᠲᠦᠯᠦᠭᠡ ᠬᠠᠤᠯᠢ ᠬᠡᠷᠡᠭᠵᠢᠭᠦᠯᠵᠦ᠂ ᠠᠵᠢᠯ᠎ᠳᠠᠭᠠᠨ ᠴᠠᠭᠠᠷᠠᠬᠰᠠᠨ ᠡᠩᠨᠡᠭᠡ ᠵᠢ ᠪᠠᠢᠭᠤᠯᠤᠨ ᠰᠠᠭᠤᠷᠢ ᠵᠢ ᠪᠡᠬᠢᠵᠢᠭᠦᠯᠵᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠬᠠᠤᠯᠢ ᠴᠠᠭᠠᠵᠠ᠎ᠶᠢᠨ ᠰᠢᠭᠦᠨ ᠲᠠᠰᠤᠯᠬᠤ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠂《ᠬᠠᠤᠯᠢ᠎ᠪᠠᠷ ᠬᠡᠷᠡᠯᠲᠦᠭᠦᠯᠦᠭᠰᠡᠨ ᠲᠡᠩᠨᠡᠭᠦᠷ·ᠪᠠᠲᠠᠷᠠᠨ ᠲᠡᠯᠭᠡᠷᠡᠭᠡ ᠠᠨᠠᠷ᠎ᠤᠨ ᠴᠡᠴᠡᠭᠡᠰ + ᠰᠡᠳᠬᠢᠯ ᠨᠢᠭᠡᠲᠦᠭᠰᠡᠨ ᠬᠠᠮᠲᠦ ᠢ᠋ᠢᠨ ᠵᠠᠰᠠᠯᠲᠠ — ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠭᠤᠤᠯ ᠰᠢᠵᠢᠮ ᠢ᠋ ᠪᠦᠬᠦ ᠲᠠᠯ᠎ᠠ ᠪᠡᠷ ᠲᠤᠭᠤᠰᠢᠯᠠᠭᠤᠯᠤᠨ ᠰᠢᠭᠦᠭᠦ ᠬᠤᠷᠢᠶᠠᠨ᠎ᠤ ᠭᠤᠤᠯ ᠠᠵᠢᠯ᠎ᠳᠤ ᠬᠦᠴᠦᠨ ᠤᠯᠭᠤᠬᠤ》ᠬᠡᠷᠡᠭ᠎ᠤᠨ ᠵᠢᠱ᠌ᠢᠶ᠎ᠡ ᠨᠢ ᠲᠦᠷᠦᠭᠦᠭᠡᠨ 2026 ᠤᠨ᠎ᠤ ᠠᠷᠠᠳ᠎ᠤᠨ ᠳᠡᠭᠡᠳᠦ ᠰᠢᠭᠦᠬᠦ ᠬᠣᠷᠢᠶ᠎ᠠ ᠢ᠋ᠢᠨ ᠠᠷᠠᠳ᠎ᠤᠨ ᠰᠢᠭᠦᠬᠦ ᠬᠣᠷᠢᠶ᠎ᠠ᠎ᠶᠢᠨ ᠨᠠᠮ᠎ᠤᠨ ᠪᠠᠢᠭᠤᠯᠤᠯᠲᠠ ᠪᠠ ᠲᠤᠬᠠᠢᠯᠠᠭᠰᠠᠨ ᠠᠵᠢᠯ᠎ᠢ ᠭᠦᠨᠵᠡᠭᠡᠢ ᠠᠭᠤᠰᠤᠯᠴᠠᠭᠤᠯᠤᠭᠰᠠᠨ ᠨᠡᠢᠲᠡᠯᠢᠭ ᠬᠡᠷᠡᠭ᠎ᠦᠨ ᠵᠢᠱ᠌ᠢᠶ᠎ᠡ ᠪᠡᠷ ᠰᠤᠩᠭᠤᠬᠲᠠᠪᠠ᠃

ᠤᠯᠠᠨ ᠲᠠᠯ᠎ᠠ ᠢ᠋ᠢᠨ ᠬᠦᠴᠦᠨ ᠢ᠋ ᠲᠦᠪᠯᠡᠷᠡᠭᠦᠯᠵᠦ ᠤᠬᠠᠭᠤᠯᠭ᠎ᠠ᠎ᠶᠢᠨ ᠵᠢᠭ᠍ᠰᠠᠭᠠᠯ᠎ᠢ ᠪᠦᠷᠢᠯᠲᠦᠭᠦᠯᠪᠡ

ᠤᠨᠤᠯ ᠪᠣᠯ ᠦᠵᠡᠯ ᠤᠬᠠᠮᠰᠠᠷ᠎ᠤᠨ ᠬᠡᠯᠪᠡᠷᠢ᠎ᠶᠢᠨ ᠰᠠᠭᠤᠷᠢ ᠴᠢᠯᠠᠭᠤ ᠮᠥᠨ᠂ ᠤᠬᠠᠭᠤᠯᠭ᠎ᠠ ᠬᠥᠮᠦᠵᠢᠯ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠴᠢᠬᠤᠯᠠ ᠰᠠᠭᠤᠷᠢ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠤᠯᠤᠰ ᠲᠥᠷᠥ᠎ᠶᠢᠨ ᠪᠠᠢᠭᠤᠯᠭ᠎ᠠ᠎ᠶᠢᠨ ᠨᠢᠭᠡᠳᠦᠭᠡᠷ ᠰᠢᠨᠵᠢ ᠴᠢᠨᠠᠷ᠎ᠢ ᠪᠠᠲᠤ ᠡᠵᠡᠮᠰᠢᠵᠦ ᠂ᠣᠯᠠᠨ ᠲᠠᠯ᠎ᠠ ᠢ᠋ᠢᠨ ᠬᠦᠴᠤᠨ ᠢ᠋ ᠲᠦᠪᠯᠡᠷᠡᠭᠦᠯᠬᠦ ᠪᠠᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠤᠬᠠᠭᠤᠯᠭ᠎ᠠ ᠬᠥᠮᠦᠵᠢᠯ᠎ᠦᠨ ᠵᠢᠭ᠍ᠰᠠᠭᠠᠯ᠎ᠢ ᠪᠠᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠲᠠᠯ᠎ᠠ᠎ᠪᠠᠷ ᠨᠠᠮ᠎ᠤᠨ ᠤᠳᠤᠷᠢᠳᠬᠤ ᠳᠤᠭᠤᠢᠯᠠᠩ ᠬᠥᠲᠥᠯᠥᠨ ᠳᠠᠭᠠᠭᠤᠯᠬᠤ᠂ ᠨᠠᠮ᠎ᠤᠨ ᠡᠭᠦᠷ ᠨᠠᠢᠳᠠᠪᠤᠷᠢᠵᠢᠭᠤᠯᠬᠤ᠂ ᠪᠦᠬᠦ ᠠᠵᠢᠯᠲᠠᠨ᠎ᠢ ᠬᠠᠮᠤᠷᠬᠤ ᠪᠢᠲᠡᠭᠦᠦ ᠴᠠᠭᠠᠷᠢᠭ᠋᠎ᠤᠨ ᠰᠢᠰᠲᠧᠮ᠎ᠢ ᠪᠠᠢᠭᠤᠯᠵᠤ᠂ 《ᠵᠠᠩᠭᠢᠯᠠᠭ᠎ᠠ᠎ᠶᠢᠨ ᠴᠥᠭᠡᠨ ᠲᠣᠭᠠᠲᠠᠨ》 ᠤ᠋ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠠᠢ᠍ᠢᠴᠢᠨ ᠪᠡᠬᠢᠯᠡᠯᠲᠡ᠎ᠶᠢᠨ ᠦᠢᠯᠡᠳᠦᠯ᠎ᠢ ᠬᠥᠭᠵᠢᠭᠡᠵᠦ᠂ ᠨᠠᠮ᠎ᠤᠨ ᠦᠨᠳᠦᠰᠦᠲᠡᠨ᠎ᠦ ᠲᠦᠷᠦ᠎ᠶᠢᠨ ᠪᠣᠳᠣᠯᠭ᠎ᠠ᠂ᠤᠨᠤᠯ ᠪᠣᠯᠣᠨ ᠰᠢᠭᠦᠭᠦ ᠲᠤᠰᠢᠶᠠᠯᠲᠠᠨ᠎ᠤ ᠲᠤᠬᠠᠢᠯᠠᠭᠰᠠᠨ ᠠᠵᠢᠯ᠎ᠤᠨ ᠪᠣᠯᠪᠠᠰᠤᠷᠠᠯ᠂ ᠬᠠᠤᠯᠢ ᠴᠠᠭᠠᠵᠠ᠎ᠶᠢᠨ ᠦᠢᠯᠡᠳᠦᠯᠭᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃ 2025 ᠣᠨ᠎ᠳᠤ ᠪᠦᠬᠦ ᠤᠯᠤᠰ᠎ᠤᠨ 200 ᠭᠠᠷᠤᠢ ᠰᠢᠭᠦᠭᠦ ᠲᠤᠰᠢᠶᠠᠯᠲᠠᠨ ᠪᠠ ᠦᠨᠳᠦᠰᠦᠨ ᠱᠠᠲᠤᠨ᠎ᠤ ᠨᠠᠮ᠎ᠤᠨ ᠠᠵᠢᠯᠲᠠᠨ᠎ᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ᠎ᠶᠢ ᠡᠷᠬᠢᠯᠡᠵᠤ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠭᠣᠣᠯ ᠰᠡᠳᠦᠪᠲᠦ ᠠᠵᠢᠯᠯᠠᠭ᠎ᠠ᠎ᠶᠢ 60 ᠭᠠᠷᠤᠢ ᠤᠳᠠᠭ᠎ᠠ ᠥᠷᠨᠢᠭᠦᠯᠵᠡᠢ᠃

ᠰᠢᠭᠦᠬᠦ ᠬᠣᠷᠢᠶᠠᠨ᠎ᠤ ᠠᠵᠢᠯ᠎ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠲᠠᠢ ᠨᠢᠭ᠍ᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠤᠬᠠᠭᠤᠯᠤᠨ ᠲᠠᠢᠯᠪᠤᠷᠢᠯᠠᠬᠤ ᠲᠠᠯ᠎ᠠ᠎ᠪᠠᠷ᠂ 《ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》ᠤᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠂ ᠨᠠᠮ᠎ᠤᠨ ᠭᠡᠰᠢᠭᠦᠨ᠎ᠦ 《ᠬᠣᠣᠰ ᠨᠡᠷ᠎ᠡ ᠮᠡᠳᠡᠭᠦᠯᠦᠯᠲᠡ᠂ ᠬᠣᠣᠰ ᠦᠢᠯᠡᠴᠢᠯᠡᠭᠡ᠂ ᠬᠣᠣᠰ ᠮᠡᠳᠡᠭᠦᠯᠦᠯᠲᠡ ᠬᠢᠬᠦ》 ᠠᠵᠢᠯ᠎ᠢᠶᠠᠷ ᠭᠠᠷᠳᠠᠴᠠ ᠪᠣᠯᠭᠠᠵᠤ᠂《ᠨᠢᠭᠡ ᠭᠠᠷᠠᠭ ᠬᠣᠶᠠᠷ ᠰᠠᠷ᠎ᠠ》ᠵᠡᠷᠭᠡ ᠵᠠᠩᠭᠢᠯᠠᠭ᠎ᠠ᠎ᠶᠢᠨ ᠴᠡᠭ᠎ᠢ ᠠᠰᠢᠭ᠍ᠯᠠᠵᠤ᠂ 《ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ᠂ ᠨᠠᠮ᠎ᠤᠨ ᠡᠭᠦᠷ ᠠᠯᠤᠰᠯᠠᠭᠰᠠᠨ》 ᠬᠠᠮᠲᠤᠷᠠᠭᠰᠠᠨ ᠤᠬᠠᠭᠤᠯᠭ᠎ᠠ᠎ᠶᠢᠨ ᠵᠢᠭ᠍ᠰᠠᠭᠠᠯ᠎ᠢ ᠪᠠᠢᠭᠤᠯᠵᠠᠢ᠃ ᠤᠯᠠᠨ ᠨᠢᠭᠡᠴᠢ᠎ᠲᠠᠢ ᠬᠣᠯᠪᠤᠭᠠᠯᠠᠨ ᠲᠠᠭᠠᠭᠠᠴᠢᠯᠠᠨ ᠬᠠᠷᠢᠯᠴᠠᠵᠦ ᠪᠠᠢᠭ᠎ᠠ ᠨᠡᠢᠭᠡᠮ ᠲᠣᠭᠣᠷᠢᠭ᠋᠎ᠲᠤ ᠦᠨᠳᠦᠰᠦᠲᠡᠨ᠎ᠦ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠠᠵᠢᠯᠯᠠᠭ᠎ᠠ᠎ᠶᠢ ᠬᠠᠮᠲᠤ ᠪᠠᠷ ᠡᠷᠬᠢᠯᠡᠪᠡ;ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ ᠵᠡᠷᠭᠡ ᠨᠢᠭᠡᠴᠢ᠎ᠲᠠᠢ ᠬᠠᠮᠲᠤᠷᠠᠨ 《ᠪᠠᠲᠠᠷᠠᠨ ᠲᠡᠯᠭᠡᠷᠡᠭᠡ ᠠᠨᠠᠷ᠎ᠤᠨ ᠴᠡᠴᠡᠭᠡᠰ + ᠬᠠᠤᠯᠢ᠎ᠪᠠᠷ ᠬᠡᠷᠡᠯᠲᠦᠭᠦᠯᠦᠭᠰᠡᠨ ᠲᠡᠩᠨᠡᠭᠦᠷ·ᠬᠠᠤᠯᠢ᠎ᠪᠠᠷ ᠤᠮᠲᠠᠯᠠᠬᠰᠠᠨ ᠬᠦᠬᠡᠬᠤᠲᠠ》 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠬᠠᠤᠯᠢ ᠪᠡᠷ ᠵᠠᠰᠠᠬᠤ ᠤᠬᠠᠭᠤᠯᠭ᠎ᠠ ᠵᠢᠴᠢ ᠠᠷᠠᠳ᠎ᠲᠤ ᠠᠰᠢᠭ᠋ ᠬᠦᠷᠲᠡᠭᠡᠬᠦ ᠲᠣᠭᠯᠠᠯᠲᠠ᠎ᠶᠢᠨ ᠠᠵᠢᠯᠯᠠᠭ᠎ᠠ᠎ᠶᠢ ᠥᠷᠨᠢᠭᠦᠯᠵᠦ᠂ ᠤᠯᠠᠨ ᠲᠦᠮᠡᠨ᠎ᠦ ᠠᠮᠢᠳᠤᠷᠠᠯ᠎ᠳᠤ ᠣᠢᠷᠠᠲᠤᠭᠰᠠᠨ 《ᠤᠳᠬ᠎ᠠ ᠤᠷᠠᠯᠢᠭ᠋ + ᠬᠠᠤᠯᠢ ᠲᠦᠭᠡᠮᠡᠯᠵᠢᠭᠦᠯᠬᠦ 》 ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ 《ᠰᠢᠨ᠎ᠡ ᠬᠠᠷᠠᠭᠠᠰᠤ》 ᠶ᠋ᠢ ᠪᠤᠢ ᠪᠣᠯᠭᠠᠪᠠ;ᠬᠥᠬᠡᠬᠣᠲᠠ᠎ᠶᠢᠨ ᠴᠡᠷᠢᠭ᠎ᠦᠨ ᠶᠠᠪᠤᠳᠠᠯ᠎ᠤᠨ ᠰᠢᠭᠦᠬᠦ ᠬᠣᠷᠢᠶ᠎ᠠ᠎ᠲᠠᠢ ᠬᠠᠮᠲᠤ ᠪᠠᠷ ᠰᠢᠯᠢ᠎ᠶᠢᠨ ᠭᠣᠣᠯ ᠠᠢᠮᠠᠭ᠎ᠤᠨ ᠬᠢᠯᠢ᠎ᠶᠢᠨ ᠬᠠᠮᠠᠭᠠᠯᠠᠯᠲᠠ᠎ᠶᠢᠨ ᠴᠡᠷᠢᠭ᠎ᠦᠨ ᠬᠤᠸᠠᠷᠠᠨ ᠪᠠ ᠬᠢᠯᠢ ᠬᠢᠵᠠᠭᠠᠷ᠎ᠤᠨ ᠮᠠᠯᠵᠢᠬᠤ ᠣᠷᠣᠨ᠎ᠳᠤ ᠬᠦᠷᠴᠦ᠂ 《ᠬᠠᠤᠯᠢ ᠪᠡᠷ ᠵᠠᠰᠠᠬᠤ ᠤᠳᠬ᠎ᠠ ᠤᠷᠠᠯᠢᠭ᠋》 ᠢ᠋ ᠬᠢᠯᠢ᠎ᠶᠢᠨ ᠪᠣᠭᠣᠮᠲᠠ᠎ᠳᠤ ᠬᠦᠷᠬᠡᠵᠦ᠂ ᠴᠡᠷᠢᠭ ᠠᠩᠭᠢ᠎ᠶᠢᠨ ᠳᠠᠷᠤᠭ᠎ᠠ ᠪᠠᠢᠯᠳᠤᠭ᠍ᠴᠢᠳ᠎ᠲᠤ ᠴᠡᠷᠢᠭ᠎ᠦᠨ ᠭᠡᠷ ᠪᠦᠯᠢ᠎ᠶᠢᠨ ᠬᠢᠨ᠎ᠦ ᠨᠡᠢᠳᠡᠮ ᠠᠩᠬᠠᠷᠴᠤ ᠪᠠᠢᠭ᠎ᠠ ᠡᠳ᠋ ᠬᠥᠷᠥᠩᠭᠡ᠂ ᠭᠡᠷ ᠪᠠᠢᠰᠢᠩ ᠬᠤᠳᠠᠯᠳᠤᠭᠠᠯᠠᠬᠤ᠂ ᠭᠡᠷᠢᠶᠡᠰ ᠵᠠᠯᠭᠠᠮᠵᠢᠯᠠᠬᠤ᠂ ᠨᠠᠢᠳᠠᠵᠤ ᠣᠷᠣᠯᠠᠭᠤᠯᠬᠤ ᠵᠡᠷᠭᠡ ᠬᠠᠤᠯᠢ ᠴᠠᠭᠠᠵᠠ᠎ᠶᠢᠨ ᠠᠰᠠᠭᠤᠳᠠᠯ᠎ᠢ ᠲᠠᠢᠯᠪᠤᠷᠢᠯᠠᠨ ᠥᠭᠪᠡ᠃

ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ᠎ᠶᠢᠨ ᠲᠠᠯ᠎ᠠ᠎ᠪᠠᠷ᠂ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠎ᠶᠢᠨ ᠵᠢᠷᠬᠢᠶ᠎ᠡ ᠢ᠋ᠢᠨ ᠤᠯᠠᠨ ᠨᠡᠶ᠋ᠢᠲᠡ᠎ᠶᠢᠨ ᠲᠠᠪᠴᠠᠩ᠎ᠳᠤ 《ᠬᠠᠤᠯᠢ᠎ᠪᠠᠷ ᠬᠡᠷᠡᠯᠲᠦᠭᠦᠯᠦᠭᠰᠡᠨ ᠲᠡᠩᠨᠡᠭᠦᠷ·ᠲᠤᠬᠠᠢᠯᠠᠭᠰᠠᠨ ᠠᠵᠢᠯ᠎ᠤᠨ ᠵᠢᠵᠢᠭ ᠬᠢᠴᠢᠶᠡᠯ᠎ᠦᠨ ᠲᠠᠩᠬᠢᠮ》ᠢ᠋ ᠨᠡᠭᠡᠭᠡᠵᠦ᠂ ᠨᠡᠢᠭᠡᠮ ᠨᠡᠶ᠋ᠢᠲᠡ᠎ᠳᠦ ᠬᠠᠨᠳᠤᠭᠤᠯᠤᠨ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠢ ᠭᠦᠨᠵᠡᠭᠡᠢ ᠪᠥᠭᠡᠳ ᠣᠢᠯᠠᠭᠠᠮᠵᠢᠲᠠᠢ᠎ᠲᠠᠢᠯᠪᠤᠷᠢᠯᠠᠪᠠ; ᠥᠪᠥᠷ ᠮᠣᠩᠭᠣᠯ᠎ᠤᠨ ᠰᠢᠭᠦᠭᠦ ᠲᠤᠰᠢᠶᠠᠯᠲᠠᠨ᠎ᠤ ᠳᠠᠪᠲᠠᠨ ᠪᠣᠯᠪᠠᠰᠤᠷᠠᠬᠤ ᠳᠡᠭᠡᠳᠦ ᠰᠤᠷᠭᠠᠭᠤᠯᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠬᠥᠮᠦᠵᠢᠯ ᠦᠢᠯᠡᠳᠦᠯᠭᠡ᠎ᠶᠢᠨ ᠰᠠᠭᠤᠷᠢᠨ ᠤ᠋ ᠦᠢᠯᠡᠲᠦᠯ ᠢ᠋ ᠪᠠᠲᠠᠷᠠᠭᠤᠯᠤᠨ᠂ ᠵᠢᠷᠬᠢᠶ᠎ᠡ ᠢ᠋ᠢᠨ ᠤᠯᠠᠨ ᠨᠡᠢᠲᠡ ᠢ᠋ᠢᠨ ᠲᠠᠪᠴᠠᠩ᠎ᠳᠠᠭᠠᠨ《ᠰᠡᠳᠬᠢᠯ ᠨᠢᠭᠡᠲᠦᠨ ᠠᠭᠤᠰᠤᠯᠴᠠᠭᠤᠯᠤᠨ ᠴᠤᠬᠴᠠᠯᠠᠶ᠎ᠠ》 ᠭᠡᠬᠦ ᠲᠤᠰᠬᠠᠢ ᠪᠤᠯᠤᠩ ᠭᠠᠷᠭᠠᠵᠤ ᠰᠢᠷᠢᠰ ᠰᠣᠳᠣᠨ ᠬᠢᠴᠢᠶᠡᠯ ᠲᠤᠬᠢᠷᠠᠭᠤᠯᠤᠨ᠂ ᠨᠠᠮ᠎ᠤᠨ ᠭᠡᠰᠢᠭᠦᠨ᠎ᠦ ᠪᠦᠯᠬᠦᠮᠳᠡᠯ ᠲᠣᠭᠲᠠᠭᠤᠨ᠎ᠢ ᠬᠠᠮᠠᠭᠠᠯᠠᠬᠤ᠂ ᠬᠠᠮᠲᠤ ᠪᠠᠷ ᠴᠢᠨᠡᠭᠡᠯᠢᠭᠵᠢᠬᠦ᠎ᠶᠢ ᠠᠬᠢᠭᠤᠯᠬᠤ ᠲᠤᠭ ᠲᠡᠮᠳᠡᠭ᠎ᠦᠨ ᠦᠢᠯᠡᠳᠦᠯ᠎ᠢ ᠪᠠᠳᠠᠷᠠᠭᠤᠯᠪᠠ᠃

ᠠᠷᠠᠳ᠎ᠤᠨ ᠲᠥᠯᠥᠭᠡ ᠬᠠᠤᠯᠢ ᠬᠡᠷᠡᠭᠵᠢᠭᠦᠯᠵᠦ ᠬᠢᠯᠢ ᠬᠢᠵᠠᠭᠠᠷ᠎ᠤᠨ ᠲᠣᠭᠲᠠᠭᠤᠨ᠎ᠢ ᠬᠠᠮᠠᠭᠠᠯᠠᠪᠠ

ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠭᠦ ᠬᠤᠷᠢᠶ᠎ᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢ ᠬᠠᠯᠠᠭᠤᠨ ᠲᠤᠯᠠᠭᠠᠬᠠᠨ ᠪᠠᠢᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠢ᠋ᠢᠨ ᠤᠬᠠᠮᠰᠠᠷ ᠢ᠋ ᠪᠠᠲᠦ ᠴᠤᠬᠴᠠᠯᠠᠬᠤ ᠵᠢ ᠠᠷᠠᠳ᠎ᠤᠨ ᠠᠮᠢᠳᠤᠷᠠᠯ᠎ᠤᠨ ᠬᠠᠤᠯᠢ ᠴᠠᠭᠠᠵᠠ᠎ᠶᠢᠨ ᠪᠠᠲᠤᠯᠠᠭ᠎ᠠ᠎ᠶᠢᠨ ᠠᠵᠢᠯ᠎ᠳᠤ ᠲᠤᠭᠤᠰᠢᠯᠠᠭᠤᠯᠪᠠ᠃

ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠭᠦ ᠬᠤᠷᠢᠶ᠎ᠠ ᠢ᠋ᠢᠨ ᠡᠭᠦᠲᠦᠭᠰᠡᠨ 《ᠵᠠᠷᠭᠤ᠎ᠶᠢᠨ ᠦᠢᠯᠡᠴᠢᠯᠡᠭᠡᠨ᠎ᠦ ᠬᠥᠩᠭᠡᠨ ᠮᠣᠷᠢᠲᠤ ᠴᠡᠷᠢᠭ》 ᠤ᠋ᠨ ᠨᠠᠮ᠎ᠤᠨ ᠪᠠᠢᠭᠤᠯᠤᠯᠲᠠ᠎ᠶᠢᠨ ᠲᠦᠷᠦᠯ ᠲᠡᠮᠳᠡᠭ ᠨᠢ 《ᠵᠠᠷᠭᠤ᠎ᠶᠢᠨ ᠦᠢᠯᠡᠴᠢᠯᠡᠭᠡ》ᠳ᠋ᠤ᠌ ᠠᠩᠬᠠᠷᠤᠯ᠎ᠢᠶᠠᠨ ᠲᠥᠪᠯᠡᠷᠡᠭᠦᠯᠤᠨ᠂ ᠠᠷᠠᠳ᠎ᠤᠨ ᠲᠥᠯᠥᠭᠡ ᠬᠠᠤᠯᠢ ᠬᠡᠷᠡᠭᠵᠢᠬᠦᠯᠬᠦ ᠵᠤᠷᠢᠯᠲᠠ ᠵᠢ ᠦᠢᠯᠡᠲᠦᠯᠭᠡᠵᠢᠭᠦᠯᠵᠦ᠂ 《ᠬᠥᠩᠭᠡᠨ ᠮᠣᠷᠢᠲᠦ ᠴᠡᠷᠢᠭ》 ᠤ᠋ᠨ ᠪᠠᠷᠢᠮᠵᠢᠶ᠎ᠠ ᠲᠠᠢ ᠬᠠᠷᠭᠤᠭᠤᠯᠵᠤ᠂ ᠥᠨᠳᠥᠷ ᠪᠦᠲᠦᠮᠵᠢᠲᠡᠶ ᠪᠠᠢᠬᠤ᠎ᠶᠢ ᠲᠣᠪᠤᠢᠯᠭᠠᠨ᠂ ᠵᠠᠷᠭᠤ᠎ᠶᠢᠨ ᠦᠢᠯᠡᠴᠢᠯᠡᠭᠡᠨ᠎ᠦ ᠶᠡᠷᠦᠩᠬᠡᠢᠯᠡᠭᠰᠡᠨ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠵᠦ᠂ 《ᠰᠢᠯᠢᠲᠡᠭ ᠴᠡᠷᠢᠭ 》ᠢ᠋ ᠪᠣᠯᠪᠠᠰᠤᠷᠠᠭᠤᠯᠵᠤ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ᠎ᠶᠢ ᠳᠡᠭᠡᠭᠰᠢᠯᠡᠬᠦᠯᠪᠡ ᠃ 《 ᠠᠷᠠᠳ᠎ᠤᠨ ᠲᠥᠯᠥᠭᠡᠯᠡᠭᠴᠢ᠂ ᠤᠯᠤᠰ ᠲᠦᠷᠦ ᠢ᠋ᠢᠨ ᠵᠦᠪᠯᠡᠯᠭᠡᠨ᠎ᠤ ᠭᠡᠰᠢᠭᠦᠨ + ᠰᠢᠭᠦᠬᠦ ᠬᠣᠷᠢᠶ᠎ᠠ 》 ᠢ᠋ᠢᠨ ᠢᠷᠭᠡᠨ᠎ᠦ ᠪᠠ ᠬᠤᠳᠠᠯᠳᠤᠭᠠᠨ᠎ᠤ ᠶᠠᠪᠤᠳᠠᠯ᠎ᠤᠨ ᠵᠠᠭᠤᠷᠠᠯᠳᠤᠭᠠᠨ᠎ᠢ ᠰᠢᠢᠳᠪᠦᠷᠢᠯᠡᠬᠦ ᠲᠣᠭᠲᠠᠴᠠ᠎ᠶᠢ ᠭᠦᠨᠵᠡᠭᠡᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠲᠠᠢ ᠬᠠᠮᠲᠤᠷᠠᠨ《ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠎ᠦ ᠤᠷᠢᠳ ᠢ᠋ᠢᠡᠷ ᠡᠶᠡᠳᠡᠭᠦᠯᠬᠦ᠎ᠳᠦ ᠣᠷᠣᠯᠴᠠᠬᠤ᠎ᠶᠢ ᠴᠢᠩᠭᠠᠳᠬᠠᠵᠤ 〈 ᠤᠯᠤᠰ ᠲᠥᠷᠥ᠎ᠶᠢᠨ ᠵᠥᠪᠯᠡᠯᠭᠡᠨ + ᠰᠢᠭᠦᠬᠦ ᠬᠣᠷᠢᠶ᠎ᠠ〉 ᠢ᠋ᠢᠨ ᠢᠷᠭᠡᠨ᠎ᠦ ᠪᠠ ᠬᠤᠳᠠᠯᠳᠤᠭᠠᠨ᠎ᠤ ᠶᠠᠪᠤᠳᠠᠯ᠎ᠤᠨ ᠵᠠᠭᠤᠷᠠᠯᠳᠤᠭᠠᠨ᠎ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ᠎ᠶᠢ ᠭᠦᠨᠵᠡᠭᠡᠢ ᠠᠬᠢᠭᠤᠯᠬᠤ ᠲᠤᠬᠠᠢ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠤᠷᠢᠳ ᠢ᠋ᠢᠡᠷ ᠡᠶᠡᠳᠡᠭᠦᠯᠬᠦ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃ ᠠᠷᠠᠳ᠎ᠤᠨ ᠠᠮᠢᠳᠤᠷᠠᠯ᠎ᠳᠤ ᠬᠣᠯᠪᠣᠭᠳᠠᠭᠰᠠᠨ ᠬᠡᠷᠡᠭ᠎ᠭᠦᠢᠴᠡᠳᠬᠡᠬᠦ ᠲᠤᠰᠬᠠᠢ ᠵᠦᠢᠯ᠎ᠦᠨ ᠠᠵᠢᠯᠯᠠᠭ᠎ᠠ ᠪᠠ ᠬᠦᠯᠦᠰᠦᠨ ᠮᠠᠯᠴᠢᠨ ᠲᠠᠷᠢᠶᠠᠴᠢᠨ᠎ᠤ ᠴᠠᠯᠢᠩ᠎ᠳᠤ ᠬᠣᠯᠪᠣᠭᠳᠠᠭᠰᠠᠨ ᠬᠡᠷᠡᠭ ᠭᠦᠢᠴᠡᠳᠬᠡᠬᠦ ᠲᠤᠰᠬᠠᠢ ᠵᠦᠢᠯ᠎ᠦᠨ ᠠᠵᠢᠯᠯᠠᠭ᠎ᠠ᠎ᠶᠢ ᠬᠦᠴᠦᠲᠡᠢ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠬᠣᠯᠪᠣᠭᠳᠠᠭᠰᠠᠨ ᠬᠡᠷᠡᠭ᠎ᠢ ᠤᠷᠢᠳ ᠢ᠋ᠢᠡᠷ ᠬᠡᠷᠡᠭ ᠪᠣᠯᠭᠠᠨ ᠳᠠᠩᠰᠠᠯᠠᠬᠤ᠂ ᠤᠷᠢᠳ ᠢ᠋ᠢᠡᠷ ᠭᠦᠢᠴᠡᠳᠬᠡᠬᠦ᠂ ᠭᠦᠢᠴᠡᠳᠬᠡᠬᠦ ᠵᠣᠭᠣᠰ᠎ᠢ ᠤᠷᠢᠳ ᠢ᠋ᠢᠡᠷ ᠣᠯᠭᠣᠬᠤ 《ᠭᠤᠷᠪᠠ᠎ᠶᠢ ᠤᠷᠢᠳ ᠢ᠋ᠢᠡᠷ ᠪᠣᠳᠣᠯᠬᠢᠯᠠᠬᠤ》 ᠳᠦᠷᠢᠮ᠎ᠢ ᠬᠡᠷᠡᠭᠵᠢᠭᠦᠯᠪᠡ᠃

ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ ᠵᠢᠡᠨ ᠲᠦᠪᠯᠡᠷᠡᠭᠦᠯᠦᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠶᠠᠪᠤᠳᠠᠯ᠎ᠢ ᠦᠨᠳᠦᠰᠦᠲᠡᠨ ᠱᠠᠰᠢᠨ ᠰᠤᠷᠲᠠᠬᠤᠨ᠂ ᠨᠤᠲᠤᠭ ᠪᠡᠯᠴᠢᠭᠡᠷ ᠠᠮᠢ ᠠᠬᠤᠢ ᠵᠡᠷᠭᠡ ᠬᠦᠷᠢᠶᠡᠨ᠎ᠦ ᠵᠥᠷᠢᠴᠡᠯ ᠵᠠᠭᠤᠷᠠᠯᠳᠤᠭᠠᠨ᠎ᠢ ᠬᠠᠤᠯᠢ ᠶᠣᠰᠣᠭᠠᠷ ᠰᠢᠢᠳᠪᠦᠷᠢᠯᠡᠬᠦ ᠠᠵᠢᠯ᠎ᠳᠤ ᠲᠤᠭᠤᠰᠢᠯᠠᠭᠤᠯᠪᠠ᠃ ᠠᠮᠢ ᠠᠬᠤᠢ ᠤᠷᠴᠢᠨ ᠲᠤᠭᠤᠷᠢᠨ᠎ᠤ ᠠᠮᠤᠷ ᠲᠦᠪᠰᠢᠨ᠎ᠦ ᠬᠠᠤᠯᠢ ᠴᠠᠭᠠᠵᠠ ᠢ᠋ᠢᠨ ᠬᠠᠯᠬᠠᠪᠴᠢ᠎ᠶᠢ ᠪᠠᠲᠤ ᠴᠤᠬᠴᠠᠯᠠᠵᠦ᠂ ᠣᠷᠴᠢᠨ ᠲᠤᠭᠤᠷᠢᠨ᠎ᠤ ᠡᠬᠢ ᠪᠠᠶᠠᠯᠢᠭ᠋᠎ᠤᠨ ᠬᠡᠷᠡᠭ᠎ᠢ ᠲᠥᠪᠯᠡᠷᠡᠭᠦᠯᠦᠨ ᠬᠠᠮᠢᠶᠠᠷᠬᠤ ᠲᠣᠭᠲᠠᠴᠠ᠎ᠶᠢ ᠲᠡᠭᠦᠯᠳᠡᠷᠵᠢᠭᠦᠯᠵᠦ᠂ ᠦᠨᠳᠦᠰᠦᠲᠡᠨ ᠨᠤᠬᠦᠳ᠎ᠤᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠳᠤ ᠬᠣᠯᠪᠣᠭᠳᠠᠭᠰᠠᠨ ᠬᠡᠷᠡᠭ᠂ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ᠎ᠤ ᠭᠠᠵᠠᠷ ᠰᠢᠷᠣᠢ᠎ᠶᠢᠨ ᠵᠠᠭᠤᠷᠠᠯᠳᠤᠭᠠᠨ᠂ ᠨᠤᠳᠤᠭ ᠪᠡᠯᠴᠢᠭᠡᠷ᠎ᠤᠨ ᠳᠠᠭᠠᠭᠠᠴᠢᠯᠠᠯᠲᠠ᠎ᠶᠢᠨ ᠭᠡᠷ᠎ᠡ᠎ᠶᠢᠨ ᠵᠠᠭᠤᠷᠠᠯᠳᠤᠭᠠᠨ ᠬᠢᠭᠡᠳ ᠡᠷᠬᠡ᠎ᠳᠦ ᠬᠠᠯᠳᠠᠭᠰᠠᠨ ᠬᠡᠷᠡᠭ᠂ ᠲᠠᠷᠢᠶᠠᠴᠢᠨ ᠮᠠᠯᠴᠢᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠳᠤ ᠬᠣᠯᠪᠣᠭᠳᠠᠭᠰᠠᠨ ᠬᠡᠷᠡᠭ᠎ᠢ ᠬᠠᠤᠯᠢ ᠶᠣᠰᠣᠭᠠᠷ ᠰᠢᠭᠦᠨ ᠰᠢᠢᠳᠪᠦᠷᠢᠯᠡᠪᠡ᠃

ᠬᠣᠯᠪᠤᠭᠠᠯᠠᠨ ᠬᠥᠳᠡᠯᠦᠯᠴᠡᠵᠦ ᠴᠠᠭᠠᠷᠠᠭᠰᠠᠨ ᠡᠩᠨᠡᠭᠡ ᠎ᠶᠢ ᠳᠠᠪᠲᠠᠨ ᠪᠣᠯᠪᠠᠰᠤᠷᠠᠭᠤᠯᠪᠠ

ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠭᠦ ᠬᠤᠷᠢᠶ᠎ᠠ ᠪᠠᠲᠤ ᠴᠢᠩᠭ᠎ᠠ ᠪᠡᠬᠢᠯᠡᠯᠲᠡ᠎ᠶᠢᠨ 《ᠵᠢᠱ᠌ᠢᠶᠡᠴᠢ》ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠠᠵᠢᠯ᠎ᠢ ᠪᠠᠲᠤᠲᠠᠢ ᠥᠷᠨᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠪᠡᠷ ᠭᠤᠤᠯ ᠰᠢᠵᠢᠮ ᠪᠤᠯᠭᠠᠬᠰᠠᠨ ᠪᠠᠢᠳᠠᠯ᠎ᠢ ᠦᠨᠡᠯᠡᠨ ᠲᠣᠭᠲᠠᠭᠠᠬᠤ ᠪᠠᠷᠢᠮᠵᠢᠶ᠎ᠠ ᠪᠣᠯᠭᠠᠵᠤ᠂ ᠡᠯ᠎ᠡ ᠨᠠᠮ᠎ᠤᠨ ᠡᠭᠦᠷ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ᠂ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠢᠯᠠᠩ ᠵᠡᠷᠭᠡ ᠬᠡᠯᠪᠡᠷᠢ᠎ᠪᠡᠷ ᠭᠦᠨᠵᠡᠭᠡᠢ ᠰᠤᠷᠤᠯᠴᠠᠵᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠎ᠶᠢᠨ 31 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠬᠠᠢᠷ᠎ᠠ ᠰᠡᠳᠬᠢᠯᠭᠡ᠎ᠪᠡᠨ ᠰᠣᠯᠢᠯᠴᠠᠬᠤ᠂ ᠬᠥᠮᠥᠵᠢᠭᠦᠯᠬᠦ᠂ ᠡᠶ᠎ᠡ ᠨᠠᠢᠷᠲᠠᠢ ᠪᠣᠯᠭᠠᠬᠤ ᠠᠵᠢᠯ᠎ᠢ ᠲᠠᠰᠤᠷᠠᠯᠲᠠ ᠦᠭᠡᠢ ᠰᠠᠢᠲᠤᠷ ᠬᠢᠪᠡ᠃ ᠢᠷᠭᠡᠨ᠎ᠦ ᠬᠡᠷᠡᠭ᠎ᠢ ᠰᠢᠭᠦᠨ ᠲᠠᠰᠤᠯᠬᠤ ᠲᠠᠪᠤᠳᠤᠭᠠᠷ ᠲᠢᠩᠬᠢᠮ᠎ᠤᠨ ᠨᠠᠮ᠎ᠤᠨ ᠡᠭᠦᠷ ᠲᠤᠰᠬᠠᠢᠯᠠᠨ ᠰᠢᠯᠢ᠎ᠶᠢᠨ ᠭᠣᠣᠯ ᠠᠢᠮᠠᠭ᠎ᠤᠨ ᠪᠤᠯᠠᠭᠠᠨ ᠰᠤᠮᠤ᠎ᠶᠢᠨ ᠡᠷᠳᠡᠨᠢᠲᠠᠯ᠎ᠠ ᠭᠠᠴᠠᠭ᠎ᠠ᠎ᠳᠤ ᠬᠦᠷᠴᠦ᠂ 《ᠤᠯᠤᠰ᠎ᠤᠨ ᠬᠡᠦᠬᠡᠳ》 ᠨᠠᠷᠠᠨᠬᠤᠸᠠᠷ ᠨᠠᠰᠤᠲᠠᠨ᠎ᠢ ᠲᠣᠬᠣᠨᠢᠭᠤᠯᠵᠤ᠂ᠨᠠᠮ᠎ᠤᠨ ᠭᠡᠰᠢᠭᠦᠨ᠎ᠦ ᠪᠦᠯᠬᠦᠮᠳᠡᠯ ᠲᠣᠭᠲᠠᠭᠤᠨ᠎ᠢ ᠬᠠᠮᠠᠭᠠᠯᠠᠬᠤ᠂ ᠬᠠᠮᠲᠤ ᠪᠠᠷ ᠴᠢᠨᠡᠭᠡᠯᠢᠭᠵᠢᠬᠦ᠎ᠶᠢ ᠠᠬᠢᠭᠤᠯᠬᠤ ᠲᠤᠭ ᠲᠡᠮᠳᠡᠭ᠎ᠦᠨ ᠦᠢᠯᠡᠳᠦᠯ᠎ᠢ ᠪᠠᠳᠠᠷᠠᠭᠤᠯᠪᠠ᠃

ᠭᠠᠵᠠᠷ᠎ᠤᠨ ᠳᠡᠰ᠎ᠤᠨ ᠤᠳᠤᠷᠢᠳᠬᠤ ᠺᠠᠳ᠋ᠷ᠎ᠢ ᠰᠣᠩᠭᠣᠨ ᠲᠣᠮᠢᠯᠠᠬᠤ᠂ ᠰᠢᠭᠦᠭᠦ ᠲᠤᠰᠢᠶᠠᠯᠲᠠᠨ᠎ᠤ ᠵᠡᠷᠭᠡ ᠳᠡᠰ ᠪᠠ ᠠᠯᠪᠠᠲᠠᠨ᠎ᠤ ᠲᠤᠰᠢᠶᠠᠯ᠎ᠤᠨ ᠳᠡᠰ᠎ᠢ ᠳᠡᠪᠰᠢᠭᠦᠯᠬᠦ ᠪᠠᠢᠴᠠᠭᠠᠯᠲᠠ ᠳᠤᠮᠳᠠ᠂ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ ᠵᠡᠷᠭᠡ ᠢ᠋ᠢᠨ ᠰᠢᠭᠦᠭᠦ ᠬᠤᠷᠢᠶ᠎ᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠶᠢ ᠪᠠᠢᠴᠠᠭᠠᠯᠲᠠ᠎ᠶᠢᠨ ᠭᠣᠣᠯᠳᠠᠯᠭ᠎ᠠ ᠪᠣᠯᠭᠠᠵᠤ᠂ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠡᠩᠨᠡᠭᠡᠨ᠎ᠦ 《ᠳᠦᠷᠪᠡᠨ ᠣᠨᠴᠠᠭᠠᠶ 》 ᠢ᠋ᠢᠨ ᠴᠢᠬᠤᠯᠠ ᠱᠠᠭᠠᠷᠳᠠᠯᠭ᠎ᠠ᠎ᠶᠢ ᠺᠠᠳ᠋ᠷ᠎ᠤᠨ ᠳᠠᠪᠰᠢᠵᠤ ᠪᠠᠭᠤᠵᠤ ᠪᠦᠷ ᠪᠣᠯᠬᠤ᠎ᠶᠢᠨ ᠴᠢᠬᠤᠯᠠ ᠦᠨᠳᠦᠰᠦᠯᠡᠯ ᠪᠣᠯᠭᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠡᠩᠨᠡᠭᠡ᠎ᠶᠢ ᠬᠦᠴᠦᠯᠡᠨ ᠬᠥᠮᠥᠵᠢᠭᠦᠯᠵᠡᠢ᠃

ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶᠠᠨ᠎ᠤ ᠪᠠᠢᠭᠤᠯᠭ᠎ᠠ ᠨᠢ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ》 ᠭᠣᠣᠯ ᠰᠡᠳᠦᠪᠲᠦ 《ᠬᠠᠤᠯᠢ ᠪᠡᠷ ᠬᠡᠷᠡᠯᠲᠦᠭᠦᠯᠦᠭᠰᠡᠨ ᠲᠡᠩᠨᠡᠭᠦᠷ》ᠭᠡᠬᠦ ᠨᠣᠮ ᠤᠩᠰᠢᠬᠤ ᠬᠤᠷᠠᠯ᠎ᠢ ᠡᠷᠬᠢᠯᠡᠵᠦ᠂ ᠨᠠᠮ᠎ᠤᠨ ᠭᠡᠰᠢᠭᠦᠳ᠎ᠢᠶᠡᠷ ᠨᠣᠮ ᠪᠢᠴᠢᠭ᠎ᠲᠡᠬᠢ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠯᠢᠭᠡᠷ ᠎ᠢ ᠶᠠᠷᠢᠭᠤᠯᠵᠤ᠂ ᠰᠢᠭᠦᠨ ᠲᠠᠰᠤᠯᠬᠤ ᠭᠦᠢᠴᠡᠳᠬᠡᠬᠦ ᠬᠡᠷᠡᠭ ᠰᠢᠢᠳᠪᠦᠷᠢᠯᠡᠬᠦ ᠶᠠᠪᠤᠴᠠ᠎ᠳᠠᠬᠢ ᠦᠵᠡᠯ ᠰᠠᠨᠠᠭᠠᠨ᠎ᠤ ᠣᠢᠯᠠᠭᠠᠯᠲᠠ᠎ᠶᠢ ᠬᠤᠪᠢᠶᠠᠯᠴᠠᠨ᠂ 《ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠥᠨ ᠮᠡᠲᠦ ᠳᠣᠲᠣᠨᠣ᠌》 ᠭᠦᠨ ᠵᠤᠵᠠᠭᠠᠨ ᠨᠥᠬᠥᠷᠯᠡᠯ᠎ᠢ ᠣᠢᠯᠠᠭᠠᠭᠤᠯᠵᠤ᠂ ᠺᠠᠳ᠋ᠷ ᠴᠠᠭᠳᠠᠭ᠎ᠠ᠎ᠶᠢᠨ ᠰᠣᠶᠣᠯ᠎ᠤᠨ ᠬᠡᠪ ᠪᠣᠯᠪᠠᠰᠤᠷᠠᠯ ᠎ᠢ ᠨᠢ ᠳᠡᠭᠡᠭᠰᠢᠯᠡᠭᠦᠯᠪᠡ᠃

ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠠᠷᠠᠳ᠎ᠤᠨ ᠰᠡᠳᠬᠢᠯ᠎ᠢ ᠨᠢᠭ᠍ᠲᠠᠷᠠᠭᠤᠯᠬᠤ᠎ᠶᠢ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠢᠮᠠᠬᠲᠠ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢᠨ ᠵᠤᠷᠢᠯᠲᠠ ᠪᠠ ᠲᠤᠰᠤᠯᠲᠠ ᠪᠠᠨ ᠪᠣᠯᠭᠠᠵᠦ᠂ ᠦᠪᠦᠷ ᠮᠤᠩᠭᠤᠯ᠎ᠤᠨ ᠳᠥᠷᠪᠡᠨ ᠰᠢᠭᠦᠬᠦ ᠲᠢᠩᠬᠢᠮ ᠲᠦᠷᠦᠭᠦᠦ ᠪᠦᠯᠦᠭ᠎ᠤᠨ ᠪᠦᠬᠦ ᠤᠯᠤᠰ᠎ᠤᠨ 《ᠹᠸᠩᠴᠢᠶᠤᠤ ᠮᠠᠶᠢᠭ᠋᠎ᠤᠨ ᠠᠷᠠᠳ᠎ᠤᠨ ᠰᠢᠭᠦᠬᠦ ᠲᠢᠩᠬᠢᠮ》 ᠢ᠋ᠢᠡᠷ ᠨᠡᠷᠡᠢᠲᠦᠭᠲᠡᠵᠦ᠂ ᠭᠤᠷᠪᠠᠨ ᠰᠢᠭᠦᠭᠦ ᠲᠢᠩᠬᠢᠮ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠨᠡᠢᠲᠡᠯᠢᠭ ᠬᠡᠷᠡᠭ᠎ᠦᠨ ᠵᠢᠱ᠌ᠢᠶ᠎ᠡ᠎ᠶᠢᠨ ᠡᠮᠬᠢᠳᠬᠡᠯ᠎ᠳᠤ ᠰᠣᠩᠭᠣᠭᠳᠠᠪᠠ᠃《ᠰᠠᠢᠨ ᠮᠡᠲᠡᠲᠡᠭ ᠬᠥᠮᠥᠨ》 ᠤ᠋ ᠰᠠᠯᠪᠤᠷᠢ ᠠᠩᠭᠢ᠎ᠶᠢ ᠵᠣᠬᠢᠶᠠᠨ ᠪᠠᠢᠭᠤᠯᠵᠤ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠴᠠᠭᠠᠨ ᠰᠤᠳᠤᠯᠤᠨ ᠵᠢᠭᠠᠨ ᠵᠢᠯᠤᠭᠣᠳᠴᠤ᠂ ᠪᠦᠬᠦ ᠣᠷᠣᠨ᠎ᠤ ᠰᠢᠭᠦᠬᠦ ᠬᠣᠷᠢᠶ᠎ᠠ᠎ᠶᠢᠨ ᠤᠷᠢᠳ ᠢ᠋ᠢᠡᠷ ᠡᠶᠡᠳᠡᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠪᠠ᠃ 2025 ᠣᠨ᠎ᠳᠤ ᠪᠥᠬᠥ ᠣᠷᠣᠨ᠎ᠤ ᠰᠢᠭᠦᠬᠦ ᠬᠣᠷᠢᠶ᠎ᠠ᠎ᠶᠢᠨ ᠤᠷᠢᠳ ᠢ᠋ᠢᠡᠷ ᠡᠶᠡᠳᠡᠭᠦᠯᠦᠭᠰᠡᠨ ᠬᠡᠷᠡᠭ 11 ᠲᠦᠮᠡ ᠭᠠᠷᠤᠢ ᠪᠠᠢᠵᠤ᠂ ᠡᠭᠦᠨ᠎ᠳᠦ ᠡᠶᠡᠳᠡᠭᠦᠯᠦᠭᠡᠳ ᠠᠮᠵᠢᠯᠲᠠ ᠣᠯᠣᠭᠰᠠᠨ ᠬᠡᠷᠡᠭ 7 ᠲᠦᠮᠡ ᠭᠠᠷᠤᠢ ᠪᠠᠢᠵᠤ᠂ 62.24%᠎ᠶᠢ ᠡᠵᠡᠯᠡᠪᠡ᠃ ᠠᠷᠠᠳ᠎ᠤᠨ ᠠᠮᠢᠲᠤᠷᠠᠯ᠎ᠳᠤ ᠬᠣᠯᠪᠣᠭᠳᠠᠬᠤ 《ᠪᠠᠭ᠎ᠠ ᠬᠡᠷᠡᠭ》ᠨᠢᠭᠡᠪᠦᠷᠢ᠎ᠶᠢ ᠰᠠᠢᠲᠤᠷ ᠰᠢᠢᠳᠪᠦᠷᠢᠯᠡᠵᠦ᠂ 2025 ᠣᠨ᠎ᠳᠤ ᠪᠦᠬᠦ ᠣᠷᠣᠨ᠎ᠤ ᠰᠢᠭᠦᠬᠦ ᠬᠣᠷᠢᠶ᠎ᠠ ᠬᠥᠯᠥᠰᠦᠨ ᠠᠵᠢᠯᠴᠢᠨ᠎ᠤ ᠴᠠᠯᠢᠩ᠎ᠢ ᠥᠷᠢᠲᠦᠵᠦ ᠤᠳᠠᠭᠠᠰᠢᠷᠠᠭᠤᠯᠤᠭᠰᠠᠨ ᠬᠡᠷᠡᠭ᠎ᠢ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ᠎ᠥᠷᠨᠢᠭᠦᠯᠵᠦ᠂ 1.3 ᠲᠦᠮᠡᠨ ᠬᠡᠷᠡᠭ᠎ᠢ ᠭᠦᠢᠴᠡᠳᠬᠡᠵᠤ᠂ ᠬᠥᠯᠥᠰᠦᠨ ᠠᠵᠢᠯᠴᠢᠨ᠎ᠤ ᠬᠦᠯᠦᠰᠦ ᠤᠯᠭᠤᠮᠵᠢ ᠵᠢ ᠭᠦᠢᠴᠡᠳ ᠲᠣᠭ᠎ᠠ᠎ᠪᠠᠷ ᠨᠢ ᠤᠯᠭᠤᠵᠠᠢ᠃

《ᠤᠯᠤᠰ ᠲᠦᠷᠦ᠎ᠶᠢᠨ ᠲᠠᠯ᠎ᠠ᠎ᠡᠴᠡ ᠦᠵᠡᠵᠦ᠂ ᠬᠠᠤᠯᠢ᠎ᠪᠠᠷ ᠵᠠᠰᠠᠬᠤ ᠲᠠᠯ᠎ᠠ ᠡᠴᠡ ᠰᠢᠢᠳᠪᠦᠷᠢᠯᠡᠬᠦ》 ᠵᠢ ᠭᠦᠨᠵᠡᠭᠡᠢᠷᠡᠭᠦᠯᠦᠨ ᠪᠣᠳᠠᠲᠠᠢᠵᠢᠭᠤᠯᠵᠤ ᠪᠠᠢᠭ᠎ᠠ ᠦᠪᠦᠷ ᠮᠤᠩᠭᠤᠯ᠎ᠤᠨ ᠰᠢᠭᠦᠭᠦ ᠬᠤᠷᠢᠶ᠎ᠠ ᠵᠢᠨ ᠬᠢᠨ ᠨᠠᠮ᠎ᠤᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠦᠨᠡᠨ ᠬᠦ᠌ ᠠᠷᠠᠳ ᠲᠦᠮᠡᠨ᠎ᠦ ᠲᠦᠯᠦᠭᠡ ᠬᠠᠤᠯᠢ ᠪᠠᠷᠢᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ᠎ᠳᠦ ᠨᠡᠩ ᠬᠦᠴᠦᠲᠡᠢ ᠬᠠᠤᠯᠢ ᠴᠠᠭᠠᠵᠠ ᠢ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面