2026-09-07 16:39:12
ᠵᠠᠰᠠᠭ᠎ᠦᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠪᠣᠯ ᠨᠢᠭᠡᠨ ᠤᠷᠳᠤ ᠬᠤᠭᠤᠴᠠᠭᠠᠨ᠎ᠤ ᠡᠭᠦᠷᠭᠡ ᠮᠥᠨ᠂ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ ᠣᠢᠷ᠎ᠠ᠎ᠳᠤ ᠴᠢᠬᠤᠯᠠ ᠵᠢᠭᠠᠪᠤᠷᠢ ᠦᠭᠬᠦ᠎ᠳᠡᠭᠡᠨ᠂ ᠰᠤᠷᠤᠯᠴᠠᠯᠭ᠎ᠠ ᠬᠥᠮᠦᠵᠢᠯ ᠦᠨ ᠠᠵᠢᠯ ᠪᠠ ᠦᠷ᠎ᠡ ᠪᠦᠲᠦᠮᠵᠢ᠎ᠶᠢ ᠭᠦᠢᠴᠡᠳ ᠨᠤᠲᠠᠯᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠣᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠠᠶ᠋ᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠬᠣᠢᠰᠢᠳᠠ᠎ᠶᠢᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠬᠥᠮᠦᠵᠢᠯ᠎ᠢ ᠪᠠᠢᠩᠭᠤ᠎ᠶᠢᠨ ᠴᠢᠨᠠᠷᠲᠠᠢ ᠥᠷᠨᠢᠭᠦᠯᠬᠦ᠎ᠳᠦ ᠦᠨᠳᠦᠰᠦᠨ ᠵᠢᠷᠤᠮᠯᠠᠯ ᠬᠠᠩᠭᠠᠵᠤ᠂ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ ᠥᠭᠴᠡᠢ᠃
ᠡᠨᠡ ᠤᠳᠠᠭ᠎ᠠ᠎ᠶᠢᠨ ᠰᠤᠷᠤᠯᠴᠠᠯᠭ᠎ᠠ ᠬᠥᠮᠦᠵᠢᠯ ᠨᠢ ᠰᠢᠶᠠᠨ ᠭᠠᠵᠠᠷ᠎ᠤᠨ ᠲᠡᠰ᠎ᠦᠨ ᠲᠠᠷᠣᠭ᠎ᠠ ᠡᠴᠡ ᠳᠡᠭᠡᠭᠰᠢᠬᠢ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢᠯᠠᠩᠭᠤᠶ᠎ᠠ《ᠨᠢᠭᠡᠳᠦᠭᠡᠷ ᠭᠠᠷ》ᠵᠢᠡᠷ ᠭᠣᠣᠯᠳᠠᠯᠭ᠎ᠠ ᠪᠣᠯᠭᠠᠵᠤ᠂ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠬᠦ᠂ ᠲᠥᠬᠥᠮ ᠠᠪᠰᠠᠷᠬᠠᠨ ᠪᠣᠳᠠᠲᠠᠢ᠎ᠶᠢ ᠡᠷᠬᠢᠮᠯᠡᠬᠦ᠂ ᠪᠦᠯᠦᠭ ᠤᠳᠠᠭ᠎ᠠ ᠬᠤᠪᠢᠶᠠᠬᠤ ᠦᠭᠡᠢ᠂ ᠱᠠᠲᠤ ᠦᠶ᠎ᠡ ᠬᠤᠪᠢᠶᠠᠬᠤ ᠦᠭᠡᠢ ᠪᠠᠢᠬᠤ᠎ᠶᠢ ᠪᠠᠷᠢᠮᠲᠠᠯᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠂ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠂ ᠳᠦᠷᠢᠮ ᠲᠣᠭᠲᠠᠭᠠᠯ ᠲᠣᠭᠲᠠᠭᠠᠬᠤ᠂ ᠡᠭᠦᠳᠡ᠎ᠪᠡᠨ ᠨᠡᠭᠡᠭᠡᠵᠦ ᠰᠤᠷᠭᠠᠨ ᠬᠥᠮᠥᠵᠢᠭᠦᠯᠬᠦ ᠵᠡᠷᠭᠡ ᠠᠵᠢᠯ᠎ᠤᠨ ᠲᠣᠬᠢᠷᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠤᠷᠤᠯᠴᠠᠬᠤ ᠪᠠᠢᠴᠠᠭᠠᠨ ᠵᠠᠯᠠᠷᠠᠭᠤᠯᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠤᠭᠣᠳᠴᠤ ᠪᠠᠢᠭᠠᠳ 《ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠦᠨᠡᠨ᠎ᠡᠴᠡ ᠵᠥᠪ᠎ᠢ ᠡᠷᠢᠵᠦ᠂ ᠪᠣᠳᠠᠳᠠᠢ ᠵᠢ ᠡᠷᠬᠢᠮᠯᠠᠵᠦ᠂ ᠦᠢᠯᠡᠳᠦᠯᠬᠡ᠂ ᠠᠷᠠᠳ ᠲᠦᠮᠡᠨ᠂ ᠲᠡᠣᠬᠡ ᠵᠢᠨ ᠰᠢᠯᠭᠠᠯᠳᠠ ᠵᠢ ᠲᠠᠭᠠᠭᠠᠵᠦ ᠲᠡᠢᠯᠬᠦ ᠪᠣᠳᠠᠳᠣ ᠠᠮᠵᠢᠯᠳᠠ ᠵᠢ ᠴᠢᠷᠮᠠᠢᠨ ᠡᠬᠦᠳᠪᠡ᠃ ᠬᠠᠭᠠᠰ ᠵᠢᠯ᠎ᠦᠨ ᠲᠤᠷᠰᠢ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠂ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠵᠢᠱ᠌ᠢᠭᠰᠡᠨ ᠬᠠᠷᠠᠯᠲᠠ᠎ᠳᠠᠭᠠᠨ ᠬᠥᠷᠴᠤ᠂ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷᠴᠤᠳ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢᠨ ᠲᠠᠨᠢᠯᠲᠠ ᠪᠠ ᠣᠢᠯᠠᠭᠠᠯᠲᠠ᠎ᠪᠠᠨ ᠭᠦᠨᠵᠡᠭᠡᠢᠷᠡᠭᠦᠯᠵᠦ᠂ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ ᠣᠢᠯᠠᠭᠠᠭᠳᠠᠬᠤᠨ᠎ᠢ ᠴᠢᠩᠭᠠᠳᠬᠠᠪᠠ᠂ ᠨᠢᠭᠡ ᠪᠦᠯᠦᠭ ᠵᠠᠰᠠᠭ᠎ᠦᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠦᠷᠢᠶ᠎ᠡ ᠵᠢᠨ ᠠᠰᠠᠭᠤᠳᠠᠯ᠎ᠢ ᠪᠦᠲᠦᠮᠵᠢᠲᠡᠢ ᠰᠢᠢᠳᠪᠦᠷᠢᠯᠡᠵᠦ᠂ ᠨᠠᠮᠴᠢ ᠴᠢᠨᠠᠷ᠎ᠤᠨ ᠪᠣᠯᠪᠠᠰᠤᠷᠠᠯ᠎ᠢ ᠦᠨᠡᠨ ᠬᠦ᠌ ᠴᠢᠩᠭᠠᠳᠬᠠᠵᠦ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠵᠠᠰᠠᠭ ᠶᠠᠪᠤᠭᠤᠯᠬᠤ ᠦᠢᠯᠡ ᠠᠵᠢᠯᠯᠠᠭ᠎ᠠ᠎ᠶᠢ ᠤᠯᠠᠮ ᠨᠢᠭᠡ ᠠᠯᠬᠤᠮ ᠵᠢᠷᠤᠮᠵᠢᠭᠤᠯᠵᠦ᠂ ᠣᠷᠣᠨ ᠨᠤᠲᠤᠭ᠎ᠤᠨ ᠡᠯ᠎ᠡ ᠱᠠᠲᠤᠨ᠎ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ᠎ᠳᠤ ᠰᠠᠢᠨ ᠰᠠᠢᠬᠠᠨ ᠦᠵᠡᠯ ᠰᠠᠨᠠᠭ᠎ᠠ ᠤᠯᠤᠰ ᠲᠥᠷᠥ᠎ᠶᠢᠨ ᠰᠠᠭᠤᠷᠢ ᠶᠢ ᠲᠠᠯᠪᠢᠵᠤ ᠥᠭᠴᠡᠢ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ ᠵᠢᠨ ᠡᠬᠢᠯᠡᠯᠲᠡ᠎ᠶᠢᠨ ᠡᠯ᠎ᠡ ᠵᠦᠢᠯ᠎ᠦᠨ ᠠᠵᠢᠯ᠎ᠢ ᠬᠦᠴᠦᠲᠡᠢ ᠠᠬᠢᠭᠤᠯᠵᠦ᠂ ᠨᠠᠮ᠎ᠤᠨ ᠳᠣᠲᠣᠭᠠᠳᠤ᠎ᠶᠢᠨ ᠲᠥᠪᠯᠡᠷᠡᠩᠭᠦᠢ ᠬᠥᠮᠦᠵᠢᠯ᠎ᠦᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠪᠡ᠃
ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ᠎ᠶᠢᠨ ᠵᠦᠷᠢᠶ᠎ᠡ ᠵᠢ ᠵᠠᠯᠠᠷᠠᠭᠤᠯᠬᠤ᠎ᠶᠢᠨ ᠤᠷᠳᠤ ᠬᠤᠭᠤᠴᠠᠭᠠᠲᠤ ᠴᠢᠨᠠᠷ ᠨᠢ ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ᠎ᠶᠢᠨ ᠬᠥᠮᠦᠵᠢᠯ᠎ᠢ ᠪᠠᠢᠩᠭᠤ᠎ᠶᠢᠨ ᠴᠢᠨᠠᠷᠲᠠᠢ ᠥᠷᠨᠢᠭᠦᠯᠬᠦ᠎ᠶᠢᠨ ᠴᠢᠬᠤᠯᠠ ᠴᠢᠨᠠᠷ᠎ᠢ ᠲᠣᠭᠲᠠᠭᠠᠵᠠᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠳᠦ ᠰᠢᠢᠳᠪᠦᠷᠢᠯᠡᠭᠴᠢ ᠴᠢᠨᠠᠷ ᠲᠠᠢ ᠦᠢᠯᠡᠳᠦᠯ ᠦᠵᠡᠬᠦᠯᠬᠦ ᠨᠢ ᠨᠠᠮᠴᠢ ᠴᠢᠨᠠᠷ ᠪᠤᠯᠤᠨ᠎ᠠ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠵᠥᠷᠢᠶ᠎ᠡ ᠪᠣᠯ ᠮᠥᠨ ᠴᠢᠨᠠᠷ ᠳᠡᠭᠡᠷ᠎ᠡ᠎ᠪᠡᠨ ᠨᠠᠮᠴᠢ ᠴᠢᠨᠠᠷ ᠴᠡᠪᠡᠷ ᠪᠤᠰᠤ ᠪᠠᠢᠬᠤ᠎ᠶᠢᠨ ᠢᠯᠡᠷᠡᠯ ᠮᠥᠨ᠃ ᠺᠠᠳ᠋ᠷ᠎ᠤᠨ ᠨᠠᠮᠴᠢ ᠴᠢᠨᠠᠷ᠎ᠤᠨ ᠪᠣᠯᠪᠠᠰᠤᠷᠠᠯ᠂ ᠦᠵᠡᠯ ᠰᠠᠨᠠᠭ᠎ᠠ ᠤᠬᠠᠮᠰᠠᠷ᠂ ᠶᠣᠰᠣ᠌ ᠮᠣᠷᠠᠯ᠎ᠤᠨ ᠲᠦᠪᠰᠢᠨ ᠨᠢ ᠨᠠᠮ᠎ᠳᠤ ᠡᠯᠰᠡᠭᠳᠡᠭᠰᠡᠨ ᠣᠨ ᠵᠢᠯ᠎ᠦᠨ ᠬᠤᠷᠠᠮᠳᠤᠬᠤ᠎ᠶᠢ ᠳᠠᠭᠠᠯᠳᠤᠨ ᠠᠶᠠᠨᠳᠠᠭᠠᠨ ᠳᠡᠭᠡᠭᠰᠢᠯᠡᠬᠦ ᠪᠢᠰᠢ᠂ ᠲᠤᠰᠢᠶᠠᠯ ᠳᠡᠪᠰᠢᠬᠦ᠎ᠶᠢᠨ ᠳᠠᠭᠠᠤ ᠠᠶᠠᠨᠳᠠᠭᠠᠨ ᠳᠡᠭᠡᠭᠰᠢᠯᠡᠬᠦ ᠴᠦ᠍ ᠪᠢᠰᠢ᠂ ᠬᠠᠷᠢᠨ ᠨᠠᠰᠤᠨ ᠲᠤᠷᠰᠢᠲᠠ ᠵᠢᠨ ᠴᠢᠷᠮᠠᠢᠯᠭ᠎ᠠ ᠴᠢᠬᠤᠯᠠᠲᠠᠢ ᠶᠤᠮ᠃ ᠡᠨᠡ ᠤᠳᠠᠭᠠᠨ ᠤ ᠰᠤᠷᠤᠯᠴᠠᠯᠭ᠎ᠠ ᠬᠥᠮᠦᠵᠢᠯ ᠨᠢ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠨᠠᠮᠴᠢ ᠴᠢᠨᠠᠷ᠎ᠤᠨ ᠪᠣᠯᠪᠠᠰᠤᠷᠠᠯ᠎ᠢ ᠬᠦᠴᠦᠲᠡᠢ ᠳᠡᠭᠡᠭᠰᠢᠯᠡᠭᠦᠯᠵᠦ᠂ ᠨᠢᠭᠡ ᠪᠦᠯᠦᠭ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠦᠷᠢᠶ᠎ᠡ ᠲᠣᠪᠣᠢᠮ᠎ᠠ ᠠᠰᠠᠭᠤᠳᠠᠯ᠎ᠢ ᠵᠠᠯᠠᠷᠠᠭᠤᠯᠪᠠ᠂ ᠭᠡᠪᠡᠴᠦ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠲᠣᠬᠠᠢ ᠬᠡᠯᠪᠡᠢᠬᠦᠦ ᠦᠵᠡᠯᠳᠡ ᠨᠢ ᠮᠤᠵᠢᠭᠤᠳᠠ ᠴᠢᠨᠠᠷ ᠪᠠ ᠲᠠᠬᠢᠨ ᠳᠠᠪᠲᠠᠬᠤ ᠴᠢᠨᠠᠷᠲᠠᠢ ᠪᠠᠢᠳᠠᠭ ᠪᠣᠯᠬᠣᠷ ᠵᠠᠯᠠᠷᠠᠭᠣᠯᠣᠨ ᠵᠠᠰᠠᠬᠣ᠎ᠳᠦ ᠨᠢᠬᠡ ᠯᠡ ᠣᠳᠠᠭ᠎ᠠ ᠲᠡᠭᠡᠷ᠎ᠡ ᠪᠦᠬᠦᠨ᠎ᠢ ᠴᠡᠭᠴᠡᠯᠡᠨ ᠵᠠᠰᠠᠵᠦ ᠲᠡᠢᠯᠬᠦ ᠦᠬᠡᠢ ᠶᠣᠮ᠃ ᠶᠠᠭᠠᠷᠠᠵᠤ ᠪᠠᠴᠢᠮᠳᠠᠬᠤ᠂ ᠠᠪᠤᠨ ᠳᠣᠣᠷ᠎ᠠ᠎ᠪᠠᠨ ᠠᠰᠢᠭ᠋ ᠣᠯᠬᠤ᠎ᠶᠢ ᠬᠥᠭᠡᠭᠡᠴᠡᠯᠳᠦᠬᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠰᠣᠬᠣᠷ ᠪᠠᠯᠠᠢ᠎ᠪᠠᠷ ᠬᠢᠬᠦ ᠵᠡᠷᠭᠡ ᠦᠵᠡᠭᠳᠡᠯ ᠵᠠᠷᠢᠮ ᠭᠠᠵᠠᠷ ᠣᠷᠣᠨ᠎ᠳᠤ ᠮᠥᠨ ᠯᠡ ᠠᠳᠠᠯᠢ ᠪᠤᠰᠤ ᠬᠡᠮᠵᠢᠶ᠎ᠡ᠎ᠪᠡᠷ ᠣᠷᠣᠰᠢᠵᠤ᠂ 《ᠳᠦᠷᠢ ᠲᠥᠷᠬᠦ᠎ᠶᠢᠨ ᠢᠨᠵᠧᠨᠧᠷᠢᠩ》᠂ 《ᠵᠠᠰᠠᠭ᠎ᠤᠨ ᠠᠵᠢᠯ᠎ᠤᠨ ᠪᠦᠳᠦᠮᠵᠢ᠎ᠶᠢᠨ ᠢᠨᠵᠧᠨᠧᠷᠢᠩ》 ᠬᠢᠬᠦ ᠵᠡᠷᠭᠡ ᠠᠰᠠᠭᠤᠳᠠᠯ᠎ᠢ ᠪᠠᠰᠠ ᠲᠤᠢᠯᠪᠤᠷᠢᠲᠠᠢ ᠠᠷᠢᠯᠭᠠᠭᠠᠳᠤᠢ ᠪᠠᠢᠨ᠎ᠠ᠃ ᠰᠤᠷᠤᠯᠴᠠᠯᠭ᠎ᠠ ᠬᠥᠮᠦᠵᠢᠯ ᠦᠨᠳᠦᠰᠦᠨ᠎ᠳᠡᠭᠡᠨ ᠳᠠᠭᠤᠰᠤᠭᠰᠠᠨ᠎ᠤ ᠳᠠᠷᠠᠭ᠎ᠠ᠂ ᠰᠤᠷᠭᠠᠨ ᠬᠥᠮᠦᠵᠢᠯ ᠳᠠᠭᠠᠯᠳᠤᠨ ᠰᠤᠯᠠᠷᠠᠬᠤ᠎ᠳᠦ ᠬᠦᠷᠪᠡᠯ᠂ ᠦᠵᠡᠯ ᠰᠠᠨᠠᠭᠠᠨ᠎ᠤ ᠲᠠᠯ᠎ᠠ᠎ᠪᠠᠷ᠂ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠰᠣᠯᠠᠷᠠᠵᠦ᠂ ᠨᠢᠭᠡᠨᠲᠡ ᠵᠠᠯᠠᠷᠠᠭᠤᠯᠤᠨ ᠵᠠᠰᠠᠭᠰᠠᠨ ᠠᠰᠠᠭᠤᠳᠠᠯ ᠳᠠᠬᠢᠨ ᠰᠡᠷᠭᠦᠵᠦ ᠮᠡᠳᠡᠨ᠎ᠡ᠃ ᠲᠥᠪᠯᠡᠷᠡᠩᠭᠦᠢ ᠰᠤᠷᠤᠯᠴᠠᠯᠭ᠎ᠠ ᠬᠥᠮᠦᠵᠢᠯ᠎ᠦᠨ ᠭᠣᠣᠯᠳᠠᠯᠭ᠎ᠠ ᠨᠢ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠵᠦ᠂ ᠦᠵᠡᠯ ᠰᠠᠨᠠᠭ᠎ᠠ ᠤᠬᠠᠮᠰᠠᠷ᠂ ᠦᠵᠡᠯ ᠰᠠᠨᠠᠭᠠᠨ᠎ᠤ ᠳᠠᠪᠲᠠᠯᠲᠠ᠂ ᠨᠠᠮᠴᠢ ᠴᠢᠨᠠᠷ ᠤᠨ ᠳᠠᠪᠲᠠᠯᠲᠠ᠂ ᠰᠤᠷᠲᠠᠯ᠎ᠢ ᠪᠦᠷᠢᠯᠳᠦᠭᠦᠯᠬᠦ᠎ᠳᠦ ᠡᠷᠬᠡᠪᠰᠢ ᠤᠳᠠᠭᠠᠨ ᠡᠳᠦᠷ ᠵᠤᠵᠠᠭᠠᠨ ᠬᠣᠨᠣᠭ᠎ᠢᠶᠠᠷ ᠬᠤᠷᠠᠮᠳᠤᠭᠤᠯᠵᠤ᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ᠃ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠪᠣᠯ ᠨᠠᠮ᠎ᠤᠨ ᠭᠡᠰᠢᠭᠦᠨ᠂ ᠺᠠᠳ᠋ᠷᠴᠤᠳ᠎ᠤᠨ ᠨᠠᠰᠤᠨ ᠲᠤᠷᠰᠢᠲᠠ᠎ᠶᠢᠨ ᠰᠡᠳᠦᠪ ᠮᠥᠨ᠂ ᠡᠷᠬᠡᠪᠰᠢ ᠪᠠᠢᠩᠭᠣ ᠠᠳᠬᠣᠵᠦ᠂ ᠠᠰᠠᠭᠣᠳᠠᠯ᠎ᠦᠨ ᠲᠠᠬᠢᠨ ᠲᠠᠪᠳᠠᠨ ᠢᠯᠡᠷᠡᠬᠦ ᠵᠢ ᠰᠡᠷᠭᠡᠢᠯᠡᠬᠦ ᠬᠡᠷᠡᠭᠲᠡᠢ᠃
ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠎ᠳᠤ ᠠᠵᠢᠯ ᠤᠨ ᠪᠦᠲᠦᠮᠵᠢ᠎ᠶᠢᠨ ᠦᠵᠡᠯᠲᠡ᠎ᠶᠢᠨ ᠬᠥᠮᠦᠵᠢᠯ᠎ᠢ ᠪᠠᠢᠩᠭᠤ᠎ᠶᠢᠨ ᠴᠢᠨᠠᠷᠲᠠᠢ ᠥᠷᠨᠢᠭᠦᠯᠬᠦ ᠪᠡᠷ ᠪᠠᠲᠤᠯᠠᠭ᠎ᠠ ᠪᠣᠯᠭᠠᠬᠤ ᠬᠡᠷᠡᠭᠲᠡᠢ᠃ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠨᠡᠢᠭᠡᠮ ᠵᠢᠷᠤᠮᠳᠦ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠶ᠋ᠢᠭᠤᠯᠬᠤ ᠠᠤᠭ᠎ᠠ ᠲᠥᠰᠥᠪ᠎ᠢ ᠵᠢᠷᠤᠭᠯᠠᠵᠦ ᠦᠭᠪᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ ᠪᠣᠯᠣᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠰᠢᠰᠲᠧᠮ᠎ᠲᠠᠢ ᠲᠥᠰᠥᠪᠯᠡᠵᠦ ᠦᠭᠪᠡ᠂ ᠢᠷᠡᠭᠡᠳᠦᠢ ᠭᠡᠭᠡᠨ ᠰᠠᠷᠠᠭᠤᠯ᠂ ᠡᠭᠦᠷᠭᠡ ᠬᠦᠨᠳᠦ ᠵᠠᠮ ᠬᠤᠯᠠ ᠪᠠᠢᠨ᠎ᠠ᠃ ᠭᠠᠭᠴᠠ ᠬᠦ᠌ ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ᠎ᠶᠢᠨ ᠬᠥᠮᠦᠵᠢᠯ᠎ᠢ ᠪᠠᠢᠩᠭᠤ᠎ᠶᠢᠨ ᠴᠢᠨᠠᠷᠲᠠᠢ ᠥᠷᠨᠢᠭᠦᠯᠳᠡᠭ ᠯᠡ ᠶᠤᠮ ᠪᠣᠯ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ ᠰᠠᠶᠢ ᠠᠯᠪᠠᠨ᠎ᠤ ᠪᠠ ᠬᠤᠪᠢ᠎ᠶᠢᠨ ᠬᠠᠷᠢᠴᠠᠭ᠎ᠠ᠎ᠶᠢ ᠴᠠᠭ ᠢᠮᠠᠭᠲᠠ ᠰᠠᠢᠲᠤᠷ ᠰᠢᠢᠳᠪᠦᠷᠢᠯᠡᠵᠦ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠴᠢᠩᠭᠠᠳᠬᠠᠵᠤ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠵᠦ᠂ ᠦᠨᠡᠨ ᠰᠡᠳᠬᠢᠯ᠎ᠡᠴᠡ᠎ᠪᠡᠨ ᠨᠠᠮ ᠪᠠ ᠠᠷᠠᠳ ᠲᠦᠮᠡᠨ᠎ᠦ ᠦᠢᠯᠡᠰ᠎ᠦᠨ ᠲᠥᠯᠥᠭᠡ ᠲᠡᠮᠡᠴᠡᠵᠦ᠂ ᠬᠠᠮᠲᠤ᠎ᠶᠢᠨ ᠲᠥᠯᠥᠭᠡ ᠭᠣᠶᠠᠴᠢ ᠦᠭᠡᠢ᠂ ᠠᠯᠪᠠᠨ᠎ᠤ ᠪᠠ ᠬᠤᠪᠢ᠎ᠶᠢᠨ ᠬᠢ᠎ᠶᠢ ᠲᠣᠳᠣᠷᠬᠠᠢ ᠢᠯᠭᠠᠵᠤ᠂ ᠨᠡᠶ᠋ᠢᠲᠡ᠎ᠶᠢᠨ ᠬᠢ᠎ᠶᠢ ᠤᠷᠢᠳ ᠵᠢᠡᠷ ᠬᠤᠪᠢ᠎ᠶᠢᠨ ᠬᠢ᠎ᠶᠢ ᠲᠠᠷᠠᠭ᠎ᠠ ᠳ᠋ᠤᠨᠢ ᠰᠢᠢᠳᠪᠦᠷᠢᠯᠡᠵᠦ᠂ ᠠᠯᠪᠠᠨ᠎ᠤ ᠬᠢ᠎ᠶᠢ ᠤᠷᠢᠳ ᠵᠢᠡᠷ ᠪᠤᠳᠤᠯᠬᠢᠯᠠᠨ ᠬᠤᠪᠢᠨ᠎ᠤ ᠬᠢ᠎ᠶᠢ ᠤᠮᠠᠷᠲᠠᠨ᠂ ᠤᠯᠤᠰ ᠲᠦᠷᠦ᠎ᠶᠢᠨ ᠵᠥᠪ ᠴᠢᠭᠯᠡᠯ᠎ᠢ ᠪᠠᠷᠢᠮᠲᠠᠯᠠᠵᠤ᠂ ᠢᠯᠠᠯᠲᠠ ᠣᠯᠣᠭᠰᠠᠨ ᠵᠢᠴᠢ ᠤᠷᠤᠭᠰᠢᠲᠠᠢ ᠦᠶ᠎ᠡ᠎ᠳᠦ ᠣᠮᠣᠷᠬᠠᠭᠯᠠᠬᠤ ᠦᠭᠡᠢ ᠪᠠᠷᠳᠠᠮᠨᠠᠬᠣ ᠦᠬᠡᠢ ᠪᠠᠢᠵᠤ᠂ ᠬᠦᠴᠢᠷ ᠪᠡᠷᠬᠡᠰᠢᠶᠡᠯᠳᠦ ᠣᠴᠠᠷᠠᠬᠣ ᠪᠠ ᠣᠷᠣᠭᠣᠳᠠᠬᠰᠠᠨ ᠦᠶ᠎ᠡ᠎ᠳᠦ ᠨᠠᠵᠠᠭᠠᠢᠷᠠᠬᠤ ᠦᠭᠡᠢ ᠭᠤᠢᠪᠢᠯᠵᠠᠬᠤ ᠦᠭᠡᠢ ᠪᠠᠢᠵᠤ᠂ ᠡᠯ᠎ᠡ ᠵᠦᠢᠯ᠎ᠦᠨ ᠠᠶᠤᠯ ᠲᠦᠭᠰᠢᠭᠦᠷᠢ ᠪᠠ ᠬᠦᠴᠢᠷ ᠪᠡᠷᠬᠡᠰᠢᠶᠡᠯ᠎ᠦᠨ ᠰᠢᠯᠭᠠᠯᠲᠠ᠎ᠶᠢ ᠳᠠᠭᠠᠭᠠᠵᠤ᠂ ᠡᠯ᠎ᠡ ᠵᠦᠢᠯ᠎ᠦᠨ ᠢᠯᠵᠢᠷᠠᠮᠠᠯ ᠦᠵᠡᠯ ᠰᠠᠨᠠᠭᠠᠨ᠎ᠤ ᠢᠳᠡᠭᠳᠡᠯ᠎ᠢ ᠬᠣᠷᠢᠭᠯᠠᠵᠦ ᠴᠢᠳᠠᠬᠣ ᠪᠣᠯᠣᠨ᠎ᠠ᠃ ᠰᠠᠶᠢ ᠢᠯᠠ ᠭᠠᠪᠢᠶ᠎ᠠ ᠪᠠ ᠲᠠᠯᠳᠠ ᠭᠠᠪᠢᠶ᠎ᠠ᠎ᠶᠢᠨ ᠬᠠᠷᠢᠴᠠᠭ᠎ᠠ᠎ᠶᠢ ᠴᠠᠭ ᠢᠮᠠᠭᠲᠠ ᠰᠠᠢᠲᠤᠷ ᠰᠢᠢᠳᠪᠦᠷᠢᠯᠡᠵᠦ᠂ 《ᠠᠮᠵᠢᠯᠲᠠ ᠠᠨ᠎ᠤ ᠭᠠᠭᠴᠠ ᠮᠢᠨᠤ ᠭᠠᠪᠢᠶ᠎ᠠ ᠪᠤᠰᠤ》 ᠤᠶᠤᠨ ᠰᠠᠨᠠᠭᠠᠨ᠎ᠤ ᠪᠠᠢᠳᠠᠯ ᠪᠠ 《ᠠᠮᠵᠢᠯᠲᠠ ᠣᠯᠬᠤ᠎ᠳᠤ ᠯᠠᠪᠲᠠᠢ ᠪᠢ ᠪᠠᠢᠬᠤ》 ᠲᠡᠦᠬᠡ᠎ᠶᠢᠨ ᠡᠭᠦᠷᠭᠡᠯᠡᠯ᠎ᠢᠶᠡᠷ᠂ ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠬᠤ᠂ ᠨᠢᠭᠡ ᠨᠢᠭᠡ ᠶᠠᠪᠤᠳᠠᠯ᠎ᠢᠶᠠᠷ ᠰᠢᠢᠳᠪᠦᠷᠢᠯᠡᠬᠦ᠎ᠶᠢ ᠪᠠᠷᠢᠮᠲᠠᠯᠠᠵᠤ᠂ ᠠᠵᠢᠯ᠎ᠢᠶᠠᠨ ᠵᠣᠷᠢᠭ᠍ᠲᠠᠢ ᠥᠷᠨᠢᠭᠦᠯᠵᠦ᠂ ᠵᠣᠷᠢᠭ᠍ᠲᠠᠢ᠎ᠪᠠᠷ ᠤᠷᠤᠭᠰᠢᠯᠠᠨ ᠲᠠᠪᠰᠢᠬᠤ᠎ᠶᠢᠨ ᠵᠡᠷᠭᠡ᠎ᠪᠡᠷ ᠶᠡᠬᠡ ᠲᠠᠯ᠎ᠠ᠎ᠶᠢᠨ ᠲᠣᠭᠲᠠᠭᠤᠨ ᠪᠠ ᠠᠵᠢᠯ᠎ᠤᠨ ᠦᠷᠭᠦᠯᠵᠢᠯᠡᠬᠦ ᠴᠢᠨᠠᠷ᠎ᠢ ᠪᠠᠲᠤᠯᠠᠵᠤ᠂ ᠳᠡᠩᠰᠡᠯᠭᠡᠬᠦ ᠦᠭᠡᠢ᠂ ᠲᠠᠬᠢᠨ ᠳᠠᠪᠲᠠᠬᠤ ᠦᠭᠡᠢ ᠪᠠᠢᠵᠤ᠂ ᠲᠡᠦᠬᠡ ᠪᠠ ᠠᠷᠠᠳ ᠲᠦᠮᠡᠨ᠎ᠳᠦ ᠬᠠᠷᠢᠭᠤᠴᠠᠬᠤ᠎ᠶᠢ ᠴᠢᠷᠮᠠᠢᠨ ᠪᠡᠶᠡᠯᠡᠭᠦᠯᠵᠦ᠂ ᠡᠴᠦᠰ᠎ᠲᠡᠬᠡᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠢ ᠲᠠᠰᠤᠷᠠᠯᠳᠠ ᠦᠭᠡᠢ ᠤᠷᠤᠭ᠍ᠰᠢ ᠠᠬᠢᠭᠤᠯᠵᠤ ᠴᠢᠳᠠᠨ᠎ᠠ᠃
ᠠᠵᠢᠯ᠎ᠤᠨ ᠪᠦᠳᠦᠮᠵᠢ᠎ᠶᠢᠨ ᠦᠵᠡᠯᠲᠡ᠎ᠶᠢᠨ ᠬᠥᠮᠦᠵᠢᠯ᠎ᠢ ᠪᠠᠢᠩᠭᠤ᠎ᠶᠢᠨ ᠴᠢᠨᠠᠷᠲᠠᠢ ᠥᠷᠨᠢᠭᠦᠯᠬᠦ᠎ᠶᠢᠨ ᠵᠠᠩᠭᠢᠯᠠᠭ᠎ᠠ ᠨᠢ ᠤᠨᠤᠯ᠎ᠢᠶᠠᠷ ᠵᠡᠪᠰᠡᠭᠯᠡᠬᠦ᠎ᠶᠢ ᠴᠢᠩᠭᠠᠳᠬᠠᠵᠤ᠂ ᠰᠣᠩᠭᠣᠨ ᠪᠣᠢᠵᠢᠭᠤᠯᠬᠤ᠎ᠶᠢ ᠲᠤᠭᠤᠰᠢᠯᠠᠭᠤᠯᠤᠨ ᠬᠡᠷᠡᠭᠯᠡᠵᠦ᠂ ᠵᠠᠩᠭᠢᠯᠠᠭ᠎ᠠ᠎ᠶᠢᠨ ᠴᠥᠭᠡᠨ ᠲᠣᠭᠠᠲᠠᠨ ᠢ ᠲᠤᠪᠤᠢ᠍ᠢᠯᠭᠠᠵᠤ᠂ ᠳᠦᠷᠢᠮ ᠲᠣᠭᠲᠠᠴᠠ᠎ᠶᠢ ᠪᠦᠷᠢᠨᠰᠢᠭᠦᠯᠬᠦ᠎ᠳᠦ ᠪᠠᠢᠨ᠎ᠠ᠃ ᠨᠠᠮ᠎ᠤᠨ ᠰᠢᠨ᠎ᠡ᠎ᠡᠬᠦᠳᠦᠯᠳᠡ ᠵᠢᠨ ᠤᠨᠤᠯ᠎ᠢᠶᠠᠷ ᠵᠡᠪᠰᠡᠭᠯᠡᠬᠦ᠎ᠶᠢ ᠴᠥᠬᠥᠷᠡᠰᠢ ᠦᠭᠡᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ ᠢ ᠪᠡᠬᠢᠵᠢᠭᠦᠯᠦᠨ ᠥᠷᠭᠡᠳᠬᠡᠬᠦ ᠬᠡᠷᠡᠭᠲᠡᠢ᠃ ᠣᠷᠣᠨ ᠨᠤᠲᠤᠭ᠎ᠤᠨ ᠨᠠᠮ ᠵᠠᠰᠠᠭ᠎ᠤᠨ ᠵᠢᠩᠬᠢᠨᠢ ᠲᠤᠰᠢᠶᠠᠯᠳᠠᠨ᠂ ᠰᠢᠨ᠎ᠡ᠎ᠪᠡᠷ ᠳᠡᠪᠰᠢᠭᠦᠯᠦᠭᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ᠎ᠶᠢᠨ ᠠᠵᠢᠯ᠎ᠤᠨ ᠪᠠᠢᠷᠢ᠎ᠶᠢᠨ ᠺᠠᠳ᠋ᠷ᠎ᠤᠨ ᠬᠥᠮᠦᠵᠢᠯ ᠪᠣᠯᠪᠠᠰᠤᠷᠠᠯ᠎ᠢ ᠭᠣᠣᠯᠳᠠᠯᠭ᠎ᠠ᠎ᠲᠠᠢ ᠰᠠᠢᠲᠤᠷ ᠠᠳᠬᠤᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ᠡᠰᠡᠷᠭᠦ ᠲᠠᠯ᠎ᠠ᠎ᠶᠢᠨ ᠰᠡᠷᠡᠮᠵᠢᠯᠡᠭᠦᠯᠦᠯ᠎ᠢ ᠴᠢᠩᠭᠠᠳᠬᠠᠵᠤ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠪᠡᠷ ᠢᠮᠠᠭᠲᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠪᠣᠯᠭᠠᠨ᠎ᠠ᠃ ᠪᠠᠢᠩᠭᠤᠵᠢᠭᠤᠯᠤᠨ ᠠᠰᠠᠭᠤᠳᠠᠯ᠎ᠢ ᠪᠠᠢᠴᠠᠭᠠᠨ ᠵᠠᠯᠠᠷᠠᠭᠤᠯᠬᠤ᠎ᠶᠢ ᠪᠠᠷᠢᠮᠲᠠᠯᠠᠵᠤ᠂ ᠣᠷᠳᠣ᠌ ᠬᠤᠭᠤᠴᠠᠭ᠎ᠠ᠎ᠪᠠᠷ ᠴᠡᠭᠴᠡᠯᠡᠨ ᠰᠠᠢᠵᠢᠷᠠᠭᠤᠯᠬᠤ ᠴᠢᠬᠤᠯᠠᠲᠠᠢ ᠠᠵᠢᠯ᠎ᠤᠨ ᠪᠦᠲᠦᠮᠵᠢ ᠵᠢᠨ ᠦᠵᠡᠯᠲᠡ ᠵᠢᠨ ᠬᠡᠯᠪᠡᠢᠭᠰᠡᠨ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠂ ᠦᠷ᠎ᠡ ᠪᠦᠲᠦᠮᠵᠢ᠎ᠶᠢ ᠨᠢ ᠮᠦᠷᠳᠡᠨ ᠠᠰᠠᠭᠣᠵᠦ᠂ ᠰᠢᠨ᠎ᠡ ᠳᠠᠷᠤᠭ᠎ᠠ ᠬᠠᠭᠤᠴᠢᠨ ᠲᠠᠩᠰᠠ᠎ᠶᠢ ᠥᠯᠥ ᠬᠠᠮᠢᠶᠠᠷᠬᠤ ᠵᠢ ᠴᠡᠭᠴᠡᠯᠡᠨ ᠰᠠᠢᠵᠢᠷᠠᠭᠤᠯᠬᠤ᠎ᠶᠢ ᠭᠦᠨᠵᠡᠭᠡᠢᠷᠡᠭᠦᠯᠪᠡ᠃ ᠲᠣᠭᠣᠷᠢᠨ ᠪᠠᠢᠴᠠᠭᠠᠬᠤ ᠴᠠᠭᠳᠠᠨ ᠪᠠᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ᠂ ᠪᠦᠷᠢᠳᠬᠡᠵᠦ ᠬᠢᠨᠠᠯᠲᠠ ᠲᠠᠯᠪᠢᠬᠤ ᠵᠡᠷᠭᠡ ᠲᠠᠢ ᠤᠶᠠᠯᠳᠤᠭᠤᠯᠤᠨ ᠠᠰᠠᠭᠤᠳᠠᠯ᠎ᠢ ᠨᠠᠷᠢᠯᠢᠭ᠋ ᠣᠨᠣᠪᠴᠢᠲᠠᠶ ᠢᠯᠡᠷᠡᠭᠦᠯᠵᠦ᠂ ᠴᠢᠭᠯᠡᠬᠦᠯᠦᠯᠳᠤ ᠴᠢᠨᠠᠷ ᠪᠠ ᠨᠡᠪᠲᠡᠯᠬᠦ ᠬᠦᠴᠦᠨ᠎ᠢ ᠴᠢᠩᠭᠠᠳᠬᠠᠵᠤ᠂ ᠴᠡᠭᠴᠡᠯᠡᠨ ᠰᠠᠢᠵᠢᠷᠠᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠢᠨᠠᠨ ᠰᠢᠯᠭᠠᠬᠤ ᠵᠢᠨ ᠣᠳᠣᠷᠢᠳᠣᠮᠵᠢ ᠵᠢᠨ ᠦᠢᠯᠡᠳᠦᠯ᠎ᠢ ᠰᠠᠢᠲᠤᠷ ᠪᠠᠳᠠᠷᠠᠭᠣᠯᠵᠦ᠂ ᠵᠦᠷᠢᠶᠡᠴᠢᠯᠡᠭᠰᠡᠨ ᠬᠢᠨᠠᠨ ᠰᠢᠯᠭᠠᠵᠤ ᠦᠨᠡᠯᠡᠬᠦ ᠰᠢᠰᠲᠧᠮ᠎ᠢ ᠲᠡᠭᠦᠯᠳᠡᠷᠵᠢᠭᠦᠯᠵᠦ᠂ ᠪᠣᠳᠠᠲᠠᠢ ᠠᠵᠢᠯᠯᠠᠬᠤ᠎ᠶᠢ ᠴᠢᠬᠤᠯᠠᠴᠢᠯᠠᠬᠤ ᠪᠣᠳᠠᠲᠤ ᠠᠮᠵᠢᠯᠲᠠ᠎ᠶᠢ ᠴᠢᠬᠤᠯᠠᠴᠢᠯᠠᠬᠤ ᠬᠥᠮᠥᠨ ᠰᠣᠩᠭᠣᠵᠤ ᠬᠥᠮᠥᠨ ᠬᠡᠷᠡᠭᠯᠡᠬᠦ ᠤᠳᠤᠷᠢᠳᠤᠮᠵᠢ᠎ᠶᠢ ᠪᠤᠢ ᠪᠣᠯᠭᠠᠵᠤ᠂ ᠵᠣᠷᠢᠭ᠍ᠲᠠᠢ ᠬᠠᠷᠢᠭᠤᠴᠠᠬᠤ᠂ ᠵᠣᠷᠢᠭ᠍ᠲᠠᠢ ᠡᠭᠦᠷᠭᠡᠯᠡᠬᠦ᠂ ᠴᠢᠳᠠᠮᠠᠭᠠᠢ᠎ᠪᠠᠷ ᠠᠵᠢᠯᠯᠠᠬᠤ᠂ ᠪᠣᠳᠠᠲᠤ ᠠᠮᠵᠢᠯᠲᠠ ᠪᠦᠲᠦᠮᠵᠢ᠎ᠪᠡᠷ ᠲᠣᠪᠣᠢᠮ᠎ᠠ ᠺᠠᠳ᠋ᠷ᠎ᠢ ᠴᠢᠬᠤᠯᠠᠴᠢᠯᠠᠨ ᠬᠡᠷᠡᠭᠯᠡᠨ᠎ᠡ᠃ ᠠᠵᠢᠯ ᠤᠨ ᠪᠦᠲᠦᠮᠵᠢ᠎ᠶᠢᠨ ᠦᠵᠡᠯᠲᠡ᠎ᠶᠢᠨ ᠦᠢᠯᠡ ᠠᠵᠢᠯᠯᠠᠭ᠎ᠠ᠎ᠶᠢᠨ ᠬᠠᠮᠢᠶᠠᠷᠤᠯᠲᠠ ᠬᠢᠨᠠᠯᠲᠠ᠎ᠶᠢ ᠴᠢᠩᠭᠠᠳᠬᠠᠵᠤ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠴᠢᠩᠭ᠎ᠠ ᠬᠡᠷᠡᠭᠵᠢᠭᠦᠯᠦᠨ᠂ ᠤᠳᠤᠷᠢᠳᠬᠤ ᠺᠠᠳ᠋ᠷᠴᠤᠳ ᠲᠠᠢ ᠲᠣᠭᠲᠠᠮᠠᠯ ᠬᠤᠭᠤᠴᠠᠭ᠎ᠠ᠎ᠲᠠᠢ᠎ᠪᠠᠷ ᠶᠠᠷᠢᠯᠴᠠᠨ ᠰᠠᠨᠠᠭᠤᠯᠵᠤ᠂ ᠴᠤᠬᠤᠶ᠋ᠢᠯᠲᠠ᠎ᠶᠢᠨ ᠴᠢᠨᠠᠷᠲᠠᠢ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠦᠨ ᠵᠠᠯᠠᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ᠂ ᠰᠤᠷᠤᠯᠴᠠᠯᠭ᠎ᠠ ᠬᠥᠮᠦᠵᠢᠯ᠎ᠦᠨ 《ᠡᠷᠭᠢᠵᠦ ᠬᠠᠷᠠᠬᠤ》 ᠠᠵᠢᠯ᠎ᠢ ᠰᠠᠢᠲᠤᠷ ᠠᠳᠬᠤᠵᠤ᠂ ᠰᠢᠪᠠᠳᠠᠨ ᠪᠠᠢᠴᠠᠭᠠᠬᠤ᠎ᠶᠢ ᠴᠢᠩᠭᠠᠳᠬᠠᠨ᠂ ᠳᠠᠷᠤᠯᠲᠠ᠎ᠶᠢ ᠪᠦᠲᠦᠮᠵᠢᠲᠡᠢ ᠳᠠᠮᠵᠢᠭᠤᠯᠵᠤ᠂ ᠨᠠᠢᠳᠠᠪᠤᠷᠢᠵᠢᠭᠤᠯᠤᠯᠲᠠ᠎ᠶᠢ ᠱᠠᠲᠤ ᠱᠠᠲᠤ᠎ᠪᠠᠷ ᠠᠬᠢᠭᠤᠯᠤᠨ᠎ᠠ᠃
ᠡᠨᠡ ᠤᠳᠠᠭᠠᠨ᠎ᠤ ᠰᠤᠷᠤᠯᠴᠠᠯᠭ᠎ᠠ ᠬᠥᠮᠦᠵᠢᠯ ᠨᠢ ᠡᠴᠦᠰ᠎ᠦᠨ ᠴᠡᠭ ᠪᠢᠰᠢ ᠬᠠᠷᠢᠨ ᠰᠢᠨ᠎ᠡ ᠡᠬᠢᠯᠡᠯᠲᠡ ᠪᠣᠯᠣᠨ᠎ᠠ᠃ ᠰᠢᠨ᠎ᠡ ᠠᠶᠠᠨ᠎ᠳᠤ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ ᠥᠩᠭᠡᠪᠴᠢ ᠬᠣᠭᠣᠰᠤᠨ ᠶᠠᠷᠢᠭᠠᠳ ᠰᠠᠭᠤᠪᠠᠯ ᠲᠦᠷᠦ ᠭᠦᠷᠦᠨ ᠮᠥᠬᠥᠵᠦ᠂ ᠦᠨᠡᠨ ᠪᠣᠳᠠᠲᠠᠢ ᠠᠵᠢᠯᠯᠠᠪᠠᠯ ᠤᠯᠤᠰ ᠣᠷᠣᠨ ᠮᠠᠨᠳᠤᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠡᠪ ᠬᠠᠮᠲᠤᠴᠤᠳ᠎ᠤᠨ ᠤᠯᠤᠰ ᠲᠦᠷᠦ᠎ᠶᠢᠨ ᠣᠣᠷ ᠴᠢᠨᠠᠷ᠎ᠢᠶᠠᠨ ᠡᠭᠦᠷᠢᠳᠡ ᠬᠠᠳᠠᠭᠠᠯᠠᠵᠤ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠨᠠᠢᠳᠠᠪᠤᠷᠢᠵᠢᠭᠤᠯᠤᠯᠲᠠ᠎ᠶᠢ ᠠᠳᠬᠤᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠡᠷᠡᠯᠬᠡᠭᠯᠡᠨ ᠤᠷᠤᠭᠰᠢᠯᠠᠬᠤ ᠬᠡᠷᠡᠭᠲᠡᠢ᠃
[ᠵᠣᠬᠢᠶᠠᠭ᠍ᠴᠢ ᠵᠢᠨ ᠬᠠᠶᠢᠬ᠄ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ]
— 《ᠭᠤᠸᠠᠩᠮᠢᠩ ᠡᠳᠦᠷ᠎ᠦᠨ ᠰᠤᠨᠢᠨ》 ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃