2026-11-13 11:36:58
ᠶᠡᠷᠦᠩᠬᠡᠢ ᠱᠦᠵᠢ ᠰᠢ ᠵᠢᠨ ᠫᠢᠩ᠄《ᠰᠣᠶᠣᠯ᠎ᠤᠨ ᠠᠵᠤ ᠦᠢᠯᠡᠰ ᠪᠠ ᠵᠢᠭᠤᠯᠴᠢᠯᠠᠯ᠎ᠤᠨ ᠠᠵᠤ ᠦᠢᠯᠡᠰ ᠰᠠᠯᠵᠤ ᠪᠣᠯᠤᠰᠢ ᠦᠭᠡᠢ ᠨᠢᠭᠲᠠ ᠬᠠᠷᠢᠴᠠᠭ᠎ᠠ ᠲᠠᠶ᠂ ᠰᠣᠶᠣᠯ ᠵᠢᠡᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ ᠵᠢᠡᠷ ᠰᠣᠶᠣᠯ᠎ᠢ ᠢᠯᠡᠷᠡᠭᠦᠯᠬᠦ ᠵᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠬᠥᠮᠦᠰ ᠲᠤ᠌ ᠪᠠᠢᠭᠠᠯᠢ ᠵᠢᠨ ᠭᠤᠤ᠎ᠠ ᠰᠠᠢᠬᠠᠨ᠎ᠤ ᠳᠤᠮᠳᠠ ᠡᠴᠡ ᠰᠣᠶᠣᠯ᠎ᠤᠨ ᠭᠤᠤ᠎ᠠ ᠰᠠᠢᠬᠠᠨ᠎ᠢ ᠮᠡᠳᠡᠷᠡᠭᠦᠯᠵᠦ᠂ ᠤᠶᠤᠨ ᠰᠠᠨᠠᠭᠠᠨ᠎ᠤ ᠭᠤᠤ᠎ᠠ ᠰᠠᠢᠬᠠᠨ᠎ᠢ ᠬᠥᠮᠦᠵᠢᠭᠦᠯᠬᠦ ᠬᠡᠷᠡᠭᠲᠡᠢ》 ᠭᠡᠵᠦ ᠵᠢᠭᠠᠵᠤ ᠭᠠᠷᠭᠠᠪᠠ᠃
ᠪᠤᠳᠠᠰ᠎ᠤᠨ ᠪᠤᠰᠤ ᠰᠤᠶᠤᠯ᠎ᠤᠨ ᠦᠪ ᠨᠢ ᠰᠤᠶᠤᠯ᠎ᠤᠨ ᠠᠵᠤ ᠦᠢᠯᠡᠰ ᠤᠨ ᠦᠨᠡᠳᠦ ᠡᠷᠳᠡᠨᠢ ᠪᠤᠯᠤᠬᠰᠠᠨ᠎ᠤ ᠬᠤᠪᠢ᠎ᠳᠦ᠂ ᠵᠢᠭᠤᠯᠴᠢᠯᠠᠯ᠎ᠤᠨ ᠠᠵᠤ ᠦᠢᠯᠡᠰ᠎ᠢ ᠬᠦᠭᠵᠢᠭᠦᠯᠬᠦ᠎ᠳᠦ ᠤᠨᠴᠠᠭᠠᠢ ᠪᠠᠢᠷᠢ ᠰᠠᠭᠤᠷᠢ ᠲᠠᠢ ᠶᠤᠮ᠃ ᠬᠣᠷᠴᠢᠨ ᠨᠤᠲᠤᠭ ᠪᠣᠯ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠶᠠᠯᠢᠭ᠋᠎ᠢ ᠭᠠᠢᠬᠠᠭᠤᠯᠤᠭᠰᠠᠨ ᠣᠷᠣᠨ ᠪᠣᠯᠤᠨ᠎ᠠ᠂ ᠬᠣᠷᠴᠢᠨ᠎ᠤ ᠦᠯᠢᠭᠡᠷᠲᠦ ᠠᠷᠠᠳ᠎ᠤᠨ ᠳᠠᠭᠤᠤ᠂ ᠬᠤᠭᠤᠷ᠎ᠤᠨ ᠦᠯᠢᠭᠡᠷ᠂ ᠠᠨᠳᠠᠢ ᠪᠥᠵᠢᠭ᠂ ᠬᠤᠷᠴᠢᠨᠦ ᠬᠠᠳᠬᠤᠮᠠᠯ ᠵᠡᠷᠭᠡ ᠨᠢ ᠮᠠᠰᠢ ᠲᠥᠯᠥᠭᠡᠯᠡᠬᠦ ᠴᠢᠨᠠᠷᠲᠠᠢ ᠪᠣᠳᠠᠰ᠎ᠤᠨ ᠪᠤᠰᠤ ᠰᠣᠶᠣᠯ᠎ᠤᠨ ᠥᠪ ᠪᠤᠯᠬᠤ ᠶᠤᠮ᠃ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠲᠥᠷᠥ᠎ᠶᠢᠨ ᠪᠣᠳᠣᠯᠭ᠎ᠠ᠎ᠶᠢᠨ ᠭᠦᠨᠵᠡᠭᠡᠶ ᠲᠤᠭᠤᠰᠢᠯᠠᠬᠳᠠᠬᠤᠶᠢ ᠳᠠᠭᠠᠯᠳᠤᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠬᠢ ᠪᠠᠶᠠᠯᠢᠭ᠋᠎ᠢ ᠬᠡᠷᠬᠢᠨ ᠵᠢᠭᠤᠯᠴᠢᠯᠠᠯ᠎ᠤᠨ ᠦᠢᠯᠡᠰ᠎ᠦᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ᠎ᠨᠢ ᠤᠳᠤᠬᠠᠨ᠎ᠤ ᠰᠢᠢᠳᠪᠦᠷᠢᠯᠡᠬᠦ ᠴᠢᠬᠤᠯᠠ ᠲᠠᠶ ᠭᠤᠤᠯ ᠰᠡᠳᠦᠪ ᠪᠣᠯᠵᠠᠶ᠃ ᠡᠨᠳᠡ ᠬᠣᠷᠴᠢᠨ᠎ᠤ ᠪᠣᠳᠠᠰ᠎ᠤᠨ ᠪᠤᠰᠤ ᠰᠤᠶᠤᠯ᠎ᠤᠨ ᠦᠪ᠎ᠢ ᠠᠮᠢᠳᠤᠯᠢᠭ᠋᠎ᠢᠶᠠᠷ ᠤᠯᠠᠮᠵᠢᠯᠠᠬᠤ ᠣᠷᠢᠳᠠᠯ ᠲᠤᠤᠷ᠎ᠠ᠂ ᠵᠢᠭᠤᠯᠴᠢᠯᠠᠯ᠎ᠤᠨ ᠦᠢᠯᠡᠰ ᠲᠠᠢ ᠤᠷᠭᠠᠨᠢᠭ᠋ᠢᠶᠠᠷ ᠠᠭᠤᠰᠤᠯᠴᠠᠭᠤᠯᠬᠤ ᠠᠷᠭ᠎ᠠ ᠵᠠᠮ᠎ᠢ ᠡᠷᠢᠯᠬᠢᠯᠡᠵᠦ᠂ ᠮᠠᠨ᠎ᠤ ᠤᠷᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠪᠠ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠎ᠳᠦ ᠯᠠᠪᠯᠠᠯᠲᠠ ᠬᠠᠩᠭᠠᠬᠤ᠎ᠶᠢ ᠬᠢᠴᠢᠶᠡᠪᠡ᠃
ᠨᠢᠭᠡ᠂ ᠬᠣᠷᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠨᠢᠷ ᠪᠠᠶᠠᠯᠢᠭ᠋ ᠪᠠ ᠵᠢᠭᠤᠯᠴᠢᠯᠠᠯ᠎ᠤᠨ ᠦᠢᠯᠡᠰ᠎ᠤᠨ ᠠᠵᠠ ᠲᠣᠬᠢᠶᠠᠯ
ᠬᠣᠷᠴᠢᠨ᠎ᠤ ᠲᠠᠯ᠎ᠠ ᠨᠤᠲᠤᠭ ᠪᠣᠯ ᠨᠡᠭᠦᠳᠡᠯ ᠮᠠᠯᠵᠢᠯ᠎ᠤᠨ ᠰᠤᠶᠤᠯ ᠬᠢᠭᠡᠳ ᠲᠠᠷᠢᠶᠠᠯᠠᠬᠤ ᠰᠣᠶᠣᠯ ᠤᠷᠭᠠᠨᠢᠭ᠋ᠢᠶᠠᠷ ᠤᠶᠠᠯᠳᠤᠭᠰᠠᠨ ᠭᠤᠤᠯ ᠣᠷᠣᠨ ᠪᠣᠯᠤᠨ᠎ᠠ᠃ ᠬᠡᠳᠦᠨ ᠵᠠᠭᠤᠨ ᠵᠢᠯ᠎ᠦᠨ ᠲᠤᠷᠰᠢ᠂ ᠡᠨᠡ ᠬᠦ᠌ ᠨᠤᠲᠤᠭ᠎ᠲᠤ ᠦᠯᠢᠭᠡᠷ᠂ ᠬᠣᠯᠪᠣᠭ᠎ᠠ᠎ᠪᠠᠷ ᠲᠥᠯᠥᠭᠡᠯᠡᠭᠦᠯᠦᠭᠰᠡᠨ ᠲᠠᠭᠤᠷᠢᠯᠢᠭ ᠤᠷᠠᠯᠢᠭ᠋᠂ ᠠᠨᠳᠠᠢ ᠪᠥᠵᠢᠭ᠎ᠢᠶᠡᠷ ᠲᠥᠯᠥᠭᠡᠯᠡᠭᠦᠯᠦᠭᠰᠡᠨ ᠤᠯᠠᠮᠵᠢᠯᠠᠯᠲᠤ ᠪᠥᠵᠢᠭ᠂ ᠬᠣᠷᠴᠢᠨ᠎ᠤ ᠦᠯᠢᠭᠡᠷᠲᠦ ᠠᠷᠠᠳ᠎ᠤᠨ ᠳᠠᠭᠤᠤ᠎ᠪᠠᠷ ᠲᠥᠯᠥᠭᠡᠯᠡᠭᠦᠯᠦᠭᠰᠡᠨ ᠠᠮᠠᠨ ᠵᠣᠬᠢᠶᠠᠯ᠂ ᠬᠤᠷᠴᠢᠨ ᠮᠣᠩᠭᠣᠯ ᠬᠠᠳᠬᠤᠮᠠᠯ ᠪᠠ ᠬᠤᠷᠴᠢᠨ ᠡᠮᠡᠭᠡᠯ ᠬᠢᠬᠦ ᠤᠷ᠎ᠠ ᠮᠡᠷᠭᠡᠵᠢᠯ᠎ᠢᠶᠡᠷ ᠲᠥᠯᠥᠭᠡᠯᠡᠭᠦᠯᠦᠭᠰᠡᠨ ᠤᠯᠠᠮᠵᠢᠯᠠᠯᠲᠤ ᠭᠠᠷ ᠤᠷᠠᠯᠠᠯ ᠪᠣᠯᠤᠨ ᠨᠡᠭᠦᠳᠡᠯ ᠮᠠᠯᠵᠢᠯ᠎ᠤᠨ ᠵᠠᠩ ᠦᠢᠯᠡ᠂ ᠨᠠᠢᠷ ᠨᠠᠭᠠᠳᠤᠮ ᠵᠡᠷᠭᠡ ᠤᠯᠠᠮᠵᠢᠯᠠᠯᠲᠤ ᠪᠠᠶᠠᠷ ᠳᠤᠷᠠᠰᠬᠠᠯ᠎ᠤᠨ ᠰᠤᠶᠤᠯ᠎ᠤᠨ ᠡᠬᠢ ᠪᠠᠶᠠᠯᠢᠭ᠋ ᠤᠷᠭᠤᠵᠤ ᠪᠦᠷᠢᠯᠳᠦᠭᠰᠡᠨ ᠪᠠᠶ᠋ᠢᠨ᠎ᠠ᠃ ᠦᠨᠦ ᠵᠥᠪᠬᠡᠨ ᠲᠦᠩᠯᠢᠶᠣᠤ ᠬᠤᠲᠠᠨ ᠳ᠋ᠤ᠌ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ 14᠂ ᠣᠷᠣᠨ᠎ᠤ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠦᠷᠦᠯ ᠵᠦᠢᠯ 73 ᠪᠠᠶ᠋ᠢᠵᠤ᠂ ᠡᠨᠡ ᠨᠢ ᠪᠦᠬᠦ ᠤᠯᠤᠰ᠎ᠤᠨ ᠬᠡᠪᠴᠢᠶᠡᠨ᠎ᠳᠦ ᠴᠦ᠍ ᠭᠡᠰᠡᠨ ᠪᠣᠳᠠᠰ᠎ᠤᠨ ᠪᠤᠰᠤ ᠰᠣᠶᠣᠯ᠎ᠤᠨ ᠥᠪ᠎ᠢᠶᠠᠷ ᠮᠠᠰᠢ ᠪᠠᠶᠠᠯᠢᠭ᠋ ᠤᠷᠤᠨ᠎ᠤ ᠨᠢᠭᠡ᠎ᠳᠤ ᠲᠤᠭᠠᠴᠢᠭᠳᠠᠬᠤ ᠶᠤᠮ᠃
ᠤᠳᠤᠬᠠᠨ᠎ᠳᠤ᠂ ᠣᠳᠣᠬᠢᠴᠢᠯᠠᠯᠲᠠ ᠪᠣᠯᠤᠨ ᠬᠤᠳᠠᠴᠢᠯᠠᠯᠳᠠ᠎ᠶᠢᠨ ᠬᠦᠭᠵᠢᠯᠳᠡ᠎ᠶᠢ ᠲᠠᠭᠠᠯᠳᠤᠨ᠂ ᠬᠣᠷᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ ᠵᠠᠯᠭᠠᠮᠵᠢᠯᠠᠯ ᠨᠢ ᠪᠠᠭ᠎ᠠ ᠪᠤᠰᠤ ᠦᠷᠢᠰᠦᠯᠳᠦᠭᠡᠨᠳᠦ ᠤᠴᠠᠷᠠᠬᠰᠠᠨ ᠪᠤᠯᠪᠠᠴᠦ᠂ ᠵᠢᠭᠤᠯᠴᠢᠯᠠᠯ᠎ᠤᠨ ᠦᠢᠯᠡᠰ᠎ᠤᠨ ᠥᠷᠨᠢᠯ ᠨᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠳᠤ ᠰᠢᠨ᠎ᠡ ᠪᠣᠯᠤᠮᠵᠢ᠎ᠶᠢ ᠬᠠᠩᠭᠠᠭᠰᠠᠨ ᠪᠠᠶ᠋ᠢᠨ᠎ᠠ᠃ ᠵᠢᠭᠤᠯᠴᠢᠯᠠᠯ ᠨᠢ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠯᠳᠤ ᠠᠵᠤ ᠠᠬᠤᠶ᠎ᠶᠢᠨ ᠲᠦᠰᠢᠭ ᠲᠤᠯᠭᠠᠭᠤᠷᠢ ᠬᠠᠩᠭᠠᠵᠤ ᠴᠢᠳᠠᠬᠤ᠎ᠪᠠᠷ ᠪᠠᠷᠠᠬᠤ ᠪᠠᠰᠠ ᠳᠡᠯᠭᠡᠨ ᠦᠵᠡᠬᠦᠯᠭᠡ ᠪᠠ ᠪᠡᠶᠡᠴᠢᠯᠡᠨ ᠣᠶ᠋ᠢᠯᠠᠭᠠᠬᠤ ᠦᠢᠯᠡᠳᠦᠯᠭᠡ᠎ᠪᠠᠷ ᠲᠠᠮᠵᠢᠨ ᠰᠣᠶᠣᠯ᠎ᠤᠨ ᠭᠧᠨ᠎ᠢ ᠦᠷᠭᠦᠯᠵᠢᠯᠡᠭᠦᠯᠵᠦ ᠴᠢᠳᠠᠨ᠎ᠠ᠃ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠲᠥᠷᠥ᠎ᠶᠢᠨ ᠪᠣᠳᠣᠯᠭ᠎ᠠ᠎ᠶᠢᠨ ᠲᠤᠭᠤᠰᠢᠯᠠᠬᠳᠠᠬᠤᠶᠢ ᠲᠠᠭᠠᠯᠳᠤᠨ᠂ ᠪᠣᠳᠠᠰ᠎ᠤᠨ ᠪᠤᠰᠤ ᠰᠣᠶᠣᠯ᠎ᠤᠨ ᠥᠪ ᠬᠢᠭᠡᠳ ᠠᠶᠠᠯᠠᠯ ᠵᠢᠭᠤᠯᠴᠢᠯᠠᠯ᠎ᠢ ᠭᠦᠨᠵᠡᠭᠡᠶ ᠤᠶᠠᠯᠳᠤᠭᠤᠯᠬᠤ ᠨᠢ ᠲᠥᠷᠥ᠎ᠶᠢᠨ ᠪᠣᠳᠣᠯᠭ᠎ᠠ᠎ᠶᠢᠨ ᠤᠳᠤᠷᠢᠳᠤᠮᠵᠢ ᠬᠢᠭᠡᠳ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠶᠢᠨ ᠬᠥᠳᠡᠯᠭᠡᠬᠦ ᠬᠦᠴᠦᠨ ᠪᠤᠯᠤᠭᠰᠠᠨ ᠪᠠᠢᠨ᠎ᠠ᠃ ᠬᠡᠷᠬᠢᠨ 《ᠬᠠᠮᠠᠭᠠᠯᠠᠬᠤ》 ᠪᠠ 《ᠠᠰᠢᠭ᠍ᠯᠠᠬᠤ 》 ᠵᠢᠨ ᠲᠡᠩᠴᠡᠭᠦᠷᠢ᠎ᠶᠢ ᠣᠯᠵᠤ᠂《ᠠᠮᠢᠳᠤ ᠦᠪ ᠵᠠᠯᠭᠠᠮᠵᠢᠯᠠᠯ》 ᠪᠠ《ᠠᠶᠠᠯᠠᠯ ᠵᠢᠭᠤᠯᠴᠢᠯᠠᠯ᠎ᠤᠨ ᠬᠦᠭᠵᠢᠯ》 ᠤ᠋ᠨ ᠬᠤᠭᠤᠷᠤᠨᠳᠦᠬᠢ ᠬᠠᠮᠲᠤ᠎ᠶᠢᠨ ᠠᠰᠢᠬ ᠲᠤᠰᠠ ᠵᠢᠨ ᠲᠣᠭᠲᠠᠴᠠ᠎ᠶᠢ ᠪᠠᠶ᠋ᠢᠭᠤᠯᠬᠤ ᠪᠣᠯ ᠬᠣᠷᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠵᠢᠭᠤᠯᠴᠢᠯᠠᠯ᠎ᠤᠨ ᠲᠤᠮᠳᠠ ᠠᠮᠢᠳᠤ᠎ᠪᠠᠷ ᠤᠯᠠᠮᠵᠢᠯᠠᠬᠤ᠎ᠶᠢᠨ ᠭᠤᠤᠯ ᠠᠷᠭ᠎ᠠ ᠠᠪᠴᠠᠯ ᠪᠣᠯᠤᠨ᠎ᠠ᠃
ᠣᠶ᠋ᠢᠷ᠎ᠠ᠎ᠶᠢᠨ ᠵᠢᠯ᠎ᠦᠳ᠎ᠲᠦ᠂ ᠲᠦᠩᠯᠢᠶᠣᠤ ᠬᠣᠲᠠ᠂ ᠬᠢᠩᠭᠠᠨ ᠠᠶ᠋ᠢᠮᠠᠭ ᠵᠡᠷᠭᠡ ᠭᠠᠵᠠᠷ᠎ᠤᠨ ᠬᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠠᠶᠠᠯᠠᠯ ᠵᠢᠭᠤᠯᠴᠢᠯᠠᠯ ᠲᠠᠢ ᠤᠶᠠᠯᠳᠤᠭᠤᠯᠬᠤ ᠠᠷᠭ᠎ᠠ ᠵᠠᠮ᠎ᠢ ᠢᠳᠡᠪᠬᠢᠲᠡᠶ ᠰᠦᠪᠡᠭᠴᠢᠯᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠲᠣᠭᠯᠠᠯᠲᠠ᠂ ᠰᠤᠷᠤᠭ᠍ᠴᠢᠳ᠎ᠤᠨ ᠰᠤᠳᠤᠯᠤᠨ ᠰᠤᠷᠤᠯᠴᠠᠬᠤ ᠠᠵᠢᠯᠯᠠᠭ᠎ᠠ ᠵᠡᠷᠭᠡ᠎ᠶᠢ ᠦᠷᠨᠢᠭᠦᠯᠦᠨ᠂ ᠪᠣᠳᠠᠰ᠎ᠤᠨ ᠪᠤᠰᠤ ᠰᠣᠶᠣᠯ᠎ᠤᠨ ᠪᠦᠲᠦᠭᠡᠭᠳᠡᠬᠦᠨ᠂ᠪᠣᠳᠠᠰ᠎ᠤᠨ ᠪᠤᠰᠤ ᠰᠣᠶᠣᠯ᠎ᠤᠨ ᠤᠷᠤᠨ ᠰᠠᠭᠤᠴᠠ ᠵᠡᠷᠭᠡᠬᠡᠯᠪᠡᠷᠢᠶᠢ ᠠᠰᠢᠭ᠍ᠯᠠᠵᠤ᠂ ᠵᠣᠬᠢᠬᠤ ᠬᠡᠮᠵᠢᠶᠡᠨ᠎ᠤ ᠦᠷ᠎ᠡ ᠪᠦᠲᠦᠮᠵᠢ ᠤᠯᠪᠠ᠃ ᠭᠡᠪᠡᠴᠦ ᠶᠡᠷᠦᠩᠬᠡᠶᠳ᠋ᠤᠨᠢ ᠠᠪᠴᠤ ᠬᠡᠯᠡᠪᠡᠯ᠂ ᠬᠣᠷᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ ᠪᠠ ᠠᠶᠠᠯᠠᠯ ᠵᠢᠭᠤᠯᠴᠢᠯᠠᠯ᠎ᠤᠨ ᠤᠶᠠᠯᠳᠤᠯ᠎ᠨᠢ ᠮᠦᠨ ᠬᠦ᠌ ᠠᠩᠬᠠᠨ᠎ᠤ ᠱᠠᠲᠤᠨ᠎ᠳᠠᠭᠠᠨ ᠪᠠᠢᠵᠤ᠂ ᠦᠢᠯᠡᠳᠬᠦᠨ ᠪᠦᠲᠦᠭᠡᠭᠳᠡᠬᠦᠨ᠎ᠤ ᠢᠵᠢᠯᠰᠢᠯ᠎ᠨᠢ ᠢᠯᠡᠷᠬᠡᠢ᠂ ᠨᠡᠶ᠋ᠢᠭᠡᠮ ᠲᠣᠭᠣᠷᠢᠭ᠋᠎ᠤᠨ ᠣᠷᠣᠯᠴᠠᠬᠤ ᠬᠡᠮᠵᠢᠶ᠎ᠡ ᠬᠦᠷᠦᠯᠴᠡᠬᠦ ᠥᠬᠡᠶ᠂ ᠳ᠋ᠢᠵᠢᠲᠸᠯᠴᠢᠯᠠᠯᠳᠠᠪᠠᠷ ᠬᠣᠴᠣᠷᠤᠩᠭᠤᠶ ᠵᠡᠷᠭᠡ ᠲᠣᠪᠣᠶ᠋ᠢᠮ᠎ᠠ ᠠᠰᠠᠭᠤᠳᠠᠯ ᠣᠷᠣᠰᠢᠵᠤ᠂ ᠠᠷᠭ᠎ᠠ ᠵᠠᠮ᠎ᠢᠶᠠᠨ ᠰᠢᠯᠢᠳᠡᠭᠵᠢᠭᠦᠯᠬᠦ ᠪᠠ ᠲᠥᠷᠥ᠎ᠶᠢᠨ ᠪᠣᠳᠣᠯᠭ᠎ᠠ᠎ᠶᠢᠨ ᠲᠤᠯᠭᠠᠭᠤᠷᠢᠯᠠᠯ᠎ᠢ ᠪᠠᠴᠢᠮ ᠱᠠᠭᠠᠷᠳᠠᠵᠤ ᠪᠠᠶ᠋ᠢᠨ᠎ᠠ᠃
ᠬᠤᠶᠠᠷ᠂ ᠬᠣᠷᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠭᠤᠯᠴᠢᠯᠠᠯ᠎ᠤᠨ ᠠᠵᠤ ᠦᠢᠯᠡᠰ᠎ᠢ ᠬᠦᠭᠵᠢᠭᠦᠯᠬᠦ ᠶᠠᠪᠤᠴᠠ᠎ᠳᠠᠬᠢ ᠠᠮᠢᠳᠤ ᠤᠯᠠᠮᠵᠢᠯᠠᠯ᠎ᠤᠨ ᠠᠷᠭ᠎ᠠ ᠵᠠᠮ᠎ᠤᠨ ᠰᠦᠪᠡᠭᠴᠢᠯᠡᠯ
(ᠨᠢᠭᠡ)《ᠪᠦᠬᠦᠯᠢ ᠴᠤᠭᠴᠠᠲᠤ ᠴᠢᠨᠠᠷᠲᠠᠶ ᠬᠠᠮᠠᠭᠠᠯᠠᠯ》ᠵᠢᠨᠷ ᠵᠢᠭᠤᠯᠴᠢᠯᠠᠯ᠎ᠢ ᠨᠡᠭᠡᠭᠡᠨ ᠬᠥᠭᠵᠢᠭᠦᠯᠬᠦ᠎ᠶᠢᠨ ᠤᠷᠢᠲᠠᠯ ᠪᠣᠯᠭᠠᠨ᠎ᠠ
ᠪᠣᠳᠠᠰ᠎ᠤᠨ ᠪᠤᠰᠤ ᠰᠣᠶᠣᠯ᠎ᠤᠨ ᠥᠪ᠎ᠢ ᠠᠮᠢᠳᠤᠯᠢᠭ᠋᠎ᠢᠶᠠᠷ ᠤᠯᠠᠮᠵᠢᠯᠠᠬᠤ᠎ᠶᠢᠨ ᠦᠨᠳᠦᠰᠦᠨ ᠤᠷᠢᠲᠠᠯ ᠪᠣᠯ ᠲᠡᠭᠦᠨ᠎ᠦ ᠣᠷᠣᠰᠢᠨ ᠲᠣᠭᠲᠠᠨᠢᠬᠤ ᠰᠣᠶᠣᠯ᠎ᠤᠨ ᠠᠮᠢ ᠠᠬᠤᠶ᠎ᠶᠢ ᠬᠠᠮᠠᠭᠠᠯᠠᠬᠤ ᠶᠠᠪᠤᠳᠠᠯ ᠪᠣᠯᠤᠨ᠎ᠠ᠃ ᠠᠶᠠᠯᠠᠯ ᠵᠢᠭᠤᠯᠴᠢᠯᠠᠯ᠎ᠤᠨ ᠨᠡᠭᠡᠭᠡᠨ ᠬᠥᠭᠵᠢᠭᠦᠯᠦᠯᠲᠡ᠎ᠳᠦ᠂《ᠪᠦᠬᠦᠯᠢ ᠴᠤᠭᠴᠠᠲᠤ ᠴᠢᠨᠠᠷᠲᠠᠶ ᠬᠠᠮᠠᠭᠠᠯᠠᠯ》 ᠤ᠋ᠨ ᠵᠠᠷᠴᠢᠮ᠎ᠢ ᠪᠠᠷᠢᠮᠲᠠᠯᠠᠵᠤ᠂ 《ᠰᠣᠶᠣᠯ᠎ᠤᠨ ᠠᠮᠢ ᠠᠬᠤᠶ᠎ᠶᠢᠨ ᠬᠠᠮᠠᠭᠠᠯᠠᠯᠲᠠ᠎ᠶᠢᠨ ᠲᠤᠷᠰᠢᠯᠲᠠ᠎ᠶᠢᠨ ᠲᠣᠭᠣᠷᠢᠭ᠋》 ᠤ᠋ᠨ ᠵᠠᠭᠪᠤᠷ᠎ᠢᠶᠠᠷ ᠯᠠᠪᠯᠠᠯᠲᠠ ᠪᠣᠯᠭᠠᠵᠤ᠂ ᠬᠣᠷᠴᠢᠨ᠎ᠤ ᠤᠨᠴᠠᠯᠢᠭ᠋ ᠪᠦᠬᠦᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠪᠯᠡᠷᠡᠭᠰᠡᠨ ᠣᠷᠣᠨ᠎ᠳᠤ ᠰᠣᠶᠣᠯ᠎ᠤᠨ ᠠᠮᠢ ᠠᠬᠤᠶ᠎ᠶᠢᠨ ᠬᠠᠮᠠᠭᠠᠯᠠᠯᠲᠠ᠎ᠶᠢᠨ ᠲᠣᠭᠣᠷᠢᠭ᠋ ᠬᠤᠪᠢᠶᠠᠷᠢᠯᠠᠨ ᠲᠣᠭᠲᠠᠭᠠᠵᠤ᠂ ᠬᠤᠭᠤᠷ᠎ᠤᠨ ᠥᠯᠢᠭᠡᠷ᠎ᠦᠨ ᠲᠣᠰᠬᠣᠨ᠂ ᠠᠨᠳᠠᠶ ᠪᠥᠵᠢᠭ᠎ᠦᠨ ᠡᠭᠦᠰᠦᠯᠭᠠᠵᠠᠷ ᠵᠡᠷᠭᠡ᠎ᠶᠢ ᠪᠦᠬᠦᠯᠢ ᠴᠤᠭᠴᠠᠲᠤ ᠬᠠᠮᠠᠭᠠᠯᠠᠯᠲᠠ᠎ᠶᠢᠨ ᠲᠦᠰᠦᠪ᠎ᠲᠦ ᠣᠷᠣᠭᠤᠯᠵᠤ᠂ ᠡᠪᠳᠡᠯᠡᠭᠡ᠎ᠶᠢᠨ ᠴᠢᠨᠠᠷᠲᠠᠶ ᠬᠤᠳᠠᠯᠳᠤᠭᠠᠨ᠎ᠤ ᠨᠡᠭᠡᠭᠡᠨ ᠬᠦᠭᠵᠢᠭᠦᠯᠦᠯᠲᠡ᠎ᠶᠢᠨ ᠦᠢᠯᠡ ᠠᠵᠢᠯᠯᠠᠭ᠎ᠠ᠎ᠶᠢ ᠡᠷᠡᠰ ᠬᠢᠵᠠᠭᠠᠷᠯᠠᠨ᠎ᠠ᠃ ᠡᠭᠦᠨ᠎ᠦ ᠬᠠᠮᠲᠤ᠂《ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠴᠡᠭ》 ᠵᠡᠷᠭᠡ᠎ᠶᠢᠨ ᠵᠢᠭᠤᠯᠴᠢᠯᠠᠯ᠎ᠤᠨ ᠴᠡᠭ᠎ᠢ ᠪᠠᠢᠭᠤᠯᠵᠤ᠂ ᠵᠢᠭᠤᠯᠴᠢᠯᠠᠬᠰᠠᠳ᠎ᠢ ᠦᠨᠡᠨ ᠬᠦ᠌ ᠤᠯᠠᠮᠵᠢᠯᠠᠨ ᠵᠠᠯᠭᠠᠮᠵᠢᠯᠠᠵᠤ ᠪᠠᠢᠭ᠎ᠠ ᠠᠬᠤᠢ ᠲᠠᠯᠠᠪᠠᠶ᠎ᠳᠤ ᠠᠪᠠᠴᠢᠨ᠎ᠠ᠃
(ᠬᠣᠶᠠᠷ) ᠤᠷᠤᠨ ᠨᠤᠳᠤᠭ᠎ᠤᠨ ᠤᠨᠴᠠᠯᠢᠭ᠋᠎ᠢᠶᠠᠨ ᠲᠤᠪᠦᠢᠯᠭᠠᠵᠤ᠂ ᠥᠷᠢᠰᠥᠯᠳᠦᠬᠦ ᠬᠦᠴᠦᠨ᠎ᠢᠶᠠᠨ ᠴᠢᠩᠭᠠᠳᠬᠠᠨ᠎ᠠ
ᠬᠣᠷᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠪᠡᠷᠮᠢᠴᠡ ᠤᠨᠴᠠᠯᠢᠭ᠋᠎ᠢᠶᠠᠨ ᠪᠦᠷᠢᠮᠦᠰᠦᠨ ᠪᠠᠳᠠᠷᠠᠭᠤᠯᠵᠤ᠂ ᠪᠤᠰᠤᠳ ᠤᠷᠤᠨ ᠨᠤᠳᠤᠭ᠎ᠤᠨ ᠰᠤᠶᠤᠯ᠎ᠤᠨ ᠦᠪᠠᠴᠠ ᠤᠨᠴᠠᠯᠢᠭ᠍ᠳᠠᠬᠤ ᠵᠦᠢᠯᠡᠰ᠎ᠢ ᠨᠢ ᠵᠢᠭᠤᠯᠴᠢᠯᠠᠯ᠎ᠤᠨ ᠪᠡᠶᠡᠴᠢᠯᠡᠨ ᠣᠶ᠋ᠢᠯᠠᠭᠠᠬᠤ ᠪᠦᠲᠦᠭᠡᠭᠳᠡᠬᠦᠨ ᠪᠣᠯᠭᠠᠨ ᠬᠤᠪᠢᠷᠠᠭᠤᠯᠵᠤ᠂ ᠵᠢᠭᠤᠯᠴᠢᠯᠠᠬᠰᠠᠳ᠎ᠤᠨ ᠰᠤᠨᠢᠷᠬᠠᠯ᠎ᠢ ᠲᠠᠲᠠᠵᠤ᠂ ᠬᠤᠷᠴᠢᠨ ᠨᠤᠲᠤᠭ᠎ᠤᠨ ᠰᠤᠶᠤᠯ᠎ᠤᠨ ᠪᠠᠶᠠᠯᠢᠭ᠋᠎ᠢ ᠲᠠᠨᠢᠭᠤᠯᠤᠨ᠎ᠠ᠃ ᠪᠡᠶᠡᠴᠢᠯᠡᠨ ᠣᠶ᠋ᠢᠯᠠᠭᠠᠬᠤ ᠶᠠᠪᠤᠴᠠ᠎ᠳᠤ《ᠦᠵᠡᠵᠦ ᠰᠤᠨᠢᠷᠬᠠᠬᠤ ᠬᠡᠯᠪᠡᠷᠢ》ᠵᠢᠨ ᠪᠡᠶᠡᠴᠢ ᠣᠶ᠋ᠢᠯᠠᠭᠠᠯᠲᠠ᠎ᠠᠴᠠ 《ᠪᠠᠶᠠᠴᠢᠯᠡᠨ ᠣᠷᠣᠯᠴᠠᠬᠤ ᠬᠡᠯᠪᠡᠷᠢ》 ᠲᠡᠢᠰᠢ ᠬᠦᠨᠵᠡᠭᠡᠢᠷᠡᠬᠦᠯᠦᠨ ᠬᠦᠭᠵᠢᠭᠦᠯᠦᠨ᠎ᠡ; ᠵᠢᠭᠤᠯᠴᠢᠯᠠᠯ᠎ᠤᠨ ᠵᠠᠮ ᠱᠤᠭᠤᠮ᠎ᠤᠨ ᠲᠥᠯᠥᠪᠯᠡᠭᠡ᠎ᠶᠢᠨ ᠲᠠᠯ᠎ᠠ᠎ᠪᠠᠷ᠂ ᠲᠠᠷᠠᠬᠠᠶ ᠪᠤᠲᠠᠷᠬᠠᠶ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠬᠢ ᠪᠠᠶᠠᠯᠢᠭ᠋᠎ᠢ ᠭᠤᠤᠯ ᠰᠡᠳᠦᠪᠲᠦ ᠵᠢᠭᠤᠯᠴᠢᠯᠠᠯ᠎ᠤᠨ ᠴᠡᠭ ᠲᠠᠢ ᠬᠣᠯᠪᠣᠵᠤ ᠂《ᠬᠣᠷᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠦᠨᠵᠡᠭᠡᠶ ᠣᠶ᠋ᠢᠯᠠᠭᠠᠯᠲᠠ᠎ᠶᠢᠨ ᠲᠤᠯᠤᠭᠠᠨ(ᠭᠤᠷᠪᠠᠨ᠂ ᠲᠠᠪᠤᠨ) ᠡᠳᠦᠷ᠎ᠦᠨ ᠵᠢᠭᠤᠯᠴᠢᠯᠠᠯ》ᠮᠡᠳᠦ᠎ᠪᠠᠷ ᠲᠥᠯᠥᠪᠯᠡᠵᠦ᠂ ᠨᠠᠢᠷ ᠨᠠᠭᠠᠳᠤᠮ᠎ᠳᠦ ᠤᠷᠤᠯᠴᠠᠭᠤᠯᠬᠤ᠂ ᠥᠯᠢᠭᠡᠷ᠎ᠦᠨ ᠤᠯᠠᠮᠵᠢᠯᠠᠭ᠍ᠴᠢ᠎ᠶᠢᠨ ᠲᠣᠰᠬᠣᠨ᠎ᠳᠤ ᠰᠠᠭᠤᠯᠭᠠᠵᠤ ᠦᠯᠢᠭᠡᠷ ᠬᠤᠯᠪᠤᠭ᠎ᠠ ᠰᠤᠨᠤᠰᠬᠠᠬᠤ᠂ ᠮᠣᠩᠭᠣᠯ ᠦᠨᠳᠦᠰᠦᠲᠡᠨ᠎ᠦ ᠬᠠᠳᠬᠤᠮᠠᠯ᠎ᠤᠨ ᠦᠢᠯᠡᠳᠬᠡᠯ᠎ᠦᠨ ᠭᠠᠵᠠᠷ᠎ᠲᠤ ᠤᠴᠢᠭᠤᠯᠵᠤ ᠰᠤᠳᠤᠯᠤᠨ ᠰᠤᠷᠤᠯᠴᠠᠭᠤᠯᠬᠤ᠂ ᠤᠯᠠᠮᠵᠢᠯᠠᠯᠲᠤ ᠮᠣᠷᠢᠨ ᠡᠳ᠋ᠯᠡᠯ ᠬᠢᠬᠦ ᠪᠦᠬᠦ ᠶᠠᠪᠤᠴᠠ᠎ᠶᠢ ᠰᠤᠨᠢᠷᠬᠠᠭᠤᠯᠵᠤ ᠤᠢᠯᠭᠠᠭᠤᠯᠬᠤᠵᠡᠷᠭᠡᠶᠢ ᠤᠶᠠᠯᠳᠤᠭᠤᠯᠤᠨ᠎ᠠ᠃ ᠪᠦᠬᠦ ᠡᠯᠧᠮᠧᠨ᠋ᠲ᠎ᠢ ᠠᠭᠤᠰᠤᠯᠴᠠᠭᠤᠯᠬᠤ ᠲᠠᠯ᠎ᠠ᠎ᠪᠠᠷ᠂ ᠪᠣᠳᠠᠰ᠎ᠤᠨ ᠪᠤᠰᠤ ᠰᠣᠶᠣᠯ᠎ᠤᠨ ᠦᠪ᠎ᠤᠨ ᠭᠣᠣᠯ ᠰᠡᠳᠦᠪᠲᠦ ᠣᠷᠣᠨ ᠰᠠᠭᠤᠴᠠ᠂ ᠰᠠᠭᠤᠭᠠᠯᠢ ᠠᠷᠠᠳ᠎ᠤᠨ ᠲᠤᠭᠤᠷᠢᠭ᠂ ᠪᠣᠳᠠᠰ᠎ᠤᠨ ᠪᠤᠰᠤ ᠰᠣᠶᠣᠯ᠎ᠤᠨ ᠤᠨᠴᠠᠯᠢᠭ᠍ᠳᠤ ᠢᠳᠡᠭᠡᠨ ᠤᠮᠳᠠᠭᠠᠨ᠂ ᠪᠣᠳᠠᠰ᠎ᠤᠨ ᠪᠤᠰᠤ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠶᠡᠬᠡ ᠪᠡᠷ ᠬᠥᠭᠵᠢᠭᠦᠯᠵᠦ᠂ ᠵᠢᠭᠤᠯᠴᠢᠯᠠᠬᠰᠠᠳ᠎ᠤᠨ ᠵᠢᠭᠤᠯᠴᠢᠯᠠᠯ ᠪᠠ ᠬᠡᠷᠡᠭᠯᠡᠭᠡ᠎ᠶᠢᠨ ᠪᠦᠬᠦ ᠶᠠᠪᠤᠴᠠ᠎ᠳᠤ ᠪᠦᠷ ᠬᠣᠷᠴᠢᠨ ᠰᠤᠶᠤᠯ᠎ᠤᠨ ᠤᠨᠴᠠᠯᠢᠭ᠋᠎ᠢᠶᠠᠨ ᠪᠦᠷᠢᠨ ᠪᠠᠳᠠᠷᠠᠭᠤᠯᠵᠤ᠂ ᠬᠤᠷᠴᠢᠨ ᠨᠤᠳᠤᠭ᠎ᠤᠨ ᠪᠣᠳᠠᠰ᠎ᠤᠨ ᠪᠤᠰᠤ ᠰᠣᠶᠣᠯ᠎ᠤᠨ ᠵᠢᠭᠤᠯᠴᠢᠯᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ᠎ᠡ᠃
(ᠭᠤᠷᠪᠠ)ᠤᠯᠠᠮᠵᠢᠯᠠᠨ ᠵᠠᠯᠭᠠᠮᠵᠢᠯᠠᠭ᠍ᠴᠢ᠎ᠶᠢᠨ ᠰᠣᠶᠣᠯ ᠵᠢᠭᠤᠯᠴᠢᠯᠠᠯ᠎ᠤᠨ ᠭᠤᠤᠯ ᠭᠡᠰᠢᠬᠦᠨ᠎ᠤ ᠦᠢᠯᠡᠳᠦᠯ᠎ᠢ ᠪᠠᠳᠠᠷᠠᠭᠤᠯᠤᠨ᠎ᠠ
ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ᠎ᠳᠦ ᠨᠡᠶ᠋ᠢᠭᠡᠮ ᠲᠣᠭᠣᠷᠢᠭ᠋ᠭᠤᠤᠯᠯᠠᠨ ᠤᠷᠤᠯᠴᠠᠵᠤ᠂ ᠤᠯᠠᠮᠵᠢᠯᠠᠨ ᠵᠠᠯᠭᠠᠮᠵᠢᠯᠠᠭ᠍ᠴᠢ᠎ᠶᠢᠨ ᠥᠷᠲᠡᠭ᠎ᠦᠨ ᠪᠠᠶᠡᠯᠡᠯᠢ ᠪᠠᠳᠠᠷᠠᠭᠤᠯᠵᠤ ᠴᠢᠳᠠᠪᠠᠯ ᠰᠠᠶᠢ ᠰᠣᠶᠣᠯ ᠵᠢᠭᠤᠯᠴᠢᠯᠠᠯ᠎ᠤᠨ ᠦᠢᠯᠡᠰ᠎ᠢ ᠦᠨᠡᠨ ᠬᠦ᠌ ᠲᠦᠯᠬᠢᠨ ᠠᠬᠢᠭᠤᠯᠵᠤ ᠴᠢᠳᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠭᠤᠯᠴᠢᠯᠠᠯ ᠲᠠᠢ ᠭᠡᠷᠬᠢᠨ ᠤᠶᠠᠯᠳᠤᠬᠤ ᠠᠷᠭ᠎ᠠ ᠵᠠᠮ᠎ᠢ ᠬᠠᠢᠨ ᠰᠦᠪᠡᠭᠴᠢᠯᠡᠵᠦ᠂ ᠤᠯᠠᠮᠵᠢᠯᠠᠨ ᠵᠠᠯᠭᠠᠮᠵᠢᠯᠠᠭ᠍ᠴᠢ ᠪᠠ ᠨᠡᠶ᠋ᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠢ ᠤᠷᠮᠠᠰᠢᠭᠤᠯᠵᠤ ᠤᠷ᠎ᠠ ᠮᠡᠷᠭᠡᠵᠢᠯ᠂ ᠠᠬᠤᠢ ᠲᠠᠯᠠᠪᠠᠢ ᠵᠡᠷᠭᠡ ᠰᠣᠶᠣᠯ᠎ᠤᠨ ᠡᠬᠢ ᠪᠠᠶᠠᠯᠢᠭ᠋᠎ᠢᠶᠠᠨ ᠠᠰᠢᠭ᠍ᠯᠠᠵᠤ᠂ ᠵᠢᠭᠤᠯᠴᠢᠯᠠᠯ᠎ᠤᠨ ᠪᠦᠲᠦᠭᠡᠭᠳᠡᠬᠦᠨ᠎ᠤ ᠵᠢᠷᠤᠭ ᠲᠦᠯᠦᠪᠯᠡᠭᠡ᠂ ᠡᠵᠡᠩᠨᠡᠯᠳᠡ ᠪᠠ ᠠᠰᠢᠭ᠋ ᠣᠷᠣᠯᠭ᠎ᠠ᠎ᠶᠢᠨ ᠬᠤᠪᠢᠶᠠᠷᠢᠯᠠᠯᠲᠠ᠎ᠳᠤ ᠬᠠᠮᠲᠤ᠎ᠪᠠᠷ ᠣᠷᠤᠯᠴᠠᠭᠤᠯᠤᠨ᠎ᠠ᠃ ᠡᠢᠮᠦᠷᠬᠦᠤ ᠵᠠᠭᠪᠤᠷ ᠳᠣᠣᠷ᠎ᠠ᠂ ᠤᠯᠠᠮᠵᠢᠯᠠᠨ ᠵᠠᠯᠭᠠᠮᠵᠢᠯᠠᠭ᠍ᠴᠢ ᠨᠢ ᠵᠢᠭᠤᠯᠴᠢᠯᠠᠯ᠎ᠤᠨ ᠦᠢᠯᠡᠴᠢᠯᠡᠭᠡ ᠬᠠᠩᠭᠠᠭ᠍ᠴᠢ ᠪᠣᠯᠬᠤ᠎ᠪᠠᠷ ᠪᠠᠷᠠᠬᠤ ᠦᠭᠡᠢ ᠪᠠᠰᠠ ᠵᠢᠭᠤᠯᠴᠢᠯᠠᠯ᠎ᠤᠨ ᠠᠰᠢᠭ᠋ ᠬᠦᠷᠳᠡᠭᠡᠭᠴᠢ ᠪᠣᠯᠤᠨ᠎ᠠ᠃ ᠠᠰᠢᠭ᠋ ᠤᠷᠤᠯᠭ᠎ᠠ᠎ᠶᠢᠨ ᠨᠡᠮᠡᠭᠳᠡᠯ ᠨᠢ ᠳᠡᠳᠡᠨᠤᠰ᠎ᠤᠨ ᠰᠠᠨᠠᠭᠠᠴᠢᠯᠠᠭ᠎ᠠ᠎ᠠᠴᠠ᠎ᠪᠠᠨ ᠤᠯᠠᠮᠵᠢᠯᠠᠨ ᠵᠠᠯᠭᠠᠮᠵᠢᠯᠠᠬᠤ ᠪᠠ ᠰᠢᠨ᠎ᠡ᠎ᠶᠢ ᠡᠭᠦᠳᠬᠦ ᠢᠳᠡᠪᠬᠢᠵᠢᠯ᠎ᠢ ᠨᠢ ᠪᠦᠲᠦᠮᠵᠢᠲᠡᠢ ᠬᠥᠭᠵᠢᠭᠡᠵᠦ ᠴᠢᠳᠠᠨ᠎ᠠ᠃ ᠡᠭᠦᠨ᠎ᠦ ᠬᠠᠮᠲᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠨ ᠵᠠᠯᠭᠠᠮᠵᠢᠯᠠᠭ᠍ᠴᠢ᠎ᠶᠢ ᠵᠢᠭᠤᠯᠴᠢᠯᠠᠯ᠎ᠤᠨ ᠬᠥᠲᠥᠴᠢ᠂ ᠰᠣᠶᠣᠯ᠎ᠤᠨ ᠲᠠᠢᠯᠪᠤᠷᠢᠯᠠᠭ᠍ᠴᠢ᠂ ᠰᠤᠳᠤᠯᠤᠨ ᠰᠤᠷᠤᠯᠴᠠᠬᠤ ᠠᠩᠬᠢ᠎ᠶᠢᠨ ᠪᠠᠭ᠍ᠰᠢ ᠵᠡᠷᠭᠡ ᠲᠤᠰᠬᠠᠶ ᠮᠡᠷᠭᠡᠵᠢᠯ᠎ᠦᠨ ᠬᠢᠷᠢ ᠬᠡᠮ᠎ᠤᠨ ᠰᠢᠰᠲᠧᠮ᠎ᠳᠦ ᠣᠷᠣᠭᠤᠯᠵᠤ᠂ ᠲᠡᠳᠡᠨ᠎ᠳᠦ ᠮᠡᠷᠭᠡᠵᠢᠯ᠎ᠤᠨ ᠲᠠᠯ᠎ᠠ ᠪᠡᠷ ᠬᠥᠭᠵᠢᠯᠲᠡ᠎ᠶᠢᠨ ᠠᠷᠭ᠎ᠠ ᠵᠠᠮ ᠪᠠ ᠲᠣᠭᠲᠠᠭᠤᠨ ᠣᠷᠣᠯᠭ᠎ᠠ᠎ᠶᠢᠨ ᠢᠷᠡᠯᠲᠡ ᠬᠠᠩᠭᠠᠵᠤ᠂《ᠤᠯᠠᠮᠵᠢᠯᠠᠨ ᠵᠠᠯᠭᠠᠮᠵᠢᠯᠠᠭ᠍ᠴᠢ ᠨᠢ ᠡᠳᠦᠷ ᠢᠷᠡᠬᠦᠶ᠎ᠡ ᠨᠠᠰᠤᠵᠢᠵᠤ᠂ ᠤᠷ᠎ᠠ ᠮᠡᠷᠭᠡᠵᠢᠯ ᠨᠢ ᠭᠡᠭᠡᠭᠳᠡᠬᠦ》ᠪᠠᠶ᠋ᠢᠳᠠᠯ᠎ᠳᠤ ᠲᠤᠯᠭᠠᠷᠠᠬᠤ ᠪᠤᠳᠠᠳᠤ ᠠᠰᠠᠭᠤᠳᠠᠯ᠎ᠢ ᠰᠢᠢᠳᠪᠦᠷᠢᠯᠡᠵᠦ᠂ ᠠᠰᠢᠭ᠋ ᠲᠤᠰᠠ᠎ᠶᠢᠨ ᠬᠥᠳᠡᠯᠭᠡᠭᠦᠷ᠎ᠢᠶᠡᠷ ᠪᠣᠳᠠᠰ᠎ᠤᠨ ᠪᠤᠰᠤ ᠰᠣᠶᠣᠯ᠎ᠤᠨ ᠥᠪ᠎ᠢ ᠦᠢᠯᠡᠳᠪᠦᠷᠢᠯᠡᠯ᠎ᠤᠨ ᠴᠢᠨᠡᠷᠲᠡᠢ᠎ᠪᠠᠷ ᠬᠠᠮᠠᠭᠠᠯᠠᠵᠤ ᠴᠢᠳᠠᠨ᠎ᠠ᠃
(ᠳᠥᠷᠪᠡ)ᠰᠢᠨ᠎ᠡ ᠵᠠᠭᠤᠴᠢᠯᠠᠭᠤᠷ᠎ᠢ ᠠᠰᠢᠭ᠍ᠯᠠᠵᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠭᠤᠯᠴᠢᠯᠠᠯ᠎ᠢ ᠤᠯᠠᠮᠵᠢᠯᠠᠨ ᠳᠡᠯᠭᠡᠷᠡᠭᠦᠯᠬᠦ ᠠᠮᠢ ᠠᠬᠤᠶ᠎ᠶᠢ ᠴᠤᠭᠴᠠᠯᠠᠨ᠎ᠠ
ᠲᠣᠭᠠᠴᠢᠯᠠᠭᠰᠠᠨ ᠮᠡᠷᠭᠡᠵᠢᠯ ᠪᠣᠯ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠵᠠᠷ ᠣᠷᠣᠨ᠎ᠤ ᠬᠢᠵᠠᠭᠠᠷᠯᠠᠯ᠎ᠢ ᠲᠠᠪᠠᠵᠤ᠂ ᠰᠣᠶᠣᠯ᠎ᠤᠨ ᠨᠥᠯᠥᠭᠡᠯᠡᠬᠦ ᠬᠦᠴᠦᠨ᠎ᠢ ᠥᠷᠭᠡᠳᠬᠡᠬᠦ ᠴᠢᠬᠤᠯᠠ ᠠᠷᠭ᠎ᠠ ᠪᠠᠷᠢᠯ ᠪᠣᠯᠤᠨ᠎ᠠ᠃ᠠᠭᠤᠯᠭ᠎ᠠ᠎ᠶᠢᠨ ᠳᠠᠮᠵᠢᠭᠤᠯᠭ᠎ᠠ᠎ᠶᠢᠨ ᠲᠠᠯ᠎ᠠ᠎ᠪᠠᠷ᠂ ᠬᠣᠷᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠬᠣᠷ ᠸᠢᠳᠢᠣ᠋᠎ᠶᠢᠨ IPᠰᠢᠰᠲᠧᠮ᠎ᠢ ᠪᠠᠶ᠋ᠢᠭᠤᠯᠵᠤ᠂ ᠤᠯᠠᠮᠵᠢᠯᠠᠨ ᠵᠠᠯᠭᠠᠮᠵᠢᠯᠠᠭ᠍ᠴᠢ᠎ᠪᠠᠷ ᠭᠤᠤᠯᠯᠠᠭ᠍ᠴᠢ ᠲᠦᠷᠢ ᠪᠣᠯᠭᠠᠵᠤ᠂ ᠥᠯᠢᠭᠡᠷ᠂ ᠠᠨᠳᠠᠶ ᠪᠥᠵᠢᠭ᠂ ᠮᠣᠩᠭᠣᠯ ᠦᠨᠳᠦᠰᠦᠲᠡᠨ᠎ᠦ ᠬᠠᠳᠬᠤᠮᠠᠯ ᠵᠡᠷᠭᠡ ᠲᠥᠷᠥᠯ ᠵᠦᠢᠯ᠎ᠤᠳ᠎ᠦᠨ ᠴᠢᠨᠠᠷ ᠰᠠᠶ᠋ᠢᠲᠠᠶ ᠰᠢᠷᠢᠰ ᠣᠬᠣᠷ ᠸᠢᠳᠢᠣ᠋ ᠦᠢᠯᠡᠳᠴᠦ᠂ ᠰᠢᠨ᠎ᠡ ᠵᠠᠭᠤᠴᠢᠯᠠᠭᠤᠷ ᠪᠠ ᠲᠣᠭᠠᠴᠢᠯᠠᠭᠰᠠᠨ ᠮᠡᠷᠭᠡᠵᠢᠯ᠎ᠢ ᠪᠦᠲᠦᠮᠵᠢᠲᠡᠢ ᠠᠰᠢᠭ᠍ᠯᠠᠵᠤ᠂ ᠠᠭᠤᠯᠭ᠎ᠠ᠎ᠪᠠᠨ ᠤᠯᠠᠮᠵᠢᠯᠠᠨ ᠲᠠᠷᠬᠠᠭᠠᠬᠤ᠎ᠪᠠᠷ ᠵᠢᠭᠤᠯᠴᠢᠯᠠᠯ᠎ᠤᠨ ᠤᠷᠤᠰᠬᠠᠯ ᠪᠣᠯᠭᠠᠨ ᠬᠤᠪᠢᠷᠠᠭᠤᠯᠵᠤ᠂《ᠸᠢᠳᠢᠣ᠋ ᠦᠵᠡᠬᠦ — ᠺᠠᠷᠲ ᠪᠦᠷᠢᠳᠭᠡᠬᠦᠯᠬᠦ — ᠵᠢᠭᠤᠯᠴᠢᠯᠠᠬᠤ》 ᠮᠡᠲᠦ᠎ᠶᠢᠨ ᠠᠷᠭ᠎ᠠ ᠵᠠᠮᠪᠤᠯᠭᠠᠨ ᠬᠤᠪᠢᠷᠠᠭᠠᠨ᠎ᠠ᠃ ᠪᠡᠶᠡᠴᠢᠯᠡᠨ ᠤᠢᠯᠭᠠᠯᠳᠠᠶᠢ ᠬᠦᠨᠵᠡᠭᠡᠢᠷᠡᠬᠦᠯᠬᠦ ᠲᠠᠯ᠎ᠠ᠎ᠪᠠᠷ᠂ VR/ARᠮᠡᠷᠭᠡᠵᠢᠯ᠎ᠢ ᠠᠰᠢᠭ᠍ᠯᠠᠵᠤ ᠪᠦᠬᠦ ᠲᠠᠯ᠎ᠠ᠎ᠪᠠᠷ ᠲᠤᠷᠰᠢᠬᠤ ᠮᠠᠶᠢᠭ᠋᠎ᠤᠨ ᠪᠡᠶᠡᠴᠢᠯᠡᠨ ᠣᠶ᠋ᠢᠯᠠᠭᠠᠬᠤ ᠪᠦᠲᠦᠭᠡᠭᠳᠡᠬᠦᠨ᠎ᠢ ᠨᠡᠭᠡᠭᠡᠨ ᠬᠦᠭᠵᠢᠬᠦᠯᠵᠦ᠂ ᠵᠢᠭᠤᠯᠴᠢᠯᠠᠭ᠍ᠰᠠᠳ VR ᠮᠡᠷᠭᠡᠵᠢᠯ᠎ᠢ ᠠᠰᠢᠭ᠍ᠯᠠᠨ ᠬᠣᠷᠴᠢᠨ᠎ᠤ ᠲᠠᠯ᠎ᠠ ᠨᠤᠲᠤᠭ᠎ᠲᠦ ᠬᠦᠷᠴᠦ᠂ ᠨᠠᠭᠠᠳᠤᠮ᠎ᠤᠨ ᠦᠪᠡᠳᠡᠭᠰᠢ ᠪᠠᠶ᠋ᠢᠳᠠᠯ᠎ᠢ ᠪᠡᠶᠡᠴᠢᠯᠡᠨ ᠣᠶ᠋ᠢᠯᠠᠭᠠᠬᠤ ᠪᠤᠶᠤ AR ᠵᠢᠭᠤᠯᠴᠢᠯᠠᠯ᠎ᠤᠨ ᠦᠵᠡᠭᠦᠯᠭᠡ᠎ᠡᠴᠡ ᠥᠯᠢᠭᠡᠷ᠎ᠦᠨ ᠠᠬᠤᠶ ᠪᠠᠶ᠋ᠢᠳᠠᠯ᠎ᠢ ᠪᠣᠳᠠᠲᠤ ᠦᠵᠡᠮᠵᠢᠳᠦ ᠰᠢᠩᠭᠡᠭᠡᠵᠦ᠂ ᠵᠢᠭᠤᠯᠴᠢᠯᠠᠯ᠎ᠤᠨ ᠪᠡᠶᠡᠴᠢ ᠣᠶ᠋ᠢᠯᠠᠭᠠᠯᠲᠠ᠎ᠶᠢᠨ ᠰᠣᠶᠣᠯ᠎ᠤᠨ ᠭᠦᠨᠴᠡ᠎ᠶᠢ ᠶᠡᠬᠡᠪᠡᠷ ᠳᠡᠭᠡᠭᠰᠢᠯᠡᠭᠦᠯᠦᠨ᠎ᠡ᠃ ᠡᠯᠧᠺᠲᠷᠣᠨ ᠬᠤᠳᠠᠯᠳᠤᠭ᠎ᠠ ᠵᠢᠨ ᠲᠠᠪᠴᠠᠩ᠎ᠢ ᠠᠰᠢᠭ᠍ᠯᠠᠵᠤ᠂ ᠪᠣᠳᠠᠰ᠎ᠤᠨ ᠪᠤᠰᠤ ᠰᠣᠶᠣᠯ᠎ᠤᠨ ᠦᠪ᠎ᠤᠨ ᠪᠦᠲᠦᠭᠡᠭᠳᠡᠬᠦᠨ᠎ᠦ ᠰᠦᠯᠵᠢᠶᠡᠨ ᠳᠡᠭᠡᠷᠡᠬᠢ ᠪᠣᠷᠣᠯᠠᠭᠤᠯᠭ᠎ᠠ᠎ᠶᠢᠨ ᠵᠠᠮ᠎ᠢ ᠨᠡᠭᠡᠭᠡᠵᠤ᠂ ᠴᠠᠭ ᠡᠷᠢᠨ᠎ᠤ ᠭᠤᠸ᠎ᠠ ᠲᠠᠭᠠᠰᠢᠶᠠᠯ᠎ᠳᠤ ᠨᠡᠢᠴᠡᠭᠰᠡᠨ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠰᠦᠯᠵᠢᠶᠡᠨ ᠭᠠᠳᠠᠨᠠᠬᠢ ᠵᠢᠭᠤᠯᠴᠢᠯᠠᠯ᠎ᠤᠨ ᠪᠡᠶᠡᠴᠢ ᠣᠶ᠋ᠢᠯᠠᠭᠠᠯᠲᠠ᠎ᠶᠢ ᠰᠦᠯᠵᠢᠶᠡᠨ ᠳᠡᠭᠡᠷᠡᠬᠢ ᠬᠡᠷᠡᠭᠯᠡᠭᠡ ᠪᠤᠯᠭᠠᠨ ᠬᠤᠪᠢᠷᠠᠭᠤᠯᠵᠤ᠂ ᠵᠢᠭᠤᠯᠴᠢᠯᠠᠯ᠎ᠤᠨ ᠦᠢᠯᠡᠰ᠎ᠦᠨ ᠠᠵᠤ ᠠᠬᠤᠶ᠎ᠶᠢᠨ ᠦᠷ᠎ᠡ ᠠᠰᠢᠭ᠋᠎ᠢ ᠨᠡᠮᠡᠭᠳᠡᠭᠦᠯᠦᠨ᠎ᠡ᠃
(ᠲᠠᠪᠤ) ᠣᠯᠠᠨ ᠡᠰᠢᠲᠦ ᠬᠠᠮᠵᠢᠯᠴᠠᠭ᠎ᠠ᠎ᠪᠠᠷ ᠪᠠᠳᠤᠯᠠᠭ᠎ᠠ ᠪᠤᠯᠭᠠᠵᠤ ᠬᠤᠷᠴᠢᠨ ᠨᠤᠳᠤᠭ᠎ᠤᠨ ᠰᠤᠶᠤᠯ ᠵᠢᠭᠤᠯᠴᠢᠯᠠᠯ᠎ᠤᠨ ᠦᠢᠯᠡᠰ᠎ᠤᠨ ᠬᠦᠭᠵᠢᠯᠳᠡ᠎ᠶᠢ ᠠᠬᠢᠭᠤᠯᠤᠨ᠎ᠠ
ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠭᠤᠯᠴᠢᠯᠠᠯ᠎ᠢ ᠠᠮᠢᠳᠤᠯᠢᠭ᠍ᠵᠢᠭᠤᠯᠬᠤ ᠪᠣᠯ ᠨᠢᠭᠡ ᠵᠦᠢᠯ᠎ᠦᠨ ᠰᠢᠰᠲᠧᠮᠲᠦ ᠢᠨᠵᠧᠨᠧᠷᠢᠩ ᠪᠣᠯᠬᠣᠷ ᠵᠠᠰᠠᠭ᠎ᠤᠨ ᠣᠷᠳᠣᠨ᠂ ᠰᠤᠳᠤᠯᠤᠭᠠᠴᠢᠳ᠂ ᠠᠵᠤ ᠠᠬᠤᠢᠯᠠᠯ᠂ ᠨᠡᠶ᠋ᠢᠭᠡᠮ ᠲᠣᠭᠣᠷᠢᠭ᠋᠎ᠤᠨ ᠬᠢᠨ ᠣᠯᠠᠨ ᠲᠠᠯ᠎ᠠ᠎ᠪᠠᠷ ᠬᠠᠮᠵᠢᠯᠴᠠᠨ ᠠᠬᠢᠭᠤᠯᠬᠤ ᠬᠡᠷᠡᠭᠲᠡᠶ᠃ ᠵᠠᠰᠠᠭ᠎ᠤᠨ ᠣᠷᠳᠣᠨ᠎ᠤ ᠲᠠᠰ ᠳᠠᠪᠬᠤᠷᠭ᠎ᠠ᠎ᠳᠤ᠂ ᠪᠣᠳᠠᠰ᠎ᠤᠨ ᠪᠤᠰᠤ ᠰᠣᠶᠣᠯ᠎ᠤᠨ ᠵᠢᠭᠤᠯᠴᠢᠯᠠᠯ᠎ᠤᠨ ᠬᠥᠭᠵᠢᠯᠲᠡ᠎ᠶᠢ ᠣᠷᠣᠨ ᠨᠤᠲᠤᠭ᠎ᠤᠨ ᠰᠣᠶᠣᠯ ᠵᠢᠭᠤᠯᠴᠢᠯᠠᠯ᠎ᠤᠨ ᠲᠥᠯᠥᠪᠵᠢᠭᠦᠯᠭᠡ᠎ᠳᠦ ᠣᠷᠣᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠭᠤᠯᠴᠢᠯᠠᠯ᠎ᠤᠨ ᠲᠤᠰᠬᠠᠶ ᠲᠡᠳᠬᠦᠮᠵᠢ᠎ᠶᠢᠨ ᠰᠠᠭᠤᠷᠢ ᠮᠥᠩᠭᠥ᠎ᠶᠢ ᠪᠠᠶ᠋ᠢᠭᠤᠯᠵᠤ᠂ ᠤᠯᠠᠮᠵᠢᠯᠠᠨ ᠵᠠᠯᠭᠠᠮᠵᠢᠯᠠᠭ᠍ᠴᠢ᠎ᠶᠢᠨ ᠵᠢᠭᠤᠯᠴᠢᠯᠠᠯ᠎ᠤᠨ ᠨᠡᠭᠡᠭᠡᠨ ᠬᠥᠭᠵᠢᠭᠦᠯᠦᠯᠲᠡ᠎ᠳᠦ ᠣᠷᠣᠯᠴᠠᠬᠤ᠎ᠳᠤ ᠲᠥᠷᠥ᠎ᠶᠢᠨ ᠪᠣᠳᠣᠯᠭ᠎ᠠ᠎ᠶᠢᠨ ᠤᠷᠮᠠᠰᠢᠭᠤᠯᠤᠯ ᠣᠯᠭᠣᠵᠤ᠂ ᠪᠣᠳᠠᠰ᠎ᠤᠨ ᠪᠤᠰᠤ ᠰᠣᠶᠣᠯ ᠵᠢᠭᠤᠯᠴᠢᠯᠠᠯ᠎ᠤᠨ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ ᠰᠣᠶᠣᠯ᠎ᠤᠨ ᠦᠨᠳᠦᠰᠦ ᠰᠤᠳᠠᠰᠤ᠎ᠶᠢ ᠬᠡᠲᠦ ᠬᠤᠳᠠᠯᠳᠤᠭᠠᠴᠢᠯᠠᠬᠤ᠎ᠠᠴᠠ ᠰᠡᠷᠭᠡᠶ᠋ᠢᠯᠡᠨ᠎ᠡ᠃ ᠡᠷᠳᠡᠮ ᠰᠢᠨᠵᠢᠯᠡᠭᠡᠨ᠎ᠦ ᠲᠠᠯ᠎ᠠ᠎ᠪᠠᠷ ᠬᠢ ᠰᠤᠳᠤᠯᠤᠭᠠᠴᠢᠳ᠂ ᠶᠡᠬᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠶ᠋ᠢᠭᠤᠯᠤᠮᠵᠢ ᠪᠣᠳᠠᠰ᠎ᠤᠨ ᠪᠤᠰᠤ ᠰᠣᠶᠣᠯ᠎ᠤᠨ ᠦᠪ᠎ᠤᠨ ᠵᠢᠭᠤᠯᠴᠢᠯᠠᠯ᠎ᠤᠨ ᠲᠤᠬᠠᠢ ᠭᠦᠨᠵᠡᠭᠡᠶ ᠪᠠᠶ᠋ᠢᠴᠠᠭᠠᠨ ᠰᠤᠳᠤᠯᠤᠯᠲᠠ ᠬᠢᠵᠦ᠂ ᠬᠣᠷᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠭᠤᠯᠴᠢᠯᠠᠯ᠎ᠤᠨ ᠡᠬᠢ ᠪᠠᠶᠠᠯᠢᠭ᠋᠎ᠤᠨ ᠲᠣᠭᠠᠴᠢᠯᠠᠭᠰᠠᠨ ᠳ᠋ᠠᠶ᠋ᠢᠲ᠋ᠠ ᠬᠥᠮᠥᠷᠭᠡ᠎ᠶᠢ ᠪᠠᠶ᠋ᠢᠭᠤᠯᠵᠤ᠂ ᠲᠥᠷᠥ᠎ᠶᠢᠨ ᠪᠣᠳᠣᠯᠭ᠎ᠠ᠎ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠮᠡᠳᠡᠯᠭᠡ᠎ᠶᠢᠨ ᠲᠤᠯᠭᠠᠭᠤᠷᠢᠯᠠᠯ ᠬᠠᠩᠭᠠᠬᠤ᠎ᠶᠢᠨ ᠬᠠᠮᠲᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠤᠳᠤᠯᠭᠠᠨ᠎ᠤ ᠡᠬᠢ ᠪᠠᠶᠠᠯᠢᠭ᠋᠎ᠢ ᠶᠡᠬᠡ ᠳᠡᠭᠡᠳᠦ ᠰᠤᠷᠭᠠᠭᠤᠯᠢ᠎ᠶᠢᠨ ᠵᠢᠭᠠᠨ ᠰᠤᠷᠭᠠᠯᠲᠠ᠎ᠶᠢᠨ ᠦᠢᠯᠡᠳᠦᠯᠭᠡ᠎ᠶᠢᠨ ᠰᠢᠰᠲᠸᠮᠳᠦ ᠣᠷᠣᠭᠤᠯᠤᠨ᠂ ᠦᠢᠯᠡᠳᠪᠦᠷᠢᠯᠡᠬᠦ ᠵᠢᠭᠠᠨ ᠰᠤᠳᠤᠯᠬᠤ ᠬᠠᠮᠵᠢᠯᠴᠠᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠲᠤᠭᠳᠠᠮᠵᠢ᠎ᠶᠢ ᠪᠠᠶ᠋ᠢᠭᠤᠯᠤᠨ᠎ᠠ᠃ ᠠᠵᠤ ᠠᠬᠤᠢᠯᠠᠯ᠎ᠤᠨ ᠬᠢᠨ ᠨᠡᠶ᠋ᠢᠭᠡᠮ᠎ᠦᠨ ᠬᠦᠷᠦᠩᠬᠡ᠎ᠶᠢ ᠬᠦᠳᠦᠯᠦᠨ ᠵᠢᠯᠣᠭᠣᠳᠴᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠭᠤᠯᠴᠢᠯᠠᠯ᠎ᠢ ᠨᠡᠭᠡᠭᠡᠨ ᠬᠥᠭᠵᠢᠭᠦᠯᠬᠦ᠎ᠳᠦ ᠣᠷᠣᠯᠴᠠᠵᠤ᠂ ᠤᠷᠳᠤ ᠬᠤᠭᠤᠴᠠᠭᠠᠨ᠎ᠤ ᠪᠦᠲᠦᠮᠵᠢᠲᠡᠢ ᠡᠵᠡᠩᠨᠡᠯᠲᠡ᠎ᠪᠡᠷ ᠣᠬᠣᠷ ᠬᠤᠭᠤᠴᠠᠭᠠᠨ᠎ᠤ ᠠᠰᠢᠭ᠋ ᠬᠥᠭᠡᠭᠡᠴᠡᠯᠳᠦᠬᠦ᠎ᠶᠢ ᠣᠷᠣᠯᠠᠭᠤᠯᠵᠤ᠂ ᠬᠤᠳᠠᠯᠳᠤᠭᠠᠨ᠎ᠤ ᠦᠷᠳᠡᠭ ᠪᠣᠯᠤᠨ ᠰᠣᠶᠣᠯ᠎ᠤᠨ ᠦᠷᠳᠡᠭ᠎ᠦᠨ ᠣᠷᠭᠠᠨᠢᠭ᠋ ᠨᠢᠭᠡᠳᠦᠯ᠎ᠢ ᠪᠡᠶᠡᠯᠡᠭᠦᠯᠦᠨ᠎ᠡ᠃ ᠨᠡᠶ᠋ᠢᠭᠡᠮ ᠲᠣᠭᠣᠷᠢᠭ᠋᠎ᠤᠨ ᠬᠢᠨ ᠰᠠᠭᠤᠭᠠᠯᠢ ᠠᠷᠠᠳ᠎ᠤᠨ ᠰᠣᠶᠣᠯ᠎ᠤᠨ ᠤᠬᠠᠮᠰᠠᠷ ᠪᠣᠯᠤᠨ ᠢᠲᠡᠭᠡᠯ᠎ᠢ ᠬᠥᠮᠦᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢ《ᠭᠠᠳᠠᠭᠠᠳᠤ ᠬᠦᠴᠦᠨ᠎ᠢᠶᠡᠷ ᠬᠥᠳᠡᠯᠭᠡᠭᠦᠷ ᠪᠣᠯᠭᠠᠵᠤ》ᠪᠠᠶ᠋ᠢᠭ᠍ᠰᠠᠨᠠᠴᠠ《ᠳᠣᠲᠣᠭᠠᠳᠤ ᠤᠬᠠᠮᠰᠠᠷ》 ᠲᠡᠶ᠋ᠢᠰᠢ ᠬᠤᠪᠢᠷᠠᠭᠤᠯᠵᠤ᠂ ᠨᠡᠶ᠋ᠢᠭᠡᠮ ᠲᠣᠭᠣᠷᠢᠭ᠋᠎ᠢ ᠪᠣᠳᠠᠰ᠎ᠤᠨ ᠪᠤᠰᠤ ᠰᠣᠶᠣᠯ᠎ᠤᠨ ᠥᠪ᠎ᠢ ᠠᠮᠢᠵᠢᠷᠠᠭᠤᠯᠬᠤ ᠬᠠᠮᠤᠭ᠎ᠤᠨ ᠪᠠᠲᠤ ᠰᠠᠭᠤᠷᠢ ᠪᠤᠯᠭᠠᠨ᠎ᠠ᠃
ᠬᠣᠷᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠭᠤᠯᠴᠢᠯᠠᠯ ᠨᠢ ᠰᠣᠶᠣᠯ᠎ᠤᠨ ᠥᠪ᠎ᠢ ᠭᠠᠭᠴᠠ ᠵᠢᠭᠤᠯᠴᠢᠯᠠᠯ᠎ᠤᠨ ᠲᠠᠸᠠᠷ ᠪᠣᠯᠭᠠᠨ ᠬᠤᠪᠢᠷᠠᠭᠤᠯᠤᠭᠰᠠᠨ ᠪᠢᠰᠢ᠂ ᠬᠠᠷᠢᠨ ᠰᠣᠶᠣᠯ᠎ᠤᠨ ᠬᠠᠮᠠᠭᠠᠯᠠᠯᠲᠠ ᠪᠠ ᠵᠢᠭᠤᠯᠴᠢᠯᠠᠯ᠎ᠤᠨ ᠬᠥᠭᠵᠢᠯᠲᠡ᠎ᠶᠢ ᠤᠷᠭᠠᠨᠢᠭ᠋ᠢᠶᠠᠷ ᠤᠶᠠᠯᠳᠣᠭᠤᠯᠵᠤ ᠬᠦᠭᠵᠢᠬᠦᠯᠬᠦ ᠦᠢᠯᠡᠳᠦᠯᠭᠡ᠎ᠶᠢ ᠡᠷᠢᠯᠬᠢᠯᠡᠭᠰᠡᠨ ᠶᠠᠪᠤᠳᠠᠯ ᠶᠤᠮ᠃ ᠠᠮᠢᠳᠤᠯᠢᠭ᠋ ᠤᠯᠠᠮᠵᠢᠯᠠᠯ᠎ᠢᠶᠠᠷ ᠦᠨᠳᠦᠰᠦ ᠪᠣᠯᠭᠠᠵᠤ᠂ ᠰᠢᠨ᠎ᠠ ᠦᠢᠯᠡᠳᠬᠦᠨ᠎ᠢ ᠡᠭᠦᠳᠬᠦ᠎ᠪᠡᠷ ᠬᠥᠳᠡᠯᠭᠡᠭᠴᠢ ᠬᠦᠴᠦᠨ ᠪᠣᠯᠭᠠᠵᠤ᠂ ᠲᠣᠭᠠᠴᠢᠯᠠᠭᠰᠠᠨ ᠮᠡᠷᠭᠡᠵᠢᠯ᠎ᠢᠶᠡᠷ ᠠᠷᠭ᠎ᠠ ᠪᠠᠷᠢᠯ ᠪᠣᠯᠭᠠᠬᠤ᠎ᠶᠢ ᠪᠠᠷᠢᠮᠲᠠᠯᠠᠵᠤ᠂ ᠨᠡᠶ᠋ᠢᠭᠡᠮ ᠲᠣᠭᠣᠷᠢᠭ᠋ᠬᠠᠮᠲᠤᠷᠠᠯᠴᠠᠨ᠂ ᠬᠣᠷᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠭᠤᠯᠴᠢᠯᠠᠯ᠎ᠤᠨ ᠲᠠᠯᠠᠪᠠᠶ᠎ᠳᠡᠬᠢ ᠰᠢᠨ᠎ᠡ ᠠᠮᠢᠵᠢᠷᠠᠯ᠎ᠤᠨ ᠬᠦᠴᠦᠨ᠎ᠢ ᠪᠦᠷᠢᠮᠦᠰᠦᠨ ᠪᠠᠳᠠᠷᠠᠭᠤᠯᠵᠤ ᠴᠢᠳᠠᠪᠠᠯ ᠬᠤᠷᠴᠢᠨ ᠨᠤᠳᠤᠭ᠎ᠤᠨ ᠰᠣᠶᠣᠯ ᠵᠢᠭᠤᠯᠴᠢᠯᠠᠯ᠎ᠤᠨ ᠦᠢᠯᠡᠰ ᠰᠠᠶᠢ ᠬᠦᠭᠵᠢᠨ ᠪᠠᠳᠠᠷᠠᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠬᠦᠭᠵᠢᠵᠦ᠂ ᠬᠠᠷᠢᠯᠴᠠᠨ ᠠᠭᠤᠰᠤᠯᠴᠠᠭᠰᠠᠨ ᠦᠯᠢᠬᠡᠷ ᠵᠢᠱ᠌ᠢᠶ᠎ᠡ᠎ᠶᠢ ᠤᠯᠠᠨ᠎ᠳᠤ ᠮᠡᠳᠡᠷᠡᠬᠦᠯᠵᠦ᠂ ᠳᠤᠮᠳᠠᠳᠤ᠎ᠶᠢᠨ ᠪᠣᠯᠪᠠᠰᠤᠨ᠎ᠤ ᠤᠯᠠᠨ ᠡᠰᠢᠲᠦ ᠨᠢᠭᠡᠨ ᠴᠤᠭᠴᠠ᠎ᠶᠢᠨ ᠬᠦᠨ ᠵᠤᠵᠠᠭᠠᠨ ᠠᠭᠤᠯᠤᠭᠳᠠᠬᠤᠨ᠎ᠢ ᠢᠯᠡᠷᠡᠬᠦᠯᠵᠦ ᠴᠢᠳᠠᠨ᠎ᠠ᠃
(ᠵᠤᠬᠢᠶᠠᠬᠴᠢ᠄ ᠦᠪᠦᠷ ᠮᠤᠩᠭᠤᠯ᠎ᠤᠨ ᠦᠨᠳᠦᠰᠦᠲᠡᠨ᠎ᠦ ᠶᠠᠬᠡ ᠰᠤᠷᠭᠠᠭᠤᠯᠢ᠎ᠶ᠋ᠢᠨ ᠤᠳᠬ᠎ᠠ ᠵᠤᠬᠢᠶᠠᠯ ᠪᠠ ᠰᠤᠨᠢᠨ ᠮᠡᠳᠡᠭᠡᠯᠡᠯ᠎ᠦᠨ ᠲᠡᠭᠡᠳᠦ ᠰᠤᠷᠭᠠᠭᠤᠯᠢ ᠶᠢᠨ ᠳᠡᠳ᠋ ᠫᠷᠤᠹᠸᠰᠰᠤᠷ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃