2026-10-26 17:02:32
ᠬᠦᠳᠡᠭᠡ ᠲᠣᠰᠬᠤᠨ ᠤ᠋ ᠣᠷᠣᠰᠢᠨ ᠰᠠᠭᠤᠷᠢᠰᠢᠬᠤ ᠣᠷᠴᠢᠨ ᠨᠦᠭᠦᠴᠡᠯ ᠢ᠋ ᠰᠠᠢᠵᠢᠷᠠᠭᠤᠯᠬᠤ ᠪᠣᠯ ᠬᠦᠳᠡᠭᠡ ᠲᠣᠰᠬᠤᠨ ᠢ᠋ ᠬᠦᠭᠵᠢᠭᠦᠯᠥᠨ ᠮᠠᠨᠳᠤᠭᠤᠯᠬᠤ ᠵᠢᠨ ᠴᠢᠬᠤᠯᠠ ᠭᠠᠷᠳᠠᠴᠠ ᠪᠣᠯᠤᠨ᠎ᠠ᠃ ᠮᠦᠨ ᠴᠤ᠌ ᠥᠷᠭᠡᠨ ᠣᠯᠠᠨ ᠮᠠᠯᠴᠢᠨ ᠲᠠᠷᠢᠶᠠᠴᠢᠨ ᠤ᠋ ᠠᠰᠢᠭ᠋ ᠲᠣᠰᠠ ᠪᠣᠯᠤᠨ ᠦᠵᠡᠰᠭᠦᠯᠡᠩᠳᠦ ᠰᠠᠢᠬᠠᠨ ᠦᠪᠤᠷ ᠮᠤᠩᠭᠤᠯ ᠤ᠋ᠨ ᠪᠦᠳᠦᠭᠡᠨ ᠪᠠᠢᠭᠤᠯᠤᠯᠲᠠ ᠲᠠᠢ ᠬᠣᠯᠪᠤᠭᠳᠠᠨ᠎ᠠ᠃ ᠡᠭᠦᠨ ᠳ᠋ᠤ ᠠᠮᠢᠳᠤᠷᠠᠯ ᠤ᠋ᠨ ᠬᠣᠭ ᠨᠣᠪᠰᠢ ᠵᠢ ᠰᠢᠨᠵᠢᠯᠡᠬᠦ ᠣᠬᠠᠭᠠᠨᠴᠢ ᠪᠡᠷ ᠣᠨᠣᠴᠠᠲᠠᠢ ᠰᠢᠢᠳᠪᠦᠷᠢᠯᠡᠬᠦ ᠪᠣᠯ ᠬᠤᠭ ᠨᠣᠪᠰᠢ ᠵᠢ ᠬᠣᠣᠷ ᠥᠭᠡᠢᠳᠡᠭᠦᠯᠥᠨ ᠰᠢᠢᠳᠪᠦᠷᠢᠯᠡᠬᠦ᠂ ᠡᠬᠢ ᠪᠠᠶᠠᠯᠢᠭ᠋ ᠢ᠋ ᠳᠠᠬᠢᠨ ᠠᠰᠢᠭ᠍ᠯᠠᠬᠤ ᠵᠢᠴᠢ ᠠᠷᠠᠳ ᠲᠥᠮᠡᠨ ᠤ᠋ ᠡᠷᠡᠭᠦᠯ ᠮᠡᠨᠳᠦ ᠪᠠ ᠠᠮᠢᠳᠤᠷᠠᠯ ᠤ᠋ᠨ ᠣᠷᠴᠢᠨ ᠨᠦᠬᠦᠴᠡᠯ ᠢ᠋ ᠰᠠᠢᠵᠢᠷᠠᠭᠤᠯᠬᠤ ᠭᠣᠣᠯ ᠠᠷᠭ᠎ᠠ ᠠᠪᠴᠠᠯ ᠪᠣᠯᠬᠤ ᠶᠤᠮ᠃ ᠣᠢᠷ᠎ᠠ ᠵᠢᠨ ᠵᠢᠯ ᠳ᠋ᠤ᠂ ᠠᠷᠠᠳ ᠲᠦᠮᠡᠨ ᠤ᠋ ᠠᠮᠢᠳᠤᠷᠠᠯ ᠤ᠋ᠨ ᠲᠥᠪᠰᠢᠨ ᠲᠠᠰᠤᠷᠠᠯᠲᠠ ᠦᠭᠡᠢ ᠲᠡᠭᠡᠭᠰᠢᠯᠡᠬᠦ ᠵᠢ ᠳᠠᠭᠠᠯᠳᠤᠨ ᠬᠦᠳᠡᠭᠡ ᠲᠣᠰᠬᠤᠨ ᠤ᠋ ᠠᠮᠢᠳᠤᠷᠠᠯ ᠤ᠋ᠨ ᠬᠣᠭ ᠨᠣᠪᠰᠢ ᠵᠢᠯ ᠳᠠᠷᠠᠭᠠᠯᠠᠨ ᠨᠡᠮᠡᠭᠳᠡᠵᠦ ᠪᠠᠢᠬᠤ ᠪᠡᠷ ᠪᠠᠷᠠᠬᠤ ᠦᠭᠡᠢ ᠲᠥᠷᠥᠯ ᠵᠥᠢᠯ ᠨᠢ ᠴᠤ᠌ ᠣᠯᠠᠰᠢᠷᠠᠨ᠂ ᠬᠤᠭ ᠨᠣᠪᠰᠢ ᠵᠢ ᠣᠨᠣᠴᠠᠲᠠᠢ ᠰᠢᠢᠳᠪᠦᠷᠢᠯᠡᠵᠦ ᠣᠷᠴᠢᠨ ᠲᠣᠭᠤᠷᠢᠨ ᠤ᠋ ᠪᠣᠬᠢᠷᠳᠤᠯ ᠢ᠋ ᠰᠡᠷᠭᠡᠢᠯᠡᠬᠦ᠂ ᠡᠭᠡᠭᠦᠯᠥᠨ ᠬᠣᠷᠢᠶᠠᠵᠤ ᠪᠣᠯᠬᠤ ᠬᠤᠭ ᠨᠣᠪᠰᠢ ᠵᠢ ᠡᠬᠢ ᠪᠠᠶᠠᠯᠢᠭ᠍ᠵᠢᠭᠤᠯᠤᠨ ᠠᠰᠢᠭ᠍ᠯᠠᠬᠤ ᠵᠡᠷᠭᠡ ᠨᠢ ᠣᠳᠤᠬᠠᠨ ᠤ᠋ ᠪᠠᠴᠢᠮ ᠰᠢᠢᠳᠪᠦᠷᠢᠯᠡᠬᠦ ᠴᠢᠬᠤᠯᠠᠲᠠᠢ ᠨᠡᠢᠭᠡᠮ ᠤ᠋ᠨ ᠠᠰᠠᠭᠤᠳᠠᠯ ᠪᠣᠯᠵᠤ ᠪᠣᠢ᠃ ᠣᠨᠴᠠᠭᠠᠢᠯᠠᠨ ᠬᠦᠳᠡᠭᠡ ᠲᠣᠰᠬᠤᠨ ᠳ᠋ᠤ ᠠᠮᠢᠳᠤᠷᠠᠯ ᠤ᠋ᠨ ᠬᠤᠭ ᠨᠣᠪᠰᠢ ᠵᠢ ᠲᠣᠷ᠎ᠠ ᠪᠡᠷ ᠬᠠᠶᠠᠬᠤ᠂ ᠲᠣᠷ᠎ᠠ ᠪᠡᠷ ᠣᠪᠤᠭᠠᠯᠠᠬᠤ᠂ ᠲᠣᠷ᠎ᠠ ᠪᠡᠷ ᠰᠢᠲᠠᠭᠠᠬᠤ᠂ ᠲᠣᠷ᠎ᠠ ᠪᠡᠷ ᠪᠤᠯᠠᠬᠤ ᠵᠡᠷᠭᠡ ᠦᠵᠡᠭᠳᠡᠯ ᠨᠡᠯᠢᠶᠡᠳ ᠣᠷᠤᠰᠢᠵᠤ ᠪᠠᠢᠭ᠎ᠠ ᠮᠦᠷᠳᠡᠭᠡᠨ ᠠᠷᠠᠳ ᠣᠯᠠᠨ ᠤ᠋ ᠠᠮᠢᠳᠤᠷᠠᠯ ᠤ᠋ᠨ ᠬᠤᠭ ᠨᠣᠪᠰᠢ ᠵᠢ ᠵᠦᠪ ᠣᠨᠣᠪᠴᠢᠲᠠᠢ ᠰᠢᠢᠳᠪᠦᠷᠢᠯᠡᠬᠦ ᠲᠣᠬᠠᠢ ᠦᠵᠡᠯᠲᠡ ᠲᠠᠨᠢᠯᠲᠠ᠂ ᠵᠠᠩ ᠳᠠᠳᠬᠠᠯ ᠵᠡᠷᠭᠡ ᠶ᠋ᠢ ᠴᠤ᠌ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠢᠨ᠎ᠠ᠃
ᠨᠢᠭᠡ ᠳ᠋ᠤ᠂ ᠠᠮᠢᠳᠤᠷᠠᠯ ᠤ᠋ᠨ ᠬᠤᠭ ᠨᠣᠪᠰᠢ ᠵᠢ ᠲᠥᠷᠦᠯ ᠬᠣᠪᠢᠶᠠᠵᠤ ᠠᠩᠭᠢᠯᠠᠬᠤ ᠠᠵᠢᠯ ᠢ᠋ ᠡᠷᠴᠢᠮᠲᠠᠢ ᠪᠦᠷᠬᠦᠭᠦᠯᠥᠨᠡ᠃ ᠡᠬᠢ ᠡᠭᠦᠰᠦᠯ ᠡᠴᠡ ᠬᠡᠮᠵᠢᠶ᠎ᠡ ᠵᠢ ᠨᠢ ᠪᠠᠭᠠᠰᠬᠠᠬᠤ ᠳ᠋ᠤ ᠠᠩᠬᠠᠷᠤᠯ ᠵᠢᠡᠨ ᠲᠥᠪᠯᠡᠷᠡᠭᠦᠯᠵᠦ᠂ ᠬᠦᠳᠡᠭᠡ ᠲᠣᠰᠬᠤᠨ ᠳ᠋ᠤ ᠵᠤᠬᠢᠴᠠᠬᠰᠠᠨ ᠣᠨᠤᠴᠠᠲᠠᠢ ᠲᠥᠷᠥᠯ ᠬᠣᠪᠢᠶᠠᠬᠤ ᠵᠠᠭᠪᠤᠷ ᠢ᠋ ᠬᠡᠷᠡᠭᠵᠢᠭᠦᠯᠬᠦ ᠴᠢᠬᠤᠯᠠᠳᠠᠢ᠃ ᠬᠦᠳᠡᠭᠡ ᠲᠣᠰᠬᠤᠨ ᠤ᠋ ᠣᠯᠠᠨ ᠨᠡᠢᠲᠡ ᠵᠢᠨ ᠪᠠᠢᠭᠤᠯᠤᠮᠵᠢ᠂ ᠰᠠᠭᠤᠭᠠᠯᠢ ᠠᠷᠠᠳ ᠤ᠋ᠨ ᠲᠣᠭᠤᠷᠢᠭ᠋᠂ ᠠᠵᠤ ᠠᠬᠤᠢᠯᠠᠯ᠂ ᠭᠠᠴᠠᠭ᠎ᠠ ᠲᠣᠰᠬᠤᠨ᠂ ᠮᠠᠯᠵᠢᠬᠤ ᠲᠠᠷᠢᠶᠠᠯᠠᠬᠤ ᠡᠷᠦᠬᠡ ᠵᠡᠷᠭᠡ ᠵᠢ ᠬᠠᠮᠤᠷᠤᠭᠰᠠᠨ ᠡᠯ᠎ᠡ ᠡᠳᠡᠭᠡᠳ ᠤ᠋ᠨ ᠠᠮᠢᠳᠤᠷᠠᠯ ᠤ᠋ᠨ ᠬᠤᠭ ᠨᠣᠪᠰᠢ ᠵᠢ ᠲᠥᠷᠥᠯ ᠬᠣᠪᠢᠶᠠᠨ ᠠᠩᠬᠢᠯᠠᠬᠤ ᠠᠵᠢᠯᠯᠠᠭ᠎ᠠ ᠵᠢ ᠥᠷᠨᠢᠭᠦᠯᠵᠦ᠂ ᠴᠤᠭᠯᠠᠭᠤᠯᠬᠤ᠂ ᠳᠠᠮᠵᠢᠭᠤᠯᠬᠤ᠂ ᠲᠡᠭᠡᠭᠡᠪᠦᠷᠢᠯᠡᠬᠦ ᠪᠠ ᠥᠵᠦᠭᠦᠷᠯᠢᠭ ᠤ᠋ᠨ ᠰᠢᠢᠳᠪᠦᠷᠢᠯᠡᠬᠦ ᠢᠵᠢ ᠲᠥᠬᠥᠭᠡᠷᠥᠮᠵᠢ ᠵᠢ ᠲᠥᠷᠭᠡᠳᠭᠡᠨ ᠲᠡᠭᠦᠯᠳᠡᠷᠵᠢᠭᠦᠯᠵᠦ᠂ ᠠᠮᠢᠳᠤᠷᠠᠯ ᠤ᠋ᠨ ᠬᠤᠭ ᠨᠣᠪᠰᠢ ᠵᠢ ᠲᠥᠷᠥᠯ ᠬᠣᠪᠢᠶᠠᠨ ᠠᠩᠭᠢᠯᠠᠬᠤ ᠠᠵᠢᠯ ᠤ᠋ᠨ ᠶᠠᠰᠤ ᠴᠢᠨᠠᠷ ᠢ᠋ ᠤᠯᠠᠮ ᠰᠠᠢᠨ ᠭᠦᠨᠵᠡᠭᠡᠢᠷᠡᠭᠦᠯᠬᠦ ᠬᠡᠷᠡᠭᠳᠠᠢ᠃ ᠵᠠᠷᠢᠮ ᠭᠠᠵᠠᠷ ᠣᠷᠤᠨ ᠳ᠋ᠤ ᠣᠷᠤᠰᠢᠵᠤ ᠪᠠᠢᠭ᠎ᠠ ᠠᠮᠢᠳᠤᠷᠠᠯ ᠤ᠋ᠨ ᠬᠤᠭ ᠨᠣᠪᠰᠢ ᠵᠢ ᠲᠥᠷᠥᠯ ᠬᠣᠪᠢᠶᠠᠬᠤ ᠤᠬᠠᠮᠰᠠᠷ ᠬᠠᠷᠢᠴᠠᠩᠭᠤᠢ ᠲᠣᠣᠷ᠎ᠠ ᠪᠠᠢᠬᠤ᠂ ᠬᠣᠯᠢᠯᠳᠤᠭᠤᠯᠤᠨ ᠬᠠᠶᠠᠬᠤ᠂ ᠲᠣᠷ᠎ᠠ ᠪᠡᠷ ᠣᠪᠤᠭᠠᠯᠠᠵᠤᠲᠣᠷᠠ ᠪᠡᠷ ᠬᠠᠶᠠᠬᠤ᠂ ᠨᠣᠳᠤᠭ ᠪᠡᠯᠴᠢᠭᠡᠷ ᠤ᠋ᠨ ᠠᠮᠢ ᠠᠬᠤᠢ ᠵᠢ ᠪᠣᠵᠠᠷᠳᠠᠭᠤᠯᠬᠤ ᠵᠡᠷᠭᠡ ᠠᠰᠠᠭᠤᠳᠠᠯ ᠳ᠋ᠤ ᠴᠢᠭᠯᠡᠭᠦᠯᠥᠨ᠂ ᠮᠠᠯᠵᠢᠬᠤ ᠲᠠᠷᠢᠶᠠᠯᠠᠬᠤ ᠣᠷᠤᠨ ᠤ᠋ ᠣᠨᠴᠠᠯᠢᠭ᠋ ᠪᠠ ᠭᠠᠵᠠᠷ ᠣᠷᠤᠨ ᠤ᠋ ᠪᠤᠳᠠᠳᠤ ᠪᠠᠢᠳᠠᠯ ᠳ᠋ᠦ᠍ ᠵᠣᠬᠢᠴᠠᠭᠤᠯᠤᠨ ᠬᠤᠭ ᠨᠣᠪᠰᠢ ᠵᠢ ᠲᠥᠷᠥᠯ ᠬᠣᠪᠢᠶᠠᠬᠤ ᠪᠠᠷᠢᠮᠵᠢᠶ᠎ᠠ ᠵᠢ ᠳᠦᠭᠥᠮᠴᠢᠯᠡᠵᠦ᠂ ᠠᠮᠠᠷᠬᠠᠨ ᠢᠯᠵᠡᠷᠡᠬᠦ ᠬᠤᠭ ᠨᠣᠪᠰᠢ᠂ ᠳᠠᠬᠢᠨ ᠠᠰᠢᠭ᠍ᠯᠠᠵᠤ ᠪᠣᠯᠬᠤ ᠬᠤᠭ ᠨᠣᠪᠰᠢ᠂ ᠬᠣᠣᠷᠲᠠᠢ ᠬᠤᠭ ᠨᠣᠪᠰᠢ᠂ ᠪᠣᠰᠤᠳ ᠬᠤᠭ ᠨᠣᠪᠰᠢ ᠭᠡᠬᠦ ᠮᠡᠳᠦ ᠪᠠᠷ ᠠᠩᠭᠢᠯᠠᠨ ᠰᠢᠢᠳᠪᠦᠷᠢᠯᠡᠬᠦ ᠳᠦᠭᠦᠮ ᠳᠦᠲᠡ ᠵᠠᠭᠪᠤᠷ ᠢ᠋ ᠣᠨᠣᠴᠠᠲᠠᠢ ᠭᠡᠷᠡᠭᠵᠢᠭᠦᠯᠬᠦ ᠴᠢᠬᠤᠯᠠᠳᠠᠢ᠃
ᠬᠣᠶᠠᠷ ᠲᠦ᠍᠂ ᠮᠡᠷᠭᠡᠵᠢᠯ ᠤ᠋ᠨ ᠰᠢᠨᠡᠴᠢᠯᠡᠯᠲᠡ ᠪᠡᠷ ᠳᠠᠮᠵᠢᠨ ᠬᠦᠳᠡᠭᠡ ᠲᠣᠰᠬᠤᠨ ᠤ᠋ ᠠᠮᠢᠳᠤᠷᠠᠯ ᠤ᠋ᠨ ᠬᠤᠭ ᠨᠣᠪᠰᠢ᠂ ᠬᠠᠶᠠᠭᠳᠠᠮᠠᠯ ᠪᠣᠳᠠᠰ ᠢ᠋ ᠳᠠᠬᠢᠨ ᠠᠰᠢᠭ᠍ᠯᠠᠵᠤ ᠡᠬᠢ ᠪᠠᠶᠠᠯᠢᠭ᠍ᠵᠢᠭᠤᠯᠬᠤ ᠨᠣᠷᠮ᠎ᠠ ᠵᠢ ᠳᠡᠭᠡᠭᠰᠢᠯᠡᠭᠦᠯᠵᠤ ᠪᠤᠯᠤᠨ᠎ᠠ᠃ ᠵᠢᠱ᠌ᠢᠶᠡᠯᠡᠪᠡᠯ᠂ ᠲᠠᠷᠢᠶᠠᠯᠠᠩ ᠤ᠋ᠨ ᠡᠰᠢ ᠰᠥᠷᠡᠯ ᠢ᠋ ᠳᠠᠬᠢᠨ ᠡᠳ᠋ᠰᠢᠭᠦᠯᠬᠦ ᠵᠢ ᠰᠠᠨᠠᠭᠠᠴᠢᠯᠠᠵᠤ᠂ ᠲᠠᠷᠢᠶᠠᠯᠠᠬᠤ ᠣᠷᠤᠨ ᠤ᠋ ᠡᠰᠢ ᠰᠥᠷᠡᠯ ᠢ᠋ ᠮᠠᠯᠵᠢᠬᠤ ᠣᠷᠤᠨ ᠳᠡᠢᠰᠢ ᠰᠢᠯᠵᠢᠭᠦᠯᠬᠦ᠂ ᠮᠠᠯᠵᠢᠬᠤ ᠣᠷᠤᠨ ᠤ᠋ ᠰᠢᠭᠡᠭ ᠬᠦᠷᠵᠡᠩ ᠢ᠋ ᠲᠠᠷᠢᠶᠠᠯᠠᠬᠤ ᠣᠷᠤᠨ ᠳ᠋ᠤ ᠠᠰᠢᠭ᠍ᠯᠠᠬᠤ᠂ ᠲᠠᠷᠢᠶᠠᠨ ᠤ᠋ ᠡᠰᠢ ᠰᠦᠷᠡᠯ ᠵᠢᠡᠷ ᠴᠠᠭᠠᠰᠤ ᠬᠢᠬᠦ᠂ ᠪᠣᠷᠳᠤᠭ᠎ᠠ ᠪᠣᠯᠪᠠᠰᠤᠷᠠᠭᠤᠯᠬᠤ ᠵᠡᠷᠭᠡ ᠰᠢᠨ᠎ᠡ ᠪᠦᠳᠦᠭᠡᠭᠳᠡᠭᠦᠨ ᠢ᠋ ᠥᠢᠯᠡᠳᠪᠦᠷᠢᠯᠡᠬᠦ ᠪᠠ ᠮᠠᠯ ᠤ᠋ᠨ ᠰᠢᠭᠡᠭ ᠬᠦᠷᠵᠡᠩ ᠢ᠋ ᠣᠷᠭᠠᠨᠢᠭ᠋ ᠪᠣᠷᠳᠤᠭᠤᠷ ᠪᠣᠯᠭᠠᠨ ᠠᠰᠢᠭ᠍ᠯᠠᠬᠤ ᠵᠡᠷᠭᠡ ᠰᠢᠨ᠎ᠡ ᠠᠵᠤ ᠥᠢᠯᠡᠰ ᠢ᠋ ᠪᠤᠢᠵᠢᠭᠤᠯᠤᠨ ᠬᠦᠭᠵᠢᠭᠦᠯᠵᠤ ᠪᠤᠯᠬᠤ ᠶᠤᠮ᠃ ᠣᠨᠴᠠᠭᠠᠢᠯᠠᠨ ᠬᠡᠷᠡᠭᠯᠡᠭᠡᠨ ᠡᠴᠡ ᠭᠠᠷᠤᠭᠰᠠᠨ ᠲᠡᠮᠦᠷᠯᠢᠭ ᠡᠳ᠋᠂ ᠰᠦᠯᠢᠶᠤᠤ᠂ ᠬᠠᠶᠠᠭᠳᠠᠮᠠᠯ ᠳ᠋ᠢᠶᠠᠨ ᡂᠢ᠂ ᠴᠠᠬᠢᠯᠭᠠᠨ ᠲᠥᠬᠦᠭᠡᠷᠥᠮᠵᠢ᠂ ᠮᠠᠯ ᠲᠠᠷᠢᠶᠠᠨ ᠳ᠋ᠤ ᠬᠡᠷᠡᠭᠯᠡᠬᠦ ᠡᠮ ᠲᠠᠩ ᠤ᠋ᠨ ᠪᠣᠭᠤᠳᠠᠯ ᠪᠠᠭᠯᠠᠭ᠎ᠠ ᠵᠡᠷᠭᠡ ᠭᠠᠵᠠᠷ ᠰᠢᠷᠤᠢ᠂ ᠤᠰᠤᠨ ᠰᠣᠷᠪᠤᠯᠵᠢ᠂ ᠠᠮᠢ ᠠᠬᠤᠢ ᠳ᠋ᠤ ᠬᠣᠣᠷ ᠬᠦᠨᠥᠭᠡᠯ ᠠᠪᠴᠢᠷᠠᠬᠤ ᠠᠮᠢᠳᠤᠷᠠᠯ ᠤ᠋ᠨ ᠬᠤᠭ ᠨᠣᠪᠰᠢ ᠪᠤᠯᠤᠨ ᠬᠠᠶᠠᠭᠳᠠᠮᠠᠯ ᠪᠣᠳᠠᠰ ᠢ᠋ ᠲᠥᠪᠯᠡᠷᠡᠭᠦᠯᠥᠨ ᠴᠣᠭᠯᠠᠭᠤᠯᠵᠤ᠂ ᠨᠠᠷᠢᠯᠢᠭ᠍ᠵᠢᠭᠤᠯᠤᠨ ᠬᠠᠮᠢᠶᠠᠷᠴᠤ᠂ ᠠᠮᠢᠳᠤᠷᠠᠯ ᠤ᠋ᠨ ᠬᠤᠭ ᠨᠣᠪᠰᠢ ᠵᠢ ᠬᠣᠷᠢᠶᠠᠨ ᠲᠡᠭᠡᠭᠡᠪᠦᠷᠢᠯᠡᠬᠦ ᠪᠠ ᠣᠨᠣᠴᠠᠲᠠᠢ ᠰᠢᠢᠳᠪᠦᠷᠢᠯᠡᠬᠦ ᠰᠢᠰᠲᠧᠮ ᠤ᠋ᠨ ᠪᠦᠷᠬᠦᠴᠡ ᠶ᠋ᠢ ᠳᠡᠭᠡᠭᠰᠢᠯᠡᠭᠦᠯᠵᠦ᠂《ᠬᠡᠮᠵᠢᠶ᠎ᠡ ᠵᠢ ᠪᠠᠭᠠᠰᠬᠠᠬᠤ᠂ ᠡᠬᠢ ᠪᠠᠶᠠᠯᠢᠭ᠍ᠵᠢᠭᠤᠯᠬᠤ᠂ ᠬᠣᠣᠷ ᠦᠭᠡᠢᠳᠡᠭᠦᠯᠥᠨ ᠰᠢᠢᠳᠪᠦᠷᠢᠯᠡᠬᠦ》 ᠬᠠᠷᠠᠯᠲᠠ ᠵᠢ ᠲᠥᠷᠭᠡᠳᠭᠡᠨ ᠪᠠᠶᠡᠯᠡᠭᠦᠯᠬᠦ ᠴᠢᠬᠤᠯᠠᠳᠠᠢ᠃
ᠭᠤᠷᠪᠠ ᠳ᠋ᠤ᠂ ᠤᠬᠠᠭᠤᠯᠤᠨ ᠰᠤᠷᠳᠠᠯᠴᠢᠯᠠᠬᠤ ᠠᠵᠢᠯ ᠢ᠋ ᠢᠳᠡᠪᠬᠢᠲᠠᠢ ᠥᠷᠨᠢᠭᠦᠯᠥᠨ᠎ᠡ᠃ ᠮᠠᠯᠴᠢᠨ ᠲᠠᠷᠢᠶᠠᠴᠢᠨ ᠪᠣᠯ ᠬᠦᠳᠡᠭᠡ ᠲᠣᠰᠬᠤᠨ ᠤ᠋ ᠠᠮᠢ ᠠᠬᠤᠢ ᠵᠢᠨ ᠵᠠᠰᠠᠯᠲᠠ ᠵᠢᠨ ᠭᠣᠣᠯ ᠴᠣᠭᠴᠠ ᠪᠣᠯᠤᠨ᠎ᠠ᠂ ᠮᠦᠨ ᠴᠤ᠌ ᠣᠷᠤᠰᠢᠨ ᠰᠠᠭᠤᠷᠢᠰᠢᠬᠤ ᠣᠷᠴᠢᠨ ᠨᠦᠬᠦᠴᠡᠯ ᠤ᠋ᠨ ᠰᠠᠢᠵᠢᠷᠠᠯᠲᠠ ᠵᠢᠨ ᠰᠢᠭᠤᠳ ᠠᠰᠢᠭ᠋ ᠬᠥᠷᠳᠡᠭᠴᠢ ᠶᠤᠮ᠃ ᠬᠦᠳᠡᠭᠡ ᠲᠣᠰᠬᠤᠨ ᠤ᠋ ᠠᠮᠢᠳᠤᠷᠠᠯ ᠤ᠋ᠨ ᠬᠤᠭ ᠨᠣᠪᠰᠢ ᠵᠢ ᠦᠨᠳᠦᠰᠦᠨ ᠡᠴᠡ ᠨᠢ ᠰᠢᠢᠳᠪᠦᠷᠢᠯᠡᠬᠦ ᠳ᠋ᠤ ᠬᠦᠮᠥᠨ ᠪᠦᠬᠦᠨ ᠢᠳᠡᠪᠬᠢᠲᠠᠢ ᠣᠷᠤᠯᠴᠠᠬᠤ ᠬᠡᠪ ᠳᠠᠭᠤᠷᠢᠶᠠᠯ ᠢ᠋ ᠪᠣᠢ ᠪᠣᠯᠭᠠᠵᠤ᠂ ᠰᠠᠢᠨ ᠲᠣᠷ᠎ᠠ ᠡᠴᠡ ᠪᠠᠨ ᠦᠪᠡᠷ ᠤ᠋ᠨ ᠣᠷᠤᠰᠢᠨ ᠰᠠᠭᠤᠷᠢᠰᠢᠬᠤ ᠣᠷᠴᠢᠨ ᠨᠦᠭᠦᠴᠡᠯ ᠵᠢᠡᠨ ᠰᠠᠢᠵᠢᠷᠠᠭᠤᠯᠬᠤ ᠳ᠋ᠤ᠌ ᠣᠶᠤᠨ ᠬᠦᠴᠦ ᠪᠠᠨ ᠨᠡᠮᠡᠷᠢᠯᠡᠬᠦ ᠵᠢ ᠱᠠᠭᠠᠷᠳᠠᠬᠤ ᠨᠢ ᠵᠠᠢᠯᠠᠰᠢ ᠦᠬᠡᠢ᠃ ᠡᠭᠦᠨ ᠳ᠋ᠤ ᠤᠬᠠᠭᠤᠯᠤᠨ ᠰᠤᠷᠳᠠᠯᠴᠢᠯᠠᠬᠤ ᠠᠵᠢᠯ ᠢ᠋ ᠰᠠᠢᠳᠤᠷ ᠥᠷᠨᠢᠭᠦᠯᠵᠦ᠂ ᠵᠡᠭᠡᠯᠢ ᠭᠤᠳᠤᠮᠵᠢ᠂ ᠴᠤᠭᠯᠠᠭ᠎ᠠ ᠮᠠᠢᠮᠠᠢ᠂ ᠣᠯᠠᠨ ᠨᠡᠢᠲᠡ ᠵᠢᠨ ᠲᠠᠯᠠᠪᠤᠷ᠂ ᠬᠦᠷᠢᠶ᠎ᠡ ᠬᠠᠰᠢᠶᠠᠨ ᠤ᠋ ᠡᠷᠭᠢᠨ ᠲᠣᠭᠤᠷᠢᠨ᠂ ᠭᠣᠣᠯ ᠮᠦᠷᠡᠨ ᠭᠤᠤ ᠰᠣᠪᠠᠭ᠂ ᠵᠠᠮ ᠤ᠋ᠨ ᠬᠠᠵᠠᠭᠤ᠂ ᠨᠣᠳᠤᠭ ᠪᠡᠯᠴᠢᠭᠡᠷ ᠲᠠᠷᠢᠶᠠᠨ ᠭᠠᠵᠠᠷ ᠵᠡᠷᠭᠡ ᠠᠮᠢᠳᠤᠷᠠᠯ ᠤ᠋ᠨ ᠣᠷᠴᠢᠨ ᠲᠣᠭᠤᠷᠢᠨ ᠳ᠋ᠤ ᠬᠤᠭ ᠨᠣᠪᠰᠢ ᠵᠢ ᠲᠣᠷ᠎ᠠ ᠪᠡᠷ ᠬᠠᠶᠠᠬᠤ ᠵᠡᠷᠭᠡ ᠵᠢ ᠴᠢᠩᠭ᠎ᠠ ᠬᠢᠵᠠᠭᠠᠷᠯᠠᠵᠤ᠂ ᠲᠣᠰᠬᠠᠢ ᠤᠬᠠᠭᠤᠯᠬᠤ ᠪᠦᠯᠬᠦᠮ ᠪᠠᠢᠭᠤᠯᠤᠨ ᠬᠣᠷᠠᠯ ᠴᠣᠭᠯᠠᠭᠠᠨ᠂ ᠰᠤᠨᠢᠨ ᠰᠡᠳᠬᠦᠯ᠂ ᠷᠠᠳᠢᠣ᠋ ᠲᠧᠯᠸᠢᠰ᠂ ᠢᠨᠲᠸᠷ ᠰᠦᠯᠵᠢᠶ᠎ᠡ᠂ ᠸᠢᠴᠠᠲ ᠵᠡᠷᠭᠡ ᠳᠠᠪᠴᠠᠩ ᠢ᠋ ᠰᠠᠢᠳᠤᠷ ᠠᠰᠢᠭ᠍ᠯᠠᠨ ᠤᠬᠠᠭᠤᠯᠤᠨ ᠰᠤᠷᠳᠠᠯᠴᠢᠯᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠳ᠋ᠤ ᠠᠮᠢᠳᠤᠷᠠᠯ ᠤ᠋ᠨ ᠣᠷᠴᠢᠨ ᠲᠣᠭᠣᠷᠢᠨ ᠵᠢᠡᠨ ᠰᠠᠢᠳᠤᠷ ᠬᠠᠮᠠᠭᠠᠯᠠᠬᠤ ᠰᠠᠢᠨ ᠰᠠᠢᠬᠠᠨ ᠵᠠᠩ ᠳᠠᠳᠬᠠᠯ ᠢ᠋ ᠪᠣᠢ ᠪᠣᠯᠭᠠᠬᠤ ᠴᠢᠬᠤᠯᠠᠳᠠᠢ᠃ ᠡᠭᠦᠨ ᠤ᠋ ᠬᠠᠮᠳᠤ ᠬᠡᠦᠬᠡᠳ ᠤ᠋ᠨ ᠴᠡᠴᠡᠷᠯᠢᠭ᠂ ᠲᠣᠮᠳᠠᠳᠤ ᠪᠠᠭ᠎ᠠ ᠰᠤᠷᠭᠠᠭᠤᠯᠢ ᠵᠡᠷᠭᠡ ᠰᠤᠷᠭᠠᠨ ᠬᠦᠮᠥᠵᠢᠯ ᠤ᠋ᠨ ᠬᠢᠴᠢᠶᠡᠯ ᠤ᠋ᠨ ᠲᠢᠩᠬᠢᠮ ᠳ᠋ᠤ ᠤᠬᠠᠭᠤᠯᠭ᠎ᠠ ᠬᠦᠮᠦᠵᠢᠯ ᠤ᠋ᠨ ᠠᠵᠢᠯ ᠢ᠋ ᠰᠠᠢᠳᠤᠷ ᠦᠷᠨᠢᠭᠦᠯᠤᠨ᠂ ᠬᠤᠭ ᠨᠣᠪᠰᠢ ᠵᠢ ᠲᠣᠷ᠎ᠠ ᠪᠡᠷ ᠬᠠᠶᠠᠬᠤ ᠦᠭᠡᠢ᠂ ᠬᠤᠭ ᠨᠣᠪᠰᠢ ᠵᠢ ᠠᠩᠭᠢᠯᠠᠬᠤ ᠵᠡᠷᠭᠡ ᠦᠨᠳᠦᠰᠦᠨ ᠬᠦᠮᠦᠵᠢᠯ ᠢ᠋ ᠪᠠᠢᠩᠭᠤ ᠶᠠᠪᠤᠭᠳᠠᠭᠤᠯᠵᠤ᠂ ᠬᠡᠦᠬᠡᠳ ᠪᠠᠭᠠᠴᠤᠳ ᠢ᠋ ᠬᠠᠷᠠᠬᠠᠨ ᠪᠠᠭ᠎ᠠ ᠡᠴᠡ ᠨᠢ ᠰᠠᠢᠨ ᠰᠠᠢᠬᠠᠨ ᠵᠠᠩ ᠳᠠᠳᠬᠠᠯ ᠢ᠋ ᠪᠣᠢ ᠪᠤᠯᠭᠠᠪᠠᠯ ᠵᠤᠬᠢᠨ᠎ᠠ᠃
ᠲᠥᠷᠪᠡ ᠳ᠋ᠤ᠂ ᠬᠦᠳᠡᠭᠡ ᠲᠣᠰᠬᠤᠨ ᠳ᠋ᠤ ᠠᠮᠢᠳᠤᠷᠠᠯ ᠤ᠋ᠨ ᠬᠤᠭ ᠨᠣᠪᠰᠢ ᠵᠢ ᠲᠣᠷ᠎ᠠ ᠪᠡᠷ ᠣᠪᠤᠭᠠᠯᠠᠬᠤ᠂ ᠲᠣᠷ᠎ᠠ ᠪᠡᠷ ᠬᠠᠶᠠᠬᠤ ᠵᠡᠷᠭᠡ ᠠᠰᠠᠭᠤᠳᠠᠯ ᠢ᠋ ᠪᠦᠳᠦᠮᠵᠢᠲᠠᠢ ᠰᠢᠢᠳᠪᠦᠷᠢᠯᠡᠨ᠎ᠡ᠃ ᠬᠦᠳᠡᠭᠡ ᠲᠣᠰᠬᠤᠨ ᠤ᠋ ᠠᠮᠢᠳᠤᠷᠠᠯ ᠤ᠋ᠨ ᠬᠤᠭ ᠨᠣᠪᠰᠢ ᠵᠢ ᠣᠨᠣᠴᠠᠲᠠᠢ ᠰᠢᠢᠳᠪᠦᠷᠢᠯᠡᠬᠦ ᠵᠢᠨ ᠵᠠᠩᠭᠢᠯᠠᠭ᠎ᠠ ᠨᠢ ᠬᠤᠭ ᠨᠣᠪᠰᠢ ᠶ᠋ᠢ ᠬᠣᠷᠢᠶᠠᠨ ᠴᠣᠭᠯᠠᠭᠤᠯᠵᠤ ᠳᠡᠮᠵᠢᠭᠤᠯᠤᠨ ᠲᠡᠭᠡᠭᠡᠪᠦᠷᠢᠯᠡᠬᠦ ᠰᠢᠰᠲᠸᠮ ᠢ᠋ ᠪᠠᠢᠭᠤᠯᠬᠤ ᠶᠠᠪᠤᠳᠠᠯ ᠪᠣᠯᠤᠨ᠎ᠠ᠃ ᠭᠠᠴᠠᠭ᠎ᠠ ᠲᠣᠰᠬᠤᠨ ᠪᠣᠶᠤ ᠪᠠᠷᠢᠭᠠᠲᠠ ᠲᠤᠭᠤᠢᠯᠠᠩ ᠵᠢᠡᠷ ᠨᠢᠭᠡᠴᠢ ᠪᠣᠯᠭᠠᠨ᠂ ᠠᠢᠯ ᠲᠣᠰᠬᠤᠨ ᠤ᠋ ᠬᠤᠭ ᠨᠣᠪᠰᠢ ᠵᠢ ᠬᠤᠷᠢᠶᠠᠨ ᠴᠣᠭᠯᠠᠭᠤᠯᠬᠤ ᠲᠣᠭᠲᠠᠭᠰᠠᠨ ᠲᠠᠯᠠᠪᠤᠷ(ᠥᠷᠲᠡᠭᠡ ᠴᠡᠭ)ᠢ᠋ ᠪᠠᠢᠭᠤᠯᠵᠤ᠂ ᠠᠮᠢᠳᠤᠷᠠᠯ ᠤ᠋ᠨ ᠬᠤᠭ ᠨᠣᠪᠰᠢ ᠵᠢ ᠲᠥᠪᠯᠡᠷᠡᠭᠦᠯᠥᠨ ᠣᠨᠣᠴᠠᠲᠠᠢ ᠰᠢᠢᠳᠪᠦᠷᠢᠯᠡᠬᠦ ᠪᠠᠢᠭᠤᠯᠤᠮᠵᠢ ᠵᠢ ᠪᠦᠬᠦ ᠭᠠᠴᠠᠭ᠎ᠠ ᠲᠣᠰᠬᠤᠨ ᠳ᠋ᠤ ᠲᠥᠭᠡᠮᠡᠯᠵᠢᠭᠦᠯᠬᠦ ᠬᠡᠷᠡᠭᠳᠠᠢ᠃ ᠭᠠᠴᠠᠭ᠎ᠠ ᠲᠣᠰᠬᠤᠨ ᠡᠴᠡ ᠲᠣᠰᠬᠠᠢ ᠬᠦᠮᠥᠨ ᠲᠣᠮᠢᠯᠠᠵᠤ᠂ ᠬᠢᠨᠠᠯᠲᠠ ᠬᠠᠮᠢᠶᠠᠷᠤᠯᠲᠠ ᠵᠢ ᠴᠢᠩᠭᠠᠳᠬᠠᠨ᠂ ᠬᠤᠭ ᠨᠣᠪᠰᠢ ᠵᠢ ᠲᠣᠷ᠎ᠠ ᠪᠡᠷ ᠬᠠᠶᠠᠬᠤ᠂ ᠲᠣᠷ᠎ᠠ ᠪᠡᠷ ᠰᠢᠲᠠᠭᠠᠬᠤ᠂ ᠲᠣᠷ᠎ᠠ ᠪᠡᠷ ᠭᠠᠵᠠᠷ ᠲᠦ᠍ ᠪᠤᠯᠠᠬᠤ ᠵᠡᠷᠭᠡ ᠠᠵᠢᠯᠯᠠᠭ᠎ᠠ ᠵᠢ ᠴᠠᠭ ᠲᠣᠬᠠᠢ ᠳ᠋ᠤᠨᠢ ᠴᠡᠭᠴᠡᠯᠡᠨ ᠵᠠᠰᠠᠵᠤ᠂ ᠨᠥᠭᠦᠴᠡᠯ ᠲᠠᠢ ᠭᠠᠵᠠᠷ ᠣᠷᠤᠨ ᠨᠢ ᠳᠠᠭᠠᠭᠤᠯᠢ ᠣᠲᠤᠨ ᠤ᠋ ᠠᠯᠤᠰ ᠰᠡᠷᠡᠯ ᠵᠢᠡᠷ ᠬᠢᠨᠠᠨ ᠰᠢᠨᠵᠢᠬᠦ ᠪᠠ ᠵᠢᠯᠣᠭᠣᠴᠢ ᠦᠭᠡᠢ ᠨᠢᠰᠭᠡᠯ ᠵᠢᠡᠷ ᠬᠢᠨᠠᠨ ᠡᠵᠡᠮᠳᠡᠬᠦ ᠵᠡᠷᠭᠡ ᠵᠢ ᠠᠰᠢᠭ᠍ᠯᠠᠨ ᠬᠢᠨᠠᠯᠲᠠ ᠬᠠᠮᠢᠶᠠᠷᠤᠯᠲᠠ ᠪᠠᠨ ᠤᠯᠠᠮ ᠰᠠᠢᠨ ᠴᠢᠩᠭᠠᠳᠬᠠᠵᠤ ᠪᠤᠯᠤᠨ᠎ᠠ᠃ ᠬᠦᠮᠥᠨ ᠠᠮᠠ ᠲᠠᠷᠠᠬᠠᠢ ᠪᠣᠲᠠᠷᠬᠠᠢ ᠪᠣᠶᠤ ᠪᠣᠢᠲᠠ ᠪᠦᠭᠯᠡᠭᠦᠦ ᠮᠠᠯᠵᠢᠬᠤ ᠲᠠᠷᠢᠶᠠᠯᠠᠬᠤ ᠣᠷᠤᠨ ᠳ᠋ᠤ ᠲᠣᠬᠠᠢ ᠵᠢᠨ ᠭᠠᠵᠠᠷ ᠤ᠋ᠨ ᠪᠣᠳᠠᠳᠤ ᠪᠠᠢᠳᠠᠯ ᠳ᠋ᠦ᠍ ᠲᠣᠬᠢᠷᠠᠭᠤᠯᠤᠨ᠂ ᠰᠣᠮᠣ᠌ ᠪᠠᠯᠭᠠᠰᠣ ᠡᠴᠡ ᠲᠦᠪᠯᠡᠷᠡᠭᠦᠯᠥᠨ ᠰᠢᠢᠳᠪᠦᠷᠢᠯᠡᠬᠦ ᠪᠣᠶᠤ ᠭᠠᠴᠠᠭ᠎ᠠ ᠲᠣᠰᠬᠤᠨ ᠬᠣᠯᠪᠤᠭᠠᠯᠠᠨ ᠰᠢᠢᠳᠪᠦᠷᠢᠯᠡᠬᠦ ᠵᠡᠷᠭᠡ ᠣᠯᠠᠨ ᠡᠰᠢᠳᠦ ᠵᠠᠭᠪᠤᠷ ᠢ᠋ ᠬᠡᠷᠡᠭᠵᠢᠭᠦᠯᠵᠤ᠂ ᠪᠦᠬᠦ ᠣᠷᠤᠨ ᠢ᠋ ᠬᠠᠮᠤᠷᠤᠭᠰᠠᠨ ᠠᠮᠢᠳᠤᠷᠠᠯ ᠤ᠋ᠨ ᠬᠤᠭ ᠨᠣᠪᠰᠢ ᠵᠢ ᠣᠨᠣᠴᠠᠲᠠᠢ ᠰᠢᠢᠳᠪᠦᠷᠢᠯᠡᠬᠦ ᠠᠵᠢᠯ ᠢ᠋ ᠴᠢᠨᠠᠷ ᠰᠠᠢᠲᠠᠢ ᠥᠷᠨᠢᠭᠦᠯᠥᠨ ᠪᠠᠢᠩᠭᠤᠵᠢᠭᠤᠯᠬᠤ ᠴᠢᠬᠤᠯᠠᠳᠠᠢ᠃
ᠬᠦᠳᠡᠭᠡ ᠲᠣᠰᠬᠤᠨ ᠤ᠋ ᠠᠮᠢᠳᠤᠷᠠᠯ ᠤ᠋ᠨ ᠬᠤᠭ ᠨᠣᠪᠰᠢ ᠵᠢ ᠣᠨᠣᠴᠠᠲᠠᠢ ᠰᠢᠢᠳᠪᠦᠷᠢᠯᠡᠬᠦ ᠪᠠ ᠡᠬᠢ ᠪᠠᠶᠠᠯᠢᠭ᠍ᠵᠢᠭᠤᠯᠤᠨ ᠠᠰᠢᠭ᠍ᠯᠠᠬᠤ ᠪᠣᠯ ᠨᠢᠭᠡᠨ ᠤᠷᠳᠤ ᠤᠳᠠᠭᠠᠨ ᠰᠢᠰᠲᠸᠮᠵᠢᠳᠦ ᠢᠨᠵᠸᠨ᠋ᠸᠷᠢᠩ ᠮᠦᠨ᠃ ᠡᠷᠬᠡᠪᠰᠢ ᠡᠯ᠎ᠡ ᠲᠠᠯ᠎ᠠ ᠪᠡᠷ ᠬᠠᠮᠵᠢᠯᠴᠠᠨ ᠬᠦᠴᠦᠯᠡᠵᠦ᠂ ᠣᠨᠣᠴᠠᠲᠠᠢ ᠪᠡᠷ ᠠᠷᠭ᠎ᠠ ᠪᠤᠳᠣᠯᠭ᠎ᠠ ᠲᠣᠭᠲᠠᠭᠠᠨ ᠬᠡᠷᠡᠭᠵᠢᠭᠦᠯᠵᠦ᠂ ᠤᠳᠠᠭᠠᠨ ᠳᠠᠭᠠᠭᠠᠮᠠᠭᠠᠢ ᠪᠡᠷ ᠵᠢᠳᠭᠥᠨ ᠴᠢᠷᠮᠠᠢᠬᠤ ᠴᠢᠬᠤᠯᠠᠲᠠᠢ᠃ ᠥᠷᠭᠡᠨ ᠣᠯᠠᠨ ᠮᠠᠯᠴᠢᠨ ᠲᠠᠷᠢᠶᠠᠴᠢᠨ᠂ ᠰᠠᠭᠤᠭᠠᠯᠢ ᠠᠷᠠᠳ ᠪᠦᠷ ᠢᠳᠡᠪᠬᠢᠲᠠᠢ ᠣᠷᠤᠯᠴᠠᠵᠤ᠂ ᠰᠠᠨᠠᠭᠠᠴᠢᠯᠠᠭ᠎ᠠ ᠡᠴᠡ ᠪᠠᠨ ᠵᠢᠳᠭᠥᠯ ᠴᠢᠷᠮᠠᠢᠯᠭ᠎ᠠ ᠭᠠᠷᠭᠠᠨ᠂ ᠡᠯ᠎ᠡ ᠱᠠᠳᠤᠨ ᠤ᠋ ᠨᠠᠮ ᠵᠠᠰᠠᠭ ᠡᠴᠡ ᠬᠠᠮᠢᠶ᠎ᠠ ᠪᠦᠬᠦᠢ ᠲᠥᠷᠢᠮ ᠲᠤᠭᠳᠠᠭᠠᠯ ᠢ᠋ ᠨᠠᠷᠢᠨ ᠣᠨᠣᠴᠠᠲᠠᠢ ᠲᠣᠭᠲᠠᠭᠠᠨ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠵᠢ ᠴᠢᠩᠭᠠᠳᠬᠠᠨ᠂ ᠪᠡᠯᠡ ᠣᠷᠤᠭᠤᠯᠤᠯᠲᠠ ᠪᠠᠨ ᠨᠡᠮᠡᠭᠳᠡᠭᠦᠯᠵᠤ᠂ ᠲᠣᠨᠣᠭ ᠲᠥᠬᠥᠭᠡᠷᠥᠮᠵᠢ ᠪᠡᠨ ᠤᠯᠠᠮ ᠰᠠᠢᠵᠢᠷᠠᠭᠤᠯᠤᠨ᠂ ᠤᠬᠠᠭᠤᠯᠭ᠎ᠠ ᠰᠤᠷᠳᠠᠯᠴᠢᠯᠠᠭ᠎ᠠ ᠶ᠋ᠢᠨ ᠡᠷᠴᠢᠮ ᠵᠢᠡᠨ ᠴᠢᠩᠭᠠᠷᠠᠭᠤᠯᠵᠤ᠂ ᠬᠦᠮᠦᠰ ᠤ᠋ᠨ ᠠᠮᠢ ᠠᠬᠤᠢ ᠤᠷᠴᠢᠨ ᠲᠤᠭᠤᠷᠢᠨ ᠪᠤᠯᠤᠨ ᠤᠷᠤᠰᠢᠨ ᠰᠠᠭᠤᠷᠢᠰᠢᠬᠤ ᠣᠷᠴᠢᠨ ᠨᠦᠬᠦᠴᠡᠯ ᠵᠢᠡᠨ ᠰᠠᠢᠵᠢᠷᠠᠭᠤᠯᠬᠤ ᠲᠣᠳᠣᠭᠠᠳᠤ ᠬᠦᠳᠡᠯᠬᠡᠬᠦ ᠬᠦᠴᠦᠨ ᠢ᠋ ᠬᠦᠭᠵᠢᠬᠡᠵᠤ᠂ ᠬᠦᠳᠡᠭᠡ ᠲᠣᠰᠬᠤᠨ ᠤ᠋ ᠠᠮᠢᠳᠤᠷᠠᠯ ᠤ᠋ᠨ ᠬᠤᠭ ᠨᠣᠪᠰᠢ ᠵᠢ ᠣᠨᠣᠴᠠᠲᠠᠢ ᠰᠢᠢᠳᠪᠦᠷᠢᠯᠡᠨ᠂ ᠣᠷᠤᠰᠢᠨ ᠰᠠᠭᠤᠷᠢᠰᠢᠬᠤ ᠣᠷᠴᠢᠨ ᠲᠣᠭᠤᠷᠢᠨ ᠵᠢᠡᠨ ᠪᠦᠬᠦ ᠬᠦᠴᠦᠨ ᠵᠢᠡᠷ ᠰᠠᠢᠵᠢᠷᠠᠭᠤᠯᠵᠤ᠂ ᠬᠦᠳᠡᠭᠡ ᠲᠣᠰᠬᠤᠨ ᠢ᠋ ᠬᠦᠭᠵᠢᠭᠦᠯᠥᠨ ᠮᠠᠨᠳᠤᠭᠤᠯᠬᠤ᠂ ᠦᠵᠡᠰᠭᠦᠯᠡᠩᠳᠦ ᠰᠠᠢᠬᠠᠨ ᠦᠪᠤᠷ ᠮᠤᠩᠭᠤᠯ ᠢ᠋ ᠪᠦᠳᠦᠭᠡᠨ ᠪᠠᠢᠭᠤᠯᠬᠤ ᠳ᠋ᠤ ᠪᠦᠬᠦ ᠬᠦᠴᠦᠨ ᠵᠢᠡᠷ ᠵᠢᠳᠭᠦᠬᠦ ᠴᠢᠬᠤᠯᠠᠲᠠᠢ᠃
(ᠵᠣᠬᠢᠶᠠᠭ᠍ᠴᠢ ᠵᠢᠨ ᠬᠠᠶᠢᠭ᠋᠄ ᠦᠪᠦᠷ ᠮᠤᠩᠭᠤᠯ ᠤ᠋ᠨ ᠥᠪᠡᠷᠳᠡᠭᠡᠨ ᠵᠠᠰᠠᠬᠤ ᠣᠷᠤᠨ ᠤ᠋ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃