2026-09-21 11:54:39
ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠣᠶᠤᠲᠠᠳ᠎ᠤᠨ ᠡᠳᠦᠷ ᠳᠣᠲᠤᠮ᠎ᠤᠨ ᠠᠮᠢᠳᠤᠷᠠᠯ᠎ᠳᠤ ᠠᠭᠤᠰᠬᠠᠶᠠ
《ᠪᠥᠬᠦᠳᠡ ᠨᠠᠢ᠍ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 ᠵᠢ 2026 ᠣᠨ᠎ᠤ 7 ᠰᠠᠷ᠎ᠠ᠎ᠶᠢᠨ 1᠎ᠤ᠋ ᠡᠳᠦᠷ᠎ᠠᠴᠠ ᠡᠬᠢᠯᠡᠨ ᠵᠢᠨᠭᠬᠢᠨᠢ ᠪᠡᠷ ᠬᠡᠷᠡᠭᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠪᠠᠢ᠍ᠢᠭᠤᠯᠤᠯᠲᠠᠶᠢ ᠠᠬᠢᠭᠤᠯᠬᠤ᠎ᠳᠤ ᠨᠠᠩ ᠪᠠᠲᠤ ᠪᠠᠬᠢ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠵᠠᠢ᠃ ᠶᠡᠬᠡ ᠳᠡᠭᠡᠳᠦ ᠰᠤᠷᠭᠠᠭᠤᠯᠢ ᠪᠣᠯ ᠶᠣᠰᠤ ᠰᠤᠷᠲᠠᠬᠤᠨ᠎ᠢ ᠪᠤᠢ ᠪᠣᠯᠭᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠬᠤ ᠴᠢᠬᠤᠯᠠ ᠰᠠᠭᠤᠷᠢᠨ ᠮᠥᠨ᠂ ᠦᠵᠡᠯ ᠰᠠᠨᠠᠭ᠎ᠠ ᠤᠯᠤᠰ ᠲᠥᠷᠦ᠎ᠶᠢᠨ ᠤᠨᠤᠯ᠎ᠤᠨ ᠬᠢᠴᠢᠶᠡᠯ ᠪᠣᠯ ᠰᠦᠭ ᠰᠦᠨᠡᠰᠦ᠎ᠶᠢ ᠱᠤᠭᠤᠵᠤ ᠬᠥᠮᠦᠨ᠎ᠢ ᠬᠥᠮᠦᠵᠢᠭᠦᠯᠬᠦ ᠵᠠᠩᠭᠢᠯᠠᠭ᠎ᠠ᠎ᠶᠢᠨ ᠬᠢᠴᠢᠶᠡᠯ ᠮᠥᠨ᠃ ᠤᠶᠤᠲᠠᠨ᠎ᠳᠤ ᠠᠪᠴᠤ ᠬᠡᠯᠡᠪᠡᠯ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠬᠢᠴᠢᠶᠡᠯ᠎ᠤᠨ ᠲᠠᠩᠬᠢᠮ᠎ᠢᠶᠠᠷ ᠳᠠᠮᠵᠢᠨ ᠲᠣᠳᠤᠷᠬᠠᠢ ᠲᠠᠢ᠍ᠢᠯᠪᠤᠷᠢᠯᠠᠬᠤ ᠴᠢᠬᠤᠯᠠᠲᠠᠢ ᠮᠥᠷᠲᠡᠭᠡᠨ ᠨᠡᠩ ᠴᠤ᠌ ᠡᠳᠦᠷ ᠲᠣᠲᠤᠮ᠎ᠤᠨ ᠠᠮᠢᠳᠤᠷᠠᠯ᠎ᠤᠨ ᠳᠤᠮᠳᠠ ᠮᠡᠳᠡᠷᠡᠭᠦᠯᠵᠦ᠂ ᠪᠡᠶᠡᠴᠢᠯᠡᠨ ᠣᠢᠯᠠᠭᠠᠭᠤᠯᠵᠤ᠂ ᠦᠢᠯᠡᠳᠦᠯᠭᠡᠵᠢᠭᠦᠯᠬᠦ ᠬᠡᠷᠡᠭᠲᠡᠢ ᠶᠤᠮ᠃
《ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ》 ᠬᠥᠮᠦᠵᠢᠯ᠎ᠢ ᠭᠦᠨᠵᠡᠭᠡᠢ᠍ᠢᠷᠡᠭᠦᠯᠦᠨ ᠪᠣᠳᠠᠲᠠᠢ᠍ᠢᠵᠢᠭᠤᠯᠬᠤᠶᠢ ᠠᠬᠢᠭᠤᠯᠬᠤ᠎ᠳᠤ ᠰᠤᠷᠭᠠᠭᠤᠯᠢ᠎ᠶᠢᠨ ᠬᠦᠷᠢᠶᠡᠨ᠎ᠤ ᠠᠮᠢᠳᠤᠷᠠᠯ᠂ ᠨᠡᠢᠭᠡᠮ᠎ᠤᠨ ᠬᠠᠷᠢᠯᠴᠠᠭᠠᠨ᠎ᠤ ᠦᠢᠯᠡᠳᠦᠯᠭᠡ ᠪᠠ ᠦᠰᠦᠨ ᠪᠤᠢ᠍ᠢᠵᠢᠭ᠍ᠤ ᠥᠩᠭᠡᠷᠡᠯᠲᠡ᠎ᠶᠢ ᠬᠥᠮᠦᠨ᠎ᠢ ᠬᠥᠮᠦᠵᠢᠭᠦᠯᠬᠦ ᠡᠬᠢ ᠪᠠᠶᠠᠯᠢᠭ᠋ ᠪᠣᠯᠭᠠᠨ ᠬᠤᠪᠢᠷᠠᠭᠤᠯᠵᠤ᠂ 《ᠠᠮᠢᠳᠤᠯᠢᠭ ᠲᠦᠷᠰᠦᠯᠢᠭ ᠰᠡᠷᠡᠯ ᠮᠡᠳᠡᠷᠡᠮᠵᠢ᠂ ᠭᠦᠨᠵᠡᠭᠡᠢ ᠨᠥᠯᠥᠭᠡ ᠪᠦᠬᠦᠢ ᠣᠢᠯᠠᠭᠠᠯᠲᠠ᠂ ᠰᠠᠨᠠᠭᠠᠴᠢᠯᠠᠭᠠᠳᠤ ᠤᠬᠠᠮᠰᠠᠷ ᠪᠦᠬᠦᠢ ᠦᠷ᠎ᠡ ᠠᠰᠢᠭ᠋》 ᠭᠡᠬᠦ ᠠᠮᠢᠳᠤᠷᠠᠯ᠎ᠳᠦ ᠠᠭᠤᠰᠤᠯᠴᠠᠭᠤᠯᠤᠭᠰᠠᠨ ᠵᠢᠭᠠᠨ ᠰᠤᠷᠭᠠᠯᠲᠠ᠎ᠶᠢᠨ ᠠᠷᠭ᠎ᠠ ᠵᠠᠮ᠎ᠢ ᠪᠦᠷᠢᠯᠳᠦᠭᠦᠯᠬᠦ ᠬᠡᠷᠡᠭᠲᠡᠢ ᠃
ᠣᠷᠴᠢᠨ ᠲᠣᠭᠣᠷᠢᠨ᠎ᠢ 《 ᠠᠮᠢᠳᠤᠯᠢᠭ ᠲᠦᠷᠰᠦᠯᠢᠭ 》 ᠪᠣᠯᠭᠠᠬᠤ ᠬᠡᠷᠡᠭᠳᠡᠢ
ᠮᠠᠷᠺᠰ᠎ᠤᠨ ᠦᠵᠡᠯ᠎ᠦᠨ ᠦᠵᠡᠬᠦ᠎ᠪᠡᠷ᠂ ᠨᠡᠶ᠋ᠢᠭᠡᠮ᠎ᠤᠨ ᠣᠷᠣᠰᠢᠬᠤᠢ ᠨᠢ ᠨᠡᠶ᠋ᠢᠭᠡᠮ᠎ᠤᠨ ᠤᠬᠠᠮᠰᠠᠷ᠎ᠢ ᠲᠣᠭᠲᠠᠭᠠᠳᠠᠭ᠂ ᠬᠥᠮᠥᠰ᠎ᠦᠨ ᠦᠵᠡᠯ ᠰᠠᠨᠠᠭ᠎ᠠ ᠲᠠᠨᠢᠯᠲᠠ ᠪᠣᠯ ᠨᠡᠶ᠋ᠢᠭᠡᠮ᠎ᠤᠨ ᠠᠮᠢᠳᠤᠷᠠᠯ ᠪᠠ ᠦᠢᠯᠡᠳᠦᠯᠭᠡ᠎ᠶᠢᠨ ᠳᠤᠮᠳᠠ ᠪᠤᠢ ᠪᠣᠯᠵᠤ ᠬᠥᠭᠵᠢᠳᠡᠭ᠃ ᠣᠶᠤᠲᠠᠳ᠎ᠤᠨ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠪᠦᠷᠢᠯᠳᠦᠯ᠎ᠨᠢ ᠡᠷᠬᠡᠪᠰᠢ ᠪᠣᠳᠠᠰ᠎ᠤᠨ ᠠᠮᠢᠳᠤᠷᠠᠯ᠎ᠤᠨ ᠦᠢᠯᠡᠳᠦᠯᠭᠡ᠎ᠳᠤ ᠦᠨᠳᠦᠰᠦᠯᠡᠬᠦ ᠬᠡᠷᠡᠭᠲᠡᠢ᠃ ᠡᠶ᠋ᠢᠮᠦ᠎ᠠᠴᠠ᠂ ᠠᠮᠢᠳᠤᠷᠠᠯ᠎ᠳᠤ ᠠᠭᠤᠰᠤᠯᠴᠠᠭᠤᠯᠤᠭᠰᠠᠨ ᠰᠤᠷᠭᠠᠨ ᠬᠥᠮᠦᠵᠢᠯ᠎ᠤᠨ ᠰᠠᠭᠤᠷᠢᠨ᠎ᠢ ᠰᠡᠷᠡᠯ ᠮᠡᠳᠡᠷᠡᠮᠵᠢ ᠵᠢ ᠨᠦᠯᠦᠭᠡᠯᠡᠬᠦ ᠠᠮᠢᠳᠤᠷᠠᠯ᠎ᠤᠨ ᠣᠷᠴᠢᠨ ᠲᠣᠭᠤᠷᠢᠨ ᠪᠠ ᠬᠠᠷᠢᠯᠴᠠᠭᠠᠨ᠎ᠤ ᠣᠷᠤᠨ ᠵᠠᠢ᠎ᠶᠢ ᠪᠠᠶ᠋ᠢᠭᠤᠯᠬᠤ᠎ᠳᠤ ᠪᠠᠢᠳᠠᠭ᠃ ᠶᠡᠬᠡ ᠳᠡᠭᠡᠳᠦ ᠰᠤᠷᠭᠠᠭᠤᠯᠢ᠎ᠨᠢ ᠰᠤᠷᠭᠠᠭᠤᠯᠢ᠎ᠶᠢᠨ ᠬᠦᠷᠢᠶᠡᠨ᠎ᠤ ᠣᠷᠴᠢᠨ ᠲᠣᠭᠣᠷᠢᠨ᠎ᠳᠤ ᠤᠬᠠᠮᠰᠠᠷ᠎ᠠᠴᠠ᠎ᠪᠠᠨ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠠᠴᠢᠶᠠᠯᠠᠭᠰᠠᠨ ᠰᠣᠶᠣᠯ᠎ᠤᠨ ᠲᠡᠮᠳᠡᠭ ᠪᠠ ᠲᠦᠷᠢᠮ᠎ᠤᠨ ᠲᠣᠬᠢᠷᠠᠭᠤᠯᠤᠯᠲᠠ᠎ᠶᠢ ᠰᠢᠰᠲᠧᠮ᠎ᠲᠠᠢ ᠪᠠᠢ᠍ᠢᠭᠤᠯᠵᠤ᠂ ᠬᠡᠢ᠍ᠢᠰᠪᠦᠷᠢ ᠣᠢ᠍ᠢᠯᠠᠭᠠᠯᠲᠠᠶᠢ ᠪᠣᠳᠠᠲᠠᠢ᠂ ᠮᠡᠳᠡᠷᠡᠮᠵᠢ᠎ᠲᠠᠢ ᠡᠳᠦᠷ ᠲᠤᠲᠤᠮ᠎ᠤᠨ ᠣᠷᠣᠰᠢᠬᠤᠶ ᠪᠣᠯᠭᠠᠨ ᠬᠤᠪᠢᠷᠠᠭᠤᠯᠬᠤ ᠬᠡᠷᠡᠭᠲᠡᠢ᠃ ᠵᠢᠱ᠌ᠢᠶᠡᠯᠡᠪᠡᠯ᠂ ᠠᠩᠭᠢ ᠵᠢᠨ ᠭᠡᠷ᠂ ᠪᠠᠢ᠍ᠢᠷᠢ ᠵᠢᠨ ᠠᠰᠠᠷ᠂ ᠨᠡᠶ᠋ᠢᠭᠡᠮ᠎ᠤᠨ ᠪᠦᠯᠭᠦᠮ᠂ ᠦᠢᠯᠡᠳᠦᠯᠭᠡ᠎ᠶᠢᠨ ᠪᠦᠯᠭᠦᠮ ᠵᠡᠷᠭᠡ ᠵᠣᠬᠢᠶᠠᠨ ᠪᠠᠶ᠋ᠢᠭᠤᠯᠤᠯᠲᠠ᠎ᠶᠢᠨ ᠠᠷᠭ᠎ᠠ ᠬᠡᠯᠪᠡᠷᠢ᠎ᠶᠢ ᠰᠢᠯᠢᠳᠡᠭᠵᠢᠭᠦᠯᠵᠦ᠂ ᠡᠯ᠎ᠡ ᠦᠨᠳᠦᠰᠦᠲᠡᠨ᠎ᠤ ᠰᠤᠷᠤᠭ᠍ᠴᠢᠳ᠎ᠤᠨ ᠬᠠᠮᠲᠤ᠎ᠪᠠᠷ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ ᠠᠵᠢᠯᠯᠠᠵᠤ ᠬᠠᠮᠲᠤ᠎ᠪᠠᠷ ᠪᠠᠶᠠᠰᠬᠤ ᠬᠠᠷᠢᠯᠴᠠᠭᠠᠨ᠎ᠤ ᠪᠠᠶ᠋ᠢᠳᠠᠯ᠎ᠢ ᠡᠭᠦᠳᠬᠦ ᠬᠡᠷᠡᠭᠲᠡᠢ; ᠵᠢᠷᠤᠭ ᠲᠥᠯᠥᠪᠯᠡᠭᠡ᠎ᠪᠠᠷ ᠳᠠᠮᠵᠢᠨ ᠳᠤᠮᠳᠠᠳᠤ᠎ᠶᠢᠨ ᠰᠣᠶᠣᠯ᠎ᠤᠨ ᠣᠨᠴᠠᠯᠢᠭ᠋ ᠪᠦᠬᠦᠢ ᠵᠢᠷᠤᠭ ᠲᠦᠯᠦᠪᠯᠡᠭᠡ᠂ ᠵᠠᠮ᠎ᠤᠨ ᠲᠡᠮᠳᠡᠭ᠂ ᠱᠤᠭᠤᠮᠠᠯ ᠬᠦᠷᠦᠭ ᠵᠢᠴᠢ ᠣᠯᠠᠨ ᠨᠡᠢ᠍ᠢᠲᠡ᠎ᠶᠢᠨ ᠣᠷᠣᠨ ᠵᠠᠶ᠎ᠳᠤ ᠭᠠᠷᠮᠠᠭᠠᠶ ᠬᠥᠮᠦᠨ᠎ᠤ ᠱᠤᠭᠤᠮᠠᠯ᠂ ᠤᠷᠠᠨ ᠪᠢᠴᠢᠯᠭᠡ᠂ ᠤᠷᠠᠨ ᠵᠢᠷᠤᠭ ᠵᠡᠷᠭᠡ ᠠᠴᠢᠶᠠᠯᠠᠪᠤᠷᠢ᠎ᠶᠢ ᠳᠡᠯᠭᠡᠨ ᠦᠵᠡᠭᠦᠯᠵᠦ᠂ ᠬᠠᠮᠲᠤ᠎ᠶᠢᠨ ᠴᠣᠭᠴᠠ᠎ᠶᠢᠨ ᠥᠷᠲᠡᠭ᠎ᠢ ᠰᠤᠷᠭᠠᠭᠤᠯᠢ᠎ᠶᠢᠨ ᠬᠦᠷᠢᠶᠡᠨ᠎ᠤ ᠣᠷᠴᠢᠨ ᠲᠣᠭᠣᠷᠢᠨ ᠬᠢᠭᠡᠳ ᠡᠳᠦᠷ ᠲᠤᠲᠤᠮ᠎ᠤᠨ ᠰᠣᠶᠣᠯ᠎ᠤᠨ ᠰᠢᠰᠲᠧᠮᠳᠤ ᠭᠦᠨᠵᠡᠭᠡᠶ ᠠᠭᠤᠰᠤᠯᠴᠠᠭᠤᠯᠬᠤ ᠬᠡᠷᠡᠭᠳᠡᠢ᠃
《ᠠᠮᠢᠳᠤᠯᠢᠭ ᠲᠦᠷᠰᠦᠯᠢᠭ》᠎ᠢ᠋ ᠵᠢᠷᠤᠭ ᠲᠡᠮᠳᠡᠭ ᠨᠡᠮᠡᠬᠦ᠂ ᠦᠵᠡᠮᠵᠢ ᠪᠠᠢᠷᠢᠰᠢᠭᠤᠯᠬᠤ ᠭᠡᠵᠦ ᠳᠥᠭᠦᠮᠬᠡᠨ᠎ᠢᠶᠠᠷ ᠣᠶ᠋ᠢᠯᠠᠭᠠᠵᠤ ᠪᠣᠯᠬᠤ ᠦᠭᠡᠢ᠃ ᠬᠠᠷᠢᠨ ᠵᠢᠷᠤᠭ ᠲᠡᠮᠳᠡᠭ ᠪᠠ ᠦᠵᠡᠮᠵᠢ ᠵᠢ ᠬᠢᠴᠢᠶᠡᠯ᠎ᠤᠨ ᠠᠭᠤᠯᠭ᠎ᠠ᠂ ᠰᠤᠷᠭᠠᠭᠤᠯᠢ᠎ᠶᠢᠨ ᠬᠦᠷᠢᠶᠡᠨ᠎ᠤ ᠠᠵᠢᠯᠯᠠᠭ᠎ᠠ ᠪᠠ ᠰᠤᠷᠤᠭ᠍ᠴᠢᠳ᠎ᠤᠨ ᠠᠮᠢᠳᠤᠷᠠᠯ᠎ᠲᠠᠢ ᠬᠣᠯᠪᠤᠭ᠎ᠠ᠎ᠲᠠᠢ ᠪᠠᠢᠯᠭᠠᠪᠠᠯ ᠰᠠᠶᠢ ᠦᠨᠡᠨ ᠬᠦ᠌ ᠬᠥᠮᠦᠨ᠎ᠢ ᠬᠥᠮᠦᠵᠢᠭᠦᠯᠬᠦ ᠡᠬᠢ ᠪᠠᠶᠠᠯᠢᠭ᠋ ᠪᠣᠯᠭᠠᠨ ᠬᠤᠪᠢᠷᠠᠭᠤᠯᠵᠤ ᠴᠢᠳᠠᠨ᠎ᠠ᠃ ᠲᠡᠷᠡᠴᠢᠯᠡᠨ ᠰᠤᠷᠭᠠᠭᠤᠯᠢ᠎ᠶᠢᠨ ᠬᠦᠷᠢᠶᠡᠨ᠎ᠤ ᠣᠷᠤᠨ ᠵᠠᠢ᠎ᠶᠢ 《ᠳᠡᠯᠭᠡᠨ ᠦᠵᠡᠭᠦᠯᠬᠦ ᠣᠷᠤᠨ ᠵᠠᠢ》᠎ᠡᠴᠡ《ᠰᠤᠷᠤᠯᠴᠠᠬᠤ ᠣᠷᠤᠨ ᠵᠠᠢ》 ᠪᠣᠯᠭᠠᠨ ᠬᠤᠪᠢᠷᠠᠭᠤᠯᠵᠤ᠂ ᠵᠦᠭᠡᠯᠡᠨ ᠬᠤᠷ᠎ᠠ ᠲᠦᠮᠡᠨ ᠪᠤᠳᠠᠰ᠎ᠢ ᠤᠮᠳᠠᠯᠠᠬᠤ ᠮᠡᠳᠦ ᠪᠡᠷ ᠰᠤᠷᠤᠭ᠍ᠴᠢᠳ᠎ᠤᠨ ᠬᠠᠷᠢᠶᠠᠯᠠᠭᠳᠠᠬᠤ ᠰᠡᠳᠬᠢᠯᠭᠡ᠎ᠶᠢ ᠨᠡᠮᠡᠭᠳᠡᠭᠦᠯᠬᠦ ᠬᠡᠷᠡᠭᠲᠡᠢ᠃
ᠰᠡᠷᠡᠯ ᠮᠡᠳᠡᠷᠡᠮᠵᠢ᠎ᠶᠢ 《 ᠭᠦᠨᠵᠡᠭᠡᠢ ᠨᠥᠯᠥᠭᠡ 》 ᠲᠡᠢᠰᠢ ᠬᠦᠳᠦᠯᠬᠦ ᠬᠡᠷᠡᠭᠳᠡᠢ
《ᠠᠮᠢᠳᠤᠯᠢᠭ ᠲᠦᠷᠰᠦᠯᠢᠭ》ᠣᠷᠴᠢᠨ ᠲᠣᠭᠣᠷᠢᠨ ᠪᠣᠯ ᠰᠠᠭᠤᠷᠢ ᠮᠥᠨ᠂《ᠭᠦᠨᠵᠡᠭᠡᠢ ᠨᠥᠯᠥᠭᠡ ᠪᠦᠬᠦᠢ》ᠰᠡᠷᠡᠯ ᠮᠡᠳᠡᠷᠡᠮᠵᠢ᠎ᠨᠢ ᠬᠠᠷᠢᠨ ᠪᠡᠶᠡᠴᠢ ᠴᠣᠭᠴᠠ ᠪᠣᠯᠤᠨ ᠣᠷᠴᠢᠨ ᠲᠣᠭᠣᠷᠢᠨ᠎ᠤ ᠬᠠᠷᠢᠯᠴᠠᠨ ᠦᠢᠯᠡᠳᠦᠯᠴᠡᠬᠦ ᠦᠢᠯᠡᠳᠦᠯᠭᠡ᠎ᠶᠢᠨ ᠳᠤᠮᠳᠠ ᠭᠦᠨᠵᠡᠭᠡᠢ᠍ᠢᠷᠡᠬᠦ ᠴᠢᠬᠤᠯᠠᠲᠠᠢ ᠪᠠᠢ᠍ᠢᠳᠠᠭ᠃ ᠪᠣᠳᠠᠰ᠎ᠤᠨ ᠦᠢᠯᠡᠳᠦᠯᠭᠡ᠎ᠨᠢ ᠰᠡᠳᠬᠢᠯᠭᠡ᠎ᠶᠢᠨ ᠮᠡᠳᠡᠷᠡᠮᠵᠢ᠎ᠳᠤ ᠠᠴᠢᠶᠠᠯᠠᠪᠤᠷᠢ ᠬᠠᠩᠭᠠᠵᠤ᠂ ᠰᠤᠷᠤᠭ᠍ᠴᠢᠳ ᠪᠣᠳᠠᠲᠠᠢ᠍ᠢᠴᠢᠯᠠᠭᠰᠠᠨ ᠦᠢᠯᠡᠳᠦᠯᠭᠡ᠎ᠳᠤ ᠦᠷᠭᠦᠯᠵᠢᠯᠡᠨ ᠣᠷᠣᠯᠴᠠᠬᠤ᠎ᠪᠠᠷ ᠳᠠᠮᠵᠢᠨ᠂ ᠲᠡᠭᠦᠨ᠎ᠤ ᠲᠠᠨᠢᠨ ᠮᠡᠳᠡᠬᠦᠶ ᠪᠠ ᠰᠡᠳᠬᠢᠯᠭᠡ᠎ᠨᠢ ᠴᠣᠭᠴᠠᠯᠠᠭᠳᠠᠵᠤ᠂ ᠣᠷᠴᠢᠨ ᠲᠣᠭᠣᠷᠢᠨ᠎ᠢᠶᠠᠨ ᠬᠠᠮᠠᠭᠠᠯᠠᠬᠤ ᠪᠠ ᠬᠠᠮᠲᠤ᠎ᠪᠠᠷ ᠡᠭᠦᠳᠬᠦ ᠳᠣᠲᠣᠭᠠᠳᠤ ᠬᠥᠳᠡᠯᠭᠡᠬᠦ ᠬᠦᠴᠦᠨ᠎ᠢ ᠬᠥᠭᠵᠢᠭᠡᠳᠡᠭ᠃ ᠵᠢᠱ᠌ᠢᠶᠡᠯᠡᠪᠡᠯ᠂ ᠡᠯ᠎ᠡ ᠦᠨᠳᠦᠰᠦᠲᠡᠨ᠎ᠤ ᠰᠤᠷᠤᠭ᠍ᠴᠢᠳ《ᠦᠨᠳᠦᠰᠦᠲᠡᠨ᠎ᠤ ᠪᠦᠯᠬᠦᠮᠳᠡᠯ᠎ᠤᠨ ᠰᠣᠶᠣᠯ᠎ᠤᠨ ᠤᠷᠳᠤ ᠬᠤᠩᠬᠢᠯ》 ᠢ᠋ ᠵᠣᠬᠢᠶᠠᠨ ᠪᠠᠢᠭᠤᠯᠬᠤ ᠪᠡᠷ ᠲᠠᠮᠵᠢᠨ᠂《ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠲᠣᠢ᠍ᠢᠮᠣ᠌》 ᠳ᠋ᠠᠬᠢ 《ᠰᠣᠶᠣᠯ᠎ᠤᠨ ᠲᠣᠯᠢᠳᠠᠯ》 ᠤ᠋ᠨ ᠤᠨᠤᠯ᠎ᠢ ᠬᠠᠮᠵᠢᠯᠴᠠᠬᠤ᠂ ᠲᠤᠩᠭᠠᠨ ᠪᠣᠳᠣᠯᠬᠢᠯᠠᠬᠤ ᠪᠠ ᠡᠭᠦᠳᠦᠨ ᠪᠦᠲᠦᠭᠡᠬᠦ ᠴᠢᠬᠤᠯᠠᠲᠠᠢ ᠪᠣᠳᠠᠲᠤ ᠦᠢᠯᠡᠳᠦᠯᠭᠡ ᠪᠣᠯᠭᠠᠨ ᠬᠤᠪᠢᠷᠠᠭᠤᠯᠵᠤ ᠴᠢᠳᠠᠨ᠎ᠠ; ᠡᠯ᠎ᠡ ᠦᠨᠳᠦᠰᠦᠲᠡᠨ᠎ᠤ ᠰᠤᠷᠤᠭ᠍ᠴᠢᠳ᠎ᠤᠨ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠠᠮᠢᠳᠤᠷᠠᠬᠤ ᠡᠳᠦᠷ ᠲᠤᠲᠤᠮ᠎ᠤᠨ ᠪᠠᠢ᠍ᠢᠳᠠᠯᠢ《ᠬᠠᠮᠲᠤ᠎ᠶᠢᠨ ᠴᠣᠭᠴᠠ᠎ᠶᠢᠨ ᠠᠮᠢᠳᠤᠷᠠᠯ᠎ᠤᠨ ᠠᠵᠢᠭ᠍ᠯᠠᠯᠲᠠ》 ᠵᠢᠨ ᠲᠥᠷᠦᠯ ᠵᠦᠢᠯ ᠪᠣᠯᠭᠠᠨ ᠬᠤᠪᠢᠷᠠᠭᠤᠯᠵᠤ᠂ ᠰᠤᠷᠤᠭ᠍ᠴᠢᠳ᠎ᠢ ᠬᠥᠲᠦᠯᠦᠨ ᠵᠢᠯᠤᠭᠤᠳᠴᠤ ᠪᠠᠢ᠍ᠢᠭᠠᠳ ᠡᠳᠦᠷ ᠲᠤᠲᠤᠮ᠎ᠤᠨ ᠦᠢᠯᠡᠳᠦᠯᠴᠡᠯ᠎ᠦᠨ ᠳᠤᠮᠳᠠ ᠣᠢ᠍ᠢᠯᠠᠭᠠᠭᠤᠯᠤᠨ ᠵᠠᠳᠠᠯᠤᠭᠤᠯᠤᠨᠠ᠃ ᠡᠢᠮᠦᠷᠬᠦᠦ ᠦᠢᠯᠡᠳᠦᠯᠭᠡ᠎ᠨᠢ ᠮᠡᠳᠡᠯᠭᠡ᠎ᠶᠢ ᠠᠮᠢᠳᠤᠷᠠᠯ᠎ᠤᠨ ᠦᠢᠯᠡᠳᠦᠯᠭᠡ ᠳᠤᠮᠳᠠ ᠭᠦᠨᠵᠡᠭᠡᠶ᠋ᠢᠷᠡᠭᠦᠯᠵᠦ᠂ ᠬᠠᠶ᠋ᠢᠷ᠎ᠠ ᠰᠡᠳᠭᠢᠯᠭᠡ᠎ᠶᠢ ᠬᠠᠮᠲᠤᠷᠠᠯᠴᠠᠬᠤ ᠳᠤᠮᠳᠠ ᠪᠡᠬᠢᠵᠢᠭᠦᠯᠵᠦ ᠴᠢᠳᠠᠨ᠎ᠠ᠃
ᠬᠠᠮᠲᠤ᠎ᠪᠠᠷ ᠨᠢᠭᠡ ᠵᠦᠢᠯ᠎ᠤᠨ ᠡᠭᠦᠷᠭᠡ᠎ᠶᠢ ᠪᠡᠶᠡᠯᠡᠭᠦᠯᠬᠦ ᠪᠣᠯ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠤᠢ ᠪᠣᠯᠭᠠᠬᠤ ᠴᠢᠬᠤᠯᠠ ᠠᠷᠭ᠎ᠠ ᠵᠠᠮ ᠪᠤᠯᠤᠨ᠎ᠠ᠃ ᠠᠳᠠᠯᠢ ᠪᠤᠰᠤ ᠲᠤᠰᠬᠠᠢ ᠮᠡᠷᠭᠡᠵᠢᠯ᠂ ᠠᠳᠠᠯᠢ ᠪᠤᠰᠤ ᠬᠦᠭᠵᠢᠯᠲᠡ ᠪᠤᠢ᠍ᠢᠵᠢᠯᠲᠠᠶᠢᠨ ᠠᠬᠤᠢ ᠪᠠᠢ᠍ᠢᠳᠠᠯᠲᠠᠢ ᠰᠤᠷᠤᠭ᠍ᠴᠢᠳ ᠬᠠᠮᠲᠤᠷᠠᠯᠴᠠᠬᠤ ᠳᠤᠮᠳᠠ ᠶᠠᠷᠢᠯᠴᠠᠬᠤ᠂ ᠠᠵᠢᠯ᠎ᠢᠶᠠᠨ ᠬᠤᠪᠢᠶᠠᠷᠢᠯᠠᠬᠤ᠂ ᠠᠰᠠᠭᠤᠳᠠᠯ᠎ᠢ ᠰᠶ᠋ᠢᠳᠪᠦᠷᠢᠯᠡᠬᠦ᠎ᠪᠡᠷ ᠲᠠᠮᠵᠢᠨ ᠪᠦᠯᠬᠦᠮᠳᠡᠨ ᠬᠠᠮᠵᠢᠯᠴᠠᠬᠤ᠂ ᠬᠠᠷᠢᠯᠴᠠᠨ ᠬᠦᠨᠳᠦᠳᠬᠡᠬᠦ ᠪᠠ ᠬᠠᠮᠲᠤ᠎ᠪᠠᠷ ᠲᠡᠮᠡᠴᠡᠬᠦ᠎ᠶᠢᠨ ᠠᠴᠢ ᠬᠤᠯᠪᠤᠭᠳᠠᠯ᠎ᠢ ᠨᠠᠩ ᠦᠨᠡᠨ ᠪᠣᠳᠠᠲᠠᠢ᠎ᠪᠠᠷ ᠣᠢ᠍ᠢᠯᠠᠭᠠᠬᠤ ᠪᠣᠯᠤᠨ᠎ᠠ᠃ ᠶᠡᠬᠡ ᠳᠡᠭᠡᠳᠦ ᠰᠤᠷᠭᠠᠭᠤᠯᠢ ᠪᠠᠰᠠ ᠮᠦᠽᠧᠢ᠂ ᠳᠤᠷᠠᠰᠬᠠᠯ᠎ᠤᠨ ᠣᠷᠳᠤᠨ᠂ ᠦᠢᠯᠡᠳᠦᠯᠭᠡ ᠬᠥᠮᠦᠵᠢᠯ᠎ᠤᠨ ᠰᠠᠭᠤᠷᠢᠨ ᠢ᠋ ᠰᠠᠢ᠍ᠢᠲᠤᠷ ᠠᠰᠢᠭ᠍ᠯᠠᠵᠤ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢ ᠨᠡᠢ᠍ᠢᠭᠡᠮᠤᠨ ᠶᠡᠭᠡ ᠬᠢᠴᠢᠶᠡᠯ᠎ᠤᠨ ᠲᠠᠩᠬᠢᠮ᠎ᠲᠠᠢ ᠨᠡᠪᠲᠡᠷᠡᠭᠦᠯᠵᠦ᠂ ᠦᠨᠡᠨ ᠪᠣᠳᠠᠲᠠᠢ ᠦᠯᠢᠭᠡᠷ᠂ ᠦᠨᠡᠨ ᠪᠣᠳᠠᠲᠠᠢ ᠬᠥᠮᠦᠨ᠂ ᠦᠨᠡᠨ ᠪᠣᠳᠠᠲᠠᠢ ᠪᠠᠢ᠍ᠢᠳᠠᠯᠢᠶᠠᠷ ᠰᠤᠷᠭᠠᠨ ᠬᠥᠮᠦᠵᠢᠯ᠎ᠤᠨ ᠨᠥᠯᠦᠭᠡᠯᠡᠬᠦ ᠬᠦᠴᠦᠨ᠎ᠢ ᠨᠡᠮᠡᠭᠳᠡᠭᠦᠯᠬᠦ ᠬᠡᠷᠡᠭᠳᠡᠢ᠃
ᠦᠢᠯᠡ ᠠᠵᠢᠯᠯᠠᠭ᠎ᠠ᠎ᠶᠢ 《 ᠰᠠᠨᠠᠭᠠᠴᠢᠯᠠᠭᠠᠳᠤ ᠤᠬᠠᠮᠰᠠᠷ ᠪᠦᠬᠦᠢ 》 ᠲᠡᠢᠰᠢ ᠵᠢᠯᠤᠭᠤᠳᠬᠤ ᠬᠡᠷᠡᠭᠳᠡᠢ
ᠡᠮᠦᠨᠡᠬᠢ ᠬᠣᠶᠠᠷ ᠱᠠᠲᠤᠨ᠎ᠳᠤ ᠪᠠᠶ᠋ᠢᠭᠤᠯᠤᠭᠰᠠᠨ 《ᠠᠮᠢᠳᠤ ᠲᠦᠷᠰᠦᠯᠢᠭ》 ᠣᠷᠴᠢᠨ ᠲᠣᠭᠣᠷᠢᠨ ᠪᠠ 《ᠭᠦᠨᠵᠡᠭᠡᠢ ᠨᠥᠯᠥᠭᠡ ᠪᠦᠬᠦᠢ》 ᠦᠢᠯᠡᠳᠦᠯᠭᠡ᠎ᠨᠢ ᠠᠮᠢᠳᠤᠷᠠᠯ᠎ᠳᠤ ᠠᠭᠤᠰᠤᠯᠴᠠᠭᠤᠯᠤᠭᠰᠠᠨ ᠰᠤᠷᠭᠠᠨ ᠬᠥᠮᠦᠵᠢᠯ᠎ᠳᠤ ᠬᠠᠮᠲᠤ᠎ᠪᠠᠷ ᠦᠢᠯᠡᠴᠢᠯᠡᠬᠦ ᠡᠴᠦᠰ᠎ᠤᠨ ᠬᠠᠷᠠᠯᠲᠠ᠂ ᠳᠠᠷᠤᠶ ᠰᠤᠷᠤᠭ᠍ᠴᠢᠳ᠎ᠢ ᠬᠥᠲᠥᠯᠥᠨ ᠵᠢᠯᠣᠭᠣᠳᠴᠤ ᠪᠠᠢᠭᠠᠳ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠮᠡᠳᠡᠷᠡᠮᠵᠢ᠎ᠶᠢ《ᠠᠶᠠᠨᠳᠠᠭᠠᠨ》 ᠪᠠᠢ᠍ᠢᠭᠰᠠᠨᠠᠴᠠᠨᠢ 《ᠰᠠᠨᠠᠭᠠᠴᠢᠯᠠᠭᠠᠳᠤ ᠤᠬᠠᠮᠰᠠᠷ》 ᠪᠣᠯᠭᠠᠨ ᠬᠤᠪᠢᠷᠠᠭᠤᠯᠤᠨ᠎ᠠ᠃ ᠰᠤᠷᠤᠭ᠍ᠴᠢᠳ ᠣᠷᠴᠢᠨ ᠠᠬᠤᠢ᠎ᠠᠴᠠ ᠮᠡᠳᠡᠷᠡᠵᠦ ᠪᠠᠢ᠍ᠢᠭᠰᠠᠨᠠᠴᠠᠪᠠᠨ ᠬᠠᠷᠢᠯᠴᠠᠨ ᠦᠢᠯᠡᠳᠦᠯᠴᠡᠬᠦ ᠳᠤᠮᠳᠠ ᠭᠦᠨᠵᠡᠭᠡᠢ᠍ᠢᠷᠡᠵᠦ᠂ ᠡᠴᠦᠰ᠎ᠲᠡᠭᠡᠨ ᠰᠡᠳᠬᠢᠯ᠎ᠳᠦ᠎ᠨᠢ ᠬᠠᠳᠠᠩᠰᠢᠭ᠍ᠰᠠᠨ᠂ ᠠᠵᠢᠯᠯᠠᠭ᠎ᠠ᠎ᠳᠠᠭᠠᠨ ᠢᠯᠡᠷᠡᠭᠦᠯᠦᠭᠰᠡᠨ᠂ ᠦᠨᠳᠦᠰᠦᠲᠡᠨ᠎ᠤ ᠪᠦᠯᠬᠦᠮᠳᠡᠯ᠎ᠢ ᠤᠬᠠᠮᠰᠠᠷ᠎ᠠᠴᠠ᠎ᠪᠠᠨ ᠬᠠᠮᠠᠭᠠᠯᠠᠬᠤ᠂ ᠤᠯᠤᠰ᠎ᠤᠨ ᠪᠦᠲᠦᠭᠡᠨ ᠪᠠᠢ᠍ᠢᠭᠤᠯᠤᠯᠲᠠᠳᠤ ᠣᠷᠤᠯᠴᠠᠬᠤ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠬᠤ ᠵᠢ ᠵᠢᠯᠤᠭᠤᠳᠬᠤ ᠬᠡᠷᠡᠭᠲᠡᠢ᠃ ᠡᠶ᠋ᠢᠮᠦᠷᠬᠦᠦ 《ᠰᠠᠨᠠᠭᠠᠴᠢᠯᠠᠭᠠᠳᠤ ᠤᠬᠠᠮᠰᠠᠷ》 ᠢ᠋ ᠣᠯᠵᠤ ᠬᠠᠷᠠᠭᠤᠰᠢᠲᠠᠢ ᠪᠣᠯᠭᠠᠬᠤ ᠬᠡᠷᠡᠭᠲᠡᠢ᠂ ᠪᠠᠰᠠ ᠰᠤᠷᠤᠭ᠍ᠴᠢᠳ᠎ᠤᠨ ᠭᠣᠤᠯ ᠰᠡᠳᠦᠪᠲᠦ ᠪᠠᠶ᠋ᠢᠴᠠᠭᠠᠨ ᠰᠤᠳᠤᠯᠤᠯᠲᠠ᠂ ᠪᠦᠯᠭᠦᠮ ᠨᠡᠶ᠋ᠢᠲᠡ᠎ᠶᠢᠨ ᠬᠠᠮᠵᠢᠯᠴᠠᠭ᠎ᠠ᠂ ᠰᠠᠶ᠋ᠢᠨ ᠳᠤᠷ᠎ᠠ᠎ᠶᠢᠨ ᠦᠢᠯᠡᠴᠢᠯᠡᠭᠡ᠂ ᠪᠢᠴᠢᠯ ᠤᠬᠠᠭᠤᠯᠤᠨ ᠲᠠᠶ᠋ᠢᠯᠪᠤᠷᠢᠯᠠᠯᠲᠠ ᠵᠡᠷᠭᠡ ᠦᠢᠯᠡᠳᠦᠯᠭᠡ᠎ᠶᠢᠨ ᠳᠤᠮᠳᠠᠬᠢ ᠪᠣᠳᠠᠲᠠᠢ ᠢᠯᠡᠷᠡᠯᠪᠤᠯᠭᠠᠬᠤ ᠵᠢ ᠠᠩᠬᠠᠷᠬᠤ ᠬᠡᠷᠡᠭᠲᠡᠢ᠃ ᠵᠢᠱ᠌ᠢᠶᠡᠯᠡᠪᠡᠯ᠂ ᠪᠠᠶ᠋ᠢᠴᠠᠭᠠᠨ ᠰᠤᠳᠤᠯᠤᠯᠲᠠ ᠳᠠᠭᠤᠰᠤᠭᠰᠠᠨ᠎ᠤ ᠳᠠᠷᠠᠭ᠎ᠠ᠂ ᠵᠥᠪᠬᠡᠨ ᠨᠢᠭᠡ ᠬᠤᠪᠢ ᠮᠡᠳᠡᠭᠦᠯᠦᠯᠲᠡ ᠲᠤᠰᠢᠶᠠᠬᠤ ᠲᠡᠳᠦᠢ ᠪᠢᠰᠢ ᠬᠠᠷᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢᠨ ᠥᠯᠢᠭᠡᠷ᠎ᠢ ᠨᠠᠩ ᠣᠯᠠᠨ ᠰᠤᠷᠤᠭ᠍ᠴᠢᠳ᠎ᠲᠤ ᠶᠠᠷᠢᠵᠤ ᠪᠣᠯᠤᠨ᠎ᠠ;ᠨᠡᠶ᠋ᠢᠭᠡᠮ᠎ᠤᠨ ᠦᠢᠯᠡᠳᠦᠯᠭᠡ᠎ᠳᠤ ᠣᠷᠤᠯᠴᠠᠭᠰᠠᠨᠤ ᠳᠠᠷᠠᠭ᠎ᠠ᠂ ᠰᠣᠯᠢᠯᠴᠠᠭ᠎ᠠ ᠡᠷᠭᠢᠴᠡᠭᠦᠯᠦᠯ᠎ᠢᠶᠠᠷ ᠳᠠᠮᠵᠢᠨ ᠬᠤᠪᠢ ᠬᠥᠮᠦᠨ᠎ᠤ ᠥᠰᠦᠯᠲᠡ ᠪᠣᠶ᠋ᠢᠵᠢᠯᠲᠠ ᠬᠢᠭᠡᠳ ᠤᠯᠤᠰ᠎ᠤᠨ ᠬᠥᠭᠵᠢᠯᠲᠡ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠬᠣᠭᠤᠷᠤᠨᠳᠤᠬᠢ ᠬᠠᠷᠢᠯᠴᠠᠭ᠎ᠠ᠎ᠶᠢ ᠤᠯᠠᠮ ᠨᠢᠭᠡ ᠠᠯᠬᠤᠮ ᠣᠢᠯᠠᠭᠠᠭᠤᠯᠵᠤ ᠪᠤᠯᠤᠨ᠎ᠠ᠃
《ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ》ᠬᠥᠮᠦᠵᠢᠯ᠎ᠤᠨ ᠦᠷ᠎ᠡ ᠪᠦᠲᠦᠮᠵᠢ᠎ᠶᠢ ᠬᠡᠮᠵᠢᠶᠡᠯᠡᠬᠦ᠎ᠳᠤ᠂ ᠬᠡᠳᠦᠢ ᠠᠵᠢᠯᠯᠠᠭ᠎ᠠ ᠥᠷᠨᠢᠭᠦᠯᠦᠭᠰᠡᠨ᠂ ᠬᠡᠳᠤᠢ ᠠᠴᠢᠶᠠᠯᠠᠪᠤᠷᠢ ᠲᠣᠬᠢᠷᠠᠭᠤᠯᠤᠭᠰᠠᠨᠢ ᠯᠡ ᠦᠵᠡᠵᠦ ᠪᠣᠯᠬᠤ ᠦᠭᠡᠢ᠂ ᠨᠡᠩ ᠢᠯᠠᠩᠭᠤᠶ᠎ᠠ ᠰᠤᠷᠤᠭ᠍ᠴᠢᠳ᠎ᠤᠨ ᠠᠭᠤᠤ ᠶᠡᠭᠡ ᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠤᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢ᠍ᠢᠭᠡᠮ ᠵᠢᠷᠤᠮ᠎ᠤᠨ ᠲᠤᠬᠠᠢ ᠬᠠᠮᠲᠤ᠎ᠶᠢᠨ ᠲᠠᠨᠢᠯᠲᠠ᠎ᠪᠠᠨ ᠦᠨᠡᠨ ᠬᠦ᠌ ᠨᠡᠮᠡᠭᠳᠡᠭᠦᠯᠦᠭᠰᠡᠨ ᠡᠰᠡᠬᠦ᠎ᠶᠢ ᠦᠵᠡᠨ᠎ᠡ᠂ ᠰᠤᠷᠤᠯᠴᠠᠯᠭ᠎ᠠ᠂ ᠠᠮᠢᠳᠤᠷᠠᠯ ᠪᠣᠯᠤᠨ ᠨᠡᠢ᠍ᠢᠭᠡᠮᠤᠨ ᠦᠢᠯᠡᠳᠦᠯᠭᠡ ᠳᠤᠮᠳᠠ ᠪᠦᠯᠬᠦᠮᠳᠡᠯ᠎ᠢ ᠤᠬᠠᠮᠰᠠᠷ᠎ᠠᠴᠠ᠎ᠪᠠᠨ ᠬᠠᠮᠠᠭᠠᠯᠠᠵᠤ᠂ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ ᠴᠢᠳᠠᠬᠰᠠᠨ ᠡᠰᠡᠬᠦ᠎ᠶᠢ ᠦᠵᠡᠨ᠎ᠡ᠃
ᠡᠶ᠋ᠢᠮᠦ᠎ᠠᠴᠠ᠂ ᠬᠠᠮᠳᠤ ᠵᠢᠨ ᠲᠠᠨᠢᠯᠲᠠ᠂ ᠬᠠᠢᠷ᠎ᠠ ᠰᠡᠳᠭᠢᠯᠭᠡ᠂ ᠦᠢᠯᠡ ᠠᠵᠢᠯᠯᠠᠭ᠎ᠠ ᠵᠢ ᠤᠶᠠᠯᠳᠤᠭᠤᠯᠤᠭᠰᠠᠨ ᠬᠥᠮᠦᠨ᠎ᠢ ᠬᠥᠮᠦᠵᠢᠭᠦᠯᠬᠦ ᠲᠣᠭᠲᠠᠴᠠ᠎ᠶᠢ ᠪᠠᠶ᠋ᠢᠭᠤᠯᠬᠤ ᠬᠡᠷᠡᠭᠲᠡᠢ᠃ ᠬᠢᠴᠢᠶᠡᠯ᠎ᠤᠨ ᠲᠠᠩᠬᠢᠮ᠎ᠤᠨ ᠶᠠᠷᠢᠯᠴᠠᠭ᠎ᠠ᠂ ᠦᠢᠯᠡᠳᠦᠯᠭᠡ᠎ᠶᠢᠨ ᠦᠷ᠎ᠡ ᠪᠦᠲᠦᠭᠡᠯ᠂ ᠰᠠᠶ᠋ᠢᠨ ᠳᠤᠷ᠎ᠠ᠎ᠶᠢᠨ ᠦᠢᠯᠡᠴᠢᠯᠡᠭᠡ᠂ ᠪᠦᠯᠭᠦᠮᠨᠡᠢᠳᠡ ᠵᠢᠨ ᠬᠠᠮᠵᠢᠯᠴᠠᠭ᠎ᠠ ᠵᠡᠷᠭᠡ ᠠᠷᠭ᠎ᠠ ᠮᠠᠶᠢᠭ᠋᠎ᠢᠶᠠᠷ ᠳᠠᠮᠵᠢᠨ ᠪᠦᠬᠦ ᠶᠠᠪᠤᠴᠠ᠎ᠶᠢᠨ ᠴᠢᠨᠠᠷᠲᠠᠢ ᠦᠨᠡᠯᠡᠯᠲᠡ ᠬᠢᠵᠦ᠂ ᠰᠤᠷᠤᠭ᠍ᠴᠢᠳ᠎ᠤᠨ ᠲᠤᠮᠳᠠᠳᠤ ᠵᠢᠨ ᠦᠨᠳᠦᠰᠦᠳᠡᠨ᠎ᠤ ᠬᠠᠮᠲᠤ᠎ᠶᠢᠨ ᠴᠣᠭᠴᠠ᠎ᠶᠢᠨ ᠣᠶ᠋ᠢᠯᠠᠭᠠᠭᠳᠠᠬᠤᠨ᠎ᠤ ᠲᠤᠬᠠᠢ ᠣᠶ᠋ᠢᠯᠠᠭᠠᠯᠲᠠ᠎ᠶᠢᠨ ᠬᠡᠮᠵᠢᠶ᠎ᠡ ᠪᠠ ᠦᠢᠯᠡᠳᠦᠯᠭᠡ᠎ᠶᠢᠨ ᠢᠯᠡᠷᠡᠯ᠎ᠢ ᠦᠷᠭᠦᠯᠵᠢ ᠠᠩᠬᠠᠷᠬᠤ ᠬᠡᠷᠡᠭᠳᠡᠢ;ᠡᠭᠦᠨ᠎ᠤ ᠬᠠᠮᠲᠤ᠂ ᠰᠤᠷᠤᠭ᠍ᠴᠢᠳ᠎ᠢ ᠬᠥᠮᠦᠵᠢᠯ᠎ᠤᠨ ᠬᠦᠯᠢᠶᠡᠨ ᠠᠪᠤᠭ᠍ᠴᠢ᠎ᠠᠴᠠ ᠣᠷᠣᠯᠴᠠᠭ᠍ᠴᠢ ᠪᠠ ᠡᠭᠦᠳᠦᠨ ᠪᠦᠲᠦᠭᠡᠭᠴᠢ ᠪᠣᠯᠭᠠᠨ ᠬᠤᠪᠢᠷᠠᠭᠤᠯᠵᠤ᠂ ᠲᠤᠮᠳᠠᠳᠤ ᠵᠢᠨ ᠦᠨᠳᠦᠰᠦᠳᠡᠨ᠎ᠤ ᠬᠠᠮᠲᠤ᠎ᠶᠢᠨ ᠴᠣᠭᠴᠠ᠎ᠶᠢᠨ ᠣᠢ᠍ᠢᠯᠠᠭᠠᠭᠳᠠᠬᠤᠨᠢ ᠤᠶᠤᠳᠠᠳ ᠤᠨ ᠶᠠᠷᠢᠯᠴᠠᠭᠠᠨ᠎ᠳᠤ ᠦᠨᠡᠨ ᠬᠦ᠌ ᠣᠷᠤᠭᠤᠯᠵᠤ᠂ ᠤᠶᠤᠳᠠᠳ᠎ᠤᠨ ᠠᠮᠢᠳᠤᠷᠠᠯ᠎ᠳᠤ ᠠᠭᠤᠰᠬᠠᠬᠤ᠎ᠶᠢ ᠵᠣᠷᠢᠭ᠍ᠵᠢᠭᠤᠯᠬᠤ ᠬᠡᠷᠡᠭᠳᠡᠢ᠃
《ᠠᠮᠢᠳᠤᠯᠢᠭ ᠲᠦᠷᠰᠦᠯᠢᠭ ᠰᠡᠷᠡᠯ ᠮᠡᠳᠡᠷᠡᠮᠵᠢ᠂ ᠭᠦᠨᠵᠡᠭᠡᠢ ᠨᠥᠯᠥᠭᠡ ᠪᠦᠬᠦᠢ ᠣᠢᠯᠠᠭᠠᠯᠲᠠ᠂ ᠰᠠᠨᠠᠭᠠᠴᠢᠯᠠᠭᠠᠳᠤ ᠤᠬᠠᠮᠰᠠᠷ ᠪᠦᠬᠦᠢ ᠦᠷ᠎ᠡ ᠠᠰᠢᠭ᠋》 ᠬᠦᠷᠲᠡᠯ᠎ᠡ ᠂ ᠮᠥᠨ ᠴᠢᠨᠠᠷ ᠳᠡᠭᠡᠷ᠎ᠡ᠎ᠪᠠᠨ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠭᠠᠳᠠᠭᠠᠳᠤ ᠰᠡᠷᠡᠯᠲᠡ᠎ᠠᠴᠠ ᠳᠣᠲᠤᠭᠠᠳᠤ ᠮᠡᠳᠡᠷᠡᠮᠵᠢ ᠲᠡᠶ᠋ᠢᠰᠢ ᠬᠤᠪᠢᠷᠠᠭᠤᠯᠵᠤ᠂ ᠳᠠᠬᠢᠨ ᠠᠵᠢᠯᠯᠠᠭᠠᠨ᠎ᠤ ᠤᠬᠠᠮᠰᠠᠷ ᠪᠣᠯᠭᠠᠨ ᠬᠤᠪᠢᠷᠠᠭᠤᠯᠬᠤ ᠶᠠᠪᠤᠳᠠᠯ ᠪᠣᠯᠤᠨ᠎ᠠ᠃ ᠶᠡᠬᠡ ᠳᠡᠭᠡᠳᠦ ᠰᠤᠷᠭᠠᠭᠤᠯᠢ ᠭᠠᠭᠴᠠ ᠬᠦ᠌《ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ》ᠬᠥᠮᠦᠵᠢᠯ᠎ᠢ ᠣᠶᠤᠲᠠᠳ᠎ᠤᠨ ᠡᠳᠦᠷ ᠲᠤᠳᠤᠮ᠎ᠤᠨ ᠰᠤᠷᠤᠯᠴᠠᠯᠭ᠎ᠠ ᠠᠮᠢᠳᠤᠷᠠᠯ᠎ᠤᠨ ᠪᠦᠬᠦ ᠶᠠᠪᠤᠴᠠ᠎ᠳᠤ ᠠᠭᠤᠰᠤᠯᠴᠠᠭᠤᠯᠵᠤ᠂ ᠰᠤᠷᠤᠭ᠍ᠴᠢᠳ᠎ᠲᠤ ᠰᠡᠷᠡᠭᠳᠡᠵᠦ ᠪᠣᠯᠬᠤ ᠣᠷᠴᠢᠨ ᠲᠣᠭᠤᠷᠢᠨ᠎ᠠᠴᠠ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢ ᠣᠢ᠍ᠢᠯᠠᠭᠠᠭᠤᠯᠵᠤ ᠂ ᠬᠠᠮᠲᠤ᠎ᠶᠢᠨ ᠦᠢᠯᠡᠳᠦᠯᠭᠡ ᠳᠤᠮᠳᠠ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢ ᠮᠡᠳᠡᠷᠡᠵᠦ᠂ ᠦᠰᠦᠨ ᠪᠤᠢ᠍ᠢᠵᠢᠵᠤ ᠴᠢᠳᠠᠪᠤᠷᠢᠲᠠᠨ ᠪᠣᠯᠬᠤ ᠳᠤᠮᠳᠠ ᠤᠬᠠᠮᠰᠠᠷ᠎ᠠᠴᠠ᠎ᠪᠠᠨ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢ ᠬᠠᠮᠠᠭᠠᠯᠠᠪᠠᠯ ᠰᠠᠶᠢ ᠬᠥᠮᠦᠨ᠎ᠢ ᠬᠥᠮᠦᠵᠢᠭᠦᠯᠬᠦ ᠳᠤᠯᠠᠭᠠᠴᠠ᠂ ᠭᠦᠨᠴᠡ ᠪᠠ ᠪᠣᠳᠠᠲᠤ ᠦᠷ᠎ᠡ ᠠᠰᠢᠭ᠋᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠶᠡᠭᠡ ᠡᠭᠦᠷᠭᠡ᠎ᠶᠢ ᠡᠭᠦᠷᠭᠡᠯᠡᠬᠦ ᠴᠠᠭ ᠦᠶ᠎ᠡ᠎ᠶᠢᠨ ᠰᠢᠨ᠎ᠡ ᠬᠥᠮᠦᠨ᠎ᠢ ᠬᠥᠮᠦᠵᠢᠭᠦᠯᠬᠦ᠎ᠳᠤ ᠦᠵᠡᠯ ᠰᠠᠨᠠᠭᠠᠨ᠎ᠤ ᠰᠠᠭᠤᠷᠢ᠎ᠶᠢ ᠪᠠᠲᠤᠳᠬᠠᠵᠤ ᠴᠢᠳᠠᠨ᠎ᠠ᠃
(ᠵᠤᠬᠢᠶᠠᠭᠴᠢ ᠵᠢᠨ ᠬᠠᠶᠢᠭ᠄ ᠦᠪᠦᠷ ᠮᠤᠨᠭᠭᠤᠯ᠎ᠤᠨ ᠡᠳ᠋᠎ᠤᠨ ᠵᠠᠰᠠᠭᠠᠵᠤ ᠠᠬᠤᠢ ᠵᠢᠨ ᠶᠡᠭᠡ ᠰᠤᠷᠭᠠᠭᠤᠯᠢ ᠵᠢᠨ ᠮᠠᠷᠺᠰ᠎ᠤᠨ ᠦᠵᠡᠯ᠎ᠤᠨ ᠲᠡᠭᠡᠳᠦ ᠰᠤᠷᠭᠠᠭᠤᠯᠢ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃