2026-09-07 16:39:53
ᠨᠡᠯᠢᠶᠡᠳ ᠤᠷᠲᠤ ᠬᠤᠭᠤᠴᠠᠭᠠᠨ ᠤ᠋ ᠲᠤᠷᠰᠢ᠂ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠨᠢ ᠶᠡᠷᠦ ᠳ᠋ᠡᠭᠡᠨ ᠪᠢᠴᠢᠭ᠎ᠤᠨ ᠬᠥᠮᠦᠨ᠎ᠤ 《ᠲᠤᠰᠬᠠᠶ ᠬᠠᠷᠢᠶᠠᠯᠠᠯ》ᠵᠢᠡᠷ ᠦᠵᠡᠭᠳᠡᠵᠦ᠂ ᠰᠣᠨᠢᠷᠬᠠᠬᠤ ᠪᠠ ᠦᠨᠡᠯᠡᠬᠦ ᠳᠤ ᠪᠠᠰᠠ ᠵᠠᠪᠠᠯ ᠵᠣᠬᠢᠬᠤ ᠤᠷᠠᠯᠢᠭ᠋᠎ᠤᠨ ᠪᠣᠯᠪᠠᠰᠤᠷᠠᠯ ᠪᠠ ᠰᠣᠶᠣᠯ᠎ᠤᠨ ᠰᠠᠭᠤᠷᠢ᠎ᠲᠠᠢ ᠪᠠᠶ᠋ᠢᠬᠤ ᠬᠡᠷᠡᠭᠲᠡᠶ ᠬᠡᠮᠡᠭᠳᠡᠵᠤ᠂ ᠨᠢᠭᠡ ᠬᠡᠮᠵᠢᠶᠡᠨ ᠤ᠋《ᠰᠣᠳᠣᠴᠢᠯᠠᠬᠤ》 ᠣᠨᠴᠠᠯᠢᠭ᠋᠎ᠲᠠᠢ ᠪᠠᠢᠪᠠ᠃ ᠡᠭᠦᠨ᠎ᠲᠠᠢ ᠬᠠᠷᠢᠴᠠᠩᠭᠤᠢ ᠨᠡᠢᠭᠡᠮ ᠤ᠋ᠨ ᠤᠷᠤᠨ ᠵᠠᠢ ᠳ᠋ᠥ᠂ ᠥᠷᠭᠡᠨ ᠣᠯᠠᠨ ᠠᠷᠠᠳ ᠲᠦᠮᠡᠨ ᠦᠪᠡᠷ ᠤ᠋ᠨ ᠡᠳᠦᠷ ᠲᠤᠲᠤᠮ᠎ᠤᠨ ᠠᠮᠢᠳᠤᠷᠠᠯ ᠳᠤᠮᠳᠠᠬᠢ ᠬᠠᠮᠤᠭ ᠤ᠋ᠨ ᠳᠦᠭᠦᠮ ᠤᠢᠯᠠᠭᠠᠮᠵᠢᠲᠠᠢ ᠠᠮᠢᠳᠤᠯᠢᠭ᠋ ᠦᠭᠡ ᠬᠡᠯᠡ᠂ ᠰᠤᠷᠬᠤᠢ ᠳ᠋ᠤᠷ ᠬᠢᠯᠪᠠᠷ ᠳᠤᠮᠤᠭ ᠦᠯᠢᠭᠡᠷ᠂ ᠠᠮᠠᠨ ᠶᠠᠷᠢᠶ᠎ᠡ ᠵᠡᠷᠭᠡ ᠠ᠋ᠴᠠ ᠪᠠᠨ ᠰᠡᠳᠦᠪ ᠰᠦᠪᠡᠭᠴᠢ ᠠᠪᠴᠦ᠂ ᠠᠷᠠᠳ᠎ᠤᠨ ᠳᠠᠭᠤᠤ᠂ ᠦᠯᠢᠭᠡᠷ᠂ ᠰᠢ ᠵᠦᠴᠦᠭᠡ᠂ ᠵᠦᠢᠷ ᠦᠭᠡ᠂ ᠱᠣᠭ ᠶᠠᠷᠢᠶ᠎ᠠ ᠵᠡᠷᠭᠡ ᠤᠳᠬ᠎ᠠ ᠤᠷᠠᠯᠢᠭ᠋᠎ᠤᠨ ᠪᠦᠲᠦᠭᠡᠯ᠎ᠢ ᠠᠶᠠᠨᠳᠠᠭᠠᠨ ᠵᠣᠬᠢᠶᠠᠨ ᠪᠦᠲᠦᠭᠡᠳᠡᠭ ᠪᠠᠢᠨ᠎ᠠ᠂ ᠡᠨᠡ ᠪᠣᠯ ᠳᠠᠷᠤᠶ 《ᠣᠯᠠᠨ ᠲᠦᠮᠡᠨᠴᠢ ᠤᠳᠬ᠎ᠠ ᠤᠷᠠᠯᠢᠭ᠋》 ᠪᠤᠯᠬᠤ ᠶᠤᠮ ᠃
ᠰᠢᠨ᠎ᠡ ᠴᠠᠭ ᠦᠶ᠎ᠡ᠎ᠳᠤ ᠤᠷᠤᠭᠰᠠᠨ᠎ᠤ ᠲᠠᠷᠠᠭ᠎ᠠ᠂ ᠢᠨᠲᠸᠷ ᠰᠦᠯᠵᠢᠶ᠎ᠡ ᠪᠣᠯᠤᠨ ᠰᠢᠨ᠎ᠡ ᠵᠠᠭᠤᠴᠢᠯᠠᠭᠤᠷ ᠤᠨ ᠮᠡᠷᠭᠡᠵᠢᠯ᠎ᠤᠨ ᠬᠤᠪᠢᠰᠬᠠᠯᠴᠢ ᠴᠢᠨᠠᠷᠲᠠᠢ ᠬᠦᠴᠦᠨ᠎ᠨᠢ ᠤᠳᠬ᠎ᠠ ᠤᠷᠠᠯᠢᠭ᠋᠎ᠤᠨ ᠬᠡᠯᠪᠡᠷᠢ᠂ ᠣᠶ᠋ᠢᠯᠠᠭᠠᠭᠳᠠᠬᠤᠨ ᠪᠣᠯᠤᠨ ᠦᠢᠯᠡᠳᠦᠯᠭᠡ᠎ᠶᠢ ᠮᠠᠰᠢ ᠭᠦᠨᠵᠡᠭᠡᠢ ᠨᠦᠯᠦᠭᠡᠯᠡᠵᠤ᠂ ᠤᠷᠢᠳ ᠡᠮᠦᠨ᠎ᠡ ᠪᠠᠢᠭ᠎ᠠ ᠦᠭᠡᠢ ᠤᠳᠬ᠎ᠠ ᠤᠷᠠᠯᠢᠭ᠋ ᠤ᠋ᠨ ᠰᠢᠨ᠎ᠡ ᠪᠠᠢᠳᠠᠯ ᠢ᠋ ᠳᠠᠬᠢᠨᠳᠠ ᠴᠤᠭᠴᠠᠯᠠᠨ ᠪᠦᠲᠦᠭᠡᠵᠤ ᠪᠤᠢ᠄ ᠠᠷᠠᠳ ᠲᠦᠮᠡᠨ ᠪᠣᠯ ᠤᠳᠬ᠎ᠠ ᠤᠷᠠᠯᠢᠭ᠋᠎ᠤᠨ ᠪᠦᠲᠦᠭᠡᠯ᠎ᠤᠨ 《ᠳᠦᠷᠢ》 ᠪᠣᠯᠬᠤ᠎ᠪᠠᠷ ᠪᠠᠷᠠᠬᠤ ᠦᠭᠡᠢ᠂ ᠪᠠᠰᠠ ᠤᠳᠬ᠎ᠠ ᠤᠷᠠᠯᠢᠭ᠋ ᠤ᠋ᠨ《ᠵᠤᠬᠢᠶᠠᠨ ᠪᠦᠲᠦᠭᠡᠭᠴᠢ》 ᠪᠤᠯᠪᠠ᠃ ᠲᠦᠭ ᠲᠦᠮᠡᠨ ᠠᠷᠠᠳ ᠲᠦᠮᠡᠨ ᠰᠦᠯᠵᠢᠶᠡᠨ᠎ᠤ ᠤᠷᠠᠨ ᠵᠣᠬᠢᠶᠠᠯ᠂ ᠰᠦᠯᠵᠢᠶᠡᠨ᠎ᠤ ᠰᠢᠭᠤᠳ ᠨᠡᠪᠲᠡᠷᠡᠭᠦᠯᠭᠡ ᠂ ᠰᠦᠯᠵᠢᠶᠡᠨ ᠳᠠᠭᠤᠤ ᠬᠥᠭᠵᠢᠮ᠂ ᠺᠠᠷᠲ᠋ᠣᠨ ᠵᠢᠷᠤᠭ᠂ ᠲᠣᠭᠯᠠᠭᠠᠮ᠂ ᠣᠬᠣᠷ ᠸᠢᠳᠢᠣ᠋᠂ ᠣᠬᠣᠷ ᠵᠦᠴᠦᠭᠡ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠤᠳᠬ᠎ᠠ ᠤᠷᠠᠯᠢᠭ᠋ ᠤ᠋ᠨ ᠵᠣᠬᠢᠶᠠᠨ ᠪᠦᠲᠦᠭᠡᠬᠦ᠂ ᠤᠯᠠᠮᠵᠢᠯᠠᠨ ᠲᠠᠷᠬᠠᠬᠤ ᠪᠠ ᠬᠠᠷᠢᠯᠴᠠᠨ ᠦᠢᠯᠡᠳᠦᠯᠴᠡᠬᠦ ᠶ᠋ᠢᠨ ᠠᠬᠤᠶ ᠲᠠᠯᠠᠪᠠᠶ᠎ᠳᠤ ᠰᠢᠭᠤᠳ ᠪᠡᠶᠡᠴᠢᠯᠡᠨ ᠤᠷᠤᠯᠴᠠᠬᠤ ᠪᠤᠯᠵᠠᠢ᠃ ᠠᠷᠠᠳ ᠲᠦᠮᠡᠨ᠎ᠤ ᠤᠳᠬ᠎ᠠ ᠤᠷᠠᠯᠢᠭ᠋᠎ᠤᠨ ᠢᠯᠡᠷᠡᠭᠦᠯᠦᠯ᠎ᠤᠨ ᠭᠣᠣᠯ ᠴᠣᠭᠴᠠ᠂ ᠤᠳᠬ᠎ᠠ ᠤᠷᠠᠯᠢᠭ᠋᠎ᠤᠨ ᠭᠤᠸ᠎ᠠ ᠰᠠᠢᠬᠠᠨ ᠤ᠋ ᠦᠨᠡᠯᠡᠭᠴᠢ᠎ᠶᠢᠨ ᠪᠠᠶ᠋ᠢᠷᠢ ᠰᠠᠭᠤᠷᠢ ᠤᠷᠢᠳ ᠡᠮᠦᠨ᠎ᠡ ᠪᠠᠶ᠋ᠢᠭ᠎ᠠ ᠦᠭᠡᠢ ᠳᠤᠪᠤᠢ᠍ᠢᠮᠠ ᠪᠠᠢᠷᠢᠨ ᠳ᠋ᠥ ᠭᠠᠷᠴᠤ᠂ ᠠᠷᠠᠳ ᠤᠯᠠᠨ ᠰᠢᠨ᠎ᠡ ᠴᠠᠭ ᠦᠶ᠎ᠡ᠎ᠶᠢᠨ ᠤᠳᠬ᠎ᠠ ᠤᠷᠠᠯᠢᠭ᠋᠎ᠤᠨ 《ᠵᠣᠬᠢᠶᠠᠭ᠍ᠴᠢ》᠂ 《ᠶᠠᠷᠢᠭ᠍ᠴᠢ》 ᠪᠣᠯᠤᠭᠰᠠᠨ ᠪᠠᠶ᠋ᠢᠨ᠎ᠠ᠃ ᠳᠤᠮᠳᠠᠳᠤ ᠤᠯᠤᠰ᠎ᠤᠨ ᠲᠡᠦᠬᠡᠨ᠎ᠳᠠᠬᠢ ᠤᠷᠢᠳ ᠡᠮᠦᠨ᠎ᠡ ᠪᠠᠶ᠋ᠢᠭ᠎ᠠ ᠦᠭᠡᠢ ᠤᠯᠠᠨ ᠲᠦᠮᠡᠨᠴᠢ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢᠨ ᠦᠢᠯᠡᠳᠦᠯᠭᠡ ᠶᠠᠭ ᠢᠳᠠ ᠠᠪᠤᠨ ᠥᠷᠨᠢᠨ ᠬᠥᠭᠵᠢᠵᠦ᠂ ᠠᠷᠠᠳ ᠲᠦᠮᠡᠨ᠎ᠤ ᠪᠡᠶᠡᠴᠢ ᠴᠣᠭᠴᠠ᠎ᠶᠢᠨ ᠴᠢᠨᠠᠷ᠎ᠢ ᠭᠦᠢᠴᠡᠳ ᠢᠯᠡᠷᠡᠭᠦᠯᠦᠭᠰᠡᠨ ᠤᠳᠬ᠎ᠠ ᠤᠷᠠᠯᠢᠭ᠋᠎ᠤᠨ ᠰᠢᠨ᠎ᠡ ᠬᠡᠯᠪᠡᠷᠢ ᠪᠠᠶ᠋ᠢᠳᠠᠯ ᠴᠤᠭᠴᠠᠯᠠᠨ ᠪᠦᠲᠦᠭᠡᠭᠳᠡᠵᠤ᠂ ᠦᠪᠡᠳᠡᠭᠰᠢ ᠶᠡᠬᠡ ᠬᠥᠭᠵᠢᠯᠲᠡ᠎ᠲᠠᠢ ᠪᠣᠯᠪᠠ᠂ ᠡᠨᠡ ᠪᠣᠯ ᠳᠠᠷᠤᠢ ᠰᠢᠨ᠎ᠡ ᠴᠠᠭ ᠦᠶ᠎ᠡ᠎ᠶᠢᠨ ᠤᠳᠬ᠎ᠠ ᠤᠷᠠᠯᠢᠭ᠋᠎ᠤᠨ ᠴᠦ᠌ ᠰᠢᠨ᠎ᠡ ᠳᠦᠷᠰᠦ ᠪᠠᠶ᠋ᠢᠳᠠᠯ ᠪᠣᠯᠤᠨ᠎ᠠ᠃
ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠤᠨ ᠢᠳᠠ ᠠᠪᠤᠨ ᠦᠷᠨᠢᠨ ᠬᠦᠭ᠌ᠵᠢᠵᠤ ᠪᠠᠢᠭ᠎ᠠ᠎ᠨᠢ ᠭᠡᠨᠡᠳᠲᠡ᠎ᠶᠢᠨ ᠶᠠᠪᠤᠳᠠᠯ ᠤᠭᠳᠤ ᠪᠢᠰᠢ᠂ ᠲᠡᠭᠦᠨ᠎ᠳᠤ ᠭᠦᠨ ᠭᠦᠨᠵᠡᠭᠡᠶ ᠨᠠᠷᠢᠨ ᠪᠤᠳᠤᠯᠢᠶᠠᠨᠲᠠᠶ ᠲᠡᠦᠬᠡ᠎ᠶᠢᠨ ᠪᠠ ᠴᠠᠭ ᠦᠶ᠎ᠡ᠎ᠶᠢᠨ ᠰᠢᠯᠲᠠᠭᠠᠨ ᠪᠠᠶ᠋ᠢᠬᠤ᠎ᠪᠠᠷ ᠦᠯᠦ ᠪᠠᠷᠠᠮ᠂ ᠪᠠᠰᠠ ᠲᠧᠭᠨᠢᠭ ᠮᠡᠷᠭᠡᠵᠢᠯ᠂ ᠵᠠᠭᠤᠴᠢᠯᠠᠭᠤᠷ᠂ ᠠᠵᠤ ᠠᠬᠤᠶ ᠪᠠ ᠨᠡᠶ᠋ᠢᠭᠡᠮ᠎ᠤᠨ ᠰᠣᠶᠣᠯ ᠰᠡᠳᠬᠢᠴᠡ ᠵᠡᠷᠭᠡ ᠬᠦᠴᠦᠨ ᠵᠦᠢᠯ᠎ᠤᠨ ᠦᠢᠯᠡᠳᠦᠯ ᠪᠠᠶ᠋ᠢᠳᠠᠭ᠃ ᠨᠡᠶ᠋ᠢᠭᠡᠮ᠎ᠤᠨ ᠯᠤᠲᠤ ᠶᠡᠬᠡ ᠰᠢᠨ᠎ᠡ ᠬᠤᠪᠢᠷᠠᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠦᠳᠳᠡᠷ ᠲᠦᠷᠭᠡᠨ ᠬᠦᠭᠵᠢᠯᠲᠡ ᠵᠢᠴᠢ ᠬᠥᠮᠦᠰ᠎ᠤᠨ ᠬᠠᠶ᠋ᠢᠷ᠎ᠠ ᠰᠡᠳᠬᠢᠯᠭᠡ᠎ᠶᠢᠨ ᠤᠶᠠᠩᠭᠠᠯᠠᠯ᠎ᠨᠢ ᠡᠨᠡ ᠬᠦ᠌ ᠴᠤ ᠰᠢᠨ᠎ᠡ ᠤᠳᠬ᠎ᠠ ᠤᠷᠠᠯᠢᠭ᠋᠎ᠤᠨ ᠠᠭᠤᠷ ᠠᠮᠢᠰᠬᠤᠯ᠎ᠢ ᠬᠠᠮᠲᠤ᠎ᠪᠠᠷ ᠪᠤᠢ ᠪᠣᠯᠭᠠᠭᠰᠠᠨ ᠶᠤᠮ ᠃
ᠨᠢᠭᠡ᠂ ᠨᠠᠮ᠎ᠤᠨ ᠤᠳᠬ᠎ᠠ ᠤᠷᠠᠯᠢᠭ᠋᠎ᠤᠨ ᠤᠨᠤᠯ ᠬᠢᠭᠡᠳ ᠤᠳᠬ᠎ᠠ ᠤᠷᠠᠯᠢᠭ᠋᠎ᠤᠨ ᠲᠦᠷᠦ᠎ᠶᠢᠨ ᠪᠤᠳᠤᠯᠭ᠎ᠠ᠎ᠨᠢ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠤᠨ ᠬᠥᠭᠵᠢᠯᠲᠡ᠎ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ᠎ᠶᠢ ᠬᠠᠩᠭᠠᠪᠠ
ᠵᠠᠭᠤᠨ ᠵᠢᠯ᠎ᠢ ᠡᠷᠭᠢᠴᠡᠭᠦᠯᠬᠦᠶ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢ ᠠᠷᠠᠳ ᠤᠯᠠᠨ᠎ᠤ ᠳᠤᠮᠳᠠ ᠭᠦᠨ ᠦᠨᠳᠦᠰᠦᠯᠡᠭᠦᠯᠬᠦ᠎ᠶᠢ ᠢᠮᠠᠭᠲᠠ ᠰᠠᠨᠠᠭᠠᠴᠢᠯᠠᠭᠰᠠᠭᠠᠷ ᠢᠷᠡᠪᠡ᠃ ᠶᠠᠨ ᠠᠨ᠎ᠤ ᠬᠠᠳᠠᠭᠤ ᠪᠠᠷᠭᠡᠰᠢᠶᠡᠯᠲᠡᠢ ᠤᠷᠴᠢᠨ ᠲᠤᠭᠤᠷᠢᠨ ᠳ᠋ᠥ 《ᠤᠳᠬ᠎ᠠ ᠤᠷᠠᠯᠢᠭ᠋ ᠢ᠋ ᠠᠵᠢᠯᠴᠢᠨ ᠲᠠᠷᠢᠶᠠᠴᠢᠨ ᠴᠡᠷᠢᠭ᠎ᠲᠤ ᠦᠢᠯᠡᠴᠢᠯᠡᠬᠦᠯᠬᠦ》ᠵᠢ ᠤᠷᠢᠶᠠᠯᠠᠭᠰᠠᠨ᠎ᠠᠴᠠ ᠠᠪᠤᠭᠠᠳ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠳᠠᠷᠠᠭᠠᠬᠢ 《ᠬᠣᠶᠠᠷ᠎ᠲᠤ ᠦᠢᠯᠡᠴᠢᠯᠡᠬᠦ》 ᠴᠢᠭᠯᠡᠯ ᠪᠠ 《ᠤᠢ᠍ᠩᠭᠡ ᠵᠢᠨ ᠴᠡᠴᠡᠭ᠎ᠢ ᠵᠡᠷᠭᠡ ᠪᠡᠷ ᠳᠡᠯᠭᠡᠷᠡᠭᠦᠯᠵᠦ᠂ ᠤᠯᠡᠠ ᠡᠷᠳᠡᠮᠲᠡᠨ᠎ᠢ ᠴᠢᠯᠥᠭᠡᠲᠡᠶ ᠶᠠᠷᠢᠯᠴᠠᠭᠤᠯᠬᠤ ᠴᠢᠭᠯᠡᠯᠲᠡ》ᠵᠢ ᠳᠤᠷᠠᠳᠤᠭᠰᠠᠨ ᠬᠦᠷᠲᠡᠯ᠎ᠡ᠂ ᠲᠡᠬᠢᠭᠠᠦᠠ ᠰᠢᠨ᠎ᠡ ᠴᠠᠭ ᠦᠶ᠎ᠡ᠎ᠳᠤ ᠲᠤᠬ ᠲᠡᠮᠳᠡᠭ ᠲᠣᠳᠣᠷᠬᠠᠶ᠎ᠪᠠᠷ 《ᠠᠷᠠᠳ ᠲᠦᠮᠡᠨ᠎ᠢᠶᠠᠷ ᠭᠣᠣᠯ ᠪᠤᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ》 ᠵᠢ ᠳᠤᠷᠠᠳᠤᠭᠰᠠᠨ ᠬᠦᠷᠲᠡᠯ᠎ᠡ᠂ 《ᠠᠷᠠᠳ ᠲᠦᠮᠡᠨ᠎ᠤ ᠲᠥᠯᠥᠭᠡ ᠵᠣᠬᠢᠶᠠᠨ ᠪᠦᠲᠦᠭᠡᠬᠦ》 ᠵᠣᠷᠢᠯᠲᠠ ᠢᠮᠠᠭᠲᠠ ᠤᠳᠤᠮ ᠤᠯᠠᠮᠵᠢᠯᠠᠯ ᠨᠢᠭᠡᠲᠡᠶ ᠪᠠᠶ᠋ᠢᠵᠤ᠂ ᠡᠳᠦᠷ ᠢᠷᠡᠬᠦᠶ᠎ᠡ ᠲᠣᠳᠣᠷᠬᠠᠶ ᠪᠥᠭᠡᠳ ᠡᠷᠡᠰ ᠪᠠᠲᠤ ᠪᠤᠯᠵᠦ ᠪᠠᠶ᠋ᠢᠨ᠎ᠠ᠃ ᠲᠡᠷᠡ᠎ᠨᠢ ᠤᠳᠬ᠎ᠠ ᠤᠷᠠᠯᠢᠭ᠋᠎ᠤᠨ ᠦᠨᠳᠦᠰᠦ᠎ᠨᠢ ᠠᠷᠠᠳ ᠲᠦᠮᠡᠨ᠎ᠳᠤ ᠪᠤᠢ᠂ ᠰᠦᠭ ᠰᠦᠨᠡᠰᠦ᠎ᠨᠢ ᠠᠷᠠᠳ ᠲᠦᠮᠡᠨ᠎ᠳᠤ ᠪᠤᠢ᠂ ᠦᠨᠡᠯᠡᠯᠲᠡ᠎ᠶᠢᠨ ᠬᠠᠮᠤᠭ᠎ᠤᠨ ᠥᠨᠳᠥᠷ ᠪᠠᠷᠢᠮᠵᠢᠶ᠎ᠠ᠎ᠨᠢ ᠴᠦ᠍ ᠠᠷᠠᠳ ᠲᠦᠮᠡᠨ᠎ᠳᠤ ᠪᠤᠢ ᠭᠡᠳᠡᠭ᠎ᠢ ᠴᠢᠬᠤᠯᠠᠴᠢᠯᠠᠳᠠᠭ ᠃ ᠡᠨᠡ ᠬᠦ᠌ ᠣᠨᠣᠯ᠎ᠤᠨ ᠳᠠᠭᠠᠭᠤᠯᠭ᠎ᠠ ᠳᠣᠤᠷ᠎ᠠ ᠂ ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠋᠎ᠨᠢ ᠴᠠᠭ ᠦᠶ᠎ᠡ᠎ᠶᠢᠨ ᠥᠩ ᠰᠢᠮᠡᠯᠢᠭ ᠬᠥᠷᠥᠰᠥᠨ᠎ᠳᠤ ᠵᠥᠪ ᠴᠢᠭᠯᠡᠯ᠎ᠢ ᠪᠠᠲᠤ ᠪᠠᠷᠢᠮᠲᠠᠯᠠᠭᠰᠠᠨ ᠮᠥᠷᠲᠡᠭᠡᠨ ᠥᠪᠡᠷᠮᠢᠴᠡ ᠣᠨᠴᠠᠯᠢᠭ᠋᠎ᠤᠨ ᠰᠠᠯᠠᠭ᠎ᠠ ᠨᠠᠮᠠᠭ᠎ᠠ᠎ᠪᠠᠨ ᠴᠢᠯᠥᠭᠡᠲᠡᠶ ᠳᠡᠯᠭᠡᠵᠦ᠂ ᠠᠮᠢᠵᠢᠷᠠᠯ᠎ᠤᠨ ᠬᠦᠴᠦᠨ᠎ᠢᠶᠠᠷ ᠪᠢᠯᠬᠠᠭᠰᠠᠨ᠂ ᠥᠩᠭᠡ ᠪᠦᠷᠢ᠎ᠶᠢᠨ ᠴᠡᠴᠡᠭ ᠮᠢᠷᠠᠯᠵᠠᠨ ᠳᠡᠯᠭᠡᠷᠡᠭᠰᠡᠨ ᠤᠳᠬ᠎ᠠ ᠤᠷᠠᠯᠢᠭ᠋᠎ᠤᠨ ᠥᠨᠢᠷ ᠴᠡᠴᠡᠭ᠎ᠤᠨ ᠬᠦᠷᠢᠶᠡᠯᠡᠩ ᠪᠣᠯᠵᠣ᠌ ᠪᠣᠶ᠋ᠢᠵᠢᠭ᠍ᠰᠠᠨ ᠶᠤᠮ ᠃
ᠬᠤᠶᠠᠷ᠂ ᠳᠤᠮᠳᠠᠳᠤ ᠤᠯᠤᠰ᠎ᠤᠨ ᠨᠡᠶ᠋ᠢᠭᠡᠮ᠎ᠤᠨ ᠲᠦᠷᠭᠡᠨ ᠬᠥᠭᠵᠢᠯᠲᠡ᠎ᠨᠢ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠤᠨ ᠪᠤᠵᠠᠭᠠᠢ᠍ᠢᠷᠠᠬᠤᠳᠤ ᠥᠷᠭᠡᠨ ᠠᠭᠤᠳᠠᠮ ᠣᠷᠣᠨ ᠵᠠᠶ᠎ᠶᠢ ᠨᠡᠭᠡᠭᠡᠵᠦ ᠥᠭᠪᠠ
ᠤᠳᠬ᠎ᠠ ᠤᠷᠠᠯᠢᠭ᠋᠎ᠨᠢ ᠠᠮᠢᠳᠤᠯᠢᠭ᠋ ᠳᠦᠷᠰᠦᠯᠢᠭ ᠢᠯᠡᠷᠡᠭᠦᠯᠦᠯ᠎ᠤᠨ ᠬᠡᠯᠪᠡᠷᠢ ᠪᠣᠯᠤᠭᠰᠠᠨ᠎ᠤ ᠬᠤᠪᠢ᠎ᠳᠤ᠂ ᠨᠢᠭᠡ ᠴᠠᠭ ᠦᠶ᠎ᠡ᠎ᠶᠢᠨ ᠳᠦᠷᠰᠦ ᠪᠠᠶ᠋ᠢᠳᠠᠯ᠎ᠢ ᠬᠠᠮᠤᠭ᠎ᠠᠴᠠ ᠢᠯᠡᠭᠦᠦ ᠲᠥᠯᠥᠭᠡᠯᠡᠵᠦ᠂ ᠬᠠᠮᠤᠭ᠎ᠠᠴᠠ ᠢᠯᠡᠭᠦᠦ ᠢᠯᠡᠷᠡᠭᠦᠯᠵᠦ ᠴᠢᠳᠠᠳᠠᠭ᠃ ᠤᠳᠤ ᠦᠶ᠎ᠡ᠎ᠶᠢᠨ ᠳᠤᠮᠳᠠᠳᠤ ᠤᠯᠤᠰ ᠶᠠᠭ ᠲᠡᠦᠬᠡᠨ ᠳᠡᠭᠡᠷᠡᠬᠢ ᠬᠠᠮᠤᠭ᠎ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠶ ᠨᠡᠶ᠋ᠢᠭᠡᠮ᠎ᠤᠨ ᠬᠤᠪᠢᠰᠤᠯᠲᠠ᠎ᠶᠢ ᠥᠩᠭᠡᠷᠡᠭᠡᠵᠦ ᠪᠠᠶ᠋ᠢᠬᠤ ᠪᠥᠭᠡᠳ ᠪᠠᠰᠠ ᠶᠠᠭ ᠬᠥᠮᠦᠨ ᠲᠥᠷᠥᠯᠬᠢᠲᠡᠨ᠎ᠤ ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠶᠡᠬᠡ ᠪᠥᠭᠡᠳ ᠥᠪᠡᠷᠮᠢᠴᠡ ᠦᠢᠯᠡᠳᠦᠯᠭᠡ᠎ᠶᠢᠨ ᠰᠢᠨ᠎ᠡ ᠡᠭᠦᠳᠦᠯᠲᠡ᠎ᠶᠢ ᠬᠢᠵᠦ ᠪᠤᠢ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠶ᠋ᠢᠨ ᠲᠣᠭᠲᠠᠭᠤᠨ ᠠᠬᠢᠯᠲᠡ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠠᠮᠢᠳᠤᠯᠢᠭ᠋ ᠦᠢᠯᠡᠳᠦᠯᠭᠡ ᠵᠡᠷᠭᠡ ᠤᠷᠢᠳ ᠡᠮᠦᠨ᠎ᠡ ᠪᠠᠶ᠋ᠢᠭ᠎ᠠ ᠦᠭᠡᠢ ᠠᠭᠤᠤ ᠶᠡᠬᠡ ᠡᠭᠦᠳᠦᠯᠲᠡ᠎ᠨᠢ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠳᠤ ᠬᠡᠷᠡᠭᠯᠡᠭᠡᠳ ᠪᠠᠷᠠᠰᠢ ᠦᠭᠡᠢ ᠠᠭᠤᠷᠬᠠᠢ ᠵᠢᠨ ᠪᠤᠯᠠᠭᠳᠠᠴᠠ᠎ᠶᠢ ᠬᠠᠩᠭᠠᠵᠤ᠂ ᠶᠠᠭ ᠴᠣᠯᠭᠣᠷᠠᠨ ᠭᠠᠷᠴᠤ ᠪᠠᠶ᠋ᠢᠭ᠎ᠠ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠲᠤ ᠪᠠᠲᠤ ᠪᠡᠬᠢ ᠨᠡᠶ᠋ᠢᠭᠡᠮ᠎ᠤᠨ ᠰᠠᠭᠤᠷᠢ᠂ ᠬᠦᠴᠦᠷᠬᠡᠭ ᠶᠡᠬᠡ ᠦᠵᠡᠯ ᠰᠠᠨᠠᠭᠠᠨ᠎ᠤ ᠬᠥᠳᠡᠯᠭᠡᠬᠦ ᠬᠦᠴᠦᠨ ᠪᠠ ᠥᠷᠭᠡᠨ ᠠᠭᠤᠳᠠᠮ ᠬᠥᠭᠵᠢᠯᠲᠡ᠎ᠶᠢᠨ ᠣᠷᠣᠨ ᠵᠠᠢ᠎ᠶᠢ ᠬᠠᠩᠭᠠᠵᠠᠢ᠃ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠨᠢ ᠶᠠᠭ ᠴᠠᠭ ᠦᠶ᠎ᠡ᠎ᠶᠢᠨ ᠰᠤᠳᠠᠰᠤ᠎ᠶᠢ ᠲᠡᠮᠳᠡᠭᠯᠡᠬᠦ᠂ ᠬᠤᠪᠢ ᠬᠥᠮᠦᠨ᠎ᠤ ᠬᠠᠶ᠋ᠢᠷ᠎ᠠ ᠰᠡᠳᠬᠢᠯᠭᠡ᠎ᠶᠢ ᠢᠯᠡᠷᠡᠭᠦᠯᠬᠦ᠂ ᠠᠮᠢ ᠨᠠᠰᠤᠨ᠎ᠤ ᠥᠩᠭᠡᠷᠡᠭᠡᠯᠲᠡ᠎ᠪᠠᠨ ᠢᠯᠡᠳᠬᠡᠬᠦ ᠰᠣᠶᠣᠯ᠎ᠤᠨ ᠦᠩ ᠰᠢᠮᠡᠯᠢᠭ ᠬᠥᠷᠥᠰᠥ ᠰᠢᠷᠣᠢ ᠪᠤᠯᠵᠤ᠂ ᠠᠤᠭ᠎ᠠ ᠶᠡᠬᠡ ᠲᠡᠦᠬᠡ᠎ᠶᠢᠨ ᠬᠦᠦᠷᠨᠢᠯ᠎ᠢ ᠦᠨᠡᠨ ᠪᠣᠳᠠᠲᠠᠢ᠂ ᠳᠣᠲᠣᠨᠣᠰᠣᠭ᠎ᠢᠶᠠᠷ ᠣᠶ᠋ᠢᠯᠠᠭᠠᠵᠤ ᠪᠣᠯᠬᠤ ᠲᠠᠶ᠋ᠢᠯᠪᠤᠷᠢ ᠵᠢ ᠬᠢᠭᠰᠡᠨ ᠪᠠᠶ᠋ᠢᠨ᠎ᠠ᠃
ᠭᠤᠷᠪᠠ᠂ ᠰᠣᠶᠣᠯ᠎ᠤᠨ ᠠᠮᠢᠳᠤᠷᠠᠯ᠎ᠤᠨ ᠲᠤᠬᠠᠶ ᠠᠷᠠᠳ ᠤᠯᠠᠨ᠎ᠤ ᠨᠡᠩ ᠥᠨᠳᠥᠷ ᠬᠦᠰᠡᠯ ᠡᠷᠡᠮᠡᠯᠵᠡᠯ᠎ᠨᠢ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠤᠨ ᠪᠤᠢ ᠪᠣᠯᠬᠤ᠎ᠳᠤ ᠳᠣᠲᠣᠭᠠᠳᠤ ᠬᠥᠳᠡᠯᠭᠡᠬᠦ ᠬᠦᠴᠦᠨ᠎ᠢ ᠬᠠᠩᠭᠠᠪᠠ
ᠨᠡᠢᠭᠡᠮ ᠤ᠋ᠨ ᠪᠤᠳᠠᠰ ᠤ᠋ᠨ ᠠᠮᠢᠳᠤᠷᠠᠯ ᠤ᠋ᠨ ᠲᠡᠭᠡᠭᠰᠢᠯᠡᠯᠳᠠ ᠵᠢ ᠳᠠᠭᠠᠯᠳᠤᠨ᠂ ᠬᠦᠮᠦᠰ ᠤ᠋ᠨ ᠢᠳᠡᠵᠦ ᠡᠮᠦᠰᠬᠦ ᠳ᠋ᠡᠭᠡᠨ ᠵᠣᠪᠠᠬᠤ ᠥᠬᠡᠶ ᠪᠠᠶ᠋ᠢᠬᠤ ᠪᠠᠢᠳᠠᠯ᠎ᠨᠢ ᠠᠷᠠᠳ ᠲᠦᠮᠡᠨ ᠤ᠋ ᠠᠮᠢᠳᠤᠷᠠᠯ᠎ᠤᠨ ᠰᠠᠭᠤᠷᠢ ᠥᠩᠭᠡ ᠪᠣᠯᠵᠣ᠌᠂ ᠤᠯᠠᠮ ᠢ᠋ᠶ᠋ᠠᠷ ᠬᠦᠮᠦᠰ ᠤ᠋ᠨ ᠣᠶᠤᠨ ᠰᠠᠨᠠᠭ᠎ᠠ᠎ᠨᠢ ᠨᠠᠩ ᠡᠯᠪᠡᠭ ᠳᠡᠯᠪᠡᠭ ᠰᠢᠮ᠎ᠡ ᠲᠡᠵᠢᠭᠡᠯ᠎ᠢ ᠬᠦᠰᠡᠨ ᠡᠷᠡᠮᠡᠯᠵᠡᠵᠦ᠂ ᠲᠠᠢᠪᠤᠭᠤᠨ ᠲᠤᠭᠲᠠᠭᠤᠨ ᠤᠷᠴᠢᠨ ᠳ᠋ᠥ ᠬᠥᠮᠦᠰ ᠤ᠋ᠨ ᠤᠳᠬ᠎ᠠ ᠤᠷᠠᠯᠢᠭ᠋᠎ᠢ ᠡᠳ᠋ᠯᠡᠬᠦ ᠬᠠᠶ᠋ᠢᠷ᠎ᠠ ᠰᠡᠳᠬᠢᠯᠭᠡ ᠨᠢ ᠤᠯᠠᠮ ᠤᠷᠬᠢᠯᠤᠮ᠎ᠠ ᠪᠣᠯᠵᠣ᠌᠂ ᠣᠶᠤᠨ ᠰᠠᠨᠠᠭ᠎ᠠ ᠪᠠ ᠬᠠᠷᠠᠴᠠ᠎ᠪᠠᠨ ᠤᠳᠬ᠎ᠠ ᠤᠷᠠᠯᠢᠭ᠋ ᠰᠣᠶᠣᠯ᠎ᠤᠨ ᠬᠦᠷᠢᠶᠡᠨ᠎ᠳᠠᠬᠢ ᠬᠠᠶ᠋ᠢᠨ ᠰᠥᠪᠡᠭᠴᠢᠯᠡᠯᠲᠡ ᠪᠠ ᠡᠭᠦᠳᠦᠨ ᠪᠦᠲᠦᠭᠡᠯᠲᠡ᠎ᠳᠤ ᠬᠠᠨᠳᠤᠭᠤᠯᠵᠤ ᠡᠬᠢᠯᠡᠵᠡᠢ᠃ ᠡᠶ᠋ᠢᠮᠦᠷᠬᠦᠦ ᠪᠠᠢᠳᠠᠯ ᠳᠤᠤᠷᠠᠬᠢ ᠠᠷᠠᠳ ᠤᠯᠠᠨ ᠤ᠋ ᠰᠤᠶᠤᠯ ᠤ᠋ᠨ ᠠᠮᠢᠳᠤᠷᠠᠯ ᠤ᠋ᠨ ᠲᠤᠬᠠᠢ ᠨᠡᠩ ᠦᠨᠳᠦᠷ ᠬᠦᠰᠡᠯ ᠡᠷᠡᠮᠡᠯᠵᠡᠯ ᠨᠢ ᠡᠩ᠎ᠤᠨ ᠰᠣᠶᠣᠯ᠎ᠤᠨ ᠬᠡᠷᠡᠭᠯᠡᠭᠡᠨ᠎ᠤ ᠠᠷᠭ᠎ᠠ ᠮᠠᠶᠢᠭ᠋᠎ᠤᠨ ᠳᠡᠰ ᠳᠠᠪᠰᠢᠯᠲᠠ ᠣᠭᠲᠣ᠌ ᠪᠢᠰᠢ᠂ ᠬᠠᠷᠢᠨ ᠪᠦᠬᠦᠢ ᠯᠡ ᠦᠨᠳᠦᠰᠦᠲᠡᠨ᠎ᠤ ᠪᠣᠳᠠᠰ᠎ᠤᠨ ᠬᠤᠷᠠᠮᠳᠤᠭᠤᠯᠤᠯ᠎ᠢ ᠪᠡᠶᠡᠯᠡᠭᠦᠯᠦᠭᠰᠡᠨ᠎ᠤ ᠳᠠᠷᠠᠭ᠎ᠠ ᠵᠠᠶ᠋ᠢᠯᠠᠰᠢ ᠦᠭᠡᠶ ᠢᠯᠡᠷᠡᠬᠦ ᠣᠶᠤᠨ ᠰᠠᠨᠠᠭᠠᠨ᠎ᠤ ᠳᠡᠭᠡᠭᠰᠢᠯᠡᠯᠲᠡ ᠪᠠᠶ᠋ᠢᠵᠤ᠂ ᠬᠥᠮᠦᠰ᠎ᠤᠨ ᠪᠣᠳᠠᠰ᠎ᠤᠨ ᠰᠤᠶᠤᠯ ᠡᠯᠪᠡᠭ ᠳᠡᠯᠪᠡᠭ ᠪᠣᠯᠤᠭᠰᠠᠨ᠎ᠤ ᠳᠠᠷᠠᠭᠠᠬᠢ ᠣᠶᠤᠨ ᠰᠠᠨᠠᠭᠠᠨ᠎ᠤ ᠶᠢᠷᠲᠢᠨᠴᠦ᠎ᠶᠢᠨ ᠬᠦᠭᠵᠢᠯ ᠪᠠᠳᠠᠷᠠᠯ ᠪᠣᠯᠬᠤ ᠶᠤᠮ᠃ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠤᠨ ᠢᠯᠡᠷᠡᠭᠰᠡᠨ ᠶᠠᠪᠤᠳᠠᠯ᠎ᠨᠢ ᠡᠨᠡ ᠬᠦ᠌ ᠬᠠᠨᠳᠤᠰᠢ᠎ᠳᠤ ᠵᠣᠬᠢᠴᠠᠵᠤ᠂ ᠲᠤᠰ ᠪᠡᠶ᠎ᠡ᠎ᠶᠢᠨ᠎ᠢᠶᠠᠨ ᠤᠯᠠᠨ ᠡᠰᠢᠲᠦ ᠠᠭᠤᠯᠭ᠎ᠠ᠂ ᠬᠡᠯᠪᠡᠷᠢ᠂ ᠪᠠᠶ᠋ᠢᠳᠠᠯ᠎ᠳᠤ ᠲᠦᠰᠢᠭᠯᠡᠨ᠂ ᠡᠯᠪᠡᠭ ᠪᠠᠶᠠᠯᠢᠭ᠋ ᠰᠣᠶᠣᠯ᠎ᠤᠨ ᠬᠠᠩᠭᠠᠯᠭ᠎ᠠ᠎ᠪᠠᠷ ᠠᠳᠠᠯᠢ ᠪᠤᠰᠤ ᠬᠦᠯᠢᠶᠡᠨ ᠠᠪᠤᠭ᠍ᠴᠢᠳ᠎ᠤᠨ ᠤᠯᠠᠨ ᠶᠠᠨᠭᠵᠤᠴᠢᠯᠠᠭᠰᠠᠨ᠂ ᠤᠯᠠᠨ ᠲᠡᠰ ᠳᠠᠪᠬᠤᠷᠭ᠎ᠠ᠎ᠶᠢᠨ ᠬᠡᠷᠡᠭᠴᠡᠭᠡ᠎ᠶᠢ ᠣᠨᠣᠪᠴᠢᠲᠠᠢ ᠬᠠᠩᠭᠠᠵᠤ᠂ ᠠᠮᠢᠳᠤᠷᠠᠯ᠎ᠳᠤ ᠨᠡᠩ ᠣᠶ᠋ᠢᠷᠠᠳᠬᠤ ᠬᠡᠯᠪᠡᠷᠢ᠎ᠪᠠᠷ ᠬᠠᠶ᠋ᠢᠷ᠎ᠠ ᠰᠡᠳᠬᠢᠯᠭᠡ᠎ᠶᠢ ᠳᠠᠮᠵᠢᠭᠤᠯᠵᠤ᠂ ᠠᠭᠠᠵᠢᠮ ᠢ᠋ᠶ᠋ᠠᠷ ᠨᠢᠭᠡ ᠵᠦᠢᠯ ᠤ᠋ᠨ ᠤᠳᠬ᠎ᠠ ᠤᠷᠠᠯᠢᠭ᠋ ᠤ᠋ᠨ ᠬᠦᠷᠢᠶᠡᠨ ᠳ᠋ᠠᠬᠢ ᠨᠡᠢᠭᠡᠮ ᠤ᠋ᠨ ᠰᠢᠨ᠎ᠡ ᠬᠡᠪᠰᠢᠯ ᠦᠵᠡᠭᠳᠡᠯ ᠪᠤᠯᠵᠤ ᠪᠠᠢᠭ᠎ᠠ ᠶᠤᠮ᠃
ᠳᠦᠷᠪᠡ᠂ ᠰᠣᠶᠣᠯ ᠪᠣᠯᠪᠠᠰᠤᠷᠠᠯ᠎ᠤᠨ ᠨᠡᠶ᠋ᠢᠳᠡᠮ᠎ᠤᠨ ᠳᠡᠭᠡᠭᠰᠢᠯᠡᠯᠲᠡ᠎ᠨᠢ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠤᠨ ᠴᠡᠴᠡᠭᠯᠡᠯᠲᠡ᠎ᠳᠤ ᠮᠡᠳᠡᠯᠭᠡ᠎ᠶᠢᠨ ᠰᠠᠭᠤᠷᠢ᠎ᠶᠢ ᠲᠠᠯᠪᠢᠵᠤ ᠥᠭᠪᠠ
ᠪᠦᠬᠦ ᠨᠡᠢᠭᠡᠮ ᠤ᠋ᠨ ᠴᠢᠨᠠᠷᠲᠠᠢ ᠮᠡᠳᠡᠯᠭᠡ ᠶ᠋ᠢᠨ ᠲᠦᠪᠰᠢᠨ ᠬᠢᠭᠡᠳ ᠰᠤᠷᠭᠠᠨ ᠬᠦᠮᠦᠵᠢᠯ ᠤ᠋ᠨ ᠬᠡᠪ ᠴᠢᠨᠠᠷ ᠤ᠋ᠨ ᠳᠡᠭᠡᠭᠰᠢᠯᠡᠬᠦ ᠵᠢ ᠳᠠᠭᠠᠯᠳᠤᠨ᠂ ᠠᠷᠠᠳ ᠲᠦᠮᠡᠨ ᠤ ᠦᠵᠡᠯ ᠰᠠᠨᠠᠭ᠎ᠠ ᠶᠣᠰᠣ᠌ ᠮᠣᠷᠠᠯ ᠪᠠ ᠰᠢᠨᠵᠢᠯᠡᠬᠦ ᠤᠬᠠᠭᠠᠨ ᠰᠣᠶᠣᠯ᠎ᠤᠨ ᠬᠡᠪ ᠴᠢᠨᠠᠷ ᠪᠦᠬᠦ ᠲᠠᠯ᠎ᠠ᠎ᠪᠠᠷ ᠳᠡᠭᠡᠭᠰᠢᠯᠡᠪᠡ᠃ ᠡᠶ᠋ᠢᠮᠦᠷᠬᠦᠦ ᠬᠤᠪᠢᠷᠠᠯᠲᠠ᠎ᠠᠴᠠ ᠪᠣᠯᠵᠤ ᠬᠥᠮᠦᠨ ᠪᠣᠯᠭᠠᠨ ᠦᠪᠡᠷ ᠤ᠋ᠨ ᠤᠷᠴᠢᠨ ᠳ᠋ᠥ ᠪᠠᠨ ᠪᠠᠢᠳᠠᠭ ᠭᠠᠷ ᠤᠲᠠᠰᠦ ᠵᠡᠷᠭᠡ ᠤᠶᠤᠯᠢᠭ᠋ ᠲᠥᠬᠥᠭᠡᠷᠦᠮᠵᠢ᠎ᠪᠠᠷ ᠥᠪᠡᠷ᠎ᠤᠨ ᠤᠯᠤᠯᠲᠠ ᠲᠦᠷᠦᠭᠳᠡᠯ᠂ ᠪᠠᠶᠠᠰᠤᠯ ᠵᠤᠪᠠᠨᠢᠯ ᠢ᠋ᠶ᠋ᠠᠨ ᠬᠠᠮᠤᠭ ᠤ᠋ᠨ ᠳᠥᠭᠥᠮ ᠳᠥᠲᠡ ᠬᠡᠯᠪᠡᠷᠢ᠎ᠪᠠᠷ ᠲᠡᠮᠳᠡᠭᠯᠡᠨ᠂ ᠦᠪᠡᠷ ᠤ᠋ᠨ ᠠᠮᠢᠳᠤᠷᠠᠯ᠎ᠤᠨ ᠲᠤᠬᠠᠶ ᠦᠵᠡᠯᠳᠠ ᠤᠢᠯᠠᠭᠠᠯᠲᠠ ᠪᠠᠨ ᠴᠠᠭ ᠢᠮᠠᠭᠲᠠ ᠰᠠᠭᠠᠳ ᠬᠠᠷᠰᠢ ᠦᠭᠡᠢ᠎ᠪᠠᠷ ᠢᠯᠡᠳᠬᠡᠵᠦ᠂ ᠡᠯ᠎ᠡ ᠲᠥᠷᠥᠯ᠎ᠤᠨ ᠤᠳᠬ᠎ᠠ ᠤᠷᠠᠯᠢᠭ᠋᠎ᠤᠨ ᠪᠦᠲᠦᠭᠡᠯ᠎ᠢ ᠴᠦ᠍ ᠤᠩᠰᠢᠵᠤ ᠰᠣᠨᠢᠷᠬᠠᠨ ᠪᠡᠶ᠎ᠡ᠎ᠪᠠᠨ ᠳᠠᠭᠠᠭᠠᠭᠰᠠᠨ ᠦᠵᠡᠯᠲᠡ᠎ᠪᠠᠨ ᠢᠯᠡᠳᠬᠡᠳᠡᠭ ᠶᠤᠮ ᠃ ᠦᠰᠦᠭ ᠪᠢᠴᠢᠭ ᠢ᠋ᠶ᠋ᠠᠷ ᠨᠠᠢᠷᠠᠭᠤᠯᠵᠤ ᠢᠯᠡᠳᠬᠡᠬᠦ᠎ᠠᠴᠠ ᠵᠢᠷᠤᠭ ᠳᠦᠷᠰᠦ᠎ᠶᠢ ᠡᠰᠬᠡᠬᠦ ᠬᠦᠷᠲᠡᠯ᠎ᠡ᠂ ᠳᠥᠭᠥᠮ ᠬᠢᠯᠪᠠᠷ ᠳᠠᠭᠤᠤ ᠬᠥᠭᠵᠢᠮ᠎ᠤᠨ ᠵᠣᠬᠢᠶᠠᠨ ᠪᠦᠲᠦᠭᠡᠯᠭᠡ᠎ᠠᠴᠠ ᠣᠯᠠᠨ ᠵᠠᠭᠤᠴᠢ᠎ᠶᠢ ᠨᠡᠶ᠋ᠢᠯᠡᠭᠦᠯᠬᠦ ᠬᠦᠷᠲᠡᠯ᠎ᠡ᠂ ᠬᠥᠮᠦᠨ ᠪᠣᠯᠭᠠᠨ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢᠨ ᠤᠷ᠎ᠠ ᠮᠡᠷᠭᠡᠵᠢᠯ᠎ᠢ ᠠᠮᠠᠷᠬᠠᠨ ᠡᠵᠡᠮᠰᠢᠵᠦ ᠂ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢᠨ ᠡᠷᠬᠡ ᠴᠢᠯᠥᠭᠡ᠎ᠶᠢ ᠡᠳ᠋ᠯᠡᠵᠦ ᠪᠣᠯᠬᠤ ᠪᠥᠭᠡᠳ ᠬᠥᠮᠦᠰ ᠴᠦ᠍ ᠥᠪᠡᠷ᠎ᠤᠨ ᠠᠮᠢᠳᠤᠷᠠᠯ᠎ᠤᠨ ᠲᠤᠷᠰᠢᠯᠭ᠎ᠠ ᠪᠠ ᠬᠠᠶ᠋ᠢᠷ᠎ᠠ ᠰᠡᠳᠬᠢᠯᠭᠡ᠎ᠶᠢᠨ ᠶᠢᠷᠲᠢᠨᠴᠦ᠎ᠪᠠᠨ ᠤᠷᠠᠯᠢᠭ᠋᠎ᠤᠨ ᠢᠯᠡᠳᠬᠡᠯᠲᠡ ᠪᠣᠯᠭᠠᠨ ᠬᠤᠪᠢᠷᠠᠭᠤᠯᠬᠤ ᠳ᠋ᠥ ᠪᠠᠨ ᠤᠯᠠᠮ ᠵᠣᠷᠢᠭ᠍ᠲᠠᠶ ᠪᠣᠯᠤᠭᠰᠠᠨ ᠪᠠᠶ᠋ᠢᠨ᠎ᠠ᠃
ᠲᠠᠪᠤ᠂ ᠮᠡᠳᠡᠭᠡ ᠵᠠᠩᠭᠢ᠎ᠶᠢᠨ ᠮᠡᠷᠭᠡᠵᠢᠯ᠎ᠤᠨ ᠬᠤᠪᠢᠰᠬᠠᠯ᠎ᠨᠢ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠤᠨ ᠬᠥᠭᠵᠢᠨ ᠮᠠᠨᠳᠤᠬᠤ᠎ᠳᠤ ᠴᠢᠳᠠᠪᠬᠢ ᠵᠢ ᠨᠡᠮᠡᠭᠳᠡᠭᠦᠯᠵᠤ ᠦᠭᠪᠠ
ᠢᠨᠲᠸᠷ ᠰᠦᠯᠵᠢᠶ᠎ᠡ ᠪᠣᠯᠤᠨ ᠲᠣᠭᠠᠴᠢᠯᠠᠭᠰᠠᠨ ᠮᠡᠷᠭᠡᠵᠢᠯ᠎ᠤᠨ ᠲᠦᠭᠡᠮᠡᠯᠵᠢᠵᠤ ᠢᠷᠡᠭᠰᠡᠨ᠎ᠨᠢ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ ᠪᠣᠯᠤᠨ ᠰᠣᠨᠢᠷᠬᠠᠯ ᠳ᠋ᠥ ᠮᠠᠰᠢ ᠬᠢᠯᠪᠠᠷ ᠳᠦᠭᠦᠮ ᠨᠦᠭᠦᠴᠡᠯ ᠪᠠᠢᠳᠠᠯ ᠢ᠋ ᠪᠦᠷᠢᠯᠳᠦᠭᠦᠯᠵᠤ ᠦᠭ᠌ᠴᠠᠢ᠃ ᠥᠩᠭᠡᠷᠡᠭᠰᠡᠨ᠎ᠳᠤ ᠵᠠᠷᠢᠮ ᠬᠥᠮᠦᠰ᠎ᠲᠤ ᠬᠦᠰᠡᠭᠡᠳ ᠤᠯᠵᠤ ᠳᠡᠢᠯᠬᠦ ᠦᠭᠡᠢ ᠪᠠᠢᠭᠰᠠᠨ ᠡᠯᠸᠺᠲᠷᠤᠨ ᠵᠢᠷᠤᠭ᠎ᠤᠨ ᠪᠢᠷ᠂ ᠬᠥᠭᠵᠢᠮ᠂ ᠳᠦᠷᠰᠦ ᠰᠢᠩᠭᠡᠭᠡᠬᠦ ᠮᠠᠰᠢᠨ ᠵᠡᠷᠭᠡ ᠲᠤᠰᠬᠠᠶ ᠮᠡᠷᠭᠡᠵᠢᠯ᠎ᠤᠨ ᠲᠣᠨᠣᠭ ᠲᠥᠬᠥᠭᠡᠷᠦᠮᠵᠢ ᠰᠢᠭᠤᠳ ᠬᠡᠷᠡᠭᠯᠡᠬᠦ ᠨᠦᠭᠦᠴᠡᠯ ᠲᠠᠢ ᠪᠤᠯᠤᠭᠰᠠᠨ ᠢ᠋ᠶ᠋ᠠᠷ ᠪᠠᠷᠠᠬᠤ ᠦᠭᠡᠢ᠂ ᠣᠲᠣ᠌ ᠪᠦᠷ ᠠᠭᠰᠢᠭᠠᠭᠠᠳ ᠭᠠᠷ ᠤᠲᠠᠰᠤᠨ ᠤ᠋ ᠬᠡᠳᠦᠬᠡᠨ ᠢᠮᠠᠬᠤ᠎ᠶᠢᠨ ᠬᠢᠷᠢ ᠶᠡᠬᠡ ᠳᠡᠯᠭᠡᠴᠡ ᠳᠡᠭᠡᠷ᠎ᠡ ᠲᠡᠳᠡᠭᠡᠷ ᠲᠤᠨᠤᠭ ᠲᠦᠭᠦᠭᠡᠷᠦᠮᠵᠢ ᠶ᠋ᠢᠨ ᠴᠢᠳᠠᠪᠬᠢ ᠵᠢ ᠴᠠᠭ ᠦᠷᠬᠦᠯᠵᠢ ᠡᠵᠡᠮᠰᠢᠵᠦ ᠬᠡᠷᠡᠭᠯᠡᠬᠦ ᠪᠤᠯᠪᠠ᠃ ᠬᠥᠮᠦᠨ ᠪᠣᠯᠭᠠᠨ ᠵᠥᠪᠬᠡᠨ ᠨᠢᠭᠡ ᠭᠠᠷ ᠤᠲᠠᠰᠤ ᠪᠤᠶᠤ ᠨᠢᠭᠡ ᠺᠣᠮᠫᠢᠦ᠋ᠲᠧᠷᠢ ᠬᠡᠷᠡᠭᠯᠡᠪᠡᠯ᠂ ᠵᠣᠬᠢᠶᠠᠨ ᠪᠦᠲᠦᠭᠡᠭᠴᠢ᠎ᠶᠢᠨ ᠬᠤᠪᠢ᠎ᠪᠠᠷ ᠤᠳᠬ᠎ᠠ ᠤᠷᠠᠯᠢᠭ᠋᠎ᠤᠨ ᠰᠢᠨ᠎ᠡ ᠣᠷᠣᠨ ᠵᠠᠶ᠎ᠳᠤ ᠴᠢᠯᠤᠭᠡᠲᠡᠢ ᠲᠠᠶ᠋ᠢᠪᠤᠭᠤᠬᠠᠨ ᠣᠷᠣᠵᠤ ᠪᠣᠯᠤᠨ᠎ᠠ᠃ ᠤᠳᠬ᠎ᠠ ᠤᠷᠠᠯᠢᠭ᠋᠎ᠤᠨ ᠬᠡᠯᠪᠡᠷᠢ᠎ᠶᠢᠨ ᠬᠤᠪᠢ᠎ᠳᠤ 《ᠤᠳᠬ᠎ᠠ ᠤᠷᠠᠯᠢᠭ᠋ + ᠰᠢᠨᠵᠢᠯᠡᠬᠦ ᠤᠬᠠᠭᠠᠨ ᠲᠸᠭᠨᠢᠭ ᠮᠡᠷᠭᠡᠵᠢᠯ》᠎ᠨᠢ ᠭᠠᠶ᠋ᠢᠬᠠᠮᠰᠢᠭ᠍ᠲᠤ ᠬᠤᠪᠢᠰᠬᠠᠯ᠎ᠢ ᠪᠤᠶ ᠪᠣᠯᠭᠠᠵᠤ᠂ ᠦᠯᠡᠮᠵᠢ ᠣᠯᠠᠨ ᠰᠢᠨ᠎ᠡ ᠤᠳᠬ᠎ᠠ ᠤᠷᠠᠯᠢᠭ᠋᠎ᠤᠨ ᠬᠡᠯᠪᠡᠷᠢ᠎ᠶᠢ ᠪᠤᠶ ᠪᠣᠯᠭᠠᠵᠤ᠂ ᠬᠢᠵᠠᠭᠠᠯᠠᠰᠢ ᠦᠭᠡᠶ ᠪᠠᠭᠲᠠᠭᠠᠮᠵᠢᠲᠠᠶ ᠪᠥᠭᠡᠳ ᠪᠣᠯᠤᠯᠴᠠᠭ᠎ᠠ᠎ᠲᠠᠢ ᠤᠳᠬ᠎ᠠ ᠤᠷᠠᠯᠢᠭ᠋᠎ᠤᠨ ᠤᠷᠤᠨ ᠵᠠᠢ ᠶ᠋ᠢ ᠨᠡᠭᠡᠭᠡᠭᠰᠡᠨ ᠶᠤᠮ᠃ ᠵᠠᠭᠤᠴᠢᠯᠠᠭᠤᠷ᠎ᠤᠨ ᠮᠡᠷᠭᠡᠵᠢᠯ᠎ᠤᠨ ᠬᠤᠪᠢᠰᠤᠯᠲᠠ᠎ᠨᠢ ᠪᠠᠰᠠ ᠤᠳᠬ᠎ᠠ ᠤᠷᠠᠯᠢᠭ᠋᠎ᠤᠨ ᠳᠠᠮᠵᠢᠭᠤᠯᠭ᠎ᠠ᠎ᠶᠢᠨ ᠦᠷ᠎ᠡ ᠪᠦᠲᠦᠮᠵᠢ᠎ᠶᠢᠨ ᠪᠦᠬᠦ ᠲᠠᠯ᠎ᠠ᠎ᠶᠢᠨ ᠳᠡᠭᠡᠭᠰᠢᠯᠡᠯᠲᠡ᠎ᠶᠢ ᠠᠬᠢᠭᠤᠯᠵᠤ᠂ ᠴᠠᠭ ᠲᠤᠬᠠᠢᠳᠤᠨᠢ ᠬᠠᠷᠢᠭᠤ ᠲᠤᠰᠬᠠᠬᠤ ᠪᠠ ᠬᠥᠳᠡᠯᠦᠩᠭᠦᠢ᠎ᠪᠠᠷ ᠬᠠᠷᠢᠯᠴᠠᠨ ᠦᠢᠯᠡᠳᠦᠯᠴᠡᠬᠦ ᠮᠡᠷᠭᠡᠵᠢᠯ᠎ᠤᠨ ᠪᠣᠯᠪᠠᠰᠤᠷᠠᠯᠲᠠ᠎ᠨᠢ ᠴᠦ᠍ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢ ᠬᠦᠯᠢᠶᠡᠨ ᠠᠪᠤᠭ᠍ᠴᠢᠳ᠎ᠤᠨ ᠳᠤᠷ᠎ᠠ ᠰᠣᠨᠢᠷᠬᠠᠯᠳᠤ ᠤᠯᠠᠮ ᠢᠯᠡᠭᠦᠦ ᠨᠡᠶ᠋ᠢᠴᠡᠭᠦᠯᠦᠭᠰᠡᠨ ᠪᠠᠶ᠋ᠢᠨ᠎ᠠ᠃
ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠨᠢ ᠶᠠᠭ ᠨᠢᠭᠡᠨ ᠶᠢᠯᠧᠢ᠍ᠲᠤ ᠲᠤᠯᠢ᠎ᠲᠠᠢ ᠠᠳᠠᠯᠢ᠎ᠪᠠᠷ᠂ ᠤᠯᠠᠨ ᠲᠠᠯ᠎ᠠ᠎ᠠᠴᠠ ᠤᠳᠤ ᠦᠶ᠎ᠡ᠎ᠶᠢᠨ ᠳᠤᠮᠳᠠᠳᠤ ᠤᠯᠤᠰ᠎ᠤᠨ ᠠᠵᠤ ᠠᠬᠤᠢ᠎ᠶᠢᠨ ᠰᠠᠭᠤᠷᠢ᠂ ᠨᠡᠶ᠋ᠢᠭᠡᠮ᠎ᠤᠨ ᠪᠦᠲᠦᠴᠡ᠂ ᠰᠣᠶᠣᠯ᠎ᠤᠨ ᠰᠡᠳᠬᠢᠴᠡ ᠵᠡᠷᠭᠡ ᠳᠠᠪᠬᠤᠷᠭ᠎ᠠ᠎ᠶᠢᠨ ᠭᠦᠨᠵᠡᠭᠡᠢ ᠬᠤᠪᠢᠷᠠᠯᠲᠠ᠎ᠶᠢ ᠲᠤᠰᠬᠠᠵᠤ ᠪᠤᠢ᠃ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋ ᠪᠣᠯ ᠲᠣᠭᠠᠴᠢᠯᠠᠭᠰᠠᠨ ᠮᠡᠷᠭᠡᠵᠢᠯ ᠪᠣᠯᠤᠨ ᠢᠨᠲᠸᠷ ᠰᠦᠯᠵᠢᠶᠡᠨ᠎ᠤ ᠣᠷᠴᠢᠨ᠎ᠳᠤ᠂ ᠠᠷᠠᠳ ᠤᠯᠠᠨ᠎ᠢᠶᠠᠷ ᠭᠣᠣᠯ ᠴᠣᠭᠴᠠ ᠪᠣᠯᠭᠠᠨ ᠵᠣᠬᠢᠶᠠᠨ ᠪᠦᠲᠦᠭᠡᠬᠦ᠂ ᠤᠯᠠᠮᠵᠢᠯᠠᠬᠤ ᠪᠠ ᠬᠠᠮᠳᠤ ᠪᠡᠷ ᠡᠳ᠋ᠯᠡᠬᠦ᠎ᠳᠤ ᠥᠷᠭᠡᠨ᠎ᠢᠶᠠᠷ ᠣᠷᠣᠯᠴᠠᠭᠰᠠᠨ ᠰᠢᠨ᠎ᠡ ᠮᠠᠶᠢᠭ᠋᠎ᠤᠨ ᠤᠳᠬ᠎ᠠ ᠤᠷᠠᠯᠢᠭ᠋᠎ᠤᠨ ᠬᠡᠯᠪᠡᠷᠢ ᠪᠣᠯᠤᠨ᠎ᠠ᠃ ᠲᠡᠭᠦᠨ᠎ᠤ ᠣᠨᠴᠠᠯᠢᠭ᠋ ᠭᠡᠪᠡᠯ ᠵᠣᠬᠢᠶᠠᠨ ᠪᠦᠲᠦᠭᠡᠯᠭᠡ᠎ᠶᠢᠨ ᠪᠡᠶᠡᠴᠢ ᠴᠣᠭᠴᠠ᠎ᠨᠢ ᠰᠤᠳᠤᠴᠤᠤᠯ᠎ᠠᠴᠠ ᠠᠪᠤᠭᠠᠳ ᠡᠭᠡᠯ ᠠᠷᠠᠳ ᠲᠤ᠌ ᠬᠦᠷᠲᠡᠯ᠎ᠡ ᠨᠡᠶ᠋ᠢᠲᠡ᠎ᠪᠠᠷ᠎ᠢᠶᠠᠨ ᠣᠷᠣᠯᠴᠠᠬᠤ᠂ ᠵᠠᠭᠤᠴᠢᠯᠠᠭᠤᠷ᠎ᠤᠨ ᠮᠡᠷᠭᠡᠵᠢᠯ᠎ᠨᠢ ᠢᠨᠲᠸᠷ ᠰᠦᠯᠵᠢᠶ᠎ᠡ ᠪᠠ ᠵᠣᠬᠢᠶᠠᠮᠠᠯ ᠤᠶᠤᠨ ᠴᠢᠳᠠᠪᠣᠷᠢ᠎ᠳᠦ ᠲᠦᠰᠢᠭᠯᠡᠬᠦ᠂ ᠤᠳᠬ᠎ᠠ ᠤᠷᠠᠯᠢᠭ᠋᠎ᠤᠨ ᠬᠡᠯᠪᠡᠷᠢ᠎ᠨᠢ ᠰᠦᠯᠵᠢᠶᠡᠨ᠎ᠤ ᠤᠳᠬ᠎ᠠ ᠵᠣᠬᠢᠶᠠᠯ ᠪᠠ ᠣᠬᠣᠷ ᠸᠢᠳᠢᠣ᠋ ᠵᠡᠷᠭᠡ ᠣᠯᠠᠨ ᠲᠥᠷᠥᠯ ᠬᠡᠯᠪᠡᠷᠢ᠎ᠶᠢ ᠬᠠᠮᠤᠷᠴᠤ᠂ ᠪᠦᠲᠦᠭᠡᠯ᠎ᠨᠢ ᠡᠳᠦᠷ ᠲᠤᠲᠤᠮ᠎ᠤᠨ ᠠᠮᠢᠳᠤᠷᠠᠯ ᠪᠠ ᠦᠨᠡᠨ ᠪᠣᠳᠠᠲᠤ ᠰᠡᠳᠬᠢᠯᠭᠡ᠎ᠶᠢ ᠦᠨᠳᠦᠰᠦᠯᠡᠭᠰᠡᠨ ᠵᠢᠴᠢ ᠠᠷᠠᠳ ᠲᠦᠮᠡᠨ᠎ᠢᠶᠠᠷ ᠭᠣᠣᠯ ᠪᠣᠯᠭᠠᠭᠰᠠᠨ ᠥᠷᠲᠡᠭ᠎ᠤᠨ ᠤᠳᠤᠷᠢᠳᠤᠮᠵᠢ᠎ᠶᠢ ᠴᠢᠬᠤᠯᠠᠴᠢᠯᠠᠭᠰᠠᠨ ᠵᠡᠷᠭᠡ ᠪᠣᠯᠤᠨ᠎ᠠ᠃
(ᠵᠤᠬᠢᠶᠠᠭ᠍ᠴᠢ ᠵᠢᠨ ᠬᠠᠶᠢᠭ᠄ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠤᠳᠬ᠎ᠠ ᠵᠤᠬᠢᠶᠠᠯ ᠰᠤᠳᠤᠯᠬᠤ ᠭᠠᠵᠠᠷ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃