ᠲᠡᠷᠢᠭᠦᠨ ᠨᠢᠭᠤᠷ>ᠣᠨᠣᠯ ᠱᠢᠭᠦᠮᠵᠢ>ᠣᠨᠣᠯ

2026-09-02 12:13:07

ᠵᠣᠬᠢᠶᠠᠭ᠍ᠴᠢ᠄ ᠠᠵᠠᠵᠠᠶᠠᠭ᠎ᠠ ᠣᠩᠱᠢᠭ᠍ᠰᠠᠨ ᠣᠳᠠᠭ᠎ᠠ᠄ 3

2026 ᠣᠨ ᠤ᠋ ᠲᠥᠪ ᠤ᠋ᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠪᠤᠯᠬᠤ 《ᠬᠥᠳᠡᠭᠡ ᠠᠵᠤ ᠠᠬᠤᠢ ᠬᠦᠳᠡᠭᠡ ᠲᠤᠰᠬᠤᠨ᠎ᠤ ᠣᠳᠣᠬᠢᠴᠢᠯᠠᠯᠲᠠ ᠎ᠳᠦ ᠠᠡᠭᠬᠠᠷᠤᠯ ᠵᠢᠡᠨ ᠲᠦᠪᠯᠡᠷᠡᠭᠦᠯᠵᠦ᠂ ᠬᠥᠳᠡᠭᠡ ᠲᠤᠰᠬᠤᠨ ᠎ᠢ ᠪᠦᠭᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠶ᠋ᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠲᠤᠮᠳᠠᠳᠦ ᠤᠯᠤᠰ ᠎ᠤᠨ ᠡᠪ ᠬᠠᠮᠳᠦ ᠨᠠᠮ ᠎ᠤᠨ ᠲᠦᠪ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠨᠠᠯ 》 ( ᠳᠤᠷᠤᠭᠱᠢ 《 ᠲᠦᠪ ᠎ᠤᠨ ᠨᠢᠭᠡᠳᠦᠭᠡᠷ ᠲᠤᠭᠠᠲᠦ ᠪᠢᠴᠢᠭ ᠮᠠᠲᠸᠷᠢᠶᠠᠯ》ᠭᠡᠵᠦ ᠳᠦᠭᠦᠮᠴᠢᠯᠠᠨ᠎ᠡ)ᠳ᠋ᠤ᠌ ᠮᠠᠯᠴᠢᠨ ᠲᠠᠷᠢᠶᠠᠴᠢᠳ᠎ᠤᠨ ᠣᠷᠣᠯᠭ᠎ᠠ᠎ᠶᠢ ᠲᠣᠭᠲᠠᠪᠤᠷᠢᠲᠠᠢ ᠨᠡᠮᠡᠭᠳᠡᠭᠦᠯᠬᠦ᠂ ᠬᠥᠳᠡᠭᠡ ᠲᠤᠰᠬᠤᠨ᠎ᠤ ᠠᠮᠢ ᠠᠬᠤᠢ᠎ᠶᠢᠨ ᠬᠠᠮᠠᠭᠠᠯᠠᠯᠲᠠ ᠰᠡᠷᠭᠦᠯᠲᠡ᠎ᠶᠢ ᠠᠬᠢᠭᠤᠯᠬᠤ᠂ ᠬᠦᠳᠡᠭᠡ ᠲᠤᠰᠬᠤᠨ᠎ᠤ ᠡᠯ᠎ᠡ ᠵᠦᠢᠯ᠎ᠦᠨ ᠡᠬᠢ ᠪᠠᠶᠠᠯᠢᠭ᠋᠎ᠢ ᠠᠮᠢᠳᠤᠯᠢᠭ᠋ ᠠᠰᠢᠭ᠍ᠯᠠᠬᠤ ᠵᠡᠷᠭᠡ ᠲᠠᠯ᠎ᠠ᠎ᠪᠠᠷ ᠥᠷᠭᠡᠨ ᠳᠡᠯᠭᠡᠷ ᠨᠠᠷᠢᠨ ᠲᠣᠳᠣᠷᠬᠠᠢ ᠳᠤᠷᠠᠳᠤᠭᠰᠠᠨ ᠪᠠᠢᠨ᠎ᠠ ᠃

《ᠲᠦᠪ᠎ᠤᠨ ᠨᠢᠭᠡᠳᠦᠭᠡᠷ ᠲᠤᠭᠠᠲᠦ ᠪᠢᠴᠢᠭ ᠮᠠᠲᠸᠷᠢᠶᠠᠯ》 ᠎ᠳᠦ ᠰᠢᠶᠠᠨ᠎ᠦ ᠬᠡᠪᠴᠢᠶᠡᠨ᠎ᠦ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ ᠵᠢ ᠣᠨᠴᠠᠯᠠᠨ ᠳᠤᠷᠠᠳᠴᠤ᠂ ᠪᠣᠳᠠᠲᠠᠢ ᠠᠭᠤᠯᠭ᠎ᠠ ᠎ᠳ᠋ᠠᠭᠠᠨ ᠬᠦᠳᠡᠭᠡ ᠲᠤᠰᠬᠤᠨ᠎ᠤ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠭᠦᠨᠵᠡᠭᠡᠢᠷᠡᠭᠦᠯᠵᠦ᠂ ᠬᠥᠳᠡᠭᠡ ᠲᠤᠰᠬᠤᠨ᠎ᠤ ᠵᠢᠭᠤᠯᠴᠢᠯᠠᠯ ᠤ᠋ᠨ ᠱᠢᠯᠢᠳᠡᠭᠵᠢᠵᠤ ᠳᠡᠰ ᠳᠡᠪᠱᠢᠬᠦ᠎ᠵᠢ ᠠᠭᠢᠭᠤᠯᠵᠦ᠂ 《ᠵᠢᠵᠢᠭ ᠮᠦᠷᠲᠡᠭᠡᠨ ᠭᠤᠢᠳᠠ》 ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠭᠡᠯᠪᠡᠷᠢ ᠵᠢ ᠬᠥᠭᠵᠢᠭᠦᠯᠦᠨ᠎ᠡ ᠭᠡᠵᠦ ᠵᠢᠭᠠᠵᠤ ᠭᠠᠷᠭᠠᠭᠰᠠᠨ ᠪᠠᠢᠨ᠎ᠠ᠃ ᠲᠡᠭᠡᠪᠡᠯ ᠣᠢᠷ᠎ᠠ᠎ᠶᠢᠨ ᠵᠢᠯ ᠳ᠋ᠤ᠌ ᠮᠠᠨ᠎ᠤ ᠣᠷᠣᠨ᠎ᠤ ᠵᠠᠷᠢᠮ ᠮᠠᠯᠵᠢᠬᠤ ᠤᠷᠤᠨ᠎ᠳᠦ ᠪᠤᠢ ᠪᠣᠯᠣᠨ ᠬᠥᠭᠵᠢᠭᠰᠡᠨ ᠮᠠᠯᠴᠢᠨ ᠡᠷᠦᠭᠡ ᠳ᠋ᠤ᠌ ᠰᠤᠷᠤᠯᠴᠠᠬᠤ ᠵᠤᠰᠠᠯᠠᠩ ᠨᠢ ᠶᠠᠭ ᠮᠠᠯ ᠠᠵᠤ ᠠᠬᠤᠢ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠰᠢᠨ᠎ᠡ ᠦᠢᠯᠡᠳᠦᠯᠭᠡ ᠪᠠᠢᠵᠤ᠂ ᠬᠥᠳᠡᠭᠡ ᠲᠤᠰᠬᠤᠨ᠎ᠤ ᠵᠢᠭᠤᠯᠴᠢᠯᠠᠯ ᠤ᠋ᠨ ᠱᠢᠯᠢᠳᠡᠭᠵᠢᠵᠤ ᠳᠡᠰ ᠳᠡᠪᠱᠢᠬᠦ᠎ᠵᠢ ᠠᠭᠢᠭᠤᠯᠤᠭᠰᠠᠨ 《ᠵᠢᠵᠢᠭ ᠮᠦᠷᠲᠡᠭᠡᠨ ᠭᠤᠢᠳᠠ》 ᠰᠢᠨ᠎ᠡ ᠡᠵᠡᠩᠨᠡᠯᠲᠡ᠎ᠶᠢᠨ ᠭᠡᠯᠪᠡᠷᠢ ᠪᠣᠯᠵᠤ ᠴᠢᠳᠠᠭᠰᠠᠨ ᠶᠤᠮ᠃ ᠮᠠᠯᠴᠢᠨ ᠡᠷᠦᠭᠡ ᠳ᠋ᠤ᠌ ᠰᠤᠷᠤᠯᠴᠠᠬᠤ ᠵᠤᠰᠠᠯᠠᠩ ᠭᠡᠳᠡᠭ ᠨᠢ ᠮᠠᠯᠴᠢᠳ᠎ᠤᠨ ᠪᠡᠯᠴᠢᠭᠡᠷ ᠨᠤᠲᠤᠭ ᠎ᠲᠠᠭᠠᠨ ᠵᠣᠬᠢᠶᠠᠨ ᠪᠠᠢᠭᠤᠯᠤᠭᠰᠠᠨ᠂ ᠬᠤᠲᠠ᠎ᠶᠢᠨ ᠢᠷᠭᠡᠳ ᠪᠠ ᠬᠡᠦᠬᠡᠳ ᠪᠠᠭᠠᠴᠤᠳ ᠲᠤ᠌ ᠵᠣᠷᠢᠭᠤᠯᠤᠭᠰᠠᠨ ᠰᠤᠷᠤᠯᠴᠠᠬᠤ ᠵᠣᠷᠢᠯᠭ᠎ᠠ ᠲᠠᠢ ᠰᠤᠶᠤᠯ ᠵᠢᠭᠤᠯᠴᠢᠯᠠᠯ ᠤ᠋ᠨ ᠠᠵᠢᠯᠯᠠᠭ᠎ᠠ ᠪᠣᠯᠣᠨ᠎ᠠ᠃ 2017 ᠣᠨ ᠳ᠋ᠥ ᠦᠪᠦᠷ ᠮᠤᠡᠭᠭᠤᠯ᠎ᠤᠨ ᠠᠩᠬᠠᠳᠠᠭ᠍ᠴᠢ ᠮᠠᠯᠴᠢᠨ ᠡᠷᠦᠭᠡ ᠳ᠋ᠤ᠌ ᠰᠤᠷᠤᠯᠴᠠᠬᠤ ᠵᠤᠰᠠᠯᠠᠩ ᠨᠢ ᠵᠡᠭᠦᠨ ᠦᠵᠦᠮᠦᠴᠢᠨ ᠬᠣᠰᠢᠭᠤᠨ᠎ᠤ ᠡᠵᠢᠨᠠᠭᠤᠷ ᠪᠠᠯᠭᠠᠰᠤᠨ᠎ᠤ ᠬᠠᠷᠠᠭᠤᠪᠢ ᠭᠠᠴᠠᠭᠠᠨ ᠳ᠋ᠤ᠌ ᠮᠡᠨᠳᠦᠯᠡᠵᠦ᠂《ᠬᠠᠷᠠᠭᠤᠪᠢ ᠲᠠᠯ᠎ᠠ ᠨᠤᠲᠤᠭ᠎ᠤᠨ ᠪᠠᠢᠭᠠᠯᠢᠯᠢᠭ᠋ ᠠᠮᠢ ᠠᠬᠤᠢ ᠪᠠ ᠤᠯᠠᠮᠵᠢᠯᠠᠯᠲᠦ ᠰᠣᠶᠣᠯ᠎ᠤᠨ ᠰᠤᠷᠤᠯᠴᠠᠬᠤ ᠵᠤᠰᠠᠯᠠᠩ 》ᠭᠡᠵᠦ ᠪᠠᠢᠭᠤᠯᠤᠭᠳᠠᠵᠠᠢ᠃ ᠲᠡᠭᠦᠨ᠎ᠦ ᠳᠠᠷᠠᠭ᠎ᠠ 2018 ᠣᠨ ᠳ᠋ᠤ᠌ ᠪᠠᠷᠠᠭᠤᠨ ᠦᠵᠦᠮᠦᠴᠢᠨ ᠬᠣᠰᠢᠭᠤᠨ᠎ᠤ ᠰᠢᠨ᠎ᠡ ᠬᠥᠳᠡᠭᠡ ᠮᠠᠯ ᠠᠵᠤ ᠠᠬᠤᠢ᠎ᠶᠢᠨ ᠲᠤᠰᠬᠠᠢ ᠬᠣᠷᠰᠢᠢ᠎ᠠ᠎ᠠᠴᠠ 《ᠨᠡᠭᠦᠳᠡᠯᠴᠢᠨ》 ᠬᠡᠦᠬᠡᠳ᠎ᠤᠨ ᠵᠤᠰᠠᠯᠠᠩ᠎ᠢ᠋ ᠵᠣᠬᠢᠶᠠᠨ ᠪᠠᠢᠭᠤᠯᠵᠤ ᠦᠢᠯᠡᠴᠢᠯᠡᠭᠡ ᠪᠠᠨ ᠡᠬᠢᠯᠡᠭᠦᠯᠦᠭᠰᠡᠨ ᠪᠠᠢᠨ᠎ᠠ᠃ ᠣᠳᠣ᠌ ᠪᠤᠯᠬᠣ᠌ ᠳ᠋ᠤ᠌ ᠰᠢᠯᠢ᠎ᠶᠢᠨ ᠭᠣᠣᠯ ᠠᠢᠮᠠᠭ᠂ ᠬᠥᠯᠥᠨ ᠪᠤᠢᠷ ᠬᠤᠳᠠ ᠪᠡᠷ ᠭᠣᠣᠯᠯᠠᠭᠰᠠᠨ ᠭᠠᠵᠠᠷ᠎ᠤᠳ᠎ᠢᠶᠠᠷ ᠣᠯᠠᠨ ᠵᠦᠢᠯ᠎ᠤᠨ ᠵᠤᠰᠠᠯᠠᠩ᠎ᠤᠨ ᠦᠢᠯᠡ ᠠᠵᠢᠯᠯᠠᠭ᠎ᠠ ᠵᠣᠬᠢᠶᠠᠨ ᠪᠠᠢᠭᠤᠯᠤᠭᠳᠠᠵᠤ ᠪᠠᠢᠭ᠎ᠠ ᠶᠤᠮ᠃

ᠮᠠᠯᠴᠢᠨ ᠡᠷᠦᠭᠡ ᠳ᠋ᠤ᠌ ᠰᠤᠷᠤᠯᠴᠠᠬᠤ ᠵᠤᠰᠠᠯᠠᠩ ᠨᠢ ᠶᠠᠮᠠᠷ ᠠᠷᠭ᠎ᠠ ᠮᠠᠶᠢᠭ᠋᠎ᠢᠶᠠᠷ ᠠᠵᠢᠯᠯᠠᠭᠠᠨ ᠵᠢᠡᠨ ᠥᠷᠨᠢᠭᠦᠯᠳᠡᠭ ᠪᠤᠢ ᠭᠡᠪᠡᠯ ᠮᠠᠯᠴᠢᠳ ᠪᠡᠯᠴᠢᠭᠡᠷ ᠨᠤᠲᠤᠭ᠂ ᠮᠠᠯ᠎ᠤᠨ ᠭᠠᠷᠤᠯᠲᠠ᠂ ᠠᠮᠢᠳᠤᠷᠠᠯ᠎ᠤᠨ ᠬᠡᠪ ᠮᠠᠶᠢᠭ᠋᠂ ᠤᠯᠠᠮᠵᠢᠯᠠᠯᠲᠦ ᠰᠣᠶᠣᠯ᠎ᠤᠨ ᠮᠡᠳᠡᠯᠭᠡ ᠪᠠ ᠪᠠᠢᠭᠠᠯᠢ᠎ᠶᠢ ᠬᠠᠮᠠᠭᠠᠯᠠᠬᠤ ᠲᠤᠬᠠᠢ ᠮᠡᠳᠡᠯᠭᠡ ᠵᠡᠷᠭᠡ ᠡᠬᠢ ᠪᠠᠶᠠᠯᠢᠭ᠋᠎ᠢᠶᠠᠨ ᠠᠰᠢᠭ᠍ᠯᠠᠵᠤ ᠡᠳᠡᠭᠡᠷ ᠵᠦᠢᠯ᠎ᠢ ᠵᠢᠭᠠᠨ ᠰᠤᠷᠭᠠᠯᠲᠠ᠎ᠶᠢᠨ ᠬᠥᠲᠥᠯᠪᠦᠷᠢ ᠪᠣᠯᠭᠠᠨ ᠬᠡᠷᠡᠭᠵᠢᠭᠦᠯᠵᠦ᠂ ᠠᠶᠠᠯᠠᠯ ᠵᠢᠭᠤᠯᠴᠢᠯᠡᠯ᠎ᠤᠨ ᠭᠣᠣᠯ ᠠᠭᠤᠯᠭ᠎ᠠ ᠪᠠᠨ ᠪᠣᠯᠭᠠᠳᠠᠭ ᠪᠠᠢᠨ᠎ᠠ᠃ ᠡᠢᠮᠦᠷᠬᠦᠦ ᠰᠤᠷᠤᠯᠴᠠᠬᠤ ᠬᠡᠯᠪᠡᠷᠢ ᠵᠢᠨ ᠵᠢᠭᠤᠯᠴᠢᠯᠡᠯ᠎ᠢ ᠣᠳᠣᠬᠠᠨ ᠳ᠋ᠥ ᠵᠤᠰᠠᠯᠠᠩ᠎ᠤᠨ ᠭᠡᠯᠪᠡᠷᠢ ᠪᠡᠷ ᠵᠤᠨ᠎ᠤ ᠤᠯᠠᠷᠢᠯ ᠳ᠋ᠤ᠌ ᠥᠷᠨᠢᠭᠦᠯᠵᠦ᠂ ᠵᠢᠭᠤᠯᠴᠢᠯᠠᠭ᠍ᠰᠠᠳ᠎ᠢ ᠲᠣᠭᠲᠠᠭᠰᠠᠨ ᠲᠣᠭᠠᠨ᠎ᠤ ᠬᠥᠮᠥᠨ ᠲᠠᠢ ᠪᠦᠯᠬᠦᠮ᠎ᠢ ᠭᠥᠯᠢᠶᠡᠨ ᠠᠪᠴᠤ᠂ ᠲᠣᠭᠲᠠᠭᠰᠠᠨ ᠡᠳᠦᠷ ᠬᠣᠨᠣᠭ ᠤ᠋ᠨ ᠬᠤᠭᠤᠴᠠᠭ᠎ᠠ ᠲᠠᠢ ᠦᠢᠯᠡᠴᠢᠯᠡᠭᠡ ᠦᠵᠡᠭᠦᠯᠳᠡᠭ᠃ ᠡᠨᠡ᠎ᠬᠦ ᠮᠠᠯᠴᠢᠨ ᠡᠷᠦᠭᠡ ᠳ᠋ᠤ᠌ ᠰᠤᠷᠤᠯᠴᠠᠬᠤ ᠵᠤᠰᠠᠯᠠᠩ ᠨᠢ ᠵᠦᠪᠭᠡᠨ ᠬᠥᠳᠡᠭᠡ ᠠᠢᠯ᠎ᠢᠶᠠᠷ ᠢᠳᠡᠵᠦ ᠤᠤᠭᠤᠵᠤ ᠨᠠᠭᠠᠳᠴᠤ ᠴᠡᠩᠭᠡᠬᠦ ᠪᠢᠰᠢ᠃ ᠮᠠᠯᠴᠢᠳ ᠪᠣᠯ ᠰᠤᠷᠤᠯᠴᠠᠬᠤ ᠵᠤᠰᠠᠯᠠᠩ᠎ᠤᠨ ᠪᠠᠭ᠍ᠰᠢ ᠪᠥᠭᠡᠳ ᠪᠣᠷᠣᠯᠠᠭᠤᠯᠤᠭ᠍ᠴᠢ ᠪᠠᠢᠵᠤ᠂ ᠶᠠᠷᠢᠵᠤ ᠲᠠᠢᠯᠪᠤᠷᠢᠯᠠᠬᠤ᠂ ᠦᠵᠡᠭᠦᠯᠵᠦ ᠰᠣᠨᠢᠷᠬᠠᠭᠤᠯᠬᠤ᠂ ᠣᠷᠣᠯᠴᠠᠭᠤᠯᠵᠤ ᠮᠡᠳᠡᠷᠡᠭᠦᠯᠬᠦ ᠵᠡᠷᠭᠡ ᠣᠯᠠᠨ ᠵᠦᠢᠯ᠎ᠦᠨ ᠠᠷᠭ᠎ᠠ᠎ᠪᠠᠷ ᠬᠥᠮᠥᠰ ᠲᠤ᠌ ᠪᠠᠢᠭᠠᠯᠢ ᠣᠷᠴᠢᠨ᠎ᠲᠠᠢ ᠲᠠᠨᠢᠯᠴᠠᠬᠤ᠂ ᠨᠡᠭᠦᠳᠡᠯ ᠮᠠᠯ ᠠᠵᠤ ᠠᠬᠤᠢ᠎ᠶᠢ ᠣᠢᠯᠠᠭᠠᠬᠤ᠂ ᠮᠠᠯᠴᠢᠳ᠎ᠤᠨ ᠠᠮᠢᠳᠤᠷᠠᠯ᠎ᠤᠨ ᠪᠠᠢᠳᠠᠯ ᠲᠠᠢ ᠲᠠᠨᠢᠯᠴᠠᠬᠤ᠂ ᠮᠠᠯᠴᠢᠳ᠎ᠤᠨ ᠨᠤᠲᠤᠭ ᠪᠡᠯᠴᠢᠭᠡᠷ᠎ᠢᠶᠡᠨ ᠬᠠᠮᠠᠭᠠᠯᠠᠬᠤ ᠣᠷᠣᠨ ᠨᠤᠲᠤᠭ᠎ᠤᠨ ᠮᠡᠳᠡᠯᠭᠡ᠎ᠶᠢ ᠣᠢᠯᠠᠭᠠᠬᠤ ᠪᠣᠯᠣᠮᠵᠢ᠎ᠶᠢ ᠣᠯᠭᠣᠵᠤ᠂ ᠵᠢᠭᠤᠯᠴᠢᠯᠠᠨ ᠰᠤᠷᠤᠯᠴᠠᠭᠰᠠᠳ᠎ᠤᠨ ᠪᠠᠢᠭᠠᠯᠢ ᠣᠷᠴᠢᠨ᠎ᠢ ᠬᠠᠮᠠᠭᠠᠯᠠᠵᠤ ᠬᠠᠢᠷᠠᠯᠠᠬᠤ ᠤᠬᠠᠮᠰᠠᠷ᠎ᠢ ᠳᠡᠭᠡᠭᠰᠢᠯᠡᠭᠦᠯᠬᠦ ᠪᠥᠭᠡᠳ ᠳᠠᠭᠠᠤ ᠳ᠋ᠤᠨᠢ ᠮᠠᠯ ᠠᠵᠤ ᠠᠬᠤᠢ᠎ᠶᠢᠨ ᠪᠦᠲᠦᠭᠡᠭᠳᠡᠬᠦᠨ᠎ᠢᠶᠡᠨ ᠪᠣᠷᠣᠯᠠᠭᠤᠯᠳᠠᠭ ᠪᠠᠢᠨ᠎ᠠ ᠃

ᠬᠡᠳᠦᠨ ᠵᠢᠯ᠎ᠦᠨ ᠦᠢᠯᠡᠳᠦᠯᠭᠡ ᠲᠤᠷᠰᠢᠯᠭ᠎ᠠ᠎ᠡᠴᠡ ᠬᠠᠷᠠᠬᠤ ᠳ᠋ᠤ᠌ ᠮᠠᠯᠴᠢᠨ ᠡᠷᠦᠭᠡ ᠳ᠋ᠤ᠌ ᠰᠤᠷᠤᠯᠴᠠᠬᠤ ᠵᠤᠰᠠᠯᠠᠩ ᠨᠢ ᠣᠯᠠᠨ ᠲᠠᠯ᠎ᠠ᠎ᠶᠢᠨ ᠡᠭᠦᠷᠭᠡ ᠴᠢᠳᠠᠪᠬᠢ᠎ᠶᠢ ᠪᠠᠳᠠᠷᠠᠭᠤᠯᠵᠤ ᠪᠠᠢᠭ᠎ᠠ ᠶᠤᠮ᠃ ᠨᠢᠭᠡᠳᠦᠭᠡᠷ ᠲᠤ᠌᠂ ᠨᠢᠭᠡ ᠪᠦᠯᠦᠭ ᠮᠠᠯᠴᠢᠳ᠎ᠤᠨ ᠤᠷᠤᠯᠭ᠎ᠠ ᠪᠠᠨ ᠨᠡᠮᠡᠭᠳᠡᠭᠦᠯᠬᠦ ᠳ᠋ᠤ᠌ ᠴᠢᠬᠤᠯᠠ ᠦᠢᠯᠡᠳᠦᠯ ᠦᠵᠡᠭᠦᠯᠵᠤ ᠪᠤᠢ᠃ ᠮᠠᠯᠴᠢᠨ ᠡᠷᠦᠭᠡ ᠳ᠋ᠤ᠌ ᠰᠤᠷᠤᠯᠴᠠᠬᠤ ᠵᠤᠰᠠᠯᠠᠩ᠎ᠤᠨ ᠡᠭᠦᠳᠴᠦ ᠪᠠᠢᠭ᠎ᠠ ᠣᠷᠣᠯᠭ᠎ᠠ ᠳ᠋ᠤ᠌ ᠵᠢᠭᠤᠯᠴᠢᠯᠠᠭᠰᠠᠳ᠎ᠢ ᠭᠥᠯᠢᠶᠡᠨ ᠠᠪᠴᠤ ᠬᠣᠨᠣᠭ ᠪᠠᠭᠤᠳᠠᠯ ᠬᠣᠭᠣᠯᠠ ᠤᠮᠳᠠ ᠬᠠᠩᠭᠠᠬᠤ ᠣᠷᠣᠯᠭ᠎ᠠ᠂ ᠤᠯᠠᠮᠵᠢᠯᠠᠯᠲᠦ ᠰᠣᠶᠣᠯ᠎ᠤᠨ ᠳᠡᠯᠭᠡᠨ ᠦᠵᠡᠭᠦᠯᠭᠡ ᠲᠠᠢᠯᠪᠤᠷᠢᠯᠠᠯᠳᠠ ᠬᠢᠬᠦ ᠣᠷᠣᠯᠭ᠎ᠠ᠂ ᠭᠠᠷ ᠤᠷᠠᠯᠠᠯ᠎ᠤᠨ ᠪᠦᠲᠦᠭᠡᠭᠳᠡᠬᠦᠨ᠂ ᠮᠠᠯ᠎ᠤᠨ ᠠᠰᠢᠬ ᠰᠢᠮ᠎ᠡ ᠵᠢᠨ ᠪᠦᠲᠦᠭᠡᠭᠳᠡᠬᠦᠨ᠎ᠢᠶᠡᠨ ᠲᠤᠬᠠᠢ ᠵᠢᠨ ᠭᠠᠵᠠᠷ ᠲᠠᠭᠠᠨ ᠪᠣᠷᠣᠯᠠᠭᠤᠯᠬᠤ ᠣᠷᠣᠯᠭ᠎ᠠ ᠵᠡᠷᠭᠡ ᠪᠠᠭᠲᠠᠳᠠᠭ᠃ ᠵᠢᠱ᠌ᠢᠶᠡᠯᠡᠪᠡᠯ ᠮᠣᠩᠭᠣᠯ ᠮᠣᠷᠢᠨ᠎ᠤ ᠠᠭᠠᠰᠢ ᠠᠷᠠᠨᠰᠢᠨ᠎ᠤ ᠲᠤᠬᠠᠢ ᠲᠠᠢᠯᠪᠤᠷᠢ ᠬᠢᠵᠦ ᠮᠣᠷᠢ ᠣᠨᠣᠵᠣ᠌ ᠰᠤᠷᠭᠠᠬᠤ ᠨᠢᠭᠡ ᠤᠳᠠᠭ᠎ᠠ᠎ᠵᠢᠨ ᠬᠢᠴᠢᠶᠡᠯ ᠨᠢ ᠨᠢᠭᠡ᠎ᠡᠴᠡ ᠬᠣᠶᠠᠷ ᠴᠠᠭ ᠶᠠᠪᠤᠭᠳᠠᠵᠤ ᠤᠳᠠᠭ᠎ᠠ ᠪᠣᠯᠭᠠᠨ᠎ᠤ ᠬᠤᠷᠢᠶᠠᠬᠤ ᠰᠦᠢᠳᠭᠡᠯ ᠨᠢ 500 ᠲᠥᠭᠥᠷᠢᠭ ᠲᠤ᠌ ᠭᠦᠷᠳᠡᠭ ᠪᠣᠯ ᠵᠢᠭᠤᠯᠴᠢᠯᠠᠬᠰᠠᠳ ᠲᠤ᠌ ᠵᠢᠯᠣᠭᠣᠴᠢ᠎ᠶᠢᠨ ᠦᠢᠯᠡᠴᠢᠯᠡᠭᠡ ᠬᠠᠩᠭᠠᠵᠤ ᠭᠠᠴᠠᠭᠠᠨ᠎ᠤ ᠪᠡᠯᠴᠢᠭᠡᠷ ᠨᠤᠲᠤᠭ᠎ᠤᠨ ᠣᠨᠴᠠᠯᠢᠭ᠋᠂ ᠤᠰᠤ ᠤᠷᠭᠤᠮᠠᠯ ᠢ᠋ ᠦᠵᠡᠭᠦᠯᠵᠦ ᠲᠠᠢᠯᠪᠤᠷᠢᠯᠠᠪᠠᠯ 400 ᠲᠥᠭᠥᠷᠢᠭ᠎ᠦᠨ ᠣᠷᠣᠯᠭ᠎ᠠ ᠣᠯᠳᠠᠭ ᠪᠠᠢᠨ᠎ᠠ᠃ 《ᠬᠠᠷᠠᠭᠤᠪᠢ ᠲᠠᠯ᠎ᠠ ᠨᠤᠲᠤᠭ᠎ᠤᠨ ᠪᠠᠢᠭᠠᠯᠢᠯᠢᠭ᠋ ᠠᠮᠢ ᠠᠬᠤᠢ ᠪᠠ ᠨᠡᠭᠦᠳᠡᠯ ᠰᠣᠶᠣᠯ᠎ᠤᠨ ᠰᠤᠷᠤᠯᠴᠠᠬᠤ ᠵᠤᠰᠠᠯᠠᠩ》᠎ᠪᠠᠷ ᠵᠢᠱ᠌ᠢᠶᠡᠯᠡᠪᠡᠯ 2017 ᠣᠨ ᠳ᠋ᠤ᠌ 40 ᠲᠦᠮᠡᠨ ᠲᠥᠭᠥᠷᠢᠭ᠎ᠦᠨ ᠣᠷᠣᠯᠭ᠎ᠠ ᠡᠭᠦᠳᠴᠦ ᠪᠠᠢᠭᠰᠠᠨ ᠪᠣᠯ 2023 ᠣᠨ ᠪᠤᠯᠬᠣ᠌ ᠳ᠋ᠤ᠌ 100 ᠲᠦᠮᠡ᠎ᠶᠢ ᠳᠠᠪᠠᠵᠠᠢ ; ᠬᠣᠶᠠᠳᠤᠭᠠᠷ ᠲᠤ᠌᠂ ᠨᠤᠲᠤᠭ ᠪᠤᠴᠠᠭᠰᠠᠨ ᠵᠠᠯᠠᠭᠤᠴᠤᠳ ᠲᠤ᠌ ᠠᠵᠢᠯ᠎ᠤᠨ ᠪᠠᠢᠷᠢ ᠬᠠᠩᠭᠠᠬᠤ ᠴᠢᠬᠤᠯᠠ ᠦᠢᠯᠡᠳᠦᠯ᠎ᠢ ᠪᠠᠳᠠᠷᠠᠭᠤᠯᠵᠠᠢ ᠃ ᠬᠣᠲᠠᠴᠢᠯᠠᠯᠲᠠ ᠳᠡᠯᠡᠬᠡᠢᠵᠢᠯᠲᠡ᠎ᠶᠢᠨ ᠨᠥᠯᠥᠭᠡ ᠪᠡᠷ ᠬᠥᠳᠡᠭᠡ ᠪᠤᠴᠠᠵᠤ ᠦᠢᠯᠡᠰ ᠪᠤᠰᠬᠠᠬᠤ ᠬᠦᠰᠡᠯ ᠬᠦᠭᠡᠭᠡᠴᠡᠯᠳᠦᠯ ᠲᠠᠢ ᠵᠠᠯᠠᠭᠤᠴᠤᠳ ᠡᠭᠦᠪᠡᠷ ᠳᠠᠮᠵᠢᠨ ᠤᠯᠠᠮᠵᠢᠯᠠᠯᠲᠦ ᠰᠣᠶᠣᠯ ᠎ᠳᠠᠭᠠᠨ ᠤᠯᠠᠮ ᠢᠲᠡᠭᠡᠯ᠎ᠲᠠᠢ ᠪᠤᠯᠵᠦ᠂ ᠣᠯᠠᠨ ᠲᠠᠯ᠎ᠠ᠎ᠶᠢᠨ ᠴᠢᠳᠠᠪᠤᠷᠢ ᠪᠠᠨ ᠬᠥᠭᠵᠢᠭᠦᠯᠵᠦ᠂ ᠨᠡᠩ ᠤᠯᠠᠨ ᠵᠠᠯᠠᠭᠤᠴᠤᠳ ᠨᠤᠲᠤᠭ ᠪᠤᠴᠠᠬᠤ ᠵᠣᠷᠢᠭ᠋ ᠲᠠᠢ ᠪᠣᠯᠵᠤ᠂ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠮᠡᠷᠭᠡᠵᠢᠯ ᠪᠣᠯᠪᠠᠰᠤᠷᠠᠯ ᠬᠦᠷᠲᠡᠭᠰᠡᠨ ᠵᠠᠯᠠᠭᠤ ᠬᠦᠴᠦᠨ ᠎ᠢ ᠬᠥᠮᠥᠵᠢᠭᠦᠯᠬᠦ ᠳ᠋ᠤ᠌ ᠲᠦᠯᠬᠢᠴᠡ ᠬᠦᠴᠦᠨ ᠪᠣᠯᠵᠠᠢ ; ᠭᠤᠷᠪᠠᠳᠤᠭᠠᠷ ᠲᠤ᠌᠂ ᠤᠯᠠᠮᠵᠢᠯᠠᠯᠲᠤ ᠮᠠᠯ ᠠᠬᠤᠢ ᠪᠠ ᠮᠠᠯᠴᠢᠨ ᠠᠷᠠᠳ᠎ᠤᠨ ᠵᠠᠩ ᠦᠢᠯᠡ ᠰᠣᠶᠣᠯ᠎ᠤᠨ ᠰᠢᠯᠢᠳᠡᠭ ᠤᠯᠠᠮᠵᠢᠯᠠᠯ᠎ᠢ ᠬᠥᠮᠥᠰ ᠲᠤ᠌ ᠲᠠᠨᠢᠯᠴᠠᠭᠤᠯᠤᠨ ᠮᠡᠳᠡᠭᠦᠯᠵᠦ ᠪᠤᠢ᠃ ᠡᠨᠡ ᠨᠢ ᠳᠤᠮᠳᠠᠳᠣ᠌᠎ᠶᠢᠨ ᠦᠨᠳᠦᠰᠦᠲᠡᠨ᠎ᠦ ᠰᠢᠯᠢᠳᠡᠭ ᠤᠯᠠᠮᠵᠢᠯᠠᠯᠲᠤ ᠰᠣᠶᠣᠯ᠎ᠢ ᠬᠠᠳᠠᠭᠠᠯᠠᠨ ᠤᠯᠠᠮᠵᠢᠯᠠᠵᠤ ᠪᠠᠢᠭ᠎ᠠ ᠶᠠᠪᠤᠳᠠᠯ ᠪᠤᠯᠬᠤ ᠪᠥᠭᠡᠳ ᠦᠨᠳᠦᠰᠦᠲᠡᠨ ᠨᠦ᠍ᠭᠦᠳ᠎ᠤᠨ ᠬᠠᠷᠢᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠦᠷ᠎ᠡ ᠳ᠋ᠦᠩ ᠲᠠᠢ ᠪᠠᠢᠳᠠᠭ ; ᠳᠥᠷᠪᠡᠳᠦᠭᠡᠷ ᠲᠤ᠌᠂ ᠬᠥᠮᠥᠰ᠎ᠤᠨ ᠪᠠᠢᠭᠠᠯᠢ ᠣᠷᠴᠢᠨ᠎ᠤ ᠲᠤᠬᠠᠢ ᠮᠡᠳᠡᠯᠭᠡ ᠵᠢ ᠦᠷᠭᠡᠳᠭᠡᠵᠦ᠂ ᠣᠯᠠᠨ ᠨᠡᠢᠲᠡ᠎ᠶᠢᠨ ᠠᠮᠢ ᠠᠬᠤᠢ᠎ᠶᠢᠨ ᠤᠬᠠᠮᠰᠠᠷ᠎ᠢ ᠰᠡᠷᠭᠦᠭᠡᠨ ᠳᠠᠢᠴᠢᠯᠠᠬᠤ ᠦᠢᠯᠡᠳᠦᠯ ᠲᠠᠢ᠃ ᠶᠡᠷᠦᠩᠬᠡᠢ ᠱᠦᠵᠢ ᠰᠢ ᠵᠢᠨ ᠫᠢᠩ ᠡᠴᠡ ᠪᠢᠳᠠᠨ᠎ᠤ ᠪᠦᠲᠦᠭᠡᠨ ᠪᠠᠢᠭᠤᠯᠬᠤ ᠭᠡᠵᠦ ᠪᠠᠢᠭ᠎ᠠ ᠣᠳᠣᠬᠢᠴᠢᠯᠠᠯᠲᠠ ᠪᠣᠯ ᠬᠥᠮᠥᠨ ᠪᠠᠢᠭᠠᠯᠢ ᠵᠡᠷᠭᠡᠴᠡᠨ ᠣᠷᠣᠰᠢᠭ᠍ᠰᠠᠨ ᠣᠳᠣᠬᠢᠴᠢᠯᠠᠯᠲᠠ ᠪᠣᠯᠣᠨ᠎ᠠ᠃ ᠪᠣᠳᠠᠰ᠎ᠤᠨ ᠡᠬᠢ ᠪᠠᠶᠠᠯᠢᠭ᠋ ᠪᠠ ᠣᠶᠣᠨ ᠰᠠᠨᠠᠭᠠᠨ᠎ᠤ ᠡᠬᠢ ᠪᠠᠶᠠᠯᠢᠭ᠋᠎ᠢ ᠡᠭᠦᠳᠦᠨ ᠪᠦᠲᠦᠭᠡᠵᠦ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠭᠤᠶᠤ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ᠎ᠪᠠᠷ ᠪᠠᠷᠠᠬᠤ ᠦᠭᠡᠢ᠂ ᠨᠡᠩ ᠣᠯᠠᠨ᠂ ᠨᠡᠩ ᠣᠭᠢ ᠰᠢᠯᠢᠳᠡᠭ ᠠᠮᠢ ᠠᠬᠤᠢ᠎ᠶᠢᠨ ᠪᠦᠲᠦᠭᠡᠭᠳᠡᠬᠦᠨ᠎ᠵᠢᠡᠷ ᠠᠷᠠᠳ ᠲᠦᠮᠡᠨ᠎ᠦ ᠡᠳᠦᠷ ᠢᠷᠡᠬᠦᠶ᠎ᠡ ᠱᠠᠭᠠᠷᠳᠠᠵᠤ ᠪᠠᠢᠭ᠎ᠠ ᠠᠮᠢ ᠠᠬᠤᠢ᠎ᠶᠢᠨ ᠬᠡᠷᠡᠭᠴᠡᠭᠡ᠎ᠶᠢ ᠬᠠᠩᠭᠠᠬᠤ ᠬᠡᠷᠡᠭᠲᠡᠢ ᠭᠡᠰᠡᠨ ᠪᠠᠢᠨ᠎ᠠ᠃ ᠬᠥᠮᠥᠰ᠎ᠦᠨ ᠠᠮᠢᠳᠤᠷᠠᠯ᠎ᠤᠨ ᠬᠢᠷᠢ ᠲᠦᠪᠰᠢᠨ ᠳᠡᠭᠡᠭᠰᠢᠯᠡᠬᠦ᠎ᠶᠢ ᠳᠠᠭᠠᠯᠳᠤᠨ ᠬᠤᠲᠠᠴᠢᠯᠠᠯᠲᠠ ᠵᠠᠬ᠎ᠠ ᠳᠡᠯᠭᠡᠭᠦᠷᠴᠢᠯᠡᠯᠲᠡ᠎ᠶᠢᠨ ᠦᠳᠲᠡᠷ ᠲᠦᠷᠭᠡᠨ ᠤᠷᠤᠰᠬᠠᠯ ᠳᠤᠮᠳᠠ ᠬᠥᠮᠥᠰ᠎ᠦᠨ ᠪᠡᠢᠭᠠᠯᠢ ᠳ᠋ᠣ᠌ ᠡᠭᠡᠨᠡᠭᠰᠢᠬᠦ᠂ ᠪᠠᠢᠭᠠᠯᠢ ᠲᠠᠢ ᠣᠢᠷᠠᠬᠠᠨ ᠪᠠᠢᠬᠤ ᠬᠡᠷᠡᠭᠴᠡᠭᠡ ᠡᠳᠦᠷ᠎ᠡᠴᠡ ᠡᠳᠦᠷ ᠨᠡᠮᠡᠭᠳᠡᠵᠦ ᠪᠠᠢᠨ᠎ᠠ᠃ ᠮᠠᠯᠴᠢᠨ ᠡᠷᠦᠭᠡ ᠳ᠋ᠤ᠌ ᠰᠤᠷᠤᠯᠴᠠᠬᠤ ᠵᠤᠰᠠᠯᠠᠩ ᠨᠢ ᠬᠥᠮᠥᠰ ᠲᠤ᠌ ᠪᠠᠢᠭᠠᠯᠢ ᠲᠠᠢ ᠪᠠᠨ ᠥᠢᠷᠠᠬᠠᠨ ᠪᠠᠢᠬᠤ ᠠᠮᠢ ᠠᠬᠤᠢ᠎ᠶᠢᠨ ᠬᠡᠷᠡᠭᠴᠡᠭᠡ᠎ᠶᠢ ᠬᠠᠩᠭᠠᠵᠤ ᠪᠠᠢᠬᠤ ᠪᠥᠭᠡᠳ ᠣᠷᠣᠨ ᠨᠤᠲᠤᠭ᠎ᠤᠨ ᠣᠨᠴᠠᠯᠢᠭ᠋ ᠲᠠᠢ ᠪᠠᠢᠭᠠᠯᠢ ᠣᠷᠴᠢᠨ᠎ᠤ ᠰᠤᠷᠭᠠᠯᠲᠠ ᠬᠢᠵᠦ ᠪᠠᠢᠭ᠎ᠠ ᠲᠤᠯᠠ ᠲᠤᠰ ᠦᠢᠯᠡ ᠠᠵᠢᠯᠯᠠᠭ᠎ᠠ ᠨᠢ ᠲᠡᠷᠡ ᠬᠡᠪ᠎ᠢᠶᠡᠷ ᠵᠢᠡᠨ ᠣᠭᠢ ᠰᠢᠯᠢᠳᠡᠭ ᠠᠮᠢ ᠠᠬᠤᠢ᠎ᠶᠢᠨ ᠪᠦᠲᠦᠭᠡᠭᠳᠡᠬᠦᠨ ᠪᠤᠯᠬᠣ᠌ ᠶᠤᠮ ᠃

ᠥᠪᠥᠷ ᠮᠣᠩᠭᠣᠯ ᠨᠢ ᠡᠬᠡ ᠤᠯᠤᠰ᠎ᠤᠨ ᠤᠮᠠᠷᠠᠲᠤ᠎ᠶᠢᠨ ᠬᠠᠮᠤᠭ᠎ᠤᠨ ᠥᠷᠭᠡᠨ ᠠᠭᠤᠳᠠᠮ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠷᠠᠭᠤᠯᠤᠭᠰᠠᠨ ᠤᠷᠤᠨ ᠪᠦᠰᠡ ᠪᠣᠯᠤᠭᠰᠠᠨ᠎ᠤ ᠬᠤᠪᠢ ᠳ᠋ᠥ᠂ ᠮᠠᠯᠴᠢᠨ ᠡᠷᠦᠭᠡ ᠳ᠋ᠤ᠌ ᠰᠤᠷᠤᠯᠴᠠᠬᠤ ᠵᠤᠰᠠᠯᠠᠩ ᠢ᠋ ᠵᠣᠬᠢᠶᠠᠨ ᠪᠠᠢᠭᠤᠯᠬᠤ ᠪᠠᠢᠭᠠᠯᠢ ᠨᠡᠢᠭᠡᠮ᠎ᠦᠨ ᠨᠥᠬᠥᠴᠡᠯ ᠨᠢ ᠪᠦᠷᠢᠨ ᠪᠠᠢᠭ᠎ᠠ ᠶᠤᠮ᠃ ᠶᠡᠷᠦᠩᠬᠡᠢ ᠳ᠋ᠣᠨᠢ ᠠᠪᠴᠤ ᠦᠵᠡᠪᠡᠯ᠂ ᠮᠠᠯᠴᠢᠨ ᠡᠷᠦᠭᠡ ᠳ᠋ᠤ᠌ ᠰᠤᠷᠤᠯᠴᠠᠬᠤ ᠵᠤᠰᠠᠯᠠᠩ ᠨᠢ ᠥᠷᠨᠢᠨ ᠬᠥᠭᠵᠢᠵᠦ ᠪᠠᠢᠭ᠎ᠠ ᠡᠬᠢᠨ᠎ᠦ ᠱᠠᠲᠤᠨ ᠳ᠋ᠠᠭᠠᠨ ᠪᠠᠢᠬᠤ ᠪᠥᠭᠡᠳ ᠴᠢᠨᠠᠭᠰᠢᠳᠠ ᠨᠡᠩ ᠰᠠᠢᠨ ᠬᠥᠭᠵᠢᠭᠦᠯᠬᠦ ᠳ᠋ᠤ᠌ ᠪᠠᠰᠠ ᠤᠯᠠᠨ ᠲᠠᠯ᠎ᠠ᠎ᠶᠢᠨ ᠳᠡᠮᠵᠢᠯᠭᠡ ᠬᠡᠷᠡᠭᠲᠡᠢ ᠶᠤᠮ᠃ ᠡᠭᠦᠨ ᠳ᠋ᠤ᠌ ᠮᠠᠯᠴᠢᠨ ᠡᠷᠦᠭᠡ ᠨᠢ ᠤᠯᠠᠮᠵᠢᠯᠠᠯᠲᠤ ᠦᠢᠯᠡᠳᠪᠦᠷᠢᠯᠡᠯ ᠠᠮᠢᠳᠤᠷᠠᠯ ᠳᠤᠮᠳᠠᠬᠢ ᠠᠮᠢ ᠠᠬᠤᠢ ᠰᠣᠶᠣᠯ᠎ᠤᠨ ᠮᠡᠳᠡᠯᠭᠡ ᠪᠠᠨ ᠠᠭᠤᠳᠠᠯᠤᠨ᠂ ᠬᠢᠴᠢᠶᠡᠯ ᠪᠣᠯᠭᠠᠨ ᠶᠠᠷᠢᠵᠤ ᠲᠠᠢᠯᠪᠤᠷᠢᠯᠠᠬᠤ ᠪᠣᠯᠪᠠᠰᠤᠷᠠᠯ ᠱᠠᠭᠠᠷᠳᠠᠭᠳᠠᠵᠤ ᠪᠠᠢᠨ᠎ᠠ᠃ ᠮᠦᠨ ᠎ᠴᠦ ᠵᠢᠭᠤᠯᠴᠢᠯᠠᠭᠰᠠᠳ᠎ᠢ ᠭᠥᠯᠢᠶᠡᠨ ᠠᠪᠬᠤ ᠮᠠᠯᠴᠢᠨ ᠡᠷᠦᠭᠡ᠎ᠶᠢᠨ ᠦᠨᠳᠦᠰᠦᠨ ᠪᠦᠲᠦᠭᠡᠨ ᠪᠠᠢᠭᠤᠯᠤᠯᠲᠠ ᠪᠠ ᠮᠡᠷᠭᠡᠵᠢᠯ ᠪᠣᠯᠪᠠᠰᠤᠷᠠᠯ ᠬᠦᠷᠲᠡᠭᠰᠡᠨ ᠵᠠᠯᠠᠭᠤ ᠬᠦᠴᠦᠨ ᠤᠯᠠᠮ ᠱᠠᠭᠠᠷᠳᠠᠭᠳᠠᠵᠤ ᠪᠠᠢᠨ᠎ᠠ᠃ ᠮᠠᠨ᠎ᠤ ᠣᠷᠣᠨ᠎ᠤ ᠡᠯ᠎ᠡ ᠠᠢᠮᠠᠭ᠎ᠤᠨ ᠮᠠᠯᠴᠢᠳ ᠥᠪᠡᠷ ᠥᠪᠡᠷ᠎ᠦᠨ ᠣᠷᠴᠢᠨ ᠨᠥᠬᠥᠴᠡᠯ ᠪᠠ ᠤᠯᠠᠮᠵᠢᠯᠠᠯᠲᠤ ᠮᠡᠳᠡᠯᠭᠡ ᠳ᠋ᠡᠭᠡᠨ ᠰᠠᠭᠤᠷᠢᠯᠠᠨ᠂ ᠬᠠᠷᠢᠯᠴᠠᠨ ᠲᠤᠰᠠᠯᠠᠯᠴᠠᠬᠤ ᠪᠠ ᠬᠠᠮᠲᠤᠷᠠᠨ ᠠᠵᠢᠯᠯᠠᠵᠤ᠂ ᠲᠤᠰᠬᠠᠢ ᠬᠣᠷᠰᠢᠶ᠎ᠠ ᠪᠤᠶᠤ ᠭᠠᠴᠠᠭᠠᠨ᠎ᠤ ᠬᠡᠪᠴᠢᠶᠡᠨ ᠳ᠋ᠡᠭᠡᠨ ᠮᠠᠯᠴᠢᠨ ᠡᠷᠦᠭᠡ ᠳ᠋ᠤ᠌ ᠰᠤᠷᠤᠯᠴᠠᠬᠤ ᠵᠤᠰᠠᠯᠠᠩ᠎ᠢ ᠦᠢᠯᠡᠳᠦᠯᠭᠡᠵᠢᠭᠦᠯᠬᠦ ᠪᠣᠯ 《ᠵᠢᠵᠢᠭ ᠮᠦᠷᠲᠡᠭᠡᠨ ᠭᠤᠢᠳᠠ》 ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢ ᠬᠥᠭᠵᠢᠭᠦᠯᠬᠦ ᠵᠥᠪ ᠠᠷᠭ᠎ᠠ ᠵᠠᠮ ᠪᠥᠭᠡᠳ ᠮᠠᠯᠵᠢᠬᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠦᠢᠯᠡᠰ ᠲᠤ᠌ ᠴᠢᠬᠤᠯᠠ ᠠᠴᠢ ᠬᠣᠯᠪᠣᠭᠳᠠᠯ ᠲᠠᠢ ᠶᠤᠮ᠃

(ᠵᠣᠬᠢᠶᠠᠭ᠍ᠴᠢ ᠵᠢᠨ ᠬᠠᠶᠢᠭ᠋᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面