2026-08-28 10:36:50
ᠶᠡᠷᠦᠩᠬᠡᠢ ᠱᠦᠵᠢ ᠰᠢ ᠵᠢᠨ ᠫᠢᠩ᠂ ᠢᠷᠡᠭᠡᠳᠦᠢ᠎ᠶᠢᠨ ᠠᠵᠤ ᠦᠢᠯᠡᠰ᠎ᠢ ᠪᠣᠢᠵᠢᠭᠤᠯᠤᠨ ᠬᠥᠭᠵᠢᠭᠦᠯᠬᠦ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠠᠵᠤ ᠦᠢᠯᠡᠰ᠎ᠦᠨ ᠠᠰᠢᠭ᠍ᠲᠠᠢ ᠪᠠᠢᠷᠢ ᠶᠢ ᠵᠠᠪᠳᠤᠨ ᠡᠵᠡᠯᠡᠬᠦ᠂ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠬᠦ᠂ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ ᠪᠣᠯᠣᠨ ᠨᠡᠢᠭᠡᠮ᠎ᠦᠨ ᠪᠦᠬᠦ ᠲᠠᠯ᠎ᠠ᠎ᠶᠢᠨ ᠳᠠᠪᠰᠢᠯᠳᠠ᠎ᠶᠢ ᠠᠬᠢᠭᠤᠯᠬᠤ᠎ᠳᠤ ᠴᠥᠮ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠵᠢᠭᠠᠵᠤ ᠭᠠᠷᠭᠠᠪᠠ᠃ ᠢᠷᠡᠭᠡᠳᠦᠢ᠎ᠶᠢᠨ ᠠᠵᠤ ᠦᠢᠯᠡᠰ ᠨᠢ ᠰᠢᠨ᠎ᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ᠎ᠶᠢᠨ ᠴᠢᠭᠯᠡᠯ᠎ᠢ ᠲᠥᠯᠥᠭᠡᠯᠡᠵᠦ᠂ ᠪᠠᠢᠯᠳᠤᠬᠤ ᠪᠣᠳᠣᠯᠭ᠎ᠠ᠎ᠶᠢᠨ ᠴᠢᠨᠠᠷ᠂ ᠬᠥᠲᠥᠯᠥᠨ ᠳᠠᠭᠠᠭᠤᠯᠬᠤ ᠴᠢᠨᠠᠷ᠂ ᠨᠤᠷᠠᠭᠠᠯᠳᠠᠶᠢᠨ ᠴᠢᠨᠠᠷ ᠪᠠ ᠲᠣᠭᠲᠠᠭᠠᠯᠲᠤ ᠪᠤᠰᠤ ᠴᠢᠨᠠᠷ ᠪᠦᠬᠦᠢ ᠢᠯᠡᠳᠲᠡ ᠤᠳᠤᠷᠢᠳᠤᠮᠵᠢ ᠶᠢᠨ ᠴᠢᠨᠠᠷᠲᠠᠢ ᠠᠵᠤ ᠦᠢᠯᠡᠰ ᠪᠣᠯᠣᠨ᠎ᠠ᠃ ᠢᠷᠡᠭᠡᠳᠦᠢ᠎ᠶᠢᠨ ᠠᠵᠤ ᠦᠢᠯᠡᠰ᠎ᠢ ᠬᠥᠭᠵᠢᠭᠦᠯᠬᠦ ᠪᠣᠯ ᠤᠷᠲᠤ ᠬᠤᠭᠤᠴᠠᠭ᠎ᠠ᠎ᠪᠠᠷ ᠴᠢᠷᠮᠠᠢᠬᠤ ᠴᠢᠬᠤᠯᠠᠲᠠᠢ ᠮᠠᠷᠠᠽᠤᠨ ᠮᠠᠶᠢᠭ᠋᠎ᠤᠨ ᠤᠷᠤᠯᠳᠤᠭᠠᠨ ᠮᠥᠨ᠃ ᠡᠨᠡᠬᠦ ᠤᠷᠤᠯᠳᠤᠭᠠᠨ᠎ᠳᠤ ᠰᠠᠨᠠᠭᠠᠴᠢᠯᠠᠭᠠᠲᠤ ᠡᠷᠬᠡ᠎ᠶᠢ ᠣᠯᠵᠤ ᠴᠢᠳᠠᠬᠤ ᠡᠰᠡᠬᠦ᠎ᠶᠢᠨ ᠵᠠᠩᠭᠢᠯᠠᠭ᠎ᠠ ᠨᠢ ᠪᠦᠲᠦᠮᠵᠢᠲᠡᠶ ᠳᠦᠷᠢᠮ᠎ᠦᠨ ᠲᠣᠬᠢᠷᠠᠭᠤᠯᠤᠯᠲᠠ᠎ᠪᠠᠷ ᠳᠠᠮᠵᠢᠨ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢ ᠬᠢᠵᠠᠭᠠᠷᠯᠠᠵᠤ ᠪᠠᠢᠭ᠎ᠠ ᠪᠡᠷᠬᠡ ᠰᠡᠳᠦᠪ᠎ᠢ ᠰᠢᠢᠳᠪᠦᠷᠢᠯᠡᠵᠦ ᠴᠢᠳᠠᠬᠤ ᠡᠰᠡᠬᠦ᠎ᠳᠦ ᠪᠠᠢᠨ᠎ᠠ᠃ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠲᠣᠭᠲᠠᠭᠠᠯᠲᠤ ᠪᠤᠰᠤ ᠴᠢᠨᠠᠷ᠎ᠤᠨ ᠡᠮᠦᠨ᠎ᠡ᠂ ᠬᠡᠷᠬᠢᠨ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠪᠣᠶ? ᠬᠡᠷᠬᠢᠨ ᠠᠳᠠᠯᠢ ᠪᠤᠰᠤ ᠲᠡᠰ ᠳᠠᠪᠬᠤᠷᠭ᠎ᠠ᠎ᠶᠢᠨ ᠬᠡᠷᠡᠭᠴᠡᠭᠡ ᠪᠣᠯᠣᠨ ᠬᠠᠷᠢᠴᠠᠭᠤᠯᠤᠭᠰᠠᠨ ᠳᠠᠪᠠᠭᠤᠯᠢᠭ᠋᠎ᠤᠨ ᠵᠥᠷᠢᠶ᠎ᠡ᠎ᠶᠢ ᠦᠨᠳᠦᠰᠦᠯᠡᠵᠦ ᠂ ᠰᠢᠨᠵᠢᠯᠡᠬᠦ ᠤᠬᠠᠭᠠᠨᠴᠢ ᠨᠠᠷᠢᠨ ᠣᠨᠣᠪᠴᠢᠲᠠᠢ ᠲᠦᠷᠦ᠎ᠶᠢᠨ ᠪᠣᠳᠣᠯᠭ᠎ᠠ ᠪᠣᠯᠣᠨ ᠳᠦᠷᠢᠮ᠎ᠦᠨ ᠬᠠᠩᠭᠠᠯᠭ᠎ᠠ᠎ᠶᠢ ᠬᠠᠩᠭᠠᠬᠤ ᠪᠤᠢ? ᠬᠥᠭᠵᠢᠯᠲᠡ᠎ᠶᠢᠨ ᠳᠤᠮᠳᠠ ᠭᠠᠵᠠᠷ ᠣᠷᠣᠨ᠎ᠤ ᠠᠳᠠᠯᠢᠱᠢᠶᠠᠬᠤ ᠴᠢᠨᠠᠷ᠎ᠤᠨ ᠥᠷᠢᠰᠦᠯᠳᠦᠭᠡᠨ᠎ᠡᠴᠡ ᠬᠡᠷᠬᠢᠨ ᠵᠠᠢᠯᠠᠰᠬᠢᠬᠦ ᠪᠤᠢ? ᠣᠢᠷ᠎ᠠ᠎ᠶᠢᠨ ᠵᠢᠯ᠎ᠦᠨ ᠲᠤᠷᠰᠢᠯᠭ᠎ᠠ᠎ᠶᠢ ᠳ᠋ᠦᠩᠨᠡᠬᠦ᠎ᠳᠦ᠂ ᠱᠠᠲᠤᠯᠠᠨ ᠪᠣᠢᠵᠢᠭᠤᠯᠬᠤ ᠨᠢ ᠳᠡᠭᠡᠷ᠎ᠡ ᠳᠤᠷᠠᠳᠤᠭᠰᠠᠨ ᠠᠯᠢ ᠣᠯᠠᠨ ᠪᠡᠷᠬᠡ ᠰᠡᠳᠦᠪ᠎ᠢ ᠰᠢᠢᠳᠪᠦᠷᠢᠯᠡᠬᠦ᠂ ᠢᠷᠡᠭᠡᠳᠦᠢ ᠶᠢᠨ ᠠᠵᠤ ᠦᠢᠯᠡᠰ ᠦᠨ ᠰᠢᠨ᠎ᠡ ᠰᠢᠪᠲᠤᠯᠤᠯᠲᠠ ᠶᠢ ᠠᠬᠢᠭᠤᠯᠬᠤ᠎ᠳᠤ ᠮᠠᠰᠢ ᠪᠦᠲᠦᠮᠵᠢᠲᠡᠶ ᠠᠷᠭ᠎ᠠ ᠪᠤᠳᠤᠯᠭ᠎ᠠ ᠪᠤᠯᠬᠤ ᠶᠤᠮ᠃
ᠱᠠᠲᠤᠯᠠᠨ ᠪᠣᠢᠵᠢᠭᠤᠯᠬᠤ ᠭᠡᠳᠡᠭ ᠨᠢ ᠢᠷᠡᠭᠡᠳᠦᠢ᠎ᠶᠢᠨ ᠠᠵᠤ ᠦᠢᠯᠡᠰ᠎ᠢ ᠬᠥᠭᠵᠢᠭᠦᠯᠬᠦ᠎ᠳᠦ ᠨᠢᠭᠡ ᠯᠡ ᠳᠣᠣᠷ᠎ᠠ ᠳᠦᠷᠭᠢᠯᠳᠦᠨ ᠤᠷᠤᠬᠤ ᠪᠤᠶᠤ ᠳᠦᠷᠭᠢᠯᠳᠦᠨ ᠰᠠᠷᠨᠢᠵᠤ ᠪᠣᠯᠬᠤ ᠦᠭᠡᠢ᠂ ᠰᠣᠬᠣᠷ ᠪᠠᠯᠠᠢ᠎ᠪᠡᠷ ᠤᠷᠤᠭᠰᠢᠯᠠᠵᠤ ᠪᠣᠯᠬᠤ ᠦᠭᠡᠢ ᠮᠥᠷᠲᠡᠭᠡᠨ ᠵᠣᠭᠰᠣᠩᠭᠢᠷᠠᠵᠤ ᠪᠣᠯᠬᠤ ᠦᠭᠡᠢ᠂ ᠬᠠᠷᠢᠨ ᠬᠥᠭᠵᠢᠯᠲᠡ᠎ᠶᠢᠨ ᠬᠤᠷᠳᠤᠴᠠ᠎ᠵᠢ ᠰᠠᠢᠲᠤᠷ ᠡᠵᠡᠮᠳᠡᠵᠦ᠂ ᠲᠣᠭᠲᠠᠭᠤᠨ ᠪᠠᠢᠯᠭᠠᠬᠤ᠎ᠶᠢᠨ ᠵᠡᠷᠭᠡ ᠪᠡᠷᠤᠷᠤᠭᠰᠢᠯᠠᠭᠤᠯᠬᠤ ᠴᠢᠬᠤᠯᠠ ᠲᠠᠢ ᠪᠠᠢᠬᠤ᠎ᠶᠢ ᠱᠠᠭᠠᠷᠳᠠᠵᠤ ᠪᠠᠢᠨ᠎ᠠ᠃ ᠤᠯᠤᠰ ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠂ ᠮᠡᠷᠭᠡᠵᠢᠯ᠎ᠦᠨ ᠪᠣᠯᠪᠠᠰᠤᠷᠠᠩᠭᠤᠢ ᠬᠡᠮᠵᠢᠶ᠎ᠡ᠂ ᠡᠯᠧᠮᠧᠨ᠋ᠲ ᠦᠨ ᠲᠤᠯᠭᠠᠭᠤᠷᠢᠯᠠᠬᠤ ᠨᠥᠬᠥᠴᠡᠯ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ ᠬᠡᠷᠡᠭᠴᠡᠭᠡ ᠪᠣᠯᠣᠨ ᠪᠣᠯᠣᠯᠴᠠᠭ᠎ᠠ᠎ᠶᠢ ᠨᠢᠭᠡᠳᠬᠡᠵᠦ᠂ ᠲᠦᠷᠦᠯ ᠵᠦᠢᠯ ᠬᠤᠪᠢᠶᠠᠨ ᠬᠡᠷᠡᠭᠵᠢᠭᠦᠯᠬᠦ ᠲᠥᠯᠦᠪᠵᠢᠭᠦᠯᠭᠡ ᠲᠣᠭᠲᠠᠭᠠᠵᠤ᠂ ᠬᠢᠯᠪᠠᠷᠢ ᠨᠢ ᠤᠷᠢᠳ ᠵᠢᠡᠷ ᠬᠦᠴᠢᠷ᠎ᠢ ᠨᠢ ᠰᠡᠭᠦᠯ ᠲᠤᠨᠢ ᠂ ᠣᠢᠷ᠎ᠠ᠎ᠠᠴᠠ ᠨᠢ ᠬᠤᠯᠠ᠎ᠳᠤ ᠬᠦᠷᠭᠡᠬᠦ ᠵᠠᠷᠴᠢᠮ ᠶᠣᠰᠣᠭᠠᠷ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ᠃
ᠢᠷᠡᠭᠡᠳᠦᠢ᠎ᠶᠢᠨ ᠠᠵᠤ ᠦᠢᠯᠡᠰ ᠨᠢ ᠬᠣᠰᠢᠭᠤᠷᠠᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠪᠲᠤᠯᠤᠯᠲᠠ᠎ᠪᠠᠷ ᠬᠥᠳᠡᠯᠭᠡᠭᠦᠷ ᠪᠣᠯᠭᠠᠬᠤ ᠬᠡᠷᠡᠭᠳᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠪᠲᠤᠯᠤᠯᠲᠠ ᠭᠠᠷᠭᠠᠬᠤ ᠬᠡᠮᠵᠢᠶ᠎ᠡ ᠨᠢ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠬᠤᠷᠳᠤᠴᠠ᠂ ᠥᠷᠭᠡᠴᠡ᠂ ᠭᠦᠨᠴᠡ᠎ᠶᠢ ᠲᠣᠭᠲᠠᠭᠠᠵᠤ ᠪᠠᠢᠳᠠᠭ᠃ ᠢᠷᠡᠭᠡᠳᠦᠢ᠎ᠶᠢᠨ ᠠᠵᠤ ᠦᠢᠯᠡᠰ ᠢ ᠬᠥᠭᠵᠢᠭᠦᠯᠬᠦ᠎ᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠪᠲᠤᠯᠤᠯᠲᠠ ᠭᠠᠷᠭᠠᠬᠤ ᠴᠢᠳᠠᠪᠤᠷᠢ᠎ᠶᠢ ᠪᠣᠢᠵᠢᠭᠤᠯᠬᠤ᠎ᠵᠢ ᠴᠢᠩᠭᠠᠳᠬᠠᠬᠤ ᠬᠡᠷᠡᠭᠲᠡᠢ᠃ ᠡᠨᠡ ᠬᠦ᠌ ᠳᠠᠪᠬᠤᠷᠭ᠎ᠠ᠎ᠠᠴᠠ ᠦᠵᠡᠪᠡᠯ᠂ ᠱᠠᠲᠤᠯᠠᠨ ᠪᠣᠢᠵᠢᠭᠤᠯᠬᠤ ᠱᠠᠭᠠᠷᠳᠠᠯᠭ᠎ᠠ ᠨᠢ ᠣᠳᠣᠬᠠᠨ᠎ᠤ ᠪᠠᠢᠳᠠᠯ᠎ᠳᠤ ᠰᠠᠭᠤᠷᠢᠯᠠᠬᠤ ᠮᠥᠷᠲᠡᠭᠡᠨ ᠪᠠᠰᠠ ᠠᠯᠤᠰ ᠬᠡᠲᠦ᠎ᠶᠢ ᠪᠣᠳᠣᠯᠬᠢᠯᠠᠵᠤ᠂ ᠰᠠᠭᠤᠷᠢ ᠰᠤᠳᠤᠯᠭᠠᠨ᠎ᠢ ᠴᠢᠬᠤᠯᠠᠴᠢᠯᠠᠬᠤ᠎ᠪᠠᠷ ᠪᠠᠷᠠᠬᠤ ᠦᠭᠡᠢ ᠪᠠᠰᠠ ᠰᠢᠨᠵᠢᠯᠡᠬᠦ ᠤᠬᠠᠭᠠᠨ ᠬᠢᠭᠡᠳ ᠠᠵᠤ ᠦᠢᠯᠡᠰ᠎ᠢ ᠠᠭᠤᠰᠤᠯᠴᠠᠭᠤᠯᠬᠤ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ᠎ᠶᠢ ᠴᠢᠬᠤᠯᠠᠴᠢᠯᠠᠬᠤ ᠬᠡᠷᠡᠭᠲᠡᠢ᠃ ᠪᠣᠳᠠᠲᠠᠢ᠎ᠪᠠᠷ ᠬᠡᠯᠡᠪᠡᠯ᠂ ᠤᠷᠳᠤ ᠦᠶᠡᠯᠡᠯ᠎ᠦᠨ ᠬᠤᠭᠤᠴᠠᠭᠠᠨ᠎ᠤ ᠮᠡᠷᠭᠡᠵᠢᠯ᠎ᠦᠨ ᠰᠢᠪᠲᠤᠯᠤᠯᠲᠠ ᠭᠠᠷᠭᠠᠬᠤ ᠶᠠᠪᠤᠴᠠ᠎ᠶᠢ ᠠᠶᠤᠯ ᠲᠦᠭᠰᠢᠭᠦᠷᠢ᠎ᠶᠢ ᠡᠵᠡᠮᠳᠡᠵᠦ ᠪᠣᠯᠬᠤ ᠠᠳᠠᠯᠢ ᠪᠤᠰᠤ ᠱᠠᠲᠤ ᠪᠣᠯᠭᠠᠨ ᠵᠠᠳᠠᠯᠵᠤ᠂ ᠪᠡᠯᠡ ᠮᠥᠩᠭᠥ᠎ᠶᠢᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠎ᠶᠢ ᠱᠠᠲᠤ ᠨᠢᠭᠡᠪᠦᠷᠢ᠎ᠲᠠᠢ ᠨᠢ ᠣᠨᠣᠴᠠᠲᠠᠢ ᠵᠣᠬᠢᠴᠠᠭᠤᠯᠵᠤ᠂ ᠬᠠᠮᠵᠢᠯᠴᠠᠨ ᠬᠦᠴᠦᠯᠡᠭᠦᠯᠬᠦ ᠶᠠᠪᠤᠳᠠᠯ ᠪᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠳᠤ᠂ ᠲᠤᠷᠰᠢᠯᠲᠠ᠎ᠶᠢᠨ ᠲᠠᠰᠤᠭ᠎ᠠᠴᠠ ᠵᠠᠬ᠎ᠠ ᠳᠡᠯᠭᠡᠭᠦᠷ ᠲᠡᠢᠰᠢ ᠬᠤᠪᠢᠷᠠᠭᠤᠯᠵᠤ᠂ ᠡᠩ ᠦᠨ ᠪᠠᠢᠳᠠᠯ᠎ᠳᠤ ᠰᠠᠭᠤᠷᠢ ᠰᠤᠳᠤᠯᠭᠠᠨ᠂ ᠮᠡᠷᠭᠡᠵᠢᠯ᠎ᠦᠨ ᠪᠣᠭᠣᠮᠲᠠ ᠰᠢᠪᠲᠤᠯᠬᠤ ᠪᠠ ᠦᠢᠯᠡᠳᠬᠦᠨ ᠢ ᠨᠡᠭᠡᠭᠡᠨ ᠬᠥᠭᠵᠢᠭᠦᠯᠬᠦ᠂ ᠠᠬᠤᠢ ᠲᠠᠯᠠᠪᠠᠢ᠎ᠶᠢᠨ ᠬᠡᠷᠡᠭᠯᠡᠭᠡ ᠪᠠ ᠬᠡᠪᠴᠢᠶᠡᠵᠢᠭᠰᠡᠨ ᠦᠢᠯᠡᠳᠪᠦᠷᠢᠯᠡᠯ ᠵᠡᠷᠭᠡ ᠱᠠᠲᠤ ᠦᠶ᠎ᠡ᠎ᠶᠢ ᠥᠩᠭᠡᠷᠡᠭᠦᠯᠳᠡᠭ᠃ ᠰᠠᠭᠤᠷᠢ ᠰᠤᠳᠤᠯᠭᠠᠨ᠎ᠤ ᠱᠠᠲᠤᠨ᠎ᠳᠤ᠂ ᠤᠯᠤᠰ ᠤᠨ ᠪᠠᠢᠯᠳᠤᠬᠤ ᠪᠣᠳᠣᠯᠭ᠎ᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠦᠨ᠎ᠦ ᠦᠢᠯᠡᠳᠦᠯ᠎ᠢ ᠭᠦᠢᠴᠡᠳ ᠪᠠᠳᠠᠷᠠᠭᠤᠯᠵᠤ᠂ ᠪᠠᠢᠯᠳᠤᠬᠤ ᠪᠣᠳᠣᠯᠭ᠎ᠠ᠎ᠶᠢᠨ ᠤᠳᠤᠷᠢᠳᠤᠮᠵᠢ ᠪᠣᠯᠣᠨ ᠴᠢᠯᠦᠭᠡᠲᠦ ᠰᠦᠪᠡᠭᠴᠢᠯᠡᠯᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠤᠯᠤᠰ᠎ᠤᠨ ᠲᠤᠷᠰᠢᠯᠲᠠ᠎ᠶᠢᠨ ᠲᠠᠰᠤᠭ ᠵᠢᠴᠢ ᠰᠠᠭᠤᠷᠢ ᠰᠤᠳᠤᠯᠭᠠᠨ᠎ᠤ ᠳᠠᠪᠠᠭᠤᠯᠢᠭ᠋ ᠲᠣᠪᠣᠢᠮ᠎ᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠢᠯᠠᠯ᠎ᠳᠤ ᠤᠷᠳᠤ ᠬᠤᠭᠤᠴᠠᠭᠠᠨ᠎ᠤ ᠲᠣᠭᠲᠠᠭᠤᠨ ᠳᠡᠮᠵᠢᠯᠭᠡ ᠦᠵᠡᠭᠦᠯᠵᠦ᠂ ᠴᠢᠯᠦᠭᠡᠲᠡᠢ ᠰᠦᠪᠡᠭᠴᠢᠯᠡᠯᠲᠡ ᠬᠢᠬᠦ ᠣᠷᠣᠨ ᠵᠠᠢ᠎ᠶᠢ ᠭᠦᠢᠴᠡᠳ ᠣᠯᠭᠣᠬᠤ ᠬᠡᠷᠡᠭᠲᠡᠢ; ᠮᠡᠷᠭᠡᠵᠢᠯ᠎ᠦᠨ ᠪᠣᠭᠣᠮᠲᠠ ᠰᠢᠪᠲᠤᠯᠬᠤ ᠪᠠ ᠦᠢᠯᠡᠳᠬᠦᠨ᠎ᠢ ᠨᠡᠭᠡᠭᠡᠨ ᠬᠥᠭᠵᠢᠭᠦᠯᠬᠦ ᠱᠠᠲᠤᠨ᠎ᠳᠤ᠂ 《ᠲᠤᠡᠭᠬᠠᠭ ᠵᠠᠷᠯᠠᠨ ᠮᠠᠩᠯᠠᠢ ᠡᠯᠰᠡᠬᠦ》 ᠵᠡᠷᠭᠡ ᠰᠢᠨ᠎ᠡ ᠬᠡᠯᠪᠡᠷᠢ᠎ᠶᠢᠨ ᠪᠣᠭᠣᠮᠲᠠ ᠰᠢᠪᠲᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠭᠣᠣᠯᠯᠠᠭ᠍ᠴᠢ ᠠᠵᠤ ᠠᠬᠤᠢᠯᠠᠯ᠎ᠤᠨ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠡᠷᠭᠡ᠎ᠲᠠᠢ ᠬᠠᠮᠲᠤᠷᠠᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ ᠪᠠᠶ᠋ᠢᠭᠤᠯᠬᠤ᠎ᠶᠢ ᠳᠡᠮᠵᠢᠵᠦ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠂ ᠤᠷᠠᠯᠠᠯ᠎ᠤ᠋ᠨ ᠶᠠᠪᠤᠴᠠ ᠵᠢᠨ ᠪᠣᠭᠣᠮᠲᠠ ᠰᠢᠪᠲᠤᠯᠬᠤ᠎ᠶᠢ ᠬᠠᠮᠵᠢᠯᠴᠠᠨ ᠥᠷᠨᠢᠭᠦᠯᠵᠦ᠂ ᠢᠨᠵᠧᠨᠧᠷᠢᠩᠵᠢᠯᠲᠡᠶᠢᠨ ᠪᠣᠭᠣᠮᠢ᠎ᠶᠢ ᠰᠢᠪᠲᠤᠯᠬᠤ ᠬᠡᠷᠡᠭᠲᠡᠢ; ᠦᠵᠡᠭᠳᠡᠯ᠎ᠦᠨ ᠬᠡᠷᠡᠭᠯᠡᠯᠲᠡ ᠪᠠ ᠬᠡᠪᠴᠢᠶᠡᠵᠢᠭᠰᠡᠨ ᠦᠢᠯᠡᠳᠪᠦᠷᠢᠯᠡᠯ᠎ᠦᠨ ᠱᠠᠲᠤᠨ᠎ᠳᠤ᠂ ᠰᠢᠨ᠎ᠡ ᠬᠡᠯᠪᠡᠷᠢ᠎ᠶᠢᠨ ᠦᠵᠡᠭᠳᠡᠯ᠎ᠦᠨ ᠪᠦᠲᠦᠭᠡᠨ ᠪᠠᠢᠭᠤᠯᠤᠯᠲᠠ ᠪᠠ ᠨᠡᠭᠡᠭᠡᠯᠲᠡ᠎ᠶᠢ ᠶᠡᠬᠡᠪᠡᠷ ᠠᠬᠢᠭᠤᠯᠵᠤ᠂ ᠦᠵᠡᠭᠳᠡᠯ ᠦᠨ ᠬᠡᠷᠡᠭᠯᠡᠯᠲᠡ᠎ᠶᠢᠨ ᠲᠤᠯᠭᠠᠭᠤᠷᠢᠯᠠᠬᠤ ᠰᠢᠰᠲᠧᠮ᠎ᠢ ᠪᠦᠷᠢᠨᠰᠢᠭᠦᠯᠵᠦ᠂ ᠦᠵᠡᠭᠳᠡᠯ ᠦᠨ ᠬᠡᠷᠡᠭᠯᠡᠯᠲᠡ ᠡᠴᠡ ᠶᠡᠬᠡ ᠬᠡᠪᠴᠢᠶᠡᠨ ᠦ ᠬᠡᠷᠡᠭᠯᠡᠯᠲᠡ ᠬᠦᠷᠲᠡᠯᠡᠬᠢ ᠬᠡᠷᠡᠭᠵᠢᠭᠦᠯᠵᠦ ᠪᠣᠯᠬᠤᠢᠴᠠ ᠠᠷᠭ᠎ᠠ ᠵᠠᠮ᠂ ᠪᠦᠲᠦᠮᠵᠢᠲᠡᠶ ᠠᠷᠭ᠎ᠠ ᠬᠡᠮᠵᠢᠶ᠎ᠡ᠎ᠶᠢ ᠬᠠᠢᠨ ᠰᠦᠪᠡᠭᠴᠢᠯᠡᠬᠦ ᠬᠡᠷᠡᠭᠳᠡᠢ᠃
ᠠᠵᠤ ᠠᠬᠤᠢᠯᠠᠯ ᠪᠣᠯ ᠰᠢᠨ᠎ᠡ ᠶᠢ ᠡᠭᠦᠳᠬᠦ᠎ᠶᠢᠨ ᠭᠣᠣᠯ ᠴᠣᠭᠴᠠ ᠮᠥᠨ ᠂ ᠮᠠᠰᠢ ᠤᠯᠠᠨ ᠢᠷᠡᠭᠡᠳᠦᠢ᠎ᠶᠢᠨ ᠠᠵᠤ ᠦᠢᠯᠡᠰ ᠦᠨ ᠡᠭᠦᠰᠦᠯ ᠨᠢ ᠠᠵᠤ ᠠᠬᠤᠢᠯᠠᠯ᠎ᠤᠨ ᠦᠷᠭᠦᠯᠵᠢᠯᠡᠨ ᠰᠢᠨ᠎ᠡ᠎ᠶᠢ ᠡᠭᠦᠳᠬᠦ᠎ᠳᠦ ᠪᠤᠢ᠃ ᠠᠵᠤ ᠠᠬᠤᠢᠯᠠᠯ᠎ᠤᠨ ᠭᠤᠤᠯ ᠴᠣᠭᠴᠠ᠎ᠶᠢᠨ ᠲᠠᠯ᠎ᠠ᠎ᠠᠴᠠ ᠠᠪᠴᠤ ᠦᠵᠡᠪᠡᠯ᠂ ᠱᠠᠲᠤᠯᠠᠨ ᠪᠣᠢᠵᠢᠭᠤᠯᠬᠤ ᠪᠣᠯ ᠳᠠᠷᠤᠢ ᠠᠵᠤ ᠠᠬᠤᠢᠯᠠᠯ᠎ᠤᠨ ᠴᠢᠳᠠᠪᠤᠷᠢ᠎ᠶᠢᠨ ᠣᠨᠴᠠᠯᠢᠭ᠋᠂ ᠪᠠᠢᠯᠳᠤᠬᠤ ᠪᠣᠳᠣᠯᠭ᠎ᠠ ᠶᠢᠨ ᠪᠠᠢᠷᠢ ᠲᠣᠭᠲᠠᠭᠠᠯᠲᠠ ᠵᠡᠷᠭᠡ᠎ᠶᠢ ᠦᠨᠳᠦᠰᠦᠯᠡᠨ ᠲᠠᠰ ᠲᠥᠷᠥᠯ ᠬᠤᠪᠢᠶᠠᠨ ᠪᠣᠢᠵᠢᠭᠤᠯᠬᠤ ᠶᠠᠪᠤᠳᠠᠯ ᠪᠣᠯᠣᠨ᠎ᠠ᠃ ᠭᠣᠣᠯᠯᠠᠬᠤ ᠮᠡᠷᠭᠡᠵᠢᠯ᠎ᠢᠶᠡᠷ ᠲᠦᠷᠦᠭᠦᠯᠡᠭᠰᠡᠨ᠂ ᠰᠢᠨ᠎ᠡ᠎ᠶᠢ ᠡᠭᠦᠳᠬᠦ ᠴᠢᠳᠠᠪᠤᠷᠢ᠎ᠪᠠᠷ ᠴᠢᠩᠭ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ ᠪᠣᠯᠣᠨ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠎ᠢ ᠶᠡᠬᠡ ᠪᠡᠷ ᠪᠣᠢᠵᠢᠭᠤᠯᠵᠤ᠂ ᠠᠵᠤ ᠦᠢᠯᠡᠰ᠎ᠦᠨ ᠤᠷᠤᠭᠰᠢᠯᠠᠬᠤ ᠬᠦᠷᠢᠶ᠎ᠡ᠎ᠶᠢ ᠬᠥᠲᠥᠯᠥᠨ ᠳᠠᠶ᠋ᠢᠴᠢᠯᠠᠬᠤ ᠬᠡᠷᠡᠭᠳᠡᠢ᠃ ᠲᠥᠪ᠎ᠦᠨ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ 《ᠤᠯᠤᠰ᠎ᠤᠨ ᠠᠩᠭᠢ》᠎ᠶ᠋ᠢᠨ ᠦᠢᠯᠡᠳᠦᠯ ᠢ ᠪᠠᠳᠠᠷᠠᠭᠤᠯᠵᠤ᠂ ᠲᠡᠭᠦᠨ᠎ᠦ ᠢᠷᠡᠭᠡᠳᠦᠢ᠎ᠶᠢᠨ ᠠᠵᠤ ᠦᠢᠯᠡᠰ᠎ᠢ ᠬᠥᠭᠵᠢᠭᠦᠯᠬᠦ ᠭᠣᠣᠯ ᠬᠦᠴᠦᠨ ᠪᠣᠯᠬᠤ᠎ᠶᠢ ᠳᠡᠮᠵᠢᠨ᠎ᠡ᠃ ᠳᠠᠭᠠᠭᠤᠯᠤᠭ᠍ᠴᠢ ᠠᠵᠤ ᠠᠬᠤᠢᠯᠠᠯ ᠲᠦᠷᠦᠭᠦᠯᠡᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ ᠪᠠᠶ᠋ᠢᠭᠤᠯᠬᠤ᠎ᠶᠢ ᠳᠡᠮᠵᠢᠵᠦ᠂ ᠳᠡᠭᠡᠷ᠎ᠡ ᠳᠣᠣᠷ᠎ᠠ ᠤᠷᠤᠰᠬᠠᠯ᠎ᠤᠨ ᠠᠵᠤ ᠠᠬᠤᠢᠯᠠᠯ᠎ᠤᠨ ᠠᠭᠤᠰᠤᠯᠴᠠᠨ ᠬᠥᠭᠵᠢᠬᠦ᠎ᠶᠢ ᠳᠠᠶ᠋ᠢᠴᠢᠯᠠᠨ᠎ᠠ᠃ ᠳᠠᠭᠠᠭᠤᠯᠤᠭ᠍ᠴᠢ ᠠᠵᠤ ᠠᠬᠤᠢᠯᠠᠯ᠎ᠢ ᠬᠥᠲᠥᠯᠥᠨ ᠳᠠᠭᠠᠭᠤᠯᠵᠤ ᠪᠠᠢᠭᠠᠳ ᠰᠢᠨ᠎ᠡ ᠦᠷᠢᠰᠤᠯᠳᠦᠭᠡᠨᠤ ᠵᠠᠮ᠎ᠢ ᠤᠷᠢᠳᠴᠢᠯᠠᠨ ᠲᠥᠯᠥᠪᠵᠢᠭᠦᠯᠵᠦ᠂ ᠰᠢᠨ᠎ᠡ᠎ᠶᠢ ᠡᠭᠦᠳᠬᠦ ᠡᠭᠦᠰᠦᠯ᠎ᠦᠨ ᠭᠠᠵᠠᠷ ᠪᠣᠯᠭᠠᠨ᠎ᠠ᠃ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ ᠪᠠ ᠨᠡᠢᠲᠡᠯᠢᠭ ᠴᠢᠨᠠᠷᠲᠠᠢ ᠮᠡᠷᠭᠡᠵᠢᠯ᠎ᠦᠨ ᠲᠠᠪᠴᠠᠩ᠎ᠤᠨ ᠪᠠᠢᠭᠤᠯᠤᠯᠲᠠ᠎ᠶᠢ ᠴᠢᠩᠭᠠᠷᠠᠭᠤᠯᠵᠤ᠂ ᠢᠷᠡᠭᠡᠳᠦᠢ᠎ᠶᠢᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ᠎ᠢ ᠨᠡᠪᠴᠢᠭᠦᠯᠬᠦ ᠰᠠᠭᠤᠷᠢᠨ ᠭᠠᠵᠠᠷ᠎ᠢ ᠪᠦᠲᠦᠭᠡᠨ ᠪᠠᠢᠭᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ᠂ ᠲᠤᠰᠬᠠᠢ ᠨᠠᠷᠢᠯᠢᠭ᠋ ᠣᠨᠴᠠ ᠰᠢᠨ᠎ᠡ ᠠᠵᠤ ᠠᠬᠤᠢᠯᠠᠯ ᠂ ᠲᠠᠩ ᠵᠦᠢᠯ᠎ᠦᠨ ᠮᠠᠩᠯᠠᠢ ᠠᠵᠤ ᠠᠬᠤᠢᠯᠠᠯ᠂ ᠤᠨᠴᠠᠭᠠᠢ ᠬᠡᠯᠪᠡᠷᠢ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠤ ᠠᠬᠤᠢᠯᠠᠯ᠎ᠢ ᠪᠣᠢᠵᠢᠭᠤᠯᠤᠨ᠎ᠠ᠃ 《ᠰᠤᠳᠤᠯᠤᠨ ᠨᠡᠭᠡᠭᠡᠬᠦ — ᠰᠢᠯᠭᠠᠨ ᠪᠠᠲᠤᠯᠠᠬᠤ — ᠨᠡᠪᠴᠢᠭᠦᠯᠬᠦ — ᠲᠦᠷᠭᠡᠳᠬᠡᠬᠦ — ᠠᠵᠤ ᠦᠢᠯᠡᠰᠵᠢᠭᠦᠯᠬᠦ》ᠪᠦᠬᠦ ᠦᠶᠡᠯᠡᠯ᠎ᠦᠨ ᠦᠢᠯᠡᠴᠢᠯᠡᠭᠡᠨ᠎ᠦ ᠰᠢᠰᠲᠧᠮ᠎ᠢ ᠪᠦᠷᠢᠨᠰᠢᠭᠦᠯᠵᠦ᠂ ᠪᠠᠭ᠎ᠠ ᠵᠢᠵᠢᠭ ᠠᠵᠤ ᠠᠬᠤᠢᠯᠠᠯ ᠪᠣᠯᠣᠨ ᠠᠩᠬ᠎ᠠ ᠡᠭᠦᠳᠦᠯᠲᠡ ᠵᠢᠨ ᠠᠵᠤ ᠠᠬᠤᠢᠯᠠᠯ᠎ᠢ ᠶᠡᠬᠡ ᠪᠡᠷ ᠪᠣᠢᠵᠢᠭᠤᠯᠤᠨ᠎ᠠ᠃ ᠪᠠᠷᠢᠮᠵᠢᠶᠠᠲᠤ ᠰᠢᠨ᠎ᠡ᠎ᠶᠢ ᠡᠭᠦᠳᠬᠦ ᠬᠡᠯᠪᠡᠷᠢ᠎ᠶᠢᠨ ᠠᠵᠤ ᠠᠬᠤᠢᠯᠠᠯ᠎ᠢ ᠱᠠᠲᠤᠯᠠᠨ ᠪᠣᠢᠵᠢᠭᠤᠯᠬᠤ᠂ ᠪᠣᠬᠢᠷᠲᠤᠯ ᠦᠭᠡᠢ ᠦᠢᠯᠡᠳᠪᠦᠷᠢ ᠪᠠ ᠣᠶᠤᠨᠴᠢ ᠦᠢᠯᠡᠳᠪᠦᠷᠢ᠎ᠶᠢᠨ ᠱᠠᠲᠤᠯᠠᠬᠤ ᠰᠢᠰᠲᠧᠮ᠎ᠤ᠋ᠨ ᠪᠠᠢᠭᠤᠯᠤᠯᠲᠠ᠎ᠶᠢ ᠴᠢᠨᠠᠷ ᠰᠠᠢᠲᠠᠢ ᠠᠵᠤ ᠠᠬᠤᠢᠯᠠᠯ᠎ᠢ ᠪᠣᠢᠵᠢᠭᠤᠯᠬᠤ ᠰᠢᠰᠲᠧᠮ᠎ᠳᠦ ᠣᠷᠣᠭᠤᠯᠵᠤ᠂ ᠨᠢᠭᠡ ᠴᠣᠭᠴᠠᠵᠢᠭᠤᠯᠤᠨ ᠠᠬᠢᠭᠤᠯᠤᠨ᠎ᠠ᠃
ᠮᠠᠨ᠎ᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠯ᠎ᠡ ᠭᠠᠵᠠᠷ᠎ᠤᠨ ᠠᠵᠤ ᠦᠢᠯᠡᠰ᠎ᠦᠨ ᠰᠠᠭᠤᠷᠢ᠂ ᠡᠯᠧᠮᠧᠨ᠋ᠲ᠎ᠦᠨ ᠳᠠᠪᠠᠭᠤᠯᠢᠭ᠋ ᠠᠳᠠᠯᠢ ᠦᠭᠡᠢ ᠪᠠᠢᠳᠠᠭ᠃ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠳᠤ᠂ ᠡᠷᠬᠡᠪᠰᠢ ᠡᠯ᠎ᠡ ᠭᠠᠵᠠᠷ᠎ᠤᠨ ᠬᠠᠷᠢᠴᠠᠭᠤᠯᠤᠭᠰᠠᠨ ᠳᠠᠪᠠᠭᠤᠯᠢᠭ᠋᠎ᠢ ᠪᠠᠳᠠᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ ᠬᠡᠷᠡᠭᠲᠡᠢ᠃ ᠱᠠᠲᠤᠯᠠᠨ ᠪᠣᠢᠵᠢᠭᠤᠯᠬᠤ ᠪᠣᠯ ᠳᠠᠷᠤᠢ ᠡᠯ᠎ᠡ ᠣᠷᠣᠨ ᠪᠦᠰᠡ᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠵᠡᠷᠭᠡ᠎ᠳᠦ ᠲᠦᠰᠢᠭᠯᠡᠨ᠂ ᠠᠵᠤ ᠦᠢᠯᠡᠰ᠎ᠦᠨ ᠬᠡᠯᠬᠢᠶ᠎ᠡ᠎ᠶᠢᠨ ᠠᠵᠢᠯ᠎ᠤᠨ ᠬᠤᠪᠢᠶᠠᠷᠢᠯᠠᠯ᠎ᠤᠨ ᠣᠨᠴᠠᠯᠢᠭ᠋᠎ᠢ ᠦᠨᠳᠦᠰᠦᠯᠡᠨ᠂ ᠣᠷᠣᠨ ᠵᠠᠢ᠎ᠶᠢᠨ ᠲᠠᠯ᠎ᠠ᠎ᠪᠠᠷ ᠠᠳᠠᠯᠢ ᠪᠤᠰᠤ ᠭᠣᠭᠴᠣᠭ᠎ᠠ᠎ᠶᠢ ᠱᠠᠲᠤᠯᠠᠨ ᠲᠣᠬᠢᠷᠠᠭᠤᠯᠵᠤ᠂ ᠠᠵᠢᠯ᠎ᠤᠨ ᠬᠤᠪᠢᠶᠠᠷᠢᠯᠠᠯ ᠨᠢ ᠲᠣᠳᠣᠷᠬᠠᠢ᠂ ᠬᠠᠮᠵᠢᠯᠴᠠᠨ ᠬᠥᠳᠡᠯᠦᠯᠴᠡᠬᠦ ᠣᠷᠣᠨ ᠵᠠᠢ᠎ᠶᠢᠨ ᠬᠥᠭᠵᠢᠯᠲᠡ᠎ᠶᠢᠨ ᠪᠠᠢᠷᠢᠰᠢᠯ᠎ᠢ ᠪᠣᠶ ᠪᠣᠯᠭᠠᠬᠤ ᠶᠠᠪᠤᠳᠠᠯ ᠪᠣᠯᠣᠨ᠎ᠠ᠃ ᠪᠣᠳᠠᠲᠠᠢ ᠦᠢᠯᠡᠳᠦᠯᠭᠡ᠎ᠶᠢᠨ ᠳᠤᠮᠳᠠ᠂ ᠣᠷᠣᠨ ᠪᠦᠰᠡ᠎ᠶᠢᠨ ᠰᠢᠨ᠎ᠡ᠎ᠶᠢ ᠡᠭᠦᠳᠬᠦ ᠡᠭᠦᠰᠦᠯ᠎ᠦᠨ ᠭᠠᠵᠠᠷ᠂ ᠦᠷ᠎ᠡ ᠪᠦᠲᠦᠭᠡᠯ᠎ᠢ ᠠᠩᠬ᠎ᠠ ᠠᠯᠬᠤᠮ ᠰᠢᠯᠵᠢᠭᠦᠯᠦᠨ ᠤᠨᠳᠤᠤᠰᠢᠭᠤᠯᠬᠤ ᠰᠠᠭᠤᠷᠢᠨ ᠭᠠᠵᠠᠷ᠂ ᠠᠵᠤ ᠦᠢᠯᠡᠰ᠎ᠦᠨ ᠬᠡᠪᠴᠢᠶᠡᠵᠢᠭᠰᠡᠨ ᠰᠠᠭᠤᠷᠢᠨ ᠭᠠᠵᠠᠷ ᠭᠡᠵᠦ ᠬᠤᠪᠢᠶᠠᠵᠤ ᠪᠣᠯᠣᠨ᠎ᠠ᠃ ᠰᠢᠨ᠎ᠡ᠎ᠶᠢ ᠡᠭᠦᠳᠬᠦ ᠡᠭᠦᠰᠦᠯ᠎ᠦᠨ ᠭᠠᠵᠠᠷ ᠤ᠋ᠨ ᠬᠤᠪᠢ ᠳᠦ ᠠᠪᠴᠤ ᠬᠡᠯᠡᠪᠡᠯ᠂ ᠳᠡᠯᠡᠬᠡᠢ᠎ᠶᠢᠨ ᠲᠡᠷᠢᠭᠦᠨ ᠵᠡᠷᠭᠡ᠎ᠶᠢᠨ ᠶᠡᠬᠡ ᠰᠤᠷᠭᠠᠭᠤᠯᠢ᠂ ᠥᠨᠳᠥᠷ ᠲᠦᠪᠰᠢᠨ ᠪᠦᠬᠦᠢ ᠤᠯᠤᠰ᠎ᠤᠨ ᠲᠤᠷᠰᠢᠯᠲᠠ᠎ᠶᠢᠨ ᠲᠠᠰᠤᠭ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠴᠢᠳᠠᠪᠤᠷᠢᠲᠠᠨ ᠤ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠣᠷᠣᠨ ᠪᠦᠰᠡ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠪᠠ ᠠᠵᠤ ᠦᠢᠯᠡᠰ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠥᠨᠳᠥᠷᠯᠢᠭ ᠬᠢᠭᠡᠳ ᠰᠢᠨ᠎ᠡ᠎ᠶᠢ ᠡᠭᠦᠳᠬᠦ ᠡᠭᠦᠰᠦᠯ᠎ᠦᠨ ᠭᠠᠵᠠᠷ᠎ᠤ᠋ᠨ ᠪᠦᠲᠦᠭᠡᠨ ᠪᠠᠢᠭᠤᠯᠤᠯᠲᠠ᠎ᠶᠢ ᠬᠠᠷᠢᠯᠴᠠᠨ ᠤᠶᠠᠯᠳᠤᠭᠤᠯᠬᠤ᠎ᠶᠢ ᠠᠬᠢᠭᠤᠯᠤᠨ᠎ᠠ᠃ ᠦᠷ᠎ᠡ ᠪᠦᠲᠦᠭᠡᠯ᠎ᠢ ᠤᠯᠠᠷᠢᠭᠤᠯᠤᠨ ᠤᠨᠳᠤᠤᠰᠢᠭᠤᠯᠬᠤ ᠰᠠᠭᠤᠷᠢᠨ ᠭᠠᠵᠠᠷ᠎ᠲᠤ ᠠᠪᠴᠤ ᠬᠡᠯᠡᠪᠡᠯ᠂ ᠮᠡᠷᠭᠡᠵᠢᠯ᠎ᠢ ᠤᠯᠠᠷᠢᠭᠤᠯᠤᠨ ᠤᠨᠳᠤᠤᠰᠢᠭᠤᠯᠬᠤ ᠦᠢᠯᠡᠴᠢᠯᠡᠭᠡᠨ᠎ᠦ ᠪᠠᠢᠭᠤᠯᠤᠮᠵᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠦᠷ᠎ᠡ ᠪᠦᠲᠦᠭᠡᠯ᠎ᠢ ᠤᠨᠳᠤᠤᠰᠢᠭᠤᠯᠬᠤ ᠠᠰᠢᠭ᠋ ᠣᠷᠣᠯᠭ᠎ᠠ᠎ᠶᠢ ᠬᠤᠪᠢᠶᠠᠷᠢᠯᠠᠬᠤ ᠪᠦᠲᠦᠮᠵᠢᠲᠡᠶ ᠳᠦᠷᠢᠮ᠎ᠢ ᠰᠦᠪᠡᠭᠴᠢᠯᠡᠨ ᠪᠦᠷᠢᠯᠳᠦᠭᠦᠯᠵᠦ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠪᠤᠶᠤ ᠠᠵᠤ ᠠᠬᠤᠢᠯᠠᠯ᠎ᠤᠨ ᠣᠲᠣ᠌᠎ᠶᠢᠨ ᠪᠠᠢᠭ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠲᠠᠪᠴᠠᠩ᠂ ᠳᠤᠮᠳᠠᠳᠤ ᠵᠢᠨ ᠮᠠᠶᠢᠭ ᠤ᠋ᠨ ᠲᠤᠷᠰᠢᠨ ᠦᠨᠡᠮᠯᠡᠬᠦ ᠲᠠᠪᠴᠠᠩ ᠵᠡᠷᠭᠡ᠎ᠶᠢ ᠠᠰᠢᠭ᠍ᠯᠠᠨ ᠦᠷ᠎ᠡ ᠪᠦᠲᠦᠭᠡᠯ᠎ᠢ ᠤᠨᠳᠤᠤᠰᠢᠭᠤᠯᠬᠤ ᠶᠡᠷᠦᠩᠬᠡᠢᠯᠡᠭᠰᠡᠨ ᠦᠢᠯᠡᠴᠢᠯᠡᠭᠡᠨ᠎ᠦ ᠰᠠᠭᠤᠷᠢᠨ᠎ᠢ ᠪᠠᠶ᠋ᠢᠭᠤᠯᠬᠤ᠎ᠪᠡᠷ ᠳᠡᠮᠵᠢᠵᠦ᠂ ᠤᠤᠭᠠᠯ ᠡᠭᠦᠳᠦᠯᠲᠡ᠎ᠶᠢᠨ ᠴᠢᠨᠠᠷᠲᠠᠢ᠂ ᠨᠤᠷᠠᠭᠠᠯᠳᠠᠶᠢᠨ ᠴᠢᠨᠠᠷᠲᠠᠢ ᠮᠡᠷᠭᠡᠵᠢᠯ᠎ᠳᠦ ᠴᠢᠭᠯᠡᠭᠦᠯᠦᠨ᠂ ᠠᠩᠬᠠᠨ᠎ᠤ ᠲᠤᠷᠰᠢᠯᠲᠠ᠎ᠶᠢᠨ ᠲᠠᠯᠠᠪᠤᠷ᠎ᠢ ᠪᠦᠲᠦᠭᠡᠨ ᠪᠠᠢᠭᠤᠯᠤᠨ᠎ᠠ᠃ ᠠᠵᠤ ᠦᠢᠯᠡᠰ᠎ᠦᠨ ᠬᠡᠪᠴᠢᠶᠡᠵᠢᠭᠰᠡᠨ ᠰᠠᠭᠤᠷᠢᠨ᠎ᠳᠤ ᠠᠪᠴᠤ ᠬᠡᠯᠡᠪᠡᠯ᠂ ᠤᠯᠤᠰ᠎ᠤᠨ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠨ ᠬᠥᠭᠵᠢᠭᠦᠯᠦᠯᠲᠡ᠎ᠶᠢᠨ ᠣᠷᠣᠨ᠂ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠰᠠᠭᠤᠷᠢᠨ ᠵᠡᠷᠭᠡ ᠪᠦᠲᠦᠭᠡᠨ ᠪᠠᠢᠭᠤᠯᠤᠯᠲᠠ ᠲᠠᠢ ᠤᠶᠠᠯᠳᠤᠭᠤᠯᠤᠨ᠂ ᠢᠷᠡᠭᠡᠳᠦᠢ᠎ᠶᠢᠨ ᠠᠵᠤ ᠦᠢᠯᠡᠰ᠎ᠦᠨ ᠬᠣᠰᠢᠭᠤᠴᠢ ᠣᠷᠣᠨ᠎ᠢ ᠪᠠᠢᠭᠤᠯᠵᠤ᠂ ᠢᠷᠡᠭᠡᠳᠦᠢ᠎ᠶᠢᠨ ᠠᠵᠤ ᠦᠢᠯᠡᠰ᠎ᠦᠨ ᠪᠥᠭᠡᠮᠨᠡᠷᠡᠨ ᠬᠥᠭᠵᠢᠬᠦ᠎ᠶᠢ ᠠᠬᠢᠭᠤᠯᠬᠤ ᠬᠡᠷᠡᠭᠲᠡᠢ᠃
ᠢᠷᠡᠭᠡᠳᠦᠢ᠎ᠶᠢᠨ ᠠᠵᠤ ᠦᠢᠯᠡᠰ ᠨᠢ ᠨᠤᠷᠠᠭᠠᠯᠳᠠᠶᠢᠨ ᠴᠢᠨᠠᠷᠲᠠᠢ ᠪᠠᠢᠵᠤ᠂ ᠠᠵᠤ ᠦᠢᠯᠡᠰ᠎ᠦᠨ ᠪᠠᠢᠷᠢᠰᠢᠯ᠎ᠢ ᠲᠠᠬᠢᠨ ᠴᠣᠭᠴᠠᠯᠠᠬᠤ ᠳᠦ ᠢᠯᠡᠷᠡᠵᠦ ᠪᠠᠢᠬᠤ᠎ᠪᠠᠷ ᠪᠠᠷᠠᠬᠤ ᠦᠭᠡᠢ᠂ ᠪᠠᠰᠠ ᠨᠡᠢᠭᠡᠮ᠎ᠦᠨ ᠶᠣᠰᠣ᠌ ᠰᠤᠷᠲᠠᠬᠤᠨ᠂ ᠬᠤᠪᠢ᠎ᠶᠢᠨ ᠨᠢᠭᠤᠴᠠ᠎ᠶᠢᠨ ᠠᠮᠤᠷ ᠲᠦᠪᠰᠢᠨ ᠪᠠ ᠤᠯᠠᠨ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠦᠷᠢᠰᠦᠯᠳᠦᠭᠡᠨᠳᠦ ᠤᠴᠠᠷᠠᠭᠤᠯᠤᠭᠰᠠᠨ ᠭᠦᠨ ᠳᠠᠪᠬᠤᠷᠭ᠎ᠠ᠎ᠶᠢᠨ ᠳᠠᠭᠠᠷᠢᠯᠲᠠ ᠪᠡᠷ ᠢᠯᠡᠷᠡᠵᠦ ᠪᠠᠢᠨ᠎ᠠ᠃ ᠢᠷᠡᠭᠡᠳᠦᠢ᠎ᠶᠢᠨ ᠠᠵᠤ ᠦᠢᠯᠡᠰ᠎ᠢ ᠬᠥᠭᠵᠢᠭᠦᠯᠬᠦ᠎ᠳᠦ ᠡᠷᠬᠡᠪᠰᠢ ᠬᠥᠭᠵᠢᠯᠲᠡ ᠪᠠ ᠠᠮᠤᠷ ᠲᠦᠪᠰᠢᠨ᠎ᠦ ᠬᠠᠷᠢᠴᠠᠭ᠎ᠠ᠎ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠵᠠᠰᠠᠯᠲᠠ᠎ᠶᠢᠨ ᠲᠠᠯ᠎ᠠ᠎ᠠᠴᠠ ᠠᠪᠴᠤ ᠦᠵᠡᠪᠡᠯ᠂ ᠱᠠᠲᠤᠯᠠᠨ ᠪᠣᠢᠵᠢᠭᠤᠯᠬᠤ ᠪᠣᠯ ᠵᠠᠰᠠᠯᠲᠠ᠎ᠶᠢᠨ ᠱᠠᠲᠤ᠎ᠶᠢᠨ ᠰᠢᠰᠲᠧᠮ᠎ᠢ ᠪᠠᠢᠭᠤᠯᠵᠤ᠂ ᠲᠦᠭᠰᠢᠭᠦᠷᠢ᠎ᠶᠢᠨ ᠲᠥᠷᠥᠯ ᠬᠡᠯᠪᠡᠷᠢ ᠪᠠ ᠲᠠᠰ ᠵᠡᠷᠭᠡ᠎ᠶᠢ ᠦᠨᠳᠦᠰᠦᠯᠡᠨ ᠲᠠᠰ ᠬᠤᠪᠢᠶᠠᠵᠤ᠂ ᠲᠥᠷᠥᠯ ᠬᠤᠪᠢᠶᠠᠨ ᠵᠠᠰᠠᠬᠤ ᠶᠠᠪᠤᠳᠠᠯ ᠪᠣᠯᠣᠨ᠎ᠠ᠃ ᠵᠣᠬᠢᠶᠠᠮᠠᠯ ᠣᠶᠤᠨ ᠴᠢᠳᠠᠪᠤᠷᠢ᠎ᠶᠢᠨ ᠠᠮᠤᠷ ᠲᠦᠪᠰᠢᠨ᠎ᠦ ᠵᠠᠰᠠᠯᠲᠠ᠎ᠶᠢ ᠴᠢᠩᠭᠠᠳᠬᠠᠬᠤ᠎ᠶᠢᠨ ᠲᠥᠯᠥᠭᠡ᠂ ᠮᠠᠨ᠎ᠤ ᠤᠯᠤᠰ《ᠵᠣᠬᠢᠶᠠᠮᠠᠯ ᠣᠶᠤᠨ ᠴᠢᠳᠠᠪᠤᠷᠢ᠎ᠶᠢᠨ ᠠᠮᠤᠷ ᠲᠦᠪᠰᠢᠨ᠎ᠦ ᠵᠠᠰᠠᠯᠲᠠ᠎ᠶᠢᠨ ᠪᠣᠷᠣ᠌ ᠲᠥᠯᠥᠪ》 2.0 ᠬᠡᠪᠯᠡᠯ᠎ᠢ ᠨᠡᠢᠲᠡᠯᠡᠵᠦ᠂ AI ᠠᠮᠤᠷ ᠲᠦᠪᠰᠢᠨ᠎ᠦ ᠲᠦᠭᠰᠢᠭᠦᠷᠢ᠎ᠶᠢ ᠮᠡᠷᠭᠡᠵᠢᠯ᠎ᠦᠨ ᠳᠣᠲᠣᠭᠠᠳᠤ ᠠᠮᠤᠷ ᠲᠦᠪᠰᠢᠨ᠎ᠦ ᠲᠦᠭᠰᠢᠭᠦᠷᠢ᠂ ᠮᠡᠷᠭᠡᠵᠢᠯ᠎ᠦᠨ ᠬᠡᠷᠡᠭᠯᠡᠭᠡᠨ᠎ᠦ ᠠᠮᠤᠷ ᠲᠦᠪᠰᠢᠨ᠎ᠦ ᠲᠦᠭᠰᠢᠭᠦᠷᠢ ᠵᠡᠷᠭᠡ ᠲᠥᠷᠥᠯ ᠢᠯᠭᠠᠯ ᠪᠣᠯᠭᠠᠨ ᠨᠠᠷᠢᠯᠢᠭ᠍ᠵᠢᠭᠤᠯᠤᠭᠰᠠᠨ ᠪᠥᠭᠡᠳ ᠪᠣᠳᠠᠲᠠᠢ ᠮᠡᠷᠭᠡᠵᠢᠯ᠎ᠦᠨ ᠠᠷᠭᠠᠴᠠᠭᠠᠬᠤ ᠠᠷᠭ᠎ᠠ ᠬᠡᠮᠵᠢᠶ᠎ᠡ ᠪᠠ ᠶᠡᠷᠦᠩᠬᠡᠢᠯᠡᠨ ᠵᠠᠰᠠᠬᠤ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃ ᠢᠷᠡᠭᠡᠳᠦᠢ᠎ᠳᠦ ᠠᠵᠤ ᠦᠢᠯᠡᠰ᠎ᠦᠨ ᠬᠡᠯᠪᠡᠷᠢ ᠨᠢ ᠣᠯᠠᠨ ᠶᠠᠩᠵᠤ᠎ᠶᠢᠨ᠂ ᠠᠳᠠᠯᠢ ᠪᠤᠰᠤ ᠲᠥᠷᠥᠯ ᠬᠡᠯᠪᠡᠷᠢ᠎ᠶᠢᠨ ᠠᠵᠤ ᠦᠢᠯᠡᠰ᠎ᠦᠨ ᠠᠮᠤᠷ ᠲᠦᠪᠰᠢᠨ᠎ᠦ ᠲᠦᠭᠰᠢᠭᠦᠷᠢ ᠨᠢ ᠴᠦ᠍ ᠠᠳᠠᠯᠢ ᠪᠤᠰᠤ ᠪᠠᠢᠵᠤ᠂ ᠵᠣᠬᠢᠶᠠᠮᠠᠯ ᠣᠶᠤᠨ ᠴᠢᠳᠠᠪᠤᠷᠢ ᠵᠢᠨ ᠠᠮᠤᠷ ᠲᠦᠪᠰᠢᠨ᠎ᠦ ᠵᠠᠰᠠᠯᠲᠠ᠎ᠶᠢᠨ ᠠᠷᠭ᠎ᠠ᠎ᠪᠡᠷ ᠯᠠᠪᠯᠠᠯᠲᠠ ᠪᠣᠯᠭᠠᠵᠤ᠂ ᠲᠦᠭᠰᠢᠭᠦᠷᠢ᠎ᠶᠢᠨ ᠲᠥᠷᠥᠯ ᠬᠡᠯᠪᠡᠷᠢ ᠵᠢᠴᠢ ᠵᠡᠷᠭᠡ ᠳᠡᠰ᠎ᠢ ᠦᠨᠡᠯᠡᠨ ᠵᠢᠱ᠌ᠢᠬᠦ ᠪᠠ ᠬᠢᠨᠠᠨ ᠰᠢᠨᠵᠢᠬᠦ᠎ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠵᠦᠷᠢᠶᠡᠴᠢᠯᠡᠭᠰᠡᠨ ᠵᠠᠰᠠᠯᠲᠠ᠎ᠶᠢᠨ ᠠᠷᠭ᠎ᠠ ᠬᠡᠮᠵᠢᠶ᠎ᠡ᠎ᠶᠢ ᠴᠢᠭᠯᠡᠭᠦᠯᠬᠦ ᠴᠢᠨᠠᠷᠲᠠᠢ᠎ᠪᠠᠷ ᠠᠪᠬᠤ ᠬᠡᠷᠡᠭᠳᠡᠢ᠃ ᠬᠦᠨᠳᠦ ᠶᠡᠬᠡ ᠠᠮᠤᠷ ᠲᠦᠪᠰᠢᠨ᠎ᠦ ᠲᠦᠭᠰᠢᠭᠦᠷᠢ᠎ᠳᠦ ᠬᠣᠯᠪᠣᠭᠳᠠᠬᠤ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠦᠢᠯᠡᠴᠢᠯᠡᠭᠡ᠎ᠳᠦ ᠬᠠᠮᠤᠭ᠎ᠤᠨ ᠴᠢᠩᠭ᠎ᠠ ᠵᠥᠪᠰᠢᠶᠡᠷᠡᠨ ᠤᠷᠤᠬᠤ ᠬᠠᠮᠢᠶᠠᠷᠤᠯᠲᠠ᠎ᠶᠢ ᠬᠡᠷᠡᠭᠯᠡᠬᠦ ᠬᠡᠷᠡᠭᠳᠡᠢ; ᠡᠩ᠎ᠦᠨ ᠴᠢᠨᠠᠷᠲᠠᠢ ᠠᠮᠤᠷ ᠲᠦᠪᠰᠢᠨ᠎ᠦ ᠲᠦᠭᠰᠢᠭᠦᠷᠢ᠎ᠳᠦ ᠪᠠᠭᠲᠠᠭᠠᠮᠵᠢᠲᠠᠢ ᠪᠥᠭᠡᠳ ᠪᠣᠯᠭᠣᠮᠵᠢᠲᠠᠢ ᠬᠢᠨᠠᠯᠲᠠ ᠬᠠᠮᠢᠶᠠᠷᠤᠯᠲᠠ᠎ᠶᠢ ᠬᠡᠷᠡᠭᠵᠢᠭᠦᠯᠦᠨ᠎ᠡ; ᠲᠦᠭᠰᠢᠭᠦᠷᠢ ᠪᠠᠭᠠᠲᠠᠢ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠎ᠳᠦ ᠵᠠᠬ᠎ᠠ ᠳᠡᠯᠭᠡᠭᠦᠷ᠎ᠲᠦ ᠵᠥᠪᠰᠢᠶᠡᠷᠡᠨ ᠣᠷᠣᠭᠤᠯᠬᠤ᠎ᠶᠢ ᠴᠢᠯᠦᠭᠡᠲᠡᠢ ᠲᠠᠯᠪᠢᠵᠤ᠂ ᠶᠠᠪᠤᠴᠠ᠎ᠶᠢᠨ ᠬᠢᠨᠠᠯᠲᠠ ᠬᠠᠮᠢᠶᠠᠷᠤᠯᠲᠠ᠂ ᠬᠡᠷᠡᠭ᠎ᠦᠨ ᠳᠠᠷᠠᠭᠠᠬᠢ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠂ ᠬᠤᠷᠴᠠ ᠱᠠᠯᠠᠮᠠᠭᠠᠢ ᠵᠠᠰᠠᠯᠲᠠ ᠬᠢᠨ᠎ᠡ᠃ ᠲᠦᠭᠰᠢᠭᠦᠷᠢ᠎ᠶᠢ ᠢᠯᠭᠠᠨ ᠲᠠᠨᠢᠬᠤ ᠪᠠ ᠦᠨᠡᠯᠡᠨ ᠵᠢᠱ᠌ᠢᠬᠦ᠎ᠶᠢ ᠴᠢᠩᠭᠠᠳᠬᠠᠵᠤ᠂ ᠵᠠᠬ᠎ᠠ ᠬᠢᠵᠠᠭᠠᠷ ᠲᠤᠬᠳᠠᠭᠠᠬᠰᠠᠨᠬᠢᠨᠠᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ᠎ᠶᠢᠨ ᠲᠥᠯᠥᠭᠡ᠂ ᠡᠩ ᠲᠡᠷᠢᠭᠦᠨ᠎ᠳᠦ ᠹᠢᠽᠢᠺ᠎ᠦᠨ ᠲᠤᠰᠠᠭᠠᠷᠯᠠᠯ ᠪᠤᠶᠤ ᠬᠡᠢᠰᠪᠦᠷᠢ ᠳᠠᠭᠤᠷᠢᠶᠠᠮᠠᠯ ᠣᠷᠴᠢᠨ ᠲᠣᠭᠣᠷᠢᠨ᠎ᠳᠤ ᠪᠠᠭ᠎ᠠ ᠬᠡᠪᠴᠢᠶᠡᠨ᠎ᠦ ᠲᠤᠷᠰᠢᠯᠲᠠ ᠬᠢᠵᠦ᠂ ᠲᠦᠭᠰᠢᠭᠦᠷᠢ᠎ᠶᠢᠨ ᠲᠥᠷᠥᠯ ᠬᠡᠯᠪᠡᠷᠢ᠂ ᠵᠡᠷᠭᠡ ᠲᠠᠰ ᠵᠢᠴᠢ ᠠᠮᠤᠷ ᠲᠦᠪᠰᠢᠨ᠎ᠦ ᠵᠠᠭᠠᠭ᠎ᠢ ᠢᠯᠭᠠᠨ ᠲᠠᠨᠢᠵᠤ᠂ ᠲᠦᠭᠰᠢᠭᠦᠷᠢ᠎ᠶᠢ ᠦᠨᠳᠦᠰᠦᠨ᠎ᠳᠡᠭᠡᠨ ᠡᠵᠡᠮᠳᠡᠵᠦ ᠪᠣᠯᠬᠤ ᠨᠥᠬᠥᠴᠡᠯ ᠳᠣᠣᠷ᠎ᠠ ᠳᠠᠬᠢᠨ ᠬᠢᠵᠠᠭᠠᠷ᠎ᠲᠠᠢ ᠦᠨᠡᠨ ᠪᠣᠳᠠᠲᠤ ᠠᠬᠤᠢ᠎ᠳᠤ ᠲᠤᠷᠰᠢᠯᠲᠠ ᠬᠢᠵᠦ᠂ ᠡᠭᠦᠨ᠎ᠦ ᠤᠯᠠᠮ᠎ᠢᠶᠠᠷ ᠲᠦᠭᠰᠢᠭᠦᠷᠢ᠎ᠶᠢ ᠡᠵᠡᠮᠳᠡᠵᠦ ᠪᠣᠯᠬᠤ᠂ ᠰᠡᠷᠭᠡᠢᠯᠡᠵᠦ ᠪᠣᠯᠬᠤ᠎ᠶᠢ ᠨᠤᠲᠠᠯᠠᠭᠰᠠᠨ ᠰᠠᠭᠤᠷᠢᠨ ᠳᠡᠭᠡᠷ᠎ᠡ ᠶᠡᠬᠡ ᠬᠡᠪᠴᠢᠶ᠎ᠡ᠎ᠪᠡᠷ ᠳᠡᠯᠭᠡᠷᠡᠭᠦᠯᠦᠨ᠎ᠡ᠃
ᠪᠦᠬᠦᠯᠢ ᠴᠣᠭᠴᠠ᠎ᠠᠴᠠ ᠨᠢ ᠠᠪᠴᠤ ᠦᠵᠡᠪᠡᠯ᠂ ᠱᠠᠲᠤᠯᠠᠨ ᠪᠣᠢᠵᠢᠭᠤᠯᠬᠤ ᠪᠣᠯ ᠮᠠᠨ᠎ᠤ ᠤᠯᠤᠰ᠎ᠤᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ ᠂ ᠠᠵᠤ ᠠᠬᠤᠢᠯᠠᠯ᠎ᠢ ᠱᠠᠲᠤᠯᠠᠨ ᠪᠣᠢᠵᠢᠭᠤᠯᠬᠤ᠎ᠶᠢ ᠠᠬᠢᠭᠤᠯᠬᠤ ᠪᠦᠲᠦᠮᠵᠢᠲᠡᠶ ᠠᠷᠭ᠎ᠠ ᠪᠠᠷᠢᠯ ᠮᠥᠨ ᠂ ᠲᠡᠭᠦᠨ᠎ᠦ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠳᠦ ᠦᠵᠡᠭᠦᠯᠬᠦ ᠢᠳᠡᠪᠬᠢ ᠦᠢᠯᠡᠳᠦᠯ ᠨᠢ ᠡᠳᠦᠷ ᠢᠷᠡᠬᠦᠶ᠎ᠡ ᠲᠣᠪᠣᠢᠮ᠎ᠠ ᠪᠣᠯᠵᠤ ᠪᠠᠢᠨ᠎ᠠ᠃ ᠡᠯ᠎ᠡ ᠲᠦᠷᠦᠯ᠎ᠦᠨ ᠱᠠᠲᠤᠯᠠᠨ ᠪᠣᠢᠵᠢᠭᠤᠯᠬᠤ ᠰᠢᠰᠲ᠋ᠸᠮ᠎ᠢ ᠦᠷᠭᠦᠯᠵᠢᠯᠡᠨ ᠰᠦᠪᠡᠭᠴᠢᠯᠡᠨ ᠰᠢᠯᠢᠳᠡᠭᠵᠢᠭᠦᠯᠵᠦ᠂ ᠣᠷᠣᠨ ᠪᠦᠰᠡ ᠪᠣᠯᠣᠨ ᠰᠠᠯᠠᠭ᠎ᠠ ᠮᠥᠴᠢᠷ᠎ᠦᠨ ᠵᠣᠬᠢᠴᠠᠭᠤᠯᠭ᠎ᠠ᠎ᠶᠢ ᠴᠢᠩᠭᠠᠳᠬᠠᠵᠤ᠂ ᠡᠯ᠎ᠡ ᠰᠢᠰᠲ᠋ᠸᠮ ᠤᠨ ᠬᠣᠭᠣᠷᠣᠨᠳᠣᠬᠢ ᠠᠭᠤᠰᠤᠯᠴᠠᠯ ᠵᠣᠯᠭᠠᠯᠴᠠᠭ᠎ᠠ᠎ᠶᠢ ᠴᠢᠩᠭᠠᠳᠬᠠᠵᠤ᠂ ᠢᠷᠡᠭᠡᠳᠦᠢ᠎ᠶᠢᠨ ᠠᠵᠤ ᠦᠢᠯᠡᠰ ᠦᠨ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠬᠤ ᠬᠡᠷᠡᠭᠲᠡᠢ᠃
(ᠵᠣᠬᠢᠶᠠᠭ᠍ᠴᠢ ᠵᠢᠨ ᠬᠠᠶᠢᠭ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ ᠤ ᠬᠦᠷᠢᠶᠡᠯᠡᠩ᠎ᠦᠨ ᠶᠡᠬᠡ ᠰᠤᠷᠭᠠᠭᠤᠯᠢ᠎ᠶᠢᠨ ᠬᠡᠷᠡᠭᠯᠡᠭᠡᠨ᠎ᠦ ᠠᠵᠤ ᠠᠬᠤᠢ᠎ᠶᠢᠨ ᠳᠡᠭᠡᠳᠦ ᠰᠤᠷᠭᠠᠭᠤᠯᠢ )
— 《ᠠᠵᠤ ᠠᠬᠤᠢ ᠵᠢᠨ ᠡᠳᠦᠷ ᠤ᠋ᠨ ᠰᠤᠨᠢᠨ 》 ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃