ᠲᠡᠷᠢᠭᠦᠨ ᠨᠢᠭᠤᠷ>ᠣᠨᠣᠯ ᠱᠢᠭᠦᠮᠵᠢ>ᠣᠨᠣᠯ

2026-09-21 11:51:59

ᠵᠣᠬᠢᠶᠠᠭ᠍ᠴᠢ᠄ ᠴᠧᠨ ᠵᠢᠶᠠ ᠰᠢ ᠣᠩᠱᠢᠭ᠍ᠰᠠᠨ ᠣᠳᠠᠭ᠎ᠠ᠄ 3

ᠨᠠᠮᠴᠢ ᠴᠢᠨᠠᠷ ᠪᠣᠯ ᠲᠦᠷᠦ᠎ᠶᠢᠨ ᠨᠠᠮ᠎ᠤᠨ ᠮᠥᠨ ᠴᠢᠨᠠᠷ᠎ᠤᠨ ᠰᠢᠨᠵᠢ ᠪᠠ ᠳᠣᠲᠣᠭᠠᠳᠤ ᠵᠠᠩ ᠴᠢᠨᠠᠷ ᠮᠥᠨ᠃ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠳᠤ ᠠᠪᠴᠤ ᠬᠡᠯᠡᠪᠡᠯ᠂ ᠨᠠᠮᠴᠢ ᠴᠢᠨᠠᠷ ᠨᠢ ᠨᠠᠮ᠎ᠤᠨ ᠠᠩᠭᠢ᠎ᠶᠢᠨ ᠰᠠᠭᠤᠷᠢ᠂ ᠤᠯᠤᠰ ᠲᠦᠷᠦ᠎ᠶᠢᠨ ᠵᠣᠭᠰᠣᠯᠲᠠ᠂ ᠦᠨᠳᠦᠰᠦᠨ ᠵᠣᠷᠢᠯᠲᠠ ᠪᠠ ᠦᠷᠳᠡᠭ᠎ᠦᠨ ᠬᠥᠭᠡᠭᠡᠴᠡᠯᠳᠦᠯ᠎ᠢ ᠲᠥᠪᠯᠡᠷᠡᠩᠭᠦᠢ ᠢᠯᠡᠷᠡᠭᠦᠯᠵᠦ᠂ ᠪᠤᠰᠤᠳ ᠲᠦᠷᠦ᠎ᠶᠢᠨ ᠨᠠᠮ᠎ᠠᠴᠠ ᠢᠯᠭᠠᠭᠳᠠᠬᠤ ᠦᠨᠳᠦᠰᠦᠨ ᠰᠢᠨᠵᠢ ᠲᠡᠮᠳᠡᠭ ᠪᠣᠯᠣᠨ᠎ᠠ; ᠨᠠᠮ᠎ᠤᠨ ᠭᠡᠰᠢᠭᠦᠨ ᠺᠠᠳ᠋ᠷᠴᠤᠳ᠎ᠲᠤ ᠠᠪᠴᠤ ᠬᠡᠯᠡᠪᠡᠯ᠂ ᠨᠠᠮᠴᠢ ᠴᠢᠨᠠᠷ ᠨᠢ ᠨᠠᠮ᠎ᠤᠨ ᠰᠢᠨᠵᠢ ᠴᠢᠨᠠᠷ ᠵᠣᠷᠢᠯᠲᠠ᠂ ᠬᠦᠰᠡᠯᠡᠩ ᠢᠲᠡᠭᠡᠯ ᠪᠢᠰᠢᠷᠡᠯ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠰᠠᠬᠢᠯᠭ᠎ᠠ ᠪᠠᠲᠤ ᠶᠣᠰᠣ᠌ ᠳᠦᠷᠢᠮ᠎ᠢ ᠤᠬᠠᠮᠰᠠᠷ᠎ᠠᠴᠠ᠎ᠪᠠᠨ ᠮᠡᠳᠡᠷᠡᠬᠦ ᠪᠠ ᠡᠷᠡᠰ ᠪᠠᠲᠤ ᠦᠢᠯᠡᠳᠦᠯᠭᠡᠵᠢᠭᠦᠯᠬᠦ ᠳᠡᠭᠡᠷ᠎ᠡ ᠢᠯᠡᠷᠡᠵᠦ ᠪᠠᠢᠳᠠᠭ᠃ ᠦᠨᠳᠦᠰᠦᠨ᠎ᠡᠴᠡ ᠨᠢ ᠠᠪᠴᠤ ᠬᠡᠯᠡᠪᠡᠯ᠂ ᠨᠠᠮᠴᠢ ᠴᠢᠨᠠᠷ ᠪᠣᠯ ᠳᠠᠷᠤᠢ ᠬᠦᠴᠦᠨ ᠴᠢᠳᠠᠯ᠎ᠤᠨ ᠤᠷᠤᠰᠢᠬᠤᠢ ᠪᠠᠢᠵᠤ᠂ ᠨᠠᠮᠴᠢ ᠴᠢᠨᠠᠷ ᠪᠣᠯ ᠮᠠᠨ᠎ᠤ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭᠠᠯᠠᠬᠤ᠂ ᠲᠡᠦᠬᠡᠲᠦ ᠡᠭᠦᠷᠭᠡ᠎ᠪᠡᠨ ᠪᠡᠶᠡᠯᠡᠭᠦᠯᠬᠦ᠎ᠴᠢᠬᠤᠯᠠ ᠤᠶᠤᠨ ᠰᠠᠨᠠᠭᠠᠨ᠎ᠤ ᠲᠦᠰᠢᠭ ᠲᠤᠯᠭᠠᠭᠤᠷᠢ ᠮᠥᠨ᠃ ᠰᠢᠨ᠎ᠡ ᠴᠠᠭ ᠦᠶ᠎ᠡ᠎ᠡᠴᠡ ᠨᠠᠭᠠᠰᠢ᠂ ᠮᠠᠨ᠎ᠤ ᠨᠠᠮ᠎ᠤᠨ ᠣᠷᠣᠰᠢᠵᠤ ᠪᠠᠢᠭ᠎ᠠ ᠲᠡᠦᠬᠡ᠎ᠶᠢᠨ ᠣᠷᠣᠨ ᠪᠠᠢᠷᠢ᠂ ᠡᠭᠦᠷᠭᠡᠯᠡᠵᠦ ᠪᠠᠢᠭ᠎ᠠ ᠡᠭᠦᠷᠭᠡ ᠬᠠᠷᠢᠭᠤᠴᠠᠯᠭ᠎ᠠ᠂ ᠲᠤᠯᠭᠠᠷᠠᠵᠤ ᠪᠠᠢᠭ᠎ᠠ ᠠᠶᠤᠯ ᠲᠦᠭᠰᠢᠭᠦᠷᠢ᠎ᠶᠢᠨ ᠰᠢᠯᠭᠠᠯᠲᠠ᠎ᠳᠤ ᠴᠥᠮ ᠭᠦᠨᠵᠡᠭᠡᠢ ᠬᠤᠪᠢᠷᠠᠯᠲᠠ ᠭᠠᠷᠴᠦ᠂ ᠪᠠᠢᠳᠠᠯ ᠬᠡᠳᠦᠢ ᠨᠠᠷᠢᠨ ᠪᠤᠳᠤᠯᠢᠶᠠᠨᠲᠠᠢ᠂ ᠡᠭᠦᠷᠭᠡ ᠬᠡᠳᠦᠢ ᠬᠠᠲᠠᠭᠤ ᠪᠡᠷᠬᠡ ᠪᠣᠯᠬᠤ ᠲᠤᠳᠤᠮ᠂ ᠪᠠᠲᠤ ᠴᠢᠩᠭ᠎ᠠ ᠨᠠᠮᠴᠢ ᠴᠢᠨᠠᠷ᠎ᠢ ᠤᠯᠠᠮ ᠳᠠᠪᠲᠠᠨ ᠪᠣᠯᠪᠠᠰᠤᠷᠠᠭᠤᠯᠬᠤ ᠴᠢᠬᠤᠯᠠᠲᠠᠢ ᠪᠠᠢᠨ᠎ᠠ᠃

ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭᠠᠯᠠᠬᠤ᠎ᠵᠠᠢᠯᠠᠰᠢ ᠦᠭᠡᠢ ᠱᠠᠭᠠᠷᠳᠠᠯᠭ᠎ᠠ ᠮᠥᠨ᠃ ᠤᠯᠤᠰ ᠲᠦᠷᠦ᠎ᠶᠢᠨ ᠪᠠᠢᠭᠤᠯᠤᠯᠲᠠ ᠪᠣᠯ ᠨᠠᠮ᠎ᠤᠨ ᠦᠨᠳᠦᠰᠦᠨ ᠴᠢᠨᠠᠷᠲᠠᠢ ᠪᠠᠢᠭᠤᠯᠤᠯᠲᠠ ᠮᠥᠨ᠂ ᠲᠡᠷᠡ ᠨᠢ ᠨᠠᠮ᠎ᠤᠨ ᠪᠠᠢᠭᠤᠯᠤᠯᠲᠠ᠎ᠶᠢᠨ ᠴᠢᠭᠯᠡᠯ ᠪᠠ ᠦᠷ᠎ᠡ ᠪᠦᠲᠦᠮᠵᠢ᠎ᠶᠢ ᠲᠣᠭᠲᠠᠭᠠᠳᠠᠭ᠃ 《ᠰᠢ ᠵᠢᠨ ᠫᠢᠨᠭ᠎ᠤᠨ ᠨᠠᠮ᠎ᠤᠨ ᠪᠠᠢᠭᠤᠯᠤᠯᠲᠠ᠎ᠶᠢᠨ ᠲᠤᠬᠠᠢ ᠵᠤᠬᠢᠶᠠᠯ᠎ᠤᠨ ᠰᠣᠩᠭᠣᠮᠠᠯ 》 ᠎ᠤ᠋ᠨ ᠨᠢᠭᠡᠳᠦᠭᠡᠷ ᠪᠣᠳᠢ᠎ᠶᠢᠨ 《ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠨᠥᠬᠥᠳ ᠡᠷᠬᠡᠪᠰᠢ ᠮᠠᠰᠢ ᠴᠢᠩᠭ᠎ᠠ ᠨᠢᠭᠡᠳᠦᠯᠲᠡᠢ ᠪᠠᠢᠬᠤ ᠤᠬᠠᠮᠰᠠᠷ᠎ᠲᠠᠢ ᠪᠠᠢᠬᠤ ᠬᠡᠷᠡᠭᠲᠡᠢ》 ᠭᠡᠬᠦ ᠵᠣᠬᠢᠶᠠᠯ᠎ᠳᠤ᠂ ᠶᠡᠷᠦᠩᠬᠡᠢ ᠱᠦᠵᠢ ᠰᠢ᠎ᠶᠢᠨ ᠫᠢᠩ᠄ 《ᠨᠠᠮ᠎ᠤᠨ ᠲᠥᠪ ᠬᠣᠷᠢᠶᠠᠨ᠎ᠤ ᠡᠷᠬᠡ ᠰᠦᠷ᠎ᠢ ᠬᠠᠮᠠᠭᠠᠯᠠᠬᠤ ᠨᠢ ᠡᠩ᠎ᠦᠨ ᠠᠰᠠᠭᠤᠳᠠᠯ ᠪᠠ ᠬᠤᠪᠢ ᠬᠥᠮᠥᠨ᠎ᠦ ᠶᠠᠪᠤᠳᠠᠯ ᠤᠭᠳᠤ ᠪᠢᠰᠢ᠂ ᠬᠠᠷᠢᠨ ᠴᠢᠭᠯᠡᠯᠲᠦ ᠴᠢᠨᠠᠷ᠂ ᠵᠠᠷᠴᠢᠮᠲᠤ ᠴᠢᠨᠠᠷ᠎ᠤᠨ ᠠᠰᠠᠭᠤᠳᠠᠯ ᠮᠥᠨ᠂ ᠨᠠᠮᠴᠢ ᠴᠢᠨᠠᠷ ᠮᠦᠨ᠂ ᠪᠦᠬᠦ ᠲᠠᠯ᠎ᠠ ᠮᠥᠨ᠂ ᠨᠠᠮ᠂ ᠦᠨᠳᠦᠰᠦᠲᠡᠨ᠂ ᠤᠯᠤᠰ᠎ᠤᠷᠤᠨ᠎ᠤ ᠠᠯᠤᠰ ᠢᠷᠡᠭᠡᠳᠦᠢ ᠬᠤᠪᠢ ᠵᠠᠶᠠᠭ᠎ᠠ᠎ᠲᠠᠢ ᠬᠣᠯᠪᠣᠭᠳᠠᠨ᠎ᠠ》 ᠭᠡᠵᠦ ᠵᠢᠭᠠᠵᠤ ᠭᠠᠷᠭᠠᠪᠠ᠃ ᠡᠨᠡ ᠬᠦ᠌ ᠴᠢᠬᠤᠯᠠ ᠥᠭᠦᠯᠡᠯᠲᠡ ᠨᠢ ᠨᠠᠮᠴᠢ ᠴᠢᠨᠠᠷ᠎ᠢ ᠤᠯᠤᠰ ᠲᠦᠷᠦ᠎ᠶᠢᠨ ᠦᠨᠡᠨᠴᠢ ᠰᠢᠳᠤᠷᠭᠤ᠂ ᠤᠯᠤᠰ ᠲᠦᠷᠦ᠎ᠶᠢᠨ ᠰᠠᠬᠢᠯᠭ᠎ᠠ ᠪᠠᠲᠤ᠂ ᠤᠯᠤᠰ ᠲᠦᠷᠦ᠎ᠶᠢᠨ ᠶᠣᠰᠣ᠌ ᠳᠦᠷᠢᠮ᠎ᠢ ᠳᠣᠲᠣᠭᠠᠳᠤ᠎ᠳᠤᠨᠢ ᠨᠠᠪᠲᠠᠷᠡᠭᠦᠯᠵᠦ᠂ ᠨᠠᠮᠴᠢ ᠴᠢᠨᠠᠷ᠎ᠤᠨ ᠤᠯᠤᠰ ᠲᠦᠷᠦ᠎ᠶᠢᠨ ᠮᠥᠨ ᠴᠢᠨᠠᠷ᠎ᠢ ᠭᠦᠨᠵᠡᠭᠡᠢ ᠢᠯᠡᠷᠡᠭᠦᠯᠪᠡ᠃ ᠮᠠᠨ᠎ᠤ ᠨᠠᠮ ᠪᠣᠯ ᠮᠤᠨᠳᠠᠭ ᠶᠡᠬᠡ ᠵᠣᠬᠢᠶᠠᠨ ᠪᠠᠢᠭᠤᠯᠤᠯᠲᠠ᠎ᠶᠢᠨ ᠰᠢᠰᠲᠧᠮ ᠪᠠ ᠨᠠᠮ᠎ᠤᠨ ᠭᠡᠰᠢᠭᠦᠨ᠎ᠦ ᠡᠩᠨᠡᠭᠡ᠎ᠲᠠᠢ ᠲᠤᠮᠤ ᠨᠠᠮ ᠮᠥᠨ᠂ 14 ᠳ᠋ᠦᠩᠰᠢᠭᠤᠷ ᠭᠠᠷᠤᠢ ᠬᠥᠮᠥᠨ ᠠᠮᠠ᠎ᠲᠠᠢ ᠶᠡᠬᠡ ᠤᠯᠤᠰ᠎ᠬᠦᠷᠦᠨ᠎ᠢ ᠤᠳᠤᠷᠢᠳᠤᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠲᠡᠦᠬᠡᠨ ᠬᠦᠨᠳᠦ ᠡᠭᠦᠷᠭᠡ᠎ᠶᠢ ᠡᠭᠦᠷᠭᠡᠯᠡᠵᠦ ᠪᠠᠢᠭ᠎ᠠ ᠶᠤᠮ᠃ ᠲᠤᠮᠤ ᠨᠠᠮ ᠲᠤᠮᠤ ᠤᠯᠤᠰ᠎ᠤᠨ ᠬᠠᠮᠤᠭ᠎ᠤᠨ ᠴᠢᠬᠤᠯᠠ ᠨᠢ ᠨᠠᠮ᠎ᠤᠨ ᠲᠥᠪ ᠬᠣᠷᠢᠶ᠎ᠠ ᠡᠷᠬᠡ ᠰᠦᠷ᠎ᠲᠠᠢ᠂ ᠨᠠᠮ ᠨᠢᠭᠡᠳᠦᠯᠲᠡᠢ ᠵᠣᠷᠢᠭ᠋ ᠰᠠᠨᠠᠭ᠎ᠠ ᠪᠠ ᠨᠢᠭᠡᠳᠦᠯᠲᠡᠢ ᠦᠢᠯᠡ ᠠᠵᠢᠯᠯᠠᠭ᠎ᠠ᠎ᠲᠠᠢ ᠪᠠᠢᠬᠤ ᠶᠠᠪᠤᠳᠠᠯ ᠪᠣᠯᠣᠨ᠎ᠠ᠃ ᠨᠠᠮᠴᠢ ᠴᠢᠨᠠᠷ᠎ᠢᠶᠠᠷ ᠴᠢᠩᠭ᠎ᠠ ᠪᠢᠰᠢ ᠪᠣᠯ ᠬᠤᠪᠢᠨᠴᠢᠷ ᠦᠵᠡᠯ᠂ ᠲᠠᠷᠠᠬᠠᠢ ᠪᠤᠲᠠᠷᠬᠠᠢ ᠦᠵᠡᠯ᠂ ᠳᠤᠷ᠎ᠠ ᠵᠣᠷᠢᠭ᠋᠎ᠤᠨ ᠦᠵᠡᠯ᠂ ᠥᠪᠡᠷᠮᠡᠲᠡᠭᠡᠢ ᠦᠵᠡᠯ᠂ ᠰᠠᠢᠮᠰᠤᠷᠠᠬᠤ ᠦᠵᠡᠯ ᠳᠠᠷᠤᠢ ᠡᠭᠦᠰᠦᠨ ᠳᠡᠯᠭᠡᠷᠡᠵᠦ᠂ ᠨᠠᠮ᠎ᠤᠨ ᠪᠦᠯᠬᠦᠮᠳᠡᠯ ᠨᠢᠭᠡᠳᠦᠯ ᠳᠠᠷᠤᠢ ᠬᠣᠬᠢᠷᠠᠯ᠎ᠳᠤ ᠤᠴᠠᠷᠠᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ ᠪᠡᠷᠬᠡ ᠪᠣᠯᠣᠨ᠎ᠠ᠃ ᠶᠠᠭ ᠡᠨᠡ ᠬᠦ᠌ ᠤᠳᠬ᠎ᠠ ᠠᠭᠤᠯᠭ᠎ᠠ ᠠ᠋ᠴᠠ ᠶᠡᠷᠦᠩᠬᠡᠢ ᠱᠦᠵᠢ ᠰᠢ᠎ᠶᠢᠨ ᠫᠢᠩ᠄ 《ᠤᠯᠤᠰ ᠲᠥᠷᠥ ᠶ᠋ᠢ ᠡᠷᠬᠢᠮᠯᠡᠬᠦ ᠶ᠋ᠢᠨ ᠬᠠᠮᠤᠭ᠎ᠤᠨ ᠦᠨᠳᠦᠰᠦᠨ ᠵᠦᠢᠯ ᠪᠣᠯ ᠳᠠᠷᠤᠢ ᠨᠠᠮᠴᠢ ᠴᠢᠨᠠᠷ ᠢ᠋ ᠡᠷᠬᠢᠮᠯᠡᠬᠦ ᠶᠠᠪᠤᠳᠠᠯ ᠮᠥᠨ》 ᠭᠡᠵᠦ ᠴᠢᠬᠤᠯᠠᠴᠢᠯᠠᠭᠰᠠᠨ ᠶᠤᠮ᠃ ᠨᠠᠮᠴᠢ ᠴᠢᠨᠠᠷ ᠪᠠᠲᠤ ᠴᠢᠩᠭ᠎ᠠ ᠪᠠᠢᠪᠠᠯ ᠰᠠᠶᠢ ᠤᠯᠤᠰ ᠲᠦᠷᠦ᠎ᠶᠢᠨ ᠵᠣᠭᠰᠣᠯᠲᠠ᠂ ᠤᠯᠤᠰ ᠲᠦᠷᠦ᠎ᠶᠢᠨ ᠴᠢᠭᠯᠡᠯ᠂ ᠤᠯᠤᠰ ᠲᠦᠷᠦ᠎ᠶᠢᠨ ᠵᠠᠷᠴᠢᠮ᠂ ᠤᠯᠤᠰ ᠲᠦᠷᠦ᠎ᠶᠢᠨ ᠵᠠᠮ ᠳᠡᠭᠡᠷ᠎ᠡ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ ᠴᠢᠳᠠᠨ᠎ᠠ᠂ ᠰᠠᠶᠢ 《ᠬᠣᠶᠠᠷ᠎ᠢ ᠲᠣᠭᠲᠠᠭᠠᠬᠤ》 ᠵᠢ ᠡᠷᠡᠰ ᠬᠦᠷᠢᠶᠡᠯᠡᠬᠦ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ ᠶᠠᠪᠤᠳᠠᠯ᠎ᠢ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠵᠦ ᠴᠢᠳᠠᠨ᠎ᠠ᠃

ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠦᠵᠡᠯ ᠰᠠᠨᠠᠭᠠᠨ᠎ᠤ ᠬᠠᠰᠢᠯᠭ᠎ᠠ᠎ᠶᠢ ᠪᠡᠬᠢᠵᠢᠭᠦᠯᠵᠦ᠂ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠎ᠶᠢ ᠭᠦᠨᠵᠡᠭᠡᠢ ᠠᠬᠢᠭᠤᠯᠬᠤ ᠵᠠᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠲᠡᠷᠢᠭᠦᠨ᠎ᠦ ᠴᠢᠨᠠᠷ ᠪᠠ ᠠᠷᠢᠭᠤᠨ ᠴᠢᠭᠡᠴᠢ ᠴᠢᠨᠠᠷ ᠪᠣᠯ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠮᠥᠨ ᠴᠢᠨᠠᠷ᠎ᠤᠨ ᠰᠢᠨᠵᠢ ᠮᠥᠨ᠃ ᠨᠢᠭᠡᠨ ᠲᠦᠷᠦ᠎ᠶᠢᠨ ᠨᠠᠮ ᠥᠩᠭᠡᠷᠡᠭᠰᠡᠨ᠎ᠳᠦ ᠲᠡᠷᠢᠭᠦᠨ᠎ᠦ ᠬᠢ ᠪᠠᠢᠭᠰᠠᠨ ᠨᠢ ᠤᠳᠦ ᠲᠡᠷᠢᠭᠦᠨ᠎ᠦ ᠬᠢ ᠭᠡᠰᠡᠨ ᠶᠠᠪᠤᠳᠠᠯ ᠪᠢᠰᠢ᠂ ᠤᠳᠦ ᠲᠡᠷᠢᠭᠦᠨ᠎ᠦ ᠬᠢ ᠪᠣᠯᠤᠭᠰᠠᠨ ᠨᠢ ᠥᠨᠢ ᠡᠭᠦᠷᠢᠳᠡ ᠲᠡᠷᠢᠭᠦᠨ᠎ᠦ ᠬᠢ ᠭᠡᠰᠡᠨ ᠶᠠᠪᠤᠳᠠᠯ ᠪᠢᠰᠢ ᠶᠤᠮ᠃ ᠮᠠᠨ᠎ᠤ ᠨᠠᠮ 105 ᠵᠢᠯ᠎ᠦᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶᠢ ᠥᠩᠭᠡᠷᠡᠭᠡᠵᠦ᠂ ᠬᠦᠴᠢᠷ ᠪᠡᠷᠬᠡᠰᠢᠶᠡᠯ᠎ᠢ ᠲᠤᠭᠤᠯᠤᠨ ᠲᠠᠰᠤᠷᠠᠯᠲᠠ ᠦᠭᠡᠢ ᠬᠥᠭᠵᠢᠨ ᠪᠤᠵᠠᠭᠠᠢᠷᠠᠭᠰᠠᠨ᠎ᠤ ᠨᠢᠭᠡᠨ ᠴᠢᠬᠤᠯᠠ ᠰᠢᠯᠲᠠᠭᠠᠨ ᠪᠣᠯ ᠳᠠᠷᠤᠢ ᠢᠮᠠᠭᠲᠠ ᠵᠣᠷᠢᠭᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠵᠦ᠂ ᠥᠪᠡᠷ᠎ᠢ᠎ᠪᠡᠨ ᠴᠡᠪᠡᠷᠰᠢᠭᠦᠯᠬᠦ᠎ᠳᠡᠭᠡᠨ ᠴᠢᠳᠠᠮᠠᠭᠠᠢ ᠪᠠᠢᠬᠤ᠎ᠳᠤ ᠣᠷᠣᠰᠢᠨ᠎ᠠ᠃ 《ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠲᠤᠬᠠᠢ ᠵᠤᠬᠢᠶᠠᠯ᠎ᠤᠨ ᠰᠣᠩᠭᠣᠮᠠᠯ》᠎ᠤ᠋ᠨ ᠬᠣᠶᠠᠳᠤᠭᠠᠷ ᠪᠣᠳᠢ᠎ᠶᠢᠨ 《ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠎ᠶᠢ ᠠᠬᠢᠭᠤᠯᠬᠤ ᠵᠠᠩᠭᠢᠯᠠᠭ᠎ᠠ ᠨᠢ ᠨᠠᠢᠳᠠᠪᠤᠷᠢᠵᠢᠭᠤᠯᠤᠯᠲᠠ᠎ᠶᠢ ᠦᠨᠡᠨ᠎ᠬᠦ ᠪᠣᠳᠠᠲᠠᠢ᠎ᠳᠤ ᠨᠠᠢᠳᠠᠪᠤᠷᠢᠵᠢᠭᠤᠯᠬᠤ᠎ᠳᠤ ᠪᠠᠢᠨ᠎ᠠ》 ᠭᠡᠬᠦ ᠵᠣᠬᠢᠶᠠᠯ᠎ᠳᠤ᠂ ᠶᠡᠷᠦᠩᠬᠡᠢ ᠱᠦᠵᠢ ᠰᠢ᠎ᠶᠢᠨ ᠫᠢᠩ᠄《ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠎ᠶᠢ ᠠᠬᠢᠭᠤᠯᠬᠤ᠎ᠳᠤ ᠡᠷᠬᠡᠪᠰᠢ ᠦᠨᠳᠦᠰᠦ ᠰᠠᠭᠤᠷᠢ ᠪᠠᠨ ᠪᠠᠲᠤᠳᠬᠠᠵᠤ᠂ ᠨᠠᠮᠴᠢ ᠴᠢᠨᠠᠷ᠎ᠢᠶᠠᠨ ᠴᠢᠩᠭᠠᠳᠬᠠᠬᠤ ᠬᠡᠷᠡᠭᠲᠡᠢ》 ᠭᠡᠵᠦ ᠵᠢᠭᠠᠵᠤ ᠭᠠᠷᠭᠠᠪᠠ᠃ ᠡᠨᠡ ᠬᠦ᠌ ᠴᠢᠬᠤᠯᠠ ᠥᠭᠦᠯᠡᠯᠲᠡ ᠨᠢ ᠨᠠᠮᠴᠢ ᠴᠢᠨᠠᠷ᠎ᠤᠨ ᠪᠠᠢᠭᠤᠯᠤᠯᠲᠠ ᠪᠣᠯᠣᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠎ᠶᠢᠨ ᠭᠦᠨ ᠳᠠᠪᠬᠤᠷᠭ᠎ᠠ᠎ᠶᠢᠨ ᠬᠠᠷᠢᠴᠠᠭ᠎ᠠ᠎ᠶᠢ ᠢᠯᠡᠷᠡᠭᠦᠯᠪᠡ᠄ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠎ᠳᠦ ᠭᠠᠳᠠᠭᠠᠳᠤ ᠪᠠᠢᠭᠤᠯᠤᠯ ᠵᠢᠷᠤᠮᠵᠢᠯ᠎ᠤᠨ ᠬᠢᠵᠠᠭᠠᠷᠯᠠᠯ᠎ᠳᠤ ᠲᠦᠰᠢᠭᠯᠡᠬᠦ ᠬᠡᠷᠡᠭᠲᠡᠢ ᠮᠥᠷᠲᠡᠭᠡᠨ ᠨᠡᠩ ᠴᠤ᠌ ᠳᠣᠲᠣᠭᠠᠳᠤ ᠵᠢᠨ ᠨᠠᠮᠴᠢ ᠴᠢᠨᠠᠷ᠎ᠤᠨ ᠤᠬᠠᠮᠰᠠᠷ᠎ᠤᠨ ᠲᠤᠯᠭᠠᠭᠤᠷᠢᠯᠠᠯ᠎ᠳᠤ ᠲᠦᠰᠢᠭᠯᠡᠬᠦ ᠬᠡᠷᠡᠭᠲᠡᠢ;ᠦᠢᠯᠡ ᠠᠵᠢᠯᠯᠠᠭ᠎ᠠ᠎ᠶᠢᠨ ᠲᠠᠯ᠎ᠠ᠎ᠶᠢᠨ ᠠᠰᠠᠭᠤᠳᠠᠯ᠎ᠢ ᠰᠢᠢᠳᠪᠦᠷᠢᠯᠡᠬᠦ ᠮᠥᠷᠲᠡᠭᠡᠨ ᠦᠵᠡᠯ ᠰᠠᠨᠠᠭᠠᠨ᠎ᠤ ᠦᠨᠳᠦᠰᠦ ᠰᠤᠷᠪᠤᠯᠵᠢ᠎ᠶᠢᠨ ᠲᠠᠯ᠎ᠠ᠎ᠶᠢᠨ ᠠᠰᠠᠭᠤᠳᠠᠯ᠎ᠢ ᠨᠡᠩ ᠴᠤ᠌ ᠰᠢᠢᠳᠪᠦᠷᠢᠯᠡᠬᠦ ᠬᠡᠷᠡᠭᠲᠡᠢ᠃ ᠨᠠᠮᠴᠢ ᠴᠢᠨᠠᠷ᠎ᠤᠨ ᠪᠣᠯᠪᠠᠰᠤᠷᠠᠯ ᠪᠣᠯ ᠮᠥᠨ ᠴᠢᠨᠠᠷ ᠳᠡᠭᠡᠷ᠎ᠡ᠎ᠪᠡᠨ ᠨᠠᠮ᠎ᠤᠨ ᠭᠡᠰᠢᠭᠦᠨ ᠺᠠᠳ᠋ᠷᠴᠤᠳ᠎ᠤᠨ ᠥᠪᠡᠷ᠎ᠢ᠎ᠪᠡᠨ ᠥᠭᠡᠷᠡᠴᠢᠯᠡᠬᠦ᠂ ᠥᠪᠡᠷ᠎ᠢ᠎ᠪᠡᠨ ᠬᠢᠵᠠᠭᠠᠷᠯᠠᠬᠤ᠂ ᠥᠪᠡᠷ᠎ᠢ᠎ᠪᠡᠨ ᠳᠡᠭᠡᠭᠰᠢᠯᠡᠭᠦᠯᠬᠦ ᠶᠠᠪᠤᠳᠠᠯ ᠮᠥᠨ᠂ ᠪᠠᠢᠩᠭᠤ᠎ᠶᠢᠨ ᠴᠢᠨᠠᠷᠲᠠᠢ ᠦᠵᠡᠯ ᠰᠠᠨᠠᠭ᠎ᠠ ᠤᠯᠤᠰ ᠲᠦᠷᠦ᠎ᠶᠢᠨ ᠪᠡᠶ᠎ᠡ᠎ᠶᠢᠨ ᠪᠠᠢᠴᠠᠭᠠᠯᠲᠠ᠎ᠪᠠᠷ ᠳᠠᠮᠵᠢᠭᠤᠯᠤᠨ ᠲᠤᠰ ᠪᠡᠶ᠎ᠡ᠎ᠶᠢᠨ ᠠᠰᠠᠭᠤᠳᠠᠯ᠎ᠢᠶᠠᠨ ᠲᠠᠰᠤᠷᠠᠯᠲᠠ ᠦᠭᠡᠢ ᠪᠠᠢᠴᠠᠭᠠᠨ ᠦᠵᠡᠵᠦ ᠴᠡᠭᠴᠡᠯᠡᠨ ᠰᠠᠢᠵᠢᠷᠠᠭᠤᠯᠬᠤ ᠶᠠᠪᠤᠴᠠ ᠮᠥᠨ᠃ ᠬᠡᠷᠪᠡ ᠨᠠᠮᠴᠢ ᠴᠢᠨᠠᠷ᠎ᠢᠶᠠᠷ ᠴᠢᠩᠭ᠎ᠠ ᠪᠢᠰᠢ ᠪᠣᠯ ᠰᠢᠭᠦᠮᠵᠢᠯᠡᠯ ᠪᠠ ᠥᠪᠡᠷ᠎ᠦᠨ ᠰᠢᠭᠦᠮᠵᠢᠯᠡᠯ ᠨᠢ ᠳᠠᠷᠤᠢ ᠴᠤᠭ ᠰᠦᠷ᠎ᠢᠶᠡᠨ ᠠᠯᠳᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ ᠳᠠᠷᠤᠢ ᠬᠡᠯᠪᠡᠷᠢ᠎ᠶᠢᠨ ᠲᠡᠳᠦᠢ ᠪᠣᠯᠬᠤ ᠪᠣᠯᠣᠨ᠎ᠠ;ᠬᠡᠷᠪᠡ ᠨᠠᠮᠴᠢ ᠴᠢᠨᠠᠷ ᠰᠤᠯᠠᠷᠠᠪᠠᠯ᠂ ᠥᠪᠡᠷ᠎ᠢ᠎ᠪᠡᠨ ᠬᠢᠵᠠᠭᠠᠷᠯᠠᠬᠤ ᠴᠢᠳᠠᠪᠤᠷᠢ᠎ᠪᠠᠨ ᠠᠯᠳᠠᠵᠤ᠂ ᠡᠷᠬᠡ ᠂ ᠵᠣᠭᠣᠰ ᠂ ᠥᠩᠭᠡ ᠶ᠋ᠢᠨ ᠥᠳᠥᠭᠡᠯᠭᠡ ᠶ᠋ᠢ ᠬᠣᠷᠢᠭ᠍ᠯᠠᠵᠤ ᠳᠡᠶ᠋ᠢᠯᠬᠦ ᠦᠭᠡᠢ ᠪᠣᠯᠣᠨ᠎ᠠ᠃ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠨᠥᠬᠥᠴᠡᠯ ᠳᠣᠣᠷ᠎ᠠ᠂ ᠨᠠᠮ᠎ᠢ ᠬᠠᠮᠢᠶᠠᠷᠴᠤ ᠨᠠᠮ᠎ᠢ ᠵᠠᠰᠠᠬᠤ᠎ᠶᠢᠨ ᠬᠠᠮᠤᠭ᠎ᠤᠨ ᠶᠡᠬᠡ ᠠᠶᠤᠯ ᠲᠦᠭᠰᠢᠭᠦᠷᠢ ᠨᠢ ᠳᠣᠲᠣᠭᠠᠳᠤ᠎ᠠᠴᠠ ᠢᠷᠡᠵᠤ᠂ ᠬᠥᠮᠥᠰ᠎ᠦᠨ ᠰᠡᠳᠬᠢᠯ᠎ᠡᠴᠡ ᠢᠷᠡᠳᠡᠭ᠃ ᠭᠠᠭᠴᠠ ᠬᠦ᠌ ᠪᠠᠲᠤ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠶᠠᠪᠤᠳᠠᠯ᠎ᠢ ᠦᠨᠳᠦᠰᠦ ᠰᠠᠭᠤᠷᠢ᠎ᠶᠢ ᠪᠠᠲᠤᠳᠬᠠᠬᠤ ᠰᠠᠭᠤᠷᠢ ᠢᠨᠵᠧᠨᠧᠷᠢᠩ ᠪᠣᠯᠭᠠᠵᠤ᠂ ᠨᠠᠮ᠎ᠤᠨ ᠤᠬᠠᠮᠰᠠᠷ᠂ ᠨᠠᠮ᠎ᠤᠨ ᠭᠡᠰᠢᠭᠦᠨ᠎ᠦ ᠤᠬᠠᠮᠰᠠᠷ᠂ ᠰᠠᠬᠢᠯᠭ᠎ᠠ ᠪᠠᠲᠤ᠎ᠶᠢᠨ ᠤᠬᠠᠮᠰᠠᠷ᠎ᠢ ᠲᠠᠰᠤᠷᠠᠯᠳᠠ ᠦᠭᠡᠢ ᠴᠢᠩᠭᠠᠳᠬᠠᠪᠠᠯ ᠰᠠᠶᠢ ᠢᠯᠵᠠᠷᠠᠯ᠎ᠢ ᠡᠰᠡᠷᠭᠦᠴᠡᠨ ᠴᠢᠨᠠᠷ ᠬᠤᠪᠢᠷᠠᠬᠤ᠎ᠶᠢ ᠰᠡᠷᠭᠡᠢᠯᠡᠬᠦ ᠦᠵᠡᠯ ᠰᠠᠨᠠᠭᠠᠨ᠎ᠤ ᠬᠠᠰᠢᠯᠭ᠎ᠠ᠎ᠶᠢ ᠪᠠᠲᠤ ᠪᠡᠬᠢ ᠪᠠᠢᠭᠤᠯᠵᠤ᠂ ᠨᠠᠮ᠎ᠤᠨ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ ᠪᠠ ᠬᠦᠴᠦᠷᠬᠡᠭ ᠶᠡᠬᠡ ᠲᠠᠢ᠍ᠢᠴᠢᠨ ᠬᠦᠴᠦᠨ᠎ᠢᠶᠡᠨ ᠡᠭᠦᠷᠢᠳᠡ ᠬᠠᠳᠠᠭᠠᠯᠠᠬᠤ᠎ᠶᠢ ᠦᠨᠡᠨ ᠬᠦ᠌ ᠪᠠᠲᠤᠯᠠᠵᠤ ᠴᠢᠳᠠᠨ᠎ᠠ᠃

ᠦᠨᠡᠨᠴᠢ ᠰᠢᠳᠤᠷᠭᠤ ᠠᠷᠢᠭᠤᠨ ᠴᠢᠬᠡᠴᠢ ᠵᠤᠷᠢᠬᠳᠠᠢ ᠡᠭᠦᠷᠭᠡᠯᠡᠬᠦ ᠤᠯᠤᠰ ᠲᠦᠷᠦ᠎ᠶᠢᠨ ᠬᠡᠪ ᠰᠤᠷᠲᠠᠯ᠎ᠢ ᠲᠠᠪᠳᠠᠨ ᠪᠤᠯᠪᠠᠰᠤᠷᠠᠭᠤᠯᠵᠤ᠂ ᠤᠯᠤᠰ᠎ᠢᠶᠠᠨ ᠬᠦᠴᠦᠷᠬᠡᠭᠵᠢᠭᠦᠯᠵᠦ ᠦᠨᠳᠦᠰᠦᠲᠡᠨ᠎ᠤ ᠰᠡᠷᠭᠦᠨ ᠮᠠᠨᠳᠤᠯᠳᠠ ᠵᠢᠨ ᠡᠭᠦᠷᠭᠡ᠎ᠶᠢ ᠪᠡᠶᠡᠯᠡᠭᠦᠯᠬᠦ ᠵᠠᠢᠯᠠᠰᠢ ᠦᠭᠡᠢ ᠱᠠᠭᠠᠷᠳᠠᠯᠭ᠎ᠠ᠎ᠪᠤᠯᠤᠨ᠎ᠠ᠃ ᠨᠠᠮ᠎ᠤᠨ ᠦᠢᠯᠡᠰ᠎ᠦᠨ ᠵᠠᠩᠭᠢᠯᠠᠭ᠎ᠠ ᠨᠢ ᠬᠥᠮᠥᠨ᠎ᠳᠦ ᠪᠤᠢ᠂ ᠺᠠᠳ᠋ᠷ᠎ᠲᠤ ᠪᠤᠢ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠪᠣᠯ ᠤᠷᠢᠳ ᠡᠮᠦᠨ᠎ᠡ ᠪᠠᠢᠭ᠎ᠠ ᠦᠭᠡᠢ ᠡᠭᠦᠳᠦᠯᠲᠡ᠎ᠶᠢᠨ ᠴᠢᠨᠠᠷᠲᠠᠢ ᠠᠵᠢᠯ ᠦᠢᠯᠡᠰ ᠮᠥᠨ᠂ ᠲᠡᠷᠡ ᠨᠢ ᠨᠠᠮ᠎ᠤᠨ ᠭᠡᠰᠢᠭᠦᠨ ᠺᠠᠳ᠋ᠷᠴᠤᠳ᠎ᠤᠨ ᠤᠯᠤᠰ ᠲᠦᠷᠦ᠎ᠶᠢᠨ ᠬᠡᠪ ᠴᠢᠨᠠᠷ᠂ ᠴᠢᠳᠠᠪᠤᠷᠢ᠂ ᠤᠶᠤᠨ ᠰᠠᠨᠠᠭᠠᠨ᠎ᠤ ᠳᠦᠷᠰᠦ ᠪᠠᠢᠳᠠᠯ᠎ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ᠃ᠶᠡᠷᠦᠩᠬᠡᠢ ᠱᠦᠵᠢ ᠰᠢ᠎ᠶᠢᠨ ᠫᠢᠩ ᠴᠢᠬᠤᠯᠠᠴᠢᠯᠠᠬᠤ᠎ᠳᠠᠭᠠᠨ᠄ 《ᠵᠣᠷᠢᠭ᠍ᠲᠠᠢ᠎ᠪᠠᠷ ᠬᠠᠷᠢᠭᠤᠴᠠᠵᠤ᠂ ᠵᠣᠷᠢᠭ᠍ᠲᠠᠢ᠎ᠪᠠᠷ ᠡᠭᠦᠷᠭᠡᠯᠡᠵᠦ ᠴᠢᠳᠠᠬᠤ ᠡᠰᠡᠬᠦ ᠡᠴᠡ ᠨᠢᠭᠡ ᠺᠠᠳ᠋ᠷ᠎ᠤᠨ ᠨᠠᠮᠴᠢ ᠴᠢᠨᠠᠷ ᠪᠠ ᠤᠪᠤᠷ ᠰᠤᠷᠲᠠᠯ ᠢ᠋ ᠬᠠᠮᠤᠭ ᠠ᠋ᠴᠠ ᠢᠯᠡᠭᠦᠦ ᠣᠯᠵᠤ ᠬᠠᠷᠠᠳᠠᠭ》ᠭᠡᠵᠤ ᠴᠢᠬᠤᠯᠠᠴᠢᠯᠠᠪᠠ᠃ ᠨᠠᠮ᠎ᠤᠨ ᠭᠡᠰᠢᠭᠦᠨ ᠺᠠᠳ᠋ᠷᠴᠤᠳ᠎ᠤᠨ ᠦᠨᠡᠨᠴᠢ ᠰᠢᠳᠤᠷᠭᠤ ᠨᠠᠢᠳᠠᠪᠤᠷᠢᠲᠠᠢ ᠪᠠᠢᠬᠤ ᠡᠰᠡᠬᠦ᠂ ᠠᠷᠢᠭᠤᠨ ᠴᠢᠬᠡᠴᠢ ᠪᠠᠢᠬᠤ ᠡᠰᠡᠬᠦ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠡᠰᠡᠬᠦ᠎ᠶᠢᠨ ᠦᠨᠳᠦᠰᠦ ᠨᠢ ᠴᠥᠮ ᠨᠠᠮᠴᠢ ᠴᠢᠨᠠᠷ᠎ᠢᠶᠠᠷ ᠴᠢᠩᠭ᠎ᠠ ᠪᠠᠢᠬᠤ ᠡᠰᠡᠬᠦ᠎ᠪᠡᠷ ᠰᠢᠢᠳᠪᠦᠷᠢᠯᠡᠭᠳᠡᠨ᠎ᠡ᠃ ᠨᠠᠮᠴᠢ ᠴᠢᠨᠠᠷ ᠪᠠᠲᠤ ᠴᠢᠩᠭ᠎ᠠ ᠪᠠᠢᠪᠠᠯ ᠰᠠᠶᠢ ᠨᠠᠮ᠎ᠤᠨ ᠢᠲᠡᠭᠡᠯ ᠪᠢᠰᠢᠷᠡᠯ᠂ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠦᠢᠯᠡᠰ᠎ᠲᠦ ᠦᠨᠡᠨᠴᠢ ᠰᠢᠳᠤᠷᠭᠤ ᠪᠠᠢᠵᠤ᠂ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠣᠳᠣᠯᠭ᠎ᠠ᠎ᠶᠢ ᠲᠡᠷᠡ ᠬᠡᠪ᠎ᠢᠶᠡᠷ ᠨᠢ ᠲᠤᠭᠤᠰᠢᠲᠠᠢ ᠲᠤᠭᠤᠰᠢᠯᠠᠭᠤᠯᠵᠤ᠂ ᠰᠠᠶᠢ ᠠᠷᠠᠳ ᠲᠦᠮᠡᠨ᠎ᠢ ᠢᠮᠠᠭᠲᠠ ᠰᠡᠳᠬᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠰᠠᠶᠢ ᠴᠢᠬᠤᠯᠠ ᠶᠡᠬᠡ ᠲᠡᠮᠡᠴᠡᠯ ᠪᠠ ᠪᠠᠴᠢᠮ ᠪᠡᠷᠬᠡ ᠠᠶᠤᠯ ᠲᠠᠢ ᠬᠦᠨᠳᠦ ᠡᠭᠦᠷᠭᠡ᠎ᠶᠢᠨ ᠡᠮᠦᠨ᠎ᠡ ᠰᠢᠪᠲᠤᠯᠤᠯᠳᠠ ᠬᠢᠵᠦ᠂ ᠡᠰᠡᠷᠭᠦᠴᠡᠨ ᠪᠠᠢᠯᠳᠤᠵᠤ᠂ ᠢᠯᠠᠯᠲᠠ ᠣᠯᠵᠤ ᠴᠢᠳᠠᠨ᠎ᠠ᠃ ᠣᠳᠣᠬᠠᠨ᠎ᠳᠤ᠂ ᠵᠠᠷᠢᠮ ᠨᠠᠮ᠎ᠤᠨ ᠭᠡᠰᠢᠭᠦᠨ ᠺᠠᠳ᠋ᠷ ᠵᠥᠷᠢᠴᠡᠯ᠎ᠳᠦ ᠲᠤᠯᠭᠠᠷᠠᠪᠠᠯ ᠲᠣᠭᠣᠷᠢᠨ ᠶᠠᠪᠤᠵᠤ᠂ ᠬᠦᠴᠢᠷ ᠠᠰᠠᠭᠤᠳᠠᠯ ᠲᠤᠯᠭᠠᠷᠠᠪᠠᠯ ᠬᠣᠢᠰᠢ ᠤᠬᠤᠷᠢᠵᠤ᠂ ᠵᠠᠷᠢᠮ ᠵᠠᠰᠠᠭ᠎ᠤᠨ ᠠᠵᠢᠯ᠎ᠤᠨ ᠠᠮᠵᠢᠯᠲᠠ᠎ᠶᠢᠨ ᠦᠵᠡᠯᠲᠡ᠎ᠳᠦ ᠡᠨᠳᠡᠭᠦᠦ ᠪᠤᠷᠤᠭᠤ ᠤᠷᠤᠰᠢᠵᠦ᠂ ᠦᠩᠭᠡᠨ ᠲᠠᠯ᠎ᠠ᠎ᠶᠢᠨ ᠠᠵᠢᠯ ᠬᠢᠬᠦ᠎ᠳᠦ ᠬᠠᠯᠠᠮᠰᠢᠵᠤ᠂ ᠵᠠᠷᠢᠮ ᠨᠢ ᠥᠳᠥᠭᠡᠯᠭᠡ᠎ᠶᠢᠨ ᠡᠮᠦᠨ᠎ᠡ ᠲᠣᠭᠲᠠᠯ ᠬᠦᠴᠦᠨ ᠬᠦᠷᠦᠯᠴᠡᠬᠦ ᠦᠭᠡᠢ ᠪᠠᠢᠵᠤ᠂ ᠰᠠᠬᠢᠯᠭ᠎ᠠ ᠪᠠᠲᠤ᠎ᠶᠢᠨ ᠰᠡᠷᠭᠡᠢᠯᠡᠯᠲᠡ᠎ᠶᠢᠨ ᠱᠤᠭᠤᠮ᠎ᠢᠶᠠᠨ ᠠᠯᠳᠠᠬᠰᠠᠨ ᠪᠠᠢᠳᠠᠯ ᠢᠯᠡᠷᠡᠵᠤ ᠪᠤᠢ᠃ ᠡᠳᠡᠭᠡᠷ ᠠᠰᠠᠭᠤᠳᠠᠯ ᠨᠢ ᠣᠪᠣᠷ ᠰᠤᠷᠲᠠᠯ᠎ᠤᠨ ᠲᠠᠯ᠎ᠠ᠂ ᠴᠢᠳᠠᠪᠤᠷᠢ᠎ᠶᠢᠨ ᠲᠠᠯ᠎ᠠ᠎ᠳᠤ ᠢᠯᠡᠷᠡᠵᠦ ᠪᠤᠢ᠂ ᠦᠨᠳᠦᠰᠦ ᠨᠢ ᠨᠠᠮᠴᠢ ᠴᠢᠨᠠᠷ᠎ᠲᠤ ᠪᠠᠢᠨ᠎ᠠ᠂ ᠡᠭᠦᠨ᠎ᠦ ᠵᠠᠩᠭᠢᠯᠠᠭ᠎ᠠ ᠨᠢ ᠨᠠᠮᠴᠢ ᠴᠢᠨᠠᠷ ᠰᠤᠯᠠᠷᠠᠵᠤ᠂ ᠨᠡᠢᠲᠡ ᠬᠤᠪᠢ ᠵᠢᠨ ᠤᠬᠠᠮᠰᠠᠷ ᠲᠡᠩᠴᠡᠭᠦᠷᠢ᠎ᠪᠡᠨ ᠠᠯᠳᠠᠬᠰᠠᠨ᠎ᠳᠤ ᠣᠷᠣᠰᠢᠨ᠎ᠠ᠃ ᠪᠠᠲᠤ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠎ᠳᠤ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ ᠵᠤᠷᠢᠬᠳᠠᠢ ᠡᠭᠦᠷᠭᠡᠯᠡᠬᠦ᠎ᠶᠢ ᠦᠷᠦ ᠵᠢᠷᠦᠭᠡᠨ᠎ᠳ᠋ᠡᠭᠡᠨ ᠠᠭᠤᠰᠬᠠᠵᠤ᠂ ᠦᠢᠯᠡ ᠠᠵᠢᠯᠯᠠᠭ᠎ᠠ ᠲᠡᠭᠡᠷ᠎ᠡ ᠪᠠᠨ ᠢᠯᠡᠷᠡᠬᠦᠯᠵᠤ᠂ ᠨᠠᠮ᠎ᠤᠨ ᠤᠯᠤᠰ ᠲᠦᠷᠦ᠎ᠶᠢᠨ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠂ ᠤᠯᠠᠨ ᠲᠦᠮᠡᠨ᠎ᠲᠠᠢ ᠨᠢᠭ᠍ᠲᠠ ᠬᠠᠷᠢᠯᠴᠠᠬᠤ ᠳᠠᠪᠠᠭᠤᠯᠢᠭ᠋᠎ᠢ ᠵᠠᠰᠠᠯᠲᠠ᠎ᠶᠢᠨ ᠦᠷ᠎ᠡ ᠪᠦᠲᠦᠮᠵᠢ ᠪᠠ ᠬᠥᠭᠵᠢᠯᠲᠡ᠎ᠶᠢᠨ ᠪᠣᠳᠠᠲᠤ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃

(ᠵᠤᠬᠢᠶᠠᠬᠴᠢ᠄ ᠪᠦᠬᠦ ᠤᠯᠤᠰ᠎ᠤᠨ ᠨᠠᠮ᠎ᠤᠨ ᠪᠠᠢᠭᠤᠯᠤᠯᠲᠠ ᠵᠢᠨ ᠰᠤᠳᠤᠯᠭᠠᠨ᠎ᠤ ᠨᠡᠢᠭᠡᠮᠯᠢᠭ᠎ᠤᠨ ᠤᠨᠴᠠ ᠤᠷᠢᠬᠰᠠᠨ ᠰᠤᠳᠤᠯᠤᠬᠴᠢ)

— 《ᠠᠷᠠᠳ᠎ᠤᠨ ᠡᠳᠦᠷ᠎ᠤᠨ ᠰᠤᠨᠢᠨ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面