ᠲᠡᠷᠢᠭᠦᠨ ᠨᠢᠭᠤᠷ>ᠣᠨᠣᠯ ᠱᠢᠭᠦᠮᠵᠢ>ᠣᠨᠣᠯ

2026-11-02 17:31:17

ᠵᠣᠬᠢᠶᠠᠭ᠍ᠴᠢ᠄ ᠰᠦᠩ ᠯᠢ ᠮᠧᠶ ᠣᠩᠱᠢᠭ᠍ᠰᠠᠨ ᠣᠳᠠᠭ᠎ᠠ᠄ 3

ᠦᠪᠡᠷᠳᠡᠬᠡᠨ ᠵᠠᠰᠠᠬᠤ ᠣᠷᠣᠨ᠎ᠤ ᠴᠢᠯᠥᠭᠡᠲᠦ᠍ ᠠᠷᠠᠯᠵᠢᠶᠠᠨ ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠶ᠋ᠢᠭᠤᠯᠤᠯᠲᠠ ᠦᠷᠭᠦᠯᠵᠢᠯᠡᠨ ᠠᠬᠢᠬᠤ᠎ᠶᠢ ᠳᠠᠭᠠᠯᠳᠤᠨ᠂ ᠤᠮᠠᠷᠠᠰᠢ ᠨᠡᠭᠡᠭᠡᠯᠲᠡ ᠬᠢᠬᠦ᠌ ᠴᠢᠳᠠᠪᠬᠢ ᠲᠡᠰ ᠲᠠᠰᠤᠷᠠᠯᠲᠠ ᠦᠭᠡᠢ ᠳᠡᠭᠡᠭᠰᠢᠯᠡᠵᠦ᠍᠂ ᠡᠯ᠎ᠡ ᠲᠦᠷᠦᠯ᠎ᠦᠨ ᠭᠠᠳᠠᠭᠠᠳᠤ᠎ᠳᠤ ᠬᠣᠯᠪᠣᠭᠳᠠᠬᠤ ᠠᠵᠤ ᠠᠬᠤᠢ ᠠᠷᠠᠯᠵᠢᠶᠠᠨ᠎ᠤ ᠰᠣᠯᠢᠯᠴᠠᠭ᠎ᠠ᠂ ᠬᠠᠤᠯᠢ ᠴᠠᠭᠠᠵᠠ᠎ᠶᠢᠨ ᠠᠯᠪᠠᠨ ᠠᠵᠢᠯ᠎ᠤᠨ ᠬᠠᠷᠢᠯᠴᠠᠨ ᠠᠶ᠋ᠢᠯᠴᠢᠯᠠᠯᠲᠠ᠂ ᠬᠢᠯᠢ ᠠᠯᠤᠰᠯᠠᠭᠰᠠᠨ ᠰᠤᠳᠤᠯᠤᠨ ᠰᠤᠷᠤᠯᠴᠠᠬᠤ ᠠᠵᠢᠯᠯᠠᠭ᠎ᠠ ᠡᠳᠦᠷ ᠢᠷᠡᠬᠦᠶ᠎ᠡ ᠣᠯᠠᠰᠢᠷᠠᠵᠤ ᠪᠠᠶ᠋ᠢᠨ᠎ᠠ᠃

ᠭᠠᠳᠠᠭᠠᠳᠤ᠎ᠳᠤ ᠬᠣᠯᠪᠣᠭᠳᠠᠬᠤ ᠪᠠᠶ᠋ᠢᠴᠠᠭᠠᠬᠤ ᠠᠵᠢᠯ ᠨᠢ ᠬᠢᠯᠢ ᠳᠠᠭᠠᠤ ᠣᠷᠣᠨ᠎ᠢ ᠵᠠᠰᠠᠬᠤ ᠵᠢᠴᠢ ᠭᠠᠳᠠᠭᠰᠢ ᠨᠡᠭᠡᠭᠡᠯᠳᠡ ᠬᠢᠬᠦ᠌᠎ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠬᠢᠯᠢ ᠵᠢᠨ ᠪᠣᠭᠣᠮᠲᠠ᠎ᠶᠢᠨ ᠬᠥᠭᠵᠢᠯᠲᠡ᠎ᠳᠦ ᠦᠢᠯᠡᠴᠢᠯᠡᠬᠦ᠌᠂ ᠬᠢᠯᠢ ᠠᠯᠤᠰᠯᠠᠭᠰᠠᠨ ᠰᠣᠯᠢᠯᠴᠠᠭ᠎ᠠ᠎ᠶᠢ ᠪᠠᠲᠤᠯᠠᠬᠤ᠂ ᠬᠠᠤᠯᠢ᠎ᠪᠠᠷ ᠵᠠᠰᠠᠬᠤ ᠣᠶ᠋ᠢᠯᠠᠭᠠᠭᠳᠠᠬᠤᠨ᠎ᠢ ᠤᠯᠠᠮᠵᠢᠯᠠᠨ ᠳᠡᠯᠭᠡᠷᠡᠭᠦᠯᠬᠦ᠌ ᠴᠢᠬᠤᠯᠠ ᠲᠤᠰᠢᠶᠠᠯ ᠬᠠᠷᠢᠭᠤᠴᠠᠯᠭ᠎ᠠ᠎ᠶᠢ ᠡᠭᠦᠷᠭᠡᠯᠡᠵᠦ᠍ ᠪᠠᠶ᠋ᠢᠳᠠᠭ᠃ ᠤᠢ᠌ᠷ᠎ᠠ᠎ᠶᠢᠨ ᠬᠤᠭᠤᠴᠠᠭᠠᠨ᠎ᠤ ᠭᠠᠳᠠᠭᠠᠳᠤ᠎ᠳᠤ ᠬᠣᠯᠪᠣᠭᠳᠠᠬᠤ ᠪᠠᠶ᠋ᠢᠴᠠᠭᠠᠬᠤ ᠠᠵᠢᠯ᠎ᠤᠨ ᠰᠤᠳᠤᠯᠤᠨ ᠰᠤᠷᠤᠯᠴᠠᠬᠤ ᠪᠠᠲᠤᠯᠠᠭ᠎ᠠ᠎ᠶᠢᠨ ᠠᠵᠢᠯ᠎ᠢ ᠦᠷᠨᠢᠭᠦᠯᠬᠦ ᠶᠠᠪᠤᠴᠠ᠎ᠳᠦ᠂ ᠬᠢᠳᠡᠳ ᠬᠡᠯᠡ ᠬᠢᠭᠡᠳ ᠭᠠᠳᠠᠭᠠᠳᠤ ᠬᠡᠯᠡ ᠵᠢᠨ ᠬᠤᠭᠤᠷᠤᠨᠳᠦᠬᠢ ᠴᠢᠨᠠᠷ ᠰᠠᠶ᠋ᠢᠲᠠᠢ ᠣᠷᠴᠢᠭᠤᠯᠭ᠎ᠠ᠎ᠶᠢᠨ ᠪᠠᠲᠤᠯᠠᠭ᠎ᠠ ᠪᠣᠯ ᠰᠢᠨ᠎ᠡ ᠴᠠᠭ ᠦᠶ᠎ᠡ᠎ᠶᠢᠨ ᠬᠢᠯᠢ ᠳᠠᠭᠠᠤ ᠤᠷᠤᠨ ᠤ᠋ ᠭᠠᠳᠠᠭᠠᠳᠤ᠎ᠳᠤ ᠬᠣᠯᠪᠣᠭᠳᠠᠬᠤ ᠪᠠᠶ᠋ᠢᠴᠠᠭᠠᠬᠤ ᠠᠵᠢᠯ᠎ᠤᠨ ᠳᠤᠲᠠᠭᠳᠠᠵᠤ ᠪᠣᠯᠤᠰᠢ ᠦᠭᠡᠢ ᠴᠢᠬᠤᠯᠠ ᠲᠤᠯᠭᠠᠭᠤᠷᠢᠯᠠᠯ ᠪᠣᠯᠬᠤ᠎ᠶᠢ ᠦᠢᠯᠡᠳᠦᠯᠭᠡ ᠭᠦᠨᠵᠡᠭᠡᠢ ᠬᠡᠷᠡᠴᠢᠯᠡᠪᠡ᠃

ᠣᠯᠠᠩᠬᠢ ᠬᠥᠮᠦᠰ ᠣᠷᠴᠢᠭᠤᠯᠭ᠎ᠠ᠎ᠶᠢ ᠵᠥᠪᠬᠡᠨ ᠬᠣᠶᠠᠷ ᠵᠦᠢᠯ᠎ᠦᠨ ᠦᠭᠡ ᠬᠡᠯᠡᠨ᠎ᠦ ᠦᠰᠦᠭ᠎ᠦᠨ ᠰᠣᠯᠢᠭᠳᠠᠯ ᠭᠡᠵᠦ᠍ ᠳᠥᠭᠥᠮᠬᠡᠨ ᠦᠵᠡᠳᠡᠭ᠃ ᠭᠡᠪᠡᠴᠦ᠍ ᠭᠠᠳᠠᠭᠠᠳᠤ᠎ᠳᠤ ᠬᠣᠯᠪᠣᠭᠳᠠᠬᠤ ᠪᠠᠶ᠋ᠢᠴᠠᠭᠠᠬᠤ ᠠᠯᠪᠠᠨ ᠶᠠᠪᠤᠳᠠᠯ᠎ᠤᠨ ᠠᠬᠤᠢ ᠪᠠᠶ᠋ᠢᠳᠠᠯ᠎ᠳᠤ᠂ ᠠᠮᠠᠨ ᠣᠷᠴᠢᠭᠤᠯᠭ᠎ᠠ ᠨᠢ ᠲᠠᠩ ᠭᠠᠭᠴᠠ ᠦᠭᠡ ᠬᠡᠯᠡ᠎ᠪᠡᠷ ᠮᠦᠴᠢᠳ ᠳᠠᠮᠵᠢᠭᠤᠯᠬᠤ ᠶᠠᠪᠤᠳᠠᠯ ᠤᠬᠳᠤ ᠪᠢᠰᠢ᠂ ᠬᠠᠷᠢᠨ ᠪᠠᠶ᠋ᠢᠴᠠᠭᠠᠬᠤ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ᠂ ᠭᠠᠳᠠᠭᠠᠳᠤ ᠶᠠᠪᠤᠳᠠᠯ᠎ᠤᠨ ᠰᠠᠬᠢᠯᠭ᠎ᠠ ᠪᠠᠲᠤ᠎ᠶᠢᠨ ᠤᠬᠠᠮᠰᠠᠷ᠂ ᠬᠢᠳᠡᠳ ᠬᠡᠯᠡ ᠬᠢᠭᠡᠳ ᠭᠠᠳᠠᠭᠠᠳᠤ ᠬᠡᠯᠡᠨ᠎ᠦ ᠣᠷᠴᠢᠭᠤᠯᠬᠤ ᠴᠢᠳᠠᠪᠤᠷᠢ᠎ᠶᠢᠨ ᠶᠡᠷᠦᠩᠬᠡᠶ᠋ᠢᠯᠡᠭᠰᠡᠨ ᠢᠯᠡᠷᠡᠯ ᠪᠠᠶ᠋ᠢᠵᠤ᠂ ᠭᠠᠳᠠᠭᠠᠳᠤ᠎ᠳᠤ ᠬᠣᠯᠪᠣᠭᠳᠠᠬᠤ ᠰᠣᠯᠢᠯᠴᠠᠭᠠᠨ᠎ᠤ ᠦᠷ᠎ᠡ ᠪᠦᠲᠦᠮᠵᠢ᠎ᠲᠡᠶ ᠰᠢᠭᠤᠳ ᠬᠣᠯᠪᠣᠭᠳᠠᠵᠤ᠂ ᠬᠢᠯᠢ ᠬᠢᠵᠠᠭᠠᠷ᠎ᠤᠨ ᠪᠠᠶ᠋ᠢᠴᠠᠭᠠᠬᠤ ᠠᠵᠢᠯ᠎ᠤᠨ ᠭᠠᠳᠠᠭᠠᠳᠤ᠎ᠳᠡᠬᠢ ᠲᠦᠷᠢ ᠲᠥᠷᠬᠦ᠌᠎ᠲᠡᠶ ᠬᠣᠯᠪᠣᠭᠳᠠᠵᠤ ᠪᠠᠶ᠋ᠢᠳᠠᠭ᠃

ᠲᠤᠰᠬᠠᠢ ᠮᠡᠷᠭᠡᠵᠢᠯ᠎ᠳᠡᠭᠡᠨ ᠴᠠᠭᠠᠷᠠᠭᠰᠠᠨ ᠪᠠᠢᠬᠤ ᠪᠣᠯ ᠭᠠᠳᠠᠭᠠᠳᠤ᠎ᠳᠤ ᠬᠣᠯᠪᠣᠭᠳᠠᠬᠤ ᠪᠠᠶ᠋ᠢᠴᠠᠭᠠᠬᠤ ᠠᠵᠢᠯ᠎ᠤᠨ ᠣᠷᠴᠢᠭᠤᠯᠭ᠎ᠠ᠎ᠶᠢᠨ ᠰᠠᠭᠤᠷᠢ ᠮᠥᠨ᠃ ᠬᠠᠤᠯᠢ ᠪᠠᠷᠢᠬᠤ ᠠᠵᠢᠯ᠎ᠤᠨ ᠯᠣᠭᠢᠭ ᠴᠢᠩᠭ᠎ᠠ ᠨᠢᠮᠪᠠᠢ᠂ ᠨᠡᠷ᠎ᠡ ᠲᠣᠮᠢᠶ᠎ᠠ ᠨᠠᠷᠢᠯᠢᠭ ᠣᠨᠣᠴᠠᠳᠠᠢ ᠪᠠᠢᠵᠥ᠂ ᠨᠢᠭᠡ ᠦᠭᠡ ᠨᠢᠭᠡ ᠦᠬᠦᠯᠡᠪᠦᠷᠢ ᠨᠢ ᠴᠥᠮ ᠬᠠᠤᠯᠢ ᠵᠦᠢ᠎ᠶᠢᠨ ᠦᠨᠳᠦᠰᠦᠯᠡᠯ᠎ᠲᠡᠶ ᠶᠤᠮ᠃ ᠡᠩ᠎ᠦᠨ ᠬᠡᠯᠡᠨ᠎ᠦ ᠣᠷᠴᠢᠭᠤᠯᠭ᠎ᠠ ᠨᠢ ᠵᠥᠪᠬᠡᠨ ᠦᠭᠡ ᠥᠭᠦᠯᠡᠪᠦᠷᠢ ᠰᠢᠯᠤᠭᠤᠬᠠᠨ ᠪᠠᠶ᠋ᠢᠬᠤ᠎ᠶᠢ ᠬᠥᠭᠡᠭᠡᠴᠡᠯᠳᠦᠳᠡᠭ᠂ ᠬᠠᠷᠢᠨ ᠪᠠᠶ᠋ᠢᠴᠠᠭᠠᠬᠤ ᠠᠵᠢᠯ᠎ᠤᠨ ᠭᠠᠳᠠᠭᠠᠳᠤ᠎ᠳᠤ ᠬᠣᠯᠪᠣᠭᠳᠠᠬᠤ ᠣᠷᠴᠢᠭᠤᠯᠭ᠎ᠠ ᠨᠢ ᠡᠷᠬᠡᠪᠰᠢ 《ᠦᠭᠡ ᠬᠡᠯᠡ᠎ᠶᠢ ᠣᠶ᠋ᠢᠯᠠᠭᠠᠬᠤ᠂ ᠲᠤᠬᠠᠶ᠋ᠢᠯᠠᠭᠰᠠᠨ ᠠᠵᠢᠯ᠎ᠢ ᠨᠡᠩ ᠣᠶ᠋ᠢᠯᠠᠭᠠᠬᠤ》ᠬᠡᠷᠡᠭᠲᠡᠢ᠃ ᠬᠡᠷᠪᠡ ᠪᠠᠶ᠋ᠢᠴᠠᠭᠠᠬᠤ ᠲᠤᠰᠬᠠᠢ ᠮᠡᠷᠭᠡᠵᠢᠯ᠎ᠦᠨ ᠬᠤᠷᠠᠮᠳᠤᠭᠤᠯᠭ᠎ᠠ ᠳᠤᠲᠠᠭᠳᠠᠵᠤ᠂ ᠵᠥᠪᠬᠡᠨ ᠬᠡᠯᠡᠨ ᠎ᠦ ᠰᠠᠭᠤᠷᠢ᠎ᠳᠤ ᠲᠦᠰᠢᠭᠯᠡᠨ ᠠᠮᠠᠨ ᠣᠷᠴᠢᠭᠤᠯᠭ᠎ᠠ᠎ᠶᠢᠨ ᠠᠵᠢᠯ᠎ᠢ ᠥᠷᠨᠢᠭᠦᠯᠬᠦ᠌᠎ᠳᠦ ᠬᠦᠷᠪᠡᠯ᠂ ᠨᠡᠷ᠎ᠡ ᠲᠣᠮᠢᠶ᠎ᠠ᠎ᠶᠢᠨ ᠵᠥᠷᠢᠶ᠎ᠡ᠂ ᠪᠤᠷᠤᠭᠤ ᠣᠶ᠋ᠢᠯᠠᠭᠠᠯᠲᠠ᠂ ᠮᠡᠳᠡᠭᠡ ᠵᠠᠩᠭᠢ᠎ᠶᠢᠨ ᠬᠣᠷᠣᠭᠳᠠᠯ ᠵᠡᠷᠭᠡ ᠠᠰᠠᠭᠤᠳᠠᠯ ᠠᠮᠠᠷᠬᠠᠨ ᠭᠠᠷᠴᠤ᠌᠂ ᠬᠢᠯᠢ᠎ᠶᠢᠨ ᠭᠠᠳᠠᠨᠠᠬᠢ ᠠᠵᠢᠯ ᠨᠢᠭᠡᠲᠡᠨ᠎ᠦ ᠮᠠᠨ᠎ᠤ ᠤᠯᠤᠰ᠎ᠤᠨ ᠪᠠᠶ᠋ᠢᠴᠠᠭᠠᠬᠤ ᠲᠦᠷᠢᠮ᠂ ᠬᠠᠤᠯᠢ ᠪᠠᠷᠢᠬᠤ ᠦᠢᠯᠡᠳᠦᠯᠭᠡ᠎ᠶᠢᠨ ᠲᠤᠬᠠᠢ ᠲᠠᠨᠢᠯᠲᠠ ᠪᠠ ᠣᠶ᠋ᠢᠯᠠᠭᠠᠯᠲᠠ᠎ᠶᠢ ᠨᠥᠯᠥᠭᠡᠯᠡᠬᠦ᠌ ᠪᠣᠯᠤᠨ᠎ᠠ᠃ ᠭᠠᠭᠴᠠ ᠬᠦ᠌ ᠪᠠᠶ᠋ᠢᠴᠠᠭᠠᠬᠤ ᠲᠤᠬᠠᠶ᠋ᠢᠯᠠᠭᠰᠠᠨ ᠠᠵᠢᠯ᠎ᠢ ᠭᠦᠨᠵᠡᠭᠡᠢ ᠰᠤᠷᠤᠯᠴᠠᠨ᠂ ᠬᠠᠤᠯᠢ ᠴᠠᠭᠠᠵᠠ ᠵᠢᠨ ᠬᠡᠯᠡᠨ᠎ᠦ ᠠᠬᠤᠢ ᠪᠠᠶ᠋ᠢᠳᠠᠯ ᠎ᠢ ᠰᠠᠢ᠌ᠨ ᠣᠶ᠋ᠢᠯᠠᠭᠠᠵᠤ᠂ ᠲᠤᠰᠬᠠᠢ ᠮᠡᠷᠭᠡᠵᠢᠯ᠎ᠦᠨ ᠤᠬᠠᠭᠳᠠᠬᠤᠨ᠎ᠢ ᠨᠡᠪᠲᠡᠷᠬᠡᠢ ᠡᠵᠡᠮᠰᠢᠪᠡᠯ ᠰᠠᠶᠢ ᠬᠠᠤᠯᠢ᠎ᠪᠠᠷ ᠵᠠᠰᠠᠬᠤ᠎ᠶᠢᠨ ᠠᠭᠤᠯᠤᠭᠳᠠᠬᠤᠨ᠎ᠢ ᠨᠠᠷᠢᠯᠢᠭ ᠣᠨᠣᠴᠠᠲᠠᠢ ᠳᠠᠮᠵᠢᠭᠤᠯᠵᠤ᠂ ᠬᠢᠯᠢ ᠠᠯᠤᠰᠯᠠᠭᠰᠠᠨ ᠬᠠᠤᠯᠢ ᠴᠠᠭᠠᠵᠠ ᠵᠢᠨ ᠠᠵᠢᠯᠯᠠᠭ᠎ᠠ ᠰᠣᠯᠢᠯᠴᠠᠭ᠎ᠠ᠎ᠶᠢ ᠬᠠᠷᠢᠯᠴᠠᠨ ᠰᠤᠷᠤᠯᠴᠠᠵᠤ ᠬᠠᠷᠢᠯᠴᠠᠨ ᠯᠠᠪᠯᠠᠯᠲᠠ ᠪᠣᠯᠭᠠᠬᠤ᠂ ᠬᠣᠣᠰ ᠴᠢᠭᠯᠡᠯ᠎ᠢᠶᠡᠷ ᠡᠨ᠋ᠸᠷᠬᠢ ᠣᠯᠭᠣᠬᠤ᠎ᠶᠢ ᠦᠨᠡᠨ ᠬᠦ᠌ ᠪᠡᠶᠡᠯᠡᠭᠦᠯᠵᠦ᠍ ᠴᠢᠳᠠᠨ᠎ᠠ᠃

ᠤᠤᠯ ᠤᠳᠬ᠎ᠠ ᠰᠠᠨᠠᠭ᠎ᠠ ᠵᠢ ᠤᠤᠯ ᠶᠠᠩᠵᠦ ᠪᠡᠷ ᠨᠢ ᠤᠷᠴᠢᠭᠤᠯᠵᠦ ᠲᠠᠮᠵᠢᠭᠤᠯᠬᠤ ᠪᠣᠯ ᠭᠠᠳᠠᠭᠠᠳᠤ᠎ᠳᠤ ᠬᠣᠯᠪᠣᠭᠳᠠᠬᠤ ᠠᠯᠪᠠᠨ ᠶᠠᠪᠤᠳᠠᠯ᠎ᠤᠨ ᠣᠷᠴᠢᠭᠤᠯᠭ᠎ᠠ᠎ᠶᠢᠨ ᠦᠨᠳᠦᠰᠦᠨ ᠵᠠᠷᠢᠮ ᠮᠥᠨ᠃ ᠭᠠᠳᠠᠭᠠᠳᠤ᠎ᠳᠤ ᠬᠣᠯᠪᠣᠭᠳᠠᠭᠰᠠᠨ ᠰᠣᠯᠢᠯᠴᠠᠭ᠎ᠠ᠎ᠳᠠᠬᠢ ᠲᠠᠶ᠋ᠢᠯᠪᠤᠷᠢᠯᠠᠯᠲᠠ᠂ᠲᠠᠨᠢᠯᠴᠠᠭᠤᠯᠭ᠎ᠠ᠂ ᠠᠬᠤᠢ ᠪᠠᠶ᠋ᠢᠳᠠᠯ ᠤ᠋ᠨ ᠲᠠᠶ᠋ᠢᠯᠪᠤᠷᠢᠯᠠᠯᠲᠠ ᠪᠣᠯᠭᠠᠨ ᠨᠢ ᠴᠥᠮ ᠰᠣᠯᠢᠯᠴᠠᠭᠠᠨ᠎ᠤ ᠦᠷᠳᠡᠭ ᠪᠣᠯᠤᠨ ᠬᠠᠮᠲᠤᠷᠠᠯᠴᠠᠭᠠᠨ᠎ᠤ ᠠᠴᠢ ᠬᠣᠯᠪᠣᠭᠳᠠᠯ᠎ᠢ ᠠᠴᠢᠶᠠᠯᠠᠵᠤ ᠪᠠᠶ᠋ᠢᠳᠠᠭ᠃ ᠠᠮᠠᠨ ᠣᠷᠴᠢᠭᠤᠯᠭ᠎ᠠ᠎ᠶᠢᠨ ᠠᠵᠢᠯᠲᠠᠨ ᠵᠠᠪᠰᠠᠷ᠎ᠤᠨ ᠪᠦᠭᠡᠳ ᠪᠤᠰᠤᠳᠴᠢ ᠮᠡᠳᠡᠭᠡ ᠵᠠᠩᠭᠢ᠎ᠶᠢᠨ ᠬᠥᠭᠥᠷᠭᠡ ᠪᠣᠯᠤᠭᠰᠠᠨ᠎ᠤ ᠬᠤᠪᠢ᠎ᠳᠤ᠂ ᠬᠤᠪᠢ ᠬᠥᠮᠦᠨ᠎ᠦ ᠪᠡᠶᠡᠴᠢ ᠮᠠᠭᠠᠳᠯᠠᠯᠲᠠ᠎ᠪᠠᠷ᠎ᠢᠶᠠᠨ ᠭᠤᠤᠯᠳᠠᠯᠭ᠎ᠠ᠎ᠲᠠᠶ ᠠᠭᠤᠯᠭ᠎ᠠ᠎ᠶᠢ ᠬᠠᠰᠤᠵᠤ᠂ ᠰᠣᠩᠭᠣᠵᠤ᠂ ᠦᠩᠭᠡᠨ ᠲᠡᠭᠡᠭᠦᠷ ᠨᠢ ᠮᠢᠯᠢᠶᠠᠵᠦ ᠬᠠᠯᠳᠤ ᠮᠦᠯᠳᠦ ᠦᠩᠭᠡᠷᠡᠭᠡᠵᠦ ᠶᠠᠭᠠᠬᠢᠭᠰᠠᠨ ᠴᠤ᠌ ᠪᠣᠯᠬᠤ ᠥᠬᠡᠶ᠃ ᠡᠷᠬᠡᠪᠰᠢ ᠶᠠᠷᠢᠶ᠎ᠠ ᠢᠯᠡᠳᠬᠡᠯ᠎ᠦᠨ ᠭᠣᠣᠯ ᠵᠣᠷᠢᠯᠲᠠ᠎ᠶᠢ ᠪᠦᠷᠢᠨ ᠪᠦᠲᠦᠨ᠂ ᠵᠦᠪ ᠣᠨᠣᠪᠴᠢᠲᠠᠢ᠂ ᠲᠡᠷᠡ ᠬᠡᠪ᠎ᠢᠶᠡᠷ ᠨᠢ ᠳᠠᠮᠵᠢᠭᠤᠯᠵᠤ᠂ ᠳᠤᠮᠳᠠᠳᠤ ᠭᠠᠳᠠᠭᠠᠳᠤ᠎ᠶᠢᠨ ᠬᠠᠤᠯᠢ ᠴᠠᠭᠠᠵᠠ ᠵᠢᠨ ᠠᠵᠢᠯ ᠨᠢᠭᠡᠲᠡᠨ ᠎ᠦ ᠮᠡᠳᠡᠭᠡ ᠵᠠᠩᠭᠢ᠎ᠶᠢ ᠠᠳᠠᠯᠢ ᠲᠡᠭᠰᠢ ᠪᠠᠶ᠋ᠢᠯᠭᠠᠬᠤ᠂ ᠰᠠᠭᠠᠳ ᠦᠭᠡᠢ ᠨᠡᠪᠲᠡᠷᠡᠯᠴᠡᠭᠦᠯᠬᠦ᠌᠎ᠶᠢ ᠦᠨᠡᠨ ᠬᠦ᠌ ᠪᠠᠲᠤᠯᠠᠵᠤ᠂ ᠭᠠᠳᠠᠭᠠᠳᠤ᠎ᠳᠤ ᠬᠣᠯᠪᠣᠭᠳᠠᠬᠤ ᠰᠣᠯᠢᠯᠴᠠᠭ᠎ᠠ᠎ᠶᠢ ᠥᠭᠡᠷᠡᠲᠦᠭᠦᠯᠬᠦ᠌ ᠦᠭᠡᠢ᠂ ᠲᠤᠳᠠᠭᠤ ᠲᠤᠷᠭᠤᠨ ᠪᠤᠯᠭᠠᠬᠤ ᠦᠬᠡᠢ ᠪᠠᠶ᠋ᠢᠬᠤ᠎ᠶᠢ ᠪᠠᠲᠤᠯᠠᠬᠤ ᠬᠡᠷᠡᠭᠲᠡᠢ᠃

ᠬᠡᠪ ᠪᠣᠯᠪᠠᠰᠤᠷᠠᠯ ᠰᠠᠶ᠋ᠢᠨ ᠪᠠᠶ᠋ᠢᠬᠤ ᠪᠣᠯ ᠭᠠᠳᠠᠭᠠᠳᠤ᠎ᠳᠤ ᠬᠣᠯᠪᠣᠭᠳᠠᠬᠤ ᠣᠷᠴᠢᠭᠤᠯᠭ᠎ᠠ᠎ᠶᠢ ᠰᠠᠶ᠋ᠢᠲᠤᠷ ᠬᠢᠬᠦ᠌᠎ᠶᠢᠨ ᠵᠠᠩᠭᠢᠯᠠᠭ᠎ᠠ᠎ᠶᠢᠨ ᠪᠠᠲᠤᠯᠠᠭ᠎ᠠ ᠮᠥᠨ᠃ ᠭᠠᠳᠠᠭᠠᠳᠤ᠎ᠳᠤ ᠬᠣᠯᠪᠣᠭᠳᠠᠬᠤ ᠠᠯᠪᠠᠨ ᠶᠠᠪᠤᠳᠠᠯ᠎ᠤᠨ ᠲᠠᠯᠠᠪᠤᠷ ᠲᠥᠪ ᠬᠢᠴᠢᠶᠡᠩᠭᠦᠢ ᠪᠠᠶ᠋ᠢᠵᠤ᠂ ᠣᠷᠴᠢᠭᠤᠯᠤᠭᠴᠢ ᠪᠣᠯ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠶᠢᠨ ᠬᠥᠰᠢᠭᠡ᠎ᠶᠢᠨ ᠠᠷᠤ᠎ᠶᠢᠨ ᠪᠠᠲᠤᠯᠠᠭᠴᠢ᠂ ᠦᠢᠯᠡᠴᠢᠯᠡᠭᠴᠢ ᠮᠥᠨ᠃ ᠠᠵᠢᠯ᠎ᠤᠨ ᠳᠤᠮᠳᠠ ᠯᠠᠪᠳᠠᠭᠤᠨ ᠲᠣᠭᠲᠠᠭᠤᠨ ᠠᠵᠢᠯ᠎ᠤᠨ ᠪᠠᠶ᠋ᠢᠳᠠᠯ᠎ᠢᠶᠠᠨ ᠡᠷᠬᠡᠪᠰᠢ ᠪᠠᠲᠤᠯᠠᠵᠤ᠂ ᠭᠠᠳᠠᠭᠠᠳᠤ ᠶᠠᠪᠤᠳᠠᠯ᠎ᠤᠨ ᠶᠣᠰᠣ ᠵᠢᠷᠤᠮ᠎ᠢ ᠴᠢᠩᠭ᠎ᠠ ᠰᠠᠬᠢᠵᠤ᠂ ᠰᠠᠨᠠᠭᠠᠨ ᠳᠠᠪᠠ᠎ᠪᠠᠷ᠎ᠢᠶᠠᠨ ᠪᠡᠶ᠎ᠡ ᠪᠠᠨ ᠰᠤᠯᠠ ᠲᠠᠯᠪᠢᠬᠤ᠂ ᠬᠡᠲᠦᠷᠬᠡᠶ ᠵᠤᠭ᠎ᠠ ᠴᠡᠩᠭᠡᠯ᠎ᠲᠡᠶ ᠪᠠᠶ᠋ᠢᠬᠤ ᠬᠠᠷᠢᠯᠴᠠᠭᠠᠨ᠎ᠤ ᠪᠠᠶ᠋ᠢᠳᠠᠯ᠎ᠢ ᠡᠷᠡᠰ ᠬᠣᠷᠢᠭᠯᠠᠬᠤ ᠬᠡᠷᠡᠭᠲᠡᠶ᠃ ᠲᠤᠰᠬᠠᠶ ᠮᠡᠷᠭᠡᠵᠢᠯ᠎ᠦᠨ ᠬᠦᠴᠢᠷᠳᠡᠯ ᠶᠡᠬᠡ᠂ ᠠᠭᠤᠯᠭ᠎ᠠ ᠨᠢ ᠪᠤᠳᠤᠯᠢᠶᠠᠨᠲᠠᠶ ᠲᠠᠶ᠋ᠢᠯᠪᠤᠷᠢᠯᠠᠬᠤ ᠠᠭᠤᠯᠭ᠎ᠠ ᠎ᠳᠦ ᠬᠠᠨᠳᠤᠬᠤ ᠎ᠳᠠᠭᠠᠨ᠂ ᠤᠷᠢᠳᠴᠢᠯᠠᠨ ᠮᠠᠭᠠᠳᠯᠠᠵᠤ᠂ ᠭᠦᠢᠴᠡᠳ ᠪᠡᠯᠡᠳᠬᠡᠬᠦ᠌ ᠬᠡᠷᠡᠭᠲᠡᠶ; ᠮᠡᠳᠡᠯᠭᠡ ᠬᠦᠷᠦᠯᠴᠡᠬᠦ ᠦᠭᠡᠢ ᠭᠠᠵᠠᠷ ᠲᠣᠬᠢᠶᠠᠯᠳᠤᠪᠠᠯ᠂ ᠠᠷᠤ ᠲᠠᠪᠴᠠᠩ᠎ᠤᠨ ᠬᠢᠨᠠᠨ ᠬᠠᠷᠭᠤᠭᠤᠯᠤᠯᠲᠠ᠎ᠶᠢ ᠪᠠᠷᠢᠮᠲᠠᠯᠠᠵᠤ᠂ ᠦᠪᠡᠷᠳᠡᠭᠡᠨ ᠲᠠᠬᠢᠨ ᠳᠠᠪᠲᠠᠨ ᠬᠢᠨᠠᠯᠳᠠ ᠬᠢᠵᠦ᠍᠂ ᠡᠬᠢᠯᠡᠯᠳᠡ ᠲᠡᠭᠦᠰᠭᠡᠯ ᠲᠠᠢ ᠪᠡᠷ ᠮᠠᠳᠠᠭ᠎ᠲᠠᠶ ᠠᠰᠠᠭᠤᠳᠠᠯ᠎ᠢ ᠲᠤᠢᠯᠪᠤᠷᠢᠳᠠᠢ ᠬᠠᠷᠢᠭᠤᠯᠵᠤ᠂ ᠭᠠᠳᠠᠭᠠᠳᠤ᠎ᠶᠢᠨ ᠵᠣᠴᠢᠳ᠎ᠤᠨ ᠡᠮᠦᠨ᠎ᠡ ᠶᠠᠭᠠᠬᠢᠭᠰᠠᠨ ᠴᠤ᠌ ᠰᠣᠯᠢᠯᠴᠠᠭ᠎ᠠ᠎ᠶᠢᠨ ᠦᠷ᠎ᠡ ᠪᠦᠲᠦᠮᠵᠢ᠎ᠶᠢ ᠰᠤᠯᠠᠷᠠᠭᠤᠯᠬᠤ᠂ ᠠᠵᠢᠯ᠎ᠤᠨ ᠳᠤᠲᠠᠭᠤᠳᠠᠯ᠎ᠢᠶᠠᠨ ᠢᠯᠡᠷᠡᠭᠦᠯᠬᠦ᠌ ᠦᠭᠡᠢ ᠪᠠᠢᠬᠤ ᠵᠢ ᠪᠠᠳᠤᠯᠠᠬᠤ ᠬᠡᠷᠡᠭᠳᠡᠢ᠃ ᠡᠭᠦᠨ᠎ᠦ ᠬᠠᠮᠲᠤ᠌ ᠪᠠᠴᠢᠮ ᠪᠠᠶ᠋ᠢᠳᠠᠯ᠎ᠢ ᠠᠷᠭᠠᠴᠠᠭᠠᠬᠤ ᠣᠷᠣᠨ ᠪᠠᠶ᠋ᠢᠷᠢ᠎ᠶᠢ ᠨᠥᠬᠥᠪᠥᠷᠢᠯᠡᠬᠦ᠌ ᠠᠵᠢᠯ᠎ᠢ ᠰᠠᠶ᠋ᠢᠲᠤᠷ ᠬᠢᠵᠦ᠍ ᠂ ᠭᠠᠳᠠᠭᠠᠳᠤ᠎ᠳᠤ ᠬᠣᠯᠪᠣᠭᠳᠠᠬᠤ ᠰᠣᠯᠢᠯᠴᠠᠭ᠎ᠠ᠎ᠶᠢᠨ ᠪᠦᠬᠦ᠌ ᠶᠠᠪᠤᠴᠠ ᠪᠡᠷ ᠦᠷᠭᠦᠯᠵᠢᠯᠡᠵᠦ᠍᠂ ᠲᠠᠰᠤᠷᠠᠯᠳᠠ ᠦᠭᠡᠢ᠂ ᠴᠢᠨᠠᠷ ᠰᠠᠶ᠋ᠢᠲᠠᠢ ᠪᠠᠶ᠋ᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃

ᠣᠳᠣᠬᠠᠨ᠎ᠳᠤ᠂ ᠮᠠᠨ᠎ᠤ ᠣᠷᠣᠨ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ᠎ᠶᠢᠨ ᠪᠠᠶ᠋ᠢᠷᠢ ᠲᠣᠭᠲᠠᠭᠠᠯᠲᠠ᠎ᠳᠤ ᠰᠠᠭᠤᠷᠢᠯᠠᠨ᠂ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢᠨ ᠬᠤᠷᠳᠤᠴᠠ᠎ᠶᠢ ᠲᠦᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ᠍᠂ ᠬᠢᠯᠢ ᠵᠢᠨ ᠪᠣᠭᠣᠮᠲᠠ᠎ᠶᠢᠨ ᠠᠵᠤ ᠠᠬᠤᠶ᠂ ᠬᠢᠯᠢ ᠠᠯᠤᠰᠯᠠᠭᠰᠠᠨ ᠬᠠᠮᠲᠤᠷᠠᠯᠴᠠᠭ᠎ᠠ ᠡᠳᠦᠷ ᠢᠷᠡᠬᠦᠶ᠎ᠡ ᠬᠥᠭᠵᠢᠶᠡᠨᠲᠡᠶ ᠪᠣᠯᠵᠣ᠂ ᠭᠠᠳᠠᠭᠠᠳᠤ᠎ᠳᠤ ᠬᠣᠯᠪᠣᠭᠳᠠᠬᠤ ᠡᠯ᠎ᠡ ᠲᠥᠷᠥᠯ᠎ᠦᠨ ᠬᠠᠤᠯᠢ ᠴᠠᠭᠠᠵᠠ᠎ᠶᠢᠨ ᠰᠤᠳᠤᠯᠤᠨ ᠶᠠᠷᠢᠯᠴᠠᠬᠤ᠂ ᠰᠤᠷᠪᠤᠯᠵᠢᠯᠠᠨ ᠰᠤᠳᠤᠯᠵᠤ ᠰᠤᠷᠤᠯᠴᠠᠬᠤ᠂ ᠬᠠᠤᠯᠢ᠎ᠪᠠᠷ ᠵᠠᠰᠠᠬᠤ ᠰᠣᠯᠢᠯᠴᠠᠭᠠᠨ᠎ᠤ ᠠᠵᠢᠯᠯᠠᠭ᠎ᠠ ᠦᠷᠭᠦᠯᠵᠢᠯᠡᠨ ᠨᠡᠮᠡᠭᠳᠡᠵᠦ᠍ ᠂ ᠬᠠᠮ ᠬᠡᠯᠪᠡᠷᠢ᠎ᠶᠢᠨ᠂ ᠲᠤᠰᠬᠠᠶ᠋ᠢᠵᠢᠭᠰᠠᠨ᠂ ᠥᠨᠳᠥᠷ ᠬᠡᠪ ᠴᠢᠨᠠᠷ ᠪᠥᠬᠥᠶ ᠬᠢᠳᠡᠳ ᠬᠡᠯᠡ ᠬᠢᠭᠡᠳ ᠭᠠᠳᠠᠭᠠᠳᠤ ᠬᠡᠯᠡ ᠵᠢᠨ ᠪᠠᠶ᠋ᠢᠴᠠᠭᠠᠬᠤ ᠠᠵᠢᠯ᠎ᠤᠨ ᠤᠷᠴᠢᠭᠤᠯᠭ᠎ᠠ ᠵᠢᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ ᠤᠯᠠᠮ ᠲᠤᠯᠭᠠᠮ  ᠪᠣᠯᠵᠣ ᠪᠠᠶ᠋ᠢᠨ᠎ᠠ᠃ ᠭᠠᠳᠠᠭᠠᠳᠤ᠎ᠳᠤ ᠬᠣᠯᠪᠣᠭᠳᠠᠬᠤ ᠣᠷᠴᠢᠭᠤᠯᠭ᠎ᠠ ᠨᠢ ᠠᠯᠢ ᠡᠷᠲᠡ ᠡᠴᠡ ᠳᠥᠭᠥᠮᠬᠡᠨ ᠨᠢᠬᠡᠨ ᠲᠤᠰᠠᠯᠠᠬᠤ ᠴᠢᠨᠠᠷᠲᠠᠶ ᠠᠵᠢᠯ ᠪᠢᠰᠢ᠂ ᠬᠠᠷᠢᠨ ᠬᠢᠯᠢ ᠳᠠᠭᠠᠤ ᠣᠷᠣᠨ᠎ᠤ ᠨᠡᠭᠡᠭᠡᠯᠲᠡ᠎ᠳᠦ ᠦᠢᠯᠡᠴᠢᠯᠡᠵᠦ᠍᠂ ᠴᠢᠯᠥᠭᠡᠲᠦ᠍ ᠠᠷᠠᠯᠵᠢᠶᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢ ᠬᠠᠮᠠᠭᠠᠯᠠᠵᠤ᠂ ᠭᠠᠳᠠᠭᠠᠳᠤ᠎ᠳᠤ ᠬᠣᠯᠪᠣᠭᠳᠠᠬᠤ ᠬᠠᠤᠯᠢ ᠪᠡᠷ ᠵᠠᠰᠠᠬᠤ ᠪᠠᠶ᠋ᠢᠭᠤᠯᠤᠯᠲᠠ ᠳ᠋ᠤ ᠬᠦᠴᠦᠨ ᠨᠡᠮᠡᠷᠢᠯᠡᠬᠦ ᠰᠠᠭᠤᠷᠢ ᠴᠢᠨᠠᠷᠲᠠᠶ ᠂ ᠪᠠᠲᠤᠯᠠᠭ᠎ᠠ᠎ᠶᠢᠨ ᠴᠢᠨᠠᠷᠲᠠᠶ ᠠᠵᠢᠯ᠎ᠪᠤᠯᠪᠠ᠃

ᠰᠢᠨ᠎ᠡ ᠴᠠᠭ ᠦᠶ᠎ᠡ᠎ᠶᠢᠨ ᠬᠢᠯᠢ ᠳᠠᠭᠠᠤ ᠣᠷᠣᠨ᠎ᠤ ᠭᠠᠳᠠᠭᠠᠳᠤ ᠨᠡᠬᠡᠬᠡᠯᠳᠡ ᠪᠠ ᠭᠠᠳᠠᠭᠠᠳᠤ᠎ᠳᠤ ᠬᠣᠯᠪᠣᠭᠳᠠᠬᠤ ᠬᠠᠤᠯᠢ ᠪᠡᠷ ᠵᠠᠰᠠᠬᠤ ᠪᠠᠶ᠋ᠢᠭᠤᠯᠤᠯᠲᠠ᠎ᠶᠢᠨ ᠡᠮᠦᠨ᠎ᠡ ᠹᠷᠣᠨᠲ᠎ᠲᠤ᠌᠂ ᠬᠢᠯᠢ ᠬᠢᠵᠠᠭᠠᠷ᠎ᠤᠨ ᠪᠠᠶ᠋ᠢᠴᠠᠭᠠᠬᠤ ᠠᠵᠢᠯᠳᠠᠨ᠎ᠤ ᠡᠭᠦᠷᠭᠡ ᠦᠩᠬᠡ ᠬᠡᠷᠡᠯᠳᠡᠢ᠂ ᠬᠠᠷᠢᠭᠤᠴᠠᠯᠭ᠎ᠠ ᠬᠦᠨᠳᠦ ᠶᠡᠬᠡ ᠪᠠᠶ᠋ᠢᠨ᠎ᠠ᠃ ᠪᠢᠳᠡ ᠡᠷᠬᠡᠪᠰᠢ ᠦᠪᠡᠷᠳᠡᠭᠡᠨ ᠵᠠᠰᠠᠬᠤ ᠤᠷᠤᠨ᠎ᠤ ᠭᠠᠳᠠᠭᠠᠳᠤ ᠨᠡᠭᠡᠭᠡᠯᠳᠡ ᠵᠢᠨ ᠠᠵᠢᠯ᠎ᠤᠨ ᠬᠡᠷᠡᠭᠴᠡᠭᠡ᠎ᠳᠦ ᠰᠠᠭᠤᠷᠢᠯᠠᠨ᠂ ᠬᠢᠳᠡᠳ ᠬᠡᠯᠡ ᠬᠢᠭᠡᠳ ᠭᠠᠳᠠᠭᠠᠳᠤ ᠬᠡᠯᠡ ᠵᠢᠨ ᠰᠠᠭᠤᠷᠢ᠎ᠪᠠᠨ ᠦᠷᠭᠦᠯᠵᠢᠯᠡᠨ ᠪᠡᠬᠢᠵᠢᠭᠦᠯᠵᠦ᠍᠂ ᠪᠠᠶ᠋ᠢᠴᠠᠭᠠᠬᠤ ᠭᠤᠤᠯ ᠠᠵᠢᠯ᠎ᠢᠶᠠᠨ ᠭᠦᠨᠵᠡᠭᠡᠶ᠋ᠢᠷᠡᠭᠦᠯᠵᠦ᠍᠂ ᠭᠠᠳᠠᠭᠠᠳᠤ ᠶᠠᠪᠤᠳᠠᠯ᠎ᠤᠨ ᠵᠢᠷᠤᠮᠵᠢᠯ᠎ᠢ ᠴᠢᠩᠭ᠎ᠠ ᠰᠠᠬᠢᠵᠤ᠂ ᠠᠵᠢᠯ ᠮᠡᠷᠭᠡᠵᠢᠯ ᠎ᠦᠨ ᠬᠡᠪ ᠪᠣᠯᠪᠠᠰᠤᠷᠠᠯ᠎ᠢᠶᠠᠨ ᠳᠠᠪᠲᠠᠨ ᠪᠣᠯᠪᠠᠰᠤᠷᠠᠭᠤᠯᠵᠤ᠂ ᠦᠭᠡ ᠬᠡᠯᠡ᠎ᠳᠡᠭᠡᠨ ᠴᠠᠭᠠᠷᠠᠭᠰᠠᠨ᠂ ᠲᠤᠬᠠᠶ᠋ᠢᠯᠠᠭᠰᠠᠨ ᠠᠵᠢᠯ᠎ᠳᠠᠭᠠᠨ ᠴᠠᠭᠠᠷᠠᠭᠰᠠᠨ᠂ ᠣᠪᠣᠷ ᠰᠤᠷᠲᠠᠯ᠎ᠳᠠᠭᠠᠨ ᠴᠠᠭᠠᠷᠠᠭᠰᠠᠨ ᠪᠠᠶ᠋ᠢᠬᠤ᠎ᠶᠢ ᠴᠢᠷᠮᠠᠶ᠋ᠢᠨ ᠪᠡᠶᠡᠯᠡᠭᠦᠯᠵᠦ᠂ ᠣᠨᠣᠴᠠᠳᠠᠢ ᠣᠷᠴᠢᠭᠤᠯᠭ᠎ᠠ᠎ᠪᠠᠷ ᠬᠠᠤᠯᠢ ᠪᠡᠷ ᠵᠠᠰᠠᠬᠤ ᠰᠣᠯᠢᠯᠴᠠᠭᠠᠨ᠎ᠤ ᠬᠥᠭᠥᠷᠭᠡ᠎ᠶᠢ ᠪᠠᠶ᠋ᠢᠭᠤᠯᠵᠤ᠂ ᠲᠤᠰᠬᠠᠢ ᠮᠡᠷᠭᠡᠵᠢᠯ᠎ᠳᠦ ᠲᠦᠰᠢᠭᠯᠡᠨ  ᠲᠤᠰᠢᠶᠠᠯ᠎ᠢᠶᠠᠨ ᠭᠦᠢᠴᠡᠳᠬᠡᠬᠦ᠌᠎ᠪᠡᠷ ᠳᠤᠮᠳᠠᠳᠤ ᠤᠯᠤᠰ᠎ᠤᠨ ᠪᠠᠶ᠋ᠢᠴᠠᠭᠠᠬᠤ ᠠᠵᠢᠯ᠎ᠤᠨ ᠦᠯᠢᠭᠡᠷ᠂ ᠥᠪᠥᠷ ᠮᠣᠩᠭᠣᠯ ᠎ᠤᠨ ᠬᠠᠤᠯᠢ ᠪᠡᠷ ᠵᠠᠰᠠᠬᠤ ᠦᠯᠢᠭᠡᠷ᠎ᠢ ᠰᠠᠶ᠋ᠢᠲᠤᠷ ᠶᠠᠷᠢᠵᠤ᠂ ᠮᠠᠨ᠎ᠤ ᠣᠷᠣᠨ᠎ᠤ ᠴᠢᠯᠥᠭᠡᠲᠦ᠍ ᠠᠷᠠᠯᠵᠢᠶᠠᠨ᠎ᠤ ᠪᠦᠲᠦᠭᠡᠨ ᠪᠠᠶ᠋ᠢᠭᠤᠯᠤᠯᠲᠠ᠎ᠳᠤ ᠦᠢᠯᠡᠴᠢᠯᠡᠬᠦ᠌᠂ ᠤᠮᠠᠷᠠᠰᠢ ᠨᠡᠭᠡᠭᠡᠯᠲᠡ ᠬᠢᠬᠦ᠌᠂ ᠬᠢᠯᠢ ᠳᠠᠭᠠᠤ ᠤᠷᠤᠨ  ᠤ᠋ ᠭᠠᠳᠠᠭᠠᠳᠤ᠎ᠳᠤ ᠬᠣᠯᠪᠣᠭᠳᠠᠬᠤ ᠬᠠᠤᠯᠢ ᠪᠡᠷ ᠵᠠᠰᠠᠬᠤ ᠠᠵᠢᠯ ᠤ᠋ᠨ ᠴᠢᠨᠠᠷ ᠰᠠᠶ᠋ᠢᠲᠠᠢ ᠬᠥᠭᠵᠢᠯᠲᠡ᠎ᠳᠦ ᠪᠠᠶ᠋ᠢᠴᠠᠭᠠᠬᠤ ᠠᠵᠢᠯᠳᠠᠨ᠎ᠦ  ᠬᠦᠴᠦᠨ ᠴᠢᠳᠠᠯ᠎ᠢᠶᠠᠨ ᠡᠷᠭᠦᠪᠡᠯ ᠵᠤᠬᠢᠨ᠎ᠠ᠃

              (ᠵᠤᠬᠢᠶᠠᠬᠴᠢ ᠵᠢᠨ ᠬᠠᠶᠢᠭ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠪᠠᠢᠴᠠᠭᠠᠬᠤ  ᠬᠤᠷᠢᠶ᠎ᠠ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面