2026-09-21 10:39:16
ᠲᠠᠷᠢᠶᠠᠨ ᠦᠵᠦᠬᠦᠷ᠎ᠤᠨ ᠲᠡᠭᠰᠢᠬᠡᠨ ᠵᠠᠮ᠂ ᠤᠰᠤ ᠲᠠᠲᠠᠷᠠᠭᠤᠯᠬᠤ ᠠᠰᠠᠭᠤᠲᠠᠯ ᠢ᠋ ᠰᠢᠢᠳᠪᠦᠷᠢᠯᠡᠭᠰᠡᠨ ᠬᠤᠭᠤᠯᠠᠢ ᠲᠤᠤᠷ᠂ ᠬᠡᠷ ᠲᠡᠭᠡᠨ ᠬᠠᠷᠢᠬᠤ ᠵᠠᠮ ᠢ᠋ ᠬᠡᠷᠡᠯᠲᠦᠭᠦᠯᠦᠭᠰᠡᠨ ᠳ᠋ᠸᠩ ᠁ ᠠᠷᠠᠳ᠎ᠤᠨ ᠠᠮᠢᠳᠤᠷᠠᠯ᠎ᠳᠤ ᠬᠤᠯᠪᠤᠬᠲᠠᠬᠰᠠᠨ ᠡᠲᠡᠭᠡᠷ ᠶᠠᠪᠤᠲᠠᠯ ᠢ᠋ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ᠂ ᠵᠠᠬᠢᠷᠭ᠎ᠠ《ᠠᠷᠠᠳ᠎ᠤᠨ ᠲᠥᠯᠥᠭᠡ ᠪᠣᠳᠠᠲᠤ ᠶᠠᠪᠤᠲᠠᠯ ᠬᠢᠬᠦ》 ᠲᠤᠰᠬᠠᠢ ᠠᠵᠢᠯᠯᠠᠭ᠎ᠠ ᠪᠡᠷ ᠨᠢᠭᠡᠳ ᠨᠢᠭᠡ ᠪᠡᠷ ᠨᠠᠢᠲᠠᠪᠤᠷᠢᠵᠢᠭᠤᠯᠵᠦ᠂ 2026 ᠣᠨ ᠠ᠋ᠴᠠ ᠪᠥᠬᠥ ᠠᠢᠮᠠᠭ᠎ᠲᠤ ᠡᠬᠢᠯᠡᠭᠦᠯᠦᠭᠰᠡᠨ ᠡᠨᠡᠬᠦ ᠠᠵᠢᠯᠯᠠᠭ᠎ᠠ᠎ᠳᠠᠭᠠᠨ 5200 ᠭᠠᠷᠤᠢ ᠲᠦᠮᠡᠨ ᠲᠥᠭᠥᠷᠢᠭ᠎ᠦᠨ ᠡᠳ᠋᠎ᠦᠨ ᠵᠠᠰᠠᠭ᠎ᠤᠨ ᠪᠡᠯᠡ ᠮᠥᠩᠭᠥ ᠣᠷᠣᠭᠤᠯᠤᠨ᠂ ᠪᠥᠬᠥ ᠠᠢᠮᠠᠭ᠎ᠤᠨ 851 ᠭᠠᠴᠠᠭ᠎ᠠ ᠲᠣᠰᠬᠣᠨ ᠂ 167 ᠨᠡᠢᠭᠡᠮ ᠲᠣᠭᠣᠷᠢᠭ᠋᠎ᠤᠨ 1037 ᠵᠦᠢᠯ᠎ᠦᠨ ᠠᠷᠠᠳ᠎ᠤᠨ ᠠᠮᠢᠳᠤᠷᠠᠯ᠎ᠤᠨ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠠᠷᠠᠳ᠎ᠤᠨ ᠠᠮᠢᠳᠤᠷᠠᠯ᠎ᠳᠤ ᠬᠤᠯᠪᠤᠬᠲᠠᠬᠰᠠᠨ ᠵᠢᠵᠢᠭ ᠠᠰᠠᠭᠤᠲᠠᠯ᠎ᠤᠳ ᠢ᠋ ᠰᠡᠳᠬᠢᠯ ᠢ᠋ ᠲᠤᠯᠠᠭᠠᠴᠠᠭᠤᠯᠤᠬᠰᠠᠨ ᠶᠡᠬᠡ ᠶᠠᠪᠤᠲᠠᠯ ᠪᠤᠯᠭᠠᠨ ᠰᠢᠢᠳᠪᠦᠷᠢᠯᠡᠪᠡ᠃
ᠠᠵᠢᠯ᠎ᠤᠨ ᠣᠢᠯᠠᠭᠠᠭᠳᠠᠬᠤᠨ᠎ᠤ ᠭᠦᠨᠵᠡᠭᠡᠢ ᠬᠤᠪᠢᠷᠠᠯᠲᠠ
ᠠᠷᠠᠳ᠎ᠤᠨ ᠠᠮᠢᠳᠤᠷᠠᠯ᠎ᠤᠨ ᠲᠦᠷᠦᠯ ᠵᠦᠢᠯ ᠢ᠋ ᠬᠡᠷᠬᠢᠨ ᠬᠢᠬᠦ ᠲᠤᠬᠠᠢ ᠬᠢᠩᠭᠠᠨ ᠠᠢᠮᠠᠭ ᠰᠤᠩᠭᠤᠯᠲᠠ ᠢ᠋ᠢᠨ ᠡᠷᠬᠡ ᠵᠢ ᠤᠯᠠᠨ ᠲᠦᠮᠡᠨ᠎ᠳᠤ ᠲᠤᠰᠢᠶᠠᠪᠠ᠃ ᠲᠤᠰᠬᠠᠢ ᠠᠵᠢᠯᠯᠠᠭ᠎ᠠ᠎ᠶᠢ ᠡᠬᠢᠯᠡᠭᠦᠯᠦᠭᠰᠡᠨ᠎ᠦ ᠳᠠᠷᠠᠭ᠎ᠠ᠂ ᠠᠢᠮᠠᠭ ᠬᠣᠰᠢᠭᠤ ᠬᠣᠶᠠᠷ ᠱᠠᠲᠤᠨ᠎ᠤ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ ᠲᠦᠷᠦᠭᠦᠯᠡᠨ᠂ ᠨᠠᠮ᠎ᠤᠨ ᠭᠡᠰᠢᠭᠦᠨ ᠺᠠᠳ᠋ᠷ᠂ ᠲᠤᠤᠷᠵᠢᠯ᠎ᠤᠨ ᠠᠵᠢᠯᠲᠠᠨ᠎ᠢ ᠵᠣᠬᠢᠶᠠᠨ ᠪᠠᠢᠭᠤᠯᠵᠤ ᠠᠰᠠᠷ ᠲᠠᠭᠲᠤ ᠬᠦᠷᠢᠶ᠎ᠡ ᠬᠠᠰᠢᠶ᠎ᠠ᠂ ᠲᠠᠷᠢᠶᠠᠨ ᠭᠠᠵᠠᠷ ᠪᠠ ᠵᠢᠷᠬᠢᠶ᠎ᠡ ᠢ᠋ᠢᠨ ᠴᠤᠬᠯᠠᠷᠠᠯ᠎ᠳᠦ ᠭᠦᠨᠵᠡᠭᠡᠢᠷᠡᠭᠦᠯᠦᠨ᠂《ᠡᠭᠦᠳᠡ ᠲᠣᠭᠰᠢᠬᠤ ᠠᠵᠢᠯᠯᠠᠭ᠎ᠠ》᠂ 《ᠵᠢᠵᠢᠭ ᠰᠠᠨᠳᠠᠯᠢ᠎ᠶᠢᠨ ᠵᠥᠪᠯᠡᠬᠦ ᠬᠤᠷᠠᠯ》᠂ 《ᠡᠭᠦᠯᠡᠨ ᠦᠵᠦᠬᠦᠷᠯᠢᠭ᠎ᠤᠨ ᠰᠥᠨᠢ᠎ᠶᠢᠨ ᠬᠡᠯᠡᠯᠴᠡᠭᠡ》ᠵᠡᠷᠭᠡ ᠬᠡᠯᠪᠡᠷᠢ᠎ᠪᠡᠷ ᠣᠯᠠᠨ ᠲᠦᠮᠡᠨ᠎ᠲᠠᠢ ᠰᠡᠳᠬᠢᠯ᠎ᠦᠨ ᠦᠭᠡ᠎ᠪᠡᠨ ᠶᠠᠷᠢᠯᠴᠠᠵᠤ᠂ ᠬᠦᠰᠡᠯ ᠱᠠᠭᠠᠷᠳᠠᠯᠭ᠎ᠠ᠎ᠶᠢ ᠰᠣᠨᠣᠰᠴᠦ᠂ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ᠎ᠶᠢ ᠬᠢᠵᠠᠭᠠᠷᠯᠠᠬᠤ ᠦᠭᠡᠢ᠂ ᠲᠦᠷᠦᠯ ᠵᠦᠢᠯ᠎ᠤᠨ ᠨᠠᠷᠢᠨ ᠲᠠᠩᠰᠠ ᠵᠢ ᠤᠷᠢᠳᠴᠢᠯᠠᠨ ᠲᠣᠭᠲᠠᠭᠠᠬᠤ ᠦᠭᠡᠢ ᠪᠡᠷ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠤᠨ ᠳᠤᠮᠳᠠ ᠲᠤᠯᠭᠠᠷᠠᠭᠰᠠᠨ ᠪᠠᠴᠢᠮᠲᠠᠵᠦ ᠲᠦᠪᠡᠭᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠲᠠᠯ᠎ᠢ ᠦᠷᠭᠡᠨ ᠵᠢᠡᠷ ᠴᠤᠬᠯᠠᠭᠤᠯᠪᠠ᠃
ᠰᠤᠷᠪᠤᠯᠵᠢᠯᠠᠨ ᠤᠢᠯᠠᠭᠠᠬᠤ ᠶᠠᠪᠤᠴᠠ᠎ᠳᠤ᠂ ᠷᠠᠰᠢᠶᠠᠨ ᠬᠤᠳᠠ᠎ᠶᠢᠨ ᠦ᠋ ᠴᠠ ᠭᠧᠦ ᠪᠠᠯᠭᠠᠰᠤᠨ᠎ᠤ ᠹᠦ ᠺᠠᠩ ᠨᠡᠢᠭᠡᠮ ᠲᠣᠭᠣᠷᠢᠭ᠋᠎ᠤᠨ ᠺᠠᠳ᠋ᠷ ᠬᠠᠷᠢᠶᠠᠨ᠎ᠳᠠᠬᠢ 8 ᠠᠰᠠᠷ᠎ᠤᠨ ᠲᠣᠭᠣᠷᠢᠭ᠋᠎ᠤᠨ ᠠᠰᠠᠷ᠎ᠤᠨ ᠭᠤᠲᠤᠮᠵᠢ ᠢ᠋ᠢᠨ ᠳ᠋ᠧᠩ ᠨᠢ ᠬᠡᠷᠡᠯᠲᠦᠬᠦ ᠦᠭᠡᠢ ᠪᠤᠯᠵᠦ᠂ ᠤᠯᠠᠨ ᠲᠦᠮᠡᠨ᠎ᠦ ᠲᠤᠰᠬᠠᠯ ᠴᠢᠩᠭ᠎ᠠ ᠪᠠᠢᠬᠤ᠎ᠶᠢ ᠣᠯᠵᠤ ᠮᠡᠳᠡᠪᠡ᠂ ᠨᠡᠢᠭᠡᠮ ᠲᠣᠭᠣᠷᠢᠭ᠋᠎ᠤᠨ ᠬᠢᠨ ᠲᠡᠷᠡ ᠳᠠᠷᠤᠢ ᠳ᠋ᠤᠨᠢ ᠱᠠᠲᠤ ᠱᠠᠲᠤ᠎ᠪᠠᠷ ᠳᠡᠭᠡᠭᠰᠢ ᠮᠡᠳᠡᠭᠦᠯᠵᠦ᠂ ᠬᠡᠳᠦᠨ ᠡᠳᠦᠷ᠎ᠦᠨ ᠳᠠᠷᠠᠭ᠎ᠠ᠂ ᠰᠥᠨᠢ᠎ᠶᠢᠨ ᠬᠠᠷᠠᠩᠭᠤᠢ ᠠᠰᠠᠷ᠎ᠤᠨ ᠬᠣᠩᠭᠢᠯ᠎ᠳᠤ ᠳ᠋ᠧᠩ᠎ᠤᠨ ᠬᠡᠷᠡᠯ ᠲᠤᠸᠠᠯᠠᠵᠦ᠂ ᠰᠠᠭᠤᠭᠠᠯᠢ ᠠᠷᠠᠳ ᠶᠠᠪᠤᠵᠦ ᠰᠠᠭᠤᠬᠤ᠎ᠳᠤ ᠮᠠᠰᠢ ᠲᠦᠭᠦᠮ ᠪᠤᠯᠤᠬᠰᠠᠨ ᠪᠠᠢᠯ᠎ᠠ᠃
ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠯᠳᠠᠷ ᠰᠤᠮᠤ᠎ᠳᠤ᠂ ᠲᠣᠰᠬᠣᠨ᠎ᠤ ᠺᠠᠳ᠋ᠷ ᠲᠠᠷᠢᠶᠠᠨ ᠭᠠᠵᠠᠷ ᠲᠸ᠋ ᠵᠤᠭᠤᠬᠲᠠᠵᠦ ᠪᠠᠢᠬᠤ᠎ᠳᠠᠭᠠᠨ᠂ ᠣᠩᠬᠣᠷ ᠭᠠᠴᠠᠭ᠎ᠠ᠎ᠳᠤ 1.2 ᠺᠢᠯᠤᠮᠸᠲᠷ᠎ᠤᠨ ᠲᠣᠰᠬᠣᠨ᠎ᠤ ᠵᠠᠮ ᠲᠡᠭᠰᠢ ᠦᠭᠡᠢ᠂ ᠪᠣᠷᠣᠭᠠᠨ᠎ᠲᠠᠢ ᠡᠳᠦᠷ ᠤᠰᠤ ᠬᠤᠷᠠᠵᠤ᠂ ᠲᠠᠷᠢᠶᠠᠯᠠᠩ᠎ᠤᠨ ᠮᠠᠰᠢᠨ᠎ᠤ ᠨᠡᠪᠲᠡᠷᠡᠬᠦ᠎ᠶᠢ ᠲᠤᠢᠯ᠎ᠤᠨ ᠶᠡᠬᠡᠪᠡᠷ ᠨᠥᠯᠥᠭᠡᠯᠡᠵᠦ ᠪᠠᠢᠬᠤ ᠵᠢ ᠤᠢᠯᠠᠭᠠᠪᠠ᠃ ᠭᠠᠴᠠᠭᠠᠨ᠎ᠤ ᠨᠠᠮ᠎ᠤᠨ ᠵᠣᠬᠢᠶᠠᠨ ᠪᠠᠢᠭᠤᠯᠤᠯᠲᠠ ᠡᠴᠡ ᠲᠤᠬᠠᠢ᠎ᠶᠢᠨ ᠭᠠᠵᠠᠷ ᠲᠤᠨᠢ ᠰᠤᠳᠤᠯᠤᠨ ᠮᠠᠭᠠᠳᠯᠠᠭᠰᠠᠨᠤ ᠳᠠᠷᠠᠭ᠎ᠠ ᠳᠠᠷᠤᠢ ᠲᠦᠷᠭᠡᠨ ᠳᠡᠭᠡᠭᠰᠢ ᠮᠡᠳᠡᠭᠦᠯᠵᠦ᠂ ᠲᠣᠰ ᠶᠠᠪᠤᠳᠠᠯ᠎ᠢ ᠲᠡᠷᠡ ᠳᠠᠷᠤᠢ ᠳ᠋ᠤᠨᠢ ᠠᠷᠠᠳ᠎ᠤᠨ ᠠᠮᠢᠳᠤᠷᠠᠯ᠎ᠤᠨ ᠲᠥᠷᠥᠯ ᠵᠦᠢᠯ᠎ᠳᠦ ᠣᠷᠣᠭᠤᠯᠵᠤ ᠰᠢᠯᠤᠭᠤᠨ ᠲᠡᠭᠰᠢᠭᠡᠨ ᠵᠠᠮ ᠵᠠᠰᠠᠪᠠ᠃
ᠡᠢᠮᠦᠷᠬᠦᠤ 《ᠳᠣᠥᠷ᠎ᠠ ᠠ᠋ᠴᠠ ᠳᠡᠭᠡᠭᠰᠢᠬᠢ》ᠠᠷᠠᠳ᠎ᠤᠨ ᠰᠠᠨᠠᠭ᠎ᠠ᠎ᠶᠢ ᠬᠤᠷᠠᠮᠳᠤᠭᠤᠯᠬᠤ ᠲᠣᠭᠲᠠᠴᠠ ᠨᠢ ᠲᠥᠷᠥᠯ ᠵᠦᠢᠯ ᠨᠢᠭᠡᠪᠦᠷᠢ᠎ᠶᠢ ᠴᠥᠮ ᠣᠯᠠᠨ ᠲᠦᠮᠡᠨ᠎ᠦ ᠬᠠᠮᠤᠭ᠎ᠤᠨ ᠦᠨᠡᠨ ᠪᠣᠳᠠᠲᠠᠢ᠂ ᠬᠠᠮᠤᠭ᠎ᠤᠨ ᠲᠤᠯᠭᠠᠮ ᠬᠡᠷᠡᠭᠴᠡᠭᠡ ᠱᠠᠭᠠᠷᠳᠠᠯᠭ᠎ᠠ ᠠ᠋ᠴᠠ ᠢᠷᠡᠯᠲᠡ᠎ᠲᠠᠢ ᠪᠠᠢᠯᠭᠠᠬᠤ᠎ᠶᠢ ᠦᠨᠡᠨ ᠬᠦ᠌ ᠪᠠᠲᠤᠯᠠᠵᠤ᠂ ᠡᠳ᠋᠎ᠦᠨ ᠵᠠᠰᠠᠭ᠎ᠤᠨ ᠪᠡᠯᠡ ᠮᠥᠩᠭᠥ᠎ᠶᠢᠨ ᠣᠷᠣᠭᠤᠯᠤᠯᠲᠠ ᠨᠢᠭᠡ ᠪᠦᠷᠢ᠎ᠶᠢ ᠴᠥᠮ ᠠᠷᠠᠳ᠎ᠤᠨ ᠠᠮᠢᠳᠤᠷᠠᠯ᠎ᠤᠨ ᠬᠠᠯᠠᠮᠰᠢᠯ ᠠᠰᠠᠭᠤᠲᠠᠯ ᠲᠠᠢ ᠣᠨᠣᠪᠴᠢᠲᠠᠶ ᠵᠣᠯᠭᠠᠭᠤᠯᠤᠭᠰᠠᠨ ᠪᠠᠢᠨ᠎ᠠ᠃
ᠪᠣᠭᠣᠮᠲᠠᠰᠢᠪᠲᠤᠯᠬᠤ ᠰᠢᠨ᠎ᠡ᠎ᠶᠢ ᠡᠭᠦᠳᠦᠭᠰᠡᠨ ᠲᠣᠭᠲᠠᠴᠠ
ᠦᠨᠳᠦᠰᠦᠨ ᠱᠠᠲᠤᠨ᠎ᠤ ᠬᠢᠨ ᠠᠵᠢᠯ ᠶᠠᠪᠤᠳᠠᠯ ᠪᠦᠲᠦᠭᠡᠶ᠎ᠡ ᠭᠡᠪᠡᠯ ᠶᠡᠷᠦ᠎ᠨᠢ ᠪᠡᠯᠡ ᠮᠦᠩᠬᠦ ᠬᠦᠷᠦᠯᠴᠡᠬᠦ ᠦᠭᠡᠢ ᠬᠦᠴᠢᠷᠳᠡᠯ᠎ᠳᠦ ᠲᠤᠯᠭᠠᠷᠠᠳᠠᠭ᠃ ᠡᠨᠡᠬᠦ ᠲᠦᠭᠵᠢᠷᠡᠯ᠎ᠢ ᠲᠤᠢᠯᠪᠤᠷᠢᠲᠠᠢ ᠨᠡᠪᠲᠡᠷᠡᠭᠦᠯᠬᠦ᠎ᠶᠢᠨ ᠲᠤᠰᠠᠳᠠ᠂ ᠬᠢᠩᠭᠠᠨ ᠠᠢᠮᠠᠭ᠎ᠤᠨ ᠬᠢᠨ ᠪᠡᠯᠡ ᠮᠥᠩᠭᠥ᠎ᠶᠢᠨ ᠪᠠᠲᠤᠯᠠᠭ᠎ᠠ᠎ᠶᠢᠨ ᠵᠠᠭᠪᠤᠷ᠎ᠤᠨ ᠰᠢᠨ᠎ᠡ᠎ᠶᠢ ᠡᠭᠦᠳᠪᠡ ︱ ᠪᠣᠶ ᠪᠦᠬᠦᠢ ᠲᠥᠷᠥᠯ ᠵᠦᠢᠯ᠎ᠦᠨ ᠪᠡᠯᠡ ᠮᠥᠩᠭᠥ᠎ᠶᠢ ᠴᠥᠮ ᠠᠢᠮᠠᠭ᠎ᠤᠨ ᠲᠣᠰ ᠱᠠᠲᠤᠨ᠎ᠤ ᠡᠳ᠋᠎ᠦᠨ ᠵᠠᠰᠠᠭ ᠠ᠋ᠴᠠ ᠨᠢᠭᠡᠳᠦᠯᠲᠡᠢ ᠡᠮᠬᠢᠯᠡᠨ ᠨᠡᠢᠯᠡᠭᠦᠯᠵᠦ᠂ ᠪᠥᠬᠥ ᠲᠣᠭ᠎ᠠ᠎ᠪᠠᠷ ᠨᠢ ᠪᠠᠲᠤᠯᠠᠨ᠎ᠠ᠂ ᠬᠣᠰᠢᠭᠤ ᠰᠢᠶᠠᠨ ᠬᠣᠲᠠ᠂ ᠰᠢᠶᠠᠩ ᠪᠠᠯᠭᠠᠰᠤ (ᠵᠡᠭᠡᠯᠢ ᠭᠤᠳᠤᠮᠵᠢ) ᠪᠣᠯᠣᠨ ᠭᠠᠴᠠᠭ᠎ᠠ ᠲᠣᠰᠬᠣᠨ(ᠨᠡᠢᠭᠡᠮ ᠲᠣᠭᠣᠷᠢᠭ᠋)᠎ᠠ᠋ᠴᠠ ᠢᠵᠢ ᠪᠦᠷᠢᠳᠦᠭᠦᠯᠬᠦ ᠵᠠᠷᠤᠳᠠᠯ᠎ᠢ ᠨᠢᠭᠡ ᠮᠥᠩᠭᠥ ᠴᠦ᠍ ᠲᠡᠰᠬᠡᠨ ᠨᠣᠭᠳᠠᠭᠤᠯᠬᠤ ᠦᠭᠡᠢ᠃ ᠡᠨᠡ ᠬᠦ᠌ 《ᠪᠡᠯᠡ ᠮᠦᠩᠬᠦ ᠨᠢ ᠤᠴᠢᠷ ᠶᠠᠪᠤᠳᠠᠯ᠎ᠢ ᠳᠠᠭᠠᠨ ᠶᠠᠪᠤᠵᠤ᠂ ᠠᠢᠮᠠᠭ᠎ᠤᠨ ᠱᠠᠲᠤᠨ ᠡᠴᠡ ᠦᠨᠳᠦᠰᠦᠨ ᠵᠦᠢᠯ᠎ᠢ ᠪᠠᠲᠤᠯᠠᠬᠤ》 ᠵᠠᠭᠪᠤᠷ ᠨᠢ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ《ᠤᠴᠢᠷ ᠶᠠᠪᠤᠳᠠᠯ᠎ᠢ ᠰᠢᠢᠳᠪᠦᠷᠢᠯᠡᠬᠦ ᠰᠠᠨᠠᠭ᠎ᠠ᠎ᠲᠠᠢ ᠪᠤᠯᠪᠠᠴᠤ ᠲᠣᠭᠠᠴᠠᠭ᠎ᠠ ᠬᠢᠬᠦ ᠵᠤᠭᠤᠰ ᠪᠠᠢᠬᠤ ᠦᠭᠡᠢ》ᠬᠦᠴᠢᠷᠳᠡᠯ᠎ᠢ ᠪᠦᠲᠦᠮᠵᠢᠲᠡᠶ ᠰᠢᠢᠳᠪᠦᠷᠢᠯᠡᠭᠰᠡᠨ ᠪᠠᠢᠨ᠎ᠠ᠃
ᠪᠡᠯᠡ ᠮᠥᠩᠭᠥ ᠪᠠᠲᠤᠯᠠᠭ᠎ᠠ᠎ᠲᠠᠢ ᠪᠣᠯᠴᠢᠬᠠᠬᠰᠠᠨ ᠬᠤᠢᠨ᠎ᠠ᠂ ᠲᠦᠷᠦ᠎ᠶᠢᠨ ᠪᠣᠳᠣᠯᠭ᠎ᠠ᠎ᠶᠢ ᠬᠡᠷᠬᠢᠨ ᠨᠡᠩ ᠲᠦᠷᠭᠡᠨ ᠨᠠᠢᠳᠠᠪᠤᠷᠢᠵᠢᠭᠤᠯᠬᠤ ᠪᠤᠢ?ᠬᠢᠩᠭᠠᠨ ᠠᠢᠮᠠᠭ᠎ᠤᠨ ᠡᠳ᠋᠎ᠦᠨ ᠵᠠᠰᠠᠭ᠎ᠤᠨ ᠲᠣᠪᠴᠢᠶ᠎ᠠ ᠲᠤᠰᠬᠠᠢ ᠵᠦᠢᠯ᠎ᠦᠨ ᠪᠡᠯᠡ ᠮᠥᠩᠭᠥ᠎ᠶᠢᠨ ᠰᠢᠭᠤᠳ ᠨᠡᠪᠲᠡᠷᠡᠬᠦ ᠵᠠᠮ ᠪᠠᠢᠭᠤᠯᠵᠤ᠂ ᠲᠤᠰᠬᠠᠢ ᠲᠠᠩᠰᠠ᠎ᠶᠢᠨ ᠬᠠᠮᠢᠶᠠᠷᠤᠯᠲᠠ᠂ ᠪᠥᠬᠥ ᠶᠠᠪᠤᠴᠠ᠎ᠶᠢᠨ ᠬᠢᠨᠠᠯᠲᠠ ᠬᠠᠮᠢᠶᠠᠷᠤᠯᠲᠠ᠎ᠶᠢ ᠬᠡᠷᠡᠭᠵᠢᠭᠦᠯᠦᠨ᠂ ᠪᠡᠯᠡ ᠮᠥᠩᠭᠥ᠎ᠶᠢ ᠰᠢᠬᠠᠨ ᠡᠵᠡᠯᠡᠬᠦ ᠪᠠ ᠳᠤᠮᠳᠠ ᠡᠴᠡ ᠨᠢ ᠦᠯᠡᠳᠡᠭᠡᠬᠦ ᠦᠭᠡᠢ ᠪᠠᠢᠬᠤ᠎ᠶᠢ ᠦᠨᠡᠨᠬᠦ ᠪᠠᠲᠤᠯᠠᠪᠠ ᠃ ᠡᠭᠦᠨ᠎ᠦ ᠬᠠᠮᠲᠤ᠂ 《ᠠᠵᠢᠯ ᠣᠯᠭᠣᠬᠤ᠎ᠪᠠᠷ ᠲᠡᠳᠬᠦᠮᠵᠢ᠎ᠶᠢ ᠣᠷᠣᠯᠠᠭᠤᠯᠬᠤ》ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠵᠠᠮ ᠵᠠᠰᠠᠬᠤ᠂ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠡᠷᠭᠡ ᠢᠨᠵᠧᠨᠧᠷᠢᠩ᠎ᠳᠦ᠂ ᠲᠣᠰ ᠭᠠᠵᠠᠷ᠎ᠤᠨ ᠮᠠᠯᠴᠢᠨ ᠲᠠᠷᠢᠶᠠᠴᠢᠨ ᠪᠣᠯᠣᠨ ᠰᠠᠭᠤᠭᠠᠯᠢ ᠠᠷᠠᠳ᠎ᠤᠨ ᠭᠡᠷ᠎ᠤᠨ ᠣᠶ᠋ᠢᠷᠠᠯᠴᠠᠭ᠎ᠠ ᠠᠵᠢᠯ ᠬᠢᠬᠦ᠎ᠶᠢ ᠤᠷᠢᠳ ᠢ᠋ᠢᠡᠷ ᠪᠤᠳᠤᠯᠬᠢᠯᠠᠪᠠ᠃
ᠵᠠᠯᠠᠢᠳ ᠬᠣᠰᠢᠭᠤᠨ᠎ᠤ ᠲᠦᠮᠡᠯᠵᠢ ᠪᠠᠯᠭᠠᠰᠤᠨ᠎ᠤ ᠱᠤᠸᠠᠩ ᠰᠢᠩ ᠭᠠᠴᠠᠭᠠᠨ᠎ᠤ ᠵᠠᠮ᠎ᠤᠨ ᠭᠠᠳᠠᠷᠭᠤ ᠬᠦᠨᠳᠦ ᠨᠣᠴᠢᠲᠠᠢ ᠡᠪᠳᠡᠭᠳᠡᠵᠦ᠂ ᠣᠯᠠᠨ ᠵᠢᠯ᠎ᠦᠨ ᠲᠤᠷᠰᠢ ᠲᠣᠰᠬᠣᠨ ᠠ᠋ᠴᠠ ᠪᠡᠯᠡ ᠮᠥᠩᠭᠥ ᠭᠠᠷᠭᠠᠵᠤ ᠳᠡᠶ᠋ᠢᠯᠬᠦ ᠦᠭᠡᠢ᠎ᠡᠴᠡ ᠪᠣᠯᠵᠤ ᠠᠰᠠᠭᠤᠳᠠᠯ ᠰᠢᠢᠳᠪᠦᠷᠢᠯᠡᠭᠳᠡᠭᠡᠳᠦᠢ ᠪᠠᠢᠪᠠ᠃ ᠲᠣᠰ ᠤᠳᠠᠭᠠᠨ᠎ᠤ ᠠᠵᠢᠯᠯᠠᠭ᠎ᠠ᠎ᠳᠤ᠂ ᠠᠢᠮᠠᠭ ᠠ᠋ᠴᠠ ᠨᠢᠭᠡᠳᠦᠯᠲᠡᠢ ᠪᠡᠯᠡ ᠮᠥᠩᠭᠥ ᠭᠠᠷᠭᠠᠵᠤ᠂ ᠵᠠᠮ ᠵᠠᠰᠠᠬᠤ ᠵᠢ ᠲᠦᠷᠭᠡᠨ ᠢ᠋ᠶ᠋ᠡᠷ ᠪᠡᠶᠡᠯᠡᠭᠦᠯᠪᠡ᠃
ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠦᠢᠯᠡᠷ ᠪᠠᠯᠭᠠᠰᠤᠨ᠎ᠤ ᠪᠠᠶᠠᠨᠵᠢᠷᠦᠭᠡ ᠭᠠᠴᠠᠭᠠᠨ᠎ᠳᠤ᠂ ᠥᠩᠭᠡᠷᠡᠭᠰᠡᠨ᠎ᠳᠦ ᠪᠠᠷᠢᠯᠭ᠎ᠠ᠎ᠶᠢᠨ ᠬᠣᠭ ᠨᠣᠪᠰᠢ ᠪᠠ ᠠᠮᠢᠳᠤᠷᠠᠯ᠎ᠤᠨ ᠬᠣᠭ ᠨᠣᠪᠰᠢ᠎ᠶᠢ ᠡᠷᠦᠢ ᠬᠤᠷᠤᠢ ᠦᠭᠡᠢ ᠣᠪᠣᠭᠠᠯᠠᠵᠤ ᠪᠠᠢᠭᠰᠠᠨ ᠪᠠᠢᠳᠠᠯ ᠣᠲᠣ᠌ ᠨᠢᠭᠡᠨᠲᠡ ᠬᠠᠷᠠᠬᠲᠠᠬᠤ ᠪᠠᠨ ᠪᠤᠯᠢᠵᠠᠢ᠃ ᠬᠣᠭ ᠨᠣᠪᠰᠢ᠎ᠶᠢ ᠲᠥᠪᠯᠡᠷᠡᠭᠦᠯᠦᠨ ᠣᠪᠣᠭᠠᠯᠠᠬᠤ ᠰᠢᠨ᠎ᠡ᠎ᠪᠡᠷ ᠪᠠᠢᠭᠤᠯᠤᠭᠰᠠᠨ 4 ᠴᠡᠭ ᠨᠢ ᠬᠣᠭ ᠨᠣᠪᠰᠢ᠎ᠶᠢ ᠬᠣᠷᠢᠶᠠᠨ ᠬᠠᠳᠠᠭᠠᠯᠠᠬᠤ ᠴᠢᠳᠠᠪᠤᠷᠢ᠎ᠶᠢ ᠪᠦᠲᠦᠮᠵᠢᠲᠡᠢ ᠳᠡᠭᠡᠭᠰᠢᠯᠡᠭᠦᠯᠵᠦ᠂ ᠲᠣᠰᠬᠣᠨ᠎ᠤ ᠳᠦᠷᠰᠦ ᠪᠠᠢᠳᠠᠯ᠎ᠢ ᠭᠣᠶᠣᠵᠢᠭᠤᠯᠵᠠᠢ᠃ 《ᠥᠩᠭᠡᠷᠡᠭᠰᠡᠨ᠎ᠳᠦ ᠬᠣᠭ ᠨᠣᠪᠰᠢ᠎ᠶᠢ ᠨᠢᠭᠡᠳᠦᠯᠲᠡᠢ᠎ᠪᠡᠷ ᠬᠠᠶᠠᠳᠠᠭ ᠭᠠᠵᠠᠷ ᠪᠠᠢᠭᠰᠠᠨ ᠦᠭᠡᠢ᠂ ᠶᠡᠬᠡ ᠰᠠᠯᠬᠢᠨ᠎ᠲᠠᠢ ᠡᠳᠦᠷ ᠪᠣᠯᠣᠮᠠᠭᠴᠠ ᠬᠣᠭ ᠨᠣᠪᠰᠢ ᠡᠷᠦᠢ ᠬᠤᠷᠤᠢ ᠦᠭᠡᠢ ᠨᠢᠰᠴᠦ᠂ ᠦᠮᠡᠬᠡᠢ ᠦᠨᠦᠷ ᠮᠠᠭᠤᠬᠠᠢ ᠦᠨᠦᠷᠲᠦᠭᠳᠡᠳᠡᠭ᠂ ᠡᠨᠡ ᠤᠳᠠᠭ᠎ᠠ ᠮᠠᠨ᠎ᠤ ᠬᠥᠭᠰᠢᠨ ᠵᠠᠯᠠᠭᠤ ᠬᠠᠮᠲᠤ᠎ᠪᠠᠷ ᠤᠷᠤᠯᠳᠤᠭᠠᠨ᠎ᠳᠤ ᠣᠷᠣᠯᠴᠠᠵᠤ ᠲᠥᠪᠯᠡᠷᠡᠭᠦᠯᠦᠨ ᠣᠪᠣᠭᠠᠯᠠᠬᠤ ᠭᠠᠵᠠᠷ ᠪᠠᠢᠭᠤᠯᠤᠭᠠᠳ᠂ ᠣᠷᠴᠢᠨ ᠲᠣᠭᠣᠷᠢᠨ᠎ᠢ ᠰᠠᠢᠵᠢᠷᠠᠭᠤᠯᠤᠭᠰᠠᠨ᠎ᠢᠶᠠᠷ ᠪᠠᠷᠠᠬᠤ ᠦᠭᠡᠢ᠂ ᠪᠠᠰᠠ ᠨᠢᠭᠡ ᠬᠤᠪᠢ ᠬᠥᠯᠥᠰᠦᠨ ᠮᠥᠩᠭᠥ ᠣᠯᠵᠠᠢ》 ᠭᠡᠵᠦ ᠲᠣᠰᠬᠣᠨ᠎ᠤ ᠠᠷᠠᠳ ᠵᠠᠩ ᠵᠢᠩ ᠬᠤᠸᠠ ᠪᠠᠶᠠᠷᠲᠠᠢᠬᠠᠨ ᠬᠡᠯᠡᠪᠡ᠃ ᠡᠨᠡᠬᠦ ᠵᠠᠭᠪᠤᠷ ᠨᠢ ᠰᠠᠭᠤᠷᠢ ᠲᠥᠬᠦᠭᠡᠷᠦᠮᠵᠢ ᠶ᠋ᠢᠨ ᠳᠤᠲᠠᠭᠤᠳᠠᠯ ᠢ᠋ ᠨᠥᠬᠥᠪᠦᠷᠢᠯᠡᠭᠰᠡᠨ ᠢ᠋ᠶ᠋ᠡᠷ ᠪᠠᠷᠠᠬᠤ ᠦᠭᠡᠢ᠂ ᠨᠡᠩ ᠴᠤ᠌ ᠣᠯᠠᠨ ᠲᠦᠮᠡᠨ᠎ᠦ ᠣᠷᠣᠯᠭ᠎ᠠ ᠶ᠋ᠢ ᠨᠡᠮᠡᠭᠳᠡᠭᠦᠯᠬᠦ ᠠᠷᠭ᠎ᠠ ᠵᠠᠮ ᠢ᠋ ᠥᠷᠭᠡᠳᠬᠡᠵᠦ᠂ ᠠᠷᠠᠳ᠎ᠤᠨ ᠠᠮᠢᠳᠤᠷᠠᠯ ᠪᠣᠯᠣᠨ ᠬᠥᠭᠵᠢᠯᠲᠡ ᠶ᠋ᠢᠨ ᠬᠣᠣᠰ ᠠᠮᠵᠢᠯᠲᠠ ᠶ᠋ᠢ ᠣᠯᠣᠭᠰᠠᠨ ᠪᠠᠢᠨ᠎ᠠ᠃
ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ ᠵᠠᠰᠠᠯᠲᠠ᠎ᠶᠢᠨ ᠰᠢᠨ᠎ᠡ ᠵᠠᠮ
ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠤᠨ ᠭᠤᠷᠪᠠᠨ ᠬᠤᠪᠢ ᠨᠢ ᠪᠠᠢᠭᠤᠯᠬᠤ᠎ᠳᠤ ᠪᠠᠢᠵᠦ᠂ ᠲᠤᠯᠤᠭᠠᠨ ᠬᠤᠪᠢ ᠨᠢ ᠬᠠᠮᠢᠶᠠᠷᠬᠤ᠎ᠳᠤ ᠪᠤᠢ᠃ 《ᠪᠠᠢᠭᠤᠯᠬᠤ ᠵᠢ ᠴᠢᠬᠤᠯᠠᠴᠢᠯᠠᠵᠦ ᠬᠠᠮᠢᠶᠠᠷᠬᠤ ᠵᠢ ᠬᠦᠩᠭᠡᠪᠴᠢᠯᠡᠬᠦ》 ᠡᠴᠡ ᠵᠠᠢᠯᠠᠰᠬᠢᠬᠦ᠎ᠶᠢᠨ ᠲᠥᠯᠥᠭᠡ᠂ ᠬᠢᠩᠭᠠᠨ ᠠᠢᠮᠠᠭ᠎ᠤᠨ ᠬᠢᠨ ᠲᠦᠷᠦᠯ ᠵᠦᠢᠯ᠎ᠢ ᠬᠡᠷᠡᠭᠵᠢᠭᠦᠯᠦᠭᠰᠡᠨ ᠡᠬᠢᠨ᠎ᠦ ᠦᠶ᠎ᠡ᠎ᠳᠦ᠂ 《ᠪᠦᠬᠦ ᠠᠷᠠᠳ᠎ᠢᠶᠠᠷ᠎ᠢᠶᠠᠨ ᠬᠠᠮᠲᠤ ᠪᠠᠷ ᠬᠠᠮᠢᠶᠠᠷᠬᠤ》ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠰᠦᠪᠡᠭᠴᠢᠯᠡᠨ ᠪᠠᠢᠭᠤᠯᠵᠠᠢ᠃
ᠪᠠᠷᠢᠯᠭ᠎ᠠ ᠪᠠᠷᠢᠬᠤ ᠭᠣᠭᠴᠣᠭ᠎ᠠ᠎ᠳᠤ᠂ ᠡᠯ᠎ᠡ ᠭᠠᠴᠠᠭ᠎ᠠ ᠲᠣᠰᠬᠣᠨ (ᠨᠡᠢᠭᠡᠮ ᠲᠣᠭᠣᠷᠢᠭ᠋)᠎ᠨᠢ ᠰᠠᠢᠨ ᠳᠤᠷ᠎ᠠ ᠠ᠋ᠴᠠ᠎ᠪᠠᠨ ᠨᠤᠲᠤᠭ᠎ᠤᠨ ᠡᠷᠳᠡᠮᠲᠡᠨ᠂ ᠠᠬᠠᠮᠠᠳ ᠨᠠᠮ᠎ᠤᠨ ᠭᠡᠰᠢᠭᠦᠨ᠂ ᠬᠠᠯᠠᠭᠤᠨ ᠰᠡᠳᠬᠢᠯᠲᠦ ᠣᠯᠠᠨ ᠲᠦᠮᠡᠨ᠎ᠢ ᠰᠣᠩᠭᠣᠨ ᠭᠠᠷᠭᠠᠵᠤ 《ᠶᠠᠰᠤ ᠴᠢᠨᠠᠷ᠎ᠲᠤ ᠬᠢᠨᠠᠯᠲᠠ ᠲᠠᠯᠪᠢᠬᠤ ᠳᠤᠭᠤᠢᠯᠠᠩ》 ᠪᠠᠢᠭᠤᠯᠵᠦ᠂ ᠪᠠᠷᠢᠯᠭ᠎ᠠ᠎ᠶᠢᠨ ᠮᠠᠲᠧᠷᠢᠶᠠᠯ᠎ᠤᠨ ᠶᠠᠰᠤ ᠴᠢᠨᠠᠷ᠂ ᠪᠠᠷᠢᠯᠭ᠎ᠠ᠎ᠶᠢᠨ ᠠᠵᠢᠯ᠎ᠤᠨ ᠪᠥᠬᠥ ᠶᠠᠪᠤᠴᠠ᠎ᠳᠤ ᠬᠢᠨᠠᠯᠲᠠ ᠲᠠᠯᠪᠢᠪᠠ᠃ ᠲᠦᠴᠢᠦᠸᠠᠨ ᠰᠢᠶᠠᠨ᠎ᠤ ᠪᠦᠲᠦᠨ ᠪᠤᠯᠠᠭ ᠪᠠᠯᠭᠠᠰᠤᠨ᠎ᠳᠤ᠂ ᠫᠢᠩ ᠴᠤᠸᠠᠨ ᠲᠣᠰᠬᠣᠨ᠎ᠤ ᠠᠷᠠᠳ ᠰᠠᠢᠨ ᠳᠤᠷ᠎ᠠ ᠡᠴᠡ ᠪᠠᠨ ᠵᠠᠮ᠎ᠤᠨ ᠳ᠋ᠧᠩ᠎ᠦᠨ ᠪᠠᠷᠢᠯᠭ᠎ᠠ᠎ᠶᠢᠨ ᠲᠤᠬᠠᠢ᠎ᠶᠢᠨ ᠭᠠᠵᠠᠷ᠎ᠲᠤ ᠡᠭᠡᠯᠵᠢᠯᠡᠨ ᠬᠦᠷᠴᠦ ᠲᠣᠭᠣᠷᠢᠨ ᠪᠠᠢᠴᠠᠭᠠᠵᠦ᠂ ᠪᠠᠷᠢᠯᠭ᠎ᠠ ᠢ᠋ᠢᠨ ᠶᠠᠰᠤ ᠴᠢᠨᠠᠷ ᠢ᠋ ᠪᠠᠲᠤᠯᠠᠪᠠ᠃
ᠲᠦᠷᠦᠯ ᠵᠦᠢᠯ᠎ᠦᠨ ᠠᠵᠢᠯ ᠳᠠᠭᠤᠰᠤᠭᠰᠠᠨ᠎ᠤ ᠳᠠᠷᠠᠭ᠎ᠠ᠂ ᠡᠯ᠎ᠡ ᠭᠠᠵᠠᠷ᠎ᠤᠨ ᠬᠢᠨ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠦᠷᠳᠡᠭᠡ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠦᠷᠳᠡᠭᠡ᠎ᠳᠦ ᠲᠦᠰᠢᠭᠯᠡᠨ᠂ ᠰᠠᠢᠨ ᠳᠤᠷ᠎ᠠ᠎ᠶᠢᠨ ᠬᠠᠮᠢᠶᠠᠷᠤᠨ ᠬᠠᠮᠠᠭᠠᠯᠠᠬᠤ ᠠᠩᠭᠢ᠎ᠶᠢ ᠵᠣᠬᠢᠶᠠᠨ ᠪᠠᠢᠭᠤᠯᠵᠤ᠂ ᠵᠠᠮ᠎ᠤᠨ ᠳ᠋ᠧᠩ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ ᠤᠰᠤ ᠲᠠᠲᠠᠷᠠᠭᠤᠯᠬᠤ ᠬᠣᠭᠣᠯᠠᠢᠲᠣᠣᠷ᠂ ᠬᠣᠭ ᠨᠣᠪᠰᠢ ᠬᠣᠷᠢᠶᠠᠨ ᠬᠠᠳᠠᠭᠠᠯᠠᠬᠤ ᠲᠥᠬᠦᠭᠡᠷᠦᠮᠵᠢ ᠵᠡᠷᠭᠡ ᠤᠯᠠᠨ ᠨᠡᠶ᠋ᠢᠲᠡ᠎ᠶᠢᠨ ᠲᠥᠬᠦᠭᠡᠷᠦᠮᠵᠢ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭᠣᠷᠢᠨ ᠪᠠᠢᠴᠠᠭᠠᠵᠤ ᠬᠠᠮᠠᠭᠠᠯᠠᠵᠠᠢ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ᠂ ᠵᠠᠷᠢᠮ ᠨᠡᠢᠭᠡᠮ ᠲᠣᠭᠣᠷᠢᠭ᠋᠎ᠤᠨ ᠬᠢᠨ ᠪᠠᠰᠠ ᠠᠳᠠᠯ ᠠᠬᠤᠢ᠂ ᠰᠠᠭᠤᠭᠠᠯᠢ ᠠᠷᠠᠳ᠎ᠤᠨ ᠲᠥᠯᠥᠭᠡᠯᠡᠭᠴᠢᠳ᠎ᠲᠠᠢ ᠬᠠᠮᠲᠤᠷᠠᠨ ᠣᠯᠠᠨ ᠨᠡᠶ᠋ᠢᠲᠡ᠎ᠶᠢᠨ ᠲᠥᠬᠦᠭᠡᠷᠦᠮᠵᠢ᠎ᠶᠢ ᠬᠠᠮᠢᠶᠠᠷᠤᠨ ᠬᠠᠮᠠᠭᠠᠯᠠᠬᠤ ᠨᠡᠶ᠋ᠢᠲᠡ᠎ᠶᠢᠨ ᠭᠡᠷᠡᠲᠣᠭᠲᠠᠭᠠᠵᠤ᠂ ᠡᠯ᠎ᠡ ᠲᠠᠯ᠎ᠠ᠎ᠶᠢᠨ ᠬᠢᠨ᠎ᠦ ᠬᠠᠷᠢᠭᠤᠴᠠᠯᠭ᠎ᠠ᠎ᠶᠢ ᠲᠣᠳᠣᠷᠬᠠᠢ ᠲᠣᠭᠲᠠᠭᠠᠪᠠ᠃ ᠤᠯᠠᠮ ᠡᠴᠡ ᠤᠯᠠᠮ ᠤᠯᠠᠨ ᠰᠠᠭᠤᠭᠠᠯᠢ ᠠᠷᠠᠳ ᠤᠬᠠᠮᠰᠠᠷ ᠡᠴᠡ ᠪᠠᠨ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠦᠨ 《ᠬᠠᠵᠠᠭᠤ᠎ᠡᠴᠡ ᠬᠠᠷᠠᠭ᠍ᠴᠢ》 ᠪᠠᠢᠭᠰᠠᠨ ᠡᠴᠡ᠎ᠪᠠᠨ 《ᠢᠳᠡᠪᠬᠢᠳᠡᠢ ᠣᠷᠣᠯᠴᠠᠭ᠍ᠴᠢ 》 ᠪᠠ 《ᠰᠠᠬᠢᠨ ᠬᠠᠮᠠᠭᠠᠯᠠᠭ᠍ᠴᠢ》 ᠪᠣᠯᠵᠤ ᠬᠤᠪᠢᠷᠠᠵᠠᠢ᠃
ᠠᠷᠠᠳ᠎ᠤᠨ ᠰᠠᠨᠠᠭ᠎ᠠ᠎ᠶᠢ ᠰᠣᠨᠣᠰᠤᠨ ᠤᠨᠢᠨ ᠳᠡᠭᠡᠷ᠎ᠡ ᠨᠢ ᠠᠰᠠᠭᠤᠳᠠᠯ᠎ᠢ ᠰᠢᠢᠳᠪᠦᠷᠢᠯᠡᠵᠦ᠂ ᠵᠠᠭᠪᠤᠷ᠎ᠤᠨ ᠰᠢᠨ᠎ᠡ᠎ᠶᠢ ᠡᠭᠦᠳᠴᠦ ᠪᠤᠲᠠᠲᠠᠢᠵᠢᠭᠤᠯᠤᠨ ᠨᠠᠢᠲᠠᠪᠤᠷᠢᠵᠢᠭᠤᠯᠵᠦ᠂ ᠪᠦᠬᠦ ᠠᠷᠠᠳ᠎ᠢᠶᠠᠷ᠎ᠢᠶᠠᠨ ᠬᠠᠮᠲᠤ ᠪᠠᠷ ᠵᠠᠰᠠᠵᠤ ᠤᠷᠳᠤ ᠬᠤᠭᠤᠴᠠᠭ᠎ᠠ᠎ᠪᠠᠷ ᠰᠠᠬᠢᠨ ᠬᠠᠮᠠᠭᠠᠯᠠᠵᠤ᠂ ᠬᠢᠩᠭᠠᠨ ᠠᠢᠮᠠᠭ᠎ᠤᠨ ᠬᠢᠨ ᠵᠢᠵᠢᠭ ᠰᠠᠵᠢᠬ ᠪᠣᠳᠠᠲᠤ ᠶᠠᠪᠤᠳᠠᠯ᠎ᠢ ᠰᠠᠢᠲᠤᠷ ᠬᠢᠵᠦ ᠠᠷᠠᠳ᠎ᠲᠤ ᠠᠰᠢᠭ᠋ ᠬᠦᠷᠲᠡᠭᠡᠨ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠬᠦᠮᠦᠰ᠎ᠤᠨ ᠰᠡᠳᠬᠢᠯ᠎ᠳᠤ ᠰᠠᠭᠤᠬᠲᠠᠭᠤᠯᠤᠨ ᠭᠠᠷ ᠲᠸ᠋ ᠪᠠᠷᠢᠬᠲᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃