2026-10-23 11:31:22
2026 ᠤᠨ᠎ᠤ ᠳᠡᠯᠡᠬᠡᠢ ᠵᠢᠨ ᠵᠤᠬᠢᠶᠠᠮᠠᠯ ᠤᠶᠤᠨ ᠴᠢᠳᠠᠪᠤᠷᠢ ᠵᠢᠨ ᠶᠡᠬᠡ ᠬᠤᠷᠠᠯ ᠵᠢᠴᠢ ᠵᠤᠬᠢᠶᠠᠮᠡᠯ ᠤᠶᠤᠨ ᠴᠢᠳᠠᠪᠤᠷᠢ ᠵᠢᠨ ᠪᠦᠬᠦ ᠪᠦᠮᠪᠦᠷᠴᠡᠭ᠎ᠤᠨ ᠵᠠᠰᠠᠯᠲᠠ ᠵᠢᠨ ᠳᠡᠭᠡᠲᠦ ᠳᠡᠰ᠎ᠤᠨ ᠬᠤᠷᠠᠯ ᠳᠡᠭᠡᠷ᠎ᠡ ᠶᠡᠷᠦᠨᠭᠬᠡᠢ ᠱᠦᠵᠢ ᠰᠢ ᠵᠢᠨ ᠫᠢᠨᠭ᠄《ᠡᠯ᠎ᠡ ᠤᠯᠤᠰ᠎ᠤᠨ ᠬᠢᠨ ᠬᠦᠮᠦᠨ ᠵᠢᠨᠷ ᠦᠨᠳᠦᠰᠦ ᠪᠤᠯᠭᠠᠬᠤ᠂ ᠦᠭᠡᠳᠡᠷᠭᠡᠭ ᠴᠠᠢᠯᠭᠠᠨ ᠪᠠᠢᠬᠤ ᠤᠢᠯᠠᠭᠠᠬᠳᠠᠬᠤᠨ᠎ᠢ ᠪᠠᠷᠢᠮᠳᠠᠯᠠᠵᠤ᠂ ᠵᠤᠬᠢᠶᠠᠮᠠᠯ ᠤᠶᠤᠨ ᠴᠢᠳᠠᠪᠤᠷᠢ ᠵᠢ ᠬᠠᠮᠲᠤ ᠵᠢᠨ ᠬᠦᠭᠵᠢᠯ ᠴᠡᠴᠡᠭᠯᠡᠯ᠎ᠢ ᠠᠬᠢᠭᠤᠯᠵᠤ᠂ ᠬᠠᠮᠲᠤ ᠵᠢᠨ ᠠᠮᠤᠷ ᠲᠦᠪᠰᠢᠨ᠎ᠢ ᠬᠠᠮᠠᠭᠠᠯᠠᠬᠤ ᠨᠢᠭᠡᠨ ᠴᠢᠬᠤᠯᠠ ᠬᠦᠳᠡᠯᠭᠡᠭᠴᠢ ᠬᠦᠴᠦᠨ᠎ᠤ ᠡᠬᠢ ᠰᠤᠷᠪᠤᠯᠵᠢ ᠪᠤᠯᠭᠠᠵᠤ᠂ ᠲᠦᠪ ᠭᠤᠤᠯᠴᠢ ᠵᠦᠢ ᠵᠤᠬᠢᠰᠲᠠᠢ ᠪᠦᠬᠦ ᠪᠦᠮᠪᠦᠷᠴᠡᠭ᠎ᠤᠨ ᠵᠤᠬᠢᠶᠠᠮᠠᠯ ᠤᠶᠤᠨ ᠴᠢᠳᠠᠪᠤᠷᠢ ᠵᠢᠨ ᠵᠠᠰᠠᠯᠲᠠ ᠵᠢᠨ ᠰᠢᠰᠲ᠋ᠸᠮ᠎ᠢ ᠭᠠᠷ ᠬᠤᠯᠪᠤᠯᠴᠠᠨ ᠪᠠᠢᠭᠤᠯᠪᠠᠯ ᠵᠤᠬᠢᠨ᠎ᠠ》 ᠭᠡᠵᠤ ᠵᠢᠭᠠᠵᠤ ᠭᠠᠷᠭᠠᠪᠠ᠃
ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ ᠲᠦᠷᠭᠡᠨ ᠬᠤᠷᠳᠤᠴᠠ᠎ᠪᠠᠷ ᠤᠯᠠᠷᠢᠨ ᠬᠤᠪᠢᠰᠴᠤ᠂ ᠠᠵᠤ ᠠᠬᠤᠢ᠎ᠶᠢᠨ ᠬᠥᠭᠵᠢᠯᠲᠡ᠂ ᠨᠡᠢᠭᠡᠮ᠎ᠦᠨ ᠵᠠᠰᠠᠯᠲᠠ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ᠂ ᠰᠣᠶᠣᠯ᠎ᠤᠨ ᠳᠠᠮᠵᠢᠭᠤᠯᠭ᠎ᠠ ᠵᠡᠷᠭᠡ ᠡᠯ᠎ᠡ ᠬᠦᠷᠢᠶᠡᠨ᠎ᠳᠦ ᠭᠦᠨ ᠰᠢᠭᠢᠳᠴᠦ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠶᠢ ᠠᠬᠢᠭᠤᠯᠬᠤ ᠭᠣᠣᠯᠯᠠᠭ᠍ᠴᠢ ᠬᠦᠴᠦᠨ ᠪᠣᠯᠤᠭᠰᠠᠨ ᠪᠠᠢᠨ᠎ᠠ᠃ ᠣᠶᠤᠨᠴᠢ ᠪᠤᠳᠤᠯᠳᠠ᠂ ᠲᠣᠮᠣ᠌ ᠳ᠋ᠠᠢᠲ᠋ᠠ᠂ ᠡᠭᠦᠰᠬᠡᠬᠦ ᠮᠠᠶᠢᠭ᠋᠎ᠤᠨ ᠵᠣᠬᠢᠶᠠᠮᠠᠯ ᠤᠶᠤᠨ ᠴᠢᠳᠠᠪᠤᠷᠢ ᠵᠢ ᠲᠦᠭᠡᠮᠡᠯᠵᠢᠭᠦᠯᠦᠨ ᠬᠡᠷᠡᠭᠯᠡᠭᠰᠡᠨ᠎ᠢᠶᠡᠷ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠲᠤᠢᠯ᠎ᠤᠨ ᠶᠡᠬᠡ ᠪᠡᠷ ᠴᠢᠯᠦᠭᠡᠯᠡᠵᠦ᠂ ᠨᠡᠢᠭᠡᠮ᠎ᠦᠨ ᠠᠵᠢᠯᠯᠠᠭᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠣᠯᠠᠨ ᠲᠦᠮᠡᠨ᠎ᠦ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠭᠰᠠᠨ ᠪᠠᠢᠨ᠎ᠠ᠃ ᠭᠡᠲᠡᠯ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠶᠡᠷᠦ᠎ᠡᠴᠡ ᠦᠷᠳᠡᠭ᠎ᠦᠨ ᠲᠠᠯ᠎ᠠ᠎ᠪᠠᠷ ᠬᠡᠪ᠎ᠢᠶᠡᠨ ᠰᠠᠬᠢᠳᠠᠭ ᠪᠢᠰᠢ᠃ ᠵᠣᠬᠢᠶᠠᠮᠠᠯ ᠤᠶᠤᠨ ᠴᠢᠳᠠᠪᠤᠷᠢ ᠨᠢ ᠪᠡᠶ᠎ᠡ᠎ᠪᠡᠨ ᠳᠠᠭᠠᠭᠠᠵᠤ ᠰᠤᠷᠤᠯᠴᠠᠬᠤ᠂ ᠤᠶᠤᠨ ᠴᠢᠳᠠᠪᠤᠷᠢ᠎ᠶᠢ ᠤᠯᠠᠷᠢᠭᠤᠯᠬᠤ᠂ ᠣᠷᠴᠢᠨ ᠲᠣᠭᠣᠷᠢᠨ᠎ᠢ ᠲᠣᠬᠢᠷᠠᠭᠤᠯᠬᠤ᠂ ᠭᠦᠨᠵᠡᠭᠡᠢ ᠨᠡᠪᠴᠢᠭᠦᠯᠬᠦ ᠴᠢᠳᠠᠪᠤᠷᠢ᠎ᠲᠠᠢ ᠪᠠᠢᠵᠤ᠂ ᠦᠢᠯᠡᠳᠪᠦᠷᠢᠯᠡᠯ᠎ᠦᠨ ᠠᠷᠭ᠎ᠠ ᠮᠠᠶᠢᠭ᠋᠂ ᠠᠮᠢᠳᠤᠷᠠᠯ᠎ᠤᠨ ᠠᠷᠭ᠎ᠠ ᠮᠠᠶᠢᠭ᠋ ᠪᠣᠯᠣᠨ ᠰᠡᠳᠬᠢᠬᠦᠢ᠎ᠶᠢᠨ ᠠᠷᠭ᠎ᠠ ᠮᠠᠶᠢᠭ᠋᠎ᠢ ᠲᠠᠬᠢᠨ ᠱᠤᠭᠤᠵᠤ ᠳᠡᠶ᠋ᠢᠯᠬᠦ ᠦᠶ᠎ᠡ᠎ᠳᠦ᠂ ᠲᠡᠭᠦᠨ᠎ᠦ ᠨᠡᠢᠭᠡᠮ᠎ᠦᠨ ᠪᠦᠲᠦᠴᠡ᠂ ᠠᠵᠢᠯ ᠣᠯᠭᠣᠯᠲᠠ᠎ᠶᠢᠨ ᠪᠠᠢᠷᠢᠰᠢᠯ᠂ ᠶᠣᠰᠣ᠌ ᠰᠤᠷᠲᠠᠬᠤᠨ᠎ᠤ ᠡᠮᠬᠢ ᠳᠢᠭ᠌ᠯᠢᠮ᠎ᠳᠦ ᠦᠵᠡᠭᠦᠯᠬᠦ ᠨᠥᠯᠥᠭᠡ ᠨᠢ ᠤᠯᠠᠮᠵᠢᠯᠠᠯᠲᠤ ᠮᠡᠷᠭᠡᠵᠢᠯ᠎ᠦᠨ ᠪᠠᠭᠠᠵᠢ᠎ᠠᠴᠠ ᠬᠤᠯᠠ ᠳᠠᠪᠠᠭᠰᠠᠨ ᠪᠠᠢᠳᠠᠭ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠠᠷᠭ᠎ᠠ ᠬᠡᠷᠡᠭᠯᠡᠭᠦᠷ᠂ ᠬᠥᠮᠥᠨ ᠪᠣᠯ ᠦᠨᠳᠦᠰᠦ ᠮᠥᠨ᠃ ᠵᠣᠬᠢᠶᠠᠮᠠᠯ ᠤᠶᠤᠨ ᠴᠢᠳᠠᠪᠤᠷᠢ᠎ᠶᠢᠨ ᠤᠯᠠᠮ ᠴᠢᠨᠠᠬᠰᠢᠲᠠ ᠵᠢᠨ ᠬᠥᠭᠵᠢᠯᠲᠠ᠎ᠶᠢ ᠠᠬᠢᠭᠤᠯᠬᠤ᠎ᠳᠤ᠂ ᠡᠷᠬᠡᠪᠰᠢ ᠬᠥᠮᠥᠨ᠎ᠢᠶᠡᠷ ᠦᠨᠳᠦᠰᠦ ᠪᠣᠯᠭᠠᠬᠤ ᠦᠷᠳᠡᠭ᠎ᠦᠨ ᠤᠳᠤᠷᠢᠳᠤᠮᠵᠢ᠎ᠶᠢ ᠪᠠᠷᠢᠮᠲᠠᠯᠠᠵᠤ᠂ ᠣᠶᠤᠨᠴᠢ ᠮᠡᠷᠭᠡᠵᠢᠯ᠎ᠢᠶᠡᠷ ᠨᠡᠢᠭᠡᠮ᠎ᠳᠦ ᠦᠨᠡᠨ ᠬᠦ᠌ ᠨᠡᠮᠡᠭᠦᠷᠢ ᠬᠠᠨᠳᠢᠪ ᠦᠵᠡᠭᠦᠯᠵᠦ᠂ ᠠᠷᠠᠳ ᠲᠦᠮᠡᠨ ᠳᠦ ᠠᠰᠢᠭ᠋ ᠬᠦᠷᠲᠡᠭᠡᠬᠦ ᠬᠡᠷᠡᠭᠲᠡᠢ᠃
ᠬᠥᠮᠥᠨ᠎ᠢᠶᠡᠷ ᠦᠨᠳᠦᠰᠦ ᠪᠣᠯᠭᠠᠬᠤ ᠪᠣᠯ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢᠨ ᠯᠣᠭᠢᠭ᠋᠎ᠤᠨ ᠡᠬᠢᠯᠡᠯᠲᠡ᠎ᠶᠢᠨ ᠴᠡᠭ ᠪᠠ ᠦᠷᠳᠡᠭ᠎ᠦᠨ ᠤᠳᠤᠷᠢᠳᠤᠮᠵᠢ ᠮᠥᠨ
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ᠎ᠶᠢᠨ ᠡᠴᠦᠰ᠎ᠦᠨ ᠬᠠᠷᠠᠯᠲᠠ ᠪᠣᠯ ᠬᠥᠮᠥᠨ᠎ᠳᠦ ᠦᠢᠯᠡᠴᠢᠯᠡᠬᠦ᠂ ᠬᠥᠮᠥᠨ᠎ᠢ ᠬᠥᠭᠵᠢᠭᠦᠯᠬᠦ ᠶᠠᠪᠤᠳᠠᠯ ᠪᠣᠯᠣᠨ᠎ᠠ᠃ ᠬᠥᠮᠥᠨ ᠲᠥᠷᠥᠯᠬᠢᠲᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ᠎ᠶᠢᠨ ᠲᠡᠦᠬᠡ᠎ᠶᠢ ᠶᠡᠷᠦᠩᠬᠡᠢ ᠳ᠋ᠦ᠍ᠨᠢ ᠠᠪᠴᠤ ᠦᠵᠡᠪᠡᠯ᠂ ᠶᠠᠮᠠᠷᠪᠠ ᠳᠤᠨᠭᠰᠤᠯᠠᠯᠲᠠᠶᠢᠨ ᠴᠢᠨᠠᠷᠲᠠᠢ ᠮᠡᠷᠭᠡᠵᠢᠯ᠎ᠦᠨ ᠮᠠᠨᠳᠤᠵᠤ ᠪᠠᠭᠤᠷᠠᠬᠤ ᠢᠯᠠᠵᠤ ᠢᠯᠠᠭᠳᠠᠬᠤ ᠨᠢ ᠡᠴᠦᠰ᠎ᠦᠨ ᠡᠴᠦᠰ᠎ᠲᠡᠬᠡᠨ ᠴᠥᠮ ᠬᠥᠮᠥᠨ ᠲᠥᠷᠥᠯᠬᠢᠲᠡᠨ᠎ᠦ ᠬᠥᠭᠵᠢᠯᠲᠡ᠎ᠶᠢᠨ ᠬᠡᠷᠡᠭᠴᠡᠭᠡ᠎ᠳᠦ ᠨᠡᠢᠴᠡᠬᠦ ᠡᠰᠡᠬᠦ᠂ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠶᠢ ᠬᠠᠮᠠᠭᠠᠯᠠᠬᠤ ᠡᠰᠡᠬᠦ᠎ᠪᠡᠷ ᠰᠢᠢᠳᠪᠦᠷᠢᠯᠡᠭᠳᠡᠨ᠎ᠡ᠃ ᠵᠣᠬᠢᠶᠠᠮᠠᠯ ᠤᠶᠤᠨ ᠴᠢᠳᠠᠪᠤᠷᠢ ᠨᠢ ᠢᠷᠡᠭᠡᠳᠦᠢ᠎ᠳᠦ ᠬᠠᠨᠳᠤᠭᠰᠠᠨ ᠬᠣᠰᠢᠭᠤᠴᠢ ᠮᠡᠷᠭᠡᠵᠢᠯ ᠪᠣᠯᠤᠭᠰᠠᠨ᠎ᠤ ᠬᠤᠪᠢ᠎ᠳᠤ᠂ ᠲᠡᠭᠦᠨ᠎ᠦ ᠰᠤᠳᠤᠯᠤᠨ ᠨᠡᠭᠡᠭᠡᠬᠦ᠂ ᠳᠠᠪᠲᠠᠨ ᠣᠷᠣᠯᠠᠭᠤᠯᠬᠤ᠂ ᠬᠡᠷᠡᠭᠯᠡᠬᠦ᠂ ᠵᠠᠰᠠᠬᠤ ᠪᠦᠬᠦ ᠶᠠᠪᠤᠴᠠ᠎ᠳᠤ ᠴᠥᠮ ᠬᠥᠮᠥᠨ᠎ᠦ ᠬᠡᠷᠡᠭᠴᠡᠭᠡ᠂ ᠬᠥᠮᠥᠨ᠎ᠦ ᠡᠷᠬᠡ ᠠᠰᠢᠭ᠋᠂ ᠬᠥᠮᠥᠨ᠎ᠦ ᠬᠥᠭᠵᠢᠯᠲᠡ᠎ᠡᠴᠡ ᠰᠠᠯᠵᠤ ᠪᠣᠯᠬᠤ ᠦᠭᠡᠢ ᠶᠤᠮ᠃
ᠵᠣᠬᠢᠶᠠᠮᠠᠯ ᠤᠶᠤᠨ ᠴᠢᠳᠠᠪᠤᠷᠢ ᠨᠢ ᠪᠡᠶ᠎ᠡ᠎ᠪᠡᠨ ᠳᠠᠭᠠᠭᠠᠨ ᠰᠤᠷᠤᠯᠴᠠᠬᠤ᠂ ᠤᠶᠤᠨ ᠴᠢᠳᠠᠪᠤᠷᠢ᠎ᠶᠢ ᠤᠯᠠᠷᠢᠭᠤᠯᠬᠤ᠂ ᠣᠷᠴᠢᠨ ᠲᠣᠭᠣᠷᠢᠨ᠎ᠢ ᠵᠣᠬᠢᠴᠠᠭᠤᠯᠬᠤ᠂ ᠭᠦᠨ ᠨᠡᠪᠴᠢᠬᠦ ᠵᠡᠷᠭᠡ ᠣᠨᠴᠠᠯᠢᠭ᠋᠎ᠲᠠᠢ ᠪᠠᠢᠵᠤ᠂ ᠨᠡᠢᠭᠡᠮ᠎ᠦᠨ ᠠᠵᠢᠯᠯᠠᠭᠠᠨ᠎ᠤ ᠠᠷᠭ᠎ᠠ ᠬᠡᠯᠪᠡᠷᠢ᠎ᠶᠢ ᠭᠦᠨᠵᠡᠭᠡᠢ ᠬᠤᠪᠢᠷᠠᠭᠤᠯᠵᠤ ᠴᠢᠳᠠᠨ᠎ᠠ᠃ ᠡᠢᠮᠦ᠎ᠡᠴᠡ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢᠨ ᠯᠣᠭᠢᠭ᠋᠎ᠤᠨ ᠡᠬᠢᠯᠡᠯᠲᠡ᠎ᠶᠢᠨ ᠴᠡᠭ ᠨᠢ ᠡᠷᠬᠡᠪᠰᠢ ᠬᠥᠮᠥᠨ᠎ᠦ ᠬᠡᠷᠡᠭᠴᠡᠭᠡ ᠪᠠᠢᠬᠤ ᠬᠡᠷᠡᠭᠲᠡᠢ᠂ ᠦᠷᠳᠡᠭ ᠦᠨ ᠤᠳᠤᠷᠢᠳᠤᠮᠵᠢ ᠨᠢ ᠡᠷᠬᠡᠪᠰᠢ ᠬᠥᠮᠥᠨ᠎ᠦ ᠬᠥᠭᠵᠢᠯᠲᠡ ᠪᠠᠢᠬᠤ ᠬᠡᠷᠡᠭᠲᠡᠢ᠃ ᠵᠣᠬᠢᠶᠠᠮᠠᠯ ᠤᠶᠤᠨ ᠴᠢᠳᠠᠪᠤᠷᠢ᠎ᠶᠢ ᠬᠥᠭᠵᠢᠭᠦᠯᠬᠦ ᠨᠢ ᠵᠥᠪᠬᠡᠨ ᠮᠡᠷᠭᠡᠵᠢᠯ᠎ᠦᠨ ᠪᠣᠯᠵᠣᠯᠲᠤ ᠲᠣᠭ᠎ᠠ᠎ᠶᠢ ᠲᠤᠢᠯ᠎ᠤᠨ ᠶᠡᠬᠡ ᠪᠡᠷ ᠰᠢᠪᠲᠤᠯᠬᠤ᠂ ᠠᠵᠤ ᠦᠢᠯᠡᠰ᠎ᠦᠨ ᠬᠡᠪᠴᠢᠶ᠎ᠡ᠎ᠶᠢ ᠰᠣᠬᠣᠷ ᠪᠠᠯᠠᠢ᠎ᠪᠠᠷ ᠥᠷᠭᠡᠳᠬᠡᠬᠦ᠎ᠶᠢ ᠬᠥᠭᠡᠭᠡᠴᠡᠯᠳᠦᠬᠦ ᠪᠢᠰᠢ᠂ ᠬᠠᠷᠢᠨ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠳᠠᠮᠵᠢᠭᠤᠯᠤᠨ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠬᠥᠭᠵᠢᠯᠲᠡ᠎ᠶᠢᠨ ᠳᠤᠲᠠᠭᠤᠳᠠᠯ᠎ᠢ ᠨᠥᠬᠥᠪᠦᠷᠢᠯᠡᠵᠦ᠂ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠎ᠶᠢᠨ ᠲᠥᠯᠥᠭᠡ ᠶᠤᠮ᠃ ᠣᠶᠤᠨᠴᠢ ᠡᠮᠴᠢᠯᠡᠭᠡ ᠨᠢ ᠰᠢᠯᠢᠳᠡᠭ ᠡᠮᠴᠢᠯᠡᠭᠡᠨ᠎ᠦ ᠡᠬᠢ ᠪᠠᠶᠠᠯᠢᠭ᠋᠎ᠢ ᠦᠨᠳᠦᠰᠦᠨ ᠱᠠᠲᠤᠨ᠎ᠳᠤ ᠪᠠᠭᠤᠯᠭᠠᠵᠤ᠂ ᠣᠶᠤᠨᠴᠢ ᠰᠤᠷᠭᠠᠨ ᠬᠥᠮᠦᠵᠢᠯ ᠨᠢ ᠰᠤᠷᠭᠠᠨ ᠬᠥᠮᠦᠵᠢᠯ᠎ᠦᠨ ᠡᠷᠬᠡ ᠲᠡᠭᠰᠢ ᠲᠦᠭᠡᠮᠡᠯ ᠠᠰᠢᠭ᠋ ᠬᠦᠷᠲᠡᠭᠡᠬᠦ᠎ᠳᠦ ᠬᠦᠴᠦᠨ ᠨᠡᠮᠡᠷᠢᠯᠡᠵᠦ᠂ ᠣᠶᠤᠨᠴᠢ ᠵᠠᠰᠠᠭ᠎ᠤᠨ ᠶᠠᠪᠤᠳᠠᠯ ᠨᠢ ᠠᠷᠠᠳ᠎ᠲᠤ ᠲᠦᠭᠦᠮ ᠦᠵᠡᠭᠦᠯᠵᠦ᠂ ᠠᠷᠠᠳ᠎ᠲᠤ ᠠᠰᠢᠭ᠋ ᠬᠦᠷᠲᠡᠭᠡᠬᠦ ᠥᠨᠳᠥᠷ ᠪᠦᠲᠦᠮᠵᠢᠲᠡᠢ ᠦᠢᠯᠡᠴᠢᠯᠡᠭᠡ᠎ᠶᠢ ᠪᠡᠶᠡᠯᠡᠭᠦᠯᠬᠦ ᠪᠤᠯᠤᠨ᠎ᠠ᠃ ᠵᠣᠬᠢᠶᠠᠮᠠᠯ ᠤᠶᠤᠨ ᠴᠢᠳᠠᠪᠤᠷᠢ᠎ᠶᠢᠨ ᠭᠣᠣᠯᠯᠠᠬᠴᠢ ᠦᠷᠳᠡᠭ ᠨᠢ ᠢᠮᠠᠭᠲᠠ ᠮᠡᠷᠭᠡᠵᠢᠯ᠎ᠦᠨ ᠳᠠᠪᠠᠭᠤᠯᠢᠭ᠋᠎ᠲᠤ ᠲᠦᠰᠢᠭᠯᠡᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠬᠦ᠎ᠳᠦ ᠪᠤᠢ᠃ ᠬᠥᠮᠥᠨ᠎ᠢᠶᠡᠷ ᠦᠨᠳᠦᠰᠦ ᠪᠣᠯᠭᠠᠬᠤ᠎ᠶᠢ ᠪᠠᠷᠢᠮᠲᠠᠯᠠᠬᠤ ᠭᠡᠳᠡᠭ ᠨᠢ ᠳᠠᠷᠤᠢ ᠠᠷᠠᠳ ᠲᠦᠮᠡᠨ᠎ᠦ ᠠᠰᠢᠭ᠋ ᠲᠤᠰᠠ᠎ᠶᠢ ᠢᠮᠠᠭᠲᠠ ᠲᠡᠷᠢᠭᠦᠨ ᠪᠠᠢᠷᠢᠨ᠎ᠳᠤ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠠᠯ᠎ᠠ᠎ᠪᠠᠷ ᠰᠢᠨ᠎ᠡ᠎ᠶᠢ ᠡᠭᠦᠳᠬᠦ᠎ᠶᠢ ᠠᠷᠠᠳ᠎ᠤᠨ ᠠᠮᠢᠳᠤᠷᠠᠯ᠎ᠤᠨ ᠬᠡᠷᠡᠭᠴᠡᠭᠡ᠎ᠳᠦ ᠨᠡᠢᠴᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠥᠭᠵᠢᠯᠲᠡ᠎ᠶᠢ ᠨᠡᠢᠭᠡᠮ᠎ᠦᠨ ᠲᠠᠪᠰᠢᠯᠳᠠ᠎ᠳᠤ ᠵᠤᠬᠢᠴᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠡᠳ᠋ᠯᠡᠭᠦᠯᠬᠦ ᠶᠠᠪᠤᠳᠠᠯ ᠪᠣᠯᠣᠨ᠎ᠠ᠃
ᠬᠥᠮᠥᠨ ᠢᠶᠡᠷ ᠦᠨᠳᠦᠰᠦ ᠪᠣᠯᠭᠠᠬᠤ ᠪᠣᠯ ᠵᠣᠬᠢᠶᠠᠮᠠᠯ ᠤᠶᠤᠨ ᠴᠢᠳᠠᠪᠤᠷᠢ᠎ᠶᠢᠨ ᠡᠷᠡᠭᠦᠯ᠎ᠢᠶᠡᠷ ᠬᠥᠭᠵᠢᠬᠦ᠎ᠶᠢᠨ ᠪᠣᠳᠠᠲᠤ ᠬᠡᠷᠡᠭᠴᠡᠭᠡ ᠮᠥᠨ
ᠣᠳᠣᠬᠠᠨ᠎ᠳᠤ ᠵᠣᠬᠢᠶᠠᠮᠠᠯ ᠤᠶᠤᠨ ᠴᠢᠳᠠᠪᠤᠷᠢ᠎ᠶᠢᠨ ᠲᠦᠷᠭᠡᠨ ᠬᠥᠭᠵᠢᠯᠲᠡ᠎ᠶᠢᠨ ᠳᠠᠭᠠᠯᠲᠠ ᠮᠡᠷᠭᠡᠵᠢᠯ᠎ᠦᠨ ᠣᠨᠳᠣᠣᠰᠢᠯ᠂ ᠶᠣᠰᠣ᠌ ᠰᠤᠷᠲᠠᠬᠤᠨ᠎ᠤ ᠵᠢᠷᠤᠮᠵᠢᠯ᠎ᠢᠶᠠᠨ ᠠᠯᠳᠠᠬᠤ᠂ ᠡᠷᠬᠡ ᠠᠰᠢᠭ᠋ ᠲᠡᠩᠴᠡᠭᠦᠷᠢ᠎ᠪᠡᠨ ᠠᠯᠳᠠᠬᠤ ᠵᠡᠷᠭᠡ ᠠᠰᠠᠭᠤᠳᠠᠯ ᠬᠥᠮᠥᠨ᠎ᠢᠶᠡᠷ ᠦᠨᠳᠦᠰᠦ ᠪᠣᠯᠭᠠᠬᠤ᠎ᠶᠢ ᠪᠠᠷᠢᠮᠲᠠᠯᠠᠬᠤ᠎ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ᠎ᠢ ᠳᠤᠪᠤᠶ᠋ᠢᠯᠭᠠᠭᠰᠠᠨ ᠪᠠᠢᠨ᠎ᠠ᠃ ᠨᠡᠢᠭᠡᠮ᠎ᠦᠨ ᠬᠦᠷᠢᠶᠡᠨ᠎ᠳᠦ᠂ ᠣᠶᠤᠨᠴᠢ ᠣᠷᠣᠯᠠᠯᠲᠠ ᠨᠢ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠳᠠᠷᠤᠯᠲᠠ᠎ᠶᠢ ᠠᠪᠴᠢᠷᠠᠵᠤ᠂ ᠬᠥᠳᠡᠯᠮᠦᠷᠢᠴᠢᠳ᠎ᠦᠨ ᠡᠷᠬᠡ ᠠᠰᠢᠭ᠋᠎ᠢ ᠨᠥᠯᠥᠭᠡᠯᠡᠵᠦ ᠪᠤᠢ; ᠶᠣᠰᠣ᠌ ᠰᠤᠷᠲᠠᠬᠤᠨ᠎ᠤ ᠬᠦᠷᠢᠶᠡᠨ᠎ᠳᠦ᠂ ᠲᠣᠭ᠎ᠠ ᠪᠠᠷᠢᠮᠲᠠ᠎ᠶᠢ ᠳᠤᠷ᠎ᠠ᠎ᠪᠠᠷ᠎ᠢᠶᠠᠨ ᠬᠡᠷᠡᠭᠯᠡᠬᠦ᠂ ᠬᠤᠪᠢ᠎ᠶᠢᠨ ᠨᠢᠭᠤᠴᠠ᠎ᠶᠢ ᠵᠠᠳᠠᠷᠠᠭᠤᠯᠬᠤ᠂ ᠬᠤᠳᠠᠯ ᠬᠠᠭᠤᠷᠮᠠᠭ᠎ᠢᠶᠠᠷ ᠪᠣᠶ ᠪᠣᠯᠭᠠᠬᠤ ᠵᠡᠷᠭᠡ ᠲᠦᠭᠰᠢᠭᠦᠷᠢ ᠪᠠᠢᠨ ᠳᠠᠬᠢᠨ ᠡᠭᠦᠰᠴᠦ ᠪᠠᠢᠨ᠎ᠠ᠃ ᠲᠡᠭᠦᠨ᠎ᠦ ᠮᠥᠨ ᠴᠢᠨᠠᠷ ᠨᠢ ᠪᠠᠭᠠᠵᠢ ᠬᠡᠷᠡᠭᠰᠡᠯ᠎ᠦᠨ ᠣᠶᠤᠨᠴᠢ ᠴᠢᠨᠠᠷ ᠨᠢ ᠲᠡᠯᠡᠭᠳᠡᠵᠦ᠂ ᠦᠷᠳᠡᠭ᠎ᠦᠨ ᠣᠶᠤᠨᠴᠢ ᠴᠢᠨᠠᠷ ᠨᠢ ᠳᠤᠲᠠᠭᠳᠠᠵᠤ᠂ ᠬᠥᠮᠥᠨ᠎ᠢᠶᠡᠷ ᠦᠨᠳᠦᠰᠦ ᠪᠣᠯᠭᠠᠬᠤ᠎ᠠᠴᠠ ᠲᠡᠷᠰᠯᠡᠭᠰᠡᠨ ᠶᠠᠪᠤᠳᠠᠯ ᠪᠣᠯᠣᠨ᠎ᠠ᠃ ᠬᠡᠰᠡᠭ ᠪᠡᠶᠡᠴᠢ ᠴᠣᠭᠴᠠ ᠨᠢ ᠮᠡᠷᠭᠡᠵᠢᠯ᠎ᠦᠨ ᠠᠵᠤ ᠠᠬᠤᠢ᠎ᠶᠢᠨ ᠦᠷ᠎ᠡ ᠠᠰᠢᠭ᠋᠎ᠢ ᠥᠷᠥᠭᠡᠰᠦᠭᠡᠯ᠎ᠢᠶᠡᠷ ᠬᠥᠭᠡᠭᠡᠴᠡᠯᠳᠦᠵᠦ᠂ ᠬᠥᠮᠥᠯᠢᠭ ᠰᠣᠶᠣᠯ᠎ᠤᠨ ᠬᠠᠯᠠᠮᠵᠢᠯᠠᠯ ᠪᠠ ᠨᠡᠢᠭᠡᠮ᠎ᠦᠨ ᠬᠠᠷᠢᠭᠤᠴᠠᠯᠭ᠎ᠠ᠎ᠶᠢ ᠣᠮᠲᠣᠭᠠᠢᠯᠠᠵᠤ᠂ ᠬᠥᠮᠥᠨ᠎ᠦ ᠪᠡᠶᠡᠴᠢ ᠴᠣᠭᠴᠠ᠎ᠶᠢᠨ ᠪᠠᠢᠷᠢ ᠰᠠᠭᠤᠷᠢ᠎ᠶᠢ ᠰᠤᠯᠠᠷᠠᠭᠤᠯᠪᠠ᠃ ᠭᠠᠭᠴᠠ ᠬᠦ᠌ ᠬᠥᠮᠥᠨ᠎ᠢᠶᠡᠷ ᠦᠨᠳᠦᠰᠦ ᠪᠣᠯᠭᠠᠬᠤ᠎ᠶᠢ ᠪᠠᠲᠤ ᠪᠠᠷᠢᠮᠳᠠᠯᠠᠪᠠᠯ ᠰᠠᠶᠢ ᠮᠡᠷᠭᠡᠵᠢᠯ᠎ᠦᠨ ᠣᠨᠳᠣᠣᠰᠢᠯᠢ ᠲᠠᠢ᠍ᠢᠯᠵᠤ᠂ ᠬᠥᠭᠵᠢᠯᠲᠡ᠎ᠶᠢᠨ ᠠᠶᠤᠯ ᠲᠦᠭᠰᠢᠭᠦᠷᠢ᠎ᠶᠢ ᠠᠷᠢᠯᠭᠠᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ᠎ᠶᠢ ᠪᠡᠶᠡᠯᠡᠭᠦᠯᠵᠦ ᠴᠢᠳᠠᠨ᠎ᠠ᠃
ᠣᠨᠴᠠᠭᠠᠢᠯᠠᠨ ᠵᠣᠬᠢᠶᠠᠮᠠᠯ ᠤᠶᠤᠨ ᠴᠢᠳᠠᠪᠤᠷᠢ ᠨᠡᠪᠴᠢᠯᠲᠡ᠎ᠶᠢᠨ ᠴᠢᠨᠠᠷ᠎ᠢᠶᠠᠷ ᠴᠢᠩᠭ᠎ᠠ᠂ ᠨᠥᠯᠥᠭᠡᠯᠡᠬᠦ ᠬᠦᠴᠦᠨ᠎ᠢᠶᠡᠷ ᠶᠡᠬᠡ ᠮᠡᠷᠭᠡᠵᠢᠯ ᠪᠣᠯᠤᠬᠰᠠᠨᠤ ᠬᠤᠪᠢ᠎ᠳᠤ ᠥᠷᠲᠡᠭ᠎ᠦᠨ ᠵᠢᠯᠣᠭᠣᠳᠤᠯᠭ᠎ᠠ᠎ᠶᠢ ᠤᠯᠠᠮ ᠲᠣᠳᠣᠷᠬᠠᠢ ᠪᠣᠯᠭᠠᠬᠤ ᠴᠢᠬᠤᠯᠠᠲᠠᠢ ᠶᠤᠮ᠃ ᠵᠣᠬᠢᠶᠠᠮᠠᠯ ᠤᠶᠤᠨ ᠴᠢᠳᠠᠪᠤᠷᠢ ᠤᠯᠠᠮ ᠲᠦᠷᠭᠡᠨ ᠬᠥᠭᠵᠢᠬᠦ ᠲᠤᠳᠤᠮ᠂ ᠪᠦᠷᠢᠨ ᠲᠡᠭᠦᠯᠳᠡᠷ ᠵᠠᠰᠠᠯᠲᠠ᠎ᠶᠢᠨ ᠱᠢᠰᠲᠸᠮ᠎ᠤᠨ ᠬᠠᠮᠠᠭᠠᠯᠠᠯᠲᠠ᠎ᠶᠢ ᠤᠯᠠᠮ ᠱᠠᠭᠠᠷᠳᠠᠳᠠᠭ᠃ ᠬᠥᠮᠥᠨ᠎ᠢᠶᠡᠷ ᠦᠨᠳᠦᠰᠦ ᠪᠣᠯᠭᠠᠬᠤ ᠵᠠᠰᠠᠯᠲᠠ᠎ᠶᠢᠨ ᠯᠣᠭᠢᠭ᠋᠎ᠢ ᠪᠠᠷᠢᠮᠲᠠᠯᠠᠵᠤ᠂ ᠪᠠᠭᠲᠠᠭᠠᠮᠵᠢᠲᠠᠢ ᠪᠣᠯᠭᠣᠮᠵᠢᠲᠠᠢ᠂ ᠠᠮᠤᠷ ᠲᠦᠪᠰᠢᠨ ᠪᠥᠭᠡᠳ ᠡᠵᠡᠮᠳᠡᠵᠦ ᠪᠣᠯᠬᠤ ᠵᠣᠬᠢᠶᠠᠮᠠᠯ ᠣᠶᠤᠨᠴᠢ ᠵᠠᠰᠠᠯᠲᠠ᠎ᠶᠢᠨ ᠰᠢᠰᠲ᠋ᠸᠮ᠎ᠢ ᠪᠠᠢᠭᠤᠯᠵᠤ᠂ ᠬᠥᠮᠥᠯᠢᠭ ᠰᠣᠶᠣᠯ᠎ᠤᠨ ᠬᠠᠯᠠᠮᠵᠢᠯᠠᠯ᠂ ᠶᠣᠰᠣ᠌ ᠰᠤᠷᠲᠠᠬᠤᠨ᠎ᠤ ᠵᠢᠷᠤᠮᠵᠢᠯ᠂ ᠡᠷᠬᠡ ᠠᠰᠢᠭ᠋᠎ᠤᠨ ᠬᠠᠮᠠᠭᠠᠯᠠᠯᠲᠠ᠎ᠶᠢ ᠮᠡᠷᠭᠡᠵᠢᠯ᠎ᠢ ᠰᠤᠳᠤᠯᠤᠨ ᠨᠡᠭᠡᠭᠡᠬᠦ᠂ ᠰᠢᠯᠭᠠᠨ ᠬᠡᠮᠵᠢᠬᠦ᠂ ᠵᠠᠷᠤᠵᠤ ᠬᠡᠷᠡᠭᠯᠡᠬᠦ᠂ ᠬᠢᠨᠠᠨ ᠬᠠᠮᠢᠶᠠᠷᠬᠤ ᠪᠦᠬᠦ ᠬᠡᠯᠬᠢᠶ᠎ᠡ᠎ᠳᠦ ᠲᠤᠭᠤᠰᠢᠯᠠᠭᠤᠯᠬᠤ ᠬᠡᠷᠡᠭᠲᠡᠢ᠃ ᠵᠣᠬᠢᠶᠠᠮᠠᠯ ᠤᠶᠤᠨ ᠴᠢᠳᠠᠪᠤᠷᠢ᠎ᠶᠢᠨ ᠡᠰᠢ ᠶᠣᠰᠣᠨ᠎ᠤ ᠬᠢᠨᠠᠨ ᠪᠠᠢᠴᠠᠭᠠᠯᠲᠠ᠎ᠶᠢᠨ ᠳᠦᠷᠢᠮ᠎ᠢ ᠲᠤᠬᠲᠠᠭᠠᠨ ᠪᠦᠷᠢᠨᠰᠢᠭᠦᠯᠵᠦ᠂ ᠪᠤᠳᠤᠬᠤ ᠠᠷᠭ᠎ᠠ᠎ᠶᠢ ᠬᠡᠷᠡᠭᠯᠡᠬᠦ᠂ ᠲᠣᠭ᠎ᠠ ᠪᠠᠷᠢᠮᠲᠠ᠎ᠶᠢ ᠬᠡᠷᠡᠭᠯᠡᠬᠦ᠂ ᠠᠭᠤᠯᠭ᠎ᠠ᠎ᠶᠢ ᠪᠣᠶ ᠪᠣᠯᠭᠠᠬᠤ᠎ᠶᠢᠨ ᠬᠤᠷᠢᠭ᠎ᠠ ᠱᠤᠭᠤᠮ᠎ᠢ ᠲᠣᠳᠣᠷᠬᠠᠢᠯᠠᠵᠤ᠂ ᠲᠣᠮᠣ᠌ ᠳ᠋ᠠᠢᠲ᠋ᠠ᠎ᠶᠢ ᠪᠣᠯᠪᠠᠰᠤᠷᠠᠩᠭᠤᠢ ᠪᠣᠯᠭᠠᠬᠤ᠂ ᠬᠤᠪᠢ᠎ᠶᠢᠨ ᠨᠢᠭᠤᠴᠠ᠎ᠶᠢ ᠬᠤᠯᠠᠭᠠᠢᠯᠠᠬᠤ᠂ ᠪᠤᠳᠤᠯᠳᠠ ᠵᠢᠨ ᠠᠷᠭ᠎ᠠ᠎ᠶᠢ ᠭᠠᠳᠠᠭᠤᠷᠴᠢᠯᠠᠬᠤ᠂ ᠬᠤᠳᠠᠯ ᠬᠠᠭᠤᠷᠮᠠᠭ ᠣᠶᠤᠨ ᠴᠢᠳᠠᠪᠤᠷᠢ᠎ᠶᠢ ᠪᠣᠶ ᠪᠣᠯᠭᠠᠬᠤ ᠵᠡᠷᠭᠡ ᠣᠯᠠᠨ ᠲᠦᠮᠡᠨ᠎ᠦ ᠡᠷᠬᠡ ᠠᠰᠢᠭ᠋᠎ᠢ ᠬᠣᠬᠢᠷᠠᠭᠤᠯᠬᠤ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦ ᠵᠢᠨ ᠬᠠᠮᠲᠤ᠂ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠠᠵᠢᠯ ᠲᠥᠷᠥᠯ᠎ᠦᠨ ᠵᠢᠷᠤᠮᠵᠢᠯ᠎ᠢ ᠲᠡᠭᠦᠯᠳᠡᠷᠵᠢᠭᠦᠯᠵᠦ᠂ ᠣᠶᠤᠨᠴᠢ ᠴᠠᠭ ᠦᠶ᠎ᠡ᠎ᠶᠢᠨ ᠳᠦᠷᠢᠮ᠎ᠦᠨ ᠳᠤᠲᠠᠭᠤᠳᠠᠯ᠎ᠢ ᠨᠥᠬᠥᠪᠦᠷᠢᠯᠡᠵᠦ᠂ ᠮᠡᠷᠭᠡᠵᠢᠯ᠎ᠦᠨ ᠰᠢᠨ᠎ᠡ᠎ᠶᠢ ᠡᠭᠦᠳᠬᠦ ᠬᠢᠭᠡᠳ ᠠᠮᠤᠷ ᠲᠦᠪᠰᠢᠨ᠎ᠢᠶᠡᠷ ᠬᠥᠭᠵᠢᠬᠦ᠂ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠢᠭᠡᠳ ᠡᠷᠬᠡ ᠠᠰᠢᠭ᠋᠎ᠢ ᠪᠠᠲᠤᠯᠠᠬᠤ᠎ᠶᠢᠨ ᠬᠠᠷᠢᠴᠠᠭ᠎ᠠ᠎ᠶᠢ ᠲᠡᠩᠴᠡᠭᠦᠷᠢᠰᠢᠬᠦᠯᠭᠦ ᠬᠡᠷᠡᠭᠲᠡᠢ᠃
ᠬᠥᠮᠥᠨ᠎ᠢᠶᠡᠷ ᠦᠨᠳᠦᠰᠦ ᠪᠣᠯᠭᠠᠬᠤ ᠬᠡᠷᠡᠭᠴᠡᠭᠡ ᠱᠠᠭᠠᠷᠳᠠᠯᠭ᠎ᠠ ᠪᠠᠷ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠭᠯᠡᠯ᠎ᠢ ᠲᠤᠬᠳᠠᠭᠠᠬᠤ ᠬᠡᠷᠡᠭᠲᠡᠢ
ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢ ᠠᠬᠢᠭᠤᠯᠬᠤ ᠲᠡᠷᠢᠭᠦᠨ ᠴᠢᠬᠤᠯᠠ ᠠᠷᠭ᠎ᠠ ᠬᠡᠮᠵᠢᠶ᠎ᠡ ᠪᠣᠯ ᠬᠥᠮᠥᠨ᠎ᠢᠶᠡᠷ ᠦᠨᠳᠦᠰᠦ ᠪᠣᠯᠭᠠᠬᠤ ᠬᠡᠷᠡᠭᠴᠡᠭᠡ᠎ᠪᠡᠷ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠭᠯᠡᠯ᠎ᠢ ᠬᠠᠷᠭᠤᠭᠤᠯᠵᠤ᠂ ᠮᠡᠷᠭᠡᠵᠢᠯ᠎ᠦᠨ ᠰᠤᠳᠤᠯᠤᠨ ᠨᠡᠭᠡᠭᠡᠯᠲᠡ᠎ᠶᠢ ᠠᠷᠠᠳ ᠲᠦᠮᠡᠨ᠎ᠦ ᠬᠡᠷᠡᠭᠴᠡᠭᠡ᠎ᠳᠦ ᠨᠡᠢᠴᠡᠭᠦᠯᠬᠦ ᠶᠠᠪᠤᠳᠠᠯ ᠪᠣᠯᠣᠨ᠎ᠠ᠃ ᠵᠣᠬᠢᠶᠠᠮᠠᠯ ᠤᠶᠤᠨ ᠴᠢᠳᠠᠪᠤᠷᠢ᠎ᠶᠢᠨ ᠰᠢᠨ᠎ᠡ᠎ᠶᠢ ᠡᠭᠦᠳᠬᠦ᠎ᠳᠦ ᠡᠷᠬᠡᠪᠰᠢ ᠠᠷᠠᠳ᠎ᠤᠨ ᠠᠮᠢᠳᠤᠷᠠᠯ᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠨᠡᠢᠭᠡᠮ᠎ᠦᠨ ᠬᠡᠷᠡᠭᠴᠡᠭᠡ᠎ᠳᠦ ᠨᠡᠢᠴᠡᠭᠦᠯᠵᠦ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠣᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠰᠢᠢᠳᠪᠦᠷᠢᠯᠡᠬᠦ᠎ᠪᠡᠷ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢᠨ ᠵᠤᠷᠢᠯᠲᠠ ᠪᠠ ᠳᠤᠰᠤᠯᠲᠠ ᠪᠣᠯᠭᠠᠬᠤ ᠬᠡᠷᠡᠭᠲᠡᠢ᠃ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠣᠯᠣᠨ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠰᠤᠳᠤᠯᠤᠨ ᠨᠡᠭᠡᠭᠡᠬᠦ ᠡᠬᠢ ᠪᠠᠶᠠᠯᠢᠭ᠋᠎ᠢ ᠠᠷᠠᠳ᠎ᠤᠨ ᠠᠮᠢᠳᠤᠷᠠᠯ᠎ᠤᠨ ᠬᠦᠷᠢᠶ᠎ᠡ ᠲᠡᠢᠰᠢ ᠬᠡᠯᠪᠡᠢᠯᠭᠡᠵᠦ᠂ ᠡᠮ ᠡᠮᠨᠡᠯᠭᠡ᠂ ᠰᠤᠷᠭᠠᠨ ᠬᠥᠮᠦᠵᠢᠯ᠂ ᠨᠠᠰᠤᠵᠢᠯ᠎ᠤᠨ ᠠᠰᠠᠷᠠᠮᠵᠢ᠂ ᠵᠡᠮᠳᠡᠭᠴᠦᠳ᠎ᠢ ᠲᠤᠰᠠᠯᠠᠬᠤ᠂ ᠵᠠᠰᠠᠭ᠎ᠤᠨ ᠶᠠᠪᠤᠳᠠᠯ ᠵᠡᠷᠭᠡ ᠤᠯᠠᠨ ᠲᠦᠮᠡᠨ᠎ᠦ ᠠᠮᠢᠳᠤᠷᠠᠯ᠎ᠲᠠᠢ ᠨᠢᠭ᠍ᠲᠠ ᠬᠣᠯᠪᠣᠭ᠎ᠠ᠎ᠲᠠᠢ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠡᠷᠡᠭᠯᠡᠬᠦ᠎ᠳᠦ ᠠᠮᠠᠷ ᠣᠶᠤᠨᠴᠢ ᠦᠢᠯᠡᠳᠬᠦᠨ ᠪᠣᠯᠣᠨ ᠦᠢᠯᠡᠴᠢᠯᠡᠭᠡ᠎ᠶᠢ ᠨᠡᠭᠡᠭᠡᠨ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠰᠤᠳᠤᠯᠤᠨ ᠨᠡᠭᠡᠭᠡᠬᠦ᠎ᠳᠦ ᠪᠣᠳᠠᠲᠤ ᠪᠠᠢᠳᠠᠯ᠎ᠠᠴᠠ ᠰᠠᠯᠬᠤ᠂ ᠤᠯᠠᠨ ᠲᠦᠮᠡᠨ᠎ᠡᠴᠡ ᠬᠥᠨᠳᠡᠢᠷᠡᠬᠦ᠎ᠡᠴᠡ ᠵᠠᠢᠯᠠᠰᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠠᠯ᠎ᠠ᠎ᠪᠠᠷ ᠰᠣᠬᠣᠷ ᠪᠠᠯᠠᠢ᠎ᠪᠠᠷ ᠰᠢᠨ᠎ᠡ᠎ᠶᠢ ᠡᠭᠦᠳᠬᠦ ᠶᠠᠪᠤᠳᠠᠯ᠎ᠳᠤ ᠰᠢᠭᠢᠳᠬᠦ᠎ᠶᠢ ᠰᠡᠷᠭᠡᠢᠯᠡᠬᠦ ᠬᠡᠷᠡᠭᠲᠡᠢ᠃ ᠡᠭᠦᠨ᠎ᠦ ᠵᠡᠷᠭᠡ ᠪᠡᠷ ᠮᠡᠷᠭᠡᠵᠢᠯ᠎ᠦᠨ ᠬᠡᠷᠡᠭᠯᠡᠭᠡᠨ᠎ᠦ ᠠᠵᠢᠯ ᠣᠯᠭᠣᠯᠲᠠ᠎ᠶᠢᠨ ᠪᠦᠲᠦᠴᠡ᠂ ᠴᠢᠳᠠᠪᠤᠷᠢ᠎ᠶᠢᠨ ᠬᠡᠷᠡᠭᠴᠡᠭᠡ᠎ᠳᠦ ᠦᠵᠡᠭᠦᠯᠬᠦ ᠬᠤᠪᠢᠰᠤᠯᠲᠠ᠎ᠶᠢ ᠠᠩᠬᠠᠷᠬᠤ ᠬᠡᠷᠡᠭᠲᠡᠢ᠃ ᠵᠣᠬᠢᠶᠠᠮᠠᠯ ᠤᠶᠤᠨ ᠴᠢᠳᠠᠪᠤᠷᠢ᠎ᠠᠴᠠ ᠪᠣᠯᠤᠭᠰᠠᠨ ᠠᠵᠢᠯ᠎ᠤᠨ ᠪᠠᠢᠷᠢ᠎ᠶᠢᠨ ᠣᠷᠣᠯᠠᠯ ᠪᠣᠯᠣᠨ ᠤᠷ᠎ᠠ ᠴᠢᠳᠠᠪᠤᠷᠢ᠎ᠶᠢᠨ ᠲᠠᠬᠢᠨ ᠴᠣᠭᠴᠠᠯᠠᠯᠲᠠ᠎ᠶᠢᠨ ᠡᠮᠦᠨ᠎ᠡ᠂ ᠪᠦᠬᠦ ᠠᠷᠠᠳ᠎ᠤᠨ ᠲᠣᠭᠠᠴᠢᠯᠠᠭᠰᠠᠨ ᠬᠡᠪ ᠪᠣᠯᠪᠠᠰᠤᠷᠠᠯ ᠪᠣᠯᠣᠨ ᠣᠶᠤᠨᠴᠢ ᠤᠷ᠎ᠠ ᠴᠢᠳᠠᠪᠤᠷᠢ᠎ᠶᠢᠨ ᠪᠣᠯᠪᠠᠰᠤᠷᠠᠯ᠎ᠤᠨ ᠰᠢᠰᠲ᠋ᠸᠮ᠎ᠢ ᠪᠦᠷᠢᠨᠰᠢᠭᠦᠯᠵᠦ᠂ ᠬᠥᠳᠡᠯᠮᠦᠷᠢᠴᠢᠳ᠎ᠢ ᠬᠠᠪᠰᠤᠷᠤᠨ ᠣᠶᠤᠨᠴᠢ ᠴᠠᠭ ᠦᠶ᠎ᠡ᠎ᠶᠢᠨ ᠠᠵᠢᠯ᠎ᠤᠨ ᠪᠠᠢᠷᠢ᠎ᠶᠢᠨ ᠬᠡᠷᠡᠭᠴᠡᠭᠡ᠎ᠳᠦ ᠲᠣᠬᠢᠷᠠᠭᠤᠯᠵᠤ᠂ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠵᠥᠷᠢᠴᠡᠯ᠎ᠢ ᠨᠠᠮᠳᠠᠭᠤᠯᠵᠤ᠂ ᠬᠥᠮᠥᠰ᠎ᠢ ᠮᠡᠷᠭᠡᠵᠢᠯ᠎ᠳᠦ ᠵᠣᠬᠢᠴᠠᠬᠤ᠂ ᠮᠡᠷᠭᠡᠵᠢᠯ᠎ᠢ ᠡᠵᠡᠮᠳᠡᠬᠦ᠂ ᠮᠡᠷᠭᠡᠵᠢᠯ᠎ᠳᠦ ᠲᠦᠰᠢᠭᠯᠡᠨ ᠲᠤᠰ ᠪᠡᠶ᠎ᠡ᠎ᠶᠢᠨ ᠬᠥᠭᠵᠢᠯᠲᠡ᠎ᠶᠢᠨ ᠴᠢᠳᠠᠪᠤᠷᠢ᠎ᠪᠠᠨ ᠳᠡᠭᠡᠭᠰᠢᠯᠡᠭᠦᠯᠬᠦ ᠪᠣᠯᠭᠠᠬᠤ ᠬᠡᠷᠡᠭᠲᠡᠢ᠃ ᠨᠡᠢᠳᠡᠮ ᠠᠰᠢᠭ᠋ ᠬᠦᠷᠲᠡᠭᠡᠵᠦ ᠬᠠᠮᠲᠤ ᠪᠠᠷ ᠡᠳ᠋ᠯᠡᠬᠦ ᠵᠠᠷᠴᠢᠮ᠎ᠢ ᠪᠠᠷᠢᠮᠲᠠᠯᠠᠵᠤ᠂ ᠬᠤᠳᠠ ᠬᠥᠳᠡᠭᠡ᠂ ᠣᠷᠣᠨ ᠪᠦᠰᠡ᠂ ᠪᠦᠯᠬᠦᠮ ᠨᠡᠢᠳᠡ ᠵᠢᠨ ᠬᠣᠭᠣᠷᠣᠨᠳᠣᠬᠢ ᠲᠣᠭᠠᠨ᠎ᠤ ᠵᠠᠭᠠᠭ᠎ᠢ ᠪᠠᠭᠠᠰᠬᠠᠵᠤ᠂ ᠣᠶᠤᠨᠴᠢ ᠦᠢᠯᠡᠴᠢᠯᠡᠭᠡ᠎ᠶᠢᠨ ᠦᠳᠡᠬᠦᠰ ᠨᠠᠰᠤᠲᠠᠢᠴᠤᠳ᠎ᠲᠤ ᠵᠣᠬᠢᠴᠠᠬᠤ ᠥᠭᠡᠷᠡᠴᠢᠯᠡᠯᠲᠡ᠎ᠶᠢ ᠠᠬᠢᠭᠤᠯᠵᠤ᠂ ᠨᠠᠰᠤᠲᠠᠢᠴᠤᠳ᠂ ᠬᠥᠳᠡᠭᠡ ᠲᠣᠰᠬᠣᠨ᠎ᠤ ᠤᠯᠠᠨ ᠲᠦᠮᠡᠨ᠂ ᠣᠨᠴᠠᠭᠠᠢ ᠪᠦᠯᠬᠦᠮ ᠨᠡᠢᠳᠡ᠎ᠳᠦ ᠣᠶᠤᠨᠴᠢ ᠮᠡᠷᠭᠡᠵᠢᠯ᠎ᠦᠨ ᠠᠪᠴᠢᠷᠠᠭᠰᠠᠨ ᠲᠦᠭᠦᠮ ᠨᠥᠬᠥᠴᠡᠯ᠎ᠢ ᠡᠷᠬᠡ ᠲᠡᠭᠰᠢ᠎ᠪᠡᠷ ᠡᠳ᠋ᠯᠡᠭᠦᠯᠬᠦ ᠬᠡᠷᠡᠭᠳᠡᠢ᠃
ᠬᠥᠮᠥᠨ᠎ᠢᠶᠡᠷ ᠦᠨᠳᠦᠰᠦ ᠪᠣᠯᠭᠠᠬᠤ ᠬᠥᠭᠵᠢᠯᠲᠡ᠎ᠪᠡᠷ ᠮᠡᠷᠭᠡᠵᠢᠯ᠎ᠦᠨ ᠠᠰᠢᠭ᠋᠎ᠢ ᠬᠠᠮᠲᠤ ᠪᠠᠷ ᠡᠳ᠋ᠯᠡᠬᠦᠯᠬᠦ ᠬᠡᠷᠡᠭᠳᠡᠢ
ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠠ᠎ᠶᠢ ᠠᠬᠢᠭᠤᠯᠬᠤ᠎ᠶᠢᠨ ᠦᠨᠳᠦᠰᠦᠨ ᠲᠤᠰᠤᠯᠲᠠ ᠪᠣᠯ ᠬᠥᠮᠥᠨ᠎ᠢᠶᠡᠷ ᠦᠨᠳᠦᠰᠦ ᠪᠣᠯᠭᠠᠬᠤ ᠬᠥᠭᠵᠢᠯᠲᠡ᠎ᠪᠡᠷ ᠮᠡᠷᠭᠡᠵᠢᠯ᠎ᠦᠨ ᠠᠰᠢᠭ᠋᠎ᠢ ᠬᠠᠮᠲᠤ ᠪᠠᠷ ᠡᠳ᠋ᠯᠡᠵᠦ᠂ ᠮᠡᠷᠭᠡᠵᠢᠯ ᠨᠢ ᠬᠥᠮᠥᠨ᠎ᠲᠠᠢ ᠬᠠᠮᠵᠢᠯᠴᠠᠨ ᠬᠠᠮᠲᠤ ᠪᠠᠷ ᠣᠷᠣᠰᠢᠬᠤ᠂ ᠬᠠᠮᠲᠤ ᠪᠠᠷ ᠲᠠᠪᠰᠢᠬᠤ᠎ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠤᠶᠤᠨᠴᠢ ᠴᠢᠳᠠᠪᠤᠷᠢ᠎ᠶᠢᠨ ᠴᠠᠭ ᠦᠶ᠎ᠡ᠎ᠶᠢᠨ ᠬᠥᠭᠵᠢᠯᠲᠡ ᠨᠢ ᠮᠡᠷᠭᠡᠵᠢᠯ᠎ᠦᠨ ᠲᠠᠩ ᠴᠢᠭᠯᠡᠯ᠎ᠢᠶᠡᠷ ᠬᠥᠮᠥᠨ ᠲᠥᠷᠥᠯᠬᠢᠲᠡᠨ᠎ᠢ ᠣᠷᠣᠯᠠᠬᠤ ᠪᠢᠰᠢ᠂ ᠬᠠᠷᠢᠨ ᠬᠥᠮᠥᠨ ᠮᠠᠰᠢᠨ ᠬᠠᠮᠵᠢᠯᠴᠠᠵᠤ᠂ ᠴᠢᠳᠠᠪᠤᠷᠢ᠎ᠶᠢ ᠨᠢ ᠬᠥᠮᠥᠨ᠎ᠳᠦ ᠣᠯᠭᠣᠵᠤ᠂ ᠠᠮᠵᠢᠯᠲᠠ᠎ᠶᠢ ᠨᠢ ᠬᠥᠮᠥᠨ᠎ᠳᠦ ᠣᠯᠭᠣᠬᠤ ᠶᠠᠪᠤᠳᠠᠯ ᠪᠣᠯᠣᠨ᠎ᠠ᠃ ᠬᠥᠮᠥᠨ᠎ᠦ ᠭᠤᠤᠯ ᠴᠣᠭᠴᠠ᠎ᠶᠢᠨ ᠪᠠᠢᠷᠢ ᠰᠠᠭᠤᠷᠢ᠎ᠶᠢ ᠢᠮᠠᠭᠲᠠ ᠪᠠᠷᠢᠮᠲᠠᠯᠠᠵᠤ᠂ ᠮᠡᠷᠭᠡᠵᠢᠯ᠎ᠦᠨ ᠦᠢᠯᠡᠴᠢᠯᠡᠭᠴᠢ᠂ ᠴᠢᠳᠠᠪᠤᠷᠢ ᠣᠯᠭᠣᠭ᠍ᠴᠢ᠂ ᠬᠥᠮᠥᠨ᠎ᠢᠶᠡᠷ ᠦᠨᠳᠦᠰᠦ ᠪᠣᠯᠭᠠᠬᠤ᠂ ᠬᠥᠮᠥᠨ ᠮᠠᠰᠢᠨ ᠬᠠᠮᠲᠤ᠎ᠪᠠᠷ ᠣᠷᠣᠰᠢᠬᠤ ᠰᠠᠢᠨ ᠰᠠᠢᠬᠠᠨ ᠬᠥᠭᠵᠢᠯᠲᠡ᠎ᠶᠢᠨ ᠪᠠᠢᠷᠢᠰᠢᠯ᠎ᠢ ᠪᠤᠢ ᠪᠣᠯᠭᠠᠬᠤ ᠬᠡᠷᠡᠭᠲᠡᠢ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ᠎ᠪᠠᠷ ᠠᠰᠢᠭ ᠤᠷᠤᠯᠭ᠎ᠠ ᠡᠭᠦᠳᠪᠡᠯ ᠰᠠᠶᠢ ᠠᠯᠤᠰ᠎ᠢ ᠵᠣᠷᠢᠨ ᠤᠷᠤᠭᠰᠢᠯᠠᠵᠤ ᠴᠢᠳᠠᠨ᠎ᠠ᠃ ᠰᠢᠨ᠎ᠡ ᠠᠶᠠᠨ ᠵᠠᠮ᠎ᠳᠠᠭᠠᠨ ᠵᠣᠬᠢᠶᠠᠮᠠᠯ ᠤᠶᠤᠨ ᠴᠢᠳᠠᠪᠤᠷᠢ ᠥᠷᠨᠢᠩᠭᠦᠢ ᠬᠥᠭᠵᠢᠵᠦ ᠪᠠᠢᠭ᠎ᠠ ᠴᠠᠭ ᠦᠶ᠎ᠡ᠎ᠶᠢᠨ ᠤᠷᠤᠰᠬᠠᠯ᠎ᠤᠨ ᠡᠮᠦᠨ᠎ᠡ᠂ ᠡᠷᠬᠡᠪᠰᠢ ᠬᠥᠮᠥᠨ᠎ᠢᠶᠡᠷ ᠦᠨᠳᠦᠰᠦ ᠪᠣᠯᠭᠠᠬᠤ ᠦᠨᠳᠦᠰᠦᠨ ᠥᠷᠲᠡᠭ᠎ᠦᠨ ᠤᠳᠤᠷᠢᠳᠤᠮᠵᠢ᠎ᠶᠢ ᠢᠮᠠᠭᠲᠠ ᠪᠠᠲᠤ ᠰᠠᠬᠢᠵᠤ᠂ ᠰᠣᠶᠣᠯ ᠢᠷᠭᠡᠨᠰᠢᠯ᠎ᠢᠶᠡᠷ ᠮᠡᠷᠭᠡᠵᠢᠯ᠎ᠢ ᠬᠥᠲᠥᠯᠥᠨ ᠳᠠᠭᠠᠭᠤᠯᠵᠤ᠂ ᠳᠦᠷᠢᠮ᠎ᠢᠶᠡᠷ ᠮᠡᠷᠭᠡᠵᠢᠯ᠎ᠢ ᠵᠢᠷᠤᠮᠵᠢᠭᠤᠯᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢᠨ ᠴᠢᠭᠯᠡᠯ᠎ᠢ ᠦᠷᠭᠦᠯᠵᠢᠯᠡᠨ ᠵᠥᠪ ᠣᠨᠣᠪᠴᠢᠲᠠᠢ ᠪᠠᠢᠯᠭᠠᠵᠤ᠂ ᠮᠡᠷᠭᠡᠵᠢᠯ᠎ᠦᠨ ᠣᠨᠳᠣᠣᠰᠢᠯ᠎ᠤᠨ ᠲᠦᠭᠰᠢᠭᠦᠷᠢ᠎ᠡᠴᠡ ᠵᠠᠢᠯᠠᠵᠤ᠂ ᠮᠡᠷᠭᠡᠵᠢᠯ᠎ᠦᠨ ᠲᠦᠭᠡᠮᠡᠯ ᠬᠠᠷᠠᠭᠠᠯᠵᠠᠯ᠎ᠤᠨ ᠦᠷᠳᠡᠭ ᠢ ᠪᠠᠳᠠᠷᠠᠭᠤᠯᠵᠤ᠂ ᠵᠣᠬᠢᠶᠠᠮᠠᠯ ᠤᠶᠤᠨ ᠴᠢᠳᠠᠪᠤᠷᠢ᠎ᠶᠢ ᠢᠮᠠᠭᠲᠠ ᠠᠷᠠᠳ ᠲᠦᠮᠡᠨ᠎ᠳᠦ ᠦᠢᠯᠡᠴᠢᠯᠡᠬᠦ᠂ ᠨᠡᠢᠭᠡᠮ᠎ᠳᠦ ᠦᠢᠯᠡᠴᠢᠯᠡᠬᠦ᠂ ᠬᠥᠭᠵᠢᠯᠲᠡ᠎ᠳᠦ ᠬᠦᠴᠦᠨ ᠨᠡᠮᠡᠷᠢᠯᠡᠬᠦ ᠵᠥᠪ ᠴᠢᠭᠯᠡᠯ᠎ᠢᠶᠡᠷ ᠯᠠᠪᠳᠠᠭᠤᠨ᠎ᠢᠶᠠᠷ ᠤᠷᠤᠭᠰᠢᠯᠠᠭᠤᠯᠵᠤ᠂ ᠳᠤᠮᠳᠠᠳᠤ ᠤᠯᠤᠰ ᠤᠨ ᠮᠠᠶᠢᠭ᠋ ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠨᠡᠩ ᠳᠤᠯᠠᠭᠠᠨ᠂ ᠨᠡᠩ ᠦᠷᠭᠦᠯᠵᠢᠯᠡᠬᠦᠢᠴᠡ ᠤᠶᠤᠨ ᠤ ᠬᠥᠳᠡᠯᠭᠡᠭᠴᠢ ᠬᠦᠴᠦᠨ᠎ᠢ ᠨᠡᠮᠡᠷᠢᠯᠡᠬᠦ ᠬᠡᠷᠡᠭᠳᠡᠢ᠃
(ᠵᠣᠬᠢᠶᠠᠭ᠍ᠴᠢ᠎ᠶᠢᠨ ᠬᠠᠶᠢᠭ᠋᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠨᠡᠢᠭᠡᠮ᠎ᠦᠨ ᠤᠬᠠᠭᠠᠨ᠎ᠢ ᠰᠤᠳᠤᠯᠬᠤ ᠭᠠᠵᠠᠷ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃