ᠲᠡᠷᠢᠭᠦᠨ ᠨᠢᠭᠤᠷ>ᠣᠨᠣᠯ ᠱᠢᠭᠦᠮᠵᠢ> ᠨᠠᠮ᠎ᠤᠨ ᠪᠠᠢᠭᠤᠯᠤᠯᠲᠠ

2026-09-07 10:29:55

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠪᠠᠶᠠᠨᠨᠠᠭᠤᠷ ᠬᠤᠲᠠ᠎ᠶᠢᠨ ᠬᠠᠩᠭᠢᠨ ᠬᠣᠢᠲᠤ ᠬᠣᠰᠢᠭᠤᠨ᠎ᠳᠤ ᠨᠢᠭᠡᠨ 《ᠠᠬᠠᠮᠠᠳ ᠨᠠᠮ᠎ᠤᠨ ᠡᠭᠦᠷ᠎ᠦᠨ ᠱᠦᠵᠢ᠎ᠶᠢᠨ ᠡᠶᠡᠳᠡᠭᠦᠯᠬᠦ ᠲᠠᠰᠤᠭ》 ᠪᠠᠢᠲᠠᠭ᠂ ᠨᠠᠮᠤᠷ᠎ᠤᠨ ᠠᠭᠤᠷ ᠤᠷᠤᠬᠰᠠᠨ᠎ᠤ ᠲᠠᠷᠠᠭᠠᠬᠢ ᠨᠢᠭᠡ ᠡᠲᠦᠷ 《ᠠᠬᠠᠮᠠᠳ ᠨᠠᠮ᠎ᠤᠨ ᠡᠭᠦᠷ᠎ᠤᠨ ᠱᠦᠵᠢ》 ᠯᠢᠶᠠᠨ ᠸᠸᠢ ᠵᠦᠩ ᠨᠢᠭᠡᠨ ᠠᠷᠠᠳ᠎ᠤᠨ ᠤᠳᠠᠭᠠᠨ ᠡᠲᠦᠷ ᠵᠤᠪᠠᠨᠢᠵᠦ ᠪᠠᠢᠬᠰᠠᠨ ᠶᠠᠪᠤᠲᠠᠯ ᠢ᠋ ᠰᠢᠢᠳᠪᠦᠷᠢᠯᠡᠪᠡ᠃

ᠯᠢᠶᠠᠨ ᠸᠧᠢ ᠵᠥᠩ 2004 ᠣᠨ ᠠ᠋ᠴᠠ 2025 ᠣᠨ ᠪᠣᠯᠲᠠᠯ᠎ᠠ ᠱᠠ ᠬᠠᠢ ᠪᠠᠯᠭᠠᠰᠤᠨ᠎ᠤ ᠰᠢᠨ ᠬᠣᠩ ᠲᠣᠰᠬᠣᠨ᠎ᠤ ᠨᠠᠮ᠎ᠤᠨ ᠡᠭᠦᠷ᠎ᠦᠨ ᠱᠦᠵᠢ ᠶ᠋ᠢᠨ ᠲᠤᠰᠢᠶᠠᠯ ᠢ᠋ ᠬᠠᠷᠢᠭᠤᠴᠠᠵᠤ᠂ ᠨᠢᠭᠡᠨᠲᠡ 21 ᠵᠢᠯ ᠪᠤᠯᠴᠢᠬᠠᠵᠠᠢ᠃ ᠲᠤᠰᠢᠶᠠᠯ᠎ᠳᠤ ᠪᠠᠢᠬᠤ ᠬᠤᠭᠤᠴᠠᠭᠠᠨ᠎ᠳᠤ᠂ ᠭᠠᠵᠠᠷ ᠰᠢᠷᠣᠢ᠎ᠶᠢᠨ ᠡᠷᠬᠡ᠎ᠶᠢᠨ ᠬᠠᠷᠢᠶᠠᠯᠠᠯ᠂ ᠬᠥᠷᠰᠢ ᠵᠡᠷᠭᠡᠯᠡᠳᠡᠭᠡ᠎ᠶᠢᠨ ᠵᠠᠭᠤᠷᠠᠯᠳᠤᠭᠠᠨ᠂ ᠭᠡᠷ ᠪᠦᠯᠢ᠎ᠶᠢᠨ ᠵᠥᠷᠢᠴᠡᠯ ᠁ ᠲᠡᠭᠦᠨ᠎ᠦ ᠭᠠᠷᠳᠠᠨ ᠡᠶᠡᠳᠡᠭᠦᠯᠦᠭᠰᠡᠨ ᠵᠥᠷᠢᠴᠡᠯ ᠨᠢ ᠬᠡᠳᠦᠨ ᠵᠠᠭᠤᠨ ᠤᠳᠠᠭ᠎ᠠ᠎ᠳᠤ ᠬᠦᠷᠴᠦ᠂ 《ᠤᠷᠢᠳ᠎ᠢᠶᠠᠷ ᠵᠣᠭᠣᠭ ᠳᠡᠯᠭᠡᠵᠦ᠂ ᠳᠠᠷᠠᠭ᠎ᠠ ᠨᠢ ᠶᠣᠰᠣ᠌ ᠶᠠᠷᠢᠵᠤ᠂ ᠬᠠᠮᠤᠭ᠎ᠤᠨ ᠰᠡᠭᠦᠯ᠎ᠳᠦ ᠲᠦᠷᠦ᠎ᠶᠢᠨ ᠪᠣᠳᠣᠯᠭ᠎ᠠ᠎ᠶᠢ ᠶᠠᠷᠢᠬᠤ》 ᠨᠤᠲᠤᠭ᠎ᠤᠨ ᠠᠵᠢᠯ᠎ᠤᠨ ᠠᠷᠭ᠎ᠠ᠎ᠶᠢ ᠰᠦᠪᠡᠭᠴᠢᠯᠡᠨ ᠭᠠᠷᠭᠠᠪᠠ᠃ ᠲᠡᠷᠡ ᠪᠠᠶᠠᠨᠨᠠᠭᠤᠷ ᠬᠤᠳᠠ᠎ᠶᠢᠨ ᠬᠥᠳᠡᠯᠮᠦᠷᠢ᠎ᠶᠢᠨ ᠵᠢᠱ᠌ᠢᠶᠡᠴᠢ᠂ ᠬᠤᠳᠠ᠎ᠶᠢᠨ ᠲᠡᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠬᠤᠳᠠ᠎ᠶᠢᠨ ᠲᠡᠰ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠵᠢᠱ᠌ᠢᠶᠡᠴᠢ ᠬᠤᠪᠢ ᠬᠥᠮᠥᠨ ᠵᠡᠷᠭᠡ ᠤᠯᠠᠨ ᠵᠦᠢᠯ᠎ᠦᠨ ᠢᠷᠠᠭᠤ ᠠᠯᠳᠠᠷ᠎ᠢ ᠬᠦᠷᠲᠡᠵᠡᠢ᠃

ᠲᠦᠷᠦᠭᠦᠬᠡᠨ᠂ ᠬᠠᠩᠭᠢᠨ ᠬᠣᠢᠲᠤ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ᠎ᠲᠦ ᠣᠷᠣᠵᠤ ᠰᠠᠭᠤᠭᠰᠠᠨ 《ᠠᠬᠠᠮᠠᠳ ᠨᠠᠮ᠎ᠤᠨ ᠡᠭᠦᠷ᠎ᠦᠨ ᠱᠦᠵᠢ᠎ᠶᠢᠨ ᠡᠶᠡᠳᠡᠭᠦᠯᠬᠦ ᠲᠠᠰᠤᠭ》 ᠵᠢᠩᠬᠢᠨᠢ᠎ᠪᠡᠷ ᠠᠰᠢᠭ᠍ᠯᠠᠯᠲᠠ᠎ᠳᠤ ᠣᠷᠣᠪᠠ᠂ ᠯᠢᠶᠠᠨ ᠸᠧᠢ ᠵᠥᠩ᠎ᠢ ᠪᠠᠭᠲᠠᠭᠠᠭᠰᠠᠨ 5 ᠪᠠᠶᠠᠯᠢᠬ ᠲᠤᠷᠰᠢᠯᠭ᠎ᠠ᠎ᠲᠠᠢ ᠲᠤᠰᠢᠶᠠᠯ ᠡᠴᠡ᠎ᠪᠠᠨ ᠰᠠᠯᠤᠭᠰᠠᠨ ᠲᠣᠰᠬᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ ᠲᠤᠰᠬᠠᠢ ᠡᠶᠡᠳᠡᠭᠦᠯᠦᠭᠴᠢ᠎ᠪᠡᠷ ᠤᠷᠢᠭ᠍ᠳᠠᠪᠠ᠃ 《ᠲᠣᠰᠬᠣᠨ᠎ᠳᠤ 30 ᠭᠠᠷᠤᠢ ᠵᠢᠯ ᠠᠵᠢᠯᠯᠠᠭᠠᠳ᠂ ᠭᠠᠵᠠᠷ ᠰᠢᠷᠣᠢ᠂ ᠬᠥᠷᠰᠢ ᠵᠡᠷᠭᠡᠯᠡᠳᠡᠭᠡ᠂ ᠲᠠᠷᠢᠶᠠᠴᠢᠨ ᠡᠷᠦᠬᠡ ᠶ᠋ᠢᠨ ᠬᠦᠴᠢᠷᠳᠡᠯ ᠢ᠋ ᠪᠢ ᠪᠦᠷ ᠮᠡᠳᠡᠵᠦ ᠪᠠᠢᠨ᠎ᠠ᠂ ᠬᠡᠳᠦᠢᠪᠡᠷ ᠲᠤᠰᠢᠶᠠᠯ ᠠ᠋ᠴᠠ᠎ᠪᠠᠨ ᠰᠠᠯᠤᠭᠰᠠᠨ ᠪᠣᠯᠪᠠᠴᠤ ᠨᠠᠮ᠎ᠤᠨ ᠭᠡᠰᠢᠭᠦᠨ᠎ᠦ ᠠᠷᠠᠳ᠎ᠤᠨ ᠲᠥᠯᠥᠭᠡ ᠵᠢᠳᠬᠦᠬᠦ ᠤᠭ ᠰᠠᠨᠠᠭ᠎ᠠ ᠬᠤᠪᠢᠷᠠᠭᠰᠠᠨ ᠦᠭᠡᠢ᠂ ᠬᠣᠢᠰᠢᠳᠠ ᠪᠢ ᠡᠶᠡᠳᠡᠭᠦᠯᠬᠦ ᠠᠵᠢᠯ᠎ᠤᠨ ᠡᠮᠦᠨ᠎ᠡ ᠹᠷᠣᠨᠲ ᠢ᠋ ᠰᠠᠬᠢᠵᠤ᠂ ᠨᠤᠲᠤᠭ᠎ᠤᠨ ᠠᠬ᠎ᠠ ᠳᠡᠭᠦᠦ ᠨᠠᠷ᠎ᠦᠨ ᠪᠤᠬᠢᠨᠢᠳᠤᠯ ᠢ᠋ ᠨᠢᠭᠡᠳ ᠨᠢᠭᠡ᠎ᠪᠡᠷ ᠰᠢᠢᠳᠪᠦᠷᠢᠯᠡᠨ᠎ᠡ》 ᠭᠡᠵᠦ ᠯᠢᠶᠠᠨ ᠸᠧᠢ ᠵᠦᠩ ᠬᠡᠯᠡᠪᠡ᠃

ᠬᠣᠰᠢᠭᠤᠨ᠎ᠤ ᠱᠠᠲᠤᠨ᠎ᠤ ᠡᠶᠡᠳᠡᠭᠦᠯᠬᠦ ᠲᠠᠰᠤᠭ᠎ᠲᠤ 5 ᠨᠡᠷᠡᠰ 《ᠠᠬᠠᠮᠠᠳ ᠨᠠᠮ᠎ᠤᠨ ᠡᠭᠦᠷ᠎ᠦᠨ ᠱᠦᠵᠢ》 ᠠᠵᠢᠯᠯᠠᠬᠤ ᠡᠳᠦᠷ᠎ᠲᠦ ᠪᠦᠬᠦᠯᠢ ᠡᠳᠦᠷ᠎ᠢᠶᠡᠷ ᠠᠵᠢᠯᠯᠠᠵᠤ ᠤᠯᠠᠨ ᠲᠦᠮᠡᠨ᠎ᠳᠤ ᠲᠦᠭᠦᠮ ᠦᠵᠡᠭᠦᠯᠵᠦ ᠪᠠᠢᠲᠠᠭ᠃ ᠬᠠᠩᠭᠢᠨ ᠬᠣᠢᠲᠤ ᠬᠣᠰᠢᠭᠤᠨ᠎ᠤ ᠨᠠᠮ᠎ᠤᠨ ᠬᠣᠷᠢᠶᠠᠨ᠎ᠤ ᠳᠠᠳ᠋ ᠱᠦᠵᠢ᠂ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶᠠᠨ᠎ᠤ ᠱᠦᠵᠢ ᠯᠢ ᠴᠢᠶᠠᠩ᠂ 5 ᠠᠬᠠᠮᠠᠳ ᠨᠠᠮ᠎ᠤᠨ ᠡᠭᠦᠷ᠎ᠦᠨ ᠱᠦᠵᠢ ᠪᠣᠯ ᠤᠬᠠᠮᠰᠠᠷ᠎ᠲᠠᠢ᠂ ᠬᠠᠢᠷ᠎ᠠ ᠰᠡᠳᠬᠢᠯᠭᠡ᠎ᠲᠠᠢ᠂ ᠡᠷᠴᠢ ᠵᠣᠷᠢᠭ᠋᠎ᠲᠠᠢ᠂ ᠬᠥᠳᠡᠭᠡ ᠲᠣᠰᠬᠣᠨ᠎ᠤ ᠨᠢᠭᠡᠳᠦᠭᠡᠷ ᠹᠷᠣᠨᠲ᠎ᠲᠤ ᠬᠠᠲᠠᠭᠤᠵᠢᠭ᠍ᠰᠠᠨ ᠭᠣᠣᠯᠯᠠᠭ᠍ᠴᠢ ᠬᠦᠴᠦᠨ ᠮᠥᠨ ᠬᠡᠵᠦ ᠢᠯᠡᠷᠬᠡᠢᠯᠡᠪᠡ᠃ ᠣᠢᠯᠠᠭᠠᠭᠰᠠᠨ᠎ᠢᠶᠠᠷ᠂ ᠬᠠᠩᠭᠢᠨ ᠬᠣᠢᠲᠤ ᠬᠣᠰᠢᠭᠤ ᠡᠨᠡ ᠬᠦ᠌ ᠠᠷᠭ᠎ᠠ᠎ᠶᠢ ᠪᠥᠬᠥ ᠬᠣᠰᠢᠭᠤᠨ᠎ᠳᠤ ᠳᠡᠯᠭᠡᠷᠡᠭᠦᠯᠵᠦ᠂ ᠣᠳᠣᠬᠠᠨ᠎ᠳᠤ 10 ᠪᠠᠯᠭᠠᠰᠤᠨ᠎ᠤ ᠲᠠᠰ᠎ᠤᠨ 《ᠠᠬᠠᠮᠠᠳ ᠨᠠᠮ᠎ᠤᠨ ᠡᠭᠦᠷ᠎ᠦᠨ ᠱᠦᠵᠢ᠎ᠶᠢᠨ ᠡᠶᠡᠳᠡᠭᠦᠯᠬᠦ ᠲᠠᠰᠤᠭ》 ᠢ᠋ ᠨᠢᠭᠡᠨᠲᠡ ᠪᠦᠬᠦᠨ᠎ᠢ ᠪᠠᠢᠭᠤᠯᠤᠨ ᠠᠵᠢᠯᠯᠠᠭᠤᠯᠪᠠ᠃ ᠡᠬᠦᠨ᠎ᠳ᠋ᠤ ᠡᠶᠡᠳᠡᠭᠦᠯᠬᠦ ᠲᠠᠰᠤᠭ ᠎ᠤᠨ ᠭᠣᠣᠯᠯᠠᠭ᠍ᠴᠢ ᠬᠦᠴᠦᠨ ᠨᠢ ᠲᠤᠰᠢᠶᠠᠯ ᠡᠴᠡ ᠪᠠᠨ ᠰᠠᠯᠤᠭᠰᠠᠨ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠪᠠᠢᠵᠤ᠂ ᠠᠵᠢᠯ ᠡᠴᠡ᠎ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠠᠮ᠎ᠤᠨ ᠭᠡᠰᠢᠭᠦᠨ᠎ᠢ ᠬᠠᠮᠲᠦ ᠳ᠋ᠤᠨᠢ ᠲᠣᠬᠢᠷᠠᠭᠤᠯᠵᠤ᠂ ᠬᠥᠷᠰᠢ ᠵᠡᠷᠭᠡᠯᠡᠳᠡᠭᠡ᠎ᠶᠢᠨ ᠵᠠᠭᠤᠷᠠᠯᠳᠤᠭᠠᠨ᠂ ᠤᠷᠤᠭ ᠭᠡᠷ ᠪᠦᠯᠢ ᠵᠡᠷᠭᠡ ᠠᠷᠠᠳ᠎ᠤᠨ ᠬᠣᠭᠣᠷᠣᠨᠳᠣᠬᠢ ᠤᠯᠠᠨ ᠠᠷᠪᠢᠨ ᠵᠥᠷᠢᠴᠡᠯ᠎ᠢ ᠭᠣᠣᠯᠳᠠᠯᠭ᠎ᠠ᠎ᠲᠠᠢ ᠬᠦᠯᠢᠶᠡᠨ ᠠᠪᠴᠤ ᠰᠢᠢᠳᠪᠦᠷᠢᠯᠡᠨ᠎ᠡ᠃ ᠬᠠᠷᠠᠯᠲᠠ ᠨᠢ 《ᠪᠠᠭ᠎ᠠ ᠶᠠᠪᠤᠳᠠᠯ᠎ᠳᠤ ᠲᠣᠰᠬᠣᠨ ᠡᠴᠡ ᠭᠠᠷᠬᠤ ᠦᠭᠡᠢ᠂ ᠶᠡᠬᠡ ᠶᠠᠪᠤᠳᠠᠯ᠎ᠳᠤ ᠪᠠᠯᠭᠠᠰᠤᠨ᠎ᠠᠴᠠ ᠭᠠᠷᠬᠤ ᠦᠭᠡᠢ᠂ ᠵᠥᠷᠢᠴᠡᠯ᠎ᠢ ᠳᠡᠭᠡᠭᠰᠢ ᠲᠤᠰᠢᠶᠠᠬᠤ ᠦᠭᠡᠢ》 ᠪᠠᠢᠬᠤ ᠵᠢ ᠪᠡᠶᠡᠯᠡᠭᠦᠯᠦᠨ᠎ᠡ᠃ ᠰᠢᠨ᠎ᠡ ᠢᠷᠡᠭᠰᠡᠨ ᠺᠠᠳ᠋ᠷ ᠤᠬᠠᠭᠠᠨ ᠲᠥᠬᠥᠭᠡ᠎ᠶᠢ ᠨᠢ ᠣᠯᠬᠤ ᠦᠭᠡᠢ ᠪᠠᠢᠬᠤ᠎ᠳᠤ᠂ 《ᠠᠬᠠᠮᠠᠳ ᠨᠠᠮ᠎ᠤᠨ ᠡᠭᠦᠷ᠎ᠦᠨ ᠱᠦᠵᠢ》 ᠲᠡᠷᠡ ᠲᠠᠷᠤᠢ᠎ᠳᠤᠨᠢ ᠬᠡᠨ᠎ᠦ ᠬᠢᠨ᠎ᠳᠦ ᠬᠡᠳᠦᠨ ᠮᠦ᠍ ᠬᠤᠵᠢᠷᠯᠢᠭ᠋ ᠭᠠᠵᠠᠷ᠎ᠲᠠᠢ᠂ ᠠᠯᠢ ᠰᠤᠪᠠᠭ᠎ᠢ ᠨᠢ ᠬᠡᠨ ᠮᠠᠯᠲᠠᠬᠰᠠᠨ ᠢ᠋ ᠪᠦᠷ ᠮᠡᠲᠡᠵᠦ᠂ ᠰᠡᠳᠬᠢᠯ᠎ᠳᠡᠭᠡᠨ ᠨᠢᠭᠡ ᠨᠠᠷᠢᠨ ᠳᠠᠩᠰᠠ᠎ᠪᠠᠢᠲᠠᠭ᠃ ᠡᠶᠡᠳᠡᠭᠦᠯᠬᠦ ᠲᠠᠰᠤᠭ ᠨᠢ 《ᠭᠤᠷᠪᠠ ᠶ᠋ᠢ ᠣᠢᠯᠠᠭᠠᠨ ᠭᠤᠷᠪᠠ ᠵᠢ ᠢᠯᠡ ᠪᠠᠢᠯᠭᠠᠨ ᠭᠤᠷᠪᠠ ᠶ᠋ᠢ ᠪᠣᠳᠠᠲᠠᠢᠵᠢᠭᠤᠯᠵᠦ》᠂ ᠡᠩᠨᠡᠭᠡ ᠨᠢ 《ᠬᠥᠮᠥᠨ ᠢ᠋ ᠣᠢᠯᠠᠭᠠᠬᠤ᠂ ᠭᠠᠵᠠᠷ ᠢ᠋ ᠣᠢᠯᠠᠭᠠᠬᠤ᠂ ᠪᠠᠢᠳᠠᠯ ᠢ᠋ ᠣᠢᠯᠠᠭᠠᠬᠤ》 ᠳ᠋ᠤ ᠲᠦᠰᠢᠭᠯᠡᠨ᠂ ᠠᠵᠢᠯ ᠶᠠᠪᠤᠳᠠᠯ ᠰᠢᠢᠳᠪᠦᠷᠢᠯᠡᠬᠦ᠎ᠳᠡᠭᠡᠨ 《ᠡᠷᠬᠡ ᠲᠡᠭᠰᠢ᠂ ᠲᠥᠪ ᠭᠣᠥᠯᠴᠢ᠂ ᠢᠯᠡ ᠲᠣᠳᠣ᠌ ᠪᠠᠢᠬᠤ》 ᠶ᠋ᠢ ᠪᠠᠷᠢᠮᠲᠠᠯᠠᠵᠤ᠂ ᠶᠠᠪᠤᠴᠠ᠎ᠳᠤ 《ᠵᠥᠷᠢᠴᠡᠯ᠎ᠦᠨ ᠳᠠᠯᠳᠠ ᠬᠡᠮ ᠢ᠋ ᠰᠤᠷᠪᠤᠯᠵᠢᠯᠠᠵᠤ ᠵᠢᠭ᠍ᠰᠠᠭᠠᠨ ᠪᠠᠢᠴᠠᠭᠠᠬᠤ ᠶ᠋ᠢ ᠪᠣᠳᠠᠲᠠᠢᠵᠢᠭᠤᠯᠬᠤ᠂ ᠬᠠᠤᠯᠢ ᠵᠦᠢ ᠠᠷᠠᠳ᠎ᠤᠨ ᠪᠠᠢᠳᠠᠯ ᠶᠣᠰᠣ᠌ ᠵᠦᠢ ᠶ᠋ᠢ ᠤᠬᠠᠭᠤᠯᠤᠨ ᠲᠠᠢᠯᠪᠤᠷᠢᠯᠠᠬᠤ ᠶ᠋ᠢ ᠪᠣᠳᠠᠲᠠᠢᠵᠢᠭᠤᠯᠬᠤ᠂ ᠡᠶᠡᠳᠡᠭᠦᠯᠵᠦ ᠬᠡᠷᠡᠭ ᠢ᠋ ᠳᠠᠭᠤᠰᠬᠠᠬᠤ》 ᠵᠢ ᠪᠡᠶᠡᠯᠡᠭᠦᠯᠵᠡᠢ᠃

ᠡᠭᠦᠨ᠎ᠡᠴᠡ ᠭᠠᠳᠠᠨ᠎ᠠ᠂ ᠬᠠᠩᠭᠢᠨ ᠬᠣᠢᠲᠤ ᠬᠣᠰᠢᠭᠤᠨ᠎ᠤ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠂ ᠤᠯᠤᠰ ᠲᠦᠷᠦ ᠬᠠᠤᠯᠢ ᠴᠠᠭᠠᠵᠠ᠎ᠶᠢᠨ ᠵᠥᠪᠯᠡᠯ᠂ ᠬᠠᠤᠯᠢ ᠴᠠᠭᠠᠵᠠ᠎ᠶᠢᠨ ᠲᠣᠪᠴᠢᠶ᠎ᠠ ᠲᠦᠷᠦᠭᠦᠯᠡᠵᠦ᠂ 《ᠠᠬᠠᠮᠠᠳ ᠨᠠᠮ᠎ᠤᠨ ᠡᠭᠦᠷ᠎ᠦᠨ ᠱᠦᠵᠢ᠎ᠶᠢᠨ ᠡᠶᠡᠳᠡᠭᠦᠯᠬᠦ ᠲᠠᠰᠤᠭ》 ᠬᠢᠭᠡᠳ ᠳᠣᠲᠣᠭᠠᠳᠤ᠎ᠶᠢ ᠬᠠᠮᠠᠭᠠᠯᠠᠬᠤ᠂ ᠪᠠᠢᠴᠠᠭᠠᠬᠤ ᠬᠤᠷᠢᠶ᠎ᠠ᠂ ᠰᠢᠭᠦᠬᠦ ᠬᠣᠷᠢᠶ᠎ᠠ᠂ ᠵᠠᠬᠢᠳᠠᠯ ᠰᠣᠷᠪᠤᠯᠵᠢᠯᠠᠯ᠎ᠤᠨ ᠰᠠᠯᠠᠭ᠎ᠠ ᠮᠥᠴᠢᠷ᠎ᠲᠠᠢ ᠬᠠᠮᠵᠢᠯᠴᠠᠬᠤ ᠲᠣᠭᠲᠠᠴᠠ᠎ᠶᠢ ᠪᠠᠢᠭᠤᠯᠵᠤ᠂ ᠪᠠᠯᠭᠠᠰᠤ ᠲᠣᠰᠬᠣᠨ᠂ ᠲᠣᠣᠷᠵᠢᠯ᠂ ᠬᠠᠤᠯᠢ ᠴᠠᠭᠠᠵᠠ᠎ᠶᠢᠨ ᠭᠠᠵᠠᠷ᠎ᠤᠨ ᠬᠦᠴᠦᠨ᠎ᠢ ᠬᠠᠮᠲᠤ ᠳ᠋ᠤᠨᠢ ᠬᠤᠷᠠᠮᠳᠤᠭᠤᠯᠪᠠ᠃

《ᠠᠬᠠᠮᠠᠳ ᠨᠠᠮ᠎ᠤᠨ ᠡᠭᠦᠷ᠎ᠦᠨ ᠱᠦᠵᠢ᠎ᠶᠢᠨ ᠡᠶᠡᠳᠡᠭᠦᠯᠬᠦ ᠲᠠᠰᠤᠭ》 ᠨᠢ ᠪᠠᠰᠠ ᠲᠤᠰᠬᠠᠢᠯᠠᠨ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ᠎ᠡᠴᠡ ᠰᠠᠯᠭᠠᠨ ᠭᠠᠷᠭᠠᠭᠰᠠᠨ ᠰᠢᠶᠠᠩ ᠪᠠᠯᠭᠠᠰᠤ ᠠᠯᠤᠰᠯᠠᠭᠰᠠᠨ ᠭᠠᠵᠠᠷ ᠰᠢᠷᠣᠢ᠎ᠶᠢᠨ ᠵᠠᠭᠠᠭ᠎ᠤᠨ ᠵᠠᠭᠤᠷᠠᠯᠳᠤᠭᠠᠨ᠂ ᠭᠠᠵᠠᠷ ᠰᠢᠷᠣᠢ᠎ᠶᠢᠨ ᠡᠷᠭᠢᠯᠲᠡ᠎ᠶᠢᠨ ᠳᠠᠷᠤᠭᠳᠠᠮᠠᠯ ᠬᠡᠷᠡᠭ ᠵᠡᠷᠭᠡ ᠪᠤᠳᠤᠯᠢᠶᠠᠨᠲᠠᠢ ᠬᠡᠷᠡᠭ᠎ᠢ ᠵᠤᠯᠭᠠᠭᠤᠯᠵᠠᠢ᠃ ᠡᠶᠡᠳᠡᠭᠦᠯᠬᠦ ᠶᠠᠪᠤᠴᠠ᠎ᠳᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠲᠠᠷᠢᠶᠠᠴᠢᠳ᠎ᠲᠤ ᠠᠰᠢᠭ᠋ ᠬᠦᠷᠲᠡᠭᠡᠬᠦ ᠲᠦᠷᠦ᠎ᠶᠢᠨ ᠪᠣᠳᠣᠯᠭ᠎ᠠ᠎ᠶᠢᠨ ᠲᠠᠢᠯᠤᠮᠵᠢ ᠪᠠ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠢ ᠵᠡᠷᠭᠡ᠎ᠪᠡᠷ ᠥᠷᠨᠢᠭᠦᠯᠵᠦ᠂ ᠡᠶᠡᠳᠡᠭᠦᠯᠭᠡ᠎ᠪᠡᠷ ᠬᠠᠤᠯᠢ ᠲᠦᠭᠡᠮᠡᠯᠵᠢᠭᠦᠯᠬᠦ᠎ᠶᠢ ᠠᠬᠢᠭᠤᠯᠤᠨ᠂ ᠦᠢᠯᠡᠴᠢᠯᠡᠭᠡ᠎ᠪᠡᠷ ᠵᠠᠰᠠᠯᠲᠠ᠎ᠶᠢ ᠠᠬᠢᠭᠤᠯᠪᠡ᠃

ᠬᠠᠩᠭᠢᠨ ᠬᠣᠢᠲᠤ ᠬᠣᠰᠢᠭᠤ ᠰᠢᠨ᠎ᠡ ᠴᠠᠭ ᠦᠶ᠎ᠡ᠎ᠶᠢᠨ 《ᠹᠸᠩ ᠴᠢᠶᠤᠤ ᠵᠢᠨ ᠲᠤᠷᠰᠢᠯᠭ᠎ᠠ》 ᠪᠠᠨ ᠪᠣᠷᠣᠳᠣᠬᠣᠢ ᠨᠤᠲᠤᠭ᠎ᠲᠤ ᠦᠨᠳᠦᠰᠦᠯᠡᠭᠦᠯᠦᠨ᠂ ᠠᠵᠢᠯ ᠡᠴᠡ᠎ᠪᠠᠨ ᠠᠮᠠᠷᠠᠭᠰᠠᠨ ᠦᠨᠳᠦᠰᠦᠨ ᠱᠠᠲᠤᠨ᠎ᠤ ᠺᠠᠳ᠋ᠷᠴᠤᠳ᠎ᠤᠨ ᠡᠬᠢ ᠪᠠᠶᠠᠯᠢᠭ᠋᠎ᠢ ᠠᠮᠢᠯᠠᠭᠤᠯᠵᠤ᠂ ᠬᠥᠳᠡᠭᠡ ᠲᠣᠰᠬᠣᠨ᠎ᠤ ᠪᠤᠳᠤᠯᠢᠶᠠᠨᠲᠠᠢ ᠵᠥᠷᠢᠴᠡᠯ᠎ᠢ ᠡᠶᠡᠳᠡᠭᠦᠯᠬᠦ ᠳᠤᠲᠠᠭᠤᠳᠠᠯ᠎ᠢ ᠨᠥᠬᠥᠪᠦᠷᠢᠯᠡᠪᠡ᠃ 《ᠪᠢᠳᠡ ᠡᠶᠡᠳᠡᠭᠦᠯᠭᠡ ᠶ᠋ᠢᠨ 10 ᠵᠢᠭ᠍ᠰᠠᠭᠠᠯ᠎ᠤᠨ ᠭᠠᠵᠠᠷ᠎ᠤᠨ ᠡᠳᠦᠷ ᠲᠤᠲᠤᠮ᠎ᠤᠨ ᠠᠵᠢᠯᠯᠠᠭᠠᠨ᠎ᠤ ᠲᠣᠭᠲᠠᠴᠠ ᠶ᠋ᠢ ᠴᠢᠨᠠᠬᠰᠢᠲᠠ ᠨᠠᠷᠢᠰᠬᠠᠵᠤ᠂ ᠡᠭᠡᠯᠵᠢ᠎ᠳᠦ ᠰᠠᠭᠤᠬᠤ ᠵᠠᠭᠪᠤᠷ ᠢ᠋ ᠪᠠᠢᠩᠭᠤᠵᠢᠭᠤᠯᠬᠤ ᠶ᠋ᠢᠨ ᠬᠠᠮᠲᠤ 〈ᠠᠬᠠᠮᠠᠳ ᠨᠠᠮ᠎ᠤᠨ ᠡᠭᠦᠷ᠎ᠦᠨ ᠱᠦᠵᠢ〉 ᠶ᠋ᠢᠨ ᠡᠩᠨᠡᠭᠡ ᠶ᠋ᠢ ᠦᠷᠭᠦᠯᠵᠢᠯᠡᠨ ᠥᠷᠭᠡᠳᠬᠡᠬᠦ᠎ᠪᠡᠷ ᠲᠥᠯᠥᠪᠯᠡᠵᠦ ᠪᠠᠢᠨ᠎ᠠ》 ᠭᠡᠵᠦ ᠯᠢ ᠴᠢᠶᠠᠩ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面