2026-10-30 15:01:55
ᠶᠡᠷᠦᠩᠬᠡᠢ ᠱᠦᠵᠢ ᠰᠢ᠎ᠶᠢᠨ ᠫᠢᠩ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ᠎ᠳᠠᠭᠠᠨ᠄ 《ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ᠎ᠶᠢᠨ ᠪᠠᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ ᠮᠤᠲᠤ ᠭᠠᠵᠠᠷ ᠲᠠᠷᠢᠶ᠎ᠠ ᠨᠠᠭᠤᠷ ᠪᠤᠷᠢ᠎ᠲᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠸᠮ ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ᠎ᠵᠢᠨ ᠭᠠᠳᠠᠬᠰᠢᠯᠠᠭᠤᠯᠤᠯᠲᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠪᠡᠶᠡᠯᠡᠬᠦᠯᠬᠦ᠎ᠶᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠢ᠎ᠶᠢ ᠤᠷᠢᠳ ᠵᠢᠨᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ》 ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ᠎ᠶᠢᠨ ᠫᠢᠩ ᠬᠢᠬᠢᠷᠢ ᠵᠢᠨ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠬᠦᠷᠴᠦ᠂ ᠨᠤᠭᠤ ᠭᠠᠵᠠᠷ᠎ᠢ ᠬᠠᠮᠠᠭᠠᠯᠠᠬᠤ᠎ᠳᠦ ᠬᠠᠮᠤᠭ᠎ᠤᠨ ᠴᠢᠬᠤᠯᠠ ᠨᠢ ᠤᠩᠭᠤᠨ ᠪᠠᠢᠭᠠᠯᠢᠯᠢᠬ ᠠᠮᠢ ᠠᠬᠤᠢ᠎ᠶᠢ ᠪᠠᠲᠤᠯᠠᠬᠤ᠎ᠳᠤ ᠪᠠᠢᠨ᠎ᠠ ᠭᠡᠵᠦ ᠭᠦᠨᠵᠡᠭᠡᠢ ᠵᠢᠭᠠᠨ ᠭᠠᠷᠭᠠᠵᠤ᠂ ᠮᠠᠭᠤᠳᠠᠭᠰᠠᠨ ᠨᠤᠭᠤ ᠭᠠᠵᠠᠷ᠎ᠤᠨ ᠠᠮᠢ ᠠᠬᠤᠢ᠎ᠶᠢᠨ ᠰᠢᠰᠲ᠋ᠸᠮᠳᠤ ᠠᠶᠠᠨᠳᠠᠭᠠᠨ ᠰᠡᠷᠭᠦᠭᠡᠬᠦ᠎ᠪᠡᠷ ᠭᠣᠣᠯ ᠪᠣᠯᠭᠠᠵᠤ᠂ ᠬᠥᠮᠥᠨ᠎ᠦ ᠬᠦᠴᠦ ᠤᠷᠤᠭᠤᠯᠬᠤ᠎ᠪᠡᠷ ᠬᠠᠪᠰᠤᠷᠤᠮᠵᠢ ᠪᠣᠯᠭᠠᠬᠤ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠪᠡᠷ ᠰᠡᠷᠬᠦᠭᠡᠬᠦ ᠬᠡᠷᠡᠭᠲᠡᠢ ᠭᠡᠵᠤ ᠴᠢᠬᠤᠯᠠᠴᠢᠯᠠᠵᠠᠢ; ᠶᠡᠷᠦᠩᠬᠡᠢ ᠱᠦᠵᠢ ᠰᠢ᠎ᠶᠢᠨ ᠫᠢᠩ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ ᠵᠢᠨ ᠲᠣᠭᠣᠷᠢᠭ᠋᠎ᠲᠤ ᠬᠦᠷᠴᠦ᠂ 《ᠪᠤᠳᠤᠯᠲᠠ ᠵᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ》᠂ 《ᠪᠤᠳᠤᠯᠲᠠ ᠵᠢᠨ ᠬᠦᠴᠦᠨ ᠪᠤᠯᠤᠨ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ》 ᠶ᠋ᠢ ᠴᠢᠬᠤᠯᠠᠴᠢᠯᠠᠵᠤ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠶᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠳᠡᠭᠡᠷ ᠴᠢᠬᠤᠯᠠ ᠥᠭᠦᠯᠡᠯᠲᠡ ᠨᠢ ᠬᠠᠮᠠᠭᠠᠯᠠᠬᠤ ᠪᠠ ᠬᠥᠭᠵᠢᠭᠦᠯᠬᠦ᠎ᠶᠢᠨ ᠬᠤᠪᠢᠰᠤᠩᠭᠤᠢ ᠬᠠᠷᠢᠴᠠᠭ᠎ᠠ᠎ᠶᠢ ᠲᠣᠳᠣᠷᠬᠠᠢᠯᠠᠵᠤ᠂ ᠡᠬᠡ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ ᠦᠢᠯᠡᠳᠦᠯᠭᠡ᠎ᠶᠢᠨ ᠠᠷᠭ᠎ᠠ ᠵᠠᠮ᠎ᠢ ᠲᠣᠳᠣᠷᠬᠠᠢ ᠵᠢᠭᠠᠭᠰᠠᠨ ᠪᠠᠢᠨ᠎ᠠ᠃ ᠣᠳᠣᠬᠠᠨ᠎ᠳᠤ᠂ ᠪᠢᠳᠡ ᠨᠢᠭᠡᠨ ᠵᠠᠩᠭᠢᠯᠠᠭ᠎ᠠ᠎ᠶᠢᠨ ᠲᠠᠨᠢᠯᠲᠠ᠎ᠶᠢᠨ ᠬᠤᠪᠢᠷᠠᠯᠲᠠ᠎ᠶᠢ ᠪᠡᠶᠡᠯᠡᠭᠦᠯᠬᠦ ᠴᠢᠬᠤᠯᠠ ᠲᠠᠢ᠄ ᠠᠮᠢ ᠠᠬᠤᠢ᠎ᠶᠢᠨ ᠬᠠᠮᠠᠭᠠᠯᠠᠯᠲᠠ ᠨᠢ ᠶᠠᠭ ᠠᠵᠤ ᠠᠬᠤᠢ᠎ᠶᠢᠨ ᠬᠥᠭᠵᠢᠯᠲᠡ᠎ᠶᠢᠨ ᠭᠠᠳᠠᠭᠠᠳᠤ ᠴᠢᠨᠠᠷᠲᠠᠢ ᠬᠢᠵᠠᠭᠠᠷᠯᠠᠯ᠎ᠠᠴᠠ ᠳᠣᠲᠣᠭᠠᠳᠤ ᠬᠥᠳᠡᠯᠭᠡᠬᠦ ᠬᠦᠴᠦᠨ ᠪᠣᠯᠣᠨ ᠬᠤᠪᠢᠷᠠᠵᠤ᠂ ᠠᠵᠤ ᠠᠬᠤᠢ᠎ᠶᠢᠨ ᠲᠣᠭᠠᠴᠠᠭ᠎ᠠ ᠬᠢᠬᠦ ᠶᠠᠪᠤᠴᠠ᠎ᠳᠠᠬᠢ ᠥᠪᠡᠷ᠎ᠦᠨ ᠦᠷᠳᠡᠭ᠎ᠦᠨ ᠲᠥᠪ᠎ᠨᠢ ᠴᠢᠨᠠᠷ ᠰᠠᠢᠲᠠᠢ ᠬᠥᠭᠵᠢᠯᠲᠡ᠎ᠶᠢᠨ ᠦᠷᠳᠡᠭ᠎ᠦᠨ ᠡᠬᠢ ᠰᠤᠷᠪᠤᠯᠵᠢ ᠪᠣᠯᠣᠨ ᠬᠤᠪᠢᠷᠠᠵᠦ ᠪᠠᠢᠨ᠎ᠠ᠃
ᠲᠠᠨᠢᠯᠲᠠ ᠵᠢᠨ ᠭᠦᠨᠵᠡᠭᠡᠢᠷᠡᠯ ᠵᠢᠡᠷ ᠬᠠᠮᠠᠭᠠᠯᠠᠬᠤ ᠪᠠ ᠬᠥᠭᠵᠢᠭᠦᠯᠬᠦ᠎ᠶᠢᠨ ᠬᠠᠷᠢᠴᠠᠭ᠎ᠠ᠎ᠶᠢᠨ ᠣᠷᠣᠨ ᠪᠠᠢᠷᠢ᠎ᠵᠢ ᠳᠠᠬᠢᠨ ᠲᠣᠭᠲᠠᠭᠠᠬᠤ ᠬᠡᠷᠡᠭᠳᠡᠢ
ᠤᠷᠳᠤ ᠬᠤᠭᠤᠴᠠᠭᠠᠨ᠎ᠤ ᠲᠤᠷᠰᠢ᠂ ᠵᠠᠷᠢᠮ ᠭᠠᠵᠠᠷ ᠣᠷᠣᠨ᠎ᠤ ᠬᠢᠨ ᠠᠮᠢ ᠠᠬᠤᠢ᠎ᠶᠢᠨ ᠬᠠᠮᠠᠭᠠᠯᠠᠯᠲᠠ᠎ᠶᠢ ᠨᠢᠭᠡ ᠵᠦᠢᠯ᠎ᠦᠨ ᠳᠠᠷᠤᠭᠠᠰᠤ ᠪᠤᠯᠭᠠᠵᠦ᠂ ᠬᠥᠭᠵᠢᠯᠲᠡ᠎ᠶᠢᠨ ᠣᠷᠣᠨ ᠵᠠᠢ᠎ᠶᠢ ᠡᠵᠡᠯᠡᠵᠤ᠂ ᠡᠳ᠋᠎ᠦᠨ ᠵᠠᠰᠠᠭ᠎ᠤᠨ ᠪᠡᠯᠡ ᠮᠥᠩᠭᠥ᠎ᠶᠢ ᠬᠣᠷᠣᠭᠳᠠᠭᠤᠯᠵᠤ᠂ ᠠᠵᠤ ᠦᠢᠯᠡᠰ᠎ᠦᠨ ᠪᠠᠢᠷᠢᠰᠢᠯ᠎ᠢ ᠬᠢᠵᠠᠭᠠᠷᠯᠠᠳᠠᠭ ᠭᠡᠵᠤ ᠦᠵᠡᠵᠤ ᠪᠠᠢᠪᠠ᠃ ᠡᠨᠡ ᠬᠦ᠌ ᠲᠠᠨᠢᠯᠲᠠ᠎ᠶᠢᠨ ᠦᠨᠳᠦᠰᠦ ᠰᠤᠷᠪᠤᠯᠵᠢ ᠨᠢ ᠬᠠᠮᠠᠭᠠᠯᠠᠯᠲᠠ ᠪᠠ ᠬᠥᠭᠵᠢᠯᠲᠡ᠎ᠶᠢ ᠨᠡᠮᠡᠭᠳᠡᠵᠤ ᠬᠤᠷᠤᠬᠳᠠᠬᠤ ᠡᠰᠡᠷᠭᠦ ᠬᠠᠷᠢᠴᠠᠭ᠎ᠠ᠎ᠪᠠᠷ ᠦᠵᠡᠵᠦ᠂ ᠠᠮᠢ ᠠᠬᠤᠢ᠎ᠶᠢᠨ ᠲᠤᠰ ᠪᠡᠶ᠎ᠡ ᠨᠢ ᠪᠠᠢᠭᠠᠯᠢ᠎ᠶᠢᠨ ᠬᠥᠷᠥᠩᠭᠡ᠎ᠶᠢᠨ ᠦᠨᠳᠦᠰᠦᠨ ᠰᠢᠨᠵᠢ ᠴᠢᠨᠠᠷ ᠪᠣᠯᠬᠤ᠎ᠶᠢ ᠣᠮᠲᠣᠭᠠᠢᠯᠠᠭᠰᠠᠨ᠎ᠳᠤ ᠣᠷᠣᠰᠢᠨ᠎ᠠ᠃ ᠶᠡᠷᠦᠩᠬᠡᠢ ᠱᠦᠵᠢ ᠰᠢ᠎ᠶᠢᠨ ᠫᠢᠩ 《ᠠᠮᠢ ᠠᠬᠤᠢ ᠣᠷᠴᠢᠨ ᠲᠤᠭᠤᠷᠢᠨ ᠪᠣᠯ ᠡᠬᠢ ᠪᠠᠶᠠᠯᠢᠭ᠋ ᠮᠥᠨ᠂ ᠡᠳ᠋ ᠬᠥᠷᠥᠩᠭᠡ ᠮᠥᠨ》᠂ 《ᠪᠠᠢᠭᠠᠯᠢ᠎ᠶᠢᠨ ᠬᠥᠷᠥᠩᠭᠡ᠎ᠶᠢᠨ ᠶᠡᠬᠡ ᠬᠡᠮᠵᠢᠶᠡᠨ᠎ᠦ ᠥᠷᠲᠡᠭ᠎ᠦᠨ ᠨᠡᠮᠡᠭᠳᠡᠯ᠎ᠢ ᠠᠬᠢᠭᠤᠯᠬᠤ ᠬᠡᠷᠡᠭᠲᠡᠢ》᠂ 《ᠬᠦᠬᠡ ᠠᠭᠤᠯᠠ ᠬᠥᠬᠡᠮᠳᠦᠭ ᠤᠰᠤ ᠪᠣᠯ ᠳᠠᠷᠤᠢ ᠠᠯᠲᠠᠨ ᠠᠭᠤᠯᠠ ᠮᠥᠩᠭᠥᠨ ᠬᠠᠢᠷᠬᠠᠨ ᠮᠥᠨ》 ᠭᠡᠵᠦ ᠴᠢᠬᠤᠯᠠᠴᠢᠯᠠᠭᠰᠠᠨ ᠨᠢ ᠶᠠᠭ ᠡᠨᠡ ᠬᠦ᠌ ᠣᠢᠯᠠᠭᠠᠭᠳᠠᠬᠤᠨ᠎ᠤ ᠦᠨᠳᠦᠰᠦᠨ ᠳᠠᠪᠠᠯᠲᠠ ᠮᠥᠨ᠃
ᠬᠢᠬᠢᠷᠢ ᠵᠢᠨ ᠨᠠᠭᠤᠷ᠎ᠤᠨ ᠬᠤᠪᠢᠷᠠᠯᠲᠠ ᠨᠢ ᠡᠭᠦᠨ᠎ᠦ ᠲᠤᠬᠠᠢ ᠬᠦᠴᠦᠲᠡᠢ ᠭᠡᠷᠡᠴᠢᠯᠡᠯ ᠬᠠᠩᠭᠠᠭᠰᠠᠨ ᠪᠠᠢᠨ᠎ᠠ᠃ ᠡᠨᠡ ᠬᠦ᠌ ᠲᠠᠯᠠᠪᠠᠶ ᠪᠡᠷ 130 ᠲᠡᠭᠰᠢ ᠳᠥᠷᠪᠡᠯᠵᠢᠨ ᠺᠢᠯᠣᠮᠧᠲᠷ ᠣᠷᠴᠢᠮ᠎ᠤᠨ ᠨᠠᠭᠤᠷ ᠨᠢ 20 ᠳ᠋ᠤᠭᠠᠷ ᠵᠠᠭᠤᠨ᠎ᠤ ᠲᠠᠪᠢᠭᠠᠳ ᠣᠨ᠎ᠤ ᠦᠶ᠎ᠡ᠎ᠳᠤ ᠬᠥᠮᠥᠨ ᠲᠥᠷᠥᠯᠬᠢᠲᠡᠨ᠎ᠦ ᠵᠤᠬᠢᠰ ᠦᠭᠡᠢ ᠠᠵᠢᠯᠯᠠᠭ᠎ᠠ ᠪᠠ ᠭᠠᠩ ᠬᠠᠭᠰᠠᠷᠠᠭᠠᠨ᠎ᠠᠴᠠ ᠪᠣᠯᠵᠤ᠂ 2006 ᠣᠨ᠎ᠳᠤ ᠰᠢᠷᠭᠢᠬᠦ ᠰᠢᠬᠠᠵᠤ᠂ 2012 ᠣᠨ᠎ᠳᠤ ᠰᠡᠷᠭᠦᠭᠡᠬᠦ ᠦᠶ᠎ᠡ᠎ᠳᠦ ᠤᠰᠤ ᠰᠢᠷᠭᠢᠬᠦ ᠬᠤᠭᠤᠴᠠᠭᠠᠨ᠎ᠳᠡᠬᠢ ᠲᠠᠯᠠᠪᠠᠢ ᠨᠢ 5 ᠲᠡᠭᠰᠢ ᠳᠥᠷᠪᠡᠯᠵᠢᠨ ᠺᠢᠯᠣᠮᠧᠲᠷ ᠴᠸ᠋ ᠬᠦᠷᠬᠦ ᠦᠭᠡᠢ ᠪᠠᠢᠪᠠ᠃ ᠡᠢᠨ ᠬᠦ᠌ ᠰᠢᠰᠲᠧᠮ᠎ᠲᠠᠢ ᠵᠠᠰᠠᠯᠲᠠ᠎ᠪᠠᠷ ᠳᠡᠮᠵᠢᠨ ᠲᠠᠯᠠᠪᠠᠶ ᠨᠢ ᠲᠣᠭᠲᠠᠭᠤᠨ᠎ᠢᠶᠠᠷ ᠰᠡᠷᠭᠦᠵᠡᠢ᠂ 2025 ᠣᠨ᠎ᠤ 5 ᠰᠠᠷ᠎ᠠ᠎ᠶᠢᠨ ᠦᠶ᠎ᠡ᠎ᠳᠤ᠂ 27 ᠵᠢᠯ ᠠᠯᠤᠰᠯᠠᠭᠠᠳ ᠳᠠᠬᠢᠨᠲᠠ ᠵᠢᠭᠠᠰᠤᠨ᠎ᠤ ᠲᠥᠷᠥᠯ᠎ᠦᠨ ᠠᠵᠢᠯᠯᠠᠭ᠎ᠠ᠎ᠶᠢ ᠬᠢᠨᠠᠨ ᠤᠯᠵᠤ᠂ ᠪᠠᠰᠠ 168 ᠲᠥᠷᠥᠯ᠎ᠦᠨ ᠰᠢᠪᠠᠭᠤᠨ᠎ᠤ ᠲᠥᠷᠥᠯ᠎ᠢ ᠢᠯᠡᠷᠡᠭᠦᠯᠪᠡ᠃ ᠡᠨᠡ ᠬᠦ᠌ ᠬᠤᠪᠢᠷᠠᠯᠲᠠ ᠨᠢ ᠠᠮᠢ ᠠᠬᠤᠢ᠎ᠶᠢᠨ ᠭᠦᠢᠴᠡᠳᠬᠡᠯ ᠲᠣᠭ᠎ᠠ᠎ᠶᠢᠨ ᠰᠠᠢᠵᠢᠷᠠᠯᠲᠠ ᠲᠡᠳᠦᠢ ᠪᠢᠰᠢ᠂ ᠨᠠᠩ ᠴᠤ᠌ ᠣᠷᠣᠨ ᠪᠦᠰᠡ᠎ᠶᠢᠨ ᠬᠥᠭᠵᠢᠯᠲᠡ᠎ᠶᠢᠨ ᠴᠢᠨᠠᠷ ᠴᠢᠨᠰᠠᠭ᠎ᠠ᠎ᠶᠢᠨ ᠳᠡᠭᠡᠭᠰᠢᠯᠡᠯᠲᠡ᠎ᠶᠢ ᠳᠠᠶ᠋ᠢᠴᠢᠯᠠᠵᠤ᠂ ᠨᠠᠭᠤᠷ ᠴᠥᠭᠥᠷᠥᠮ᠎ᠦᠨ ᠤᠰᠤᠨ᠎ᠤ ᠠᠶᠠᠨᠳᠠᠭᠠᠨ ᠴᠡᠪᠡᠷᠰᠢᠬᠦ ᠪᠠ ᠤᠰᠤᠨ᠎ᠤ ᠡᠷᠭᠢᠯᠲᠡ᠎ᠶᠢᠨ ᠴᠢᠳᠠᠮᠵᠢ᠎ᠶᠢ ᠠᠯᠬᠤᠮ ᠠᠯᠬᠤᠮ᠎ᠢᠶᠠᠷ ᠰᠡᠷᠭᠦᠭᠡᠵᠦ᠂ ᠡᠷᠬᠢᠨ ᠲᠣᠭᠣᠷᠢᠨ᠎ᠤ ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠨᠥᠬᠥᠴᠡᠯ ᠪᠠ ᠬᠥᠮᠥᠰ᠎ᠦᠨ ᠣᠷᠣᠰᠢᠨ ᠰᠠᠭᠤᠷᠢᠰᠢᠬᠤ ᠣᠷᠴᠢᠨ ᠨᠥᠬᠥᠴᠡᠯ ᠴᠦ᠍ ᠳᠠᠭᠠᠯᠳᠤᠨ ᠰᠠᠢᠵᠢᠷᠠᠵᠠᠢ᠃
ᠡᠭᠦᠨ᠎ᠡᠴᠡ ᠨᠢᠭᠡᠨ ᠦᠨᠳᠦᠰᠦᠨ ᠮᠠᠭᠠᠳᠯᠠᠯᠲᠠ᠎ᠶᠢ ᠣᠯᠵᠤ ᠪᠣᠯᠣᠨ᠎ᠠ᠄ ᠬᠠᠮᠠᠭᠠᠯᠠᠯᠲᠠ᠎ᠶᠢ ᠳᠠᠷᠤᠭᠠᠰᠤ᠎ᠪᠠᠷ ᠦᠵᠡᠬᠦ ᠲᠠᠨᠢᠯᠲᠠ ᠶᠠᠭ ᠦᠢᠯᠡᠳᠦᠯᠭᠡ᠎ᠪᠡᠷ ᠲᠠᠪᠠᠬᠳᠠᠵᠤ᠂ ᠠᠮᠢ ᠠᠬᠤᠢ ᠵᠢᠨ ᠬᠥᠭᠵᠢᠯᠲᠡ᠎ᠶᠢᠨ ᠡᠳ᠋ ᠬᠥᠷᠥᠩᠭᠡ᠎ᠶᠢᠨ ᠰᠢᠨᠵᠢ ᠴᠢᠨᠠᠷ ᠨᠢ ᠦᠢᠯᠡᠳᠦᠯᠭᠡ᠎ᠪᠡᠷ ᠭᠡᠷᠡᠴᠢᠯᠡᠭᠳᠡᠵᠠᠢ᠃ ᠡᠳ᠋ ᠬᠥᠷᠥᠩᠭᠡ ᠨᠢ ᠲᠠᠸᠠᠷ᠎ᠲᠠᠢ ᠲᠡᠩᠴᠡᠬᠦ ᠦᠭᠡᠢ ᠶᠤᠮ᠃ ᠠᠮᠢ ᠠᠬᠤᠢ᠎ᠶᠢᠨ ᠦᠢᠯᠡᠴᠢᠯᠡᠭᠡᠨ᠎ᠦ ᠴᠢᠳᠠᠮᠵᠢ᠎ᠶᠢᠨ ᠣᠯᠠᠩᠬᠢ ᠨᠢ ᠵᠠᠬ᠎ᠠ ᠳᠡᠯᠭᠡᠭᠦᠷ᠎ᠦᠨ ᠠᠷᠠᠯᠵᠢᠶ᠎ᠠ᠎ᠳᠤ ᠰᠢᠭᠤᠳ ᠣᠷᠣᠳᠠᠭ ᠦᠭᠡᠢ ᠪᠣᠯᠪᠠᠴᠤ ᠲᠡᠭᠦᠨ᠎ᠦ ᠥᠷᠲᠡᠭ ᠨᠢ ᠡᠭᠦᠨ᠎ᠡᠴᠡ ᠪᠣᠯᠵᠤ ᠪᠠᠭᠤᠷᠠᠬᠤ ᠦᠭᠡᠢ ᠶᠤᠮ᠂ ᠲᠡᠷᠡ ᠪᠣᠯ ᠣᠷᠣᠨ ᠪᠦᠰᠡ᠎ᠶᠢᠨ ᠦᠷᠭᠦᠯᠵᠢᠯᠡᠬᠦᠢᠴᠡ ᠬᠥᠭᠵᠢᠯᠲᠡ᠎ᠶᠢᠨ 《ᠰᠠᠭᠤᠷᠢ ᠲᠥᠬᠦᠭᠡᠷᠦᠮᠵᠢ》 ᠮᠥᠨ᠂ ᠠᠮᠢ ᠠᠬᠤᠢ᠎ᠶᠢᠨ ᠠᠶᠤᠯ ᠲᠦᠭᠰᠢᠭᠦᠷᠢ᠎ᠶᠢ ᠡᠰᠡᠷᠭᠦᠴᠡᠬᠦ 《ᠰᠠᠭᠤᠷᠢ ᠴᠢᠯᠠᠭᠤ》 ᠮᠥᠨ; ᠥᠮᠴᠢᠯᠡᠯ᠎ᠦᠨ ᠡᠷᠬᠡ᠎ᠶᠢ ᠵᠠᠭᠠᠭᠯᠠᠨ ᠲᠣᠭᠲᠠᠭᠠᠮᠠᠭᠴᠠ ᠲᠡᠭᠦᠨ᠎ᠦ ᠳᠣᠲᠣᠷᠠᠬᠢ ᠨᠢᠭᠡ ᠬᠡᠰᠡᠭ᠎ᠢ ᠨᠢ ᠪᠠᠰᠠ ᠬᠡᠮᠵᠢᠵᠦ ᠪᠣᠯᠬᠤ᠂ ᠠᠷᠠᠯᠵᠢᠶᠠᠯᠠᠵᠤ ᠪᠣᠯᠬᠤ ᠠᠮᠢ ᠠᠬᠤᠢ᠎ᠶᠢᠨ ᠪᠦᠲᠦᠭᠡᠭᠳᠡᠬᠦᠨ ᠪᠣᠯᠭᠠᠨ ᠬᠤᠪᠢᠷᠠᠭᠤᠯᠵᠤ ᠪᠣᠯᠣᠨ᠎ᠠ᠃ ᠡᠨᠡ ᠬᠦ᠌ ᠲᠠᠩᠰᠠ᠎ᠶᠢ ᠲᠣᠳᠣᠷᠬᠠᠢ ᠪᠤᠳᠤᠪᠠᠯ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ᠎ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠬᠦ᠎ᠳᠦ ᠰᠠᠶᠢ ᠪᠠᠲᠤ ᠪᠡᠬᠢ ᠦᠵᠡᠯ ᠰᠠᠨᠠᠭᠠᠨ᠎ᠤ ᠤᠷᠢᠲᠠᠯ᠎ᠲᠠᠢ ᠪᠣᠯᠵᠤ ᠴᠢᠳᠠᠨ᠎ᠠ᠃
ᠰᠢᠰᠲᠧᠮ᠎ᠲᠠᠢ ᠵᠠᠰᠠᠯᠲᠠ᠎ᠪᠠᠷ ᠠᠮᠢ ᠠᠬᠤᠢ᠎ᠶᠢᠨ ᠡᠳ᠋ ᠬᠥᠷᠥᠩᠭᠡ᠎ᠶᠢᠨ 《ᠰᠠᠭᠤᠷᠢ》 ᠵᠢ ᠪᠡᠬᠢᠵᠢᠭᠦᠯᠬᠦ ᠬᠡᠷᠡᠭᠳᠡᠢ
ᠬᠠᠮᠠᠭᠠᠯᠠᠯᠲᠠ ᠶ᠋ᠢᠨ ᠡᠳ᠋ ᠬᠥᠷᠥᠩᠭᠡ ᠶ᠋ᠢᠨ ᠰᠢᠨᠵᠢ ᠴᠢᠨᠠᠷ᠎ᠢ ᠲᠠᠨᠢᠬᠤ ᠪᠤᠯ ᠵᠥᠪᠬᠡᠨ ᠨᠢᠭᠡᠳᠦᠭᠡᠷ ᠠᠯᠬᠤᠮ᠂ ᠡᠭᠦᠨ᠎ᠦ ᠵᠠᠩᠭᠢᠯᠠᠭ᠎ᠠ ᠨᠢ ᠰᠢᠰᠲᠧᠮ᠎ᠲᠠᠢ ᠵᠠᠰᠠᠯᠲᠠ᠎ᠪᠠᠷ ᠳᠠᠮᠵᠢᠭᠤᠯᠤᠨ ᠪᠠᠢᠭᠠᠯᠢ ᠶ᠋ᠢᠨ ᠡᠳ᠋ ᠬᠥᠷᠥᠩᠭᠡ ᠶ᠋ᠢᠨ ᠥᠷᠲᠡᠭ ᠢ᠋ ᠪᠠᠲᠤᠯᠠᠵᠤ ᠥᠷᠲᠡᠭ ᠢ᠋ ᠨᠡᠮᠡᠭᠳᠡᠭᠦᠯᠬᠦ᠎ᠳᠦ ᠪᠠᠢᠨ᠎ᠠ᠂ ᠥᠷᠲᠡᠭ ᠢ᠋ ᠪᠠᠲᠤᠯᠠᠬᠤ ᠪᠣᠯ ᠬᠠᠳᠠᠭᠠᠯᠠᠯᠲᠠ ᠶ᠋ᠢᠨ ᠬᠡᠮᠵᠢᠶ᠎ᠡ ᠶ᠋ᠢ ᠪᠠᠭᠤᠷᠠᠭᠤᠯᠬᠤ ᠦᠭᠡᠢ᠂ ᠥᠷᠲᠡᠭ ᠢ᠋ ᠨᠡᠮᠡᠭᠳᠡᠭᠦᠯᠬᠦ ᠪᠣᠯ ᠠᠮᠢ ᠠᠬᠤᠢ ᠶ᠋ᠢᠨ ᠰᠢᠰᠲᠧᠮ᠎ᠤᠨ ᠥᠪᠡᠷ ᠢ᠋᠎ᠪᠡᠨ ᠵᠠᠰᠠᠨ ᠰᠡᠷᠭᠦᠭᠡᠬᠦ ᠴᠢᠳᠠᠪᠤᠷᠢ ᠵᠢ ᠰᠡᠷᠭᠦᠭᠡᠬᠦ᠂ ᠬᠠᠳᠠᠭᠠᠯᠠᠯᠲᠠ ᠶ᠋ᠢᠨ ᠬᠡᠮᠵᠢᠶ᠎ᠡ ᠶ᠋ᠢ ᠦᠷᠭᠦᠯᠵᠢᠯᠡᠨ ᠨᠡᠮᠡᠭᠳᠡᠭᠦᠯᠬᠦ ᠶᠠᠪᠤᠳᠠᠯ ᠮᠦᠨ ᠭᠡᠳᠡᠭ ᠪᠤᠯ ᠵᠠᠩᠬᠢᠯᠠᠭ᠎ᠠ ᠪᠤᠯᠤᠨ᠎ᠠ᠃ ᠠᠶᠠᠨᠳᠠᠭᠠᠨ ᠰᠡᠷᠭᠦᠭᠡᠬᠦ᠎ᠪᠡᠷ ᠭᠣᠣᠯ ᠪᠣᠯᠭᠠᠵᠤ᠂ ᠬᠥᠮᠥᠨ᠎ᠦ ᠬᠦᠴᠦ ᠤᠷᠤᠭᠤᠯᠬᠤ᠎ᠪᠡᠷ ᠬᠠᠪᠰᠤᠷᠤᠮᠵᠢ ᠪᠣᠯᠭᠠᠬᠤ᠎ᠶᠢ ᠪᠠᠷᠢᠮᠲᠠᠯᠠᠬᠤ ᠨᠢ ᠳᠥᠭᠥᠮᠬᠡᠨ᠎ᠢᠶᠡᠷ ᠣᠷᠣᠨ ᠪᠦᠰᠡ᠎ᠶᠢ 《ᠬᠦᠷᠢᠶᠡᠯᠡᠭᠡᠳ ᠬᠥᠳᠡᠯᠭᠡᠬᠦ ᠦᠭᠡᠢ》 ᠭᠡᠰᠡᠨ ᠪᠢᠰᠢ᠂ ᠬᠠᠷᠢᠨ ᠰᠢᠨᠵᠢᠯᠡᠬᠦ ᠤᠬᠠᠭᠠᠨᠴᠢ᠎ᠪᠠᠷ ᠭᠠᠷ ᠲᠦᠷᠦᠭᠦ᠎ᠪᠡᠷ ᠳᠠᠮᠵᠢᠭᠤᠯᠤᠨ ᠠᠮᠢ ᠠᠬᠤᠢ᠎ᠶᠢᠨ ᠰᠢᠰᠲᠧᠮ᠎ᠦᠨ ᠥᠪᠡᠷ᠎ᠢ᠎ᠪᠡᠨ ᠵᠠᠰᠠᠨ ᠰᠡᠷᠭᠦᠭᠡᠬᠦ ᠴᠢᠳᠠᠪᠤᠷᠢ᠎ᠶᠢ ᠰᠡᠷᠭᠦᠭᠡᠬᠦ ᠶᠠᠪᠤᠳᠠᠯ ᠪᠣᠯᠣᠨ᠎ᠠ᠃
ᠬᠢᠬᠢᠷᠢ ᠵᠢᠨ ᠨᠠᠭᠤᠷ᠎ᠤᠨ ᠵᠠᠰᠠᠯᠲᠠ ᠨᠢ ᠡᠨᠡ ᠬᠦ᠌ ᠰᠡᠳᠬᠢᠴᠡ᠎ᠶᠢ ᠬᠠᠷᠠᠭᠤᠯᠤᠬᠰᠠᠨ ᠶᠤᠮ᠃ ᠲᠤᠬᠠᠢ᠎ᠶᠢᠨ ᠭᠠᠵᠠᠷ᠎ᠤᠨ ᠬᠢᠨ ᠭᠣᠣᠯ᠎ᠤᠨ ᠵᠠᠮ᠎ᠢ ᠯᠠᠢᠳᠠᠬᠤ᠂ ᠠᠮᠢ ᠠᠬᠤᠢ᠎ᠶᠢ ᠰᠡᠷᠭᠦᠭᠡᠬᠦ᠂ ᠲᠠᠷᠢᠶᠠᠯᠠᠩ᠎ᠤᠨ《ᠳᠥᠷᠪᠡ᠎ᠶᠢ ᠡᠵᠡᠮᠳᠡᠬᠦ》᠂ ᠪᠣᠬᠢᠷ ᠤᠰᠤ ᠬᠣᠭ ᠨᠣᠪᠰᠢ᠎ᠶᠢ ᠰᠢᠢᠳᠪᠦᠷᠢᠯᠡᠬᠦ ᠵᠡᠷᠭᠡ 44 ᠲᠦᠷᠦᠯ ᠵᠦᠢᠯ᠎ᠢ ᠤᠨᠢᠨ ᠳᠡᠭᠡᠷ᠎ᠡ ᠨᠢ ᠬᠡᠷᠡᠭᠵᠢᠭᠦᠯᠵᠦ᠂ ᠬᠣᠭ ᠨᠣᠪᠰᠢ᠎ᠶᠢ ᠰᠢᠯᠵᠢᠭᠦᠯᠦᠨ ᠲᠡᠭᠡᠭᠡᠪᠦᠷᠢᠯᠡᠬᠦ 10 ᠦᠷᠳᠡᠭᠡ᠂ ᠰᠦᠯᠢᠶᠥᠦ ᠪᠦᠷᠬᠦᠪᠴᠢ᠎ᠶᠢ ᠪᠤᠴᠠᠭᠠᠨ ᠬᠤᠷᠢᠶᠠᠬᠤ 5 ᠦᠷᠳᠡᠭᠡ᠎ᠶᠢ ᠪᠠᠢᠭᠤᠯᠵᠤ᠂ ᠬᠠᠮᠠᠭᠠᠯᠠᠯᠲᠠ᠎ᠶᠢᠨ ᠣᠷᠣᠨ᠎ᠤ ᠳᠣᠲᠣᠷ᠎ᠠ ᠵᠢᠴᠢ ᠡᠷᠬᠢᠨ ᠲᠣᠭᠣᠷᠢᠨ᠎ᠤ 51 ᠲᠣᠰᠬᠣᠨ᠎ᠤ ᠬᠣᠭ ᠨᠣᠪᠰᠢ᠎ᠶᠢ ᠡᠳᠦᠷ᠎ᠲᠦ ᠴᠡᠪᠡᠷᠯᠡᠬᠦ᠎ᠶᠢ ᠪᠡᠶᠡᠯᠡᠭᠦᠯᠪᠡ; 16.04 ᠲᠦᠮᠡᠨ ᠮᠸ᠋ ᠬᠥᠮᠥᠨ᠎ᠦ ᠬᠦᠴᠦ᠎ᠪᠡᠷ ᠣᠢᠵᠢᠭᠤᠯᠬᠤ᠂ ᠮᠠᠭᠤᠳᠠᠭᠰᠠᠨ ᠤᠢ ᠰᠢᠭᠤᠢ᠎ᠶᠢ ᠵᠠᠰᠠᠨ ᠰᠡᠷᠭᠦᠭᠡᠬᠦ᠂ ᠨᠤᠲᠤᠭ ᠪᠡᠯᠴᠢᠭᠡᠷ᠎ᠦᠨ ᠠᠮᠢ ᠠᠬᠤᠢ᠎ᠶᠢ ᠵᠠᠰᠠᠨ ᠰᠡᠷᠭᠦᠭᠡᠬᠦ ᠵᠡᠷᠭᠡ ᠢᠨᠵᠧᠨᠧᠷᠢᠩ᠎ᠢ ᠥᠷᠨᠢᠭᠦᠯᠪᠡ᠃ ᠤᠷᠢᠳ᠎ᠢᠶᠠᠷ ᠬᠠᠰᠤᠬᠤ ᠠᠷᠭ᠎ᠠ᠎ᠶᠢ ᠬᠡᠷᠡᠭᠯᠡᠵᠦ᠂ ᠬᠥᠮᠥᠨ ᠲᠥᠷᠥᠯᠬᠢᠲᠡᠨ᠎ᠦ ᠠᠵᠢᠯᠯᠠᠭ᠎ᠠ᠎ᠶᠢᠨ ᠠᠮᠢ ᠠᠬᠤᠢ᠎ᠶᠢᠨ ᠰᠢᠰᠲᠧᠮ᠎ᠳᠦ ᠦᠵᠡᠭᠦᠯᠬᠦ ᠬᠡᠳᠦ ᠶᠡᠬᠡ ᠳᠠᠷᠤᠯᠲᠠ᠎ᠶᠢ ᠠᠷᠢᠯᠭᠠᠵᠤ᠂ ᠪᠠᠢᠭᠠᠯᠢ᠎ᠶᠢᠨ ᠬᠥᠷᠥᠩᠭᠡ᠎ᠶᠢᠨ ᠦᠷᠳᠡᠭ᠎ᠦᠨ ᠦᠷᠭᠦᠯᠵᠢᠯᠡᠨ ᠪᠠᠭᠤᠷᠠᠬᠤ᠎ᠶᠢ ᠵᠣᠭᠰᠣᠭᠠᠪᠠ; ᠳᠠᠬᠢᠭᠠᠳ ᠨᠡᠮᠡᠬᠦ ᠠᠷᠭ᠎ᠠ᠎ᠶᠢ ᠬᠡᠷᠡᠭᠯᠡᠵᠦ᠂ ᠬᠠᠮᠤᠭ᠎ᠤᠨ ᠪᠠᠭ᠎ᠠ ᠬᠥᠮᠥᠨ᠎ᠦ ᠬᠦᠴᠦ᠎ᠪᠡᠷ ᠭᠠᠷ ᠳᠦᠷᠦᠵᠦ ᠪᠠᠢᠭᠠᠯᠢ᠎ᠶᠢᠨ ᠰᠡᠷᠭᠦᠯᠲᠡ᠎ᠶᠢᠨ ᠳᠣᠲᠣᠭᠠᠳᠤ ᠬᠥᠳᠡᠯᠭᠡᠬᠦ ᠬᠦᠴᠦᠨ᠎ᠢ ᠬᠥᠭᠵᠢᠭᠡᠵᠦ᠂ ᠠᠮᠢ ᠠᠬᠤᠢ᠎ᠶᠢᠨ ᠰᠢᠰᠲᠧᠮ᠎ᠦᠨ 《ᠴᠢᠰᠤ ᠶᠡᠭᠦᠯᠡᠵᠦ》 ᠪᠠᠢᠭᠰᠠᠨ ᠬᠡᠯᠪᠡᠷᠢ ᠠ᠋ᠴᠠ᠎ᠪᠠᠨ 《ᠴᠢᠰᠤ ᠪᠦᠲᠦᠭᠡᠬᠦ》 ᠳᠠᠢᠰᠢ ᠰᠢᠯᠵᠢᠬᠦ᠎ᠶᠢ ᠠᠬᠢᠭᠤᠯᠪᠠ᠃
ᠥᠪᠥᠷ ᠮᠣᠩᠭᠣᠯ᠎ᠤᠨ ᠰᠢᠰᠲᠧᠮ᠎ᠲᠠᠢ ᠵᠠᠰᠠᠯᠲᠠ ᠨᠢ ᠮᠥᠨᠴᠦ ᠡᠨᠡᠬᠦ ᠯᠣᠭᠢᠭ᠋᠎ᠢ ᠭᠡᠷᠡᠴᠢᠯᠡᠭᠰᠡᠨ ᠪᠠᠢᠨ᠎ᠠ᠃ 2025 ᠣᠨ᠎ᠤ ᠤᠯᠤᠰ᠎ᠤᠨ ᠨᠤᠲᠤᠭ ᠳᠡᠪᠢᠰᠬᠡᠷ᠎ᠦᠨ ᠬᠤᠪᠢᠷᠠᠯᠲᠠ᠎ᠶᠢᠨ ᠪᠠᠢᠴᠠᠭᠠᠯᠲᠠ᠎ᠶᠢᠨ ᠦᠷ᠎ᠡ ᠪᠦᠲᠦᠭᠡᠯ᠎ᠢ ᠦᠨᠳᠦᠰᠦᠯᠡᠪᠡᠯ᠂ ᠪᠥᠬᠥ ᠣᠷᠣᠨ᠎ᠤ ᠣᠶ ᠰᠢᠭᠤᠢ᠎ᠶᠢᠨ ᠪᠦᠷᠬᠦᠴᠡ᠎ᠶᠢᠨ ᠨᠣᠷᠮ᠎ᠠ 21.98% ᠬᠦᠷᠴᠦ᠂ 2021 ᠣᠨ᠎ᠤ ᠬᠢ᠎ᠡᠴᠡ ᠵᠠᠭᠤᠨ᠎ᠦ ᠬᠠᠷᠢᠴᠠᠯ ᠵᠢᠡᠷ 1.19 ᠬᠤᠪᠢ ᠳᠡᠭᠡᠭᠰᠢᠯᠡᠵᠦ᠂ ᠣᠢᠵᠢᠭᠤᠯᠤᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠬᠡᠪᠴᠢᠶ᠎ᠡ ᠪᠥᠬᠥ ᠤᠯᠤᠰ᠎ᠤᠨ ᠲᠡᠷᠢᠭᠦᠨ᠎ᠳᠦ ᠯᠠᠪᠳᠠᠭᠤᠨ᠎ᠢᠶᠠᠷ ᠣᠷᠣᠪᠠ; ᠨᠤᠲᠤᠭ ᠪᠡᠯᠴᠢᠭᠡᠷ᠎ᠦᠨ ᠶᠡᠷᠦᠩᠬᠡᠢᠯᠡᠭᠰᠡᠨ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ 46.48%᠎ᠳᠤ ᠬᠦᠷᠴᠦ᠂ ᠲᠣᠰ ᠵᠠᠭᠤᠨ ᠠ᠋ᠴᠠ ᠨᠠᠭᠠᠰᠢᠬᠢ ᠬᠠᠮᠤᠭ᠎ᠤᠨ ᠰᠠᠢᠨ ᠬᠢᠷᠢ ᠲᠦᠪᠰᠢᠨ ᠢ᠋ ᠡᠭᠦᠳᠪᠡ; ᠭᠤᠷᠪᠠᠳᠤᠭᠠᠷ ᠤᠳᠠᠭᠠᠨ᠎ᠤ ᠪᠥᠬᠥ ᠤᠯᠤᠰ᠎ᠤᠨ ᠤᠯᠤᠰ᠎ᠤᠨ ᠨᠤᠲᠤᠭ ᠳᠡᠪᠢᠰᠬᠡᠷ᠎ᠦᠨ ᠪᠠᠢᠴᠠᠭᠠᠯᠲᠠ᠎ᠶᠢᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠪᠥᠬᠥ ᠣᠷᠣᠨ᠎ᠤ ᠨᠤᠭᠤ ᠭᠠᠵᠠᠷ᠎ᠤᠨ ᠲᠠᠯᠠᠪᠠᠶ 485.52 ᠲᠦᠮᠡᠨ ᠾᠧᠺᠲ᠋ᠠᠷ ᠪᠠᠢᠵᠤ᠂ ᠪᠥᠬᠥ ᠤᠯᠤᠰ᠎ᠲᠤ ᠳᠥᠷᠪᠡᠳᠦᠭᠡᠷ᠎ᠲᠦ ᠣᠷᠣᠪᠠ; 2025 ᠣᠨ᠎ᠳᠤ᠂ ᠤᠷᠤᠰᠬᠠᠯ ᠲᠠᠰᠤᠷᠠᠭᠠᠳ 27 ᠵᠢᠯ ᠪᠣᠯᠤᠭᠰᠠᠨ ᠪᠠᠷᠠᠭᠤᠨ ᠯᠢᠶᠣᠤᠾᠧ ᠭᠣᠣᠯ᠎ᠤᠨ ᠭᠣᠣᠯ ᠤᠷᠤᠰᠬᠠᠯ 403 ᠺᠢᠯᠦᠮᠸᠲᠷ ᠲᠦ᠍ ᠬᠣᠶᠠᠷ ᠤᠳᠠᠭ᠎ᠠ ᠪᠦᠬᠦ ᠱᠤᠭᠤᠮ᠎ᠢᠶᠠᠷ ᠤᠷᠤᠰᠬᠠᠯ ᠥᠩᠭᠡᠷᠡᠬᠦ᠎ᠶᠢ ᠪᠡᠶᠡᠯᠡᠭᠦᠯᠵᠡᠢ᠃ ᠡᠨᠡᠬᠦ ᠪᠦᠬᠦ ᠡᠯᠧᠮᠧᠨ᠋ᠲ᠎ᠦᠨ ᠰᠢᠰᠲ᠋ᠸᠮ᠎ᠤᠨ ᠵᠠᠰᠠᠯᠲᠠ ᠨᠢ ᠡᠯ᠎ᠡ ᠡᠯᠧᠮᠧᠨ᠋ᠲ᠎ᠦᠨ ᠳᠣᠲᠣᠭᠠᠳᠤ ᠬᠣᠯᠪᠣᠭ᠎ᠠ᠎ᠠᠴᠠ ᠡᠭᠦᠰᠴᠦ᠂ ᠣᠷᠣᠨ ᠪᠦᠰᠡ᠎ᠶᠢᠨ ᠬᠡᠮᠵᠢᠭᠦᠷ ᠳᠡᠭᠡᠷ᠎ᠡ ᠠᠮᠢ ᠠᠬᠤᠢ᠎ᠶᠢᠨ ᠰᠢᠰᠲ᠋ᠸᠮ᠎ᠤᠨ ᠲᠣᠭᠲᠠᠪᠤᠷᠢᠲᠤ ᠴᠢᠨᠠᠷ ᠪᠣᠯᠣᠨ ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶᠢ ᠳᠠᠬᠢᠨ ᠴᠣᠭᠴᠠᠯᠠᠵᠠᠢ᠃ ᠢᠩᠭᠢᠪᠡᠯ ᠰᠠᠶᠢ ᠪᠠᠢᠭᠠᠯᠢ᠎ᠶᠢᠨ ᠬᠥᠷᠥᠩᠭᠡ᠎ᠶᠢᠨ ᠦᠷᠳᠡᠭ᠎ᠢ ᠦᠷᠭᠦᠯᠵᠢᠯᠡᠨ ᠪᠠᠲᠤᠯᠠᠵᠤ ᠦᠷᠳᠡᠭ᠎ᠢ ᠨᠢ ᠨᠡᠮᠡᠭᠳᠡᠭᠦᠯᠵᠦ᠂ ᠬᠣᠢᠰᠢᠳᠠ᠎ᠶᠢᠨ ᠦᠷᠳᠡᠭ᠎ᠦᠨ ᠬᠤᠪᠢᠷᠠᠭᠤᠯᠤᠯᠲᠠ ᠨᠢ ᠰᠠᠶᠢ ᠨᠠᠢᠳᠠᠪᠤᠷᠢᠲᠠᠢ ᠲᠦᠰᠢᠭ ᠲᠤᠯᠭᠠᠭᠤᠷᠢ᠎ᠲᠠᠢ ᠪᠣᠯᠵᠤ ᠴᠢᠳᠠᠨ᠎ᠠ᠃
ᠲᠣᠭᠲᠠᠴᠠ᠎ᠶᠢᠨ ᠰᠢᠨ᠎ᠡ᠎ᠶᠢ ᠡᠭᠦᠳᠬᠦ᠎ᠪᠡᠷ ᠪᠠᠢᠭᠠᠯᠢ᠎ᠶᠢᠨ ᠬᠥᠷᠥᠩᠭᠡ᠎ᠶᠢᠨ ᠥᠷᠲᠡᠭ᠎ᠢ ᠪᠡᠶᠡᠯᠡᠭᠦᠯᠬᠦ ᠵᠠᠮ᠎ᠢ ᠨᠡᠪᠲᠡᠷᠡᠭᠦᠯᠬᠦ ᠬᠡᠷᠡᠭᠳᠡᠢ
ᠪᠠᠢᠭᠠᠯᠢ᠎ᠶᠢᠨ ᠬᠥᠷᠥᠩᠭᠡ᠎ᠶᠢᠨ ᠦᠷᠳᠡᠭ᠎ᠦᠨ ᠪᠡᠶᠡᠯᠡᠭᠳᠡᠯ᠎ᠳᠦ ᠬᠣᠶᠠᠷ ᠳᠠᠪᠬᠤᠷᠭ᠎ᠠ ᠪᠠᠭᠲᠠᠨ᠎ᠠ᠄ ᠨᠢᠭᠡ᠎ᠳᠦ᠂ ᠠᠮᠢ ᠠᠬᠤᠢ᠎ᠶᠢᠨ ᠳᠠᠪᠠᠭᠤᠯᠢᠭ᠋᠎ᠢ ᠠᠵᠤ ᠠᠬᠤᠢ᠎ᠶᠢᠨ ᠠᠰᠢᠭ᠋ ᠣᠷᠣᠯᠭ᠎ᠠ ᠪᠣᠯᠭᠠᠨ ᠬᠤᠪᠢᠷᠠᠭᠤᠯᠤᠨ᠎ᠠ᠂ ᠬᠣᠶᠠᠷ᠎ᠲᠤ᠂ ᠠᠰᠢᠭ᠋ ᠣᠷᠣᠯᠭ᠎ᠠ᠎ᠶᠢ ᠬᠠᠮᠠᠭᠠᠯᠠᠭ᠍ᠴᠢ᠎ᠶᠢᠨ ᠭᠠᠷ᠎ᠲᠤ ᠪᠤᠴᠠᠭᠠᠨ᠎ᠠ᠃ ᠬᠡᠷᠪᠡ ᠬᠠᠮᠠᠭᠠᠯᠠᠯᠲᠠ᠎ᠶᠢᠨ ᠦᠷ᠎ᠡ ᠪᠦᠲᠦᠭᠡᠯ ᠨᠢ ᠤᠷᠳᠤ ᠬᠤᠭᠤᠴᠠᠭ᠎ᠠ᠎ᠪᠠᠷ 《ᠣᠷᠣᠭᠤᠯᠬᠤ᠎ᠠᠴᠠ ᠪᠢᠰᠢ ᠠᠰᠢᠬ ᠤᠷᠤᠯᠭ᠎ᠠ ᠦᠭᠡᠢ》 ᠪᠠᠢᠳᠠᠯ᠎ᠳᠤ ᠵᠣᠭᠰᠣᠩᠭᠢᠷᠠᠬᠤ᠎ᠳᠤ ᠬᠦᠷᠪᠡᠯ ᠪᠠᠢᠭᠠᠯᠢ᠎ᠶᠢᠨ ᠬᠥᠷᠥᠩᠭᠡ᠎ᠶᠢᠨ ᠦᠷᠳᠡᠭ ᠨᠢ ᠤᠯᠠᠨ ᠨᠡᠢᠲᠡ ᠵᠢᠨ ᠵᠥᠪᠰᠢᠶᠡᠷᠡᠯ ᠬᠢᠭᠡᠳ ᠤᠷᠳᠤ ᠬᠤᠭᠤᠴᠠᠭᠠᠨ᠎ᠤ ᠲᠦᠰᠢᠭ ᠲᠤᠯᠭᠠᠭᠤᠷᠢ᠎ᠶᠢ ᠣᠯᠬᠤ᠎ᠳᠤ ᠪᠡᠷᠬᠡ ᠪᠣᠯᠣᠨ᠎ᠠ᠃
《ᠬᠥᠷᠥᠩᠭᠡ》 ᠵᠢ ᠲᠣᠳᠣᠷᠬᠠᠢ ᠣᠢᠯᠠᠭᠠᠵᠤ᠂ ᠪᠠᠢᠭᠠᠯᠢᠯᠢᠬ ᠬᠥᠷᠥᠩᠭᠡ ᠶ᠋ᠢ ᠬᠡᠮᠵᠢᠵᠤ ᠪᠤᠯᠬᠤ ᠪᠤᠯᠭᠠᠨ᠎ᠠ᠃ ᠥᠪᠡᠷᠲᠡᠭᠡᠨ ᠵᠠᠰᠠᠬᠤ ᠣᠷᠣᠨ ᠨᠢᠭᠡᠨᠲᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠪᠦᠲᠦᠭᠡᠭᠳᠡᠬᠦᠨ᠎ᠦ ᠭᠠᠷᠴᠠᠭ (2025 ᠣᠨ᠎ᠤ ᠬᠡᠪᠯᠡᠯ)》᠎ᠢ᠋ ᠨᠠᠢᠷᠠᠭᠤᠯᠤᠨ ᠵᠣᠬᠢᠶᠠᠵᠤ᠂ ᠠᠩᠬ᠎ᠠ ᠠᠯᠬᠤᠮ᠎ᠤᠨ ᠲᠣᠭᠠᠴᠠᠭ᠎ᠠ ᠬᠢᠬᠦ᠎ᠪᠡᠷ ᠳᠡᠮᠵᠢᠨ᠂ ᠪᠥᠬᠥ ᠣᠷᠣᠨ᠎ᠤ ᠠᠮᠢ ᠠᠬᠤᠢ᠎ᠶᠢᠨ ᠪᠦᠲᠦᠭᠡᠭᠳᠡᠬᠦᠨ᠎ᠦ ᠶᠡᠷᠦᠩᠬᠡᠢ ᠥᠷᠲᠡᠭ (GEP) 4.48 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠥᠪᠥᠷ ᠮᠣᠩᠭᠣᠯ᠎ᠤᠨ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠤᠭᠰᠠᠨ᠎ᠤ ᠬᠤᠪᠢ᠎ᠳᠠᠬᠢ ᠭᠣᠣᠯᠯᠠᠬᠴᠢ ᠴᠢᠳᠠᠮᠵᠢ᠎ᠶᠢᠨ ᠥᠷᠲᠡᠭ᠎ᠢ ᠢᠯᠡᠷᠡᠭᠦᠯᠪᠡ; ᠬᠥᠯᠥᠨ ᠪᠤᠢ᠍ᠢᠷ ᠬᠤᠳᠠ᠎ᠶᠢᠨ ᠠᠮᠢ ᠠᠬᠤᠢ᠎ᠶᠢᠨ ᠦᠢᠯᠡᠳᠬᠦᠨ᠎ᠦ ᠶᠡᠷᠦᠩᠬᠡᠢ ᠦᠷᠳᠡᠭ 7002.3 ᠳ᠋ᠦᠩᠰᠢᠭᠤᠷ ᠲᠥᠭᠥᠷᠢᠭ᠎ᠲᠦ ᠬᠦᠷᠴᠦ᠂ ᠬᠣᠶᠠᠳᠤᠭᠠᠷ ᠡᠭᠡᠯᠵᠢ᠎ᠶᠢᠨ ᠤᠯᠤᠰ᠎ᠤᠨ ᠠᠮᠢ ᠠᠬᠤᠢ᠎ᠶᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ ᠲᠣᠭᠲᠠᠴᠠ᠎ᠶᠢᠨ ᠲᠤᠷᠰᠢᠯᠲᠠ᠎ᠶᠢᠨ ᠴᠡᠭ᠎ᠤᠨ ᠠᠵᠢᠯ᠎ᠳᠤ ᠣᠷᠣᠪᠠ᠃ ᠲᠣᠭᠠᠴᠠᠭ᠎ᠠ ᠬᠢᠬᠦ᠎ᠶᠢᠨ ᠠᠴᠢ ᠬᠣᠯᠪᠣᠭᠳᠠᠯ ᠨᠢ ᠵᠥᠪᠬᠡᠨ ᠨᠢᠭᠡ ᠲᠣᠭ᠎ᠠ ᠭᠠᠷᠭᠠᠬᠤ᠎ᠳᠤ ᠪᠠᠢᠬᠤ ᠪᠢᠰᠢ᠂ ᠨᠡᠩ ᠴᠤ᠌ ᠥᠮᠴᠢᠯᠡᠯ᠎ᠦᠨ ᠡᠷᠬᠡ᠎ᠶᠢ ᠵᠠᠭᠠᠭᠯᠠᠨ ᠲᠣᠭᠲᠠᠭᠠᠬᠤ᠂ ᠠᠷᠠᠯᠵᠢᠶᠠᠨ᠎ᠤ ᠦᠨ᠎ᠡ᠎ᠶᠢ ᠲᠣᠭᠲᠠᠭᠠᠬᠤ ᠪᠠ ᠬᠢᠨᠠᠨ ᠰᠢᠯᠭᠠᠵᠤ ᠦᠨᠡᠯᠡᠬᠦ᠎ᠳᠦ ᠨᠢᠭᠡᠳᠦᠯᠲᠡᠢ ᠪᠠᠷᠢᠮᠵᠢᠶ᠎ᠠ ᠬᠠᠩᠭᠠᠬᠤ᠎ᠳᠤ ᠪᠠᠢᠨ᠎ᠠ᠃
ᠡᠬᠢ ᠪᠠᠶᠠᠯᠢᠭ᠋᠎ᠢ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠡᠳ᠋ ᠬᠥᠷᠥᠩᠭᠡ᠎ᠶᠢ ᠠᠰᠢᠭ᠋ ᠣᠷᠣᠯᠭ᠎ᠠ ᠪᠣᠯᠭᠠᠨ ᠬᠤᠪᠢᠷᠠᠭᠤᠯᠤᠨ᠎ᠠ᠃ 2025 ᠣᠨ᠎ᠳᠤ ᠥᠪᠥᠷ ᠮᠣᠩᠭᠣᠯ᠎ᠤᠨ ᠣᠶ ᠰᠢᠭᠤᠢ ᠡᠪᠡᠰᠦᠨ᠎ᠦ ᠠᠵᠤ ᠦᠢᠯᠡᠰ᠎ᠦᠨ ᠦᠢᠯᠡᠳᠬᠦᠨ᠎ᠦ ᠶᠡᠷᠦᠩᠬᠡᠢ ᠥᠷᠲᠡᠭ 1120 ᠳ᠋ᠦᠩᠰᠢᠭᠤᠷ ᠲᠥᠭᠥᠷᠢᠭ᠎ᠲᠦ ᠬᠥᠷᠪᠡ; ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠡᠪᠡᠰᠦ ᠪᠡᠯᠴᠢᠭᠡᠷ᠎ᠦᠨ ᠵᠢᠯ᠎ᠦᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠬᠤᠷᠠᠭᠤᠯᠬᠤ ᠬᠡᠮᠵᠢᠶ᠎ᠡ 1.19 ᠳ᠋ᠦᠩᠰᠢᠭᠤᠷ ᠲᠣᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠲᠡᠩᠴᠡᠯ᠎ᠳᠦ ᠬᠦᠷᠴᠦ᠂ ᠪᠥᠬᠥ ᠤᠯᠤᠰ᠎ᠲᠤ ᠲᠡᠷᠢᠭᠦᠯᠡᠪᠡ; 2023 ᠣᠨ᠎ᠠᠴᠠ ᠨᠠᠭᠠᠰᠢ ᠵᠠᠬ᠎ᠠ ᠳᠡᠯᠭᠡᠭᠦᠷ᠎ᠲᠦ ᠴᠢᠨᠠᠷ ᠰᠠᠢᠲᠠᠢ ᠨᠡᠭᠦᠷᠡᠰᠦᠲᠥ᠋ᠷᠥᠭᠴᠢ᠎ᠶᠢ ᠰᠢᠩᠭᠡᠬᠡᠨ ᠠᠪᠬᠤ ᠪᠦᠲᠦᠭᠡᠭᠳᠡᠬᠦᠨ᠎ᠢ 167 ᠲᠦᠮᠡᠨ ᠲᠣᠨ ᠬᠠᠩᠭᠠᠵᠤ᠂ 6500 ᠭᠠᠷᠤᠢ ᠲᠦᠮᠡᠨ ᠲᠥᠭᠥᠷᠢᠭ᠎ᠦᠨ ᠦᠷᠳᠡᠭ᠎ᠢ ᠪᠡᠶᠡᠯᠡᠭᠦᠯᠵᠡᠢ᠃ ᠪᠤᠭᠤᠲᠤ ᠬᠤᠲᠠ᠎ᠶᠢᠨ ᠳᠠᠷᠬᠠᠨ ᠮᠤᠤᠮᠢᠩᠭᠠᠨ ᠬᠤᠯᠪᠤᠭᠠᠲᠤ ᠬᠣᠰᠢᠭᠤ ᠪᠦᠬᠦ ᠤᠯᠤᠰ᠎ᠤᠨ ᠠᠩᠬᠠᠨ᠎ᠤ 《ᠡᠪᠡᠰᠦᠨ ᠪᠢᠯᠧᠲ》᠎ᠢ᠋ ᠲᠠᠷᠬᠠᠭᠠᠬᠤ᠎ᠶᠢᠨ ᠬᠠᠮᠲᠤ ᠪᠦᠬᠦ ᠤᠯᠤᠰ᠎ᠤᠨ ᠠᠩᠬᠠᠨ᠎ᠤ 《ᠡᠪᠡᠰᠦᠨ ᠪᠢᠯᠧᠲ᠎ᠦᠨ ᠵᠢᠭᠡᠯᠡᠯᠭᠡ》 ᠶ᠋ᠢ ᠨᠠᠢᠳᠠᠪᠤᠷᠢᠵᠢᠭᠤᠯᠵᠤ᠂ 《ᠡᠪᠡᠰᠦᠨ ᠪᠢᠯᠧᠲ》 ᠵᠢᠨᠷ ᠳᠠᠨᠵᠢᠯᠠᠵᠤ ᠮᠠᠯᠴᠢᠳ᠎ᠲᠤ 120 ᠲᠦᠮᠡᠨ ᠲᠥᠭᠥᠷᠢᠭ᠎ᠦᠨ ᠦᠢᠯᠡᠳᠪᠦᠷᠢᠯᠡᠯ᠎ᠦᠨ ᠴᠢᠨᠠᠷᠲᠠᠢ ᠵᠢᠭᠡᠯᠡᠯᠭᠡ ᠲᠠᠯᠪᠢᠪᠠ; ᠬᠢᠩᠭᠠᠨ ᠠᠢᠮᠠᠭ᠎ᠤᠨ ᠤᠯᠠᠭᠠᠨᠬᠣᠲᠠ᠎ᠶᠢᠨ ᠨᠥᠬᠥᠷᠯᠡᠯ ᠭᠠᠴᠠᠭ᠎ᠠ᠎ᠶᠢᠨ 15.61 ᠲᠡᠭᠰᠢ ᠳᠥᠷᠪᠡᠯᠵᠢᠨ ᠺᠢᠯᠣᠮᠧᠲᠷ᠎ᠦᠨ ᠬᠥᠷᠥᠰᠥ ᠰᠢᠷᠣᠢ᠎ᠶᠢ ᠬᠠᠮᠠᠭᠠᠯᠠᠬᠤ ᠠᠮᠢ ᠠᠬᠤᠢ᠎ᠶᠢᠨ ᠪᠦᠲᠦᠭᠡᠭᠳᠡᠬᠦᠨ᠎ᠢ 10 ᠵᠢᠯ᠎ᠳᠦ ᠨᠡᠭᠡᠭᠡᠨ ᠬᠥᠭᠵᠢᠭᠦᠯᠵᠦ ᠡᠵᠡᠩᠨᠡᠬᠦ ᠡᠷᠬᠡ᠎ᠶᠢ 1008 ᠲᠦᠮᠡᠨ ᠲᠥᠭᠥᠷᠢᠭ᠎ᠢᠶᠡᠷ ᠠᠷᠠᠯᠵᠢᠶᠠᠯᠠᠬᠤ ᠪᠤᠯᠵᠠᠢ᠃ 《ᠡᠷᠬᠡ᠎ᠶᠢ ᠨᠤᠲᠠᠯᠠᠬᠤ ︱ ᠲᠣᠭᠠᠴᠠᠭ᠎ᠠ ᠬᠢᠬᠦ ︱ ᠠᠷᠠᠯᠵᠢᠶ᠎ᠠ ᠬᠢᠬᠦ ︱ ᠪᠡᠯᠡᠨ ᠵᠣᠭᠣᠰ ᠪᠣᠯᠭᠠᠬᠤ 》 ᠬᠡᠯᠬᠢᠶ᠎ᠡ ᠨᠢ ᠶᠠᠭ ᠲᠠᠩ ᠴᠡᠭ᠎ᠡᠴᠡ ᠰᠢᠪᠲᠤᠯᠵᠤ ᠪᠠᠢᠭᠰᠠᠨ᠎ᠠᠴᠠ᠎ᠪᠠᠨ ᠰᠢᠰᠲᠧᠮᠵᠢᠭᠦᠯᠦᠨ ᠨᠡᠪᠲᠡᠷᠡᠪᠡ᠃
ᠠᠮᠢ ᠠᠬᠤᠢ᠎ᠶᠢᠨ ᠳᠠᠪᠠᠭᠤᠯᠢᠭ᠋᠎ᠢ ᠠᠵᠤ ᠦᠢᠯᠡᠰ᠎ᠦᠨ ᠥᠷᠢᠰᠦᠯᠳᠦᠬᠦ ᠬᠦᠴᠦᠨ ᠪᠣᠯᠭᠠᠨ ᠬᠤᠪᠢᠷᠠᠭᠤᠯᠤᠨ᠎ᠠ᠃ ᠤᠯᠠᠭᠠᠨᠴᠠᠪ ᠬᠣᠲᠠ ᠥᠩᠭᠡ ᠦᠵᠡᠮᠵᠢ᠎ᠶᠢᠨ ᠡᠬᠢ ᠪᠠᠶᠠᠯᠢᠭ᠋ ᠡᠯᠪᠡᠭ᠂ ᠠᠭᠤᠷ ᠠᠮᠢᠰᠬᠤᠯ ᠬᠦᠢᠲᠡᠨ ᠰᠡᠷᠢᠭᠦᠨ᠂ ᠪᠡᠭᠡᠵᠢᠩ ᠲᠢᠶᠠᠨᠵᠢᠨ ᠾᠧᠪᠧᠢ ᠲᠠᠢ ᠬᠥᠷᠰᠢᠯᠡᠵᠦ ᠪᠠᠢᠭ᠎ᠠ ᠵᠡᠷᠭᠡ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠠᠳᠠᠷᠠᠭᠤᠯᠵᠤ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠎ᠤ ᠠᠵᠤ ᠦᠢᠯᠡᠰ᠎ᠢ ᠶᠡᠬᠡᠪᠡᠷ ᠬᠥᠭᠵᠢᠭᠦᠯᠵᠦ᠂ ᠪᠤᠳᠤᠯᠲᠠ ᠵᠢᠨ ᠬᠦᠴᠦᠨ᠎ᠦ ᠲᠥᠪ᠎ᠦᠨ 109 ᠲᠥᠷᠥᠯ ᠵᠦᠢᠯ᠎ᠳᠦ ᠭᠠᠷᠤᠨ ᠥᠰᠥᠭ ᠵᠢᠷᠤᠵᠤ᠂ ᠮᠠᠰᠢᠨ᠎ᠤ ᠲᠠᠯᠪᠢᠭᠤᠷ᠎ᠤᠨ ᠬᠡᠪᠴᠢᠶ᠎ᠡ 700 ᠲᠦᠮᠡ᠎ᠶᠢ ᠳᠠᠪᠠᠵᠤ᠂ 2026 ᠣᠨ᠎ᠤ 1 ︱ 8 ᠳ᠋ᠤᠭᠠᠷ ᠰᠠᠷ᠎ᠠ᠎ᠳᠤ ᠡᠵᠡᠩᠨᠡᠯᠲᠡ᠎ᠶᠢᠨ ᠣᠷᠣᠯᠭ᠎ᠠ᠎ᠶᠢ 56.8 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ 40.3% ᠪᠡᠷ ᠨᠡᠮᠡᠭᠳᠡᠪᠡ᠃ ᠦᠢᠯᠡᠳᠦᠯᠭᠡ ᠭᠡᠷᠡᠴᠢᠯᠡᠭᠰᠡᠨ ᠨᠢ᠄ ᠥᠨᠳᠥᠷ ᠲᠦᠪᠰᠢᠨ᠎ᠪᠦᠬᠦᠢ ᠬᠠᠮᠠᠭᠠᠯᠠᠯᠲᠠ ᠨᠢ ᠬᠥᠭᠵᠢᠯᠲᠡ᠎ᠶᠢ ᠭᠠᠳᠠᠭᠤᠷᠴᠢᠯᠠᠬᠤ ᠦᠭᠡᠢ ᠮᠥᠷᠲᠡᠭᠡᠨ ᠬᠠᠷᠢᠨ ᠴᠢᠨᠠᠷ ᠰᠠᠢᠲᠠᠢ ᠬᠥᠭᠵᠢᠯᠲᠡ᠎ᠳᠦ ᠴᠢᠭᠯᠡᠯ᠎ᠢ ᠰᠢᠯᠢᠨ ᠰᠣᠩᠭᠣᠵᠤ᠂ ᠬᠥᠳᠡᠯᠭᠡᠬᠦ ᠬᠦᠴᠦᠨ᠎ᠢ ᠬᠤᠷᠠᠮᠳᠤᠭᠤᠯᠵᠤ ᠦᠭᠬᠦᠨ᠎ᠡ᠃
ᠬᠡᠰᠡᠭ ᠲᠠᠯ᠎ᠠ᠎ᠶᠢᠨ ᠬᠠᠢᠨ ᠰᠦᠪᠡᠭᠴᠢᠯᠡᠯᠲᠡ᠎ᠶᠢ ᠳᠦᠷᠢᠮ᠎ᠦᠨ ᠬᠡᠯᠪᠡᠷᠢᠵᠢᠯ ᠪᠣᠯᠭᠠᠨ ᠳᠡᠭᠡᠭᠰᠢᠯᠡᠭᠦᠯᠦᠨ᠎ᠡ᠃ ᠥᠪᠥᠷ ᠮᠣᠩᠭᠣᠯ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ 《ᠠᠵᠢᠯ ᠣᠯᠭᠣᠬᠤ᠎ᠪᠠᠷ ᠲᠡᠳᠬᠦᠮᠵᠢ᠎ᠶᠢ ᠣᠷᠣᠯᠠᠭᠤᠯᠬᠤ》 ᠵᠠᠭᠪᠤᠷ᠎ᠢ ᠳᠡᠯᠭᠡᠷᠡᠭᠦᠯᠵᠦ᠂ 2026 ᠣᠨ᠎ᠠᠴᠠ ᠨᠠᠭᠠᠰᠢ 4.59 ᠲᠦᠮᠡᠨ ᠮᠠᠯᠴᠢᠨ ᠲᠠᠷᠢᠶᠠᠴᠢᠨ᠎ᠢ ᠳᠠᠢ᠍ᠢᠴᠢᠯᠠᠨ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ᠎ᠳᠤ ᠣᠷᠣᠯᠴᠠᠭᠤᠯᠪᠠ᠂ ᠡᠨᠡ ᠬᠦ᠌ ᠵᠢᠷᠤᠭ ᠲᠥᠯᠥᠪᠯᠡᠭᠡ ᠨᠢ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠭᠠᠳᠠᠭᠠᠳᠤ ᠴᠢᠨᠠᠷ᠎ᠢ ᠮᠠᠯᠴᠢᠨ ᠲᠠᠷᠢᠶᠠᠴᠢᠨ᠎ᠤ ᠰᠢᠭᠤᠳ ᠠᠰᠢᠭ᠋ ᠣᠷᠣᠯᠭ᠎ᠠ ᠪᠣᠯᠭᠠᠭᠰᠠᠨ ᠪᠠᠢᠨ᠎ᠠ᠃ ᠥᠪᠥᠷ ᠮᠣᠩᠭᠣᠯ᠎ᠤᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ 《ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠳᠠ ᠵᠢ ᠪᠥᠬᠥ ᠲᠠᠯ᠎ᠠ᠎ᠪᠠᠷ ᠠᠬᠢᠭᠤᠯᠵᠤ ᠡᠬᠡ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠦᠲᠦᠭᠡᠨ ᠪᠠᠶ᠋ᠢᠭᠤᠯᠬᠤ ᠲᠥᠯᠦᠪᠵᠢᠭᠦᠯᠭᠡ᠎ᠶᠢᠨ ᠲᠣᠪᠴᠢ (2025 ︱ 2035 ᠣᠨ)》 ᠨᠢ ᠠᠮᠢ ᠠᠬᠤᠢ᠎ᠶᠢᠨ ᠪᠦᠲᠦᠭᠡᠭᠳᠡᠬᠦᠨ᠎ᠢ ᠬᠢᠨᠠᠨ ᠬᠡᠮᠵᠢᠬᠦ ᠪᠠ ᠥᠷᠲᠡᠭ᠎ᠦᠨ ᠲᠣᠭᠠᠴᠠᠭ᠎ᠠ ᠬᠢᠬᠦ ᠰᠢᠰᠲᠧᠮ᠎ᠢ ᠪᠦᠷᠢᠨᠰᠢᠭᠦᠯᠬᠦ᠂ ᠠᠮᠢ ᠠᠬᠤᠢ᠎ᠶᠢᠨ ᠪᠦᠲᠦᠭᠡᠭᠳᠡᠬᠦᠨ᠎ᠦ ᠥᠷᠲᠡᠭ᠎ᠢ ᠪᠡᠶᠡᠯᠡᠭᠦᠯᠬᠦ ᠵᠠᠭᠪᠤᠷ᠎ᠢ ᠳᠡᠯᠭᠡᠷᠡᠭᠦᠯᠬᠦ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢ ᠳᠤᠷᠠᠳᠴᠤ᠂ ᠪᠠᠢᠭᠠᠯᠢ᠎ᠶᠢᠨ ᠬᠥᠷᠥᠩᠭᠡ᠎ᠶᠢᠨ ᠥᠷᠲᠡᠭ᠎ᠦᠨ ᠪᠡᠶᠡᠯᠡᠭᠳᠡᠯ᠎ᠢ 《ᠣᠨᠴᠠ ᠵᠠᠷᠢᠮ ᠭᠠᠵᠠᠷ ᠣᠷᠣᠨ᠎ᠤ ᠬᠠᠢᠨ ᠰᠦᠪᠡᠭᠴᠢᠯᠡᠯᠲᠡ》 ᠡᠴᠡ 《ᠪᠥᠬᠥ ᠣᠷᠣᠨ᠎ᠤ ᠬᠡᠪᠴᠢᠶᠡᠨ᠎ᠳᠡᠬᠢ ᠳᠦᠷᠢᠮ᠎ᠦᠨ ᠲᠣᠬᠢᠷᠠᠭᠤᠯᠤᠯᠲᠠ》 ᠪᠣᠯᠭᠠᠨ ᠳᠡᠭᠡᠭᠰᠢᠯᠡᠭᠦᠯᠵᠠᠢ᠃
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ ᠪᠠ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠪᠠᠷ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠠᠰᠢᠭ᠎ᠢ ᠬᠠᠮᠠᠭᠠᠯᠠᠬᠤ ᠬᠡᠷᠡᠭᠳᠡᠢ
ᠶᠡᠷᠦᠩᠬᠡᠢ ᠱᠦᠵᠢ ᠰᠢ᠎ᠶᠢᠨ ᠫᠢᠩ ᠴᠢᠬᠤᠯᠠᠴᠢᠯᠠᠬᠤ᠎ᠳᠠᠭᠠᠨ᠂ ᠡᠯ᠎ᠡ ᠭᠠᠵᠠᠷ ᠣᠷᠣᠨ᠎ᠤ ᠬᠢᠨ 《ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠬᠡᠷᠡᠭᠲᠡᠢ》᠂ 《ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ ᠲᠠᠯ᠎ᠠ᠎ᠪᠠᠷ ᠲᠤᠭᠤᠰᠢᠯᠠᠭᠤᠯᠬᠤ ᠬᠡᠷᠡᠭᠲᠡᠢ》᠂ 《ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ》 ᠭᠡᠵᠡᠢ᠃
ᠠᠮᠢ ᠠᠬᠤᠢ᠎ᠶᠢᠨ ᠬᠠᠮᠠᠭᠠᠯᠠᠯᠲᠠ᠎ᠶᠢ ᠣᠷᠳᠣ᠌ ᠬᠤᠭᠤᠴᠠᠭ᠎ᠠ᠎ᠪᠠᠷ ᠪᠤᠷᠤᠭᠤ ᠣᠢᠯᠠᠭᠠᠭᠰᠠᠨ᠎ᠤ ᠰᠢᠯᠲᠠᠭᠠᠨ ᠨᠢ ᠵᠠᠰᠠᠭ᠎ᠤᠨ ᠠᠵᠢᠯ᠎ᠤᠨ ᠠᠮᠵᠢᠯᠲᠠ᠎ᠶᠢᠨ ᠬᠢᠨᠠᠨ ᠰᠢᠯᠭᠠᠯᠲᠠ᠎ᠳᠤ ᠢᠯᠡᠳᠲᠡ ᠠᠮᠵᠢᠯᠲᠠ ᠪᠦᠲᠦᠮᠵᠢ ᠪᠠ ᠳᠠᠯᠳᠠ ᠠᠮᠵᠢᠯᠲᠠ ᠪᠦᠲᠦᠮᠵᠢ᠎ᠨᠢ ᠲᠡᠩᠴᠡᠭᠦᠷᠢ ᠦᠭᠡᠢ᠎ᠡᠴᠡ ᠪᠣᠯᠤᠭᠰᠠᠨ ᠶᠤᠮ᠃ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ ᠲᠠᠯᠠᠪᠠᠢ᠂ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠰᠢᠩᠭᠡᠬᠡᠨ ᠠᠪᠬᠤ ᠠᠷᠠᠯᠵᠢᠶᠠᠨ᠎ᠤ ᠵᠣᠭᠣᠰ᠎ᠤᠨ ᠲᠣᠭ᠎ᠠ ᠪᠣᠯ ᠬᠡᠮᠵᠢᠶᠡᠵᠢᠭᠦᠯᠵᠦ ᠪᠣᠯᠬᠤ ᠢᠯᠠ ᠪᠦᠲᠦᠮᠵᠢ ᠮᠥᠨ᠂ ᠬᠠᠷᠢᠨ ᠠᠮᠢ ᠠᠬᠤᠢ᠎ᠶᠢᠨ ᠰᠢᠰᠲᠧᠮ᠎ᠦᠨ ᠲᠣᠭᠲᠠᠪᠤᠷᠢᠲᠤ ᠴᠢᠨᠠᠷ᠎ᠤᠨ ᠳᠡᠭᠡᠭᠰᠢᠯᠡᠯᠲᠡ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠰᠡᠷᠭᠦᠯᠲᠡ ᠪᠣᠯ ᠣᠬᠣᠷ ᠬᠤᠭᠤᠴᠠᠭᠠᠨ᠎ᠤ ᠬᠢᠨᠠᠨ ᠰᠢᠯᠭᠠᠯᠲᠠ᠎ᠶᠢᠨ ᠦᠶᠡᠯᠡᠯ᠎ᠦᠨ ᠬᠤᠭᠤᠴᠠᠭᠠᠨ᠎ᠳᠤ ᠢᠯᠡᠷᠡᠭᠦᠯᠬᠦ᠎ᠳᠦ ᠬᠦᠴᠢᠷ ᠲᠠᠯᠳᠠ ᠪᠦᠲᠦᠮᠵᠢ ᠮᠥᠨ᠃ 《ᠳᠠᠬᠢᠨ ᠪᠠᠢᠭᠤᠯᠬᠤ ᠬᠠᠮᠢᠶᠠᠷᠤᠯᠲᠠ᠎ᠶᠢ ᠬᠥᠩᠭᠡᠪᠴᠢᠯᠡᠬᠦ》 ᠪᠣᠯ ᠠᠮᠢ ᠠᠬᠤᠢ᠎ᠶᠢᠨ ᠬᠦᠷᠢᠶᠡᠨ᠎ᠳᠡᠬᠢ ᠢᠯᠡᠳᠲᠡ ᠪᠦᠲᠦᠮᠵᠢ ᠭᠠᠷᠭᠠᠬᠤ ᠰᠡᠳᠬᠢᠬᠦᠢ᠎ᠶᠢᠨ ᠨᠡᠢᠲᠡᠯᠢᠭ ᠢᠯᠡᠷᠡᠯ ᠮᠥᠨ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠳᠤ ᠠᠵᠢᠯ ᠡᠬᠢᠯᠡᠭᠦᠯᠬᠦ ᠶᠣᠰᠣᠯᠠᠯᠲᠠᠢ᠂ ᠰᠢᠯᠭᠠᠨ ᠠᠪᠬᠤ ᠵᠠᠩᠭᠢᠯᠠᠭ᠎ᠠ᠎ᠶᠢᠨ ᠴᠡᠭ᠎ᠲᠠᠢ ᠪᠠᠢᠳᠠᠭ᠂ ᠭᠡᠪᠡᠴᠦ ᠬᠠᠮᠢᠶᠠᠷᠤᠨ ᠬᠠᠮᠠᠭᠠᠯᠠᠬᠤ᠎ᠳᠤ ᠬᠠᠷᠢᠨ 《ᠢᠯᠡᠴᠢᠯᠡᠬᠦ ᠬᠡᠮᠵᠢᠶ᠎ᠡ》 ᠦᠭᠡᠢ ᠮᠥᠷᠲᠡᠭᠡᠨ 《ᠢᠯᠡᠷᠡᠭᠦᠯᠬᠦ ᠬᠡᠮᠵᠢᠶ᠎ᠡ》 ᠴᠦ᠍ ᠦᠭᠡᠢ ᠪᠠᠢᠳᠠᠭ᠃ ᠭᠡᠬᠦ᠎ᠳᠡᠭᠡᠨ ᠶᠠᠭ ᠡᠲᠡᠭᠡᠷ ᠳᠠᠯᠳᠠ ᠪᠦᠲᠦᠮᠵᠢ ᠨᠢ ᠴᠢᠨᠠᠷ ᠰᠠᠢᠲᠠᠢ ᠬᠥᠭᠵᠢᠯᠲᠡ᠎ᠶᠢᠨ ᠠᠮᠢ ᠠᠬᠤᠢ᠎ᠶᠢᠨ ᠰᠠᠭᠤᠷᠢ᠎ᠶᠢ ᠪᠦᠷᠢᠯᠳᠦᠭᠦᠯᠳᠡᠭ ᠪᠠᠢᠨ᠎ᠠ᠃
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠪᠡᠷ ᠬᠠᠮᠠᠭᠠᠯᠠᠬᠤ ᠪᠠ ᠬᠥᠭᠵᠢᠭᠦᠯᠬᠦ᠎ᠶᠢᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠬᠦ᠎ᠶᠢᠨ ᠭᠣᠣᠯᠳᠠᠯᠭ᠎ᠠ ᠨᠢ 《ᠪᠠᠶ᠋ᠢᠭᠤᠯᠬᠤ ᠪᠠ ᠬᠠᠮᠢᠶᠠᠷᠬᠤ᠎ᠶᠢ ᠨᠢᠭᠡ ᠴᠣᠭᠴᠠᠵᠢᠭᠤᠯᠬᠤ》 ᠵᠢ ᠣᠢᠯᠠᠭᠠᠭᠳᠠᠬᠤᠨ᠎ᠠᠴᠠ ᠳᠦᠷᠢᠮ ᠪᠣᠯᠭᠠᠨ ᠬᠤᠪᠢᠷᠠᠭᠤᠯᠬᠤ᠎ᠳᠤ ᠪᠠᠢᠨ᠎ᠠ᠃ 2026 ᠣᠨ᠎ᠤ 6 ᠰᠠᠷ᠎ᠠ᠎ᠳᠤ᠂ ᠤᠯᠤᠰ᠎ᠤᠨ ᠳᠥᠷᠪᠡᠨ ᠰᠠᠯᠠᠭ᠎ᠠ ᠮᠥᠴᠢᠷ ᠬᠠᠮᠲᠤᠷᠠᠨ 《〈ᠤᠮᠠᠷᠠᠲᠤ᠎ᠶᠢᠨ ᠭᠤᠷᠪᠠᠨ ᠣᠷᠣᠨ〉᠎ᠤ᠋ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠬᠠᠮᠢᠶᠠᠷᠤᠯᠲᠠ᠎ᠶᠢᠨ ᠠᠷᠭ᠎ᠠ (ᠲᠤᠷᠰᠢᠨ ᠬᠡᠷᠡᠭᠵᠢᠭᠦᠯᠬᠦ)》ᠵᠢ ᠳᠠᠷᠤᠮᠠᠯᠯᠠᠨ ᠲᠠᠷᠬᠠᠭᠠᠵᠤ᠂ ᠪᠠᠢᠭᠤᠯᠤᠭᠰᠠᠨ᠎ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ᠎ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠪᠠᠶᠠᠨᠨᠠᠭᠤᠷ ᠬᠣᠲᠠ ᠪᠥᠬᠥ ᠶᠠᠪᠤᠴᠠ᠎ᠶᠢᠨ ᠪᠢᠲᠡᠭᠦᠦ ᠴᠠᠭᠠᠷᠢᠭ᠋᠎ᠢᠶᠠᠷ ᠬᠠᠮᠢᠶᠠᠷᠬᠤ᠂ ᠣᠷᠳᠣ᠌ ᠬᠤᠭᠤᠴᠠᠭ᠎ᠠ᠎ᠪᠠᠷ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠵᠡᠷᠭᠡ ᠳᠦᠷᠢᠮ᠎ᠢ ᠲᠣᠭᠲᠠᠭᠠᠵᠤ᠂ ᠤᠯᠠᠭᠠᠨᠴᠠᠪ ᠬᠣᠲᠠ 《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠪᠠ ᠬᠠᠮᠢᠶᠠᠷᠤᠯᠲᠠ᠎ᠶᠢ ᠨᠢᠭᠡ ᠴᠣᠭᠴᠠᠵᠢᠭᠤᠯᠬᠤ ᠠᠷᠭ᠎ᠠ ᠬᠡᠮᠵᠢᠶ᠎ᠡ᠎ᠶᠢ ᠨᠡᠢᠲᠡᠯᠡᠵᠦ᠂ 《ᠬᠡᠨ ᠪᠦᠲᠦᠭᠡᠨ ᠪᠠᠢᠭᠤᠯᠪᠠᠯ ᠬᠡᠨ ᠰᠢᠯᠵᠢᠭᠦᠯᠦᠨ ᠲᠤᠰᠢᠶᠠᠵᠤ᠂ ᠬᠡᠨ ᠠᠰᠢᠭ᠋ ᠭᠥᠷᠳᠡᠪᠡᠯ ᠬᠡᠨ ᠬᠠᠮᠢᠶᠠᠷᠤᠨ ᠬᠠᠮᠠᠭᠠᠯᠠᠬᠤ》 ᠵᠠᠷᠴᠢᠮ᠎ᠢ ᠲᠣᠳᠣᠷᠬᠠᠢ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠠ᠋ᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭᠵᠢᠯᠢᠰᠡᠷᠭᠡᠢᠯᠡᠵᠦ ᠡᠯᠡᠰᠦ᠎ᠶᠢ ᠵᠠᠰᠠᠬᠤ ᠳᠦᠷᠢᠮ》᠎ᠢ᠋ ᠲᠣᠭᠲᠠᠭᠠᠨ ᠨᠡᠢᠲᠡᠯᠡᠵᠦ᠂ ᠡᠯᠡᠰᠦᠷᠬᠡᠭᠵᠢᠭᠰᠡᠨ ᠭᠠᠵᠠᠷ ᠰᠢᠷᠣᠢ᠎ᠶᠢᠨ ᠣᠷᠳᠣ᠌ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ᠎ᠶᠢ ᠪᠠᠢᠭᠤᠯᠵᠤ᠂ ᠡᠯᠡᠰᠦᠷᠬᠡᠭᠵᠢᠯ᠎ᠢ ᠵᠠᠰᠠᠭᠰᠠᠨ ᠦᠷ᠎ᠡ ᠪᠦᠲᠦᠭᠡᠯ᠎ᠢᠶᠡᠨ ᠬᠠᠤᠯᠢ ᠶᠣᠰᠣᠭᠠᠷ ᠪᠡᠬᠢᠵᠢᠭᠦᠯᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃
ᠪᠡᠯᠡ ᠮᠥᠩᠭᠥ᠎ᠶᠢᠨ ᠪᠠᠲᠤᠯᠠᠭ᠎ᠠ᠂ ᠠᠰᠢᠭ᠋ ᠲᠤᠰᠠ᠎ᠶᠢᠨ ᠬᠣᠯᠪᠣᠭᠠᠯᠠᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠵᠢᠡᠷ ᠬᠦᠴᠦᠨ ᠤᠯᠭᠤᠬᠤ᠎ᠶᠢ ᠵᠡᠷᠭᠡ ᠪᠡᠷ ᠨᠠᠢᠳᠠᠪᠤᠷᠢᠵᠢᠭᠤᠯᠤᠨ᠎ᠠ᠃ ᠥᠪᠥᠷ ᠮᠣᠩᠭᠣᠯ ᠥᠪᠡᠷᠲᠡᠭᠡᠨ ᠴᠤᠭᠯᠠᠭᠤᠯᠤᠭᠰᠠᠨ ᠪᠡᠯᠡ ᠮᠥᠩᠭᠥ᠎ᠪᠡᠷ 《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠭᠣᠣᠯᠳᠠᠯᠭ᠎ᠠ᠎ᠲᠠᠢ ᠲᠥᠷᠥᠯ ᠵᠦᠢᠯ᠎ᠦᠨ ᠢᠵᠢ ᠪᠦᠷᠢᠳᠦᠭᠦᠯᠬᠦ ᠪᠡᠯᠡ ᠮᠥᠩᠭᠥ᠎ᠶᠢ ᠰᠢᠢᠳᠪᠦᠷᠢᠯᠡᠵᠦ᠂ ᠣᠯᠠᠨ ᠡᠰᠢᠵᠢᠭᠰᠡᠨ ᠡᠯᠡᠰᠦ᠎ᠶᠢ ᠵᠠᠰᠠᠬᠤ ᠢᠲᠡᠭᠡᠮᠵᠢᠲᠦ ᠵᠢᠭᠡᠯᠡᠯᠭᠡ᠎ᠶᠢᠨ ᠰᠢᠰᠲᠧᠮᠵᠢ᠎ᠶᠢ ᠠᠩᠬ᠎ᠠ ᠠᠯᠬᠤᠮ ᠪᠠᠢᠭᠤᠯᠪᠠ᠃ ᠪᠠᠶᠠᠨᠨᠠᠭᠤᠷ ᠬᠣᠲᠠ ᠡᠳᠦᠷ ᠲᠤᠲᠤᠮ᠎ᠤᠨ ᠬᠠᠮᠢᠶᠠᠷᠤᠨ ᠬᠠᠮᠠᠭᠠᠯᠠᠬᠤ ᠠᠵᠢᠯ᠎ᠤᠨ ᠪᠠᠢᠷᠢ᠎ᠶᠢ ᠤᠷᠢᠨ ᠬᠡᠷᠡᠭᠯᠡᠬᠦ᠎ᠳᠡᠭᠡᠨ᠂ ᠠᠵᠢᠯ ᠣᠯᠭᠣᠬᠤ᠎ᠪᠠᠷ ᠲᠡᠳᠬᠦᠮᠵᠢ᠎ᠶᠢ ᠣᠷᠣᠯᠠᠭᠤᠯᠬᠤ᠎ᠳᠤ ᠣᠷᠣᠯᠴᠠᠭᠰᠠᠨ ᠲᠠᠷᠢᠶᠠᠴᠢᠳ᠎ᠢ ᠤᠷᠢᠳ ᠵᠢᠡᠷ ᠰᠣᠩᠭᠣᠵᠤ᠂ ᠤᠯᠠᠭᠠᠨᠴᠠᠪ ᠬᠣᠲᠠ ᠨᠢ ᠬᠠᠷᠢᠶ᠎ᠠ ᠭᠠᠵᠠᠷ᠎ᠤᠨ ᠣᠶ ᠰᠢᠭᠤᠢ ᠬᠠᠮᠠᠭᠠᠯᠠᠭ᠍ᠴᠢ᠂ ᠡᠪᠡᠰᠦ ᠪᠡᠯᠴᠢᠭᠡᠷ᠎ᠦᠨ ᠬᠠᠮᠢᠶᠠᠷᠤᠭ᠍ᠴᠢ᠎ᠶᠢ ᠲᠥᠷᠥᠯ ᠵᠦᠢᠯ᠎ᠦᠨ ᠬᠠᠮᠢᠶᠠᠷᠤᠨ ᠬᠠᠮᠠᠭᠠᠯᠠᠬᠤ ᠰᠢᠰᠲᠧᠮ᠎ᠳᠦ ᠣᠷᠣᠭᠤᠯᠵᠤ᠂ ᠠᠵᠢᠯ᠎ᠤᠨ ᠪᠠᠢᠷᠢ ᠲᠣᠭᠲᠠᠭᠠᠬᠤ᠂ ᠬᠥᠮᠥᠨ ᠲᠣᠭᠲᠠᠭᠠᠬᠤ᠂ ᠭᠠᠵᠠᠷ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ᠎ᠶᠢ ᠬᠡᠷᠡᠭᠵᠢᠭᠦᠯᠪᠡ; 2026 ᠣᠨ᠎ᠤ 6 ᠰᠠᠷ᠎ᠠ ᠪᠣᠯᠲᠠᠯ᠎ᠠ᠂ ᠥᠪᠥᠷ ᠮᠣᠩᠭᠣᠯ ᠡᠯᠡᠰᠦᠷᠭᠡᠭᠵᠢᠯᠢᠰᠡᠷᠭᠡᠢᠯᠡᠨ ᠡᠯᠡᠰᠦ᠎ᠶᠢ ᠵᠠᠰᠠᠬᠤ ᠡᠭᠦᠷᠭᠡ᠎ᠶᠢ ᠨᠢᠭᠡᠨᠲᠡ 693.49 ᠲᠦᠮᠡᠨ ᠮᠦ᠍ ᠪᠡᠶᠡᠯᠡᠭᠦᠯᠪᠡ; ᠬᠠᠲᠤᠨ ᠭᠣᠣᠯ᠎ᠤᠨ ᠬᠣᠶᠠᠷ ᠡᠷᠭᠢ᠎ᠶᠢᠨ 620 ᠺᠢᠯᠣᠮᠧᠲᠷ᠎ᠦᠨ ᠬᠠᠯᠬᠠᠪᠴᠢ ᠣᠶ ᠡᠪᠡᠰᠦᠨ᠎ᠦ ᠪᠦᠰᠡ ᠪᠥᠬᠥ ᠱᠤᠭᠤᠮ᠎ᠢᠶᠠᠷ᠎ᠢᠶᠠᠨ ᠨᠡᠪᠲᠡᠷᠡᠵᠦ᠂ ᠬᠠᠲᠤᠨ ᠭᠣᠣᠯ᠎ᠳᠤ ᠤᠷᠤᠰ᠎ᠤᠨ ᠤᠷᠤᠵᠦ ᠪᠠᠢᠭ᠎ᠠ ᠡᠯᠡᠰᠦ ᠰᠢᠪᠠᠷ᠎ᠤᠨ ᠬᠡᠮᠵᠢᠶ᠎ᠡ ᠪᠠᠭᠤᠷᠠᠭᠠᠳ 400 ᠲᠦᠮᠡᠨ ᠲᠣᠨ ᠠ᠋ᠴᠠ ᠳᠣᠷᠣᠭ᠍ᠰᠢ ᠪᠣᠯᠪᠠ; ᠬᠣᠷᠴᠢᠨ᠂ ᠬᠤᠯᠠᠨ ᠰᠢᠷᠭ᠎ᠠ ᠳᠠᠭ᠎ᠠ᠎ᠶᠢᠨ ᠬᠣᠶᠠᠷ ᠶᠡᠬᠡ ᠡᠯᠡᠰᠦᠷᠬᠡᠭ ᠭᠠᠵᠠᠷ ᠣᠷᠣᠨ᠎ᠳᠤ᠂ 39 ᠬᠣᠰᠢᠭᠤ ᠰᠢᠶᠠᠨ᠎ᠤ ᠳᠣᠲᠣᠷᠠᠬᠢ 15 ᠬᠣᠰᠢᠭᠤ ᠰᠢᠶᠠᠨ᠎ᠳᠤ ᠨᠡᠭᠦᠳᠡᠯ ᠡᠯᠡᠰᠦᠷᠬᠡᠭ ᠭᠠᠵᠠᠷ᠎ᠢ ᠪᠦᠬᠦᠨ᠎ᠢ ᠰᠥᠨᠥᠭᠡᠪᠡ᠃ ᠡᠢᠮᠦᠷᠬᠦᠦ ᠬᠡᠪᠴᠢᠶᠡᠨ᠎ᠦ ᠵᠠᠰᠠᠯᠲᠠ᠎ᠶᠢᠨ ᠦᠷ᠎ᠡ ᠪᠦᠲᠦᠭᠡᠯ᠎ᠢ ᠡᠷᠬᠡᠪᠰᠢ ᠳᠦᠷᠢᠮ ᠪᠣᠯᠣᠨ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠳᠦ ᠲᠦᠰᠢᠭᠯᠡᠨ ᠰᠠᠬᠢᠨ ᠬᠠᠮᠠᠭᠠᠯᠠᠬᠤ ᠬᠡᠷᠡᠭᠲᠡᠢ᠃
ᠬᠢᠬᠢᠷᠢ ᠵᠢᠨ ᠨᠠᠭᠤᠷ᠎ᠤᠨ ᠵᠢᠭᠠᠰᠤᠨ ᠰᠦᠷᠦᠭ ᠲᠠᠬᠢᠨ ᠢᠯᠡᠷᠡᠭᠰᠡᠨ᠎ᠡᠴᠡ 《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠨᠣᠭᠣᠭᠠᠷᠠᠭᠤᠯᠤᠯᠲᠠ᠎ᠶᠢᠨ ᠤᠷᠤᠭᠰᠢᠯᠠᠯᠲᠠ ᠡᠯᠡᠰᠦᠨ᠎ᠦ ᠤᠬᠤᠷᠢᠯᠲᠠ ᠬᠦᠷᠲᠡᠯ᠎ᠡ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠥᠷᠨᠢᠩᠭᠦᠢ ᠬᠥᠭᠵᠢᠯᠲᠡ᠎ᠡᠴᠡ ᠡᠯᠡᠰᠦᠷᠭᠡᠭᠵᠢᠯᠢᠰᠡᠷᠭᠡᠢᠯᠡᠵᠦ ᠡᠯᠡᠰᠦ᠎ᠶᠢ ᠵᠠᠰᠠᠬᠤ ᠳᠦᠷᠢᠮ᠎ᠢ ᠨᠠᠢᠳᠠᠪᠤᠷᠢᠵᠢᠭᠤᠯᠤᠨ ᠬᠡᠷᠡᠭᠵᠢᠭᠦᠯᠦᠭᠰᠡᠨ ᠬᠦᠷᠲᠡᠯ᠎ᠡ᠂ ᠥᠨᠳᠥᠷ ᠲᠦᠪᠰᠢᠨ᠎ᠦ ᠬᠠᠮᠠᠭᠠᠯᠠᠯᠲᠠ ᠨᠢ ᠨᠢᠭᠡᠨᠲᠡ ᠴᠢᠨᠠᠷ ᠰᠠᠢᠲᠠᠢ ᠬᠥᠭᠵᠢᠯᠲᠡ᠎ᠶᠢᠨ ᠳᠣᠲᠣᠭᠠᠳᠤ ᠱᠠᠭᠠᠷᠳᠠᠯᠭ᠎ᠠ ᠪᠣᠯᠤᠭᠰᠠᠨ ᠥᠨᠥᠳᠥᠷ ᠬᠠᠮᠠᠭᠠᠯᠠᠯᠲᠠ᠎ᠶᠢᠨ ᠲᠤᠰ ᠪᠡᠶ᠎ᠡ ᠨᠢ ᠳᠠᠷᠤᠢ ᠬᠥᠭᠵᠢᠯᠲᠡ ᠪᠣᠯᠬᠤ ᠪᠥᠭᠡᠳ ᠨᠡᠩ ᠴᠢᠨᠠᠷ ᠰᠠᠢᠲᠠᠢ᠂ ᠨᠡᠩ ᠦᠷᠭᠦᠯᠵᠢᠯᠡᠬᠦᠢᠴᠡ ᠬᠥᠭᠵᠢᠯᠲᠡ ᠪᠣᠯᠬᠤ᠎ᠶᠢ ᠥᠪᠥᠷ ᠮᠣᠩᠭᠣᠯ᠎ᠤᠨ ᠦᠢᠯᠡᠳᠦᠯᠭᠡ ᠭᠡᠷᠡᠴᠢᠯᠡᠵᠡᠢ᠃ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ᠎ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠪᠡᠯ ᠰᠠᠶᠢ ᠠᠮᠢ ᠠᠬᠤᠢ᠎ᠶᠢ ᠤᠷᠢᠳ ᠵᠢᠨᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢ ᠨᠡᠭᠡᠭᠡᠵᠦ᠂ ᠬᠥᠮᠥᠨ ᠪᠣᠯᠣᠨ ᠪᠠᠢᠭᠠᠯᠢ᠎ᠶᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠰᠢᠨ᠎ᠡ ᠬᠠᠭᠤᠳᠠᠰᠤ᠎ᠶᠢ ᠪᠢᠴᠢᠭᠯᠡᠵᠦ ᠴᠢᠳᠠᠨ᠎ᠠ᠃
(ᠵᠣᠬᠢᠶᠠᠭ᠍ᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠵᠤ ᠠᠬᠤᠢ᠎ᠶᠢᠨ ᠰᠤᠳᠤᠯᠭᠠᠨ᠎ᠤ ᠭᠠᠵᠠᠷ᠎ᠤᠨ ᠰᠤᠳᠤᠯᠤᠭᠴᠢ)
— 《ᠦᠪᠦᠷ ᠮᠤᠩᠭᠤᠯ᠎ᠤᠨ ᠡᠳᠦᠷ᠎ᠤᠨ ᠰᠤᠨᠢᠨ》 (ᠬᠢᠳᠠᠳ ᠬᠡᠪᠯᠡᠯ) ᠡᠴᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃