ᠲᠡᠷᠢᠭᠦᠨ ᠨᠢᠭᠤᠷ>ᠣᠨᠣᠯ ᠱᠢᠭᠦᠮᠵᠢ>ᠣᠨᠣᠯ

2026-10-16 11:17:17

ᠵᠣᠬᠢᠶᠠᠭ᠍ᠴᠢ᠄ ᠶᠠᠩ ᠺᠠᠩ ᠺᠠᠩ ᠣᠩᠱᠢᠭ᠍ᠰᠠᠨ ᠣᠳᠠᠭ᠎ᠠ᠄ 3

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠳᠡᠭᠡᠷ᠎ᠡ 《ᠨᠡᠢᠭᠡᠮ᠎ᠦᠨ ᠵᠠᠰᠠᠯᠲᠠ᠎ᠶᠢᠨ ᠣᠳᠣᠬᠢᠴᠢᠯᠠᠯᠲᠠ᠎ᠶᠢ ᠲᠦᠯᠬᠢᠨ ᠠᠬᠢᠭᠤᠯᠤᠨ᠎ᠠ》᠂ 《ᠠᠷᠠᠳ ᠤᠯᠠᠨ᠎ᠤ ᠭᠤᠤᠯ ᠴᠣᠭᠴᠠ᠎ᠶᠢᠨ ᠦᠢᠯᠡᠳᠦᠯ᠎ᠢ ᠪᠠᠳᠠᠷᠠᠭᠤᠯᠵᠤ᠂ ᠡᠯ᠎ᠡ ᠲᠠᠯ᠎ᠠ᠎ᠶᠢᠨ ᠬᠢᠨ᠎ᠢ ᠬᠥᠲᠥᠯᠥᠨ ᠵᠢᠯᠤᠭᠣᠳᠴᠤ ᠨᠡᠢᠭᠡᠮ᠎ᠦᠨ ᠵᠠᠰᠠᠯᠲᠠ᠎ᠳᠤ ᠡᠮᠬᠢ ᠵᠢᠷᠤᠮ᠎ᠲᠠᠢ᠎ᠪᠠᠷ ᠣᠷᠣᠯᠴᠠᠭᠤᠯᠤᠨ᠎ᠠ》 ᠭᠡᠵᠦ ᠳᠤᠷᠠᠳᠤᠨ ᠭᠠᠷᠭᠠᠪᠠ᠃ ᠨᠡᠢᠭᠡᠮ᠎ᠦᠨ ᠵᠠᠰᠠᠯᠲᠠ ᠪᠣᠯ ᠤᠯᠤᠰ᠎ᠤᠨ ᠵᠠᠰᠠᠯᠲᠠ᠎ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠲᠡᠭᠦᠨ᠎ᠦ ᠮᠥᠨ ᠴᠢᠨᠠᠷ ᠨᠢ ᠬᠥᠮᠥᠨ᠎ᠦ ᠵᠠᠰᠠᠯᠲᠠ ᠪᠣᠯᠣᠨ᠎ᠠ᠂ ᠵᠠᠩᠭᠢᠯᠠᠭ᠎ᠠ ᠨᠢ ᠤᠯᠠᠨ ᠲᠦᠮᠡᠨ᠎ᠳᠦ ᠲᠦᠰᠢᠭᠯᠡᠵᠦ᠂ ᠤᠯᠠᠨ ᠲᠦᠮᠡᠨ᠎ᠳᠦ ᠦᠢᠯᠡᠴᠢᠯᠡᠬᠦ᠎ᠳᠦ ᠪᠠᠢᠨ᠎ᠠ᠃  ᠶᠡᠷᠦᠩᠬᠡᠢ ᠱᠦᠵᠢ ᠰᠢ᠎ᠶᠢᠨ ᠫᠢᠩ᠄《ᠥᠩᠭᠡᠷᠡᠭᠰᠡᠨ᠂ ᠤᠳᠤ ᠪᠠ ᠢᠷᠡᠭᠡᠳᠦᠢ᠎ᠳᠦ ᠭᠡᠰᠡᠨ ᠦᠭᠡᠢ᠂ ᠪᠢᠳᠡ ᠠᠯᠢᠪᠠ ᠪᠦᠬᠦᠨ᠎ᠳᠦ ᠤᠯᠠᠨ ᠲᠦᠮᠡᠨ᠎ᠦ ᠲᠥᠯᠥᠭᠡ ᠪᠠᠢᠬᠤ᠂ ᠠᠯᠢᠪᠠ ᠪᠦᠬᠦᠨ᠎ᠳᠦ ᠤᠯᠠᠨ ᠲᠦᠮᠡᠨ᠎ᠢ ᠲᠦᠰᠢᠭᠯᠡᠬᠦ᠂ ᠤᠯᠠᠨ ᠲᠦᠮᠡᠨ᠎ᠦ ᠳᠤᠮᠳᠠ ᠡᠴᠡ ᠢᠷᠡᠵᠤ᠂ ᠤᠯᠠᠨ ᠲᠦᠮᠡᠨ᠎ᠦ ᠳᠤᠮᠳᠠ ᠪᠤᠴᠠᠬᠤ᠎ᠶᠢ ᠪᠠᠷᠢᠮᠲᠠᠯᠠᠵᠤ᠂ ᠨᠠᠮ᠎ᠤᠨ ᠵᠥᠪ ᠵᠣᠷᠢᠯᠲᠠ᠎ᠶᠢ ᠤᠯᠠᠨ ᠲᠦᠮᠡᠨ᠎ᠦ ᠤᠬᠠᠮᠰᠠᠷᠲᠤ ᠠᠵᠢᠯᠯᠠᠭ᠎ᠠ ᠪᠣᠯᠭᠠᠵᠤ᠂ ᠤᠯᠠᠨ ᠲᠦᠮᠡᠨᠴᠢ ᠱᠤᠭᠤᠮ᠎ᠢ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ ᠪᠦᠬᠦ ᠠᠵᠢᠯᠯᠠᠭ᠎ᠠ᠎ᠶᠢᠨ ᠳᠤᠮᠳᠠ ᠲᠤᠭᠤᠰᠢᠯᠠᠭᠤᠯᠬᠤ ᠬᠡᠷᠡᠭᠲᠡᠢ》 ᠭᠡᠵᠤ ᠵᠢᠭᠠᠵᠤ ᠭᠠᠷᠭᠠᠪᠠ᠃ ᠤᠯᠠᠨ ᠲᠦᠮᠡᠨᠴᠢ ᠱᠤᠭᠤᠮ ᠨᠢ ᠮᠠᠨ᠎ᠤ ᠨᠠᠮ᠎ᠤᠨ ᠠᠮᠢ ᠨᠠᠰᠤᠨ᠎ᠤ ᠱᠤᠭᠤᠮ ᠪᠠ ᠦᠨᠳᠦᠰᠦᠨ ᠠᠵᠢᠯ᠎ᠤᠨ ᠱᠤᠭᠤᠮ ᠪᠣᠯᠤᠭᠰᠠᠨ᠎ᠤ ᠬᠤᠪᠢ᠎ᠳᠤ ᠨᠠᠮ᠎ᠠᠴᠠ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠢᠯᠡᠰ᠎ᠦᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠦᠭᠰᠡᠨ ᠴᠢᠬᠤᠯᠠ ᠲᠤᠷᠰᠢᠯᠭ᠎ᠠ ᠪᠠᠢᠵᠤ᠂ ᠰᠢᠨ᠎ᠡ ᠴᠠᠭ ᠦᠶ᠎ᠡ᠎ᠶᠢᠨ ᠨᠡᠢᠭᠡᠮ᠎ᠦᠨ ᠵᠠᠰᠠᠯᠲᠠ᠎ᠳᠤ ᠴᠢᠭᠯᠡᠯ᠎ᠦᠨ ᠵᠢᠯᠣᠭᠣᠳᠤᠯᠭ᠎ᠠ ᠪᠠ ᠠᠷᠭ᠎ᠠ᠎ᠶᠢᠨ ᠵᠢᠷᠤᠮᠯᠠᠯ ᠬᠠᠩᠭᠠᠵᠠᠢ᠃

ᠨᠠᠮ᠎ᠤᠨ ᠪᠠᠢᠭᠤᠯᠤᠯᠲᠠ᠎ᠪᠠᠷ ᠬᠠᠮᠵᠢᠯᠴᠠᠨ ᠵᠠᠰᠠᠬᠤ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠬᠤ᠎ᠶᠢ ᠬᠥᠲᠥᠯᠥᠨ ᠳᠠᠭᠠᠭᠤᠯᠤᠨ᠎ᠠ᠃ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠬ ᠲᠠᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ᠋᠂ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠦᠨᠳᠦᠰᠦᠨ ᠪᠠᠲᠤᠯᠠᠭ᠎ᠠ ᠮᠥᠨ᠃ ᠭᠠᠭᠴᠠ ᠬᠦ᠌ ᠨᠠᠮ᠎ᠤᠨ ᠪᠠᠢᠭᠤᠯᠤᠯᠲᠠ᠎ᠶᠢᠨ ᠬᠥᠲᠥᠯᠥᠨ ᠳᠠᠭᠠᠭᠤᠯᠬᠤ ᠵᠥᠪ ᠴᠢᠭᠯᠡᠯ᠎ᠢ ᠪᠠᠲᠤ ᠡᠵᠡᠮᠰᠢᠪᠡᠯ ᠰᠠᠶᠢ ᠨᠠᠮ᠎ᠤᠨ ᠤᠯᠤᠰ ᠲᠦᠷᠦ᠎ᠶᠢᠨ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠎ᠢ ᠵᠠᠰᠠᠯᠲᠠ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠤᠯᠠᠨ ᠲᠦᠮᠡᠨᠴᠢ ᠱᠤᠭᠤᠮ᠎ᠢ ᠰᠢᠨ᠎ᠡ ᠴᠠᠭ ᠦᠶ᠎ᠡ᠎ᠶᠢᠨ ᠨᠡᠢᠭᠡᠮ᠎ᠦᠨ ᠵᠠᠰᠠᠯᠲᠠ᠎ᠶᠢᠨ ᠳᠤᠮᠳᠠ ᠭᠦᠨᠵᠡᠭᠡᠢᠷᠡᠭᠦᠯᠦᠨ ᠪᠣᠳᠠᠲᠠᠢᠵᠢᠭᠤᠯᠵᠤ ᠴᠢᠳᠠᠨ᠎ᠠ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠠᠬᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠳᠠᠪᠬᠢ᠎ᠶᠢ ᠰᠠᠢᠲᠤᠷ ᠪᠠᠳᠠᠷᠠᠭᠤᠯᠵᠤ᠂ ᠰᠠᠯᠠᠭ᠎ᠠ ᠮᠥᠴᠢᠷ᠎ᠦᠨ ᠪᠡᠬᠢᠯᠡᠯᠲᠡ ᠪᠣᠯᠣᠨ ᠮᠡᠳᠡᠭᠡ ᠵᠠᠩᠭᠢ᠎ᠶᠢᠨ ᠪᠡᠬᠢᠯᠡᠯᠲᠡ᠎ᠶᠢ ᠡᠪᠳᠡᠵᠦ᠂ ᠵᠠᠰᠠᠭ᠎ᠤᠨ ᠣᠷᠳᠣᠨ᠂ ᠨᠡᠢᠭᠡᠮ ᠲᠣᠭᠣᠷᠢᠭ᠋᠂ ᠠᠵᠤ ᠠᠬᠤᠢᠯᠠᠯ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ ᠡᠯ᠎ᠡ ᠲᠠᠯ᠎ᠠ᠎ᠶᠢᠨ ᠡᠬᠢ ᠪᠠᠶᠠᠯᠢᠭ᠋᠎ᠢ ᠨᠡᠢᠳᠬᠡᠵᠦ᠂ ᠳᠡᠭᠡᠷ᠎ᠡ ᠳᠣᠣᠷ᠎ᠠ ᠬᠠᠷᠢᠯᠴᠠᠨ ᠨᠡᠪᠲᠡᠷᠡᠭᠰᠡᠨ᠂ ᠵᠡᠭᠦᠨ ᠪᠠᠷᠠᠭᠤᠨ ᠬᠣᠯᠪᠤᠭᠠᠯᠠᠨ ᠬᠥᠳᠡᠯᠦᠯᠴᠡᠭᠰᠡᠨ ᠬᠠᠮᠵᠢᠯᠴᠠᠨ ᠵᠠᠰᠠᠬᠤ ᠰᠢᠰᠲᠧᠮ᠎ᠢ ᠪᠠᠢᠭᠤᠯᠵᠤ᠂ ᠵᠠᠰᠠᠯᠲᠠ ᠵᠢᠨ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ ᠤᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠲᠠᠢ ᠣᠨᠣᠪᠴᠢᠲᠠᠢ ᠵᠣᠯᠭᠠᠭᠤᠯᠬᠤ᠎ᠶᠢ ᠪᠠᠲᠤᠯᠠᠵᠤ᠂ ᠵᠠᠰᠠᠯᠲᠠ᠎ᠶᠢᠨ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠠᠢ᠍ᠢᠴᠢᠨ ᠪᠡᠬᠢᠯᠡᠯᠲᠡ᠎ᠶᠢᠨ ᠦᠢᠯᠡᠳᠦᠯ᠎ᠢ ᠴᠢᠩᠭᠠᠳᠬᠠᠵᠤ᠂ ᠵᠣᠬᠢᠶᠠᠨ ᠪᠠᠢᠭᠤᠯᠤᠯᠲᠠ᠎ᠶᠢᠨ ᠰᠢᠰᠲ᠋ᠸᠮ᠎ᠢ ᠦᠨᠳᠦᠰᠦᠨ ᠱᠠᠲᠤᠨ᠎ᠤ ᠵᠠᠰᠠᠯᠲᠠ ᠵᠦᠭ ᠤᠷᠲᠤᠳᠬᠠᠬᠤ᠎ᠶᠢ ᠠᠬᠢᠭᠤᠯᠵᠤ᠂ ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠰᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ ᠰᠢᠨ᠎ᠡ᠎ᠪᠡᠷ ᠮᠠᠨᠳᠤᠭᠰᠠᠨ ᠬᠦᠷᠢᠶ᠎ᠡ᠎ᠶᠢ ᠪᠦᠷᠬᠦᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠪᠠᠢᠭᠤᠯᠤᠨ ᠪᠦᠷᠢᠨᠰᠢᠭᠦᠯᠬᠦ᠂ ᠠᠷᠠᠳ᠎ᠲᠤ ᠲᠦᠭᠦᠮ ᠦᠵᠡᠭᠦᠯᠬᠦ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠪᠠᠶ᠋ᠢᠭᠤᠯᠬᠤ ᠵᠡᠷᠭᠡ᠎ᠪᠡᠷ ᠳᠠᠮᠵᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢ ᠤᠯᠠᠨ ᠲᠦᠮᠡᠨ᠎ᠲᠠᠢ ᠬᠠᠷᠢᠯᠴᠠᠬᠤ᠂ ᠤᠯᠠᠨ ᠲᠦᠮᠡᠨ᠎ᠳᠦ ᠦᠢᠯᠡᠴᠢᠯᠡᠬᠦ 《ᠲᠦᠰᠢᠭ ᠲᠤᠯᠭᠠᠭᠤᠷᠢ》 ᠪᠣᠯᠭᠠᠬᠤ ᠬᠡᠷᠡᠭᠲᠡᠢ᠃

ᠲᠣᠭᠲᠠᠴᠠ᠎ᠶᠢᠨ ᠰᠢᠨ᠎ᠡ᠎ᠶᠢ ᠡᠭᠦᠳᠬᠦ᠎ᠪᠡᠷ ᠳᠠᠮᠵᠢᠨ ᠤᠯᠠᠨ ᠲᠦᠮᠡᠨ᠎ᠦ ᠣᠷᠣᠯᠴᠠᠬᠤ ᠠᠮᠢᠵᠢᠷᠠᠯ᠎ᠤᠨ ᠬᠦᠴᠦᠨ᠎ᠢ ᠬᠦᠭᠵᠢᠭᠡᠨ᠎ᠡ᠃ ᠠᠷᠠᠳ ᠤᠯᠠᠨ ᠪᠣᠯ ᠨᠡᠢᠭᠡᠮ᠎ᠦᠨ ᠵᠠᠰᠠᠯᠲᠠ᠎ᠶᠢᠨ ᠭᠣᠣᠯ ᠴᠣᠭᠴᠠ᠎ᠶᠢᠨ ᠬᠦᠴᠦᠨ ᠮᠥᠨ᠂ ᠭᠠᠭᠴᠠ ᠬᠦ᠌ ᠰᠢᠨᠵᠢᠯᠡᠬᠦ ᠤᠬᠠᠭᠠᠨᠴᠢ ᠪᠥᠭᠡᠳ ᠬᠡᠷᠡᠭᠴᠡᠭᠡ ᠪᠦᠬᠦᠢ ᠳᠦᠷᠢᠮ᠎ᠦᠨ ᠲᠥᠯᠥᠪᠯᠡᠭᠡ᠎ᠪᠡᠷ ᠲᠠᠮᠵᠢᠪᠠᠯ ᠰᠠᠶᠢ ᠤᠯᠠᠨ ᠲᠦᠮᠡᠨ᠎ᠦ ᠨᠡᠢᠭᠡᠮ᠎ᠦᠨ ᠵᠠᠰᠠᠯᠲᠠ᠎ᠳᠤ ᠣᠷᠣᠯᠴᠠᠬᠤ ᠢᠳᠡᠪᠬᠢᠵᠢᠯ᠎ᠢ ᠪᠦᠲᠦᠮᠵᠢᠲᠡᠶ᠎ᠪᠡᠷ ᠲᠠᠢ᠍ᠢᠴᠢᠯᠠᠵᠤ᠂ ᠤᠯᠠᠨ ᠲᠦᠮᠡᠨ᠎ᠢ ᠬᠥᠲᠥᠯᠥᠨ ᠵᠢᠯᠤᠭᠣᠳᠴᠤ ᠵᠠᠰᠠᠯᠲᠠ᠎ᠶᠢᠨ ᠪᠦᠬᠦ ᠶᠠᠪᠤᠴᠠ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠭᠤᠯᠵᠤ ᠴᠢᠳᠠᠨ᠎ᠠ᠃ ᠨᠡᠢᠭᠡᠮ᠎ᠦᠨ ᠵᠠᠰᠠᠯᠲᠠ᠎ᠶᠢᠨ ᠲᠣᠭᠲᠠᠴᠠ᠎ᠶᠢᠨ ᠰᠢᠨ᠎ᠡ᠎ᠶᠢ ᠡᠭᠦᠳᠬᠦ᠎ᠶᠢ ᠠᠬᠢᠭᠤᠯᠬᠤ᠎ᠶᠢᠨ ᠵᠠᠩᠭᠢᠯᠠᠭ᠎ᠠ ᠨᠢ ᠤᠯᠠᠨ ᠲᠦᠮᠡᠨ᠎ᠦ ᠣᠷᠣᠯᠴᠠᠬᠤ ᠰᠠᠭᠠᠳ ᠬᠤᠷᠢᠭ᠎ᠠ᠎ᠶᠢ ᠡᠪᠳᠡᠵᠦ᠂ ᠠᠷᠠᠳ ᠤᠯᠠᠨ᠎ᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠨ ᠳᠥᠭᠥᠮ ᠳᠥᠲᠡ ᠥᠨᠳᠥᠷ ᠪᠦᠲᠦᠮᠵᠢᠲᠡᠢ ᠵᠠᠰᠠᠯᠲᠠ᠎ᠶᠢᠨ ᠲᠠᠪᠴᠠᠩ᠎ᠢ ᠪᠠᠶ᠋ᠢᠭᠤᠯᠬᠤ᠎ᠳᠤ ᠪᠤᠢ᠃ ᠨᠢᠭᠡ ᠲᠠᠯ᠎ᠠ᠎ᠪᠠᠷ ᠦᠨᠳᠦᠰᠦᠨ ᠱᠠᠲᠤᠨ᠎ᠤ ᠬᠡᠷᠡᠭ ᠵᠥᠪᠯᠡᠬᠦ ᠲᠣᠭᠲᠠᠴᠠ᠎ᠶᠢ ᠪᠦᠷᠢᠨᠰᠢᠭᠦᠯᠵᠦ᠂ ᠬᠡᠷᠡᠭ ᠵᠥᠪᠯᠡᠬᠦ ᠶᠠᠪᠤᠴᠠ᠎ᠶᠢ ᠨᠠᠷᠢᠯᠢᠭ᠍ᠵᠢᠭᠤᠯᠵᠤ᠂ ᠵᠥᠪᠯᠡᠬᠦ ᠬᠡᠪᠴᠢᠶ᠎ᠡ᠎ᠶᠢ ᠲᠣᠳᠣᠷᠬᠠᠢᠯᠠᠵᠤ᠂ ᠤᠯᠠᠨ ᠲᠦᠮᠡᠨ᠎ᠦ ᠨᠡᠢᠭᠡᠮ ᠲᠣᠭᠣᠷᠢᠭ᠋᠎ᠤᠨ ᠤᠯᠠᠨ ᠨᠡᠶ᠋ᠢᠲᠡ᠎ᠶᠢᠨ ᠬᠡᠷᠡᠭ ᠶᠠᠪᠤᠳᠠᠯ᠂ ᠬᠥᠳᠡᠭᠡ ᠲᠣᠰᠬᠣᠨ᠎ᠤ ᠬᠥᠭᠵᠢᠯᠲᠡ᠎ᠶᠢᠨ ᠲᠥᠯᠦᠪᠵᠢᠭᠦᠯᠭᠡ ᠵᠡᠷᠭᠡ ᠭᠣᠣᠯᠳᠠᠯᠭ᠎ᠠ᠎ᠲᠠᠢ ᠬᠡᠷᠡᠭ ᠶᠠᠪᠤᠳᠠᠯ᠎ᠤᠨ ᠲᠣᠭᠣᠷᠢᠨ᠎ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠎ᠶᠢ ᠪᠠᠲᠤᠯᠠᠵᠤ᠂ ᠬᠠᠮᠲᠤᠪᠠᠷ ᠪᠠᠶ᠋ᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ᠎ᠶᠢ ᠪᠡᠶᠡᠯᠡᠭᠦᠯᠬᠦ ᠬᠡᠷᠡᠭᠲᠡᠢ;ᠨᠦᠭᠦᠭᠡ ᠲᠠᠯ᠎ᠠ᠎ᠪᠠᠷ ᠤᠯᠠᠨ ᠲᠦᠮᠡᠨ᠎ᠦ ᠣᠷᠣᠯᠴᠠᠬᠤ᠎ᠶᠢ ᠤᠷᠮᠠᠰᠢᠭᠤᠯᠤᠨ ᠵᠣᠷᠢᠭ᠍ᠵᠢᠭᠤᠯᠬᠤ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠵᠦ᠂ ᠬᠤᠪᠢ ᠬᠤᠷᠠᠮᠳᠤᠭᠤᠯᠤᠨ ᠬᠠᠮᠢᠶᠠᠷᠬᠤ᠂ ᠰᠢᠯᠢᠳᠡᠭ᠎ᠢ ᠰᠢᠯᠭᠠᠷᠠᠭᠤᠯᠵᠤ ᠬᠥᠬᠢᠭᠦᠯᠦᠨ ᠰᠠᠢᠰᠢᠶᠠᠬᠤ᠂ ᠲᠦᠷᠦ᠎ᠶᠢᠨ ᠪᠣᠳᠣᠯᠭ᠎ᠠ᠎ᠪᠠᠷ ᠵᠣᠷᠢᠭ᠍ᠵᠢᠭᠤᠯᠬᠤ ᠵᠡᠷᠭᠡ ᠤᠯᠠᠨ ᠡᠰᠢᠲᠦ ᠬᠡᠯᠪᠡᠷᠢ᠎ᠪᠡᠷ ᠂ ᠤᠯᠠᠨ ᠲᠦᠮᠡᠨ᠎ᠢ ᠬᠥᠲᠥᠯᠥᠨ ᠵᠢᠯᠤᠭᠣᠳᠴᠤ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠯᠭᠠᠵᠤ᠂ ᠲᠡᠳᠡᠨ᠎ᠦ ᠣᠷᠣᠯᠴᠠᠬᠤ᠎ᠶᠢ ᠮᠡᠳᠡᠷᠡᠬᠦ ᠰᠡᠳᠬᠢᠯᠭᠡ ᠪᠠ ᠪᠣᠳᠠᠲᠠᠢ ᠬᠦᠷᠲᠡᠮᠵᠢ᠎ᠶᠢᠨ ᠰᠡᠳᠬᠢᠯᠭᠡ᠎ᠶᠢ ᠳᠡᠭᠡᠭᠰᠢᠯᠡᠭᠦᠯᠵᠦ᠂ ᠨᠡᠢᠭᠡᠮ᠎ᠦᠨ ᠵᠠᠰᠠᠯᠲᠠ᠎ᠶᠢᠨ ᠳᠤᠮᠳᠠ ᠡᠵᠡᠨ ᠬᠥᠮᠥᠨ᠎ᠦ ᠦᠢᠯᠡᠳᠦᠯ᠎ᠢ ᠨᠢ ᠦᠨᠡᠨ ᠬᠦ᠌ ᠪᠠᠳᠠᠷᠠᠭᠤᠯᠬᠤ ᠬᠡᠷᠡᠭᠲᠡᠢ᠃

ᠠᠷᠠᠳ ᠲᠦᠮᠡᠨ ᠰᠡᠳᠬᠢᠯ ᠬᠠᠨᠤᠮᠵᠢᠲᠠᠢ ᠪᠠᠢᠬᠤ᠎ᠪᠠᠷ ᠤᠳᠤᠷᠢᠳᠤᠮᠵᠢ ᠪᠣᠯᠭᠠᠵᠤ ᠵᠠᠰᠠᠯᠲᠠ᠎ᠶᠢᠨ ᠦᠷ᠎ᠡ ᠪᠦᠲᠦᠮᠵᠢ᠎ᠶᠢ ᠢᠯᠡᠷᠡᠭᠦᠯᠦᠨ᠎ᠡ᠃ ᠠᠷᠠᠳ ᠲᠦᠮᠡᠨ ᠰᠡᠳᠬᠢᠯ ᠬᠠᠨᠤᠮᠵᠢᠲᠠᠢ ᠪᠠᠢᠬᠤ ᠪᠣᠯ ᠨᠡᠢᠭᠡᠮ᠎ᠦᠨ ᠵᠠᠰᠠᠯᠲᠠ᠎ᠶᠢᠨ ᠠᠵᠢᠯ᠎ᠢ ᠰᠢᠯᠭᠠᠬᠤ ᠬᠠᠮᠤᠭ᠎ᠤᠨ ᠳᠡᠭᠡᠳᠦ ᠪᠠᠷᠢᠮᠵᠢᠶ᠎ᠠ ᠮᠥᠨ᠂ ᠪᠠᠰᠠ ᠴᠤ᠌ ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠵᠤ᠂ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠬᠤ᠎ᠶᠢᠨ ᠪᠠᠢᠪᠠᠰᠤ ᠵᠣᠬᠢᠬᠤ ᠠᠭᠤᠯᠭ᠎ᠠ ᠮᠥᠨ᠃ ᠠᠷᠠᠳ ᠲᠦᠮᠡᠨ ᠰᠡᠳᠬᠢᠯ ᠬᠠᠨᠤᠮᠵᠢᠲᠠᠢ ᠪᠠᠢᠬᠤ᠎ᠪᠠᠷ ᠤᠳᠤᠷᠢᠳᠤᠮᠵᠢ ᠪᠣᠯᠭᠠᠬᠤ᠎ᠳᠤ ᠢᠮᠠᠭᠲᠠ ᠤᠯᠠᠨ ᠲᠦᠮᠡᠨ᠎ᠦ ᠪᠣᠳᠠᠲᠤ ᠬᠡᠷᠡᠭᠴᠡᠭᠡ᠎ᠡᠴᠡ ᠡᠭᠦᠰᠬᠦ᠎ᠶᠢ ᠪᠠᠷᠢᠮᠲᠠᠯᠠᠵᠤ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠠᠷᠠᠳ᠎ᠤᠨ ᠰᠠᠨᠠᠯ᠎ᠢ ᠰᠣᠨᠣᠰᠴᠤ᠂ ᠠᠷᠠᠳ᠎ᠤᠨ ᠰᠠᠨᠠᠭ᠎ᠠ᠎ᠶᠢ ᠣᠢᠯᠠᠭᠠᠵᠤ᠂ ᠳᠤᠷ᠎ᠠ ᠪᠡᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠠᠴᠠ ᠵᠠᠢᠯᠠᠰᠬᠢᠵᠦ᠂ ᠦᠨᠭᠭᠡᠨ ᠲᠠᠯ᠎ᠠ᠎ᠶᠢ ᠬᠥᠭᠡᠭᠡᠴᠡᠯᠳᠦᠭᠰᠡᠨ᠂ ᠠᠷᠠᠳ᠎ᠢ ᠵᠦᠳᠡᠭᠡᠵᠦ ᠡᠳ᠋᠎ᠢ ᠰᠦᠢᠳᠬᠡᠭᠰᠡᠨ ᠳᠦᠷᠢ ᠲᠥᠷᠬᠦ᠎ᠶᠢᠨ ᠢᠨᠵᠧᠨᠧᠷᠢᠩ᠂ ᠵᠠᠰᠠᠭ᠎ᠤᠨ ᠠᠵᠢᠯ᠎ᠤᠨ ᠪᠦᠲᠦᠮᠵᠢ ᠵᠢᠨ ᠢᠨᠵᠧᠨᠧᠷᠢᠩ᠎ᠢ ᠬᠢᠬᠦ ᠦᠭᠡᠢ ᠪᠠᠢᠵᠤ᠂ ᠠᠵᠢᠯ᠎ᠤᠨ ᠭᠣᠣᠯᠳᠠᠯᠭ᠎ᠠ᠎ᠪᠠᠨ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠣᠪᠠᠨᠢᠵᠦ ᠬᠦᠰᠡᠵᠦ ᠪᠠᠢᠬᠤ ᠠᠰᠠᠭᠤᠳᠠᠯ᠎ᠢ ᠰᠢᠢᠳᠪᠦᠷᠢᠯᠡᠬᠦ ᠳᠡᠭᠡᠷ᠎ᠡ ᠲᠠᠯᠪᠢᠬᠤ ᠬᠡᠷᠡᠭᠲᠡᠢ᠃ ᠠᠷᠠᠳ᠎ᠤᠨ ᠪᠠᠢᠳᠠᠯ᠎ᠢ ᠬᠠᠷᠢᠭᠤ ᠲᠤᠰᠬᠠᠬᠤ ᠪᠠᠢᠩᠭᠤ᠎ᠶᠢᠨ ᠲᠣᠭᠲᠠᠴᠠ᠎ᠶᠢ ᠪᠠᠢᠭᠤᠯᠵᠤ᠂ ᠡᠷᠤᠭᠡ᠎ᠳᠦ ᠬᠦᠷᠴᠦ ᠰᠤᠷᠪᠤᠯᠵᠢᠯᠠᠬᠤ᠂ ᠰᠦᠯᠵᠢᠶᠡᠨ ᠳᠡᠭᠡᠷᠡᠬᠢ ᠠᠰᠠᠭᠤᠯᠲᠠ᠎ᠶᠢᠨ ᠬᠠᠭᠤᠳᠠᠰᠤ᠎ᠪᠠᠷ ᠪᠠᠢᠴᠠᠭᠠᠨ ᠰᠤᠳᠤᠯᠬᠤ᠂ ᠲᠤᠬᠠᠢ᠎ᠶᠢᠨ ᠲᠠᠯᠠᠪᠤᠷ᠎ᠲᠤ ᠶᠠᠷᠢᠯᠴᠠᠬᠤ ᠵᠡᠷᠭᠡ ᠤᠯᠠᠨ ᠡᠰᠢᠲᠦ ᠠᠷᠭ᠎ᠠ ᠵᠠᠮ᠎ᠢᠶᠠᠷ᠂ ᠤᠯᠠᠨ ᠲᠦᠮᠡᠨ᠎ᠦ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠣᠷᠣᠨ ᠰᠠᠭᠤᠴᠠ ᠵᠡᠷᠭᠡ ᠬᠦᠷᠢᠶᠡᠨ᠎ᠳᠡᠬᠢ ᠬᠦᠰᠡᠯ ᠱᠠᠭᠠᠷᠳᠠᠯᠭ᠎ᠠ᠎ᠶᠢ ᠴᠠᠭ ᠲᠤᠬᠠᠢ ᠳ᠋ᠤᠨᠢ ᠣᠢᠯᠠᠭᠠᠵᠤ᠂ ᠡᠭᠦᠨ᠎ᠦ ᠤᠯᠠᠮ᠎ᠠᠴᠠ ᠨᠡᠩ ᠬᠠᠨᠳᠤᠯᠭᠠᠲᠤ ᠴᠢᠨᠠᠷᠲᠠᠢ᠎ᠪᠠᠷ ᠵᠠᠰᠠᠬᠤ ᠠᠷᠭ᠎ᠠ ᠬᠡᠮᠵᠢᠶ᠎ᠡ᠎ᠶᠢ ᠨᠡᠢᠲᠡᠯᠡᠬᠦ ᠬᠡᠷᠡᠭᠲᠡᠢ᠃ ᠨᠡᠢᠭᠡᠮ᠎ᠦᠨ ᠵᠠᠰᠠᠯᠲᠠ᠎ᠶᠢᠨ ᠦᠷ᠎ᠡ ᠪᠦᠲᠦᠮᠵᠢ᠎ᠶᠢ ᠦᠨᠡᠯᠡᠬᠦ ᠰᠢᠰᠲᠧᠮ᠎ᠢ ᠪᠦᠷᠢᠨᠰᠢᠭᠦᠯᠵᠦ᠂ ᠤᠯᠠᠨ ᠲᠦᠮᠡᠨ᠎ᠦ ᠦᠨᠡᠯᠡᠯᠲᠡ ᠪᠠ ᠬᠢᠨᠠᠯᠲᠠ᠎ᠶᠢ ᠵᠠᠰᠠᠯᠲᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠤᠯᠠᠨ ᠲᠦᠮᠡᠨ᠎ᠢ ᠦᠨᠡᠨ ᠬᠦ᠌ ᠦᠭᠡ ᠬᠡᠯᠡᠬᠦ ᠡᠷᠬᠡ ᠪᠠ ᠦᠨᠡᠯᠡᠬᠦ ᠡᠷᠬᠡ᠎ᠲᠠᠢ ᠪᠣᠯᠭᠠᠬᠤ ᠬᠡᠷᠡᠭᠲᠡᠢ᠃ ᠭᠠᠭᠴᠠ ᠬᠦ᠌ ᠠᠷᠠᠳ ᠲᠦᠮᠡᠨ᠎ᠦ ᠰᠡᠳᠬᠢᠯ ᠬᠠᠨᠤᠮᠵᠢᠲᠠᠢ ᠪᠠᠢᠬᠤ᠎ᠪᠠᠷ ᠦᠨᠡᠯᠡᠯᠲᠡ᠎ᠶᠢᠨ ᠤᠳᠤᠷᠢᠳᠤᠮᠵᠢ ᠪᠣᠯᠭᠠᠵᠤ᠂ ᠦᠨᠡᠨ ᠬᠦ᠌ ᠤᠯᠠᠨ ᠲᠦᠮᠡᠨ᠎ᠦ ᠲᠥᠷᠥᠭᠳᠡᠯ᠎ᠢᠶᠡᠷ ᠬᠡᠮᠵᠢᠬᠦ ᠪᠠᠷᠢᠮᠵᠢᠶ᠎ᠠ ᠪᠣᠯᠭᠠᠪᠠᠯ ᠲᠦᠷᠦ᠎ᠶᠢᠨ ᠪᠣᠳᠣᠯᠭ᠎ᠠ ᠪᠣᠯᠣᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ ᠰᠠᠶᠢ ᠤᠯᠠᠨ ᠲᠦᠮᠡᠨ᠎ᠦ ᠬᠦᠰᠡᠯ ᠡᠷᠡᠮᠡᠯᠵᠡᠯ᠎ᠳᠦ ᠨᠡᠢᠴᠡᠵᠦ᠂ ᠤᠯᠠᠨ ᠲᠦᠮᠡᠨ᠎ᠦ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭᠴᠦ᠂ ᠵᠠᠰᠠᠯᠲᠠ᠎ᠶᠢᠨ ᠦᠨᠡᠨ ᠪᠣᠳᠠᠲᠠᠢ ᠦᠷ᠎ᠡ ᠪᠦᠲᠦᠭᠡᠯ᠎ᠢᠶᠡᠷ ᠤᠯᠠᠨ ᠲᠦᠮᠡᠨ᠎ᠦ ᠵᠥᠪᠰᠢᠶᠡᠷᠡᠯ ᠨᠤᠳᠠᠯᠠᠯᠳᠠ᠎ᠵᠢ ᠣᠯᠵᠤ ᠴᠢᠳᠠᠨ᠎ᠠ᠃

ᠮᠡᠷᠭᠡᠵᠢᠯ᠎ᠢᠶᠡᠷ ᠬᠦᠳᠡᠯᠭᠡᠬᠦ ᠬᠦᠴᠦᠨ ᠨᠡᠮᠡᠷᠢᠯᠡᠵᠤ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠳᠦ ᠬᠦᠴᠦᠨ ᠨᠡᠮᠡᠷᠢᠯᠡᠨ᠎ᠡ᠃ ᠣᠳᠣᠬᠠᠨ᠎ᠤ ᠵᠣᠬᠢᠶᠠᠮᠠᠯ ᠤᠶᠤᠨ ᠴᠢᠳᠠᠪᠤᠷᠢ᠂ ᠲᠣᠮᠣ᠌ ᠳ᠋ᠠᠢᠲ᠋ᠠ ᠵᠡᠷᠭᠡ ᠰᠢᠨ᠎ᠡ ᠮᠡᠷᠭᠡᠵᠢᠯ᠎ᠦᠨ ᠲᠦᠷᠭᠡᠨ ᠬᠥᠭᠵᠢᠯᠲᠡ ᠨᠢ ᠰᠢᠨ᠎ᠡ ᠴᠠᠭ ᠦᠶ᠎ᠡ᠎ᠳᠦ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠬᠤ᠎ᠳᠤ ᠰᠢᠨ᠎ᠡ ᠠᠴᠢᠶᠠᠯᠠᠪᠤᠷᠢ ᠬᠠᠩᠭᠠᠵᠠᠢ᠃ ᠪᠤᠳᠠᠲᠤ ᠴᠤᠬᠴᠠ᠎ᠠᠴᠠ ᠰᠦᠯᠵᠢᠶᠡᠨ ᠳᠡᠭᠡᠷ᠎ᠡ ᠬᠦᠷᠲᠡᠯ᠎ᠡ ᠥᠷᠭᠡᠳᠬᠡᠵᠦ᠂ ᠲᠣᠭᠠᠴᠢᠯᠠᠭᠰᠠᠨ ᠮᠡᠷᠭᠡᠵᠢᠯ᠎ᠢ ᠵᠣᠬᠢᠰᠲᠠᠢ ᠬᠡᠷᠡᠭᠯᠡᠪᠡᠯ ᠴᠠᠭ ᠬᠤᠭᠤᠴᠠᠭ᠎ᠠ ᠪᠠ ᠣᠷᠣᠨ ᠵᠠᠢ᠎ᠶᠢᠨ ᠨᠥᠬᠥᠴᠡᠯ᠎ᠦᠨ ᠬᠢᠵᠠᠭᠠᠷᠯᠠᠯ᠎ᠢ ᠡᠪᠳᠡᠵᠦ᠂ ᠵᠠᠰᠠᠯᠲᠠ᠎ᠶᠢᠨ ᠶᠠᠪᠤᠴᠠ᠎ᠶᠢ ᠴᠢᠨᠠᠭᠰᠢᠳᠠ ᠰᠢᠯᠢᠳᠡᠭᠵᠢᠭᠦᠯᠵᠦ᠂ ᠠᠷᠠᠳ ᠲᠦᠮᠡᠨ᠎ᠳᠦ ᠨᠡᠩ ᠣᠨᠣᠪᠴᠢᠲᠠᠢ ᠪᠥᠭᠡᠳ ᠥᠨᠳᠥᠷ ᠪᠦᠲᠦᠮᠵᠢᠲᠡᠢ ᠦᠢᠯᠡᠴᠢᠯᠡᠬᠦ᠎ᠶᠢ ᠠᠬᠢᠭᠤᠯᠵᠤ᠂ ᠨᠡᠢᠭᠡᠮ᠎ᠦᠨ ᠵᠠᠰᠠᠯᠲᠠ᠎ᠶᠢᠨ ᠣᠳᠣᠬᠢᠴᠢᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ᠎ᠳᠦ ᠠᠰᠢᠭ᠍ᠲᠠᠢ ᠶᠤᠮ᠃ ᠲᠣᠭᠠᠴᠢᠯᠠᠭᠰᠠᠨ ᠵᠠᠰᠠᠯᠲᠠ᠎ᠶᠢᠨ ᠲᠠᠪᠴᠠᠩ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠲᠣᠮᠣ᠌ ᠳ᠋ᠠᠢᠲ᠋ᠠ᠂ ᠡᠭᠦᠯᠡᠨ ᠪᠣᠳᠣᠯᠲᠠ᠂ ᠡᠳ᠋ ᠪᠠᠷᠠᠭᠠᠨ᠎ᠤ ᠮᠡᠳᠡᠭᠡ ᠵᠠᠩᠭᠢ᠎ᠶᠢᠨ ᠰᠦᠯᠵᠢᠶ᠎ᠡ ᠵᠡᠷᠭᠡ ᠮᠡᠷᠭᠡᠵᠢᠯ᠎ᠢ ᠭᠦᠢᠴᠡᠳ ᠬᠡᠷᠡᠭᠯᠡᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠵᠠᠭᠤᠷᠠᠯᠳᠤᠭᠠᠨ᠎ᠢ ᠡᠶᠡᠳᠡᠭᠦᠯᠦᠨ ᠰᠢᠢᠳᠪᠦᠷᠢᠯᠡᠬᠦ ᠵᠡᠷᠭᠡ ᠡᠯ᠎ᠡ ᠲᠥᠷᠥᠯ᠎ᠦᠨ ᠵᠠᠰᠠᠯᠲᠠ᠎ᠶᠢᠨ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠵᠦ᠂《ᠨᠢᠭᠡ ᠰᠦᠯᠵᠢᠶ᠎ᠡ᠎ᠪᠡᠷ ᠨᠢᠭᠡᠳᠦᠯᠲᠡᠢ ᠬᠠᠮᠢᠶᠠᠷᠬᠤ》ᠦᠨᠳᠦᠰᠦᠨ ᠱᠠᠲᠤᠨ᠎ᠤ ᠵᠠᠰᠠᠯᠲᠠ᠎ᠶᠢᠨ ᠰᠢᠰᠲᠧᠮ᠎ᠢ ᠪᠠᠢᠭᠤᠯᠤᠨ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ《ᠰᠦᠯᠵᠢᠶ᠎ᠡ᠎ᠪᠡᠷ ᠭᠥᠯᠢᠶᠡᠨ ᠠᠪᠴᠤ ᠰᠢᠢᠳᠪᠦᠷᠢᠯᠡᠬᠦ᠂  ᠥᠷᠲᠡᠭᠡ᠎ᠪᠡᠷ ᠰᠢᠢᠳᠪᠦᠷᠢᠯᠡᠵᠦ ᠳᠠᠭᠤᠰᠬᠠᠬᠤ》ᠵᠢ ᠪᠡᠶᠡᠯᠡᠭᠦᠯᠬᠦ ᠬᠡᠷᠡᠭᠳᠡᠢ᠃ ᠣᠶᠤᠨᠲᠤ ᠨᠡᠢᠭᠡᠮ ᠲᠣᠭᠣᠷᠢᠭ᠋᠎ᠤᠨ ᠲᠠᠪᠴᠠᠩ᠎ᠢ ᠠᠰᠢᠬᠯᠠᠪᠠᠯ᠂ ᠣᠯᠠᠨ ᠲᠦᠮᠡᠨ ᠴᠠᠭ ᠲᠤᠬᠠᠢ ᠳ᠋ᠤᠨᠢ ᠠᠰᠠᠭᠤᠳᠠᠯ᠎ᠢ ᠲᠤᠰᠬᠠᠵᠤ᠂ ᠬᠠᠮᠢᠶ᠎ᠠ ᠪᠦᠬᠦᠢ ᠠᠵᠢᠯᠲᠠᠨ ᠴᠠᠭ ᠲᠤᠬᠠᠢ ᠳ᠋ᠤᠨᠢ ᠳᠠᠭᠠᠵᠤ ᠰᠢᠢᠳᠪᠦᠷᠢᠯᠡᠨ᠂ ᠬᠡᠷᠡᠭ ᠶᠠᠪᠤᠳᠠᠯ᠎ᠢ ᠭᠦᠢᠴᠡᠳᠬᠡᠬᠦ ᠴᠠᠭ᠎ᠢ ᠶᠡᠬᠡᠪᠡᠷ ᠪᠠᠭᠠᠰᠬᠠᠬᠤ ᠪᠣᠯᠣᠨ᠎ᠠ᠃ ᠡᠭᠦᠨ᠎ᠦ ᠬᠠᠮᠲᠤ᠂ ᠲᠣᠮᠣ᠌ ᠳ᠋ᠠᠢᠲ᠋ᠠ᠎ᠶᠢ ᠬᠡᠷᠡᠭᠯᠡᠨ ᠠᠷᠠᠳ᠎ᠤᠨ ᠪᠠᠢᠳᠠᠯ᠎ᠤᠨ ᠳ᠋ᠠᠢᠲ᠋ᠠ᠎ᠶᠢ ᠰᠤᠳᠤᠯᠤᠨ ᠮᠠᠭᠠᠳᠯᠠᠬᠤ ᠠᠵᠢᠯ᠎ᠢ ᠥᠷᠨᠢᠭᠦᠯᠵᠦ᠂ ᠣᠯᠠᠨ ᠲᠦᠮᠡᠨ᠎ᠦ ᠲᠥᠪᠯᠡᠷᠡᠩᠭᠦᠢ ᠠᠩᠬᠠᠷᠴᠤ ᠪᠠᠢᠭ᠎ᠠ ᠠᠷᠠᠳ᠎ᠤᠨ ᠠᠮᠢᠳᠤᠷᠠᠯ᠎ᠤᠨ ᠵᠦᠢᠯᠡᠰ᠎ᠢ ᠨᠠᠷᠢᠯᠢᠭ᠋ ᠣᠨᠣᠴᠠᠲᠠᠢ᠎ᠪᠠᠷ ᠡᠮᠬᠢᠯᠡᠨ ᠳᠢᠭᠯᠡᠵᠦ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ᠎ᠶᠢ ᠲᠥᠬᠥᠷᠵᠢᠭᠦᠯᠬᠦ᠎ᠶᠢ ᠤᠷᠢᠳᠴᠢᠯᠠᠨ ᠰᠦᠪᠡᠭᠴᠢᠯᠡᠵᠦ᠂ ᠦᠨᠳᠦᠰᠦᠨ ᠱᠠᠲᠤᠨ᠎ᠤ ᠵᠠᠰᠠᠯᠲᠠ᠎ᠶᠢ ᠥᠩᠭᠡᠷᠡᠭᠰᠡᠨ᠎ᠦ ᠰᠠᠨᠠᠭᠠᠴᠢᠯᠠᠭ᠎ᠠ ᠦᠭᠡᠢ᠎ᠪᠡᠷ ᠳᠠᠭᠠᠵᠤ ᠰᠢᠢᠳᠪᠦᠷᠢᠯᠡᠵᠦ ᠪᠠᠢᠭᠰᠠᠨ᠎ᠠᠴᠠ ᠰᠠᠨᠠᠭᠠᠴᠢᠯᠠᠭ᠎ᠠ ᠠ᠋ᠴᠠ᠎ᠪᠠᠨ ᠤᠷᠢᠳᠴᠢᠯᠠᠨ ᠦᠢᠯᠡᠴᠢᠯᠡᠬᠦ ᠪᠣᠯᠭᠠᠨ ᠬᠤᠪᠢᠷᠠᠭᠤᠯᠬᠤ᠎ᠶᠢ ᠲᠦᠯᠬᠢᠨ ᠠᠬᠢᠭᠤᠯᠬᠤ ᠬᠡᠷᠡᠭᠳᠡᠢ᠃

ᠶᠠᠷᠢᠶᠠᠨ ᠦᠭᠡᠢ ᠰᠢᠨ᠎ᠡ ᠮᠡᠷᠭᠡᠵᠢᠯ᠎ᠢᠶᠡᠷ ᠬᠦᠳᠡᠯᠭᠡᠬᠦ ᠬᠦᠴᠦᠨ ᠨᠡᠮᠡᠷᠢᠯᠡᠬᠦ ᠨᠡᠢᠭᠡᠮ᠎ᠦᠨ ᠵᠠᠰᠠᠯᠲᠠ᠎ᠶᠢ ᠲᠦᠯᠬᠢᠨ ᠠᠬᠢᠭᠤᠯᠬᠤ᠎ᠳᠤ ᠪᠠᠰᠠ ᠠᠳᠠᠯᠢ ᠪᠤᠰᠤ ᠪᠦᠯᠬᠦᠮ ᠨᠡᠢᠳᠡ ᠵᠢᠨ ᠲᠤᠭᠠᠴᠢᠯᠠᠯᠳᠠ᠎ᠳᠦ  ᠵᠣᠬᠢᠴᠠᠬᠤ ᠴᠢᠳᠠᠪᠤᠷᠢ᠎ᠶᠢ ᠬᠠᠮᠲᠤ ᠳ᠋ᠤᠨᠢ ᠬᠠᠷᠠᠭᠠᠯᠵᠠᠵᠤ᠂ ᠨᠠᠰᠤᠲᠠᠢᠴᠤᠳ᠂ ᠵᠡᠮᠳᠡᠭᠴᠦᠳ ᠵᠡᠷᠭᠡ ᠣᠨᠴᠠᠭᠠᠶ ᠪᠦᠯᠬᠦᠮ ᠨᠡᠢᠳᠡ ᠵᠢᠨ ᠣᠨᠴᠠᠭᠠᠶ ᠬᠡᠷᠡᠭᠴᠡᠭᠡ᠎ᠶᠢ ᠪᠣᠳᠣᠯᠬᠢᠯᠠᠨ᠂ ᠪᠤᠳᠠᠲᠤ ᠴᠤᠬᠴᠠ ᠵᠢᠨ ᠦᠢᠯᠡᠴᠢᠯᠡᠭᠡᠨ᠎ᠦ ᠵᠠᠮ᠎ᠢ ᠬᠡᠪ᠎ᠢᠶᠡᠷ ᠪᠠᠢᠯᠭᠠᠵᠤ᠂《ᠲᠤᠭᠠᠴᠢᠯᠠᠯᠳᠠ ᠡᠴᠡ ᠤᠷᠬᠢᠬᠳᠠᠬᠰᠠᠳ》 ᠵᠢᠴᠢ ᠡᠭᠦᠨ᠎ᠡᠴᠡ ᠪᠣᠯᠤᠭᠰᠠᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠰᠤᠯᠳᠠᠯ᠎ᠢ ᠪᠣᠶ ᠪᠣᠯᠭᠠᠬᠤ ᠠ᠋ᠴᠠ ᠵᠠᠢᠯᠠᠰᠬᠢᠬᠦ ᠬᠡᠷᠡᠭᠲᠡᠢ᠃ ᠨᠡᠢᠭᠡᠮ᠎ᠦᠨ ᠵᠠᠰᠠᠯᠲᠠ᠎ᠳᠠᠬᠢ ᠲᠣᠭᠠᠴᠢᠯᠠᠭᠰᠠᠨ ᠮᠡᠷᠭᠡᠵᠢᠯ᠎ᠦᠨ ᠬᠡᠷᠡᠭᠯᠡᠭᠡ ᠨᠢ ᠰᠢᠨ᠎ᠡ ᠮᠡᠷᠭᠡᠵᠢᠯ᠎ᠦᠨ ᠪᠠᠭᠠᠵᠢ᠎ᠶᠢᠨ ᠴᠢᠨᠠᠷᠲᠠᠢ ᠳᠠᠪᠠᠭᠤᠯᠢᠭ᠋᠎ᠢ ᠪᠠᠳᠠᠷᠠᠭᠤᠯᠵᠤ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠴᠠᠭ ᠲᠤᠬᠠᠢ ᠳ᠋ᠤᠨᠢ ᠴᠤᠤᠷᠢᠶᠠᠲᠤᠨ ᠲᠠᠭᠠᠵᠦ᠂ ᠎ᠳ᠋ᠠᠢᠲ᠋ᠠ ᠵᠢ 《ᠭᠦᠶᠦᠯᠭᠡᠬᠦ》ᠪᠠᠷ ᠤᠯᠠᠨ ᠲᠦᠮᠡᠨ᠎ᠢ 《ᠭᠦᠶᠦᠯᠭᠡᠬᠦ》 ᠵᠢ ᠣᠷᠣᠯᠠᠭᠤᠯᠵᠤ᠂ ᠡᠭᠦᠨ᠎ᠦ ᠤᠯᠠᠮ᠎ᠠᠴᠠ ᠨᠡᠢᠭᠡᠮ᠎ᠦᠨ ᠵᠠᠰᠠᠯᠲᠠ᠎ᠶᠢᠨ ᠦᠷ᠎ᠡ ᠪᠦᠲᠦᠮᠵᠢ᠎ᠶᠢ ᠪᠦᠲᠦᠮᠵᠢᠲᠡᠢ ᠳᠡᠭᠡᠭᠰᠢᠯᠡᠭᠦᠯᠬᠦ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠭᠰᠠᠨ᠎ᠤ ᠰᠢᠨ᠎ᠡ ᠡᠭᠦᠳᠦᠯᠲᠡ᠎ᠶᠢᠨ ᠢᠯᠡᠷᠡᠯ ᠪᠣᠯᠣᠨ᠎ᠠ᠃

ᠰᠣᠶᠣᠯ᠎ᠤᠨ ᠬᠥᠮᠦᠵᠢᠯ᠎ᠢᠶᠡᠷ ᠵᠠᠰᠠᠯᠲᠠ᠎ᠶᠢᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠬᠤ᠎ᠶᠢ ᠲᠦᠯᠬᠢᠨ ᠠᠬᠢᠭᠤᠯᠬᠤ ᠬᠡᠷᠡᠭᠳᠡᠢ᠃ ᠰᠣᠶᠣᠯ ᠪᠣᠯ ᠬᠥᠮᠥᠰ᠎ᠦᠨ ᠰᠡᠳᠬᠢᠯ᠎ᠢ ᠨᠢᠭ᠍ᠲᠠᠷᠠᠭᠤᠯᠬᠤ᠂ ᠬᠦᠴᠦᠨ ᠴᠢᠳᠠᠯ᠎ᠢ ᠨᠢᠭ᠍ᠲᠠᠷᠠᠭᠤᠯᠬᠤ ᠤᠶᠤᠨ ᠰᠠᠨᠠᠭᠠᠨ᠎ᠤ ᠬᠣᠯᠪᠣᠭᠠᠰᠤ ᠮᠥᠨ᠂ ᠰᠠᠢᠨ ᠰᠠᠢᠬᠠᠨ ᠵᠠᠰᠠᠯᠲᠠ᠎ᠶᠢᠨ ᠰᠣᠶᠣᠯ ᠪᠣᠯ ᠨᠡᠢᠭᠡᠮ᠎ᠦᠨ ᠵᠠᠰᠠᠯᠲᠠ᠎ᠶᠢᠨ ᠭᠤᠯᠭᠤᠭᠤᠷ ᠡᠳ᠋ ᠮᠥᠨ᠂ ᠤᠯᠠᠨ ᠲᠦᠮᠡᠨ᠎ᠦ ᠨᠡᠢᠭᠡᠮ᠎ᠦᠨ ᠵᠠᠰᠠᠯᠲᠠ᠎ᠶᠢ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ᠎ᠶᠢ ᠨᠡᠮᠡᠭᠳᠡᠭᠦᠯᠵᠦ ᠴᠢᠳᠠᠨ᠎ᠠ᠃ ᠰᠣᠶᠣᠯ᠎ᠢᠶᠠᠷ ᠨᠡᠢᠭᠡᠮ᠎ᠦᠨ ᠵᠠᠰᠠᠯᠲᠠ᠎ᠶᠢᠨ ᠬᠠᠮᠲᠤ᠎ᠶᠢᠨ ᠲᠠᠨᠢᠯᠲᠠ᠎ᠶᠢ ᠪᠣᠢᠵᠢᠭᠤᠯᠤᠨ ᠨᠢᠭ᠍ᠲᠠᠷᠠᠭᠤᠯᠬᠤ᠎ᠳᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠣᠯᠣᠨ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠳᠤ ᠰᠠᠭᠤᠷᠢᠯᠠᠵᠤ᠂ ᠲᠡᠭᠦᠨ᠎ᠳᠦ ᠠᠭᠤᠯᠤᠭᠳᠠᠵᠤ ᠪᠠᠢᠭ᠎ᠠ ᠡᠷᠬᠢᠮ ᠨᠠᠨᠳᠢᠨ ᠵᠠᠰᠠᠯᠲᠠ᠎ᠶᠢᠨ ᠣᠢᠯᠠᠭᠠᠭᠳᠠᠬᠤᠨ ᠪᠣᠯᠣᠨ ᠡᠷᠬᠢᠮ ᠳᠡᠭᠡᠳᠦ ᠦᠷᠳᠡᠭ᠎ᠦᠨ ᠬᠥᠭᠡᠭᠡᠴᠡᠯᠳᠦᠯ᠎ᠢ ᠴᠢᠬᠤᠯᠠᠴᠢᠯᠠᠨ ᠪᠣᠯᠪᠠᠰᠤᠷᠠᠭᠤᠯᠵᠤ᠂ ᠲᠡᠭᠦᠨ᠎ᠢ ᠤᠳᠤ ᠦᠶ᠎ᠡ᠎ᠶᠢᠨ ᠨᠡᠢᠭᠡᠮ᠎ᠦᠨ ᠵᠠᠰᠠᠯᠲᠠ᠎ᠶᠢᠨ ᠤᠶᠤᠨ ᠰᠠᠨᠠᠭᠠᠨ᠎ᠤ ᠬᠦᠴᠦᠨ ᠪᠣᠯᠣᠨ ᠤᠶᠤᠨ ᠤᠬᠠᠭᠠᠨ᠎ᠤ ᠡᠬᠢ ᠪᠠᠶᠠᠯᠢᠭ᠋ ᠪᠣᠯᠭᠠᠨ ᠬᠤᠪᠢᠷᠠᠭᠤᠯᠬᠤ᠎ᠳᠤ ᠴᠢᠳᠠᠮᠠᠭᠠᠢ ᠪᠠᠢᠬᠤ ᠬᠡᠷᠡᠭᠲᠡᠢ᠃ ᠤᠯᠠᠨ ᠠᠷᠭ᠎ᠠ ᠵᠠᠮ ᠪᠦᠬᠦᠢ ᠰᠣᠶᠣᠯ᠎ᠤᠨ ᠳᠠᠮᠵᠢᠭᠤᠯᠭ᠎ᠠ᠎ᠶᠢᠨ ᠲᠠᠪᠴᠠᠩ᠎ᠢ ᠪᠠᠢᠭᠤᠯᠵᠤ᠂ ᠨᠡᠢᠭᠡᠮ ᠲᠣᠭᠣᠷᠢᠭ᠋᠎ᠤᠨ ᠰᠣᠶᠣᠯ᠎ᠤᠨ ᠬᠢᠴᠢᠶᠡᠯ᠎ᠦᠨ ᠲᠠᠩᠬᠢᠮ᠂ ᠬᠥᠳᠡᠭᠡ ᠲᠣᠰᠬᠣᠨ᠎ᠤ ᠰᠣᠶᠣᠯ᠎ᠤᠨ ᠤᠬᠠᠭᠤᠯᠭ᠎ᠠ᠎ᠶᠢᠨ ᠪᠤᠯᠤᠩ ᠵᠡᠷᠭᠡ ᠠᠴᠢᠶᠠᠯᠠᠪᠤᠷᠢ᠎ᠪᠠᠷ ᠳᠠᠮᠵᠢᠭᠤᠯᠵᠤ᠂ ᠥᠷᠭᠡᠨ ᠤᠯᠠᠨ ᠲᠦᠮᠡᠨ᠎ᠳᠦ ᠨᠠᠮ᠎ᠤᠨ ᠵᠠᠰᠠᠯᠲᠠ᠎ᠶᠢᠨ ᠲᠦᠷᠦ᠎ᠶᠢᠨ ᠪᠣᠳᠣᠯᠭ᠎ᠠ᠎ᠶᠢ ᠢᠳᠡᠪᠬᠢᠲᠡᠢ ᠤᠬᠠᠭᠤᠯᠤᠨ ᠲᠠᠢᠯᠪᠤᠷᠢᠯᠠᠵᠤ᠂ ᠰᠢᠨ᠎ᠡ ᠴᠠᠭ ᠦᠶ᠎ᠡ᠎ᠶᠢᠨ ᠪᠣᠯᠪᠠᠰᠤᠨ ᠰᠢᠨ᠎ᠡ ᠰᠤᠷᠲᠠᠯ᠎ᠢ ᠶᠡᠬᠡᠪᠡᠷ ᠪᠠᠳᠠᠷᠠᠭᠤᠯᠵᠤ᠂ ᠡᠶ᠎ᠡ ᠨᠠᠢᠷᠰᠠᠭ᠎ᠢ ᠡᠷᠬᠢᠮᠯᠡᠬᠦ᠂ ᠬᠥᠷᠰᠢ ᠵᠡᠷᠭᠡᠯᠡᠳᠡᠭᠡ᠎ᠲᠠᠢ᠎ᠪᠡᠨ ᠡᠶᠡᠯᠰᠡᠭ ᠳᠣᠲᠣᠨᠣ᠌ ᠪᠠᠢᠬᠤ᠂ ᠵᠥᠪᠳᠡᠯᠴᠡᠨ ᠶᠠᠷᠢᠯᠴᠠᠬᠤ᠂ ᠠᠷᠠᠳᠴᠢᠯᠠᠯ᠎ᠲᠠᠢ ᠡᠷᠬᠡ ᠲᠡᠭᠰᠢ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠨᠡᠢᠭᠡᠮ᠎ᠦᠨ ᠵᠠᠰᠠᠯᠲᠠ᠎ᠶᠢᠨ ᠬᠡᠪ ᠰᠤᠷᠲᠠᠯ᠎ᠢ ᠰᠠᠨᠠᠭᠠᠴᠢᠯᠠᠬᠤ ᠬᠡᠷᠡᠭᠲᠡᠢ᠃

ᠨᠡᠢᠭᠡᠮ᠎ᠦᠨ ᠵᠠᠰᠠᠯᠲᠠ ᠪᠣᠯ ᠨᠢᠭᠡᠨ ᠰᠢᠰᠲᠧᠮᠲᠦ ᠢᠨᠵᠧᠨᠧᠷᠢᠩ ᠮᠥᠨ᠂ ᠰᠢᠨ᠎ᠡ ᠴᠠᠭ ᠦᠶ᠎ᠡ᠎ᠶᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠬᠤ ᠪᠣᠯ ᠨᠡᠢᠭᠡᠮ᠎ᠦᠨ ᠵᠠᠰᠠᠯᠲᠠ᠎ᠶᠢᠨ ᠣᠳᠣᠬᠢᠴᠢᠯᠠᠯᠲᠠ᠎ᠶᠢ ᠠᠬᠢᠭᠤᠯᠬᠤ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠵᠠᠩᠭᠢᠯᠠᠭ᠎ᠠ ᠨᠢ ᠣᠯᠠᠨ ᠲᠦᠮᠡᠨ᠎ᠦ ᠰᠡᠳᠬᠢᠵᠤ ᠪᠠᠢᠭ᠎ᠠ ᠵᠦᠢᠯ᠎ᠢ ᠰᠡᠳᠬᠢᠵᠤ᠂ ᠤᠯᠠᠨ ᠲᠦᠮᠡᠨ᠎ᠦ ᠪᠠᠴᠢᠮᠳᠠᠵᠤ ᠪᠠᠢᠭ᠎ᠠ ᠶᠠᠪᠤᠳᠠᠯ᠎ᠳᠤ ᠪᠠᠴᠢᠮᠳᠠᠵᠤ᠂ ᠢᠮᠠᠭᠲᠠ ᠤᠯᠠᠨ ᠲᠦᠮᠡᠨ᠎ᠦ ᠬᠡᠷᠡᠭᠴᠡᠭᠡ᠎ᠪᠡᠷ ᠡᠭᠦᠰᠦᠯᠳᠠ ᠵᠢᠨ ᠴᠡᠭ ᠪᠣᠯᠭᠠᠵᠤ᠂ ᠨᠠᠮ᠎ᠤᠨ ᠪᠠᠢᠭᠤᠯᠤᠯᠲᠠ᠎ᠶᠢᠨ ᠳᠠᠭᠠᠭᠤᠯᠭ᠎ᠠ᠎ᠪᠠᠷ ᠪᠠᠲᠤᠯᠠᠭ᠎ᠠ ᠪᠣᠯᠭᠠᠵᠤ᠂ ᠲᠣᠭᠲᠠᠴᠠ᠎ᠶᠢᠨ ᠰᠢᠨ᠎ᠡ᠎ᠶᠢ ᠡᠭᠦᠳᠬᠦ᠎ᠪᠡᠷ ᠲᠤᠯᠭᠠᠭᠤᠷᠢᠯᠠᠯ ᠪᠣᠯᠭᠠᠵᠤ᠂ ᠠᠷᠠᠳ ᠲᠦᠮᠡᠨ᠎ᠦ ᠰᠡᠳᠬᠢᠯ ᠬᠠᠨᠤᠮᠵᠢᠲᠠᠢ ᠪᠠᠢᠬᠤ᠎ᠪᠠᠷ ᠤᠳᠤᠷᠢᠳᠤᠮᠵᠢ ᠪᠣᠯᠭᠠᠵᠤ᠂ ᠮᠡᠷᠭᠡᠵᠢᠯ᠎ᠦᠨ ᠴᠢᠳᠠᠪᠤᠷᠢ᠎ᠪᠠᠷ ᠭᠠᠷᠳᠠᠴᠠ ᠪᠣᠯᠭᠠᠵᠤ᠂ ᠰᠣᠶᠣᠯ᠎ᠤᠨ ᠬᠥᠮᠦᠵᠢᠯ᠎ᠢᠶᠡᠷ ᠰᠠᠭᠤᠷᠢ ᠪᠣᠯᠭᠠᠵᠤ᠂ ᠤᠯᠠᠨ ᠲᠦᠮᠡᠨ᠎ᠦ ᠵᠠᠰᠠᠯᠲᠠ᠎ᠶᠢᠨ ᠠᠮᠢᠵᠢᠷᠠᠯ᠎ᠤᠨ ᠬᠦᠴᠦᠨ᠎ᠢ ᠦᠨᠡᠨ ᠬᠦ᠌ ᠬᠥᠭᠵᠢᠭᠡᠵᠦ᠂ ᠬᠥᠮᠥᠨ ᠪᠦᠬᠦᠨ ᠬᠠᠷᠢᠭᠤᠴᠠᠯᠭ᠎ᠠ᠎ᠲᠠᠢ᠂ ᠬᠥᠮᠥᠨ ᠪᠦᠬᠦᠨ ᠬᠠᠷᠢᠭᠤᠴᠠᠯᠭ᠎ᠠ᠎ᠪᠠᠨ ᠭᠦᠢᠴᠡᠳᠬᠡᠵᠦ᠂ ᠬᠥᠮᠥᠨ ᠪᠦᠬᠦᠨ ᠡᠳ᠋ᠯᠡᠬᠦ ᠨᠡᠢᠭᠡᠮ᠎ᠦᠨ ᠵᠠᠰᠠᠯᠲᠠ᠎ᠶᠢᠨ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠬᠡᠷᠡᠭᠲᠡᠢ᠃

(ᠵᠣᠬᠢᠶᠠᠭ᠍ᠴᠢ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠤᠯᠤᠰ ᠲᠦᠷᠦ᠎ᠶᠢᠨ ᠤᠬᠠᠭᠠᠨ᠎ᠤ ᠰᠤᠳᠤᠯᠬᠤ ᠭᠠᠵᠠᠷ᠎ᠤᠨ ᠳᠡᠳ᠋ ᠰᠤᠳᠤᠯᠤᠭ᠍ᠴᠢ)

     — 《ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠰᠣᠨᠢᠨ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面