ᠲᠡᠷᠢᠭᠦᠨ ᠨᠢᠭᠤᠷ>ᠣᠨᠣᠯ ᠱᠢᠭᠦᠮᠵᠢ> ᠨᠠᠮ᠎ᠤᠨ ᠪᠠᠢᠭᠤᠯᠤᠯᠲᠠ

2026-09-21 10:42:20

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠸᠠᠨ ᠳᠠ ᠬᠤᠸᠠ ᠹᠦ ᠰᠠᠭᠤᠭᠠᠯᠢ ᠠᠷᠠᠳ᠎ᠤᠨ ᠲᠣᠭᠣᠷᠢᠭ᠋᠎ᠤᠨ ᠠᠭᠤᠳᠠᠮ ᠲᠠᠯᠠᠪᠠᠶ᠎ᠳᠤ᠂ ᠰᠠᠭᠤᠭᠠᠯᠢ ᠠᠷᠠᠳ ᠠᠷᠦ ᠠᠷᠦ ᠡᠴᠡ᠎ᠪᠠᠨ ᠵᠠᠯᠭᠠᠯᠳᠤᠨ ᠰᠠᠭᠤᠯᠴᠠᠵᠦ ᠺᠢᠨᠤ᠋ ᠦᠵᠡᠨ᠎ᠡ᠃ ᠳᠡᠯᠭᠡᠴᠡ᠎ᠶᠢᠨ ᠬᠠᠵᠠᠭᠤ᠎ᠳᠤ ᠨᠢᠭᠡ ᠤᠷᠳᠤ ᠰᠢᠷᠡᠭᠡ᠂ ᠬᠡᠳᠦᠨ ᠰᠠᠨᠳᠠᠯᠢ ᠲᠠᠯᠪᠢᠵᠤ᠂《ᠨᠡᠢᠭᠡᠮ ᠲᠣᠭᠣᠷᠢᠭ᠋᠎ᠤᠨ ᠱᠦᠵᠢ᠎ᠶᠢᠨ ᠠᠵᠢᠯ᠎ᠤᠨ ᠪᠠᠢᠷᠢ》᠂ 《ᠠᠷᠠᠳ᠎ᠲᠤ ᠲᠦᠬᠦᠮ ᠦᠵᠡᠭᠦᠯᠬᠦ ᠯᠠᠪᠯᠠᠭ᠎ᠠ᠎ᠶᠢᠨ ᠴᠡᠭ》 ᠭᠡᠬᠦ ᠦᠵᠡᠭᠦᠯᠭᠡ᠎ᠶᠢᠨ ᠰᠠᠮᠪᠠᠷ᠎ᠠ ᠨᠢ ᠣᠨᠴᠠ ᠵᠢᠨ ᠢᠯᠡ ᠲᠣᠳᠣ᠌ ᠬᠠᠷᠠᠭᠳᠠᠨ᠎ᠠ᠃ ᠬᠣᠲᠣᠩ ᠠᠷᠠᠳ᠎ᠤᠨ ᠲᠣᠭᠣᠷᠢᠭ᠋᠎ᠤᠨ ᠠᠯᠠᠱᠠ ᠬᠣᠢᠲᠤ ᠵᠠᠮ᠎ᠤᠨ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠨ ᠴᠦᠨ ᠰᠢ ᠨᠡᠢᠭᠡᠮ ᠲᠣᠭᠣᠷᠢᠭ᠋᠎ᠤᠨ ᠠᠵᠢᠯᠲᠠᠳ ᠺᠢᠨᠣ᠋ ᠡᠬᠢᠯᠡᠬᠦ᠎ᠡᠴᠡ ᠡᠮᠦᠨᠡᠬᠢ ᠵᠠᠪ ᠴᠢᠯᠦᠭᠡ᠎ᠪᠡᠷ ᠰᠠᠭᠤᠭᠠᠯᠢ ᠠᠷᠠᠳ᠎ᠲᠠᠢ ᠬᠠᠮᠳᠦ ᠰᠠᠭᠤᠵᠤ ᠵᠣᠭᠣᠭ ᠳᠡᠯᠬᠡᠨ᠎ᠡ᠃

《ᠲᠠᠨ᠎ᠤ ᠳᠡᠭᠡᠷ᠎ᠡ ᠤᠳᠠᠭ᠎ᠠ ᠵᠢᠨ ᠲᠤᠰᠬᠠᠭᠰᠠᠨ ᠵᠠᠮ᠎ᠤᠨ ᠳ᠋ᠧᠩ ᠡᠪᠳᠡᠷᠡᠭᠰᠡᠨ ᠠᠰᠠᠭᠤᠳᠠᠯ᠎ᠢ ᠠᠳᠠᠯ ᠠᠬᠤᠢ᠎ᠶᠢᠨ ᠬᠢᠨ ᠨᠢᠭᠡᠨᠲᠡ ᠪᠦᠬᠦᠨ᠎ᠢ ᠪᠠᠢᠴᠠᠭᠠᠨ ᠵᠠᠰᠠᠵᠤ ᠳᠠᠭᠤᠰᠬᠠᠵᠠᠢ》᠂ 《ᠲᠠ ᠭᠠᠷ ᠤᠲᠠᠰᠤ᠎ᠪᠠᠨ ᠨᠡᠭᠡᠭᠡ᠂ ᠪᠢ ᠣᠳᠣ᠌ ᠲᠠᠨ᠎ᠳᠤ ᠨᠠᠰᠤᠵᠢᠯ᠎ᠤᠨ ᠠᠰᠠᠷᠠᠮᠵᠢ᠎ᠶᠢᠨ ᠭᠡᠷᠡᠴᠢᠯᠡᠯᠲᠡ ᠬᠢᠬᠦ᠎ᠶᠢ ᠵᠢᠭᠠᠵᠤ ᠥᠭᠬᠦᠶ᠎ᠡ》 ᠁ ᠰᠠᠭᠤᠭᠠᠯᠢ ᠠᠷᠠᠳ ᠵᠠᠩ ᠠᠨᠢᠶ᠎ᠠ ᠢᠨᠢᠶᠡᠮᠰᠦᠭᠯᠡᠨ᠄《ᠥᠩᠭᠡᠷᠡᠭᠰᠡᠨ᠎ᠳᠦ ᠤᠴᠢᠷ᠎ᠲᠠᠢ ᠪᠣᠯ ᠲᠤᠰᠬᠠᠢᠯᠠᠨ ᠨᠡᠢᠭᠡᠮ ᠲᠣᠭᠣᠷᠢᠭ᠋᠎ᠤᠨ ᠠᠯᠪᠠᠨ ᠭᠡᠷ᠎ᠲᠦ ᠣᠴᠢᠵᠦ ᠰᠢᠢᠳᠪᠦᠷᠢᠯᠡᠨ᠎ᠡ᠂ ᠣᠲᠣ᠌ ᠺᠢᠨᠣ᠋ ᠦᠵᠡᠬᠦ ᠵᠠᠪ᠎ᠢᠶᠠᠷ᠎ᠢᠶᠠᠨ ᠪᠤᠬᠢᠨᠢᠳᠤᠯ᠎ᠲᠠᠢ ᠤᠴᠢᠷ᠎ᠢᠶᠠᠨ ᠲᠤᠰᠬᠠᠵᠦ ᠪᠣᠯᠣᠨ᠎ᠠ᠂ ᠮᠠᠰᠢ ᠲᠥᠬᠥᠮ ᠪᠣᠯᠵᠠᠢ!》 ᠬᠡᠯ᠎ᠡ᠃

ᠡᠨᠡ ᠪᠣᠯ ᠴᠦᠨ ᠰᠢ ᠨᠡᠢᠭᠡᠮ ᠲᠣᠭᠣᠷᠢᠭ᠋᠎ᠤᠨ ᠨᠠᠮ᠎ᠤᠨ ᠶᠡᠷᠦᠩᠬᠡᠢ ᠡᠭᠦᠷ᠎ᠦᠨ《ᠵᠢᠵᠢᠭ ᠰᠠᠨᠳᠠᠯᠢ᠎ᠵᠢᠨ ᠶᠠᠷᠢᠯᠴᠠᠬᠤ ᠬᠤᠷᠠᠯ》ᠤ᠋ᠨ ᠠᠵᠢᠯ᠎ᠤᠨ ᠣᠢᠯᠠᠭᠠᠭᠳᠠᠬᠤᠨ᠎ᠢ ᠲᠤᠭᠤᠰᠢᠯᠠᠭᠤᠯᠵᠦ᠂ ᠠᠯᠪᠠᠨ ᠭᠡᠷ᠎ᠡᠴᠡ ᠪᠠᠨ ᠭᠠᠷᠴᠤ᠂ ᠤᠯᠠᠨ ᠲᠦᠮᠡᠨ᠎ᠦ ᠠᠮᠢᠳᠤᠷᠠᠯ᠎ᠲᠠᠢ ᠣᠢᠷᠠᠲᠤᠭᠰᠠᠨ ᠠᠮᠢᠳᠤᠯᠢᠭ᠋ ᠦᠢᠯᠡᠳᠦᠯᠭᠡ ᠪᠣᠯᠣᠨ᠎ᠠ᠃ ᠨᠡᠢᠭᠡᠮ ᠲᠣᠭᠣᠷᠢᠭ ᠡᠴᠡ《ᠨᠡᠶ᠋ᠢᠲᠡ᠎ᠶᠢᠨ ᠠᠰᠠᠷᠠᠮᠵᠢ᠎ᠶᠢᠨ ᠺᠢᠨᠣ᠋ + ᠱᠦᠵᠢ᠎ᠶᠢᠨ ᠠᠵᠢᠯ᠎ᠤᠨ ᠪᠠᠢᠷᠢ + ᠪᠥᠬᠥ ᠠᠵᠢᠯ᠎ᠳᠤ ᠨᠡᠪᠲᠡᠷᠡᠬᠦ》 ᠵᠢ ᠨᠢᠭᠡ ᠴᠣᠭᠴᠠᠵᠢᠭᠤᠯᠵᠦ᠂ ᠰᠠᠭᠤᠭᠠᠯᠢ ᠠᠷᠠᠳ᠎ᠤᠨ ᠳᠤᠷᠠᠳᠤᠭᠰᠠᠨ ᠡᠮ ᠡᠮᠨᠡᠯᠭᠡ᠎ᠶᠢᠨ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠂ ᠨᠠᠰᠤᠵᠢᠯ᠎ᠤᠨ ᠠᠰᠠᠷᠠᠮᠵᠢ᠎ᠶᠢᠨ ᠭᠡᠷᠡᠴᠢᠯᠡᠯᠲᠡ ᠵᠡᠷᠭᠡ ᠠᠰᠠᠭᠤᠳᠠᠯ᠎ᠳᠤ ᠲᠤᠬᠠᠢ᠎ᠶᠢᠨ ᠲᠠᠯᠠᠪᠠᠶ᠎ᠳᠤ ᠬᠠᠷᠢᠭᠤᠯᠲᠠ ᠥᠭᠪᠡ;ᠠᠰᠠᠷ᠎ᠤᠨ ᠬᠣᠩᠭᠢᠯ᠎ᠤᠨ ᠡᠳ᠋ ᠪᠣᠳᠠᠰ᠎ᠢ ᠴᠡᠪᠡᠷᠯᠡᠬᠦ᠂ ᠣᠯᠠᠨ ᠨᠡᠶ᠋ᠢᠲᠡ᠎ᠶᠢᠨ ᠲᠦᠬᠦᠭᠡᠷᠦᠮᠵᠢ᠎ᠶᠢ ᠰᠡᠯᠪᠢᠨ ᠵᠠᠰᠠᠬᠤ ᠵᠡᠷᠭᠡ ᠬᠡᠷᠡᠭ ᠶᠠᠪᠤᠳᠠᠯ᠎ᠢ ᠠᠳᠠᠯ ᠠᠬᠤᠢ᠎ᠶᠢᠨ ᠬᠢᠨ ᠴᠠᠭ ᠲᠤᠬᠠᠢ ᠳ᠋ᠤᠨᠢ ᠬᠦᠯᠢᠶᠡᠨ ᠠᠪᠴᠦ᠂ ᠬᠤᠭᠤᠴᠠᠭ᠎ᠠ ᠲᠤᠬᠲᠠᠭᠠᠨ ᠰᠢᠢᠳᠪᠦᠷᠢᠯᠡᠪᠡ; ᠨᠠᠷᠢᠨ ᠪᠤᠳᠤᠯᠢᠶᠠᠨᠲᠠᠢ ᠠᠰᠠᠭᠤᠳᠠᠯ᠎ᠢ ᠨᠢᠭᠡᠳ ᠨᠢᠭᠡ᠎ᠪᠡᠷ ᠳᠠᠩᠰᠠᠯᠠᠵᠤ ᠠᠷᠠᠳ᠎ᠤᠨ ᠪᠠᠢᠳᠠᠯ᠎ᠤᠨ ᠡᠬᠡ ᠳᠠᠩᠰᠠ ᠪᠠᠢᠭᠤᠯᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠨᠢᠭᠡᠳ ᠨᠢᠭᠡ᠎ᠪᠡᠷ ᠨᠠᠢᠳᠠᠪᠤᠷᠢᠵᠢᠭᠤᠯᠵᠤ᠂ ᠶᠠᠪᠤᠳᠠᠯ ᠪᠦᠬᠦᠨ᠎ᠳᠦ ᠬᠠᠷᠢᠭᠤᠯᠲᠠ ᠥᠭᠬᠦ᠎ᠶᠢ ᠦᠨᠡᠨ ᠬᠦ᠌ ᠪᠠᠲᠤᠯᠠᠪᠡ᠃

《ᠲᠡᠭᠡᠪᠡᠯ ᠪᠢᠳᠡ ᠪᠠᠷᠤᠭ᠍ᠰᠢᠨ ᠵᠠᠮ ᠳᠡᠪᠢᠰᠬᠦ᠎ᠪᠡᠷ ᠰᠠᠨᠠᠯ ᠨᠢᠭᠡᠲᠡᠢ ᠲᠣᠭᠲᠠᠶ᠎ᠠ》᠂ 《ᠬᠠᠮᠤᠭ᠎ᠤᠨ ᠰᠠᠢᠨ ᠨᠢ ᠬᠡᠳᠦᠨ ᠲᠡᠷᠭᠡᠨ ᠵᠣᠭᠰᠣᠭᠠᠯ ᠨᠡᠮᠡᠵᠦ ᠲᠣᠬᠢᠷᠠᠭᠤᠯᠤᠶ᠎ᠠ》᠁ ᠲᠦᠷᠦᠭᠦᠬᠡᠨ ᠬᠣᠲᠣᠩ ᠠᠷᠠᠳ᠎ᠤᠨ ᠲᠣᠭᠣᠷᠢᠭ᠋᠎ᠤᠨ ᠭᠤᠸᠠᠩ ᠮᠢᠩ ᠵᠠᠮ᠎ᠤᠨ ᠵᠡᠭᠡᠯᠢ ᠭᠤᠲᠤᠮᠵᠢ᠎ᠵᠢᠨ ᠬᠡᠷᠡᠭ ᠡᠷᠬᠢᠯᠡᠬᠦ ᠭᠠᠵᠠᠷ᠎ᠤᠨ ᠭᠦᠸᠧ ᠶᠤᠸᠠᠨ ᠵᠠᠮ᠎ᠤᠨ ᠨᠡᠢᠭᠡᠮ ᠲᠣᠭᠣᠷᠢᠭ᠋᠎ᠲᠤ ᠬᠤᠷᠠᠯᠳᠤᠭᠤᠯᠤᠭᠰᠠᠨ ᠨᠢᠭᠡ ᠤᠳᠠᠭᠠᠨ᠎ᠤ ᠬᠡᠷᠡᠭ ᠵᠥᠪᠯᠡᠬᠦ ᠬᠤᠷᠠᠯ ᠳᠡᠭᠡᠷ᠎ᠡ᠂ ᠰᠠᠭᠤᠭᠠᠯᠢ ᠠᠷᠠᠳ ᠨᠡᠢᠭᠡᠮ ᠲᠣᠭᠣᠷᠢᠭ᠋᠎ᠤᠨ ᠵᠠᠰᠠᠯᠲᠠ᠎ᠶᠢᠨ ᠲᠤᠬᠠᠢ ᠥᠪᠡᠷ ᠥᠪᠡᠷ᠎ᠦᠨ ᠦᠵᠡᠯᠲᠡ᠎ᠪᠡᠨ ᠶᠠᠷᠢᠪᠠ᠃

ᠭᠤᠸᠠᠩ ᠮᠢᠩ ᠵᠠᠮ᠎ᠤᠨ ᠵᠡᠭᠡᠯᠢ ᠭᠤᠳᠤᠮᠵᠢ᠎ᠵᠢᠨ ᠭᠡᠷᠡᠭ ᠡᠷᠬᠢᠯᠡᠬᠦ ᠭᠠᠵᠠᠷ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ᠂ ᠰᠠᠭᠤᠭᠠᠯᠢ ᠠᠷᠠᠳ᠎ᠤᠨ ᠵᠥᠪᠯᠡᠯ᠎ᠢᠶᠡᠷ ᠭᠠᠷᠳᠠᠴᠠ ᠪᠣᠯᠭᠠᠨ᠂ ᠨᠠᠮ᠎ᠤᠨ ᠬᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠢ ᠭᠦᠢᠴᠡᠳ ᠠᠰᠢᠭ᠍ᠯᠠᠵᠤ᠂ ᠡᠶᠡᠯᠳᠡᠭ ᠬᠥᠷᠰᠢ᠎ᠶᠢᠨ ᠬᠡᠷᠡᠭ ᠵᠥᠪᠯᠡᠬᠦ ᠲᠢᠩᠬᠢᠮ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠎ᠲᠠᠢ ᠬᠠᠷᠢᠯᠴᠠᠬᠤ ᠦᠷᠳᠡᠭᠡ᠂ ᠵᠥᠷᠢᠴᠡᠯ᠎ᠢ ᠡᠶᠡᠳᠡᠭᠦᠯᠬᠦ ᠲᠠᠰᠤᠭ ᠵᠡᠷᠭᠡ ᠭᠡᠷ ᠳᠣᠲᠣᠷᠠᠬᠢ ᠬᠡᠷᠡᠭ ᠵᠥᠪᠯᠡᠬᠦ ᠵᠢᠭ᠍ᠰᠠᠭᠠᠯ᠎ᠤᠨ ᠭᠠᠵᠠᠷ᠎ᠢ ᠪᠠᠢᠭᠤᠯᠪᠠ; ᠨᠡᠢᠭᠡᠮ ᠲᠣᠭᠣᠷᠢᠭ᠋᠎ᠤᠨ ᠠᠭᠤᠳᠠᠮ ᠲᠠᠯᠠᠪᠠᠢ᠂ ᠤᠷᠳᠤ ᠬᠣᠩᠭᠢᠯ᠂ ᠰᠡᠷᠢᠭᠦᠨ ᠲᠢᠩᠰᠡ ᠵᠡᠷᠭᠡ᠎ᠶᠢ ᠬᠡᠷᠡᠭᠯᠡᠨ ᠭᠡᠷ᠎ᠦᠨ ᠭᠠᠳᠠᠨᠠᠬᠢ ᠬᠡᠷᠡᠭ ᠵᠥᠪᠯᠡᠬᠦ ᠣᠷᠣᠨ ᠵᠠᠢ᠎ᠶᠢ ᠪᠤᠢ ᠪᠣᠯᠭᠠᠵᠤ᠂《ᠬᠠᠮᠲᠤ᠎ᠪᠠᠷ ᠵᠥᠪᠳᠡᠯᠴᠡᠬᠦ》 ᠥᠪᠡᠰᠦᠪᠡᠨ ᠵᠠᠰᠠᠬᠤ ᠰᠢᠨ᠎ᠡ ᠵᠠᠮ᠎ᠢ ᠰᠦᠪᠡᠭᠴᠢᠯᠡᠨ ᠭᠠᠷᠭᠠᠵᠤ᠂ ᠨᠡᠢᠭᠡᠮ ᠲᠣᠭᠣᠷᠢᠭ᠋ ᠪᠠ ᠠᠷᠠᠳ ᠤᠯᠠᠨ᠎ᠤ ᠬᠣᠭᠣᠷᠣᠨᠳᠣᠬᠢ 《ᠬᠥᠭᠥᠷᠭᠡ ᠬᠤᠯᠪᠤᠭᠠᠰᠦ》ᠵᠢ ᠪᠠᠢᠭᠤᠯᠪᠠ᠃ ᠣᠳᠣᠬᠠᠨ ᠪᠣᠯᠲᠠᠯ᠎ᠠ᠂ ᠡᠯ᠎ᠡ ᠨᠡᠢᠭᠡᠮ ᠲᠣᠭᠣᠷᠢᠭ᠋ ᠨᠢ ᠰᠠᠭᠤᠭᠠᠯᠢ ᠠᠷᠠᠳ᠎ᠤᠨ ᠲᠣᠭᠣᠷᠢᠭ᠋᠎ᠤᠨ ᠲᠠᠭᠤ ᠱᠤᠤᠭᠢᠶᠠᠨ ᠠᠷᠠᠳ᠎ᠢ ᠦᠢᠮᠡᠭᠦᠯᠬᠦ᠂ ᠭᠡᠷ ᠪᠠᠢᠰᠢᠩ᠎ᠤᠨ ᠤᠷᠤᠢ ᠭᠣᠭᠣᠵᠢᠬᠤ᠂ ᠪᠣᠬᠢᠷ ᠤᠰᠤᠨ᠎ᠤ ᠬᠣᠭᠣᠯᠠᠢ ᠪᠥᠭᠯᠡᠷᠡᠬᠦ᠂ ᠠᠰᠠᠷ᠎ᠤᠨ ᠵᠠᠮ᠎ᠳᠤ ᠡᠳ᠋ ᠪᠣᠳᠠᠰ᠎ᠢ ᠡᠷᠦᠢ ᠬᠤᠷᠤᠢ ᠦᠭᠡᠢ ᠣᠪᠣᠭᠠᠯᠠᠬᠤ᠂ ᠴᠠᠬᠢᠯᠭᠠᠨ ᠴᠡᠨᠡᠭᠯᠡᠬᠦ ᠱᠣᠩ ᠤᠭᠰᠠᠷᠠᠬᠤ ᠵᠡᠷᠭᠡ ᠠᠰᠠᠭᠤᠳᠠᠯ᠎ᠢ ᠨᠡᠶ᠋ᠢᠲᠡ 200 ᠭᠠᠷᠤᠢ ᠬᠤᠪᠢ ᠵᠥᠪᠳᠡᠯᠴᠡᠨ ᠰᠢᠢᠳᠪᠦᠷᠢᠯᠡᠵᠦ᠂ 《ᠤᠴᠢᠷ ᠶᠠᠪᠤᠳᠠᠯ᠎ᠢ ᠣᠯᠠᠨ᠎ᠢᠶᠠᠷ᠎ᠢᠶᠠᠨ ᠵᠥᠪᠯᠡᠵᠦ᠂ ᠬᠦᠴᠢᠷ ᠠᠰᠠᠭᠤᠳᠠᠯ᠎ᠢ ᠣᠯᠠᠨ᠎ᠢᠶᠠᠷ᠎ᠢᠶᠠᠨ ᠰᠢᠢᠳᠪᠦᠷᠢᠯᠡᠬᠦ》 ᠰᠠᠢᠨ ᠰᠠᠢᠬᠠᠨ ᠪᠠᠢᠳᠠᠯ᠎ᠢ ᠪᠣᠶ ᠪᠣᠯᠭᠠᠪᠠ᠃

《ᠵᠢᠵᠢᠭ ᠰᠠᠨᠳᠠᠯᠢ》 ᠡᠴᠡ 《ᠬᠡᠷᠡᠭ ᠵᠥᠪᠯᠡᠬᠦ ᠲᠢᠩᠬᠢᠮ》 ᠬᠦᠷᠲᠡᠯ᠎ᠡ ᠂ ᠬᠡᠷᠡᠭ ᠵᠥᠪᠳᠡᠯᠴᠡᠬᠦ ᠤᠷᠴᠢᠨ ᠲᠤᠭᠤᠷᠢᠨ ᠬᠤᠪᠢᠷᠠᠬᠰᠠᠨ ᠴᠸ᠋ ᠂ ᠠᠷᠠᠳ᠎ᠤᠨ ᠲᠥᠯᠥᠭᠡ ᠭᠡᠬᠦ ᠤᠭ ᠰᠠᠨᠠᠭ᠎ᠠ ᠬᠤᠪᠢᠷᠠᠬᠰᠠᠨ ᠦᠬᠡᠢ᠃ ᠭᠠᠩ ᠲᠢᠶᠸ ᠵᠠᠮ᠎ᠤᠨ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠨ ᠲᠧ ᠬᠣᠩ ᠨᠡᠢᠭᠡᠮ ᠲᠣᠭᠣᠷᠢᠭ᠋᠎ᠤᠨ 《ᠨᠡᠭᠦᠳᠡᠯ ᠠᠯᠪᠠᠨ ᠰᠢᠷᠡᠭᠡ》 ᠨᠢ ᠦᠢᠯᠡᠴᠢᠯᠡᠭᠡᠨ᠎ᠦ ᠴᠣᠩᠬᠤᠪᠴᠢ᠎ᠶᠢ ᠨᠡᠢᠭᠡᠮ ᠲᠣᠭᠣᠷᠢᠭ᠋᠎ᠠᠴᠠ ᠰᠠᠭᠤᠭᠠᠯᠢ ᠠᠷᠠᠳ᠎ᠤᠨ ᠭᠡᠷ᠎ᠲᠦ ᠬᠦᠷᠬᠡᠪᠡ᠃

ᠲᠧ ᠬᠣᠩ ᠨᠡᠢᠭᠡᠮ ᠲᠣᠭᠣᠷᠢᠭ᠋ ᠡᠷᠦᠬᠡ᠎ᠪᠡᠷ ᠣᠷᠣᠵᠤ ᠰᠤᠷᠪᠤᠯᠵᠢᠯᠠᠬᠤ᠂ ᠲᠤᠤᠷᠵᠢᠯ᠎ᠵᠢᠡᠷ ᠲᠣᠭᠣᠷᠢᠨ ᠪᠠᠢᠴᠠᠭᠠᠬᠤ᠂ ᠰᠠᠭᠤᠭᠠᠯᠢ ᠠᠷᠠᠳ᠎ᠤᠨ ᠬᠡᠷᠡᠭ ᠵᠥᠪᠯᠡᠬᠦ ᠬᠤᠷᠠᠯ᠂ ᠵᠢᠷᠬᠢᠶ᠎ᠡ᠎ᠵᠢᠨ ᠴᠤᠭᠯᠠᠷᠠᠯ᠎ᠵᠢᠡᠷ ᠰᠠᠨᠠᠯ ᠴᠤᠬᠯᠠᠭᠤᠯᠬᠤ᠎ᠵᠡᠷᠭᠡ ᠣᠯᠠᠨ ᠵᠦᠢᠯ᠎ᠦᠨ ᠠᠷᠭ᠎ᠠ ᠵᠠᠮ᠎ᠢᠶᠠᠷ ᠰᠠᠭᠤᠭᠠᠯᠢ ᠠᠷᠠᠳ᠎ᠤᠨ ᠬᠦᠰᠡᠯ ᠱᠠᠭᠠᠷᠳᠠᠯᠭ᠎ᠠ᠎ᠶᠢ ᠪᠠᠢᠩᠭᠤ ᠴᠤᠭᠯᠠᠭᠤᠯᠪᠠ᠃ ᠨᠠᠰᠤᠲᠠᠨ᠂ ᠵᠡᠮᠳᠡᠭᠴᠦᠳ᠂ ᠡᠪᠡᠳᠴᠢᠨ ᠠᠷᠬᠠᠭ ᠲᠠᠢ ᠣᠯᠠᠨ ᠲᠦᠮᠡᠨ ᠵᠡᠷᠭᠡ ᠬᠥᠳᠡᠯᠵᠦ ᠪᠠᠷᠢᠬᠤ᠎ᠳᠤ ᠳᠥᠭᠥᠮ ᠦᠭᠡᠢ ᠬᠥᠮᠥᠰ᠎ᠲᠦ ᠴᠢᠭᠯᠡᠭᠦᠯᠦᠨ᠂ ᠨᠡᠢᠭᠡᠮ ᠲᠣᠭᠣᠷᠢᠭ᠋᠎ᠲᠤ ᠭᠣᠣᠯᠳᠠᠯᠭ᠎ᠠ᠎ᠲᠠᠢ ᠬᠥᠮᠥᠰ᠎ᠦᠨ ᠡᠬᠡ ᠲᠠᠩᠰᠠ᠎ᠶᠢ ᠪᠠᠢᠭᠤᠯᠵᠤ᠂ ᠰᠠᠨᠠᠭᠠᠴᠢᠯᠠᠭ᠎ᠠ ᠡᠴᠡ ᠪᠠᠨ ᠭᠡᠷ ᠲᠦ᠍ᠨᠢ ᠬᠦᠷᠴᠦ ᠦᠢᠯᠡᠴᠢᠯᠡᠬᠦ᠂ ᠴᠠᠭ᠎ᠢ ᠤᠷᠲᠤᠳᠬᠠᠨ ᠦᠢᠯᠡᠴᠢᠯᠡᠬᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ᠎ᠶᠢ ᠭᠠᠷᠭᠠᠪᠠ᠃ ᠨᠡᠢᠭᠡᠮ ᠲᠣᠭᠣᠷᠢᠭ᠋᠎ᠤᠨ ᠨᠠᠮ᠎ᠤᠨ ᠶᠡᠷᠦᠩᠬᠡᠢ ᠡᠭᠦᠷ ᠪᠠᠰᠠ 《ᠨᠡᠭᠦᠳᠡᠯ ᠠᠯᠪᠠᠨ ᠰᠢᠷᠡᠭᠡ》 ᠪᠣᠯᠣᠨ ᠦᠨᠳᠦᠰᠦᠨ ᠱᠠᠲᠤᠨ᠎ᠤ ᠵᠠᠰᠠᠯᠲᠠ᠎ᠶᠢ ᠭᠦᠨᠵᠡᠭᠡᠢ ᠠᠭᠤᠰᠤᠯᠴᠠᠭᠤᠯᠵᠤ᠂ ᠭᠡᠷ ᠲᠦ᠍ᠨᠢ ᠬᠦᠷᠴᠦ ᠦᠢᠯᠡᠴᠢᠯᠡᠬᠦ ᠪᠣᠯᠣᠨ ᠵᠥᠷᠢᠴᠡᠯ ᠵᠠᠭᠤᠷᠠᠯᠳᠤᠭᠠᠨ᠎ᠢ ᠪᠠᠢᠴᠠᠭᠠᠨ ᠰᠢᠢᠳᠪᠦᠷᠢᠯᠡᠬᠦ᠂ ᠠᠮᠤᠷ ᠲᠦᠪᠰᠢᠨ᠎ᠦ ᠭᠡᠮ ᠰᠣᠭᠣᠭ᠎ᠢ ᠲᠣᠭᠣᠷᠢᠨ ᠪᠠᠢᠴᠠᠭᠠᠬᠤ ᠵᠡᠷᠭᠡ ᠠᠵᠢᠯ᠎ᠢ ᠵᠡᠷᠭᠡ ᠪᠡᠷ ᠠᠬᠢᠭᠤᠯᠵᠤ᠂ ᠨᠠᠮ᠎ᠤᠨ ᠭᠡᠰᠢᠭᠦᠨ ᠰᠠᠢᠨ ᠳᠤᠷᠠᠴᠤᠳ᠎ᠢ ᠵᠣᠬᠢᠶᠠᠨ ᠪᠠᠢᠭᠤᠯᠤᠨ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ ᠪᠣᠯᠣᠨ ᠪᠣᠯᠪᠠᠰᠤᠨ᠎ᠤ ᠢᠳᠬᠠᠯᠭ᠎ᠠ᠎ᠳᠤ ᠣᠷᠣᠯᠴᠠᠭᠤᠯᠵᠤ᠂《ᠨᠠᠮ᠎ᠤᠨ ᠭᠡᠰᠢᠭᠦᠨ ᠲᠦᠷᠦᠭᠦᠯᠡᠨ ᠬᠢᠵᠦ᠂ ᠤᠯᠠᠨ ᠲᠦᠮᠡᠨ ᠰᠡᠳᠬᠢᠯ ᠨᠢᠭᠡᠳᠦᠨ ᠰᠢᠢᠳᠪᠦᠷᠢᠯᠡᠬᠦ》ᠰᠠᠢᠨ ᠰᠠᠢᠬᠠᠨ ᠤᠷᠴᠢᠨ ᠠᠬᠤᠢ ᠵᠢ ᠪᠦᠷᠢᠯᠳᠦᠭᠦᠯᠵᠡᠢ᠃ ᠡᠢᠨ᠎ᠬᠦ ᠬᠣᠲᠣᠩ ᠠᠷᠠᠳ᠎ᠤᠨ ᠲᠣᠭᠣᠷᠢᠭ᠋᠎ᠤᠨ ᠡᠯ᠎ᠡ ᠨᠡᠢᠭᠡᠮ ᠲᠣᠭᠣᠷᠢᠭ᠋ ᠨᠢ ᠨᠠᠮ᠎ᠤᠨ ᠪᠠᠢᠭᠤᠯᠤᠯᠲᠠ᠎ᠪᠠᠷ ᠵᠢᠯᠤᠭᠤᠳᠤᠮᠵᠢ ᠪᠣᠯᠭᠠᠵᠤ᠂ ᠵᠠᠰᠠᠯᠲᠠ᠎ᠶᠢᠨ ᠬᠡᠪᠴᠢᠶ᠎ᠡ ᠶ᠋ᠢ ᠤᠯᠠᠨ ᠲᠦᠮᠡᠨ᠎ᠦ ᠬᠠᠮᠤᠭ᠎ᠤᠨ ᠬᠡᠷᠡᠭᠴᠡᠭᠡ᠎ᠲᠠᠢ ᠭᠠᠵᠠᠷ᠎ᠲᠤ ᠬᠦᠷᠲᠡᠯ᠎ᠡ ᠥᠷᠭᠡᠳᠬᠡᠵᠦ᠂ ᠲᠤᠰ ᠲᠤᠰ᠎ᠤᠨ ᠣᠨᠴᠠᠯᠢᠭ᠋᠎ᠪᠦᠬᠦᠢ ᠦᠢᠯᠡᠴᠢᠯᠡᠭᠡᠨ᠎ᠦ ᠠᠷᠭ᠎ᠠ ᠵᠠᠮ᠎ᠢ ᠬᠠᠢᠨ ᠰᠦᠪᠡᠭᠴᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面