ᠲᠡᠷᠢᠭᠦᠨ ᠨᠢᠭᠤᠷ>ᠣᠨᠣᠯ ᠱᠢᠭᠦᠮᠵᠢ>ᠣᠨᠣᠯ

2026-11-13 11:37:36

ᠵᠣᠬᠢᠶᠠᠭ᠍ᠴᠢ᠄ ᠯᠢᠦ ᠪᠦᠦ ᠵᠢᠶᠦ᠋ᠨ ᠣᠩᠱᠢᠭ᠍ᠰᠠᠨ ᠣᠳᠠᠭ᠎ᠠ᠄ 3

ᠨᠠᠮᠴᠢ ᠴᠢᠨᠠᠷ᠎ᠤᠨ ᠬᠥᠮᠦᠵᠢᠯ ᠪᠣᠯ ᠡᠪ ᠬᠠᠮᠲᠤᠴᠤᠳ᠎ᠤᠨ ᠪᠡᠶ᠎ᠡ᠎ᠪᠡᠨ ᠵᠠᠰᠠᠵᠤ ᠴᠢᠨᠠᠷ᠎ᠢᠶᠠᠨ ᠰᠠᠢᠵᠢᠷᠠᠭᠤᠯᠬᠤ᠎ᠶᠢᠨ ᠵᠠᠪᠠᠯ ᠰᠤᠷᠬᠤ ᠬᠢᠴᠢᠶᠡᠯ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ᠎ᠶᠢᠨ ᠫᠢᠩ ᠨᠠᠮᠴᠢ ᠴᠢᠨᠠᠷ᠎ᠢ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠤᠨ ᠨᠠᠮ᠎ᠢ ᠬᠦᠴᠦᠷᠬᠡᠭᠵᠢᠭᠦᠯᠬᠦ᠎ᠶᠢᠨ ᠲᠣᠪᠣᠢᠮ᠎ᠠ ᠪᠠᠢᠷᠢᠨ᠎ᠳᠤ ᠲᠠᠯᠪᠢᠵᠤ᠂ ᠡᠪ ᠬᠠᠮᠲᠤᠴᠤᠳ᠎ᠤᠨ ᠨᠠᠮᠴᠢ ᠴᠢᠨᠠᠷ᠎ᠤᠨ ᠪᠣᠯᠪᠠᠰᠤᠷᠠᠯ᠎ᠤᠨ ᠲᠤᠭᠤᠷᠢᠨ᠎ᠳᠦ ᠠᠯᠢ ᠤᠯᠠᠨ ᠴᠢᠬᠤᠯᠠ ᠥᠭᠦᠯᠡᠯᠲᠡ ᠨᠡᠢᠲᠡᠯᠡᠵᠦ᠂  ᠨᠠᠮ᠎ᠤᠨ ᠭᠡᠰᠢᠭᠦᠨ᠂ ᠺᠠᠳ᠋ᠷ ᠪᠠ ᠲᠦᠷᠦ ᠪᠠᠷᠢᠭ᠍ᠴᠢ ᠨᠠᠮ᠎ᠤᠨ ᠲᠤᠰ ᠪᠡᠶ᠎ᠡ᠎ᠶᠢᠨ ᠪᠠᠢᠭᠤᠯᠤᠯᠲᠠ᠎ᠳᠤ ᠦᠵᠡᠭᠦᠯᠬᠦ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠬᠠᠬᠤ᠎ᠶᠢᠨ ᠰᠠᠭᠤᠷᠢᠯᠠᠬᠤ ᠴᠢᠨᠠᠷᠲᠠᠢ᠂ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠭᠦᠨᠵᠡᠭᠡᠢ ᠲᠣᠳᠣᠷᠬᠠᠢᠯᠠᠨ ᠥᠭᠦᠯᠡᠪᠡ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠲᠠᠪᠤᠳᠤᠭᠠᠷ ᠪᠥᠬᠥᠳᠡ ᠬᠤᠷᠠᠯ᠎ᠠᠴᠠ ᠨᠠᠮᠴᠢ ᠴᠢᠨᠠᠷ᠎ᠢ ᠴᠢᠩᠭᠠᠳᠬᠠᠬᠤ ᠪᠣᠯ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠢ ᠡᠭᠦᠷᠭᠡ ᠮᠥᠨ ᠃ ᠡᠷᠬᠡᠪᠰᠢ ᠪᠦᠬᠦ ᠨᠠᠮ᠎ᠤᠨ ᠭᠡᠰᠢᠭᠦᠨ᠂ ᠺᠠᠳ᠋ᠷᠴᠤᠳ᠎ᠤᠨ ᠨᠠᠮ᠎ᠤᠨ ᠰᠢᠨᠵᠢ ᠴᠢᠨᠠᠷ ᠪᠠ ᠵᠣᠷᠢᠯᠲᠠ᠎ᠵᠢ ᠪᠠᠷᠢᠮᠲᠠᠯᠠᠬᠤ᠎ᠶᠢ ᠠᠬᠢᠭᠤᠯᠵᠤ᠂ ᠨᠠᠮ᠎ᠤᠨ ᠤᠬᠠᠮᠰᠠᠷ᠂ ᠨᠠᠮ᠎ᠤᠨ ᠭᠡᠰᠢᠭᠦᠨ᠎ᠦ ᠤᠬᠠᠮᠰᠠᠷ᠂ ᠬᠣᠰᠢᠭᠤᠴᠢ ᠠᠩᠭᠢ᠎ᠶᠢᠨ ᠤᠬᠠᠮᠰᠠᠷ᠎ᠢ ᠴᠢᠩᠭᠠᠳᠬᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠬᠠᠬᠤ᠎ᠶᠢ ᠨᠠᠰᠤᠨ ᠲᠤᠷᠰᠢᠲᠠ᠎ᠶᠢᠨ ᠰᠡᠳᠦᠪ᠎ᠢᠶᠡᠨ ᠪᠣᠯᠭᠠᠵᠤ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠬᠤ᠂ ᠨᠠᠮ᠎ᠳᠠᠭᠠᠨ ᠦᠨᠡᠨᠴᠢ ᠰᠢᠳᠤᠷᠭᠤ ᠪᠠᠢᠬᠤ᠂ ᠠᠷᠠᠳ᠎ᠤᠨ ᠲᠥᠯᠥᠭᠡ ᠵᠢᠳᠬᠦᠬᠦ ᠰᠡᠳᠬᠢᠯᠭᠡ᠎ᠶᠢ ᠵᠤᠵᠠᠭᠠᠳᠬᠠᠬᠤ᠂ ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠬᠤ᠂ ᠶᠣᠰᠣ᠌ ᠰᠤᠷᠲᠠᠬᠤᠨ ᠵᠠᠩ ᠴᠢᠨᠠᠷ᠎ᠢᠶᠠᠨ ᠲᠥᠪ ᠪᠣᠯᠭᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶᠢ ᠪᠠᠲᠤᠯᠠᠬᠤ ᠵᠡᠷᠭᠡ ᠲᠠᠯ᠎ᠠ᠎ᠪᠠᠷ ᠬᠦᠴᠦ ᠲᠠᠯᠪᠢᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠎ᠶᠢ ᠪᠡᠶᠡᠯᠡᠭᠦᠯᠵᠦ᠂ ᠡᠪ ᠬᠠᠮᠲᠤᠴᠤᠳ᠎ᠤᠨ ᠤᠯᠤᠰ ᠲᠦᠷᠦ᠎ᠶᠢᠨ ᠮᠥᠨ ᠴᠢᠨᠠᠷ᠎ᠢᠶᠠᠨ ᠢᠮᠠᠭᠲᠠ ᠪᠠᠷᠢᠮᠲᠠᠯᠠᠬᠤ ᠬᠡᠷᠡᠭᠳᠡᠢ᠃  

ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠠᠰᠢᠭ᠋ ᠲᠤᠰᠠ ᠵᠢᠨ ᠤᠶᠠᠯᠳᠤᠯ᠎ᠵᠢᠡᠷ ᠪᠦᠷᠢᠯᠳᠦᠭᠰᠡᠨ ᠤᠯᠤᠰ ᠲᠦᠷᠦ᠎ᠶᠢᠨ ᠪᠦᠯᠬᠦᠮ ᠪᠢᠰᠢ᠂ ᠬᠠᠷᠢᠨ ᠬᠠᠮᠲᠤ᠎ᠶᠢᠨ ᠬᠦᠰᠡᠯᠡᠩ ᠢᠲᠡᠭᠡᠯ ᠪᠢᠰᠢᠷᠡᠯ᠎ᠢᠶᠡᠷ ᠵᠣᠬᠢᠶᠠᠨ ᠪᠠᠢᠭᠤᠯᠤᠭᠳᠠᠭᠰᠠᠨ ᠮᠠᠷᠺᠰ᠎ᠤᠨ ᠦᠵᠡᠯ᠎ᠦᠨ ᠲᠦᠷᠦ᠎ᠶᠢᠨ ᠨᠠᠮ ᠮᠥᠨ᠃ ᠮᠠᠷᠺᠰ᠎ᠤᠨ ᠦᠵᠡᠯ᠎ᠦᠨ ᠲᠤᠬᠠᠢ ᠢᠲᠡᠭᠡᠯ ᠪᠢᠰᠢᠷᠡᠯ᠂ ᠨᠡᠢᠭᠡᠮ ᠵᠢᠷᠤᠮ ᠪᠠ ᠡᠪ ᠬᠠᠮᠲᠤ ᠶᠣᠰᠣᠨ᠎ᠤ ᠲᠤᠬᠠᠢ ᠢᠲᠡᠭᠡᠯ ᠵᠣᠷᠢᠭ᠋ ᠪᠣᠯ ᠡᠪ ᠬᠠᠮᠲᠤᠴᠤᠳ᠎ᠤᠨ ᠤᠯᠤᠰ ᠲᠦᠷᠦ᠎ᠶᠢᠨ ᠰᠦᠭ ᠰᠦᠨᠡᠰᠦ ᠮᠥᠨ᠂ ᠡᠪ ᠬᠠᠮᠲᠤᠴᠤᠳ᠎ᠤᠨ ᠶᠠᠮᠠᠷᠪᠠ ᠰᠢᠯᠭᠠᠯᠲᠠ᠎ᠶᠢ ᠥᠩᠭᠡᠷᠡᠭᠡᠬᠦ ᠤᠶᠤᠨ ᠰᠠᠨᠠᠭᠠᠨ᠎ᠤ ᠲᠦᠰᠢᠭ ᠲᠤᠯᠭᠠᠭᠤᠷᠢ ᠮᠥᠨ᠃ ᠡᠷᠡᠰ ᠪᠠᠲᠤ ᠬᠦᠰᠡᠯᠡᠩ ᠪᠠ ᠢᠲᠡᠭᠡᠯ ᠵᠣᠷᠢᠭ᠋᠎ᠲᠠᠢ ᠪᠠᠢᠬᠤ ᠡᠰᠡᠬᠦ ᠪᠣᠯ ᠨᠢᠭᠡᠨ ᠡᠪ ᠬᠠᠮᠲᠤ ᠨᠠᠮ᠎ᠤᠨ ᠭᠡᠰᠢᠭᠦᠨ᠎ᠦ ᠨᠠᠮᠴᠢ ᠴᠢᠨᠠᠷ᠎ᠤᠨ ᠴᠢᠩᠭ᠎ᠠ ᠪᠠᠭᠤᠷᠠᠢ᠎ᠶᠢ ᠬᠡᠮᠵᠢᠬᠦ ᠴᠢᠬᠤᠯᠠ ᠪᠠᠷᠢᠮᠵᠢᠶ᠎ᠠ ᠮᠥᠨ᠃  ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠳᠤ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠬᠤ ᠳᠡᠭᠡᠷ᠎ᠡ ᠤᠬᠠᠮᠰᠠᠷ᠎ᠠᠴᠠ᠎ᠪᠠᠨ ᠬᠦᠴᠦ ᠣᠷᠣᠭᠤᠯᠵᠤ᠂ ᠤᠭ ᠰᠠᠨᠠᠭ᠎ᠠ᠎ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠎ᠶᠢ ᠵᠠᠪᠠᠯ ᠰᠤᠷᠬᠤ ᠬᠢᠴᠢᠶᠡᠯ ᠪᠣᠯᠭᠠᠵᠤ᠂ ᠦᠷᠭᠦᠯᠵᠢ ᠬᠢᠴᠢᠶᠡᠯ ᠰᠤᠷᠴᠤ᠂ ᠦᠷᠭᠦᠯᠵᠢ ᠤᠭ ᠰᠠᠨᠠᠭ᠎ᠠ᠎ᠪᠠᠨ ᠬᠢᠴᠢᠶᠡᠩᠭᠦᠢᠯᠡᠨ ᠰᠠᠬᠢᠵᠤ᠂ ᠴᠠᠭ ᠲᠤᠬᠠᠢ ᠳ᠋ᠤᠨᠢ ᠰᠠᠯᠠᠭ᠎ᠠ ᠨᠠᠮᠠᠭ᠎ᠠ᠎ᠪᠠᠨ ᠵᠠᠰᠠᠵᠤ᠂ ᠺᠠᠯᠼ ᠨᠥᠬᠥᠪᠦᠷᠢᠯᠡᠨ ᠶᠠᠰᠤ᠎ᠪᠠᠨ ᠴᠢᠭᠢᠷᠠᠭᠵᠢᠭᠤᠯᠵᠤ᠂ ᠵᠠᠩᠭᠢᠯᠠᠭ᠎ᠠ᠎ᠶᠢᠨ ᠴᠠᠭ ᠦᠶ᠎ᠡ᠎ᠳᠦ ᠨᠠᠮ᠎ᠳᠠᠭᠠᠨ ᠢᠲᠡᠭᠡᠮᠵᠢᠲᠡᠢ᠂ ᠨᠠᠢᠳᠠᠪᠤᠷᠢᠲᠠᠢ᠂ ᠨᠠᠮ᠎ᠢ ᠰᠠᠨᠠᠭ᠎ᠠ ᠠᠮᠤᠷ ᠪᠠᠢᠯᠭᠠᠬᠤ ᠬᠡᠷᠡᠭᠲᠡᠢ᠃ ᠤᠨᠤᠯ᠎ᠢᠶᠠᠷ ᠵᠡᠪᠰᠡᠭᠯᠡᠬᠦ ᠪᠠ ᠦᠵᠡᠯ ᠰᠠᠨᠠᠭᠠᠨ᠎ᠤ ᠥᠭᠡᠷᠡᠴᠢᠯᠡᠯᠲᠡ᠎ᠶᠢ ᠴᠢᠩᠭᠠᠳᠬᠠᠵᠤ᠂ ᠡᠪ ᠬᠠᠮᠲᠤᠴᠤᠳ᠎ᠤᠨ ᠤᠶᠤᠨ ᠰᠠᠨᠠᠭᠠᠨ᠎ᠤ ᠬᠥᠭᠡᠭᠡᠴᠡᠯᠳᠦᠯ᠎ᠢ ᠪᠠᠲᠤ ᠰᠠᠬᠢᠵᠤ᠂ ᠶᠢᠷᠲᠢᠨᠴᠦ᠎ᠶᠢᠨ ᠦᠵᠡᠯᠲᠡ᠂ ᠠᠮᠢᠳᠤᠷᠠᠬᠤᠢ᠎ᠶᠢᠨ ᠦᠵᠡᠯᠲᠡ᠂ ᠦᠷᠳᠡᠭ᠎ᠦᠨ ᠦᠵᠡᠯᠲᠡ᠎ᠶᠢᠨ ᠶᠡᠷᠦᠩᠬᠡᠢ ᠨᠡᠭᠡᠭᠡᠯᠭᠡ᠎ᠶᠢᠨ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠳᠡᠢ᠃ ᠨᠠᠮ᠎ᠤᠨ ᠰᠢᠨ᠎ᠡ ᠡᠭᠦᠳᠦᠯᠲᠡ᠎ᠶᠢᠨ ᠣᠨᠣᠯ᠎ᠢᠶᠠᠷ ᠰᠡᠳᠬᠢᠯ᠎ᠢᠶᠡᠨ ᠨᠢᠭ᠍ᠲᠠᠷᠠᠭᠤᠯᠵᠤ ᠰᠦᠭ ᠰᠦᠨᠡᠰᠦ᠎ᠪᠡᠨ ᠱᠤᠭᠤᠬᠤ᠎ᠶᠢ ᠪᠠᠷᠢᠮᠲᠠᠯᠠᠵᠤ᠂ ᠨᠠᠮ᠎ᠤᠨ ᠰᠢᠯᠢᠳᠡᠭ ᠤᠯᠠᠮᠵᠢᠯᠠᠯ ᠪᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢᠶᠠᠷ ᠨᠠᠮᠴᠢ ᠴᠢᠨᠠᠷ᠎ᠢ ᠪᠣᠯᠪᠠᠰᠤᠷᠠᠭᠤᠯᠵᠤ᠂ ᠦᠢᠯᠡᠳᠦᠯᠭᠡ᠎ᠶᠢᠨ ᠳᠤᠮᠳᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠨᠠᠮᠴᠢ ᠴᠢᠨᠠᠷ᠎ᠢ ᠢᠯᠭᠠᠨ ᠲᠠᠨᠢᠬᠤ ᠠᠵᠢᠯ᠎ᠢ ᠴᠢᠩᠭᠠᠳᠬᠠᠨ᠂ ᠮᠠᠷᠺᠰ᠎ᠤᠨ ᠦᠵᠡᠯ᠂ ᠡᠪ ᠬᠠᠮᠲᠤ ᠶᠣᠰᠣᠨ᠎ᠤ ᠲᠤᠬᠠᠢ ᠢᠲᠡᠭᠡᠯ ᠪᠢᠰᠢᠷᠡᠯ᠎ᠢᠶᠡᠨ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠲᠤᠬᠠᠢ ᠢᠲᠡᠭᠡᠯ ᠵᠣᠷᠢᠭ᠋᠎ᠢᠶᠠᠨ ᠨᠡᠮᠡᠭᠳᠡᠭᠦᠯᠦᠨ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠢᠲᠡᠭᠡᠯ ᠵᠣᠷᠢᠭ᠋᠎ᠢᠶᠠᠨ ᠨᠡᠮᠡᠭᠳᠡᠭᠦᠯᠵᠦ᠂ ᠴᠠᠭ ᠦᠶ᠎ᠡ ᠪᠠ ᠠᠷᠠᠳ ᠲᠦᠮᠡᠨ᠎ᠳᠦ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠲᠠᠰᠤᠷᠠᠯᠳᠠ ᠦᠭᠡᠢ ᠡᠭᠦᠳᠦᠨ ᠪᠦᠲᠦᠭᠡᠬᠦ ᠬᠡᠷᠡᠭᠲᠡᠢ᠃

ᠨᠠᠮ᠎ᠳᠠᠭᠠᠨ ᠦᠨᠡᠨᠴᠢ ᠪᠠᠢᠬᠤ ᠪᠣᠯ ᠡᠪ ᠬᠠᠮᠲᠤᠴᠤᠳ᠎ᠤᠨ ᠲᠡᠷᠢᠭᠦᠨ ᠴᠢᠬᠤᠯᠠ ᠤᠯᠤᠰ ᠲᠦᠷᠦ᠎ᠶᠢᠨ ᠵᠠᠩ ᠴᠢᠨᠠᠷ ᠮᠥᠨ᠃ ᠮᠠᠨ᠎ᠤ ᠨᠠᠮ ᠶᠠᠪᠤᠵᠤ ᠢᠷᠡᠭᠰᠡᠨ ᠵᠠᠮ᠎ᠳᠠᠭᠠᠨ ᠲᠣᠭ᠎ᠠ ᠲᠣᠮᠰᠢ ᠦᠭᠡᠢ ᠤᠯᠠᠨ ᠬᠦᠴᠢᠷ ᠪᠡᠷᠬᠡᠰᠢᠶᠡᠯ ᠪᠠ ᠬᠠᠯᠠ ᠵᠣᠪᠠᠯᠠᠩ᠎ᠢ ᠲᠤᠭᠤᠯᠤᠭᠰᠠᠨ ᠪᠣᠯᠪᠠᠴᠤ ᠶᠠᠮᠠᠷ ᠴᠤ᠌ ᠬᠦᠴᠢᠷ ᠪᠡᠷᠬᠡᠰᠢᠶᠡᠯ ᠭᠡᠳ ᠪᠢᠳᠡᠨ᠎ᠢ ᠳᠠᠷᠤᠵᠤ ᠳᠡᠢᠯᠦᠭᠰᠡᠨ ᠦᠭᠡᠢ᠂ ᠶᠠᠮᠠᠷ ᠴᠤ᠌ ᠳᠠᠢᠰᠤᠨ ᠭᠡᠳ ᠪᠢᠳᠡᠨ᠎ᠢ ᠴᠣᠬᠢᠨ ᠤᠨᠠᠭᠠᠵᠤ ᠳᠡᠢᠯᠦᠭᠰᠡᠨ ᠦᠭᠡᠢ ᠨᠢ ᠲᠦᠭ ᠲᠦᠮᠡᠨ ᠨᠠᠮ᠎ᠤᠨ ᠭᠡᠰᠢᠭᠦᠨ᠎ᠦ ᠦᠨᠡᠨᠴᠢ ᠰᠢᠳᠤᠷᠭᠤ᠎ᠳᠤ ᠲᠦᠰᠢᠭᠯᠡᠭᠰᠡᠨ᠎ᠡᠴᠡ ᠪᠣᠯᠤᠭᠰᠠᠨ ᠶᠤᠮ᠃《ᠲᠣᠯᠣᠭᠠᠢ᠎ᠵᠢ ᠴᠠᠪᠴᠢᠬᠤ᠎ᠡᠴᠡ ᠠᠶᠤᠬᠤ ᠦᠭᠡᠢ᠂ ᠦᠨᠡᠨᠴᠢ ᠰᠢᠳᠤᠷᠭᠤ ᠪᠠᠢᠬᠤ》 ᠬᠡᠬᠦ ᠬᠠᠳᠠᠨ ᠵᠣᠷᠢᠭ᠋᠂ 《ᠠᠷᠪᠠᠨ ᠬᠤᠷᠤᠭᠤ᠎ᠳᠤ ᠬᠤᠯᠤᠰᠤᠨ ᠰᠢᠪᠠᠭ᠎ᠠ ᠰᠢᠭᠠᠬᠰᠠᠨ ᠴᠸ᠋ ᠡᠭᠦᠷᠢᠳᠡ ᠨᠠᠮ᠎ᠠᠴᠠ ᠤᠷᠪᠠᠬᠤ ᠦᠭᠡᠢ》 ᠭᠡᠬᠦ ᠪᠠᠲᠤ ᠵᠣᠷᠢᠭ᠋᠂ ᠲᠣᠭ᠎ᠠ ᠲᠣᠮᠰᠢ ᠦᠭᠡᠢ ᠤᠯᠠᠨ ᠦᠷᠡᠭᠳᠡᠭᠰᠡᠨ ᠪᠠᠭᠠᠲᠤᠷᠴᠤᠳ ᠠᠷᠢᠭᠤᠨ ᠴᠢᠰᠤ᠎ᠪᠠᠷ᠎ᠢᠶᠠᠨ ᠨᠠᠮ᠎ᠳᠠᠭᠠᠨ ᠦᠨᠡᠨᠴᠢ ᠪᠠᠢᠬᠤ᠎ᠶᠢ ᠲᠠᠢᠯᠪᠤᠷᠢᠯᠠᠵᠠᠢ᠃ ᠨᠠᠮ᠎ᠳᠠᠭᠠᠨ ᠦᠨᠡᠨᠴᠢ ᠰᠢᠳᠤᠷᠭᠤ ᠪᠠᠢᠬᠤ᠎ᠶᠢ ᠡᠷᠬᠡᠪᠰᠢ ᠨᠠᠮ᠎ᠤᠨ ᠢᠲᠡᠭᠡᠯ ᠪᠢᠰᠢᠷᠡᠯ᠎ᠳᠡᠭᠡᠨ ᠦᠨᠡᠨᠴᠢ ᠰᠢᠳᠤᠷᠭᠤ ᠪᠠᠢᠬᠤ᠂ ᠨᠠᠮ᠎ᠤᠨ ᠵᠣᠬᠢᠶᠠᠨ ᠪᠠᠢᠭᠤᠯᠤᠯᠲᠠ᠎ᠳᠠᠭᠠᠨ ᠦᠨᠡᠨᠴᠢ ᠰᠢᠳᠤᠷᠭᠤ ᠪᠠᠢᠬᠤ᠂ ᠨᠠᠮ᠎ᠤᠨ ᠤᠨᠤᠯ ᠪᠠ ᠱᠤᠭᠤᠮ ᠴᠢᠭᠯᠡᠯᠲᠡ ᠲᠦᠷᠦ᠎ᠶᠢᠨ ᠪᠣᠳᠣᠯᠭ᠎ᠠ᠎ᠳᠠᠭᠠᠨ ᠦᠨᠡᠨᠴᠢ ᠰᠢᠳᠤᠷᠭᠤ ᠪᠠᠢᠬᠤ ᠳᠡᠭᠡᠷ᠎ᠡ ᠢᠯᠡᠷᠡᠭᠦᠯᠬᠦ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠳᠤ᠂ ᠨᠠᠮ᠎ᠳᠤ ᠦᠨᠡᠨᠴᠢ ᠰᠢᠳᠤᠷᠭᠤ ᠪᠠᠢᠬᠤ ᠬᠥᠮᠦᠵᠢᠯ᠎ᠢ ᠴᠢᠩᠭᠠᠳᠬᠠᠵᠤ᠂ ᠡᠪ ᠬᠠᠮᠲᠤ ᠨᠠᠮ᠎ᠤᠨ ᠭᠡᠰᠢᠭᠦᠨ ᠨᠢᠭᠡ ᠪᠦᠷᠢ ᠴᠥᠮ ᠥᠪᠡᠷ᠎ᠦᠨ ᠨᠢᠭᠡᠳᠦᠭᠡᠷ ᠪᠡᠶ᠎ᠡ ᠵᠢᠨ ᠭᠠᠷᠤᠯ ᠪᠣᠯ ᠡᠪ ᠬᠠᠮᠲᠤ ᠨᠠᠮ᠎ᠤᠨ ᠭᠡᠰᠢᠭᠦᠨ ᠭᠡᠳᠡᠭ᠎ᠢᠶᠡᠨ ᠪᠠᠲᠤ ᠴᠡᠭᠡᠵᠢᠯᠡᠵᠦ᠂ ᠨᠠᠮ᠎ᠤᠨ ᠤᠬᠠᠮᠰᠠᠷ᠂ ᠨᠠᠮ᠎ᠤᠨ ᠭᠡᠰᠢᠭᠦᠨ᠎ᠦ ᠤᠬᠠᠮᠰᠠᠷ᠂ ᠬᠣᠰᠢᠭᠤᠴᠢ ᠠᠩᠭᠢ᠎ᠶᠢᠨ ᠤᠬᠠᠮᠰᠠᠷ᠎ᠢᠶᠠᠨ ᠴᠢᠩᠭᠠᠳᠬᠠᠵᠤ᠂ ᠨᠠᠮ᠎ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠢᠬᠤ ᠤᠯᠤᠰ ᠲᠦᠷᠦ᠎ᠶᠢᠨ ᠬᠡᠪ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠡᠷᠡᠰ ᠭᠤᠢᠪᠢᠰᠢ ᠦᠭᠡᠢ᠎ᠪᠡᠷ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ᠂ ᠦᠵᠡᠯ ᠰᠠᠨᠠᠭᠠᠨ᠎ᠤ ᠲᠠᠯ᠎ᠠ᠎ᠪᠠᠷ ᠤᠯᠤᠰ ᠲᠦᠷᠦ᠎ᠶᠢᠨ ᠲᠠᠯ᠎ᠠ᠎ᠪᠠᠷ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠨᠠᠮ᠎ᠳᠠᠭᠠᠨ ᠦᠨᠡᠨᠴᠢ ᠰᠢᠳᠤᠷᠭᠤ ᠪᠠᠢᠵᠤ᠂ ᠨᠠᠮ᠎ᠤᠨ ᠲᠥᠯᠥᠭᠡ ᠵᠣᠪᠠᠨᠢᠯ᠎ᠢᠶᠠᠨ ᠬᠤᠪᠢᠶᠠᠯᠴᠠᠵᠤ᠂ ᠨᠠᠮ᠎ᠤᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠨᠠᠮ᠎ᠤᠨ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠢ᠃ ᠤᠬᠠᠮᠰᠠᠷ᠎ᠠᠴᠠ᠎ᠪᠠᠨ ᠤᠯᠤᠰ ᠲᠦᠷᠦ᠎ᠶᠢᠨ ᠪᠣᠯᠪᠠᠰᠤᠷᠠᠯ᠎ᠢᠶᠠᠨ ᠴᠢᠩᠭᠠᠳᠬᠠᠵᠤ᠂ ᠤᠯᠤᠰ ᠲᠦᠷᠦ᠎ᠶᠢᠨ ᠰᠠᠬᠢᠯᠭ᠎ᠠ ᠪᠠᠲᠤ ᠪᠠ ᠤᠯᠤᠰ ᠲᠦᠷᠦ᠎ᠶᠢᠨ ᠶᠣᠰᠣ᠌ ᠳᠦᠷᠢᠮ᠎ᠢ ᠴᠢᠩᠭ᠎ᠠ ᠰᠠᠬᠢᠵᠤ᠂ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠤᠬᠠᠬᠤ ᠴᠢᠳᠠᠪᠤᠷᠢ᠂ ᠤᠯᠤᠰ ᠲᠦᠷᠦ᠎ᠶᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠳᠠᠭᠠᠨ ᠦᠨᠡᠨᠴᠢ ᠰᠢᠳᠤᠷᠭᠤ ᠪᠠᠢᠬᠤ᠎ᠪᠠᠨ ᠲᠠᠢᠯᠪᠤᠷᠢᠯᠠᠬᠤ ᠬᠡᠷᠡᠭᠳᠡᠢ᠃

ᠶᠠᠮᠠᠷ ᠬᠥᠮᠥᠨ᠎ᠳᠦ ᠦᠢᠯᠡᠴᠢᠯᠡᠬᠦ᠂ ᠶᠠᠮᠠᠷ ᠬᠥᠮᠥᠨ᠎ᠳᠦ ᠲᠦᠰᠢᠭᠯᠡᠬᠦ ᠠᠰᠠᠭᠤᠳᠠᠯ ᠪᠣᠯ ᠨᠢᠭᠡᠨ ᠲᠦᠷᠦ᠎ᠶᠢᠨ ᠨᠠᠮ᠂ ᠨᠢᠭᠡᠨ ᠵᠠᠰᠠᠭ᠎ᠤᠨ ᠡᠷᠬᠡ᠎ᠶᠢᠨ ᠰᠢᠨᠵᠢ ᠴᠢᠨᠠᠷ᠎ᠢ ᠰᠢᠯᠭᠠᠬᠤ ᠰᠢᠯᠭᠠᠭᠤᠷ ᠮᠥᠨ᠃ ᠰᠢᠨ᠎ᠡ ᠴᠠᠭ ᠦᠶ᠎ᠡ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠠᠷᠠᠳ ᠲᠦᠮᠡᠨ ᠲᠡᠦᠬᠡ᠎ᠶᠢ ᠡᠭᠦᠳᠦᠨ ᠪᠦᠲᠦᠭᠡᠭᠰᠡᠨ ᠭᠡᠬᠦ ᠲᠡᠦᠬᠡ᠎ᠶᠢᠨ ᠪᠣᠳᠠᠰᠴᠢ ᠦᠵᠡᠯ᠎ᠦᠨ ᠭᠣᠣᠯ ᠦᠨᠳᠦᠰᠦᠯᠡᠯ᠎ᠢ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠪᠠᠷᠢᠮᠲᠠᠯᠠᠵᠤ᠂《 ᠥᠪᠡᠷ᠎ᠢ᠎ᠪᠡᠨ ᠪᠤᠳᠤᠬᠤ ᠦᠭᠡᠢ᠂ ᠠᠷᠠᠳ ᠲᠦᠮᠡᠨ᠎ᠢ ᠬᠥᠰᠡᠷᠳᠡᠭᠦᠯᠬᠦ ᠦᠭᠡᠢ》ᠡᠷᠬᠢᠮ ᠳᠡᠭᠡᠳᠦ ᠠᠬᠤᠢ ᠪᠠᠢᠳᠠᠯ᠎ᠠᠴᠠ《ᠮᠢᠩᠭ᠎ᠠ ᠲᠦᠮᠡᠨ ᠬᠥᠮᠥᠨ᠎ᠲᠠᠢ ᠮᠠᠭᠤᠳᠠᠯᠴᠠᠬᠰᠠᠨ ᠴᠸ᠋ ᠠᠷᠪᠠᠨ ᠲᠦᠷᠪᠡᠨ ᠳ᠋ᠦᠩᠰᠢᠭᠤᠷ ᠠᠷᠠᠳ ᠲᠦᠮᠡᠨ᠎ᠢ ᠬᠥᠰᠡᠷᠳᠡᠭᠦᠯᠬᠦ ᠦᠭᠡᠢ》ᠭᠡᠬᠦ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠬᠦᠷᠲᠡᠯ᠎ᠡ᠂ ᠲᠠᠬᠢᠭᠠᠳ ᠤᠯᠠᠨ ᠲᠦᠮᠡᠨ᠎ᠦ ᠳᠡᠷᠭᠡᠳᠡ ᠡᠭᠦᠰᠦᠭᠰᠡᠨ ᠢᠯᠵᠢᠷᠠᠯ᠎ᠤᠨ ᠠᠰᠠᠭᠤᠳᠠᠯ᠎ᠢ ᠬᠦᠴᠦᠯᠡᠨ ᠰᠢᠢᠳᠪᠦᠷᠢᠯᠡᠬᠦ ᠬᠦᠷᠲᠡᠯ᠎ᠡ᠂ ᠠᠷᠠᠳ᠎ᠤᠨ ᠲᠥᠯᠥᠭᠡ ᠵᠢᠳᠬᠦᠬᠦ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠢᠮᠠᠭᠲᠠ ᠲᠤᠭᠤᠰᠢᠯᠠᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠭᠰᠠᠨ ᠭᠠᠷᠮᠠᠭᠠᠢ ᠦᠷ᠎ᠡ ᠪᠦᠲᠦᠮᠵᠢ᠎ᠪᠡᠷ ᠠᠷᠠᠳ᠎ᠤᠨ ᠢᠲᠡᠭᠡᠯ᠎ᠢ ᠲᠠᠰᠤᠷᠠᠯᠳᠠ ᠦᠭᠡᠢ ᠣᠯᠵᠤ᠂ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠠᠩᠭᠢ᠎ᠶᠢᠨ ᠰᠠᠭᠤᠷᠢ ᠪᠠ ᠤᠯᠠᠨ ᠲᠦᠮᠡᠨ᠎ᠦ ᠰᠠᠭᠤᠷᠢ᠎ᠶᠢ ᠲᠠᠰᠤᠷᠠᠯᠳᠠ ᠦᠭᠡᠢ ᠪᠡᠬᠢᠵᠢᠭᠦᠯᠪᠡ᠃ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠢᠮᠠᠭᠲᠠ ᠤᠯᠠᠨ ᠲᠦᠮᠡᠨᠴᠢ ᠱᠤᠭᠤᠮ᠎ᠢ ᠪᠠᠷᠢᠮᠲᠠᠯᠠᠵᠤ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠦᠨᠡᠨ ᠰᠡᠳᠬᠢᠯ᠎ᠡᠴᠡ᠎ᠪᠡᠨ ᠰᠣᠨᠣᠰᠴᠤ᠂ ᠤᠯᠠᠨ ᠲᠦᠮᠡᠨ᠎ᠦ ᠬᠦᠰᠡᠯ ᠡᠷᠡᠮᠡᠯᠵᠡᠯ᠎ᠢ ᠦᠨᠡᠨ ᠪᠣᠳᠠᠲᠠᠢ᠎ᠪᠠᠷ ᠲᠤᠰᠬᠠᠵᠤ᠂ ᠤᠯᠠᠨ ᠲᠦᠮᠡᠨ᠎ᠦ ᠵᠣᠪᠠᠭᠤᠷᠢ ᠵᠦᠳᠡᠭᠦᠷᠢ᠎ᠶᠢ ᠦᠨᠡᠨ ᠰᠡᠳᠬᠢᠯ᠎ᠡᠴᠡ᠎ᠪᠡᠨ ᠬᠠᠯᠠᠮᠵᠢᠯᠠᠪᠠ᠂ ᠠᠷᠠᠳᠴᠢ ᠴᠢᠨᠠᠷ ᠪᠣᠯ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠬᠠᠮᠤᠭ᠎ᠤᠨ ᠢᠯᠡ ᠲᠣᠳᠣ᠌᠂ ᠬᠠᠮᠤᠭ᠎ᠤᠨ ᠭᠦᠨ ᠵᠤᠵᠠᠭᠠᠨ ᠦᠷᠳᠡᠭ᠎ᠦᠨ ᠰᠠᠭᠤᠷᠢ ᠥᠩᠭᠡ ᠮᠥᠨ᠃  ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠵᠤ᠂ ᠠᠷᠠᠳ ᠲᠦᠮᠡᠨ᠎ᠢ ᠢᠮᠠᠭᠲᠠ ᠰᠡᠳᠬᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠨᠠᠮ ᠪᠣᠯᠣᠨ ᠠᠷᠠᠳ ᠲᠦᠮᠡᠨ᠎ᠦ ᠴᠢᠰᠤ ᠮᠢᠬᠠᠨ᠎ᠤ ᠪᠠᠷᠢᠯᠳᠤᠯᠭ᠎ᠠ᠎ᠶᠢ ᠪᠠᠲᠤᠯᠠᠵᠤ᠂ ᠤᠯᠠᠨ ᠲᠦᠮᠡᠨ᠎ᠦ ᠪᠤᠳᠤᠯ ᠰᠡᠳᠬᠢᠭᠳᠡᠯ ᠬᠦᠰᠡᠯ ᠡᠷᠡᠮᠡᠯᠵᠡᠯ᠎ᠳᠦ ᠨᠡᠢᠴᠡᠭᠦᠯᠵᠦ᠂ ᠤᠯᠠᠨ ᠲᠦᠮᠡᠨ᠎ᠦ ᠲᠤᠰᠬᠠᠯ ᠴᠢᠩᠭ᠎ᠠ ᠪᠠᠢᠭ᠎ᠠ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠳᠦᠰᠦᠨ ᠱᠠᠲᠤ ᠲᠡᠢᠰᠢ ᠥᠷᠭᠡᠳᠬᠡᠬᠦ᠎ᠶᠢ ᠠᠬᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠳᠠᠲᠤ ᠦᠷ᠎ᠡ ᠪᠦᠲᠦᠮᠵᠢ᠎ᠪᠡᠷ ᠨᠠᠮ᠎ᠤᠨ ᠲᠦᠷᠦ ᠪᠠᠷᠢᠬᠤ ᠰᠠᠭᠤᠷᠢ᠎ᠶᠢ ᠪᠠᠲᠤ ᠴᠣᠭᠴᠠᠯᠠᠪᠠ᠃

ᠦᠨᠡᠨ᠎ᠡᠴᠡ ᠵᠥᠪ᠎ᠢ ᠡᠷᠢᠬᠦ ᠪᠣᠯ ᠮᠠᠨ᠎ᠤ ᠨᠠᠮ᠎ᠤᠨ ᠦᠨᠳᠦᠰᠦᠨ ᠦᠵᠡᠯ ᠰᠠᠨᠠᠭ᠎ᠠ ᠵᠢᠨ ᠠᠷᠭ᠎ᠠ ᠮᠥᠨ᠂ ᠪᠠᠰᠠ ᠴᠤ᠌ ᠡᠪ ᠬᠠᠮᠲᠤᠴᠤᠳ᠎ᠤᠨ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ᠎ᠶᠢᠨ ᠴᠢᠬᠤᠯᠠ ᠵᠢᠷᠤᠮᠯᠠᠯ ᠮᠥᠨ᠃ ᠰᠢᠨ᠎ᠡ ᠴᠠᠭ ᠦᠶ᠎ᠡ᠎ᠳᠦ ᠨᠠᠮ᠎ᠢ  ᠪᠦᠬᠦ ᠲᠠᠯ᠎ᠠ᠎ᠪᠠᠷ ᠴᠢᠩᠭ᠎ᠠ ᠵᠠᠰᠠᠬᠤ ᠨᠢ ᠵᠠᠭᠤᠨ ᠵᠢᠯ᠎ᠦᠨ ᠲᠣᠮᠣ᠌ ᠨᠠᠮ᠎ᠤᠨ ᠥᠪᠡᠷ᠎ᠪᠡᠶ᠎ᠡ᠎ᠳᠡᠭᠡᠨ ᠬᠤᠪᠢᠰᠬᠠᠯ ᠬᠢᠬᠦ ᠰᠢᠨ᠎ᠡ ᠠᠬᠤᠢ ᠪᠠᠢᠳᠠᠯ᠎ᠢ ᠨᠡᠭᠡᠭᠡᠵᠦ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶᠢ ᠠᠬᠢᠭᠤᠯᠵᠤ᠂ ᠨᠠᠮ ᠪᠣᠯᠣᠨ ᠠᠷᠠᠳ ᠲᠦᠮᠡᠨ ᠨᠠᠮ᠎ᠢᠶᠠᠨ ᠬᠦᠴᠦᠷᠬᠡᠭᠵᠢᠭᠦᠯᠵᠦ ᠤᠯᠤᠰ᠎ᠢᠶᠠᠨ ᠬᠦᠴᠦᠷᠬᠡᠭᠵᠢᠭᠦᠯᠬᠦ ᠲᠡᠦᠬᠡ᠎ᠶᠢᠨ ᠰᠠᠨᠠᠭᠠᠴᠢᠯᠠᠭᠠᠲᠤ ᠡᠷᠬᠡ᠎ᠶᠢ ᠣᠯᠣᠭᠰᠠᠨ ᠪᠠᠢᠨ᠎ᠠ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠨᠢ ᠮᠠᠰᠢ ᠤᠯᠠᠨ ᠠᠰᠢᠭ᠍ᠲᠠᠢ ᠨᠥᠬᠥᠴᠡᠯ᠎ᠢ ᠪᠦᠷᠢᠯᠳᠦᠭᠦᠯᠦᠭᠰᠡᠨ᠎ᠦ ᠬᠠᠮᠲᠤ ᠮᠠᠰᠢ ᠤᠯᠠᠨ ᠰᠢᠨ᠎ᠡ ᠪᠠᠢᠳᠠᠯ ᠰᠢᠨ᠎ᠡ ᠠᠰᠠᠭᠤᠳᠠᠯ᠎ᠳᠤ ᠲᠤᠯᠭᠠᠷᠠᠵᠤ ᠪᠠᠢᠨ᠎ᠠ᠃ ᠳᠡᠯᠡᠬᠡᠢ᠎ᠶᠢᠨ ᠪᠠᠢᠳᠠᠯ ᠤᠯᠤᠰ᠎ᠤᠨ ᠪᠠᠢᠳᠠᠯ ᠨᠠᠮ᠎ᠤᠨ ᠪᠠᠢᠳᠠᠯ᠎ᠳᠤ ᠭᠦᠨᠵᠡᠭᠡᠢ ᠬᠤᠪᠢᠷᠠᠯᠲᠠ ᠭᠠᠷᠬᠤ᠎ᠶᠢ ᠳᠠᠭᠠᠯᠳᠤᠨ᠂ ᠨᠠᠮ᠎ᠠᠴᠠ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠯᠤᠰ ᠣᠷᠣᠨ᠎ᠤ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠶᠢᠨ ᠠᠰᠢᠭ᠋ ᠲᠤᠰᠠ᠎ᠶᠢ ᠬᠠᠮᠠᠭᠠᠯᠠᠬᠤ ᠡᠭᠦᠷᠭᠡ ᠨᠡᠩ ᠬᠠᠲᠠᠭᠤ ᠪᠡᠷᠬᠡ ᠪᠣᠯᠵᠤ᠂ ᠨᠠᠮ᠎ᠠᠴᠠ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠥᠭᠡᠷᠡᠴᠢᠯᠡᠯᠲᠡ ᠬᠥᠭᠵᠢᠯᠲᠡ᠎ᠶᠢ ᠲᠦᠯᠬᠢᠨ ᠠᠬᠢᠭᠤᠯᠬᠤ᠂ ᠨᠡᠢᠭᠡᠮ᠎ᠦᠨ ᠡᠶ᠎ᠡ ᠵᠣᠬᠢᠴᠠᠯ ᠪᠠ ᠲᠣᠭᠲᠠᠭᠤᠨ ᠪᠠᠢᠳᠠᠯ᠎ᠢ ᠬᠠᠮᠠᠭᠠᠯᠠᠬᠤ ᠡᠭᠦᠷᠭᠡ ᠨᠡᠩ ᠬᠠᠲᠠᠭᠤ ᠪᠡᠷᠬᠡ ᠪᠣᠯᠵᠤ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠪᠠᠲᠤᠯᠠᠬᠤ ᠡᠭᠦᠷᠭᠡ ᠨᠡᠩ ᠬᠠᠲᠠᠭᠤ ᠪᠡᠷᠬᠡ ᠪᠣᠯᠵᠠᠢ᠃ ᠰᠢᠨ᠎ᠡ ᠲᠡᠦᠬᠡ᠎ᠶᠢᠨ ᠭᠠᠷᠤᠭ᠎ᠠ ᠳᠡᠭᠡᠷ᠎ᠡ  ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ  ᠪᠠᠷᠢᠮᠲᠠᠯᠠᠨ ᠠᠬᠢᠭᠤᠯᠬᠤ᠎ᠳᠤ᠂ ᠡᠷᠬᠡᠪᠰᠢ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠰᠢᠨ᠎ᠡ ᠴᠠᠭ ᠦᠶ᠎ᠡ᠎ᠶᠢᠨ  ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠡᠷᠬᠢᠮ ᠨᠠᠨᠳᠢᠨ ᠲᠤᠷᠰᠢᠯᠭ᠎ᠠ᠎ᠶᠢ ᠰᠠᠢᠲᠤᠷ ᠪᠠᠷᠢᠮᠲᠠᠯᠠᠨ ᠰᠠᠢᠲᠤᠷ ᠬᠡᠷᠡᠭᠯᠡᠵᠦ᠂ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠲᠣᠪᠣᠢᠮ᠎ᠠ ᠠᠰᠠᠭᠤᠳᠠᠯ᠎ᠢ ᠰᠠᠢᠲᠤᠷ ᠴᠡᠭᠴᠡᠯᠡᠨ ᠰᠠᠢᠲᠤᠷ ᠰᠢᠢᠳᠪᠦᠷᠢᠯᠡᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ᠎ᠪᠠᠷ ᠪᠦᠷᠢᠯᠳᠦᠭᠰᠡᠨ ᠰᠠᠢᠨ ᠰᠠᠢᠬᠠᠨ ᠤᠯᠤᠰ ᠲᠦᠷᠦ᠎ᠶᠢᠨ ᠪᠠᠢᠳᠠᠯ᠎ᠢ ᠰᠠᠢᠲᠤᠷ ᠪᠡᠬᠢᠵᠢᠭᠦᠯᠵᠦ ᠰᠠᠢᠲᠤᠷ ᠬᠥᠭᠵᠢᠭᠦᠯᠬᠦ ᠬᠡᠷᠡᠭᠲᠡᠢ᠃ ᠪᠠᠢᠳᠠᠯ᠎ᠢ ᠣᠨᠣᠪᠴᠢᠲᠠᠢ ᠡᠵᠡᠮᠳᠡᠬᠦ᠂ ᠪᠠᠢᠳᠠᠯ᠎ᠢ ᠰᠢᠨᠵᠢᠯᠡᠬᠦ ᠤᠬᠠᠭᠠᠨᠴᠢ᠎ᠪᠠᠷ ᠰᠤᠳᠤᠯᠤᠨ ᠮᠠᠭᠠᠳᠯᠠᠬᠤ᠂ ᠨᠠᠮ᠎ᠤᠨ ᠳᠣᠲᠣᠭᠠᠳᠤ᠎ᠶᠢᠨ ᠲᠣᠭᠣᠷᠢᠨ ᠪᠠᠢᠴᠠᠭᠠᠵᠤ ᠬᠢᠨᠠᠯᠲᠠ ᠲᠠᠯᠪᠢᠬᠤ᠎ᠶᠢ ᠠᠬᠢᠭᠤᠯᠬᠤ᠂ ᠠᠰᠠᠭᠤᠳᠠᠯ᠎ᠢ ᠤᠨᠢᠨ ᠳᠡᠭᠡᠷ᠎ᠡ ᠨᠢ ᠢᠯᠡᠷᠡᠭᠦᠯᠬᠦ᠂ ᠡᠰᠡᠬᠦᠯ᠎ᠡ ᠪᠠᠢᠯᠳᠤᠬᠤ ᠪᠣᠳᠣᠯᠭ᠎ᠠ᠎ᠶᠢᠨ ᠠᠷᠭ᠎ᠠ ᠪᠣᠳᠣᠯᠭ᠎ᠠ᠎ᠶᠢ ᠲᠣᠭᠲᠠᠭᠠᠬᠤ᠂ ᠲᠤᠭᠤᠰᠢᠯᠠᠭᠤᠯᠤᠨ ᠬᠡᠷᠡᠭᠵᠢᠭᠦᠯᠬᠦ᠎ᠶᠢ ᠠᠬᠢᠭᠤᠯᠬᠤ᠂ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠰᠢᠯᠢᠳᠡᠭᠵᠢᠭᠦᠯᠬᠦ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ᠎ᠶᠢ ᠴᠢᠩᠭ᠎ᠠ ᠨᠡᠬᠡᠮᠵᠢᠯᠡᠬᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠯᠢᠪᠠ ᠠᠵᠢᠯ᠎ᠢ ᠤᠷᠳᠤ ᠬᠤᠭᠤᠴᠠᠭ᠎ᠠ᠎ᠪᠠᠷ ᠲᠦᠯᠬᠢᠨ ᠠᠬᠢᠭᠤᠯᠬᠤ᠎ᠳᠤ ᠴᠥᠮ ᠦᠨᠡᠨ᠎ᠡᠴᠡ ᠵᠥᠪ᠎ᠢ ᠡᠷᠢᠬᠦ ᠰᠢᠨᠵᠢᠯᠡᠬᠦ ᠤᠬᠠᠭᠠᠨᠴᠢ ᠣᠪᠣᠷ᠎ᠢ ᠪᠠᠷᠢᠮᠲᠠᠯᠠᠬᠤ ᠬᠡᠷᠡᠭᠲᠡᠢ᠃

ᠦᠵᠡᠯ ᠰᠠᠨᠠᠭ᠎ᠠ ᠴᠡᠪᠡᠷ ᠪᠠᠢᠬᠤ ᠪᠣᠯ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠲᠡᠷᠢᠭᠦᠨ᠎ᠦ ᠴᠢᠨᠠᠷ ᠴᠡᠪᠡᠷ ᠴᠢᠨᠠᠷ᠎ᠢᠶᠠᠨ ᠪᠠᠲᠤᠯᠠᠬᠤ᠎ᠶᠢᠨ ᠦᠨᠳᠦᠰᠦ ᠮᠥᠨ᠂ ᠶᠣᠰᠣ᠌ ᠮᠣᠷᠠᠯ ᠡᠷᠬᠢᠮ ᠳᠡᠭᠡᠳᠦ ᠪᠠᠢᠬᠤ ᠪᠣᠯ ᠤᠳᠤᠷᠢᠳᠬᠤ ᠺᠠᠳ᠋ᠷᠴᠤᠳ᠎ᠤᠨ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶᠢᠨ ᠰᠠᠭᠤᠷᠢ ᠮᠥᠨ᠃ ᠶᠣᠰᠣ᠌ ᠮᠣᠷᠠᠯ ᠵᠠᠩ ᠴᠢᠨᠠᠷ᠎ᠢᠶᠠᠨ ᠲᠥᠪ ᠪᠣᠯᠭᠠᠬᠤ ᠪᠣᠯ ᠨᠢᠭᠡᠨ ᠡᠪ ᠬᠠᠮᠲᠤ ᠨᠠᠮ᠎ᠤᠨ ᠭᠡᠰᠢᠭᠦᠨ᠎ᠦ ᠨᠠᠮᠴᠢ ᠴᠢᠨᠠᠷ᠎ᠢᠶᠠᠨ ᠴᠢᠩᠭᠠᠳᠬᠠᠬᠤ᠎ᠶᠢᠨ ᠳᠣᠲᠣᠭᠠᠳᠤ ᠱᠠᠭᠠᠷᠳᠠᠯᠭ᠎ᠠ ᠮᠥᠨ᠂ ᠪᠠᠰᠠ ᠴᠤ᠌ ᠤᠳᠤᠷᠢᠳᠬᠤ ᠺᠠᠳ᠋ᠷᠴᠤᠳ᠎ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ᠎ᠶᠢᠨ ᠡᠷᠬᠡᠪᠰᠢ ᠪᠦᠷᠢᠯᠳᠦᠭᠦᠯᠬᠦ ᠬᠡᠷᠡᠭᠲᠡᠢ ᠬᠡᠪ ᠪᠣᠯᠪᠠᠰᠤᠷᠠᠯ ᠮᠥᠨ᠃ ᠮᠠᠨ᠎ᠤ ᠨᠠᠮ ᠶᠡᠷᠦ᠎ᠡᠴᠡ ᠤᠬᠠᠮᠰᠠᠷ ᠴᠢᠳᠠᠪᠤᠷᠢ᠎ᠶᠢ ᠬᠣᠣᠰᠯᠠᠭᠤᠯᠵᠤ᠂ ᠤᠬᠠᠮᠰᠠᠷ᠎ᠢ ᠲᠡᠷᠢᠭᠦᠨ᠎ᠳᠦ ᠲᠠᠯᠪᠢᠬᠤ᠎ᠶᠢ ᠴᠢᠬᠤᠯᠠᠴᠢᠯᠠᠭᠰᠠᠭᠠᠷ ᠢᠷᠡᠭᠰᠡᠨ ᠶᠤᠮ᠃ ᠶᠣᠰᠣ᠌ ᠮᠣᠷᠠᠯ᠎ᠳᠤ ᠤᠯᠤᠰ ᠲᠦᠷᠦ᠎ᠶᠢᠨ ᠶᠣᠰᠣ᠌ ᠮᠣᠷᠠᠯ᠂ ᠲᠤᠬᠠᠢᠯᠠᠭᠰᠠᠨ ᠠᠵᠢᠯ᠎ᠤᠨ ᠶᠣᠰᠣ᠌ ᠮᠣᠷᠠᠯ᠂ ᠨᠡᠢᠭᠡᠮ ᠨᠡᠶ᠋ᠢᠲᠡ᠎ᠶᠢᠨ ᠶᠣᠰᠣ᠌ ᠮᠣᠷᠠᠯ᠂ ᠭᠡᠷ ᠪᠦᠯᠢ᠎ᠶᠢᠨ ᠰᠠᠢᠨ ᠰᠠᠢᠬᠠᠨ ᠵᠠᠩ ᠰᠤᠷᠲᠠᠯ ᠵᠡᠷᠭᠡ ᠪᠠᠭᠲᠠᠨ᠎ᠠ᠂ ᠺᠠᠳ᠋ᠷᠴᠤᠳ ᠡᠳᠡᠭᠡᠷ ᠲᠠᠯ᠎ᠠ᠎ᠪᠠᠷ ᠴᠥᠮ ᠪᠠᠲᠤ ᠴᠢᠩᠭ᠎ᠠ ᠪᠠᠢᠬᠤ ᠬᠡᠷᠡᠭᠲᠡᠢ᠂ ᠬᠠᠮᠤᠭ᠎ᠤᠨ ᠴᠢᠬᠤᠯᠠ ᠨᠢ ᠤᠯᠤᠰ ᠲᠦᠷᠦ᠎ᠶᠢᠨ ᠶᠣᠰᠣ᠌ ᠮᠣᠷᠠᠯ᠎ᠳᠤ ᠪᠠᠲᠤ ᠴᠢᠩᠭ᠎ᠠ ᠪᠠᠢᠬᠤ ᠬᠡᠷᠡᠭᠲᠡᠢ᠃ ᠶᠡᠷᠦᠩᠬᠡᠢ ᠱᠦᠵᠢ ᠰᠢ᠎ᠶᠢᠨ ᠫᠢᠩ ᠴᠢᠬᠤᠯᠠᠴᠢᠯᠠᠭᠰᠠᠨ ᠨᠢ᠂ ᠤᠳᠤᠷᠢᠳᠬᠤ ᠺᠠᠳ᠋ᠷᠴᠤᠳ ᠵᠠᠰᠠᠭ᠎ᠤᠨ ᠮᠣᠷᠠᠯ ᠢ᠋ ᠡᠷᠬᠢᠮᠯᠡᠬᠦ ᠬᠡᠷᠡᠭᠲᠡᠢ᠃ ᠵᠠᠰᠠᠭ᠎ᠤᠨ ᠮᠣᠷᠠᠯ ᠪᠣᠯ ᠪᠦᠬᠦᠶ᠋ᠢᠯᠡ ᠨᠡᠢᠭᠡᠮ᠎ᠦᠨ ᠶᠣᠰᠣ᠌ ᠮᠣᠷᠠᠯ᠎ᠤᠨ ᠪᠠᠢᠭᠤᠯᠤᠯᠲᠠ᠎ᠶᠢᠨ ᠵᠦᠭᠯᠡᠭᠦᠷ ᠮᠥᠨ᠃ ᠤᠳᠤᠷᠢᠳᠬᠤ ᠺᠠᠳ᠋ᠷᠴᠤᠳ ᠵᠠᠰᠠᠭ᠎ᠤᠨ ᠮᠣᠷᠠᠯ᠎ᠢ ᠪᠤᠢ ᠪᠣᠯᠭᠠᠬᠤ᠎ᠳᠤ ᠶᠡᠬᠡ ᠮᠣᠷᠠᠯ᠎ᠢ ᠮᠡᠳᠡᠵᠦ᠂ ᠨᠡᠶ᠋ᠢᠲᠡ᠎ᠶᠢᠨ ᠮᠣᠷᠠᠯ᠎ᠢ ᠰᠠᠬᠢᠵᠤ᠂ ᠬᠤᠪᠢ᠎ᠶᠢᠨ ᠮᠣᠷᠠᠯ᠎ᠢ ᠴᠢᠩᠳᠠᠯᠠᠬᠤ ᠬᠡᠷᠡᠭᠲᠡᠢ᠃  ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ  ᠪᠠᠷᠢᠮᠲᠠᠯᠠᠨ ᠠᠬᠢᠭᠤᠯᠵᠤ᠂ ᠡᠪ ᠬᠠᠮᠲᠤᠴᠤᠳ᠎ᠤᠨ ᠤᠯᠤᠰ ᠲᠥᠷᠥ᠎ᠶᠢᠨ ᠬᠡᠪ ᠰᠤᠷᠲᠠᠯ᠂ ᠥᠷᠲᠡᠭ᠎ᠦᠨ ᠬᠥᠭᠡᠭᠡᠴᠡᠯᠳᠦᠯ᠂ ᠣᠶᠤᠨ ᠰᠠᠨᠠᠭᠠᠨ᠎ᠤ ᠠᠬᠤᠢ ᠪᠠᠢᠳᠠᠯ᠂ ᠣᠪᠣᠷ ᠰᠤᠷᠲᠠᠯ ᠬᠡᠪ ᠰᠤᠷᠲᠠᠯ᠎ᠢᠶᠠᠨ ᠡᠭᠦᠷᠢᠳᠡ ᠪᠠᠲᠤᠯᠠᠵᠤ᠂ ᠨᠡᠢᠭᠡᠮ ᠵᠢᠷᠤᠮ᠎ᠤᠨ ᠢᠷᠠᠭᠤ ᠠᠯᠳᠠᠷ ᠢᠴᠢᠭᠦᠷᠢ ᠭᠤᠲᠤᠮᠰᠢᠭ᠋᠎ᠤᠨ ᠦᠵᠡᠯᠲᠡ᠎ᠶᠢ ᠵᠢᠱ᠌ᠢᠶᠡᠴᠢ᠎ᠪᠡᠷ ᠦᠢᠯᠡᠳᠦᠯᠭᠡᠵᠢᠭᠦᠯᠵᠦ᠂ ᠰᠠᠢᠨ ᠰᠠᠢᠬᠠᠨ ᠶᠣᠰᠣ᠌ ᠮᠣᠷᠠᠯ ᠬᠡᠪ ᠰᠤᠷᠲᠠᠯ᠎ᠢ ᠪᠤᠢ ᠪᠣᠯᠭᠠᠵᠤ᠂ ᠡᠷᠬᠢᠮ ᠳᠡᠭᠡᠳᠦ ᠶᠣᠰᠣ᠌ ᠮᠣᠷᠠᠯ ᠦᠵᠡᠯ ᠰᠡᠳᠬᠢᠯᠭᠡ᠎ᠶᠢ ᠪᠠᠷᠢᠮᠲᠠᠯᠠᠨ᠂ ᠳᠣᠣᠷᠠᠳᠤ ᠳᠡᠰ᠎ᠤᠨ ᠳᠤᠷᠠᠰᠢᠯ᠎ᠠᠴᠠ ᠤᠬᠠᠮᠰᠠᠷ᠎ᠠᠴᠠ᠎ᠪᠠᠨ ᠬᠣᠯᠠᠳᠠᠵᠤ᠂ ᠭᠠᠵᠢᠭᠤ ᠰᠤᠷᠲᠠᠯ᠎ᠢ ᠤᠬᠠᠮᠰᠠᠷ᠎ᠠᠴᠠ᠎ᠪᠠᠨ ᠡᠰᠡᠷᠭᠦᠴᠡᠨ ᠬᠣᠷᠢᠭ᠍ᠯᠠᠵᠤ᠂ ᠨᠡᠢᠭᠡᠮ ᠵᠢᠷᠤᠮ᠎ᠤᠨ ᠶᠣᠰᠣ᠌ ᠮᠣᠷᠠᠯ᠎ᠤᠨ ᠦᠯᠢᠭᠡᠷ ᠳᠠᠭᠤᠷᠢᠶᠠᠯ᠂ ᠦᠨᠡᠨᠴᠢ ᠢᠲᠡᠭᠡᠮᠵᠢᠲᠡᠢ ᠬᠡᠪ ᠰᠤᠷᠲᠠᠯ᠎ᠤᠨ ᠳᠠᠭᠠᠭᠤᠯᠤᠭ᠍ᠴᠢ᠂ ᠲᠥᠪ ᠭᠣᠣᠯᠴᠢ ᠰᠢᠳᠤᠷᠭᠤ ᠶᠣᠰᠣᠨ᠎ᠤ ᠬᠠᠮᠠᠭᠠᠯᠠᠭ᠍ᠴᠢ ᠪᠣᠯᠬᠤ᠎ᠪᠠᠷ ᠴᠢᠷᠮᠠᠢᠵᠤ᠂ ᠡᠪ ᠬᠠᠮᠲᠤᠴᠤᠳ᠎ᠤᠨ ᠡᠷᠬᠢᠮ ᠳᠡᠭᠡᠳᠦ ᠵᠠᠩ ᠰᠤᠷᠲᠠᠯ ᠪᠠ ᠠᠷᠢᠭᠤᠨ ᠴᠢᠬᠡᠴᠢ ᠬᠡᠪ ᠰᠤᠷᠲᠠᠯ᠎ᠢ ᠢᠮᠠᠭᠲᠠ ᠪᠠᠷᠢᠮᠲᠠᠯᠠᠬᠤ ᠬᠡᠷᠡᠭᠳᠡᠢ᠃

ᠲᠥᠪ ᠭᠣᠣᠯᠴᠢ ᠠᠷᠢᠭᠤᠨ ᠴᠢᠬᠡᠴᠢ ᠪᠠᠢᠬᠤ ᠪᠣᠯ ᠡᠪ ᠬᠠᠮᠲᠤᠴᠤᠳ᠎ᠤᠨ ᠨᠤᠶᠠᠨ ᠰᠠᠭᠤᠵᠤ ᠵᠠᠰᠠᠭ ᠪᠠᠷᠢᠬᠤ᠎ᠶᠢᠨ ᠬᠣᠷᠢᠭ᠎ᠠ ᠱᠤᠭᠤᠮ ᠮᠥᠨ᠂ ᠪᠠᠰᠠ ᠴᠤ᠌ ᠰᠢᠨ᠎ᠡ ᠴᠠᠭ ᠦᠶ᠎ᠡ᠎ᠶᠢᠨ ᠰᠠᠢᠨ ᠺᠠᠳ᠋ᠷ᠎ᠤᠨ ᠪᠠᠷᠢᠮᠵᠢᠶ᠎ᠠ᠎ᠶᠢᠨ ᠴᠢᠬᠤᠯᠠ ᠠᠭᠤᠯᠭ᠎ᠠ ᠮᠥᠨ᠃ ᠶᠡᠷᠦᠩᠬᠡᠢ ᠱᠦᠵᠢ ᠰᠢ᠎ᠶᠢᠨ ᠫᠢᠩ ᠵᠢᠭᠠᠵᠤ ᠭᠠᠷᠭᠠᠬᠤ᠎ᠳᠠᠭᠠᠨ᠄《ᠵᠢᠭᠠᠰᠤ ᠪᠠ ᠪᠠᠭᠠᠪᠠᠭᠠᠢ᠎ᠶᠢᠨ ᠲᠠᠪᠠᠭ᠎ᠢ ᠵᠡᠷᠭᠡ ᠳ᠋ᠤᠨᠢ ᠣᠯᠵᠤ ᠴᠢᠳᠠᠬᠤ ᠦᠭᠡᠢ᠂ ᠨᠤᠶᠠᠨ ᠰᠠᠭᠤᠬᠤ ᠪᠠᠶᠠᠵᠢᠬᠤ ᠪᠤᠯ ᠬᠤᠶᠠᠷ ᠵᠠᠮ ᠮᠦᠨ᠂ ᠨᠣᠶᠠᠨ ᠰᠠᠭᠤᠶ᠎ᠠ ᠭᠡᠪᠡᠯ ᠪᠠᠶᠠᠵᠢᠬᠤ ᠬᠡᠷᠡᠭ ᠦᠭᠡᠢ᠂ ᠪᠠᠶᠠᠵᠢᠶ᠎ᠠ ᠭᠡᠪᠡᠯ ᠨᠣᠶᠠᠨ ᠰᠠᠭᠤᠬᠤ ᠬᠡᠷᠡᠭ ᠦᠭᠡᠢ》ᠭᠡᠵᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ  ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠳ ᠳᠤᠮᠳᠠᠳᠤ ᠭᠠᠳᠠᠭᠠᠳᠤ᠎ᠶᠢᠨ ᠰᠤᠷᠪᠤᠯᠵᠢᠯᠠᠭ᠍ᠴᠢᠳ᠎ᠲᠠᠢ ᠠᠭᠤᠯᠵᠠᠬᠤ ᠦᠶ᠎ᠡ᠎ᠳᠦ᠂ ᠶᠡᠷᠦᠩᠬᠡᠢ ᠱᠦᠵᠢ ᠰᠢ᠎ᠶᠢᠨ ᠫᠢᠩ《ᠥᠩᠭᠡ ᠰᠠᠢᠬᠠᠨ ᠭᠡᠵᠦ ᠪᠤᠰᠤᠳ ᠲᠤ᠌ ᠮᠠᠭᠲᠠᠬᠳᠠᠬᠤ᠎ᠶᠢ ᠬᠦᠰᠡᠬᠦ ᠦᠭᠡᠢ᠂ ᠵᠦᠪᠭᠡᠨ ᠰᠡᠩᠬᠢᠨᠡᠮ᠎ᠡ ᠰᠠᠢᠬᠠᠨ ᠠᠭᠠᠷ ᠦᠨᠦᠷ᠎ᠢ ᠦᠯᠡᠳᠡᠭᠡᠮᠤᠢ》ᠭᠡᠬᠦ ᠰᠢᠯᠦᠭ᠎ᠡᠴᠡ ᠡᠰᠢ ᠲᠠᠲᠠᠵᠤ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠣᠭᠣᠰᠤᠨ ᠨᠡᠷ᠎ᠡ᠎ᠶᠢ ᠬᠥᠭᠡᠭᠡᠴᠡᠯᠳᠦᠬᠦ ᠦᠭᠡᠢ᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠡᠷᠬᠢᠮ ᠳᠡᠭᠡᠳᠦ ᠴᠢᠬᠡᠴᠢ ᠵᠣᠷᠢᠭ᠋᠎ᠢ ᠠᠮᠢᠳᠤᠯᠢᠭ᠋᠎ᠢᠶᠠᠷ ᠲᠠᠢᠯᠪᠤᠷᠢᠯᠠᠵᠠᠢ᠃  ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠳᠤ᠂ ᠡᠪ ᠬᠠᠮᠲᠤ ᠨᠠᠮ᠎ᠤᠨ ᠭᠡᠰᠢᠭᠦᠨ ᠨᠢᠭᠡ ᠪᠦᠷᠢ ᠥᠪᠡᠷ᠎ᠪᠡᠶ᠎ᠡ᠎ᠳᠡᠭᠡᠨ ᠲᠤᠢᠯᠪᠤᠷᠢᠲᠠᠢ ᠬᠤᠪᠢᠰᠬᠠᠯ ᠬᠢᠬᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠤᠬᠠᠮᠰᠠᠷ᠎ᠠᠴᠠ᠎ᠪᠠᠨ᠂ ᠤᠳᠠᠭᠠᠨ ᠳᠠᠭᠠᠭᠠᠮᠠᠭᠠᠢ᠂ ᠲᠤᠢᠯᠪᠤᠷᠢᠲᠠᠢ ᠪᠠᠢᠬᠤ ᠲᠠᠯ᠎ᠠ᠎ᠪᠠᠷ ᠭᠦᠢᠴᠡᠳ ᠬᠦᠴᠦ ᠣᠷᠣᠭᠤᠯᠵᠤ᠂ ᠢᠮᠠᠭᠲᠠ ᠥᠪᠡᠷ᠎ᠢ᠎ᠪᠡᠨ ᠴᠢᠩᠭ᠎ᠠ ᠱᠠᠭᠠᠷᠳᠠᠵᠤ᠂ ᠡᠷᠬᠡ ᠎ᠶᠢᠨ ᠪᠣᠭᠣᠮᠲᠠ᠂ ᠡᠳ᠋᠎ᠤᠨ ᠪᠣᠭᠣᠮᠲᠠ᠂  ᠥᠩᠭᠡ᠎ᠶᠢᠨ ᠪᠣᠭᠣᠮᠲᠠ᠎ᠶᠢ ᠰᠠᠢᠲᠤᠷ ᠰᠠᠬᠢᠵᠤ᠂ ᠠᠷᠢᠭᠤᠨ ᠴᠢᠬᠡᠴᠢ᠎ᠪᠡᠷ ᠬᠥᠮᠥᠨ ᠪᠣᠯᠬᠤ᠂ ᠠᠷᠢᠭᠤᠨ ᠴᠢᠬᠡᠴᠢ᠎ᠪᠡᠷ ᠠᠵᠢᠯ ᠶᠠᠪᠤᠳᠠᠯ ᠬᠢᠬᠦ᠂ ᠦᠨᠡᠨᠴᠢ ᠰᠢᠳᠤᠷᠭᠤ᠎ᠪᠠᠷ ᠨᠣᠶᠠᠨ ᠰᠠᠭᠤᠬᠤ᠎ᠶᠢ ᠪᠡᠶᠡᠯᠡᠭᠦᠯᠵᠦ᠂ ᠲᠥᠪ ᠭᠣᠣᠯᠴᠢ ᠠᠷᠢᠭᠤᠨ ᠴᠢᠬᠡᠴᠢ ᠤᠯᠤᠰ ᠲᠦᠷᠦ᠎ᠶᠢᠨ ᠣᠣᠷ ᠴᠢᠨᠠᠷ᠎ᠢᠶᠠᠨ ᠪᠠᠲᠤᠯᠠᠬᠤ ᠬᠡᠷᠡᠭᠲᠡᠢ᠃ ᠢᠮᠠᠭᠲᠠ ᠡᠷᠬᠡ᠎ᠶᠢ ᠪᠢᠰᠢᠷᠡᠨ ᠵᠢᠷᠦᠬᠡᠰᠢᠶᠡᠬᠦ᠂ ᠡᠷᠬᠡ᠎ᠶᠢ ᠰᠠᠢᠲᠤᠷ ᠬᠠᠮᠢᠶᠠᠷᠬᠤ᠂ ᠡᠷᠬᠡ᠎ᠶᠢ ᠪᠣᠯᠭᠣᠮᠵᠢᠲᠠᠢ ᠬᠡᠷᠡᠭᠯᠡᠬᠦ᠂ ᠱᠠᠮᠰᠢᠬᠤ᠎ᠶᠢ ᠴᠡᠭᠡᠷᠯᠡᠨ ᠲᠤᠷ᠎ᠠ ᠬᠦᠰᠡᠯ᠎ᠵᠢᠡᠨ ᠬᠤᠷᠢᠬᠯᠠᠬᠤ᠂ ᠠᠮᠢ ᠬᠤᠪᠢ᠎ᠪᠠᠨ ᠪᠤᠳᠤᠬᠤ ᠦᠭᠡᠢ᠎ᠪᠡᠷ ᠨᠡᠶ᠋ᠢᠲᠡ᠎ᠶᠢᠨ ᠲᠥᠯᠥᠭᠡ ᠵᠢᠳᠬᠦᠬᠦ᠎ᠶᠢ ᠪᠡᠶᠡᠯᠡᠭᠦᠯᠵᠦ᠂ 《ᠠᠷᠢᠭᠤᠨ ᠴᠢᠬᠡᠴᠢ ᠪᠣᠯ ᠵᠢᠷᠭᠠᠯ᠂ ᠬᠤᠪᠳᠤᠭ ᠰᠢᠨᠤᠬᠠᠢ ᠪᠣᠯ ᠵᠣᠪᠠᠯᠠᠩ》 ᠭᠡᠬᠦ ᠶᠣᠰᠣ᠌ ᠤᠴᠢᠷ᠎ᠢ ᠴᠠᠭ ᠢᠮᠠᠭᠲᠠ ᠰᠡᠳᠬᠢᠯ᠎ᠳᠡᠭᠡᠨ ᠬᠠᠳᠠᠩᠰᠢᠭᠤᠯᠵᠤ᠂ ᠢᠯᠵᠢᠷᠠᠯ᠎ᠢ ᠡᠰᠡᠷᠭᠦᠴᠡᠨ ᠴᠢᠨᠡᠷ ᠬᠤᠪᠢᠷᠠᠬᠤ᠎ᠶᠢ ᠰᠡᠷᠭᠡᠢᠯᠡᠬᠦ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ᠎ᠶᠢᠨ ᠠᠷᠢᠭᠤᠨ ᠴᠢᠬᠡᠴᠢ ᠰᠣᠶᠣᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠠᠷᠢᠭᠤᠨ ᠴᠢᠬᠡᠴᠢ᠎ᠶᠢᠨ ᠣᠢᠯᠠᠭᠠᠭᠳᠠᠬᠤᠨ᠂ ᠠᠷᠢᠭᠤᠨ ᠴᠢᠬᠡᠴᠢ᠎ᠶᠢᠨ ᠨᠡᠢᠲᠡᠯᠢᠭ ᠵᠢᠱ᠌ᠢᠶ᠎ᠡ᠎ᠶᠢ ᠢᠳᠡᠪᠬᠢᠲᠡᠢ ᠤᠬᠠᠭᠤᠯᠵᠤ᠂ ᠠᠷᠢᠭᠤᠨ ᠴᠢᠬᠡᠴᠢ᠎ᠶᠢ ᠡᠷᠬᠢᠮᠯᠡᠵᠦ ᠢᠯᠵᠢᠷᠡᠯ᠎ᠢ ᠡᠰᠡᠷᠭᠦᠴᠡᠬᠦ ᠰᠠᠢᠨ ᠰᠠᠢᠬᠠᠨ ᠬᠡᠪ ᠰᠤᠷᠲᠠᠯ᠎ᠢ ᠪᠤᠢ ᠪᠣᠯᠭᠠᠵᠤ᠂ ᠢᠳᠡᠪᠬᠢᠲᠡᠢ ᠡᠷᠡᠭᠦᠯ ᠰᠠᠷᠠᠭᠤᠯ ᠠᠮᠢᠳᠤᠷᠠᠯ᠎ᠤᠨ ᠳᠤᠷ᠎ᠠ ᠰᠣᠨᠢᠷᠬᠠᠯ᠎ᠢ ᠪᠣᠢᠵᠢᠭᠤᠯᠵᠤ᠂ ᠠᠷᠢᠭᠤᠨ ᠴᠢᠬᠡᠴᠢ ᠬᠡᠪ ᠰᠤᠷᠲᠠᠯ᠎ᠢ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠬᠡᠪ ᠵᠠᠩᠰᠢᠯ ᠪᠣᠯᠭᠠᠬᠤ ᠬᠡᠷᠡᠭᠲᠡᠢ᠃

[ᠵᠣᠬᠢᠶᠠᠭ᠍ᠴᠢ᠄ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠤᠳᠤᠯᠭᠠᠨ᠎ᠤ ᠲᠥᠪ᠎ᠦᠨ ᠰᠤᠳᠤᠯᠤᠭ᠍ᠴᠢ᠂ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠳᠡᠳ᠋ ᠫᠷᠤᠹᠸᠰᠰᠤᠷ]

             ᠢᠷᠡᠯᠲᠡ᠄ 《ᠭᠤᠸᠠᠨᠭᠮᠢᠨᠭ᠌ ᠡᠳᠦᠷ᠎ᠦᠨ ᠰᠣᠨᠢᠨ》 ᠡᠴᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面