ᠲᠡᠷᠢᠭᠦᠨ ᠨᠢᠭᠤᠷ>ᠣᠨᠣᠯ ᠱᠢᠭᠦᠮᠵᠢ>ᠣᠨᠣᠯ

2026-11-03 10:09:04

ᠵᠣᠬᠢᠶᠠᠭ᠍ᠴᠢ᠄ ᠭᠤᠸᠠᠨ ᠵᠥᠩ ᠵᠢᠶᠦ᠋ᠨ ᠭᠤᠤ ᠬᠣᠩ ᠣᠩᠱᠢᠭ᠍ᠰᠠᠨ ᠣᠳᠠᠭ᠎ᠠ᠄ 3

ᠣᠢᠷ᠎ᠠ᠎ᠳᠤ ᠪᠥᠬᠥ ᠤᠯᠤᠰ᠎ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠶᠡᠬᠡ ᠬᠤᠷᠠᠯ ᠪᠡᠭᠡᠵᠢᠩ᠎ᠳᠦ ᠬᠤᠷᠠᠯᠳᠤᠵᠤ᠂ ᠶᠡᠷᠦᠩᠬᠡᠢ ᠱᠦᠵᠢ ᠰᠢ ᠵᠢᠨ ᠫᠢᠩ᠂ 《ᠠᠷᠪᠠᠨ ᠲᠠᠪᠣᠳᠣᠭᠠᠷ ᠲᠠᠪᠤᠨ ᠵᠢᠯ》 ᠤ᠋ᠨ ᠲᠥᠯᠦᠪᠵᠢᠭᠦᠯᠭᠡ  ᠵᠢᠨ ᠬᠤᠭᠤᠴᠠᠭ᠎ᠠ ᠪᠣᠯ 2035 ᠣᠨ ᠪᠤᠯᠬᠤ᠎ᠳᠤ ᠡᠷᠡᠭᠦᠯ ᠡᠩᠬᠡ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ᠎ᠶᠢ ᠪᠡᠶᠡᠯᠡᠭᠦᠯᠬᠦ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠬᠥᠭᠵᠢᠯᠲᠡ᠎ᠶᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠰᠢᠨ᠎ᠡ ᠴᠠᠭ ᠦᠶ᠎ᠡ᠎ᠶᠢᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠠᠵᠢᠯ᠎ᠤᠨ ᠴᠢᠭᠯᠡᠯᠲᠡ᠎ᠶᠢ ᠲᠤᠭᠤᠰᠢᠯᠠᠭᠤᠯᠵᠤ᠂ ᠳᠠᠪᠠᠭᠤᠯᠢᠭ᠋᠎ᠢᠶᠠᠨ ᠪᠠᠳᠠᠷᠠᠭᠤᠯᠵᠤ᠂ ᠰᠠᠭᠤᠷᠢ᠎ᠪᠠᠨ ᠪᠡᠬᠢᠵᠢᠭᠦᠯᠵᠦ᠂ ᠳᠤᠲᠠᠭᠤᠳᠠᠯ᠎ᠢᠶᠠᠨ ᠨᠥᠬᠥᠪᠦᠷᠢᠯᠡᠵᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ᠂ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠦᠢᠯᠡᠰ ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠠᠷᠠᠳ ᠲᠦᠮᠡᠨ᠎ᠦ ᠡᠷᠡᠭᠦᠯ ᠮᠡᠨᠳᠦ ᠎ᠶᠢᠨ ᠲᠦᠪᠰᠢᠨ ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠷᠡᠭᠦᠯ ᠡᠩᠬᠡ ᠳᠤᠮᠳᠠᠳᠤ ᠤᠯᠤᠰ ᠎ᠤᠨ ᠪᠦᠲᠦᠭᠡᠨ ᠪᠠᠢᠭᠤᠯᠤᠯᠲᠠ ᠰᠢᠢᠳᠪᠦᠷᠢᠲᠦ ᠴᠢᠨᠠᠷᠲᠠᠢ ᠠᠬᠢᠴᠠ᠎ᠲᠠᠢ ᠪᠣᠯᠬᠤ᠎ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠢᠮᠠᠭᠲᠠ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶᠢ ᠳᠡᠭᠡᠳᠦᠯᠡᠬᠦ᠎ᠶᠢ ᠪᠠᠷᠢᠮᠲᠠᠯᠠᠵᠤ᠂ ᠠᠷᠠᠳ ᠲᠦᠮᠡᠨ᠎ᠦ ᠡᠷᠡᠭᠦᠯ ᠮᠡᠨᠳᠦ᠎ᠶᠢ ᠪᠠᠲᠤᠯᠠᠬᠤ᠎ᠶᠢ ᠤᠷᠢᠳ ᠵᠢᠡᠷ ᠪᠤᠳᠤᠯᠬᠢᠯᠠᠬᠤ ᠬᠦᠭᠵᠢᠯᠳᠡ ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠨ᠎ᠳᠤ ᠲᠠᠯᠪᠢᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠠᠬᠢᠭᠤᠯᠵᠤ᠂ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠢᠰᠲᠧᠮ᠎ᠢ ᠪᠠᠢᠭᠤᠯᠵᠤ ᠂ ᠬᠣᠲᠠ ᠬᠥᠳᠡᠭᠡ᠎ᠳᠦ ᠲᠦᠭᠡᠭᠰᠡᠨ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠰᠢᠰᠲᠧᠮ᠎ᠢ ᠪᠦᠷᠢᠨᠰᠢᠭᠦᠯᠵᠦ᠂ ᠮᠠᠨ᠎ᠤ ᠤᠯᠤᠰ᠎ᠤᠨ ᠠᠷᠠᠳ ᠲᠦᠮᠡᠨ᠎ᠦ ᠡᠷᠡᠭᠦᠯ ᠮᠡᠨᠳᠦ᠎ᠶᠢᠨ ᠲᠦᠪᠰᠢᠨ᠎ᠢ ᠢᠯᠡᠳᠲᠡ ᠳᠡᠭᠡᠭᠰᠢᠯᠡᠭᠦᠯᠪᠡ᠃

ᠣᠳᠣᠬᠠᠨ᠎ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠥᠭᠡᠷᠡᠴᠢᠯᠡᠯᠲᠡ᠎ᠶᠢ ᠠᠬᠢᠭᠤᠯᠬᠤ ᠯᠣᠭᠢᠭ᠋ ᠨᠢ ᠨᠢᠭᠡᠨᠲᠡ ᠳᠠᠩ ᠭᠠᠭᠴᠠ ᠡᠮᠴᠢᠯᠡᠭᠡᠨ᠎ᠦ ᠪᠠᠢᠭᠤᠯᠤᠮᠵᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠵᠦ ᠪᠠᠢᠭᠰᠠᠨ᠎ᠠᠴᠠ ᠠᠮᠢ ᠨᠠᠰᠤᠨ᠎ᠤ ᠪᠥᠬᠥ ᠦᠶᠡᠯᠡᠯ᠎ᠳᠦ ᠰᠠᠭᠤᠷᠢᠯᠠᠬᠤ ᠪᠣᠯᠭᠠᠨ ᠬᠤᠪᠢᠷᠠᠭᠤᠯᠵᠤ᠂ ᠪᠦᠬᠦᠯᠢ ᠴᠣᠭᠴᠠᠲᠤ ᠴᠢᠨᠠᠷᠲᠠᠢ᠂ ᠰᠢᠰᠲᠧᠮᠲᠦ ᠴᠢᠨᠠᠷᠲᠠᠢ᠂ ᠬᠠᠮᠵᠢᠯᠴᠠᠬᠤ ᠴᠢᠨᠠᠷᠲᠠᠢ ᠨᠡᠢᠳᠬᠡᠵᠦ ᠨᠡᠢᠯᠡᠭᠦᠯᠬᠦ ᠬᠡᠯᠪᠡᠷᠢ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠦᠢᠯᠡᠴᠢᠯᠡᠭᠡᠨ᠎ᠦ ᠰᠢᠰᠲᠧᠮ᠎ᠢ ᠪᠠᠢᠭᠤᠯᠵᠤ ᠪᠤᠢ᠃ ᠶᠡᠬᠡ ᠬᠤᠷᠠᠯ᠎ᠡᠴᠡ ᠳᠤᠷᠠᠳᠤᠭᠰᠠᠨ ᠵᠢᠷᠭᠤᠭᠠᠨ ᠶᠡᠬᠡ ᠭᠣᠣᠯᠯᠠᠭ᠍ᠴᠢ ᠴᠢᠳᠠᠪᠤᠷᠢ ᠨᠢ ᠬᠠᠷᠢᠯᠴᠠᠨ ᠰᠠᠯᠤᠩᠬᠢᠷᠠᠬᠰᠠᠨ ᠡᠭᠦᠷᠭᠡ᠎ᠶᠢᠨ ᠨᠠᠷᠢᠨ ᠳᠠᠩᠰᠠ ᠪᠢᠰᠢ᠂ ᠬᠠᠷᠢᠨ ᠬᠠᠷᠢᠯᠴᠠᠨ ᠠᠪᠤᠴᠠᠯᠳᠤᠬᠰᠠᠨ᠂ ᠬᠣᠯᠪᠤᠭᠠᠯᠠᠨ ᠬᠥᠳᠡᠯᠦᠯᠴᠡᠬᠰᠡᠨ ᠠᠵᠢᠯᠯᠠᠭᠠᠨ᠎ᠤ ᠣᠷᠭᠠᠨᠢᠭ᠋ ᠪᠦᠬᠦᠯᠢ ᠴᠣᠭᠴᠠ ᠪᠣᠯᠵᠥ᠂ ᠬᠠᠮᠵᠢᠯᠴᠠᠨ ᠥᠭᠡᠷᠡᠴᠢᠯᠡᠯᠲᠡ ᠬᠢᠬᠦ ᠪᠠ ᠵᠠᠰᠠᠬᠤ᠎ᠶᠢ ᠴᠢᠩᠭᠠᠳᠬᠠᠬᠤ ᠳᠠᠯ᠎ᠠ ᠳ᠋ᠤ ᠭᠤᠤᠯᠳᠠᠭᠤᠯᠵᠥ᠂ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠥ᠂ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠣᠭᠲᠠᠭᠤᠨ᠎ᠢᠶᠠᠷ ᠬᠣᠯᠠ ᠠᠶᠠᠯᠠᠬᠤ᠎ᠶᠢ ᠬᠥᠲᠥᠯᠥᠨ ᠳᠠᠭᠠᠭᠤᠯᠵᠤ ᠪᠠᠲᠤᠯᠠᠬᠤ ᠪᠣᠯᠣᠨ᠎ᠠ᠃

ᠡᠷᠡᠭᠦᠯ ᠮᠡᠨᠳᠦ᠎ᠶᠢ ᠤᠷᠢᠳ ᠵᠢᠡᠷ ᠪᠤᠳᠤᠯᠬᠢᠯᠠᠬᠤ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠡᠷᠡᠰ ᠬᠡᠷᠡᠭᠵᠢᠭᠦᠯᠵᠦ᠂ ᠨᠡᠶ᠋ᠢᠲᠡ᠎ᠶᠢᠨ ᠠᠰᠠᠷᠠᠮᠵᠢ᠎ᠶᠢᠨ ᠰᠢᠨᠵᠢ ᠴᠢᠨᠠᠷ᠎ᠢ ᠲᠣᠭᠲᠠᠭᠠᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠥᠷᠲᠡᠭ᠎ᠦᠨ ᠰᠠᠭᠤᠷᠢ᠎ᠶᠢ ᠪᠡᠬᠢᠵᠢᠭᠦᠯᠦᠨ᠎ᠡ᠃ ᠶᠡᠬᠡ ᠬᠤᠷᠠᠯ᠎ᠡᠴᠡ ᠂ ᠡᠷᠡᠭᠦᠯ ᠬᠠᠮᠠᠭᠠᠯᠠᠯ ᠪᠣᠯᠣᠨ ᠡᠷᠡᠭᠦᠯ ᠮᠡᠨᠳᠦ᠎ᠶᠢᠨ ᠦᠢᠯᠡᠰ ᠨᠢ ᠪᠦᠬᠦ ᠲᠠᠯ᠎ᠠ᠎ᠶᠢᠨ ᠴᠢᠨᠠᠷᠲᠠᠢ ᠂ ᠰᠠᠭᠤᠷᠢ ᠴᠢᠨᠠᠷᠲᠠᠢ ᠦᠢᠯᠡᠳᠦᠯ᠎ᠲᠠᠢ ᠶᠤᠮ᠂ ᠡᠷᠬᠡᠪᠰᠢ ᠡᠷᠡᠭᠦᠯ ᠮᠡᠨᠳᠦ᠎ᠶᠢ ᠤᠷᠢᠳ ᠵᠢᠡᠷ ᠪᠤᠳᠤᠯᠬᠢᠯᠠᠬᠤ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠡᠷᠡᠰ ᠬᠡᠷᠡᠭᠵᠢᠭᠦᠯᠵᠦ᠂ ᠠᠷᠠᠳ ᠲᠦᠮᠡᠨ᠎ᠦ ᠡᠷᠡᠭᠦᠯ ᠮᠡᠨᠳᠦ᠎ᠶᠢ ᠪᠠᠲᠤᠯᠠᠬᠤ᠎ᠶᠢ ᠡᠯ᠎ᠡ ᠵᠦᠢᠯ᠎ᠦᠨ ᠲᠦᠷᠦ᠎ᠶᠢᠨ ᠪᠣᠳᠣᠯᠭ᠎ᠠ᠎ᠳᠤ ᠠᠭᠤᠰᠤᠯᠴᠠᠭᠤᠯᠵᠤ᠂ ᠡᠯ᠎ᠡ ᠲᠠᠯ᠎ᠠ᠎ᠶᠢᠨ ᠠᠵᠢᠯ᠎ᠳᠤ ᠢᠯᠡᠷᠡᠭᠦᠯᠬᠦ ᠬᠡᠷᠡᠭᠲᠡᠢ᠂ ᠲᠥᠯᠦᠪᠵᠢᠭᠦᠯᠭᠡ ᠲᠣᠭᠲᠠᠭᠠᠬᠤ᠂ ᠲᠦᠷᠦ᠎ᠶᠢᠨ ᠪᠣᠳᠣᠯᠭ᠎ᠠ᠎ᠶᠢ ᠲᠦᠰᠦᠪᠯᠡᠬᠦ᠂ ᠲᠦᠷᠦᠯ ᠵᠦᠢᠯ᠎ᠢ ᠨᠤᠲᠠᠯᠠᠬᠤ᠂ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠵᠡᠷᠭᠡ᠎ᠳᠦ ᠴᠥᠮ ᠠᠷᠠᠳ ᠲᠦᠮᠡᠨ᠎ᠦ ᠡᠷᠡᠭᠦᠯ ᠮᠡᠨᠳᠦ᠎ᠳᠦ ᠦᠵᠡᠭᠦᠯᠬᠦ ᠨᠥᠯᠥᠭᠡ᠎ᠶᠢ ᠤᠷᠢᠳ᠎ᠢᠶᠠᠷ ᠪᠣᠳᠣᠯᠬᠢᠯᠠᠬᠤ ᠬᠡᠷᠡᠭᠲᠡᠢ ᠬᠡᠵᠥ ᠴᠢᠬᠤᠯᠠᠴᠢᠯᠠᠪᠠ᠃ ᠵᠠᠰᠠᠯᠳᠠ ᠵᠢ ᠨᠠᠢᠳᠠᠪᠤᠷᠢᠵᠢᠭᠤᠯᠬᠤ ᠲᠠᠯ᠎ᠠ᠎ᠠᠴᠠ ᠦᠵᠡᠪᠡᠯ᠂ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠦᠨᠳᠦᠰᠦᠨ ᠪᠠᠲᠤᠯᠠᠭ᠎ᠠ ᠮᠥᠨ᠂ ᠤᠳᠤᠷᠢᠳᠬᠤ ᠺᠠᠳ᠋ᠷ᠎ᠤᠨ ᠵᠠᠩᠭᠢᠯᠠᠭ᠎ᠠ᠎ᠶᠢᠨ ᠴᠥᠭᠡᠨ ᠲᠣᠭᠠᠳᠠᠨ᠎ᠤ ᠦᠢᠯᠡᠳᠦᠯ᠎ᠢ ᠪᠠᠳᠠᠷᠠᠭᠤᠯᠵᠤ᠂ ᠡᠯ᠎ᠡ ᠲᠠᠰ ᠳᠠᠪᠬᠤᠷᠭ᠎ᠠ᠎ᠶᠢᠨ ᠡᠷᠡᠭᠦᠯ ᠮᠡᠨᠳᠦ᠎ᠶᠢᠨ ᠪᠠᠢᠭᠤᠯᠤᠯᠲᠠ᠎ᠶᠢ ᠠᠬᠢᠭᠤᠯᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠬᠤ ᠬᠡᠷᠡᠭᠲᠡᠢ᠃ ᠡᠨᠡ ᠪᠣᠯ ᠠᠷᠠᠳ ᠲᠦᠮᠡᠨ᠎ᠦ ᠡᠷᠡᠭᠦᠯ ᠮᠡᠨᠳᠦ᠎ᠪᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭᠠᠨ᠎ᠤ ᠲᠥᠪᠯᠡᠷᠡᠩᠭᠦᠢ ᠢᠯᠡᠷᠡᠯ ᠪᠠᠢᠵᠤ ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠰ᠎ᠦᠨ ᠨᠡᠶ᠋ᠢᠲᠡ᠎ᠶᠢᠨ ᠠᠰᠠᠷᠠᠮᠵᠢ᠎ᠶᠢᠨ ᠰᠢᠨᠵᠢ ᠴᠢᠨᠠᠷ᠎ᠢ ᠭᠦᠨᠵᠡᠭᠡᠢ ᠢᠯᠡᠷᠡᠭᠦᠯᠵᠡᠢ᠃ ᠴᠢᠨᠠᠷ ᠰᠠᠢᠲᠠᠢ ᠡᠮᠴᠢᠯᠡᠭᠡᠨ᠎ᠦ ᠡᠬᠢ ᠪᠠᠶᠠᠯᠢᠭ᠋᠎ᠤᠨ ᠪᠠᠭᠲᠠᠭᠠᠮᠵᠢ᠎ᠶᠢ ᠥᠷᠭᠡᠳᠬᠡᠨ᠎ᠳᠣᠷᠣᠭ᠍ᠰᠢ ᠪᠠᠭᠤᠯᠭᠠᠬᠤ᠎ᠶᠢ ᠦᠷᠭᠦᠯᠵᠢᠯᠡᠨ ᠠᠬᠢᠭᠤᠯᠵᠤ᠂ ᠲᠣᠮᠣ᠌ ᠬᠡᠯᠪᠡᠷᠢ᠎ᠶᠢᠨ ᠠᠯᠪᠠᠨ᠎ᠠᠴᠠ ᠪᠠᠢᠭᠤᠯᠤᠭᠰᠠᠨ ᠡᠮᠨᠡᠯᠭᠡ᠎ᠶᠢᠨ ᠬᠣᠷᠢᠶ᠎ᠠ᠎ᠶᠢ ᠬᠥᠲᠥᠯᠥᠨ ᠵᠢᠯᠤᠭᠣᠳᠴᠤ ᠪᠠᠢᠭᠠᠳ ᠴᠢᠳᠠᠮᠵᠢ᠎ᠶᠢᠨ ᠪᠠᠢᠷᠢ ᠲᠣᠭᠲᠠᠭᠠᠯᠲᠠ᠎ᠳᠤ ᠰᠠᠭᠤᠷᠢᠯᠠᠨ᠂ ᠨᠥᠯᠥᠭᠡᠯᠡᠨ ᠳᠠᠭᠠᠭᠤᠯᠬᠤ ᠦᠢᠯᠡᠳᠦᠯ᠎ᠢ ᠨᠠᠩ ᠰᠠᠢᠨ ᠪᠠᠳᠠᠷᠠᠭᠤᠯᠵᠤ᠂ ᠣᠷᠣᠨ ᠪᠦᠰᠡ᠎ᠶᠢᠨ ᠪᠦᠬᠦᠯᠢ ᠴᠣᠭᠴᠠ᠎ᠶᠢᠨ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ᠎ᠶᠢ ᠳᠠᠶ᠋ᠢᠴᠢᠯᠠᠨ ᠂ ᠬᠣᠲᠠ ᠬᠥᠳᠡᠭᠡ᠂ ᠣᠷᠣᠨ ᠪᠦᠰᠡ᠂ ᠬᠥᠮᠥᠰ᠎ᠦᠨ ᠡᠷᠡᠭᠦᠯ ᠮᠡᠨᠳᠦ᠎ᠶᠢᠨ ᠵᠥᠷᠢᠶ᠎ᠡ᠎ᠶᠢ ᠲᠠᠰᠤᠷᠠᠯᠲᠠ ᠦᠭᠡᠢ ᠪᠠᠭᠠᠰᠬᠠᠵᠤ᠂ ᠡᠷᠡᠭᠦᠯ ᠮᠡᠨᠳᠦ᠎ᠵᠢᠨ ᠡᠷᠭᠡ ᠲᠡᠭᠰᠢ ᠪᠡᠷ ᠬᠠᠮᠲᠤ᠎ᠪᠠᠷ ᠪᠠᠶᠠᠵᠢᠬᠤ ᠠᠷᠠᠳ᠎ᠤᠨ ᠠᠮᠢᠳᠤᠷᠠᠯ᠎ᠤᠨ ᠰᠠᠭᠤᠷᠢ᠎ᠶᠢ ᠪᠡᠬᠢᠵᠢᠭᠦᠯᠦᠨ᠎ᠡ᠃

ᠬᠠᠮ ᠡᠷᠡᠭᠦᠯ ᠬᠠᠮᠠᠭᠠᠯᠠᠯ ᠬᠠᠮ ᠡᠷᠡᠭᠦᠯ ᠮᠡᠨᠳᠦ᠎ᠶᠢᠨ ᠣᠢᠯᠠᠭᠠᠭᠳᠠᠬᠤᠨ᠎ᠢ ᠦᠢᠯᠡᠳᠦᠯᠭᠡᠵᠢᠭᠦᠯᠬᠦ᠎ᠳᠦ᠂ ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠠᠨᠠᠭᠠᠬᠤ ᠤᠬᠠᠭᠠᠨ᠎ᠤ ᠵᠠᠭᠪᠤᠷ᠎ᠤᠨ ᠬᠤᠪᠢᠷᠠᠯᠲᠠ᠎ᠶᠢ ᠠᠬᠢᠭᠤᠯᠬᠣ ᠬᠡᠷᠡᠭᠳᠡᠢ᠃ ᠤᠷᠢᠳᠴᠢᠯᠠᠨ ᠰᠡᠷᠭᠡᠢᠯᠡᠬᠦ ᠪᠣᠯ ᠬᠠᠮᠤᠭ᠎ᠤᠨ ᠬᠢᠮᠳᠠ ᠬᠠᠮᠤᠭ᠎ᠤᠨ ᠪᠦᠲᠦᠮᠵᠢᠲᠡᠢ ᠡᠷᠡᠭᠦᠯ ᠮᠡᠨᠳᠦ᠎ᠶᠢᠨ ᠠᠷᠭ᠎ᠠ ᠪᠣᠳᠣᠯᠭ᠎ᠠ ᠮᠥᠨ᠂ ᠡᠷᠡᠭᠦᠯ ᠬᠠᠮᠠᠭᠠᠯᠠᠯ ᠪᠣᠯᠣᠨ ᠡᠷᠡᠭᠦᠯ ᠮᠡᠨᠳᠦ᠎ᠶᠢᠨ ᠡᠯ᠎ᠡ ᠵᠦᠢᠯ᠎ᠦᠨ ᠰᠠᠭᠤᠷᠢ ᠴᠢᠨᠠᠷᠲᠠᠢ᠂ ᠡᠬᠢ ᠡᠭᠦᠰᠦᠯ᠎ᠦᠨ ᠴᠢᠨᠠᠷᠲᠠᠢ ᠠᠵᠢᠯ᠎ᠢ ᠨᠠᠷᠢᠯᠢᠭ᠋ ᠠᠳᠬᠤᠵᠤ ᠰᠠᠢᠲᠤᠷ ᠠᠳᠬᠤᠬᠤ ᠬᠡᠷᠡᠭᠲᠡᠢ᠃ ᠠᠨᠠᠭᠠᠬᠤ ᠤᠬᠠᠭᠠᠨ᠎ᠤ ᠵᠠᠭᠪᠤᠷ᠎ᠤᠨ ᠤᠯᠠᠷᠢᠯ ᠬᠤᠪᠢᠰᠤᠯ᠎ᠢ ᠡᠷᠭᠢᠴᠡᠭᠦᠯᠪᠡᠯ ᠂ ᠠᠮᠢᠳᠤ ᠪᠣᠳᠠᠰ᠎ᠤᠨ ᠠᠨᠠᠭᠠᠬᠤ ᠤᠬᠠᠭᠠᠨ᠎ᠤ ᠵᠠᠭᠪᠤᠷ ᠤ᠋ᠨ ᠡᠪᠡᠳᠴᠢᠨ ᠡᠮᠭᠡᠭ᠎ᠢᠶᠡᠷ ᠭᠣᠣᠯ ᠪᠣᠯᠭᠠᠵᠦ ᠪᠠᠢᠬᠰᠠᠨ᠎ᠠᠴᠠ ᠠᠮᠢᠳᠤ ᠪᠣᠳᠠᠰ — ᠰᠡᠳᠬᠢᠴᠡ — ᠨᠡᠢᠭᠡᠮ᠎ᠦᠨ ᠠᠨᠠᠭᠠᠬᠤ ᠤᠬᠠᠭᠠᠨ᠎ᠤ ᠵᠠᠭᠪᠤᠷ ᠤ᠋ᠨ ᠡᠪᠡᠳᠴᠢᠲᠡᠨ᠎ᠢᠶᠡᠷ ᠭᠣᠣᠯ ᠪᠣᠯᠭᠠᠭᠰᠠᠨ ᠬᠦᠷᠲᠡᠯ᠎ᠡ᠂ ᠳᠠᠬᠢᠭᠠᠳ ᠰᠢᠨ᠎ᠡ ᠴᠠᠭ ᠦᠶ᠎ᠡ᠎ᠶᠢᠨ ᠠᠷᠠᠳ ᠲᠦᠮᠡᠨ᠎ᠦ ᠡᠷᠡᠭᠦᠯ ᠮᠡᠨᠳᠦ᠎ᠪᠡᠷ ᠭᠣᠣᠯ ᠪᠣᠯᠭᠠᠭᠰᠠᠨ ᠴᠠᠭ ᠦᠶ᠎ᠡ᠎ᠶᠢᠨ ᠱᠠᠭᠠᠷᠳᠠᠯᠭ᠎ᠠ ᠂ ᠤᠯᠤᠰ᠎ᠤᠨ ᠬᠡᠷᠡᠭᠴᠡᠭᠡ᠂ ᠠᠷᠠᠳ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠳᠦ ᠬᠠᠷᠢᠭᠤᠯᠲᠠ ᠥᠭᠬᠦ ᠬᠦᠷᠲᠡᠯ᠎ᠡ᠂ ᠡᠷᠡᠭᠦᠯ ᠮᠡᠨᠳᠦ᠎ᠶᠢᠨ ᠠᠭᠤᠯᠤᠭᠳᠠᠬᠤᠨ ᠨᠢ ᠪᠡᠶ᠎ᠡ ᠮᠠᠬᠠᠪᠤᠳ᠎ᠤᠨ ᠡᠷᠡᠭᠦᠯ ᠮᠡᠨᠳᠦ᠂ ᠰᠡᠳᠬᠢᠴᠡ᠎ᠶᠢᠨ ᠡᠷᠡᠭᠦᠯ ᠮᠡᠨᠳᠦ᠂ ᠨᠡᠢᠭᠡᠮ᠎ᠳᠦ ᠰᠠᠢᠬᠠᠨ ᠵᠣᠬᠢᠴᠠᠵᠦ ᠴᠢᠳᠠᠬᠣ ᠪᠣᠯᠣᠨ ᠶᠣᠰᠣ᠌ ᠰᠤᠷᠲᠠᠬᠤᠨ ᠤ᠋ ᠡᠷᠡᠭᠦᠯ ᠮᠡᠨᠳᠦ ᠵᠡᠷᠭᠡ ᠤᠯᠠᠨ ᠲᠠᠯ᠎ᠠ᠎ᠶᠢ ᠬᠠᠮᠤᠷᠤᠭᠰᠠᠨ ᠪᠦᠷᠢᠨ ᠪᠦᠲᠦᠨ ᠨᠢᠭᠡᠳᠦᠮᠡᠯ ᠴᠣᠭᠴᠠ ᠪᠣᠯᠵᠤ ᠬᠦᠭᠵᠢᠵᠥ ᠂ ᠰᠢᠨᠵᠢᠯᠡᠬᠦ ᠤᠬᠠᠭᠠᠨᠴᠢ ᠡᠷᠡᠭᠦᠯ ᠮᠡᠨᠳᠦ᠎ᠶᠢᠨ ᠦᠵᠡᠯᠲᠡ᠎ᠶᠢ ᠰᠠᠨᠠᠭᠠᠴᠢᠯᠠᠬᠤ ᠨᠢ ᠳᠠᠷᠤᠢ ᠰᠢᠯᠲᠠᠭᠠᠨ᠎ᠢᠶᠠᠷ ᠤᠳᠤᠷᠢᠳᠤᠮᠵᠢ ᠪᠣᠯᠭᠠᠭᠰᠠᠨ ᠠᠨᠠᠭᠠᠬᠤ ᠤᠬᠠᠭᠠᠨ᠎ᠤ ᠵᠠᠭᠪᠤᠷ᠎ᠢ ᠦᠷ᠎ᠡ ᠳ᠋ᠦᠩ᠎ᠢᠶᠡᠷ ᠤᠳᠤᠷᠢᠳᠤᠮᠵᠢ ᠪᠣᠯᠭᠠᠭᠰᠠᠨ ᠠᠨᠠᠭᠠᠬᠤ ᠤᠬᠠᠭᠠᠨ᠎ᠤ ᠵᠠᠭᠪᠤᠷ ᠪᠣᠯᠭᠠᠨ ᠬᠤᠪᠢᠷᠠᠭᠤᠯᠬᠤ᠎ᠶᠢ ᠠᠬᠢᠭᠤᠯᠬᠤ ᠶᠠᠪᠤᠳᠠᠯ ᠪᠤᠯᠪᠠ᠃ ᠬᠠᠮ ᠡᠷᠡᠭᠦᠯ ᠬᠠᠮᠠᠭᠠᠯᠠᠯ ᠬᠠᠮ ᠡᠷᠡᠭᠦᠯ ᠮᠡᠨᠳᠦ᠎ᠶᠢᠨ ᠣᠢᠯᠠᠭᠠᠭᠳᠠᠬᠤᠨ᠎ᠳᠤ ᠭᠤᠷᠪᠠᠨ ᠳᠠᠪᠬᠤᠷᠭ᠎ᠠ᠎ᠶᠢᠨ ᠬᠠᠮᠵᠢᠯᠴᠠᠭᠠᠨ᠎ᠦ ᠯᠣᠭᠢᠭ᠋ ᠪᠠᠭᠲᠠᠨ᠎ᠠ᠄ ᠬᠣᠷᠸ᠎ᠠ ᠳᠠᠪᠬᠤᠷᠭ᠎ᠠ᠎ᠶᠢᠨ ᠳᠠᠯ᠎ᠠ ᠡᠴᠡ ᠡᠷᠡᠭᠦᠯ ᠮᠡᠨᠳᠦ᠎ᠶᠢ ᠪᠣᠶ ᠪᠦᠬᠦᠢ ᠲᠥᠷᠥ᠎ᠶᠢᠨ ᠪᠣᠳᠣᠯᠭ᠎ᠠ᠎ᠳᠤ ᠠᠭᠤᠰᠬᠠᠬᠤ ᠵᠢ ᠨᠠᠢᠳᠠᠪᠤᠷᠢᠵᠢᠭᠤᠯᠵᠥ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ᠎ᠶᠢ ᠠᠬᠢᠭᠤᠯᠤᠨ᠎ᠠ; ᠵᠠᠪᠰᠠᠷ ᠤ᠋ᠨ ᠳᠠᠪᠬᠤᠷᠭ᠎ᠠ ᠵᠢᠨ ᠲᠠᠯ᠎ᠠ᠎ᠠᠴᠠ 《 ᠭᠤᠷᠪᠠᠨ ᠡᠮ ᠡᠮᠨᠡᠯᠭᠡ 》 ᠵᠢᠨ ᠬᠠᠮᠵᠢᠯᠴᠠᠨ ᠥᠭᠡᠷᠡᠴᠢᠯᠡᠯᠲᠡ ᠬᠢᠬᠦ ᠪᠠ ᠵᠠᠰᠠᠬᠤ᠎ᠶᠢ ᠨᠢᠭᠡᠳᠦᠯᠲᠡᠢ ᠲᠥᠯᠥᠪᠵᠢᠬᠦᠯᠦᠨ᠎ᠡ; ᠬᠤᠮᠠᠬᠢ ᠳᠠᠪᠬᠤᠷᠭ᠎ᠠ ᠵᠢᠨ ᠳᠠᠯ᠎ᠠ ᠡᠴᠡ ᠤᠷᠢᠳᠴᠢᠯᠠᠨ ᠰᠡᠷᠭᠡᠢᠯᠡᠬᠦ᠂ ᠣᠨᠣᠰᠢᠯᠠᠨ ᠡᠮᠨᠡᠬᠦ ᠂ ᠡᠷᠡᠭᠦᠯᠵᠢᠭᠦᠯᠬᠦ ᠂ ᠡᠷᠡᠭᠦᠯ ᠮᠡᠨᠳᠦ᠎ᠶᠢ ᠬᠠᠮᠠᠭᠠᠯᠠᠬᠤ ᠵᠡᠷᠭᠡ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠦᠢᠯᠡᠴᠢᠯᠡᠭᠡ᠎ᠶᠢ ᠨᠡᠪᠲᠡᠷᠡᠭᠦᠯᠦᠨ᠎ᠡ᠃ ᠨᠢᠭᠡ ᠲᠠᠯ᠎ᠠ᠎ᠪᠠᠷ ᠬᠤᠪᠢ ᠬᠥᠮᠥᠨ᠎ᠦ ᠲᠤᠰ ᠪᠡᠶ᠎ᠡ᠎ᠶᠢᠨ ᠡᠷᠡᠭᠦᠯ ᠮᠡᠨᠳᠦ᠎ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠪᠦᠬᠦ ᠨᠡᠢᠭᠡᠮ᠎ᠢ ᠬᠥᠲᠥᠯᠥᠨ ᠵᠢᠯᠤᠭᠣᠳᠴᠤ ᠪᠠᠢᠭᠠᠳ ᠰᠢᠨᠵᠢᠯᠡᠬᠦ ᠤᠬᠠᠭᠠᠨᠴᠢ ᠡᠷᠡᠭᠦᠯ ᠮᠡᠨᠳᠦ᠎ᠶᠢᠨ ᠦᠵᠡᠯᠲᠡ᠎ᠲᠠᠢ ᠪᠣᠯᠭᠠᠨ᠎ᠠ; ᠨᠥᠭᠥᠭᠡ ᠲᠠᠯ᠎ᠠ᠎ᠪᠠᠷ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠰᠡᠷᠭᠡᠢᠯᠡᠨ ᠬᠠᠮᠠᠭᠠᠯᠠᠬᠤ ᠲᠣᠣᠷ᠎ᠢ ᠨᠢᠭ᠍ᠲᠠ ᠰᠦᠯᠵᠢᠵᠦ᠂ ᠡᠬᠢ ᠡᠭᠦᠰᠦᠯ᠎ᠡᠴᠡ ᠨᠢ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠵᠦ ᠬᠠᠮᠢᠶᠠᠷᠤᠨ ᠵᠠᠬᠢᠷᠬᠤ᠎ᠶᠢ ᠪᠣᠳᠠᠲᠠᠢᠵᠢᠭᠤᠯᠵᠤ᠂ ᠠᠮᠢ ᠠᠬᠤᠢ ᠣᠷᠴᠢᠨ ᠲᠣᠭᠣᠷᠢᠨ ᠂ ᠢᠳᠡᠭᠡᠨ᠎ᠦ ᠠᠮᠤᠷ ᠲᠦᠪᠰᠢᠨ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠵᠡᠷᠭᠡ ᠬᠦᠷᠢᠶ᠎ᠡ ᠴᠠᠷᠠᠭ᠎ᠠ᠎ᠶᠢ ᠨᠢᠭᠡᠳᠦᠯᠲᠡᠢ ᠲᠥᠯᠥᠪᠵᠢᠭᠦᠯᠵᠦ᠂ ᠵᠠᠰᠠᠭ᠎ᠤᠨ ᠣᠷᠳᠣᠨ᠎ᠢᠶᠠᠷ ᠭᠣᠣᠯ ᠤᠳᠤᠷᠢᠳᠤᠮᠵᠢ ᠪᠣᠯᠭᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠢᠭᠡᠮ ᠳᠠᠶᠠᠭᠠᠷ ᠣᠷᠣᠯᠴᠠᠭᠰᠠᠨ᠂ ᠬᠥᠮᠥᠨ ᠪᠦᠬᠦᠨ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠵᠠᠰᠠᠯᠲᠠ᠎ᠶᠢᠨ ᠪᠠᠢᠷᠢᠰᠢᠯ᠎ᠢ ᠪᠠᠢᠭᠤᠯᠣᠨ᠎ᠠ᠃

ᠥᠭᠡᠷᠡᠴᠢᠯᠡᠯᠲᠡ ᠪᠣᠯ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠦᠢᠯᠡᠰ᠎ᠦᠨ ᠬᠥᠭᠵᠢᠯᠲᠡ᠎ᠶᠢᠨ ᠬᠦᠴᠦᠷᠬᠡᠭ ᠶᠡᠬᠡ ᠬᠥᠳᠡᠯᠭᠡᠬᠦ ᠬᠦᠴᠦᠨ ᠮᠥᠨ᠃  ᠶᠡᠬᠡ ᠬᠤᠷᠠᠯ᠎ᠠᠴᠠ᠂ ᠡᠮᠴᠢᠯᠡᠭᠡ᠂ ᠡᠮ ᠡᠮᠨᠡᠯᠬᠡ ᠵᠢᠨ ᠳᠠᠭᠠᠳᠬᠠᠯ᠂ ᠡᠮ ᠡᠮᠨᠡᠯᠭᠡ᠎ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ᠎ᠶᠢ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠯ ᠎ᠤᠨ ᠥᠭᠡᠷᠡᠴᠢᠯᠡᠯᠲᠡ ᠎ᠶᠢᠨ ᠭᠣᠣᠯ ᠰᠢᠪᠲᠤᠯᠤᠯᠲᠠ᠎ᠶᠢᠨ ᠴᠢᠭᠯᠡᠯ ᠪᠣᠯᠭᠠᠬᠤ᠎ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 《ᠭᠤᠷᠪᠠᠨ ᠡᠮ ᠡᠮᠨᠡᠯᠭᠡ》 ᠵᠢ ᠬᠠᠮᠵᠢᠯᠴᠠᠭᠣᠯᠬᠣ ᠨᠢ ᠡᠮᠴᠢᠯᠡᠭᠡᠨ᠎ᠦ ᠦᠢᠯᠡᠴᠢᠯᠡᠭᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠡᠮ ᠡᠮᠨᠡᠯᠬᠡ ᠵᠢᠨ ᠳᠠᠭᠠᠳᠬᠠᠯ᠎ᠵᠢᠡᠷ ᠳᠤᠯᠭᠠᠭᠤᠷᠢᠯᠠᠭᠤᠯᠬᠤ ᠪᠡᠷ ᠰᠠᠭᠤᠷᠢᠯᠠᠬᠤ ᠬᠣᠶᠠᠷ ᠶᠡᠬᠡ ᠭᠣᠣᠯᠯᠠᠬᠤ ᠴᠢᠳᠠᠪᠤᠷᠢ ᠳᠠᠢ ᠬᠠᠷᠠᠭᠠᠯᠵᠠᠵᠦ ᠪᠣᠢ᠃  ᠡᠷᠬᠡᠪᠰᠢ ᠰᠢᠰᠲᠧᠮ᠎ᠦᠨ ᠦᠵᠡᠯᠲᠡ᠎ᠶᠢ ᠪᠠᠷᠢᠮᠲᠠᠯᠠᠨ 《ᠭᠤᠷᠪᠠᠨ ᠡᠮ ᠡᠮᠨᠡᠯᠭᠡ 》 ᠵᠢᠨ ᠬᠠᠷᠠᠯᠲᠠ᠎ᠶᠢ ᠢᠵᠢᠯᠢ ᠴᠢᠭᠯᠡᠯ ᠤ᠋ᠨ ᠪᠠᠢᠯᠭᠠᠬᠤ᠂ ᠲᠥᠷᠥ᠎ᠶᠢᠨ ᠪᠣᠳᠣᠯᠭ᠎ᠠ ᠵᠢ   ᠢᠵᠢ ᠪᠦᠷᠢᠳᠦᠭᠦᠯᠬᠦ᠂ ᠠᠵᠢᠯᠯᠠᠭ᠎ᠠ᠎ᠶᠢᠨ ᠲᠠᠯ᠎ᠠ᠎ᠪᠠᠷ ᠬᠠᠮᠵᠢᠯᠴᠠᠬᠤ᠎ᠶᠢ ᠠᠬᠢᠭᠤᠯᠬᠤ ᠬᠡᠷᠡᠭᠲᠡᠢ᠃ ᠡᠮᠴᠢᠯᠡᠭᠡᠨ᠎ᠦ ᠬᠦᠷᠢᠶᠡᠨ᠎ᠳᠦ ᠡᠮᠴᠢᠯᠡᠭᠡ ᠡᠷᠡᠭᠦᠯ ᠬᠠᠮᠠᠭᠠᠯᠠᠯ᠎ᠤᠨ ᠰᠠᠭᠤᠷᠢ᠎ᠶᠢ ᠴᠢᠩᠭᠠᠳᠬᠠᠬᠤ ᠢᠨᠵᠧᠨᠧᠷᠢᠩ ᠎ᠢ ᠬᠡᠷᠡᠭᠵᠢᠭᠦᠯᠵᠦ᠂ ᠡᠮᠴᠢᠯᠡᠭᠡᠨ ᠎ᠦ ᠪᠠᠢᠭᠤᠯᠤᠮᠵᠢ᠎ᠶᠢᠨ ᠴᠢᠳᠠᠮᠵᠢ᠎ᠶᠢᠨ ᠪᠠᠢᠷᠢ ᠲᠣᠭᠲᠠᠭᠠᠯᠲᠠ᠎ᠶᠢ ᠰᠢᠯᠢᠳᠡᠭᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠎ᠶᠢ ᠠᠬᠢᠭᠤᠯᠤᠨ᠎ᠠ; ᠡᠮ ᠡᠮᠨᠡᠯᠬᠡ ᠵᠢᠨ ᠳᠠᠭᠠᠳᠬᠠᠯ᠎ᠤᠨ ᠬᠦᠷᠢᠶ᠎ᠡ᠎ᠳᠤ ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠡᠮ ᠡᠮᠨᠡᠯᠬᠡ ᠵᠢᠨ ᠳᠠᠭᠠᠳᠬᠠᠯ᠎ᠤᠨ ᠲᠣᠭᠠᠴᠠᠭ᠎ᠠ ᠬᠢᠬᠦ ᠪᠠ ᠳᠦᠪᠯᠡᠷᠡᠬᠦᠯᠦᠨ ᠬᠤᠳᠠᠯᠳᠤᠨ ᠠᠪᠬᠤ ᠲᠥᠷᠥ᠎ᠶᠢᠨ ᠪᠣᠳᠣᠯᠭ᠎ᠠ᠎ᠶᠢ ᠰᠢᠯᠢᠳᠡᠭᠵᠢᠭᠦᠯᠦᠨ᠎ᠡ; ᠡᠮ ᠡᠮᠨᠡᠯᠭᠡ᠎ᠶᠢᠨ ᠬᠦᠷᠢᠶᠡᠨ ᠎ᠳᠦ ᠤᠯᠤᠰ ᠎ᠤᠨ ᠦᠨᠳᠦᠰᠦᠨ ᠡᠮ ᠎ᠦᠨ ᠵᠦᠢᠯᠡᠰ ᠤ᠋ᠨ ᠳᠦᠷᠢᠮ᠎ᠢ ᠲᠡᠭᠦᠯᠳᠡᠷᠵᠢᠭᠦᠯᠵᠦ᠂ ᠪᠦᠬᠦ ᠬᠡᠯᠬᠢᠶᠡᠨ ᠎ᠦ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠡᠮ ᠡᠮᠨᠡᠯᠭᠡ᠎ᠶᠢᠨ ᠰᠢᠨ᠎ᠡ᠎ᠶᠢ ᠡᠭᠦᠳᠬᠦ ᠎ᠶᠢ ᠵᠣᠷᠢᠭ᠍ᠵᠢᠭᠤᠯᠵᠤ᠂ ᠤᠯᠠᠨ ᠲᠦᠮᠡᠨ ᠎ᠦ ᠡᠪᠡᠳᠴᠢᠨ ᠦᠵᠡᠭᠦᠯᠬᠦ ᠬᠦᠷᠲᠡᠮᠵᠢ᠎ᠶᠢᠨ ᠲᠥᠷᠥᠭᠳᠡᠯ᠎ᠢ ᠳᠡᠭᠡᠭᠰᠢᠯᠡᠭᠦᠯᠵᠦ᠂ ᠤᠯᠠᠨ ᠲᠦᠮᠡᠨ᠎ᠦ ᠣᠢᠷ᠎ᠠ ᠬᠠᠪᠢ᠎ᠳᠠᠭᠠᠨ ᠡᠪᠡᠳᠴᠢᠨ ᠦᠵᠡᠭᠦᠯᠵᠥ ᠳᠡᠢᠯᠬᠦ᠂ ᠡᠪᠡᠳᠴᠢᠨ᠎ᠢᠶᠡᠨ ᠰᠠᠢᠲᠤᠷ ᠡᠮᠨᠡᠭᠦᠯᠬᠦ᠎ᠶᠢ ᠪᠠᠲᠤᠯᠠᠨ᠎ᠠ᠃

ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠎ᠶᠢ ᠪᠠᠷᠢᠮᠲᠠᠯᠠᠵᠤ᠂ ᠡᠮᠴᠢᠯᠡᠬᠡ ᠵᠢᠭᠠᠨ ᠰᠤᠷᠭᠠᠯᠳᠠ ᠵᠢᠨ ᠬᠠᠮᠵᠢᠯᠴᠠᠭ᠎ᠠ᠎ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠠᠯᠤᠰ ᠬᠡᠲᠦ᠎ᠶᠢᠨ ᠬᠥᠭᠵᠢᠯᠲᠡ᠎ᠳ᠋ᠡᠬᠢ ᠴᠢᠳᠠᠪᠤᠷᠢᠲᠠᠨ᠎ᠤ ᠰᠠᠭᠤᠷᠢ᠎ᠶᠢ ᠪᠡᠬᠢᠵᠢᠭᠦᠯᠦᠨ᠎ᠡ᠃ ᠡᠮ ᠡᠮᠨᠡᠯᠭᠡ᠎ᠶᠢᠨ ᠰᠢᠨ᠎ᠡ᠎ᠶᠢ ᠡᠭᠦᠳᠬᠦ ᠴᠢᠳᠠᠪᠤᠷᠢ ᠂ ᠴᠢᠳᠠᠪᠤᠷᠢᠲᠠᠨ᠎ᠢ ᠬᠥᠮᠥᠵᠢᠭᠦᠯᠬᠦ ᠴᠢᠳᠠᠪᠤᠷᠢ ᠪᠣᠯ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠦᠷᠭᠦᠯᠵᠢᠯᠡᠨ ᠬᠥᠭᠵᠢᠬᠦ᠎ᠶᠢᠨ ᠬᠥᠳᠡᠯᠭᠡᠬᠦ ᠬᠦᠴᠦᠨ᠎ᠦ ᠡᠬᠢ ᠰᠤᠷᠪᠤᠯᠵᠢ ᠪᠣᠯᠣᠨ᠎ᠠ᠃ ᠠᠯᠪᠠᠨ᠎ᠠᠴᠠ ᠪᠠᠢᠭᠤᠯᠤᠭᠰᠠᠨ ᠲᠣᠮᠣ᠌ ᠬᠡᠯᠪᠡᠷᠢ᠎ᠶᠢᠨ ᠡᠮᠨᠡᠯᠭᠡ᠎ᠶᠢᠨ ᠬᠣᠷᠢᠶ᠎ᠠ ᠬᠢᠭᠡᠳ ᠠᠨᠠᠭᠠᠬᠤ ᠤᠬᠠᠭᠠᠨ᠎ᠤ ᠶᠡᠬᠡ ᠳᠡᠭᠡᠳᠦ ᠰᠤᠷᠭᠠᠭᠤᠯᠢ᠎ᠨᠤᠭᠤᠳ ᠲᠠᠪᠴᠠᠩ᠎ᠦᠨ ᠳᠠᠪᠠᠭᠤᠯᠢᠭ᠋᠎ᠢᠶᠠᠨ ᠪᠠᠳᠠᠷᠠᠭᠤᠯᠵᠤ᠂ ᠡᠮᠴᠢᠯᠡᠭᠡ ᠵᠢᠭᠠᠨ ᠰᠤᠷᠭᠠᠯᠲᠠ ᠎ᠶᠢᠨ ᠬᠠᠮᠵᠢᠯᠴᠠᠭ᠎ᠠ᠎ᠶᠢ ᠨᠠᠢᠳᠠᠪᠤᠷᠢᠵᠢᠭᠤᠯᠤᠨ᠂ ᠦᠨᠳᠦᠰᠦᠨ ᠱᠠᠲᠤᠨ ᠎ᠤ ᠬᠡᠷᠡᠭᠯᠡᠭᠡᠨ᠎ᠦ ᠴᠢᠳᠠᠪᠤᠷᠢᠲᠠᠨ᠎ᠢ ᠬᠦᠴᠦᠯᠡᠨ ᠬᠥᠮᠥᠵᠢᠭᠦᠯᠦᠨ᠎ᠡ᠃ ᠬᠦᠨᠳᠦ ᠶᠡᠬᠡ ᠡᠪᠡᠳᠴᠢᠨ ᠡᠮᠭᠡᠭ ᠎ᠢ ᠰᠡᠷᠭᠡᠢᠯᠡᠨ ᠵᠠᠰᠠᠬᠤ᠂ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ᠂ ᠬᠢᠲᠠᠳ ᠡᠮ ᠡᠮᠨᠡᠯᠭᠡ᠎ᠶᠢ ᠤᠯᠠᠮᠵᠢᠯᠠᠨ ᠵᠠᠯᠭᠠᠮᠵᠢᠯᠠᠵᠤ ᠰᠢᠨ᠎ᠡ᠎ᠶᠢ ᠡᠭᠦᠳᠬᠦ᠂ ᠲᠣᠭᠠᠴᠢᠯᠠᠭᠰᠠᠨ ᠡᠷᠡᠭᠦᠯ ᠮᠡᠨᠳᠦ ᠵᠡᠷᠭᠡ ᠴᠢᠭᠯᠡᠯ᠎ᠳᠦ ᠬᠠᠨᠳᠤᠭᠤᠯᠤᠨ ᠰᠠᠭᠤᠷᠢ ᠰᠤᠳᠤᠯᠭᠠᠨ ᠪᠠ ᠣᠣᠭᠠᠯ ᠰᠢᠨ᠎ᠡ ᠡᠭᠦᠳᠦᠯᠲᠡ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠡᠮᠴᠢᠯᠡᠭᠡᠨ᠎ᠳᠦ ᠤᠯᠠᠷᠢᠭᠤᠯᠬᠤ᠎ᠶᠢ ᠲᠦᠷᠭᠡᠳᠬᠡᠨ᠎ᠡ᠃ ᠴᠢᠳᠠᠪᠤᠷᠢᠲᠠᠨ᠎ᠢ ᠬᠥᠮᠥᠵᠢᠭᠦᠯᠬᠦ᠂ ᠬᠡᠷᠡᠭᠯᠡᠬᠦ᠂ ᠤᠷᠮᠠᠰᠢᠭᠤᠯᠬᠤ ᠪᠦᠬᠦ ᠬᠡᠯᠬᠢᠶᠡᠨ᠎ᠦ ᠲᠣᠭᠲᠠᠴᠠ᠎ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠴᠢᠳᠠᠪᠤᠷᠢᠲᠠᠨ᠎ᠤ ᠳᠤᠲᠠᠭᠤᠳᠠᠯ᠎ᠢ ᠨᠥᠬᠥᠪᠦᠷᠢᠯᠡᠵᠦ ᠂ ᠡᠷᠬᠢᠮ ᠳᠡᠭᠡᠳᠦ ᠡᠮᠴᠢ᠎ᠶᠢᠨ ᠮᠣᠷᠠᠯ ᠰᠤᠷᠲᠠᠯ᠎ᠢ ᠪᠠᠳᠠᠷᠠᠭᠤᠯᠵᠤ᠂ ᠡᠮᠴᠢ᠎ᠶᠢ ᠬᠦᠨᠳᠦᠳᠬᠡᠨ ᠡᠷᠡᠭᠦᠯ ᠬᠠᠮᠠᠭᠠᠯᠠᠯ᠎ᠢ ᠴᠢᠬᠤᠯᠠᠴᠢᠯᠠᠬᠤ ᠨᠡᠢᠭᠡᠮ᠎ᠦᠨ ᠬᠡᠪ ᠰᠤᠷᠲᠠᠯ᠎ᠢ ᠵᠤᠵᠠᠭᠠᠳᠬᠠᠨ᠎ᠠ᠃ ᠪᠦᠬᠦ ᠪᠥᠮᠪᠥᠷᠴᠡᠭ᠎ᠦᠨ ᠡᠷᠡᠭᠦᠯ ᠬᠠᠮᠠᠭᠠᠯᠠᠯ᠎ᠤᠨ ᠵᠠᠰᠠᠯᠲᠠ᠎ᠳᠤ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ ᠬᠥᠮᠥᠨ ᠲᠥᠷᠥᠯᠬᠢᠲᠡᠨ᠎ᠦ ᠡᠷᠡᠭᠦᠯ ᠬᠠᠮᠠᠭᠠᠯᠠᠯ ᠪᠣᠯᠣᠨ ᠡᠷᠡᠭᠦᠯ ᠮᠡᠨᠳᠦ᠎ᠶᠢᠨ ᠦᠢᠯᠡᠰ᠎ᠦᠨ ᠬᠠᠮᠲᠤ᠎ᠶᠢᠨ ᠲᠠᠪᠰᠢᠯᠳᠠ᠎ᠶᠢ ᠠᠬᠢᠭᠤᠯᠵᠤ᠂ ᠬᠥᠮᠥᠨ ᠲᠥᠷᠥᠯᠬᠢᠲᠡᠨ᠎ᠦ ᠢᠷᠡᠭᠡᠳᠦᠢ᠂ ᠠᠷᠠᠳ ᠲᠦᠮᠡᠨ᠎ᠦ ᠪᠤᠶᠠᠨ ᠵᠢᠷᠭᠠᠯ᠎ᠢ ᠬᠡᠬᠦᠳᠡᠭ ᠴᠡᠬᠡᠵᠢᠨ ᠳ᠋ᠡᠬᠡᠨ ᠪᠣᠳᠣᠯᠬᠢᠯᠠᠬᠤ ᠲᠣᠮᠣ᠌ ᠤᠯᠤᠰ᠎ᠤᠨ ᠡᠭᠦᠷᠭᠡᠯᠡᠯ᠎ᠢ ᠢᠯᠡᠷᠡᠭᠦᠯᠤᠨ᠎ᠠ᠃

《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠡᠷᠡᠭᠦᠯ ᠡᠩᠬᠡ ᠳᠤᠮᠳᠠᠳᠤ ᠤᠯᠤᠰ ᠎ᠤᠨ ᠪᠠᠢᠭᠤᠯᠤᠯᠲᠠ ᠨᠢ ᠳᠠᠪᠠᠭᠤᠯᠢᠭ᠋᠎ᠢᠶᠠᠨ ᠪᠠᠳᠠᠷᠠᠭᠤᠯᠬᠤ᠂ ᠰᠠᠭᠤᠷᠢ᠎ᠪᠠᠨ ᠪᠡᠬᠢᠵᠢᠭᠦᠯᠬᠦ᠂ ᠳᠤᠲᠠᠭᠤᠳᠠᠯ᠎ᠢᠶᠠᠨ ᠨᠥᠬᠥᠪᠦᠷᠢᠯᠡᠬᠦ᠂ ᠪᠠᠭᠤᠷᠠᠢ ᠲᠠᠯ᠎ᠠ ᠎ᠪᠠᠨ ᠬᠦᠴᠦᠷᠬᠡᠭᠵᠢᠭᠦᠯᠬᠦ ᠰᠢᠪᠲᠤᠯᠤᠯᠲᠠ᠎ᠶᠢᠨ ᠱᠠᠲᠤᠨ᠎ᠳᠤ ᠣᠷᠣᠪᠠ᠃ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ᠂ ᠡᠷᠡᠭᠦᠯ ᠮᠡᠨᠳᠦ᠎ᠶᠢᠨ ᠥᠷᠲᠡᠭ᠎ᠦᠨ ᠦᠵᠡᠯᠲᠡ᠎ᠶᠢ ᠳᠠᠬᠢᠨ ᠱᠤᠭᠤᠬᠤ ᠂ ᠳᠦᠷᠢᠮ ᠲᠥᠷᠥ᠎ᠶᠢᠨ ᠪᠣᠳᠣᠯᠭ᠎ᠠ᠎ᠶᠢᠨ ᠬᠠᠩᠭᠠᠯᠭ᠎ᠠ᠂ ᠦᠢᠯᠡᠳᠦᠯᠭᠡ᠎ᠶᠢᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠬᠤ᠂ ᠣᠯᠠᠨ ᠲᠦᠮᠡᠨ᠎ᠦ ᠡᠷᠡᠭᠦᠯ ᠮᠡᠨᠳᠦ᠎ᠶᠢᠨ ᠣᠢᠯᠠᠭᠠᠯᠲᠠ᠎ᠶᠢ ᠳᠡᠭᠡᠭᠰᠢᠯᠡᠭᠦᠯᠬᠦ᠎ᠶᠢᠨ ᠬᠡᠷᠡᠭᠵᠢᠭᠦᠯᠬᠦ ᠠᠷᠭ᠎ᠠ ᠵᠠᠮ᠎ᠢ ᠡᠵᠡᠮᠳᠡᠬᠦ ᠴᠢᠬᠤᠯᠠᠲᠠᠢ᠃ ᠪᠢᠳᠡ ᠲᠣᠰ ᠤᠳᠠᠭ᠎ᠠ᠎ᠶᠢᠨ ᠶᠡᠬᠡ ᠬᠤᠷᠠᠯ᠎ᠤᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠵᠢᠷᠭᠤᠭᠠᠨ ᠶᠡᠬᠡ ᠭᠣᠣᠯᠯᠠᠭ᠍ᠴᠢ ᠴᠢᠳᠠᠪᠤᠷᠢ᠎ᠶᠢᠨ ᠬᠠᠮᠵᠢᠯᠴᠠᠨ ᠳᠡᠭᠡᠭᠰᠢᠯᠡᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠦ᠎ᠶᠢ ᠪᠥᠬᠥ ᠲᠠᠯ᠎ᠠ᠎ᠪᠠᠷ ᠪᠥᠬᠥ ᠦᠶᠡᠯᠡᠯ᠎ᠢᠶᠡᠷ ᠰᠠᠬᠢᠨ ᠬᠠᠮᠠᠭᠠᠯᠠᠵᠤ᠂ ᠪᠥᠬᠥ ᠠᠷᠠᠳ᠎ᠤᠨ ᠡᠷᠡᠭᠦᠯ ᠮᠡᠨᠳᠦ᠎ᠪᠡᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠠᠲᠤ ᠪᠡᠬᠢ ᠰᠠᠭᠤᠷᠢ᠎ᠶᠢ ᠪᠡᠬᠢᠵᠢᠭᠦᠯᠬᠦ ᠬᠡᠷᠡᠭᠲᠡᠢ᠃

(ᠭᠤᠸᠠᠨ ᠵᠦᠩ ᠵᠢᠶᠦ᠋ᠨ ᠄  ᠨᠡᠢᠰᠯᠡᠯ᠎ᠦᠨ ᠡᠮᠨᠡᠯᠭᠡ᠎ᠶᠢᠨ ᠶᠡᠬᠡ ᠰᠤᠷᠭᠠᠭᠤᠯᠢ᠎ᠶᠢᠨ ᠡᠮᠨᠡᠯᠭᠡ᠎ᠶᠢᠨ ᠬᠣᠷᠢᠶᠠᠨ᠎ᠤ ᠬᠠᠮᠢᠶᠠᠷᠤᠯᠲᠠ᠎ᠶᠢᠨ ᠰᠤᠳᠤᠯᠭᠠᠨ᠎ᠦ ᠭᠠᠵᠠᠷ᠎ᠤᠨ  ᠫᠷᠤᠹᠸᠰᠰᠤᠷ; ᠭᠤᠤ ᠬᠣᠩ ᠄ ᠬᠠᠷᠠᠮᠥ᠋ᠷᠡᠨ ᠶᠡᠬᠡ ᠰᠤᠷᠭᠠᠭᠤᠯᠢ᠎ᠶᠢᠨ ᠵᠠᠰᠠᠭ ᠎ᠤᠨ ᠣᠷᠳᠣᠨ ᠎ᠤ ᠬᠠᠮᠢᠶᠠᠷᠤᠯᠲᠠ᠎ᠶᠢᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ ) 

               — 《 ᠭᠤᠸᠠᠩᠮᠢᠩ ᠡᠳᠦᠷ᠎ᠦᠨ ᠰᠤᠨᠢᠨ  》 ᠡᠴᠡ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面