2026-08-25 11:18:14
ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ ᠠᠮᠢ ᠠᠬᠤᠢ᠎ᠶᠢᠨ ᠰᠢᠰᠲᠧᠮ ᠲᠠᠢ ᠵᠠᠰᠠᠯᠲᠠ᠎ᠶᠢᠨ ᠬᠠᠤᠯᠢ᠎ᠪᠠᠷ ᠵᠠᠰᠠᠬᠤ ᠰᠠᠭᠤᠷᠢ᠎ᠶᠢ ᠪᠡᠬᠢᠵᠢᠭᠦᠯᠪᠡ
ᠤᠩᠰᠢᠯᠭ᠎ᠠ ᠵᠢᠨ ᠬᠦᠲᠦᠯᠦᠮᠵᠢ
ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠪᠠᠲᠤᠯᠠᠵᠤ᠂ 8 ᠰᠠᠷ᠎ᠠ᠎ᠶᠢᠨ 15 ᠤ᠋ ᠡᠳᠦᠷ᠎ᠡᠴᠡ ᠡᠬᠢᠯᠡᠨ ᠬᠡᠷᠡᠭᠵᠢᠭᠦᠯᠵᠦ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦᠮᠠᠡᠭᠬᠠ ᠵᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ ᠲᠠᠢ ᠵᠠᠰᠠᠬᠤ᠎ᠳᠦ ᠬᠠᠤᠯᠢ ᠪᠡᠷ ᠵᠠᠰᠠᠬᠤ ᠰᠠᠭᠤᠷᠢ᠎ᠶᠢ ᠪᠠᠬᠢᠵᠢᠭᠦᠯᠪᠡ᠃ ᠬᠠᠤᠯᠢ᠎ᠶᠢᠨ ᠪᠢᠴᠢᠭ᠎ᠤᠨ ᠶᠡᠷᠦᠩᠬᠡᠢ ᠳᠦᠷᠢᠮ᠎ᠦᠨ ᠲᠣᠭᠲᠠᠭᠠᠯ᠎ᠳᠦ᠂ ᠠᠮᠢ ᠨᠠᠰᠤᠨ᠎ᠤ ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠵᠤ᠂ ᠠᠮᠢ ᠠᠬᠤᠢ᠎ᠶᠢ ᠲᠡᠷᠢᠭᠦᠨ᠎ᠳᠦ ᠲᠠᠯᠪᠢᠬᠤ᠂ ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠬᠤ ᠵᠡᠷᠭᠡ ᠵᠠᠷᠴᠢᠮ᠎ᠢ ᠲᠣᠭᠲᠠᠭᠠᠭᠰᠠᠨ ᠪᠠᠢᠨ᠎ᠠ; ᠵᠢᠷᠤᠮᠵᠢᠭᠤᠯᠤᠨ ᠨᠡᠢᠳᠬᠡᠬᠦ᠎ᠪᠡᠷ ᠳᠠᠮᠵᠢᠨ᠂ ᠪᠣᠬᠢᠷᠲᠤᠯ᠎ᠢ ᠰᠡᠷᠭᠡᠢᠯᠡᠨ ᠵᠠᠰᠠᠬᠤ᠂ ᠠᠮᠢ ᠠᠬᠤᠢ᠎ᠶᠢ ᠬᠠᠮᠠᠭᠠᠯᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢ ᠬᠠᠮᠤᠷᠤᠭᠰᠠᠨ ᠪᠦᠬᠦ ᠬᠦᠷᠢᠶ᠎ᠡ ᠴᠠᠷᠠᠭᠠᠨ᠎ᠦ ᠬᠠᠤᠯᠢ ᠴᠠᠭᠠᠵᠠ᠎ᠶᠢᠨ ᠰᠢᠰᠲᠧᠮ᠎ᠢ ᠪᠦᠷᠢᠯᠳᠦᠭᠦᠯᠪᠡ; ᠰᠢᠪᠲᠤᠯᠤᠯᠲᠠ ᠵᠢᠨ ᠴᠢᠨᠠᠷ ᠲᠠᠢ ᠰᠢᠨ᠎ᠡ᠎ᠶᠢ ᠡᠭᠦᠳᠬᠦ᠎ᠪᠡᠷ ᠳᠠᠮᠵᠢᠨ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠬᠠᠮᠵᠢᠯᠴᠠᠬᠤ ᠲᠣᠭᠲᠠᠴᠠ᠎ᠶᠢ ᠪᠠᠢᠭᠤᠯᠵᠤ᠂ ᠬᠠᠤᠯᠢ ᠴᠠᠭᠠᠵᠠ ᠵᠢᠨ ᠪᠠᠲᠤᠯᠠᠭ᠎ᠠ ᠪᠠ ᠤᠯᠠᠨ ᠨᠡᠶ᠋ᠢᠲᠡ᠎ᠶᠢᠨ ᠣᠷᠤᠯᠴᠠᠯᠭ᠎ᠠ ᠶ᠋ᠢ ᠴᠢᠩᠭᠠᠳᠬᠠᠵᠤ᠂ ᠰᠢᠰᠲᠧᠮ᠎ᠲᠠᠢ ᠵᠠᠰᠠᠯᠲᠠ᠎ᠵᠢᠨ ᠬᠠᠮᠵᠢᠯᠴᠠᠭ᠎ᠠ᠎ᠶᠢ ᠪᠡᠶᠡᠯᠡᠭᠦᠯᠪᠡ᠃
ᠠᠮᠢ ᠠᠬᠤᠢ ᠣᠷᠴᠢᠨ ᠲᠣᠭᠣᠷᠢᠨ ᠪᠣᠯ ᠨᠢᠭᠡᠳᠦᠯᠲᠡᠢ ᠪᠠᠢᠭᠠᠯᠢ᠎ᠶᠢᠨ ᠰᠢᠰᠲᠧᠮ ᠮᠥᠨ᠂ ᠡᠯ᠎ᠡ ᠵᠦᠢᠯ᠎ᠦᠨ ᠪᠠᠢᠭᠠᠯᠢ᠎ᠶᠢᠨ ᠡᠯᠧᠮᠧᠨ᠋ᠲᠬᠠᠷᠢᠯᠴᠠᠨ ᠲᠦᠰᠢᠭᠯᠡᠯᠴᠡᠭᠰᠡᠨ᠂ ᠨᠢᠭ᠍ᠲᠠ ᠬᠣᠯᠪᠣᠭ᠎ᠠ᠎ᠲᠠᠢ ᠣᠷᠭᠠᠨᠢᠭ᠋ ᠬᠡᠯᠬᠢᠶ᠎ᠡ ᠮᠥᠨ᠃ ᠶᠡᠷᠦᠩᠬᠡᠢ ᠱᠦᠵᠢ ᠰᠢ ᠵᠢᠨ ᠫᠢᠩ᠄ 《ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦᠮᠠᠡᠭᠬᠠ ᠵᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠴᠠᠭᠠᠵᠠ᠎ᠶᠢᠨ ᠳᠦᠷᠢᠮ᠎ᠦᠨ ᠲᠤᠭᠲᠠᠯᠴᠠᠭ᠎ᠠ ᠵᠢ ᠲᠡᠭᠦᠯᠳᠡᠷᠵᠢᠭᠦᠯᠵᠦ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯ ᠤ᠋ᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃ ᠠᠮᠢ ᠠᠬᠤᠢ ᠣᠷᠴᠢᠨ ᠲᠣᠭᠣᠷᠢᠨ᠎ᠤ ᠬᠠᠤᠯᠢ ᠶᠢᠨ ᠪᠢᠴᠢᠭ ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠪᠠᠲᠤᠯᠠᠵᠤ᠂ 8 ᠰᠠᠷ᠎ᠠ᠎ᠶᠢᠨ 15 ᠤ᠋ ᠡᠳᠦᠷ᠎ᠡᠴᠡ ᠡᠬᠢᠯᠡᠵᠦ ᠬᠡᠷᠡᠭᠵᠢᠭᠦᠯᠪᠡ᠃ ᠠᠮᠢ ᠠᠬᠤᠢ ᠣᠷᠴᠢᠨ ᠲᠣᠭᠣᠷᠢᠨ ᠤ ᠬᠠᠤᠯᠢ ᠶᠢᠨ ᠪᠢᠴᠢᠭ ᠨᠢ ᠰᠢ ᠵᠢᠨ ᠫᠢᠩ ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶᠢ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠪᠦᠬᠦᠯᠢ ᠴᠣᠭᠴᠠ᠎ᠠᠴᠠ ᠪᠣᠳᠣᠯᠬᠢᠯᠠᠵᠤ᠂ ᠪᠠᠢᠭᠤᠯᠤᠯ ᠲᠣᠭᠲᠠᠴᠠ᠎ᠶᠢᠨ ᠬᠠᠮᠵᠢᠯᠴᠠᠭ᠎ᠠ᠎ᠶᠢ ᠴᠢᠩᠭᠠᠳᠬᠠᠬᠤ ᠬᠠᠤᠯᠢ ᠴᠠᠭᠠᠵᠠ ᠳᠦᠷᠢᠮ᠎ᠦᠨ ᠰᠢᠰᠲᠧᠮ᠎ᠢ ᠪᠠᠢᠭᠤᠯᠵᠤ᠂ ᠳᠦᠷᠢᠮ᠎ᠦᠨ ᠰᠢᠰᠲ᠋ᠸᠮᠵᠢᠯᠳᠡ ᠪᠡᠷ ᠵᠠᠰᠠᠯᠲᠠ᠎ᠶᠢᠨ ᠰᠢᠰᠲ᠋ᠸᠮᠵᠢᠯᠳᠡ ᠶ᠋ᠢ ᠠᠬᠢᠭᠤᠯᠵᠤ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠡᠭᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠯᠲᠠ᠎ᠳᠦ ᠬᠠᠤᠯᠢ ᠪᠡᠷ ᠵᠠᠰᠠᠬᠤ ᠰᠠᠭᠤᠷᠢ᠎ᠶᠢ ᠪᠡᠬᠢᠵᠢᠭᠦᠯᠵᠦ᠂ ᠦᠢᠯᠡᠳᠦᠯᠭᠡ᠎ᠶᠢᠨ ᠣᠷᠣᠨ ᠵᠠᠢ᠎ᠶᠢ ᠥᠷᠭᠡᠳᠬᠡᠭᠰᠡᠨ ᠶᠤᠮ᠃
ᠰᠢᠰᠲᠧᠮ ᠲᠠᠢ ᠵᠠᠰᠠᠯᠲᠠ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠳᠤᠷᠠᠳᠤᠭᠰᠠᠨ 《ᠬᠥᠮᠥᠨ ᠬᠢᠭᠡᠳ ᠪᠠᠢᠭᠠᠯᠢ ᠪᠣᠯ ᠠᠮᠢ ᠨᠠᠰᠤᠨ᠎ᠤ ᠬᠠᠮᠲᠤ᠎ᠶᠢᠨ ᠴᠣᠭᠴᠠ ᠮᠥᠨ》 ᠭᠡᠬᠦ ᠴᠢᠬᠤᠯᠠ ᠨᠤᠲᠠᠯᠠᠯᠲᠠ᠎ᠶᠢᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠬᠦᠷᠢᠶ᠎ᠡ ᠴᠠᠷᠠᠭᠠᠨ᠎ᠳᠡᠬᠢ ᠪᠣᠳᠠᠲᠠᠢ ᠳᠡᠯᠭᠡᠷᠡᠭᠦᠯᠦᠯᠲᠡ ᠪᠤᠯᠬᠤ ᠶᠤᠮ᠃ ᠡᠨᠡ ᠬᠦ᠌ ᠴᠢᠬᠤᠯᠠ ᠨᠤᠲᠠᠯᠠᠯᠲᠠ ᠨᠢ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠌᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠵᠢᠮ᠎ᠡ ᠶᠣᠰᠣ᠌ ᠪᠣᠯᠣᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠠᠮᠢ ᠠᠬᠤᠢ᠎ᠶᠢᠨ ᠰᠣᠶᠣᠯ᠎ᠢ ᠨᠢᠭᠡ ᠴᠣᠭᠴᠠᠵᠢᠭᠤᠯᠵᠤ᠂ 《ᠠᠮᠢ ᠨᠠᠰᠤᠨ᠎ᠤ ᠬᠠᠮᠲᠤ᠎ᠶᠢᠨ ᠴᠣᠭᠴᠠ》 ᠵᠢᠨ ᠦᠷᠳᠡᠭ᠎ᠦᠨ ᠣᠢᠯᠠᠭᠠᠭᠳᠠᠬᠤᠨ᠎ᠢᠶᠠᠷ ᠶᠡᠷᠦᠩᠬᠡᠢᠯᠡᠨ ᠵᠢᠯᠣᠭᠣᠳᠤᠭᠤᠯᠵᠤ᠂ 《ᠨᠢᠭᠡ ᠴᠣᠭᠴᠠᠵᠢᠭᠤᠯᠤᠨ ᠬᠠᠮᠠᠭᠠᠯᠠᠬᠤ》ᠦᠢᠯᠡᠳᠦᠯᠭᠡ᠎ᠶᠢᠨ ᠱᠠᠭᠠᠷᠳᠠᠯᠭ᠎ᠠ ᠪᠣᠯᠣᠨ 《ᠰᠢᠰᠲᠧᠮ᠎ᠲᠠᠢ ᠵᠠᠰᠠᠯᠲᠠ》 ᠵᠢᠨ ᠰᠢᠨᠵᠢᠯᠡᠬᠦ ᠤᠬᠠᠭᠠᠨᠴᠢ ᠠᠷᠭ᠎ᠠ᠎ᠪᠠᠷ ᠲᠤᠯᠭᠠᠭᠤᠷᠢᠯᠠᠯ ᠪᠣᠯᠭᠠᠭᠰᠠᠨ ᠤᠨᠤᠯ᠎ᠤᠨ ᠰᠢᠰᠲᠧᠮ᠎ᠢ ᠪᠦᠷᠢᠯᠳᠦᠭᠦᠯᠵᠦ᠂ ᠪᠠᠢᠭᠠᠯᠢ᠎ᠳᠤ ᠬᠡᠷᠬᠢᠨ ᠵᠥᠪ᠎ᠢᠶᠡᠷ ᠬᠠᠨᠳᠤᠬᠤ ᠦᠷᠳᠡᠭ᠎ᠦᠨ ᠦᠵᠡᠯᠲᠡ᠂ ᠦᠢᠯᠡᠳᠦᠯᠭᠡ᠎ᠶᠢᠨ ᠤᠨᠤᠯ ᠪᠣᠯᠣᠨ ᠠᠷᠭ᠎ᠠ᠎ᠶᠢᠨ ᠤᠨᠤᠯ᠎ᠢ ᠠᠭᠤᠯᠵᠤ ᠪᠤᠢ᠃ ᠡᠭᠦᠨ᠎ᠳᠦ᠂ 《ᠠᠮᠢ ᠨᠠᠰᠤᠨ᠎ᠤ ᠬᠠᠮᠲᠤ᠎ᠶᠢᠨ ᠴᠣᠭᠴᠠ》᠎ᠶ᠋ᠢᠨ ᠦᠷᠳᠡᠭ᠎ᠦᠨ ᠣᠢᠯᠠᠭᠠᠭᠳᠠᠬᠤᠨ ᠨᠢ ᠪᠠᠢᠭᠠᠯᠢ᠎ᠶᠢᠨ ᠵᠢᠮ᠎ᠡ ᠶᠣᠰᠣ᠌᠎ᠶᠢ ᠰᠢᠨᠵᠢᠯᠡᠬᠦ ᠤᠬᠠᠭᠠᠨᠴᠢ᠎ᠪᠠᠷ ᠲᠠᠨᠢᠬᠤ ᠪᠠ ᠭᠦᠢᠴᠡᠳ ᠬᠦᠨᠳᠦᠳᠬᠡᠬᠦ᠎ᠶᠢ ᠴᠢᠬᠤᠯᠠᠴᠢᠯᠠᠵᠤ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠡᠭᠭᠤᠢ ᠬᠠᠮᠲᠤ ᠣᠷᠣᠰᠢᠬᠤ᠎ᠶᠢ ᠬᠥᠭᠡᠭᠡᠴᠡᠯᠳᠦᠵᠦ᠂ ᠬᠥᠮᠥᠨ ᠬᠢᠭᠡᠳ ᠪᠠᠢᠭᠠᠯᠢ᠎ᠶᠢ ᠬᠠᠷᠢᠯᠴᠠᠨ ᠬᠣᠯᠪᠣᠯᠳᠤᠭᠰᠠᠨ ᠣᠷᠭᠠᠨᠢᠭ᠋ ᠪᠦᠬᠦᠯᠢ ᠴᠣᠭᠴᠠ᠎ᠪᠠᠷ ᠦᠵᠡᠵᠦ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠤᠬᠢᠴᠠᠡᠭᠭᠤᠢ ᠬᠠᠷᠢᠴᠠᠭ᠎ᠠ᠎ᠶᠢ ᠢᠯᠡᠷᠡᠭᠦᠯᠵᠦ᠂ ᠰᠠᠢᠨ ᠰᠠᠢᠬᠠᠨ ᠪᠠᠢᠭᠠᠯᠢᠯᠢᠭᠪᠠᠢᠳᠠᠯᠨᠢ ᠳᠣᠲᠣᠭᠠᠳᠤ ᠦᠷᠳᠡᠭ ᠪᠠ ᠠᠶᠠᠨᠳᠠᠭᠠᠨ᠎ᠤ ᠵᠦᠢ ᠶᠣᠰᠣᠴᠢ ᠴᠢᠨᠠᠷ ᠲᠠᠢ ᠪᠠᠢᠵᠤ᠂ ᠭᠦᠢᠴᠡᠳ ᠬᠠᠮᠠᠭᠠᠯᠠᠬᠤ ᠴᠢᠬᠤᠯᠠᠲᠠᠢ ᠭᠡᠰᠡᠨ ᠦᠵᠡᠯ ᠰᠠᠨᠠᠭ᠎ᠠ᠎ᠶᠢ ᠢᠯᠡᠷᠡᠭᠦᠯᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠬᠤ ᠵᠡᠷᠭᠡ ᠦᠢᠯᠡᠳᠦᠯᠭᠡ᠎ᠶᠢᠨ ᠱᠠᠭᠠᠷᠳᠠᠯᠭ᠎ᠠ᠎ᠶᠢ ᠳᠤᠷᠠᠳᠤᠨ ᠭᠠᠷᠭᠠᠵᠠᠢ᠃ 《ᠨᠢᠭᠡ ᠴᠣᠭᠴᠠᠵᠢᠭᠤᠯᠤᠨ ᠬᠠᠮᠠᠭᠠᠯᠠᠬᠤ》ᠦᠢᠯᠡᠳᠦᠯᠭᠡ᠎ᠶᠢᠨ ᠱᠠᠭᠠᠷᠳᠠᠯᠭ᠎ᠠ ᠨᠢ ᠠᠮᠢ ᠠᠬᠤᠢ ᠣᠷᠴᠢᠨ ᠲᠤᠭᠤᠷᠢᠨ᠎ᠢ ᠪᠥᠬᠥ ᠲᠠᠯ᠎ᠠ᠎ᠪᠠᠷ ᠬᠠᠮᠠᠭᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠢᠰᠲᠧᠮ ᠪᠦᠷᠢᠨ ᠪᠦᠲᠦᠨ ᠳᠦᠷᠢᠮ᠎ᠦᠨ ᠰᠢᠰᠲᠧᠮ᠎ᠢ ᠬᠦᠴᠦᠯᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 《ᠰᠢᠰᠲᠧᠮ᠎ᠲᠠᠢ ᠵᠠᠰᠠᠯᠲᠠ》ᠵᠢᠨ ᠰᠢᠨᠵᠢᠯᠡᠬᠦ ᠤᠬᠠᠭᠠᠨᠴᠢ ᠠᠷᠭ᠎ᠠ᠎ᠨᠢ ᠳᠦᠷᠢᠮ ᠲᠣᠭᠲᠠᠴᠠ᠎ᠶᠢᠨ ᠬᠠᠮᠵᠢᠯᠴᠠᠭ᠎ᠠ᠎ᠶᠢ ᠴᠢᠬᠤᠯᠠᠴᠢᠯᠠᠵᠤ᠂ ᠡᠯ᠎ᠡ ᠲᠠᠯ᠎ᠠ᠎ᠶᠢᠨ ᠬᠠᠮᠲᠤᠷᠠᠯ ᠬᠦᠴᠦᠨ᠎ᠢ ᠪᠠᠳᠠᠷᠠᠭᠤᠯᠵᠤ᠂ ᠰᠠᠯᠠᠭ᠎ᠠ ᠮᠥᠴᠢᠷ᠎ᠦᠨ ᠪᠡᠬᠢᠯᠡᠯᠲᠡ᠎ᠶᠢ ᠡᠪᠳᠡᠵᠦ᠂ ᠰᠢᠰᠲᠧᠮᠲᠦ ᠰᠡᠳᠬᠢᠬᠦᠢ᠎ᠶᠢ ᠬᠡᠷᠡᠭᠯᠡᠨ᠂ ᠬᠣᠯᠪᠣᠭᠠᠯᠠᠬᠤ ᠲᠣᠭᠲᠠᠴᠠ᠎ᠶᠢ ᠪᠠᠢᠭᠤᠯᠵᠤ᠂ ᠣᠯᠠᠨ ᠭᠣᠣᠯ ᠴᠣᠭᠴᠠ ᠬᠠᠮᠵᠢᠯᠴᠠᠬᠤ᠂ ᠣᠯᠠᠨ ᠠᠷᠭ᠎ᠠ ᠪᠠᠷᠢᠯ᠎ᠢ ᠵᠡᠷᠭᠡ᠎ᠪᠡᠷ ᠬᠡᠷᠡᠭᠯᠡᠬᠦ᠂ ᠣᠯᠠᠨ ᠬᠠᠷᠠᠯᠲᠠ ᠲᠡᠩᠴᠡᠭᠦᠷᠢᠲᠡᠢ ᠪᠠᠢᠬᠤ᠂ ᠣᠯᠠᠨ ᠭᠣᠭᠴᠣᠭ᠎ᠠ᠎ᠶᠢ ᠵᠣᠯᠭᠠᠭᠤᠯᠬᠤ᠎ᠶᠢ ᠪᠡᠶᠡᠯᠡᠭᠦᠯᠪᠠ᠃
ᠠᠮᠢ ᠠᠬᠤᠢ ᠣᠷᠴᠢᠨ ᠲᠤᠭᠤᠷᠢᠨ᠎ᠤ ᠬᠠᠤᠯᠢ᠎ᠶᠢᠨ ᠪᠢᠴᠢᠭ᠎ᠤᠨ ᠶᠡᠷᠦᠩᠬᠡᠢ ᠳᠦᠷᠢᠮ᠎ᠦᠨ ᠲᠣᠭᠲᠠᠭᠠᠯ᠎ᠨᠢ ᠠᠮᠢ ᠨᠠᠰᠤᠨ᠎ᠤ ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ ᠨᠢ ᠬᠦᠷᠢᠶ᠎ᠡ ᠬᠡᠪᠴᠢᠶ᠎ᠡ ᠥᠷᠭᠡᠨ᠂ ᠪᠦᠬᠦᠯᠢ ᠴᠣᠭᠴᠠ᠎ᠠᠴᠠ ᠪᠣᠳᠣᠯᠬᠢᠯᠠᠭᠰᠠᠨ《ᠠᠮᠢ ᠠᠬᠤᠢ ᠣᠷᠴᠢᠨ ᠲᠣᠭᠣᠷᠢᠨ》᠎ᠢ᠋ ᠦᠨᠳᠦᠰᠦᠨ ᠤᠬᠠᠭᠳᠠᠬᠤᠨ ᠪᠠ ᠬᠠᠮᠠᠭᠠᠯᠠᠬᠤ ᠡᠲᠡᠭᠡᠳ ᠪᠣᠯᠭᠠᠵᠤ᠂ ᠪᠣᠬᠢᠷᠲᠤᠯ ᠢ ᠰᠡᠷᠭᠡᠢᠯᠡᠨ ᠵᠠᠰᠠᠬᠤ᠂ ᠠᠮᠢ ᠠᠬᠤᠢ᠎ᠶᠢ ᠬᠠᠮᠠᠭᠠᠯᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠱᠢᠯᠠᠭᠤᠯᠬᠤ ᠬᠥᠭᠵᠢᠯᠲᠡ᠎ᠶᠢᠨ ᠬᠠᠮᠢᠶ᠎ᠠ ᠪᠦᠬᠦᠢ ᠠᠵᠢᠯᠯᠠᠭ᠎ᠠ᠎ᠶᠢ ᠲᠣᠬᠢᠷᠠᠭᠤᠯᠬᠤ ᠬᠡᠪᠴᠢᠶᠡᠨ᠎ᠳᠦ ᠣᠷᠣᠭᠤᠯᠵᠤ᠂ ᠬᠥᠮᠥᠨ ᠬᠢᠭᠡᠳ ᠪᠠᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ᠎ᠵᠢ ᠬᠥᠭᠡᠭᠡᠴᠡᠯᠳᠦᠵᠦ᠂ ᠠᠮᠢ ᠨᠠᠰᠤᠨ᠎ᠤ ᠬᠠᠮᠲᠤ᠎ᠶᠢᠨ ᠴᠣᠭᠴᠠ᠎ᠶᠢᠨ ᠦᠷᠳᠡᠭ᠎ᠦᠨ ᠣᠢᠯᠠᠭᠠᠭᠳᠠᠬᠤᠨ᠎ᠢ ᠬᠠᠤᠯᠢ ᠲᠣᠭᠲᠠᠭᠠᠯᠳᠠ ᠵᠢᠨ ᠬᠤᠪᠢᠷᠠᠭᠤᠯᠤᠯᠳᠠ ᠪᠤᠯᠬᠤ᠎ᠶᠢ ᠠᠬᠢᠭᠤᠯᠪᠠ᠃ 《ᠤᠯᠠᠨ ᠨᠡᠶ᠋ᠢᠲᠡ᠎ᠶᠢᠨ ᠡᠷᠡᠭᠦᠯ ᠮᠡᠨᠳᠤ ᠪᠠ ᠠᠮᠢ ᠠᠬᠤᠢ ᠣᠷᠴᠢᠨ ᠲᠤᠭᠤᠷᠢᠨ ᠤ ᠡᠷᠬᠡ ᠠᠰᠢᠭ᠋᠎ᠢ ᠪᠠᠲᠤᠯᠠᠬᠤ》᠂ 《ᠠᠮᠢ ᠠᠬᠤᠢ᠎ᠶᠢᠨ ᠠᠮᠤᠷ ᠲᠦᠪᠰᠢᠨ ᠢ ᠬᠠᠮᠠᠭᠠᠯᠠᠬᠤ》᠂ 《ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠱᠢᠯᠠᠭᠤᠯᠬᠤ ᠬᠥᠭᠵᠢᠯᠲᠡ᠎ᠶᠢ ᠠᠬᠢᠭᠤᠯᠬᠤ》᠎ᠶ᠋ᠢ ᠬᠠᠤᠯᠢ ᠲᠣᠭᠲᠠᠭᠠᠬᠤ ᠵᠣᠷᠢᠯᠭ᠎ᠠ᠎ᠶᠢᠨ ᠵᠦᠢᠯ ᠵᠤᠷᠪᠤᠰ᠎ᠲᠤ ᠪᠢᠴᠢᠨ ᠣᠷᠣᠭᠤᠯᠵᠤ᠂ ᠡᠨᠡ ᠭᠤᠷᠪᠠᠨ ᠶᠡᠬᠡ ᠪᠣᠳᠠᠲᠠᠢ ᠬᠠᠷᠠᠯᠲᠠ᠎ᠶᠢ ᠲᠤᠰ ᠲᠤᠰ ᠨᠡᠢᠭᠡᠮ᠎ᠦᠨ ᠦᠷ᠎ᠡ ᠠᠰᠢᠭ᠋᠂ ᠠᠮᠢ ᠠᠬᠤᠢ᠎ᠶᠢᠨ ᠦᠷ᠎ᠡ ᠠᠰᠢᠭ᠋ ᠬᠢᠭᠡᠳ ᠠᠵᠤ ᠠᠬᠤᠢ᠎ᠶᠢᠨ ᠦᠷ᠎ᠡ ᠠᠰᠢᠭ᠋᠎ᠲᠠᠢ ᠵᠣᠬᠢᠴᠠᠭᠤᠯᠵᠤ᠂ ᠭᠤᠷᠪᠠᠯᠠᠯ ᠦᠷᠳᠡᠭ᠎ᠦᠨ ᠲᠡᠩᠴᠡᠭᠦᠷᠢᠲᠡᠢ ᠨᠢᠭᠡᠳᠦᠯᠳᠠᠢ ᠪᠠᠢᠬᠤ᠎ᠵᠢ ᠪᠡᠶᠡᠯᠡᠭᠦᠯᠪᠠ᠃ ᠶᠡᠷᠦᠩᠬᠡᠢ ᠳᠦᠷᠢᠮ᠎ᠦᠨ ᠬᠡᠰᠡᠭ ᠲᠦ ᠪᠠᠰᠠ 《ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠬᠤ》᠂ 《ᠰᠢᠰᠲᠧᠮ᠎ᠲᠠᠢ ᠵᠠᠰᠠᠬᠤ》᠂ 《ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ》 ᠵᠡᠷᠭᠡ ᠵᠠᠷᠴᠢᠮ ᠢ ᠲᠣᠭᠲᠠᠭᠠᠵᠤ᠂ ᠡᠳᠡᠭᠡᠷ ᠠᠮᠢ ᠨᠠᠰᠤᠨ᠎ᠤ ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ᠎ᠠᠴᠠ ᠢᠷᠡᠯᠲᠡ᠎ᠲᠠᠢ ᠦᠢᠯᠡᠳᠦᠯᠭᠡ᠎ᠶᠢᠨ ᠱᠠᠭᠠᠷᠳᠠᠯᠭ᠎ᠠ ᠶᠢ ᠠᠮᠢ ᠠᠬᠤᠢ ᠣᠷᠴᠢᠨ ᠲᠣᠭᠣᠷᠢᠨ᠎ᠤ ᠬᠦᠷᠢᠶ᠎ᠡ ᠴᠠᠷᠠᠭᠠᠨ᠎ᠳᠡᠬᠢ ᠡᠷᠬᠡᠪᠰᠢ ᠵᠢᠷᠤᠮᠯᠠᠬᠤ ᠴᠢᠬᠤᠯᠠᠳᠠᠢ ᠰᠠᠭᠤᠷᠢ ᠵᠢᠷᠤᠮᠵᠢᠯ ᠪᠣᠯᠭᠠᠵᠤ᠂ ᠬᠠᠤᠯᠢ ᠲᠣᠭᠲᠠᠭᠠᠯᠳᠠ ᠵᠢᠨ ᠪᠦᠷᠢᠯᠳᠦᠯ᠎ᠢ ᠵᠢᠯᠤᠭᠣᠳᠬᠤ᠂ ᠦᠷᠳᠡᠭ᠎ᠦᠨ ᠦᠨᠡᠯᠡᠯᠲᠡ ᠬᠢᠬᠦ᠂ ᠪᠣᠳᠠᠲᠠᠢ ᠳᠦᠷᠢᠮ᠎ᠢ ᠨᠥᠬᠥᠪᠦᠷᠢᠯᠡᠬᠦ ᠬᠠᠤᠯᠢ ᠴᠠᠭᠠᠵᠠ᠎ᠶᠢᠨ ᠬᠦᠴᠦᠨ᠎ᠲᠠᠢ ᠪᠣᠯᠭᠠᠵᠠᠢ᠃
ᠠᠮᠢ ᠠᠬᠤᠢ ᠣᠷᠴᠢᠨ ᠲᠤᠭᠤᠷᠢᠨ᠎ᠤ ᠬᠠᠤᠯᠢ ᠶᠢᠨ ᠪᠢᠴᠢᠭ ᠨᠢ ᠵᠢᠷᠤᠮᠵᠢᠭᠤᠯᠤᠨ ᠨᠡᠢᠳᠭᠡᠬᠦ᠎ᠪᠡᠷ ᠳᠠᠮᠵᠢᠨ ᠨᠢᠭᠡ ᠴᠣᠭᠴᠠᠵᠢᠭᠤᠯᠤᠨ ᠬᠠᠮᠠᠭᠠᠯᠠᠬᠤ ᠬᠠᠤᠯᠢ ᠴᠠᠭᠠᠵᠠ᠎ᠶᠢᠨ ᠰᠢᠰᠲᠧᠮ ᠢ ᠪᠠᠢᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠦᠨ ᠪᠣᠬᠢᠷᠲᠤᠯ᠎ᠢ ᠰᠡᠷᠭᠡᠢᠯᠡᠨ ᠵᠠᠰᠠᠬᠤ ᠬᠡᠰᠡᠭ᠂ ᠠᠮᠢ ᠠᠬᠤᠢ᠎ᠶᠢᠨ ᠬᠠᠮᠠᠭᠠᠯᠠᠯᠲᠠ ᠶᠢᠨ ᠬᠡᠰᠡᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠱᠢᠯᠠᠭᠤᠯᠬᠤ ᠬᠥᠭᠵᠢᠯᠲᠡ᠎ᠶᠢᠨ ᠬᠡᠰᠡᠭ ᠨᠢ ᠣᠷᠴᠢᠨ ᠲᠣᠭᠣᠷᠢᠨ᠎ᠤ ᠬᠠᠮᠠᠭᠠᠯᠠᠯᠲᠠ ᠶᠢᠨ ᠭᠣᠣᠯ ᠬᠦᠷᠢᠶ᠎ᠡ ᠴᠠᠷᠠᠭ᠎ᠠ᠎ᠶᠢ ᠬᠠᠮᠤᠷᠤᠭᠰᠠᠨ ᠪᠥᠭᠡᠳ ᠨᠢᠭᠡ ᠴᠣᠭᠴᠠᠵᠢᠭᠤᠯᠤᠨ ᠬᠠᠮᠠᠭᠠᠯᠠᠬᠤ ᠱᠠᠭᠠᠷᠳᠠᠯᠭ᠎ᠠ᠎ᠶᠢ ᠦᠨᠳᠦᠰᠦᠯᠡᠨ᠂ ᠴᠢᠬᠤᠯᠠ ᠡᠲᠡᠭᠡᠳ᠂ ᠵᠦᠢᠯᠡᠰ ᠢ ᠪᠦᠬᠦᠨ᠎ᠢ ᠪᠦᠷᠬᠦᠭᠦᠶᠢ ᠪᠡᠶᠡᠯᠡᠭᠦᠯᠦᠭᠰᠡᠨ ᠪᠠᠢᠨ᠎ᠠ᠃ ᠵᠢᠱ᠌ᠢᠶᠡᠯᠡᠪᠡᠯ᠂ ᠪᠣᠬᠢᠷᠲᠤᠯ᠎ᠢ ᠰᠡᠷᠭᠡᠢᠯᠡᠨ ᠵᠠᠰᠠᠬᠤ ᠬᠡᠰᠡᠭ ᠲᠤ᠌ ᠬᠢᠮᠢ᠎ᠶᠢᠨ ᠪᠣᠳᠠᠰ᠎ᠤᠨ ᠪᠣᠬᠢᠷᠲᠤᠯ᠎ᠤᠨ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ᠂ ᠴᠠᠬᠢᠯᠭᠠᠨ ᠰᠣᠷᠢᠨᠵᠢᠨ᠎ᠤ ᠰᠠᠴᠤᠷᠠᠭ᠎ᠤᠨ ᠪᠣᠬᠢᠷᠲᠤᠯ᠎ᠢ ᠰᠡᠷᠭᠡᠢᠯᠡᠨ ᠵᠠᠰᠠᠬᠤ᠂ ᠭᠡᠷᠡᠯ᠎ᠦᠨ ᠪᠣᠬᠢᠷᠲᠤᠯ᠎ᠢ ᠰᠡᠷᠭᠡᠢᠯᠡᠨ ᠵᠠᠰᠠᠬᠤ ᠵᠡᠷᠭᠡ ᠲᠣᠭᠲᠠᠭᠠᠯ᠎ᠢ ᠲᠤᠰᠬᠠᠢ ᠪᠦᠯᠦᠭ ᠬᠡᠯᠪᠡᠷᠢ᠎ᠪᠡᠷ ᠰᠢᠰᠲᠧᠮ᠎ᠲᠠᠢ ᠲᠣᠭᠲᠠᠭᠠᠵᠤ᠂ ᠠᠮᠢ ᠠᠬᠤᠢ᠎ᠶᠢ ᠬᠠᠮᠠᠭᠠᠯᠠᠬᠤᠬᠡᠰᠡᠭ ᠨᠢ ᠭᠣᠣᠯ ᠮᠥᠷᠡᠨ ᠨᠠᠭᠤᠷ ᠴᠥᠭᠥᠷᠥᠮ᠂ ᠴᠦᠯᠯᠡᠷᠭᠡᠭ ᠭᠠᠵᠠᠷ᠂ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠵᠡᠷᠭᠡ ᠲᠣᠭᠲᠠᠭᠠᠯ᠎ᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢᠲᠦ ᠪᠠᠭ᠎ᠠ ᠭᠠᠳᠠᠭᠱᠢᠯᠠᠭᠤᠯᠬᠤ ᠬᠥᠭᠵᠢᠯᠲᠡ᠎ᠶᠢᠨ ᠬᠡᠰᠡᠭ ᠨᠢ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠡᠷᠭᠡ ᠲᠣᠭᠲᠠᠭᠠᠯ᠎ᠢ ᠨᠡᠮᠡᠭᠳᠡᠭᠦᠯᠪᠡ᠃ ᠡᠨᠡ ᠬᠦ᠌ ᠰᠠᠭᠤᠷᠢᠨ ᠳᠡᠭᠡᠷ᠎ᠡ᠂ ᠡᠯ᠎ᠡ ᠬᠡᠰᠡᠭ ᠨᠢ 《ᠡᠩ᠎ᠦᠨ ᠲᠣᠭᠲᠠᠭᠠᠯ》 ᠪᠠ ᠪᠦᠯᠦᠭ ᠬᠡᠰᠡᠭ᠎ᠦᠨ ᠪᠠᠢᠷᠢᠯᠠᠭᠤᠯᠤᠯᠲᠠ᠎ᠪᠠᠷ ᠳᠠᠮᠵᠢᠨ ᠬᠣᠯᠪᠣᠭᠳᠠᠯ ᠪᠦᠬᠦᠢ ᠵᠦᠢᠯ ᠵᠤᠷᠪᠤᠰ ᠢ ᠨᠡᠢᠳᠭᠡᠵᠦ᠂ ᠰᠢᠰᠲᠧᠮ ᠨᠢ ᠪᠦᠷᠢᠨ ᠲᠡᠭᠦᠯᠳᠡᠷ ᠬᠠᠤᠯᠢ ᠴᠠᠭᠠᠵᠠ᠎ᠶᠢᠨ ᠵᠢᠷᠤᠮᠵᠢᠯ᠎ᠤᠨ ᠰᠢᠰᠲᠧᠮ᠎ᠢ ᠪᠤᠢ ᠪᠣᠯᠭᠠᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠬᠡᠰᠡᠭ ᠨᠢ ᠠᠭᠠᠷ ᠮᠠᠨᠳᠠᠯ᠂ ᠤᠰᠤ᠂ ᠲᠡᠯᠡᠶ ᠲᠠᠩᠭᠢᠰ᠂ ᠬᠥᠷᠥᠰᠥ ᠰᠢᠷᠣᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠱᠤᠤᠭᠢᠶ᠎ᠠ ᠲᠠᠭᠤ᠂ ᠰᠠᠴᠤᠷᠠᠭ ᠴᠢᠨᠠᠷ᠂ ᠬᠢᠮᠢ᠎ᠶᠢᠨ ᠪᠣᠳᠠᠰ᠂ ᠴᠠᠬᠢᠯᠭᠠᠨ ᠰᠣᠷᠢᠨᠵᠢᠨ᠎ᠤ ᠰᠠᠴᠤᠷᠠᠭ᠂ ᠬᠡᠷᠡᠯ ᠵᠡᠷᠭᠡ ᠭᠣᠣᠯ ᠪᠣᠬᠢᠷᠲᠤᠯ᠎ᠢ ᠬᠠᠮᠤᠷᠴᠤ᠂ ᠠᠭᠤᠯᠠᠨ ᠲᠠᠯ᠎ᠠ᠎ᠠᠴᠠ ᠲᠡᠯᠡᠶ ᠲᠠᠩᠭᠢᠰ ᠬᠦᠷᠲᠡᠯᠡᠬᠢ ᠪᠥᠬᠥ ᠣᠷᠣᠨ ᠪᠦᠰᠡ᠎ᠶᠢᠨ ᠰᠡᠷᠭᠡᠢᠯᠡᠯᠲᠡ ᠡᠵᠡᠮᠳᠡᠯ᠎ᠢ ᠪᠡᠶᠡᠯᠡᠭᠦᠯᠪᠡ᠃ ᠠᠮᠢ ᠠᠬᠤᠢ᠎ᠶᠢᠨ ᠬᠠᠮᠠᠭᠠᠯᠠᠯᠲᠠ᠎ᠶᠢᠨ ᠬᠡᠰᠡᠭ ᠨᠢ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠲᠠᠯᠠᠢ ᠲᠠᠩᠭᠢᠰ᠂ ᠲᠠᠯᠠᠢ᠎ᠶᠢᠨ ᠠᠷᠠᠯ᠂ ᠭᠣᠣᠯ ᠮᠥᠷᠡᠨ ᠨᠠᠭᠤᠷ ᠴᠥᠭᠥᠷᠥᠮ᠂ ᠴᠦᠯᠯᠡᠷᠭᠡᠭ ᠭᠠᠵᠠᠷ ᠵᠡᠷᠭᠡ ᠠᠮᠢ ᠠᠬᠤᠢ᠎ᠶᠢᠨ ᠰᠢᠰᠲᠧᠮ᠎ᠳᠦ ᠲᠤᠰᠬᠠᠢ ᠬᠡᠰᠡᠭ ᠪᠦᠯᠦᠭ ᠲᠣᠬᠢᠷᠠᠭᠤᠯᠵᠤ᠂ ᠨᠢᠭᠡ ᠴᠣᠭᠴᠠᠵᠢᠭᠤᠯᠤᠨ ᠬᠠᠮᠠᠭᠠᠯᠠᠬᠤ᠎ᠶᠢ ᠪᠡᠶᠡᠯᠡᠭᠦᠯᠵᠦ᠂ ᠪᠠᠰᠠ 《ᠠᠮᠢ ᠠᠬᠤᠢ᠎ᠶᠢᠨ ᠮᠠᠭᠤᠳᠠᠯ ᠢ ᠤᠷᠢᠳᠴᠢᠯᠠᠨ ᠰᠡᠷᠭᠡᠢᠯᠡᠬᠦ ᠪᠠ ᠵᠠᠰᠠᠬᠤ》 ᠪᠤᠯᠤᠨ《ᠠᠮᠢ ᠠᠬᠤᠢ᠎ᠶᠢ ᠵᠠᠰᠠᠨ ᠰᠡᠷᠭᠦᠭᠡᠬᠦ》 ᠭᠡᠬᠦ ᠬᠣᠶᠠᠷ ᠪᠦᠯᠦᠭ ᠢ ᠲᠤᠰᠬᠠᠢᠯᠠᠨ ᠲᠣᠬᠢᠷᠠᠭᠤᠯᠵᠤ᠂ ᠪᠤᠰᠤᠳ ᠡᠯ᠎ᠡ ᠪᠦᠯᠦᠭ᠎ᠲᠠᠢ ᠠᠵᠢᠯ ᠬᠤᠪᠢᠶᠠᠨ ᠬᠠᠮᠵᠢᠯᠴᠠᠵᠤ᠂ 《ᠬᠡᠷᠡᠭ᠎ᠦᠨ ᠡᠮᠦᠨ᠎ᠡ ᠤᠷᠢᠳᠴᠢᠯᠠᠨ ᠰᠡᠷᠭᠡᠢᠯᠡᠬᠦ᠂ ᠬᠡᠷᠡᠭ ᠦᠨ ᠳᠤᠮᠳᠠ ᠬᠠᠮᠢᠶᠠᠷᠤᠨ ᠡᠵᠡᠮᠳᠡᠬᠦ᠂ ᠬᠡᠷᠡᠭ᠎ᠦᠨ ᠲᠠᠷᠠᠭ᠎ᠠ ᠵᠠᠰᠠᠨ ᠰᠡᠷᠭᠦᠭᠡᠬᠦ》 ᠪᠦᠬᠦ ᠴᠤᠪᠤᠷᠠᠯ᠎ᠤᠨ ᠰᠢᠰᠲᠧᠮ᠎ᠢ ᠪᠦᠷᠢᠯᠳᠦᠭᠦᠯᠪᠡ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠱᠢᠯᠠᠭᠤᠯᠬᠤ ᠬᠥᠭᠵᠢᠯᠲᠡ᠎ᠶᠢᠨ ᠬᠡᠰᠡᠭ ᠨᠢ ᠡᠷᠭᠢᠯᠳᠡᠳᠦ ᠠᠵᠤ ᠠᠬᠤᠢ᠎ᠶᠢ ᠬᠥᠭᠵᠢᠭᠦᠯᠬᠦ᠂ ᠡᠨᠧᠷᠭᠢ ᠠᠷᠪᠢᠯᠠᠬᠤ ᠬᠢᠭᠡᠳ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ ᠶᠢ ᠳᠦᠷᠢᠮ᠎ᠦᠨ ᠪᠣᠷᠣ᠌ ᠲᠥᠯᠥᠪᠲᠦ ᠣᠷᠣᠭᠤᠯᠵᠤ᠂ ᠦᠢᠯᠡᠳᠪᠦᠷᠢᠯᠡᠯ ᠂ ᠭᠦᠢᠯᠭᠡᠭᠡ᠂ ᠬᠡᠷᠡᠭᠯᠡᠭᠡ᠂ ᠬᠣᠷᠢᠶᠠᠨ ᠠᠪᠴᠤ ᠳᠠᠬᠢᠨ ᠠᠰᠢᠭ᠍ᠯᠠᠬᠤ ᠡᠯ᠎ᠡ ᠭᠣᠭᠴᠣᠭ᠎ᠠ᠎ᠳᠤ ᠲᠤᠭᠤᠱᠢᠯᠠᠭᠤᠯᠵᠤ᠂ ᠪᠥᠬᠥ ᠲᠠᠯ᠎ᠠ᠎ᠶᠢ ᠬᠠᠮᠤᠷᠤᠭᠰᠠᠨ ᠂ ᠡᠮᠬᠢ ᠵᠢᠷᠤᠮ᠎ᠲᠠᠢ ᠵᠣᠯᠭᠠᠯᠴᠠᠭᠰᠠᠨ ᠪᠦᠷᠢᠨ ᠪᠦᠲᠦᠨ ᠪᠢᠲᠡᠭᠦᠦ ᠴᠠᠭᠠᠷᠢᠭ᠋᠎ᠢ ᠪᠣᠶ ᠪᠣᠯᠭᠠᠪᠠ᠃
ᠠᠮᠢ ᠠᠬᠤᠢ ᠣᠷᠴᠢᠨ ᠲᠤᠭᠤᠷᠢᠨ ᠤ ᠬᠠᠤᠯᠢ᠎ᠶᠢᠨ ᠪᠢᠴᠢᠭ ᠨᠢ ᠰᠢᠪᠲᠤᠯᠤᠯᠲᠠ ᠵᠢᠨ ᠴᠢᠨᠠᠷ ᠲᠠᠢ ᠰᠢᠨ᠎ᠡ᠎ᠶᠢ ᠡᠭᠦᠳᠬᠦ᠎ᠪᠡᠷ ᠳᠠᠮᠵᠢᠨ ᠂ ᠰᠢᠰᠲᠧᠮ᠎ᠲᠠᠢ ᠵᠠᠰᠠᠯᠲᠠ ᠵᠢᠨ ᠳᠦᠷᠢᠮ᠎ᠦᠨ ᠪᠣᠷᠣ᠌ ᠲᠥᠯᠥᠪ ᠪᠠ ᠪᠠᠢᠭᠤᠯᠤᠯ ᠲᠣᠭᠲᠠᠴᠠ᠎ᠶᠢ ᠪᠤᠢ ᠪᠣᠯᠭᠠᠪᠠ᠃ ᠰᠢᠪᠲᠤᠯᠤᠯᠲᠠ ᠵᠢᠨ ᠴᠢᠨᠠᠷ ᠲᠠᠢ ᠰᠢᠨ᠎ᠡ᠎ᠶᠢ ᠡᠭᠦᠳᠬᠦ᠎ᠪᠡᠷ ᠳᠠᠮᠵᠢᠨ ᠠᠳᠠᠯᠢ ᠪᠤᠰᠤ ᠳᠦᠷᠢᠮ᠎ᠲᠠᠢ ᠵᠤᠯᠭᠠᠯᠴᠠᠭᠤᠯᠬᠤ ᠪᠡᠷ ᠳᠠᠮᠵᠢᠵᠤ᠂ ᠠᠵᠢᠯ᠎ᠢᠶᠠᠨ ᠬᠤᠪᠢᠶᠠᠷᠢᠯᠠᠨ ᠬᠠᠮᠵᠢᠯᠴᠠᠬᠤ᠎ᠶᠢ ᠪᠡᠶᠡᠯᠡᠭᠦᠯᠵᠦ᠂ 《ᠭᠠᠭᠴᠠᠭᠠᠷ ᠲᠡᠮᠡᠴᠡᠬᠦ》 ᠶ᠋ᠢ 《ᠬᠠᠮᠵᠢᠯᠴᠠᠨ ᠪᠠᠢᠯᠳᠤᠬᠤ》 ᠪᠣᠯᠭᠠᠨ ᠬᠤᠪᠢᠷᠠᠭᠤᠯᠤᠬᠰᠠᠨ ᠪᠣᠯ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠦᠨ ᠰᠢᠰᠲᠧᠮᠴᠢᠯᠡᠭᠰᠡᠨ ᠴᠢᠳᠠᠪᠬᠢ᠎ᠪᠠᠨ ᠪᠠᠳᠠᠷᠠᠭᠤᠯᠬᠤ ᠴᠢᠬᠤᠯᠠ ᠠᠷᠭ᠎ᠠ ᠬᠡᠯᠪᠡᠷᠢ ᠪᠣᠯᠣᠨ᠎ᠠ᠃ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠦᠨ ᠶᠡᠷᠦᠩᠬᠡᠢ ᠳᠦᠷᠢᠮ᠎ᠤᠨ ᠬᠡᠰᠡᠭ ᠨᠢ ᠡᠯ᠎ᠡ ᠬᠤᠪᠢᠶᠠᠷᠢ ᠳᠦᠷᠢᠮ᠎ᠦᠨ ᠳᠣᠲᠣᠷᠠᠬᠢ ᠠᠳᠠᠯᠢ ᠨᠢᠭᠡᠨ ᠡᠲᠡᠭᠡᠳ᠎ᠲᠦ ᠴᠢᠭᠯᠡᠭᠦᠯᠦᠭᠰᠡᠨ ᠠᠳᠠᠯᠢ ᠪᠤᠰᠤ ᠳᠦᠷᠢᠮ᠎ᠢ ᠨᠢᠭᠡᠳᠦᠯᠲᠡᠢ ᠵᠠᠭᠪᠤᠷ᠎ᠲᠤ ᠣᠷᠣᠭᠤᠯᠵᠤ᠂ ᠬᠠᠮᠠᠭᠠᠯᠠᠯᠲᠠ᠎ᠶᠢᠨ ᠬᠠᠮᠲᠤᠷᠠᠯ ᠬᠦᠴᠦᠨ᠎ᠢ ᠪᠦᠷᠢᠯᠳᠦᠭᠦᠯᠪᠡ᠃ ᠤᠰᠤ᠎ᠪᠠᠷ ᠵᠢᠱ᠌ᠢᠶᠡᠯᠡᠪᠡᠯ᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠦᠨ ᠶᠡᠷᠦᠩᠬᠡᠢ ᠳᠦᠷᠢᠮ᠎ᠤᠨ ᠬᠡᠰᠡᠭ ᠲᠦ 《ᠤᠯᠤᠰ᠎ᠠᠴᠠ ᠤᠰᠤᠨ᠎ᠤ ᠡᠬᠢ ᠪᠠᠶᠠᠯᠢᠭ᠋᠂ ᠤᠰᠤᠨ᠎ᠤ ᠣᠷᠴᠢᠨ ᠲᠣᠭᠣᠷᠢᠨ᠂ ᠤᠰᠤᠨ᠎ᠤ ᠠᠮᠢ ᠠᠬᠤᠢ᠎ᠶᠢᠨ ᠵᠠᠰᠠᠯᠲᠠ᠎ᠶᠢ ᠨᠢᠭᠡᠳᠦᠯᠲᠡᠢ ᠲᠥᠯᠥᠪᠵᠢᠭᠦᠯᠵᠦ》᠂ ᠪᠣᠬᠢᠷᠲᠤᠯ᠎ᠢ ᠰᠡᠷᠭᠡᠢᠯᠡᠨ ᠵᠠᠰᠠᠬᠤ ᠣᠷᠣᠨ ᠲᠣᠭ᠎ᠠ ᠪᠣᠯᠣᠨ ᠠᠮᠢ ᠠᠬᠤᠢ᠎ᠶᠢᠨ ᠬᠠᠮᠠᠭᠠᠯᠠᠯᠲᠠ᠎ᠶᠢᠨ ᠣᠷᠣᠨ ᠲᠣᠭ᠎ᠠ᠎ᠳᠤ 《ᠤᠰᠤᠨ᠎ᠤ ᠴᠢᠨᠠᠷ》᠂ 《ᠤᠰᠤᠨ᠎ᠤ ᠬᠡᠮᠵᠢᠶ᠎ᠡ》᠂ 《ᠠᠮᠢ ᠠᠬᠤᠢ᠎ᠶᠢᠨ ᠤᠷᠤᠰᠴᠠ》 ᠵᠢᠨ ᠬᠣᠯᠪᠣᠭᠳᠠᠯ ᠪᠦᠬᠦᠢ ᠪᠣᠳᠠᠲᠠᠢ ᠳᠦᠷᠢᠮ ᠢ ᠲᠤᠰ ᠪᠦᠷᠢ ᠲᠣᠭᠲᠠᠭᠠᠵᠤ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠡᠬᠢ ᠪᠠᠶᠠᠯᠢᠭ᠋᠂ ᠤᠰᠤᠨ᠎ᠤ ᠠᠮᠢ ᠠᠬᠤᠢ ᠵᠡᠷᠭᠡ 《ᠭᠤᠷᠪᠠᠨ ᠤᠰᠤ᠎ᠶᠢ ᠨᠢᠭᠡᠳᠦᠯᠲᠡᠢ ᠲᠥᠯᠥᠪᠵᠢᠭᠦᠯᠬᠦ》᠎ᠶ᠋ᠢ ᠬᠠᠮᠲᠤ᠎ᠪᠠᠷ ᠪᠡᠶᠡᠯᠡᠭᠦᠯᠪᠡ᠃ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ ᠨᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠤᠨ ᠵᠣᠬᠢᠴᠠᠭᠤᠯᠤᠨ ᠬᠣᠯᠪᠤᠭᠠᠯᠠᠨ ᠬᠥᠳᠡᠯᠦᠯᠴᠡᠬᠦ ᠲᠣᠭᠲᠠᠴᠠ᠂ ᠭᠣᠣᠯᠳᠠᠯᠭ᠎ᠠ᠎ᠲᠠᠢ ᠣᠷᠣᠨ ᠪᠦᠰᠡ᠂ ᠰᠠᠪᠠ ᠭᠠᠵᠠᠷ᠂ ᠲᠠᠯᠠᠢ᠎ᠶᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠣᠯᠪᠤᠭᠠᠯᠠᠨ ᠬᠠᠮᠠᠭᠠᠯᠠᠵᠤ ᠵᠣᠬᠢᠴᠠᠭᠤᠯᠬᠤ ᠲᠣᠭᠲᠠᠴᠠ᠂ ᠠᠮᠢ ᠠᠬᠤᠢ᠎ᠶᠢᠨ ᠠᠮᠤᠷ ᠲᠦᠪᠰᠢᠨ᠎ᠦ ᠠᠵᠢᠯ᠎ᠤᠨ ᠵᠣᠬᠢᠴᠠᠭᠤᠯᠬᠤ ᠲᠣᠭᠲᠠᠴᠠ᠂ ᠠᠮᠢ ᠠᠬᠤᠢ ᠣᠷᠴᠢᠨ ᠲᠣᠭᠣᠷᠢᠨ᠎ᠤ ᠮᠡᠳᠡᠭᠡ ᠵᠠᠩᠭᠢ᠎ᠶᠢ ᠬᠠᠮᠲᠤ ᠪᠠᠷ ᠡᠳ᠋ᠯᠡᠬᠦ ᠲᠣᠭᠲᠠᠴᠠ ᠵᠡᠷᠭᠡ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠬᠠᠮᠢᠶ᠎ᠠ ᠪᠦᠬᠦᠢ ᠠᠵᠢᠯ᠎ᠤᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠬᠦ ᠪᠡᠷ ᠳᠠᠮᠵᠢᠭᠤᠯᠵᠤ᠂ ᠠᠳᠠᠯᠢ ᠪᠤᠰᠤ ᠵᠠᠰᠠᠭ ᠵᠠᠬᠢᠷᠭᠠᠨ᠎ᠤ ᠭᠣᠣᠯ ᠴᠣᠭᠴᠠ᠎ᠶᠢᠨ ᠬᠦᠴᠦᠨ᠎ᠢ ᠰᠢᠰᠲᠧᠮ᠎ᠲᠠᠢ ᠨᠡᠢᠳᠬᠡᠪᠡ᠃ ᠠᠮᠢ ᠠᠬᠤᠢ ᠣᠷᠴᠢᠨ ᠲᠤᠭᠤᠷᠢᠨ᠎ᠤ ᠬᠠᠤᠯᠢ᠎ᠶᠢᠨ ᠪᠢᠴᠢᠭ᠎ᠨᠢ ᠬᠠᠤᠯᠢ ᠪᠠᠷᠢᠬᠤ ᠦᠢᠯᠡᠳᠦᠯ᠎ᠢ ᠪᠠᠳᠠᠷᠠᠭᠤᠯᠬᠤ᠎ᠶᠢ ᠴᠢᠬᠤᠯᠠᠴᠢᠯᠠᠵᠤ᠂ ᠤᠯᠤᠰ᠎ᠤᠨ ᠠᠮᠢ ᠠᠬᠤᠢ᠎ᠤᠷᠴᠢᠨ ᠲᠤᠭᠤᠷᠢᠨ᠎ᠤ ᠬᠠᠤᠯᠢ ᠪᠠᠷᠢᠬᠤ ᠪᠠᠲᠤᠯᠠᠭ᠎ᠠ᠎ᠶᠢᠨ ᠪᠠᠢᠭᠤᠯᠤᠯᠲᠠ᠎ᠶᠢ ᠴᠢᠩᠭᠠᠳᠬᠠᠬᠤ ᠵᠦᠢᠯ ᠵᠤᠷᠪᠤᠰ᠎ᠢ ᠲᠤᠰᠬᠠᠢᠯᠠᠨ ᠭᠠᠷᠭᠠᠵᠤ᠂ ᠵᠠᠰᠠᠭ ᠵᠠᠬᠢᠷᠭᠠᠨ᠎ᠤ ᠪᠠᠢᠭᠤᠯᠭ᠎ᠠ᠂ ᠬᠢᠨᠠᠨ ᠪᠠᠢᠴᠠᠭᠠᠬᠤ ᠪᠠᠢᠭᠤᠯᠭ᠎ᠠ᠂ ᠰᠢᠭᠦᠨ ᠲᠠᠰᠤᠯᠬᠤ ᠪᠠᠢᠭᠤᠯᠭ᠎ᠠ ᠪᠠ ᠪᠠᠢᠴᠠᠭᠠᠬᠤ ᠪᠠᠢᠭᠤᠯᠭ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠬᠤ᠎ᠶᠢ ᠱᠠᠭᠠᠷᠳᠠᠪᠠ᠃ ᠠᠮᠢ ᠠᠬᠤᠢ ᠣᠷᠴᠢᠨ ᠲᠤᠭᠤᠷᠢᠨ᠎ᠤ ᠬᠠᠤᠯᠢ᠎ᠶᠢᠨ ᠪᠢᠴᠢᠭ᠎ᠲᠦ ᠨᠡᠢᠭᠡᠮ᠎ᠦᠨ ᠭᠤᠤᠯ ᠴᠣᠭᠴᠠ᠎ᠶᠢᠨ ᠦᠢᠯᠡᠳᠦᠯ᠎ᠢ ᠪᠠᠳᠠᠷᠠᠭᠤᠯᠬᠤ᠎ᠶᠢ ᠴᠢᠬᠤᠯᠠᠴᠢᠯᠠᠵᠤ᠂《ᠮᠡᠳᠡᠭᠡ ᠵᠠᠩᠭᠢ᠎ᠶᠢ ᠢᠯᠡ ᠪᠣᠯᠭᠠᠬᠤ ᠪᠠ ᠤᠯᠠᠨ ᠨᠡᠶ᠋ᠢᠲᠡ᠎ᠪᠡᠷ᠎ᠢᠶᠡᠨ ᠣᠷᠣᠯᠴᠠᠬᠤ》ᠲᠤᠰᠬᠠᠢ ᠪᠦᠯᠦᠭ ᠭᠠᠷᠭᠠᠵᠤ᠂ ᠠᠷᠠᠳ ᠢᠷᠭᠡᠨ᠂ ᠬᠠᠤᠯᠢ᠎ᠶᠢᠨ ᠬᠥᠮᠥᠨ ᠪᠠ ᠪᠤᠰᠤᠳ ᠵᠣᠬᠢᠶᠠᠨ ᠪᠠᠢᠭᠤᠯᠤᠯᠲᠠ᠎ᠶᠢᠨ ᠠᠮᠢ ᠠᠬᠤᠢ ᠣᠷᠴᠢᠨ ᠲᠤᠭᠤᠷᠢᠨ᠎ᠤ ᠬᠠᠤᠯᠢ᠎ᠶᠢᠨ ᠪᠢᠴᠢᠭ ᠤ᠋ᠨ ᠮᠡᠳᠡᠭᠡ ᠵᠠᠩᠭᠢ᠎ᠶᠢ ᠬᠠᠤᠯᠢ ᠶᠣᠰᠣᠭᠠᠷ ᠡᠳ᠋ᠯᠡᠬᠦ᠂ ᠠᠮᠢ ᠠᠬᠤᠢ ᠣᠷᠴᠢᠨ ᠲᠤᠭᠤᠷᠢᠨ᠎ᠤ ᠬᠠᠤᠯᠢ᠎ᠶᠢᠨ ᠪᠢᠴᠢᠭ᠎ᠦᠨ ᠬᠠᠮᠠᠭᠠᠯᠠᠯᠲᠠ᠎ᠳᠤ ᠣᠷᠣᠯᠴᠠᠬᠤ ᠪᠠ ᠲᠡᠭᠦᠨ᠎ᠳᠦ ᠬᠢᠨᠠᠯᠲᠠ ᠲᠠᠯᠪᠢᠬᠤ ᠡᠷᠬᠡ᠎ᠶᠢ ᠬᠠᠤᠯᠢ ᠶᠣᠰᠣᠭᠠᠷ ᠡᠳ᠋ᠯᠡᠬᠦ ᠲᠤᠬᠠᠢ ᠲᠣᠳᠣᠷᠬᠠᠢ ᠲᠣᠭᠲᠠᠭᠠᠯ ᠭᠠᠷᠭᠠᠭᠰᠠᠨ ᠪᠥᠭᠡᠳ ᠬᠣᠯᠪᠣᠭᠳᠠᠯ ᠪᠦᠬᠦᠢ ᠵᠦᠢᠯ ᠵᠤᠷᠪᠤᠰ ᠭᠠᠷᠭᠠᠵᠤ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢᠭᠤᠯᠤᠯᠲᠠ᠂ ᠨᠡᠢᠭᠡᠮ᠎ᠦᠨ ᠵᠣᠬᠢᠶᠠᠨ ᠪᠠᠢᠭᠤᠯᠤᠯᠲᠠ᠂ ᠠᠮᠢ ᠠᠬᠤᠢ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠰᠠᠢᠨ ᠳᠤᠷ᠎ᠠ᠎ᠶᠢᠨ ᠠᠵᠢᠯᠯᠠᠭ᠍ᠴᠢ᠂ ᠥᠮᠴᠢᠲᠡᠨ᠎ᠦ ᠵᠥᠪᠯᠡᠯ᠂ ᠠᠳᠠᠯ ᠠᠬᠤᠢ᠎ᠶᠢᠨ ᠦᠢᠯᠡᠴᠢᠯᠡᠭᠴᠢ᠂ ᠥᠮᠴᠢᠲᠡᠨ ᠵᠡᠷᠭᠡ᠎ᠶᠢᠨ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠤᠬᠠᠭᠤᠯᠭ᠎ᠠ ᠬᠥᠮᠦᠵᠢᠯ᠂ ᠪᠣᠬᠢᠷᠲᠤᠯ᠎ᠢ ᠰᠡᠷᠭᠡᠢᠯᠡᠨ ᠵᠠᠰᠠᠬᠤ᠂ ᠠᠮᠢ ᠠᠬᠤᠢ᠎ᠶᠢ ᠬᠠᠮᠠᠭᠠᠯᠠᠬᠤ ᠵᠡᠷᠭᠡ ᠲᠠᠯ᠎ᠠ᠎ᠪᠠᠷ ᠢᠳᠡᠪᠬᠢᠲᠡᠢ ᠦᠢᠯᠡᠳᠦᠯ ᠪᠠᠳᠠᠷᠠᠭᠤᠯᠬᠤ᠎ᠶᠢ ᠵᠣᠷᠢᠭ᠍ᠵᠢᠭᠤᠯᠪᠠ᠃
(ᠵᠣᠬᠢᠶᠠᠭ᠍ᠴᠢ ᠵᠢᠨ ᠬᠠᠶᠢᠭ᠄ ᠪᠡᠭᠡᠵᠢᠩ ᠶᠡᠬᠡ ᠰᠤᠷᠭᠠᠭᠤᠯᠢ᠎ᠶᠢᠨ ᠬᠠᠤᠯᠢ ᠴᠠᠭᠠᠵᠠ᠎ᠶᠢᠨ ᠳᠡᠭᠡᠳᠦ ᠰᠤᠷᠭᠠᠭᠤᠯᠢ)
— 《ᠠᠷᠠᠳ᠎ᠤᠨ ᠡᠳᠦᠷ᠎ᠦᠨ ᠰᠣᠨᠢᠨ》 ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃