2026-09-25 21:11:55
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》᠎ᠪᠠᠷ ᠵᠢᠯᠤᠭᠤᠳᠤᠮᠵᠢ ᠪᠤᠯᠭᠠᠵᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠬᠦ
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 (ᠳᠣᠷᠣᠭ᠍ᠰᠢ 《ᠠᠬᠢᠭᠤᠯᠬᠤ ᠬᠠᠤᠯᠢ》 ᠭᠡᠵᠦ ᠳᠥᠭᠥᠮᠴᠢᠯᠡᠨ᠎ᠡ) ᠪᠣᠯ ᠮᠠᠨ᠎ᠤ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠬᠦᠷᠢᠶᠡᠨ᠎ᠳᠡᠬᠢ ᠰᠠᠭᠤᠷᠢ ᠴᠢᠨᠠᠷᠲᠠᠢ᠂ ᠶᠡᠷᠦᠩᠬᠡᠶ᠋ᠢᠯᠡᠭᠰᠡᠨ ᠴᠢᠨᠠᠷᠲᠠᠢ ᠬᠠᠤᠯᠢ ᠴᠠᠭᠠᠵᠠ ᠪᠣᠯᠤᠨ᠎ᠠ᠂ ᠡᠨᠡ ᠬᠦ᠌ ᠬᠠᠤᠯᠢ ᠴᠠᠭᠠᠵᠠ᠎ᠪᠠᠷ ᠵᠢᠯᠣᠭᠣᠳᠤᠮᠵᠢ ᠪᠣᠯᠭᠠᠬᠤ᠎ᠶᠢ ᠪᠠᠷᠢᠮᠲᠠᠯᠠᠵᠤ᠂ ᠬᠠᠤᠯᠢ᠎ᠪᠠᠷ ᠲᠣᠭᠲᠠᠭᠠᠭᠰᠠᠨ ᠱᠠᠭᠠᠷᠳᠠᠯᠭ᠎ᠠ᠎ᠶᠢ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠨᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠶᠢ ᠠᠬᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ ᠶᠢᠨ ᠴᠣᠭᠴᠠ᠎ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ᠎ᠳᠤ ᠲᠤᠶ᠋ᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
ᠨᠢᠭᠡ᠂ ᠬᠠᠤᠯᠢ ᠴᠠᠭᠠᠵᠠ᠎ᠶᠢᠨ ᠴᠢᠬᠤᠯᠠ ᠠᠭᠤᠯᠭ᠎ᠠ᠎ᠶᠢ ᠭᠦᠨᠵᠡᠭᠡᠢ ᠰᠤᠷᠤᠯᠴᠠᠨ ᠨᠠᠷᠢᠨ ᠣᠶ᠋ᠢᠯᠠᠭᠠᠵᠤ᠂ ᠤᠯᠤᠰ ᠲᠦᠷᠦ᠎ᠶᠢᠨ ᠵᠥᠪ ᠴᠢᠭᠯᠡᠯ᠎ᠢ ᠡᠵᠡᠮᠳᠡᠨ᠎ᠡ
《ᠠᠬᠢᠭᠤᠯᠬᠤ ᠬᠠᠤᠯᠢ》 ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠨᠢᠭᠡᠨ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭᠠᠬᠤ᠎ᠶᠢ ᠪᠠᠷᠢᠮᠲᠠᠯᠠᠵᠤ᠂ ᠬᠠᠤᠯᠢ ᠲᠤᠭᠳᠠᠭᠠᠭᠰᠠᠨ ᠵᠣᠷᠢᠯᠲᠠ᠂ ᠭᠣᠣᠯ ᠠᠭᠤᠯᠭ᠎ᠠ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠶ᠋ᠢᠯᠠᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ᠌ ᠭᠣᠣᠯ ᠰᠢᠵᠢᠮ᠎ᠢ ᠪᠠᠲᠤ ᠡᠵᠡᠮᠳᠡᠨ᠎ᠡ᠃ ᠬᠠᠤᠯᠢ ᠶᠣᠰᠣᠭᠠᠷ ᠲᠥᠯᠥᠪᠵᠢᠭᠦᠯᠦᠨ ᠪᠠᠶ᠋ᠢᠷᠢᠯᠠᠭᠤᠯᠬᠤ᠎ᠶᠢ ᠪᠠᠷᠢᠮᠲᠠᠯᠠᠵᠤ᠂ ᠬᠠᠤᠯᠢ ᠴᠠᠭᠠᠵᠠ ᠲᠣᠭᠲᠠᠭᠠᠯ᠎ᠢ ᠦᠨᠳᠦᠰᠦᠲᠡᠨ᠎ᠦ ᠠᠵᠢᠯ᠎ᠢ ᠲᠥᠯᠥᠪᠵᠢᠭᠦᠯᠬᠦ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠠᠶ᠋ᠢᠳᠠᠪᠤᠷᠢᠵᠢᠭᠤᠯᠬᠤ ᠪᠦᠬᠦ ᠶᠠᠪᠤᠴᠠ᠎ᠳᠤ ᠲᠤᠭᠤᠰᠢᠯᠠᠭᠤᠯᠵᠤ᠂ ᠠᠵᠢᠯ᠎ᠢᠶᠠᠨ ᠥᠷᠨᠢᠭᠦᠯᠬᠦ᠎ᠳᠦ ᠬᠠᠤᠯᠢ᠎ᠶᠢᠨ ᠦᠨᠳᠦᠰᠦᠯᠡᠯ᠎ᠲᠠᠢ ᠪᠠᠶ᠋ᠢᠬᠤ᠂ ᠡᠭᠦᠷᠭᠡ᠎ᠪᠡᠨ ᠪᠡᠶᠡᠯᠡᠬᠦᠯᠬᠦ᠂ ᠦᠷ᠎ᠡ ᠪᠦᠲᠦᠮᠵᠢ ᠪᠠᠨ ᠦᠨᠡᠯᠡᠬᠦ᠎ᠳᠦ ᠬᠠᠤᠯᠢ ᠲᠦᠷᠢᠮ᠎ᠦᠨ ᠲᠤᠭᠳᠠᠭᠠᠯ ᠶᠤᠰᠤᠭᠠᠷ ᠪᠡᠶᠡᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ ᠢᠮᠠᠭᠲᠠ ᠵᠥᠪ ᠴᠢᠭᠯᠡᠯ᠎ᠢᠶᠡᠷ ᠤᠷᠤᠭᠰᠢᠯᠠᠬᠤ ᠶᠢ ᠦᠨᠡᠨ ᠬᠦ᠌ ᠪᠠᠲᠤᠯᠠᠨ᠎ᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠱᠠᠭᠠᠷᠳᠠᠯᠭ᠎ᠠ᠎ᠶᠢ ᠬᠠᠤᠯᠢ᠎ᠶᠢ ᠰᠤᠷᠬᠤ᠂ ᠬᠠᠤᠯᠢ᠎ᠶᠢ ᠣᠶ᠋ᠢᠯᠠᠭᠠᠬᠤ᠂ ᠬᠠᠤᠯᠢ᠎ᠶᠢ ᠬᠡᠷᠡᠭᠯᠡᠬᠦ ᠡᠯ᠎ᠡ ᠭᠣᠭᠴᠣᠭ᠎ᠠ᠎ᠳᠤ ᠨᠠᠶ᠋ᠢᠳᠠᠪᠤᠷᠢᠵᠢᠭᠤᠯᠵᠤ᠂ 《ᠬᠠᠤᠯᠢ᠎ᠶᠢ ᠮᠡᠳᠡᠬᠦ》 ᠡᠴᠡ 《ᠬᠠᠤᠯᠢ ᠶᠣᠰᠣ᠌ ᠶᠢ ᠣᠶ᠋ᠢᠯᠠᠭᠠᠬᠤ》ᠲᠡᠶ᠋ᠢᠰᠢ ᠬᠤᠪᠢᠷᠠᠬᠤ᠎ᠶᠢ ᠠᠬᠢᠭᠤᠯᠵᠤ᠂ ᠨᠡᠩ ᠴᠣ᠌ 《ᠬᠠᠤᠯᠢ ᠶᠤᠰᠤ᠎ᠪᠠᠷ ᠠᠵᠢᠯ᠎ᠢᠶᠠᠨ ᠦᠷᠨᠢᠬᠦᠯᠬᠦ》 ᠤᠬᠠᠮᠰᠠᠷ᠎ᠢᠶᠠᠨ ᠲᠡᠭᠡᠭᠰᠢᠯᠡᠭᠦᠯᠵᠦ᠂ ᠬᠠᠤᠯᠢ ᠴᠠᠭᠠᠵᠠᠳᠦᠲᠤᠭᠳᠠᠭᠠᠭᠰᠠᠨ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠴᠠᠭ ᠦᠶ᠎ᠡ᠎ᠶᠢᠨ ᠠᠭᠤᠯᠤᠭᠳᠠᠬᠤᠨ᠎ᠢ ᠭᠦᠨᠵᠡᠭᠡᠢ ᠣᠶ᠋ᠢᠯᠠᠭᠠᠬᠤ ᠬᠡᠷᠡᠭᠲᠡᠢ᠃
ᠬᠣᠶᠠᠷ᠂ ᠬᠠᠤᠯᠢ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠤᠯᠢ ᠶ᠋ᠢᠨ ᠲᠠᠨᠢᠯᠲᠠ᠎ᠶᠢ ᠲᠡᠭᠡᠭᠰᠢᠯᠡᠭᠦᠯᠦᠨ᠎ᠡ
ᠡᠨᠡ ᠵᠢᠯ᠎ᠦᠨ 9 ᠰᠠᠷ᠎ᠠ᠎ᠶᠢᠨ 21 ᠦ᠌ ᠡᠳᠦᠷ《ᠠᠬᠢᠭᠤᠯᠬᠤ ᠬᠠᠤᠯᠢ》ᠬᠡᠷᠡᠭᠵᠢᠬᠦᠯᠦᠭᠳᠡᠭᠰᠡᠨᠤ ᠳᠠᠷᠠᠭᠠᠬᠢ ᠠᠩᠬᠠᠳᠠᠭ᠍ᠴᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠬᠠᠭᠤᠯᠭ᠎ᠠ᠎ᠶᠢᠨ ᠭᠠᠷᠠᠭ᠎ᠤᠨ ᠠᠵᠢᠯᠯᠠᠭ᠎ᠠ ᠪᠦᠬᠦ ᠤᠯᠤᠰ᠎ᠲᠤ ᠶᠠᠪᠤᠭᠳᠠᠵᠤ᠂ ᠤᠬᠠᠭᠤᠯᠭ᠎ᠠ᠎ᠶᠢᠨ ᠭᠠᠷᠠᠭ᠎ᠤᠨ ᠬᠢᠨ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠵᠤ᠂ ᠠᠭᠤᠤ ᠶᠡᠬᠡ ᠰᠡᠷᠭᠦᠨ ᠮᠠᠨᠳᠤᠯᠲᠠ᠎ᠶᠢᠨ ᠠᠶᠠᠨ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠂ ᠪᠦᠬᠦ ᠤᠯᠤᠰ᠎ᠤᠨ ᠬᠡᠪᠴᠢᠶᠡᠨ᠎ᠳᠦ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠲᠥᠪᠯᠡᠷᠡᠭᠦᠯᠦᠨ ᠥᠷᠨᠢᠭᠦᠯᠪᠡ᠂ ᠡᠨᠡ ᠨᠢ 《ᠤᠯᠤᠰ᠎ᠤᠨ ᠨᠢᠭᠡᠳᠦᠯ᠎ᠢ ᠬᠠᠮᠠᠭᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ᠪᠠᠶ᠋ᠢᠬᠤ》 ᠦᠵᠡᠯᠲᠡ᠎ᠶᠢ ᠬᠥᠮᠦᠰ᠎ᠦᠨ ᠰᠡᠳᠬᠢᠯ᠎ᠳᠦ ᠬᠠᠳᠠᠩᠰᠢᠭᠤᠯᠵᠤ᠂ ᠨᠡᠩ ᠴᠤ᠌ 《ᠠᠬᠢᠭᠤᠯᠬᠤ ᠬᠠᠤᠯᠢ》 ᠶ᠋ᠢ ᠬᠦᠨᠵᠡᠭᠡᠢ ᠲᠤᠭᠤᠰᠢᠯᠠᠭᠤᠯᠬᠤ᠎ᠶᠢᠨ ᠢᠯᠡᠷᠡᠯ ᠪᠤᠯᠬᠤ ᠶᠤᠮ᠃ ᠤᠬᠠᠭᠤᠯᠭ᠎ᠠ᠎ᠶᠢᠨ ᠭᠠᠷᠠᠭ᠎ᠢᠶᠠᠷ ᠠᠵᠠ ᠲᠣᠬᠢᠶᠠᠯ ᠪᠣᠯᠭᠠᠵᠤ᠂ ᠬᠠᠤᠯᠢ ᠴᠠᠭᠠᠵᠠ᠎ᠶᠢᠨ ᠮᠡᠳᠡᠯᠭᠡ᠎ᠶᠢ ᠪᠠᠶ᠋ᠢᠭᠤᠯᠭ᠎ᠠ᠂ ᠠᠵᠤ ᠠᠬᠤᠢᠯᠠᠯ᠂ ᠨᠡᠶ᠋ᠢᠭᠡᠮ ᠲᠣᠭᠣᠷᠢᠭ᠋᠂ ᠰᠤᠷᠭᠠᠭᠤᠯᠢ᠂ ᠮᠠᠯᠵᠢᠬᠤ ᠣᠷᠣᠨ᠂ ᠲᠤᠤᠷ ᠰᠦᠯᠵᠢᠶ᠎ᠡ᠎ᠳᠦ ᠣᠷᠣᠭᠤᠯᠬᠤ᠎ᠶᠢ ᠠᠬᠢᠭᠤᠯᠵᠤ᠂ ᠬᠠᠤᠯᠢᠵᠢᠯ᠎ᠤᠨ ᠣᠨᠣᠯᠵᠢᠬᠤᠨ ᠪᠠ ᠬᠠᠮᠲᠤ᠎ᠶᠢᠨ ᠴᠣᠭᠴᠠ᠎ᠶᠢᠨ ᠣᠨᠣᠯᠵᠢᠬᠤᠨ᠎ᠢ ᠲᠦᠭ ᠲᠦᠮᠡᠨ ᠠᠶ᠋ᠢᠯ ᠡᠷᠦᠬᠡ᠎ᠳᠦ ᠬᠦᠷᠭᠡᠵᠦ᠂ ᠡᠬᠡᠯ ᠠᠷᠠᠳ᠎ᠤᠨ ᠬᠡᠷ᠎ᠲᠦ ᠣᠷᠣᠭᠤᠯᠪᠠ᠃ ᠤᠬᠠᠭᠤᠯᠤᠨ ᠲᠠᠶ᠋ᠢᠯᠪᠤᠷᠢᠯᠠᠬᠤ ᠠᠷᠭ᠎ᠠ ᠬᠡᠯᠪᠡᠷᠢ᠎ᠶᠢ ᠰᠢᠨᠡᠴᠢᠯᠡᠵᠦ᠂ ᠣᠶ᠋ᠢᠯᠠᠭᠠᠮᠵᠢᠲᠠᠢ᠂ ᠤᠯᠠᠨ ᠲᠦᠮᠡᠨᠴᠢ ᠦᠭᠡ ᠬᠡᠯᠡ᠎ᠪᠡᠷ ᠦᠨᠳᠦᠰᠦᠳᠡᠨ᠎ᠦ ᠪᠦᠯᠬᠦᠮᠳᠡᠯ᠎ᠦᠨ ᠦᠯᠢᠬᠡᠷ᠎ᠲᠠᠢ ᠤᠶᠠᠯᠳᠤᠭᠤᠯᠤᠭᠰᠠᠨ ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ᠎ᠶᠢ ᠲᠦᠭᠡᠮᠡᠯᠵᠢᠬᠦᠯᠵᠦ᠂《ᠬᠠᠣᠯᠢᠵᠢᠯ ᠤᠨ ᠤᠯᠠᠭᠠᠨᠮᠥ᠋ᠴᠢᠷ》᠂ ᠦᠨᠳᠦᠰᠦᠨ ᠱᠠᠲᠤᠨ᠎ᠤ ᠲᠤᠤᠷᠵᠢᠯ᠎ᠤᠨ ᠠᠵᠢᠯᠲᠠᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ ᠨᠡᠶ᠋ᠢᠲᠡᠯᠢᠭ ᠵᠢᠱ᠌ᠢᠶ᠎ᠡ᠎ᠶᠢᠨ ᠳᠠᠶ᠋ᠢᠴᠢᠯᠠᠬᠤ ᠦᠢᠯᠡᠳᠦᠯ᠎ᠢ ᠪᠠᠳᠠᠷᠠᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢ ᠪᠦᠬᠦ ᠲᠠᠯ᠎ᠠ᠎ᠪᠠᠷ ᠬᠡᠷᠡᠭᠵᠢᠬᠦᠯᠬᠦ ᠬᠡᠷᠡᠭᠲᠡᠶ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠡᠳ᠋ᠯᠡᠬᠦ ᠮᠥᠷᠲᠡᠭᠡᠨ ᠪᠠᠰᠠ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠂ ᠨᠡᠶ᠋ᠢᠭᠡᠮ᠎ᠦᠨ ᠡᠶ᠎ᠡ ᠵᠣᠬᠢᠴᠠᠯ᠎ᠢ ᠬᠠᠮᠠᠭᠠᠯᠠᠬᠤ ᠬᠠᠤᠯᠢ᠎ᠪᠠᠷ ᠲᠣᠭᠲᠠᠭᠠᠭᠰᠠᠨ ᠡᠭᠦᠷᠭᠡ᠎ᠶᠢ ᠡᠭᠦᠷᠭᠡᠯᠡᠵᠦ᠂ 《ᠦᠨᠳᠦᠰᠦᠲᠡᠨ᠎ᠤ ᠪᠦᠯᠬᠦᠮᠳᠡᠯ᠎ᠳᠦ ᠬᠥᠮᠦᠨ ᠪᠦᠬᠦᠨ ᠬᠠᠷᠢᠭᠤᠴᠠᠯᠭ᠎ᠠ᠎ᠲᠠᠢ᠂ ᠬᠥᠮᠦᠨ ᠪᠦᠬᠦᠨ ᠬᠠᠷᠢᠭᠤᠴᠠᠯᠭ᠎ᠠ᠎ᠪᠠᠨ ᠭᠦᠢᠴᠡᠳᠬᠡᠵᠦ᠂ ᠬᠥᠮᠦᠨ ᠪᠦᠬᠦᠨ ᠡᠳ᠋ᠯᠡᠬᠦ》ᠬᠠᠮᠲᠤ᠎ᠶᠢᠨ ᠲᠠᠨᠢᠯᠲᠠ᠎ᠶᠢ ᠪᠤᠢ ᠪᠣᠯᠭᠠᠵᠤ᠂ ᠬᠠᠤᠯᠢ᠎ᠶᠢ ᠬᠦᠨᠳᠦᠳᠬᠡᠬᠦ᠂ ᠬᠠᠤᠯᠢ᠎ᠶᠢ ᠰᠤᠷᠬᠤ᠂ ᠬᠠᠤᠯᠢ᠎ᠶᠢ ᠰᠠᠬᠢᠬᠤ᠂ ᠬᠠᠤᠯᠢ᠎ᠶᠢ ᠬᠡᠷᠡᠭᠯᠡᠬᠦ᠎ᠶᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶᠢ ᠤᠬᠠᠮᠰᠠᠷ᠎ᠠᠴᠠ᠎ᠪᠠᠨ ᠬᠠᠮᠠᠭᠠᠯᠠᠬᠤ ᠨᠡᠶ᠋ᠢᠭᠡᠮ᠎ᠦᠨ ᠬᠡᠪ ᠰᠤᠷᠲᠠᠯ᠎ᠢ ᠪᠤᠢ ᠪᠤᠯᠭᠠᠬᠤ ᠬᠡᠷᠡᠭᠳᠡᠢ᠃
ᠭᠤᠷᠪᠠ᠂ ᠬᠠᠤᠯᠢ᠎ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠎ᠶᠢ ᠨᠠᠶ᠋ᠢᠳᠠᠪᠤᠷᠢᠵᠢᠭᠤᠯᠵᠤ᠂ ᠪᠣᠳᠠᠰ᠎ᠤᠨ ᠰᠠᠭᠤᠷᠢ᠎ᠶᠢ ᠪᠡᠬᠢᠵᠢᠭᠦᠯᠦᠨ᠎ᠡ
ᠶᠡᠷᠦᠩᠬᠡᠢ ᠱᠦᠵᠢ ᠰᠢ ᠵᠢᠨ ᠫᠢᠩ᠄《ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠠᠪᠰᠢᠵᠤ᠂ ᠬᠠᠮᠲᠤ᠎ᠪᠠᠷ ᠴᠡᠴᠡᠭᠯᠡᠨ ᠬᠥᠭᠵᠢᠬᠦ ᠪᠣᠯ ᠳᠤᠮᠳᠠᠳᠤ᠎ᠶᠢᠨ ᠦᠨᠳᠦᠰᠦᠲᠡᠨ᠎ᠦ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ》 ᠭᠡᠵᠦ ᠴᠢᠬᠤᠯᠠᠴᠢᠯᠠᠪᠠ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠵᠤ᠂ ᠬᠠᠮᠲᠤ᠎ᠪᠠᠷ ᠴᠢᠨᠡᠭᠡᠯᠢᠭᠵᠢᠬᠦ᠎ᠶᠢ ᠪᠡᠶᠡᠯᠡᠭᠦᠯᠬᠦ᠎ᠳᠦ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ᠃ 《ᠠᠬᠢᠭᠤᠯᠬᠤ ᠬᠠᠤᠯᠢ》 ᠵᠢᠨ ᠳᠥᠷᠪᠡᠳᠦᠭᠡᠷ ᠪᠦᠯᠦᠭ᠎ᠲᠦ᠂ ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠎ᠶᠢ ᠲᠦᠷᠭᠡᠳᠬᠡᠬᠦ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠢᠨᠡᠭᠡᠯᠢᠭᠵᠢᠬᠦ᠎ᠶᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠲᠡᠶ᠋ᠢᠰᠢ ᠤᠷᠤᠭᠰᠢᠯᠠᠬᠤ᠎ᠶᠢ ᠠᠬᠢᠭᠤᠯᠬᠤ ᠲᠤᠬᠠᠢ ᠬᠣᠯᠪᠣᠭᠳᠠᠯ ᠪᠦᠬᠦᠢ ᠲᠣᠭᠲᠠᠭᠠᠯ ᠭᠠᠷᠭᠠᠪᠠ᠃ ᠡᠬᠢ ᠪᠠᠶᠠᠯᠢᠭ᠋᠎ᠤᠨ ᠳᠠᠪᠠᠭᠤᠯᠢᠭ᠋᠎ᠲᠤ ᠰᠠᠭᠤᠷᠢᠯᠠᠬᠤ᠎ᠶᠢᠨ ᠬᠠᠮᠲᠤ ᠤᠳᠤ ᠦᠶ᠎ᠡ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠠᠰᠢᠭ᠍ᠯᠠᠵᠤ᠂ ᠲᠠᠷᠢᠶᠠᠯᠠᠩ ᠤᠢ ᠰᠢᠭᠤᠢ ᠮᠠᠯ ᠠᠵᠤ ᠠᠬᠤᠢ᠂ ᠵᠢᠭᠠᠰᠤᠨ᠎ᠤ ᠠᠵᠤ ᠠᠬᠤᠢ᠂ ᠲᠠᠷᠢᠶᠠᠯᠠᠩ ᠲᠤᠰᠠᠯᠠᠬᠤ ᠠᠵᠤ ᠠᠬᠤᠢ ᠢᠳᠡᠭᠡᠨ ᠡᠳ᠋ᠰᠢᠭᠦᠯᠬᠦ ᠦᠢᠯᠡᠰ᠂ ᠨᠡᠬᠡᠮᠡᠯ᠎ᠦᠨ ᠦᠢᠯᠡᠰ᠂ ᠰᠣᠶᠣᠯ ᠵᠢᠭᠤᠯᠴᠢᠯᠠᠯ᠎ᠤᠨ ᠦᠢᠯᠡᠰ ᠵᠢᠴᠢ ᠤᠯᠠᠮᠵᠢᠯᠠᠯᠲᠤ ᠭᠠᠷ ᠤᠷᠠᠯᠠᠯ᠂ ᠤᠯᠠᠮᠵᠢᠯᠠᠯᠲᠤ ᠡᠮ ᠡᠮᠨᠡᠯᠭᠡ ᠵᠡᠷᠭᠡ ᠤᠨᠴᠠᠯᠢᠬᠳᠤ ᠳᠠᠪᠠᠭᠤᠯᠢᠭ᠋ ᠠᠵᠤ ᠦᠢᠯᠡᠰ᠎ᠢ ᠬᠥᠭᠵᠢᠭᠦᠯᠵᠦ᠂ ᠰᠢᠨ᠎ᠡ ᠬᠡᠯᠪᠡᠷᠢ᠎ᠶᠢᠨ ᠬᠥᠳᠡᠭᠡ ᠲᠣᠰᠬᠣᠨ᠎ᠤ ᠬᠠᠮᠲᠤ᠎ᠶᠢᠨ ᠠᠵᠤ ᠠᠬᠤᠢ᠎ᠶᠢ ᠬᠥᠭᠵᠢᠭᠦᠯᠦᠨ ᠪᠤᠵᠠᠭᠠᠶ᠋ᠢᠷᠠᠭᠤᠯᠵᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠪᠠ ᠬᠤᠳᠠ ᠬᠥᠳᠡᠭᠡ᠎ᠶᠢᠨ ᠠᠭᠤᠰᠤᠯᠴᠠᠨ ᠬᠥᠭᠵᠢᠬᠦ᠎ᠶᠢ ᠠᠬᠢᠭᠤᠯᠤᠨ᠎ᠠ᠃ ᠡᠭᠦᠨ ᠵᠢᠡᠷ ᠲᠠᠮᠵᠢᠨ᠂ ᠦᠨᠳᠦᠰᠦᠲᠡᠨ᠎ᠦ ᠭᠠᠵᠠᠷ ᠣᠷᠣᠨ᠎ᠤ ᠰᠠᠭᠤᠷᠢ ᠲᠥᠬᠥᠭᠡᠷᠦᠮᠵᠢ᠂ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠥᠷᠢᠯᠡᠬᠦ᠎ᠶᠢ ᠬᠠᠤᠯᠢ ᠶᠣᠰᠣᠭᠠᠷ ᠠᠬᠢᠭᠤᠯᠵᠤ᠂ ᠤᠨᠴᠠᠯᠢᠬᠳᠤ ᠳᠠᠪᠠᠭᠤᠯᠢᠭ᠋ ᠠᠵᠤ ᠦᠢᠯᠡᠰ᠎ᠢ ᠪᠣᠶ᠋ᠢᠵᠢᠭᠤᠯᠤᠨ᠂ ᠠᠷᠠᠳ᠎ᠲᠤ ᠠᠰᠢᠭ᠋ ᠬᠦᠷᠲᠡᠭᠡᠬᠦ ᠲᠦᠷᠦ᠎ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ ᠦᠨ ᠤᠯᠠᠨ ᠲᠦᠮᠡᠨ᠎ᠦ ᠬᠥᠭᠵᠢᠯᠲᠡ᠎ᠳᠦ ᠡᠷᠬᠡ ᠲᠡᠭᠰᠢ᠎ᠪᠡᠷ ᠣᠷᠣᠯᠴᠠᠬᠤ᠂ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ ᠢ ᠡᠷᠬᠡ ᠲᠡᠭᠰᠢ᠎ᠪᠡᠷ ᠬᠠᠮᠲᠤ᠎ᠪᠠᠷ ᠡᠳ᠋ᠯᠡᠬᠦ᠎ᠶᠢ ᠪᠠᠲᠤᠯᠠᠨ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠳᠣᠬᠢᠴᠢᠯᠠᠯᠳᠠ ᠵᠢᠨ ᠪᠦᠳᠦᠭᠡᠨ ᠪᠠᠶ᠋ᠢᠭᠤᠯᠤᠯᠲᠠ᠎ᠳᠤ ᠣᠷᠣᠯᠴᠠᠬᠤ ᠢᠳᠡᠪᠬᠢᠵᠢᠯ ᠪᠣᠯᠤᠨ ᠪᠦᠲᠦᠭᠡᠯᠴᠢ ᠴᠢᠳᠠᠪᠤᠷᠢ᠎ᠶᠢ ᠬᠥᠭᠵᠢᠭᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢᠨ ᠪᠣᠳᠠᠰ᠎ᠤᠨ ᠰᠠᠭᠤᠷᠢ᠎ᠶᠢ ᠪᠡᠬᠢᠵᠢᠬᠦᠯᠬᠦ ᠬᠡᠷᠡᠭᠳᠡᠢ᠃
ᠲᠦᠷᠪᠡ᠂ ᠬᠠᠤᠯᠢ ᠶᠣᠰᠣᠭᠠᠷ ᠬᠡᠷᠡᠭ ᠶᠠᠪᠤᠳᠠᠯ᠎ᠢ ᠵᠠᠰᠠᠬᠤ ᠶᠢ ᠪᠠᠷᠢᠮᠲᠠᠯᠠᠵᠤ᠂ ᠠᠮᠤᠷ ᠲᠦᠪᠰᠢᠨ ᠲᠣᠭᠲᠠᠭᠤᠨ ᠬᠠᠤᠯᠢᠵᠢᠯ᠎ᠤᠨ ᠰᠡᠷᠭᠡᠶ᠋ᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠨ᠎ᠠ
ᠬᠠᠤᠯᠢ ᠴᠠᠭᠠᠵᠠ᠎ᠪᠠᠷ ᠪᠠᠷᠢᠮᠵᠢᠶ᠎ᠠ ᠪᠣᠯᠭᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶᠢᠨ ᠰᠢᠰᠲᠧᠮ ᠪᠣᠯᠤᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠳᠡᠢ᠃ ᠦᠨᠳᠦᠰᠦᠲᠡᠨ᠎ᠦ ᠬᠦᠴᠦᠨ ᠵᠦᠢᠯ᠎ᠳᠦ ᠬᠣᠯᠪᠣᠭᠳᠠᠭᠰᠠᠨ ᠵᠥᠷᠢᠴᠡᠯ ᠵᠠᠭᠤᠷᠠᠯᠳᠤᠭᠠᠨ᠎ᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠵᠦ᠂ ᠡᠬᠢ ᠡᠭᠦᠰᠦᠯ᠎ᠡᠴᠡ ᠨᠢ ᠤᠷᠢᠳᠴᠢᠯᠠᠨ ᠰᠡᠷᠭᠡᠶ᠋ᠢᠯᠡᠬᠦ᠂ ᠣᠯᠠᠨ ᠡᠰᠢᠵᠢᠬᠦᠯᠦᠨ ᠰᠢᠢᠳᠪᠦᠷᠢᠯᠡᠬᠦ᠎ᠶᠢ ᠴᠢᠬᠤᠯᠠᠴᠢᠯᠠᠵᠤ᠂ ᠬᠠᠤᠯᠢ᠎ᠪᠠᠷ ᠵᠠᠰᠠᠬᠤ ᠪᠣᠷᠣ᠌ ᠲᠥᠯᠥᠪ᠎ᠦᠨ ᠰᠡᠳᠬᠢᠯᠭᠡ ᠪᠠ ᠶᠣᠰᠣ᠌ ᠤᠴᠢᠷ᠎ᠢ ᠬᠠᠮᠲᠤᠳᠤᠨᠢ ᠬᠠᠷᠠᠭᠠᠯᠵᠠᠨ᠂ ᠬᠠᠤᠯᠢ᠎ᠶᠢᠨ ᠡᠮᠦᠨ᠎ᠡ ᠬᠦᠮᠦᠨ ᠪᠦᠬᠦᠨ ᠡᠷᠬᠡ ᠲᠡᠭᠰᠢ ᠪᠠᠢᠬᠤ᠎ᠶᠢ ᠪᠠᠳᠤᠯᠠᠬᠤ ᠬᠡᠷᠡᠭᠳᠡᠢ᠃ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭᠠᠬᠤ᠂ ᠠᠶᠤᠯ ᠲᠦᠭᠰᠢᠭᠦᠷᠢ᠎ᠶᠢ ᠦᠨᠡᠯᠡᠨ ᠵᠢᠱ᠌ᠢᠬᠦ ᠵᠡᠷᠭᠡ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠲᠥᠷᠥ᠎ᠶᠢᠨ ᠪᠣᠳᠣᠯᠭ᠎ᠠ ᠲᠣᠭᠲᠠᠭᠠᠬᠤ᠂ ᠠᠵᠢᠯᠯᠠᠭ᠎ᠠ ᠥᠷᠨᠢᠭᠦᠯᠬᠦ᠎ᠳᠦ ᠬᠠᠤᠯᠢ ᠴᠠᠭᠠᠵᠠ᠎ᠶᠢᠨ ᠱᠠᠭᠠᠷᠳᠠᠯᠭ᠎ᠠ᠎ᠪᠠᠷ ᠪᠠᠷᠢᠮᠵᠢᠶᠠᠯᠠᠵᠤ᠂ ᠠᠶᠤᠯ ᠲᠦᠭᠰᠢᠭᠦᠷᠢ᠎ᠶᠢᠨ ᠳᠠᠯᠳᠠ ᠬᠡᠮ᠎ᠢ ᠴᠠᠭ ᠲᠤᠬᠠᠶ᠎ᠳᠤᠨᠢ ᠰᠡᠷᠭᠡᠶ᠋ᠢᠯᠡᠨ ᠠᠷᠢᠯᠭᠠᠵᠤ᠂ ᠬᠥᠭᠵᠢᠯᠲᠡ ᠬᠢᠭᠡᠳ ᠠᠮᠤᠷ ᠲᠦᠪᠰᠢᠨ᠎ᠦ ᠣᠷᠭᠠᠨᠢᠭ᠋ ᠨᠢᠭᠡᠳᠦᠯ᠎ᠢ ᠪᠡᠶᠡᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠬᠠᠤᠯᠢ᠎ᠪᠠᠷ ᠵᠠᠰᠠᠬᠤ᠎ᠳᠤ ᠪᠠᠳᠤᠯᠠᠭ᠎ᠠ ᠬᠠᠩᠭᠠᠬᠤ ᠬᠡᠷᠡᠭᠳᠡᠢ᠃
ᠲᠠᠪᠤ᠂ ᠬᠠᠤᠯᠢ ᠴᠠᠭᠠᠵᠠ᠎ᠶᠢᠨ ᠲᠣᠭᠲᠠᠭᠠᠯ᠎ᠢ ᠵᠢᠷᠤᠮᠯᠠᠨ᠂ ᠳᠤᠮᠳᠠᠳᠤ᠎ᠶᠢᠨ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ᠎ᠢ ᠴᠢᠩᠭᠠᠷᠠᠭᠤᠯᠤᠨ᠎ᠠ
《ᠠᠬᠢᠭᠤᠯᠬᠤ ᠬᠠᠤᠯᠢ》 ᠵᠢ ᠲᠤᠭᠳᠠᠭᠠᠭᠰᠠᠨ ᠨᠢ ᠳᠠᠷᠤᠢ ᠳᠤᠮᠳᠠᠳᠤ᠎ᠶᠢᠨ ᠦᠨᠳᠦᠰᠦᠲᠡᠨ᠎ᠦ ᠲᠡᠦᠬᠡ᠎ᠡᠴᠡ ᠢᠷᠡᠭᠡᠳᠦᠢ ᠲᠡᠶ᠋ᠢᠰᠢ ᠤᠷᠤᠭᠰᠢᠯᠠᠵᠤ᠂ ᠤᠯᠠᠮᠵᠢᠯᠠᠯ᠎ᠠᠴᠠ ᠤᠳᠤ ᠦᠶ᠎ᠡ ᠲᠡᠶ᠋ᠢᠰᠢ ᠤᠷᠤᠭᠰᠢᠯᠠᠵᠤ᠂ ᠤᠯᠠᠨ ᠡᠰᠢ᠎ᠶᠢᠨ ᠨᠢᠭ᠍ᠲᠠᠷᠠᠯ᠎ᠠᠴᠠ ᠨᠢᠭᠡ ᠴᠣᠭᠴᠠᠵᠢᠭ᠍ᠰᠠᠨ ᠬᠥᠭᠵᠢᠯᠲᠡ᠎ᠶᠢᠨ ᠶᠡᠬᠡ ᠬᠠᠨᠳᠤᠰᠢ᠎ᠳᠤ ᠵᠣᠬᠢᠴᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠲᠦᠷᠢᠮ ᠲᠣᠭᠲᠠᠴᠠ᠎ᠶᠢ ᠪᠦᠷᠢᠨᠰᠢᠬᠦᠯᠤᠨ ᠪᠠᠲᠤ ᠴᠣᠭᠴᠠᠯᠠᠵᠤ᠂ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠬᠦᠯᠬᠦ᠎ᠳᠤ ᠬᠦᠴᠦᠨ ᠴᠢᠳᠠᠯ᠎ᠢ ᠨᠢᠭ᠍ᠲᠠᠷᠠᠭᠤᠯᠬᠤ ᠶᠠᠪᠤᠳᠠᠯ ᠪᠣᠯᠤᠨ᠎ᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ᠎ᠳᠤ᠂ ᠠᠵᠤ ᠠᠬᠤᠢ᠂ ᠤᠯᠤᠰ ᠲᠦᠷᠦ᠂ ᠰᠣᠶᠣᠯ᠂ ᠨᠡᠶ᠋ᠢᠭᠡᠮ ᠪᠠ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢ ᠨᠢᠭᠡᠳᠦᠯᠲᠡᠢ ᠲᠦᠯᠦᠪᠯᠡᠵᠦ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠡᠴᠡᠭᠯᠡᠨ ᠬᠥᠭᠵᠢᠬᠦ᠎ᠶᠢ ᠪᠦᠬᠦ ᠲᠠᠯ᠎ᠠ᠎ᠪᠠᠷ ᠪᠡᠶᠡᠯᠡᠭᠦᠯᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠡᠵᠡᠨ ᠰᠠᠭᠤᠵᠤ ᠡᠷᠭᠡ ᠮᠡᠳᠡᠬᠦ᠎ᠶᠢ ᠦᠨᠡᠨ ᠬᠦ᠌ ᠪᠠᠲᠤᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠤᠨ᠂ ᠦᠨᠳᠦᠰᠦᠲᠡᠨ᠎ᠨᠦᠭᠦᠳ᠎ᠦᠨ ᠪᠦᠬᠦ ᠲᠠᠯ᠎ᠠ᠎ᠶᠢᠨ ᠰᠢᠬᠢᠳᠦᠯᠴᠡᠭᠡ ᠪᠠ ᠥᠷᠭᠡᠨ ᠲᠡᠯᠭᠡᠷ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠵᠤ᠂ ᠬᠥᠮᠦᠨ ᠬᠢᠭᠡᠳ ᠪᠠᠶ᠋ᠢᠭᠠᠯᠢ ᠡᠶ᠎ᠡ ᠵᠤᠬᠢᠴᠠᠯ ᠲᠠᠢ᠎ᠪᠠᠷ ᠬᠠᠮᠲᠤ ᠣᠷᠣᠰᠢᠬᠤ ᠠᠮᠢ ᠠᠬᠤᠢ᠎ᠶᠢᠨ ᠭᠡᠷ ᠣᠷᠣᠨ ᠢ ᠬᠠᠮᠲᠤ᠎ᠪᠠᠷ ᠰᠠᠬᠢᠨ ᠬᠠᠮᠠᠭᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠡᠨᠡᠭᠰᠢᠯ᠎ᠦᠨ ᠬᠡᠮᠵᠢᠶ᠎ᠡ᠎ᠪᠠᠷ ᠨᠡᠩ ᠥᠨᠳᠥᠷ᠂ ᠨᠢᠭ᠍ᠲᠠᠷᠠᠯ᠎ᠤᠨ ᠬᠦᠴᠦᠨ᠎ᠢᠶᠡᠷ ᠨᠡᠩ ᠴᠢᠩᠭ᠎ᠠ ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠪᠣᠯᠬᠤ᠎ᠶᠢ ᠠᠬᠢᠭᠤᠯᠬᠤ ᠬᠡᠷᠡᠭᠲᠡᠢ᠃
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠦᠲᠦᠭᠡᠨ ᠪᠠᠶ᠋ᠢᠭᠤᠯᠤᠯᠲᠠ᠎ᠶᠢ ᠠᠬᠢᠭᠤᠯᠬᠤ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠶᠢᠨ ᠡᠭᠦᠷᠭᠡ ᠪᠣᠯᠤᠨ᠎ᠠ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠥᠲᠥᠯᠥᠨ ᠵᠢᠯᠣᠭᠣᠳᠴᠤ ᠵᠢᠷᠭᠠᠯ ᠵᠣᠪᠠᠯᠠᠩ᠎ᠢᠶᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ᠎ᠶᠢᠨ ᠴᠣᠭᠴᠠ᠎ᠶᠢᠨ ᠤᠢᠯᠠᠭᠠᠭᠳᠠᠬᠤᠨ᠎ᠢ ᠪᠠᠲᠤ ᠴᠣᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠶᠢᠨ ᠪᠦᠲᠦᠭᠡᠨ ᠪᠠᠶ᠋ᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠂ ᠳᠤᠮᠳᠠᠳᠤ ᠤᠯᠤᠰ᠎ᠤᠨ ᠮᠠᠶᠢᠭ᠋᠎ᠤᠨ ᠤᠳᠤᠬᠢᠴᠢᠯᠠᠭᠰᠠᠨ ᠤᠯᠤᠰ ᠢ ᠪᠡᠶᠡᠯᠡᠭᠦᠯᠬᠦ᠎ᠳᠦ ᠠᠤᠭ᠎ᠠ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠳᠡᠢ᠃
(ᠵᠤᠬᠢᠶᠠᠭ᠍ᠴᠢ᠎ᠶᠢᠨ ᠬᠠᠶᠠᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ᠎ᠤ ᠬᠦᠷᠢᠶᠡᠯᠡᠩ ᠦᠨ ᠳᠠᠷᠤᠭ᠎ᠠ᠂ ᠰᠤᠳᠤᠯᠤᠭ᠍ᠴᠢ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃