ᠲᠡᠷᠢᠭᠦᠨ ᠨᠢᠭᠤᠷ>ᠣᠨᠣᠯ ᠱᠢᠭᠦᠮᠵᠢ>ᠣᠨᠣᠯ

2026-10-23 12:30:25

ᠵᠣᠬᠢᠶᠠᠭ᠍ᠴᠢ᠄ ᠬᠦᠸᠸ ᠸᠸᠨ ᠪᠢᠨ ᠣᠩᠱᠢᠭ᠍ᠰᠠᠨ ᠣᠳᠠᠭ᠎ᠠ᠄ 3

2026 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠱᠠᠨᠳᠦ᠋ᠩ ᠮᠤᠵᠢ᠎ᠶᠢᠨ ᠳ᠋ᠸᠵᠸᠤ ᠬᠣᠲᠠ᠎ᠳᠤ ᠠᠵᠢᠯ ᠪᠠᠢᠴᠠᠭᠠᠬᠤ᠎ᠳᠠᠭᠠᠨ ᠴᠢᠬᠤᠯᠠᠴᠢᠯᠠᠭᠰᠠᠨ ᠨᠢ᠂《ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠨᠢ  ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠬᠦ ᠲᠠᠯ᠎ᠠ ᠪᠣᠯᠣᠨ ᠴᠢᠨᠠᠷ ᠴᠢᠨᠰᠠᠭ᠎ᠠ᠎ᠲᠠᠢ ᠬᠣᠯᠪᠣᠭᠳᠠᠨ᠎ᠠ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ᠎ᠪᠡᠷ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠵᠦ᠂ ᠬᠥᠳᠡᠭᠡ ᠠᠵᠤ ᠠᠬᠤᠢ᠎ᠶᠢᠨ ᠶᠡᠷᠦᠩᠬᠡᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ ᠪᠣᠯᠣᠨ ᠶᠠᠰᠤ ᠴᠢᠨᠠᠷ ᠦᠷ᠎ᠡ ᠠᠰᠢᠭ᠋ ᠎ᠢ ᠬᠦᠴᠦᠯᠡᠨ ᠳᠡᠭᠡᠭᠰᠢᠯᠡᠭᠦᠯᠵᠦ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠦ ᠲᠣᠭᠲᠠᠭᠤᠨ ᠬᠠᠩᠭᠠᠯᠭ᠎ᠠ᠎ᠶᠢ ᠪᠠᠲᠤᠯᠠᠵᠤ᠂ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢᠯᠡᠰ ᠪᠣᠰᠬᠠᠬᠤ᠎ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠥᠷᠭᠡᠨ ᠤᠯᠠᠨ ᠲᠠᠷᠢᠶᠠᠴᠢᠨ ᠲᠦᠮᠡᠨ᠎ᠦ ᠠᠵᠢᠯᠴᠢ ᠬᠥᠳᠡᠯᠮᠦᠷᠢᠴᠢ ᠪᠠ ᠤᠶᠤᠨ ᠤᠬᠠᠭᠠᠨ᠎ᠢᠶᠠᠷ᠎ᠢᠶᠠᠨ ᠨᠡᠩ ᠰᠠᠢᠨ ᠰᠠᠢᠬᠠᠨ ᠠᠮᠢᠳᠤᠷᠠᠯ ᠵᠢᠨᠨ ᠴᠣᠭᠴᠠᠯᠠᠬᠤ᠎ᠶᠢ ᠬᠥᠲᠥᠯᠥᠨ ᠵᠢᠯᠤᠭᠣᠳᠬᠤ ᠬᠡᠷᠡᠭᠲᠡᠢ》ᠭᠡᠵᠦ ᠵᠢᠭᠠᠵᠤ ᠭᠠᠷᠭᠠᠪᠠ᠃ ᠬᠥᠳᠡᠭᠡ ᠲᠣᠰᠬᠣᠨ᠎ᠤ ᠪᠣᠯᠪᠠᠰᠤᠨ ᠰᠤᠷᠲᠠᠯ ᠪᠣᠯ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠠᠬᠢᠭᠤᠯᠬᠤ ᠤᠶᠤᠨ ᠰᠠᠨᠠᠭᠠᠨ᠎ᠤ ᠴᠥᠮ᠎ᠡ ᠮᠥᠨ᠂ ᠰᠢᠨ᠎ᠡ ᠴᠠᠭ ᠦᠶ᠎ᠡ᠎ᠶᠢᠨ ᠬᠥᠳᠡᠭᠡ ᠲᠣᠰᠬᠣᠨ᠎ᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠴᠢᠬᠤᠯᠠ᠎ᠠᠴᠠ ᠴᠢᠬᠤᠯᠠ ᠵᠦᠢᠯ ᠮᠥᠨ᠃ ᠰᠢᠨ᠎ᠡ ᠠᠶᠠᠨ ᠵᠠᠮ᠎ᠳᠤ᠂ ᠬᠥᠳᠡᠭᠡ ᠲᠣᠰᠬᠣᠨ᠎ᠤ ᠪᠣᠯᠪᠠᠰᠤᠨ ᠰᠤᠷᠲᠠᠯ᠎ᠤᠨ ᠪᠠᠢᠭᠤᠯᠤᠯᠲᠠ᠎ᠶᠢᠨ ᠢᠨᠵᠧᠨᠧᠷᠢᠩ᠎ᠢᠶᠡᠷ ᠨᠢᠭᠡᠳᠦᠯᠲᠡᠢ ᠵᠢᠯᠣᠭᠣᠳᠤᠯᠭ᠎ᠠ ᠪᠣᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠪᠠᠲᠤ ᠪᠡᠬᠢ ᠦᠵᠡᠯ ᠰᠠᠨᠠᠭᠠᠨ᠎ᠤ ᠲᠤᠯᠭᠠᠭᠤᠷᠢᠯᠠᠯ ᠪᠠ ᠶᠣᠰᠣ᠌ ᠰᠤᠷᠲᠠᠬᠤᠨ᠎ᠤ ᠰᠢᠮ᠎ᠡ ᠲᠡᠵᠢᠭᠡᠯ ᠬᠠᠩᠭᠠᠬᠤ ᠬᠡᠷᠡᠭᠲᠡᠢ᠃

ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠣᠳᠬᠤ᠎ᠶᠢ ᠪᠣᠳᠠᠲᠠᠢ ᠠᠳᠬᠤᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠵᠡᠯ ᠰᠠᠨᠠᠭᠠᠨ᠎ᠤ ᠬᠠᠮᠲᠤ ᠵᠢᠨ ᠲᠠᠨᠢᠯᠲᠠ ᠵᠢ ᠨᠢᠬᠲᠠᠷᠠᠭᠤᠯᠤᠨ᠎ᠠ 

ᠶᠡᠷᠦᠩᠬᠡᠢ ᠱᠦᠵᠢ ᠰᠢ᠎ᠶᠢᠨ ᠫᠢᠩ ᠴᠢᠬᠤᠯᠠᠴᠢᠯᠠᠬᠤ᠎ᠳᠠᠭᠠᠨ᠄《ᠬᠥᠳᠡᠭᠡ ᠲᠣᠰᠬᠣᠨ᠎ᠤ ᠣᠶᠤᠨ᠎ᠤ ᠪᠣᠯᠪᠠᠰᠤᠨ᠎ᠤ ᠪᠠᠢᠭᠤᠯᠤᠯᠲᠠ ᠪᠣᠯ ᠮᠠᠰᠢ ᠴᠢᠬᠤᠯᠠ ᠶᠤᠮ᠂ ᠪᠣᠳᠠᠰ ᠢ᠋ ᠣᠶᠤᠨ ᠰᠠᠨᠠᠭ᠎ᠠ ᠪᠣᠯᠭᠠᠨ ᠬᠤᠪᠢᠷᠠᠭᠤᠯᠬᠤ᠂ ᠣᠶᠤᠨ ᠰᠠᠨᠠᠭ᠎ᠠ ᠶ᠋ᠢ ᠪᠣᠳᠠᠰ ᠪᠤᠯᠭᠠᠨ ᠬᠤᠪᠢᠷᠠᠭᠤᠯᠬᠤ ᠪᠣᠯ ᠬᠤᠪᠢᠰᠤᠩᠭᠤᠢ ᠠᠷᠭ᠎ᠠ ᠶ᠋ᠢᠨ ᠤᠨᠤᠯ ᠮᠥᠨ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠶ᠋ᠢ ᠬᠡᠷᠡᠭᠵᠢᠭᠦᠯᠬᠦ᠎ᠳᠦ ᠪᠣᠳᠠᠰ᠎ᠤᠨ ᠪᠣᠯᠪᠠᠰᠤᠨ ᠪᠠ ᠣᠶᠤᠨ᠎ᠤ ᠪᠣᠯᠪᠠᠰᠤᠨ ᠢ᠋ ᠬᠠᠮᠲᠤ ᠳ᠋ᠤᠨᠢ ᠠᠳᠬᠤᠬᠤ ᠬᠡᠷᠡᠭᠲᠡᠢ᠂ ᠢᠯᠠᠩᠭᠤᠶ᠎ᠠ ᠲᠠᠷᠢᠶᠠᠴᠢᠳ᠎ᠤᠨ ᠣᠶᠤᠨ ᠰᠠᠨᠠᠭᠠᠨ᠎ᠤ ᠳᠦᠷᠰᠦ ᠪᠠᠢᠳᠠᠯ ᠢ᠋ ᠳᠡᠭᠡᠭᠰᠢᠯᠡᠭᠦᠯᠬᠦ ᠶ᠋ᠢ ᠴᠢᠬᠤᠯᠠᠴᠢᠯᠠᠬᠤ ᠬᠡᠷᠡᠭᠲᠡᠢ》ᠭᠡᠵᠡᠢ᠃ ᠪᠣᠳᠠᠰ᠎ᠤᠨ ᠠᠮᠢᠳᠤᠷᠠᠯ᠎ᠤᠨ ᠰᠠᠢᠵᠢᠷᠠᠯᠲᠠ ᠨᠢ ᠤᠶᠤᠨ ᠰᠠᠨᠠᠭᠠᠨ᠎ᠤ ᠲᠠᠯ᠎ᠠ᠎ᠶᠢᠨ ᠨᠡᠩ ᠥᠨᠳᠥᠷ ᠬᠥᠭᠡᠭᠡᠴᠡᠯᠳᠦᠯ᠎ᠢ ᠪᠤᠢ ᠪᠣᠯᠭᠠᠵᠤ᠂ ᠤᠶᠤᠨ ᠰᠠᠨᠠᠭᠠᠨ᠎ᠤ ᠲᠠᠯ᠎ᠠ᠎ᠶᠢᠨ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ ᠨᠢ ᠭᠡᠳᠡᠷᠭᠦ᠎ᠪᠡᠨ ᠦᠢᠯᠡᠳᠪᠦᠷᠢᠯᠡᠯ᠎ᠦᠨ ᠦᠢᠯᠡᠳᠦᠯᠭᠡ᠎ᠶᠢᠨ ᠤᠷᠤᠭ᠍ᠰᠢ ᠬᠥᠭᠵᠢᠬᠦ᠎ᠶᠢ ᠠᠬᠢᠭᠤᠯᠬᠤ ᠨᠢ ᠵᠠᠢᠯᠠᠰᠢ ᠦᠭᠡᠢ ᠶᠤᠮ᠃ ᠰᠢᠨ᠎ᠡ ᠴᠠᠭ ᠦᠶ᠎ᠡ᠎ᠶᠢᠨ  ᠬᠥᠳᠡᠭᠡ ᠲᠣᠰᠬᠣᠨ᠎ᠤ ᠪᠣᠯᠪᠠᠰᠤᠨ  ᠰᠤᠷᠲᠠᠯ᠎ᠤᠨ ᠪᠠᠢᠭᠤᠯᠤᠯᠲᠠ᠎ᠶᠢᠨ ᠠᠵᠢᠯ᠎ᠢ ᠰᠠᠢᠲᠤᠷ ᠬᠢᠬᠦ᠎ᠶᠢᠨ ᠲᠡᠷᠢᠭᠦᠨ ᠴᠢᠬᠤᠯᠠ ᠡᠭᠦᠷᠭᠡ ᠪᠣᠯ ᠳᠠᠷᠤᠢ ᠦᠵᠡᠯ ᠰᠠᠨᠠᠭ᠎ᠠ᠎ᠶᠢ ᠪᠤᠢ ᠪᠣᠯᠭᠠᠬᠤ ᠪᠠ ᠦᠷᠳᠡᠭ᠎ᠢᠶᠡᠷ ᠬᠥᠲᠥᠯᠥᠨ ᠳᠠᠭᠠᠭᠤᠯᠬᠤ ᠎ᠶᠢ ᠰᠠᠢᠲᠤᠷ ᠠᠳᠬᠤᠵᠤ᠂ ᠭᠣᠣᠯ ᠤᠷᠤᠰᠬᠠᠯ᠎ᠤᠨ ᠦᠵᠡᠯ ᠰᠠᠨᠠᠭ᠎ᠠ ᠣᠢᠯᠠᠭᠠᠭᠳᠠᠬᠤᠨ᠎ᠢ ᠬᠥᠳᠡᠭᠡ ᠲᠣᠰᠬᠣᠨ ᠎ᠤ ᠡᠳᠦᠷ ᠳᠤᠳᠤᠮ᠎ᠤᠨ ᠠᠮᠢᠳᠤᠷᠠᠯ᠎ᠳᠤ ᠠᠭᠤᠰᠬᠠᠵᠤ᠂ ᠵᠥᠪ ᠴᠢᠭᠯᠡᠯ᠎ᠦᠨ ᠦᠷᠳᠡᠭ᠎ᠦᠨ ᠬᠥᠭᠡᠭᠡᠴᠡᠯᠳᠦᠯ᠎ᠢ ᠤᠯᠠᠨ ᠲᠦᠮᠡᠨ᠎ᠦ ᠰᠡᠳᠬᠢᠯ᠎ᠳᠦ ᠦᠨᠳᠦᠰᠦᠯᠡᠬᠦᠯᠬᠦ ᠶᠠᠪᠤᠳᠠᠯ ᠪᠤᠯᠤᠨ᠎ᠠ᠃

ᠰᠢᠨ᠎ᠡ᠎ᠶᠢ ᠡᠭᠦᠳᠬᠦ ᠤᠨᠤᠯ᠎ᠢ ᠲᠦᠭᠡᠮᠡᠯᠵᠢᠭᠦᠯᠵᠦ᠂ ᠠᠷᠠᠳ᠎ᠤᠨ ᠰᠡᠳᠬᠢᠯ᠎ᠦᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠤᠨ᠎ᠠ᠃ ᠤᠨᠤᠯ᠎ᠢ ᠤᠯᠠᠨ ᠲᠦᠮᠡᠨ᠎ᠡᠵᠡᠮᠰᠢᠮᠡᠭᠴᠡ ᠳᠠᠷᠤᠢ ᠪᠣᠳᠠᠰ᠎ᠤᠨ ᠬᠦᠴᠦᠨ ᠪᠣᠯᠵᠤ ᠬᠤᠪᠢᠷᠠᠳᠠᠭ᠂ ᠭᠡᠪᠡᠴᠦ ᠬᠦᠰᠢᠬᠦᠨ ᠬᠡᠪᠰᠢᠮᠡᠯ ᠤᠨᠤᠯ᠎ᠨᠢ ᠬᠦᠮᠦᠰ᠎ᠤᠨ ᠲᠠᠷᠢᠬᠢᠨ᠎ᠳᠤ ᠬᠠᠳᠠᠩᠰᠢᠵᠤ ᠴᠢᠳᠠᠬᠤ ᠦᠭᠡᠢ ᠶᠤᠮ᠃ ᠡᠭᠦᠨ᠎ᠦ ᠲᠤᠯᠠᠳᠠ᠂ ᠲᠠᠷᠢᠶᠠᠴᠢᠨ ᠤᠯᠠᠨ ᠲᠦᠮᠡᠨ᠎ᠦ ᠦᠵᠡᠯ ᠰᠠᠨᠠᠭᠠᠨ᠎ᠤ ᠪᠣᠳᠠᠲᠤ ᠪᠠᠢᠳᠠᠯ᠎ᠲᠠᠢ ᠤᠶᠠᠯᠳᠤᠭᠤᠯᠤᠨ᠂ 《ᠶᠡᠬᠡ ᠤᠰᠤ ᠎ᠪᠠᠷ ᠨᠡᠯᠦᠢᠲᠡᠯ᠎ᠡ ᠤᠰᠤᠯᠠᠬᠤ》 ᠎ᠵᠢ 《ᠨᠠᠷᠢᠯᠢᠭ᠋ ᠣᠨᠣᠴᠠᠲᠠᠢ᠎ᠪᠠᠷ ᠳᠤᠰᠤᠯᠭᠠᠨ ᠤᠰᠤᠯᠠᠬᠤ》 ᠪᠣᠯᠭᠠᠨ ᠬᠤᠪᠢᠷᠠᠭᠤᠯᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠦᠷᠭᠦᠯᠵᠢᠯᠡᠨ ᠰᠠᠢᠲᠤᠷ ᠠᠳᠬᠤᠵᠤ᠂ ᠲᠠᠷᠢᠶᠠᠴᠢᠨ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠨᠡᠩ ᠡᠷᠡᠰ ᠪᠠᠲᠤ᠎ᠪᠠᠷ ᠨᠠᠮ᠎ᠤᠨ ᠦᠭᠡ᠎ᠶᠢ ᠰᠣᠨᠣᠰᠴᠤ᠂ ᠨᠠᠮ᠎ᠤᠨ ᠠᠴᠢ᠎ᠶᠢ ᠮᠡᠳᠡᠷᠡᠵᠦ᠂ ᠨᠠᠮ᠎ᠢᠶᠠᠨ ᠲᠠᠭᠠᠨ ᠤᠷᠤᠬᠰᠢᠯᠠᠬᠤ ᠪᠣᠯᠭᠠᠬᠤ ᠬᠡᠷᠡᠭᠲᠡᠢ᠃ ᠦᠨᠳᠦᠰᠦᠨ ᠱᠠᠲᠤᠨ᠎ᠳᠤ ᠣᠯᠠᠨ ᠲᠦᠮᠡᠨᠴᠢᠯᠡᠬᠦ ᠣᠨᠣᠯ᠎ᠢ ᠤᠬᠠᠭᠤᠯᠤᠨ ᠲᠠᠢᠯᠪᠤᠷᠢᠯᠠᠬᠤ᠎ᠶᠢ ᠭᠦᠨᠵᠡᠭᠡᠢ ᠠᠬᠢᠭᠤᠯᠵᠤ᠂ ᠲᠡᠷᠡ ᠬᠡᠪ᠎ᠢᠶᠡᠷ ᠨᠢ ᠰᠤᠷᠤᠯᠴᠠᠬᠤ ᠰᠤᠷᠲᠠᠯᠴᠢᠯᠠᠭ᠎ᠠ᠎ᠶᠢᠨ ᠬᠡᠪ ᠵᠠᠭᠪᠤᠷ᠎ᠢ ᠲᠠᠶᠠᠭᠳᠠᠵᠤ᠂ ᠬᠥᠳᠡᠭᠡ ᠲᠣᠰᠬᠣᠨ᠎ᠤ ᠦᠢᠯᠡᠳᠪᠦᠷᠢᠯᠡᠯ ᠠᠮᠢᠳᠤᠷᠠᠯ᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠲᠥᠪ(ᠭᠠᠵᠠᠷ᠂ ᠦᠷᠳᠡᠭᠡ)᠂ ᠲᠣᠰᠬᠣᠨ᠎ᠤ ᠳᠡᠰ᠎ᠤᠨ ᠰᠣᠶᠣᠯ᠎ᠤᠨ ᠲᠠᠯᠠᠪᠤᠷ᠎ᠲᠤ ᠲᠦᠰᠢᠭᠯᠡᠨ ᠤᠬᠠᠭᠤᠯᠤᠨ ᠲᠠᠢᠯᠪᠤᠷᠢᠯᠠᠬᠤ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠲᠤᠰ ᠭᠠᠵᠠᠷ ᠣᠷᠣᠨ᠎ᠤ ᠤᠬᠠᠭᠤᠯᠤᠨ ᠲᠠᠢᠯᠪᠤᠷᠢᠯᠠᠬᠤ ᠡᠩᠨᠡᠭᠡ᠎ᠶᠢ ᠪᠠᠢᠭᠤᠯᠵᠤ᠂ ᠤᠯᠠᠨ ᠲᠦᠮᠡᠨ᠎ᠦ ᠰᠣᠨᠣᠰᠴᠤ ᠣᠢᠯᠠᠭᠠᠬᠤ᠂ ᠰᠣᠨᠣᠰᠴᠤ ᠣᠷᠣᠬᠤ ᠨᠤᠲᠤᠭ᠎ᠤᠨ ᠦᠭᠡ ᠶᠠᠷᠢᠶ᠎ᠠ᠎ᠪᠠᠷ ᠲᠦᠷᠦ᠎ᠶᠢᠨ ᠪᠣᠳᠣᠯᠭ᠎ᠠ᠎ᠶᠢᠨ ᠤᠨᠤᠯ᠎ᠢ ᠲᠠᠢᠯᠪᠤᠷᠢᠯᠠᠵᠤ᠂ ᠬᠥᠭᠵᠢᠯᠲᠡ᠎ᠶᠢᠨ ᠪᠠᠢᠳᠠᠯ᠎ᠢ ᠤᠬᠠᠭᠤᠯᠤᠨ ᠲᠠᠢᠯᠪᠤᠷᠢᠯᠠᠵᠤ᠂ ᠲᠠᠷᠢᠶᠠᠴᠢᠨ ᠤᠯᠠᠨ ᠲᠦᠮᠡᠨ᠎ᠳᠦ ᠦᠯᠦ ᠮᠡᠳᠡᠭᠳᠡᠮ᠎ᠡ ᠬᠤᠪᠢᠷᠠᠯᠲᠠ᠎ᠶᠢᠨ ᠳᠤᠮᠳᠠ ᠬᠥᠭᠵᠢᠯᠲᠡ᠎ᠶᠢᠨ ᠶᠡᠬᠡ ᠬᠠᠨᠳᠤᠰᠢ᠎ᠶᠢ ᠲᠠᠨᠢᠭᠤᠯᠵᠤ᠂ ᠬᠥᠭᠵᠢᠯᠲᠡ᠎ᠶᠢᠨ ᠴᠢᠭᠯᠡᠯ᠎ᠢ ᠲᠣᠳᠣᠷᠬᠠᠢ ᠪᠣᠯᠭᠠᠬᠤ ᠬᠡᠷᠡᠭᠲᠡᠢ᠃

ᠭᠣᠣᠯ ᠤᠷᠤᠰᠬᠠᠯ᠎ᠤᠨ ᠦᠷᠳᠡᠭ᠎ᠢ ᠦᠢᠯᠡᠳᠦᠯᠭᠡᠵᠢᠭᠦᠯᠵᠦ᠂ ᠶᠣᠰᠣ᠌ ᠰᠤᠷᠲᠠᠬᠤᠨ ᠵᠠᠩ ᠰᠤᠷᠲᠠᠯ᠎ᠢ ᠪᠣᠯᠪᠠᠰᠤᠷᠠᠭᠤᠯᠤᠨ᠎ᠠ᠃ ᠬᠥᠳᠡᠭᠡ ᠲᠣᠰᠬᠣᠨ᠎ᠳᠤ ᠨᠡᠢᠭᠡᠮ᠎ᠦᠨ ᠨᠠᠢᠷ ᠲᠠᠯ᠎ᠠ᠎ᠶᠢᠨ ᠶᠠᠪᠤᠯᠴᠠᠭ᠎ᠠ ᠨᠢᠭ᠍ᠲᠠ᠂ ᠬᠥᠷᠰᠢ ᠵᠡᠷᠭᠡᠯᠡᠳᠡᠭᠡ᠎ᠶᠢᠨ ᠶᠠᠪᠤᠯᠴᠠᠭ᠎ᠠ ᠣᠯᠠᠨ᠂ ᠶᠣᠰᠣ᠌ ᠰᠤᠷᠲᠠᠬᠤᠨ᠎ᠤ ᠬᠡᠪ ᠰᠤᠷᠲᠠᠯ ᠪᠦᠬᠦᠶ᠋ᠢᠯᠡ ᠬᠥᠳᠡᠭᠡ ᠲᠣᠰᠬᠣᠨ᠎ᠤ ᠳᠦᠷᠰᠦ ᠪᠠᠢᠳᠠᠯ᠎ᠢ ᠰᠢᠭᠤᠳ ᠨᠥᠯᠥᠭᠡᠯᠡᠵᠦ ᠪᠠᠢᠳᠠᠭ᠃ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶᠢ ᠶᠡᠬᠡ ᠪᠡᠷ ᠪᠠᠳᠠᠷᠠᠭᠤᠯᠵᠤ᠂ ᠭᠣᠣᠯ ᠤᠷᠤᠰᠬᠠᠯ᠎ᠤᠨ ᠦᠷᠳᠡᠭ᠎ᠦᠨ ᠣᠢᠯᠠᠭᠠᠭᠳᠠᠬᠤᠨ᠎ᠢ ᠬᠥᠳᠡᠭᠡ ᠲᠣᠰᠬᠣᠨ᠎ᠤ ᠪᠣᠳᠠᠲᠤ ᠪᠠᠢᠳᠠᠯ᠎ᠳᠤ ᠨᠠᠷᠢᠯᠢᠭ᠍ᠵᠢᠭᠤᠯᠤᠨ ᠨᠡᠢᠴᠡᠭᠦᠯᠵᠦ᠂ ᠲᠣᠰᠬᠣᠨ᠎ᠤ ᠳᠦᠷᠢᠮ ᠠᠷᠠᠳ᠎ᠤᠨ ᠭᠡᠷ᠎ᠡ᠎ᠶᠢ ᠲᠣᠭᠲᠠᠭᠠᠬᠤ᠂ ᠭᠡᠷ᠎ᠦᠨ ᠰᠤᠷᠲᠠᠯ ᠭᠡᠷ᠎ᠦᠨ ᠰᠤᠷᠭᠠᠯ᠎ᠢ ᠬᠥᠮᠥᠵᠢᠭᠦᠯᠬᠦ᠂ ᠬᠥᠳᠡᠭᠡ ᠲᠣᠰᠬᠣᠨ᠎ᠤ ᠪᠣᠯᠪᠠᠰᠤᠨ᠎ᠢ ᠡᠭᠦᠳᠦᠨ ᠪᠠᠶ᠋ᠢᠭᠤᠯᠬᠤ ᠪᠦᠬᠦ ᠶᠠᠪᠤᠴᠠ᠎ᠳᠤ ᠠᠭᠤᠰᠤᠯᠴᠠᠭᠤᠯᠵᠤ᠂ ᠪᠠᠢᠩᠭᠤᠵᠢᠬᠰᠠᠨ ᠪᠣᠯᠪᠠᠰᠤᠨ᠎ᠤ ᠤᠬᠠᠭᠤᠯᠭ᠎ᠠ᠎ᠶᠢᠨ ᠵᠢᠭ᠍ᠰᠠᠭᠠᠯ᠎ᠤᠨ ᠭᠠᠵᠠᠷ᠎ᠢ ᠪᠠᠶ᠋ᠢᠭᠤᠯᠬᠤ ᠬᠡᠷᠡᠭᠲᠡᠢ᠃

ᠬᠤᠪᠢᠰᠬᠠᠯᠲᠤ ᠰᠣᠶᠣᠯ᠎ᠤᠨ ᠰᠤᠳᠠᠰᠤ᠎ᠶᠢ ᠤᠯᠠᠮᠵᠢᠯᠠᠨ ᠵᠠᠯᠭᠠᠮᠵᠢᠯᠠᠵᠤ᠂ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠵᠤᠵᠠᠭᠠᠳᠬᠠᠨ᠎ᠠ᠃ ᠬᠥᠳᠡᠭᠡ ᠲᠣᠰᠬᠣᠨ᠎ᠤ ᠭᠠᠵᠠᠷ ᠣᠷᠣᠨ᠎ᠳᠤ ᠶᠡᠬᠡ ᠬᠡᠮᠵᠢᠶᠡᠨ᠎ᠦ ᠬᠤᠪᠢᠰᠬᠠᠯ᠎ᠤᠨ ᠬᠠᠭᠤᠴᠢᠨ ᠪᠠᠭᠤᠷᠢ᠂ ᠬᠤᠪᠢᠰᠬᠠᠯ᠎ᠤᠨ ᠦᠯᠢᠭᠡᠷ ᠪᠣᠯᠣᠨ ᠬᠤᠪᠢᠰᠬᠠᠯ᠎ᠤᠨ ᠤᠯᠠ ᠮᠥᠷ ᠦᠯᠡᠳᠡᠭᠳᠡᠵᠦ᠂ ᠡᠨᠡ ᠨᠢ ᠦᠨᠳᠦᠰᠦᠨ ᠱᠠᠲᠤᠨ᠎ᠤ ᠬᠦᠰᠡᠯᠡᠩ ᠢᠲᠡᠭᠡᠯ ᠪᠢᠰᠢᠷᠡᠯ᠎ᠦᠨ ᠬᠥᠮᠦᠵᠢᠯ᠎ᠢ ᠥᠷᠨᠢᠭᠦᠯᠬᠦ ᠰᠢᠨ᠎ᠡ ᠰᠣᠷᠭᠣᠭ ᠵᠢᠭᠠᠬᠤ ᠮᠠᠲᠧᠷᠢᠶᠠᠯ ᠪᠣᠯᠵᠠᠢ᠃ ᠬᠤᠪᠢᠰᠬᠠᠯᠲᠤ ᠰᠣᠶᠣᠯ ᠪᠣᠯᠣᠨ ᠬᠥᠳᠡᠭᠡ ᠲᠣᠰᠬᠣᠨ᠎ᠤ ᠠᠷᠠᠳ᠎ᠤᠨ ᠵᠠᠩ ᠦᠢᠯᠡ᠎ᠶᠢᠨ ᠰᠣᠶᠣᠯ᠂ ᠤᠯᠠᠨ ᠲᠦᠮᠡᠨᠴᠢ ᠰᠣᠶᠣᠯ ᠴᠡᠩᠭᠡᠯ᠎ᠦᠨ ᠠᠵᠢᠯᠯᠠᠭ᠎ᠠ᠎ᠶᠢ ᠣᠷᠭᠠᠨᠢᠭ᠋᠎ᠢᠶᠠᠷ ᠠᠭᠤᠰᠤᠯᠴᠠᠭᠤᠯᠬᠤ᠎ᠶᠢ ᠠᠬᠢᠭᠤᠯᠵᠤ᠂ ᠤᠯᠠᠨ ᠲᠦᠮᠡᠨ᠎ᠲᠠᠢ ᠣᠢᠷᠠᠲᠤᠭᠰᠠᠨ᠂ ᠬᠠᠯᠠᠭᠤᠨ ᠳᠤᠯᠠᠭᠠᠨ ᠨᠤᠲᠤᠭ᠎ᠤᠨ ᠬᠤᠪᠢᠰᠬᠠᠯ᠎ᠤᠨ ᠤᠳᠬ᠎ᠠ ᠤᠷᠠᠯᠢᠭ᠋᠎ᠤᠨ ᠪᠦᠲᠦᠭᠡᠯ᠎ᠢ ᠵᠣᠬᠢᠶᠠᠨ ᠪᠦᠲᠦᠭᠡᠵᠦ᠂ ᠬᠤᠪᠢᠰᠬᠠᠯ᠎ᠤᠨ ᠵᠣᠷᠢᠭ᠋ ᠰᠠᠨᠠᠭ᠎ᠠ᠎ᠶᠢ ᠬᠥᠳᠡᠭᠡ ᠲᠣᠰᠬᠣᠨ᠎ᠤ ᠡᠳᠦᠷ ᠲᠤᠳᠤᠮ᠎ᠤᠨ ᠠᠮᠢᠳᠤᠷᠠᠯ᠎ᠳᠤ ᠠᠭᠤᠰᠬᠠᠵᠤ᠂ ᠤᠯᠠᠨ ᠲᠦᠮᠡᠨ᠎ᠦ ᠲᠡᠮᠡᠴᠡᠯ᠎ᠦᠨ ᠲᠡᠦᠬᠡ᠎ᠪᠡᠨ ᠪᠠᠲᠤ ᠴᠡᠭᠡᠵᠢᠯᠡᠵᠦ᠂ ᠰᠠᠢᠨ ᠰᠠᠢᠬᠠᠨ ᠠᠮᠢᠳᠤᠷᠠᠯ᠎ᠢᠶᠠᠨ ᠨᠠᠨᠳᠢᠩᠨᠠᠬᠤ᠎ᠶᠢ ᠬᠥᠲᠥᠯᠥᠨ ᠳᠠᠭᠠᠭᠤᠯᠤᠨ᠎ᠠ᠃

ᠨᠤᠲᠤᠭ᠎ᠤᠨ ᠰᠣᠶᠣᠯ᠎ᠢ ᠭᠦᠨ ᠠᠭᠤᠳᠠᠯᠵᠤ᠂ ᠬᠥᠳᠡᠭᠡ ᠲᠣᠰᠬᠣᠨ᠎ᠤ ᠬᠥᠭᠵᠢᠯᠲᠡ᠎ᠶᠢᠨ ᠳᠣᠲᠣᠭᠠᠳᠤ ᠠᠮᠢᠳᠤᠷᠠᠯ᠎ᠤᠨ ᠬᠦᠴᠦᠨ᠎ᠢ ᠬᠥᠭᠵᠢᠭᠡᠨ᠎ᠡ

ᠣᠷᠣᠨ ᠪᠦᠰᠡ ᠵᠢᠨ ᠰᠣᠶᠣᠯ ᠨᠢ ᠨᠤᠲᠤᠭ᠎ᠤᠨ ᠦᠢᠯᠡᠳᠪᠦᠷᠢᠯᠡᠯ ᠠᠮᠢᠳᠤᠷᠠᠯ᠎ᠤᠨ ᠦᠢᠯᠡᠳᠦᠯᠭᠡ᠎ᠳᠦ ᠦᠨᠳᠦᠰᠦᠯᠡᠭᠰᠡᠨ ᠶᠤᠮ᠃ ᠮᠠᠨ᠎ᠤ ᠤᠯᠤᠰ᠎ᠤᠨ ᠲᠠᠷᠢᠶᠠᠯᠠᠬᠤ ᠪᠣᠯᠪᠠᠰᠤᠨ ᠥᠨᠢ ᠤᠳᠠᠭᠠᠨ ᠤᠯᠠᠮᠵᠢᠯᠠᠯ᠎ᠲᠠᠢ ᠪᠠᠢᠵᠤ᠂ ᠨᠤᠲᠤᠭ᠎ᠤᠨ ᠰᠣᠶᠣᠯ ᠪᠣᠯ ᠮᠢᠩᠭᠠᠨ ᠣᠨ᠎ᠤ ᠲᠠᠷᠢᠶᠠᠯᠠᠬᠤ ᠦᠢᠯᠡᠳᠦᠯᠭᠡ᠎ᠶᠢᠨ ᠳᠤᠮᠳᠠ ᠪᠤᠢ ᠪᠣᠯᠤᠭᠰᠠᠨ ᠡᠷᠬᠢᠮ ᠨᠠᠨᠳᠢᠨ ᠤᠶᠤᠨ ᠰᠠᠨᠠᠭᠠᠨ᠎ᠤ ᠡᠬᠢ ᠪᠠᠶᠠᠯᠢᠭ᠋ ᠮᠥᠨ᠃ ᠠᠮᠢ ᠠᠬᠤᠢ᠎ᠶᠢᠨ ᠦᠵᠡᠯᠲᠡ᠂ ᠠᠵᠢᠯᠴᠢ ᠬᠥᠳᠡᠯᠮᠦᠷᠢᠴᠢ ᠠᠷᠪᠢᠴᠢ ᠭᠠᠮᠲᠠᠢ ᠠᠮᠢᠳᠤᠷᠠᠯ᠎ᠤᠨ ᠦᠵᠡᠯᠲᠡ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠨᠡᠢᠭᠡᠮ᠎ᠦᠨ ᠦᠵᠡᠯᠲᠡ ᠵᠡᠷᠭᠡ ᠨᠢ ᠳᠤᠮᠳᠠᠳᠤ᠎ᠶᠢᠨ ᠪᠣᠯᠪᠠᠰᠤᠨ᠎ᠤ ᠲᠠᠪᠤᠨ ᠮᠢᠩᠭ᠎ᠠ ᠭᠠᠷᠤᠢ ᠵᠢᠯ ᠦᠷᠭᠦᠯᠵᠢᠯᠡᠭᠰᠡᠨ ᠤᠶᠤᠨ ᠰᠠᠨᠠᠭᠠᠨ ᠎ᠤ ᠳᠡᠪᠢᠰᠭᠡᠷ ᠥᠩᠭᠡ᠎ᠶᠢ ᠬᠠᠮᠲᠤ᠎ᠪᠠᠷ ᠪᠦᠷᠢᠯᠳᠦᠭᠦᠯᠵᠡᠢ᠃ ᠭᠠᠭᠴᠠ ᠬᠦ᠌ ᠨᠤᠲᠤᠭ᠎ᠤᠨ ᠰᠢᠯᠢᠳᠡᠭ ᠰᠣᠶᠣᠯ ᠎ᠢ ᠰᠠᠢᠲᠤᠷ ᠰᠠᠬᠢᠨ ᠬᠠᠮᠠᠭᠠᠯᠠᠵᠤ᠂ ᠰᠠᠢᠲᠤᠷ ᠤᠯᠠᠮᠵᠢᠯᠠᠵᠤ᠂ ᠰᠠᠢᠲᠤᠷ ᠬᠥᠭᠵᠢᠭᠦᠯᠪᠡᠯ ᠰᠠᠶᠢ ᠨᠤᠲᠤᠭ᠎ᠤᠨ ᠵᠠᠩ ᠰᠤᠷᠲᠠᠯ᠎ᠤᠨ ᠪᠣᠯᠪᠠᠰᠤᠨ᠎ᠤ ᠪᠠᠢᠭᠤᠯᠤᠯᠲᠠ᠎ᠳᠤ ᠲᠠᠰᠤᠷᠠᠯᠳᠡ ᠦᠭᠡᠢ ᠰᠣᠶᠣᠯ᠎ᠤᠨ ᠬᠥᠳᠡᠯᠭᠡᠬᠦ ᠬᠦᠴᠦᠨ ᠨᠡᠮᠡᠷᠢᠯᠡᠵᠦ ᠴᠢᠳᠠᠨ᠎ᠠ᠃

ᠨᠤᠲᠤᠭ᠎ᠤᠨ ᠰᠣᠶᠣᠯ᠎ᠤᠨ ᠰᠤᠳᠠᠰᠤ᠎ᠶᠢ ᠬᠠᠮᠠᠭᠠᠯᠠᠵᠤ᠂ ᠬᠥᠳᠡᠭᠡ ᠲᠣᠰᠬᠣᠨ᠎ᠤ ᠳᠤᠷᠠᠰᠤᠮᠵᠢ ᠵᠢ ᠮᠦᠨᠭᠭᠡᠷᠡᠬᠦᠯᠦᠨ᠎ᠡ᠃ ᠣᠳᠣᠬᠠᠨ᠎ᠳᠤ᠂ ᠬᠣᠲᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ ᠠᠯᠬᠤᠴᠠ᠎ᠶᠢᠨ ᠲᠦᠷᠭᠡᠳᠬᠦ᠎ᠶᠢ ᠳᠠᠭᠠᠯᠳᠤᠨ᠂ ᠬᠡᠰᠡᠭ ᠬᠥᠳᠡᠭᠡ ᠲᠣᠰᠬᠣᠨ᠎ᠤ ᠤᠯᠠᠮᠵᠢᠯᠠᠯᠲᠤ ᠰᠣᠶᠣᠯ ᠠᠭᠠᠵᠢᠮ᠎ᠢᠶᠠᠷ ᠰᠤᠯᠠᠷᠠᠵᠤ᠂ ᠨᠤᠲᠤᠭ᠎ᠤᠨ ᠳᠤᠷᠠᠰᠤᠮᠵᠢ ᠠᠭᠠᠵᠢᠮ᠎ᠢᠶᠠᠷ ᠠᠯᠳᠠᠭᠳᠠᠵᠤ ᠪᠠᠢᠨ᠎ᠠ᠃ ᠨᠤᠲᠤᠭ᠎ᠤᠨ ᠰᠣᠶᠣᠯ᠎ᠢ ᠬᠠᠮᠠᠭᠠᠯᠠᠨ ᠤᠯᠠᠮᠵᠢᠯᠠᠬᠤ ᠠᠵᠢᠯ᠎ᠢ ᠰᠠᠢᠲᠤᠷ ᠬᠢᠬᠦ᠎ᠳᠦ᠂ ᠨᠤᠲᠤᠭ᠎ᠤᠨ ᠠᠷᠠᠳ᠎ᠤᠨ ᠵᠠᠩ ᠦᠢᠯᠡ᠎ᠶᠢᠨ ᠰᠣᠶᠣᠯ᠂ ᠤᠯᠠᠮᠵᠢᠯᠠᠯᠲᠤ ᠤᠷ᠎ᠠ ᠮᠡᠷᠭᠡᠰᠢᠯ᠂ ᠡᠷᠲᠡᠨ᠎ᠦ ᠠᠷᠠᠳ᠎ᠤᠨ ᠣᠷᠣᠨ ᠰᠠᠭᠤᠴᠠ᠂ ᠲᠠᠷᠢᠶᠠᠯᠠᠬᠤ ᠰᠣᠶᠣᠯ ᠵᠡᠷᠭᠡ ᠣᠨᠴᠠᠯᠢᠭ᠍ᠲᠤ ᠡᠬᠢ ᠪᠠᠶᠠᠯᠢᠭ᠋᠎ᠢ ᠪᠦᠬᠦ ᠲᠠᠯ᠎ᠠ᠎ᠪᠠᠷ ᠣᠢᠯᠠᠭᠠᠨ ᠡᠮᠬᠢᠯᠡᠵᠦ᠂ ᠨᠤᠲᠤᠭ᠎ᠤᠨ ᠰᠣᠶᠣᠯ᠎ᠢ ᠬᠠᠮᠠᠭᠠᠯᠠᠨ ᠤᠯᠠᠮᠵᠢᠯᠠᠬᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠬᠦ ᠬᠡᠷᠡᠭᠲᠡᠢ᠃

ᠰᠣᠶᠣᠯ᠎ᠤᠨ ᠦᠢᠯᠡᠴᠢᠯᠡᠭᠡ᠎ᠶᠢ ᠰᠢᠯᠢᠳᠡᠭᠵᠢᠭᠦᠯᠵᠦ᠂ ᠤᠶᠤᠨ᠎ᠤ ᠠᠮᠢᠳᠤᠷᠠᠯ᠎ᠢ ᠪᠠᠶᠠᠯᠢᠭ᠍ᠵᠢᠭᠤᠯᠤᠨ᠎ᠠ᠃ ᠤᠯᠠᠨ ᠲᠦᠮᠡᠨ᠎ᠦ ᠤᠶᠤᠨ᠎ᠤ ᠰᠣᠶᠣᠯ᠎ᠤᠨ ᠬᠡᠷᠡᠭᠴᠡᠭᠡ᠎ᠶᠢ ᠬᠠᠩᠭᠠᠬᠤ ᠪᠣᠯ ᠦᠨᠳᠦᠰᠦᠨ ᠱᠠᠲᠤᠨ᠎ᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠢᠯᠡ ᠲᠣᠳᠣ᠌ ᠰᠠᠭᠤᠷᠢ ᠥᠩᠭᠡ ᠮᠥᠨ᠂ ᠠᠯᠢᠪᠠ ᠰᠣᠶᠣᠯ᠎ᠤᠨ ᠪᠠᠢᠭᠤᠯᠤᠯᠲᠠ᠎ᠶᠢᠨ ᠠᠵᠢᠯ᠎ᠢ ᠴᠥᠮ ᠤᠯᠠᠨ ᠲᠦᠮᠡᠨ᠎ᠦ ᠪᠣᠳᠠᠲᠤ ᠬᠡᠷᠡᠭᠴᠡᠭᠡ᠎ᠳᠦ ᠰᠠᠭᠤᠷᠢᠯᠠᠨ ᠠᠷᠭ᠎ᠠ ᠰᠦᠪᠡᠭᠴᠢᠯᠡᠨ ᠠᠬᠢᠭᠤᠯᠬᠤ ᠬᠡᠷᠡᠭᠲᠡᠢ᠃ ᠣᠳᠣᠬᠠᠨ᠎ᠳᠤ ᠬᠥᠳᠡᠭᠡ ᠲᠣᠰᠬᠣᠨ᠎ᠤ ᠰᠣᠶᠣᠯ᠎ᠤᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ ᠪᠠᠢᠭ᠎ᠠ ᠪᠣᠯᠪᠠᠴᠤ ᠰᠣᠶᠣᠯ᠎ᠤᠨ ᠠᠵᠢᠯᠯᠠᠭ᠎ᠠ᠎ᠶᠢᠨ ᠬᠡᠯᠪᠡᠷᠢ ᠨᠢ ᠲᠠᠩ ᠴᠤᠯᠭᠤᠢ᠂ ᠰᠢᠯᠢᠳᠡᠭ ᠰᠣᠶᠣᠯ᠎ᠤᠨ ᠠᠭᠤᠯᠭ᠎ᠠ᠎ᠶᠢᠨ ᠬᠠᠩᠭᠠᠯᠭ᠎ᠠ ᠬᠦᠷᠦᠯᠴᠡᠬᠦ ᠦᠭᠡᠢ᠂ ᠵᠢᠭ᠍ᠰᠠᠭᠠᠯ᠎ᠤᠨ ᠭᠠᠵᠠᠷ᠎ᠤᠨ ᠠᠰᠢᠭ᠍ᠯᠠᠯᠲᠠ᠎ᠶᠢᠨ ᠦᠷ᠎ᠡ ᠪᠦᠲᠦᠮᠵᠢ ᠥᠨᠳᠥᠷ ᠪᠢᠰᠢ ᠵᠡᠷᠭᠡ ᠪᠣᠳᠠᠲᠤ ᠠᠰᠠᠭᠤᠳᠠᠯ ᠮᠥᠨ ᠣᠷᠣᠰᠢᠭ᠍ᠰᠠᠭᠠᠷ ᠪᠠᠢᠨ᠎ᠠ᠃ ᠡᠢᠮᠦ᠎ᠡᠴᠡ ᠬᠥᠳᠡᠭᠡ ᠲᠣᠰᠬᠣᠨ᠎ᠤ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠣᠶᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠡᠷᠡᠭᠦᠯ ᠬᠠᠮᠠᠭᠠᠯᠠᠯ《ᠭᠤᠷᠪᠠ᠎ᠶᠢ ᠬᠥᠳᠡᠭᠡ ᠪᠠᠭᠤᠯᠭᠠᠬᠤ》ᠰᠢᠷᠢᠰ ᠠᠵᠢᠯᠯᠠᠭ᠎ᠠ᠎ᠶᠢ ᠥᠷᠨᠢᠭᠦᠯᠵᠦ᠂ ᠬᠥᠳᠡᠭᠡ ᠲᠣᠰᠬᠣᠨ᠎ᠤ ᠲᠣᠮᠣ᠌ ᠲᠠᠪᠴᠠᠩ᠂ ᠰᠣᠶᠣᠯ᠎ᠤᠨ ᠠᠵᠢᠯᠯᠠᠭᠠᠨ᠎ᠤ ᠥᠷᠥᠭᠡ᠂ ᠲᠠᠷᠢᠶᠠᠴᠢᠨ ᠠᠢᠯ᠎ᠤᠨ ᠨᠣᠮ᠎ᠤᠨ ᠥᠷᠥᠭᠡ ᠵᠡᠷᠭᠡ ᠠᠷᠠᠳ᠎ᠲᠤ ᠠᠰᠢᠭ᠋ ᠬᠦᠷᠲᠡᠭᠡᠬᠦ ᠵᠢᠭ᠍ᠰᠠᠭᠠᠯ᠎ᠤᠨ ᠭᠠᠵᠠᠷ᠎ᠢ ᠰᠠᠢᠲᠤᠷ ᠬᠡᠷᠡᠭᠯᠡᠨ᠂ ᠰᠣᠶᠣᠯ᠎ᠤᠨ ᠡᠬᠢ ᠪᠠᠶᠠᠯᠢᠭ᠋᠎ᠢ ᠳᠣᠷᠣᠭ᠍ᠰᠢ ᠪᠠᠭᠤᠯᠭᠠᠬᠤ ᠪᠠ ᠲᠣᠰ ᠭᠠᠵᠠᠷ ᠣᠷᠣᠨ᠎ᠤ ᠰᠣᠶᠣᠯ᠎ᠢ ᠪᠣᠢᠵᠢᠭᠤᠯᠬᠤ᠎ᠶᠢᠨ ᠬᠣᠣᠰ ᠴᠢᠭᠯᠡᠯ᠎ᠢᠶᠡᠷ ᠬᠦᠴᠦᠯᠡᠬᠦ᠎ᠶᠢ ᠪᠠᠷᠢᠮᠲᠠᠯᠠᠵᠤ᠂ ᠤᠯᠠᠮᠵᠢᠯᠠᠯᠲᠤ ᠪᠠᠶᠠᠷ᠎ᠤᠨ ᠡᠳᠦᠷ᠂ ᠲᠠᠷᠢᠶᠠᠯᠠᠩ᠎ᠤᠨ ᠰᠡᠯᠡᠭᠦᠦ ᠴᠠᠭ᠎ᠢ ᠠᠰᠢᠬᠯᠠᠨ 《ᠬᠦᠳᠡᠭᠡ ᠲᠣᠰᠬᠣᠨ᠎ᠤ ᠴᠠᠭᠠᠨ ᠰᠠᠷ᠎ᠠ ᠵᠢᠨ ᠦᠳᠡᠰᠢᠯᠡᠭᠡ》᠂《ᠬᠦᠳᠡᠭᠡ ᠲᠣᠰᠬᠣᠨ᠎ᠤ ᠬᠦᠯ ᠪᠦᠮᠪᠦᠬᠡ ᠵᠢᠨ ᠬᠡᠳᠦ ᠳᠡᠰ᠎ᠤᠨ ᠬᠤᠯᠪᠤᠭᠠᠳᠤ ᠤᠷᠤᠯᠳᠤᠭᠠᠨ》 ᠵᠡᠷᠭᠡ ᠣᠯᠠᠨ ᠲᠦᠮᠡᠨᠴᠢ ᠴᠢᠨᠠᠷᠲᠠᠢ ᠰᠣᠶᠣᠯ ᠲᠠᠮᠢᠷ᠎ᠤᠨ ᠠᠵᠢᠯᠯᠠᠭ᠎ᠠ᠎ᠶᠢ ᠥᠷᠨᠢᠭᠦᠯᠵᠦ᠂ ᠣᠯᠠᠨ ᠲᠦᠮᠡᠨ᠎ᠦ ᠣᠶᠤᠨ᠎ᠤ ᠰᠣᠶᠣᠯ᠎ᠤᠨ ᠠᠮᠢᠳᠤᠷᠠᠯ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃

ᠰᠣᠶᠣᠯ᠎ᠤᠨ ᠪᠠ ᠠᠵᠤ ᠦᠢᠯᠡᠰ᠎ᠦᠨ ᠠᠭᠤᠰᠤᠯᠴᠠᠯ ᠎ᠢ ᠠᠬᠢᠭᠤᠯᠵᠤ᠂ ᠬᠥᠭᠵᠢᠯᠲᠡ᠎ᠶᠢᠨ ᠠᠷᠭ᠎ᠠ ᠵᠠᠮ᠎ᠢ ᠥᠷᠭᠡᠳᠬᠡᠨ᠎ᠡ᠃ ᠭᠦᠨ ᠵᠤᠵᠠᠭᠠᠨ ᠰᠣᠶᠣᠯ᠎ᠤᠨ ᠠᠭᠤᠯᠬᠤᠨ ᠨᠢ ᠬᠥᠳᠡᠭᠡ ᠲᠣᠰᠬᠣᠨ᠎ᠤ ᠠᠵᠤ ᠦᠢᠯᠡᠰ᠎ᠦᠨ ᠬᠥᠭᠵᠢᠯᠲᠡ᠎ᠶᠢᠨ ᠠᠭᠤᠯᠤᠭᠳᠠᠬᠤᠨ᠎ᠢ ᠳᠡᠭᠡᠭᠰᠢᠯᠡᠭᠦᠯᠵᠦ ᠴᠢᠳᠠᠨ᠎ᠠ᠂ ᠬᠥᠭᠵᠢᠨ ᠪᠠᠳᠠᠷᠠᠭᠰᠠᠨ ᠬᠥᠳᠡᠭᠡ ᠲᠣᠰᠬᠣᠨ᠎ᠤ ᠠᠵᠤ ᠦᠢᠯᠡᠰ ᠨᠢ ᠴᠦ᠍ ᠰᠣᠶᠣᠯ᠎ᠢ ᠤᠯᠠᠮᠵᠢᠯᠠᠨ ᠬᠥᠭᠵᠢᠭᠦᠯᠬᠦ᠎ᠳᠦ ᠪᠠᠲᠤ ᠪᠡᠬᠢ ᠪᠣᠳᠠᠰ᠎ᠤᠨ ᠲᠤᠯᠭᠠᠭᠤᠷᠢᠯᠠᠯ ᠬᠠᠩᠭᠠᠵᠤ ᠴᠢᠳᠠᠨ᠎ᠠ᠃ ᠬᠥᠳᠡᠭᠡ ᠲᠣᠰᠬᠣᠨ᠎ᠤ ᠠᠮᠢ ᠠᠬᠤᠢ᠎ᠶᠢᠨ ᠳᠠᠪᠠᠭᠤᠯᠢᠭ᠋᠂ ᠠᠷᠠᠳ᠎ᠤᠨ ᠵᠠᠩ ᠦᠢᠯᠡ᠎ᠶᠢᠨ ᠣᠨᠴᠠᠯᠢᠭ᠋᠂ ᠲᠠᠷᠢᠶᠠᠯᠠᠩ᠎ᠤᠨ ᠡᠬᠢ ᠪᠠᠶᠠᠯᠢᠭ᠋᠎ᠲᠤ ᠰᠠᠭᠤᠷᠢᠯᠠᠵᠤ᠂ ᠭᠠᠵᠠᠷ ᠣᠷᠣᠨ᠎ᠤ ᠪᠠᠢᠳᠠᠯ᠎ᠳᠤ ᠲᠣᠬᠢᠷᠠᠭᠤᠯᠤᠨ ᠲᠠᠷᠢᠶᠠᠯᠠᠬᠤ᠎ᠶᠢ ᠪᠡᠶᠡᠴᠢᠯᠡᠨ ᠣᠢᠯᠠᠭᠠᠬᠤ᠂ ᠠᠷᠠᠳ᠎ᠤᠨ ᠵᠠᠩ ᠦᠢᠯᠡ᠎ᠶᠢ ᠰᠤᠳᠤᠯᠤᠨ ᠰᠤᠷᠤᠯᠴᠠᠬᠤ᠂ ᠬᠥᠳᠡᠭᠡ ᠲᠣᠰᠬᠣᠨ᠎ᠤ ᠰᠡᠯᠡᠭᠦᠴᠡᠯ ᠵᠢᠭᠤᠯᠴᠢᠯᠠᠯ ᠵᠡᠷᠭᠡ ᠣᠨᠴᠠᠯᠢᠭ᠍ᠲᠤ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠬᠥᠭᠵᠢᠭᠦᠯᠵᠦ᠂《ᠨᠢᠭᠡ ᠲᠣᠰᠬᠣᠨ ᠨᠢᠭᠡ ᠪᠦᠲᠦᠭᠡᠭᠳᠡᠬᠦᠨ》᠂ 《ᠨᠢᠭᠡ ᠰᠢᠶᠠᠩ ᠨᠢᠭᠡ ᠦᠢᠯᠡᠰ》 ᠎ᠢ᠋ ᠡᠭᠦᠳᠴᠦ᠂ ᠰᠤᠯᠠ ᠲᠠᠯᠪᠢᠭ᠍ᠳᠠᠵᠤ ᠪᠠᠢᠭ᠎ᠠ ᠨᠤᠲᠤᠭ᠎ᠤᠨ ᠰᠣᠶᠣᠯ᠎ᠤᠨ ᠡᠬᠢ ᠪᠠᠶᠠᠯᠢᠭ᠋᠎ᠢ ᠦᠨᠡᠨ ᠪᠣᠳᠠᠲᠠᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠲᠡᠢ᠃

ᠵᠠᠩ ᠵᠠᠨᠭᠰᠢᠯ᠎ᠢ ᠥᠭᠡᠷᠡᠴᠢᠯᠡᠬᠦ᠎ᠶᠢ ᠠᠬᠢᠭᠤᠯᠵᠤ᠂ ᠬᠥᠳᠡᠭᠡ ᠲᠣᠰᠬᠣᠨ᠎ᠤ ᠨᠡᠢᠭᠡᠮ ᠎ᠦᠨ ᠬᠡᠪ ᠰᠤᠷᠲᠠᠯ᠎ᠢ ᠦᠷᠭᠦᠯᠵᠢᠯᠡᠨ ᠴᠡᠪᠡᠷᠰᠢᠭᠦᠯᠦᠨ᠎ᠡ

ᠶᠡᠷᠦᠩᠬᠡᠢ ᠱᠦᠵᠢ ᠰᠢ᠎ᠶᠢᠨ ᠫᠢᠩ ᠴᠢᠬᠤᠯᠠᠴᠢᠯᠠᠬᠤ᠎ᠳᠠᠭᠠᠨ᠄《ᠨᠡᠢᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶᠢ ᠴᠢᠩᠭᠠᠳᠬᠠᠵᠤ᠂ ᠬᠥᠳᠡᠭᠡ ᠲᠣᠰᠬᠣᠨ ᠎ᠤ ᠦᠵᠡᠯ ᠰᠠᠨᠠᠭ᠎ᠠ ᠶᠣᠰᠣ᠌ ᠮᠣᠷᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠨᠡᠢᠭᠡᠮ ᠵᠢᠷᠤᠮ᠎ᠤᠨ ᠭᠣᠣᠯᠯᠠᠬᠴᠢ ᠦᠷᠳᠡᠭ᠎ᠦᠨ ᠦᠵᠡᠯᠲᠡ᠎ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ᠎ᠤ ᠮᠡᠳᠡᠯᠭᠡ᠎ᠶᠢ ᠲᠦᠭᠡᠮᠡᠯᠵᠢᠭᠦᠯᠵᠦ᠂ ᠬᠥᠳᠡᠭᠡ ᠲᠣᠰᠬᠣᠨ᠎ᠤ ᠵᠠᠩ ᠳᠠᠳᠬᠠᠯ ᠎ᠢ ᠥᠭᠡᠷᠡᠴᠢᠯᠡᠬᠦ᠎ᠶᠢ ᠠᠬᠢᠭᠤᠯᠵᠤ᠂ ᠬᠥᠳᠡᠭᠡ ᠲᠣᠰᠬᠣᠨ᠎ᠤ ᠪᠣᠯᠪᠠᠰᠤᠨ ᠰᠤᠷᠲᠠᠯ᠂ ᠰᠠᠢᠨ ᠰᠠᠢᠬᠠᠨ ᠭᠡᠷ ᠎ᠦᠨ ᠰᠤᠷᠲᠠᠯ᠂ ᠡᠭᠡᠯ ᠪᠣᠷᠣᠭᠵᠢᠭᠤᠨ ᠠᠷᠠᠳ ᠎ᠤᠨ ᠰᠤᠷᠲᠠᠯ ᠎ᠢ ᠪᠤᠢ ᠪᠣᠯᠭᠠᠬᠤ᠎ᠶᠢ ᠠᠬᠢᠭᠤᠯᠬᠤ ᠬᠡᠷᠡᠭᠲᠡᠢ》ᠭᠡᠵᠡᠢ᠃ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠠᠬᠢᠭᠤᠯᠬᠤ᠎ᠳᠤ᠂ ᠪᠣᠯᠪᠠᠰᠤᠨ ᠰᠢᠨ᠎ᠡ ᠰᠤᠷᠲᠠᠯ ᠎ᠢ ᠪᠤᠢ ᠪᠣᠯᠭᠠᠬᠤ᠎ᠶᠢ ᠬᠥᠳᠡᠭᠡ ᠲᠣᠰᠬᠣᠨ᠎ᠤ ᠬᠡᠪ ᠰᠤᠷᠲᠠᠯ᠎ᠢ ᠴᠡᠪᠡᠷᠰᠢᠭᠦᠯᠬᠦ᠂ ᠬᠥᠳᠡᠭᠡ ᠲᠣᠰᠬᠣᠨ ᠎ᠤ ᠬᠡᠪ ᠰᠤᠷᠲᠠᠯ᠎ᠤᠨ ᠪᠣᠯᠪᠠᠰᠤᠨ᠎ᠤ ᠲᠦᠪᠰᠢᠨ᠎ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠬᠤ ᠬᠡᠷᠡᠭᠲᠡᠢ᠃

ᠰᠢᠯᠢᠳᠡᠭ ᠭᠡᠷ᠎ᠦᠨ ᠰᠤᠷᠲᠠᠯ᠎ᠢ ᠪᠣᠢᠵᠢᠭᠤᠯᠵᠤ᠂ ᠦᠨᠳᠦᠰᠦᠨ ᠱᠠᠲᠤᠨ᠎ᠤ ᠰᠠᠭᠤᠷᠢ᠎ᠶᠢ ᠪᠠᠲᠤᠳᠬᠠᠨ᠎ᠠ᠃ ᠭᠡᠷ᠎ᠦᠨ ᠰᠤᠷᠲᠠᠯ᠎ᠤᠨ ᠪᠠᠢᠭᠤᠯᠤᠯᠲᠠ ᠨᠢ ᠤᠯᠠᠨ ᠲᠦᠮᠡᠨ᠎ᠦ ᠠᠮᠢᠳᠤᠷᠠᠯ᠎ᠳᠤ ᠣᠶ᠋ᠢᠷᠠᠳᠴᠤ᠂ ᠪᠣᠳᠠᠲᠠᠢ᠎ᠳᠤ ᠨᠠᠢᠳᠠᠪᠤᠷᠢᠵᠢᠭᠤᠯᠤᠨ ᠦᠢᠯᠡᠳᠦᠯᠭᠡᠵᠢᠭᠦᠯᠬᠦ᠎ᠳᠦ ᠠᠮᠠᠷᠬᠠᠨ᠂ ᠪᠣᠯᠪᠠᠰᠤᠨ ᠬᠥᠳᠡᠭᠡ ᠲᠣᠰᠬᠣᠨ᠎ᠤ ᠰᠤᠷᠲᠠᠯ᠎ᠤᠨ ᠪᠠᠢᠭᠤᠯᠤᠯᠲᠠ᠎ᠶᠢ ᠠᠬᠢᠭᠤᠯᠬᠤ᠎ᠶᠢᠨ ᠬᠠᠮᠤᠭ᠎ᠤᠨ ᠦᠨᠳᠦᠰᠦᠨ ᠤᠯᠠᠨ ᠲᠦᠮᠡᠨ᠎ᠲᠠᠢ ᠣᠢᠷᠠᠳᠬᠤ᠎ᠶᠢᠨ ᠭᠠᠷᠳᠠᠴᠠ ᠴᠡᠭ ᠮᠥᠨ᠃ ᠲᠤᠰ ᠭᠠᠵᠠᠷ ᠣᠷᠣᠨ᠎ᠤ᠎ᠪᠠᠨ ᠰᠢᠯᠢᠳᠡᠭ ᠭᠡᠷ᠎ᠦᠨ ᠰᠤᠷᠲᠠᠯ ᠰᠤᠷᠭᠠᠯ᠎ᠢ ᠭᠦᠨᠵᠡᠭᠡᠢ ᠠᠭᠤᠳᠠᠯᠤᠨ ᠤᠯᠠᠮᠵᠢᠯᠠᠵᠤ᠂ ᠭᠡᠷ᠎ᠦᠨ ᠰᠤᠷᠲᠠᠯ᠎ᠢ ᠤᠬᠠᠭᠤᠯᠤᠨ ᠲᠠᠢᠯᠪᠤᠷᠢᠯᠠᠬᠤ᠂ ᠭᠡᠷ᠎ᠦᠨ ᠰᠤᠷᠲᠠᠯ᠎ᠢ ᠬᠤᠪᠢᠶᠠᠯᠴᠠᠬᠤ᠂ ᠭᠡᠷ ᠪᠦᠯᠢ᠎ᠶᠢᠨ ᠰᠠᠢᠨ ᠰᠠᠢᠬᠠᠨ ᠶᠣᠰᠣ᠌ ᠮᠣᠷᠠᠯ᠎ᠢ ᠤᠬᠠᠭᠤᠯᠬᠤ ᠵᠡᠷᠭᠡ ᠭᠣᠣᠯ ᠰᠡᠳᠦᠪᠲᠦ ᠠᠵᠢᠯᠯᠠᠭ᠎ᠠ᠎ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠡᠶ᠎ᠡ ᠨᠠᠢᠷᠲᠠᠢ ᠭᠡᠷ ᠪᠦᠯᠢ ᠂ ᠡᠯᠪᠡᠷᠢᠯᠲᠦ ᠭᠡᠷ ᠪᠦᠯᠢ ᠵᠡᠷᠭᠡ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠪᠠᠢᠩᠭᠤᠵᠢᠭᠤᠯᠤᠨ ᠰᠢᠯᠭᠠᠷᠠᠭᠤᠯᠤᠨ ᠬᠥᠬᠢᠭᠦᠯᠵᠦ᠂ ᠪᠣᠯᠪᠠᠰᠤᠨ ᠲᠣᠰᠬᠣᠨ ᠪᠠᠯᠭᠠᠰᠤ᠂ ᠪᠣᠯᠪᠠᠰᠤᠨ ᠭᠡᠷ ᠪᠦᠯᠢ ᠵᠡᠷᠭᠡ᠎ᠶᠢ ᠡᠭᠦᠳᠦᠨ ᠪᠠᠶ᠋ᠢᠭᠤᠯᠬᠤ ᠠᠵᠢᠯᠯᠠᠭ᠎ᠠ᠎ᠶᠢ ᠭᠦᠨᠵᠡᠭᠡᠢ ᠥᠷᠨᠢᠭᠦᠯᠬᠦ ᠬᠡᠷᠡᠭᠲᠡᠢ᠃

ᠬᠢᠵᠠᠭᠠᠷᠯᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠪᠣᠯᠪᠠᠰᠤᠨ ᠰᠢᠨ᠎ᠡ ᠬᠡᠪ ᠰᠤᠷᠲᠠᠯ᠎ᠢ ᠪᠤᠢ ᠪᠣᠯᠭᠠᠨ᠎ᠠ᠃ ᠬᠡᠪ ᠰᠤᠷᠲᠠᠯ ᠢ᠋ ᠴᠡᠭᠴᠡᠯᠡᠨ ᠵᠠᠰᠠᠬᠤ ᠎ᠳᠤ ᠪᠠᠢᠩᠭᠤ  ᠶ᠋ᠢᠨ ᠪᠠ ᠤᠷᠲᠤ ᠬᠤᠭᠤᠴᠠᠭ᠎ᠠ ᠪᠦᠲᠦᠮᠵᠢᠲᠡᠢ  ᠪᠠᠢᠬᠤ ᠶ᠋ᠢ ᠴᠢᠬᠤᠯᠠᠴᠢᠯᠠᠬᠤ ᠬᠡᠷᠡᠭᠲᠡᠢ᠂ ᠨᠢᠭᠡ ᠴᠠᠭ᠎ᠤᠨ ᠤᠬᠠᠭᠤᠯᠭ᠎ᠠ ᠢᠳᠬᠠᠯ ᠨᠢ ᠤᠷᠲᠤ ᠬᠤᠭᠤᠴᠠᠭᠠᠨ᠎ᠤ ᠲᠤᠷᠰᠢ ᠪᠤᠶ ᠪᠣᠯᠤᠭᠰᠠᠨ ᠤᠤᠯ ᠎ᠤᠨ ᠵᠠᠩ ᠵᠠᠨᠭᠰᠢᠯ  ᠢ᠋ ᠲᠤᠢᠯᠪᠤᠷᠢᠲᠠᠢ ᠬᠤᠪᠢᠷᠠᠭᠤᠯᠵᠤ ᠴᠢᠳᠠᠬᠤ ᠦᠭᠡᠢ᠂ ᠭᠠᠭᠴᠠ ᠬᠦ᠌ ᠪᠣᠳᠠᠲᠤ ᠠᠵᠢᠯᠯᠠᠭ᠎ᠠ ᠶ᠋ᠢ ᠡᠷᠬᠢᠮᠯᠡᠨ ᠠᠰᠢᠬᠲᠠᠢ ᠳᠦᠷᠢᠮ᠎ᠦᠨ ᠲᠣᠭᠲᠠᠴᠠ  ᠶ᠋ᠢ ᠲᠡᠭᠦᠯᠳᠡᠷᠵᠢᠭᠦᠯᠦᠨ ᠰᠠᠢᠵᠢᠷᠠᠭᠤᠯᠪᠠᠯ ᠰᠠᠶᠢ ᠪᠣᠯᠪᠠᠰᠤᠨ ᠰᠢᠨ᠎ᠡ ᠰᠤᠷᠲᠠᠯ  ᠢ᠋ ᠬᠥᠳᠡᠭᠡ ᠲᠣᠰᠬᠣᠨ᠎ᠳᠤ ᠥᠨᠢ ᠤᠳᠠᠭᠠᠨ ᠦᠨᠳᠦᠰᠦᠯᠡᠭᠦᠯᠵᠦ ᠴᠢᠳᠠᠨ᠎ᠠ᠃ ᠬᠥᠳᠡᠭᠡ ᠲᠣᠰᠬᠣᠨ᠎ᠤ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠠᠷᠠᠳ ᠤᠯᠠᠨ᠎ᠤ ᠪᠣᠳᠠᠲᠤ ᠬᠡᠷᠡᠭᠴᠡᠭᠡ ᠪᠣᠯᠣᠨ ᠰᠡᠳᠬᠢᠴᠡ᠎ᠶᠢᠨ ᠲᠥᠷᠥᠭᠳᠡᠯ ᠎ᠢ ᠭᠦᠢᠴᠡᠳ ᠪᠣᠳᠣᠯᠬᠢᠯᠠᠵᠤ᠂ ᠤᠯᠠᠨ ᠲᠦᠮᠡᠨ᠎ᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠪᠠᠲᠤ ᠰᠠᠬᠢᠵᠤ᠂ ᠤᠯᠠᠨ ᠲᠦᠮᠡᠨ᠎ᠦ ᠥᠪᠡᠷᠲᠡᠭᠡᠨ ᠵᠠᠰᠠᠬᠤ ᠬᠦᠴᠦᠨ᠎ᠳᠦ ᠲᠦᠰᠢᠭᠯᠡᠨ ᠡᠳᠦᠷ ᠲᠤᠳᠤᠮ᠎ᠤᠨ ᠦᠭᠡ ᠶᠠᠷᠢᠶ᠎ᠠ ᠦᠢᠯᠡ ᠠᠵᠢᠯᠯᠠᠭ᠎ᠠ᠎ᠪᠠᠨ ᠵᠢᠷᠤᠮᠵᠢᠭᠤᠯᠵᠤ᠂ ᠪᠣᠯᠪᠠᠰᠤᠨ᠎ᠢᠶᠠᠷ ᠠᠵᠢᠯᠯᠠᠬᠤ᠎ᠶᠢ ᠬᠥᠳᠡᠭᠡ ᠲᠣᠰᠬᠣᠨ᠎ᠤ ᠤᠯᠠᠨ ᠲᠦᠮᠡᠨ᠎ᠦ ᠤᠬᠠᠮᠰᠠᠷᠲᠤ  ᠵᠠᠩᠰᠢᠯ ᠪᠣᠯᠭᠠᠬᠤ  ᠬᠡᠷᠡᠭᠲᠡᠢ᠃

(ᠵᠣᠬᠢᠶᠠᠭ᠍ᠴᠢ᠄ ᠬᠠᠷᠠᠮᠥ᠋ᠷᠡᠨ ᠮᠤᠵᠢ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠣᠨᠣᠯ᠎ᠤᠨ ᠰᠢᠰᠲᠧᠮ᠎ᠦᠨ ᠰᠤᠳᠤᠯᠭᠠᠨ᠎ᠤ ᠲᠥᠪ᠎ᠦᠨ ᠣᠨᠴᠠ ᠤᠷᠢᠭ᠍ᠰᠠᠨ ᠰᠤᠳᠤᠯᠤᠭ᠍ᠴᠢ᠂ ᠴᠢᠴᠢᠬᠠᠷ ᠶᠡᠬᠡ ᠰᠤᠷᠭᠠᠭᠤᠯᠢ᠎ᠶᠢᠨ ᠵᠠᠬᠢᠷᠤᠯ᠂ ᠫᠷᠤᠹᠸᠰᠰᠤᠷ)

                                                —《ᠭᠤᠸᠠᠨᠭᠮᠢᠨᠭ᠌ ᠡᠳᠦᠷ᠎ᠦᠨ ᠰᠣᠨᠢᠨ》 ᠡᠴᠡ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面