2026-10-26 17:03:41
《ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠲᠦᠷᠭᠡᠳᠬᠡᠬᠦ 〈ᠠᠷᠪᠠᠨ ᠲᠠᠪᠤᠳᠤᠭᠠᠷ ᠲᠠᠪᠤᠨ ᠵᠢᠯ〉 ᠤᠨ ᠲᠥᠯᠦᠪᠵᠢᠭᠦᠯᠭᠡ》 ᠳ᠋ᠤ᠌ ᠂ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠤᠨ᠎ᠠ ᠭᠡᠵᠦ ᠲᠣᠳᠣᠷᠬᠠᠢ ᠳᠤᠷᠠᠳᠴᠠᠢ᠃ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ᠎ᠢ ᠬᠦᠭᠵᠢᠬᠦᠯᠬᠦ ᠠᠵᠢᠯᠯᠠᠭ᠎ᠠ᠎ᠶᠢ ᠦᠷᠨᠢᠬᠦᠯᠵᠦ᠂ ᠣᠨᠴᠠᠯᠢᠭ᠍ᠲᠤ ᠲᠠᠷᠢᠵᠤ ᠲᠡᠵᠢᠭᠡᠬᠦ᠂ ᠣᠨᠴᠠᠯᠢᠭ᠍ᠲᠤ ᠢᠳᠡᠭᠡᠨ᠂ ᠣᠨᠴᠠᠯᠢᠭ᠍ᠲᠤ ᠭᠠᠷ ᠤᠷᠠᠯᠠᠯ᠎ᠢ ᠬᠥᠭᠵᠢᠭᠦᠯᠦᠨ᠎ᠡ᠃ ᠦᠵᠦ ᠲᠥᠯᠥᠪᠯᠡᠭᠡ᠎ᠶᠢ ᠨᠠᠢᠳᠠᠪᠤᠷᠢᠵᠢᠭᠤᠯᠤᠭᠰᠠᠨ᠎ᠨᠢ ᠨᠢᠬᠡᠨ ᠢᠯᠡ ᠲᠣᠳᠣ ᠮᠡᠳᠡᠭᠡ ᠵᠠᠩᠬᠢ ᠵᠢ ᠲᠠᠮᠵᠢᠭᠣᠯᠣᠬᠰᠠᠨ ᠪᠠᠢᠨ᠎ᠠ ᠄ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ ᠳᠠᠯᠳᠠ ᠳᠠᠪᠠᠭᠤᠯᠢᠭ᠋ᠪᠠᠢᠬᠰᠠᠨ ᠡᠴᠡ᠎ᠪᠠᠨ ᠪᠣᠳᠠᠲᠤ ᠲᠤᠯᠭᠠᠭᠤᠷᠢᠯᠡᠯ ᠪᠣᠯᠣᠨ ᠬᠤᠪᠢᠷᠠᠵᠤ᠂ ᠠᠷᠠᠳ᠎ᠢ ᠪᠠᠶᠠᠵᠢᠭᠤᠯᠵᠤ ᠣᠷᠣᠯᠭ᠎ᠠ᠎ᠶᠢ ᠨᠡᠮᠡᠭᠳᠡᠭᠦᠯᠬᠦ 《ᠬᠠᠲᠠᠭᠤ ᠲᠤᠯᠭᠠᠭᠤᠷᠢᠯᠠᠯ》 ᠪᠣᠯᠵᠤ ᠪᠠᠢᠨ᠎ᠠ᠃ ᠡᠨᠡ ᠬᠦ᠌ 《ᠬᠠᠲᠠᠭᠤ ᠲᠤᠯᠭᠠᠭᠤᠷᠢᠯᠠᠯ》 ᠨᠢ ᠡᠬᠢ ᠪᠠᠶᠠᠯᠢᠭ᠋ᠵᠢᠡᠨ ᠣᠨᠳᠣᠣᠰᠢᠭᠤᠯᠬᠤ ᠦᠷ᠎ᠡ ᠪᠦᠲᠦᠮᠵᠢ᠎ᠪᠡᠷ ᠲᠣᠭᠳᠠᠭᠠᠬᠳᠠᠬᠤᠪᠡᠷ ᠪᠠᠷᠠᠬᠤ ᠦᠭᠡᠢ ᠪᠠᠰᠠ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠂ ᠴᠢᠳᠠᠪᠤᠷᠢᠲᠠᠨ᠎ᠤ ᠲᠤᠯᠭᠠᠭᠤᠷᠢᠯᠠᠯ ᠪᠣᠯᠣᠨ ᠠᠰᠢᠭ᠋ ᠲᠤᠰᠠ᠎ᠶᠢᠨ ᠬᠣᠯᠪᠣᠭᠠᠯᠠᠯ᠎ᠤᠨ ᠬᠠᠮᠵᠢᠯᠴᠠᠨ ᠬᠦᠴᠦᠯᠡᠬᠦ᠎ᠪᠡᠷ ᠲᠤᠭᠳᠠᠭᠠᠭᠳᠠᠨ᠎ᠠ᠃
ᠡᠯ᠎ᠡ ᠭᠠᠵᠠᠷ᠎ᠤᠨ ᠬᠢᠨ ᠠᠵᠤ ᠦᠢᠯᠡᠰ᠎ᠢ ᠬᠥᠭᠵᠢᠬᠦᠯᠦᠨ ᠮᠠᠨᠳᠣᠭᠣᠯᠬᠣ᠎ᠳᠦ 《ᠨᠤᠲᠤᠭ᠎ᠤᠨ ᠣᠨᠴᠠ ᠭᠠᠷᠤᠯᠲᠠ》 ᠭᠡᠬᠦ ᠦᠭᠡ᠎ᠶᠢ ᠲᠤᠭᠤᠷᠠᠲᠠᠯ᠎ᠠ ᠣᠢᠯᠠᠭᠠᠬᠤ ᠬᠡᠷᠡᠭᠲᠡᠢ᠃ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ᠎ᠦᠨ ᠰᠠᠭᠤᠷᠢ ᠨᠢ ᠲᠡᠭᠦᠨ᠎ᠦ ᠥᠪᠡᠷᠮᠢᠴᠡ ᠣᠷᠣᠨ ᠪᠦᠰᠡ᠎ᠶᠢᠨ ᠴᠢᠨᠠᠷ᠂ ᠰᠣᠶᠣᠯ᠎ᠤᠨ ᠴᠢᠨᠠᠷ ᠪᠠ ᠠᠮᠢ ᠠᠬᠤᠢ᠎ᠶᠢᠨ ᠴᠢᠨᠠᠷ᠎ᠲᠤ ᠪᠤᠢ ᠂ ᠬᠥᠭᠵᠢᠯᠲᠡ᠎ᠶᠢᠨ ᠠᠷᠭ᠎ᠠ ᠵᠠᠮ ᠨᠢ ᠡᠷᠬᠡᠪᠰᠢ 《ᠡᠬᠢ ᠪᠠᠶᠠᠯᠢᠭ᠋ — ᠪᠦᠲᠦᠭᠡᠭᠳᠡᠬᠦᠨ — ᠲᠠᠸᠠᠷ — ᠲᠦᠷᠦᠯ ᠲᠡᠮᠳᠡᠭ》 ᠤᠨ ᠦᠷᠳᠡᠭ᠎ᠦᠨ ᠦᠰᠦᠷᠦᠯᠲᠡ᠎ᠶᠢᠨ ᠵᠢᠮ᠎ᠡ ᠶᠣᠰᠣ᠌᠎ᠶᠢ ᠵᠢᠷᠤᠮᠯᠠᠬᠤ ᠬᠡᠷᠡᠭᠲᠡᠢ᠃ ᠡᠨᠡ ᠬᠦ᠌ ᠦᠰᠦᠷᠦᠯᠲᠡ᠎ᠶᠢ ᠪᠡᠶᠡᠯᠡᠭᠦᠯᠬᠦ᠎ᠳᠦ 《ᠨᠤᠲᠤᠭ᠎ᠤᠨ ᠦᠨᠦᠷ ᠠᠮᠲᠠ》 ᠵᠢ ᠭᠦᠢᠴᠡᠳ ᠢᠯᠡᠷᠡᠬᠦᠯᠵᠦ᠂ 《ᠣᠨᠴᠠᠯᠢᠭ᠋》 ᠢ ᠴᠢᠩᠭᠠᠳᠬᠠᠬᠣ ᠴᠢᠬᠤᠯᠠᠲᠠᠢ᠂ ᠨᠡᠩ ᠤᠯᠠᠨ ᠲᠠᠯ᠎ᠠ᠎ᠪᠠᠷ ᠬᠠᠮᠵᠢᠯᠴᠠᠨ ᠬᠦᠴᠦᠯᠡᠵᠦ᠂ ᠦᠢᠯᠡᠳᠪᠦᠷᠢᠯᠡᠯ᠎ᠡᠴᠡ ᠵᠠᠬ᠎ᠠ ᠳᠡᠯᠭᠡᠭᠦᠷ᠎ᠲᠦ ᠬᠦᠷᠬᠦ ᠦᠷᠳᠡᠭ᠎ᠢ ᠪᠡᠶᠡᠯᠡᠭᠦᠯᠬᠦ ᠵᠠᠮ᠎ᠢ ᠨᠡᠪᠲᠡᠷᠡᠭᠦᠯᠬᠦ ᠴᠢᠬᠤᠯᠠᠲᠠᠢ᠃ ᠢᠩᠭᠢᠪᠡᠯ ᠰᠠᠶᠢ ᠳᠠᠯᠳᠠ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠣᠳᠠᠲᠤ ᠥᠷᠢᠰᠦᠯᠳᠦᠭᠡᠨ᠎ᠦ ᠳᠠᠪᠠᠭᠤᠯᠢᠭ᠋ ᠪᠣᠯᠭᠠᠨ ᠬᠤᠪᠢᠷᠠᠭᠤᠯᠵᠤ ᠴᠢᠳᠠᠨ᠎ᠠ᠃
《ᠨᠤᠲᠤᠭ᠎ᠤᠨ ᠣᠨᠴᠠ ᠭᠠᠷᠤᠯᠲᠠ》 ᠪᠡᠷ ᠲᠠᠷᠢᠶᠠᠴᠢᠳ᠎ᠤᠨ 《ᠵᠣᠭᠣᠰ᠎ᠤᠨ ᠴᠦᠩᠬᠦ》 ᠶ᠋ᠢ ᠲᠦᠭᠳᠦᠢᠯᠭᠡᠬᠦ ᠪᠣᠯ 《ᠬᠠᠲᠠᠭᠤ ᠲᠤᠯᠭᠠᠭᠤᠷᠢᠯᠠᠯ》 ᠤ᠋ᠨ ᠬᠠᠮᠤᠭ᠎ᠤᠨ ᠰᠢᠭᠤᠳ ᠢᠯᠡᠷᠡᠯ ᠪᠣᠯᠣᠨ᠎ᠠ᠃ 《ᠨᠤᠲᠤᠭ᠎ᠤᠨ ᠣᠨᠴᠠ ᠭᠠᠷᠤᠯᠲᠠ 》 ᠵᠢᠨ ᠦᠷᠳᠡᠭ ᠨᠢ ᠪᠦᠲᠦᠭᠡᠭᠳᠡᠬᠦᠨ᠎ᠦ ᠲᠤᠰ ᠪᠡᠶᠡᠳᠦ ᠪᠠᠢᠬᠤ᠎ᠪᠠᠷ ᠪᠠᠷᠠᠬᠤ ᠦᠭᠡᠢ᠂ ᠨᠡᠩ ᠴᠤ᠌ ᠲᠡᠭᠦᠨ᠎ᠦ ᠠᠴᠢᠶᠠᠯᠠᠭᠰᠠᠨ ᠠᠮᠢ ᠠᠬᠤᠢ᠂ ᠰᠣᠶᠣᠯ ᠪᠣᠯᠣᠨ ᠣᠷᠣᠨ ᠪᠦᠰᠡ᠎ᠶᠢᠨ ᠬᠠᠮᠳᠣ ᠵᠢᠨ ᠲᠠᠨᠢᠯᠳᠠ᠎ᠳᠦ ᠪᠠᠢᠨ᠎ᠠ; ᠲᠡᠭᠦᠨ᠎ᠦ ᠠᠵᠤ ᠠᠬᠤᠢ᠎ᠶᠢᠨ ᠥᠷᠲᠡᠭ᠎ᠢ ᠳᠡᠭᠡᠭᠰᠢᠯᠡᠭᠦᠯᠬᠦ᠎ᠶᠢᠨ ᠵᠠᠩᠭᠢᠯᠠᠭ᠎ᠠ ᠨᠢ ᠪᠠᠷᠢᠮᠵᠢᠶᠠᠵᠢᠭᠤᠯᠤᠯᠲᠠ᠂ ᠲᠦᠷᠦᠯ ᠲᠡᠮᠳᠡᠭᠴᠢᠯᠡᠯᠲᠡ᠂ ᠲᠣᠭᠠᠴᠢᠯᠠᠯᠲᠠ᠎ᠶᠢ ᠠᠬᠢᠭᠤᠯᠵᠤ᠂ ᠵᠢᠵᠢᠭ ᠲᠠᠷᠢᠶᠠᠴᠢᠨ ᠡᠷᠦᠬᠡ᠎ᠶᠢ ᠲᠣᠮᠣ᠌ ᠵᠠᠬ᠎ᠠ ᠳᠡᠯᠭᠡᠭᠦᠷ᠎ᠲᠠᠢ ᠵᠤᠯᠭᠠᠭᠤᠯᠬᠤ ᠦᠶ᠎ᠡ᠎ᠳᠦ ᠨᠡᠩ ᠴᠢᠩᠭ᠎ᠠ ᠦᠨ᠎ᠡ ᠵᠥᠪᠯᠡᠬᠦ ᠴᠢᠳᠠᠪᠤᠷᠢ᠎ᠲᠠᠢ ᠪᠣᠯᠭᠠᠬᠤ ᠶᠠᠪᠤᠳᠠᠯ ᠪᠣᠯᠣᠨ᠎ᠠ᠃ ᠵᠢᠱ᠌ᠢᠶᠡᠯᠡᠪᠡᠯ᠂ 《ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ ᠥᠨᠳᠥᠷ ᠪᠠᠷᠢᠮᠵᠢᠶᠠᠲᠤ ᠲᠣᠰᠣᠨ ᠴᠠᠢ᠎ᠶᠢᠨ ᠣᠶ᠎ᠶᠢᠨ ᠪᠦᠲᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠵᠣᠬᠢᠴᠠᠩᠭᠤᠢ ᠬᠥᠭᠵᠢᠯᠲᠡ᠎ᠶᠢ ᠬᠦᠴᠦᠯᠡᠨ ᠰᠠᠢᠲᠤᠷ ᠠᠳᠬᠤᠵᠤ᠂ ᠴᠠᠢ᠎ᠶᠢᠨ ᠲᠣᠰᠣᠨ᠎ᠤ ᠦᠢᠯᠡᠳᠪᠦᠷᠢᠯᠡᠬᠦ ᠴᠢᠳᠠᠪᠤᠷᠢ᠎ᠶᠢ ᠳᠡᠭᠡᠭᠰᠢᠯᠡᠭᠦᠯᠦᠨ᠂ ᠬᠡᠳᠦᠨ ᠵᠠᠭᠤᠨ ᠲᠦᠮᠡᠨ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠎ᠶᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠤᠭᠰᠠᠨ ᠪᠠᠢᠨ᠎ᠠ; ᠬᠤᠰᠢᠭ᠎ᠠ᠎ᠶᠢᠨ 《 ᠳᠠᠷᠢᠬᠤ — ᠡᠳ᠋ᠰᠢᠭᠦᠯᠬᠦ — ᠪᠣᠷᠣᠯᠠᠭᠤᠯᠬᠤ》 ᠪᠥᠬᠥ ᠠᠵᠤ ᠦᠢᠯᠡᠰ᠎ᠦᠨ ᠬᠡᠯᠬᠢᠶ᠎ᠡ ᠲᠣᠳᠣᠷᠬᠠᠢ ᠪᠠᠢᠵᠤ᠂ ᠬᠤᠰᠢᠭ᠎ᠠ᠎ᠶᠢᠨ ᠲᠣᠰᠣ᠌᠂ ᠬᠤᠰᠢᠭ᠎ᠠ᠎ᠶᠢᠨ ᠰᠤᠯᠠ ᠢᠳᠡᠭᠡᠨ ᠵᠡᠷᠭᠡ ᠥᠨᠳᠥᠷ ᠨᠡᠮᠡᠯᠲᠡ ᠥᠷᠲᠡᠭᠲᠦ ᠦᠢᠯᠡᠳᠬᠦᠨ᠎ᠢ ᠨᠡᠭᠡᠭᠡᠨ ᠬᠥᠭᠵᠢᠭᠦᠯᠬᠦ᠎ᠪᠡᠷ ᠳᠠᠮᠵᠢᠭᠤᠯᠤᠨ᠂ ᠬᠡᠳᠦᠨ ᠮᠢᠩᠭᠠᠨ ᠲᠦᠮᠡᠨ ᠬᠥᠳᠡᠭᠡ ᠲᠣᠰᠬᠣᠨ᠎ᠤ ᠬᠥᠮᠥᠨ ᠠᠮᠠ᠎ᠳᠤ ᠠᠰᠢᠭ᠋ ᠬᠦᠷᠲᠡᠭᠡᠭᠰᠡᠨ ᠪᠠᠢᠨ᠎ᠠ᠃ ᠡᠲᠡᠭᠡᠷ ᠠᠵᠤ ᠦᠢᠯᠡᠰ᠎ᠦᠨ ᠦᠢᠯᠡᠳᠦᠯᠭᠡ ᠨᠢ ᠂ 《 ᠨᠤᠲᠤᠭ 》 ᠤᠨ ᠦᠨᠦᠷ ᠠᠮᠲᠠ᠎ᠶᠢ ᠭᠦᠢᠴᠡᠳ ᠢᠯᠡᠷᠡᠬᠦᠯᠵᠦ ᠂ 《 ᠣᠨᠴᠠᠯᠢᠭ᠋ 》 ᠢ ᠬᠦᠴᠦᠷᠬᠡᠭᠵᠢᠭᠦᠯᠵᠦ ᠂ 《 ᠨᠤᠲᠤᠭ᠎ᠤᠨ ᠣᠨᠴᠠ ᠭᠠᠷᠤᠯᠲᠠ 》 ᠶᠢ ᠠᠷᠠᠳ᠎ᠢ ᠪᠠᠶᠠᠵᠢᠭᠤᠯᠵᠤ ᠣᠷᠣᠯᠭ᠎ᠠ᠎ᠶᠢ ᠨᠢ ᠨᠡᠮᠡᠭᠳᠡᠭᠦᠯᠬᠦ 《ᠣᠨᠴᠠᠯᠢᠭ᠍ᠲᠤ ᠳᠠᠪᠠᠭᠤᠯᠢᠭ᠋ ᠠᠵᠤ ᠦᠢᠯᠡᠰ》 ᠪᠣᠯᠭᠠᠵᠤ ᠪᠣᠯᠣᠨ᠎ᠠ ᠭᠡᠳᠡᠭ᠎ᠢ ᠬᠡᠷᠡᠴᠢᠯᠡᠵᠡᠢ᠃
ᠡᠯ᠎ᠡ ᠲᠠᠯ᠎ᠠ᠎ᠶᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠭᠣᠣᠯ ᠴᠣᠭᠴᠠ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠬᠠᠮᠵᠢᠯᠴᠠᠨ ᠬᠠᠮᠲᠤᠷᠠᠯᠴᠠᠬᠤ᠎ᠶᠢ ᠠᠬᠢᠭᠤᠯᠪᠠᠯ ᠰᠠᠶᠢ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠵᠦ ᠴᠢᠳᠠᠨ᠎ᠠ᠃ ᠡᠭᠦᠨ᠎ᠳᠦ᠂ ᠳᠠᠭᠠᠭᠤᠯᠤᠭ᠍ᠴᠢ ᠠᠵᠤ ᠠᠬᠤᠢᠯᠠᠯ ᠪᠣᠯᠣᠨ ᠲᠤᠰᠬᠠᠢ ᠮᠡᠷᠭᠡᠵᠢᠯᠲᠡᠨ᠎ᠦ ᠤᠶᠤᠨ᠎ᠤ ᠬᠥᠮᠥᠷᠭᠡ᠎ᠶᠢ ᠠᠵᠤ ᠦᠢᠯᠡᠰ᠎ᠦᠨ ᠲᠡᠰ ᠲᠡᠪᠰᠢᠯᠳᠡ᠎ᠶᠢᠨ 《ᠬᠣᠣᠰ ᠬᠥᠳᠡᠯᠭᠡᠭᠦᠷ》 ᠪᠣᠯᠭᠠᠬᠤ ᠪᠣᠯ ᠠᠵᠤ ᠦᠢᠯᠡᠰ᠎ᠦᠨ ᠬᠥᠭᠵᠢᠯᠲᠡ᠎ᠶᠢᠨ 《ᠬᠠᠲᠠᠭᠤ ᠲᠤᠯᠭᠠᠭᠤᠷᠢᠯᠠᠯ》 ᠢ ᠪᠠᠲᠤᠳᠬᠠᠬᠤ ᠵᠠᠩᠭᠢᠯᠠᠭ᠎ᠠ᠎ᠶᠢᠨ ᠬᠥᠳᠡᠯᠭᠡᠬᠦ ᠬᠦᠴᠦᠨ ᠪᠣᠯᠣᠨ᠎ᠠ᠃ ᠡᠯ᠎ᠡ ᠭᠠᠵᠠᠷ᠎ᠤᠨ ᠦᠢᠯᠡᠳᠦᠯᠭᠡ᠎ᠡᠴᠡ ᠦᠵᠡᠪᠡᠯ ᠂ ᠴᠥᠭᠡᠨ ᠪᠤᠰᠤ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ ᠨᠢ 《ᠡᠬᠢ ᠪᠠᠶᠠᠯᠢᠭ᠋ ᠪᠠᠢᠭᠠᠳ ᠮᠡᠷᠭᠡᠵᠢᠯ ᠦᠭᠡᠢ᠂ ᠦᠢᠯᠡᠳᠬᠦᠨ ᠪᠠᠢᠭᠠᠳ ᠲᠦᠷᠦᠯ ᠲᠡᠮᠳᠡᠭ ᠦᠭᠡᠢ᠂ ᠦᠢᠯᠡᠳᠪᠦᠷᠢᠯᠡᠯ ᠪᠠᠢᠭᠠᠳ ᠦᠢᠯᠡᠴᠢᠯᠡᠭᠡ ᠦᠭᠡᠢ》 ᠪᠦᠲᠦᠴᠡ᠎ᠶᠢᠨ ᠴᠢᠨᠠᠷᠲᠠᠢ ᠵᠥᠷᠢᠴᠡᠯ᠎ᠳᠦ ᠲᠤᠯᠭᠠᠷᠠᠵᠤ ᠪᠠᠢᠨ᠎ᠠ᠃ ᠡᠨᠡᠬᠦ ᠪᠣᠳᠠᠲᠤ ᠵᠥᠷᠢᠴᠡᠯ᠎ᠢ ᠰᠢᠢᠳᠪᠦᠷᠢᠯᠡᠬᠦ᠎ᠳᠦ ᠤᠯᠠᠨ ᠲᠠᠯ᠎ᠠ᠎ᠪᠠᠷ ᠬᠠᠮᠵᠢᠯᠴᠠᠵᠤ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ ᠬᠡᠷᠡᠭᠲᠡᠢ᠃ ᠳᠠᠭᠠᠭᠤᠯᠤᠭ᠍ᠴᠢ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠢ ᠰᠠᠢᠨ ᠮᠡᠳᠡᠬᠦ ᠳᠠᠪᠠᠭᠤᠯᠢᠭ᠋᠎ᠢ ᠭᠦᠢᠴᠡᠳ ᠪᠠᠳᠠᠷᠠᠭᠤᠯᠤᠨ ᠂ ᠵᠠᠬ᠎ᠠ ᠳᠡᠯᠭᠡᠭᠦᠷ᠎ᠦᠨ ᠮᠡᠳᠡᠭᠡ ᠵᠠᠩᠭᠢ᠎ᠶᠢ ᠬᠤᠷᠴᠠ ᠰᠡᠷᠭᠡᠭ᠎ᠢᠶᠡᠷ ᠡᠵᠡᠮᠰᠢᠵᠦ᠂ ᠲᠦᠷᠦᠯ ᠲᠡᠮᠳᠡᠭ᠎ᠦᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠯᠡᠨ᠂ ᠪᠦᠷᠢᠨ ᠪᠦᠲᠦᠨ ᠬᠠᠩᠭᠠᠯᠭ᠎ᠠ᠎ᠶᠢᠨ ᠬᠡᠯᠬᠢᠶ᠎ᠡ᠎ᠶᠢ ᠪᠠᠶ᠋ᠢᠭᠤᠯᠬᠤ ᠴᠢᠳᠠᠪᠤᠷᠢ᠎ᠳᠤᠨᠢ ᠲᠦᠰᠢᠭᠯᠡᠵᠦ᠂ ᠲᠠᠷᠢᠶᠠᠯᠠᠩ᠎ᠤᠨ ᠪᠦᠲᠦᠭᠡᠭᠳᠡᠬᠦᠨ᠎ᠦ ᠲᠠᠷᠢᠶᠠᠨ ᠭᠠᠵᠠᠷ᠎ᠠᠴᠠ ᠬᠣᠭᠣᠯᠠᠨ ᠰᠢᠷᠡᠭᠡ ᠬᠦᠷᠲᠡᠯᠡᠬᠢ ᠭᠦᠢᠯᠭᠡᠭᠡᠨ᠎ᠦ ᠲᠦᠭᠵᠢᠷᠡᠯ᠎ᠢ ᠨᠡᠪᠲᠡᠷᠡᠭᠦᠯᠬᠦ ᠬᠡᠷᠡᠭᠲᠡᠢ; ᠪᠠᠰᠠ ᠲᠤᠰᠬᠠᠢ ᠮᠡᠷᠭᠡᠵᠢᠯᠲᠡᠨ᠎ᠦ ᠤᠶᠤᠨ᠎ᠤ ᠬᠥᠮᠥᠷᠭᠡ᠎ᠶᠢᠨ ᠲᠤᠰᠬᠠᠢ ᠮᠡᠷᠭᠡᠵᠢᠯ᠎ᠦᠨ ᠬᠦᠴᠦᠨ᠎ᠢ ᠠᠰᠢᠭ᠍ᠯᠠᠵᠤ᠂ ᠠᠵᠤ ᠦᠢᠯᠡᠰ᠎ᠦᠨ ᠡᠪᠡᠷᠰᠢᠶᠡᠯ ᠴᠡᠭ᠎ᠲᠦ ᠠᠩᠬᠠᠷᠤᠯ᠎ᠢᠶᠠᠨ ᠲᠥᠪᠯᠡᠷᠡᠭᠦᠯᠦᠨ ᠵᠠᠩᠭᠢᠯᠠᠭ᠎ᠠ᠎ᠶᠢᠨ ᠮᠡᠷᠭᠡᠵᠢᠯ᠎ᠦᠨ ᠪᠣᠭᠣᠮᠲᠠ ᠰᠢᠪᠲᠤᠯᠤᠯᠲᠠ ᠬᠢᠵᠦ᠂ ᠦᠢᠯᠡᠳᠬᠦᠨ᠎ᠦ ᠵᠢᠷᠤᠮᠵᠢᠯ᠂ ᠶᠠᠰᠤ ᠴᠢᠨᠠᠷ᠎ᠤᠨ ᠪᠠᠷᠢᠮᠵᠢᠶ᠎ᠠ᠎ᠶᠢᠨ ᠰᠢᠰᠲᠧᠮ᠎ᠢ ᠲᠣᠭᠲᠠᠭᠠᠬᠤ᠎ᠳᠤ ᠣᠷᠣᠯᠴᠠᠵᠤ᠂ ᠮᠡᠷᠭᠡᠵᠢᠯ᠎ᠦᠨ ᠳᠤᠲᠠᠭᠤᠳᠠᠯ᠎ᠢ ᠨᠥᠬᠥᠪᠦᠷᠢᠯᠡᠬᠦ ᠬᠡᠷᠡᠭᠲᠡᠢ᠃ ᠤᠯᠠᠨ ᠲᠠᠯ᠎ᠠ᠎ᠪᠠᠷ ᠢᠵᠢᠯ ᠴᠢᠭᠯᠡᠯ᠎ᠢᠶᠡᠷ ᠬᠦᠴᠦᠯᠡᠵᠦ᠂ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ᠎ᠢ ᠭᠠᠵᠠᠷ ᠰᠢᠷᠣᠢ᠂ ᠲᠦᠭᠦᠬᠡᠢ ᠮᠠᠲᠧᠷᠢᠶᠠᠯ ᠵᠡᠷᠭᠡ ᠳᠦ ᠲᠦᠰᠢᠭᠯᠡᠬᠦ ᠬᠥᠭᠵᠢᠯᠲᠡ᠎ᠶᠢᠨ ᠵᠠᠭᠪᠤᠷ᠎ᠠᠴᠠ ᠠᠩᠭᠢᠵᠢᠷᠠᠭᠤᠯᠬᠤ᠎ᠶᠢ ᠬᠠᠮᠲᠤ᠎ᠪᠠᠷ ᠠᠬᠢᠭᠤᠯᠵᠤ᠂ ᠮᠡᠷᠭᠡᠵᠢᠯ᠂ ᠲᠦᠷᠦᠯ ᠲᠡᠮᠳᠡᠭ᠂ ᠪᠠᠷᠢᠮᠵᠢᠶ᠎ᠠ ᠵᠡᠷᠭᠡ ᠰᠢᠨ᠎ᠡ᠎ᠶᠢ ᠡᠭᠦᠳᠬᠦ ᠡᠯᠧᠮᠧᠨ᠋ᠲ᠎ᠢᠶᠡᠷ ᠬᠥᠳᠡᠯᠭᠡᠭᠦᠷ ᠪᠣᠯᠭᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠠᠷᠭ᠎ᠠ ᠵᠠᠮ᠎ᠳᠤ ᠰᠢᠯᠵᠢᠭᠦᠯᠦᠨ᠎ᠡ᠃ ᠳᠠᠭᠠᠭᠤᠯᠤᠭ᠍ᠴᠢ ᠠᠵᠤ ᠠᠬᠤᠢᠯᠠᠯ᠎ᠢᠶᠠᠷ ᠵᠠᠬ᠎ᠠ ᠳᠡᠯᠭᠡᠭᠦᠷ᠎ᠦᠨ ᠵᠠᠮ᠎ᠢ ᠨᠠᠪᠲᠠᠷᠡᠭᠦᠯᠵᠦ᠂ ᠪᠣᠷᠤᠯᠠᠭᠤᠯᠭ᠎ᠠ᠎ᠶᠢᠨ ᠣᠷᠣᠨ ᠵᠠᠢ᠎ᠶᠢ ᠥᠷᠭᠡᠳᠬᠡᠵᠦ᠂ ᠲᠤᠰᠬᠠᠢ ᠮᠡᠷᠭᠡᠵᠢᠯᠲᠡᠨ᠎ᠦ ᠤᠶᠤᠨ᠎ᠤ ᠬᠥᠮᠥᠷᠭᠡ᠎ᠪᠡᠷ ᠮᠡᠷᠭᠡᠵᠢᠯ᠎ᠦᠨ ᠪᠣᠭᠣᠮᠲᠠ᠎ᠶᠢ ᠰᠢᠪᠲᠤᠯᠵᠤ᠂ ᠶᠠᠰᠤ ᠴᠢᠨᠠᠷ᠎ᠤᠨ ᠰᠠᠭᠤᠷᠢ᠎ᠶᠢ ᠪᠡᠬᠢᠵᠢᠭᠦᠯᠪᠡᠯ᠂ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ ᠰᠠᠶᠢ ᠣᠬᠣᠷ ᠬᠤᠭᠤᠴᠠᠭᠠᠨ᠎ᠤ ᠬᠠᠪᠰᠤᠷᠤᠨ ᠲᠡᠳᠬᠦᠬᠦ ᠪᠣᠶ᠋ᠢᠵᠢᠯᠲᠠ᠎ᠶᠢᠨ ᠱᠠᠲᠤ ᠦᠶ᠎ᠡ᠎ᠡᠴᠡ ᠰᠠᠯᠵᠤ᠂ ᠦᠷᠭᠦᠯᠵᠢᠯᠡᠬᠦ ᠬᠥᠭᠵᠢᠯᠲᠡ᠎ᠶᠢᠨ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠥᠭᠵᠢᠯᠲᠡ᠎ᠶᠢᠨ ᠰᠢᠨ᠎ᠡ ᠱᠠᠲᠤ ᠲᠡᠢᠰᠢ ᠯᠠᠪᠳᠠᠭᠤᠨ᠎ᠢᠶᠠᠷ ᠤᠷᠤᠭᠰᠢᠯᠠᠵᠤ ᠴᠢᠳᠠᠨ᠎ᠠ᠃
ᠠᠵᠤ ᠦᠢᠯᠡᠰ᠎ᠢ ᠪᠣᠢᠵᠢᠭᠤᠯᠬᠤ᠎ᠶᠢ ᠴᠢᠳᠠᠪᠤᠷᠢᠲᠠᠨ ᠬᠥᠮᠥᠵᠢᠭᠦᠯᠬᠦ᠎ᠲᠠᠢ ᠢᠵᠢᠯ ᠴᠢᠭᠯᠡᠯ᠎ᠢᠶᠡᠷ ᠬᠦᠴᠦᠯᠡᠵᠦ᠂ 《 ᠬᠠᠲᠠᠭᠤ ᠲᠤᠯᠭᠠᠭᠤᠷᠢᠯᠠᠯ》 ᠢ᠋ ᠯᠠᠪᠳᠠᠭᠤᠨ᠎ᠢᠶᠠᠷ ᠬᠤᠯᠠ ᠠᠶᠠᠯᠠᠬᠤ ᠦᠨᠳᠦᠰᠦᠨ ᠪᠠᠲᠤᠯᠠᠭ᠎ᠠ ᠪᠣᠯᠭᠠᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ 《 ᠪᠣᠳᠠᠰ᠎ᠲᠤ ᠪᠡᠯᠡ ᠣᠷᠣᠭᠤᠯᠬᠤ》 ᠮᠥᠷᠲᠡᠭᠡᠨ ᠪᠠᠰᠠ 《ᠬᠥᠮᠥᠨ᠎ᠳᠦ ᠪᠡᠯᠡ ᠣᠷᠣᠭᠤᠯᠬᠤ》 ᠬᠡᠷᠡᠭᠲᠡᠢ᠃ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ ᠨᠢ ᠬᠥᠭᠵᠢᠭᠡᠳᠦᠢ ᠭᠠᠵᠠᠷ ᠣᠷᠣᠨ᠎ᠳᠤ ᠤᠯᠠᠨ ᠲᠠᠷᠬᠠᠵᠤ᠂ ᠴᠢᠳᠠᠪᠤᠷᠢᠲᠠᠨ ᠭᠠᠳᠠᠭ᠍ᠰᠢ ᠶᠠᠪᠤᠬᠤ᠂ ᠡᠵᠡᠩᠨᠡᠯᠲᠡ᠎ᠶᠢᠨ ᠴᠢᠳᠠᠪᠤᠷᠢ ᠬᠦᠷᠦᠯᠴᠡᠬᠦ ᠦᠭᠡᠢ ᠪᠠᠢᠬᠤ ᠵᠡᠷᠭᠡ ᠠᠰᠠᠭᠤᠳᠠᠯ᠎ᠳᠤ ᠲᠤᠯᠭᠠᠷᠠᠵᠤ ᠪᠠᠢᠨ᠎ᠠ᠃ ᠡᠢᠮᠦ᠎ᠡᠴᠡ ᠠᠵᠤ ᠦᠢᠯᠡᠰ᠎ᠢ ᠪᠣᠢᠵᠢᠭᠤᠯᠬᠤ᠎ᠳᠤ ᠡᠷᠬᠡᠪᠰᠢ ᠴᠢᠳᠠᠪᠤᠷᠢᠲᠠᠨ᠎ᠢ ᠵᠡᠷᠭᠡ ᠪᠡᠷ ᠬᠥᠮᠥᠵᠢᠭᠦᠯᠵᠦ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠂ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ ᠪᠠ ᠠᠳᠠᠯ ᠦᠢᠯᠡᠰ ᠴᠣᠭᠴᠠᠯᠠᠬᠤ᠎ᠶᠢᠨ ᠬᠠᠪᠰᠤᠷᠤᠨ ᠵᠢᠯᠣᠭᠣᠳᠤᠯᠭ᠎ᠠ᠎ᠪᠠᠷ ᠳᠠᠮᠵᠢᠨ᠂ ᠠᠵᠤ ᠦᠢᠯᠡᠰ᠎ᠦᠨ ᠲᠥᠷᠥᠯ ᠵᠦᠢᠯ᠎ᠦᠨ ᠣᠷᠣᠭᠤᠯᠤᠯᠲᠠ᠎ᠶᠢ ᠳᠣᠲᠣᠭᠠᠳᠤ ᠬᠥᠭᠵᠢᠯᠲᠡ᠎ᠶᠢᠨ ᠴᠢᠳᠠᠪᠤᠷᠢ ᠪᠣᠯᠭᠠᠨ ᠬᠤᠪᠢᠷᠠᠭᠤᠯᠵᠤ᠂《ᠠᠵᠢᠯ ᠦᠢᠯᠡᠰ᠎ᠢᠶᠡᠷ ᠴᠢᠳᠠᠪᠤᠷᠢᠲᠠᠨ᠎ᠢ ᠲᠠᠳᠠᠵᠦ᠂ ᠴᠢᠳᠠᠪᠤᠷᠢᠲᠠᠨ᠎ᠢᠶᠠᠷ ᠦᠢᠯᠡᠳᠪᠦᠷᠢᠯᠡᠯ᠎ᠢ ᠬᠥᠭᠵᠢᠭᠦᠯᠬᠦ》 ᠰᠠᠢᠨ ᠣᠷᠴᠢᠯ᠎ᠢ ᠪᠣᠶ ᠪᠣᠯᠭᠠᠬᠤ ᠬᠡᠷᠡᠭᠲᠡᠢ᠃ ᠪᠥᠬᠥ ᠤᠯᠤᠰ᠎ᠤᠨ ᠳᠠᠪᠬᠤᠷᠭ᠎ᠠ ᠡᠴᠡ ᠦᠵᠡᠪᠡᠯ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠠᠴᠠ ᠡᠳ᠋᠎ᠦᠨ ᠵᠠᠰᠠᠭ᠎ᠤᠨ ᠶᠠᠮᠤᠨ᠎ᠲᠠᠢ ᠬᠠᠮᠲᠤᠷᠠᠨ ᠬᠡᠷᠡᠭᠵᠢᠭᠦᠯᠦᠭᠰᠡᠨ ᠬᠥᠳᠡᠭᠡ ᠲᠣᠰᠬᠣᠨ᠎ᠤ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭ᠍ᠴᠢ᠎ᠶᠢ ᠪᠣᠢᠵᠢᠭᠤᠯᠬᠤ 《ᠲᠦᠷᠦᠭᠦᠴᠢ ᠭᠠᠯᠠᠭᠤ》 ᠵᠢᠨ ᠲᠥᠷᠥᠯ ᠵᠦᠢᠯ᠎ᠳᠦ ᠨᠢᠭᠡᠨᠲᠡ ᠬᠥᠳᠡᠭᠡ ᠲᠣᠰᠬᠣᠨ᠎ᠤ ᠠᠵᠤ ᠦᠢᠯᠡᠰ᠎ᠦᠨ ᠬᠡᠳᠦᠨ ᠲᠦᠮᠡᠨ ᠳᠠᠭᠠᠭᠤᠯᠤᠭ᠍ᠴᠢ᠎ᠶᠢ ᠪᠣᠢᠵᠢᠭᠤᠯᠪᠠ; ᠣᠷᠣᠨ ᠨᠤᠲᠤᠭ᠎ᠤᠨ ᠰᠦᠪᠡᠭᠴᠢᠯᠡᠯᠲᠡ᠎ᠳᠦ᠂ ᠣᠯᠠᠨ ᠭᠠᠵᠠᠷ᠎ᠤᠨ ᠬᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠲᠦᠰᠢᠭᠯᠡᠨ《ᠲᠠᠷᠢᠶᠠᠨ ᠭᠠᠵᠠᠷ᠎ᠤᠨ ᠰᠤᠷᠭᠠᠭᠤᠯᠢ》 ᠪᠠᠢᠭᠤᠯᠵᠤ᠂ ᠲᠠᠷᠢᠶᠠᠴᠢᠳ᠎ᠢ ᠠᠵᠤ ᠦᠢᠯᠡᠰ᠎ᠦᠨ ᠬᠡᠯᠬᠢᠶ᠎ᠡ ᠳᠡᠭᠡᠷ᠎ᠡ ᠠᠵᠢᠯᠯᠠᠬᠤ᠎ᠶᠢᠨ ᠳᠠᠭᠠᠤ ᠰᠤᠷᠤᠯᠴᠠᠬᠤ ᠪᠣᠯᠭᠠᠵᠠᠢ᠃ ᠡᠳᠡᠭᠡᠷ ᠰᠦᠪᠡᠭᠴᠢᠯᠡᠯ ᠨᠢ ᠬᠥᠳᠡᠭᠡ ᠲᠣᠰᠬᠣᠨ᠎ᠤ ᠠᠵᠤ ᠦᠢᠯᠡᠰ᠎ᠲᠦ ᠤᠳᠠᠭᠠᠨ ᠳᠠᠭᠠᠭᠠᠮᠠᠭᠠᠢ ᠬᠥᠳᠡᠯᠭᠡᠬᠦ ᠬᠦᠴᠦᠨ ᠨᠡᠮᠡᠷᠢᠯᠡᠪᠡ᠃
ᠲᠠᠷᠢᠶᠠᠴᠢᠨ ᠡᠷᠦᠬᠡ ᠲᠠᠢ ᠬᠣᠯᠪᠤᠭᠠᠯᠠᠨ ᠲᠠᠷᠢᠶᠠᠴᠢᠳ᠎ᠢ ᠳᠠᠢᠴᠢᠯᠠᠬᠤ ᠲᠣᠭᠲᠠᠴᠠ᠎ᠶᠢ ᠠᠰᠢᠭ᠋ ᠲᠤᠰᠠ᠎ᠶᠢ ᠬᠠᠮᠲᠤ᠎ᠪᠠᠷ ᠡᠳ᠋ᠯᠡᠬᠦ᠎ᠶᠢᠨ 《ᠰᠠᠭᠤᠷᠢ ᠴᠢᠯᠠᠭᠤ》 ᠪᠣᠯᠭᠠᠵᠤ ᠂ 《 ᠬᠠᠲᠠᠭᠤ ᠲᠤᠯᠭᠠᠭᠤᠷᠢᠯᠠᠯ》 ᠤᠨ ᠦᠷᠳᠡᠭ᠎ᠦᠨ ᠦᠷ᠎ᠡ ᠳ᠋ᠦᠩ ᠪᠣᠯᠭᠠᠨ᠎ᠠ᠃ ᠲᠠᠷᠢᠶᠠᠴᠢᠨ ᠡᠷᠦᠬᠡ ᠲᠠᠢ ᠬᠣᠯᠪᠤᠭᠠᠯᠠᠨ ᠲᠠᠷᠢᠶᠠᠴᠢᠳ᠎ᠢ ᠳᠠᠢᠴᠢᠯᠠᠬᠤ ᠲᠣᠭᠲᠠᠴᠠ᠎ᠶᠢ ᠲᠡᠭᠦᠯᠳᠡᠷᠵᠢᠭᠦᠯᠬᠦ᠎ᠳᠦ ᠠᠵᠤ ᠦᠢᠯᠡᠰ᠎ᠦᠨ ᠦᠷᠳᠡᠭ ᠨᠡᠮᠡᠭᠳᠡᠯ᠎ᠦᠨ ᠠᠰᠢᠭ᠋ ᠣᠯᠵᠠᠪᠤᠷᠢ᠎ᠶᠢ ᠲᠠᠷᠢᠶᠠᠴᠢᠳ᠎ᠲᠤ ᠨᠡᠩ ᠢᠯᠡᠭᠦᠦ ᠦᠯᠡᠳᠡᠭᠡᠵᠦ ᠥᠭᠬᠦ᠎ᠶᠢ ᠴᠢᠬᠤᠯᠠᠴᠢᠯᠠᠬᠤ ᠬᠡᠷᠡᠭᠲᠡᠢ᠃ ᠲᠠᠷᠢᠶᠠᠴᠢᠨ ᠡᠷᠦᠬᠡ ᠲᠠᠢ ᠬᠣᠯᠪᠤᠭᠠᠯᠠᠨ ᠲᠠᠷᠢᠶᠠᠴᠢᠳ᠎ᠢ ᠳᠠᠢᠴᠢᠯᠠᠬᠤ ᠲᠣᠭᠲᠠᠴᠠ ᠨᠢ ᠭᠡᠷ᠎ᠡ ᠲᠣᠭᠲᠠᠬᠤ᠂ ᠬᠤᠷᠰᠢᠬᠤ᠂ ᠬᠤᠪᠢ ᠣᠷᠣᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠨ᠂ ᠲᠠᠷᠠᠬᠠᠢ ᠪᠤᠲᠠᠷᠬᠠᠢ ᠲᠠᠷᠢᠶᠠᠴᠢᠨ ᠡᠷᠦᠬᠡ᠎ᠶᠢ ᠣᠲᠣ᠌ ᠦᠶ᠎ᠡ᠎ᠶᠢᠨ ᠠᠵᠤ ᠦᠢᠯᠡᠰ᠎ᠦᠨ ᠬᠡᠯᠬᠢᠶ᠎ᠡ᠎ᠳᠦ ᠰᠢᠭᠢᠳᠬᠡᠨ ᠣᠷᠣᠭᠤᠯᠵᠤ᠂ ᠠᠷᠠᠯᠵᠢᠶᠠᠨ᠎ᠤ ᠥᠪᠡᠷ᠎ᠦᠨ ᠥᠷᠲᠡᠭ᠎ᠢ ᠪᠠᠭᠤᠷᠠᠭᠤᠯᠤᠨ᠂ ᠵᠠᠬ᠎ᠠ ᠳᠡᠯᠭᠡᠭᠦᠷ᠎ᠦᠨ ᠲᠦᠭᠰᠢᠭᠦᠷᠢ᠎ᠡᠴᠡ ᠵᠠᠢᠯᠠᠰᠬᠢᠨ᠎ᠡ᠃ ᠲᠡᠭᠦᠨ᠎ᠦ ᠪᠦᠲᠦᠮᠵᠢᠲᠦ ᠴᠢᠨᠠᠷ ᠨᠢ ᠠᠰᠢᠭ᠋ ᠲᠤᠰᠠ᠎ᠶᠢᠨ ᠬᠣᠯᠪᠣᠭᠠᠨ᠎ᠤ ᠨᠢᠭ᠍ᠲᠠ ᠵᠢᠨ ᠬᠡᠮᠵᠢᠶ᠎ᠡ ᠪᠠ ᠠᠰᠢᠭ᠋ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠭᠣᠣᠯᠴᠢ ᠴᠢᠨᠠᠷ᠎ᠢᠶᠠᠷ ᠲᠣᠭᠲᠠᠭᠠᠭᠳᠠᠨ᠎ᠠ᠃ ᠭᠠᠭᠴᠠ ᠬᠦ᠌ ᠲᠠᠷᠢᠶᠠᠴᠢᠳ᠎ᠢ 《ᠬᠥᠨᠳᠡᠯᠡᠨ᠎ᠡᠴᠡ ᠬᠠᠷᠠᠭ᠍ᠴᠢ》 ᠪᠠᠢᠭᠰᠠᠨ᠎ᠠᠴᠠ《ᠣᠷᠣᠯᠴᠠᠭ᠍ᠴᠢ》 ᠪᠠ 《ᠠᠰᠢᠭ᠋ ᠬᠦᠷᠲᠡᠭᠴᠢ 》 ᠪᠣᠯᠭᠠᠪᠠᠯ᠂ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ ᠰᠠᠶᠢ ᠦᠷᠭᠦᠯᠵᠢᠯᠡᠭᠰᠡᠨ ᠨᠡᠢᠭᠡᠮ᠎ᠦᠨ ᠰᠠᠭᠤᠷᠢ᠎ᠲᠠᠢ ᠪᠣᠯᠵᠤ ᠴᠢᠳᠠᠨ᠎ᠠ᠃ ᠡᠨᠡ ᠲᠠᠯ᠎ᠠ᠎ᠪᠠᠷ᠂ ᠡᠯ᠎ᠡ ᠭᠠᠵᠠᠷ᠎ᠤᠨ ᠬᠢᠨ ᠵᠠᠬᠢᠶᠠᠯᠠᠭ᠎ᠠ᠎ᠶᠢᠨ ᠬᠠᠭᠤᠳᠠᠰᠤ ᠬᠤᠳᠠᠯᠳᠤᠨ ᠠᠪᠬᠤ᠂ ᠭᠠᠵᠠᠷ ᠰᠢᠷᠣᠢ᠎ᠶᠢ ᠡᠷᠭᠢᠯᠲᠡ᠎ᠳᠦ ᠣᠷᠣᠭᠤᠯᠬᠤ᠂ ᠬᠤᠪᠢ ᠣᠷᠣᠭᠤᠯᠤᠨ ᠬᠠᠮᠲᠤᠷᠠᠯᠴᠠᠬᠤ᠂ ᠨᠠᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠬᠤ ᠵᠡᠷᠭᠡ ᠣᠯᠠᠨ ᠵᠦᠢᠯ᠎ᠦᠨ ᠲᠠᠷᠢᠶᠠᠴᠢᠨ ᠡᠷᠦᠬᠡ ᠲᠠᠢ ᠬᠣᠯᠪᠤᠭᠠᠯᠠᠨ ᠲᠠᠷᠢᠶᠠᠴᠢᠳ᠎ᠢ ᠳᠠᠢᠴᠢᠯᠠᠬᠤ ᠵᠠᠭᠪᠤᠷ᠎ᠢ ᠰᠦᠪᠡᠭᠴᠢᠯᠡᠨ ᠪᠣᠶ ᠪᠣᠯᠭᠠᠪᠠ᠃ ᠵᠢᠱ᠌ᠢᠶᠡᠯᠡᠪᠡᠯ᠂ ᠱᠠᠨᠰᠢ᠎ᠶᠢᠨ ᠯᠥᠸᠧ ᠴᠤᠸᠠᠨ᠎ᠤ ᠠᠯᠮᠤᠷᠠᠳ ᠨᠢ 《 ᠺᠣᠮᠫᠠᠨᠢ + ᠰᠠᠭᠤᠷᠢᠨ + ᠬᠣᠷᠰᠢᠶ᠎ᠠ + ᠲᠠᠷᠢᠶᠠᠴᠢᠨ ᠡᠷᠦᠬᠡ》 ᠵᠢᠨ ᠠᠵᠤ ᠦᠶ᠋ᠯᠡᠰᠵᠢᠭᠰᠡᠨ ᠡᠵᠡᠩᠨᠡᠯᠲᠡ᠎ᠶᠢᠨ ᠵᠠᠭᠪᠤᠷ᠎ᠢ ᠬᠡᠷᠡᠭᠵᠢᠭᠦᠯᠵᠦ ᠂ ᠮᠡᠷᠭᠡᠵᠢᠯ ᠳᠡᠯᠭᠡᠷᠡᠭᠦᠯᠬᠦ ᠰᠢᠰᠲᠧᠮ᠎ᠢ ᠲᠥᠬᠥᠷᠵᠢᠭᠦᠯᠵᠦ᠂ ᠵᠢᠮᠢᠰ᠎ᠦᠨ ᠲᠠᠷᠢᠶᠠᠴᠢᠳ᠎ᠲᠤ ᠪᠠᠷᠢᠮᠵᠢᠶᠠᠵᠢᠭ᠍ᠰᠠᠨ ᠲᠠᠷᠢᠮᠠᠯ᠎ᠤᠨ ᠳᠤᠮᠳᠠ᠎ᠠᠴᠠ ᠲᠣᠭᠲᠠᠭᠤᠨ ᠠᠰᠢᠭ᠋ ᠬᠦᠷᠲᠡᠭᠡᠪᠡ; ᠭᠤᠸᠠᠩᠰᠢ᠎ᠶᠢᠨ ᠯᠢᠦᠵᠧᠦᠶᠢᠨ ᠯᠠᠪᠠᠢ᠎ᠶᠢᠨ ᠨᠤᠨᠳᠠᠭ᠎ᠤᠨ ᠠᠵᠤ ᠦᠢᠯᠡᠰ᠎ᠦᠨ ᠬᠡᠯᠬᠢᠶ᠎ᠡ ᠨᠢ ᠬᠡᠳᠦᠨ ᠠᠷᠪᠠᠨ ᠲᠦᠮᠡᠨ ᠲᠠᠷᠢᠶᠠᠴᠢᠨ ᠡᠷᠦᠬᠡ᠎ᠶᠢ ᠳᠠᠶ᠋ᠢᠴᠢᠯᠠᠨ ᠲᠦᠭᠦᠬᠡᠢ ᠮᠠᠲᠧᠷᠢᠶᠠᠯ ᠳᠠᠷᠢᠵᠤ ᠲᠡᠵᠢᠭᠡᠬᠦ ᠠᠵᠢᠯ ᠬᠢᠵᠦ᠂ ᠣᠷᠣᠯᠭ᠎ᠠ᠎ᠶᠢ ᠨᠡᠮᠡᠭᠳᠡᠭᠦᠯᠬᠦ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠪᠠ᠃
《ᠨᠤᠲᠤᠭ᠎ᠤᠨ ᠣᠨᠴᠠ ᠭᠠᠷᠤᠯᠲᠠ》 ᠵᠢᠨ ᠡᠬᠢ ᠪᠠᠶᠠᠯᠢᠭ᠋᠎ᠢ ᠣᠨᠳᠣᠣᠰᠢᠭᠤᠯᠬᠤ᠎ᠠᠴᠠ ᠳᠠᠭᠠᠭᠤᠯᠤᠭ᠍ᠴᠢ ᠠᠵᠤ ᠠᠬᠤᠢᠯᠠᠯ ᠪᠣᠯᠣᠨ ᠲᠤᠰᠬᠠᠢ ᠮᠡᠷᠭᠡᠵᠢᠯᠲᠡᠨ᠎ᠦ ᠤᠶᠤᠨ᠎ᠤ ᠬᠥᠮᠥᠷᠭᠡ᠎ᠶᠢᠨ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠦᠷᠲᠡᠯ᠎ᠡ᠂ ᠴᠢᠳᠠᠪᠤᠷᠢᠲᠠᠨ᠎ᠢ ᠬᠥᠮᠥᠵᠢᠭᠦᠯᠬᠦ᠎ᠪᠡᠷ ᠴᠥᠬᠥᠷᠡᠰᠢ ᠦᠭᠡᠢ ᠴᠢᠷᠮᠠᠢᠬᠤ᠎ᠠᠴᠠ ᠲᠠᠷᠢᠶᠠᠴᠢᠨ ᠡᠷᠦᠬᠡ ᠲᠠᠢ ᠬᠣᠯᠪᠤᠭᠠᠯᠠᠨ ᠲᠠᠷᠢᠶᠠᠴᠢᠳ᠎ᠢ ᠳᠠᠢᠴᠢᠯᠠᠬᠤ ᠠᠰᠢᠭ᠋ ᠲᠤᠰᠠ᠎ᠶᠢ ᠬᠠᠮᠲᠤ᠎ᠪᠠᠷ ᠡᠳ᠋ᠯᠡᠬᠦ ᠬᠦᠷᠲᠡᠯ᠎ᠡ᠂ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ 《ᠪᠠᠭᠠᠮᠦᠷᠳᠡᠭᠡᠨ ᠲᠠᠷᠠᠬᠠᠢ ᠪᠤᠲᠠᠷᠬᠠᠢ》 ᠪᠠᠢᠭᠰᠠᠨ᠎ᠠᠴᠠ 《ᠰᠢᠯᠢᠳᠡᠭᠮᠦᠷᠳᠡᠭᠡᠨ ᠬᠦᠴᠦᠷᠭᠡᠭ》 ᠲᠡᠢᠰᠢ ᠬᠥᠭᠵᠢᠵᠦ ᠪᠠᠢᠨ᠎ᠠ᠃ ᠠᠵᠤ ᠦᠢᠯᠡᠰ᠎ᠦᠨ ᠬᠥᠭᠵᠢᠯ ᠮᠠᠨᠳᠤᠯ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢᠨ ᠪᠣᠳᠠᠰ᠎ᠤᠨ ᠰᠠᠭᠤᠷᠢ ᠮᠥᠨ᠂ ᠭᠡᠪᠡᠴᠦ ᠠᠵᠤ ᠦᠢᠯᠡᠰ᠎ᠦᠨ ᠬᠦᠭᠵᠢᠯᠳᠡ ᠨᠢ ᠦᠢᠯᠡᠳᠬᠦᠨ᠎ᠦ ᠥᠷᠲᠡᠭ᠎ᠦᠨ ᠬᠡᠪᠴᠢᠶ᠎ᠡ ᠳᠡᠭᠡᠷ᠎ᠡ ᠢᠯᠡᠷᠡᠬᠦ᠎ᠪᠡᠷ ᠪᠠᠷᠠᠬᠤ ᠦᠭᠡᠢ᠂ ᠨᠠᠩ ᠴᠤ᠌ ᠳᠠᠢᠴᠢᠯᠠᠬᠤ ᠴᠢᠳᠠᠪᠤᠷᠢ᠂ ᠪᠠᠭᠲᠠᠭᠠᠮᠵᠢᠲᠤ ᠴᠢᠨᠠᠷ ᠪᠠ ᠦᠷᠭᠦᠯᠵᠢᠯᠡᠬᠦ ᠴᠢᠨᠠᠷ ᠳᠡᠭᠡᠷ᠎ᠡ ᠢᠯᠡᠷᠡᠨ᠎ᠡ᠃ 《ᠨᠤᠲᠤᠭ᠎ᠤᠨ ᠣᠨᠴᠠ ᠭᠠᠷᠤᠯᠲᠠ》 ᠶ᠋ᠢ ᠦᠨᠡᠨ ᠬᠦ᠌ ᠠᠷᠠᠳ᠎ᠢ ᠪᠠᠶᠠᠵᠢᠭᠤᠯᠬᠤ ᠠᠵᠤ ᠦᠢᠯᠡᠰ ᠪᠣᠯᠭᠠᠪᠠᠯ᠂ ᠠᠵᠤ ᠦᠢᠯᠡᠰ᠎ᠦᠨ ᠬᠡᠯᠬᠢᠶ᠎ᠡ ᠳᠡᠭᠡᠷᠡᠬᠢ ᠭᠣᠭᠴᠣᠭ᠎ᠠ ᠪᠣᠯᠭᠠᠨ᠎ᠳᠤ ᠬᠥᠭᠵᠢᠯᠲᠡ᠎ᠶᠢᠨ ᠠᠰᠢᠭ᠋᠎ᠢ ᠬᠠᠮᠲᠤ᠎ᠪᠠᠷ ᠡᠳ᠋ᠯᠡᠵᠦ ᠂ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ ᠨᠢ ᠠᠷᠠᠳ᠎ᠢ ᠪᠠᠶᠠᠵᠢᠭᠤᠯᠵᠤ ᠣᠷᠣᠯᠭ᠎ᠠ᠎ᠶᠢ ᠨᠢ ᠨᠡᠮᠡᠭᠳᠡᠭᠦᠯᠬᠦ 《ᠬᠠᠲᠠᠭᠤ ᠲᠤᠯᠭᠠᠭᠤᠷᠢᠯᠠᠯ》 ᠪᠣᠯᠵᠤ ᠴᠢᠳᠠᠨ᠎ᠠ᠃ ᠡᠨᠡᠬᠦ 《ᠬᠠᠲᠠᠭᠤ ᠲᠤᠯᠭᠠᠭᠤᠷᠢᠯᠠᠯ》 ᠢ ᠨᠡᠩ ᠪᠠᠲᠤ ᠪᠡᠬᠢ ᠪᠣᠯᠭᠠᠪᠠᠯ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠭᠤᠷᠢ ᠯᠠᠪᠲᠠᠢ ᠨᠡᠩ ᠪᠠᠲᠤ ᠪᠡᠬᠢ ᠪᠣᠯᠵᠤ᠂ ᠲᠦᠭ ᠲᠦᠮᠡᠨ ᠲᠠᠷᠢᠶᠠᠴᠢᠨ᠎ᠤ ᠠᠮᠢᠳᠤᠷᠠᠯ ᠯᠠᠪᠲᠠᠢ ᠨᠡᠩ ᠪᠠᠶᠠᠨ ᠴᠢᠨᠡᠭᠡᠯᠢᠭ ᠰᠠᠢᠨ ᠰᠠᠢᠬᠠᠨ ᠪᠣᠯᠬᠤ ᠶᠤᠮ᠃
(ᠵᠣᠬᠢᠶᠠᠭ᠍ᠴᠢ ᠵᠢᠨ ᠬᠠᠶᠢᠭ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠬᠥᠳᠡᠭᠡ ᠲᠣᠰᠬᠣᠨ᠎ᠤ ᠬᠥᠭᠵᠢᠯᠲᠡ᠎ᠶᠢᠨ ᠰᠤᠳᠤᠯᠭᠠᠨ᠎ᠤ ᠭᠠᠵᠠᠷ)
— 《ᠭᠤᠸᠠᠩᠮᠢᠩ ᠡᠳᠦᠷ᠎ᠦᠨ ᠰᠤᠨᠢᠨ》 ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃