ᠲᠡᠷᠢᠭᠦᠨ ᠨᠢᠭᠤᠷ>ᠣᠨᠣᠯ ᠱᠢᠭᠦᠮᠵᠢ>ᠣᠨᠣᠯ

2026-08-25 11:24:23

ᠵᠣᠬᠢᠶᠠᠭ᠍ᠴᠢ᠄ ᠦ᠊᠂ ᠬᠤᠩ ᠮᠸᠢ ᠣᠩᠱᠢᠭ᠍ᠰᠠᠨ ᠣᠳᠠᠭ᠎ᠠ᠄ 3

ᠰᠤᠷᠪᠤᠯᠵᠢ ᠪᠢᠴᠢᠭ ᠤ᠋ᠨ ᠬᠠᠮᠠᠭᠠᠯᠠᠯᠳᠠ ᠵᠢ ᠴᠢᠩᠭᠠᠳᠬᠠᠨ ᠲᠤᠮᠳᠠᠳᠤ ᠤᠯᠤᠰ ᠤ᠋ᠨ ᠭᠦᠨ ᠤᠬᠠᠭᠠᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠢ᠋ ᠴᠤᠭᠴᠠᠯᠠᠶ᠎ᠠ

ᠰᠢ ᠵᠢᠨ ᠫᠢᠩ ᠨᠦᠬᠦᠷ ᠵᠢᠡᠷ ᠭᠤᠤᠯ ᠪᠤᠯᠭᠠᠭᠰᠠᠨ ᠨᠠᠮ ᠤ᠋ᠨ ᠲᠦᠪ ᠬᠤᠷᠢᠶ᠎ᠠ ᠠ᠋ᠴᠠ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠢ᠋ ᠪᠠᠢᠭᠤᠯᠬᠤ ᠲᠤᠬᠠᠢ ᠴᠢᠬᠤᠯᠠᠴᠢᠯᠠᠭᠰᠠᠭᠠᠷ ᠢᠷᠡᠵᠠᠢ᠃ ᠦᠨᠦ ᠵᠢᠯ ᠤ᠋ᠨ 5 ᠰᠠᠷ᠎ᠠ ᠶ᠋ᠢᠨ17 ᠤ᠋ ᠡᠳᠦᠷ ᠶᠡᠷᠤᠡᠭᠬᠡᠢ ᠱᠦᠵᠢ ᠰᠢ᠎ᠶᠢᠨ ᠫᠢᠩ ᠡᠨᠡ ᠲᠤᠬᠠᠢ ᠴᠢᠬᠤᠯᠠ ᠵᠢᠭᠠᠪᠤᠷᠢ ᠦᠭᠴᠦ 《ᠲᠤᠮᠳᠠᠳᠤ ᠤᠯᠤᠰ ᠤ᠋ᠨ ᠭᠦᠨ ᠤᠬᠠᠭᠠᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠢ᠋ ᠲᠦᠷᠭᠡᠨ ᠢ᠋ᠶ᠋ᠠᠷ ᠪᠠᠢᠭᠤᠯᠵᠤ᠂ ᠲᠤᠮᠳᠠᠳᠤ ᠤᠯᠤᠰ ᠤ᠋ᠨ ᠠᠰᠠᠭᠤᠯᠳᠠ᠂ ᠲᠡᠯᠡᠬᠡᠢ ᠶ᠋ᠢᠨ ᠠᠰᠠᠭᠤᠯᠳᠠ᠂ ᠠᠷᠠᠳ ᠲᠦᠮᠡᠨ ᠤ᠋ ᠠᠰᠠᠭᠤᠯᠳᠠ᠂ ᠴᠠᠭ ᠦᠶ᠎ᠡ ᠶ᠋ᠢᠨ ᠠᠰᠠᠭᠤᠯᠳᠠ ᠶ᠋ᠢ ᠨᠡᠩ ᠰᠠᠢᠳᠤᠷ ᠬᠠᠷᠢᠭᠤᠯᠵᠤ᠂ ᠭᠦᠨ ᠤᠬᠠᠭᠠᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠴᠢᠨᠠᠷ ᠰᠠᠢᠳᠠᠢ ᠭᠦᠭᠵᠢᠯᠳᠡ ᠶ᠋ᠢᠨ ᠪᠠᠢᠳᠠᠯ ᠢ᠋ ᠴᠢᠷᠮᠡᠢᠨ ᠡᠭᠦᠳᠴᠦ᠂ ᠲᠤᠮᠳᠠᠳᠤ ᠤᠯᠤᠰ ᠤ᠋ᠨ ᠮᠠᠶᠢᠭ᠋ ᠤ᠋ᠨ ᠤᠳᠤᠬᠢᠴᠢᠯᠠᠯᠳᠠ ᠶ᠋ᠢᠨ ᠪᠦᠳᠦᠭᠡᠨ ᠪᠠᠢᠭᠤᠯᠤᠯᠳᠠ ᠳ᠋ᠦ᠍ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢ᠋ᠶ᠋ᠠᠨ ᠡᠷᠭᠦᠬᠦ ᠬᠡᠷᠡᠭ᠌ᠳᠠᠢ》 ᠭᠡᠵᠤ ᠴᠢᠬᠤᠯᠠᠴᠢᠯᠠᠪᠠ᠃ ᠨᠡᠢᠭᠡᠮ ᠤ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠡᠩᠨᠡᠭᠡᠨ ᠳ᠋ᠦ᠍ ᠪᠠᠢᠭ᠎ᠠ ᠪᠢᠳᠡ ᠨᠠᠮ ᠤ᠋ᠨ ᠲᠦᠷᠦ ᠶ᠋ᠢᠨ ᠪᠤᠳᠤᠯᠭ᠎ᠠ ᠶ᠋ᠢ ᠰᠤᠷᠤᠯᠴᠠᠨ᠂ ᠭᠦᠨ ᠤᠬᠠᠭᠠᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠢ᠋ ᠪᠠᠢᠭᠤᠯᠬᠤ ᠲᠤᠬᠠᠢ ᠰᠡᠳᠬᠢᠭᠦᠰᠢᠳᠠᠢ ᠶᠤᠮ᠃ ᠴᠦᠬᠡᠨ ᠲᠤᠭᠠᠳᠤ ᠦᠨᠳᠦᠰᠦᠳᠡᠨ ᠤ᠋ ᠰᠤᠷᠪᠤᠯᠵᠢ ᠪᠢᠴᠢᠭ ᠨᠢ ᠲᠤᠮᠳᠠᠳᠤ ᠶ᠋ᠢᠨ ᠦᠨᠳᠦᠰᠦᠳᠡᠨ ᠤ᠋ ᠰᠤᠶᠤᠯ ᠤ᠋ᠨ ᠦᠪ ᠤ᠋ᠨ ᠴᠢᠬᠤᠯᠠ ᠪᠦᠷᠢᠯᠳᠦᠭᠦᠨ ᠬᠡᠰᠡᠭ ᠪᠤᠯᠤᠭᠰᠠᠨ ᠤ᠋ ᠬᠤᠪᠢ ᠳ᠋ᠦ᠍ ᠭᠦᠨ ᠤᠬᠠᠭᠠᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠢ᠋ ᠪᠠᠢᠭᠤᠯᠬᠤ ᠳ᠋ᠦ᠍ ᠤᠷᠤᠯᠠᠭᠤᠯᠵᠤ ᠪᠤᠯᠤᠰᠢ ᠦᠭᠡᠢ ᠦᠢᠯᠡᠳᠦᠯ ᠲᠠᠢ᠃

ᠴᠦᠬᠡᠨ ᠲᠤᠭᠠᠳᠤ ᠦᠨᠳᠦᠰᠦᠳᠡᠨ ᠤ᠋ ᠰᠤᠷᠪᠤᠯᠵᠢ ᠪᠢᠴᠢᠭ ᠢ᠋ ᠬᠠᠮᠠᠭᠠᠯᠠᠨ ᠬᠦᠭᠵᠢᠭᠦᠯᠬᠦ ᠨᠢ ᠭᠦᠨ ᠤᠬᠠᠭᠠᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠢ᠋ ᠪᠠᠢᠭᠤᠯᠬᠤ ᠳ᠋ᠦ᠍ ᠬᠤᠪᠤᠷ ᠮᠠᠲᠸᠷᠢᠶᠠᠯ ᠬᠠᠩᠭᠠᠳᠠᠭ

ᠴᠦᠬᠡᠨ ᠲᠤᠭᠠᠳᠤ ᠦᠨᠳᠦᠰᠦᠳᠡᠨ ᠤ᠋ ᠰᠤᠷᠪᠤᠯᠵᠢ ᠪᠢᠴᠢᠭ ᠨᠢ ᠤᠷᠳᠤ ᠤᠳᠠᠭᠠᠨ ᠤᠨ ᠵᠢᠯ ᠢ᠋ ᠲᠤᠭᠤᠯᠤᠨ ᠮᠠᠨ ᠤ᠋ ᠦᠶ᠎ᠡ ᠳ᠋ᠦ᠍ ᠤᠯᠠᠮᠵᠢᠯᠠᠭᠳᠠᠨ ᠢᠷᠡᠬᠦ ᠎ᠳᠡᠭᠡᠨ ᠬᠡᠮᠵᠢᠶᠡᠯᠡᠰᠢ ᠦᠭᠡᠢ ᠶᠡᠬᠡ ᠪᠠᠶᠠᠯᠢᠭ᠋ ᠠᠭᠤᠯᠤᠭᠳᠠᠴᠠ ᠲᠠᠢ 《ᠡᠷᠳᠡᠨᠢᠰ ᠤ᠋ᠨ ᠰᠠᠩ》 ᠢ᠋ ᠪᠦᠷᠢᠯᠳᠦᠭᠦᠯᠵᠠᠢ᠃ ᠲᠡᠮᠳᠡᠭᠯᠡᠭᠰᠡᠨ ᠦᠰᠦᠭ ᠪᠢᠴᠢᠭ ᠤ᠋ᠨ ᠲᠠᠯ᠎ᠠ ᠪᠡᠷ ᠮᠤᠩᠭᠤᠯ᠂ ᠮᠠᠨᠵᠤ᠂ ᠲᠦᠪᠡᠳ᠂ ᠤᠢᠭᠤᠷ᠂ ᠭᠢᠳᠠᠨ᠂ ᠲᠦᠷᠺ ᠵᠡᠷᠭᠡ ᠤᠯᠠᠨ ᠲᠦᠷᠦᠯ ᠤ᠋ᠨ ᠬᠡᠯᠡᠨ ᠤ᠋ ᠰᠤᠷᠪᠤᠯᠵᠢ ᠪᠢᠴᠢᠭ ᠪᠠᠢᠬᠤ ᠪᠦᠭᠡᠳ ᠠᠴᠢᠶᠠᠯᠠᠭ᠍ᠴᠢ ᠶ᠋ᠢᠨ ᠬᠤᠪᠢ ᠳ᠋ᠦ᠍ ᠬᠠᠳᠠᠨ ᠵᠢᠷᠤᠭ᠂ ᠤᠢᠰᠤᠨ ᠪᠢᠴᠢᠭ᠂ ᠬᠦᠰᠢᠶ᠎ᠡ ᠴᠢᠯᠠᠭᠤᠨ ᠎ᠤ ᠪᠢᠴᠢᠭᠡᠰᠤ᠂ ᠴᠠᠭᠠᠰᠤ᠂ ᠪᠦᠰ᠂ ᠲᠤᠷᠭᠠᠨ ᠲᠡᠭᠡᠷ᠎ᠡ ᠪᠢᠴᠢᠭᠰᠡᠨ ᠵᠡᠷᠭᠡ ᠤᠯᠠᠨ ᠲᠦᠷᠦᠯ ᠪᠤᠢ᠃ ᠡᠬᠡ ᠪᠢᠴᠢᠭ᠂ ᠪᠠᠷ ᠬᠡᠪᠯᠡᠯ ᠤ᠋ᠨ ᠬᠤᠪᠢ ᠳ᠋ᠦ᠍ ᠭᠠᠷ ᠪᠢᠴᠢᠮᠡᠯ᠂ ᠮᠤᠳᠤᠨ ᠪᠠᠷ᠂ ᠴᠢᠯᠠᠭᠤᠨ ᠪᠠᠷ᠂ ᠬᠤᠷᠭᠤᠯᠵᠢᠨ ᠪᠠᠷ ᠵᠡᠷᠭᠡ ᠪᠠᠢᠵᠤ᠂ ᠲᠦᠷᠦᠯ ᠵᠦᠢᠯ ᠤ᠋ᠨ ᠬᠤᠪᠢ ᠳ᠋ᠦ᠍ ᠤᠷᠠᠨ ᠵᠤᠬᠢᠶᠠᠯ᠂ ᠬᠡᠯᠡ᠂ ᠲᠡᠤᠬᠡ᠂ ᠱᠠᠰᠢᠨ ᠰᠤᠷᠳᠠᠬᠤᠨ᠂ ᠡᠮ ᠡᠮᠨᠡᠯᠭᠡ᠂ ᠭᠦᠨ ᠤᠬᠠᠭᠠᠨ᠂ ᠤᠯᠤᠰ ᠲᠦᠷᠦ᠂ ᠬᠠᠤᠯᠢ ᠴᠠᠭᠠᠵᠠ ᠵᠡᠷᠭᠡ ᠤᠯᠠᠨ ᠲᠠᠯ᠎ᠠ ᠶ᠋ᠢ ᠬᠠᠮᠤᠷᠬᠤ ᠮᠦᠷᠳᠡᠭᠡᠨ ᠲᠦᠷᠦᠯ ᠨᠢᠭᠡᠪᠦᠷᠢ ᠎ᠳᠡᠭᠡᠨ ᠨᠠᠷᠢᠨ ᠬᠤᠪᠢᠶᠠᠷᠢᠯᠠᠯᠳᠠ ᠲᠠᠢ᠃ ᠡᠳᠡᠭᠡᠷ ᠨᠢ ᠭᠦᠨ ᠤᠬᠠᠭᠠᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠢ᠋ ᠴᠤᠭᠴᠠᠯᠠᠬᠤ ᠳ᠋ᠦ᠍ ᠤᠭ ᠮᠠᠲᠸᠷᠢᠶᠠᠯ ᠪᠤᠯᠳᠠᠭ᠃ ᠦᠭᠡ ᠬᠡᠯᠡᠨ ᠤ᠋ ᠡᠭᠦᠰᠴᠦ ᠬᠦᠭᠵᠢᠭᠰᠡᠨ ᠤᠯᠪᠠᠭ᠎ᠠ ᠂ ᠨᠦᠯᠦᠭᠡᠯᠡᠯᠴᠡᠯ ᠢ᠋ ᠭᠦᠨᠵᠡᠭᠡᠢ ᠰᠤᠳᠤᠯᠬᠤ᠂ ᠦᠨᠡᠨ ᠪᠤᠳᠠᠳᠠᠢ ᠭᠡᠷᠡᠴᠢ ᠪᠠᠷᠢᠮᠳᠠ ᠶ᠋ᠢ ᠠᠰᠢᠭ᠍ᠯᠠᠨ ᠲᠤᠮᠳᠠᠳᠤ ᠶ᠋ᠢᠨ ᠦᠨᠳᠦᠰᠦᠳᠡᠨ ᠤ᠋ 《ᠤᠯᠠᠨ ᠡᠰᠢᠳᠦ ᠨᠢᠭᠡ ᠴᠤᠭᠴᠠᠵᠢᠭ᠍ᠰᠡᠨ》 ᠲᠡᠤᠬᠡ ᠶ᠋ᠢ ᠰᠤᠳᠤᠯᠬᠤ᠂ ᠡᠯ᠎ᠡ ᠦᠨᠳᠦᠰᠦᠳᠡᠨ ᠤ᠋ ᠰᠤᠶᠤᠯ᠂ ᠵᠠᠩ ᠲᠠᠳᠬᠠᠯ᠂ ᠰᠢᠳᠦᠯᠭᠡ ᠪᠢᠰᠢᠷᠡᠯ᠂ ᠠᠮᠢᠳᠤᠷᠠᠯ ᠠᠬᠤᠢ ᠶ᠋ᠢᠨ ᠤᠨᠴᠠᠯᠢᠭ᠋ ᠰᠢᠨᠵᠢ ᠵᠢᠴᠢ ᠬᠠᠷᠢᠯᠴᠠᠨ ᠨᠦᠯᠦᠭᠡᠯᠡᠯᠴᠡᠯ᠂ ᠠᠭᠤᠰᠤᠯᠴᠠᠯ ᠤ᠋ᠨ ᠲᠤᠬᠠᠢ ᠰᠤᠳᠤᠯᠬᠤ᠂ ᠬᠠᠤᠯᠢ ᠪᠠ ᠠᠵᠤ ᠠᠬᠤᠢ ᠶ᠋ᠢᠨ ᠲᠠᠯ᠎ᠠ ᠪᠡᠷ ᠰᠤᠳᠤᠯᠬᠤ᠂ ᠱᠠᠰᠢᠨ ᠰᠤᠷᠳᠠᠬᠤᠨ ᠪᠠ ᠭᠦᠨ ᠤᠬᠠᠭᠠᠨ ᠤ᠋ ᠲᠠᠯ᠎ᠠ ᠪᠡᠷ ᠰᠤᠳᠤᠯᠬᠤ ᠳ᠋ᠦ᠍ ᠴᠦᠬᠡᠨ ᠲᠤᠭᠠᠳᠤ ᠦᠨᠳᠦᠰᠦᠳᠡᠨ ᠤ᠋ ᠰᠤᠷᠪᠤᠯᠵᠢ ᠪᠢᠴᠢᠭ ᠨᠢ ᠤᠯᠠᠨ ᠲᠠᠯ᠎ᠠ ᠶ᠋ᠢᠨ ᠪᠠᠶᠠᠯᠢᠭ᠋ ᠮᠠᠲᠸᠷᠢᠶᠠᠯ ᠢ᠋ ᠬᠠᠩᠭᠠᠨ᠂ ᠠᠭᠤᠯᠭ᠎ᠠ ᠶ᠋ᠢᠨ ᠲᠠᠯ᠎ᠠ ᠪᠡᠷ ᠨᠦᠬᠦᠪᠦᠷᠢᠯᠡᠨ᠂ ᠲᠤᠷᠰᠢᠯᠭ᠎ᠠ ᠰᠤᠷᠭᠠᠮᠵᠢ ᠶ᠋ᠢᠨ ᠲᠠᠯ᠎ᠠ ᠪᠡᠷ ᠲᠤᠯᠢ ᠪᠤᠯᠬᠤ ᠦᠢᠯᠡᠳᠦᠯ ᠲᠠᠢ ᠶᠤᠮ᠃

ᠴᠦᠬᠡᠨ ᠲᠤᠭᠠᠳᠤ ᠦᠨᠳᠦᠰᠦᠳᠡᠨ ᠤ᠋ ᠰᠤᠷᠪᠤᠯᠵᠢ ᠪᠢᠴᠢᠭ ᠢ᠋ ᠬᠠᠮᠠᠭᠠᠯᠠᠬᠤ ᠨᠢ ᠭᠦᠨ ᠤᠬᠠᠭᠠᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠤ᠋ᠨ ᠴᠤᠭᠴᠠᠯᠠᠯᠲᠠ ᠳ᠋ᠦ᠍ ᠤᠨᠤᠯ ᠤ᠋ᠨ ᠪᠠᠷᠢᠮᠳᠠ ᠬᠠᠩᠭᠠᠳᠠᠭ

ᠶᠡᠷᠦᠩᠬᠡᠢ ᠱᠦᠵᠢ ᠰᠢ ᠵᠢᠨ ᠫᠢᠩ《ᠲᠤᠮᠳᠠᠳᠤ ᠤᠯᠤᠰ ᠤ᠋ᠨ ᠲᠡᠤᠬᠡ ᠪᠤᠯ ᠦᠨᠳᠦᠰᠦᠳᠡᠨ ᠨᠤᠭᠦᠳ ᠠᠭᠤᠰᠤᠯᠴᠠᠵᠤ ᠂ ᠤᠯᠠᠨ ᠡᠰᠢᠳᠦ ᠨᠢᠭᠡ ᠴᠤᠭᠴᠠᠵᠢᠭ᠍ᠰᠡᠨ ᠲᠤᠮᠳᠠᠳᠤ ᠶ᠋ᠢᠨ ᠦᠨᠳᠦᠰᠦᠳᠡᠨ ᠤ᠋ ᠲᠡᠤᠬᠡ ᠮᠦᠨ》 ᠭᠡᠵᠠᠢ ᠃ ᠡᠨᠡ ᠎ᠬᠦ 《ᠤᠯᠠᠨ ᠡᠰᠢᠳᠦ ᠨᠢᠭᠡ ᠴᠤᠭᠴᠠᠵᠢᠭ᠍ᠰᠡᠨ》 ᠤᠨᠴᠠᠯᠢᠭ᠋ ᠪᠦᠬᠦᠢ ᠨᠤᠳᠤᠭ ᠲᠡᠪᠢᠰᠭᠡᠷ ᠲᠡᠭᠡᠷ᠎ᠡ ᠠᠮᠢᠳᠤᠷᠠᠵᠤ ᠲᠡᠮᠡᠴᠡᠵᠦ ᠢᠷᠡᠭᠰᠡᠨ ᠡᠯ᠎ᠡ ᠦᠨᠳᠦᠰᠦᠳᠡᠨ ᠤ᠋ ᠠᠷᠠᠳ ᠲᠦᠮᠡᠨ ᠤ᠋ ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠯ᠂ ᠨᠦᠯᠦᠭᠡᠯᠡᠯᠴᠡᠯ ᠤ᠋ᠨ ᠳ᠋ᠦᠩ ᠳ᠋ᠦ᠍ ᠪᠦᠷᠢᠯᠳᠦᠭᠰᠡᠨ ᠭᠢᠯᠠᠯᠵᠠᠮ᠎ᠠ ᠰᠤᠶᠤᠯ ᠪᠤᠯᠬᠤ ᠴᠦᠬᠡᠨ ᠲᠤᠭᠠᠳᠤ ᠦᠨᠳᠦᠰᠦᠳᠡᠨ ᠤ᠋ ᠰᠤᠷᠪᠤᠯᠵᠢ ᠪᠢᠴᠢᠭ ᠨᠢ ᠮᠦᠨ ᠎ᠴᠦ ᠲᠤᠮᠳᠠᠳᠤ ᠶ᠋ᠢᠨ ᠦᠨᠳᠦᠰᠦᠳᠡᠨ ᠤ᠋ ᠰᠢᠯᠢᠳᠡᠭ ᠰᠤᠶᠤᠯ ᠤ᠋ᠨ ᠪᠦᠷᠢᠯᠳᠦᠬᠦᠨ᠂ ᠬᠤᠪᠤᠷ ᠨᠠᠨᠳᠢᠨ ᠰᠤᠶᠤᠯ ᠤ᠋ᠨ ᠦᠪ ᠪᠤᠯᠤᠨ᠎ᠠ᠃ ᠡᠨᠡ ᠎ᠬᠦ 《ᠡᠷᠳᠡᠨᠢᠰ ᠤ᠋ᠨ ᠬᠦᠮᠦᠷᠭᠡ》 ᠳ᠋ᠦ᠍ ᠭᠦᠨ ᠤᠬᠠᠭᠠᠨ ᠪᠠ ᠤᠨᠤᠯ ᠤ᠋ᠨ ᠲᠠᠯ᠎ᠠ ᠶ᠋ᠢᠨ ᠴᠦᠬᠡᠨ ᠪᠤᠰᠤ ᠠᠭᠤᠯᠭ᠎ᠠ ᠬᠠᠳᠠᠭᠠᠯᠠᠭᠳᠠᠵᠤ ᠪᠠᠢᠳᠠᠭ ᠠ᠋ᠴᠠ ᠡᠯ᠎ᠡ ᠦᠨᠳᠦᠰᠦᠳᠡᠨ ᠤ᠋ ᠰᠤᠶᠤᠯ ᠤ᠋ᠨ ᠬᠦᠷᠦᠰᠦᠨ ᠠ᠋ᠴᠠ ᠦᠪᠡᠷ ᠤ᠋ᠨ ᠤᠨᠴᠠᠯᠢᠭ᠋ ᠪᠦᠬᠦᠢ ᠪᠡᠶ᠎ᠡ ᠪᠡᠨ ᠲᠠᠭᠠᠭᠠᠭᠰᠠᠨ ᠤᠨᠤᠯ᠂ ᠠᠷᠭ᠎ᠠ ᠶ᠋ᠢ ᠠᠭᠤᠳᠠᠯᠤᠨ᠂ ᠲᠤᠮᠳᠠᠳᠤ ᠶ᠋ᠢᠨ ᠦᠨᠳᠦᠰᠦᠳᠡᠨ ᠤ᠋ ᠰᠤᠶᠤᠯ ᠤ᠋ᠨ ᠤᠯᠠᠨ ᠶᠠᠩᠵᠤᠳᠤ ᠴᠢᠨᠠᠷ ᠪᠠ ᠨᠢᠭᠡᠳᠦᠯᠳᠦ ᠴᠢᠨᠠᠷ ᠢ᠋ ᠢᠯᠡᠷᠡᠭᠦᠯᠦᠨ᠂ ᠭᠦᠭᠵᠢᠯ ᠤ᠋ᠨ ᠤᠯᠪᠠᠭ᠎ᠠ ᠶ᠋ᠢ ᠲᠤᠳᠤᠷᠠᠭᠤᠯᠤᠨ᠂ ᠡᠷᠳᠡᠨ ᠠ᠋ᠴᠠ ᠤᠯᠠᠮᠵᠢᠯᠠᠯ ᠲᠠᠢ ᠡᠯ᠎ᠡ ᠦᠨᠳᠦᠰᠦᠳᠡᠨ ᠤ᠋ ᠰᠤᠶᠤᠯ ᠤ᠋ᠨ ᠤᠬᠢ ᠰᠢᠯᠢᠳᠡᠭ ᠵᠦᠢᠯ ᠢ᠋ ᠡᠳᠦᠭᠡ ᠴᠠᠭ ᠦᠶ᠎ᠡ ᠶ᠋ᠢᠨ ᠪᠤᠳᠠᠳᠤ ᠪᠠᠢᠳᠠᠯ ᠲᠠᠢ ᠤᠶᠠᠯᠳᠤᠭᠤᠯᠤᠨ᠂ ᠲᠤᠮᠳᠠᠳᠤ ᠤᠯᠤᠰ ᠤ᠋ᠨ ᠭᠦᠭᠵᠢᠯᠳᠡ ᠶ᠋ᠢᠨ ᠱᠠᠭᠠᠷᠳᠠᠯᠭ᠎ᠠ ᠲᠠᠢ ᠵᠤᠬᠢᠴᠠᠭᠰᠠᠨ᠂ ᠵᠢᠩᠬᠢᠨᠢ ᠪᠡᠶ᠎ᠡ ᠪᠡᠨ ᠲᠠᠭᠠᠭᠠᠭᠰᠠᠨ ᠲᠤᠮᠳᠠᠳᠤ ᠶ᠋ᠢᠨ ᠦᠨᠳᠦᠰᠦᠳᠡᠨ ᠤ᠋ ᠬᠠᠮᠳᠤ ᠶ᠋ᠢᠨ ᠴᠤᠭᠴᠠ ᠶ᠋ᠢᠨ ᠦᠭᠡ ᠶᠠᠷᠢᠶᠠᠨ ᠤ᠋ ᠰᠢᠰᠲᠸᠮ ᠪᠠ ᠤᠨᠤᠯ ᠤ᠋ᠨ ᠰᠢᠰᠲᠸᠮ ᠢ᠋ ᠴᠤᠭᠴᠠᠯᠠᠬᠤ ᠳ᠋ᠦ᠍ ᠤᠨᠤᠯ ᠤ᠋ᠨ ᠪᠠᠷᠢᠮᠳᠠ ᠬᠠᠩᠭᠠᠳᠠᠭ ᠃

ᠴᠦᠬᠡᠨ ᠲᠤᠭᠠᠳᠤ ᠦᠨᠳᠦᠰᠦᠳᠡᠨ ᠤ᠋ ᠰᠤᠷᠪᠤᠯᠵᠢ ᠪᠢᠴᠢᠭ ᠢ᠋ ᠬᠠᠮᠠᠭᠠᠯᠠᠬᠤ ᠨᠢ ᠭᠦᠨ ᠤᠬᠠᠭᠠᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠤ᠋ᠨ ᠴᠤᠭᠴᠠᠯᠠᠯᠲᠠ ᠵᠢᠨ ᠠᠷᠭ᠎ᠠ ᠵᠢᠨ ᠤᠨᠤᠯ ᠤ᠋ᠨ ᠰᠢᠨ᠎ᠡ ᠶ᠋ᠢ ᠡᠭᠦᠳᠬᠦ ᠶ᠋ᠢ ᠠᠬᠢᠭᠤᠯᠳᠠᠭ

《ᠰᠤᠷᠪᠤᠯᠵᠢ ᠪᠢᠴᠢᠭ ᠪᠤᠯ ᠬᠦᠮᠦᠨ ᠲᠦᠷᠦᠯᠬᠢᠳᠡᠨ ᠤ᠋ ᠰᠤᠶᠤᠯ ᠢᠷᠭᠡᠨᠰᠢᠯ ᠤ᠋ᠨ ᠪᠦᠳᠦᠭᠡᠭᠳᠡᠬᠦᠨ᠂ ᠬᠦᠮᠦᠨ ᠲᠦᠷᠦᠯᠬᠢᠳᠡᠨ ᠤ᠋ ᠤᠶᠤᠨ ᠪᠢᠯᠢᠭ ᠤ᠋ᠨ ᠲᠠᠯᠠᠰᠳᠤ ᠮᠦᠨ》᠃ ᠡᠳᠡᠭᠡᠷ ᠠᠭᠤᠳᠠᠯᠤᠭᠠᠳ ᠪᠠᠷᠠᠰᠢ ᠦᠭᠡᠢ ᠬᠤᠪᠤᠷ ᠨᠠᠨᠳᠢᠨ ᠰᠤᠷᠪᠤᠯᠵᠢ ᠪᠢᠴᠢᠭ ᠨᠢ ᠨᠡᠢᠭᠡᠮ ᠤ᠋ᠨ ᠰᠢᠨᠵᠢᠯᠡᠬᠦ ᠤᠬᠠᠭᠠᠨ ᠤ᠋ ᠨᠡᠢᠭᠡᠮ ᠤ᠋ᠨ ᠤᠬᠠᠭᠠᠨ᠂ ᠠᠵᠤ ᠠᠬᠤᠢ ᠶ᠋ᠢᠨ ᠤᠬᠠᠭᠠᠨ᠂ ᠤᠯᠤᠰ ᠲᠦᠷᠦ᠂ ᠬᠦᠮᠦᠨ ᠵᠦᠢ᠂ ᠲᠡᠤᠬᠡ᠂ ᠬᠡᠯᠡ᠂ ᠤᠭᠰᠠᠭᠠᠳᠠᠨ ᠵᠦᠢ ᠵᠡᠷᠭᠡ ᠰᠠᠭᠤᠷᠢ ᠰᠤᠳᠤᠯᠭᠠᠨ ᠤ᠋ ᠡᠯ᠎ᠡ ᠬᠦᠷᠢᠶ᠎ᠡ ᠬᠡᠪᠴᠢᠶ᠎ᠡ ᠶ᠋ᠢ ᠬᠠᠮᠤᠷᠬᠤ ᠶ᠋ᠢᠨ ᠬᠠᠮᠳᠤ ᠠᠩᠬᠠᠷᠤᠭᠳᠠᠭ᠎ᠠ ᠦᠭᠡᠢ ᠪᠤᠶᠤ ᠤᠯᠠᠮᠵᠢᠯᠠᠯ ᠲᠠᠰᠤᠷᠠᠭᠰᠠᠨ ᠰᠢᠨᠵᠢᠯᠡᠭᠡᠨ ᠤ᠋ ᠰᠠᠯᠠᠭ᠎ᠠ ᠶ᠋ᠢᠨ ᠰᠤᠳᠤᠯᠤᠯ ᠴᠤ᠌ ᠬᠠᠮᠤᠷᠤᠭᠳᠠᠬᠤ ᠤᠴᠢᠷ ᠠ᠋ᠴᠠ ᠰᠤᠯᠪᠢᠴᠠᠭᠰᠠᠨ ᠰᠢᠨᠵᠢᠯᠡᠭᠡᠨ ᠤ᠋ ᠰᠠᠯᠠᠭ᠎ᠠ᠂ ᠤᠯᠠᠨ ᠬᠡᠯᠡᠨ ᠤ᠋ ᠮᠠᠲᠸᠷᠢᠶᠠᠯ ᠤ᠋ᠨ ᠬᠦᠮᠦᠷᠭᠡ ᠶ᠋ᠢ ᠴᠤᠭᠴᠠᠯᠠᠨ ᠶᠡᠷᠦᠩᠬᠡᠢᠯᠡᠭᠰᠡᠨ ᠰᠤᠳᠤᠯᠭᠠᠨ ᠬᠢᠬᠦ᠂ ᠰᠢᠨ᠎ᠡ ᠮᠡᠷᠭᠡᠵᠢᠯ ᠢ᠋ ᠠᠰᠢᠭ᠍ᠯᠠᠨ ᠴᠦᠬᠡᠨ ᠲᠤᠭᠠᠳᠤ ᠦᠨᠳᠦᠰᠦᠳᠡᠨ ᠤ᠋ ᠰᠤᠷᠪᠤᠯᠵᠢ ᠪᠢᠴᠢᠭ ᠢ᠋ 《ᠠᠮᠢᠯᠠᠭᠤᠯᠬᠤ》 ᠵᠡᠷᠭᠡ ᠨᠢ ᠤᠯᠠᠨ ᠲᠠᠯ᠎ᠠ᠂ ᠤᠯᠠᠨ ᠬᠠᠷᠠᠭᠠᠰᠤ ᠠ᠋ᠴᠠ ᠨᠡᠢᠭᠡᠮ ᠤ᠋ᠨ ᠰᠢᠨᠵᠢᠯᠡᠬᠦ ᠤᠬᠠᠭᠠᠨ ᠤ᠋ ᠰᠠᠭᠤᠷᠢ ᠰᠤᠳᠤᠯᠭᠠᠨ ᠬᠢᠬᠦ ᠶ᠋ᠢ ᠱᠠᠭᠠᠷᠳᠠᠬᠤ ᠶ᠋ᠢᠨ ᠬᠠᠮᠳᠤ᠂ ᠡᠭᠦᠨ ᠤ᠋ ᠲᠠᠭᠠᠤ ᠤᠯᠠᠨ ᠠᠷᠭ᠎ᠠ ᠵᠢᠨ ᠤᠨᠤᠯ ᠢ᠋ ᠬᠡᠷᠡᠭᠯᠡᠬᠦ ᠪᠠ ᠲᠠᠰᠤᠷᠠᠯᠳᠠ ᠦᠭᠡᠢ ᠰᠢᠨᠡᠴᠢᠯᠡᠬᠦ ᠪᠤᠯᠤᠮᠵᠢ ᠶ᠋ᠢ ᠤᠯᠭᠤᠳᠠᠭ᠃ ᠲᠤᠮᠳᠠᠳᠤ ᠤᠯᠤᠰ ᠤ᠋ᠨ ᠤᠨᠴᠠᠯᠢᠭ᠋ ᠪᠦᠬᠦᠢ ᠡᠷᠳᠡᠮ ᠰᠢᠨᠵᠢᠯᠡᠭᠡᠨ ᠤ᠋ ᠬᠦᠷᠢᠶ᠎ᠡ ᠬᠡᠪᠴᠢᠶ᠎ᠡ᠂ ᠬᠠᠮᠢᠶ᠎ᠠ ᠪᠦᠬᠦᠢ ᠰᠢᠨᠵᠢᠯᠡᠭᠡᠨ ᠤ᠋ ᠰᠠᠯᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠢ᠋ ᠪᠠᠢᠭᠤᠯᠬᠤ ᠳ᠋ᠦ᠍ ᠤᠯᠠᠨ ᠵᠦᠢᠯ ᠤ᠋ᠨ ᠰᠢᠨᠵᠢᠯᠡᠭᠡᠨ ᠤ᠋ ᠰᠠᠯᠠᠭ᠎ᠠ ᠶ᠋ᠢ ᠠᠭᠤᠰᠤᠯᠴᠠᠭᠤᠯᠤᠨ᠂ ᠰᠤᠶᠤᠯ ᠪᠠ ᠰᠢᠨᠵᠢᠯᠡᠭᠡᠨ ᠤ᠋ ᠰᠠᠯᠠᠭ᠎ᠠ ᠰᠤᠨᠳᠠᠯᠠᠭᠰᠠᠨ ᠰᠤᠳᠤᠯᠭᠠᠨ ᠢ᠋ ᠦᠷᠨᠢᠭᠦᠯᠬᠦ ᠶ᠋ᠢ ᠱᠠᠭᠠᠷᠳᠠᠳᠠᠭ᠃ ᠡᠨᠡ ᠎ᠬᠦ ᠱᠠᠭᠠᠷᠳᠠᠯᠭ᠎ᠠ ᠶ᠋ᠢ ᠪᠡᠶᠡᠯᠡᠭᠦᠯᠬᠦ ᠳ᠋ᠦ᠍ ᠮᠠᠨ ᠤ᠋ ᠤᠯᠤᠰ ᠤ᠋ᠨ ᠪᠤᠳᠠᠳᠤ ᠪᠠᠢᠳᠠᠯ ᠲᠠᠢ ᠨᠡᠢᠴᠡᠭᠰᠡᠨ᠂ ᠪᠡᠶ᠎ᠡ ᠪᠡᠨ ᠲᠠᠭᠠᠭᠠᠭᠰᠠᠨ ᠤᠯᠠᠨ ᠵᠦᠢᠯ ᠤ᠋ᠨ ᠠᠷᠭ᠎ᠠ ᠵᠢᠨ ᠤᠨᠤᠯ ᠢ᠋ ᠬᠡᠷᠡᠭᠯᠡᠨ᠂ ᠤᠯᠠᠨ ᠬᠡᠯᠡᠨ ᠤ᠋ ᠡᠬᠡ ᠲᠡᠪᠳᠡᠷ ᠢ᠋ᠶ᠋ᠠᠷ ᠰᠠᠭᠤᠷᠢ ᠪᠤᠯᠭᠠᠨ᠂ ᠤᠯᠠᠨ ᠦᠨᠳᠦᠰᠦᠳᠡᠨ ᠤ᠋ ᠪᠠᠶᠠᠯᠢᠭ᠋ ᠰᠤᠷᠪᠤᠯᠵᠢ ᠪᠢᠴᠢᠭ ᠢ᠋ ᠱᠢᠷᠭᠠᠭᠠᠨ ᠪᠤᠯᠪᠠᠰᠤᠷᠠᠭᠤᠯᠵᠤ᠂ ᠦᠷᠦᠭᠡᠰᠦᠯ ᠢ᠋ᠶ᠋ᠠᠷ᠂ ᠬᠡᠰᠡᠭ ᠪᠤᠰᠠᠭ ᠢ᠋ᠶ᠋ᠠᠷ ᠨᠤᠳᠠᠯᠠᠯ ᠪᠤᠶᠤ ᠪᠠᠷᠢᠮᠳᠠ ᠭᠠᠷᠭᠠᠬᠤ ᠶ᠋ᠢ ᠲᠡᠪᠴᠢᠨ᠂ ᠬᠠᠷᠢᠯᠴᠠᠨ ᠨᠦᠬᠦᠪᠦᠷᠢᠯᠡᠭᠰᠡᠨ ᠢᠯᠡ ᠲᠤᠳᠤ ᠲᠤᠮᠳᠠᠳᠤ ᠤᠯᠤᠰ ᠤ᠋ᠨ ᠤᠨᠴᠠᠯᠢᠭ᠋ ᠪᠦᠬᠦᠢ᠂ ᠦᠨᠡᠨ ᠪᠤᠳᠠᠳᠠᠢ᠂ ᠪᠠᠶᠠᠯᠢᠭ᠋ ᠠᠭᠤᠯᠭ᠎ᠠ ᠪᠦᠬᠦᠢ ᠰᠤᠳᠤᠯᠭᠠᠨ ᠤ᠋ ᠪᠦᠳᠦᠭᠡᠯ ᠢ᠋ ᠭᠠᠷᠭᠠᠬᠤ ᠬᠡᠷᠡᠭ᠌ᠳᠠᠢ᠃ ᠡᠨᠡ ᠎ᠬᠦ ᠪᠦᠬᠦᠢᠯᠡ ᠶᠠᠪᠤᠴᠠ ᠳ᠋ᠦ᠍ ᠤᠯᠠᠨ ᠰᠢᠨᠵᠢᠯᠡᠭᠡᠨ ᠤ᠋ ᠰᠠᠯᠠᠭᠠᠨ ᠤ᠋ ᠠᠷᠭ᠎ᠠ ᠵᠢᠨ ᠤᠨᠤᠯ ᠲᠠᠰᠤᠷᠠᠯᠲᠠ ᠦᠭᠡᠢ ᠲᠡᠭᠦᠯᠳᠡᠷᠵᠢᠨ ᠰᠢᠨᠡᠴᠢᠯᠡᠭᠳᠡᠬᠦ ᠶ᠋ᠢᠨ ᠬᠠᠮᠳᠤ ᠬᠠᠷᠢᠯᠴᠠᠨ ᠨᠦᠬᠦᠪᠦᠷᠢᠯᠡᠵᠦ᠂ ᠬᠠᠷᠢᠯᠴᠠᠨ ᠠᠬᠢᠭᠤᠯᠵᠤ ᠬᠠᠮᠳᠤ ᠪᠠᠷ ᠰᠢᠨ᠎ᠡ ᠱᠠᠳᠤᠨ ᠳ᠋ᠦ᠍ ᠬᠦᠷᠳᠡᠭ᠃

ᠨᠡᠢᠭᠡᠮ ᠤ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠡᠩᠨᠡᠭᠡᠨ ᠳ᠋ᠦ᠍ ᠪᠠᠢᠭ᠎ᠠ ᠪᠢᠳᠡ ᠭᠦᠨ ᠤᠬᠠᠭᠠᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠢ᠋ ᠪᠠᠢᠭᠤᠯᠬᠤ ᠲᠠᠯ᠎ᠠ ᠪᠡᠷ ᠲᠤᠮᠳᠠᠳᠤ ᠤᠯᠤᠰ᠂ ᠪᠡᠶ᠎ᠡ ᠪᠡᠨ ᠲᠠᠭᠠᠭᠠᠭᠰᠠᠨ᠂ ᠮᠡᠳᠡᠯᠭᠡ ᠶ᠋ᠢᠨ ᠰᠢᠰᠲᠸᠮ ᠭᠡᠬᠦ ᠭᠤᠷᠪᠠᠨ ᠲᠠᠯ᠎ᠠ ᠶ᠋ᠢᠨ ᠨᠢᠭᠡᠳᠦᠯᠳᠦ ᠴᠢᠨᠠᠷ ᠪᠠ 《 ᠬᠤᠶᠠᠷ ᠢ᠋ ᠤᠶᠠᠯᠳᠤᠭᠤᠯᠬᠤ》 ᠶ᠋ᠢ ᠪᠠᠷᠢᠮᠳᠠᠯᠠᠨ᠂ ᠲᠤᠮᠳᠠᠳᠤ ᠤᠯᠤᠰ ᠤ᠋ᠨ ᠠᠰᠠᠭᠤᠯᠳᠠ᠂ ᠲᠡᠯᠡᠬᠡᠢ ᠶ᠋ᠢᠨ ᠠᠰᠠᠭᠤᠯᠳᠠ᠂ ᠠᠷᠠᠳ ᠲᠦᠮᠡᠨ ᠤ᠋ ᠠᠰᠠᠭᠤᠯᠳᠠ᠂ ᠴᠠᠭ ᠦᠶ᠎ᠡ ᠶ᠋ᠢᠨ ᠠᠰᠠᠭᠤᠯᠳᠠ ᠶ᠋ᠢ ᠨᠡᠩ ᠰᠠᠢᠳᠤᠷ ᠬᠠᠷᠢᠭᠤᠯᠬᠤ ᠳ᠋ᠦ᠍ ᠦᠪᠡᠷ ᠤ᠋ᠨ ᠡᠭᠦᠷᠭᠡ ᠬᠠᠷᠢᠭᠤᠴᠠᠯᠭ᠎ᠠ ᠪᠡᠨ ᠭᠦᠢᠴᠡᠳᠭᠡᠬᠦ ᠪᠡᠷ ᠴᠢᠷᠮᠡᠢᠬᠤ ᠬᠡᠷᠡᠭ᠌ᠳᠠᠢ᠃

(ᠵᠤᠬᠢᠶᠠᠭᠴᠢ ᠵᠢᠨ ᠬᠠᠶᠢᠭ ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ ᠎ᠤ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠤᠳᠬ᠎ᠠ ᠵᠤᠬᠢᠶᠠᠯ ᠰᠤᠳᠤᠯᠬᠤ ᠭᠠᠵᠠᠷ )

[ ᠲᠤᠰ ᠦᠭᠦᠯᠡᠯ ᠪᠤᠯ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ 2026 ᠤᠨ ᠤ᠋ ᠡᠩ ᠤ᠋ᠨ ᠲᠦᠰᠦᠯ 《 ᠲᠤᠮᠳᠠᠳᠤ ᠤᠯᠤᠰ ᠤ᠋ᠨ ᠭᠦᠨ ᠤᠬᠠᠭᠠᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠡᠶ᠎ᠡ ᠪᠡᠨ ᠲᠠᠭᠠᠭᠠᠭᠰᠠᠨ ᠮᠡᠳᠡᠯᠭᠡ ᠶ᠋ᠢᠨ ᠰᠢᠰᠲᠸᠮ ᠤ᠋ᠨ ᠪᠠᠢᠭᠤᠯᠤᠯᠳᠠ ᠲᠤᠮᠳᠡᠬᠢ ᠴᠦᠬᠡᠨ ᠲᠤᠭᠠᠳᠤ ᠦᠨᠳᠦᠰᠦᠳᠡᠨ ᠤ᠋ ᠰᠤᠷᠪᠤᠯᠵᠢ ᠪᠢᠴᠢᠭ ᠰᠤᠳᠤᠯᠤᠯ ᠤ᠋ᠨ ᠡᠭᠦᠷᠭᠡ ᠬᠠᠷᠢᠭᠤᠴᠠᠯᠭ᠎ᠠ ᠪᠠ ᠴᠢᠭᠯᠡᠯ》 ᠤ᠋ᠨ ᠱᠠᠳᠤᠴᠢ ᠴᠢᠨᠠᠷᠳᠠᠢ ᠪᠦᠳᠦᠭᠡᠯ ᠪᠤᠯᠤᠨ᠎ᠠ ]

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面