2026-09-04 10:55:40
ᠦᠪᠤᠷ ᠮᠤᠩᠭᠤᠯ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢᠨ ᠪᠣᠯᠪᠠᠰᠤᠷᠠᠯ ᠶᠠᠪᠤᠭᠳᠠᠪᠠ
ᠣᠢᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠳᠤ ᠪᠥᠬᠥ ᠣᠷᠣᠨ᠎ᠤ ᠠᠵᠢᠯ᠎ᠡᠴᠠ᠎ᠪᠠᠨ ᠳᠠᠷᠬᠠᠯᠠᠭᠳᠠᠭᠰᠠᠨ ᠠᠵᠢᠯ᠎ᠡᠴᠠ᠎ᠪᠠᠨ ᠠᠮᠠᠷᠠᠭᠰᠠᠨ ᠺᠠᠳ᠋ᠷᠴᠤᠳ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢᠨ ᠭᠤᠷᠪᠠᠳᠤᠭᠠᠷ ᠬᠤᠭᠤᠴᠠᠭᠠᠨ᠎ᠤ ᠵᠢᠱ᠌ᠢᠶ᠎ᠡ ᠦᠵᠡᠭᠦᠯᠬᠦ ᠪᠣᠯᠪᠠᠰᠤᠷᠠᠯ᠎ᠤᠨ ᠠᠩᠭᠢᠡᠷᠭᠢᠯᠡᠪᠡ᠃
ᠪᠣᠯᠪᠠᠰᠤᠷᠠᠯ᠎ᠤᠨ ᠠᠩᠭᠢ᠎ᠠᠴᠠ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶᠢᠨ ᠵᠢᠭᠠᠨ ᠰᠤᠳᠤᠯᠬᠤ ᠬᠡᠯᠲᠡᠰ᠎ᠦᠨ ᠡᠷᠬᠢᠯᠡᠭᠴᠢ ᠵᠣᠣ ᠱᠦ᠍ ᠯᠦ᠍ ᠫᠷᠤᠹᠧᠰᠰᠤᠷ ᠂ ᠠᠵᠤ ᠠᠬᠤᠢ᠎ᠶᠢᠨ ᠤᠬᠠᠭᠠᠨ᠎ᠤ ᠵᠢᠭᠠᠨ ᠰᠤᠳᠤᠯᠬᠤ ᠬᠡᠯᠲᠡᠰ᠎ᠦᠨ ᠡᠷᠬᠢᠯᠡᠭᠴᠢ ᠱᠠ ᠶᠦᠩ ᠮᠧᠶ ᠫᠷᠤᠹᠧᠰᠰᠤᠷ ᠪᠠ ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶᠢᠨ ᠨᠢᠭᠡᠳᠦᠮᠡᠯ ᠹᠷᠣᠨᠲ᠎ᠤᠨ ᠵᠢᠭᠠᠨ ᠰᠤᠳᠤᠯᠬᠤ ᠲᠠᠰᠤᠭ᠎ᠤᠨ ᠳᠡᠳ᠋ ᠫᠷᠤᠹᠧᠰᠰᠤᠷ ᠵᠢᠶᠠᠩ ᠬᠠᠢ ᠶᠠᠨ᠎ᠢ ᠣᠨᠴᠠᠭᠠᠢᠯᠠᠨ ᠤᠷᠢᠵᠤ᠂ ᠲᠤᠰ ᠲᠤᠰ 《ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ》᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠬᠣᠶᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ〈1571〉ᠠᠵᠢᠯ᠎ᠤᠨ ᠪᠠᠢᠷᠢᠯᠠᠭᠤᠯᠤᠯᠲᠠ᠎ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠤᠶᠠ》᠂ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ ᠪᠡᠷ ᠭᠤᠤᠯ ᠰᠢᠵᠢᠮ ᠪᠤᠯᠭᠠᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠤᠶ᠎ᠠ》 ᠭᠡᠬᠦ ᠲᠤᠰᠬᠠᠢ ᠰᠡᠳᠦᠪᠲᠦ ᠲᠠᠢᠯᠤᠮᠵᠢ ᠬᠢᠪᠡ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠡᠳᠦᠪᠲᠦ ᠬᠢᠴᠢᠶᠡᠯ ᠳᠡᠭᠡᠷ᠎ᠡ᠂ ᠤᠯᠠᠨ ᠵᠢᠡᠷ ᠵᠢᠡᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠪᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ᠂ ᠪᠦᠯᠬᠦᠮᠳᠡᠨ ᠲᠡᠮᠡᠴᠡᠭᠰᠡᠨ ᠬᠥᠭᠵᠢᠯᠲᠡ᠎ᠶᠢᠨ ᠶᠠᠪᠤᠴᠠ᠎ᠶᠢ ᠰᠢᠰᠲᠧᠮ᠎ᠲᠠᠢ ᠡᠷᠭᠢᠴᠡᠭᠦᠯᠪᠡ᠃ ᠪᠦᠬᠦ ᠰᠤᠷᠤᠯᠭᠠᠳᠡᠳ ᠨᠠᠮ᠎ᠳᠤ ᠣᠷᠣᠬᠤ ᠲᠠᠩᠭᠠᠷᠢᠭ᠋᠎ᠤᠨ ᠦᠭᠡᠰ᠎ᠢ ᠳᠠᠬᠢᠨ ᠡᠷᠭᠢᠴᠡᠭᠦᠯᠵᠦ᠂ ᠲᠥᠪ ᠴᠢᠩᠭ᠎ᠠ᠎ᠪᠠᠷ ᠲᠠᠩᠭᠠᠷᠢᠭ᠍ᠯᠠᠬᠤ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠤᠯᠠᠮ ᠴᠢᠨᠠᠭᠰᠢᠳᠠ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠪᠠ᠃
ᠪᠤᠯᠪᠠᠰᠤᠷᠠᠯ᠎ᠤᠨ ᠠᠩᠭᠢ ᠡᠴᠡ ᠪᠠᠰᠠ 《ᠦᠵᠡᠯ ᠰᠠᠨᠠᠭ᠎ᠠ᠎ᠵᠢ ᠰᠤᠷᠤᠯᠴᠠᠬᠤ᠂ ᠬᠤᠪᠢᠷᠠᠯᠲᠠ᠎ᠶᠢ ᠠᠵᠢᠬᠤ᠂ ᠬᠥᠭᠵᠢᠯᠲᠡ᠎ᠶᠢ ᠳᠡᠮᠵᠢᠬᠦ 》 ᠭᠣᠣᠯ ᠰᠡᠳᠦᠪ᠎ᠦᠨ ᠲᠣᠭᠣᠷᠢᠨ᠎ᠳᠤ᠂ ᠰᠤᠷᠤᠯᠭᠠᠳᠡᠳᠢ ᠵᠤᠬᠢᠶᠠᠨ ᠪᠠᠢᠭᠤᠯᠤᠨ ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠂ ᠬᠥᠬᠡᠬᠣᠲᠠ᠎ᠶᠢᠨ ᠡᠭᠦᠯᠡᠨ ᠳ᠋ᠠᠢᠲ᠋ᠠ᠎ᠶᠢᠨ ᠲᠥᠪ᠎ᠲᠦ ᠬᠦᠷᠴᠦ ᠲᠤᠭᠤᠷᠢᠨ ᠰᠤᠷᠤᠯᠴᠠᠭᠤᠯᠪᠠ᠃ ᠤᠯᠠᠨ ᠵᠢᠡᠷ ᠵᠢᠡᠨ ᠠᠭᠠᠷ᠎ᠤᠨ ᠠᠶᠠᠯᠠᠯ᠎ᠤᠨ ᠬᠦᠢᠰᠦ ᠪᠦᠲᠦᠭᠡᠨ ᠪᠠᠢᠭᠤᠯᠤᠯᠲᠠ᠂ ᠲᠣᠭᠠᠴᠢᠯᠠᠭᠰᠠᠨ ᠪᠤᠳᠤᠯᠲᠠ᠎ᠵᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ᠎ᠶᠢᠨ ᠪᠠᠢᠳᠠᠯ᠎ᠢ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠰᠠᠭᠤᠷᠢ ᠲᠦᠬᠦᠭᠡᠷᠦᠮᠵᠢ᠎ᠶᠢ ᠲᠠᠰ ᠳᠡᠪᠰᠢᠭᠦᠯᠬᠦ᠂ ᠲᠣᠭᠠᠴᠢᠯᠠᠭᠰᠠᠨ ᠠᠵᠤ ᠠᠬᠤᠢ᠎ᠳᠤ ᠴᠢᠳᠠᠮᠵᠢ ᠣᠯᠭᠣᠵᠤ ᠦᠷ᠎ᠡ ᠠᠰᠢᠭ᠋᠎ᠢ ᠨᠡᠮᠡᠭᠳᠡᠭᠦᠯᠬᠦ ᠵᠡᠷᠭᠡ ᠲᠠᠯ᠎ᠠ᠎ᠪᠠᠷ ᠬᠢ ᠦᠢᠯᠡᠳᠦᠯᠭᠡ᠎ᠶᠢᠨ ᠦᠷ᠎ᠡ ᠪᠦᠲᠦᠭᠡᠯ᠎ᠢ ᠪᠡᠶᠡᠴᠢᠯᠡᠨ ᠣᠢᠯᠠᠭᠠᠵᠤ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠠᠮᠵᠢᠯᠲᠠ ᠪᠦᠲᠦᠮᠵᠢ᠎ᠶᠢ ᠬᠦᠢᠴᠡᠳ ᠣᠢᠯᠠᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃