2026-09-07 10:26:03
ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ᠎ᠶᠢᠨ ᠨᠡᠢᠭᠡᠮ᠎ᠦᠨ ᠦᠢᠯᠡᠴᠢᠯᠡᠭᠡᠨ᠎ᠦ ᠵᠢᠯᠤᠭᠣᠳᠬᠤ ᠭᠠᠵᠠᠷ ᠡᠴᠡ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠎ᠯᠤᠭ᠎ᠠ ᠲᠤᠬᠠᠢᠯᠠᠭᠰᠠᠨ ᠠᠵᠢᠯ᠎ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠳᠤᠮᠳᠠ᠂ ᠨᠡᠢᠭᠡᠮ᠎ᠦᠨ ᠦᠢᠯᠡᠴᠢᠯᠡᠭᠡᠨ᠎ᠦ ᠵᠢᠯᠤᠭᠣᠳᠬᠤ ᠭᠠᠵᠠᠷ᠎ᠤᠨ ᠬᠢᠨ《ᠪᠤᠭᠤᠷᠤᠯᠴᠤᠳ᠎ᠤᠨ ᠦᠵᠡᠯ ᠤᠬᠠᠮᠰᠠᠷ᠎ᠤᠨ ᠬᠡᠯᠪᠡᠷᠢ᠎ᠶᠢᠨ ᠵᠢᠭ᠍ᠰᠠᠭᠠᠯ᠎ᠤᠨ ᠭᠠᠵᠠᠷ᠎ᠢ ᠪᠠᠲᠤ ᠰᠠᠬᠢᠶ᠎ᠠ》 ᠬᠡᠬᠦ ᠭᠣᠣᠯ ᠰᠡᠳᠦᠪ᠎ᠦᠨ ᠲᠣᠭᠣᠷᠢᠨ᠎ᠳᠤ᠂ ᠠᠵᠢᠯ᠎ᠡᠴᠡ᠎ᠪᠠᠨ ᠳᠠᠷᠬᠠᠯᠠᠭᠳᠠᠭᠰᠠᠨ ᠠᠵᠢᠯ᠎ᠡᠴᠡ᠎ᠪᠠᠨ ᠠᠮᠠᠷᠠᠭᠰᠠᠨ ᠺᠠᠳ᠋ᠷᠴᠤᠳ᠎ᠤᠨ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠢ ᠰᠠᠢᠲᠤᠷ ᠬᠢᠬᠦ ᠦᠢᠯᠡᠳᠦᠯᠭᠡ᠎ᠶᠢᠨ ᠲᠤᠷᠰᠢᠯᠭ᠎ᠠ ᠪᠠ ᠪᠣᠳᠣᠯᠬᠢᠯᠠᠯ ᠵᠢᠡᠨ ᠤᠯᠠᠨ ᠲᠠᠢ ᠬᠤᠪᠢᠶᠠᠯᠴᠠᠪᠠ᠃ ᠬᠤᠪᠢᠶᠠᠷᠢ ᠪᠠᠩᠬᠢ᠎ᠶᠢᠨ ᠬᠢᠨ ᠠᠵᠢᠯ᠎ᠡᠴᠡ᠎ᠪᠠᠨ ᠳᠠᠷᠬᠠᠯᠠᠭᠳᠠᠭᠰᠠᠨ ᠠᠵᠢᠯ᠎ᠡᠴᠡ᠎ᠪᠠᠨ ᠠᠮᠠᠷᠠᠭᠰᠠᠨ ᠺᠠᠳ᠋ᠷᠴᠤᠳ᠎ᠤᠨ ᠨᠠᠮ᠎ᠤᠨ ᠡᠭᠦᠷ᠎ᠲᠦ ᠲᠦᠰᠢᠭᠯᠡᠨ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ᠎ᠶᠢ ᠴᠢᠩᠭᠠᠳᠬᠠᠭᠰᠠᠨ ᠥᠪᠡᠷᠮᠢᠴᠡ ᠣᠨᠴᠠᠯᠢᠭ᠋᠎ᠲᠠᠢ ᠠᠷᠭ᠎ᠠ ᠬᠢᠳᠡᠯᠵᠢᠡᠨ ᠲᠠᠨᠢᠯᠴᠠᠭᠤᠯᠪᠠ᠃ ᠬᠣᠶᠠᠷ ᠲᠠᠯ᠎ᠠ᠎ᠪᠠᠷ᠎ᠢᠶᠠᠨ ᠠᠵᠢᠯ᠎ᠡᠴᠡ᠎ᠪᠠᠨ ᠳᠠᠷᠬᠠᠯᠠᠭᠳᠠᠬᠰᠠᠨ ᠠᠵᠢᠯ᠎ᠡᠴᠡ ᠪᠠᠨ ᠠᠮᠠᠷᠠᠭᠰᠠᠳ᠎ᠤᠨ ᠰᠦᠯᠵᠢᠶᠡᠨ᠎ᠦ ᠦᠭᠡ ᠶᠠᠷᠢᠶ᠎ᠠ ᠦᠶ᠋ᠯᠡ ᠠᠵᠢᠯᠯᠠᠭ᠎ᠠ᠎ᠶᠢ ᠬᠥᠲᠥᠯᠥᠨ ᠵᠢᠯᠤᠭᠣᠳᠬᠤ ᠵᠡᠷᠭᠡ ᠬᠠᠯᠠᠮᠰᠢᠯ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠭᠦᠨᠵᠡᠭᠡᠢ ᠰᠤᠳᠤᠯᠤᠨ ᠶᠠᠷᠢᠯᠴᠠᠵᠤ᠂ ᠠᠵᠢᠯ᠎ᠤᠨ ᠰᠡᠳᠬᠢᠴᠡᠪᠡ ᠬᠠᠮᠢᠶᠠᠷᠤᠯᠲᠠ᠎ᠶᠢᠨ ᠭᠣᠣᠯᠳᠠᠯᠭ᠎ᠠ᠎ᠪᠠᠨ ᠲᠣᠳᠣᠷᠬᠠᠢᠯᠠᠪᠠ;ᠨᠡᠢᠭᠡᠮ᠎ᠦᠨ ᠦᠢᠯᠡᠴᠢᠯᠡᠭᠡᠨ᠎ᠦ ᠵᠢᠯᠤᠭᠣᠳᠬᠤ ᠭᠠᠵᠠᠷ᠎ᠤᠨ ᠬᠢᠨ ᠬᠤᠪᠢᠶᠠᠷᠢ ᠪᠠᠩᠬᠢ᠎ᠶᠢᠨ ᠠᠬᠠᠮᠠᠳ ᠺᠠᠳ᠋ᠷᠴᠤᠳ᠎ᠤᠨ ᠠᠵᠢᠯᠯᠠᠭᠠᠨ᠎ᠤ ᠲᠥᠪ ᠵᠢᠴᠢ ᠰᠤᠷᠤᠯᠴᠠᠯᠭ᠎ᠠ᠎ᠶᠢᠨ ᠵᠢᠭ᠍ᠰᠠᠭᠠᠯ᠎ᠤᠨ ᠭᠠᠵᠠᠷ ᠵᠢᠡᠷ ᠲᠣᠭᠣᠷᠢᠨ ᠦᠵᠡᠵᠦ᠂ ᠡᠳᠦᠷ ᠲᠤᠳᠤᠮ ᠤᠨ ᠠᠵᠢᠯᠯᠠᠭ᠎ᠠ᠎ᠶᠢᠨ ᠵᠣᠬᠢᠶᠠᠨ ᠪᠠᠢᠭᠤᠯᠤᠯᠲᠠ᠂ ᠵᠢᠭ᠍ᠰᠠᠭᠠᠯ᠎ᠤᠨ ᠭᠠᠵᠠᠷ᠎ᠤᠨ ᠠᠵᠢᠯᠯᠠᠭᠠᠨ ᠤ ᠬᠠᠮᠠᠭᠠᠯᠠᠯᠲᠠ ᠪᠠ ᠦᠢᠯᠡᠴᠢᠯᠡᠭᠡ ᠪᠠᠲᠤᠯᠠᠭ᠎ᠠ᠎ᠶᠢᠨ ᠪᠠᠢᠳᠠᠯ᠎ᠢ ᠨᠠᠷᠢᠨ ᠣᠢᠯᠠᠭᠠᠬᠤ᠎ᠶᠢᠨ ᠬᠠᠮᠲᠤ᠂ ᠵᠢᠭ᠍ᠰᠠᠭᠠᠯ᠎ᠤᠨ ᠭᠠᠵᠠᠷ᠎ᠤᠨ ᠴᠢᠳᠠᠮᠵᠢ᠎ᠶᠢ ᠰᠢᠯᠢᠳᠡᠭᠵᠢᠭᠦᠯᠬᠦ᠂ ᠪᠤᠭᠤᠷᠤᠯᠴᠤᠳ ᠤᠨ ᠦᠢᠯᠡᠳᠦᠯ ᠢ ᠪᠠᠳᠠᠷᠠᠭᠤᠯᠬᠤ ᠵᠡᠷᠭᠡ ᠲᠠᠯ᠎ᠠ᠎ᠪᠠᠷ ᠵᠢᠯᠤᠭᠣᠳᠬᠤ ᠰᠠᠨᠠᠯ ᠳᠤᠷᠠᠳᠴᠦ᠂ ᠬᠣᠶᠠᠷ ᠲᠠᠯ᠎ᠠ᠎ᠪᠠᠷ᠎ᠢᠶᠠᠨ ᠰᠠᠨᠠᠯ᠎ᠢᠶᠠᠨ ᠭᠦᠨᠵᠡᠭᠡᠢ ᠰᠣᠯᠢᠯᠴᠠᠬᠤ᠎ᠪᠠᠷ ᠳᠠᠮᠵᠢᠨ᠂ ᠬᠣᠣᠰ ᠴᠢᠭᠯᠡᠯ᠎ᠢᠶᠡᠷ ᠬᠦᠴᠦᠯᠡᠬᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠎ᠶᠢ ᠠᠬᠢᠭᠤᠯᠪᠡ᠃
ᠲᠠᠷᠠᠭᠠᠴᠢ᠎ᠶᠢᠨ ᠠᠯᠬᠤᠮ᠎ᠳᠤ᠂ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠲᠣᠰ ᠤᠳᠠᠭᠠᠨ᠎ᠤ ᠰᠣᠯᠢᠯᠴᠠᠭ᠎ᠠ ᠵᠢᠨ ᠠᠵᠢᠯᠯᠠᠭ᠎ᠠ ᠪᠡᠷ ᠠᠵᠠ ᠲᠣᠬᠢᠶᠠᠯ ᠪᠣᠯᠭᠠᠵᠤ᠂ ᠲᠡᠷᠢᠭᠦᠨ᠎ᠦ ᠲᠤᠷᠰᠢᠯᠭ᠎ᠠ᠎ᠶᠢ ᠨᠠᠷᠢᠨ ᠬᠢᠨᠠᠮᠠᠭᠠᠢ ᠰᠢᠩᠭᠡᠬᠡᠨ ᠠᠪᠴᠤ᠂ ᠣᠨᠢᠨ ᠳᠡᠭᠡᠷ᠎ᠡ ᠨᠢ ᠦᠢᠯᠡᠴᠢᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠢᠯ᠎ᠤᠨ ᠳᠤᠲᠠᠭᠤᠳᠠᠯ᠎ᠢᠶᠠᠨ ᠦᠷᠭᠦᠯᠵᠢᠯᠡᠨ ᠨᠥᠬᠥᠪᠦᠷᠢᠯᠡᠵᠦ᠂ ᠠᠵᠢᠯ᠎ᠤᠨ ᠲᠣᠭᠲᠡᠴᠡ᠎ᠪᠠᠨ ᠲᠡᠭᠦᠯᠳᠡᠷᠵᠢᠭᠦᠯᠵᠦ᠂ ᠪᠥᠬᠥ ᠣᠷᠣᠨ᠎ᠤ ᠠᠷᠠᠳ ᠤᠨ ᠪᠠᠩᠬᠢ᠎ᠶᠢᠨ ᠰᠢᠰᠲᠧᠮ᠎ᠦᠨ ᠰᠢᠨ᠎ᠡ ᠴᠠᠭ ᠦᠶ᠎ᠡ᠎ᠶᠢᠨ ᠠᠬᠠᠮᠠᠳ ᠺᠠᠳ᠋ᠷᠴᠤᠳ᠎ᠤᠨ ᠠᠵᠢᠯ ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋ ᠢ ᠨᠡᠮᠡᠭᠳᠡᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠬᠤ ᠪᠣᠯᠣᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃