ᠲᠡᠷᠢᠭᠦᠨ ᠨᠢᠭᠤᠷ>ᠣᠨᠣᠯ ᠱᠢᠭᠦᠮᠵᠢ>ᠣᠨᠣᠯ

2026-09-25 21:09:53

ᠵᠣᠬᠢᠶᠠᠭ᠍ᠴᠢ᠄ ​ᠴᠧᠨ ᠵᠢᠶᠠ ᠰᠢ ᠣᠩᠱᠢᠭ᠍ᠰᠠᠨ ᠣᠳᠠᠭ᠎ᠠ᠄ 3

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ᠎ᠶᠢᠨ ᠫᠢᠩ ᠡᠪ ᠬᠠᠮᠲᠤᠴᠤᠳ ᠶᠠᠭᠤᠨ᠎ᠳᠤ ᠪᠠᠲᠤ ᠴᠢᠩᠭ᠎ᠠ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ ᠪᠤᠢ᠂ ᠶᠠᠮᠠᠷ ᠶᠠᠩᠵᠤ᠎ᠶᠢᠨ ᠪᠠᠲᠤ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠪᠤᠢ᠂ ᠬᠡᠷᠬᠢᠨ ᠪᠠᠲᠤ ᠴᠢᠩᠭ᠎ᠠ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ ᠪᠤᠢ᠎ᠭᠡᠬᠦ ᠠᠰᠠᠭᠤᠯᠲᠠ ᠵᠢᠨ ᠲᠤᠭᠤᠷᠢᠨ᠎ᠳᠤ᠂ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ᠎ᠶᠢ ᠳᠤᠷᠠᠳᠴᠤ᠂ ᠤᠷᠳᠤ ᠬᠤᠭᠤᠴᠠᠭ᠎ᠠ᠎ᠪᠠᠷ ᠲᠦᠷᠦ ᠪᠠᠷᠢᠭ᠍ᠰᠠᠨ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ 《ᠬᠡᠷᠬᠢᠨ ᠪᠠᠲᠤ ᠴᠢᠩᠭ᠎ᠠ ᠨᠠᠮᠴᠢ ᠴᠢᠨᠠᠷ᠎ᠲᠠᠢ ᠪᠣᠯᠬᠤ》 ᠴᠢᠬᠤᠯᠠ ᠶᠡᠬᠡ ᠰᠡᠳᠦᠪ᠎ᠲᠦ ᠭᠦᠨᠵᠡᠭᠡᠢ ᠬᠠᠷᠢᠭᠤᠯᠲᠠ ᠥᠭᠴᠡᠢ᠃ ᠡᠳᠡᠭᠡᠷ ᠴᠢᠬᠤᠯᠠ ᠥᠭᠦᠯᠡᠯᠲᠡ ᠨᠢ ᠮᠠᠷᠺᠰ᠎ᠤᠨ ᠦᠵᠡᠯ᠎ᠦᠨ ᠨᠠᠮ ᠪᠠᠶ᠋ᠢᠭᠤᠯᠬᠤ ᠰᠤᠷᠭᠠᠯ᠎ᠤᠨ ᠦᠵᠡᠯ ᠰᠠᠨᠠᠭᠠᠨ᠎ᠤ ᠲᠠᠯ᠎ᠠ ᠪᠡᠷ ᠨᠠᠮ ᠪᠠᠶ᠋ᠢᠭᠤᠯᠬᠤ᠂ ᠤᠯᠤᠰ ᠲᠦᠷᠦ ᠵᠢᠨ ᠲᠠᠯ᠎ᠠ ᠪᠡᠷ ᠨᠠᠮ ᠪᠠᠶ᠋ᠢᠭᠤᠯᠬᠤ᠂ ᠵᠣᠬᠢᠶᠠᠨ ᠪᠠᠢᠭᠤᠯᠤᠯᠲᠠ᠎ᠶᠢᠨ ᠲᠠᠯ᠎ᠠ᠎ᠪᠠᠷ ᠨᠠᠮ ᠪᠠᠶ᠋ᠢᠭᠤᠯᠬᠤ ᠲᠤᠬᠠᠢ ᠦᠨᠳᠦᠰᠦᠨ ᠵᠠᠷᠴᠢᠮ᠎ᠢ ᠪᠠᠷᠢᠮᠲᠠᠯᠠᠭᠰᠠᠨ ᠮᠥᠷᠲᠡᠭᠡᠨ ᠪᠠᠰᠠ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠦᠢᠯᠡᠳᠦᠯᠭᠡ᠎ᠲᠠᠢ ᠤᠶᠠᠯᠳᠤᠭᠤᠯᠤᠨ ᠪᠦᠲᠦᠭᠡᠯᠴᠢ ᠴᠢᠨᠠᠷᠲᠠᠢ ᠬᠥᠭᠵᠢᠯᠲᠡ ᠵᠢ ᠪᠤᠢ ᠪᠤᠯᠭᠠᠬᠰᠠᠨ ᠪᠠᠢᠨ᠎ᠠ᠃

ᠮᠥᠨ ᠴᠢᠨᠠᠷ᠎ᠤᠨ ᠲᠣᠭᠲᠠᠭᠠᠯ᠎ᠠᠴᠠ ᠦᠵᠡᠪᠡᠯ᠂ ᠡᠪ ᠬᠠᠮᠲᠤᠴᠤᠳ᠎ᠤᠨ ᠶᠠᠮᠠᠷ ᠵᠣᠭᠰᠣᠯᠲᠠ᠎ᠳᠤ ᠪᠠᠲᠤ ᠵᠣᠭᠰᠣᠬᠤ᠂ ᠶᠠᠮᠠᠷ ᠵᠠᠷᠴᠢᠮ᠎ᠢ ᠪᠠᠲᠤ ᠰᠠᠬᠢᠬᠤ ᠦᠨᠳᠦᠰᠦᠨ ᠠᠰᠠᠭᠤᠳᠠᠯ᠎ᠳᠤ ᠬᠠᠷᠢᠭᠤᠯᠲᠠ ᠥᠭᠪᠡ᠃ ᠨᠠᠮᠴᠢ ᠴᠢᠨᠠᠷ ᠪᠣᠯ ᠬᠡᠵᠢᠶᠡᠳᠡ ᠬᠤᠪᠢᠷᠠᠰᠢ ᠦᠭᠡᠢ ᠬᠡᠢᠰᠪᠦᠷᠢ ᠤᠬᠠᠭᠳᠠᠬᠤᠨ ᠪᠢᠰᠢ᠂ ᠬᠠᠷᠢᠨ ᠨᠠᠮ᠎ᠤᠨ ᠤᠨᠤᠯ᠎ᠤᠨ ᠲᠠᠯ᠎ᠠ᠎ᠳᠤ ᠰᠢᠨ᠎ᠡ ᠎ᠶᠢ ᠡᠭᠦᠳᠬᠦ᠂ ᠦᠢᠯᠡᠳᠦᠯᠭᠡ᠎ᠶᠢᠨ ᠲᠠᠯ᠎ᠠ᠎ᠳᠤ ᠰᠢᠨ᠎ᠡ᠎ᠶᠢ ᠡᠭᠦᠳᠬᠦ᠂ ᠪᠠᠢᠭᠤᠯᠤᠯ᠎ᠤᠨ ᠲᠠᠯ᠎ᠠ᠎ᠳᠤ ᠰᠢᠨ᠎ᠡ᠎ᠶᠢ ᠡᠭᠦᠳᠬᠦ ᠳᠤᠮᠳᠠ ᠲᠠᠰᠤᠷᠠᠯᠳᠠ ᠦᠭᠡᠢ ᠪᠠᠶᠠᠯᠢᠭ᠍ᠵᠢᠨ ᠬᠥᠭᠵᠢᠵᠦ ᠪᠠᠢᠳᠠᠭ᠃ ᠰᠢᠨ᠎ᠡ ᠴᠠᠭ ᠦᠶ᠎ᠡ᠎ᠡᠴᠡ ᠨᠠᠭᠠᠰᠢ᠂ ᠶᠡᠷᠦᠩᠬᠡᠢ ᠱᠦᠵᠢ ᠰᠢ᠎ᠶᠢᠨ ᠫᠢᠩ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ ᠪᠠᠢᠯᠳᠤᠬᠤ ᠪᠣᠳᠣᠯᠭ᠎ᠠ᠎ᠶᠢᠨ ᠥᠨᠳᠥᠷᠴᠡ ᠡᠴᠡ ᠨᠠᠮᠴᠢ ᠴᠢᠨᠠᠷ᠎ᠤᠨ ᠪᠠᠢᠭᠤᠯᠤᠯᠲᠠ᠎ᠶᠢᠨ ᠲᠤᠬᠠᠢ ᠠᠯᠢ ᠤᠯᠠᠨ ᠭᠦᠨᠵᠡᠭᠡᠢ ᠲᠠᠢᠯᠪᠤᠷᠢᠯᠠᠯᠲᠠ ᠬᠢᠵᠡᠢ᠃ ᠶᠡᠷᠦᠩᠬᠡᠢ ᠱᠦᠵᠢ ᠰᠢ᠎ᠶᠢᠨ ᠫᠢᠩ 《ᠨᠠᠮᠴᠢ ᠴᠢᠨᠠᠷ ᠪᠣᠯ ᠡᠴᠦᠰ᠎ᠦᠨ ᠡᠴᠦᠰ᠎ᠲᠡᠬᠡᠨ ᠵᠣᠭᠰᠣᠯᠲᠠ᠎ᠶᠢᠨ ᠠᠰᠠᠭᠤᠳᠠᠯ ᠮᠥᠨ》᠂ 《ᠨᠠᠮᠴᠢ ᠴᠢᠨᠠᠷ᠎ᠤᠨ ᠬᠦᠴᠦᠷᠬᠡᠭ ᠪᠠᠭᠤᠷᠠᠢ᠎ᠶᠢ ᠬᠡᠮᠵᠢᠬᠦ ᠦᠨᠳᠦᠰᠦᠨ ᠬᠡᠮᠵᠢᠭᠦᠷ ᠪᠣᠯ ᠨᠡᠶ᠋ᠢᠲᠡ ᠪᠠ ᠬᠤᠪᠢ᠎ᠶᠢᠨ ᠭᠡᠬᠦ ᠬᠣᠶᠠᠷ ᠦᠰᠦᠭ ᠮᠥᠨ》᠂ 《ᠨᠠᠮᠴᠢ ᠴᠢᠨᠠᠷ ᠪᠠ ᠠᠷᠠᠳᠴᠢ ᠴᠢᠨᠠᠷ ᠪᠣᠯ ᠶᠡᠷᠦ᠎ᠡᠴᠡ ᠴᠢᠭᠯᠡᠯ ᠨᠢᠭᠡᠳᠦᠯᠲᠡᠢ᠂ ᠨᠢᠭᠡᠳᠦᠯᠲᠡᠢ ᠪᠠᠢᠳᠠᠭ》᠂ 《ᠨᠠᠮᠴᠢ ᠴᠢᠨᠠᠷ ᠪᠣᠯ ᠨᠠᠮ᠎ᠤᠨ ᠭᠡᠰᠢᠭᠦᠨ᠂ ᠺᠠᠳ᠋ᠷᠴᠤᠳ᠎ᠤᠨ ᠬᠦᠮᠦᠨ ᠪᠤᠯᠬᠤ᠂ ᠦᠢᠯᠡᠰ ᠪᠣᠰᠬᠠᠬᠤ᠂ ᠦᠭᠡ ᠬᠡᠯᠡᠬᠦ᠂ ᠶᠣᠰᠣ᠌ ᠮᠣᠷᠠᠯ᠎ᠲᠠᠢ ᠪᠠᠢᠬᠤ᠎ᠶᠢᠨ ᠰᠠᠭᠤᠷᠢ ᠮᠥᠨ》 ᠭᠡᠵᠦ ᠴᠢᠬᠤᠯᠠᠴᠢᠯᠠᠵᠠᠢ᠃ ᠡᠳᠡᠭᠡᠷ ᠴᠢᠬᠤᠯᠠ ᠥᠭᠦᠯᠡᠯᠲᠡ ᠨᠢ ᠬᠠᠷᠢᠯᠴᠠᠨ ᠨᠡᠪᠲᠡᠷᠡᠯᠴᠡᠵᠦ᠂ ᠰᠢᠨ᠎ᠡ ᠴᠠᠭ ᠦᠶ᠎ᠡ᠎ᠶᠢᠨ ᠡᠪ ᠬᠠᠮᠲᠤᠴᠤᠳ᠎ᠤᠨ ᠨᠠᠮᠴᠢ ᠴᠢᠨᠠᠷ᠎ᠤᠨ ᠮᠥᠨ ᠴᠢᠨᠠᠷ᠎ᠤᠨ ᠠᠭᠤᠯᠤᠭᠳᠠᠬᠤᠨ᠎ᠢ ᠭᠦᠨᠵᠡᠭᠡᠢ ᠲᠣᠳᠣᠷᠬᠠᠢᠯᠠᠪᠠ᠃ ᠨᠡᠩ ᠴᠢᠬᠤᠯᠠ ᠨᠢ᠂ ᠶᠡᠷᠦᠩᠬᠡᠢ ᠱᠦᠵᠢ ᠰᠢ᠎ᠶᠢᠨ ᠫᠢᠩ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠪᠠᠢᠷᠢᠰᠢᠭᠤᠯᠤᠯᠲᠠ᠎ᠳᠠᠬᠢ ᠨᠠᠮᠴᠢ ᠴᠢᠨᠠᠷ᠎ᠤᠨ ᠰᠠᠭᠤᠷᠢᠯᠠᠬᠤ ᠴᠢᠨᠠᠷᠲᠠᠢ ᠦᠢᠯᠡᠳᠦᠯ ᠎ᠢ ᠭᠦᠨᠵᠡᠭᠡᠢ ᠢᠯᠡᠷᠡᠭᠦᠯᠪᠡ᠃ ᠤᠯᠤᠰ ᠲᠦᠷᠦ᠎ᠶᠢᠨ ᠪᠠᠢᠭᠤᠯᠤᠯᠲᠠ ᠨᠢ ᠨᠠᠮᠴᠢ ᠴᠢᠨᠠᠷ᠎ᠤᠨ ᠲᠤᠯᠭᠠᠭᠤᠷᠢᠯᠠᠯ᠎ᠠᠴᠠ ᠰᠠᠯᠵᠤ ᠴᠢᠳᠠᠬᠤ ᠦᠭᠡᠢ᠂ ᠦᠵᠡᠯ ᠰᠠᠨᠠᠭᠠᠨ᠎ᠤ ᠪᠠᠢᠭᠤᠯᠤᠯᠲᠠ ᠨᠢ ᠨᠠᠮᠴᠢ ᠴᠢᠨᠠᠷ᠎ᠤᠨ ᠰᠢᠮ᠎ᠡ ᠲᠡᠵᠢᠭᠡᠯ᠎ᠡᠴᠡ ᠰᠠᠯᠵᠤ ᠴᠢᠳᠠᠬᠤ ᠦᠭᠡᠢ᠂ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠲᠠ ᠨᠢ ᠨᠠᠮᠴᠢ ᠴᠢᠨᠠᠷ᠎ᠤᠨ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ᠂ ᠰᠤᠷᠲᠠᠯ᠎ᠤᠨ ᠪᠠᠢᠭᠤᠯᠤᠯᠲᠠ ᠪᠠ ᠰᠠᠬᠢᠯᠭ᠎ᠠ ᠪᠠᠲᠤ᠎ᠶᠢᠨ ᠪᠠᠢᠭᠤᠯᠤᠯᠲᠠ ᠨᠢ ᠨᠠᠮᠴᠢ ᠴᠢᠨᠠᠷ᠎ᠤᠨ ᠬᠢᠵᠠᠭᠠᠷᠯᠠᠯ᠎ᠠᠴᠠ ᠰᠠᠯᠵᠤ ᠴᠢᠳᠠᠬᠤ ᠦᠭᠡᠢ ᠶᠤᠮ᠃ ᠰᠤᠷᠲᠠᠯ᠎ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ᠎ᠪᠡᠨ ᠨᠠᠮᠴᠢ ᠴᠢᠨᠠᠷ᠎ᠤᠨ ᠠᠰᠠᠭᠤᠳᠠᠯ ᠮᠥᠨ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ᠎ᠶᠢᠨ ᠦᠨᠳᠦᠰᠦ ᠨᠢ ᠨᠠᠮᠴᠢ ᠴᠢᠨᠠᠷ᠎ᠤᠨ ᠠᠰᠠᠭᠤᠳᠠᠯ ᠮᠥᠨ᠂ ᠰᠠᠬᠢᠯᠭ᠎ᠠ ᠪᠠᠲᠤ ᠰᠤᠯᠠᠷᠠᠭᠰᠠᠨ᠎ᠤ ᠠᠷᠤ᠎ᠳᠤ ᠪᠠᠰᠠ ᠴᠤ᠌ ᠨᠠᠮᠴᠢ ᠴᠢᠨᠠᠷ᠎ᠤᠨ ᠠᠰᠠᠭᠤᠳᠠᠯ ᠮᠥᠨ᠃ ᠨᠠᠮᠴᠢ ᠴᠢᠨᠠᠷ ᠎ᠢ ᠳᠠᠪᠲᠠᠨ ᠪᠣᠯᠪᠠᠰᠤᠷᠠᠭᠤᠯᠬᠤ᠎ᠶᠢ ᠪᠠᠷᠢᠮᠲᠠᠯᠠᠬᠤ᠎ᠶᠢ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠴᠢᠬᠤᠯᠠ ᠠᠭᠤᠯᠭ᠎ᠠ ᠪᠣᠯᠭᠠᠭᠰᠠᠨ ᠨᠢ ᠮᠠᠨ᠎ᠤ ᠨᠠᠮ᠎ᠤᠨ ᠨᠠᠮᠴᠢ ᠴᠢᠨᠠᠷ᠎ᠤᠨ ᠪᠠᠢᠭᠤᠯᠤᠯᠲᠠ᠎ᠶᠢᠨ ᠲᠤᠬᠠᠢ ᠲᠠᠨᠢᠯᠲᠠ ᠨᠢ ᠨᠠᠮ᠎ᠤᠨ ᠭᠡᠰᠢᠭᠦᠨ᠎ᠦ ᠬᠤᠪᠢ ᠬᠥᠮᠥᠨ᠎ᠦ ᠬᠡᠪ ᠪᠣᠯᠪᠠᠰᠤᠷᠠᠯ᠎ᠤᠨ ᠳᠠᠪᠬᠤᠷᠭ᠎ᠠ᠎ᠠᠴᠠ ᠤᠷᠳᠤ ᠬᠤᠭᠤᠴᠠᠭᠠᠨ᠎ᠤ ᠲᠦᠷᠦ ᠪᠠᠷᠢᠭ᠍ᠴᠢ ᠨᠠᠮ᠎ᠤᠨ ᠪᠠᠢᠭᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠳᠠᠪᠬᠤᠷᠭ᠎ᠠ᠎ᠳᠤ ᠬᠦᠷᠲᠡᠯ᠎ᠡ ᠥᠷᠭᠡᠵᠢᠵᠦ᠂ ᠡᠩ᠎ᠦᠨ ᠴᠢᠨᠠᠷᠲᠠᠢ ᠦᠵᠡᠯ ᠰᠠᠨᠠᠭᠠᠨ᠎ᠤ ᠥᠭᠡᠷᠡᠴᠢᠯᠡᠯᠲᠡ᠎ᠡᠴᠡ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠎ᠶᠢ ᠠᠬᠢᠭᠤᠯᠬᠤ᠂ ᠰᠠᠮᠠᠭᠤᠷᠠᠯ᠎ᠢ ᠵᠠᠰᠠᠵᠤ ᠮᠠᠨᠳᠤᠵᠤ ᠪᠠᠭᠤᠷᠠᠬᠤ᠎ᠲᠡᠦᠬᠡ᠎ᠶᠢᠨ ᠦᠶᠡᠯᠡᠯ᠎ᠦᠨ ᠨᠤᠷᠮ᠎ᠠ᠎ᠠᠴᠠ ᠮᠤᠯᠲᠤᠷᠠᠬᠤ ᠦᠨᠳᠦᠰᠦ᠎ᠡᠴᠡ ᠨᠢ ᠵᠠᠰᠠᠬᠤ ᠳᠠᠪᠬᠤᠷᠭ᠎ᠠ᠎ᠳᠤ ᠬᠦᠷᠲᠡᠯ᠎ᠡ ᠳᠡᠭᠡᠭᠰᠢᠯᠡᠭᠰᠡᠨ᠎ᠢ ᠬᠠᠷᠠᠭᠤᠯᠵᠤ ᠪᠠᠢᠨ᠎ᠠ᠃

ᠪᠤᠢ ᠪᠣᠯᠭᠠᠬᠤ ᠲᠣᠭᠲᠠᠴᠠ᠎ᠶᠢᠨ ᠲᠠᠯ᠎ᠠ᠎ᠠᠴᠠ ᠦᠵᠡᠪᠡᠯ᠂ ᠡᠪ ᠬᠠᠮᠲᠤᠴᠤᠳ ᠶᠠᠭᠤᠨ᠎ᠳᠤ ᠲᠦᠰᠢᠭᠯᠡᠨ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ᠂ ᠨᠠᠮᠴᠢ ᠴᠢᠨᠠᠷ᠎ᠢᠶᠠᠨ ᠬᠡᠷᠬᠢᠨ ᠦᠷᠭᠦᠯᠵᠢᠯᠡᠨ ᠳᠠᠪᠲᠠᠨ ᠪᠣᠯᠪᠠᠰᠤᠷᠠᠭᠤᠯᠬᠤ ᠦᠢᠯᠡᠳᠦᠯᠭᠡ᠎ᠶᠢᠨ ᠠᠰᠠᠭᠤᠳᠠᠯ᠎ᠳᠤ ᠬᠠᠷᠢᠭᠤᠯᠲᠠ ᠥᠭᠴᠡᠢ᠃ ᠨᠠᠮᠴᠢ ᠴᠢᠨᠠᠷ᠎ᠤᠨ ᠲᠠᠪᠳᠠᠨ ᠪᠣᠯᠪᠠᠰᠤᠷᠠᠯ ᠨᠢ ᠨᠠᠮ ᠎ᠳᠤ ᠣᠷᠣᠭᠰᠠᠨ ᠨᠠᠰᠤᠨ᠎ᠤ ᠨᠡᠮᠡᠭᠳᠡᠬᠦ᠎ᠶᠢ ᠳᠠᠭᠠᠯᠳᠤᠨ ᠠᠶᠠᠨᠳᠠᠭᠠᠨ ᠳᠡᠭᠡᠭᠰᠢᠯᠡᠬᠦ ᠪᠢᠰᠢ᠂ ᠲᠤᠰᠢᠶᠠᠯ ᠳᠡᠪᠰᠢᠬᠦ᠎ᠶᠢ ᠳᠠᠭᠠᠯᠳᠤᠨ ᠠᠶᠠᠨᠳᠠᠭᠠᠨ ᠨᠡᠮᠡᠭᠳᠡᠬᠦ ᠴᠦ᠍ ᠪᠢᠰᠢ ᠶᠤᠮ᠃ ᠶᠡᠷᠦᠩᠬᠡᠢ ᠱᠦᠵᠢ ᠰᠢ᠎ᠶᠢᠨ ᠫᠢᠩ 《ᠤᠳᠤᠷᠢᠳᠬᠤ ᠺᠠᠳ᠋ᠷᠴᠤᠳ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ᠂ ᠦᠵᠡᠯ ᠰᠠᠨᠠᠭ᠎ᠠ ᠤᠬᠠᠮᠰᠠᠷ᠎ᠢᠶᠠᠨ ᠳᠡᠭᠡᠭᠰᠢᠯᠡᠭᠦᠯᠬᠦ᠎ᠶᠢ ᠨᠠᠰᠤᠨ ᠲᠤᠷᠰᠢᠲᠠ᠎ᠶᠢᠨ ᠰᠡᠳᠦᠪ ᠪᠣᠯᠭᠠᠬᠤ ᠬᠡᠷᠡᠭᠲᠡᠢ》᠂ 《ᠦᠵᠡᠯ ᠰᠠᠨᠠᠭᠠᠨ᠎ᠤ ᠲᠠᠯ᠎ᠠ᠎ᠪᠠᠷ ᠬᠢ ᠤᠷᠤᠭᠤᠳᠠᠯ ᠪᠣᠯ ᠬᠠᠮᠤᠭ᠎ᠤᠨ ᠬᠦᠨᠳᠦ ᠨᠣᠴᠢᠲᠠᠢ ᠡᠪᠡᠳᠴᠢᠨ᠎ᠦ ᠬᠤᠪᠢᠷᠠᠯᠲᠠ ᠮᠥᠨ》 ᠭᠡᠵᠦ ᠭᠦᠨᠵᠡᠭᠡᠢ ᠵᠢᠭᠠᠵᠤ ᠭᠠᠷᠭᠠᠵᠠᠢ᠃ ᠡᠨᠡ ᠨᠢ ᠨᠠᠮᠴᠢ ᠴᠢᠨᠠᠷ᠎ᠤᠨ ᠪᠠᠢᠭᠤᠯᠤᠯᠲᠠ᠎ᠶᠢᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠲᠠᠬᠢᠨ ᠳᠠᠪᠲᠠᠬᠤ ᠴᠢᠨᠠᠷ᠎ᠢ ᠭᠦᠨᠵᠡᠭᠡᠢ ᠢᠯᠡᠷᠡᠭᠦᠯᠪᠡ᠄ ᠨᠠᠮᠴᠢ ᠴᠢᠨᠠᠷ᠎ᠤᠨ ᠳᠠᠪᠲᠠᠨ ᠪᠤᠯᠪᠠᠰᠤᠷᠠᠯ ᠎ᠳᠤ 《ᠲᠡᠭᠦᠰᠬᠦ》 ᠴᠠᠭ ᠭᠡᠵᠦ ᠪᠠᠢᠳᠠᠭ ᠦᠭᠡᠢ ᠂ ᠡᠷᠬᠡᠪᠰᠢ ᠴᠥᠬᠥᠷᠡᠰᠢ ᠦᠭᠡᠢ ᠪᠠᠢᠩᠭᠤ ᠠᠳᠬᠤᠵᠤ᠂ ᠤᠷᠳᠤ ᠬᠤᠭᠤᠴᠠᠭ᠎ᠠ᠎ᠪᠠᠷ ᠴᠢᠷᠮᠠᠢᠨ ᠠᠵᠢᠯᠯᠠᠵᠤ᠂ ᠥᠲᠡᠯᠲᠡᠯ᠎ᠡ᠎ᠪᠡᠨ ᠰᠤᠷᠤᠯᠴᠠᠵᠤ᠂ ᠥᠲᠡᠯᠲᠡᠯ᠎ᠡ᠎ᠪᠡᠨ ᠪᠣᠯᠪᠠᠰᠤᠷᠠᠬᠤ ᠬᠡᠷᠡᠭᠲᠡᠢ᠃ ᠬᠠᠷᠠᠯᠲᠠ᠎ᠶᠢᠨ ᠴᠢᠭᠯᠡᠯ᠎ᠦᠨ ᠲᠠᠯ᠎ᠠ᠎ᠪᠠᠷ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠳᠤ᠂ ᠨᠠᠮᠴᠢ ᠴᠢᠨᠠᠷ᠎ᠢ ᠴᠢᠩᠭᠠᠳᠬᠠᠬᠤ᠎ᠳᠤ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠬᠤ᠎ᠪᠠᠷ ᠭᠣᠣᠯᠳᠠᠯᠭ᠎ᠠ ᠪᠣᠯᠭᠠᠵᠤ᠂ ᠨᠠᠮ᠎ᠳᠠᠭᠠᠨ ᠦᠨᠡᠨᠴᠢ ᠰᠢᠳᠤᠷᠭᠤ᠂ ᠠᠷᠠᠳ᠎ᠤᠨ ᠲᠥᠯᠥᠭᠡ ᠵᠢᠳᠬᠦᠬᠦ ᠬᠠᠢᠷ᠎ᠠ ᠰᠡᠳᠬᠢᠯᠭᠡ᠎ᠶᠢ ᠪᠠᠲᠤᠳᠬᠠᠵᠤ᠂ ᠶᠣᠰᠣ᠌ ᠰᠤᠷᠲᠠᠬᠤᠨ ᠵᠠᠩ ᠴᠢᠨᠠᠷ᠎ᠢᠶᠠᠨ ᠲᠥᠪ ᠪᠣᠯᠭᠠᠵᠤ᠂ ᠠᠷᠢᠭᠤᠨ ᠴᠢᠬᠡᠴᠢ ᠪᠠᠢᠬᠤ᠎ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠢᠲᠡᠭᠡᠯ ᠪᠢᠰᠢᠷᠡᠯ᠂ ᠦᠨᠡᠨᠴᠢ ᠰᠢᠳᠤᠷᠭᠤ᠂ ᠬᠠᠢᠷ᠎ᠠ ᠰᠡᠳᠬᠢᠯᠭᠡ᠂ ᠶᠤᠰᠤ ᠮᠤᠷᠠᠯ᠂ ᠠᠷᠢᠭᠤᠨ ᠴᠢᠬᠡᠴᠢ ᠵᠡᠷᠭᠡ ᠲᠠᠪᠤᠨ ᠲᠠᠯ᠎ᠠ᠎ᠠᠴᠠ ᠨᠠᠮᠴᠢ ᠴᠢᠨᠠᠷ᠎ᠤᠨ ᠪᠣᠯᠪᠠᠰᠤᠷᠠᠯ᠎ᠤᠨ ᠰᠣᠯᠪᠢᠴᠠᠯ᠎ᠤᠨ ᠰᠢᠰᠲᠧᠮ᠎ᠢ ᠪᠠᠢᠭᠤᠯᠤᠨ᠎ᠠ᠃ ᠠᠷᠭ᠎ᠠ ᠵᠠᠮ᠎ᠤᠨ ᠲᠠᠯ᠎ᠠ᠎ᠪᠠᠷ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠦᠵᠡᠯ ᠰᠠᠨᠠᠭᠠᠨ᠎ᠤ ᠳᠠᠪᠲᠠᠯᠲᠠ᠂ ᠤᠯᠤᠰ ᠲᠦᠷᠦ᠎ᠶᠢᠨ ᠳᠠᠪᠲᠠᠯᠲᠠ᠂ ᠦᠢᠯᠡᠳᠦᠯᠭᠡ᠎ᠶᠢᠨ ᠳᠠᠪᠲᠠᠯᠲᠠ᠂ ᠲᠤᠰᠬᠠᠢ ᠮᠡᠷᠭᠡᠵᠢᠯ᠎ᠤᠨ ᠪᠣᠯᠪᠠᠰᠤᠷᠠᠯ ᠎ᠢ ᠬᠠᠷᠢᠯᠴᠠᠨ ᠲᠤᠭᠤᠰᠢᠯᠠᠭᠤᠯᠬᠤ᠎ᠶᠢ ᠴᠢᠬᠤᠯᠠᠴᠢᠯᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠲᠥᠪ ᠴᠢᠩᠭ᠎ᠠ ᠪᠣᠯᠭᠠᠵᠤ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠭᠡᠬᠦ ᠡᠨᠡ ᠬᠦ᠌ ᠬᠤᠷᠴᠠ ᠵᠡᠪᠰᠡᠭ ᠢ᠋ ᠰᠠᠢᠲᠤᠷ ᠬᠡᠷᠡᠭᠯᠡᠵᠦ᠂ ᠪᠡᠶ᠎ᠡ᠎ᠪᠡᠨ ᠪᠠᠷᠢᠬᠤ ᠪᠠ ᠪᠤᠰᠤᠳ᠎ᠢᠶᠠᠷ ᠱᠠᠭᠠᠷᠳᠠᠭᠤᠯᠬᠤ᠂ ᠰᠤᠷᠭᠠᠨ ᠬᠥᠮᠥᠵᠢᠬᠦᠯᠬᠦ ᠪᠠ ᠬᠢᠨᠠᠯᠲᠠ ᠲᠠᠯᠪᠢᠬᠤ᠎ᠶᠢ ᠤᠶᠠᠯᠳᠤᠭᠤᠯᠬᠤ᠎ᠶᠢ ᠪᠠᠷᠢᠮᠲᠠᠯᠠᠪᠠ᠃ ᠡᠭᠦᠨ᠎ᠵᠢᠡᠷ ᠲᠠᠮᠵᠢᠨ᠂ ᠤᠨᠤᠯ᠎ᠢᠶᠠᠷ ᠵᠡᠪᠰᠡᠭᠯᠡᠵᠦ ᠰᠦᠭ ᠰᠦᠨᠡᠰᠦ᠎ᠶᠢ ᠱᠤᠭᠤᠬᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠳᠠᠪᠲᠠᠨ ᠪᠣᠯᠪᠠᠰᠤᠷᠠᠭᠤᠯᠬᠤ᠂ ᠦᠢᠯᠡᠳᠦᠯᠭᠡ᠎ᠶᠢᠨ ᠲᠡᠮᠡᠴᠡᠯ᠎ᠢ ᠬᠠᠲᠠᠭᠤᠵᠢᠭᠤᠯᠬᠤ᠂ ᠰᠠᠬᠢᠯᠭ᠎ᠠ ᠪᠠᠲᠤ᠎ᠶᠢᠨ ᠬᠢᠨᠠᠯᠲᠠ ᠬᠢᠵᠠᠭᠠᠷᠯᠠᠯ ᠬᠠᠷᠢᠯᠴᠠᠨ ᠨᠡᠪᠲᠡᠷᠡᠯᠴᠡᠭᠰᠡᠨ ᠨᠠᠮᠴᠢ ᠴᠢᠨᠠᠷ᠎ᠤᠨ ᠳᠠᠪᠲᠠᠨ ᠪᠣᠯᠪᠠᠰᠤᠷᠠᠭᠤᠯᠬᠤ ᠰᠢᠰᠲᠧᠮ᠎ᠢ ᠪᠠᠢᠭᠤᠯᠵᠤ᠂ ᠭᠣᠣᠯᠳᠠᠭᠤ ᠬᠤᠪᠢ ᠬᠥᠮᠥᠨ᠎ᠦ ᠤᠬᠠᠮᠰᠠᠷ᠎ᠲᠤ ᠲᠦᠰᠢᠭᠯᠡᠵᠦ ᠪᠠᠢᠭᠰᠠᠨ᠎ᠠᠴᠠ ᠤᠬᠠᠮᠰᠠᠷ᠎ᠲᠠᠢ ᠪᠠᠢᠬᠤ ᠪᠠ ᠳᠦᠷᠢᠮ᠎ᠢ ᠵᠡᠷᠭᠡᠪᠡᠷ ᠴᠢᠬᠤᠯᠠᠴᠢᠯᠠᠬᠤ᠂ ᠳᠣᠲᠣᠭᠠᠳᠤ᠎ᠳᠠᠭᠠᠨ ᠡᠷᠭᠢᠴᠡᠭᠦᠯᠦᠨ ᠪᠤᠳᠤᠬᠤ ᠪᠠ ᠭᠠᠳᠠᠭᠠᠳᠤ᠎ᠳᠠᠭᠠᠨ ᠬᠢᠵᠠᠭᠠᠷᠯᠠᠬᠤ᠎ᠶᠢ ᠤᠶᠠᠯᠳᠤᠭᠤᠯᠬᠤ ᠲᠡᠢᠰᠢ ᠬᠤᠪᠢᠷᠠᠭᠤᠯᠬᠤ ᠴᠢᠬᠤᠯᠠ ᠬᠤᠪᠢᠷᠠᠯᠲᠠ᠎ᠶᠢ ᠪᠡᠶᠡᠯᠡᠭᠦᠯᠪᠡ᠃

ᠰᠣᠶᠣᠯ᠎ᠤᠨ ᠦᠨᠳᠦᠰᠦ ᠰᠤᠷᠪᠤᠯᠵᠢ᠎ᠠᠴᠠ ᠨᠢ ᠠᠪᠴᠤ ᠦᠵᠡᠪᠡᠯ᠂ ᠡᠪ ᠬᠠᠮᠲᠤᠴᠤᠳ ᠬᠡᠷᠬᠢᠨ ᠪᠡᠶ᠎ᠡ᠎ᠪᠡᠨ ᠵᠠᠰᠠᠵᠤ ᠥᠪᠡᠷ᠎ᠢ᠎ᠪᠡᠨ ᠲᠥᠪ ᠪᠣᠯᠭᠠᠬᠤ᠂ ᠰᠠᠨᠠᠭ᠎ᠠ ᠠᠬᠤᠢ ᠵᠢ ᠪᠤᠯᠪᠠᠰᠤᠷᠠᠭᠤᠯᠬᠤ ᠲᠤᠬᠠᠢ ᠴᠠᠭ ᠦᠶ᠎ᠡ᠎ᠶᠢᠨ ᠰᠡᠳᠦᠪ᠎ᠲᠦ ᠬᠠᠷᠢᠭᠤᠯᠲᠠ ᠥᠭᠴᠡᠢ᠃ ᠳᠤᠮᠳᠠᠳᠤ᠎ᠶᠢᠨ ᠰᠣᠶᠣᠯ ᠨᠢ ᠶᠡᠷᠦ᠎ᠡᠴᠡ ᠰᠡᠳᠬᠢᠯ᠎ᠢᠶᠡᠨ ᠲᠥᠪ ᠪᠣᠯᠭᠠᠨ ᠪᠡᠶ᠎ᠡ᠎ᠪᠡᠨ ᠵᠠᠰᠠᠬᠤ᠎ᠶᠢ ᠴᠢᠬᠤᠯᠠᠴᠢᠯᠠᠵᠤ᠂ ᠪᠡᠶ᠎ᠡ᠎ᠪᠡᠨ ᠬᠢᠴᠢᠶᠡᠬᠦ᠎ᠶᠢ ᠰᠠᠨᠠᠭᠠᠴᠢᠯᠠᠵᠤ᠂ ᠪᠡᠶ᠎ᠡ᠎ᠪᠡᠨ ᠲᠤᠩᠭᠠᠵᠤ ᠪᠡᠶ᠎ᠡ᠎ᠪᠡᠨ ᠪᠠᠷᠢᠬᠤ᠂ ᠡᠷᠳᠡᠮᠲᠡᠨ ᠮᠡᠷᠭᠡᠳ᠎ᠡᠴᠡ ᠳᠠᠭᠠᠨ ᠰᠤᠷᠤᠯᠴᠠᠬᠤ᠂ ᠮᠡᠳᠡᠬᠦᠢ ᠬᠢᠬᠦᠢ᠎ᠪᠡᠨ ᠨᠢᠭᠡᠳᠬᠡᠬᠦ᠎ᠶᠢ ᠰᠠᠨᠠᠭᠠᠴᠢᠯᠠᠵᠤ᠂ ᠪᠡᠶ᠎ᠡ᠎ᠪᠡᠨ ᠵᠠᠰᠠᠬᠤ ᠭᠦᠨ ᠵᠤᠵᠠᠭᠠᠨ ᠰᠣᠶᠣᠯ᠎ᠤᠨ ᠤᠯᠠᠮᠵᠢᠯᠠᠯ᠎ᠢ ᠪᠦᠷᠢᠯᠳᠦᠭᠦᠯᠦᠭᠰᠡᠨ ᠶᠤᠮ᠃ 《ᠰᠢ ᠵᠢᠨ ᠫᠢᠨᠭ᠎ᠤᠨ ᠨᠠᠮ᠎ᠤᠨ ᠪᠠᠢᠭᠤᠯᠤᠯᠲᠠ᠎ᠶᠢᠨ ᠲᠤᠬᠠᠢ ᠵᠤᠬᠢᠶᠠᠯ᠎ᠤᠨ ᠰᠣᠩᠭᠣᠮᠠᠯ》 ᠎ᠤ᠋ᠨ ᠨᠢᠭᠡᠳᠦᠭᠡᠷ ᠪᠣᠳᠢ᠎ᠶᠢᠨ《ᠨᠠᠮᠴᠢ ᠴᠢᠨᠠᠷ ᠪᠣᠯ ᠨᠠᠮ᠎ᠤᠨ ᠭᠡᠰᠢᠭᠦᠨ ᠺᠠᠳ᠋ᠷᠴᠤᠳ᠎ᠤᠨ ᠬᠦᠮᠦᠨ ᠪᠤᠯᠵᠤ ᠦᠢᠯᠡᠰ ᠪᠣᠰᠬᠠᠬᠤ᠂ ᠶᠤᠰᠤ ᠬᠡᠯᠡᠵᠤ ᠮᠤᠷᠠᠯ᠎ᠴᠤᠬᠴᠠᠯᠠᠬᠤ᠎ᠶᠢᠨ ᠰᠠᠭᠤᠷᠢ ᠮᠥᠨ》 ᠭᠡᠬᠦ ᠵᠣᠬᠢᠶᠠᠯ᠎ᠳᠤ᠂ ᠶᠡᠷᠦᠩᠬᠡᠢ ᠱᠦᠵᠢ ᠰᠢ᠎ᠶᠢᠨ ᠫᠢᠩ᠄ 《ᠨᠠᠮᠴᠢ ᠴᠢᠨᠠᠷ᠎ᠤᠨ ᠬᠥᠮᠦᠵᠢᠯ ᠪᠣᠯ ᠡᠪ ᠬᠠᠮᠲᠤᠴᠤᠳ᠎ᠤᠨ ᠪᠡᠶ᠎ᠡ᠎ᠪᠡᠨ ᠵᠠᠰᠠᠵᠤ ᠴᠢᠨᠠᠷ᠎ᠢᠶᠠᠨ ᠲᠡᠵᠢᠭᠡᠬᠦ᠎ᠶᠢᠨ ᠵᠠᠪᠠᠯ ᠰᠤᠷᠬᠤ ᠬᠢᠴᠢᠶᠡᠯ ᠮᠥᠨ᠂ ᠪᠠᠰᠠ ᠴᠤ᠌ ᠡᠪ ᠬᠠᠮᠲᠤᠴᠤᠳ᠎ᠤᠨ 〈ᠰᠡᠳᠬᠢᠯ᠎ᠦᠨ ᠰᠤᠷᠭᠠᠯ〉 ᠮᠥᠨ》 ᠭᠡᠵᠦ ᠴᠢᠬᠤᠯᠠᠴᠢᠯᠠᠵᠠᠢ᠃ ᠡᠨᠡ ᠬᠦ᠌ ᠴᠢᠬᠤᠯᠠ ᠨᠤᠲᠠᠯᠠᠯᠲᠠ ᠨᠢ ᠨᠠᠮᠴᠢ ᠴᠢᠨᠠᠷ᠎ᠤᠨ ᠪᠣᠯᠪᠠᠰᠤᠷᠠᠯ᠎ᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠠᠬᠢ ᠥᠨᠢ ᠤᠳᠠᠭᠠᠨ ᠤᠯᠠᠮᠵᠢᠯᠠᠯ᠎ᠲᠠᠢ ᠪᠡᠶ᠎ᠡ᠎ᠪᠡᠨ ᠵᠠᠰᠠᠬᠤ ᠶᠣᠰᠣ᠌᠎ᠲᠠᠢ ᠨᠡᠪᠲᠡᠷᠡᠭᠦᠯᠦᠭᠰᠡᠨ ᠪᠠᠢᠨ᠎ᠠ᠃ ᠡᠪ ᠬᠠᠮᠲᠤᠴᠤᠳ᠎ᠤᠨ 《ᠰᠡᠳᠬᠢᠯ᠎ᠦᠨ ᠰᠤᠷᠭᠠᠯ》ᠨᠢ᠂ ᠮᠠᠷᠺᠰ᠎ᠤᠨ ᠦᠵᠡᠯ᠎ᠢᠶᠡᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠠᠬᠢ ᠪᠡᠶ᠎ᠡ᠎ᠪᠡᠨ ᠵᠠᠰᠠᠵᠤ ᠲᠦᠪ ᠪᠤᠯᠭᠠᠬᠤ᠂ ᠪᠡᠶ᠎ᠡ᠎ᠪᠡᠨ ᠬᠢᠨᠠᠵᠤ ᠪᠡᠶ᠎ᠡ᠎ᠪᠡᠨ ᠱᠠᠭᠠᠷᠳᠠᠬᠤ᠎ᠶᠢ ᠴᠢᠬᠤᠯᠠᠴᠢᠯᠠᠵᠤ᠂ ᠪᠠᠰᠠ ᠤᠯᠠᠮᠵᠢᠯᠠᠯᠲᠤ ᠪᠡᠶ᠎ᠡ᠎ᠪᠡᠨ ᠵᠠᠰᠠᠬᠤ ᠰᠣᠶᠣᠯ᠎ᠤᠨ ᠲᠡᠦᠬᠡᠨ ᠬᠢᠵᠠᠭᠠᠷᠯᠠᠯ᠎ᠠᠴᠠ ᠳᠠᠪᠠᠵᠤ᠂ ᠬᠤᠪᠢ ᠬᠥᠮᠥᠨ᠎ᠦ ᠶᠣᠰᠣ᠌ ᠰᠤᠷᠲᠠᠬᠤᠨ᠎ᠤ ᠬᠡᠪ ᠪᠣᠯᠪᠠᠰᠤᠷᠠᠯ᠎ᠢᠶᠠᠨ ᠡᠪ ᠬᠠᠮᠲᠤᠴᠤᠳ᠎ᠤᠨ ᠤᠯᠤᠰ ᠲᠦᠷᠦ᠎ᠶᠢᠨ ᠬᠡᠪ ᠴᠢᠨᠠᠷ᠎ᠤᠨ ᠳᠠᠪᠲᠠᠯᠲᠠ ᠪᠣᠯᠭᠠᠨ ᠳᠡᠭᠡᠭᠰᠢᠯᠡᠭᠦᠯᠵᠦ᠂ ᠦᠪᠡᠷ᠎ᠢ ᠪᠠᠨ ᠡᠷᠬᠢᠴᠡᠬᠦᠯᠦᠨ ᠬᠢᠨᠠᠬᠤ ᠪᠠᠢᠴᠠᠭᠠᠯᠲᠠ᠎ᠵᠢ ᠨᠠᠮ᠎ᠤᠨ ᠲᠥᠯᠥᠭᠡ ᠰᠠᠨᠠᠭᠠᠰᠢᠷᠠᠬᠤ᠂ ᠤᠯᠤᠰ᠎ᠤᠨ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠬᠡᠬᠦ᠂ ᠠᠷᠠᠳ ᠲᠦᠮᠡᠨ᠎ᠳᠡᠭᠡᠨ ᠬᠤᠪᠢ ᠨᠡᠮᠡᠷᠢ ᠦᠵᠡᠭᠦᠯᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃ ᠶᠡᠷᠦᠩᠬᠡᠢ ᠱᠦᠵᠢ ᠰᠢ᠎ᠶᠢᠨ ᠫᠢᠩ 《ᠰᠡᠳᠬᠢᠯ ᠵᠢᠷᠦᠬᠡᠨ᠎ᠳᠡᠭᠡᠨ ᠡᠮᠢᠶᠡᠯ ᠲᠠᠢ᠂ ᠦᠭᠡ ᠶᠠᠷᠢᠶᠠᠨ᠎ᠳᠠᠭᠠᠨ ᠴᠡᠭᠡᠷ᠎ᠲᠠᠢ᠂ ᠦᠢᠯᠡ ᠠᠵᠢᠯᠯᠠᠭ᠎ᠠ᠎ᠳᠠᠭᠠᠨ ᠰᠠᠬᠢᠯ᠎ᠲᠠᠢ》᠂ 《ᠶᠡᠬᠡ ᠮᠣᠷᠠᠯ᠎ᠢ ᠮᠡᠳᠡᠵᠦ᠂ ᠨᠡᠶ᠋ᠢᠲᠡ᠎ᠶᠢᠨ ᠮᠣᠷᠠᠯ᠎ᠢ ᠰᠠᠬᠢᠵᠤ᠂ ᠬᠤᠪᠢ᠎ᠶᠢᠨ ᠮᠣᠷᠠᠯ᠎ᠢ ᠴᠢᠩᠳᠠᠯᠠᠬᠤ》ᠬᠡᠷᠡᠭᠲᠡᠢ ᠭᠡᠵᠦ ᠴᠢᠬᠤᠯᠠᠴᠢᠯᠠᠪᠠ᠂ ᠡᠳᠡᠭᠡᠷ ᠴᠢᠬᠤᠯᠠ ᠱᠠᠭᠠᠷᠳᠠᠯᠭ᠎ᠠ᠎ᠳᠦ᠂ ᠳᠤᠮᠳᠠᠳᠤ᠎ᠶᠢᠨ ᠰᠣᠶᠣᠯ᠎ᠤᠨ ᠰᠤᠳᠠᠰᠤ᠎ᠶᠢᠨ ᠭᠦᠨ ᠵᠤᠵᠠᠭᠠᠨ ᠰᠢᠮ᠎ᠡ ᠲᠡᠵᠢᠭᠡᠯ᠎ᠲᠠᠢ ᠪᠥᠭᠡᠳ ᠮᠠᠷᠺᠰ᠎ᠤᠨ ᠦᠵᠡᠯ᠎ᠦᠨ ᠨᠠᠮᠴᠢ ᠴᠢᠨᠠᠷ᠎ᠤᠨ ᠵᠠᠷᠴᠢᠮ᠎ᠤᠨ ᠢᠯᠡ ᠲᠣᠳᠣ᠌ ᠬᠡᠪ ᠰᠤᠷᠲᠠᠯ᠎ᠲᠠᠢ ᠪᠠᠢᠵᠤ᠂ ᠰᠢᠨ᠎ᠡ ᠴᠠᠭ ᠦᠶ᠎ᠡ᠎ᠶᠢᠨ ᠡᠪ ᠬᠠᠮᠲᠤᠴᠤᠳ᠎ᠤᠨ ᠪᠡᠶ᠎ᠡ᠎ᠪᠡᠨ ᠵᠠᠰᠠᠵᠤ ᠮᠣᠷᠠᠯ᠎ᠢ ᠴᠤᠬᠴᠠᠯᠠᠬᠤ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠰᠢᠨ᠎ᠡ ᠠᠬᠤᠢ ᠪᠠᠢᠳᠠᠯ᠎ᠢ ᠨᠡᠭᠡᠭᠡᠵᠡᠢ᠃

(ᠵᠤᠬᠢᠶᠠᠬᠴᠢ᠄ ᠪᠦᠬᠦ ᠤᠯᠤᠰ᠎ᠤᠨ ᠨᠠᠮ᠎ᠤᠨ ᠪᠠᠢᠭᠤᠯᠤᠯᠲᠠ ᠵᠢᠨ ᠰᠤᠳᠤᠯᠭᠠᠨ᠎ᠤ ᠨᠡᠢᠭᠡᠮᠯᠢᠭ᠎ᠤᠨ ᠤᠨᠴᠠ ᠤᠷᠢᠬᠰᠠᠨ ᠰᠤᠳᠤᠯᠤᠬᠴᠢ)

— 《 ᠠᠷᠠᠳ᠎ᠤᠨ ᠡᠳᠦᠷ᠎ᠤᠨ ᠰᠤᠨᠢᠨ 》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面