ᠲᠡᠷᠢᠭᠦᠨ ᠨᠢᠭᠤᠷ>ᠣᠨᠣᠯ ᠱᠢᠭᠦᠮᠵᠢ> ᠨᠠᠮ᠎ᠤᠨ ᠪᠠᠢᠭᠤᠯᠤᠯᠲᠠ

2026-09-07 10:23:08

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠤᠢᠷ᠎ᠠ᠎ᠳᠤ᠂ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠯᠢ ᠶᠤᠸᠠᠨ ᠨᠡᠢᠭᠡᠮ ᠲᠣᠭᠣᠷᠢᠭ᠋᠎ᠤᠨ ᠲᠤᠤᠷᠵᠢᠯ᠎ᠤᠨ ᠠᠵᠢᠯᠲᠠᠨ ᠲᠣᠭᠣᠷᠢᠨ ᠠᠵᠢᠯᠯᠠᠬᠤ ᠶᠠᠪᠤᠴᠠ ᠳ᠋ᠠᠭᠠᠨ ᠰᠠᠭᠤᠭᠠᠯᠢ ᠠᠷᠠᠳ᠎ᠤᠨ ᠲᠤᠭᠤᠷᠢᠭ᠎ᠤᠨ ᠥᠮᠴᠢᠲᠡᠨ᠎ᠤ ᠠᠰᠠᠷ᠎ᠤᠨ ᠵᠢᠡᠨ ᠲᠤᠯᠭᠠᠭᠤᠷᠢ ᠬᠡᠷᠡᠮ᠎ᠢ ᠳᠤᠷ᠎ᠠ᠎ᠪᠠᠷ᠎ᠢᠶᠠᠨ ᠨᠤᠷᠠᠭᠠᠵᠤ ᠪᠠᠢᠬᠤ᠎ᠶᠢ ᠣᠯᠵᠤ ᠮᠡᠳᠡᠵᠡᠢ᠂ ᠡᠨᠡ᠎ᠬᠦ ᠪᠠᠢᠳᠠᠯ ᠲᠤᠤᠷ᠎ᠠ ᠲᠡᠷᠡ ᠳᠠᠷᠤᠢ ᠲᠦᠷᠭᠡᠨ ᠬᠣᠷᠢᠭ᠍ᠯᠠᠨ ᠵᠣᠭᠰᠤᠭᠠᠬᠤ᠎ᠶᠢᠨ ᠬᠠᠮᠲᠤ᠂ 《ᠱᠦᠭᠯᠦ ᠦᠯᠢᠶᠡᠬᠦ》 ᠲᠠᠪᠴᠠᠩ᠎ᠢᠶᠠᠷ ᠳᠠᠮᠵᠢᠨ ᠲᠣᠭᠣᠷᠢᠭ᠋᠎ᠤᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ᠎ᠳᠤ ᠪᠠᠢᠳᠠᠯ᠎ᠢ ᠮᠡᠳᠡᠭᠦᠯᠪᠡ᠃ ᠬᠣᠶᠠᠷ ᠴᠠᠭ᠎ᠤᠨ ᠳᠣᠲᠣᠷ᠎ᠠ ᠬᠢᠨᠠᠨ ᠲᠣᠭᠲᠠᠭᠠᠭ᠍ᠴᠢ ᠲᠤᠬᠠᠢ᠎ᠶᠢᠨ ᠲᠠᠯᠠᠪᠤᠷ᠎ᠲᠤ ᠬᠦᠷᠴᠦ᠂ ᠵᠠᠷᠯᠢᠭ᠍ᠳᠠᠵᠤ ᠪᠠᠢᠭᠠᠳ ᠲᠤᠰ ᠠᠵᠢᠯ᠎ᠢ ᠵᠣᠭᠰᠣᠭᠠᠵᠤ᠂ ᠪᠠᠷᠢᠯᠭ᠎ᠠ᠎ᠶᠢᠨ ᠡᠲᠡᠭᠡᠳ ᠲᠠᠢ ᠬᠠᠮᠵᠢᠨ ᠬᠠᠷᠢᠯᠴᠠᠵᠦ᠂ ᠲᠠᠪᠤᠬᠠᠨ ᠡᠳᠦᠷ᠎ᠦᠨ ᠳᠣᠲᠣᠷ᠎ᠠ ᠬᠡᠷᠡᠮ᠎ᠢ ᠰᠡᠯᠪᠢᠨ ᠵᠠᠰᠠᠵᠤ᠂ ᠠᠰᠠᠷ᠎ᠤᠨ ᠠᠮᠤᠷ ᠲᠦᠪᠰᠢᠨ᠎ᠦ ᠳᠠᠯᠳᠠ ᠬᠡᠮ᠎ᠢ ᠠᠷᠢᠯᠭᠠᠪᠠ᠃

ᠨᠡᠢᠭᠡᠮ ᠲᠣᠭᠣᠷᠢᠭ᠋᠎ᠤᠨ ᠱᠦᠵᠢ ᠵᠢᠶᠠᠩ ᠨᠠ᠎ᠶᠢᠨ ᠲᠠᠨᠢᠯᠴᠠᠭᠤᠯᠤᠭᠰᠠᠨ᠎ᠢᠶᠠᠷ᠂ ᠥᠩᠭᠡᠷᠡᠭᠰᠡᠨ᠎ᠳᠤ ᠰᠠᠭᠤᠭᠠᠯᠢ ᠠᠷᠠᠳ ᠵᠠᠭᠠᠯᠳᠤᠯᠭ᠎ᠠ ᠬᠢᠪᠡᠯ ᠰᠠᠶᠢ ᠬᠡᠷᠡᠭ᠎ᠢ ᠬᠦᠯᠢᠶᠡᠨ ᠠᠪᠴᠦ ᠰᠢᠢᠳᠪᠦᠷᠢᠯᠡᠵᠦ ᠪᠠᠢᠬᠰᠠᠨ ᠨᠢ ᠵᠥᠷᠢᠴᠡᠯ᠎ᠢ ᠠᠮᠠᠷᠬᠠᠨ ᠬᠤᠷᠴᠠᠳᠬᠠᠳᠠᠭ᠃ ᠣᠲᠣ᠌ ᠲᠤᠥᠷᠵᠢᠯ᠎ᠤᠨ ᠠᠵᠢᠯᠲᠠᠨ ᠰᠠᠨᠠᠭᠠᠴᠢᠯᠠᠭ᠎ᠠ᠎ᠠᠴᠠ᠎ᠪᠠᠨ ᠵᠢᠭ᠍ᠰᠠᠭᠠᠨ ᠪᠠᠢᠴᠠᠭᠠᠵᠤ᠂ ᠨᠡᠢᠭᠡᠮ ᠲᠣᠭᠣᠷᠢᠭ᠋ 《ᠱᠦᠭᠯᠦ ᠦᠯᠢᠶᠡᠵᠦ》᠂ ᠬᠠᠮᠢᠶ᠎ᠠ ᠪᠦᠬᠦᠢ ᠰᠠᠯᠠᠭ᠎ᠠ ᠮᠥᠴᠢᠷ ᠦᠳᠲᠡᠷ ᠲᠦᠷᠭᠡᠨ᠎ᠢᠶᠡᠷ ᠴᠤᠤᠷᠢᠶᠠᠲᠤᠨ ᠳᠠᠭᠠᠵᠤ᠂ ᠠᠰᠠᠭᠤᠳᠠᠯ᠎ᠢ ᠴᠤᠬᠤᠢᠯᠳᠠ ᠵᠢᠨ ᠬᠤᠭᠤᠴᠠᠭᠠᠨ᠎ᠳᠦᠨᠢ ᠰᠢᠢᠳᠪᠦᠷᠢᠯᠡᠵᠦ ᠪᠤᠢ᠃ ᠡᠨᠡ ᠪᠣᠯ ᠬᠥᠬᠡᠬᠣᠲᠠ᠎ᠶᠢᠨ ᠠᠳᠠᠯ ᠠᠬᠤᠢ᠎ᠶᠢᠨ ᠵᠠᠰᠠᠯᠲᠠ᠎ᠶᠢᠨ 《ᠵᠠᠭᠠᠯᠳᠤᠬᠤ ᠡᠴᠡ ᠨᠢ ᠡᠮᠦᠨ᠎ᠡ ᠤᠷᠢᠳᠠᠪᠠᠷ ᠭᠦᠢᠴᠡᠳᠬᠡᠬᠦ》 ᠠᠵᠢᠯ᠎ᠤᠨ ᠬᠤᠷᠢᠶᠠᠩᠭᠤᠢ ᠳᠦᠷᠰᠦ ᠪᠠᠢᠵᠤ᠂ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ᠂ ᠣᠯᠠᠨ ᠲᠠᠯ᠎ᠠ᠎ᠪᠠᠷ ᠬᠠᠮᠲᠤᠷᠠᠨ ᠬᠥᠳᠡᠯᠦᠯᠴᠡᠬᠦ ᠰᠢᠨ᠎ᠡ ᠵᠠᠭᠪᠤᠷ ᠨᠢ ᠵᠥᠷᠢᠴᠡᠯ᠎ᠢ ᠳᠠᠷᠤᠭᠳᠠᠭᠤᠯᠬᠤ ᠦᠭᠡᠢ᠂ ᠬᠦᠰᠡᠯ ᠱᠠᠭᠠᠷᠳᠠᠯᠭ᠎ᠠ᠎ᠶᠢ ᠳᠠᠷᠤᠢ ᠲᠦᠷᠭᠡᠨ ᠨᠠᠢᠳᠠᠪᠤᠷᠢᠵᠢᠭᠤᠯᠬᠤ᠎ᠵᠢ ᠪᠡᠶᠡᠯᠡᠭᠦᠯᠪᠡ᠃

ᠦᠨᠳᠦᠰᠦᠨ ᠱᠠᠲᠤᠨ᠎ᠳᠤ ᠭᠦᠨᠵᠡᠭᠡᠢᠷᠡᠵᠦ ᠦᠢᠯᠡᠴᠢᠯᠡᠭᠡ ᠵᠢ ᠤᠨᠤᠪᠴᠢᠳᠠᠢ ᠬᠠᠩᠭᠠᠪᠠ

ᠰᠠᠢᠬᠠᠨ ᠲᠣᠭᠣᠷᠢᠭ᠋᠎ᠤᠨ ᠴᠢᠩ ᠹᠸᠩ ᠯᠢ ᠨᠡᠢᠭᠡᠮ ᠲᠣᠭᠣᠷᠢᠭ᠋ ᠨᠢ ᠰᠠᠷ᠎ᠠ ᠪᠦᠷᠢ ᠨᠢᠭᠡ ᠤᠳᠠᠭ᠎ᠠ ᠰᠠᠭᠤᠭᠠᠯᠢ ᠠᠷᠠᠳ᠎ᠤᠨ ᠲᠣᠭᠣᠷᠢᠭ᠋᠎ᠤᠨ ᠬᠡᠷᠡᠭ ᠵᠦᠪᠯᠡᠬᠦ ᠬᠤᠷᠠᠯ ᠬᠢᠳᠡᠭ᠃ ᠴᠢᠩ ᠹᠸᠩ ᠯᠢ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶᠠᠨ᠎ᠤ ᠱᠦᠵᠢ ᠯᠢ᠎ᠶᠢᠨ᠄ 《ᠤᠳᠤ ᠰᠠᠭᠤᠭᠠᠯᠢ ᠠᠷᠠᠳ᠎ᠤᠨ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ ᠨᠢ ᠠᠳᠠᠯ ᠠᠬᠤᠢ᠎ᠵᠢᠨ ᠬᠠᠮᠢᠶᠠᠷᠤᠯᠲᠠ᠎ᠶᠢᠨ ᠵᠥᠪᠯᠡᠯ᠎ᠦᠨ ᠡᠷᠬᠢᠯᠡᠭᠴᠢ᠎ᠵᠢᠨ ᠲᠤᠰᠢᠶᠠᠯ᠎ᠢ ᠬᠠᠪᠰᠤᠷᠭᠠᠨ ᠬᠠᠷᠢᠭᠤᠴᠠᠵᠦ᠂ ᠬᠦᠴᠢᠷ ᠠᠰᠠᠭᠤᠳᠠᠯ᠎ᠢ ᠬᠤᠷᠠᠯ ᠳᠡᠭᠡᠷ᠎ᠡ ᠶᠠᠷᠢᠯᠴᠠᠵᠦ ᠰᠢᠢᠳᠪᠦᠷᠢᠯᠡᠬᠦ ᠪᠤᠯᠵᠠᠢ》 ᠭᠡᠵᠦ ᠲᠠᠨᠢᠯᠴᠠᠭᠤᠯᠤᠨ᠎ᠠ᠃ ᠰᠠᠭᠤᠭᠠᠯᠢ ᠠᠷᠠᠳ᠎ᠤᠨ ᠲᠣᠭᠣᠷᠢᠭ᠋᠎ᠤᠨ ᠵᠠᠰᠠᠯᠲᠠ ᠳᠤᠮᠳᠠᠬᠢ ᠡᠷᠬᠡ ᠬᠠᠷᠢᠭᠤᠴᠠᠯᠭ᠎ᠠ ᠪᠠᠯᠠᠷᠬᠠᠢ ᠪᠠᠢᠬᠤ ᠠᠰᠠᠭᠤᠳᠠᠯ᠎ᠳᠦ ᠴᠢᠭᠯᠡᠭᠦᠯᠦᠨ᠂ ᠬᠥᠬᠡᠬᠣᠲᠠ ᠨᠠᠮ᠎ᠤᠨ ᠵᠣᠬᠢᠶᠠᠨ ᠪᠠᠢᠭᠤᠯᠤᠯᠲᠠ᠎ᠶᠢ ᠬᠠᠮᠤᠭ᠎ᠤᠨ ᠪᠠᠭ᠎ᠠ ᠵᠠᠰᠠᠯᠲᠠ᠎ᠶᠢᠨ ᠨᠢᠭᠡᠴᠢ ᠲᠡᠢᠰᠢ ᠤᠷᠲᠤᠳᠬᠠᠬᠤ᠎ᠶᠢ ᠦᠷᠭᠦᠯᠵᠢᠯᠡᠨ ᠠᠬᠢᠭᠤᠯᠵᠦ᠂ 2026 ᠣᠨ᠎ᠤ 8 ᠰᠠᠷ᠎ᠠ ᠪᠣᠯᠲᠠᠯ᠎ᠠ᠂ ᠰᠠᠭᠤᠭᠠᠯᠢ ᠠᠷᠠᠳ᠎ᠤᠨ ᠲᠣᠭᠣᠷᠢᠭ᠋᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢ 2042 ᠪᠠᠢᠭᠤᠯᠵᠤ᠂ 3711 ᠰᠠᠭᠤᠭᠠᠯᠢ ᠠᠷᠠᠳ᠎ᠤᠨ ᠲᠣᠭᠣᠷᠢᠭ᠋᠎ᠲᠤ ᠪᠦᠬᠦᠨ᠎ᠢ ᠪᠦᠷᠬᠦᠬᠦᠯᠪᠡ; 3402 ᠰᠠᠭᠤᠭᠠᠯᠢ ᠠᠷᠠᠳ᠎ᠤᠨ ᠲᠣᠭᠣᠷᠢᠭ᠋ ᠨᠢ ᠨᠠᠮ᠎ᠤᠨ ᠡᠭᠦᠷ ᠬᠢᠭᠡᠳ ᠦᠮᠴᠢᠲᠡᠨ᠎ᠤ ᠵᠥᠪᠯᠡᠯ᠎ᠤ᠋ᠨ ᠰᠣᠯᠪᠢᠴᠠᠨ ᠲᠤᠰᠢᠶᠠᠯ ᠡᠭᠦᠷᠭᠡᠯᠡᠬᠦ᠎ᠶᠢ ᠪᠡᠶᠡᠯᠡᠭᠦᠯᠪᠡ᠃ ᠨᠠᠮ᠎ᠤᠨ ᠭᠡᠰᠢᠭᠦᠨ ᠥᠪᠡᠰᠦᠪᠠᠨ ᠵᠠᠰᠠᠬᠤ ᠵᠣᠬᠢᠶᠠᠨ ᠪᠠᠢᠭᠤᠯᠤᠯᠲᠠ᠎ᠳᠤ ᠠᠵᠢᠯ ᠬᠠᠪᠰᠤᠷᠭᠠᠵᠦ᠂ 《ᠲᠦᠰᠢᠭ ᠲᠤᠯᠭᠠᠭᠤᠷᠢ》 ᠪᠣᠯᠬᠤ ᠪᠥᠭᠡᠳ 《ᠰᠡᠳᠬᠢᠯ᠎ᠦᠨ ᠬᠣᠯᠪᠣᠭᠠᠰᠤ》 ᠪᠣᠯᠵᠤ᠂ ᠦᠮᠴᠢᠲᠡᠨ᠎ᠤ ᠵᠥᠪᠯᠡᠯ᠂ ᠠᠳᠠᠯ ᠠᠬᠤᠢ᠂ ᠰᠠᠭᠤᠭᠠᠯᠢ ᠠᠷᠠᠳ᠎ᠤᠨ ᠬᠣᠭᠣᠷᠣᠨᠳᠣᠬᠢ ᠨᠡᠪᠲᠡᠷᠡᠯᠴᠡᠭᠡ ᠬᠤᠯᠪᠤᠯᠴᠠᠭ᠎ᠠ᠎ᠵᠢ ᠠᠬᠢᠭᠤᠯᠪᠠ᠃

ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠂ ᠬᠣᠲᠠ᠎ᠶᠢᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ ᠤᠷᠢᠳ ᠬᠣᠵᠢᠳ 10 ᠭᠠᠷᠤᠢ ᠬᠤᠪᠢ ᠵᠢᠷᠤᠮᠵᠢᠬᠰᠠᠨ ᠥᠯᠢᠭᠡᠷ ᠬᠡᠪ ᠭᠠᠷᠭᠠᠵᠦ᠂ ᠲᠤᠰᠢᠶᠠᠯ ᠡᠭᠦᠷᠭᠡᠯᠡᠬᠦ ᠨᠥᠬᠥᠴᠡᠯ᠎ᠡᠴᠡ ᠤᠬᠤᠷᠢᠨ ᠭᠠᠷᠬᠤ ᠵᠦᠢᠯ ᠵᠤᠷᠪᠤᠰ ᠬᠦᠷᠲᠡᠯᠡᠬᠢ ᠪᠥᠬᠥ ᠶᠠᠪᠤᠴᠠ᠎ᠵᠢ ᠪᠠᠷᠢᠮᠵᠢᠶᠠᠵᠢᠭᠤᠯᠤᠨ ᠵᠢᠷᠤᠮᠵᠢᠭᠤᠯᠪᠠ᠃ ᠬᠣᠲᠣᠩ ᠠᠷᠠᠳ᠎ᠤᠨ ᠲᠣᠭᠣᠷᠢᠭ᠋᠎ᠤᠨ ᠳᠠ ᠴᠢᠩ ᠵᠠᠮ᠎ᠤᠨ ᠨᠡᠢᠭᠡᠮ ᠲᠣᠭᠣᠷᠢᠭ᠋᠎ᠤᠨ ᠪᠢᠨ ᠬᠠᠢ ᠶᠠᠩ ᠭᠤᠸᠠᠩ B ᠲᠣᠭᠣᠷᠢᠭ᠋ ᠪᠣᠯ ᠵᠢᠷᠤᠮᠵᠢᠯ᠎ᠡᠴᠡ ᠠᠰᠢᠭ᠋ ᠬᠦᠷᠲᠡᠭᠰᠡᠨ ᠨᠡᠢᠲᠡᠯᠢᠭ ᠵᠢᠱ᠌ᠢᠶ᠎ᠡ ᠪᠤᠯᠤᠨ᠎ᠠ᠃ ᠲᠣᠰ ᠰᠠᠭᠤᠭᠠᠯᠢ ᠠᠷᠠᠳ᠎ᠤᠨ ᠲᠣᠭᠣᠷᠢᠭ᠋ ᠨᠢ ᠥᠩᠭᠡᠷᠡᠭᠰᠡᠨ᠎ᠳᠦ ᠣᠯᠠᠨ ᠨᠡᠶ᠋ᠢᠲᠡ᠎ᠶᠢᠨ ᠠᠰᠢᠭ᠋ ᠣᠷᠣᠯᠭ᠎ᠠ ᠢᠯᠡ ᠪᠤᠰᠤ᠂ ᠲᠥᠬᠦᠭᠡᠷᠦᠮᠵᠢ ᠬᠠᠭᠤᠴᠢᠷᠠᠭᠰᠠᠨ᠎ᠠᠴᠠ ᠪᠣᠯᠵᠤ ᠵᠠᠭᠠᠯᠳᠤᠯᠭ᠎ᠠ ᠬᠢᠬᠦ 《ᠬᠦᠨᠳᠦ ᠭᠠᠮᠰᠢᠭ᠍ᠳᠠᠭᠰᠠᠨ ᠣᠷᠣᠨ》 ᠪᠠᠢᠵᠠᠢ᠃ ᠨᠡᠢᠭᠡᠮ ᠲᠣᠭᠣᠷᠢᠭ᠋ ᠰᠢᠨ᠎ᠡ ᠪᠠᠷᠢᠮᠵᠢᠶ᠎ᠠ ᠶᠣᠰᠣᠭᠠᠷ ᠰᠢᠨ᠎ᠡ᠎ᠪᠡᠷ ᠠᠳᠠᠯ ᠠᠬᠤᠢ᠎ᠵᠢᠨ ᠬᠠᠮᠢᠶᠠᠷᠤᠯᠲᠠ᠎ᠶᠢᠨ ᠵᠥᠪᠯᠡᠯ᠎ᠢ ᠨᠥᠬᠥᠨ ᠰᠣᠩᠭᠣᠭᠰᠠᠨ᠎ᠤ ᠳᠠᠷᠠᠭ᠎ᠠ᠂ ᠰᠢᠨ᠎ᠡ ᠤᠳᠤᠷᠢᠳᠬᠤ ᠪᠠᠭ᠎ᠤᠨ ᠨᠠᠮ᠎ᠤᠨ ᠭᠡᠰᠢᠭᠦᠨ᠎ᠦ ᠡᠵᠡᠯᠡᠬᠦ ᠬᠠᠷᠢᠴᠠᠯ 80% ᠳ᠋ᠤ ᠬᠦᠷᠴᠡᠢ᠃ 《ᠨᠠᠮ᠎ᠤᠨ ᠭᠡᠰᠢᠭᠦᠨ ᠤᠴᠢᠷ ᠶᠠᠪᠤᠳᠠᠯ ᠬᠢᠬᠦ᠎ᠳᠡᠭᠡᠨ ᠭᠤᠤᠯᠴᠢ ᠪᠥᠭᠡᠳ ᠢᠯᠡ ᠲᠣᠳᠣᠷᠬᠠᠢ ᠪᠠᠢᠵᠤ᠂ ᠣᠯᠠᠨ ᠨᠡᠶ᠋ᠢᠲᠡ᠎ᠶᠢᠨ ᠣᠷᠣᠯᠭ᠎ᠠ ᠵᠠᠷᠤᠯᠭ᠎ᠠ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠷᠯᠠᠨ ᠨᠡᠢᠲᠡᠯᠡᠵᠦ᠂ ᠣᠲᠣ᠌ ᠥᠮᠴᠢᠲᠡᠨ ᠨᠢ ᠳᠤᠷᠠᠲᠠᠶ᠎ᠠ ᠰᠦᠢᠳᠬᠡᠯ ᠲᠤᠰᠢᠶᠠᠵᠦ᠂ ᠰᠠᠭᠤᠭᠠᠯᠢ ᠠᠷᠠᠳ᠎ᠤᠨ ᠲᠣᠭᠣᠷᠢᠭ᠋᠎ᠤᠨ ᠣᠷᠴᠢᠨ ᠨᠥᠬᠥᠴᠡᠯ ᠴᠣ᠌ ᠰᠢᠨ᠎ᠡ ᠪᠠᠢᠳᠠᠯ᠎ᠲᠠᠢ ᠪᠣᠯᠪᠠ》 ᠭᠡᠵᠦ ᠰᠠᠭᠤᠭᠠᠯᠢ ᠠᠷᠠᠳ ᠸᠠᠩ ᠠᠪᠠᠬᠠᠢ ᠬᠡᠯᠡᠨ᠎ᠡ᠃

ᠵᠥᠷᠢᠴᠡᠯ ᠵᠠᠭᠤᠷᠠᠯᠳᠤᠭᠠᠨ᠎ᠢ ᠥᠨᠳᠥᠷ ᠪᠦᠲᠦᠮᠵᠢᠲᠡᠢ ᠰᠢᠢᠳᠪᠦᠷᠢᠯᠡᠪᠡ

ᠬᠥᠬᠡᠬᠣᠲᠠ᠎ᠵᠢᠨ 6.8 ᠲᠦᠮᠡᠨ ᠨᠡᠷᠡᠰ ᠠᠰᠠᠷ᠎ᠤᠨ ᠳᠠᠷᠤᠭ᠎ᠠ ᠪᠠ ᠲᠤᠤᠷᠵᠢᠯ᠎ᠤᠨ ᠠᠵᠢᠯᠲᠠᠨ ᠨᠢ ᠰᠠᠭᠤᠭᠠᠯᠢ ᠠᠷᠠᠳ᠎ᠤᠨ ᠲᠣᠭᠣᠷᠢᠭ᠋᠎ᠲᠤ ᠲᠠᠷᠬᠠᠵᠤ ᠪᠠᠢᠭ᠎ᠠ 《ᠰᠢᠯᠵᠢᠮᠡᠯ ᠬᠠᠢᠭᠤᠷ》 ᠮᠡᠲᠦ ᠪᠠᠢᠵᠤ᠂ ᠡᠳᠦᠷ ᠪᠦᠷᠢ ᠠᠰᠠᠷ᠎ᠤᠨ ᠵᠠᠮ᠎ᠳᠤ ᠶᠠᠭᠤᠮ᠎ᠠ ᠬᠡᠥᠮ᠎ᠡ ᠣᠪᠣᠭᠠᠯᠠᠬᠤ᠂ ᠤᠲᠠᠰᠤ ᠭᠦᠶᠦᠯᠭᠡᠨ ᠴᠠᠬᠢᠯᠭᠠᠨ ᠴᠡᠨᠡᠭᠯᠡᠬᠦ ᠵᠡᠷᠭᠡ ᠨᠠᠷᠢᠨ ᠠᠰᠠᠭᠤᠳᠠᠯ᠎ᠢ ᠲᠣᠭᠣᠷᠢᠨ ᠪᠠᠢᠴᠠᠭᠠᠳᠠᠭ᠃ ᠳᠠᠯᠳᠠ ᠭᠡᠮ᠎ᠢ ᠣᠯᠵᠤ ᠮᠡᠳᠡᠪᠡᠯ᠂ ᠲᠤᠬᠠᠢ᠎ᠶᠢᠨ ᠲᠠᠯᠠᠪᠤᠷ᠎ᠲᠤ ᠢᠳᠬᠠᠨ ᠬᠤᠷᠢᠬᠯᠠᠵᠦ ᠪᠤᠯᠬᠤ᠎ᠵᠢ ᠨᠢ ᠲᠡᠷᠡ ᠳᠠᠷᠤᠢ ᠳ᠋ᠤᠨᠢ ᠰᠢᠢᠳᠪᠦᠷᠢᠯᠡᠨ᠎ᠡ; ᠲᠤᠰᠬᠠᠢ ᠮᠡᠷᠭᠡᠵᠢᠯ᠎ᠦᠨ ᠬᠦᠴᠦᠨ ᠣᠷᠣᠯᠴᠠᠬᠤ ᠴᠢᠬᠤᠯᠠᠲᠠᠢ ᠪᠠᠢᠪᠠᠯ᠂ ᠨᠡᠢᠭᠡᠮ ᠲᠣᠭᠣᠷᠢᠭ᠋᠎ᠠᠴᠠ 《ᠱᠦᠭᠯᠦ ᠦᠯᠢᠶᠡᠵᠦ》᠂ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠡᠴᠡ 《ᠨᠡᠷ᠎ᠡ ᠮᠡᠳᠡᠭᠦᠯᠵᠦ》 ᠰᠢᠢᠳᠪᠦᠷᠢᠯᠡᠨ᠎ᠡ᠃

ᠰᠢᠨ᠎ᠡ ᠬᠣᠲᠠ ᠲᠣᠭᠣᠷᠢᠭ᠋᠎ᠤᠨ ᠨᠢᠭᠡᠨ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠤᠨ ᠥᠨᠳᠥᠷ ᠳᠠᠪᠬᠤᠷᠭ᠎ᠠ᠎ᠶᠢᠨ ᠬᠡᠰᠡᠭ᠎ᠲᠤ ᠤᠰᠤᠨ᠎ᠤ ᠳᠠᠷᠤᠯᠲᠠ ᠵᠢᠯ ᠲᠤᠷᠰᠢ ᠬᠦᠷᠦᠯᠴᠡᠬᠦ ᠦᠭᠡᠢ ᠪᠠᠢᠵᠠᠢ᠃ ᠲᠤᠤᠷᠵᠢᠯ᠎ᠤᠨ ᠠᠵᠢᠯᠲᠠᠨ ᠡᠨᠡ᠎ᠬᠦ ᠪᠠᠢᠳᠠᠯ᠎ᠢ ᠣᠢᠯᠠᠭᠠᠵᠤ ᠳᠡᠭᠡᠭᠰᠢ ᠮᠡᠳᠡᠭᠦᠯᠦᠭᠰᠡᠨ᠎ᠦ ᠳᠠᠷᠠᠭ᠎ᠠ᠂ ᠨᠡᠢᠭᠡᠮ ᠲᠣᠭᠣᠷᠢᠭ᠋᠎ᠠᠴᠠ ᠤᠰᠤᠨ᠎ᠤ ᠶᠠᠪᠤᠳᠠᠯ᠎ᠤᠨ ᠰᠠᠯᠠᠭ᠎ᠠ ᠮᠥᠴᠢᠷ᠎ᠲᠦ 《ᠱᠦᠭᠯᠦ ᠦᠯᠢᠶᠡᠵᠦ》᠂ ᠮᠡᠷᠭᠡᠵᠢᠯ᠎ᠦᠨ ᠠᠵᠢᠯᠲᠠᠨ ᠲᠤᠬᠠᠢ᠎ᠶᠢᠨ ᠲᠠᠯᠠᠪᠠᠶ ᠡᠴᠡ ᠠᠰᠠᠭᠤᠳᠠᠯ᠎ᠢ ᠪᠠᠢᠴᠠᠭᠠᠨ ᠢᠯᠡᠷᠡᠬᠦᠯᠵᠦ ᠥᠭᠡᠷᠡᠴᠢᠯᠡᠯᠲᠡ᠎ᠶᠢᠨ ᠲᠥᠯᠥᠪᠯᠡᠭᠡ᠎ᠳᠦ ᠦᠳᠲᠡᠷ ᠲᠦᠷᠭᠡᠨ ᠣᠷᠣᠭᠤᠯᠵᠤ᠂ ᠨᠢᠭᠡ ᠭᠠᠷᠠᠭ᠎ᠤᠨ ᠳᠠᠷᠠᠭ᠎ᠠ ᠤᠰᠤᠨ᠎ᠤ ᠳᠠᠷᠤᠯᠲᠠ ᠬᠡᠪ᠎ᠦᠨ ᠪᠠᠢᠳᠠᠯ᠎ᠢᠶᠠᠨ ᠰᠡᠷᠭᠦᠭᠡᠬᠦ᠎ᠶᠢ ᠪᠡᠶᠡᠯᠡᠬᠦᠯᠪᠡ᠃ 《ᠥᠩᠭᠡᠷᠡᠭᠰᠡᠨ᠎ᠳᠦ ᠬᠠᠯᠠᠮᠰᠢᠯ ᠤᠲᠠᠰᠤ᠎ᠪᠠᠷ ᠵᠠᠭᠠᠯᠳᠤᠯᠭ᠎ᠠ ᠬᠢᠵᠦ᠂ 〈ᠠᠰᠠᠭᠤᠳᠠᠯ ᠨᠢ ᠨᠢᠭᠡᠨᠲᠡ ᠲᠡᠮᠳᠡᠭᠯᠡᠬᠳᠡᠭᠰᠡᠨ ᠴᠦ᠍〉᠂ ᠨᠢᠭᠡ ᠭᠠᠷᠠᠭ᠎ᠤᠨ ᠳᠠᠷᠠᠭ᠎ᠠ ᠰᠠᠶ᠍ᠢ ᠬᠠᠷᠢᠭᠤ ᠦᠭᠬᠦᠨ᠎ᠡ᠃ ᠤᠳᠤ ᠲᠤᠤᠷᠵᠢᠯ᠎ᠤᠨ ᠠᠵᠢᠯᠲᠠᠨ ᠰᠢᠭᠤᠳ ᠭᠡᠷ᠎ᠲᠦ ᠢᠷᠡᠵᠦ ᠪᠠᠢᠳᠠᠯ᠎ᠢ ᠤᠢᠯᠠᠭᠠᠨ᠎ᠠ᠂ ᠵᠠᠰᠠᠨ ᠰᠡᠯᠪᠢᠬᠦ ᠬᠤᠭᠤᠴᠠᠭᠠᠨ᠎ᠳᠤ ᠪᠠᠰᠠ ᠡᠳᠦᠷ ᠪᠦᠷᠢ ᠠᠬᠢᠴᠠ᠎ᠪᠠᠨ ᠮᠡᠳᠡᠬᠦᠯᠦᠨ᠎ᠡ》 ᠭᠡᠵᠦ ᠰᠠᠭᠤᠭᠠᠯᠢ ᠠᠷᠠᠳ ᠵᠣᠣ ᠠᠪᠤᠭᠠᠢ ᠰᠡᠳᠬᠢᠯ ᠬᠠᠨᠤᠮᠵᠢᠲᠠᠶ ᠬᠡᠯᠡᠨ᠎ᠠ᠃

《ᠱᠦᠭᠯᠦ ᠦᠯᠢᠶᠡᠬᠦ》 ᠲᠣᠭᠲᠠᠴᠠ᠎ᠶᠢᠨ ᠥᠨᠳᠥᠷ ᠪᠦᠲᠦᠮᠵᠢᠲᠡᠶ ᠪᠠᠢᠬᠤ ᠨᠢ ᠠᠷᠤ᠎ᠳᠠᠬᠢ ᠪᠢᠲᠡᠭᠦᠮᠵᠢᠯᠡᠭᠰᠡᠨ ᠬᠠᠮᠢᠶᠠᠷᠤᠯᠲᠠ᠎ᠶᠢᠨ ᠰᠢᠰᠲᠧᠮ᠎ᠡᠴᠡ ᠰᠠᠯᠵᠤ ᠴᠢᠳᠠᠬᠤ ᠦᠭᠡᠢ ᠶᠤᠮ᠃ ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠎ᠦᠨ 《ᠲᠣᠰᠬᠣᠨ᠎ᠤ ᠱᠦᠭᠯᠦ ᠦᠯᠢᠶᠡᠬᠦ》 ᠲᠠᠪᠴᠠᠩ᠎ᠤᠨ ᠬᠠᠮᠢᠶ᠎ᠠ ᠪᠦᠬᠦᠢ ᠠᠵᠢᠯᠲᠠᠨ ᠢᠦᠢ ᠴᠧᠩ ᠪᠥᠸᠧ ᠲᠠᠨᠢᠯᠴᠠᠭᠤᠯᠬᠤ᠎ᠳᠠᠭᠠᠨ᠂ ᠲᠠᠪᠴᠠᠩ ᠨᠢ ᠡᠨᠡ ᠵᠢᠯ ᠠᠳᠠᠯ ᠠᠬᠤᠢ᠎ᠶᠢᠨ ᠲᠥᠷᠥᠯ ᠵᠦᠢᠯᠡᠰ᠎ᠢ ᠨᠠᠷᠢᠯᠢᠭ᠍ᠵᠢᠭᠤᠯᠤᠨ ᠲᠥᠷᠥᠯ ᠬᠤᠪᠢᠶᠠᠵᠤ᠂ ᠳᠦᠷᠢᠮ᠎ᠡᠴᠡ ᠵᠥᠷᠢᠴᠡᠨ ᠰᠦᠢᠳᠬᠡᠯ ᠬᠤᠷᠢᠶᠠᠬᠤ᠂ ᠠᠰᠠᠷ᠎ᠤᠨ ᠵᠠᠮ ᠳᠡᠭᠡᠷ᠎ᠡ ᠳᠤᠷ᠎ᠠ᠎ᠪᠠᠷ ᠵᠢᠡᠨ ᠶᠠᠭᠤᠮ᠎ᠠ ᠣᠪᠣᠭᠠᠯᠠᠬᠤ᠂ ᠨᠣᠭᠣᠭᠠᠷᠠᠭᠤᠯᠤᠯᠲᠠ ᠵᠢ ᠡᠪᠳᠡᠬᠦ ᠵᠡᠷᠭᠡ 20 ᠭᠠᠷᠤᠢ ᠵᠦᠢᠯ᠎ᠦᠨ ᠪᠠᠢᠳᠠᠯ᠎ᠢ ᠬᠠᠮᠤᠷᠴᠤ᠂ ᠵᠦᠢᠯ ᠨᠢᠭᠡ ᠪᠦᠷᠢ᠎ᠳᠦ ᠴᠥᠮ ᠬᠠᠷᠠᠭᠠᠯᠵᠠᠭᠰᠠᠨ ᠰᠢᠢᠳᠪᠦᠷᠢᠯᠡᠬᠦ ᠪᠠᠷᠢᠮᠵᠢᠶ᠎ᠠ ᠪᠠ ᠴᠠᠭ᠎ᠤᠨ ᠬᠢᠵᠠᠭᠠᠷ᠎ᠲᠤᠬᠲᠠᠭᠠᠵᠦ᠂ ᠨᠡᠢᠭᠡᠮ ᠲᠣᠭᠣᠷᠢᠭ᠋᠎ᠤᠨ ᠣᠨᠣᠪᠴᠢᠲᠠᠶ᠎ᠪᠠᠷ《ᠱᠦᠭᠯᠦ ᠦᠯᠢᠶᠡᠬᠦ》ᠳ᠋ᠤ ᠲᠥᠬᠥᠮ ᠦᠵᠡᠭᠦᠯᠪᠡ᠃ ᠣᠳᠣᠬᠠᠨ ᠪᠣᠯᠲᠠᠯ᠎ᠠ᠂ 5.8 ᠲᠦᠮᠡ ᠭᠠᠷᠤᠢ ᠬᠡᠷᠡᠭ᠎ᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ ᠣᠷᠳᠣ᠌ ᠬᠤᠭᠤᠴᠠᠭ᠎ᠠ᠎ᠪᠠᠷ 97% ᠣᠷᠴᠢᠮ ᠪᠠᠢᠬᠤ᠎ᠶᠢ ᠪᠠᠲᠤᠯᠠᠪᠠ᠃ 2026 ᠣᠨ᠎ᠤ 3 ᠰᠠᠷ᠎ᠠ᠎ᠠᠴᠠ ᠨᠠᠭᠠᠰᠢ᠂ ᠰᠠᠷ᠎ᠠ ᠪᠦᠷᠢ 240 ᠭᠠᠷᠤᠢ ᠠᠳᠠᠯ ᠠᠬᠤᠢ᠎ᠶᠢᠨ ᠬᠦᠴᠢᠷ ᠠᠰᠠᠭᠤᠳᠠᠯ᠎ᠢ ᠪᠦᠲᠦᠮᠵᠢᠲᠡᠢ ᠰᠢᠢᠳᠪᠦᠷᠢᠯᠡᠪᠡ᠃

ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠡᠷ ᠬᠤᠷᠠᠯᠳᠤᠬᠤ ᠭᠤᠷᠪᠠᠨ ᠲᠠᠯ᠎ᠠ᠎ᠶᠢᠨ ᠵᠣᠯᠭᠠᠯᠴᠠᠬᠤ ᠬᠤᠷᠠᠯ᠎ᠳᠤ ᠵᠥᠷᠢᠴᠡᠯ ᠵᠠᠭᠤᠷᠠᠯᠳᠤᠭᠠᠨ᠎ᠢ ᠲᠦᠪᠯᠡᠷᠡᠬᠦᠯᠦᠨ ᠰᠢᠢᠳᠪᠦᠷᠢᠯᠡᠳᠡᠭ᠃ ᠡᠬᠦᠨ᠎ᠳᠤ ᠠᠳᠠᠯ ᠠᠬᠤᠢ᠂ ᠦᠮᠴᠢᠲᠡᠨ᠎ᠤ ᠵᠥᠪᠯᠡᠯ᠂ ᠰᠠᠭᠤᠭᠠᠯᠢ ᠠᠷᠠᠳ᠎ᠤᠨ ᠲᠥᠯᠥᠭᠡᠯᠡᠭᠴᠢ ᠨᠢᠭᠡ ᠲᠤᠤᠷ᠎ᠠ ᠰᠠᠭᠤᠯᠴᠠᠵᠦ ᠠᠰᠠᠭᠤᠳᠠᠯ᠎ᠤᠨ ᠨᠠᠷᠢᠨ ᠲᠠᠩᠰᠠ᠎ᠶᠢ ᠡᠮᠬᠢᠯᠡᠵᠦ ᠭᠠᠷᠭᠠᠳᠠᠭ᠃ ᠪᠦᠷᠢᠳᠬᠡᠯ᠎ᠢ ᠦᠨᠳᠦᠰᠦᠯᠡᠪᠡᠯ᠂ ᠬᠦᠬᠡᠬᠤᠲᠠ ᠰᠠᠷ᠎ᠠ ᠪᠦᠷᠢ ᠲᠤᠰ ᠲᠦᠷᠦᠯ᠎ᠦᠨ ᠵᠤᠯᠭᠠᠯᠴᠠᠬᠤ ᠬᠤᠷᠠᠯ᠎ᠢ 3200 ᠭᠠᠷᠤᠢ ᠤᠳᠠᠭ᠎ᠠ ᠬᠤᠷᠠᠯᠳᠤᠭᠤᠯᠵᠤ᠂ 90% ᠡᠴᠡ ᠳᠡᠭᠡᠭᠰᠢᠬᠢ ᠡᠯ᠎ᠡ ᠲᠦᠷᠦᠯ᠎ᠤᠨ ᠵᠥᠷᠢᠴᠡᠯ᠎ᠢ ᠲᠤᠬᠠᠢ᠎ᠶᠢᠨ ᠭᠠᠵᠠᠷ ᠲᠤᠨᠢ ᠰᠢᠢᠳᠪᠦᠷᠢᠯᠡᠬᠦ᠎ᠶᠢ ᠪᠡᠶᠡᠯᠡᠬᠦᠯᠪᠡ᠃ ᠡᠭᠦᠨ᠎ᠡᠴᠡ ᠭᠠᠳᠠᠨ᠎ᠠ᠂ ᠰᠠᠭᠤᠭᠠᠯᠢ ᠠᠷᠠᠳ᠎ᠤᠨ ᠲᠣᠭᠣᠷᠢᠭ᠋᠎ᠤᠨ ᠴᠢᠬᠤᠯᠠ ᠶᠡᠬᠡ ᠵᠦᠢᠯᠡᠰ ᠨᠢ 《ᠲᠠᠪᠤ᠎ᠶᠢ ᠵᠥᠪᠯᠡᠵᠦ ᠬᠣᠶᠠᠷ᠎ᠢ ᠢᠯᠡ ᠪᠣᠯᠭᠠᠬᠤ》 ᠴᠤᠪᠤᠷᠠᠯ᠎ᠤᠨ ᠪᠦᠬᠦ ᠶᠠᠪᠤᠴᠠ᠎ᠵᠢ ᠳᠠᠮᠵᠢᠳᠠᠭ᠂ ᠳᠠᠷᠤᠢ ᠥᠮᠴᠢᠲᠡᠨ᠎ᠦ ᠳᠤᠷᠠᠳᠤᠯᠭ᠎ᠠ᠂ ᠦᠮᠴᠢᠲᠡᠨ᠎ᠤ ᠵᠥᠪᠯᠡᠯ᠎ᠦᠨ ᠵᠥᠪᠯᠡᠯᠭᠡ᠂ ᠰᠠᠭᠤᠭᠠᠯᠢ ᠠᠷᠠᠳ᠎ᠤᠨ ᠵᠥᠪᠯᠡᠯ᠎ᠦᠨ ᠰᠠᠨᠠᠭᠤᠯᠭ᠎ᠠ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠢᠨᠠᠨ ᠵᠥᠪᠯᠡᠯᠭᠡ᠂ ᠥᠮᠴᠢᠲᠡᠨ᠎ᠦ ᠶᠡᠬᠡ ᠬᠤᠷᠠᠯ᠎ᠤᠨ ᠰᠢᠢᠳᠪᠦᠷᠢ᠂ ᠪᠠᠲᠤᠯᠠᠯᠲᠠ᠎ᠶᠢᠨ ᠦᠷ᠎ᠡ ᠳ᠋ᠦᠩ ᠪᠠ ᠬᠡᠷᠡᠭᠵᠢᠭᠦᠯᠬᠦ ᠠᠬᠢᠴᠠ᠎ᠶᠢᠨ ᠪᠥᠬᠥ ᠶᠠᠪᠤᠴᠠ᠎ᠶᠢ ᠵᠠᠷᠯᠠᠨ ᠨᠡᠢᠲᠡᠯᠡᠬᠦ ᠵᠡᠷᠭᠡ᠎ᠵᠢ ᠪᠠᠬᠲᠠᠭᠠᠨ᠎ᠠ᠃

ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠨᠠᠷᠢᠯᠢᠭ ᠨᠠᠢᠳᠠᠪᠤᠷᠢᠵᠢᠭᠤᠯᠪᠠ

ᠬᠥᠬᠡᠬᠣᠲᠠ ᠤᠳᠠᠲᠠᠯ᠎ᠠ ᠵᠠᠰᠠᠭᠠᠳ ᠰᠢᠢᠳᠪᠦᠷᠢᠯᠡᠬᠳᠡᠭᠰᠡᠨ ᠦᠬᠡᠢ 《ᠬᠦᠴᠢᠷ ᠠᠰᠠᠭᠤᠳᠠᠯ》 ᠢ᠋ ᠬᠠᠷᠠᠯᠲᠠ᠎ᠲᠠᠢ᠎ᠪᠠᠷ ᠪᠣᠭᠣᠮᠲᠠ ᠰᠢᠪᠲᠤᠯᠪᠠ᠃ 2025 ᠣᠨ᠎ᠤ ᠰᠡᠭᠦᠯᠴᠢ᠎ᠪᠡᠷ᠂ 12345 ᠬᠠᠯᠠᠮᠰᠢᠯ ᠤᠲᠠᠰᠤ᠎ᠶᠢᠨ ᠵᠠᠭᠠᠯᠳᠤᠯᠭ᠎ᠠ᠎ᠲᠥᠪᠯᠡᠷᠡᠭᠰᠡᠨ 115 ᠰᠠᠭᠤᠭᠠᠯᠢ ᠠᠷᠠᠳ᠎ᠤᠨ ᠲᠣᠭᠣᠷᠢᠭ᠋᠎ᠲᠤ ᠠᠩᠬᠠᠨ᠎ᠤ ᠡᠭᠡᠯᠵᠢ᠎ᠶᠢᠨ ᠲᠤᠰᠬᠠᠢ ᠴᠡᠭᠴᠡᠯᠡᠨ ᠵᠠᠰᠠᠯᠲᠠ᠎ᠶᠢ ᠥᠷᠨᠢᠭᠦᠯᠪᠡ; 2026 ᠣᠨ᠎ᠳᠤ 157 ᠰᠠᠭᠤᠭᠠᠯᠢ ᠠᠷᠠᠳ᠎ᠤᠨ ᠲᠣᠭᠣᠷᠢᠭ᠋᠎ᠢ ᠭᠣᠣᠯᠳᠠᠯᠭ᠎ᠠ᠎ᠲᠠᠢ ᠴᠡᠭᠴᠡᠯᠡᠨ ᠵᠠᠰᠠᠬᠤ ᠪᠡᠷ ᠵᠠᠭᠠᠭᠯᠠᠨ ᠲᠣᠭᠲᠠᠭᠠᠵᠤ᠂ ᠬᠣᠲᠠ᠎ᠶᠢᠨ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ᠎ᠠᠴᠠ ᠬᠠᠮᠲᠤᠷᠠᠨ ᠬᠢᠨᠠᠨ ᠵᠢᠯᠤᠭᠣᠳᠴᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ᠎ᠢᠶᠡᠷ ᠬᠦᠷᠦᠯᠴᠡᠬᠦ ᠦᠭᠡᠢ᠂ ᠬᠠᠮᠢᠶᠠᠷᠤᠯᠲᠠ ᠨᠢ ᠡᠮᠬᠢ ᠵᠠᠮᠪᠠᠷᠠᠭ᠎ᠠ ᠦᠭᠡᠢ ᠪᠠᠢᠭ᠎ᠠ ᠦᠮᠴᠢᠲᠡᠨ᠎ᠤ ᠵᠥᠪᠯᠡᠯ᠎ᠢ ᠲᠣᠭᠲᠠᠭᠠᠯ ᠶᠣᠰᠣᠭᠠᠷ ᠨᠥᠬᠥᠵᠦ ᠰᠣᠩᠭᠣᠬᠤ ᠪᠤᠶᠤ ᠤᠭᠴᠠᠷᠠᠭᠤᠯᠬᠤ ᠵᠢᠷᠤᠮ᠎ᠢ ᠡᠬᠢᠯᠡᠭᠦᠯᠪᠡ᠃

ᠵᠠᠰᠠᠯᠲᠠ᠎ᠶᠢᠨ ᠭᠣᠣᠯᠳᠠᠯᠭ᠎ᠠ᠎ᠶᠢ ᠦᠷᠭᠦᠯᠵᠢᠯᠡᠨ ᠳᠣᠷᠣᠭ᠍ᠰᠢ ᠰᠢᠯᠵᠢᠭᠦᠯᠵᠦ᠂ 《ᠡᠭᠦᠳᠡ ᠲᠣᠭᠰᠢᠵᠤ ᠬᠡᠷᠡᠭᠴᠡᠭᠡ ᠱᠠᠭᠠᠷᠳᠠᠯᠭ᠎ᠠ᠎ᠶᠢ ᠠᠰᠠᠭᠤᠬᠤ》 ᠨᠢ ᠨᠡᠢᠭᠡᠮ ᠲᠣᠭᠣᠷᠢᠭ᠋᠎ᠤᠨ ᠺᠠᠳ᠋ᠷ᠎ᠤᠨ ᠠᠵᠢᠯ᠎ᠤᠨ ᠬᠡᠪ᠎ᠦᠨ ᠪᠠᠢᠳᠠᠯ ᠪᠣᠯᠪᠠ᠃ ᠬᠣᠲᠣᠩ ᠠᠷᠠᠳ᠎ᠤᠨ ᠲᠣᠭᠣᠷᠢᠭ᠋᠎ᠤᠨ ᠢ ᠾᠧ ᠰᠢᠶᠠᠩ ᠨᠡᠢᠭᠡᠮ ᠲᠣᠭᠣᠷᠢᠭ᠋ 《ᠰᠠᠭᠤᠭᠠᠯᠢ ᠠᠷᠠᠳ᠎ᠤᠨ ᠲᠣᠭᠣᠷᠢᠭ᠋᠎ᠲᠤ ᠠᠵᠢᠯ᠎ᠤᠨ ᠪᠠᠢᠷᠢ ᠭᠠᠷᠭᠠᠬᠤ》 ᠵᠠᠭᠪᠤᠷ᠎ᠢ ᠬᠡᠷᠡᠭᠵᠢᠭᠦᠯᠦᠭᠰᠡᠨ᠎ᠡᠴᠡ ᠨᠠᠭᠠᠰᠢ᠂ ᠨᠡᠢᠭᠡᠮ ᠲᠣᠭᠣᠷᠢᠭ᠋᠎ᠤᠨ ᠠᠵᠢᠯᠲᠠᠳ ᠡᠳᠦᠷ ᠪᠦᠷᠢ ᠠᠷᠠᠳ᠎ᠤᠨ ᠪᠠᠢᠳᠠᠯ᠎ᠤᠨ ᠡᠳᠦᠷ᠎ᠦᠨ ᠲᠡᠮᠳᠡᠭᠯᠡᠯ᠎ᠢᠶᠡᠨ ᠠᠪᠴᠤ ᠠᠢᠯ ᠡᠷᠦᠬᠡ᠎ᠪᠡᠷ ᠣᠷᠣᠵᠤ ᠠᠰᠠᠭᠤᠨ ᠰᠤᠷᠪᠤᠯᠵᠢᠯᠠᠳᠠᠭ᠃ 《ᠯᠢᠦ ᠡᠮᠡᠭᠡ᠎ᠶᠢᠨ ᠬᠥᠯ ᠨᠢ ᠳᠥᠭᠥᠮ ᠦᠭᠡᠢ᠂ ᠴᠢᠰᠤᠨ ᠳᠠᠷᠤᠯᠲᠠ᠎ᠵᠢ ᠪᠠᠭᠤᠷᠠᠭᠤᠯᠬᠤ ᠡᠮ ᠣᠷᠣᠯᠠᠨ ᠬᠤᠳᠠᠯᠳᠤᠨ ᠠᠪᠴᠤ ᠥᠭᠬᠦ ᠴᠢᠬᠤᠯᠠᠲᠠᠢ》 ᠭᠡᠬᠦ ᠮᠡᠳᠦ ᠵᠢᠵᠢᠭ ᠠᠰᠠᠭᠤᠳᠠᠯ᠎ᠢ ᠨᠢᠭᠡᠳ ᠨᠢᠭᠡ᠎ᠪᠡᠷ ᠨᠠᠷᠢᠨ ᠲᠡᠮᠳᠡᠭᠯᠡᠵᠦ ᠨᠠᠷᠢᠯᠢᠭ ᠰᠢᠢᠳᠪᠦᠷᠢᠯᠡᠪᠡ᠃ ᠪᠥᠬᠥ ᠬᠣᠲᠠ᠎ᠳᠤ 《ᠠᠰᠠᠷ᠎ᠤᠨ ᠪᠢᠴᠢᠯ ᠵᠥᠪᠳᠡᠯᠴᠡᠭᠡ — ᠰᠠᠭᠤᠭᠠᠯᠢ ᠠᠷᠠᠳ᠎ᠤᠨ ᠲᠣᠭᠣᠷᠢᠭ᠋᠎ᠤᠨ ᠵᠥᠪᠳᠡᠯᠴᠡᠭᠡ — ᠨᠡᠢᠭᠡᠮ ᠲᠣᠭᠣᠷᠢᠭ᠋᠎ᠤᠨ 〈ᠱᠦᠭᠯᠦ ᠦᠯᠢᠶᠡᠬᠦ〉 ᠵᠥᠪᠳᠡᠯᠴᠡᠭᠡ — ᠵᠡᠭᠡᠯᠢ ᠭᠤᠳᠤᠮᠵᠢ᠎ᠶᠢᠨ ᠶᠡᠷᠦᠩᠬᠡᠢᠯᠡᠨ ᠵᠠᠰᠠᠵᠦ ᠦᠨᠳᠦᠰᠦᠨ ᠵᠦᠢᠯ᠎ᠢ ᠪᠠᠲᠤᠯᠠᠬᠤ》 ᠳᠥᠷᠪᠡᠨ ᠱᠠᠲᠤᠨ᠎ᠤ ᠬᠦᠰᠡᠯ ᠱᠠᠭᠠᠷᠳᠠᠯᠭ᠎ᠠ᠎ᠶᠢ ᠰᠢᠢᠳᠪᠦᠷᠢᠯᠡᠬᠦ ᠬᠡᠯᠬᠢᠶ᠎ᠡ᠎ᠶᠢ ᠪᠠᠢᠭᠤᠯᠵᠤ᠂ ᠲᠥᠬᠥᠮ ᠠᠰᠠᠭᠤᠳᠠᠯ᠎ᠢ ᠠᠰᠠᠷ᠎ᠲᠤ ᠰᠢᠢᠳᠪᠦᠷᠢᠯᠡᠵᠦ᠂ ᠪᠤᠳᠤᠯᠢᠶᠠᠨᠲᠠᠢ ᠠᠰᠠᠭᠤᠳᠠᠯ᠎ᠢ ᠵᠡᠭᠡᠯᠢ ᠭᠤᠳᠤᠮᠵᠢ᠎ᠶᠢᠨ ᠲᠠᠯ᠎ᠠ᠎ᠠᠴᠠ ᠨᠢᠭᠡᠳᠦᠯᠲᠡᠢ ᠲᠥᠯᠥᠪᠵᠢᠭᠦᠯᠬᠦ ᠪᠤᠶᠤ 《ᠱᠦᠭᠯᠦ ᠦᠯᠢᠶᠡᠬᠦ》 ᠬᠠᠮᠲᠤᠷᠠᠨ ᠬᠥᠳᠡᠯᠦᠯᠴᠡᠬᠦ ᠰᠠᠯᠠᠭ᠎ᠠ ᠮᠥᠴᠢᠷ᠎ᠤᠨ ᠬᠢᠨ ᠰᠢᠢᠳᠪᠦᠷᠢᠯᠡᠬᠦ᠎ᠶᠢ ᠪᠡᠶᠡᠯᠡᠬᠦᠯᠪᠡ᠃

ᠰᠦᠯᠵᠢᠶᠡᠨ ᠳᠡᠭᠡᠷᠡᠬᠢ ᠪᠠ ᠪᠤᠳᠠᠳᠦ ᠴᠤᠬᠴᠠ᠎ᠳᠤ ᠵᠡᠷᠭᠡ ᠪᠡᠷ ᠠᠷᠠᠳ᠎ᠤᠨ ᠬᠦᠰᠡᠯ ᠱᠠᠭᠠᠷᠳᠠᠯᠭ᠎ᠠ᠎ᠵᠢ ᠬᠦᠯᠢᠶᠡᠨ ᠠᠪᠬᠤ᠎ᠵᠢ ᠪᠡᠶᠡᠯᠡᠬᠦᠯᠪᠡ᠃ ᠪᠤᠳᠠᠳᠦ ᠴᠤᠬᠴᠠ᠎ᠳᠤ᠂ ᠣᠨᠴᠠ ᠤᠷᠢᠭ᠍ᠰᠠᠨ ᠰᠠᠨᠠᠭᠤᠯᠭ᠎ᠠ ᠳᠤᠷᠠᠳᠤᠭᠰᠠᠳ ᠡᠴᠡ ᠲᠣᠭᠲᠠᠭᠰᠠᠨ ᠴᠢᠭᠯᠡᠯ᠎ᠢᠶᠡᠷ ᠪᠠᠢᠴᠠᠭᠠᠨ ᠰᠤᠳᠤᠯᠵᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠲᠤ ᠴᠠᠬᠢᠯᠭᠠᠨ ᠱᠠᠲᠤ ᠨᠡᠮᠡᠵᠦ ᠤᠭᠰᠠᠷᠠᠬᠤ᠂ ᠴᠠᠬᠢᠯᠭᠠᠨ ᠴᠡᠨᠡᠭᠯᠡᠬᠦ ᠱᠣᠩ ᠲᠠᠯᠪᠢᠬᠤ ᠵᠡᠷᠭᠡ ᠬᠠᠯᠠᠮᠰᠢᠯ ᠬᠦᠰᠡᠯ ᠱᠠᠭᠠᠷᠳᠠᠯᠭ᠎ᠠ᠎ᠶᠢ ᠴᠤᠭᠯᠠᠭᠤᠯᠪᠠ; ᠰᠦᠯᠵᠢᠶᠡᠨ ᠳᠡᠭᠡᠷ᠎ᠡ᠂ ᠬᠣᠲᠠ᠎ᠶᠢᠨ ᠱᠠᠲᠤᠨ᠎ᠤ ᠲᠠᠪᠴᠠᠩ ᠨᠢ 《ᠠᠷᠠᠳ ᠲᠦᠮᠡᠨ᠎ᠦ ᠰᠠᠨᠠᠭᠤᠯᠭ᠎ᠠ᠎ᠶᠢ ᠬᠣᠷᠢᠶᠠᠨ ᠴᠤᠭᠯᠠᠭᠤᠯᠬᠤ》 ᠲᠤᠰᠬᠠᠢ ᠪᠤᠯᠤᠩ ᠭᠠᠷᠭᠠᠵᠤ᠂ ᠬᠣᠲᠠ᠎ᠶᠢᠨ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠂ ᠬᠣᠲᠠ᠎ᠶᠢᠨ ᠵᠠᠬᠢᠳᠠᠯ ᠰᠣᠷᠪᠤᠯᠵᠢᠯᠠᠯ᠎ᠤᠨ᠎ᠲᠣᠪᠴᠢᠶ᠎ᠠ᠎ᠶᠢᠨ ᠠᠯᠪᠠᠨ᠎ᠤ ᠲᠠᠯ᠎ᠠ᠎ᠶᠢᠨ ᠣᠯᠠᠨ ᠨᠡᠶ᠋ᠢᠲᠡ᠎ᠶᠢᠨ ᠲᠡᠪᠴᠡᠩ᠎ᠳ᠋ᠤ ᠠᠳᠠᠯ ᠠᠬᠤᠢ᠎ᠶᠢᠨ ᠬᠠᠮᠢᠶᠠᠷᠤᠯᠲᠠ᠎ᠶᠢᠨ ᠲᠥᠷᠥᠯ᠎ᠦᠨ ᠰᠠᠨᠠᠭᠤᠯᠭ᠎ᠠ᠎ᠶᠢ ᠲᠤᠰᠬᠠᠢ ᠬᠣᠷᠢᠶᠠᠨ ᠴᠤᠭᠯᠠᠭᠤᠯᠵᠤ᠂ ᠨᠡᠶ᠋ᠢᠲᠡ 200 ᠭᠠᠷᠤᠢ ᠵᠤᠷᠪᠤᠰ ᠣᠯᠠᠨ ᠲᠦᠮᠡᠨ᠎ᠦ ᠰᠠᠨᠠᠯ᠎ᠢ ᠬᠤᠷᠢᠶᠠᠪᠠ᠃ ᠳᠤᠭᠤᠷᠠᠭ ᠰᠢᠷᠡᠭᠡᠨ᠎ᠦ ᠶᠠᠷᠢᠯᠴᠠᠬᠤ ᠬᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯᠳᠤᠭᠤᠯᠵᠤ᠂ ᠰᠠᠭᠤᠭᠠᠯᠢ ᠠᠷᠠᠳ 《ᠰᠡᠳᠦᠪ ᠭᠠᠷᠭᠠᠵᠤ》᠂ ᠣᠨᠴᠠ ᠤᠷᠢᠭ᠍ᠰᠠᠨ ᠰᠠᠨᠠᠭᠤᠯᠭ᠎ᠠ ᠳᠤᠷᠠᠳᠤᠭᠰᠠᠳ᠂ ᠠᠳᠠᠯ ᠠᠬᠤᠢ ᠪᠠ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠦᠳ ᠲᠤᠬᠠᠢ᠎ᠶᠢᠨ ᠲᠠᠯᠠᠪᠠᠶ᠎ᠳᠤ 《ᠰᠡᠳᠦᠪ ᠬᠠᠷᠢᠭᠤᠯᠵᠤ》᠂ ᠵᠦᠢ ᠵᠣᠬᠢᠰᠲᠠᠢ ᠰᠠᠨᠠᠭᠤᠯᠭ᠎ᠠ᠎ᠶᠢ ᠬᠠᠮᠤᠭ ᠬᠤᠷᠳᠤᠨ᠎ᠳᠠᠭᠠᠨ ᠨᠢᠭᠡ ᠭᠠᠷᠠᠭ᠎ᠤᠨ ᠳᠣᠲᠣᠷ᠎ᠠ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠪᠡ᠃

《ᠰᠠᠭᠤᠭᠠᠯᠢ ᠠᠷᠠᠳ᠎ᠤᠨ ᠲᠣᠭᠣᠷᠢᠭ᠋ ᠪᠣᠯ ᠬᠤᠳᠠ᠎ᠶᠢᠨ ᠴᠢᠬᠤᠯᠠ ᠪᠦᠷᠢᠯᠳᠦᠭᠦᠨ ᠪᠠᠢᠵᠦ᠂ ᠠᠳᠠᠯ ᠠᠬᠤᠢ᠎ᠶᠢᠨ ᠵᠢᠵᠢᠭ ᠶᠠᠪᠤᠳᠠᠯ ᠪᠤᠯ ᠳᠠᠷᠤᠢ ᠤᠯᠠᠨ ᠲᠦᠮᠡᠨ᠎ᠦ ᠪᠤᠳᠤᠯ ᠰᠡᠳᠬᠢᠯ ᠪᠣᠯᠣᠨ᠎ᠠ᠃ ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠨᠠᠮ᠎ᠤᠨ ᠪᠠᠢᠭᠤᠯᠤᠯᠲᠠ᠎ᠶᠢᠨ ᠬᠠᠮᠲᠤᠷᠠᠨ ᠪᠠᠶ᠋ᠢᠭᠤᠯᠬᠤ ᠲᠣᠭᠲᠠᠴᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠰᠠᠭᠤᠭᠠᠯᠢ ᠠᠷᠠᠳ᠎ᠤᠨ ᠥᠪᠡᠰᠦᠪᠠᠨ ᠵᠠᠰᠠᠬᠤ ᠵᠢᠷᠤᠮᠵᠢᠯ᠎ᠢ ᠲᠡᠭᠦᠯᠳᠡᠷᠵᠢᠭᠦᠯᠦᠨ᠂ 《ᠱᠦᠭᠯᠦ ᠦᠯᠢᠶᠡᠨ》 ᠬᠡᠷᠡᠭ ᠰᠢᠢᠳᠪᠦᠷᠢᠯᠡᠬᠦ ᠶᠠᠪᠤᠴᠠ᠎ᠶᠢ ᠰᠢᠯᠢᠳᠡᠭᠵᠢᠭᠦᠯᠵᠦ᠂ ᠠᠳᠠᠯ ᠠᠬᠤᠢ᠎ᠶᠢᠨ ᠦᠢᠯᠡᠴᠢᠯᠡᠭᠡ ᠬᠢᠭᠡᠳ ᠦᠨᠳᠦᠰᠦᠨ ᠱᠠᠲᠤᠨ᠎ᠤ ᠵᠠᠰᠠᠯᠲᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ 《ᠰᠠᠭᠤᠭᠠᠯᠢ ᠠᠷᠠᠳ᠎ᠤᠨ ᠲᠣᠭᠣᠷᠢᠭ᠋ ᠨᠢᠭᠡ ᠪᠦᠷᠢ᠎ᠶᠢ ᠴᠥᠮ ᠰᠠᠭᠤᠭᠠᠯᠢ ᠠᠷᠠᠳ᠎ᠤᠨ ᠰᠠᠨᠠᠭ᠎ᠠ ᠠᠮᠤᠷ ᠲᠠᠭᠠᠯᠠᠮᠵᠢᠲᠠᠢ ᠵᠣᠯ ᠵᠢᠷᠭᠠᠯᠲᠤ ᠭᠡᠷ ᠣᠷᠣᠨ ᠪᠣᠯᠭᠠᠨ ᠴᠤᠬᠴᠠᠯᠠᠨ᠎ᠠ》 ᠭᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面