2026-08-28 10:44:37
ᠣᠷᠳᠣ᠌ ᠴᠠᠭᠠᠨ ᠬᠡᠷᠡᠮ ᠪᠣᠯ ᠡᠷᠳᠡᠨ ᠡᠲᠦᠭᠡ ᠲᠣᠲᠣᠭᠠᠲᠣ ᠭᠠᠲᠠᠭᠠᠲᠣ ᠳ᠋ᠦ ᠠᠯᠲᠠᠷᠰᠢᠬᠰᠠᠨ ᠪᠠᠷᠢᠯᠭ᠎ᠠ᠎ᠶᠢᠨ ᠭᠠᠢᠬᠠᠮᠰᠢᠬ ᠪᠣᠯᠬᠣ ᠪᠡᠷ ᠪᠠᠷᠠᠬᠣ ᠦᠭᠡᠢ ᠳᠤᠮᠳᠠᠳᠤ᠎ᠶᠢᠨ ᠦᠨᠳᠦᠰᠦᠲᠡᠨ᠎ᠦ ᠡᠰ ᠴᠢᠰᠦᠨ ᠳ᠋ᠦ ᠠᠭᠣᠰᠴᠣ ᠰᠢᠩᠭᠡᠭᠰᠡᠨ ᠲᠡᠦᠬᠡ ᠰᠣᠶᠣᠯ᠎ᠤᠨ ᠦᠨᠡᠲᠦ ᠦᠪ ᠪᠠ ᠣᠶᠤᠨ ᠰᠠᠨᠠᠭᠠᠨ᠎ᠤ ᠲᠣᠬ ᠲᠡᠮᠲᠡᠭ ᠪᠣᠯᠬᠣ ᠶᠣᠮ᠃ ᠦᠨᠦᠲᠦᠷ ᠬᠦᠮᠦᠰ ᠲᠣᠮᠲᠠᠲᠣ ᠣᠯᠣᠰ ᠭᠡᠵᠦ ᠲᠣᠷᠠᠳᠬᠣ ᠲᠠᠢ ᠵᠡᠷᠭᠡ ᠣᠷᠲᠣ ᠴᠠᠭᠠᠨ ᠬᠡᠷᠡᠮ᠎ᠢ ᠰᠠᠨᠠᠵᠦ ᠣᠯᠬᠣ ᠪᠦᠭᠡᠳ ᠲᠣᠮᠲᠠᠲᠣ᠎ᠶᠢᠨ ᠪᠣᠯᠪᠠᠰᠣ᠎ᠨᠢ ᠦᠬᠦᠯᠡᠬᠦ ᠳ᠋ᠦ ᠴᠦ᠍ ᠣᠷᠲᠣ ᠴᠠᠭᠠᠨ ᠬᠡᠷᠡᠮ᠎ᠢ ᠦᠬᠦᠯᠡᠵᠦ ᠶᠠᠷᠢᠲᠠᠬ᠃ ᠡᠢᠨᠬᠦ ᠣᠷᠲᠣ ᠴᠠᠭᠠᠨ ᠬᠡᠷᠡᠮ ᠪᠣᠯ ᠮᠠᠨ ᠤ ᠣᠯᠣᠰ ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠵᠢᠴᠢ ᠦᠨᠳᠦᠰᠦᠲᠡᠨ ᠨᠣᠬᠦᠳ ᠳᠤᠮᠳᠠᠳᠤ᠎ᠶᠢᠨ ᠪᠣᠯᠪᠠᠰᠣ᠎ᠨᠢ ᠬᠠᠮᠲᠤ ᠪᠡᠷ ᠡᠭᠦᠳᠦᠨ ᠪᠦᠲᠦᠭᠡᠭᠰᠡᠨ ᠪᠣᠲᠠᠲᠣ ᠭᠡᠷᠡᠴᠢ ᠪᠠᠲᠣᠲᠠᠢ ᠵᠢᠱᠶ᠋ᠶ᠎ᠡ ᠪᠣᠯᠣᠨ᠎ᠠ᠃ ᠶᠡᠷᠦᠩᠬᠡᠢ ᠱᠦᠵᠢ ᠰᠢ᠎ᠶᠢᠨ ᠫᠢᠩ᠄ 《 ᠣᠷᠳᠣ᠌ ᠴᠠᠭᠠᠨ ᠬᠡᠷᠡᠮ ᠪᠣᠯ ᠳᠤᠮᠳᠠᠳᠤ᠎ᠶᠢᠨ ᠦᠨᠳᠦᠰᠦᠲᠡᠨ᠎ᠦ ᠲᠥᠯᠥᠭᠡᠯᠡᠬᠦ ᠴᠢᠨᠠᠷᠲᠠᠢ ᠲᠡᠮᠳᠡᠭ ᠪᠠ ᠳᠤᠮᠳᠠᠳᠤ᠎ᠶᠢᠨ ᠪᠣᠯᠪᠠᠰᠤᠨ᠎ᠤ ᠴᠢᠬᠤᠯᠠ ᠪᠡᠯᠭᠡ ᠲᠡᠮᠳᠡᠭ ᠮᠥᠨ᠂ ᠲᠡᠭᠦᠨ᠎ᠳᠦ ᠳᠤᠮᠳᠠᠳᠤ᠎ᠶᠢᠨ ᠦᠨᠳᠦᠰᠦᠲᠡᠨ᠎ᠦ ᠬᠦᠴᠦᠷᠬᠡᠭᠵᠢᠬᠦ᠎ᠪᠡᠷ ᠴᠢᠷᠮᠠᠢᠬᠤ ᠲᠡᠮᠡᠴᠡᠯ᠎ᠦᠨ ᠵᠣᠷᠢᠭ᠋ ᠰᠠᠨᠠᠭ᠎ᠠ ᠪᠠ ᠤᠯᠠᠨ ᠵᠢᠡᠷ ᠵᠢᠡᠨ ᠵᠤᠷᠢᠭ ᠨᠢᠭᠡᠳᠴᠤ᠂ ᠨᠣᠭᠣᠷᠠᠰᠢ ᠦᠭᠡᠢ ᠪᠠᠲᠤ ᠴᠢᠡᠭᠭ᠎ᠠ ᠤᠯᠤᠰ᠎ᠢᠶᠠᠨ ᠬᠠᠢᠷᠠᠯᠠᠬᠤ ᠰᠡᠳᠬᠢᠯᠭᠡ᠎ᠶᠢ ᠱᠢᠡᠭᠭᠡᠵᠦ ᠪᠤᠢ》 ᠭᠡᠵᠦ ᠵᠢᠭᠠᠵᠤ ᠭᠠᠷᠭᠠᠪᠠ᠃ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ ᠨᠢ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠨᠦᠭᠦᠳ᠎ᠦᠨ ᠬᠠᠮᠲᠤ᠎ᠶᠢᠨ ᠪᠦᠯᠬᠦᠮᠳᠡᠯ ᠲᠡᠮᠡᠴᠡᠯ ᠢ ᠨᠢᠭ᠍ᠲᠠᠷᠠᠭᠤᠯᠬᠤ ᠳᠤᠮᠳᠠ ᠮᠦᠨ ᠬᠦ᠌ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠪᠠᠲᠠᠷᠠᠭᠣᠯᠵᠦ᠂ ᠦᠨᠳᠦᠰᠦᠲᠡᠨ ᠨᠣᠬᠦᠳ᠎ᠤᠨ ᠰᠡᠳᠬᠢᠯᠨᠢᠭᠡᠲᠦᠨ ᠬᠦᠴᠦ ᠪᠠᠨ ᠬᠠᠮᠲᠣᠳᠬᠠᠵᠦ᠂ ᠳᠤᠮᠳᠠᠳᠤ᠎ᠶᠢᠨ ᠦᠨᠳᠦᠰᠦᠲᠡᠨ᠎ᠤ ᠬᠠᠮᠲᠣ ᠪᠡᠷ ᠪᠠᠶᠠᠵᠢᠬᠤ ᠬᠦᠰᠡᠯ ᠵᠡᠭᠦᠳᠦ᠎ᠶᠢ ᠪᠡᠶᠡᠯᠡᠬᠦᠯᠬᠦ ᠵᠣᠷᠢᠭ᠋ ᠰᠠᠨᠠᠭᠠᠨ᠎ᠤ ᠬᠥᠳᠡᠯᠭᠡᠬᠦ ᠬᠦᠴᠦᠨ ᠪᠣᠯᠬᠣ ᠶᠣᠮ᠃
ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ ᠴᠢᠬᠤᠯᠠ ᠤᠶᠤᠨ ᠰᠠᠨᠠᠭᠠᠨ᠎ᠤ ᠡᠬᠢ ᠪᠤᠯᠠᠭ ᠮᠦᠨ
ᠤᠷᠲᠤ ᠴᠠᠭᠠᠨ ᠬᠡᠷᠡᠮ᠎ᠦᠨ ᠵᠣᠷᠢᠭ᠋ ᠰᠠᠨᠠᠭ᠎ᠠ ᠨᠢ ᠦᠨᠳᠦᠰᠦᠲᠡᠨ᠎ᠨᠦᠭᠦᠳ᠎ᠦᠨ ᠡᠬᠡ ᠤᠯᠤᠰ᠎ᠢᠶᠠᠨ ᠳᠡᠭᠡᠳᠦ ᠬᠡᠮᠵᠢᠶ᠎ᠡ᠎ᠪᠡᠷ ᠮᠡᠳᠡᠷᠡᠬᠦ ᠬᠠᠮᠲᠣ᠎ᠶᠢᠨ ᠲᠠᠨᠢᠯᠲᠠ ᠳᠤᠷᠠᠰᠤᠮᠵᠢ᠎ᠶᠢ ᠠᠴᠢᠶᠠᠯᠠᠵᠦ ᠪᠣᠢ᠃ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭᠠᠨ᠎ᠤ ᠤᠯᠤᠰ ᠵᠢᠡᠨ ᠬᠠᠢᠷᠠᠯᠠᠬᠤ ᠦᠵᠡᠯ᠎ᠦᠨ ᠴᠥᠮ᠎ᠡ ᠨᠢ ᠥᠷᠭᠡᠨ ᠠᠭᠤᠳᠠᠮ ᠨᠤᠲᠤᠭ ᠳᠡᠪᠢᠰᠬᠡᠷ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠬᠦ᠂ ᠥᠨᠢ ᠤᠳᠠᠭᠠᠨ ᠲᠡᠦᠬᠡ᠎ᠶᠢ ᠬᠠᠮᠲᠤ᠎ᠪᠠᠷ ᠪᠢᠴᠢᠭᠯᠡᠬᠦ᠂ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠬᠦ᠂ ᠠᠭᠤᠤ ᠶᠡᠬᠡ ᠵᠣᠷᠢᠭ᠋ ᠰᠠᠨᠠᠭ᠎ᠠ᠎ᠶᠢ ᠬᠠᠮᠲᠤ᠎ᠪᠠᠷ ᠪᠣᠢᠵᠢᠭᠤᠯᠬᠤ ᠠᠤᠭ᠎ᠠ ᠶᠡᠬᠡ ᠦᠢᠯᠡᠲᠦᠯᠭᠡ᠎ᠶᠢᠨ ᠳᠤᠮᠳᠠ ᠨᠢᠭ᠍ᠲᠠᠷᠠᠵᠤ ᠪᠠᠢᠳᠠᠭ᠃ ᠳᠤᠮᠳᠠᠳᠤ᠎ᠶᠢᠨ ᠬᠥᠪᠡᠭᠦᠳ ᠥᠬᠢᠳ ᠨᠢᠭᠡ ᠪᠦᠷᠢ ᠤᠷᠳᠤ ᠴᠠᠭᠠᠨ ᠬᠡᠷᠡᠮᠳᠦ ᠣᠶ᠋ᠢᠷᠠᠳᠴᠤ᠂ ᠡᠪᠦᠭᠡ ᠳᠡᠭᠡᠳᠦᠰ᠎ᠦᠨ᠎ᠢᠶᠡᠨ ᠮᠥᠷᠥ ᠵᠡᠷᠭᠡᠴᠡᠨ ᠲᠡᠮᠡᠴᠡᠵᠦ᠂ ᠭᠠᠳᠠᠭᠠᠳᠤ᠎ᠶᠢᠨ ᠳᠣᠷᠣᠮᠵᠢᠯᠠᠯ᠎ᠢ ᠬᠠᠮᠲᠤ᠎ᠪᠠᠷ ᠡᠰᠡᠷᠭᠦᠴᠡᠭᠰᠡᠨ ᠢ᠋ ᠣᠢᠯᠠᠭᠠᠵᠤ ᠮᠡᠳᠡᠭᠰᠡᠨ ᠦᠶ᠎ᠡ᠎ᠳᠦ᠂ ᠠᠭᠤᠤ ᠶᠡᠬᠡ ᠡᠬᠡ ᠤᠯᠤᠰ᠎ᠲᠠᠭᠠᠨ ᠬᠠᠷᠢᠶᠠᠯᠠᠭᠳᠠᠬᠤ ᠰᠡᠳᠬᠢᠯᠭᠡ ᠠᠶᠠᠨᠳᠠᠭᠠᠨ ᠲᠦᠷᠦᠭᠲᠡᠵᠦ᠂ ᠡᠬᠦᠨ᠎ᠤ ᠣᠯᠠᠮ ᠶ᠋ᠢᠡᠷ 《ᠭᠡᠷ 》 ᠬᠢᠭᠡᠳ《ᠤᠯᠤᠰ》 ᠢ᠋ ᠰᠠᠯᠵᠤ ᠪᠣᠯᠣᠰᠢ ᠦᠭᠡᠢ ᠨᠢᠭᠡ ᠴᠣᠭᠴᠠ ᠪᠣᠯᠭᠠᠨ ᠠᠭᠤᠰᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ᠎ᠳᠤ ᠪᠠᠲᠤ ᠪᠡᠬᠢ ᠬᠠᠢᠷ᠎ᠠ ᠰᠡᠳᠬᠢᠯᠭᠡ᠎ᠶᠢ ᠨᠡᠮᠡᠷᠢᠯᠡᠭᠰᠡᠨ ᠪᠠᠢᠨ᠎ᠠ᠃
ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ ᠨᠢ ᠦᠨᠳᠦᠰᠦᠲᠡᠨ᠎ᠨᠦᠭᠦᠳ᠎ᠦᠨ 《ᠳᠤᠮᠳᠠᠳᠤ᠎ᠶᠢᠨ ᠦᠨᠳᠦᠰᠦᠲᠡᠨ 》 ᠭᠡᠳᠡᠭ ᠢ᠋ ᠳᠡᠭᠡᠳᠦ ᠬᠡᠮᠵᠢᠶ᠎ᠡ᠎ᠪᠡᠷ ᠮᠡᠳᠡᠷᠡᠬᠦ ᠦᠵᠡᠯ ᠰᠠᠨᠠᠭᠠᠨ᠎ᠤ ᠲᠤᠯᠭᠠᠭᠤᠷᠢ᠎ᠶᠢ ᠪᠠᠲᠤᠳᠬᠠᠪᠠ᠃ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ ᠨᠢ ᠦᠨᠳᠦᠰᠦᠲᠡᠨ᠎ᠨᠦᠭᠦᠳ᠎ᠦᠨ ᠤᠷᠳᠦ ᠬᠤᠭᠤᠴᠠᠭᠠᠨ᠎ᠤ ᠲᠤᠷᠰᠢ ᠰᠣᠯᠪᠢᠴᠠᠨ ᠠᠭᠤᠰᠤᠯᠴᠠᠭᠰᠠᠨ᠂ ᠬᠦᠯᠢᠶᠡᠨ ᠠᠪᠤᠭᠰᠠᠨ᠂ ᠬᠠᠷᠢᠯᠴᠠᠨ ᠰᠢᠮᠡᠵᠢᠭᠦᠯᠦᠭᠰᠡᠨ ᠪᠣᠯᠪᠠᠰᠤᠨ᠎ᠤ ᠤᠯᠠ ᠮᠥᠷ᠎ᠢ ᠬᠠᠲᠠᠭᠠᠯᠠᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠦ ᠤᠬᠠᠮᠰᠠᠷ᠎ᠠᠴᠠ᠎ᠪᠠᠨ ᠥᠪᠡᠷ᠎ᠦᠨ ᠬᠤᠪᠢ ᠵᠠᠶᠠᠭ᠎ᠠ᠎ᠪᠠᠨ ᠳᠤᠮᠳᠠᠳᠤ᠎ᠶᠢᠨ ᠦᠨᠳᠦᠰᠦᠲᠡᠨ ᠦ ᠬᠤᠪᠢ ᠵᠠᠶᠠᠭ᠎ᠠ᠎ᠲᠠᠢ ᠨᠢᠭ᠍ᠲᠠ ᠬᠣᠯᠪᠣᠬᠤ᠎ᠶᠢ ᠠᠬᠢᠭᠤᠯᠵᠤ᠂ ᠭᠡᠷ ᠣᠷᠣᠨ᠎ᠢᠶᠠᠨ ᠬᠠᠮᠠᠭᠠᠯᠠᠬᠤ᠂ ᠪᠦᠲᠦᠭᠡᠨ ᠪᠠᠶ᠋ᠢᠭᠤᠯᠬᠤ ᠶᠠᠪᠤᠴᠠ ᠳᠤ ᠤᠷᠳᠤ ᠴᠠᠭᠠᠨ ᠬᠡᠷᠡᠮᠳᠦ ᠠᠭᠤᠯᠤᠭᠳᠠᠵᠤ ᠪᠠᠢᠭ᠎ᠠ ᠪᠦᠯᠬᠦᠮᠳᠡᠨ ᠲᠡᠮᠡᠴᠡᠬᠦ ᠵᠣᠷᠢᠭ᠋ ᠰᠠᠨᠠᠭ᠎ᠠ ᠶᠢ ᠬᠠᠮᠲᠤ᠎ᠪᠠᠷ ᠤᠯᠠᠮᠵᠢᠯᠠᠨ ᠵᠠᠯᠭᠠᠮᠵᠢᠯᠠᠬᠤ᠎ᠶᠢ ᠠᠬᠢᠭᠤᠯᠪᠠ᠃ ᠡᠨᠡ ᠬᠦ᠌ ᠬᠠᠮᠲᠤ ᠶ᠋ᠢᠨ ᠣᠶᠤᠨ᠎ᠤ ᠪᠠᠶᠠᠯᠢᠭ᠋ ᠨᠢ ᠳᠤᠮᠳᠠᠳᠤ ᠶ᠋ᠢᠨ ᠦᠨᠳᠦᠰᠦᠲᠡᠨ ᠪᠣᠯ ᠴᠢᠨᠦ ᠳᠣᠲᠣᠷ᠎ᠠ ᠪᠢ ᠪᠠᠢᠵᠦ᠂ ᠮᠢᠨᠤ ᠳᠣᠲᠣᠷ᠎ᠠ ᠴᠢ ᠪᠠᠢᠵᠦ᠂ ᠬᠡᠨ ᠠᠯᠢᠨᠡᠴᠡᠪᠡᠨ ᠰᠠᠯᠵᠤ ᠴᠢᠳᠠᠬᠤ ᠦᠭᠡᠢ ᠬᠤᠪᠢ ᠵᠠᠶᠠᠭᠠᠨ᠎ᠤ ᠬᠠᠮᠲᠤ ᠶ᠋ᠢᠨ ᠴᠣᠭᠴᠠ ᠮᠥᠨ ᠭᠡᠳᠡᠭ ᠢ᠋ ᠨᠡᠩ ᠭᠦᠨᠵᠡᠭᠡᠢ ᠲᠠᠨᠢᠭᠤᠯᠤᠭᠰᠠᠨ ᠪᠠᠢᠨ᠎ᠠ᠃
ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ ᠨᠢ ᠦᠨᠳᠦᠰᠦᠲᠡᠨ᠎ᠨᠦᠭᠦᠳ᠎ᠦᠨ ᠳᠤᠮᠳᠠᠳᠤ᠎ᠶᠢᠨ ᠰᠣᠶᠣᠯ᠎ᠢ ᠳᠡᠭᠡᠳᠦ ᠬᠡᠮᠵᠢᠶ᠎ᠡ᠎ᠪᠡᠷ ᠮᠡᠳᠡᠷᠡᠬᠦ ᠤᠶᠤᠨ ᠰᠠᠨᠠᠭᠠᠨ᠎ᠤ ᠰᠠᠭᠤᠷᠢ᠎ᠶᠢ ᠪᠡᠬᠢᠵᠢᠭᠦᠯᠵᠡᠢ᠃ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠳᠤ ᠠᠭᠤᠯᠤᠭᠳᠠᠵᠤ ᠪᠠᠢᠭ᠎ᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ᠂ ᠨᠤᠭᠤᠷᠠᠰᠢ ᠦᠭᠡᠢ ᠬᠠᠳᠠᠨ ᠵᠣᠷᠢᠭ᠋᠂ ᠨᠡᠭᠡᠭᠡᠯᠲᠡᠲᠡᠢ ᠪᠠᠭᠲᠠᠭᠠᠮᠵᠢᠲᠠᠢ ᠪᠠᠢᠬᠤ ᠵᠣᠷᠢᠭ᠋ ᠰᠠᠨᠠᠭᠠᠨ᠎ᠤ ᠣᠨᠴᠠ ᠴᠢᠨᠠᠷ ᠨᠢ ᠠᠯᠢ ᠬᠡᠳᠦᠢᠨ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ ᠵᠢᠷᠦᠬᠡᠨ᠎ᠦ ᠭᠦᠨ᠎ᠳᠦ ᠠᠭᠣᠰᠣᠨ ᠰᠢᠩᠭᠡᠵᠡᠢ᠃ ᠥᠪᠥᠷ ᠮᠣᠩᠭᠣᠯ ᠪᠣᠯ ᠤᠯᠠᠨ ᠦᠨᠳᠦᠰᠦᠲᠡᠨ᠎ᠦ ᠰᠣᠶᠣᠯ ᠬᠠᠮᠲᠤ᠎ᠪᠠᠷ ᠵᠡᠷᠭᠡᠴᠡᠨ ᠣᠷᠣᠰᠢᠬᠰᠠᠨ ᠴᠥᠭᠡᠨ ᠲᠣᠭᠠᠲᠤ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ᠎ᠶᠢᠨ ᠰᠣᠶᠣᠯ᠎ᠤᠨ ᠲᠤᠬᠠᠢ ᠮᠡᠳᠡᠷᠡᠮᠵᠢ ᠨᠢ ᠣᠢᠯᠠᠭᠠᠯᠴᠠᠭ᠎ᠠ᠎ᠶᠢ ᠨᠡᠮᠡᠭᠳᠡᠭᠦᠯᠵᠦ᠂ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠬᠤ᠎ᠪᠠᠷ ᠪᠠᠷᠠᠬᠤ ᠦᠭᠡᠢ ᠪᠠᠰᠠ ᠦᠨᠳᠦᠰᠦᠲᠡᠨ᠎ᠦ ᠪᠦᠯᠬᠦᠮᠳᠡᠯ᠎ᠢ ᠴᠢᠨᠠᠭᠰᠢᠳᠠ ᠠᠬᠢᠭᠤᠯᠵᠤ᠂ ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠭᠦᠨ ᠵᠤᠵᠠᠭᠠᠨ ᠪᠥᠭᠡᠳ ᠥᠨᠢ ᠤᠳᠠᠭᠠᠨ ᠤᠶᠤᠨ ᠰᠠᠨᠠᠭᠠᠨ᠎ᠤ ᠬᠦᠴᠦᠨ ᠴᠢᠳᠠᠯ᠎ᠢ ᠨᠡᠮᠡᠷᠢᠯᠡᠬᠦ ᠪᠣᠯᠣᠨ᠎ᠠ ᠃
ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ ᠪᠣᠯ ᠦᠨᠳᠦᠰᠦᠲᠡᠨ᠎ᠨᠦᠭᠦᠳ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠳᠡᠭᠡᠳᠦ ᠬᠡᠮᠵᠢᠶ᠎ᠡ᠎ᠪᠡᠷ ᠮᠡᠳᠡᠷᠡᠬᠦ ᠬᠠᠮᠲᠣ᠎ᠶᠢᠨ ᠲᠠᠨᠢᠯᠲᠠ᠎ᠶᠢᠨ ᠤᠯᠤᠰ ᠲᠦᠷᠦ᠎ᠶᠢᠨ ᠰᠠᠭᠤᠷᠢ ᠮᠦᠨ᠃ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭᠠᠨ᠎ᠤ ᠭᠣᠣᠯ ᠴᠢᠮᠦᠭᠡ ᠪᠣᠯ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠭᠡᠷ ᠣᠷᠣᠨ᠎ᠢᠶᠠᠨ ᠬᠠᠮᠲᠤ ᠪᠠᠷ ᠪᠦᠲᠦᠭᠡᠨ ᠪᠠᠶ᠋ᠢᠭᠤᠯᠬᠤ ᠶᠠᠪᠤᠳᠠᠯ ᠮᠦᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠶᠠᠳᠠᠭᠤ᠎ᠠᠴᠠ ᠠᠩᠭᠢᠵᠢᠷᠠᠬᠤ᠎ᠪᠠᠷ ᠬᠦᠴᠦᠯᠡᠨ ᠴᠢᠷᠮᠠᠢᠵᠤ ᠂ ᠬᠢᠯᠢ ᠬᠢᠵᠠᠭᠠᠷ᠎ᠢ ᠪᠦᠲᠦᠭᠡᠨ ᠪᠠᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠤᠭᠰᠠᠨ᠎ᠢᠶᠠᠷ ᠂ ᠤᠷᠳᠤ ᠴᠠᠭᠠᠨ ᠬᠡᠷᠡᠮ ᠳᠠᠭᠠᠤ ᠭᠠᠵᠠᠷ ᠣᠷᠣᠨ᠎ᠤ ᠦᠢᠯᠡᠳᠪᠦᠷᠢᠯᠡᠯ ᠠᠮᠢᠳᠤᠷᠠᠯ᠎ᠳᠦ ᠲᠡᠭᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠠᠢ᠃ ᠡᠢᠮᠦᠷᠬᠦᠦ ᠬᠥᠭᠵᠢᠯᠲᠡ᠎ᠶᠢᠨ ᠶᠠᠪᠤᠴᠠ᠎ᠳᠤ《ᠨᠢᠭᠡ ᠦᠨᠳᠦᠰᠦᠲᠡᠨ᠎ᠢ ᠴᠦ᠍ ᠡᠩᠨᠡᠭᠡ᠎ᠡᠴᠡ᠎ᠪᠡᠨ ᠬᠣᠴᠣᠷᠤᠭᠤᠯᠬᠤ ᠦᠭᠡᠢ》 ᠭᠡᠬᠦ ᠵᠠᠷᠴᠢᠮ ᠪᠠ ᠠᠮᠠᠯᠠᠯᠲᠠ ᠪᠣᠯ ᠳᠠᠷᠤᠢ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭᠠᠨ᠎ᠤ ᠰᠢᠨ᠎ᠡ ᠴᠠᠭ ᠦᠶ᠎ᠡ᠎ᠳᠡᠬᠢ ᠠᠮᠢᠳᠤᠯᠢᠭ᠋ ᠦᠷᠭᠦᠯᠵᠢᠯᠡᠯ ᠪᠣᠯᠬᠣ ᠶᠣᠮ᠃ ᠡᠢᠮᠦ ᠡᠴᠡ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠬᠤ ᠨᠢ ᠳᠠᠷᠤᠢ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠮ᠎ᠤᠨ ᠠᠴᠢ ᠳ᠋ᠦ ᠲᠠᠯᠠᠷᠬᠠᠵᠦ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠵᠦ ᠣᠷᠣᠬᠰᠢᠯᠠᠬᠣ᠎ᠶᠢ ᠪᠠᠲᠤᠯᠠᠬᠤ᠎ᠶᠢᠨ ᠲᠥᠯᠥᠭᠡ ᠶᠤᠮ ᠃
ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠲᠣᠬᠠᠢ ᠬᠠᠮᠲᠣ᠎ᠶᠢᠨ ᠲᠠᠨᠢᠯᠲᠠ᠎ᠶᠢᠨ ᠤᠶᠤᠨ ᠰᠠᠨᠠᠭᠠᠨ᠎ᠤ ᠬᠦᠴᠦᠨ᠎ᠢ ᠴᠢᠩᠭᠠᠳᠬᠠᠵᠠᠢ᠃ ᠣᠷᠳᠣ᠌ ᠴᠠᠭᠠᠨ ᠬᠡᠷᠡᠮ᠎ᠢ ᠴᠣᠬᠴᠠᠯᠠᠨ ᠪᠠᠶ᠋ᠢᠭᠤᠯᠣᠬᠰᠠᠨ ᠭᠦᠨ ᠳᠠᠪᠬᠤᠷᠭ᠎ᠠ᠎ᠶᠢᠨ ᠬᠥᠳᠡᠯᠭᠡᠬᠦ ᠬᠦᠴᠦᠨ ᠪᠣᠯ ᠭᠡᠷ ᠣᠷᠣᠨ᠎ᠢᠶᠠᠨ ᠰᠠᠬᠢᠨ ᠬᠠᠮᠠᠭᠠᠯᠠᠵᠤ᠂ ᠠᠷᠠᠳ ᠢᠷᠭᠡᠳ᠎ᠲᠦ ᠪᠤᠶᠠᠨ ᠦᠢᠯᠡᠳᠬᠦ ᠶᠠᠪᠤᠳᠠᠯ ᠮᠦᠨ᠃ ᠡᠨᠡ ᠨᠢ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ 《ᠠᠷᠠᠳ ᠲᠦᠮᠡᠨ᠎ᠢᠶᠡᠷ ᠭᠣᠣᠯ ᠪᠣᠯᠭᠠᠬᠤ》 ᠬᠥᠭᠵᠢᠯᠲᠡ᠎ᠶᠢᠨ ᠦᠵᠡᠯ ᠰᠠᠨᠠᠭ᠎ᠠ᠎ᠲᠠᠢ ᠭᠠᠷᠤᠯ ᠨᠢᠭᠡᠲᠡᠢ ᠶᠤᠮ᠃ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠳᠤ ᠠᠭᠤᠯᠤᠭᠳᠠᠵᠤ ᠪᠠᠢᠭ᠎ᠠ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ᠂ ᠨᠤᠭᠤᠷᠠᠰᠢ ᠦᠭᠡᠢ ᠬᠠᠳᠠᠨ ᠵᠣᠷᠢᠭ᠋᠂ ᠨᠡᠭᠡᠭᠡᠯᠲᠡᠲᠡᠢ ᠪᠠᠭᠲᠠᠭᠠᠮᠵᠢᠲᠠᠢ ᠪᠠᠢᠬᠤ ᠵᠡᠷᠭᠡ ᠭᠣᠣᠯᠯᠠᠭ᠍ᠴᠢ ᠴᠢᠨᠠᠷ ᠨᠢ ᠪᠠᠰᠠ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠪᠡᠶ᠎ᠡ᠎ᠳᠡᠭᠡᠨ ᠢᠲᠡᠭᠡᠯ᠎ᠲᠠᠢ ᠪᠡᠶ᠎ᠡ᠎ᠪᠡᠨ ᠳᠠᠭᠠᠭᠠᠬᠤ᠂ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭᠠᠬᠤ᠎ᠶᠢ ᠪᠠᠷᠢᠮᠲᠠᠯᠠᠬᠤ ᠮᠥᠨ ᠴᠢᠨᠠᠷ᠎ᠤᠨ ᠱᠠᠭᠠᠷᠳᠠᠯᠭ᠎ᠠ᠎ᠲᠠᠢ ᠳᠡᠭᠡᠳᠦ ᠬᠡᠮᠵᠢᠶ᠎ᠡ᠎ᠪᠡᠷ ᠨᠡᠢᠴᠡᠵᠦ ᠪᠣᠢ᠃ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ ᠨᠢ ᠴᠠᠭ ᠣᠷᠣᠨ ᠵᠠᠢ᠎ᠶᠢ ᠠᠯᠤᠰᠯᠠᠭᠰᠠᠨ ᠵᠣᠷᠢᠭ᠋ ᠰᠠᠨᠠᠭᠠᠨ᠎ᠤ ᠤᠷᠢᠶᠠᠯᠠᠬᠤ ᠬᠦᠴᠦᠨ᠎ᠢᠶᠡᠷ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ ᠤᠯᠤᠰ ᠤᠨ ᠣᠨᠴᠠᠯᠢᠭ᠋᠎ᠪᠦᠬᠦᠢ ᠨᠡᠢᠭᠡᠮ ᠵᠢᠷᠤᠮ ᠤᠨ ᠵᠠᠮ᠎ᠤᠨ ᠲᠤᠬᠠᠢ ᠤᠬᠠᠮᠰᠠᠷᠲᠤ ᠮᠡᠳᠡᠷᠡᠮᠵᠢ᠎ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢ ᠪᠠᠲᠤᠳᠬᠠᠬᠤ᠎ᠳᠤ ᠣᠨᠲᠣᠷᠣᠭᠠᠳ ᠪᠠᠷᠠᠰᠢ ᠦᠭᠡᠢ ᠬᠥᠳᠡᠯᠭᠡᠬᠦ ᠬᠦᠴᠦᠨ ᠨᠡᠮᠡᠷᠢᠯᠡᠵᠡᠢ᠃
ᠤᠬᠠᠭᠤᠯᠭ᠎ᠠ ᠬᠥᠮᠦᠵᠢᠯ᠎ᠦᠨ ᠰᠢᠨ᠎ᠡ ᠠᠷᠭ᠎ᠠ ᠬᠡᠯᠪᠡᠷᠢ ᠶ᠋ᠢ ᠡᠭᠦᠳᠴᠦ᠂ ᠣᠷᠳᠣ᠌ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠵᠢᠨ ᠴᠠᠭ ᠦᠶ᠎ᠡ᠎ᠶᠢᠨ ᠬᠡᠷᠡᠯ ᠭᠢᠯᠪᠠᠭ᠎ᠠ᠎ᠶᠢ ᠣᠯᠠᠮ ᠰᠠᠢᠨ ᠪᠠᠳᠠᠷᠠᠭᠤᠯᠰᠤᠭᠠᠢ
ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠬᠤ᠎ᠳᠤ ᠡᠷᠬᠡᠪᠰᠢ ᠠᠷᠠᠳ ᠤᠯᠠᠨ᠎ᠤ ᠲᠠᠭᠠᠰᠢᠶᠠᠯ᠎ᠳᠤ ᠲᠤᠬᠢᠷᠠᠭᠰᠠᠨ ᠤᠷᠠᠯᠢᠭ᠋᠎ᠤᠨ ᠬᠡᠯᠪᠡᠷᠢ᠎ᠪᠡᠷ ᠤᠷᠳᠤ ᠴᠠᠭᠠᠨ ᠬᠡᠷᠡᠮ᠎ᠦᠨ ᠦᠯᠢᠭᠡᠷ᠎ᠢ ᠰᠠᠢᠲᠤᠷ ᠶᠠᠷᠢᠬᠤ ᠬᠡᠷᠡᠭᠲᠡᠢ᠃ ᠰᠢᠨ᠎ᠡ ᠵᠠᠭᠤᠴᠢᠯᠠᠭᠤᠷ ᠪᠣᠯᠣᠨ ᠰᠢᠨ᠎ᠡ ᠮᠡᠷᠭᠡᠵᠢᠯ᠎ᠢ ᠴᠢᠳᠠᠮᠠᠭᠠᠢ᠎ᠪᠠᠷ ᠠᠰᠢᠬᠯᠠᠵᠦ᠂ ᠪᠢᠴᠢᠯ ᠸᠢᠳᠢᠤ᠋᠂ ᠰᠢᠭᠤᠳ ᠨᠡᠪᠲᠡᠷᠡᠭᠦᠯᠭᠡ᠂ ᠪᠦᠷᠢᠨ ᠵᠠᠭᠣᠴᠢᠯᠠᠭᠤᠷ ᠤ᠋ᠨ ᠵᠢᠷᠤᠭ ᠳᠦᠷᠰᠦ ᠵᠡᠷᠭᠡ ᠲᠣᠭᠠᠴᠢᠯᠠᠭᠰᠠᠨ ᠠᠷᠭ᠎ᠠ ᠪᠠᠷᠢᠯ᠎ᠢ ᠠᠮᠢᠲᠣᠯᠢᠬ ᠬᠡᠷᠡᠭᠯᠡᠵᠦ᠂ ᠤᠷᠳᠤ ᠴᠠᠭᠠᠨ ᠬᠡᠷᠡᠮ᠎ᠦᠨ ᠲᠡᠦᠬᠡᠨ ᠦᠯᠢᠭᠡᠷ ᠪᠣᠯᠣᠨ ᠤᠶᠤᠨ ᠰᠠᠨᠠᠭᠠᠨ᠎ᠤ ᠠᠭᠤᠯᠤᠭᠳᠠᠬᠤᠨ᠎ᠢ ᠨᠡᠩ ᠠᠮᠢᠳᠤᠯᠢᠭ᠋᠂ ᠨᠡᠩ ᠪᠡᠶᠡᠴᠢ ᠬᠡᠯᠪᠡᠷᠢ᠎ᠪᠡᠷ ᠤᠯᠠᠨ ᠲᠦᠮᠡᠨ᠎ᠳᠦ ᠬᠦᠷᠭᠡᠵᠦ᠂ ᠣᠨᠴᠠᠭᠠᠢᠯᠠᠨ ᠵᠠᠯᠠᠭᠤ ᠨᠢᠭᠡ ᠦᠶ᠎ᠡ᠎ᠶᠢᠨ ᠬᠢᠨ᠎ᠤ ᠲᠣᠮᠲᠠ ᠬᠦᠷᠭᠡᠵᠦ᠂ ᠲᠠᠲᠠᠬᠤ ᠬᠦᠴᠦᠨ᠎ᠢ ᠨᠢ ᠨᠡᠮᠡᠭᠳᠡᠭᠦᠯᠬᠦ ᠬᠡᠷᠡᠭᠲᠡᠢ᠃ ᠲᠣᠬᠠᠢᠯᠠᠪᠠᠯ᠂ ᠲᠣᠮᠣ᠌ ᠬᠡᠯᠪᠡᠷᠢ᠎ᠶᠢᠨ ᠪᠠᠷᠢᠮᠲᠠᠲᠤ ᠺᠢᠨᠣ᠋ 《ᠣᠷᠳᠣ᠌ ᠴᠠᠭᠠᠨ ᠬᠡᠷᠡᠮ᠎ᠦᠨ ᠳᠠᠷᠤᠭ᠎ᠠ》 ᠵᠡᠷᠭᠡ ᠬᠠᠮ ᠵᠠᠭᠤᠴᠢᠯᠠᠭᠤᠷ᠎ᠤᠨ ᠪᠦᠲᠦᠭᠡᠯ᠎ᠢ ᠤᠬᠠᠭᠠᠯᠠᠨ ᠦᠢᠯᠡᠳᠬᠦ᠎ᠪᠡᠷ ᠳᠠᠮᠵᠢᠭᠤᠯᠤᠨ᠂ ᠬᠡᠷᠡᠭ ᠶᠠᠪᠤᠳᠠᠯ᠎ᠢ ᠲᠣᠭᠠᠴᠢᠬᠤ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠴᠦ᠂ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠂ ᠪᠤᠳᠠᠰ᠎ᠤᠨ ᠪᠤᠰᠤ ᠰᠣᠶᠣᠯ᠎ᠤᠨ ᠦᠪ ᠦᠨ ᠵᠠᠯᠭᠠᠮᠵᠢᠯᠠᠯ ᠵᠡᠷᠭᠡ ᠣᠯᠠᠨ ᠬᠠᠷᠠᠭᠠᠰᠤ ᠠ᠋ᠴᠠ ᠭᠠᠷᠳᠠᠵᠤ᠂ ᠦᠨᠳᠦᠰᠦᠲᠡᠨ᠎ᠨᠦᠭᠦᠳ ᠦᠨ ᠠᠷᠠᠳ ᠲᠦᠮᠡᠨ ᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠭᠡᠷ ᠣᠷᠣᠨ᠎ᠢᠶᠠᠨ ᠬᠠᠮᠲᠤ᠎ᠪᠠᠷ ᠪᠦᠲᠦᠭᠡᠨ ᠪᠠᠶ᠋ᠢᠭᠤᠯᠬᠤ ᠵᠣᠷᠢᠭ᠋ ᠰᠠᠨᠠᠭᠠᠨ᠎ᠤ ᠤᠯᠠᠮᠵᠢᠯᠠᠯ᠎ᠢ ᠠᠮᠢᠳᠤᠯᠢᠭ᠋᠎ᠢᠶᠠᠷ ᠢᠯᠡᠷᠡᠭᠦᠯᠦᠨ᠎ᠡ᠃ ᠡᠭᠦᠨ᠎ᠡᠴᠡ ᠭᠠᠳᠠᠨ᠎ᠠ᠂ ᠪᠠᠰᠠ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭᠠᠨ᠎ᠤ ᠬᠠᠮ ᠬᠦᠦᠷᠨᠢᠯ᠎ᠢ ᠬᠥᠮᠥᠰ᠎ᠦᠨ ᠰᠡᠳᠬᠢᠯ᠎ᠢ ᠬᠥᠳᠡᠯᠭᠡᠮ᠎ᠡ ᠪᠤᠳᠠᠲᠤ ᠦᠯᠢᠭᠡᠷ ᠪᠣᠯᠭᠠᠨ ᠬᠤᠪᠢᠷᠠᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠢᠷ᠎ᠠ ᠰᠡᠳᠬᠢᠯᠭᠡ᠎ᠶᠢᠨ ᠴᠤᠤᠷᠢᠶ᠎ᠠ ᠳᠤᠮᠳᠠ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠮᠡᠳᠡᠷᠡᠬᠦ ᠪᠠ ᠬᠦᠨᠳᠦᠳᠬᠡᠬᠦ ᠰᠡᠳᠬᠢᠯᠭᠡ᠎ᠶᠢ ᠭᠦᠨᠵᠡᠭᠡᠢᠷᠡᠭᠦᠯᠬᠦ ᠬᠡᠷᠡᠭᠲᠡᠢ᠃
ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠬᠤ᠎ᠶᠢᠨ ᠵᠠᠩᠭᠢᠯᠠᠭ᠎ᠠ ᠪᠣᠯ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠲᠡᠦᠬᠡ᠎ᠶᠢᠨ ᠵᠢᠮ᠎ᠡᠴᠡ ᠮᠡᠳᠡᠵᠦ᠂ ᠠᠮᠢᠳᠤᠯᠢᠭ᠋ ᠰᠣᠶᠣᠯ᠎ᠤᠨ ᠬᠡᠯᠪᠡᠷᠢ ᠪᠣᠯᠭᠠᠨ ᠬᠤᠪᠢᠷᠠᠭᠤᠯᠬᠤ᠎ᠳᠤ ᠪᠤᠢ᠃ ᠤᠷᠳᠤ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠦᠲᠦᠭᠡᠨ ᠪᠠᠢᠭᠤᠯᠤᠯᠲᠠ᠎ᠶᠢ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠤᠷᠳᠤ ᠴᠠᠭᠠᠨ ᠬᠡᠷᠡᠮ᠎ᠢ ᠰᠣᠨᠢᠷᠬᠠᠬᠤ᠂ ᠲᠡᠦᠬᠡ᠎ᠶᠢ ᠣᠢᠯᠠᠭᠠᠬᠤ ᠳᠤᠮᠳᠠ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭᠠᠨ᠎ᠤ ᠭᠦᠨᠵᠡᠭᠡᠢ ᠠᠭᠤᠯᠤᠭᠳᠠᠬᠤᠨ᠎ᠢ ᠣᠢᠯᠠᠭᠠᠭᠤᠯᠬᠤ ᠬᠡᠷᠡᠭᠲᠡᠢ᠃ ᠤᠷᠲᠤ ᠴᠠᠭᠠᠨ ᠬᠡᠷᠡᠮ ᠳᠠᠭᠠᠤ ᠦᠯᠡᠲᠡᠭᠲᠡᠯ ᠪᠠᠭᠤᠷᠢ᠂ ᠡᠷᠲᠡᠨ᠎ᠦ ᠪᠠᠯᠭᠠᠰᠤ ᠲᠣᠰᠬᠣᠨ᠂ ᠮᠦᠽᠧᠢ ᠵᠡᠷᠭᠡ ᠡᠬᠢ ᠪᠠᠶᠠᠯᠢᠭ᠋᠎ᠢ ᠦᠨᠡᠨ ᠬᠦ᠌ ᠡᠮᠬᠢᠯᠡᠨ ᠨᠡᠢᠯᠡᠭᠦᠯᠵᠦ᠂ ᠣᠷᠳᠣ᠌ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠢᠶᠡᠷ ᠭᠤᠤᠯ ᠪᠣᠯᠭᠠᠵᠤ᠂ ᠡᠷᠬᠢᠨ ᠲᠣᠭᠣᠷᠢᠨ᠎ᠤ ᠡᠯ᠎ᠡ ᠮᠤᠵᠢ ᠣᠷᠣᠨ ᠬᠣᠲᠠ᠎ᠲᠠᠢ ᠬᠣᠯᠪᠤᠭᠠᠯᠠᠵᠦ᠂ ᠣᠷᠳᠣ᠌ ᠴᠠᠭᠠᠨ ᠬᠡᠷᠡᠮ᠎ᠦᠨ ᠰᠣᠶᠣᠯ᠎ᠤᠨ ᠨᠠᠢᠷ᠂ ᠭᠣᠣᠯ ᠰᠡᠳᠦᠪᠲᠦ ᠶᠠᠷᠢᠶᠠᠨ᠎ᠤ ᠲᠠᠪᠴᠠᠩ᠂ ᠰᠤᠳᠤᠯᠤᠨ ᠰᠤᠷᠤᠯᠴᠠᠵᠤ ᠦᠢᠯᠡᠳᠦᠯᠭᠡᠵᠢᠭᠦᠯᠬᠦ ᠵᠡᠷᠭᠡ ᠨᠠᠷᠠᠲᠤ ᠲᠥᠷᠥᠯ ᠲᠡᠮᠳᠡᠭ᠎ᠤ᠋ᠨ ᠠᠵᠢᠯᠯᠠᠭ᠎ᠠ᠎ᠶᠢ ᠡᠷᠭᠢᠯᠡᠬᠦ᠎ᠪᠡᠷ ᠳᠠᠮᠵᠢᠭᠤᠯᠤᠨ ᠣᠷᠳᠣ᠌ ᠴᠠᠭᠠᠨ ᠬᠡᠷᠡᠮ᠎ᠦᠨ ᠲᠡᠦᠬᠡ ᠰᠣᠶᠣᠯ᠎ᠤᠨ ᠦᠯᠡᠳᠡᠭᠳᠡᠯ᠎ᠢ ᠦᠨᠡᠨ ᠬᠦ᠌ ᠦᠨᠳᠦᠰᠦᠲᠡᠨ᠎ᠦ ᠬᠠᠢᠷ᠎ᠠ ᠰᠡᠳᠬᠢᠯᠭᠡ᠎ᠶᠢ ᠨᠢᠭ᠍ᠲᠠᠷᠠᠭᠤᠯᠬᠤ᠂ ᠰᠣᠶᠣᠯ᠎ᠤᠨ ᠢᠲᠡᠭᠡᠯ᠎ᠢ ᠨᠡᠮᠡᠭᠳᠡᠭᠦᠯᠬᠦ ᠵᠣᠷᠢᠭ᠋ ᠰᠠᠨᠠᠭᠠᠨ᠎ᠤ ᠲᠤᠯᠭᠠᠭᠤᠷᠢᠯᠠᠯ ᠪᠣᠯᠭᠠᠬᠤ ᠬᠡᠷᠡᠭᠲᠡᠢ᠃
ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠬᠤ᠎ᠳᠤ ᠡᠷᠬᠡᠪᠰᠢ ᠵᠡᠷᠭᠡ ᠪᠡᠷ ᠬᠦᠴᠦᠯᠡᠨ ᠬᠠᠮᠲᠤ ᠪᠡᠷ ᠴᠢᠷᠮᠠᠢᠵᠤ᠂ ᠬᠥᠮᠥᠨ ᠪᠦᠬᠦᠨ ᠣᠷᠣᠯᠴᠠᠵᠤ᠂ ᠦᠢᠯᠡᠳᠦᠯᠭᠡ᠎ᠶᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ ᠭᠣᠣᠯᠯᠠᠬᠤ ᠦᠢᠯᠡᠳᠦᠯ᠎ᠢᠶᠡᠨ ᠪᠠᠳᠠᠷᠠᠭᠤᠯᠵᠤ᠂ ᠣᠷᠳᠣ᠌ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ᠎ᠶᠢ ᠰᠤᠷᠲᠠᠯ ᠤᠬᠠᠭᠤᠯᠭ᠎ᠠ ᠦᠵᠡᠯ ᠰᠠᠨᠠᠭᠠᠨ᠎ᠤ ᠠᠵᠢᠯ᠎ᠤᠨ ᠶᠡᠷᠦᠩᠬᠡᠢ ᠪᠠᠢᠷᠢᠰᠢᠭᠤᠯᠤᠯᠲᠠ᠎ᠳᠤ ᠣᠷᠣᠭᠤᠯᠪᠠᠯ ᠵᠣᠬᠢᠨ᠎ᠠ᠃ ᠡᠬᠦᠨ ᠳ᠋ᠦ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠦᠯᠢᠭᠡᠷ ᠳᠠᠭᠤᠷᠢᠶᠠᠯ᠎ᠤᠨ ᠦᠢᠯᠡᠲᠦᠯ ᠦᠵᠡᠭᠦᠯᠵᠦ᠂ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭᠠᠨ᠎ᠤ ᠡᠷᠡᠰ ᠪᠠᠲᠤ ᠵᠠᠯᠭᠠᠮᠵᠢᠯᠠᠭ᠍ᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ᠎ᠪᠠᠷ ᠴᠢᠷᠮᠠᠢᠬᠤ ᠬᠡᠷᠡᠭᠲᠡᠢ᠃ ᠵᠠᠯᠠᠭᠤᠴᠤᠳ ᠪᠠᠭᠠᠴᠤᠳ ᠪᠣᠯ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ ᠰᠢᠨ᠎ᠡ ᠬᠦᠴᠦᠨ ᠮᠥᠨ᠃ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠰᠤᠷᠭᠠᠭᠤᠯᠢ ᠨᠣᠭᠣᠳ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ ᠳᠦ ᠭᠦᠨᠵᠡᠭᠡᠢ ᠠᠭᠤᠰᠤᠯᠴᠠᠭᠤᠯᠵᠤ᠂ ᠤᠷᠳᠤ ᠴᠠᠭᠠᠨ ᠬᠡᠷᠡᠮ᠎ᠦᠨ ᠦᠯᠢᠭᠡᠷ᠎ᠢ ᠬᠢᠴᠢᠶᠡᠯ ᠦᠨ ᠲᠠᠩᠬᠢᠮ᠎ᠳᠤ ᠣᠷᠣᠭᠤᠯᠵᠤ᠂ ᠬᠢᠴᠢᠶᠡᠯ᠎ᠦᠨ ᠳᠡᠪᠲᠡᠷ᠎ᠲᠦ ᠣᠷᠣᠭᠤᠯᠵᠤ᠂ ᠣᠯᠠᠨ ᠲᠦᠮᠡᠨ᠎ᠤ ᠰᠡᠳᠬᠢᠯ ᠵᠢᠷᠦᠬᠡᠨ᠎ᠳᠦ ᠬᠠᠳᠠᠩᠰᠢᠭᠤᠯᠬᠤ ᠬᠡᠷᠡᠭᠲᠡᠢ᠃ ᠤᠷᠳᠤ ᠴᠠᠭᠠᠨ ᠬᠡᠷᠡᠮ ᠳᠠᠭᠠᠤ ᠣᠷᠣᠰᠢᠨ ᠰᠠᠭᠣᠷᠢᠰᠢᠬᠰᠠᠨ ᠮᠠᠯᠴᠢᠨ ᠲᠠᠷᠢᠶᠠᠴᠢᠨ᠂ ᠰᠠᠢᠨ ᠳᠤᠷ᠎ᠠ᠎ᠶᠢᠨ ᠠᠵᠢᠯᠯᠠᠭᠰᠠᠳ᠎ᠤᠨ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠬᠤ᠎ᠳᠤ ᠢᠳᠡᠪᠬᠢᠲᠡᠢ ᠣᠷᠣᠯᠴᠠᠬᠤ᠎ᠶᠢ ᠵᠣᠷᠢᠭ᠍ᠵᠢᠭᠤᠯᠵᠤ᠂ ᠳᠤᠮᠳᠠᠳᠤ᠎ᠶᠢᠨ ᠬᠥᠪᠡᠭᠦᠳ ᠥᠬᠢᠳ ᠪᠣᠯᠭᠠᠨ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭᠠᠨ᠎ᠤ ᠲᠠᠢᠯᠪᠤᠷᠢᠯᠠᠭ᠍ᠴᠢ᠂ ᠤᠯᠠᠮᠵᠢᠯᠠᠭ᠍ᠴᠢ ᠪᠣᠯᠵᠦ᠂ ᠲᠣᠮᠲᠠᠲᠣ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠲᠠᠰᠤᠷᠠᠯᠳᠠ ᠦᠭᠡᠢ ᠨᠢᠭ᠍ᠲᠠᠷᠠᠭᠤᠯᠬᠤ ᠬᠡᠷᠡᠭᠲᠡᠢ᠃
(ᠵᠣᠬᠢᠶᠠᠬᠴᠢ᠎ᠶᠢᠨ ᠬᠠᠶᠢᠬ᠄ ᠦᠪᠦᠷ ᠮᠣᠩᠭᠣᠯ᠎ᠤᠨ ᠡᠳ᠋ ᠤᠨ ᠵᠠᠰᠠᠬ ᠠᠵᠦ ᠠᠬᠣᠢ᠎ᠶᠢᠨ ᠶᠡᠬᠡ ᠰᠣᠷᠭᠠᠭᠣᠯᠢ᠎ᠶᠢᠨ ᠮᠡᠷᠺᠰ᠎ᠤᠨ ᠦᠵᠡᠯ᠎ᠤᠨ ᠲᠡᠭᠡᠲᠦ ᠰᠣᠷᠭᠠᠭᠣᠯᠢ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃