ᠲᠡᠷᠢᠭᠦᠨ ᠨᠢᠭᠤᠷ>ᠣᠨᠣᠯ ᠱᠢᠭᠦᠮᠵᠢ>ᠣᠨᠣᠯ

2026-09-02 12:08:29

ᠵᠣᠬᠢᠶᠠᠭ᠍ᠴᠢ᠄ ᠰᠦᠨ ᠢᠤᠢ ᠣᠩᠱᠢᠭ᠍ᠰᠠᠨ ᠣᠳᠠᠭ᠎ᠠ᠄ 3

《AI + ᠨᠠᠰᠤᠵᠢᠯ᠎ᠤᠨ ᠠᠰᠠᠷᠠᠮᠵᠢ》 ᠵᠢᠨ ᠦᠢᠯᠡᠳᠬᠦᠨ᠎ᠦ ᠪᠤᠳᠠᠳᠤ ᠬᠡᠷᠡᠭᠯᠡᠭᠡᠨ᠎ᠦ ᠴᠢᠳᠠᠮᠵᠢ ᠵᠢ ᠴᠢᠬᠤᠯᠠᠴᠢᠯᠠᠨ ᠦᠵᠡᠬᠦ ᠬᠡᠷᠡᠭᠳᠡᠢ

ᠭᠠᠷ ᠬᠡᠯᠪᠡᠷᠢ᠎ᠲᠠᠢ ᠲᠥᠭᠡᠨᠡᠯᠭᠡ᠎ᠶᠢᠨ ᠣᠶᠤᠨᠲᠤ ᠲᠥᠬᠦᠭᠡᠷᠦᠮᠵᠢ ᠦᠪᠡᠷ ᠵᠢᠡᠨ ᠪᠠᠢᠷᠢ ᠲᠣᠭᠲᠠᠭᠠᠵᠦ ᠲᠥᠭᠡᠨᠡᠯᠭᠡ ᠬᠢᠨ᠎ᠡ;ᠣᠶᠤᠨᠴᠢ ᠹᠢᠽᠢᠺ ᠵᠠᠰᠠᠯ᠎ᠤᠨ ᠣᠷᠣ᠌ AI ᠎ᠳᠤ ᠲᠦᠰᠢᠭᠯᠡᠨ ᠥᠪᠡᠷᠮᠢᠴᠡ ᠡᠷᠡᠭᠦᠯ ᠮᠡᠨᠳᠦ᠎ᠶᠢᠨ ᠰᠤᠪᠢᠯᠠᠯᠲᠠ᠎ᠶᠢᠨ ᠲᠥᠰᠥᠯ ᠭᠠᠷᠭᠠᠨ᠎ᠠ; ᠣᠶᠤᠨᠲᠤ ᠠᠰᠠᠷᠠᠨ ᠬᠠᠮᠠᠭᠠᠯᠠᠬᠤ ᠮᠠᠰᠢᠨ ᠬᠥᠮᠥᠨ ᠨᠡᠢᠭᠡᠮ ᠲᠣᠭᠣᠷᠢᠭ᠋᠎ᠲᠤ ᠪᠡᠶ᠎ᠡ᠎ᠪᠡᠨ ᠳᠠᠭᠠᠭᠠᠵᠤ ᠨᠠᠰᠤᠲᠠᠢᠴᠤᠳ᠎ᠤᠨ ᠡᠷᠡᠭᠦᠯ ᠮᠡᠨᠳᠦ᠎ᠶᠢᠨ ᠮᠡᠳᠡᠭᠡ ᠵᠠᠩᠭᠢ᠎ᠶᠢ ᠬᠢᠨᠠᠨ ᠬᠡᠮᠵᠢᠵᠦ ᠪᠠᠢᠨ᠎ᠠ᠁ ᠣᠳᠣᠬᠠᠨ᠎ᠠ AI ᠮᠡᠷᠭᠡᠵᠢᠯ ᠨᠢ ᠨᠠᠰᠤᠵᠢᠯ᠎ᠤᠨ ᠠᠰᠠᠷᠠᠮᠵᠢ ᠵᠢᠨ ᠡᠯ᠎ᠡ ᠲᠠᠯ᠎ᠠ᠎ᠳᠤ ᠨᠡᠪᠴᠢᠨ ᠣᠷᠣᠵᠤ᠂ ᠤᠯᠠᠮ᠎ᠠᠴᠠ ᠣᠯᠠᠨ ᠨᠠᠰᠤᠲᠠᠢᠴᠤᠳ AI ᠬᠠᠷᠢᠯᠴᠠᠨ ᠦᠢᠯᠡᠳᠦᠯᠴᠡᠬᠦ ᠦᠢᠯᠡᠳᠬᠦᠨ᠎ᠢ ᠬᠡᠷᠡᠭᠯᠡᠵᠦ᠂ 《AI + ᠨᠠᠰᠤᠵᠢᠯ᠎ᠤᠨ ᠠᠰᠠᠷᠠᠮᠵᠢ》 ᠨᠢ ᠪᠣᠳᠠᠲᠤ ᠠᠬᠤᠢ ᠪᠣᠯᠵᠤ ᠪᠡᠶᠡᠯᠡᠭᠳᠡᠵᠦ ᠪᠠᠢᠨ᠎ᠠ᠃

ᠵᠣᠬᠢᠶᠠᠮᠠᠯ ᠣᠶᠤᠨ ᠴᠢᠳᠠᠪᠤᠷᠢ᠎ᠶᠢᠨ ᠨᠠᠰᠤᠵᠢᠯ᠎ᠤᠨ ᠠᠰᠠᠷᠠᠮᠵᠢ᠎ᠶᠢᠨ ᠴᠠᠭ ᠦᠶ᠎ᠡ ᠦᠨᠡᠬᠡᠷ ᠬᠦᠷᠴᠦ ᠢᠷᠡᠯ᠎ᠡ᠃ ᠣᠢᠷ᠎ᠠ᠎ᠳᠤ ᠨᠡᠢᠲᠡᠯᠡᠭᠰᠡᠨ 《2025 ᠣᠨ᠎ᠤ ᠤᠯᠤᠰ᠎ᠤᠨ ᠨᠠᠰᠤᠵᠢᠯ᠎ᠤᠨ ᠦᠢᠯᠡᠰ᠎ᠦᠨ ᠬᠥᠭᠵᠢᠯᠲᠡ᠎ᠶᠢᠨ ᠠᠯᠪᠠᠨ ᠮᠡᠳᠡᠭᠡ》 ᠎ᠳᠤ ᠢᠯᠡᠷᠡᠭᠦᠯᠦᠭᠰᠡᠨ᠎ᠢᠶᠡᠷ ᠂ 2025 ᠣᠨ᠎ᠤ ᠡᠴᠦᠰ ᠪᠣᠯᠲᠠᠯ᠎ᠠ᠂ ᠪᠥᠬᠥ ᠤᠯᠤᠰ᠎ᠤᠨ ᠪᠦᠬᠦᠯᠢ 60 ᠨᠠᠰᠤ ᠵᠢᠴᠢ ᠲᠡᠭᠦᠨ᠎ᠡᠴᠡ ᠳᠡᠭᠡᠭᠰᠢᠬᠢ ᠨᠠᠰᠤᠨ᠎ᠤ ᠬᠥᠮᠥᠨ ᠠᠮᠠ 32338 ᠲᠦᠮᠡ ᠪᠠᠢᠵᠤ᠂ ᠪᠥᠬᠥ ᠬᠥᠮᠥᠨ ᠠᠮᠠ᠎ᠶᠢᠨ 23.0% ᠎ᠢ ᠡᠵᠡᠯᠡᠪᠡ;ᠪᠦᠬᠦ ᠤᠯᠤᠰ᠎ᠤᠨ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ 79.25 ᠨᠠᠰᠤᠨ᠎ᠳᠤ ᠬᠦᠷᠪᠡ᠃ ᠣᠲᠣ᠌ ᠲᠣᠭᠠᠴᠢᠯᠠᠭᠰᠠᠨ ᠮᠡᠷᠭᠡᠵᠢᠯ᠂ ᠣᠶᠤᠨᠴᠢ ᠲᠥᠬᠦᠭᠡᠷᠦᠮᠵᠢ ᠡᠳᠦᠷ ᠲᠤᠲᠤᠮ᠎ᠤᠨ ᠠᠮᠢᠳᠤᠷᠠᠯ᠎ᠳᠤ ᠭᠦᠨ ᠰᠢᠭᠢᠳᠴᠦ᠂ ᠨᠡᠢᠭᠡᠮ᠎ᠦᠨ ᠠᠵᠢᠯᠯᠠᠭᠠᠨ᠎ᠳᠤ ᠲᠥᠬᠥᠮ ᠦᠵᠡᠭᠦᠯᠬᠦ᠎ᠶᠢᠨ ᠬᠠᠮᠲᠤ ᠪᠠᠰᠠ ᠨᠠᠰᠤᠲᠠᠢᠴᠤᠳ᠎ᠤᠨ ᠠᠮᠢᠳᠤᠷᠠᠯ᠎ᠤᠨ ᠪᠠᠢᠳᠠᠯ᠎ᠢ ᠭᠦᠨᠵᠡᠭᠡᠢ ᠬᠤᠪᠢᠷᠠᠭᠤᠯᠵᠤ ᠪᠠᠢᠨ᠎ᠠ᠃ ᠥᠩᠭᠡᠷᠡᠭᠰᠡᠨ᠎ᠳᠦ ᠨᠠᠰᠤᠵᠢᠯ᠎ᠤᠨ ᠠᠰᠠᠷᠠᠮᠵᠢ ᠨᠢ ᠭᠡᠷ ᠪᠦᠯᠢ᠎ᠳᠡᠭᠡᠨ ᠠᠰᠠᠷᠠᠬᠣ ᠪᠡᠷ ᠭᠣᠣᠯᠳᠠᠵᠦ ᠪᠠᠢᠪᠠ᠃ ᠨᠠᠰᠤᠵᠢᠯᠲᠠ᠎ᠠᠴᠠ ᠪᠣᠯᠤᠭᠰᠠᠨ ᠠᠰᠠᠷᠠᠨ ᠰᠤᠪᠢᠯᠠᠬᠤ ᠳᠤᠲᠠᠭᠤᠳᠠᠯ᠎ᠤᠨ ᠡᠮᠦᠨ᠎ᠡ᠂ ᠲᠠᠩ ᠭᠠᠭᠴᠠ ᠬᠥᠮᠥᠨ᠎ᠦ ᠬᠦᠴᠦᠨ᠎ᠢ ᠥᠷᠭᠡᠳᠬᠡᠬᠦ᠎ᠳᠦ ᠲᠦᠰᠢᠭᠯᠡᠭᠡᠳ ᠲᠦᠷᠭᠡᠨ ᠨᠡᠮᠡᠭᠳᠡᠵᠦ ᠪᠠᠢᠭ᠎ᠠ ᠨᠠᠰᠤᠵᠢᠯ᠎ᠤᠨ ᠠᠰᠠᠷᠠᠮᠵᠢ᠎ᠶᠢᠨ ᠣᠯᠠᠨ ᠵᠦᠢᠯ᠎ᠦᠨ ᠬᠦᠰᠡᠯ ᠱᠠᠭᠠᠷᠳᠠᠯᠭ᠎ᠠ᠎ᠲᠠᠢ ᠨᠢᠭᠡᠨᠲᠡ ᠪᠦᠷᠢᠮᠦᠰᠦᠨ ᠵᠣᠬᠢᠴᠠᠬᠤ᠎ᠳᠤ ᠪᠡᠷᠬᠡ ᠪᠣᠯᠵᠠᠢ᠃ 《 AI + ᠨᠠᠰᠤᠵᠢᠯ᠎ᠤᠨ ᠠᠰᠠᠷᠠᠮᠵᠢ 》 ᠵᠢᠨ ᠮᠡᠷᠭᠡᠵᠢᠯ᠎ᠢ ᠨᠠᠢᠳᠠᠪᠤᠷᠢᠵᠢᠭᠤᠯᠤᠨ ᠬᠡᠷᠡᠭᠯᠡᠵᠦ ᠪᠠᠢᠬᠣ ᠨᠢ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠠᠩᠭᠠᠯᠭ᠎ᠠ ᠬᠦᠷᠦᠯᠴᠡᠬᠦ ᠦᠭᠡᠢ ᠪᠠᠢᠬᠤ ᠪᠣᠳᠠᠲᠤ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠳᠦ ᠴᠣ ᠰᠢᠨ᠎ᠡ ᠰᠡᠳᠬᠢᠮᠵᠢ᠎ᠶᠢ ᠨᠡᠭᠡᠭᠡᠵᠦ᠂ ᠬᠠᠷᠠᠭᠠᠯᠵᠠᠨ ᠠᠰᠠᠷᠠᠬᠤ ᠦᠢᠯᠡᠴᠢᠯᠡᠭᠡᠨ᠎ᠦ ᠵᠠᠭᠠᠭ᠎ᠢ ᠪᠦᠲᠦᠮᠵᠢᠲᠡᠶ ᠤᠷᠲᠤᠳᠬᠠᠵᠤ᠂ ᠬᠥᠮᠥᠨ᠎ᠦ ᠬᠦᠴᠦᠨ᠎ᠢᠶᠡᠷ ᠰᠢᠢᠳᠪᠦᠷᠢᠯᠡᠬᠦ᠎ᠳᠤ ᠬᠦᠴᠢᠷᠲᠡᠢ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠦᠷᠢᠯᠡᠵᠦ᠂ ᠭᠡᠷ ᠪᠦᠯᠢ᠂ ᠨᠡᠢᠭᠡᠮ ᠲᠣᠭᠣᠷᠢᠭ᠋᠂ ᠪᠠᠢᠭᠤᠯᠤᠮᠵᠢ᠎ᠶᠢᠨ ᠣᠯᠠᠨ ᠡᠰᠢᠲᠦ ᠨᠠᠰᠤᠵᠢᠯ᠎ᠤᠨ ᠠᠰᠠᠷᠠᠮᠵᠢ᠎ᠶᠢᠨ ᠠᠬᠤᠢ ᠪᠠᠢᠳᠠᠯ᠎ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠳᠡᠯᠭᠡᠬᠦ ᠬᠦᠴᠦ ᠨᠡᠮᠡᠷᠢᠯᠡᠪᠡ᠃

ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ ᠬᠠᠮᠲᠤᠷᠠᠨ ᠣᠶᠤᠨᠲᠤ ᠨᠠᠰᠤᠵᠢᠯ᠎ᠤᠨ ᠦᠢᠯᠡᠴᠢᠯᠡᠭᠡᠨ᠎ᠦ ᠮᠠᠰᠢᠨ ᠬᠥᠮᠥᠨ ᠪᠣᠭᠣᠮᠲᠠ ᠰᠢᠪᠲᠤᠯᠬᠤ ᠪᠠ ᠠᠬᠤᠢ ᠲᠠᠯᠠᠪᠣᠷ᠎ᠤᠨ ᠬᠡᠷᠡᠭᠯᠡᠭᠡᠨ᠎ᠦ ᠲᠤᠷᠰᠢᠯᠲᠠ᠎ᠶᠢᠨ ᠠᠵᠢᠯ᠎ᠢ ᠥᠷᠨᠢᠭᠦᠯᠵᠦ᠂ ᠨᠠᠰᠤᠲᠠᠢᠴᠤᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠭᠡᠷ ᠪᠦᠯᠢ᠎ᠶᠢᠨ ᠨᠠᠰᠤᠵᠢᠯ᠎ᠤᠨ ᠠᠰᠠᠷᠠᠨ ᠬᠠᠷᠠᠭᠠᠯᠵᠠᠬᠤ ᠳᠠᠷᠤᠯᠲᠠ᠎ᠶᠢ ᠨᠠᠮᠳᠠᠭᠤᠯᠬᠤ᠂ ᠪᠠᠢᠭᠤᠯᠤᠮᠵᠢ ᠪᠠ ᠨᠡᠢᠭᠡᠮ ᠲᠣᠭᠣᠷᠢᠭ᠋᠎ᠤᠨ ᠨᠠᠰᠤᠵᠢᠯ᠎ᠤᠨ ᠦᠢᠯᠡᠴᠢᠯᠡᠭᠡᠨ᠎ᠦ ᠬᠥᠮᠥᠨ᠎ᠦ ᠬᠦᠴᠦᠨ᠎ᠦ ᠳᠤᠲᠠᠭᠤᠳᠠᠯ᠎ᠢ ᠨᠥᠬᠥᠪᠦᠷᠢᠯᠡᠬᠦ᠎ᠳᠦ ᠭᠣᠣᠯᠳᠠᠯᠭ᠎ᠠ᠎ᠲᠠᠢ ᠠᠩᠬᠠᠷᠤᠯ᠎ᠢᠶᠠᠨ ᠲᠥᠪᠯᠡᠷᠡᠭᠦᠯᠵᠦ᠂ ᠨᠠᠰᠤᠵᠢᠯ᠎ᠤᠨ ᠦᠢᠯᠡᠴᠢᠯᠡᠭᠡᠨ᠎ᠦ ᠰᠢᠰᠲᠧᠮ ᠎ᠢ᠎ᠠᠬᠢᠭᠤᠯᠤᠨ ᠲᠡᠭᠦᠯᠳᠡᠷᠵᠢᠭᠦᠯᠵᠦ᠂ ᠨᠢᠭᠡ ᠪᠦᠯᠦᠭ ᠣᠶᠤᠨᠲᠤ ᠨᠠᠰᠤᠵᠢᠯ᠎ᠤᠨ ᠦᠢᠯᠡᠴᠢᠯᠡᠭᠡᠨ᠎ᠦ ᠮᠠᠰᠢᠨ ᠬᠥᠮᠥᠨ᠎ᠦ ᠪᠣᠭᠣᠮᠲᠠ ᠰᠢᠪᠲᠤᠯᠬᠤ ᠪᠠ ᠬᠡᠷᠡᠭᠯᠡᠭᠡᠨ᠎ᠦ ᠲᠤᠷᠰᠢᠯᠲᠠ᠎ᠶᠢᠨ ᠲᠥᠷᠥᠯ ᠵᠦᠢᠯ᠎ᠢ ᠱᠠᠲᠤ ᠬᠤᠪᠢᠶᠠᠨ ᠬᠡᠷᠡᠭᠵᠢᠭᠦᠯᠦᠨ᠎ᠡ᠃ ᠡᠯ᠎ᠡ ᠭᠠᠵᠠᠷ᠎ᠤᠨ ᠬᠢᠨ ᠠᠳᠠᠯᠢᠬᠠᠨ᠎ᠢᠶᠠᠷ ᠢᠳᠡᠪᠬᠢᠲᠡᠢ ᠬᠥᠳᠡᠯᠦᠯᠴᠡᠵᠦ᠂ ᠪᠡᠭᠡᠵᠢᠩ᠎ᠦᠨ ᠹᠸᠩ ᠲᠠᠢ 《ᠪᠤᠭᠤᠷᠤᠯᠴᠤᠳ᠎ᠤᠨ ᠪᠡᠶᠡᠴᠢᠯᠡᠨ ᠣᠢᠯᠠᠭᠠᠬᠤ ᠣᠷᠳᠣᠨ》᠎ᠤ ᠲᠥᠯᠥᠪᠯᠡᠭᠡ᠎ᠶᠢ ᠲᠣᠭᠲᠠᠭᠠᠵᠤ᠂ ᠨᠠᠰᠤᠲᠠᠢᠴᠤᠳ᠎ᠲᠤ ᠰᠦᠢᠳᠬᠡᠯ ᠬᠤᠷᠢᠶᠠᠬᠤ ᠦᠭᠡᠢ᠎ᠪᠡᠷ ᠬᠠᠨᠢ ᠪᠣᠯᠬᠣ ᠮᠠᠰᠢᠨ ᠬᠥᠮᠥᠨ᠎ᠢ ᠲᠤᠷᠰᠢᠨ ᠬᠡᠷᠡᠭᠯᠡᠬᠦᠯᠵᠦ ᠪᠤᠢ᠂ ᠢ ᠵᠤᠸᠠᠩ ᠤᠯᠠᠨ ᠵᠦᠢᠯ᠎ᠦᠨ ᠮᠠᠰᠢᠨ ᠬᠥᠮᠥᠨ᠎ᠦ ᠦᠢᠯᠡᠳᠬᠦᠨ᠎ᠢ ᠨᠡᠢᠯᠡᠬᠦᠯᠦᠨ ᠣᠶᠤᠨᠴᠢ ᠡᠷᠡᠭᠦᠯᠵᠢᠯ᠎ᠦᠨ ᠦᠷᠳᠡᠭᠡ᠎ᠪᠠᠢᠭᠤᠯᠪᠠ; ᠱᠠᠩᠬᠠᠢ ᠬᠣᠲᠠ 《ᠱᠠᠩᠬᠠᠢ ᠬᠣᠲᠠ᠎ᠶᠢᠨ ᠡᠷᠡᠭᠦᠯᠵᠢᠯ᠎ᠦᠨ ᠲᠤᠰᠠᠯᠠᠬᠤ ᠪᠠᠭᠠᠵᠢ ᠬᠡᠷᠡᠭᠰᠡᠯ᠎ᠦᠨ ᠨᠡᠢᠭᠡᠮ ᠲᠣᠭᠣᠷᠢᠭ᠋᠎ᠤᠨ ᠲᠦᠷᠢᠶᠡᠰᠦᠯᠡᠯ᠎ᠦᠨ ᠦᠢᠯᠡᠴᠢᠯᠡᠭᠡᠨ᠎ᠦ ᠭᠠᠷᠴᠠᠭ》 ᠎ᠢ ᠨᠡᠢᠲᠡᠯᠡᠵᠦ᠂ 52 ᠠᠵᠤ ᠠᠬᠤᠢᠯᠠᠯ᠎ᠤᠨ 61 ᠵᠦᠢᠯ᠎ᠦᠨ ᠦᠢᠯᠡᠳᠬᠦᠨ ᠲᠣᠰ ᠭᠠᠷᠴᠠᠭ᠎ᠲᠦ ᠰᠣᠩᠭᠣᠭᠳᠠᠵᠦ᠂ ᠡᠬᠦᠨ᠎ᠳᠦ ᠣᠯᠠᠨ ᠵᠦᠢᠯ᠎ᠦᠨ ᠰᠢᠨ᠎ᠡ ᠬᠡᠯᠪᠡᠷᠢ᠎ᠶᠢᠨ ᠣᠶᠤᠨᠴᠢ ᠲᠤᠰᠠᠯᠠᠬᠤ ᠪᠠᠭᠠᠵᠢ᠎ᠪᠠᠬᠳᠠᠵᠦ ᠪᠣᠢ; ᠱᠧᠨᠵᠧᠨ᠎ᠦ ᠣᠶᠤᠨᠲᠤ ᠮᠠᠰᠢᠨ ᠬᠥᠮᠥᠨ ᠨᠠᠰᠤᠵᠢᠯ᠎ᠤᠨ ᠠᠰᠠᠷᠠᠮᠵᠢ᠎ᠶᠢᠨ ᠠᠰᠠᠷᠠᠭ᠍ᠴᠢ᠎ᠶᠢᠨ ᠳᠦᠷᠢ᠎ᠪᠡᠷ ᠠᠵᠢᠯᠯᠠᠵᠤ ᠪᠠᠢᠨ᠎ᠠ; ᠦᠬᠠᠨ ᠬᠣᠲᠠ ᠥᠨᠳᠥᠷ ᠨᠠᠰᠤᠲᠠᠨ᠎ᠳᠤ ᠣᠶᠤᠨᠲᠤ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠵᠤ ᠥᠭᠴᠡᠢ᠃ ᠡᠲᠡᠭᠡᠷ ᠦᠢᠯᠡᠳᠦᠯᠭᠡ ᠭᠡᠷᠡᠴᠢᠯᠡᠭᠰᠡᠨ ᠨᠢ᠂ ᠨᠢᠬᠡ ᠪᠦᠯᠦᠭ ᠨᠠᠰᠣᠳᠠᠢᠴᠣᠳ᠎ᠲᠦ ᠬᠠᠨᠳᠣᠭᠣᠯᠣᠭᠰᠠᠨ AIᠠᠰᠠᠷᠠᠮᠵᠢ᠎ᠶᠢᠨ ᠦᠢᠯᠡᠳᠬᠦᠨ ᠶᠠᠭ ᠠᠭᠠᠵᠢᠮ᠎ᠢᠶᠠᠷ ᠲᠦᠭ ᠲᠦᠮᠡᠨ ᠠᠢᠯ ᠡᠷᠦᠬᠡ᠎ᠳᠦ ᠣᠷᠣᠵᠤ᠂ ᠨᠠᠰᠤᠲᠠᠢᠴᠤᠳ᠎ᠤᠨ ᠢᠳᠡᠵᠦ ᠡᠮᠦᠰᠬᠦ ᠶᠠᠪᠤᠵᠤ ᠰᠠᠭᠤᠬᠤ᠎ᠲᠠᠢ ᠨᠢᠬᠳᠠ ᠠᠭᠤᠰᠤᠯᠴᠠᠵᠤ ᠪᠠᠢᠨ᠎ᠠ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠠᠰᠢᠬᠯᠠᠬᠣ᠎ᠳᠦ ᠬᠥᠮᠥᠨ᠎ᠢᠶᠡᠷ ᠦᠨᠳᠦᠰᠦ ᠪᠣᠯᠭᠠᠬᠤ ᠬᠡᠷᠡᠭᠲᠡᠢ᠃ ᠣᠳᠣᠬᠠᠨ᠎ᠳᠤ ᠴᠦᠬᠡᠨ ᠪᠣᠰᠣ ᠨᠠᠰᠣᠳᠠᠢᠴᠣᠳ᠎ᠲᠦ ᠬᠠᠨᠳᠣᠭᠣᠯᠣᠭᠰᠠᠨ AIᠠᠰᠠᠷᠠᠮᠵᠢ᠎ᠶᠢᠨ ᠦᠢᠯᠡᠳᠬᠦᠨ ᠨᠢ ᠹᠢᠽᠢᠣᠯᠣᠭᠢ᠎ᠶᠢᠨ ᠡᠷᠡᠭᠦᠯ ᠮᠡᠨᠳᠦ᠂ ᠠᠮᠢᠳᠤᠷᠠᠯ᠎ᠤᠨ ᠬᠠᠷᠠᠭᠠᠯᠵᠠᠯ ᠵᠡᠷᠭᠡ ᠴᠢᠳᠠᠮᠵᠢ᠎ᠳᠤ ᠨᠠᠩ ᠢᠯᠡᠭᠦᠦ ᠠᠩᠬᠠᠷᠤᠯ᠎ᠢᠶᠠᠨ ᠲᠥᠪᠯᠡᠷᠡᠭᠦᠯᠳᠡᠭ ᠪᠣᠯᠪᠠᠴᠤ ᠨᠠᠰᠤᠲᠠᠢᠴᠤᠳ᠎ᠤᠨ ᠭᠦᠨ ᠳᠠᠪᠬᠤᠷᠭ᠎ᠠ᠎ᠶᠢᠨ ᠣᠶᠤᠨ ᠰᠠᠨᠠᠭᠠᠨ᠎ᠤ ᠲᠠᠢᠳᠬᠤᠷᠠᠭᠤᠯᠤᠯ᠂ ᠬᠠᠢᠷ᠎ᠠ ᠰᠡᠳᠬᠢᠯᠭᠡ᠎ᠶᠢᠨ ᠬᠠᠨᠢ ᠪᠣᠯᠬᠤ ᠪᠠ ᠨᠡᠢᠭᠡᠮ᠎ᠦᠨ ᠬᠠᠷᠢᠯᠴᠠᠭᠠᠨ᠎ᠤ ᠬᠡᠷᠡᠭᠴᠡᠭᠡ᠎ᠶᠢ ᠠᠮᠠᠷᠬᠠᠨ ᠣᠮᠲᠣᠭᠠᠢᠯᠠᠳᠠᠭ᠃ ᠬᠡᠰᠡᠭ ᠦᠢᠯᠡᠳᠬᠦᠨ ᠨᠢ ᠮᠡᠷᠭᠡᠵᠢᠯ᠎ᠦᠨ ᠠᠭᠤᠯᠤᠬᠳᠠᠴᠠ ᠤᠯᠠᠨ ᠬᠡᠬᠦ ᠮᠡᠳᠦ ᠪᠡᠷ ᠬᠦᠬᠡᠷᠭᠡᠳᠡᠵᠦ᠂ ᠴᠢᠳᠠᠮᠵᠢ ᠨᠢ ᠨᠠᠰᠤᠲᠠᠢᠴᠤᠳ᠎ᠤᠨ ᠦᠨᠡᠨ ᠪᠣᠳᠠᠲᠠᠢ ᠠᠮᠢᠳᠤᠷᠠᠯ᠎ᠤᠨ ᠳᠠᠳᠬᠠᠯ᠎ᠲᠠᠢ ᠲᠣᠬᠢᠷᠠᠯᠴᠠᠬᠣ ᠦᠬᠡᠢ ᠪᠣᠯᠵᠦ᠂ ᠢᠵᠢᠯᠢᠰᠢᠬᠦ ᠦᠵᠡᠭᠳᠡᠯ ᠲᠣᠪᠣᠢᠮ᠎ᠠ ᠪᠠᠢᠨ᠎ᠠ᠃ ᠬᠡᠷᠪᠡ ᠵᠥᠪᠬᠡᠨ ᠬᠠᠲᠠᠭᠤ ᠲᠣᠨᠣᠭ᠎ᠤᠨ ᠫᠠᠷᠠᠮᠧᠲᠷ ᠪᠠ ᠵᠠᠬ᠎ᠠ ᠳᠡᠯᠭᠡᠭᠦᠷ᠎ᠦᠨ ᠬᠠᠯᠠᠭᠤᠷᠠᠯ᠎ᠢ ᠬᠥᠭᠡᠭᠡᠴᠡᠯᠳᠦᠵᠦ᠂ ᠨᠠᠰᠤᠲᠠᠢᠴᠤᠳ᠎ᠤᠨ ᠰᠡᠳᠬᠢᠴᠡ᠎ᠶᠢᠨ ᠬᠦᠰᠡᠯ ᠱᠠᠭᠠᠷᠳᠠᠯᠭ᠎ᠠ᠎ᠶᠢᠨ ᠲᠤᠬᠠᠢ ᠣᠢᠯᠠᠭᠠᠯᠲᠠ᠎ᠪᠠᠷ ᠳᠤᠲᠠᠮᠠᠭ ᠪᠠᠢᠪᠠᠯ᠂ ᠬᠡᠳᠦᠢ ᠲᠡᠷᠢᠭᠦᠨ᠎ᠦ ᠣᠶᠤᠨᠴᠢ ᠲᠥᠬᠦᠭᠡᠷᠦᠮᠵᠢ ᠴᠦ᠍ ᠬᠡᠰᠡᠨ ᠦᠬᠡᠢ ᠵᠦᠪᠬᠡᠨ ᠬᠠᠢᠷ᠎ᠡ ᠰᠡᠳᠬᠢᠯᠬᠡ ᠦᠬᠡᠢ ᠬᠦᠢᠳᠡᠨ ᠮᠠᠰᠢᠨ ᠲᠡᠳᠦᠢ ᠪᠠᠢᠵᠦ᠂ ᠦᠵᠡᠬᠦ᠎ᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠭᠤᠯᠤᠬᠳᠠᠴᠠ ᠦᠨᠳᠣᠷ ᠰᠢᠭ ᠪᠣᠯᠪᠠᠴᠤ᠂ ᠦᠨᠡᠨ᠎ᠳᠡᠭᠡᠨ ᠨᠠᠰᠤᠲᠠᠢᠴᠤᠳ᠎ᠲᠦ ᠲᠠᠭᠠᠯᠠᠬᠳᠠᠬᠣ ᠦᠬᠡᠢ ᠪᠦᠬᠡᠳ ᠰᠠᠢᠨ ᠵᠠᠬ᠎ᠠ ᠳᠡᠯᠭᠡᠭᠦᠷ ᠲᠠᠢ ᠪᠠᠢᠵᠤ ᠴᠢᠳᠠᠬᠤ ᠦᠭᠡᠢ ᠶᠤᠮ᠃

ᠡᠢᠮᠦ᠎ᠡᠴᠡ 《AI + ᠨᠠᠰᠤᠵᠢᠯ᠎ᠤᠨ ᠠᠰᠠᠷᠠᠮᠵᠢ 》 ᠵᠢ ᠬᠥᠭᠵᠢᠭᠦᠯᠬᠦ᠎ᠳᠦ᠂ ᠬᠠᠲᠠᠭᠤ ᠬᠡᠷᠡᠭᠰᠡᠯ᠎ᠦᠨ ᠴᠢᠳᠠᠮᠵᠢ᠎ᠶᠢ ᠠᠯᠢ ᠴᠢᠳᠠᠬᠣ ᠪᠡᠷ ᠨᠠᠰᠤᠳᠠᠢᠴᠣᠳ᠎ᠲᠦ ᠲᠤᠬᠢᠷᠠᠬᠤ ᠪᠡᠷ ᠬᠢᠵᠦ᠂ ᠬᠡᠷᠡᠭᠯᠡᠬᠦ᠎ᠳᠦ ᠲᠦᠬᠦᠮ ᠪᠣᠯᠭᠠᠵᠦ᠂ ᠬᠡᠷᠡᠭᠯᠡᠬᠦ ᠨᠥᠬᠥᠴᠡᠯ᠎ᠢ ᠪᠠᠭᠤᠷᠠᠭᠤᠯᠵᠤ ᠂ ᠡᠷᠡᠭᠦᠯ ᠮᠡᠨᠳᠦ᠎ᠶᠢᠨ ᠬᠠᠮᠢᠶᠠᠷᠤᠯᠲᠠ ᠬᠠᠮᠠᠭᠠᠯᠠᠯᠲᠠ᠂ ᠠᠮᠤᠷ ᠲᠦᠪᠰᠢᠨ᠎ᠦ ᠰᠠᠬᠢᠨ ᠬᠠᠮᠠᠭᠠᠯᠠᠯᠲᠠ᠎ᠶᠢᠨ ᠪᠣᠳᠠᠲᠤ ᠬᠡᠷᠡᠭᠯᠡᠭᠡᠨ᠎ᠦ ᠴᠢᠳᠠᠮᠵᠢ᠎ᠶᠢ ᠨᠥᠬᠥᠪᠦᠷᠢᠯᠡᠬᠦ ᠬᠡᠷᠡᠭᠲᠡᠢ;ᠨᠡᠩ ᠴᠤ᠌ ᠰᠣᠶᠣᠯ᠎ᠢᠷᠭᠡᠨᠰᠢᠯ᠎ᠦᠨ ᠬᠠᠯᠠᠮᠰᠢᠯ᠎ᠢ ᠮᠡᠷᠭᠡᠵᠢᠯ᠎ᠦᠨ ᠰᠤᠳᠤᠯᠤᠨ ᠨᠡᠭᠡᠭᠡᠬᠦ ᠪᠦᠬᠦ ᠶᠠᠪᠤᠴᠠ᠎ᠳᠤ ᠰᠢᠩᠬᠡᠬᠡᠵᠦ᠂ ᠨᠠᠰᠤᠲᠠᠢᠴᠤᠳ᠎ᠤᠨ ᠰᠡᠳᠬᠢᠯᠭᠡ᠎ᠶᠢ ᠬᠠᠷᠠᠭᠠᠯᠵᠠᠵᠤ᠂ ᠤᠷᠮ᠎ᠠ ᠰᠡᠳᠬᠢᠯᠭᠡ᠎ᠶᠢ ᠰᠢᠯᠣᠭᠣᠳᠬᠠᠬᠣ᠂ ᠬᠠᠨᠢ ᠪᠣᠯᠬᠤ᠂ ᠰᠣᠶᠣᠯ ᠤᠷᠠᠯᠢᠭ᠋ ᠵᠤᠭ᠎ᠠ ᠴᠡᠩᠭᠡᠯ ᠵᠡᠷᠭᠡ ᠤᠶᠤᠨ ᠰᠠᠨᠠᠭᠠᠨ᠎ᠤ ᠲᠠᠯ᠎ᠠ᠎ᠶᠢᠨ ᠬᠡᠷᠡᠭᠴᠡᠭᠡ᠎ᠶᠢ ᠬᠠᠮᠲᠤ ᠳ᠋ᠤᠨᠢ ᠬᠠᠷᠠᠭᠠᠯᠵᠠᠵᠤ᠂ ᠪᠦᠲᠦᠭᠡᠭᠳᠡᠬᠦᠨ᠎ᠢ 《 ᠬᠡᠷᠡᠭᠯᠡᠵᠦ ᠳᠡᠶ᠋ᠢᠯᠬᠦ》 ᠡᠴᠡ 《ᠬᠡᠷᠡᠭᠯᠡᠬᠦ᠎ᠳᠦ ᠠᠮᠠᠷ᠂ ᠲᠠᠭᠠᠯᠠᠮᠵᠢᠳᠠᠢ》ᠲᠡᠢᠰᠢ ᠬᠤᠪᠢᠷᠠᠭᠤᠯᠬᠤ᠎ᠶᠢ ᠠᠬᠢᠭᠤᠯᠬᠤ ᠬᠡᠷᠡᠭᠲᠡᠢ᠃ ᠡᠭᠦᠨ᠎ᠦ ᠬᠠᠮᠲᠤ ᠪᠠᠰᠠ ᠳ᠋ᠠᠢᠲ᠋ᠠ᠎ᠶᠢᠨ ᠠᠮᠤᠷ ᠲᠦᠪᠰᠢᠨ ᠬᠢᠭᠡᠳ ᠬᠤᠪᠢ᠎ᠶᠢᠨ ᠨᠢᠭᠤᠴᠠ᠎ᠶᠢ ᠬᠠᠮᠠᠭᠠᠯᠠᠬᠤ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠵᠤ᠂ ᠵᠠᠷᠴᠢᠮ᠎ᠢ ᠪᠠᠷᠢᠮᠲᠠᠯᠠᠨ᠂ ᠴᠢᠬᠤᠯᠠ ᠪᠤᠰᠤ ᠮᠡᠳᠡᠭᠡ ᠵᠠᠩᠭᠢ᠎ᠶᠢ ᠬᠡᠲᠦᠷᠡᠲᠡᠯ᠎ᠡ ᠴᠤᠭᠯᠠᠭᠤᠯᠬᠤ᠂ ᠳ᠋ᠠᠢᠲ᠋ᠠ᠎ᠶᠢ ᠨᠢᠭᠤᠴᠠᠯᠠᠬᠤ᠂ ᠡᠷᠬᠡ᠎ᠶᠢᠨ ᠬᠢᠵᠠᠭᠠᠷ᠎ᠢ ᠲᠠᠰ ᠬᠤᠪᠢᠶᠠᠬᠤ ᠵᠡᠷᠭᠡ ᠮᠡᠷᠭᠡᠵᠢᠯ᠎ᠦᠨ ᠬᠠᠮᠠᠭᠠᠯᠠᠯᠲᠠ᠎ᠶᠢᠨ ᠠᠷᠭ᠎ᠠ ᠪᠠᠷᠢᠯ᠎ᠢ ᠴᠢᠩᠭᠠᠷᠠᠭᠤᠯᠤᠨ᠂ ᠨᠠᠰᠤᠲᠠᠢᠴᠤᠳ᠎ᠤᠨ ᠡᠷᠡᠭᠦᠯ ᠮᠡᠨᠳᠦ᠎ᠶᠢᠨ ᠲᠣᠭ᠎ᠠ ᠪᠠᠷᠢᠮᠲᠠ᠎ᠶᠢ ᠴᠤᠭᠯᠠᠭᠤᠯᠬᠤ᠂ ᠬᠠᠳᠠᠭᠠᠯᠠᠬᠤ᠂ ᠬᠡᠷᠡᠭᠯᠡᠬᠦ᠎ᠶᠢ ᠵᠢᠷᠤᠮᠵᠢᠭᠤᠯᠵᠤ᠂ ᠮᠡᠷᠭᠡᠵᠢᠯ᠎ᠦᠨ ᠡᠰᠢ ᠶᠣᠰᠣᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃

ᠢᠷᠡᠭᠡᠳᠦᠢ᠎ᠳᠦ ᠨᠡᠩ ᠤᠯᠠᠨ ᠲᠠᠯ᠎ᠠ᠎ᠪᠠᠷ ᠬᠠᠮᠵᠢᠯᠴᠠᠵᠤ᠂ ᠵᠣᠬᠢᠶᠠᠮᠠᠯ ᠣᠶᠣᠨ ᠴᠢᠳᠠᠪᠣᠷᠢ ᠵᠢ ᠠᠰᠢᠬᠯᠠᠵᠦ ᠦᠳᠡᠯᠦᠬᠡ ᠨᠠᠰᠣ ᠪᠡᠨ ᠨᠡᠩ ᠵᠣᠯ ᠵᠢᠷᠭᠠᠯ ᠲᠠᠢ ᠦᠩᠬᠡᠷᠡᠬᠦᠯᠬᠦ ᠪᠣᠯᠣᠨ᠎ᠠ᠃ ᠰᠤᠳᠤᠯᠭᠠᠨ ᠬᠡᠷᠡᠭᠯᠡᠬᠡ ᠬᠣᠶᠠᠷ ᠲᠠᠯ᠎ᠠ᠎ᠪᠠᠷ᠎ᠬᠦᠴᠦᠯᠡᠵᠦ ᠪᠣᠭᠣᠮᠲᠠ ᠰᠢᠪᠲᠤᠯᠬᠤ᠎ᠶᠢ ᠠᠬᠢᠭᠤᠯᠵᠤ᠂ ᠪᠦᠲᠦᠭᠡᠭᠳᠡᠬᠦᠨ᠎ᠢ ᠭᠡᠷ ᠪᠦᠯᠢ᠂ ᠨᠡᠢᠭᠡᠮ ᠲᠣᠭᠣᠷᠢᠭ᠋ ᠪᠠ ᠨᠠᠰᠤᠵᠢᠯ᠎ᠤᠨ ᠪᠠᠢᠭᠤᠯᠤᠮᠵᠢ ᠵᠡᠷᠭᠡ ᠠᠬᠣᠢ ᠲᠠᠯᠠᠪᠣᠷ᠎ᠲᠦ ᠬᠡᠷᠡᠭᠯᠡᠬᠦ᠎ᠶᠢ ᠰᠢᠯᠭᠠᠨ ᠪᠠᠲᠤᠯᠠᠬᠤ ᠪᠠ ᠳᠡᠰ ᠳᠡᠪᠰᠢᠭᠦᠯᠬᠦ᠎ᠶᠢ ᠠᠬᠢᠭᠤᠯᠤᠨ᠎ᠠ᠃ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ ᠨᠢ ᠮᠡᠷᠭᠡᠵᠢᠯ᠎ᠦᠨ ᠰᠤᠳᠤᠯᠤᠨ ᠨᠡᠭᠡᠭᠡᠬᠦ ᠳᠠᠪᠠᠭᠤᠯᠢᠭ ᠲᠠᠢ᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠂ ᠨᠡᠢᠭᠡᠮ ᠲᠣᠭᠣᠷᠢᠭ᠋᠎ᠤᠨ ᠨᠠᠰᠤᠵᠢᠯ᠎ᠤᠨ ᠠᠰᠠᠷᠠᠮᠵᠢ᠎ᠶᠢᠨ ᠥᠷᠲᠡᠭᠡ᠂ ᠨᠠᠰᠤᠲᠠᠢᠴᠤᠳ᠎ᠤᠨ ᠭᠡᠷ ᠪᠦᠯᠢ᠎ᠨᠢ ᠦᠨᠡᠨ ᠪᠣᠳᠠᠲᠠᠢ ᠠᠰᠠᠷᠠᠨ ᠬᠠᠷᠠᠭᠠᠯᠵᠠᠬᠤ ᠬᠡᠷᠡᠭᠴᠡᠭᠡ᠎ᠶᠢ ᠡᠵᠡᠮᠰᠢᠵᠦ ᠪᠠᠢᠳᠠᠭ᠃ ᠰᠤᠳᠤᠯᠤᠨ ᠨᠡᠭᠡᠭᠡᠬᠦ ᠬᠢᠭᠡᠳ ᠬᠡᠷᠡᠭᠯᠡᠭᠡᠨ᠎ᠦ ᠪᠡᠬᠢᠯᠡᠯᠲᠡ᠎ᠶᠢ ᠨᠠᠪᠲᠠᠷᠡᠭᠦᠯᠪᠡᠯ ᠰᠠᠶᠢ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠭᠡᠷᠡᠭᠯᠡᠭᠡ ᠭᠦᠨᠵᠡᠭᠡᠢ ᠬᠣᠯᠪᠤᠭᠠᠯᠠᠨ ᠬᠥᠳᠡᠯᠦᠯᠴᠡᠬᠦ᠎ᠶᠢ ᠠᠬᠢᠭᠤᠯᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠢ ᠨᠠᠰᠤᠵᠢᠯ᠎ᠤᠨ ᠠᠰᠠᠷᠠᠮᠵᠢ᠎ᠶᠢᠨ ᠨᠢᠭᠡᠳᠦᠭᠡᠷ ᠹᠷᠣᠨᠲ᠎ᠲᠤ ᠣᠴᠢᠭᠤᠯᠵᠤ ᠨᠠᠰᠤᠲᠠᠢᠴᠤᠳ᠂ ᠰᠤᠪᠢᠯᠠᠭ᠍ᠴᠢ᠎ᠶᠢᠨ ᠦᠨᠡᠨ ᠪᠣᠳᠠᠲᠠᠢ ᠬᠠᠷᠢᠭᠤ ᠲᠤᠰᠬᠠᠯ᠎ᠢ ᠰᠣᠨᠣᠰᠣᠨ ᠣᠢᠯᠠᠭᠠᠭᠣᠯᠵᠦ᠂ ᠭᠡᠷ᠎ᠲᠡᠬᠡᠨ ᠬᠠᠷᠠᠭᠠᠯᠵᠠᠨ ᠠᠰᠠᠷᠠᠬᠤ᠂ ᠨᠡᠢᠭᠡᠮ ᠲᠣᠭᠣᠷᠢᠭ᠋᠎ᠲᠤ ᠡᠷᠡᠭᠦᠯᠵᠢᠭᠦᠯᠬᠦ᠂ ᠪᠠᠢᠭᠤᠯᠤᠮᠵᠢ᠎ᠳᠦ ᠰᠤᠪᠢᠯᠠᠬᠤ ᠠᠳᠠᠯᠢ ᠪᠤᠰᠤ ᠠᠬᠤᠢ ᠲᠠᠯᠠᠪᠣᠷ ᠳᠣᠣᠷᠠᠬᠢ ᠡᠪᠡᠷᠰᠢᠶᠡᠯ ᠪᠠ ᠬᠦᠴᠢᠷᠳᠡᠯ᠎ᠢᠶᠡᠨ ᠦᠢᠯᠡᠳᠬᠦᠨ᠎ᠢᠶᠡᠨ ᠰᠢᠯᠢᠳᠡᠭᠵᠢᠭᠦᠯᠬᠦ ᠴᠢᠭᠯᠡᠯ ᠪᠣᠯᠭᠠᠨ ᠬᠤᠪᠢᠷᠠᠭᠤᠯᠪᠠᠯ ᠰᠠᠶᠢ ᠨᠢᠭᠡ ᠪᠦᠯᠦᠭ ᠣᠯᠠᠨ ᠲᠠᠰ ᠳᠠᠪᠬᠤᠷᠭ᠎ᠠ᠎ᠲᠠᠢ᠂ ᠣᠯᠠᠨ ᠶᠠᠩᠵᠤ᠎ᠶᠢᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠡᠷᠡᠭᠴᠡᠭᠡ᠎ᠶᠢ ᠬᠠᠩᠭᠠᠵᠤ ᠳᠡᠶ᠋ᠢᠯᠬᠦ ᠮᠠᠰᠢᠨ ᠬᠥᠮᠥᠨ᠎ᠦ ᠦᠢᠯᠡᠳᠬᠦᠨ᠎ᠢ ᠪᠣᠶ ᠪᠣᠯᠭᠠᠵᠤ ᠂ ᠨᠠᠰᠤᠲᠠᠢᠴᠤᠳ᠎ᠤᠨ ᠬᠡᠷᠡᠭᠴᠡᠭᠡ᠎ᠶᠢ ᠨᠠᠩ ᠣᠨᠣᠪᠴᠢᠲᠠᠶ ᠬᠠᠩᠭᠠᠵᠤ ᠴᠢᠳᠠᠨ᠎ᠠ᠃

ᠡᠭᠦᠨ᠎ᠦ ᠬᠠᠮᠲᠤ᠂ ᠠᠵᠢᠯ ᠲᠥᠷᠥᠯ᠎ᠦᠨ ᠬᠥᠭᠵᠢᠯᠲᠡ ᠨᠢ ᠳᠦᠷᠢᠮ ᠲᠣᠭᠲᠠᠭᠠᠯ᠎ᠤᠨ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ᠂ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠮᠠᠰᠢᠨ ᠬᠥᠮᠥᠨ᠎ᠦ ᠠᠵᠢᠯ ᠲᠥᠷᠥᠯ᠎ᠦᠨ ᠪᠠᠷᠢᠮᠵᠢᠶ᠎ᠠ᠂ ᠠᠮᠤᠷ ᠲᠦᠪᠰᠢᠨ᠎ᠦ ᠵᠢᠷᠤᠮᠵᠢᠯ ᠪᠠ ᠶᠡᠷᠦᠩᠬᠡᠢᠯᠡᠭᠰᠡᠨ ᠦᠨᠡᠯᠡᠯᠲᠡ᠎ᠶᠢᠨ ᠰᠢᠰᠲᠧᠮ᠎ᠢ ᠲᠦᠷᠭᠡᠪᠴᠢᠯᠡᠨ ᠪᠠᠢᠭᠤᠯᠤᠨ ᠲᠡᠭᠦᠯᠳᠡᠷᠵᠢᠭᠦᠯᠬᠦ᠎ᠪᠡᠷ ᠳᠠᠮᠵᠢᠨ᠂ ᠦᠢᠯᠡᠳᠬᠦᠨ᠎ᠦ ᠶᠠᠰᠤ ᠴᠢᠨᠠᠷ᠎ᠢ ᠮᠠᠭᠠᠳᠯᠠᠨ ᠲᠣᠭᠲᠠᠭᠠᠬᠤ ᠦᠨᠳᠦᠰᠦ ᠪᠠᠷᠢᠮᠲᠠ᠎ᠶᠢ ᠲᠣᠳᠣᠷᠬᠠᠢ ᠪᠣᠯᠭᠠᠨ᠎ᠠ᠃ ᠣᠯᠠᠨ ᠲᠠᠯ᠎ᠠ᠎ᠶᠢᠨ ᠬᠦᠴᠦᠨ ᠬᠠᠮᠲᠤ᠎ᠪᠠᠷ ᠬᠦᠴᠦᠯᠡᠵᠦ᠂ ᠣᠶᠤᠨᠲᠤ ᠨᠠᠰᠤᠵᠢᠯ᠎ᠤᠨ ᠠᠰᠠᠷᠠᠮᠵᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠦᠷᠭᠦᠯᠵᠢᠯᠡᠨ ᠠᠬᠢᠭᠤᠯᠵᠤ᠂ ᠪᠤᠭᠤᠷᠤᠯᠴᠤᠳ᠎ᠤᠨ ᠠᠵᠤ ᠠᠬᠤᠢ᠎ᠶᠢᠨ ᠥᠷᠨᠢᠭᠦᠨ ᠬᠥᠭᠵᠢᠯᠲᠡ᠎ᠳᠦ ᠬᠦᠴᠦᠨ ᠨᠡᠮᠡᠷᠢᠯᠡᠵᠦ᠂ ᠨᠠᠰᠤᠲᠠᠢᠴᠤᠳ᠎ᠤᠨ ᠨᠥᠬᠥᠷᠰᠡᠭ ᠨᠡᠢᠭᠡᠮ᠎ᠢ ᠪᠦᠲᠦᠭᠡᠨ ᠪᠠᠶ᠋ᠢᠭᠤᠯᠬᠤ᠎ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ᠃

(ᠵᠣᠬᠢᠶᠠᠭ᠍ᠴᠢ ᠵᠢᠨ ᠬᠠᠶᠢᠬ᠄ ᠭᠠᠳᠠᠭᠠᠳᠤ ᠠᠵᠤ ᠠᠬᠤᠢ ᠠᠷᠠᠯᠵᠢᠶᠠᠨ᠎ᠤ ᠶᠡᠬᠡ ᠰᠤᠷᠭᠠᠭᠤᠯᠢ᠎ᠶᠢᠨ ᠪᠡᠭᠡᠵᠢᠩ᠎ᠦᠨ ᠭᠠᠳᠠᠭᠠᠳᠤ ᠨᠡᠭᠡᠭᠡᠯᠲᠡ᠎ᠶᠢᠨ ᠰᠤᠳᠤᠯᠭᠠᠨ᠎ᠤ ᠬᠦᠷᠢᠶᠡᠯᠡᠩ )

— 《 ᠭᠤᠸᠠᠩᠮᠢᠩ ᠡᠳᠦᠷ᠎ᠦᠨ ᠰᠣᠨᠢᠨ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面