ᠲᠡᠷᠢᠭᠦᠨ ᠨᠢᠭᠤᠷ>ᠣᠨᠣᠯ ᠱᠢᠭᠦᠮᠵᠢ>ᠣᠨᠣᠯ

2026-10-16 11:31:17

ᠵᠣᠬᠢᠶᠠᠭ᠍ᠴᠢ᠄ ᠯᠢ ᠯᠢ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠶ᠋ᠢᠷᠢᠯᠠᠭᠤᠯᠤᠯᠲᠠ᠎ᠳᠤ 《 ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠵᠦ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠠᠶ᠋ᠢᠭᠤᠯᠤᠨ᠎ᠠ》 ᠭᠡᠵᠦ ᠲᠣᠳᠣᠷᠬᠠᠶ ᠳᠤᠷᠠᠳᠴᠤ᠂ ᠠᠮᠤ ᠪᠤᠳᠠᠭᠠᠨ᠎ᠤ ᠠᠮᠤᠷ ᠲᠦᠪᠰᠢᠨ ᠬᠢᠭᠡᠳ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠪᠠᠲᠤᠯᠠᠬᠤ᠂ ᠲᠠᠷᠢᠶᠠᠯᠠᠩ ᠮᠠᠯ ᠠᠵᠤ ᠠᠬᠤᠶ᠎ᠶᠢᠨ ᠪᠥᠬᠥ ᠬᠡᠯᠬᠢᠶᠡᠵᠢᠯ᠎ᠤᠨ ᠲᠠᠰ ᠳᠡᠪᠰᠢᠬᠦ᠎ᠶᠢ ᠠᠬᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠨᠠᠷᠠᠲᠤ ᠲᠦᠷᠦᠯ ᠲᠡᠮᠳᠡᠭ᠎ᠤᠨ ᠲᠤᠯᠭᠠᠭᠤᠷᠢᠯᠠᠯ᠎ᠢ ᠴᠢᠩᠭᠠᠳᠬᠠᠬᠤ᠎ᠪᠠᠷ ᠭᠤᠤᠯ ᠡᠭᠦᠷᠭᠡ ᠪᠣᠯᠭᠠᠵᠤ᠂ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠳᠦ ᠵᠠᠮ ᠱᠤᠭᠤᠮ᠎ᠤᠨ ᠵᠢᠷᠤᠭ᠎ᠢ ᠵᠠᠭᠠᠭᠯᠠᠨ ᠲᠣᠭᠲᠠᠭᠠᠪᠠ᠃ ᠬᠢᠩᠭᠠᠨ ᠠᠶ᠋ᠢᠮᠠᠭ᠎ᠨᠢ ᠥᠪᠡᠷᠲᠡᠭᠡᠨ ᠵᠠᠰᠠᠬᠤ ᠣᠷᠣᠨ᠎ᠤ ᠵᠡᠭᠦᠨ ᠬᠣᠶ᠋ᠢᠲᠤ ᠬᠡᠰᠡᠭ᠎ᠦᠨ ᠰᠢᠵᠢᠷ ᠠᠯᠲᠠᠨ ᠮᠠᠯᠵᠢᠬᠤ ᠲᠠᠷᠢᠶᠠᠯᠠᠬᠤ ᠣᠷᠣᠨ ᠬᠢᠭᠡᠳ ᠤᠯᠤᠰ᠎ᠤᠨ ᠠᠮᠤ ᠪᠤᠳᠠᠭᠠᠨ᠎ᠤ ᠭᠤᠤᠯ ᠭᠠᠷᠤᠯᠲᠠ᠎ᠶᠢᠨ ᠣᠷᠣᠨ ᠪᠣᠯᠤᠭᠰᠠᠨ᠎ᠤ ᠬᠤᠪᠢ᠎ᠳᠤ᠂ ᠪᠠᠷᠢᠮᠵᠢᠶ᠎ᠠ᠎ᠳᠤ᠎ᠤᠶᠠᠯᠳᠤᠭᠤᠯᠬᠤ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ᠎ᠶᠢ ᠴᠢᠩᠭ᠎ᠠ ᠪᠠᠷᠢᠮᠲᠠᠯᠠᠨ᠂ ᠠᠮᠤ ᠪᠤᠳᠠᠭᠠᠨ᠎ᠤ ᠠᠮᠤᠷ ᠲᠦᠪᠰᠢᠨ᠎ᠦ ᠬᠦᠨᠳᠦ ᠡᠭᠦᠷᠭᠡ᠎ᠶᠢ ᠡᠭᠦᠷᠭᠡᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠥᠲᠥᠭᠡᠨ ᠪᠠᠶ᠋ᠢᠭᠤᠯᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶᠢ 140 ᠳ᠋ᠦᠩᠰᠢᠭᠤᠷ ᠵᠢᠩ᠎ᠡᠴᠡ ᠳᠡᠭᠡᠭᠰᠢ᠎ᠳᠦ ᠲᠣᠭᠲᠠᠪᠤᠷᠢᠵᠢᠭᠤᠯᠬᠤ᠂ ᠮᠠᠯ᠎ᠤᠨ ᠲᠣᠭ᠎ᠠ ᠲᠣᠯᠣᠭᠠᠶ᠎ᠶᠢ 1350 ᠲᠦᠮᠡ᠎ᠡᠴᠡ ᠳᠡᠭᠡᠭᠰᠢ᠎ᠳᠦ ᠲᠣᠭᠲᠠᠪᠤᠷᠢᠵᠢᠭᠤᠯᠬᠤ᠎ᠶᠢ ᠦᠨᠡᠨ ᠬᠦ᠌ ᠪᠠᠲᠤᠯᠠᠵᠠᠢ᠃ ᠡᠭᠦᠨ᠎ᠤ ᠬᠠᠮᠲᠤ᠂ ᠲᠠᠷᠢᠶᠠᠯᠠᠩ ᠮᠠᠯ ᠠᠵᠤ ᠠᠬᠤᠢ᠎ᠶᠢᠨ ᠬᠠᠩᠭᠠᠯᠭ᠎ᠠ᠎ᠶᠢᠨ ᠲᠠᠯ᠎ᠠ᠎ᠶᠢᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠵᠦ᠂ ᠨᠠᠷᠢᠯᠢᠭ᠋ ᠡᠳ᠋ᠰᠢᠭᠦᠯᠦᠨ ᠪᠣᠯᠪᠠᠰᠤᠷᠠᠭᠤᠯᠬᠤ ᠲᠣᠯᠣᠭᠠᠶ᠋ᠢᠯᠠᠭ᠍ᠴᠢ᠎ᠠᠵᠦ ᠠᠬᠤᠢᠯᠠᠯ᠎ᠢ  ᠣᠷᠣᠭᠤᠯᠤᠨ ᠠᠵᠤ ᠦᠢᠯᠡᠰ᠎ᠦᠨ ᠬᠡᠯᠬᠢᠶ᠎ᠡ᠎ᠶᠢᠨ ᠳᠤᠲᠠᠭᠤᠳᠠᠯ᠎ᠢ ᠨᠥᠬᠥᠪᠥᠷᠢᠯᠡᠵᠦ᠂ ᠨᠠᠷᠠᠲᠤ ᠲᠦᠷᠦᠯ ᠲᠡᠮᠳᠡᠭ ᠪᠦᠬᠦᠢ ᠲᠠᠷᠢᠶᠠᠯᠠᠩ᠎ᠢ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ᠎ᠶᠢ ᠬᠡᠷᠡᠭᠵᠢᠭᠦᠯᠵᠦ᠂《ᠬᠢᠩᠭᠠᠨ ᠠᠶ᠋ᠢᠮᠠᠭ᠎ᠤᠨ ᠲᠤᠲᠤᠷᠭ᠎ᠠ》᠂《ᠬᠢᠩᠭᠠᠨ ᠠᠶ᠋ᠢᠮᠠᠭ᠎ᠤᠨ ᠦᠬᠡᠷ᠎ᠦᠨ ᠮᠢᠬ᠎ᠠ》ᠵᠡᠷᠭᠡ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠨᠠᠷᠠᠲᠤ ᠲᠦᠷᠦᠯ ᠲᠡᠮᠳᠡᠭ᠎ᠢ ᠬᠦᠴᠦᠷᠬᠡᠭᠵᠢᠭᠦᠯᠵᠠᠢ᠃ ᠰᠢᠨᠵᠢᠯᠡᠬᠦ ᠤᠬᠠᠭᠠᠨ ᠮᠡᠷᠭᠡᠵᠢᠯ᠎ᠦᠨ ᠴᠢᠳᠠᠪᠤᠷᠢ᠎ᠶᠢ ᠴᠢᠩᠭᠠᠷᠠᠭᠤᠯᠵᠤ᠂ ᠠᠮᠢᠳᠤ ᠪᠣᠳᠠᠰ᠎ᠤᠨ ᠡᠭᠦᠯᠳᠡᠷ ᠪᠣᠶ᠋ᠢᠵᠢᠭᠤᠯᠬᠤ ᠢᠨᠵᠧᠨᠧᠷᠢᠩ᠎ᠢ ᠲᠦᠯᠬᠢᠨ ᠠᠬᠢᠭᠤᠯᠵᠤ᠂ ᠤᠯᠤᠰ᠎ᠤᠨ ᠲᠡᠰ᠎ᠤᠨ ᠣᠳᠣ᠌ ᠦᠶ᠎ᠡ᠎ᠶᠢᠨ ᠮᠠᠯ ᠠᠵᠤ ᠠᠬᠤᠢ᠎ᠶᠢᠨ ᠲᠤᠷᠰᠢᠯᠲᠠ᠎ᠶᠢᠨ ᠣᠷᠣᠨ᠎ᠢ ᠪᠦᠲᠦᠭᠡᠨ ᠪᠠᠶ᠋ᠢᠭᠤᠯᠪᠠ᠃ ᠡᠨᠳᠡ ᠲᠥᠷᠥ᠎ᠶᠢᠨ ᠪᠣᠳᠣᠯᠭ᠎ᠠ᠎ᠶᠢᠨ ᠤᠳᠤᠷᠢᠳᠤᠮᠵᠢ ᠪᠠ ᠦᠢᠯᠡᠳᠦᠯᠭᠡ᠎ᠶᠢᠨ ᠠᠬᠢᠴᠠ᠎ᠳᠤ ᠰᠠᠭᠤᠷᠢᠯᠠᠨ᠂ ᠬᠢᠩᠭᠠᠨ ᠠᠶ᠋ᠢᠮᠠᠭ᠎ᠤᠨ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠦᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠤᠭᠰᠠᠨ ᠦᠷ᠎ᠡ ᠪᠦᠲᠦᠮᠵᠢ᠂ ᠠᠰᠠᠭᠤᠳᠠᠯ ᠪᠠ ᠠᠷᠭ᠎ᠠ ᠵᠠᠮ᠎ᠢ ᠰᠢᠰᠲᠧᠮ᠎ᠲᠠᠢ᠎ᠪᠡᠷ ᠢᠯᠡᠷᠡᠭᠦᠯᠵᠦ᠂ ᠠᠳᠠᠯᠢ ᠲᠥᠷᠥᠯ᠎ᠦᠨ ᠭᠠᠵᠠᠷ ᠣᠷᠣᠨ᠎ᠳᠤ ᠲᠤᠯᠢ ᠪᠤᠯᠭᠠᠬᠤ ᠵᠢ ᠵᠤᠷᠢᠪᠠ᠃

ᠬᠦᠴᠦᠯᠡᠬᠦ ᠴᠡᠭ ᠨᠢᠭᠡ᠄ ᠠᠮᠤ ᠪᠤᠳᠠᠭᠠᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂  ᠦᠢᠯᠡᠳᠪᠦᠷᠢᠯᠡᠯ᠎ᠦᠨ ᠴᠢᠳᠠᠪᠤᠷᠢ᠎ᠶᠢᠨ ᠲᠣᠭᠲᠠᠭᠤᠨ ᠲᠤᠯᠭᠠᠭᠤᠷᠢᠯᠠᠯ᠎ᠢ ᠪᠡᠬᠢᠵᠢᠭᠦᠯᠦᠨ᠎ᠡ

 ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠎ᠤ᠋  ᠬᠠᠩᠭᠠᠯᠭ᠎ᠠ᠎ᠶᠢ ᠪᠠᠲᠤᠯᠠᠬᠤ᠎ᠶᠢ ᠲᠡᠷᠢᠭᠦᠨ ᠴᠢᠬᠤᠯᠠ ᠤᠯᠤᠰ ᠲᠥᠷᠥ᠎ᠶᠢᠨ ᠡᠭᠦᠷᠭᠡ ᠪᠣᠯᠭᠠᠵᠤ᠂ 《1571》ᠠᠵᠢᠯ᠎ᠤᠨ ᠪᠠᠢᠷᠢᠯᠠᠭᠤᠯᠤᠯᠳᠠ ᠳ᠋ᠠᠬᠢ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ ᠲᠤᠬᠠᠢ ᠱᠠᠭᠠᠷᠳᠠᠯᠭ᠎ᠠ᠎ᠶᠢ ᠴᠢᠩᠳᠠᠯᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠬᠡᠪᠴᠢᠶ᠎ᠡ᠎ᠶᠢ ᠥᠷᠭᠡᠳᠬᠡᠬᠦ᠎ᠶᠢ ᠦᠷᠭᠦᠯᠵᠢᠯᠡᠨ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠰᠡᠭᠦᠯᠴᠢ᠎ᠳᠦ ᠦᠨᠳᠦᠷ ᠪᠠᠷᠢᠮᠵᠢᠶᠠᠳᠤ ᠲᠠᠷᠢᠶᠠᠨ ᠭᠠᠵᠠᠷ᠎ᠤᠨ ᠲᠠᠯᠠᠪᠠᠢ ᠵᠢ1250 ᠲᠦᠮᠡᠨ ᠮᠸ᠋᠎ᠡᠴᠡ ᠳᠡᠭᠡᠭᠰᠢ ᠬᠦᠷᠭᠡᠬᠦ ᠪᠠᠷ ᠴᠢᠷᠮᠠᠶ᠋ᠢᠵᠤ᠂ ᠪᠠᠶ᠋ᠢᠭᠤᠯᠬᠤ᠂ ᠬᠠᠮᠢᠶᠠᠷᠬᠤ᠂ ᠬᠡᠷᠡᠭᠯᠡᠬᠦ᠂ ᠬᠠᠮᠠᠭᠠᠯᠠᠬᠤ᠎ᠶᠢ ᠨᠢᠭᠡ ᠴᠣᠭᠴᠠᠵᠢᠭᠤᠯᠤᠭᠰᠠᠨ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠬᠦᠯᠵᠦ᠂ ᠬᠠᠷ᠎ᠠ ᠬᠥᠷᠥᠰᠥ᠎ᠶᠢ ᠬᠠᠮᠠᠭᠠᠯᠠᠬᠤ᠂ ᠤᠰᠤ ᠵᠢ  ᠥᠨᠳᠥᠷ ᠪᠦᠲᠦᠮᠵᠢᠲᠡᠶ ᠠᠷᠪᠢᠯᠠᠵᠤ ᠤᠰᠤᠯᠠᠬᠤ᠂ ᠬᠠᠮᠠᠭᠠᠯᠠᠯᠲᠠ᠎ᠶᠢᠨ ᠴᠢᠨᠠᠷᠲᠠᠶ ᠲᠠᠷᠢᠶᠠᠯᠠᠬᠤ᠂ ᠬᠤᠵᠢᠷᠯᠢᠭ᠋ ᠭᠠᠵᠠᠷ᠎ᠢ ᠶᠡᠷᠦᠩᠬᠡᠶ᠋ᠢᠯᠡᠨ ᠵᠠᠰᠠᠬᠤ ᠵᠡᠷᠭᠡ ᠵᠠᠩᠭᠢᠯᠠᠭ᠎ᠠ᠎ᠶᠢᠨ ᠮᠡᠷᠭᠡᠵᠢᠯ᠎ᠢ ᠳᠡᠯᠭᠡᠷᠡᠭᠦᠯᠦᠨ᠂ ᠲᠠᠷᠢᠶᠠᠨ ᠭᠠᠵᠠᠷ ᠮᠠᠭᠤᠳᠠᠬᠤ᠂ ᠬᠤᠵᠢᠷᠰᠢᠬᠤ ᠪᠠ ᠣᠷᠭᠠᠨᠢᠭ᠋ ᠡᠳ᠋ ᠪᠠᠭᠤᠷᠠᠬᠤ ᠬᠠᠨᠳᠤᠰᠢ᠎ᠶᠢ ᠬᠣᠷᠢᠭ᠍ᠯᠠᠵᠤ᠂ ᠲᠠᠷᠢᠶᠠᠨ ᠭᠠᠵᠠᠷ᠎ᠤᠨ ᠶᠠᠰᠤ ᠴᠢᠨᠠᠷ ᠬᠢᠭᠡᠳ ᠭᠠᠮᠰᠢᠭ᠋᠎ᠲᠠᠢ ᠲᠡᠮᠡᠴᠡᠵᠦ ᠭᠠᠮᠰᠢᠭ᠋᠎ᠢ ᠪᠠᠭᠠᠰᠬᠠᠬᠤ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠮᠠᠯ ᠠᠵᠤ ᠠᠬᠤᠢ ᠶ᠋ᠢ ᠲᠣᠭᠲᠠᠪᠤᠷᠢᠵᠢᠭᠤᠯᠤᠨ ᠶᠠᠰᠤ ᠴᠢᠨᠠᠷ ᠢ᠋ ᠳᠡᠭᠡᠭᠰᠢᠯᠡᠭᠦᠯᠵᠦ᠂ ᠮᠠᠯ ᠰᠦᠷᠦᠭ᠎ᠦᠨ ᠪᠦᠲᠦᠴᠡ᠎ᠶᠢ ᠰᠢᠯᠢᠳᠡᠭᠵᠢᠭᠦᠯᠦᠨ᠂ ᠪᠠᠷᠢᠮᠵᠢᠶᠠᠵᠢᠭ᠍ᠰᠠᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠠᠷᠢᠴᠠᠯ᠎ᠢ ᠥᠷᠭᠡᠳᠬᠡᠵᠦ᠂ 1350 ᠲᠦᠮᠡᠨ ᠲᠣᠯᠣᠭᠠᠢ᠎ᠠᠴᠠ ᠳᠡᠭᠡᠭᠰᠢ ᠮᠠᠯ᠎ᠲᠠᠢ ᠪᠠᠢᠬᠤ᠂ ᠮᠢᠬᠠᠨ᠎ᠤ ᠭᠠᠷᠤᠯᠲᠠ᠎ᠶᠢ 40 ᠲᠦᠮᠡᠨ ᠲᠣᠨ᠎ᠠᠴᠠ ᠳᠡᠭᠡᠭᠰᠢ᠎ᠳᠦ ᠲᠣᠭᠲᠠᠪᠤᠷᠢᠵᠢᠭᠤᠯᠬᠤ ᠬᠣᠷᠢᠭ᠎ᠠ ᠱᠤᠭᠤᠮ᠎ᠢ  ᠪᠠᠲᠤ ᠰᠠᠬᠢᠵᠤ᠂ ᠲᠠᠷᠢᠶᠠᠯᠠᠨᠭ᠌ ᠮᠠᠯ ᠠᠵᠤ ᠠᠬᠤᠢ ᠵᠢ ᠬᠠᠮᠵᠢᠯᠴᠠᠭᠤᠯᠬᠤ᠂ ᠭᠠᠮᠰᠢᠭ᠋᠎ᠢ ᠰᠡᠷᠭᠡᠶ᠋ᠢᠯᠡᠨ ᠭᠠᠮᠰᠢᠭ᠋᠎ᠢ ᠪᠠᠭᠠᠰᠬᠠᠬᠤ᠂ ᠠᠮᠢ ᠠᠬᠤᠢ᠎ᠶᠢᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠦᠢᠯᠡᠳᠪᠦᠷᠢᠯᠡᠯ᠎ᠦᠨ ᠴᠢᠳᠠᠪᠤᠷᠢ᠎ᠶᠢᠨ ᠪᠠᠲᠤᠯᠠᠭ᠎ᠠ᠎ᠶᠢᠨ ᠪᠠᠶ᠋ᠢᠷᠢᠰᠢᠯ᠎ᠢ ᠪᠦᠷᠢᠯᠳᠦᠭᠦᠯᠵᠦ᠂ ᠤᠯᠤᠰ᠎ᠤᠨ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢᠨ ᠠᠮᠤᠷ ᠲᠦᠪᠰᠢᠨ᠎ᠳᠦ ᠪᠠᠲᠤ ᠪᠡᠬᠢ ᠰᠠᠭᠤᠷᠢ᠎ᠶᠢ ᠲᠠᠯᠪᠢᠨ᠎ᠠ᠃

ᠬᠦᠴᠦᠯᠡᠬᠦ ᠴᠡᠭ ᠬᠣᠶᠠᠷ᠄ ᠪᠦᠬᠦ ᠬᠡᠯᠬᠢᠶ᠎ᠡ᠎ᠶᠢᠨ ᠠᠭᠤᠰᠤᠯᠴᠠᠨ ᠬᠥᠭᠵᠢᠬᠦ᠎ᠶᠢ ᠭᠦᠨᠵᠡᠭᠡᠢᠷᠡᠭᠦᠯᠦᠨ᠎ᠡ

ᠲᠠᠷᠢᠶᠠᠯᠠᠩ ᠮᠠᠯ ᠠᠵᠤ ᠠᠬᠤᠢ᠎ᠶᠢᠨ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠪᠡᠷ ᠭᠣᠣᠯ ᠰᠢᠵᠢᠮ ᠪᠣᠯᠭᠠᠵᠤ᠂ ᠬᠡᠯᠬᠢᠶ᠎ᠡ᠎ᠶᠢ ᠤᠷᠲᠤᠳᠬᠠᠬᠤ᠂ ᠬᠡᠯᠬᠢᠶ᠎ᠡ᠎ᠶᠢ ᠨᠥᠬᠥᠪᠥᠷᠢᠯᠡᠬᠦ᠂ ᠬᠡᠯᠬᠢᠶ᠎ᠡ᠎ᠶᠢ ᠴᠢᠩᠭᠠᠳᠬᠠᠬᠤ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂《1571》ᠠᠵᠢᠯ᠎ᠤᠨ ᠪᠠᠢᠷᠢᠯᠠᠭᠤᠯᠤᠯᠳᠠ ᠳ᠋ᠠᠬᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ ᠲᠤᠬᠠᠢ ᠪᠠᠶ᠋ᠢᠷᠢᠯᠠᠭᠤᠯᠤᠯᠲᠠ᠎ᠲᠠᠢ ᠣᠨᠣᠴᠠᠲᠠᠢ ᠵᠣᠯᠭᠠᠭᠤᠯᠤᠨ᠎ᠠ᠃ ᠲᠠᠭᠠᠭᠤᠯᠤᠬᠴᠢ ᠠᠵᠤ ᠠᠬᠤᠢᠯᠠᠯ᠎ᠢ ᠶᠡᠬᠡᠪᠡᠷ ᠣᠷᠣᠭᠤᠯᠤᠨ ᠠᠪᠴᠢᠷᠠᠬᠤ ᠪᠠ ᠬᠦᠭᠵᠢᠭᠦᠯᠬᠦ᠂ ᠬᠢᠩᠭᠠᠨ ᠠᠶ᠋ᠢᠮᠠᠭ᠎ᠤᠨ ᠲᠤᠲᠤᠷᠭ᠎ᠠ᠂ ᠠᠯᠠᠰᠢᠨ ᠦᠬᠡᠷ᠂ ᠠᠯᠠᠰᠢᠨ ᠬᠣᠨᠢ᠂ ᠴᠠᠭᠠᠨ ᠢᠳᠡᠭᠡ ᠵᠡᠷᠭᠡ ᠳᠠᠪᠠᠭᠤᠯᠢᠭ᠋ ᠲᠥᠷᠥᠯ᠎ᠦᠨ ᠲᠣᠭᠣᠷᠢᠨ᠎ᠳᠤ ᠨᠠᠷᠢᠯᠢᠭ᠋ ᠡᠳ᠋ᠰᠢᠭᠦᠯᠬᠦ ᠪᠠ ᠳᠠᠭᠠᠯᠲᠠ ᠪᠦᠲᠦᠭᠡᠭᠳᠡᠬᠦᠨ᠎ᠢ ᠶᠡᠷᠦᠩᠬᠡᠶ᠋ᠢᠯᠡᠨ ᠠᠰᠢᠭ᠍ᠯᠠᠬᠤ᠎ᠶᠢ ᠬᠥᠭᠵᠢᠭᠦᠯᠵᠦ᠂ ᠤᠷᠢᠳᠴᠢᠯᠠᠨ ᠦᠢᠯᠡᠳᠦᠭᠰᠡᠨ ᠨᠣᠭᠣᠭ᠎ᠠ᠂ ᠴᠢᠳᠠᠮᠵᠢᠲᠤ ᠢᠳᠡᠭᠡᠨ᠂ ᠳᠡᠭᠡᠳᠦ ᠲᠡᠰ᠎ᠤᠨ ᠴᠠᠭᠠᠨ ᠢᠳᠡᠭᠡᠨ ᠵᠡᠷᠭᠡ ᠥᠨᠳᠥᠷ ᠨᠡᠮᠡᠯᠲᠡ ᠥᠷᠲᠡᠭ᠎ᠲᠠᠢ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠠᠵᠤ ᠦᠢᠯᠡᠰ᠎ᠦᠨ ᠠᠩᠬᠠᠨ᠎ᠤ ᠲᠦᠭᠦᠬᠡᠶ ᠮᠠᠲᠧᠷᠢᠶᠠᠯ᠎ᠢ ᠭᠠᠳᠠᠭ᠍ᠰᠢ ᠪᠣᠷᠣᠯᠠᠭᠤᠯᠵᠤ ᠪᠠᠶ᠋ᠢᠭ᠍ᠰᠠᠨ᠎ᠠᠴᠠ᠎ᠨᠢ ᠨᠠᠷᠢᠯᠢᠭ ᠡᠳ᠋ᠰᠢᠭᠦᠯᠦᠭᠰᠡᠨ ᠪᠦᠲᠦᠭᠡᠭᠳᠡᠬᠦᠨ᠎ᠦ ᠬᠠᠩᠭᠠᠯᠭ᠎ᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠤᠨ᠎ᠠ᠃ ᠭᠠᠷᠤᠯᠲᠠ᠎ᠶᠢᠨ ᠣᠷᠣᠨ᠎ᠤ ᠠᠩᠬᠠᠨ᠎ᠤ ᠡᠳ᠋ᠰᠢᠭᠦᠯᠦᠯᠲᠡ᠂ ᠬᠦᠢᠲᠡᠨ ᠬᠡᠯᠬᠢᠶᠡᠲᠦ ᠬᠥᠮᠥᠷᠭᠡᠯᠡᠯᠲᠡ᠂ ᠣᠶᠤᠨᠴᠢ ᠪᠠᠷᠠᠭ᠎ᠠ᠎ᠶᠢᠨ ᠭᠦᠢᠯᠭᠡᠭᠡ᠂ ᠲᠥᠪᠯᠡᠷᠡᠭᠦᠯᠦᠨ ᠲᠠᠷᠬᠠᠭᠠᠵᠤ ᠲᠤᠬᠢᠷᠠᠭᠤᠯᠤᠨ ᠬᠦᠷᠭᠡᠬᠦ ᠵᠡᠷᠭᠡ ᠰᠠᠭᠤᠷᠢ ᠲᠦᠬᠦᠭᠡᠷᠦᠮᠵᠢ᠎ᠶᠢ ᠲᠡᠭᠦᠯᠳᠡᠷᠵᠢᠭᠦᠯᠵᠦ᠂ ᠭᠦᠢᠯᠭᠡᠭᠡᠨ᠎ᠦ ᠬᠣᠷᠣᠭᠳᠠᠯ᠎ᠢ ᠪᠠᠭᠤᠷᠠᠭᠤᠯᠤᠨ᠂ ᠭᠦᠢᠯᠭᠡᠭᠡᠨ᠎ᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠡᠳ᠋ᠰᠢᠭᠦᠯᠬᠦ ᠭᠤᠤᠯ ᠴᠣᠭᠴᠠ᠎ᠶᠢ ᠬᠥᠲᠥᠯᠥᠨ ᠵᠢᠯᠣᠭᠣᠳᠴᠤ ᠪᠠᠶ᠋ᠢᠭᠠᠳ ᠬᠦᠷᠢᠶᠡᠯᠡᠩ ᠲᠣᠭᠣᠷᠢᠭ᠋ ᠳᠠᠢᠰᠢ ᠲᠥᠪᠯᠡᠷᠡᠭᠦᠯᠦᠨ ᠬᠥᠭᠵᠢᠭᠦᠯᠵᠦ᠂ ᠠᠵᠤ ᠦᠢᠯᠡᠰ᠎ᠦᠨ ᠪᠥᠯᠦᠭᠵᠢᠯ᠎ᠦᠨ ᠦᠢᠯᠡᠳᠦᠯ᠎ᠢ ᠴᠢᠩᠭᠠᠷᠠᠭᠤᠯᠤᠨ᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠡᠳ᠋ᠰᠢᠭᠦᠯᠦᠨ ᠤᠨᠳᠤᠤᠰᠢᠭᠤᠯᠬᠤ ᠨᠣᠷᠮ᠎ᠠ᠎ᠶᠢ 65%᠎ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ᠎ᠪᠡᠷ ᠴᠢᠷᠮᠠᠶ᠋ᠢᠵᠤ᠂ ᠬᠢᠩᠭᠠᠨ ᠠᠶ᠋ᠢᠮᠠᠭ᠎ᠤᠨ ᠲᠦᠭᠦᠬᠡᠶ ᠮᠠᠲᠧᠷᠢᠶᠠᠯ᠎ᠤᠨ ᠬᠠᠩᠭᠠᠯᠭ᠎ᠠ᠎ᠶᠢᠨ ᠰᠠᠭᠤᠷᠢᠨ ᠭᠠᠵᠠᠷ᠎ᠠᠴᠠ ᠡᠳ᠋ᠰᠢᠭᠦᠯᠦᠨ ᠥᠷᠲᠡᠭ ᠨᠡᠮᠡᠭᠳᠡᠭᠦᠯᠬᠦ ᠥᠨᠳᠥᠷᠯᠢᠭ ᠳᠠᠢᠰᠢ ᠳᠠᠪᠠᠯᠲᠠ᠎ᠲᠠᠢ ᠪᠣᠯᠬᠤ᠎ᠶᠢ ᠠᠬᠢᠭᠤᠯᠤᠨ᠎ᠠ᠃

ᠬᠦᠴᠦᠯᠡᠬᠦ ᠴᠡᠭ ᠭᠤᠷᠪᠠ᠄ ᠨᠡᠷᠡᠲᠦ ᠲᠦᠷᠦᠯ ᠲᠡᠮᠳᠡᠭ ᠪᠦᠬᠦᠢ ᠲᠠᠷᠢᠶᠠᠯᠠᠩ᠎ᠢ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ᠎ᠶᠢ ᠬᠡᠷᠡᠭᠵᠢᠭᠦᠯᠵᠦ᠂ ᠣᠷᠣᠨ ᠪᠦᠰᠡ᠎ᠶᠢᠨ ᠣᠨᠴᠠᠯᠢᠭ᠍ᠲᠤ ᠭᠤᠤᠯ ᠥᠷᠢᠰᠥᠯᠳᠦᠭᠡᠨ᠎ᠦ ᠳᠠᠪᠠᠭᠤᠯᠢᠭ᠋᠎ᠢ ᠪᠤᠢ ᠪᠣᠯᠭᠠᠨ᠎ᠠ

ᠬᠢᠩᠭᠠᠨ ᠠᠶ᠋ᠢᠮᠠᠭ᠎ᠤᠨ ᠪᠣᠬᠢᠷᠲᠤᠯ ᠥᠬᠡᠶ ᠠᠮᠢ ᠠᠬᠤᠶ᠎ᠶᠢᠨ ᠰᠠᠭᠤᠷᠢ ᠥᠩᠭᠡ᠎ᠳᠦ ᠲᠦᠰᠢᠭᠯᠡᠨ᠂ ᠨᠠᠷᠠᠲᠤ ᠲᠥᠷᠥᠯ ᠲᠡᠮᠳᠡᠭ᠎ᠤᠨ ᠪᠠᠶ᠋ᠢᠭᠤᠯᠤᠯᠲᠠ᠎ᠶᠢ《1571》ᠠᠵᠢᠯ᠎ᠤᠨ ᠪᠠᠢᠷᠢᠯᠠᠭᠤᠯᠤᠯᠳᠠ ᠳ᠋ᠠᠬᠢ ᠨᠠᠷᠠᠲᠤ ᠲᠥᠷᠥᠯ ᠲᠡᠮᠳᠡᠭ᠎ᠤᠨ ᠪᠠᠢᠭᠤᠯᠤᠯᠳᠠ ᠵᠢᠨ  ᠱᠠᠭᠠᠷᠳᠠᠯᠭ᠎ᠠ ᠵᠢ ᠨᠠᠶ᠋ᠢᠳᠠᠪᠤᠷᠢᠵᠢᠭᠤᠯᠬᠤ᠎ᠶᠢᠨ ᠴᠢᠬᠤᠯᠠ ᠭᠠᠷᠳᠠᠴᠠ ᠪᠣᠯᠭᠠᠨ᠎ᠠ ᠃ 《 ᠬᠢᠩᠭᠠᠨ ᠠᠶ᠋ᠢᠮᠠᠭ᠎ᠤᠨ ᠲᠤᠲᠤᠷᠭ᠎ᠠ》᠂ 《 ᠬᠢᠩᠭᠠᠨ ᠠᠶ᠋ᠢᠮᠠᠭ᠎ᠤᠨ ᠦᠬᠡᠷ᠎ᠦᠨ ᠮᠢᠬ᠎ᠠ 》 ᠵᠡᠷᠭᠡ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠨᠠᠷᠠᠲᠤ ᠲᠥᠷᠥᠯ ᠲᠡᠮᠳᠡᠭ᠎ᠢ ᠦᠷᠭᠦᠯᠵᠢᠯᠡᠨ ᠬᠦᠴᠦᠷᠬᠡᠭᠵᠢᠭᠦᠯᠵᠦ᠂ ᠪᠥᠬᠥ ᠠᠵᠤ ᠦᠢᠯᠡᠰ᠎ᠦᠨ ᠬᠡᠯᠬᠢᠶᠡᠵᠢᠯ᠎ᠤᠨ ᠪᠠᠷᠢᠮᠵᠢᠶ᠎ᠠ᠎ᠶᠢᠨ ᠰᠢᠰᠲᠧᠮ᠂ ᠶᠠᠰᠤ ᠴᠢᠨᠠᠷ᠎ᠤᠨ ᠠᠮᠤᠷ ᠲᠦᠪᠰᠢᠨ᠎ᠦ ᠮᠥᠷᠳᠡᠬᠦ  ᠰᠢᠰᠲᠧᠮ ᠬᠢᠭᠡᠳ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ᠎ᠶᠢᠨ ᠰᠢᠰᠲᠧᠮ᠎ᠢ ᠪᠦᠷᠢᠨᠰᠢᠬᠦᠯᠵᠦ᠂ ᠪᠣᠬᠢᠷᠲᠤᠯ ᠥᠬᠡᠶ᠂ ᠣᠷᠭᠠᠨᠢᠭ᠋᠂ ᠭᠠᠵᠠᠷ ᠵᠦᠶ᠎ᠶᠢᠨ ᠢᠯᠡᠷᠬᠡᠢᠯᠡᠯᠳᠦ ᠲᠦᠷᠦᠯ ᠲᠡᠮᠳᠡᠭᠲᠦ ᠦᠢᠯᠡᠳᠬᠦᠨ᠎ᠢ ᠪᠣᠶ᠋ᠢᠵᠢᠭᠤᠯᠬᠤ᠎ᠶᠢ ᠴᠢᠩᠭᠠᠷᠠᠭᠤᠯᠤᠨ᠂ 《ᠥᠪᠥᠷ ᠮᠣᠩᠭᠣᠯ》 ᠥᠰᠥᠭ᠎ᠦᠨ ᠭᠡᠷᠡᠴᠢᠯᠡᠯ ᠪᠠ《ᠬᠢᠨᠭᠭᠠᠨ᠎ᠠᠴᠠ ᠢᠷᠡᠯᠲᠠᠢ》ᠨᠠᠷᠠᠲᠤ ᠲᠥᠷᠥᠯ ᠲᠡᠮᠳᠡᠭ᠎ᠤᠨ ᠵᠢᠭ᠍ᠰᠠᠭᠠᠯ᠎ᠤᠨ ᠪᠠᠶ᠋ᠢᠭᠤᠯᠤᠯᠲᠠ᠎ᠶᠢ ᠲᠦᠷᠭᠡᠳᠬᠡᠨ᠎ᠡ᠃ ᠨᠠᠷᠠᠲᠤ ᠲᠦᠷᠦᠯ ᠲᠡᠮᠳᠡᠭ ᠬᠢᠭᠡᠳ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠂ ᠡᠯᠧᠺᠲᠷᠣᠨ ᠬᠤᠳᠠᠯᠳᠤᠭᠠᠨ᠎ᠤ ᠰᠢᠭᠤᠳ ᠨᠡᠪᠲᠡᠷᠡᠭᠦᠯᠭᠡ᠂ ᠳᠤᠮᠳᠠ ᠳᠡᠭᠡᠳᠦ ᠲᠠᠰ᠎ᠤᠨ ᠬᠡᠷᠡᠭᠯᠡᠭᠡ᠎ᠶᠢᠨ ᠵᠠᠬ᠎ᠠ ᠳᠡᠯᠭᠡᠭᠦᠷ᠎ᠯᠦ᠍ᠭᠡ ᠲᠤᠶ᠋ᠢᠯ᠎ᠤᠨ ᠣᠨᠣᠪᠴᠢᠲᠠᠶ᠎ᠪᠠᠷ ᠵᠣᠯᠭᠠᠭᠤᠯᠬᠤ᠎ᠶᠢ ᠠᠬᠢᠭᠤᠯᠵᠤ᠂ ᠨᠠᠷᠠᠲᠤ ᠲᠦᠷᠦᠯ ᠲᠡᠮᠳᠡᠭ᠎ᠤᠨ ᠢᠯᠭᠠᠨ ᠲᠠᠨᠢᠬᠤ ᠬᠡᠮᠵᠢᠶ᠎ᠡ᠂ ᠨᠥᠯᠥᠭᠡᠯᠡᠬᠦ ᠬᠦᠴᠦᠨ ᠬᠢᠭᠡᠳ ᠦᠨ᠎ᠡ ᠥᠰᠬᠡᠬᠦ ᠴᠢᠳᠠᠪᠤᠷᠢ᠎ᠶᠢ ᠳᠡᠭᠡᠭᠰᠢᠯᠡᠭᠦᠯᠦᠨ᠂ ᠠᠮᠢ ᠠᠬᠤᠶ᠎ᠶᠢᠨ ᠳᠠᠪᠠᠭᠤᠯᠢᠭ᠋᠂ ᠡᠬᠢ ᠪᠠᠶᠠᠯᠢᠭ᠋᠎ᠤᠨ ᠳᠠᠪᠠᠭᠤᠯᠢᠭ᠋᠎ᠢ ᠠᠵᠤ ᠦᠢᠯᠡᠰ᠎ᠦᠨ ᠳᠠᠪᠠᠭᠤᠯᠢᠭ᠋᠂ ᠵᠠᠬ᠎ᠠ ᠳᠡᠯᠭᠡᠭᠦᠷ᠎ᠦᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠬᠢᠩᠭᠠᠨ᠎ᠤ ᠣᠨᠴᠠᠯᠢᠭ᠋ ᠪᠥᠬᠥᠶ ᠨᠠᠷᠠᠲᠤ ᠲᠦᠷᠦᠯ ᠲᠡᠮᠳᠡᠭ ᠵᠢᠨᠷ ᠲᠠᠷᠢᠶᠠᠯᠠᠩ᠎ᠢ ᠬᠦᠴᠦᠷᠬᠡᠭᠵᠢᠭᠦᠯᠬᠦ᠂ ᠶᠠᠰᠤ ᠴᠢᠨᠠᠷ᠎ᠢᠶᠠᠷ ᠲᠠᠷᠢᠶᠠᠯᠠᠩ᠎ᠢ ᠬᠥᠭᠵᠢᠭᠦᠯᠬᠦ ᠵᠠᠮ᠎ᠢᠶᠠᠷ ᠵᠠᠮᠨᠠᠵᠤ᠂ ᠣᠷᠣᠨ ᠪᠦᠰᠡ᠎ᠶᠢᠨ ᠲᠠᠷᠢᠶᠠᠯᠠᠩ ᠮᠠᠯ ᠠᠵᠤ ᠠᠬᠤᠶ᠎ᠶᠢᠨ ᠭᠤᠤᠯᠯᠠᠬᠤ ᠥᠷᠢᠰᠥᠯᠳᠦᠬᠦ ᠬᠦᠴᠦᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃

ᠬᠦᠴᠦᠯᠡᠬᠦ ᠴᠡᠭ ᠳᠦᠷᠪᠡ᠄ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠵᠤ᠂ ᠦᠷ᠎ᠡ ᠡᠳ᠋᠎ᠦᠨ ᠡᠬᠢ ᠪᠠᠶᠠᠯᠢᠬ᠎ᠤᠨ ᠮᠡᠷᠭᠡᠵᠢᠯ ᠬᠢᠭᠡᠳ ᠲᠤᠷᠰᠢᠯᠲᠠ᠎ᠶᠢᠨ ᠣᠷᠣᠨ᠎ᠤ ᠵᠢᠱ᠌ᠢᠶ᠎ᠡ ᠦᠵᠡᠭᠦᠯᠬᠦ ᠪᠦᠲᠦᠭᠡᠨ ᠪᠠᠶ᠋ᠢᠭᠤᠯᠤᠯᠲᠠ᠎ᠶᠢ ᠴᠢᠩᠭᠠᠷᠠᠭᠤᠯᠤᠨ᠎ᠠ

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠭᠣᠣᠯ ᠬᠥᠳᠡᠯᠭᠡᠬᠦ ᠬᠦᠴᠦᠨ ᠪᠣᠯᠭᠠᠵᠤ᠂ 《1571》ᠠᠵᠢᠯ᠎ᠤᠨ ᠪᠠᠢᠷᠢᠯᠠᠭᠤᠯᠤᠯᠳᠠ ᠳ᠋ᠠᠬᠢ ᠦᠷ᠎ᠡ ᠶ᠋ᠢᠨ ᠢᠨᠵᠧᠨᠧᠷᠢᠩ ᠬᠢᠭᠡᠳ ᠲᠠᠷᠢᠶᠠᠯᠠᠩ ᠮᠠᠯ ᠠᠵᠤ ᠠᠬᠤᠶ᠎ᠶᠢᠨ ᠰᠢᠨ᠎ᠡ᠎ᠶᠢ ᠡᠭᠦᠳᠬᠦ ᠬᠡᠯᠬᠢᠶ᠎ᠡ᠎ᠶᠢᠨ ᠪᠦᠲᠦᠭᠡᠨ ᠪᠠᠶ᠋ᠢᠭᠤᠯᠤᠯᠲᠠ᠎ᠶᠢᠨ ᠱᠠᠭᠠᠷᠳᠠᠯᠭ᠎ᠠ᠎ᠯᠤᠭ᠎ᠠ ᠨᠢᠭ᠍ᠲᠠ ᠤᠶᠠᠯᠳᠤᠭᠤᠯᠤᠨ᠂ ᠠᠮᠢᠳᠤ ᠪᠣᠳᠠᠰ᠎ᠤᠨ ᠡᠭᠦᠯᠳᠡᠷ ᠪᠣᠶ᠋ᠢᠵᠢᠭᠤᠯᠬᠤ ᠪᠣᠭᠣᠮᠲᠠ ᠰᠢᠪᠲᠤᠯᠤᠯᠳᠠ᠎ᠶᠢ ᠭᠦᠨᠵᠡᠭᠡᠶ ᠬᠡᠷᠡᠭᠵᠢᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ᠂ ᠠᠯᠠᠰᠢᠨ ᠦᠬᠡᠷ ᠵᠡᠷᠭᠡ ᠭᠣᠣᠯᠳᠠᠯᠭ᠎ᠠ᠎ᠲᠠᠢ ᠲᠥᠷᠥᠯ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠦᠨ ᠦᠷ᠎ᠡ᠎ᠶᠢᠨ ᠡᠬᠢ ᠪᠠᠶᠠᠯᠢᠬ᠎ᠤᠨ ᠵᠠᠩᠭᠢᠯᠠᠭ᠎ᠠ᠎ᠶᠢᠨ ᠮᠡᠷᠭᠡᠵᠢᠯ᠎ᠦᠨ ᠰᠤᠳᠤᠯᠤᠨ ᠨᠡᠭᠡᠭᠡᠯᠲᠡ᠎ᠶᠢ ᠥᠷᠨᠢᠭᠦᠯᠵᠦ᠂ ᠪᠠᠷᠢᠮᠵᠢᠶᠠᠵᠢᠭᠤᠯᠤᠭᠰᠠᠨ ᠰᠠᠶ᠋ᠢᠨ ᠦᠷᠡᠵᠢᠭᠦᠯᠬᠦ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠪᠡᠶ᠎ᠡ᠎ᠪᠡᠨ ᠳᠠᠭᠠᠭᠠᠵᠤ ᠡᠭᠦᠯᠳᠡᠷ ᠪᠣᠶ᠋ᠢᠵᠢᠭᠤᠯᠬᠤ ᠴᠢᠳᠠᠪᠤᠷᠢ ᠬᠢᠭᠡᠳ ᠦᠷ᠎ᠡ᠎ᠶᠢᠨ ᠡᠬᠢ ᠪᠠᠶᠠᠯᠢᠭ᠎ᠤᠨ ᠠᠮᠤᠷ ᠲᠦᠪᠰᠢᠨ᠎ᠦ ᠬᠢᠷᠢ ᠬᠡᠮᠵᠢᠶ᠎ᠡ᠎ᠶᠢ ᠳᠡᠭᠡᠭᠰᠢᠯᠡᠭᠦᠯᠦᠨ᠎ᠡ᠃ ᠤᠯᠤᠰ᠎ᠤᠨ ᠲᠠᠰ᠎ᠤᠨ ᠣᠲᠣ᠌ ᠦᠶ᠎ᠡ᠎ᠶᠢᠨ ᠮᠠᠯ ᠠᠵᠤ ᠠᠬᠤᠶ᠎ᠶᠢᠨ ᠲᠤᠷᠰᠢᠯᠲᠠ᠎ᠶᠢᠨ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢ ᠴᠢᠨᠠᠷ ᠰᠠᠶ᠋ᠢᠲᠠᠶ ᠠᠬᠢᠭᠤᠯᠵᠤ᠂ ᠮᠠᠯ ᠪᠡᠯᠴᠢᠭᠡᠷ᠎ᠦᠨ ᠲᠡᠩᠴᠡᠭᠦᠷᠢ᠂ ᠤᠶᠤᠨᠲᠤ ᠮᠠᠯᠵᠢᠯ᠎ᠤᠨ ᠲᠠᠯᠠᠪᠠᠶ᠂ ᠲᠠᠷᠢᠶᠠᠯᠠᠩ ᠮᠠᠯ ᠠᠵᠤ ᠠᠬᠤᠶ᠎ᠶᠢᠨ ᠣᠷᠴᠢᠯ᠂ ᠬᠢᠵᠢᠭ ᠡᠪᠡᠳᠴᠢᠨ᠎ᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠵᠡᠷᠭᠡ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ ᠲᠤᠷᠰᠢᠯᠲᠠ ᠬᠢᠵᠦ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠵᠠᠭᠪᠤᠷ ᠲᠤᠷᠰᠢᠯᠭ᠎ᠠ᠎ᠶᠢ ᠪᠦᠷᠢᠯᠳᠦᠭᠦᠯᠵᠦ᠂ ᠪᠥᠬᠥ ᠣᠷᠣᠨ ᠴᠢᠨᠠᠭᠰᠢᠯᠠᠪᠠᠯ ᠪᠥᠬᠥ ᠤᠯᠤᠰ᠎ᠤᠨ ᠣᠲᠣ᠌ ᠦᠶ᠎ᠡ᠎ᠶᠢᠨ ᠮᠠᠯ ᠠᠵᠤ ᠠᠬᠤᠶ᠎ᠶᠢᠨ ᠬᠡᠪ ᠳᠠᠭᠤᠷᠢᠶᠠᠯ᠎ᠢ ᠪᠣᠶ ᠪᠣᠯᠭᠠᠨ᠎ᠠ᠃ ᠦᠨᠳᠦᠰᠦᠨ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠦᠢᠯᠡᠴᠢᠯᠡᠭᠡᠨ᠎ᠦ ᠲᠤᠤᠷ ᠰᠦᠯᠵᠢᠶ᠎ᠡ᠎ᠶᠢ ᠪᠦᠷᠢᠨᠰᠢᠬᠦᠯᠵᠦ᠂ ᠲᠣᠰ ᠭᠠᠵᠠᠷ᠎ᠤᠨ ᠲᠤᠰᠬᠠᠶ ᠮᠡᠷᠭᠡᠵᠢᠯ᠎ᠦᠨ ᠴᠢᠳᠠᠪᠤᠷᠢᠲᠠᠨ᠎ᠢ ᠬᠥᠲᠥᠯᠥᠨ ᠪᠣᠶ᠋ᠢᠵᠢᠭᠤᠯᠬᠤ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ᠎ᠶᠢ ᠴᠢᠩᠭᠠᠳᠬᠠᠨ᠂ ᠰᠢᠨ᠎ᠡ᠎ᠶᠢ ᠡᠭᠦᠳᠬᠦ ᠬᠥᠳᠡᠯᠭᠡᠭᠦᠷ᠎ᠢᠶᠡᠷ ᠲᠠᠷᠢᠶᠠᠯᠠᠩ ᠮᠠᠯ ᠠᠵᠤ ᠠᠬᠤᠶ᠎ᠶᠢᠨ ᠬᠥᠭᠵᠢᠯᠲᠡ᠎ᠶᠢᠨ ᠠᠷᠭ᠎ᠠ ᠮᠠᠶᠢᠭ᠋᠎ᠤᠨ ᠦᠨᠳᠦᠰᠦᠨ ᠴᠢᠨᠠᠷᠲᠠᠶ ᠬᠤᠪᠢᠷᠠᠯᠲᠠ᠎ᠶᠢ ᠠᠬᠢᠭᠤᠯᠵᠤ᠂ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦᠷᠬᠡᠭ ᠶᠡᠬᠡ ᠬᠥᠳᠡᠯᠭᠡᠬᠦ ᠡᠨᠧᠷᠭᠢ ᠣᠷᠣᠭᠤᠯᠤᠨ᠎ᠠ᠃

ᠬᠦᠴᠦᠯᠡᠬᠦ ᠴᠡᠭ ᠲᠠᠪᠤ᠄ ᠲᠦᠷᠢᠮ᠎ᠦᠨ ᠬᠠᠮᠵᠢᠯᠴᠠᠭᠰᠠᠨ ᠪᠠᠲᠤᠯᠠᠭ᠎ᠠ᠎ᠶᠢ ᠲᠡᠭᠦᠯᠳᠡᠷᠵᠢᠭᠦᠯᠵᠦ᠂ ᠰᠢᠨ᠎ᠡ  ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠣᠷᠴᠢᠨ ᠲᠣᠭᠣᠷᠢᠨ᠎ᠢ ᠰᠢᠯᠢᠳᠡᠭᠵᠢᠭᠦᠯᠦᠨ᠎ᠡ

ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠱᠠᠭᠠᠷᠳᠠᠯᠭ᠎ᠠ᠎ᠪᠠᠷ ᠪᠠᠷᠢᠮᠵᠢᠶ᠎ᠠ ᠪᠣᠯᠭᠠᠵᠤ᠂ ᠭᠠᠵᠠᠷ ᠰᠢᠷᠣᠶ᠂ ᠪᠠᠯᠠ ᠮᠥᠩᠭᠥ᠂ ᠴᠢᠳᠠᠪᠤᠷᠢᠲᠠᠨ᠂ ᠲᠣᠭ᠎ᠠ ᠪᠠᠷᠢᠮᠳᠠ ᠵᠡᠷᠭᠡ ᠵᠠᠩᠭᠢᠯᠠᠭ᠎ᠠ᠎ᠶᠢᠨ ᠬᠦᠴᠦᠨ ᠵᠦᠢᠯ᠎ᠦᠨ ᠣᠨᠣᠪᠴᠢᠲᠠᠶ ᠬᠠᠩᠭᠠᠯᠭ᠎ᠠ᠎ᠶᠢ ᠴᠢᠩᠭᠠᠳᠬᠠᠵᠤ᠂ ᠴᠢᠬᠤᠯᠠ ᠬᠦᠴᠦᠨ ᠵᠦᠢᠯ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠣᠭᠲᠠᠴᠠ᠎ᠶᠢ ᠪᠦᠷᠢᠨᠰᠢᠬᠦᠯᠵᠦ᠂ ᠲᠦᠷᠢᠮ᠎ᠦᠨ ᠴᠢᠨᠠᠷᠲᠠᠶ ᠠᠷᠠᠯᠵᠢᠶᠠᠨ᠎ᠤ ᠥᠪᠡᠷ᠎ᠦᠨ ᠥᠷᠲᠡᠭ᠎ᠢ ᠪᠠᠭᠤᠷᠠᠭᠤᠯᠤᠨ᠎ᠠ᠃ ᠠᠵᠤ ᠠᠬᠤᠢᠯᠠᠯ᠂ ᠲᠤᠰᠬᠠᠢ ᠬᠣᠷᠰᠢᠶ᠎ᠠ᠂ ᠮᠠᠯᠴᠢᠨ ᠲᠠᠷᠢᠶᠠᠴᠢᠨ ᠭᠡᠬᠦ ᠨᠢᠭ᠍ᠲᠠ ᠬᠡᠯᠪᠡᠷᠢ᠎ᠶᠢᠨ ᠠᠰᠢᠭ᠋ ᠲᠤᠰᠠ᠎ᠶᠢ ᠬᠣᠯᠪᠣᠬᠤ ᠲᠣᠭᠲᠠᠴᠠ᠎ᠶᠢ ᠲᠡᠭᠦᠯᠳᠡᠷᠵᠢᠭᠦᠯᠵᠦ᠂ ᠵᠠᠬᠢᠶᠠᠯᠠᠭ᠎ᠠ᠎ᠪᠠᠷ ᠦᠢᠯᠡᠳᠪᠦᠷᠢᠯᠡᠬᠦ᠂ ᠦᠨᠳᠦᠰᠦᠨ ᠵᠦᠢᠯ᠎ᠢ ᠪᠠᠲᠤᠯᠠᠨ ᠠᠰᠢᠭ᠋ ᠬᠤᠪᠢᠶᠠᠬᠤ᠂ ᠬᠤᠪᠢ ᠣᠷᠣᠭᠤᠯᠤᠨ ᠬᠤᠷᠰᠢᠬᠤ ᠵᠡᠷᠭᠡ ᠵᠠᠭᠪᠤᠷ᠎ᠢ ᠳᠡᠯᠭᠡᠷᠡᠭᠦᠯᠵᠦ᠂ ᠮᠠᠯᠴᠢᠨ ᠲᠠᠷᠢᠶᠠᠴᠢᠨ᠎ᠳᠤ ᠠᠵᠤ ᠦᠢᠯᠡᠰ᠎ᠦᠨ ᠨᠡᠮᠡᠭᠳᠡᠯ ᠥᠷᠲᠡᠭ᠎ᠦᠨ ᠠᠰᠢᠭ᠋ ᠣᠷᠣᠯᠭ᠎ᠠ᠎ᠶᠢ ᠨᠠᠩ ᠣᠯᠠᠨ ᠬᠦᠷᠲᠡᠭᠡᠨ᠎ᠡ᠃ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠬᠤ ᠲᠣᠭᠲᠠᠴᠠ᠎ᠶᠢᠨ ᠰᠢᠨ᠎ᠡ᠎ᠶᠢ ᠡᠭᠦᠳᠴᠦ᠂ ᠲᠣᠭᠠᠴᠢᠯᠠᠭᠰᠠᠨ ᠵᠠᠰᠠᠯᠲᠠ᠂ ᠲᠤᠶ᠋ᠢᠯ᠎ᠤᠨ ᠣᠨᠣᠪᠴᠢᠲᠠᠶ ᠬᠢᠨᠠᠯᠲᠠ ᠬᠠᠮᠢᠶᠠᠷᠤᠯᠲᠠ᠎ᠶᠢ ᠠᠬᠢᠭᠤᠯᠵᠤ᠂ ᠲᠥᠷᠥᠯ ᠵᠦᠢᠯ᠎ᠢ ᠨᠠᠶ᠋ᠢᠳᠠᠪᠤᠷᠢᠵᠢᠭᠤᠯᠬᠤ᠂ ᠲᠥᠷᠥ᠎ᠶᠢᠨ ᠪᠣᠳᠣᠯᠭ᠎ᠠ᠎ᠶᠢ ᠨᠠᠶ᠋ᠢᠳᠠᠪᠤᠷᠢᠵᠢᠭᠤᠯᠬᠤ ᠪᠠ ᠦᠢᠯᠡᠴᠢᠯᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠲᠦᠷᠢᠮ᠎ᠦᠨ ᠰᠢᠨ᠎ᠡ᠎ᠶᠢ ᠡᠭᠦᠳᠬᠦ᠂ ᠦᠢᠯᠡᠴᠢᠯᠡᠭᠡᠨ᠎ᠦ ᠰᠢᠨ᠎ᠡ᠎ᠶᠢ ᠡᠭᠦᠳᠬᠦ᠂ ᠲᠣᠭᠲᠠᠴᠠ᠎ᠶᠢᠨ ᠰᠢᠨ᠎ᠡ᠎ᠶᠢ ᠡᠭᠦᠳᠬᠦ᠎ᠪᠡᠷ ᠬᠥᠲᠥᠯᠦᠮᠵᠢ ᠪᠣᠯᠭᠠᠵᠤ᠂ ᠬᠢᠩᠭᠠᠨ ᠠᠶ᠋ᠢᠮᠠᠭ᠎ᠤᠨ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠶ᠋ᠢᠲᠠᠶ ᠬᠥᠭᠵᠢᠯᠲᠡ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠭᠠᠵᠠᠷ᠎ᠢ ᠪᠥᠬᠥ ᠲᠠᠯ᠎ᠠ᠎ᠪᠠᠷ ᠪᠠᠶ᠋ᠢᠭᠤᠯᠬᠤ᠎ᠳᠤ ᠣᠷᠳᠣ᠌ ᠬᠤᠭᠤᠴᠠᠭᠠᠨ᠎ᠤ ᠬᠦᠴᠦᠲᠡᠶ ᠲᠦᠷᠢᠮ᠎ᠦᠨ ᠪᠠᠲᠤᠯᠠᠭ᠎ᠠ ᠬᠠᠩᠭᠠᠨ᠎ᠠ᠃

ᠬᠢᠩᠭᠠᠨ ᠠᠶ᠋ᠢᠮᠠᠭ ᠨᠢ ᠥᠪᠡᠷᠲᠡᠭᠡᠨ ᠵᠠᠰᠠᠬᠤ ᠣᠷᠣᠨ᠎ᠤ 《1571》  ᠠᠵᠢᠯ᠎ᠤᠨ ᠪᠠᠶ᠋ᠢᠷᠢᠯᠠᠭᠤᠯᠤᠯᠲᠠ᠎ᠶᠢᠨ ᠲᠣᠭᠣᠷᠢᠨ᠎ᠳᠤ ᠡᠯ᠎ᠡ ᠵᠦᠢᠯ᠎ᠦᠨ ᠡᠭᠦᠷᠭᠡ᠎ᠶᠢ ᠨᠠᠶ᠋ᠢᠳᠠᠪᠤᠷᠢᠵᠢᠭᠤᠯᠬᠤ᠎ᠶᠢ ᠠᠬᠢᠭᠤᠯᠵᠤ᠂ ᠠᠮᠤ ᠪᠤᠳᠠᠭᠠᠨ᠎ᠤ ᠶᠡᠷᠦᠩᠬᠡᠶ᠋ᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ᠂ ᠲᠠᠷᠢᠶᠠᠯᠠᠩ ᠮᠠᠯ ᠠᠵᠤ ᠠᠬᠤᠶ᠎ᠶᠢᠨ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠬᠦ᠂ ᠣᠨᠴᠠᠯᠢᠭ᠍ᠲᠤ ᠨᠠᠷᠠᠲᠤ ᠲᠥᠷᠥᠯ ᠲᠡᠮᠳᠡᠭ᠎ᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠬᠡᠷᠡᠭᠯᠡᠭᠡᠨ ᠵᠡᠷᠭᠡ ᠭᠤᠤᠯᠳᠠᠯᠭ᠎ᠠ᠎ᠲᠠᠢ ᠬᠦᠷᠢᠶᠡᠨ᠎ᠳᠦ ᠦᠨᠡᠨ ᠪᠣᠳᠠᠲᠠᠶ ᠠᠬᠢᠴᠠ᠎ᠲᠠᠢ ᠪᠣᠯᠵᠣ᠌᠂ ᠭᠤᠤᠯ ᠬᠡᠮᠵᠢᠶᠡᠵᠢᠭᠦᠯᠦᠭᠰᠡᠨ ᠭᠦᠢᠴᠡᠳᠬᠡᠯ ᠲᠣᠭ᠎ᠠ᠎ᠨᠢ ᠨᠢᠭᠡᠨᠲᠡ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ᠎ᠳᠤ ᠬᠦᠷᠴᠦ᠂ ᠭᠠᠷᠤᠯᠲᠠ᠎ᠶᠢ ᠲᠣᠭᠲᠠᠪᠤᠷᠢᠵᠢᠭᠤᠯᠤᠨ ᠬᠠᠩᠭᠠᠯᠭ᠎ᠠ᠎ᠶᠢ ᠪᠠᠲᠤᠯᠠᠬᠤ᠂ ᠬᠡᠯᠬᠢᠶᠡᠵᠢᠭᠦᠯᠦᠨ ᠬᠦᠭᠵᠢᠭᠦᠯᠵᠦ ᠥᠷᠲᠡᠭ᠎ᠢ ᠨᠡᠮᠡᠭᠳᠡᠭᠦᠯᠬᠦ᠂ ᠨᠠᠷᠠᠲᠤ ᠲᠥᠷᠥᠯ ᠲᠡᠮᠳᠡᠭ᠎ᠤᠨ ᠦᠷ᠎ᠡ ᠠᠰᠢᠭ᠋᠎ᠢ ᠨᠡᠮᠡᠭᠳᠡᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠲᠤᠯᠭᠠᠭᠤᠷᠢᠯᠠᠬᠤ᠂ ᠪᠣᠬᠢᠷᠲᠤᠯ ᠥᠬᠡᠶ ᠬᠥᠭᠵᠢᠭᠦᠯᠬᠦ ᠲᠠᠪᠤᠨ ᠶᠡᠬᠡ ᠬᠥᠭᠵᠢᠯᠲᠡ᠎ᠶᠢᠨ ᠠᠷᠭ᠎ᠠ ᠵᠠᠮ᠎ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠪᠡ᠃ ᠭᠡᠪᠡᠴᠦ ᠣᠷᠣᠨ ᠪᠦᠰᠡ᠎ᠶᠢᠨ ᠲᠠᠷᠢᠶᠠᠯᠠᠩ ᠮᠠᠯ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠳᠦ ᠮᠥᠨ ᠬᠦ᠌ ᠦᠢᠯᠡᠳᠪᠦᠷᠢᠯᠡᠬᠦ ᠴᠢᠳᠠᠪᠤᠷᠢ᠎ᠶᠢᠨ ᠦᠨᠳᠦᠰᠦ ᠰᠠᠭᠤᠷᠢ᠎ᠶᠢ ᠪᠡᠬᠢᠵᠢᠭᠦᠯᠬᠦ ᠴᠢᠬᠤᠯᠠᠲᠠᠶ᠂ ᠠᠵᠤ ᠦᠢᠯᠡᠰ᠎ᠦᠨ ᠲᠠᠰ ᠳᠠᠪᠬᠤᠷᠭ᠎ᠠ ᠳᠤᠤᠷ᠎ᠠ ᠮᠥᠷᠲᠡᠭᠡᠨ ᠬᠠᠮᠵᠢᠯᠴᠠᠬᠤ ᠬᠢᠷᠢ ᠲᠦᠪᠰᠢᠨ ᠥᠨᠳᠥᠷ ᠪᠢᠰᠢ᠂ ᠨᠠᠷᠠᠲᠤ ᠲᠦᠷᠦᠯ ᠲᠡᠮᠳᠡᠭ᠎ᠤᠨ ᠰᠢᠰᠲᠧᠮ᠎ᠢ ᠡᠮᠬᠢᠯᠡᠨ ᠨᠡᠶ᠋ᠢᠯᠡᠭᠦᠯᠬᠦ ᠲᠠᠯ᠎ᠠ᠎ᠪᠠᠷ ᠬᠦᠷᠦᠯᠴᠡᠬᠦ ᠥᠬᠡᠢ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠦᠷ᠎ᠡ ᠪᠦᠲᠦᠮᠵᠢ ᠥᠨᠳᠥᠷ ᠪᠢᠰᠢ ᠵᠡᠷᠭᠡ ᠲᠣᠪᠣᠶ᠋ᠢᠮ᠎ᠠ ᠠᠰᠠᠭᠤᠳᠠᠯ ᠲᠤᠯᠭᠠᠷᠠᠵᠤ ᠪᠠᠶ᠋ᠢᠨ᠎ᠠ᠃《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠯᠡᠭᠡ ᠶ᠋ᠢᠨ ᠬᠤᠭᠤᠴᠠᠭᠠᠨ᠎ᠳᠤ ᠬᠢᠩᠭᠠᠨ ᠠᠶ᠋ᠢᠮᠠᠭ ᠨᠢ ᠦᠷᠭᠦᠯᠵᠢᠯᠡᠨ ᠴᠢᠨᠠᠷ ᠰᠠᠶ᠋ᠢᠲᠠᠶ ᠬᠥᠭᠵᠢᠯᠲᠡ᠂ ᠰᠠᠭᠤᠷᠢ ᠵᠢ ᠪᠡᠬᠢᠵᠢᠭᠦᠯᠬᠦ ᠪᠥᠲᠥᠭᠡᠨ ᠪᠠᠶ᠋ᠢᠭᠤᠯᠤᠯᠲᠠ᠎ᠪᠠᠷ ᠭᠤᠤᠯ ᠤᠳᠤᠷᠢᠳᠤᠮᠵᠢ ᠪᠣᠯᠭᠠᠵᠤ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢᠨ ᠲᠣᠭᠲᠠᠪᠤᠷᠢᠲᠤ ᠴᠢᠨᠠᠷ᠂ ᠵᠠᠬ᠎ᠠ ᠳᠡᠯᠭᠡᠭᠦᠷ᠎ᠦᠨ ᠥᠷᠢᠰᠥᠯᠳᠦᠬᠦ ᠬᠦᠴᠦᠨ ᠪᠣᠯᠤᠨ ᠣᠷᠳᠣ᠌ ᠬᠤᠭᠤᠴᠠᠭᠠᠨ᠎ᠤ ᠬᠥᠭᠵᠢᠯᠲᠡ᠎ᠶᠢᠨ ᠤᠶᠠᠨ ᠬᠠᠲᠠᠨ ᠴᠢᠨᠠᠷ᠎ᠢ ᠦᠷᠭᠦᠯᠵᠢᠯᠡᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ《1571》ᠠᠵᠢᠯ᠎ᠤᠨ ᠪᠠᠢᠷᠢᠯᠠᠭᠤᠯᠤᠯᠳᠠ ᠎ᠶᠢ ᠬᠦᠨᠵᠡᠭᠡᠢ ᠨᠠᠶ᠋ᠢᠳᠠᠪᠤᠷᠢᠵᠢᠭᠤᠯᠬᠤ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠠᠶ᠋ᠢᠭᠤᠯᠬᠤ ᠠᠬᠢᠴᠠ ᠳᠤᠮᠳᠠ ᠲᠦᠷᠦᠭᠦᠯᠡᠨ ᠰᠢᠪᠲᠤᠯᠤᠯᠲᠠ ᠭᠠᠷᠭᠠᠵᠤ᠂ ᠵᠢᠱ᠌ᠢᠶ᠎ᠡ ᠦᠵᠡᠭᠦᠯᠬᠦ ᠬᠡᠷᠡᠭᠲᠡᠶ᠃

    (ᠵᠤᠬᠢᠶᠠᠬᠴᠢ ᠵᠢᠨ ᠬᠠᠶᠢᠭ᠄ ᠬᠢᠩᠭᠠᠨ ᠠᠶ᠋ᠢᠮᠠᠭ᠎ᠤᠨ ᠨᠠᠮ᠎ᠤᠨ ᠰᠤᠷᠭᠠᠭᠤᠯᠢ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面